︽ᠣᠨᠳᠣᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠳ᠋ᠦᠩᠨᠡᠨ ᠪᠤᠳᠤᠬᠤ ᠬᠠᠮᠢᠶᠠᠷᠤᠯᠲᠠ ᠶᠢᠨ | ᠦᠢᠯᠡᠴᠢᠯᠡᠭᠡ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ | ᠲᠣᠪᠴᠢᠶ᠎ᠠ᠂ ᠡᠳ᠋ ᠤᠨ ᠵᠠᠰᠠᠭ ᠤᠨ ᠶᠠᠮᠤᠨ ᠤ ᠮᠡᠳᠡᠭᠳᠡᠯ︾ ︵ᠥᠪᠥᠷ ᠡᠮᠴᠢᠯᠡᠭᠡᠨ ᠤ ᠪᠠᠲᠤᠯᠠᠭ᠎ᠠ ᠲᠠᠷᠬᠠᠭᠠᠭᠰᠠᠨ ﹇ | 2024 ﹈ 10 ᠳ᠋ᠤᠭᠠᠷ ᠲᠣᠭᠠᠲᠤ︶ ᠢ ᠦᠨᠳᠦᠰᠦᠯᠡᠨ᠂ ᠮᠠᠨ ᠤ ᠣᠷᠣᠨ ᠤ ᠮᠤᠵᠢ ᠠᠯᠤᠰᠯᠠᠨ ᠣᠨᠳᠣᠤ ᠭᠠᠵᠠᠷ ᠲᠤ | ᠡᠮᠨᠡᠭᠦᠯᠬᠦ ᠶᠢ ᠳᠠᠩᠰᠠᠯᠠᠭᠤᠯᠬᠤ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠵᠦ᠂ ᠡᠳᠦᠭᠡ ᠳᠣᠤᠷᠠᠬᠢ ᠮᠡᠲᠦ | ᠵᠠᠷᠯᠠᠶ᠎ᠠ᠃ | ᠨᠢᠭᠡ᠂ ᠶᠡᠷᠦᠩᠬᠡᠢ ᠱᠠᠭᠠᠷᠳᠠᠯᠭ᠎ᠠ | ᠪᠥᠬᠦ ᠣᠷᠣᠨ ᠤ ᠮᠤᠵᠢ ᠠᠯᠤᠰᠯᠠᠨ ᠣᠨᠳᠣᠤ ᠭᠠᠵᠠᠷ ᠲᠤ ᠡᠪᠡᠳᠴᠢᠨ ᠦᠵᠡᠭᠦᠯᠬᠦ ᠳᠤ ︽ᠤᠷᠢᠳ ᠢᠶᠠᠷ | ᠳᠠᠩᠰᠠᠯᠠᠭᠤᠯᠵᠤ᠂ ᠳᠠᠷᠠᠭ᠎ᠠ ᠨᠢ ᠡᠪᠡᠳᠴᠢᠨ ᠦᠵᠡᠭᠦᠯᠬᠦ︾ ᠶᠢ ᠬᠡᠷᠡᠭᠵᠢᠭᠦᠯᠵᠦ᠂ ᠳᠠᠩᠰᠠᠯᠠᠭᠤᠯᠬᠤ ᠠᠷᠭ᠎ᠠ ᠮᠠᠶ᠋ᠢᠭ ᠢ | ︽ᠥᠪᠡᠷᠲᠡᠭᠡᠨ ᠳᠠᠩᠰᠠᠯᠠᠬᠤ︾ ᠪᠠᠶᠢᠭᠰᠠᠨ ᠠᠴᠠ ᠨᠢᠭᠡᠳᠦᠯᠲᠡᠶ ︽ᠲᠦᠷᠭᠡᠨ ᠳᠠᠩᠰᠠᠯᠠᠬᠤ︾ ᠪᠣᠯᠭᠠᠨ | ᠲᠣᠬᠢᠷᠠᠭᠤᠯᠤᠨ᠎ᠠ ᠃ ᠳᠠᠭᠠᠳᠬᠠᠯ ᠳᠤ ᠣᠷᠣᠯᠴᠠᠭᠰᠠᠳ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠷᠭ᠎ᠠ | ᠵᠠᠮ ᠢᠶᠠᠷ ᠳᠠᠮᠵᠢᠭᠤᠯᠤᠨ ᠣᠨᠳᠣᠤ ᠭᠠᠵᠠᠷ ᠲᠤ ᠡᠪᠡᠳᠴᠢᠨ ᠦᠵᠡᠭᠦᠯᠬᠦ ᠶᠢ ᠳᠠᠩᠰᠠᠯᠠᠭᠤᠯᠬᠤ ᠪᠠᠷ ᠭᠤᠶᠤᠴᠢᠯᠠᠵᠤ | ᠪᠣᠯᠤᠨ᠎ᠠ᠂ ᠰᠦᠯᠵᠢᠶᠡᠨ ᠭᠠᠳᠠᠨᠠᠬᠢ ᠳᠠᠩᠰᠠᠯᠠᠯ ᠢ ᠴᠠᠭ ᠲᠤᠬᠠᠶ ᠳᠤ ᠨᠢ ᠭᠦᠢᠴᠡᠳᠬᠡᠵᠦ᠂ ᠰᠦᠯᠵᠢᠶᠡᠨ ᠳᠡᠭᠡᠷ᠎ᠡ | ᠳᠠᠩᠰᠠᠯᠠᠭᠤᠯᠤᠭᠰᠠᠨ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠭᠡᠬᠦ ᠪᠠᠶᠢᠭᠤᠯᠤᠮᠵᠢ 2 ᠠᠵᠢᠯᠯᠠᠬᠤ | ᠡᠳᠦᠷ ᠤᠨ ᠳᠣᠲᠣᠷ᠎ᠠ ᠬᠢᠨᠠᠨ ᠬᠠᠷᠭᠤᠭᠤᠯᠬᠤ ᠶᠢ ᠪᠡᠶᠡᠯᠡᠭᠦᠯᠦᠨ᠎ᠡ᠃ | ᠬᠤᠶᠠᠷ᠂ ᠳᠠᠩᠰᠠᠯᠠᠭᠤᠯᠬᠤ ᠬᠥᠮᠦᠰ ᠤᠨ ᠲᠥᠷᠥᠯ ᠬᠤᠪᠢᠶᠠᠬᠤ ᠵᠢᠴᠢ ᠬᠡᠷᠡᠭᠰᠡᠬᠦ ᠮᠠᠲ᠋ᠧᠷᠢᠶᠠᠯ | ᠡᠯ᠎ᠡ ᠲᠥᠷᠥᠯ ᠤᠨ ᠳᠠᠩᠰᠠᠯᠠᠭᠤᠯᠬᠤ ᠬᠥᠮᠥᠰ ᠤᠨ ᠬᠡᠷᠡᠭᠰᠡᠬᠦ ᠮᠠᠲ᠋ᠧᠷᠢᠶᠠᠯ ᠨᠢ ᠳᠣᠣᠷᠠᠬᠢ ᠮᠡᠲᠦ᠄ | ︵1 ︶ ᠣᠨᠳᠣᠤ ᠭᠠᠵᠠᠷ ᠲᠤ ᠲᠥᠪᠬᠢᠨᠡᠭᠦᠯᠦᠭᠰᠡᠨ ᠠᠵᠢᠯ ᠠᠴᠠ ᠪᠠᠨ ᠠᠮᠠᠷᠠᠭᠰᠠᠳ᠄ ᠠᠵᠢᠯ ᠠᠴᠠ ᠪᠠᠨ | ᠠᠮᠠᠷᠠᠭᠰᠠᠨ ᠤ ᠳᠠᠷᠠᠭ᠎ᠠ ᠣᠨᠳᠣᠤ ᠭᠠᠵᠠᠷ ᠲᠤ ᠰᠠᠭᠤᠷᠢᠰᠢᠭᠰᠠᠨ ᠪᠥᠭᠡᠳ ᠡᠷᠦᠬᠡ ᠠᠮᠠ ᠶᠢᠨ ᠲᠠᠩᠰᠠ ᠶᠢᠨ | ᠭᠠᠵᠠᠷ ᠲᠤ ᠨᠡᠭᠦᠵᠦ ᠢᠷᠡᠭᠰᠡᠨ ᠬᠥᠮᠦᠰ ᠢ ᠵᠢᠭᠠᠵᠤ ᠪᠣᠶ᠂ ᠬᠦᠴᠦᠨ ᠪᠥᠬᠦᠶ ᠪᠡᠶ᠎ᠡ ᠶᠢᠨ ᠭᠡᠷᠡᠴᠢ ︵ᠪᠡᠶ᠎ᠡ ᠶᠢᠨ | ᠦᠨᠡᠮᠯᠡᠯ ᠂ ᠡᠮᠴᠢᠯᠡᠭᠡᠨ ᠤ ᠳᠠᠭᠠᠳᠬᠠᠯ ᠤᠨ ᠺᠣᠳ᠋ ᠪᠤᠶᠤ ᠨᠡᠶᠢᠭᠡᠮ ᠤᠨ ᠪᠠᠲᠤᠯᠠᠭ᠎ᠠ ᠶᠢᠨ ᠺᠠᠷᠲ︶᠂ ᠣᠨᠳᠣᠤ | ᠭᠠᠵᠠᠷ ᠤᠨ ᠰᠠᠭᠤᠭᠠᠯᠢ ᠠᠷᠠᠳ ᠤᠨ ᠡᠷᠦᠬᠡ ᠠᠮᠠ ᠶᠢᠨ ᠳᠡᠪᠲᠡᠷ ︵︽ᠡᠷᠦᠬᠡ ᠠᠮᠠ ᠶᠢᠨ ᠳᠡᠪᠲᠡᠷ ᠤᠨ ᠲᠡᠷᠢᠭᠦᠨ | ᠬᠠᠭᠤᠳᠠᠰᠤ︾ ᠪᠠ ᠲᠣᠰ ᠬᠥᠮᠦᠨ ᠤ ︽ᠪᠠᠶᠢᠩᠭᠤ ᠰᠠᠭᠤᠭ᠎ᠠ ᠬᠥᠮᠦᠨ ᠠᠮᠠ ᠶᠢ ᠳᠠᠩᠰᠠᠯᠠᠬᠤ ᠺᠠᠷᠲ︾ ᠢ | ᠪᠠᠭᠲᠠᠭᠠᠨ᠎ᠠ︶ ᠢᠶᠠᠨ ᠬᠠᠩᠭᠠᠨ᠎ᠠ ᠃ | ︵2︶ ᠣᠨᠳᠣᠤ ᠭᠠᠵᠠᠷ ᠲᠤ ᠣᠷᠳᠣ ᠬᠤᠭᠤᠴᠠᠭ᠎ᠠ ᠪᠠᠷ ᠰᠠᠭᠤᠷᠢᠰᠢᠵᠤ ᠪᠠᠶᠢᠭ᠎ᠠ ᠬᠥᠮᠦᠰ᠄ ᠣᠷᠳᠣ | ᠬᠤᠭᠤᠴᠠᠭ᠎ᠠ ᠪᠠᠷ ᠣᠨᠳᠣᠤ ᠭᠠᠵᠠᠷ ᠲᠤ ᠰᠠᠭᠤᠷᠢᠰᠢᠵᠤ ᠠᠮᠢᠳᠤᠷᠠᠵᠤ ᠪᠠᠶᠢᠬᠤ ᠪᠥᠭᠡᠳ ᠳᠠᠭᠠᠳᠬᠠᠯ ᠳᠤ | ᠣᠷᠣᠯᠴᠠᠭᠰᠠᠨ ᠭᠠᠵᠠᠷ ᠤᠨ ᠲᠣᠭᠲᠠᠭᠠᠯ ᠳᠤ ᠨᠡᠶᠢᠴᠡᠬᠦ ᠬᠥᠮᠦᠰ ᠢ ᠵᠢᠭᠠᠵᠤ ᠪᠣᠢ ᠂ ᠬᠦᠴᠦᠨ ᠪᠥᠬᠦᠶ ᠪᠡᠶ᠎ᠡ ᠶᠢᠨ | ᠭᠡᠷᠡᠴᠢ ︵ᠪᠡᠶ᠎ᠡ ᠶᠢᠨ ᠦᠨᠡᠮᠯᠡᠯ ᠂ ᠡᠮᠴᠢᠯᠡᠭᠡᠨ ᠤ ᠳᠠᠭᠠᠳᠬᠠᠯ ᠤᠨ ᠺᠣᠳ᠋ ᠪᠤᠶᠤ ᠨᠡᠶᠢᠭᠡᠮ ᠤᠨ ᠪᠠᠲᠤᠯᠠᠭ᠎ᠠ ᠶᠢᠨ ᠺᠠᠷᠲ ︶ | ᠪᠠ ᠣᠨᠳᠤᠤ ᠭᠠᠵᠠᠷ ᠰᠠᠭᠤᠷᠢᠰᠢᠬᠤ ᠦᠨᠡᠮᠯᠡᠯ ᠢᠶᠠᠨ ᠬᠠᠩᠭᠠᠨ᠎ᠠ ᠃ | ︵3 ︶ ᠣᠨᠳᠣᠤ ᠭᠠᠵᠠᠷ ᠲᠤ ᠪᠠᠶᠢᠩᠭᠤ ᠰᠠᠭᠤᠭ᠎ᠠ ᠠᠵᠢᠯᠲᠠᠨ᠄ ᠬᠥᠮᠦᠨ ᠬᠡᠷᠡᠭᠯᠡᠬᠦ ᠨᠢᠭᠡᠴᠢ ᠣᠨᠳᠣᠤ | ᠭᠠᠵᠠᠷ ᠲᠤ ᠲᠣᠮᠢᠯᠠᠨ ᠰᠠᠭᠤᠯᠭᠠᠵᠤ ᠠᠵᠢᠯᠯᠠᠵᠤ ᠪᠠᠶᠢᠬᠤ ᠮᠥᠷᠲᠡᠭᠡᠨ ᠳᠠᠭᠠᠳᠬᠠᠯ ᠳᠤ ᠣᠷᠣᠯᠴᠠᠭᠰᠠᠨ ᠭᠠᠵᠠᠷ ᠤᠨ | ᠲᠣᠭᠲᠠᠭᠠᠯ ᠳᠤ ᠨᠡᠶᠢᠴᠡᠭᠰᠡᠨ ᠬᠥᠮᠦᠰ ᠢ ᠵᠢᠭᠠᠵᠤ ᠪᠤᠶ᠂ ᠬᠦᠴᠦᠨ ᠪᠦᠬᠦᠢ ᠪᠡᠶ᠎ᠡ ᠶᠢᠨ ᠭᠡᠷᠡᠴᠢ ︵ᠪᠡᠶ᠎ᠡ ᠶᠢᠨ | ᠦᠨᠡᠮᠯᠡᠯ ᠂ ᠡᠮᠴᠢᠯᠡᠭᠡᠨ ᠤ ᠳᠠᠭᠠᠳᠬᠠᠯ ᠤᠨ ᠺᠣᠳ᠋ ᠪᠤᠶᠤ ᠨᠡᠶᠢᠭᠡᠮ ᠤᠨ ᠪᠠᠲᠤᠯᠠᠭ᠎ᠠ ᠶᠢᠨ ᠺᠠᠷᠲ ︶ ᠂ ᠳᠠᠭᠠᠳᠬᠠᠯ ᠳᠤ | ᠣᠷᠣᠯᠴᠠᠭᠰᠠᠨ ᠭᠠᠵᠠᠷ ᠤᠨ ᠠᠵᠢᠯ ᠤᠨ ᠨᠢᠭᠡᠴᠢ ᠭᠡᠷᠡᠴᠢ ᠪᠠᠷᠢᠮᠲᠠ ᠪᠤᠶᠤ ᠪᠤᠰᠤᠳ ᠭᠠᠵᠠᠷ ᠤᠨ ᠠᠵᠢᠯ ᠤᠨ | ᠬᠥᠳᠡᠯᠮᠦᠷᠢ ᠶᠢᠨ ᠭᠡᠷ᠎ᠡ ᠪᠠᠨ ᠬᠠᠩᠭᠠᠨ᠎ᠠ᠃ | ︵4︶ ᠮᠣᠵᠢ ᠠᠯᠤᠰᠯᠠᠨ ᠲᠦᠷ ᠴᠠᠭ ᠭᠠᠳᠠᠭᠰᠢ ᠭᠠᠷᠴᠤ ᠡᠮᠨᠡᠭᠦᠯᠬᠦ ᠪᠤᠰᠤᠳ ᠬᠥᠮᠦᠰ᠄ ᠬᠦᠴᠦᠨ ᠪᠦᠬᠦᠢ | ᠪᠡᠶ᠎ᠡ ᠶᠢᠨ ᠦᠨᠡᠮᠯᠡᠯ ᠂ ᠡᠮᠴᠢᠯᠡᠭᠡᠨ ᠤ ᠳᠠᠭᠠᠳᠬᠠᠯ ᠤᠨ ᠺᠣᠳ᠋ ᠪᠤᠶᠤ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠨ | ᠬᠠᠩᠭᠠᠨ᠎ᠠ᠃ | ᠭᠤᠷᠪᠠ᠂ ᠳᠤᠲᠠᠭᠳᠠᠯ ᠢ ᠠᠭᠤᠴᠢᠯᠠᠨ ᠰᠢᠢᠳᠪᠦᠷᠢᠯᠡᠬᠦ ᠱᠠᠭᠠᠷᠳᠠᠯᠭ᠎ᠠ | ᠮᠤᠵᠢ ᠠᠯᠤᠰᠯᠠᠨ ᠣᠨᠳᠣᠤ ᠭᠠᠵᠠᠷ ᠲᠤ ᠣᠷᠳᠣ ᠬᠤᠭᠤᠴᠠᠭ᠎ᠠ ᠪᠠᠷ ᠰᠠᠭᠤᠷᠢᠰᠢᠵᠤ ᠪᠠᠶᠢᠭ᠎ᠠ ᠬᠥᠮᠦᠰ ︵ | ᠣᠨᠳᠣᠤ ᠭᠠᠵᠠᠷ ᠲᠤ ᠳᠥᠪᠬᠢᠨᠡᠭᠦᠯᠦᠭᠰᠡᠨ ᠠᠵᠢᠯ ᠠᠴᠠ ᠪᠠᠨ ᠠᠮᠠᠷᠠᠭᠰᠠᠳ᠂ ᠣᠨᠳᠣᠤ ᠭᠠᠵᠠᠷ ᠲᠤ ᠤᠷᠲᠤ | ᠬᠤᠭᠤᠴᠠᠭ᠎ᠠ ᠪᠠᠷ ᠰᠠᠭᠤᠵᠤ ᠪᠠᠶᠢᠭ᠎ᠠ ᠬᠦᠮᠦᠰ ᠂ ᠣᠨᠳᠤᠤ ᠭᠠᠵᠠᠷ ᠲᠤ ᠪᠠᠶᠢᠩᠭᠤ ᠰᠠᠭᠤᠭ᠎ᠠ ᠠᠵᠢᠯᠲᠠᠨ ᠢ | ᠪᠠᠭᠲᠠᠭᠠᠨ᠎ᠠ ︶ ᠳᠠᠩᠰᠠᠯᠠᠭᠤᠯᠬᠤ ᠶᠢ ᠭᠦᠢᠴᠡᠳᠭᠡᠬᠦ ᠳᠤ ᠪᠠᠨ ᠮᠠᠲ᠋ᠧᠷᠢᠶᠠᠯ ᠨᠢ ᠪᠦᠷᠢᠨ ᠪᠤᠰᠤ ᠪᠠᠶᠢᠵᠤ᠂ ᠤᠷᠢᠳ ᠢᠶᠠᠷ | ᠠᠮᠠᠯᠠᠯᠲᠠ ᠶᠢᠨ ᠪᠢᠴᠢᠭ ᠲᠤ ᠭᠠᠷ ᠤᠨ ᠥᠰᠥᠭ ᠵᠢᠷᠤᠵᠤ ᠳᠠᠩᠰᠠᠯᠠᠭᠤᠯᠬᠤ ᠪᠠᠷ ᠭᠤᠶᠤᠴᠢᠯᠠᠵᠤ ᠪᠣᠯᠤᠨ᠎ᠠ᠂ ᠭᠡᠪᠡᠴᠦ | 1 ᠰᠠᠷ᠎ᠠ ᠶᠢᠨ ᠳᠣᠲᠣᠷ᠎ᠠ ᠳᠠᠩᠰᠠᠯᠠᠭᠤᠯᠬᠤ ᠮᠠᠲ᠋ᠧᠷᠢᠶᠠᠯ ︵1 ᠰᠠᠷ᠎ᠠ ᠶᠢᠨ ᠳᠣᠲᠣᠷ᠎ᠠ ᠣᠨᠳᠣᠤ ᠭᠠᠵᠠᠷ ᠲᠤ | ᠡᠪᠡᠳᠴᠢᠨ ᠦᠵᠡᠭᠦᠯᠬᠦ ᠳᠤ ᠭᠠᠷᠤᠭᠰᠠᠨ ᠵᠠᠷᠤᠳᠠᠯ ᠢ ᠨᠥᠬᠦᠪᠥᠷᠢᠯᠡᠵᠦ ᠥᠭᠬᠦ ᠬᠡᠷᠡᠭᠲᠡᠶ᠂ ᠵᠠᠷᠤᠳᠠᠯ ᠢ ᠳ᠋ᠦᠩᠨᠡᠨ | ᠪᠤᠳᠤᠬᠤ ᠠᠴᠠ ᠡᠮᠦᠨ᠎ᠡ ᠳᠠᠩᠰᠠᠯᠠᠭᠤᠯᠬᠤ ᠮᠠᠲ᠋ᠧᠷᠢᠶᠠᠯ ᠢ ᠨᠥᠬᠦᠪᠥᠷᠢᠯᠡᠵᠦ ᠳᠡᠶᠢᠯᠬᠦ ᠥᠬᠡᠶ︶᠂ ᠳᠠᠩᠰᠠᠯᠠᠭᠤᠯᠬᠤ | ᠮᠠᠲ᠋ᠧᠷᠢᠶᠠᠯ ᠢ ᠲᠣᠭᠲᠠᠭᠠᠯ ᠶᠣᠰᠣᠭᠠᠷ ᠨᠥᠬᠦᠪᠥᠷᠢᠯᠡᠵᠦ ᠳᠡᠶᠢᠯᠦᠭᠰᠡᠨ ᠥᠬᠡᠶ ᠪᠠᠶᠢᠪᠠᠯ᠂ ︽ᠪᠤᠰᠤᠳ ᠮᠤᠵᠢ | ᠠᠯᠤᠰᠯᠠᠨ ᠲᠦᠷ ᠴᠠᠭ ᠭᠠᠳᠠᠭᠰᠢ ᠭᠠᠷᠴᠤ ᠡᠪᠡᠳᠴᠢᠨ ᠦᠵᠡᠭᠦᠯᠦᠭᠴᠢ︾ ᠭᠡᠵᠦ ᠦᠵᠡᠬᠦ ᠪᠥᠭᠡᠳ ︽ᠪᠤᠰᠤᠳ | ᠮᠤᠵᠢ ᠠᠯᠤᠰᠯᠠᠨ ᠲᠦᠷ ᠴᠠᠭ ᠭᠠᠳᠠᠭᠰᠢ ᠭᠠᠷᠴᠤ ᠡᠪᠡᠳᠴᠢᠨ ᠦᠵᠡᠭᠦᠯᠦᠭᠴᠢ︾ ᠶᠣᠰᠣᠭᠠᠷ ᠡᠮᠴᠢᠯᠡᠭᠡᠨ ᠤ | ᠳᠠᠭᠠᠳᠬᠠᠯ ᠤᠨ ᠣᠯᠭᠤᠮᠵᠢ ᠭᠥᠷᠳᠡᠨ᠎ᠡ᠃ | ᠳᠥᠷᠪᠡ᠂ ᠳᠠᠩᠰᠠᠯᠠᠭᠤᠯᠬᠤ ᠬᠦᠴᠦᠨ ᠪᠦᠬᠦᠢ ᠬᠤᠭᠤᠴᠠᠭ᠎ᠠ | ᠮᠤᠵᠢ ᠠᠯᠤᠰᠯᠠᠨ ᠣᠨᠳᠣᠤ ᠭᠠᠵᠠᠷ ᠣᠷᠳᠣ ᠬᠤᠭᠤᠴᠠᠭ᠎ᠠ ᠪᠠᠷ ᠰᠠᠭᠤᠵᠤ ᠪᠠᠶᠢᠭ᠎ᠠ ᠬᠥᠮᠦᠰ᠄ ᠳᠠᠩᠰᠠᠯᠠᠭᠤᠯᠬᠤ | ᠬᠦᠴᠦᠨ ᠲᠠᠢ ᠬᠤᠭᠤᠴᠠᠭ᠎ᠠ ᠶᠢ ᠳᠠᠭᠠᠳᠬᠠᠯ ᠳᠤ ᠣᠷᠣᠯᠴᠠᠭᠰᠠᠳ ᠥᠪᠡᠷᠲᠡᠭᠡᠨ ᠳᠣᠭᠢᠷᠠᠭᠤᠯᠵᠤ᠂ 6 ᠰᠠᠷ᠎ᠠ ᠶᠢᠨ | ᠳᠣᠲᠣᠷ᠎ᠠ ᠬᠦᠴᠦᠨ ᠥᠬᠡᠶ ᠪᠣᠯᠭᠠᠵᠤ ᠪᠣᠯᠬᠤ ᠥᠬᠡᠶ᠃ | ᠪᠤᠰᠤᠳ ᠮᠤᠵᠢ ᠠᠯᠤᠰᠯᠠᠨ ᠲᠦᠷ ᠴᠠᠭ ᠭᠠᠳᠠᠭᠰᠢ ᠭᠠᠷᠴᠤ ᠡᠮᠨᠡᠭᠦᠯᠵᠦ ᠪᠠᠶᠢᠭ᠎ᠠ ᠬᠥᠮᠦᠰ᠄ ᠳᠠᠩᠰᠠᠯᠠᠭᠤᠯᠬᠤ | ᠬᠦᠴᠦᠨ ᠲᠠᠢ ᠬᠤᠭᠤᠴᠠᠭ᠎ᠠ ᠨᠢ 6 ᠰᠠᠷ᠎ᠠ ᠪᠠᠶᠢᠵᠤ ᠂ ᠴᠠᠭ ᠢᠮᠠᠭᠲᠠ ᠬᠦᠴᠦᠨ ᠦᠭᠡᠶ ᠪᠣᠯᠭᠠᠵᠤ ᠪᠣᠯᠤᠨ᠎ᠠ᠃ | ᠳᠠᠩᠰᠠᠯᠠᠭᠤᠯᠤᠭᠰᠠᠨ ᠬᠦᠴᠦᠨ ᠲᠠᠢ ᠬᠤᠭᠤᠴᠠᠭᠠᠨ ᠳᠤ ᠳᠠᠭᠠᠳᠬᠠᠯ ᠳᠤ ᠣᠷᠣᠯᠴᠠᠭᠴᠢ ᠡᠮᠨᠡᠭᠦᠯᠬᠦ | ᠭᠠᠵᠠᠷ ᠲᠤ ᠪᠠᠨ ᠣᠯᠠᠨ ᠤᠳᠠᠭ᠎ᠠ ᠡᠮᠨᠡᠭᠦᠯᠬᠦ ᠶᠢᠨ ᠬᠠᠮᠲᠤ ᠰᠢᠭᠤᠳ ᠳ᠋ᠦᠩᠨᠡᠨ ᠪᠣᠳᠣᠵᠤ ᠪᠣᠯᠤᠨ᠎ᠠ᠂ ᠨᠢᠭᠡ ᠤᠳᠠᠭ᠎ᠠ | ᠡᠮᠨᠡᠭᠦᠯᠪᠡᠯ ᠨᠢᠭᠡ ᠤᠳᠠᠭ᠎ᠠ ᠳᠤ ᠳᠠᠩᠰᠠᠯᠠᠭᠤᠯᠬᠤ ᠴᠢᠬᠤᠯᠠ ᠦᠭᠡᠶ᠃ | ᠲᠠᠪᠤ᠂ ᠭᠦᠢᠴᠡᠳᠬᠡᠬᠦ ᠴᠠᠭ | ᠳᠡᠭᠡᠷᠡᠬᠢ ᠳᠠᠩᠰᠠᠯᠠᠭᠤᠯᠬᠤ ᠲᠥᠷᠥ ᠶᠢᠨ ᠪᠣᠳᠣᠯᠭ᠎ᠠ ᠶᠢ 2024 ᠣᠨ ᠤ 11 ᠳ᠋ᠤᠭᠡᠷ ᠰᠠᠷ᠎ᠠ ᠶᠢᠨ 1 ᠤ | ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ 2024 ᠣᠨ ᠤ 11 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠮᠦᠨ᠎ᠡ | ᠨᠢᠭᠡᠨᠲᠡ ᠳᠠᠩᠰᠠᠯᠠᠭᠤᠯᠤᠭᠰᠠᠨ ︽ᠮᠤᠵᠢ ᠠᠯᠤᠰᠯᠠᠨ ᠣᠨᠳᠣᠤ ᠭᠠᠵᠠᠷ ᠲᠤ ᠣᠷᠳᠣ ᠬᠤᠭᠤᠴᠠᠭ᠎ᠠ ᠪᠠᠷ ᠰᠠᠭᠤᠵᠤ | ᠪᠠᠶᠢᠭ᠎ᠠ ᠬᠥᠮᠦᠰ︾ 2024 ᠣᠨ ᠤ 11 ᠳ᠋ᠦ᠋ᠭᠡᠷ ᠰᠠᠷ᠎ᠠ ᠶᠢᠨ 1 ᠤ ᠡᠳᠦᠷ ᠠᠴᠠ 2025 ᠣᠨ ᠤ 3 ᠳ᠋ᠤᠭᠠᠷ | ᠰᠠᠷ᠎ᠠ ᠶᠢᠨ 31 ᠤ ᠡᠳᠦᠷ ᠪᠣᠯᠲᠠᠯ᠎ᠠ ᠰᠢᠯᠵᠢᠯᠲᠡ ᠶᠢᠨ ᠬᠤᠭᠤᠴᠠᠭ᠎ᠠ ᠪᠣᠯᠣᠨ᠎ᠠ᠂ ᠰᠢᠯᠵᠢᠯᠲᠡ ᠶᠢᠨ ᠬᠤᠭᠤᠴᠠᠭᠠᠨ ᠳᠤ | ᠰᠢᠨ᠎ᠡ ᠱᠠᠭᠠᠷᠳᠠᠯᠭ᠎ᠠ ᠶᠣᠰᠣᠭᠠᠷ ᠳᠠᠩᠰᠠᠯᠠᠭᠤᠯᠤᠭᠰᠠᠨ ᠮᠠᠲ᠋ᠧᠷᠢᠶᠠᠯ ᠢ ᠨᠥᠬᠦᠪᠦᠷᠢᠯᠡᠬᠦ ᠬᠡᠷᠡᠭᠲᠡᠢ᠂ ᠰᠢᠯᠵᠢᠯᠲᠡ ᠶᠢᠨ | ᠬᠤᠭᠤᠴᠠᠭᠠᠨ ᠳᠤ ᠳᠠᠩᠰᠠᠯᠠᠭᠤᠯᠬᠤ ᠮᠠᠲ᠋ᠧᠷᠢᠶᠠᠯ ᠢ ᠨᠥᠬᠦᠵᠦ ᠳᠡᠶᠢᠯᠦᠭᠰᠡᠨ ᠦᠭᠡᠢ ᠪᠣᠯ᠂ ᠤᠤᠯ ᠤᠨ | ᠳᠠᠩᠰᠠᠯᠠᠭᠤᠯᠤᠭᠠᠳ ᠬᠦᠴᠦᠨ ᠦᠭᠡᠢ ᠪᠣᠯᠵᠤ ᠂ ᠳᠠᠭᠠᠳᠬᠠᠯ ᠳᠤ ᠣᠷᠣᠯᠴᠠᠭᠰᠠᠳ ᠰᠢᠨ᠎ᠡ ᠲᠥᠷᠥ ᠶᠢᠨ | ᠪᠣᠳᠣᠯᠭ᠎ᠠ ᠶᠢᠨ ᠶᠣᠰᠣᠭᠠᠷ ᠳᠠᠬᠢᠵᠤ ᠳᠠᠩᠰᠠᠯᠠᠭᠤᠯᠬᠤ ᠬᠡᠷᠡᠭᠲᠡᠢ᠃ | ᠵᠢᠷᠭᠤᠭ᠎ᠠ᠂ ᠳᠠᠩᠰᠠᠯᠠᠭᠤᠯᠬᠤ ᠠᠷᠭ᠎ᠠ ᠵᠠᠮ | ᠰᠦᠯᠵᠢᠶᠡᠨ ᠳᠡᠭᠡᠷ᠎ᠡ ᠥᠪᠥᠷ ᠮᠣᠩᠭᠤᠯ ᠤᠨ ᠡᠮᠴᠢᠯᠡᠭᠡᠨ ᠤ ᠳᠠᠭᠠᠳᠬᠠᠯ ᠤᠨ APP᠂ ︽ᠥᠪᠥᠷ | ᠮᠣᠩᠭᠤᠯ ᠤᠨ ᠡᠮᠴᠢᠯᠡᠭᠡᠨ ᠤ ᠳᠠᠭᠠᠳᠬᠠᠯ︾ ᠤᠨ ᠸᠢᠴᠠᠲ ᠪᠠ ᡁᠢ ᠹᠦ᠋ ᠪᠣᠣ ᠶᠢᠨ ᠵᠢᠵᠢᠭ ᠫᠷᠤᠭ᠍ᠷᠠᠮ ᠵᠡᠷᠭᠡ ᠪᠠᠷ | ᠳᠠᠮᠵᠢᠭᠤᠯᠤᠨ ᠭᠦᠢᠴᠡᠳᠭᠡᠵᠦ ᠪᠣᠯᠤᠨ᠎ᠠ᠂ ᠰᠦᠯᠵᠢᠶᠡᠨ ᠭᠠᠳᠠᠨ᠎ᠠ ᠳᠠᠭᠠᠳᠬᠠᠯ ᠳᠤ ᠣᠷᠣᠯᠴᠠᠬᠤ ᠭᠠᠵᠠᠷ ᠤᠨ | ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠭᠡᠬᠦ ᠴᠣᠩᠬᠤᠪᠴᠢ ᠳᠤ ᠬᠦᠷᠴᠦ ᠭᠦᠢᠴᠡᠳᠭᠡᠵᠦ ᠪᠣᠯᠤᠨ᠎ᠠ᠃ | ᠥᠷᠭᠡᠨ ᠣᠯᠠᠨ ᠳᠠᠭᠠᠳᠬᠠᠯ ᠳᠤ ᠣᠷᠣᠯᠴᠠᠭᠰᠠᠳ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ | ᠦᠨᠳᠦᠰᠦᠯᠡᠨ᠂ ᠳᠠᠩᠰᠠᠯᠠᠭᠤᠯᠬᠤ ᠮᠠᠲ᠋ᠧᠷᠢᠶᠠᠯ ᠢ ᠴᠠᠭ ᠲᠤᠬᠠᠶ ᠳᠤ ᠨᠢ ᠭᠦᠢᠴᠡᠳᠭᠡᠬᠦ ᠪᠤᠶᠤ ᠨᠥᠬᠦᠪᠥᠷᠢᠯᠡᠵᠦ᠂ | ᠲᠠᠨ ᠤ ᠣᠨᠳᠣᠤ ᠭᠠᠵᠠᠷ ᠲᠤ ᠡᠮᠨᠡᠭᠦᠯᠬᠦ ᠡᠷᠬᠡ ᠠᠰᠢᠭ ᠢ ᠨᠥᠯᠥᠭᠡᠯᠡᠬᠦ ᠥᠬᠡᠶ ᠪᠠᠶᠢᠬᠤ ᠶᠢ ᠦᠨᠡᠨ ᠬᠦ ᠪᠠᠲᠤᠯᠠᠬᠤ | ᠬᠡᠷᠡᠭᠲᠡᠶ᠃ ᠬᠡᠷᠪᠡ ᠶᠠᠮᠠᠷ ᠨᠢᠭᠡᠨ ᠰᠡᠵᠢᠭ ᠲᠠᠢ ᠪᠤᠶᠤ ᠬᠠᠪᠰᠤᠷᠬᠤ ᠴᠢᠬᠤᠯᠠᠲᠠᠶ ᠪᠣᠯ᠂ ᠡᠯ᠎ᠡ ᠨᠢᠭᠡᠳᠦᠯᠲᠡᠶ | ᠲᠥᠯᠥᠪᠯᠡᠬᠦ ᠣᠷᠣᠨ ᠤ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠶᠢᠨ ᠠᠰᠠᠭᠤᠨ | ᠯᠠᠪᠯᠠᠬᠤ ᠤᠲᠠᠰᠤ ᠪᠠᠷ ᠤᠲᠠᠰᠤᠳᠠᠵᠤ ᠪᠣᠯᠤᠨ᠎ᠠ᠃ | |