ᠦᠪᠡᠷᠳᠡᠬᠡᠨ ᠵᠠᠰᠠᠬᠤ ᠤᠷᠤᠨ ᠤ ᠲᠤᠰ ᠱᠠᠳᠤᠨ ᠤ ᠲᠤᠨᠨᠳ᠋ᠬᠠᠰᠠᠨ ᠴᠡᠭ ᠤᠨ ᠡᠮᠴᠢᠯᠡᠬᠡᠨ ᠤ ᠪᠠᠶᠢᠭᠤᠯᠤᠮᠵᠢ ᠶᠢᠨ 2023 ᠤᠨ ᠤ ᠰᠢᠯᠭᠠᠨ ᠬᠢᠨ᠋ᠬᠠᠰᠠᠨ ᠪᠠᠶᠢᠳᠠᠯ ᠤᠨ ᠲᠤᠬᠠᠢ ᠮᠡᠳᠡᠬᠡᠯᠡᠯ
ᠨᠡᠶᠢᠲᠡᠯᠡᠭᠰᠡᠨ ᠴᠠᠭ᠄
2024/10/30
ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠯ᠎ᠡ ᠲᠣᠭᠲᠠᠭᠰᠠᠨ ᠴᠡᠭ ᠤᠨ ᠡᠮᠴᠢᠯᠡᠭᠡᠨ ᠤ        ᠪᠠᠶᠢᠭᠤᠯᠤᠮᠵᠢ ᠳᠤ᠄  ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠭᠲᠠᠭᠰᠠᠨ ᠴᠡᠭ ᠤᠨ ᠬᠠᠮᠢᠶᠠᠷᠤᠯᠲᠠ ᠶᠢ ᠴᠢᠩᠭᠠᠳᠬᠠᠨ ᠵᠢᠷᠤᠮᠵᠢᠭᠤᠯᠬᠤ ᠶᠢᠨ ᠲᠤᠰᠠᠳᠠ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠡᠮᠴᠢᠯᠡᠭᠡᠨ ᠤ ᠪᠠᠲᠤᠯᠠᠭ᠎ᠠ ᠶᠢᠨ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠶᠢᠨ ᠦᠢᠯᠡᠴᠢᠯᠡᠭᠡᠨ ᠤ ᠬᠡᠯᠡᠯᠴᠡᠭᠡᠷ︾ ︵ᠳᠣᠷᠣᠭᠰᠢ ︽ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠬᠡᠯᠡᠯᠴᠡᠭᠡᠷ︾ ᠭᠡᠵᠦ ᠲᠣᠪᠴᠢᠯᠠᠨ᠎ᠠ︶ ᠪᠠ ︽2023 ᠣᠨ ᠤ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠶᠢᠨ ᠬᠡᠯᠡᠯᠴᠡᠭᠡᠷ ᠢ ᠭᠦᠢᠴᠡᠳᠬᠡᠭᠰᠡᠨ ᠪᠠᠶᠢᠳᠠᠯ ᠢ ᠰᠢᠯᠭᠠᠨ ᠬᠢᠨᠠᠬᠤ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠦᠨᠳᠦᠰᠦᠯᠡᠨ ᠂ ᠮᠠᠨ ᠤ ᠲᠥᠪ  ᠥᠪᠡᠷᠲᠡᠭᠡᠨ ᠪᠠᠶᠢᠴᠠᠭᠠᠬᠤ ᠂ ᠲᠣᠤᠷᠵᠢᠭᠤᠯᠤᠨ ᠬᠠᠷᠢᠯᠴᠠᠨ ᠪᠠᠶᠢᠴᠠᠭᠠᠬᠤ ᠂ ᠰᠤᠭᠤᠴᠢᠨ ᠪᠠᠶᠢᠴᠠᠭᠠᠬᠤ ᠂ ᠭᠤᠷᠪᠠᠳᠠᠬᠢ ᠡᠲᠡᠭᠡᠳ ᠠᠴᠠ ᠪᠠᠶᠢᠴᠠᠭᠠᠬᠤ ᠂ DIP ᠬᠤᠪᠢ ᠶᠢᠨ ᠥᠷᠲᠡᠭ ᠤᠨ ᠰᠢᠰᠲ᠋ᠧᠮ ᠤᠨ ᠰᠢᠯᠭᠠᠨ ᠬᠢᠨᠠᠬᠤ ᠵᠢᠴᠢ ᠡᠳᠦᠷ ᠲᠤᠲᠤᠮ ᠤᠨ ᠪᠠᠶᠢᠴᠠᠭᠠᠯᠲᠠ ᠲᠠᠢ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ 1026 ᠡᠮᠴᠢᠯᠡᠭᠡᠨ ᠤ ᠪᠠᠶᠢᠭᠤᠯᠤᠮᠵᠢ ᠶᠢᠨ 2023 ᠣᠨ ᠤ ᠬᠡᠯᠡᠯᠴᠡᠭᠡᠷ ᠢᠶᠠᠨ ᠭᠦᠢᠴᠡᠳᠬᠡᠭᠰᠡᠨ ᠪᠠ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠳᠤ ᠶᠡᠷᠦᠩᠬᠡᠶᠢᠯᠡᠭᠰᠡᠨ ᠰᠢᠯᠭᠠᠨ ᠬᠢᠨᠠᠯᠲᠠ ᠬᠢᠪᠠ ᠃ ᠡᠳᠦᠭᠡ ᠬᠤᠯᠪᠣᠭᠳᠠᠯ ᠪᠦᠬᠦᠢ ᠪᠠᠶᠢᠳᠠᠯ ᠢ ᠳᠣᠣᠷᠠᠬᠢ ᠮᠡᠲᠦ ᠮᠡᠳᠡᠭᠳᠡᠶ᠎ᠡ᠄  ᠨᠢᠭᠡ ᠂ ᠰᠢᠯᠭᠠᠨ ᠬᠢᠨᠠᠭᠰᠠᠨ ᠪᠠᠶᠢᠳᠠᠯ  ᠡᠪᠡᠳᠴᠢᠨ ᠤ ᠥᠩᠭᠡᠷᠡᠯᠲᠡ ᠂ ᠵᠠᠷᠤᠳᠠᠯ ᠤᠨ ᠨᠠᠷᠢᠨ ᠳᠠᠩᠰᠠ ᠂ ᠳ᠋ᠦᠩᠨᠡᠨ ᠪᠤᠳᠤᠬᠤ ᠫᠢᠶᠣᠣ ᠪᠠᠷᠢᠮᠲᠠ ᠂ ᠳᠠᠭᠠᠳᠬᠠᠯ ᠳᠤ ᠣᠷᠣᠯᠴᠠᠭᠰᠠᠳ ᠤᠨ ᠣᠯᠭᠤᠮᠵᠢ ᠶᠢ ᠪᠦᠷᠢᠳᠬᠡᠨ ᠳᠠᠩᠰᠠᠯᠠᠬᠤ ᠲᠠᠩᠰᠠ ᠡᠪᠬᠡᠮᠡᠯ ᠂ ᠳᠣᠲᠣᠭᠠᠳᠤ ᠶᠢᠨ ᠲᠦᠷᠢᠮ ᠲᠣᠭᠲᠠᠭᠠᠯ ᠢ ᠪᠠᠶᠢᠴᠠᠭᠠᠨ ᠦᠵᠡᠬᠦ ᠂ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠳᠠᠭᠠᠳᠬᠠᠯ ᠤᠨ ᠰᠢᠰᠲ᠋ᠧᠮ ᠂ ᠡᠳ᠋ ᠤᠨ ᠶᠠᠪᠤᠳᠠᠯ ᠤᠨ ᠬᠥᠮᠥᠷᠭᠡ ᠠᠴᠠ ᠣᠷᠣᠭᠤᠯᠵᠤ ᠭᠠᠷᠭᠠᠬᠤ ᠪᠠ ᠬᠤᠷᠣᠭᠳᠠᠯ ᠮᠠᠲ᠋ᠧᠷᠢᠶᠠᠯ ᠪᠣᠷᠤᠯᠠᠭᠤᠯᠤᠭᠰᠠᠨ ᠲᠤᠭ᠎ᠠ ᠪᠠᠷᠢᠮᠲᠠ ᠵᠢᠴᠢ DIP ᠰᠢᠰᠲ᠋ᠧᠮ ᠤᠨ ᠲᠤᠭ᠎ᠠ ᠪᠠᠷᠢᠮᠲᠠ ᠵᠡᠷᠭᠡ ᠶᠢ ᠪᠠᠶᠢᠴᠠᠭᠠᠨ ᠦᠵᠡᠬᠦ ᠪᠠᠷ ᠳᠠᠮᠵᠢᠭᠤᠯᠤᠨ ᠂ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠶᠢᠨ ᠵᠦᠶ ᠵᠣᠬᠢᠰ ᠥᠬᠡᠶ ᠣᠨᠣᠰᠢᠯᠠᠨ ᠡᠮᠨᠡᠬᠦ ᠂ ᠵᠦᠶ ᠵᠣᠬᠢᠰ ᠥᠬᠡᠶ ᠰᠦᠢᠳᠭᠡᠯ ᠬᠤᠷᠢᠶᠠᠬᠤ ᠂ ᠡᠮ ᠤᠨ ᠵᠦᠢᠯ ᠢ ᠰᠣᠯᠪᠢᠴᠠᠭᠤᠯᠬᠤ ᠂ ᠬᠤᠷᠣᠭᠳᠠᠯ ᠮᠠᠲ᠋ᠧᠷᠢᠶᠠᠯ ᠵᠢᠴᠢ ᠣᠨᠣᠰᠢᠯᠠᠨ ᠡᠮᠨᠡᠬᠦ ᠲᠥᠷᠥᠯ ᠵᠦᠢᠯ ᠂ ᠡᠮᠴᠢᠯᠡᠭᠡᠨ ᠤ ᠦᠢᠯᠡ ᠠᠵᠢᠯᠯᠠᠭ᠎ᠠ ᠶᠢᠨ ᠬᠡᠪ ᠤᠨ ᠪᠤᠰᠤ ᠭᠦᠢᠴᠡᠳᠭᠡᠯ ᠲᠤᠭ᠎ᠠ ᠵᠡᠷᠭᠡ ᠲᠠᠯ᠎ᠠ ᠪᠠᠷ ᠶᠡᠷᠦᠩᠬᠡᠶᠢᠯᠡᠨ ᠰᠢᠯᠭᠠᠨ ᠬᠢᠨᠠᠪᠠ ᠃  ︵ᠨᠢᠭᠡ︶ ᠶᠡᠷᠦᠩᠬᠡᠢ ᠪᠠᠶᠢᠳᠠᠯ  1. ᠡᠮᠨᠡᠯᠭᠡ ᠳᠤ ᠰᠠᠭᠤᠬᠤ ᠬᠠᠮᠢᠶᠠᠷᠤᠯᠲᠠ ᠶᠢᠨ ᠲᠠᠯ᠎ᠠ ᠪᠠᠷ ᠂ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠨᠢ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ ᠂ ︽ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠬᠡᠯᠡᠯᠴᠡᠭᠡᠷ︾ ᠢ ᠦᠨᠡᠨ ᠬᠦ ᠭᠦᠢᠴᠡᠳᠬᠡᠵᠦ ᠂ ᠡᠯ᠎ᠡ ᠵᠦᠢᠯ ᠤᠨ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠤᠨ ᠂ ᠳᠠᠭᠠᠳᠬᠠᠯ ᠳᠤ ᠣᠷᠣᠯᠴᠠᠭᠰᠠᠳ ᠲᠤ ᠴᠢᠨᠠᠷ ᠰᠠᠶᠢᠲᠠᠶ ᠂ ᠳᠥᠭᠦᠮ ᠳᠥᠲᠡ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡ ᠬᠠᠩᠭᠠᠪᠠ ᠃ ᠨᠢᠭᠡ ᠳᠤ ᠂ ᠳᠣᠲᠣᠭᠠᠳᠤ ᠶᠢᠨ ᠬᠠᠮᠢᠶᠠᠷᠤᠯᠲᠠ ᠶᠢᠨ ᠲᠦᠷᠢᠮ ᠢ ᠲᠠᠰᠤᠷᠠᠯᠲᠠ ᠥᠬᠡᠶ ᠲᠡᠭᠦᠯᠳᠡᠷᠵᠢᠭᠦᠯᠵᠦ ᠂ ᠵᠣᠬᠢᠶᠠᠨ ᠪᠠᠶᠢᠭᠤᠯᠤᠯᠲᠠ ᠶᠢᠨ ᠪᠦᠲᠦᠴᠡ ᠶᠢ ᠲᠡᠭᠦᠯᠳᠡᠷᠵᠢᠭᠦᠯᠦᠨ ᠂ ᠡᠭᠦᠷᠭᠡ ᠬᠠᠷᠢᠭᠤᠴᠠᠯᠭ᠎ᠠ ᠶᠢ ᠲᠤᠳᠤᠷᠬᠠᠶᠢᠯᠠᠪᠠ ᠃ ᠬᠤᠶᠠᠷ ᠲᠤ ᠂ ᠡᠪᠡᠳᠴᠢᠨ ᠳᠤ ᠲᠣᠬᠢᠷᠠᠭᠤᠯᠤᠨ ᠵᠠᠰᠠᠯᠭ᠎ᠠ ᠬᠢᠬᠦ ᠵᠠᠷᠴᠢᠮ ᠢ ᠲᠤᠭᠤᠰᠢᠯᠠᠭᠤᠯᠵᠤ ᠂ ᠵᠦᠢ ᠵᠣᠬᠢᠰᠲᠠᠶ ᠪᠠᠶᠢᠴᠠᠭᠠᠵᠤ ᠂ ᠵᠦᠢ ᠵᠣᠬᠢᠰᠲᠠᠶ ᠡᠮᠨᠡᠨ ᠵᠠᠰᠠᠵᠤ ᠂ ᠵᠦᠢ ᠵᠣᠬᠢᠰᠲᠠᠶ ᠡᠮ ᠬᠡᠷᠡᠭᠯᠡᠨ ᠂ ᠣᠨᠣᠰᠢᠯᠠᠨ ᠡᠮᠨᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠪᠠ ᠃ ᠭᠤᠷᠪᠠ ᠳᠤ ᠂ ᠡᠮᠨᠡᠯᠭᠡ ᠶᠢᠨ ᠠᠵᠢᠯᠲᠠᠳ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠲᠣᠳᠣᠷᠬᠠᠶ ᠡᠵᠡᠮᠰᠢᠬᠦ ᠶᠢᠨ ᠬᠠᠮᠲᠤ ᠳᠠᠭᠠᠳᠬᠠᠯ ᠳᠤ ᠣᠷᠣᠯᠴᠠᠭᠰᠠᠳ ᠲᠤ ᠡᠮᠴᠢᠯᠡᠭᠡᠨ ᠤ ᠳᠠᠭᠠᠳᠬᠠᠯ ᠤᠨ ᠲᠦᠷᠦ ᠶᠢᠨ ᠪᠤᠳᠤᠯᠭ᠎ᠠ ᠶᠢ ᠤᠬᠠᠭᠤᠯᠪᠠ ᠃  2. DIP ᠶᠢᠨ ᠬᠠᠮᠢᠶᠠᠷᠤᠯᠲᠠ ᠶᠢᠨ ᠲᠠᠯ᠎ᠠ ᠪᠠᠷ ᠂ ᠥᠭᠡᠷᠡᠴᠢᠯᠡᠯᠲᠡ ᠶᠢᠨ ᠬᠠᠨᠳᠤᠰᠢ ᠳᠤ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠵᠣᠬᠢᠴᠠᠵᠤ ᠂ ᠲᠦᠷᠢᠮ ᠲᠣᠭᠲᠠᠭᠠᠯ ᠲᠣᠭᠲᠠᠭᠠᠵᠤ ᠂ ᠣᠨᠣᠰᠢᠯᠠᠨ ᠡᠮᠨᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠤᠨ ᠂ ᠡᠪᠡᠳᠴᠢᠨ ᠤ ᠬᠡᠷᠡᠭ ᠤᠨ ᠴᠢᠨᠠᠷ ᠢ ᠳᠡᠭᠡᠭᠰᠢᠯᠡᠭᠦᠯᠵᠦ ᠂ ᠡᠮᠴᠢᠯᠡᠭᠡᠨ ᠤ ᠠᠷᠭ᠎ᠠ ᠵᠠᠮ ᠢ ᠲᠣᠳᠣᠷᠬᠠᠶᠢᠯᠠᠨ ᠂ ᠳ᠋ᠦᠩᠨᠡᠨ ᠪᠤᠳᠤᠬᠤ ᠨᠠᠷᠢᠨ ᠲᠠᠩᠰᠠ ᠶᠢᠨ ᠴᠢᠨᠠᠷ ᠢ ᠵᠦᠢ ᠵᠣᠬᠢᠰᠲᠠᠶ ᠪᠠᠷ ᠡᠵᠡᠮᠰᠢᠵᠦ ᠂ ᠳ᠋ᠦᠩᠨᠡᠨ ᠪᠤᠳᠤᠬᠤ ᠨᠠᠷᠢᠨ ᠲᠠᠩᠰᠠ ᠶᠢᠨ ᠬᠢᠷᠢ ᠲᠡᠩᠴᠡᠭᠰᠡᠨ ᠨᠣᠷᠮ᠎ᠠ ᠂ ᠬᠢᠨᠠᠨ ᠬᠠᠷᠭᠤᠭᠤᠯᠬᠤ ᠨᠣᠷᠮ᠎ᠠ ᠶᠢ ᠴᠥᠮ 100% ᠳᠤ ᠬᠦᠷᠭᠡᠪᠡ ᠃ ᠡᠭᠦᠨ ᠤ ᠬᠠᠮᠲᠤ ᠂ ᠡᠮᠴᠢᠯᠡᠭᠡᠨ ᠤ ᠪᠠᠶᠢᠭᠤᠯᠤᠮᠵᠢ ᠥᠪᠡᠷ ᠤᠨ ᠥᠷᠲᠡᠭ ᠢ ᠡᠵᠡᠮᠳᠡᠬᠦ ᠪᠠ ᠡᠬᠢ ᠪᠠᠶᠠᠯᠢᠭ ᠤᠨ ᠠᠰᠢᠭᠯᠠᠮᠵᠢ ᠶᠢ ᠴᠢᠬᠤᠯᠠᠴᠢᠯᠠᠨ ᠦᠵᠡᠵᠦ ᠂ ᠡᠮᠨᠡᠯᠭᠡ ᠳᠤ ᠰᠠᠭᠤᠭᠰᠠᠨ ᠡᠳᠦᠷ ᠤᠨ ᠲᠤᠭ᠎ᠠ ᠂ ᠡᠮᠨᠡᠯᠭᠡ ᠳᠤ ᠰᠠᠭᠤᠭᠰᠠᠨ ᠤᠳᠠᠭ᠎ᠠ ᠪᠦᠷᠢ ᠶᠢᠨ ᠳᠤᠮᠳᠠᠴᠢ ᠵᠠᠷᠤᠳᠠᠯ ᠢ ᠴᠥᠮ ᠵᠦᠶ ᠵᠣᠬᠢᠰᠲᠠᠶ ᠡᠵᠡᠮᠳᠡᠵᠦ ᠂ ᠡᠮᠴᠢᠯᠡᠭᠡᠨ ᠤ ᠵᠠᠷᠤᠳᠠᠯ ᠤᠨ ᠵᠦᠶ ᠵᠣᠬᠢᠰ ᠥᠬᠡᠶ ᠥᠰᠬᠦ ᠶᠢ ᠪᠦᠲᠦᠮᠵᠢᠲᠡᠶ ᠬᠤᠷᠢᠭᠯᠠᠪᠠ ᠃  3. ᠡᠭᠦᠳᠡᠨ ᠡᠮᠨᠡᠯᠭᠡ ᠶᠢᠨ ᠣᠨᠴᠠ ᠤᠳᠠᠭᠠᠨ ᠴᠢᠨᠠᠷᠲᠠᠢ ᠡᠪᠡᠳᠴᠢᠨ ᠵᠢᠴᠢ ᠡᠭᠦᠳᠡᠨ ᠡᠮᠨᠡᠯᠭᠡ ᠶᠢᠨ ᠣᠨᠴᠠᠭᠠᠢ ᠡᠮ ᠬᠡᠷᠡᠭᠯᠡᠬᠦ ᠬᠠᠮᠢᠶᠠᠷᠤᠯᠲᠠ ᠶᠢᠨ ᠲᠠᠯ᠎ᠠ ᠪᠠᠷ ᠂ ᠡᠭᠦᠳᠡᠨ ᠡᠮᠨᠡᠯᠭᠡ ᠶᠢᠨ ᠣᠨᠴᠠ ᠤᠳᠠᠭᠠᠨ ᠴᠢᠨᠠᠷᠲᠠᠶ ᠡᠪᠡᠳᠴᠢᠨ ᠂ ᠡᠭᠦᠳᠡᠨ ᠡᠮᠨᠡᠯᠭᠡ ᠶᠢᠨ ᠣᠨᠴᠠᠭᠠᠢ ᠡᠮ ᠬᠡᠷᠡᠭᠯᠡᠬᠦ ᠡᠬᠡ ᠳᠠᠩᠰᠠ ᠂ ᠮᠡᠳᠡᠭᠦᠯᠬᠦ ᠬᠦᠰᠦᠨᠦᠭᠲᠦ ᠨᠢ ᠳᠡᠪᠲᠡᠷᠯᠡᠬᠦ ᠵᠢᠷᠤᠮᠵᠢᠯ ᠲᠠᠢ ᠪᠠᠶᠢᠵᠤ ᠂ ᠰᠠᠷ᠎ᠠ ᠪᠠᠷ ᠵᠢᠷᠤᠮᠵᠢᠯ ᠲᠠᠢ ᠪᠠᠷ ᠡᠮ ᠬᠠᠩᠭᠠᠵᠤ ᠂ ᠬᠡᠮᠵᠢᠶ᠎ᠡ ᠠᠴᠠ ᠬᠡᠲᠦᠷᠡᠭᠦᠯᠦᠨ ᠡᠮ ᠬᠠᠩᠭᠠᠬᠤ ᠪᠠ ᠬᠡᠪᠴᠢᠶ᠎ᠡ ᠠᠴᠠ ᠬᠡᠲᠦᠷᠡᠭᠦᠯᠦᠨ ᠡᠮ ᠬᠠᠩᠭᠠᠬᠤ ᠦᠵᠡᠭᠳᠡᠯ ᠢᠯᠡᠷᠬᠡᠶ ᠪᠠᠭᠠᠰᠪᠠ ᠃  4. ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠨ ᠬᠠᠮᠢᠶᠠᠷᠬᠤ ᠲᠠᠯ᠎ᠠ ᠪᠠᠷ ᠂ ᠦᠢᠯᠡᠴᠢᠯᠡᠭᠡᠨ ᠤ ᠬᠡᠯᠡᠯᠴᠡᠭᠡᠷ ᠢ ᠴᠢᠩᠭ᠎ᠠ ᠬᠡᠷᠡᠭᠵᠢᠭᠦᠯᠵᠦ ᠂ ᠦᠢᠯᠡᠴᠢᠯᠡᠭᠡᠨ ᠤ ᠠᠵᠢᠯᠯᠠᠭ᠎ᠠ ᠶᠢ ᠵᠢᠷᠤᠮᠵᠢᠭᠤᠯᠵᠤ ᠂ ᠳᠠᠭᠠᠳᠬᠠᠯ ᠳᠤ ᠣᠷᠣᠯᠴᠠᠭᠰᠠᠳ ᠲᠤ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠯᠠᠪᠯᠠᠭ᠎ᠠ ᠥᠭᠬᠦ ᠂ ᠣᠨᠣᠰᠢᠯᠠᠨ ᠡᠮᠨᠡᠬᠦ ᠳᠤ ᠡᠮ ᠬᠡᠷᠡᠭᠯᠡᠬᠦ ᠠᠮᠤᠷ ᠲᠦᠪᠰᠢᠨ ᠂ ᠡᠮᠴᠢᠯᠡᠭᠡᠨ ᠤ ᠳᠠᠭᠠᠳᠬᠠᠯ ᠤᠨ ᠵᠠᠷᠤᠳᠠᠯ ᠢ ᠳ᠋ᠦᠩᠨᠡᠨ ᠪᠤᠳᠤᠬᠤ ᠵᠡᠷᠭᠡ ᠦᠢᠯᠡᠴᠢᠯᠡᠭᠡ ᠬᠠᠩᠭᠠᠵᠤ ᠂ ᠳᠠᠭᠠᠳᠬᠠᠯ ᠳᠤ ᠣᠷᠣᠯᠴᠠᠭᠰᠠᠳ ᠲᠤ ᠴᠢᠨᠠᠷ ᠰᠠᠶᠢᠲᠠᠢ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡ ᠬᠠᠩᠭᠠᠪᠠ ᠃ ᠳᠣᠲᠣᠭᠠᠳᠤ ᠶᠢᠨ ᠬᠠᠮᠢᠶᠠᠷᠤᠯᠲᠠ ᠶᠢᠨ ᠳᠦᠷᠢᠮ ᠢ ᠲᠣᠭᠲᠠᠭᠠᠵᠤ ᠂ ᠡᠭᠦᠳᠡᠨ ᠡᠮᠨᠡᠯᠭᠡ ᠶᠢ ᠨᠢᠭᠡᠳᠦᠯᠲᠡᠶ ᠲᠥᠯᠥᠪᠯᠡᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠢᠳᠡᠪᠬᠢᠲᠡᠶ ᠰᠠᠨᠠᠭᠠᠴᠢᠯᠠᠭ᠎ᠠ ᠠᠴᠠ ᠪᠠᠨ ᠤᠬᠠᠭᠤᠯᠵᠤ ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠶᠢ ᠰᠠᠶᠢᠲᠤᠷ ᠬᠢᠪᠡ ᠃  ︵ᠬᠤᠶᠠᠷ︶ ᠣᠷᠣᠰᠢᠵᠤ ᠪᠠᠶᠢᠭ᠎ᠠ ᠠᠰᠠᠭᠤᠳᠠᠯ  1. ᠡᠮᠨᠡᠯᠭᠡ ᠳᠤ ᠰᠠᠭᠤᠬᠤ ᠬᠠᠮᠢᠶᠠᠷᠤᠯᠲᠠ ᠶᠢᠨ ᠲᠠᠯ᠎ᠠ ᠪᠠᠷ ᠂ ᠨᠢᠭᠡ ᠳᠤ ᠂ ᠣᠯᠠᠨ ᠰᠦᠢᠳᠬᠡᠯ ᠬᠤᠷᠢᠶᠠᠬᠤ ᠂ ᠳᠠᠪᠬᠤᠷᠳᠠᠭᠤᠯᠤᠨ ᠰᠦᠢᠳᠬᠡᠯ ᠬᠤᠷᠢᠶᠠᠬᠤ ᠂ ᠪᠥᠭᠡᠮᠳᠡᠭᠦᠯᠦᠨ ᠰᠦᠢᠳᠭᠡᠯ ᠬᠤᠷᠢᠶᠠᠬᠤ ᠂ ᠢᠵᠢ ᠲᠥᠷᠥᠯ ᠵᠦᠢᠯ ᠤᠨ ᠰᠦᠢᠳᠬᠡᠯ ᠬᠤᠷᠢᠶᠠᠬᠤ ᠂ ᠪᠠᠷᠢᠮᠵᠢᠶ᠎ᠠ ᠠᠴᠠ ᠬᠡᠲᠦᠷᠡᠭᠦᠯᠦᠨ ᠰᠦᠢᠳᠭᠡᠯ ᠬᠤᠷᠢᠶᠠᠬᠤ ᠂ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠲᠥᠷᠥ ᠶᠢᠨ ᠪᠣᠳᠣᠯᠭ᠎ᠠ ᠶᠢᠨ ᠬᠡᠪᠴᠢᠶ᠎ᠡ ᠠᠴᠠ ᠬᠡᠲᠦᠷᠡᠭᠰᠡᠨ ᠵᠡᠷᠭᠡ ᠠᠰᠠᠭᠤᠳᠠᠯ ᠣᠷᠣᠰᠢᠵᠤ ᠪᠠᠶᠢᠨ᠎ᠠ︔ ᠬᠤᠶᠠᠷ ᠲᠤ ᠂ ᠲᠤᠭᠲᠠᠭᠠᠯ ᠠᠴᠠ ᠵᠥᠷᠢᠴᠡᠨ ᠡᠮ ᠬᠡᠷᠡᠭᠯᠡᠭᠰᠡᠨ ᠠᠰᠠᠭᠤᠳᠠᠯ ᠂ ᠬᠢᠵᠠᠭᠠᠷ ᠠᠴᠠ ᠬᠡᠲᠦᠷᠡᠭᠦᠯᠦᠨ ᠡᠮ ᠬᠡᠷᠡᠭᠯᠡᠭᠰᠡᠨ ᠂ ᠪᠠᠷᠢᠮᠲᠠ ᠦᠭᠡᠢ ᠪᠠᠷ ᠡᠮ ᠬᠡᠷᠡᠭᠯᠡᠭᠰᠡᠨ ᠂ ᠬᠡᠪᠴᠢᠶ᠎ᠡ ᠠᠴᠠ ᠬᠡᠲᠦᠷᠡᠭᠦᠯᠦᠨ ᠡᠮ ᠬᠡᠷᠡᠭᠯᠡᠭᠰᠡᠨ ᠂ ᠬᠡᠮᠵᠢᠶ᠎ᠡ ᠠᠴᠠ ᠬᠡᠲᠦᠷᠡᠭᠦᠯᠦᠨ ᠡᠮ ᠬᠡᠷᠡᠭᠯᠡᠭᠰᠡᠨ ᠂ ᠬᠡᠲᠦᠷᠡᠲᠡᠯ᠎ᠡ ᠡᠮ ᠬᠡᠷᠡᠭᠯᠡᠭᠰᠡᠨ ᠂ ᠠᠳᠠᠯᠢ ᠲᠥᠷᠥᠯ ᠤᠨ ᠡᠮ ᠤᠨ ᠵᠦᠢᠯ ᠢ ᠳᠠᠪᠬᠤᠴᠠᠨ ᠬᠡᠷᠡᠭᠯᠡᠭᠰᠡᠨ ᠵᠡᠷᠭᠡ ᠠᠰᠠᠭᠤᠳᠠᠯ ᠤᠳ ᠢ ᠪᠠᠭᠲᠠᠭᠠᠪᠠ︔ ᠡᠮ ᠬᠡᠷᠡᠭᠯᠡᠬᠦ ᠨᠢ ᠡᠮᠴᠢ ᠶᠢᠨ ᠰᠠᠨᠠᠭᠤᠯᠭ᠎ᠠ ᠲᠠᠢ ᠨᠡᠶᠢᠴᠡᠬᠦ ᠥᠬᠡᠶ ᠂ ᠲᠡᠮᠳᠡᠭᠯᠡᠯ ᠥᠬᠡᠶ ᠪᠤᠶᠤ ᠲᠡᠮᠳᠡᠭᠯᠡᠯ ᠨᠢ ᠪᠣᠳᠠᠲᠠᠶ ᠪᠠᠶᠢᠳᠠᠯ ᠲᠠᠢ ᠨᠢᠭᠡᠳᠦᠯ ᠥᠬᠡᠶ ᠵᠡᠷᠭᠡ ᠠᠰᠠᠭᠤᠳᠠᠯ ᠣᠷᠣᠰᠢᠵᠤ ᠪᠠᠶᠢᠨ᠎ᠠ︔ ᠭᠤᠷᠪᠠ ᠳᠤ ᠂ ᠲᠣᠭᠲᠠᠭᠠᠯ ᠠᠴᠠ ᠵᠥᠷᠢᠴᠡᠨ ᠣᠨᠣᠰᠢᠯᠠᠨ ᠡᠮᠨᠡᠬᠦ ᠂ ᠪᠠᠶᠢᠴᠠᠭᠠᠬᠤ ᠂ ᠡᠮᠨᠡᠨ ᠵᠠᠰᠠᠬᠤ ᠪᠠ ᠡᠮᠴᠢ ᠶᠢᠨ ᠰᠠᠨᠠᠭᠤᠯᠭ᠎ᠠ ᠲᠠᠢ ᠨᠡᠶᠢᠴᠡᠬᠦ ᠥᠬᠡᠶ ᠂ ᠳᠣᠬᠢᠷᠠᠮᠵᠢᠲᠠᠢ ᠬᠡᠪᠴᠢᠶ᠎ᠡ ᠶᠢᠨ ᠬᠢᠵᠠᠭᠠᠷ ᠠᠴᠠ ᠬᠡᠲᠦᠷᠡᠭᠦᠯᠦᠨ ᠬᠡᠷᠡᠭᠯᠡᠭᠰᠡᠨ ᠂ ᠬᠡᠲᠦᠷᠡᠭᠰᠡᠨ ᠂ ᠡᠪᠡᠳᠴᠢᠨ ᠳᠤ ᠨᠢ ᠦᠯᠦ ᠨᠡᠶᠢᠴᠡᠬᠦ ᠵᠡᠷᠭᠡ ᠲᠣᠭᠲᠠᠭᠠᠯ ᠠᠴᠠ ᠵᠥᠷᠢᠴᠡᠨ ᠣᠨᠣᠰᠢᠯᠠᠨ ᠡᠮᠨᠡᠬᠦ ᠦᠢᠯᠡᠴᠢᠯᠡᠭᠡᠨ ᠤ ᠲᠥᠷᠥᠯ ᠵᠦᠢᠯ ᠤᠨ ᠠᠰᠠᠭᠤᠳᠠᠯ ᠤᠷᠤᠰᠢᠵᠤ ᠪᠠᠶᠢᠨ᠎ᠠ︔ ᠳᠥᠷᠪᠡ ᠳᠤ ᠂ ᠡᠪᠡᠳᠴᠢᠨ ᠤ ᠲᠡᠥᠬᠡ ᠶᠢᠨ ᠲᠠᠯ᠎ᠠ ᠪᠠᠷ ᠡᠮᠴᠢ ᠶᠢᠨ ᠰᠠᠨᠠᠭᠤᠯᠭ᠎ᠠ ᠪᠠᠷ ᠡᠮ ᠤᠨ ᠵᠦᠢᠯ ᠵᠢᠴᠢ ᠪᠠᠶᠢᠴᠠᠭᠠᠯᠲᠠ ᠶᠢᠨ ᠲᠥᠷᠥᠯ ᠵᠦᠢᠯ ᠤᠨ ᠪᠢᠴᠢᠭᠯᠡᠯ ᠨᠢ ᠵᠢᠷᠤᠮᠵᠢᠯ ᠦᠭᠡᠢ ᠂ ᠡᠪᠡᠳᠴᠢᠨ ᠤ ᠳᠠᠩᠰᠠ ᠶᠢᠨ ᠲᠦᠷᠦᠭᠦᠤ ᠨᠢᠭᠤᠷ ᠵᠢᠴᠢ ᠡᠪᠡᠳᠴᠢᠨ ᠤ ᠶᠠᠪᠤᠴᠠ ᠶᠢᠨ ᠲᠡᠮᠳᠡᠭᠯᠡᠯ ᠨᠢ ᠪᠦᠷᠢᠨ ᠪᠤᠰᠤ ᠵᠡᠷᠭᠡ ᠠᠰᠠᠭᠤᠳᠠᠯ ᠣᠷᠣᠰᠢᠵᠤ ᠪᠠᠶᠢᠨ᠎ᠠ ᠃  2.DIP ᠶᠢᠨ ᠬᠠᠮᠢᠶᠠᠷᠤᠯᠲᠠ ᠶᠢᠨ ᠲᠠᠯ᠎ᠠ ᠪᠠᠷ ᠂ ᠨᠢᠭᠡ ᠳᠤ ᠂ ᠬᠡᠰᠡᠭ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠶᠢᠨ ᠴᠢᠬᠤᠯᠠᠴᠢᠯᠠᠬᠤ ᠬᠡᠮᠵᠢᠶ᠎ᠡ ᠨᠢ ᠥᠨᠳᠥᠷ ᠪᠢᠰᠢ ᠪᠠᠶᠢᠨ᠎ᠠ ᠃ ᠡᠮᠴᠢᠯᠡᠭᠡᠨ ᠤ ᠪᠠᠶᠢᠭᠤᠯᠤᠮᠵᠢ ᠶᠢᠨ ᠳ᠋ᠦᠩᠨᠡᠨ ᠪᠣᠳᠣᠬᠤ ᠨᠠᠷᠢᠨ ᠲᠠᠩᠰᠠ ᠶᠢᠨ ᠴᠢᠨᠠᠷ ᠢ ᠡᠵᠡᠮᠳᠡᠬᠦ ᠠᠵᠢᠯ ᠢ ᠴᠢᠬᠤᠯᠠᠴᠢᠯᠠᠬᠤ ᠦᠭᠡᠢ ᠂ ᠡᠪᠡᠳᠴᠢᠨ ᠤ ᠬᠡᠷᠡᠭ ᠤᠨ ᠬᠥᠮᠦᠨ ᠳᠤᠲᠠᠭᠳᠠᠵᠤ ᠂ ᠲᠥᠷᠥ ᠶᠢᠨ ᠪᠣᠳᠣᠯᠭ᠎ᠠ ᠶᠢᠨ ᠣᠶᠢᠯᠠᠭᠠᠯᠲᠠ ᠶᠢ ᠪᠣᠳᠠᠲᠠᠶᠢᠵᠢᠭᠤᠯᠤᠭᠰᠠᠨ ᠦᠭᠡᠢ ᠂ ᠬᠤᠪᠢ ᠶᠢᠨ ᠥᠷᠲᠡᠭ ᠢᠶᠠᠷ ᠯᠠᠪᠯᠠᠯᠲᠠ ᠪᠣᠯᠭᠠᠨ ᠣᠨᠣᠰᠢᠯᠠᠨ ᠡᠮᠨᠡᠬᠦ ᠨᠢ ᠬᠦᠨᠳᠦ ᠨᠣᠴᠢᠲᠠᠶ ᠪᠠᠶᠢᠵᠤ ᠂ ᠴᠢᠳᠠᠮᠵᠢ ᠶᠢᠨ ᠪᠠᠶᠢᠷᠢ ᠲᠣᠭᠲᠠᠭᠠᠯᠲᠠ ᠨᠢ ᠣᠨᠣᠪᠴᠢᠲᠠᠢ ᠪᠢᠰᠢ ᠪᠠᠶᠢᠨ᠎ᠠ ᠃ ᠬᠤᠶᠠᠷ ᠲᠤ ᠂ ᠡᠮᠴᠢᠯᠡᠭᠡᠨ ᠤ ᠥᠪᠡᠷ ᠤᠨ ᠥᠷᠲᠡᠭ ᠤᠨ ᠬᠢᠵᠠᠭᠠᠷᠯᠠᠯ ᠢ ᠴᠢᠩᠭᠠᠳᠬᠠᠭᠰᠠᠨ ᠦᠭᠡᠢ ᠃ 2023 ᠣᠨ ᠤ ᠢᠯᠭᠠᠷᠠᠭᠤᠯᠤᠨ ᠪᠣᠳᠣᠯᠲᠠ ᠠᠴᠠ ᠦᠵᠡᠪᠡᠯ ᠂ ᠵᠦᠷᠢᠶᠡᠲᠦ ᠡᠪᠡᠳᠴᠢᠨ ᠤ ᠵᠢᠱᠢᠶ᠎ᠡ ᠨᠡᠯᠢᠶᠡᠳ ᠠᠷᠪᠢᠨ ᠪᠠᠶᠢᠵᠤ ᠂ ᠡᠮᠨᠡᠯᠭᠡ ᠶᠢᠨ ᠬᠤᠷᠢᠶᠠᠨ ᠤ ᠪᠦᠬᠦᠯᠢ ᠴᠣᠭᠴᠠ ᠶᠢᠨ ᠲᠣᠭᠠᠴᠠᠭ᠎ᠠ ᠬᠢᠬᠦ ᠨᠣᠷᠮ᠎ᠠ ᠶᠢ ᠨᠦᠯᠦᠭᠡᠯᠡᠵᠦ ᠪᠣᠢ ᠂ ᠡᠭᠦᠨ ᠳᠤ ᠶᠡᠭᠡ ᠵᠥᠷᠢᠶ᠎ᠡ ᠲᠠᠢ ᠡᠪᠡᠳᠴᠢᠨ ᠤ ᠵᠢᠱᠢᠶ᠎ᠡ ᠨᠢ ᠶᠡᠷᠦᠩᠬᠡᠢ ᠡᠪᠡᠳᠴᠢᠨ ᠤ ᠵᠢᠱᠢᠶ᠎ᠡ ᠳᠤ ᠡᠵᠡᠯᠡᠬᠦ ᠬᠠᠷᠢᠴᠠᠯ ᠤᠨ ᠬᠡᠮᠵᠢᠭᠳᠡᠯ ᠨᠢ ᠨᠡᠯᠢᠶᠡᠳ ᠥᠨᠳᠥᠷ ᠪᠠᠶᠢᠵᠤ ᠂ ᠡᠮᠴᠢᠯᠡᠭᠡᠨ ᠤ ᠪᠠᠶᠢᠭᠤᠯᠤᠮᠵᠢ ᠶᠢᠨ ᠭᠥᠯᠢᠶᠡᠨ ᠠᠪᠴᠤ ᠵᠠᠰᠠᠭᠰᠠᠨ ᠡᠪᠡᠳᠴᠢᠨ ᠤ ᠵᠢᠱᠢᠶ᠎ᠡ ᠶᠢᠨ ᠵᠠᠷᠤᠳᠠᠯ ᠨᠢ ᠬᠡᠳᠦ ᠶᠡᠭᠡ ᠪᠣᠯᠣᠭᠰᠠᠨ ᠠᠴᠠ ᠪᠣᠯᠵᠤ ᠲᠣᠭᠠᠴᠠᠭ᠎ᠠ ᠬᠢᠬᠦ ᠨᠣᠷᠮ᠎ᠠ ᠨᠢ ᠨᠡᠯᠢᠶᠡᠳ ᠳᠣᠣᠷ᠎ᠠ ᠪᠣᠯᠵᠤ ᠂ ᠡᠮᠴᠢᠯᠡᠭᠡᠨ ᠤ ᠪᠠᠶᠢᠭᠤᠯᠤᠮᠵᠢ ᠶᠢᠨ ᠵᠦᠢ ᠵᠣᠬᠢᠰ ᠦᠭᠡᠢ ᠡᠮᠴᠢᠯᠡᠬᠦ ᠂ ᠵᠠᠷᠤᠳᠠᠯ ᠢ ᠨᠢ ᠵᠦᠢ ᠶᠣᠰᠣᠭᠠᠷ ᠬᠢᠵᠠᠭᠠᠷᠯᠠᠬᠤ ᠪᠠᠶᠢᠳᠠᠯ ᠢ ᠲᠤᠰᠬᠠᠪᠠ ᠃ ᠭᠤᠷᠪᠠ ᠳᠤ ᠂ ᠡᠮᠨᠡᠯᠭᠡ ᠶᠢᠨ ᠬᠤᠷᠢᠶᠠᠨ ᠤ ᠴᠢᠳᠠᠮᠵᠢ ᠶᠢᠨ ᠪᠠᠶᠢᠷᠢ ᠲᠣᠭᠲᠠᠭᠠᠯᠲᠠ ᠨᠢ ᠵᠦᠶ ᠵᠣᠬᠢᠰ ᠥᠬᠡᠶ ᠪᠠᠶᠢᠨ᠎ᠠ ᠃ ᠭᠤᠷᠪᠠᠳᠤᠭᠠᠷ ᠳᠡᠰ ᠤᠨ ᠡᠮᠴᠢᠯᠡᠭᠡᠨ ᠤ ᠪᠠᠶᠢᠭᠤᠯᠤᠮᠵᠢ ᠶᠢᠨ ᠡᠪᠡᠳᠴᠢᠨ ᠤ ᠵᠢᠱᠢᠶ᠎ᠡ ᠶᠢ ᠬᠦᠯᠢᠶᠡᠨ ᠠᠪᠴᠤ ᠡᠮᠨᠡᠨ ᠵᠠᠰᠠᠬᠤ ᠬᠦᠴᠢᠷᠳᠡᠯ ᠨᠡᠯᠢᠶᠡᠳ ᠳᠣᠣᠷ᠎ᠠ ᠂ ᠶᠡᠭᠡ ᠡᠮᠨᠡᠯᠭᠡ ᠶᠢᠨ ᠬᠤᠷᠢᠶ᠎ᠠ ᠶᠢᠨ ᠪᠠᠭ᠎ᠠ ᠡᠪᠡᠳᠴᠢᠨ ᠤ ᠲᠥᠷᠥᠯ ᠢ ᠬᠦᠯᠢᠶᠡᠨ ᠠᠪᠴᠤ ᠡᠮᠨᠡᠨ ᠵᠠᠰᠠᠬᠤ ᠪᠠᠶᠢᠳᠠᠯ ᠢᠯᠡᠷᠡᠵᠦ ᠂ ᠭᠤᠷᠪᠠᠳᠤᠭᠠᠷ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠳᠤ ᠲᠣᠬᠢᠷᠠᠬᠤ ᠦᠭᠡᠢ ᠪᠠᠶᠢᠨ᠎ᠠ ᠃  3.ᠡᠭᠦᠳᠡᠨ ᠡᠮᠨᠡᠯᠭᠡ ᠶᠢᠨ ᠣᠨᠴᠠ ᠤᠳᠠᠭᠠᠨ ᠡᠪᠡᠳᠴᠢᠨ ᠵᠢᠴᠢ ᠡᠭᠦᠳᠡᠨ ᠡᠮᠨᠡᠯᠭᠡ ᠶᠢᠨ ᠣᠨᠴᠠᠭᠠᠢ ᠡᠮ ᠬᠡᠷᠡᠭᠯᠡᠬᠦ ᠬᠠᠮᠢᠶᠠᠷᠤᠯᠲᠠ ᠶᠢᠨ ᠲᠠᠯ᠎ᠠ ᠪᠠᠷ ᠂ ᠨᠢᠭᠡ ᠳᠤ ᠂ ᠳᠠᠭᠠᠳᠬᠠᠯ ᠳᠤ ᠣᠷᠣᠯᠴᠠᠭᠰᠠᠨ ᠡᠪᠡᠳᠴᠢᠲᠡᠨ ᠭᠤᠶᠤᠴᠢᠯᠠᠨ ᠮᠡᠳᠡᠭᠦᠯᠦᠯᠲᠡ ᠂ ᠡᠮᠨᠡᠭᠦᠯᠦᠭᠰᠡᠨ ᠲᠡᠮᠳᠡᠭᠯᠡᠯ ᠂ ᠡᠪᠡᠳᠴᠢᠨ ᠤ ᠲᠡᠮᠳᠡᠭᠯᠡᠯ ᠤᠨ ᠮᠠᠲ᠋ᠧᠷᠢᠶᠠᠯ ᠢ ᠪᠦᠷᠢᠨ ᠪᠤᠰᠤ ᠬᠠᠳᠠᠭᠠᠯᠠᠵᠤ ᠂ ᠡᠬᠡ ᠲᠠᠩᠰᠠ ᠶᠢ ᠪᠠᠯᠠᠯᠤᠨ ᠥᠭᠡᠷᠡᠴᠢᠯᠡᠭᠰᠡᠨ ᠂ ᠮᠡᠳᠡᠭᠦᠯᠦᠯᠲᠡ ᠶᠢᠨ ᠬᠦᠰᠦᠨᠦᠭᠲᠦ ᠵᠡᠷᠭᠡ ᠮᠠᠲ᠋ᠧᠷᠢᠶᠠᠯ ᠢ ᠳᠡᠪᠲᠡᠷᠯᠡᠭᠰᠡᠨ ᠨᠢ ᠵᠢᠷᠤᠮᠵᠢᠯ ᠦᠭᠡᠢ ᠵᠡᠷᠭᠡ ᠠᠰᠠᠭᠤᠳᠠᠯ ᠣᠷᠣᠰᠢᠵᠤ ᠪᠠᠶᠢᠨ᠎ᠠ︔ ᠬᠤᠶᠠᠷ ᠲᠤ ᠂ ᠬᠡᠮᠵᠢᠶ᠎ᠡ ᠠᠴᠠ ᠬᠡᠲᠦᠷᠡᠲᠡᠯ᠎ᠡ ᠲᠣᠬᠢᠷᠠᠭᠤᠯᠤᠨ ᠬᠡᠷᠡᠭᠯᠡᠬᠦ ᠬᠡᠪᠴᠢᠶ᠎ᠡ ᠂ ᠬᠡᠲᠦᠷᠡᠲᠡᠯ᠎ᠡ ᠣᠨᠣᠰᠢᠯᠠᠨ ᠡᠮᠨᠡᠬᠦ ᠪᠤᠶᠤ ᠡᠪᠡᠳᠴᠢᠨ ᠡᠮᠭᠡᠭ ᠢ ᠣᠨᠣᠰᠢᠯᠠᠨ ᠡᠮᠨᠡᠭᠰᠡᠨ ᠨᠢ ᠬᠡᠷᠡᠭᠯᠡᠭᠰᠡᠨ ᠡᠮ ᠨᠢ ᠨᠡᠶᠢᠴᠡᠬᠦ ᠦᠭᠡᠢ ᠵᠡᠷᠭᠡ ᠠᠰᠠᠭᠤᠳᠠᠯ ᠣᠷᠣᠰᠢᠵᠤ ᠪᠠᠶᠢᠨ᠎ᠠ︔ ᠭᠤᠷᠪᠠ ᠳᠤ ᠂ ᠪᠠᠶᠢᠴᠠᠭᠠᠬᠤ ᠂ ᠡᠮᠨᠡᠨ ᠵᠠᠰᠠᠬᠤ ᠂ ᠡᠮ ᠬᠡᠷᠡᠭᠯᠡᠬᠦ ᠳᠤ ᠲᠡᠮᠳᠡᠭᠯᠡᠯ ᠦᠭᠡᠢ ᠪᠤᠶᠤ ᠲᠡᠮᠳᠡᠭᠯᠡᠯ ᠨᠢ ᠡᠪᠡᠳᠴᠢᠨ ᠤ ᠪᠠᠶᠢᠳᠠᠯ ᠲᠠᠢ ᠨᠢᠭᠡᠳᠦᠯ ᠦᠭᠡᠢ ᠪᠠᠶᠢᠨ᠎ᠠ ᠃  4. ᠡᠭᠦᠳᠡᠨ ᠡᠮᠨᠡᠯᠭᠡ ᠶᠢ ᠨᠢᠭᠡᠳᠦᠯᠲᠡᠶ ᠲᠥᠯᠥᠪᠯᠡᠨ ᠬᠠᠮᠢᠶᠠᠷᠬᠤ ᠲᠠᠯ᠎ᠠ ᠪᠠᠷ ᠂ ᠨᠢᠭᠡ ᠳᠤ ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠪᠤᠯᠤᠩ ᠪᠠᠶᠢᠭᠤᠯᠤᠭᠰᠠᠨ ᠥᠬᠡᠶ ᠪᠤᠶᠤ ᠠᠭᠤᠯᠭ᠎ᠠ ᠶᠢ ᠴᠠᠭ ᠲᠤᠬᠠᠶ ᠳᠤ ᠨᠢ ᠨᠡᠶᠢᠲᠡᠯᠡᠭᠰᠡᠨ ᠥᠬᠡᠶ ᠂ ᠡᠮ ᠤᠨ ᠵᠦᠢᠯ ᠵᠢᠴᠢ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ ᠤᠨ ᠦᠨ᠎ᠡ ᠶᠢ ᠨᠡᠶᠢᠲᠡᠯᠡᠭᠰᠡᠨ ᠥᠬᠡᠶ︔ ᠬᠤᠶᠠᠷ ᠲᠤ ᠂ ᠡᠭᠦᠳᠡᠨ ᠡᠮᠨᠡᠯᠭᠡ ᠶᠢᠨ ᠳ᠋ᠦᠩᠨᠡᠨ ᠪᠤᠳᠤᠬᠤ ᠬᠠᠮᠢᠶᠠᠷᠤᠯᠲᠠ ᠬᠦᠷᠦᠯᠴᠡᠬᠦ ᠥᠬᠡᠶ ᠂ ᠳ᠋ᠦᠩᠨᠡᠨ ᠪᠤᠳᠤᠬᠤ ᠪᠠᠷᠢᠮᠲᠠ ᠂ ᠵᠣᠷ ᠂ ᠰᠢᠢᠳᠪᠦᠷᠢᠯᠡᠬᠦ ᠬᠠᠭᠤᠳᠠᠰᠤ ᠶᠢ ᠱᠠᠭᠠᠷᠳᠠᠯᠭ᠎ᠠ ᠶᠣᠰᠣᠭᠠᠷ ᠬᠠᠮᠢᠶᠠᠷᠴᠤ ᠲᠠᠩᠰᠠ ᠡᠪᠬᠡᠮᠡᠯ ᠳᠤ ᠣᠷᠣᠭᠤᠯᠤᠭᠰᠠᠨ ᠥᠬᠡᠶ︔ ᠭᠤᠷᠪᠠ ᠳᠤ ᠂ ᠣᠨᠴᠠ ᠵᠠᠷᠢᠮ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠳᠤ ᠲᠥᠷᠥᠯ ᠵᠦᠢᠯ ᠢ ᠰᠣᠯᠪᠢᠴᠠᠭᠰᠠᠨ ᠪᠤᠶᠤ ᠭᠠᠷᠴᠠᠭ ᠠᠴᠠ ᠭᠠᠳᠠᠨᠠᠬᠢ ᠲᠥᠷᠥᠯ ᠵᠦᠢᠯ ᠢ ᠬᠡᠷᠡᠭᠯᠡᠭᠰᠡᠨ ᠦᠵᠡᠭᠳᠡᠯ ᠣᠷᠣᠰᠢᠵᠤ ᠪᠠᠶᠢᠨ᠎ᠠ︔ ᠲᠦᠷᠪᠡ ᠳᠤ ᠂ ᠪᠠᠶᠢᠴᠠᠭᠠᠬᠤ ᠂ ᠡᠮᠨᠡᠨ ᠵᠠᠰᠠᠬᠤ ᠂ ᠡᠮ ᠬᠡᠷᠡᠭᠯᠡᠬᠦ ᠳᠤ ᠲᠡᠮᠳᠡᠭᠯᠡᠯ ᠥᠬᠡᠶ ᠪᠤᠶᠤ ᠪᠣᠳᠠᠲᠤ ᠪᠠᠶᠢᠳᠠᠯ ᠲᠠᠢ ᠨᠢᠭᠡᠳᠦᠯ ᠥᠬᠡᠶ ᠵᠡᠷᠭᠡ ᠠᠰᠠᠭᠤᠳᠠᠯ ᠣᠷᠣᠰᠢᠵᠤ ᠪᠠᠶᠢᠨ᠎ᠠ ᠃  ᠬᠤᠶᠠᠷ ᠂ ᠰᠢᠯᠭᠠᠨ ᠬᠢᠨᠠᠭᠰᠠᠨ ᠦᠷ᠎ᠡ ᠳ᠋ᠦᠩ  ︵ᠨᠢᠭᠡ︶ ᠡᠮᠨᠡᠯᠭᠡ ᠳᠤ ᠰᠠᠭᠤᠬᠤ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ  ᠭᠤᠷᠪᠠᠳᠠᠬᠢ ᠡᠲᠡᠭᠡᠳ ᠤᠨ ᠣᠨ ᠤ ᠰᠢᠯᠭᠠᠨ ᠬᠢᠨᠠᠵᠤ ᠬᠤᠪᠢ ᠥᠭᠭᠦᠭᠰᠡᠨ ᠦᠷ᠎ᠡ ᠳ᠋ᠦᠩ ᠢ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠶᠢᠨ 2024 ᠣᠨ ᠤ ︽ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠬᠡᠯᠡᠯᠴᠡᠭᠡᠷ︾ ᠲᠤ ᠦᠷᠭᠦᠯᠵᠢᠯᠡᠨ ᠭᠠᠷ ᠤᠨ ᠥᠰᠥᠭ ᠵᠢᠷᠤᠬᠤ ᠶᠢᠨ ᠦᠨᠳᠦᠰᠦᠯᠡᠯ ᠪᠣᠯᠭᠠᠪᠠ ᠃ ᠰᠢᠯᠭᠠᠨ ᠬᠢᠨᠠᠬᠤ ᠳᠤ ᠢᠯᠡᠷᠡᠭᠦᠯᠦᠭᠰᠡᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ︽ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠵᠥᠪᠯᠡᠯᠴᠡᠭᠡᠷ︾ ᠢ ᠦᠨᠳᠦᠰᠦᠯᠡᠨ ᠰᠢᠢᠳᠪᠦᠷᠢᠯᠡᠵᠦ ᠂ ᠲᠣᠭᠲᠠᠭᠠᠯ ᠠᠴᠠ ᠵᠥᠷᠢᠴᠡᠭᠰᠡᠨ ᠵᠣᠭᠤᠰ ᠤᠨ ᠲᠤᠭ᠎ᠠ ᠶᠢ ᠨᠡᠬᠡᠮᠵᠢᠯᠡᠨ ᠠᠪᠴᠢᠷᠠᠪᠠ ᠃ DIP ᠶᠢᠨ ᠰᠢᠯᠭᠠᠨ ᠬᠢᠨᠠᠭᠰᠠᠨ ᠦᠷ᠎ᠡ ᠳ᠋ᠦᠩ ᠢ ︽ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠶᠢᠨ DIP ᠶᠢᠨ ᠰᠢᠯᠭᠠᠨ ᠬᠢᠨᠠᠵᠤ ᠬᠤᠪᠢ ᠥᠭᠭᠦᠭᠰᠡᠨ ᠬᠦᠰᠦᠨᠦᠭᠲᠦ︾ ︵ᠳᠠᠭᠠᠯᠳᠤᠭᠤᠯᠤᠯ︶ ᠠᠴᠠ ᠨᠠᠷᠢᠨ ᠦᠵᠡᠭᠡᠷᠡᠶ ᠃  ︵ᠬᠤᠶᠠᠷ︶ ᠡᠮᠨᠡᠯᠭᠡ ᠳᠤ ᠰᠠᠭᠤᠬᠤ ᠪᠤᠰᠤ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ  ᠡᠮᠨᠡᠯᠭᠡ ᠳᠤ ᠰᠠᠭᠤᠬᠤ ᠪᠤᠰᠤ ᠡᠮᠴᠢᠯᠡᠭᠡᠨ ᠤ ᠪᠠᠶᠢᠭᠤᠯᠤᠮᠵᠢ ᠶᠢᠨ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠵᠡᠷᠭᠡ ᠳᠡᠰ ᠲᠤ ᠨᠡᠶᠢᠲᠡ 951 ᠡᠷᠦᠬᠡ ᠪᠠᠶᠢᠨ᠎ᠠ ᠃  ᠭᠤᠷᠪᠠ ᠂ ᠱᠠᠩᠨᠠᠵᠤ ᠲᠣᠷᠭᠠᠬᠤ ᠰᠠᠨᠠᠯ  ︵ᠨᠢᠭᠡ︶ ᠲᠡᠷᠢᠬᠦᠨ ᠤ ᠬᠢ ᠶᠢ ᠰᠠᠶᠢᠰᠢᠶᠠᠨ ᠬᠦᠬᠢᠬᠦᠯᠬᠦ  ᠡᠯ᠎ᠡ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠳᠠᠭᠠᠳᠬᠠᠯ ᠤᠨ ᠠᠵᠢᠯ ᠥᠷᠨᠢᠭᠦᠯᠦᠭᠰᠡᠨ ᠪᠠᠶᠢᠳᠠᠯ ᠵᠢᠴᠢ ᠣᠨ ᠤ ᠰᠢᠯᠭᠠᠨ ᠬᠢᠨᠠᠭᠰᠠᠨ ᠪᠠᠶᠢᠳᠠᠯ ᠲᠠᠢ ᠤᠶᠠᠯᠳᠤᠭᠤᠯᠤᠨ ᠂ ᠡᠮᠴᠢᠯᠡᠭᠡᠨ ᠤ ᠦᠢᠯᠡᠴᠢᠯᠡᠭᠡᠨ ᠤ ᠬᠡᠯᠡᠯᠴᠡᠭᠡᠷ ᠢᠶᠠᠨ ᠴᠢᠩᠭ᠎ᠠ ᠬᠡᠷᠡᠭᠵᠢᠭᠦᠯᠵᠦ ᠂ ᠡᠮᠴᠢᠯᠡᠭᠡᠨ ᠤ ᠳᠠᠭᠠᠳᠬᠠᠯ ᠤᠨ ᠠᠵᠢᠯ ᠤᠨ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠵᠢᠴᠢ ᠬᠤᠪᠢ ᠬᠥᠮᠦᠨ ᠢ ᠮᠡᠳᠡᠭᠡᠯᠡᠨ ᠰᠠᠶᠢᠰᠢᠶᠠᠨ᠎ᠠ ᠃  1. ᠲᠡᠷᠢᠭᠦᠨ ᠤ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ︵13︶  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠲᠥᠯᠥᠪᠯᠡᠭᠡᠲᠦ ᠡᠳ᠋ ᠤᠨ ᠶᠠᠪᠤᠳᠠᠯ ᠤᠨ ᠡᠮᠴᠢᠯᠡᠭᠡᠨ ᠤ ᠳᠠᠭᠠᠳᠬᠠᠯ ᠤᠨ ᠭᠠᠵᠠᠷ ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠳᠠᠭᠠᠳᠬᠠᠯ ᠤᠨ ᠬᠡᠯᠲᠡᠰ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠲᠠᠳ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠳᠠᠭᠠᠳᠬᠠᠯ ᠤᠨ ᠬᠠᠮᠢᠶᠠᠷᠤᠯᠲᠠ ᠶᠢᠨ ᠬᠡᠯᠲᠡᠰ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠳᠠᠭᠠᠳᠬᠠᠯ ᠤᠨ ᠬᠡᠯᠲᠡᠰ ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠤᠶᠠᠳᠤᠭᠠᠷ ᠬᠠᠷᠢᠶᠠᠲᠤ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠳᠠᠭᠠᠳᠬᠠᠯ ᠤᠨ ᠪᠠᠷᠠᠭᠠᠨ ᠤ ᠦᠨ᠎ᠡ ᠶᠢᠨ ᠬᠡᠯᠲᠡᠰ ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠠᠷᠠᠳ ᠤᠨ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠳᠠᠭᠠᠳᠬᠠᠯ ᠤᠨ ᠬᠡᠯᠲᠡᠰ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠬᠡ ᠨᠢᠯᠬᠠᠰ ᠤᠨ ᠡᠷᠡᠭᠦᠯᠵᠢᠯ ᠤᠨ ᠬᠤᠷᠢᠶᠠᠨ ᠤ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠂ ᠥᠪᠥᠷ ᠮᠣᠩᠭᠤᠯ ᠤᠨ ᠣᠶᠤᠨ ᠮᠡᠳᠡᠷᠡᠯ ᠤᠨ ᠡᠷᠡᠭᠦᠯ ᠬᠠᠮᠠᠭᠠᠯᠠᠯ ᠤᠨ ᠲᠥᠪ ᠤᠨ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠂ ᠴᠢᠯᠥᠭᠡᠯᠡᠬᠦ ᠴᠡᠷᠢᠭ ᠤᠨ ᠬᠠᠮᠲᠤᠷᠠᠭᠰᠠᠨ ᠦᠢᠯᠡᠴᠢᠯᠡᠭᠡᠨ ᠤ ᠪᠠᠲᠤᠯᠠᠭ᠎ᠠ ᠶᠢᠨ ᠴᠡᠷᠢᠭ ᠠᠩᠭᠢ ᠶᠢᠨ ᠶᠢᠰᠦ ᠵᠢᠷᠭᠤᠭ᠎ᠠ ᠶᠢᠰᠦ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠳᠠᠭᠠᠳᠬᠠᠯ ᠤᠨ ᠠᠯᠪᠠᠨ ᠬᠡᠷ ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠶ ᠠᠩᠭᠢ ᠶᠢᠨ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠂ ᠬᠥᠬᠡᠬᠤᠲᠠ ᠶᠢᠨ ᠨᠢᠭᠡᠳᠦᠭᠡᠷ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠂ ᠬᠥᠬᠡᠬᠤᠲᠠ ᠶᠢᠨ ᠬᠤᠶᠠᠳᠤᠭᠠᠷ ᠡᠮᠨᠡᠯᠭᠡ ᠶᠢᠨ ᠬᠤᠷᠢᠶᠠᠨ ᠤ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠂ ᠬᠥᠬᠡᠬᠤᠲᠠ ᠶᠢᠨ ᠮᠣᠩᠭᠤᠯ ᠬᠢᠲᠠᠳ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠃  2. ᠲᠡᠷᠢᠭᠦᠨ ᠤ ᠬᠤᠪᠢ ᠬᠦᠮᠦᠨ ︵42 ᠬᠦᠮᠦᠨ︶  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ᠄ ᠫᠠᠩ ᠶᠢᠨ ᠰᠢᠶᠠ ᠂ ᠷᠧᠨ ᠵᠢᠶᠦ᠋ᠨ ᠹᠧᠩ ᠂ ᠰᠤᠷᠤᠨ᠎ᠠ ᠂ ᠸᠠᠩ ᠳ᠋ᠠᠨ ᠂ ᠯᠠᠨ ᠲᠢᠶᠠᠨ ᠬᠠᠶ  ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ᠄ ᠴᠢᠶᠣᠤ ᠵᠢᠶᠠᠨ ᠯᠢᠶᠠᠩ ᠂ ᠸᠠᠩ ᠰᠢᠶᠤᠤ ᠰᠢᠤᠸᠠᠢ ᠂ ᠠᠯᠢᠮ᠎ᠠ ᠂ ᠸᠠᠩ ᠰᠢᠤᠸᠠᠢ ᠶᠢᠩ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠲᠠᠳ ᠡᠮᠨᠡᠯᠭᠡ ᠶᠢᠨ ᠬᠤᠷᠢᠶ᠎ᠠ᠄ ᠵᠠᠩ ᠳ᠋ᠦᠩ ᠷᠦᠩ ᠂ ᠴᠢᠦᠶ ᠶᠤᠸᠠᠨ ᠮᠢᠩ ᠂ ᠸᠠᠩ ᠨᠠ ᠂ ᠬᠤᠤ ᠸᠧᠨ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ᠄ ᠮᠠᠨᠳᠤᠯ᠎ᠠ ᠂ ᠶᠢᠨ ᠱᠤ᠋ ᠳ᠋ᠦᠩ ᠂ ᠹᠦ᠋ ᠶᠢᠩ  ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠤᠶᠠᠳᠤᠭᠠᠷ ᠬᠠᠷᠢᠶᠠᠲᠤ ᠡᠮᠨᠡᠯᠭᠡ ᠶᠢᠨ ᠬᠤᠷᠢᠶ᠎ᠠ᠄ ᠯᠢ ᠹᠧᠩ ᠂ ᠬᠤᠤ ᠲᠢᠩ ᠂ ᠵᠠᠶ ᠵᠥᠩ ᠸᠧᠨ ᠂ ᠯᠢᠦ ᠱᠤᠸᠠᠩ  ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠠᠷᠠᠳ ᠤᠨ ᠡᠮᠨᠡᠯᠭᠡ ᠶᠢᠨ ᠬᠤᠷᠢᠶ᠎ᠠ᠄ ᠵᠠᠩ ᠯᠢ ᠂ ᠵᠣᠣ ᠰᠾᠢ ᠶᠤᠸᠠᠢ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ᠄ ᠰᠢ ᠸᠧᠨ ᠮᠢᠩ ᠂ ᠹᠦ᠋ ᠿᠤᠤ ᠂ ᠴᠢ ᠰᠢᠤᠸᠠᠢ ᠂ ᠬᠤᠤ ᠢᠦᠶ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶᠤᠨ ᠮᠡᠳᠡᠷᠡᠯ ᠤᠨ ᠡᠷᠡᠭᠦᠯ ᠬᠠᠮᠠᠭᠠᠯᠠᠯ ᠤᠨ       ᠲᠥᠪ᠄ ᠾᠧᠦ ᠹᠦ᠋ ᠰᠢᠶᠠᠩ ᠂ ᠵᠠᠩ ᠶᠠᠨ ᠰᠢᠶᠠ  ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠤᠨ ᠬᠠᠮᠲᠤᠷᠠᠭᠰᠠᠨ ᠦᠢᠯᠡᠴᠢᠯᠡᠭᠡᠨ ᠤ ᠪᠠᠲᠤᠯᠠᠭ᠎ᠠ ᠶᠢᠨ ᠴᠡᠷᠢᠭ ᠠᠩᠭᠢ ᠶᠢᠨ ᠶᠢᠰᠦ ᠵᠢᠷᠭᠤᠭ᠎ᠠ ᠶᠢᠰᠦ ᠡᠮᠨᠡᠯᠭᠡ ᠶᠢᠨ ᠬᠤᠷᠢᠶ᠎ᠠ᠄ ᠴᠧᠨ ᠵᠢᠶᠧ ᠂ ᠸᠠᠩ ᠨᠠ ᠨᠠ  ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠶ ᠠᠩᠭᠢ ᠶᠢᠨ ᠡᠮᠨᠡᠯᠭᠡ ᠶᠢᠨ ᠬᠤᠷᠢᠶ᠎ᠠ᠄ ᠯᠢᠦ ᠹᠠᠩ ᠴᠢᠩ  ᠬᠥᠬᠡᠬᠤᠲᠠ ᠶᠢᠨ ᠨᠢᠭᠡᠳᠦᠭᠡᠷ ᠡᠮᠨᠡᠯᠭᠡ ᠶᠢᠨ ᠬᠤᠷᠢᠶ᠎ᠠ᠄ ᠭᠤᠤ ᠴᠢᠶᠠᠩ ᠂ ᠴᠠᠩ ᠬᠠᠶ ᠯᠢᠶᠠᠩ ᠂ ᠰᠢ ᠮᠢᠩ  ᠬᠥᠬᠡᠬᠤᠲᠠ ᠶᠢᠨ ᠬᠤᠶᠠᠳᠤᠭᠠᠷ ᠡᠮᠨᠡᠯᠭᠡ ᠶᠢᠨ ᠬᠤᠷᠢᠶ᠎ᠠ᠄ ᠵᠣᠣ ᡁᠢ ᠵᠢᠶᠦ᠋ᠨ  ᠬᠥᠬᠡᠬᠤᠲᠠ ᠶᠢᠨ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ᠄ ᠰᠤ᠋ ᠱᠠᠨ ᠂ ᠯᠢᠶᠠᠨ ᠶᠠ ᠴᠢ  ᠬᠥᠬᠡᠬᠤᠲᠠ ᠶᠢᠨ ᠣᠶᠤᠨ ᠮᠡᠳᠡᠷᠡᠯ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ᠄ ᠰᠦᠨ ᠨᠠᠨ  ᠥᠪᠥᠷ ᠮᠣᠩᠭᠤᠯ ᠤᠨ ᠰᠠᠨᠰᠠᠷ ᠤᠨ ᠠᠶᠠᠯᠠᠯ ᠤᠨ ᠡᠮᠨᠡᠯᠭᠡ ᠶᠢᠨ ᠬᠤᠷᠢᠶ᠎ᠠ᠄ ᠰᠢᠶᠤᠤ ᠬᠠᠶ ᠲᠤᠤ  ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠡᠮᠨᠡᠯᠭᠡ ᠶᠢᠨ ᠬᠤᠷᠢᠶ᠎ᠠ᠄ ᠯᠢ ᠷᠦᠨ ᠬᠤᠸᠠᠶ  ᠴᠤᠤ ᠵᠢᠤᠢ ︵ᠥᠪᠥᠷ ᠮᠣᠩᠭᠤᠯ︶ ᠨᠢᠳᠦᠨ ᠤ ᠡᠮᠨᠡᠯᠭᠡ ᠶᠢᠨ ᠬᠤᠷᠢᠶᠠᠨ ᠤ ᠬᠢᠵᠠᠭᠠᠷᠲᠤ ᠺᠣᠮᠫᠠᠨᠢ᠄ ᠯᠠᠨ ᠶᠢᠩ  ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠬᠠᠭᠤᠴᠢᠨ ᠠᠶᠢᠯ ᠰᠢᠶᠠᠩ ᠤᠨ ᠡᠷᠡᠭᠦᠯ ᠬᠠᠮᠠᠭᠠᠯᠠᠯ ᠤᠨ ᠬᠤᠷᠢᠶ᠎ᠠ᠄ ᠰᠢᠶᠤᠤ ᠬᠤᠶ ᠰᠢᠶᠠ  ︵ᠬᠤᠶᠠᠷ︶ ᠰᠢᠢᠳᠪᠦᠷᠢᠯᠡᠬᠦ ᠰᠠᠨᠠᠯ  ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠶᠢᠨ ᠣᠨ ᠤ ᠶᠡᠷᠦᠩᠬᠡᠶᠢᠯᠡᠭᠰᠡᠨ ᠬᠤᠪᠢ ᠥᠭᠭᠦᠭᠰᠡᠨ ᠦᠷ᠎ᠡ ᠳ᠋ᠦᠩ ᠵᠢᠴᠢ ︽ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠵᠥᠪᠳᠡᠯᠴᠡᠬᠡᠷ︾ ᠤᠨ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ ᠂ ᠡᠵᠡᠩᠨᠡᠯᠲᠡ ᠪᠠᠨ ᠵᠣᠭᠰᠣᠭᠠᠭᠰᠠᠨ 16 ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠳᠤ ︽ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠵᠥᠪᠯᠡᠯᠴᠡᠭᠡᠷ︾ ᠢ ᠬᠦᠴᠦᠨ ᠦᠭᠡᠶ ᠪᠣᠯᠭᠠᠵᠤ ᠂ ᠨᠢᠭᠡ ᠵᠢᠯ ᠤᠨ ᠳᠣᠲᠣᠷ᠎ᠠ ᠴᠡᠭ ᠲᠣᠭᠲᠠᠭᠠᠨ ᠰᠢᠢᠳᠪᠦᠷᠢᠯᠡᠬᠦ ᠪᠠᠷ ᠮᠡᠳᠡᠭᠦᠯᠵᠦ ᠪᠣᠯᠬᠤ ᠦᠭᠡᠶ ᠃  ᠬᠥᠬᠡᠬᠤᠲᠠ ᠶᠢᠨ ᠤᠯᠠᠭᠠᠨ ᠵᠠᠭᠠᠯᠮᠠᠶᠢᠲᠠᠨ ᠤ ᠴᠦᠨ ᠢ ᠲᠠᠩ ᠬᠢᠲᠠᠳ ᠡᠮᠨᠡᠯᠭᠡ ᠶᠢᠨ ᠬᠤᠷᠢᠶ᠎ᠠ ᠂ ᠬᠥᠬᠡᠬᠤᠲᠠ ᠶᠢᠨ ᠴᠦᠨ ᠮᠢᠩ ᠡᠮᠨᠡᠯᠭᠡ ᠶᠢᠨ ᠬᠤᠷᠢᠶ᠎ᠠ ᠂ ᠰᠠᠶᠢᠬᠠᠨ ᠲᠣᠭᠤᠷᠢᠭ ᠤᠨ ᠯᠢᠦ ᠯᠢᠶᠠᠩ ᠬᠢᠲᠠᠳ ᠡᠮᠨᠡᠯᠭᠡ ᠶᠢᠨ ᠡᠮᠴᠢᠯᠡᠭᠡᠨ ᠤ ᠭᠠᠵᠠᠷ ᠂ ᠵᠢᠨᠴᠤᠸᠠᠨ ᠨᠡᠭᠡᠭᠡᠨ ᠬᠥᠭᠵᠢᠭᠦᠯᠬᠦ ᠲᠣᠭᠤᠷᠢᠭ ᠤᠨ ᠯᠢ ᠵᠢᠶ ᠳ᠋ᠦᠩ ᠬᠢᠲᠠᠳ ᠧᠦ᠋ᠷᠣᠫᠠ ᠡᠮᠨᠡᠯᠭᠡ ᠶᠢᠨ ᠡᠮᠴᠢᠯᠡᠭᠡᠨ ᠤ ᠭᠠᠵᠠᠷ ᠂ ᠮᠧᠩ ᠢᠦᠶ ᠵᠦ ᠧᠦ᠋ᠷᠣᠫᠠ ᠡᠮᠨᠡᠯᠭᠡ ᠶᠢᠨ ᠡᠮᠴᠢᠯᠡᠭᠡᠨ ᠤ ᠭᠠᠵᠠᠷ ᠂ ᠬᠥᠬᠡᠬᠤᠲᠠ ᠶᠢᠨ ᠢᠦᠶ ᠴᠢᠤᠸᠠᠨ ᠲᠣᠭᠤᠷᠢᠭ ᠤᠨ ᠱᠢ ᠳ᠋ᠦᠩ ᠵᠠᠮ ᠤᠨ ᠰᠠᠨ ᠯᠢ ᠶᠢᠩ ᠳ᠋ᠦᠩ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠥᠷᠲᠡᠭᠡ ᠂ ᠰᠠᠶᠢᠬᠠᠨ ᠲᠣᠭᠤᠷᠢᠭ ᠤᠨ ᠲᠠᠩ ᠶᠣᠣ ᠬᠢᠲᠠᠳ ᠡᠮᠨᠡᠯᠭᠡ ᠶᠢᠨ ᠡᠮᠴᠢᠯᠡᠭᠡᠨ ᠤ ᠭᠠᠵᠠᠷ ᠂ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠭᠦᠩ ᠨᠦᠩ ᠪᠢᠩ ᠵᠠᠮ ᠤᠨ ᠵᠠᠩ ᠬᠤᠩ ᠶᠢᠩ ᠡᠮᠴᠢᠯᠡᠭᠡᠨ ᠤ ᠭᠠᠵᠠᠷ ᠂ ᠬᠥᠬᠡᠬᠤᠲᠠ ᠶᠢᠨ ᠰᠠᠶᠢᠬᠠᠨ ᠲᠣᠭᠤᠷᠢᠭ ᠤᠨ ᠶᠢᠨ ᠱᠠᠨ ᠵᠢᠩ ᠮᠧᠶ ᠠᠮᠠᠨ ᠬᠥᠨᠳᠡᠶ ᠶᠢᠨ ᠡᠭᠦᠳᠡᠨ ᠡᠮᠴᠢᠯᠡᠭᠡᠨ ᠤ ᠭᠠᠵᠠᠷ ᠂ ᠬᠥᠬᠡᠬᠤᠲᠠ ᠶᠢᠨ ᠰᠠᠶᠢᠬᠠᠨ ᠲᠣᠭᠤᠷᠢᠭ ᠤᠨ ᠬᠤ᠋ ᠯᠢ ᠵᠢᠶᠦ᠋ᠨ ᠧᠦ᠋ᠷᠣᠫᠠ ᠡᠮᠨᠡᠯᠭᠡ ᠶᠢᠨ ᠡᠮᠴᠢᠯᠡᠭᠡᠨ ᠤ ᠭᠠᠵᠠᠷ ᠂ ᠥᠪᠥᠷ ᠮᠣᠩᠭᠤᠯ ᠤᠨ ᠺᠦ᠋ ᠴᠢᠨ ᠸᠠᠩ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠶᠢᠨ ᠬᠢᠲᠠᠳ ᠡᠮᠨᠡᠯᠭᠡ ᠶᠢᠨ ᠡᠮᠴᠢᠯᠡᠭᠡᠨ ᠤ ᠭᠠᠵᠠᠷ ᠂ ᠥᠪᠥᠷ ᠮᠣᠩᠭᠤᠯ ᠤᠨ ᠭᠦᠸᠧ ᠹᠠᠩ ᠷᠧᠨ ᠳ᠋ᠣᠣ ᠬᠢᠲᠠᠳ ᠡᠮᠨᠡᠯᠭᠡ ᠶᠢᠨ ᠬᠤᠷᠢᠶᠠᠨ ᠤ ᠬᠢᠵᠠᠭᠠᠷᠲᠤ ᠺᠣᠮᠫᠠᠨᠢ ᠶᠢᠨ ᠶᠦᠨ ᡁᠢ ᠳᠠᠩ ᠬᠢᠲᠠᠳ ᠡᠮᠨᠡᠯᠭᠡ ᠶᠢᠨ ᠡᠮᠴᠢᠯᠡᠭᠡᠨ ᠤ ᠭᠠᠵᠠᠷ ᠂ ᠬᠥᠬᠡᠬᠤᠲᠠ ᠶᠢᠨ ᠰᠠᠶᠢᠬᠠᠨ ᠲᠣᠭᠤᠷᠢᠭ ᠤᠨ ᠵᠢᠶᠠᠨ ᠺᠠᠩ ᠵᠡᠭᠡᠯᠢ ᠶᠢᠨ ᠰᠢᠤᠸᠠᠢ ᠴᠢᠨ ᠡᠮᠴᠢᠯᠡᠭᠡᠨ ᠤ ᠭᠠᠵᠠᠷ ᠂ ᠰᠢᠨ᠎ᠡ ᠬᠤᠲᠠ ᠲᠣᠭᠤᠷᠢᠭ ᠤᠨ ᠯᠢ ᠴᠠᠩ ᠵᠢᠶᠠᠩ ᠬᠢᠲᠠᠳ ᠡᠮᠨᠡᠯᠭᠡ ᠶᠢᠨ ᠡᠮᠴᠢᠯᠡᠭᠡᠨ ᠤ ᠭᠠᠵᠠᠷ ᠂ ᠰᠠᠶᠢᠬᠠᠨ ᠲᠣᠭᠤᠷᠢᠭ ᠤᠨ ᠦ᠋ ᠶᠠᠨ ᠠᠮᠠᠨ ᠬᠥᠨᠳᠡᠢ ᠶᠢᠨ ᠡᠮᠴᠢᠯᠡᠭᠡᠨ ᠤ ᠭᠠᠵᠠᠷ ᠃  ᠳᠥᠷᠪᠡ ᠂ ᠠᠵᠢᠯ ᠤᠨ ᠱᠠᠭᠠᠷᠳᠠᠯᠭ᠎ᠠ  ︵ᠨᠢᠭᠡ︶ ᠡᠯ᠎ᠡ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠨᠤᠭᠤᠳ ᠰᠢᠯᠭᠠᠨ ᠬᠢᠨᠠᠬᠤ ᠳᠤᠮᠳᠠ ᠢᠯᠡᠷᠡᠭᠦᠯᠦᠭᠰᠡᠨ ᠠᠰᠠᠭᠤᠳᠠᠯ ᠢ ᠦᠨᠳᠦᠰᠦᠯᠡᠨ ᠂ ᠨᠢᠭᠡ ᠠᠴᠠ ᠨᠥᠭᠦᠭᠡ ᠶᠢ ᠵᠦᠢᠴᠢᠯᠡᠨ ᠮᠡᠳᠡᠵᠦ ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠲᠣᠭᠲᠠᠭᠠᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠵᠤ ᠂ ᠬᠠᠮᠢᠶ᠎ᠠ ᠪᠥᠬᠦᠶ ᠠᠰᠠᠭᠤᠳᠠᠯ ᠤᠨ ᠳᠠᠬᠢᠨᠲᠠ ᠡᠭᠦᠰᠬᠦ ᠠᠴᠠ ᠵᠠᠶᠢᠯᠠᠰᠬᠢᠬᠤ ᠬᠡᠷᠡᠭᠲᠡᠶ ᠃  ︵ᠬᠤᠶᠠᠷ︶ ᠬᠡᠯᠡᠯᠴᠡᠭᠡᠷ ᠢ ᠴᠢᠩᠭ᠎ᠠ ᠬᠡᠷᠡᠭᠵᠢᠭᠦᠯᠵᠦ ᠂ ᠣᠨᠣᠰᠢᠯᠠᠨ ᠡᠮᠨᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠤᠨ ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠶᠢ ᠬᠢᠨᠠᠮᠠᠭᠠᠶ ᠥᠷᠨᠢᠭᠦᠯᠵᠦ ᠂ ᠥᠪᠡᠷ ᠢ ᠪᠠᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ ᠂ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠪᠠ ᠦᠢᠯᠡᠴᠢᠯᠡᠭᠡᠨ ᠤ ᠬᠡᠯᠡᠯᠴᠡᠭᠡᠷ ᠤᠨ ᠲᠣᠭᠲᠠᠭᠠᠯ ᠲᠠᠢ ᠴᠢᠩᠭ᠎ᠠ ᠬᠠᠷᠢᠴᠠᠭᠤᠯᠤᠨ ᠂ ᠳᠣᠲᠣᠭᠠᠳᠤ ᠶᠢᠨ ᠬᠠᠮᠢᠶᠠᠷᠤᠯᠲᠠ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ ᠂ ᠡᠮ ᠡᠮᠨᠡᠯᠭᠡ ᠶᠢᠨ ᠦᠢᠯᠡᠴᠢᠯᠡᠭᠡᠨ ᠤ ᠦᠢᠯᠡ ᠠᠵᠢᠯᠯᠠᠭ᠎ᠠ ᠶᠢ ᠵᠢᠷᠤᠮᠵᠢᠭᠤᠯᠤᠨ ᠂ ᠡᠪᠡᠳᠴᠢᠨ ᠠᠴᠠ ᠪᠣᠯᠵᠤ ᠵᠠᠰᠠᠬᠤ ᠂ ᠵᠦᠢ ᠵᠣᠬᠢᠰᠲᠠᠶ ᠣᠨᠣᠰᠢᠯᠠᠨ ᠡᠮᠨᠡᠨ ᠂ ᠬᠡᠲᠦᠷᠡᠲᠡᠯ᠎ᠡ ᠡᠮᠴᠢᠯᠡᠬᠦ ᠂ ᠣᠷᠣ ᠡᠵᠡᠯᠡᠨ ᠡᠮᠨᠡᠯᠭᠡ ᠳᠤ ᠰᠠᠭᠤᠬᠤ ᠂ ᠰᠠᠯᠭᠠᠨ ᠡᠮᠨᠡᠯᠭᠡ ᠳᠤ ᠰᠠᠭᠤᠬᠤ ᠂ ᠲᠥᠷᠥᠯ ᠵᠦᠢᠯ ᠤᠨ ᠰᠦᠢᠳᠬᠡᠯ ᠬᠤᠷᠢᠶᠠᠬᠤ ᠵᠡᠷᠭᠡ ᠲᠣᠭᠲᠠᠭᠠᠯ ᠠᠴᠠ ᠵᠦᠷᠢᠴᠡᠬᠦ ᠦᠢᠯᠡ ᠠᠵᠢᠯᠯᠠᠭ᠎ᠠ ᠡᠭᠦᠰᠬᠦ ᠶᠢ ᠲᠠᠰᠤ ᠵᠣᠭᠰᠣᠭᠠᠬᠤ ᠬᠡᠷᠡᠭᠲᠡᠶ ᠃  ︵ᠭᠤᠷᠪᠠ︶ DIP ᠶᠢᠨ ᠲᠣᠭᠠᠴᠠᠭ᠎ᠠ ᠬᠢᠬᠦ ᠠᠷᠭ᠎ᠠ ᠬᠡᠯᠪᠡᠷᠢ ᠶᠢᠨ ᠥᠭᠡᠷᠡᠴᠢᠯᠡᠯᠲᠡ ᠶᠢᠨ ᠠᠵᠢᠯ ᠢ ᠦᠷᠭᠦᠯᠵᠢᠯᠡᠨ ᠠᠬᠢᠭᠤᠯᠵᠤ ᠂ ᠣᠨᠣᠰᠢᠯᠠᠨ ᠡᠮᠨᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ ᠂ ᠴᠢᠬᠤᠯᠠ ᠪᠤᠰᠤ ᠪᠠᠶᠢᠴᠠᠭᠠᠯᠲᠠ ᠪᠠ ᠡᠮ ᠬᠡᠷᠡᠭᠯᠡᠬᠦ ᠶᠢ ᠪᠠᠭᠠᠰᠬᠠᠵᠤ ᠂ ᠡᠮᠴᠢᠯᠡᠭᠡᠨ ᠤ ᠥᠪᠡᠷ ᠤᠨ ᠥᠷᠲᠡᠭ ᠢ ᠪᠠᠭᠤᠷᠠᠭᠤᠯᠬᠤ ᠬᠡᠷᠡᠭᠲᠡᠢ ᠃ ᠥᠪᠡᠷ ᠤᠨ ᠥᠷᠲᠡᠭ ᠤᠨ ᠡᠵᠡᠮᠳᠡᠯ ᠢ ᠴᠢᠩᠭᠠᠳᠬᠠᠵᠤ ᠂ ᠡᠮ ᠤᠨ ᠵᠦᠢᠯ ᠂ ᠬᠤᠷᠣᠭᠳᠠᠯ ᠮᠠᠲ᠋ᠧᠷᠢᠶᠠᠯ ᠵᠡᠷᠭᠡ ᠳᠤ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠵᠦ ᠂ ᠡᠵᠡᠩᠨᠡᠯᠲᠡ ᠶᠢᠨ ᠥᠪᠡᠷ ᠤᠨ ᠥᠷᠲᠡᠭ ᠢ ᠪᠠᠭᠤᠷᠠᠭᠤᠯᠬᠤ ᠬᠡᠷᠡᠭᠲᠡᠢ ᠃ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ ᠂ ᠲᠥᠬᠦᠭᠡᠷᠦᠮᠵᠢ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠴᠢᠩᠭᠠᠳᠬᠠᠵᠤ ᠂ ᠰᠤᠯᠠ ᠲᠠᠯᠪᠢᠭᠳᠠᠵᠤ ᠪᠠᠶᠢᠬᠤ ᠪᠠ ᠪᠦᠷᠢᠯᠭᠡᠨ ᠰᠦᠢᠳᠬᠡᠬᠦ ᠶᠢ ᠪᠠᠭᠠᠰᠬᠠᠬᠤ ᠬᠡᠷᠡᠭᠲᠡᠶ ᠃ ᠡᠮᠴᠢᠯᠡᠭᠡᠨ ᠤ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ ᠂ ᠡᠮᠴᠢᠯᠡᠭᠡᠨ ᠤ ᠠᠯᠳᠠᠭ᠎ᠠ ᠪᠤᠷᠤᠭᠤ ᠪᠠ ᠵᠠᠭᠠᠯᠳᠤᠯᠭ᠎ᠠ ᠶᠢᠨ ᠨᠣᠷᠮ᠎ᠠ ᠶᠢ ᠪᠠᠭᠤᠷᠠᠭᠤᠯᠤᠨ ᠂ ᠳᠠᠭᠠᠳᠬᠠᠯ ᠳᠤ ᠤᠷᠤᠯᠴᠠᠭᠰᠠᠳ ᠤᠨ ᠬᠠᠨᠤᠮᠵᠢ ᠶᠢᠨ ᠬᠡᠮᠵᠢᠶ᠎ᠡ ᠶᠢ ᠨᠡᠮᠡᠭᠳᠡᠬᠦᠯᠬᠦ ᠬᠡᠷᠡᠭᠲᠡᠢ ᠃ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠂ ᠳᠣᠤᠷ᠎ᠠ ᠨᠠᠶᠢᠷᠠᠭᠤᠯᠤᠮᠠᠯ ᠥᠨᠳᠥᠷ ᠢᠵᠢ ᠵᠡᠷᠭᠡ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠭᠠᠷᠬᠤ ᠠᠴᠠ ᠵᠠᠶᠢᠯᠠᠰᠬᠢᠬᠤ ᠬᠡᠷᠡᠭᠲᠡᠢ ᠃ ᠰᠠᠯᠠᠭ᠎ᠠ ᠮᠥᠴᠢᠷ ᠤᠳ ᠤᠨ ᠬᠠᠮᠵᠢᠯᠴᠠᠭ᠎ᠠ ᠶᠢ ᠴᠢᠩᠭᠠᠳᠬᠠᠵᠤ ᠂ ᠳᠣᠲᠣᠭᠠᠳᠤ ᠶᠢᠨ ᠪᠣᠯᠪᠠᠰᠤᠷᠠᠯ ᠂ ᠤᠬᠠᠭᠤᠯᠭ᠎ᠠ ᠶᠢ ᠴᠢᠩᠭᠠᠷᠠᠭᠤᠯᠵᠤ ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤ ᠨᠢ ᠰᠢᠨᠡᠳᠬᠡᠨ ᠣᠶᠢᠯᠠᠭᠠᠵᠤ ᠂ ᠡᠯ᠎ᠡ ᠰᠠᠯᠠᠭ᠎ᠠ ᠮᠥᠴᠢᠷ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠂ ᠥᠨᠳᠥᠷ ᠪᠦᠲᠦᠮᠵᠢᠲᠡᠶ ᠵᠣᠯᠭᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠃  ︵ᠲᠦᠷᠪᠡ︶ ᠤᠯᠤᠰ ᠤᠨ ᠡᠮᠴᠢᠯᠡᠭᠡᠨ ᠤ ᠳᠠᠭᠠᠳᠬᠠᠯ ᠤᠨ ᠮᠡᠳᠡᠭᠡ ᠵᠠᠩᠭᠢ ᠶᠢᠨ ᠲᠠᠪᠴᠠᠩ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠡᠷᠡᠭᠯᠡᠭᠡᠨ ᠤ ᠠᠵᠢᠯ ᠢ ᠲᠦᠷᠭᠡᠳᠬᠡᠨ ᠨᠠᠶᠢᠳᠠᠪᠤᠷᠢᠵᠢᠭᠤᠯᠵᠤ ᠂ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢᠨ ᠪᠥᠬᠦ ᠶᠠᠪᠤᠴᠠ ᠶᠢᠨ ᠥᠭᠡᠷᠡᠴᠢᠯᠡᠯᠲᠡ ᠶᠢ ᠢᠳᠡᠪᠬᠢᠲᠡᠶ ᠥᠷᠨᠢᠭᠦᠯᠵᠦ ᠂ ᠡᠮᠴᠢᠯᠡᠭᠡᠨ ᠤ ᠳᠠᠭᠠᠳᠬᠠᠯ ᠤᠨ ᠨᠣᠮᠧᠷ ᠤᠨ ᠪᠥᠬᠦ ᠶᠠᠪᠤᠴᠠ ᠶᠢᠨ ᠬᠡᠷᠡᠭᠯᠡᠯᠲᠡ ᠶᠢ ᠠᠬᠢᠭᠤᠯᠤᠨ ᠂ ᠪᠥᠬᠦ ᠲᠠᠯᠠᠪᠤᠷ ᠲᠤ ᠨᠢᠭᠡ ᠨᠣᠮᠧᠷ ᠢᠶᠠᠷ ᠨᠡᠶᠢᠳᠡᠮ ᠲᠦᠯᠦᠪᠦᠷᠢᠯᠡᠬᠦ ᠂ ᠨᠢᠭᠡ ᠨᠣᠮᠧᠷ ᠢᠶᠠᠷ ᠨᠡᠶᠢᠳᠡᠮ ᠭᠦᠢᠴᠡᠳᠭᠡᠬᠦ ᠶᠢ ᠠᠬᠢᠭᠤᠯᠬᠤ ᠬᠡᠷᠡᠭᠲᠡᠢ ᠃ ᠡᠮᠴᠢᠯᠡᠭᠡᠨ ᠤ ᠳᠠᠭᠠᠳᠬᠠᠯ ᠤᠨ ᠰᠢᠯᠵᠢᠮᠡᠯ ᠲᠣᠭᠠᠴᠠᠭ᠎ᠠ ᠬᠢᠬᠦ ᠶᠢ ᠢᠳᠡᠪᠬᠢᠲᠡᠶ ᠠᠬᠢᠭᠤᠯᠵᠤ ᠂ ᠡᠮᠴᠢᠯᠡᠭᠡᠨ ᠤ ᠳᠠᠭᠠᠳᠬᠠᠯ ᠤᠨ ᠰᠢᠯᠵᠢᠮᠡᠯ ᠲᠣᠭᠠᠴᠠᠭ᠎ᠠ ᠬᠢᠬᠦ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠃ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢᠨ ᠬᠡᠷᠡᠭᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ ᠂ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠵᠢᠷᠤᠮᠵᠢᠭᠤᠯᠬᠤ ᠵᠠᠯᠭᠠᠭᠠᠰᠤ ᠶᠢᠨ ᠥᠭᠡᠷᠡᠴᠢᠯᠡᠯᠲᠡ ᠶᠢ ᠠᠬᠢᠭᠤᠯᠬᠤ ᠬᠡᠷᠡᠭᠲᠡᠢ ᠃  ᠳᠠᠭᠠᠯᠳᠤᠭᠤᠯᠤᠯ᠄ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠶᠢᠨ DIP ᠶᠢᠨ ᠰᠢᠯᠭᠠᠨ ᠬᠢᠨᠠᠵᠤ ᠬᠤᠪᠢ ᠥᠭᠭᠦᠭᠰᠡᠨ ᠬᠦᠰᠦᠨᠦᠭᠲᠦ          ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠲᠥᠪ        2024 ᠣᠨ ᠤ 8 ᠳ᠋ᠤᠭᠠᠷ ᠰᠠᠷ᠎ᠠ ᠶᠢᠨ 14 ᠤ ᠡᠳᠦᠷ

 

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
龠⫼翸