2024 ᠣᠨ ᠤ ᠭᠤᠷᠪᠠᠳᠤᠭᠠᠷ ᠤᠯᠠᠷᠢᠯ ᠤᠨ ᠪᠥᠬᠦ ᠬᠤᠲᠠ ᠶᠢᠨ ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠰᠢᠨ᠎ᠡ ᠪᠠᠷ ᠨᠡᠮᠡᠭᠳᠡᠭᠰᠡᠨ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠢ ᠰᠢᠯᠢᠨ ᠰᠣᠩᠭᠤᠵᠤ ᠬᠢᠨᠠᠨ ᠬᠠᠷᠭᠤᠭᠤᠯᠤᠭᠰᠠᠨ ᠳ᠋ᠦᠩ ᠢ ᠨᠡᠶᠢᠲᠡᠯᠡᠬᠦ ᠲᠤᠬᠠᠶ ᠬᠥᠬᠡᠬᠤᠲᠠ ᠶᠢᠨ ᠡᠮ ᠡᠮᠨᠡᠯᠭᠡ ᠶᠢᠨ ᠬᠤᠳᠠᠯᠳᠤᠨ ᠠᠪᠬᠤ ᠲᠥᠪ ᠤᠨ ᠵᠠᠷᠯᠠᠯ
ᠨᠡᠶᠢᠲᠡᠯᠡᠭᠰᠡᠨ ᠴᠠᠭ᠄
2024/10/8
ᠡᠯ᠎ᠡ ᠬᠤᠯᠪᠣᠭᠳᠠᠯ ᠪᠦᠬᠦᠢ ᠡᠵᠡᠩᠨᠡᠯᠲᠡ ᠶᠢᠨ ᠠᠵᠤ ᠠᠬᠤᠶᠢᠯᠠᠯ ᠳᠤ᠄  ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠬᠤᠳᠠᠯᠳᠤᠨ ᠠᠪᠬᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠥᠪᠥᠷ ᠡᠮᠴᠢᠯᠡᠭᠡᠨ ᠪᠠᠳᠤᠯᠠᠭ᠎ᠠ ᠠᠯᠪᠠᠨ ᠲᠠᠷᠬᠠᠭᠠᠭᠰᠠᠨ ﹇2019 ﹈ 41 ᠳ᠋ᠤᠭᠡᠷ ᠲᠣᠭᠠᠲᠤ︶ ᠪᠠ ᠬᠥᠬᠡᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ︽ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠨᠡᠷ᠎ᠡ ᠮᠡᠳᠡᠭᠦᠯᠵᠦ ᠰᠢᠯᠢᠨ ᠰᠣᠩᠭᠤᠬᠤ ᠠᠵᠢᠯ ᠢ ᠤᠯᠠᠷᠢᠯ ᠢᠶᠠᠷ ᠪᠠᠶᠢᠩᠭᠤᠵᠢᠭᠤᠯᠤᠨ ᠥᠷᠨᠢᠭᠦᠯᠬᠦ ᠲᠤᠬᠠᠶ ᠮᠡᠳᠡᠭᠳᠡᠯ︾ ︵ᠬᠥᠬᠡᠬᠤᠲᠠ ᠡᠮᠴᠢᠯᠡᠭᠡᠨ ᠪᠠᠲᠤᠯᠠᠭ᠎ᠠ ᠠᠯᠪᠠᠨ ᠲᠠᠷᠬᠠᠭᠠᠭᠰᠠᠨ ﹇ 2022 ﹈ 43 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠲᠠ ᠶᠢᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠪᠠᠶᠢᠳᠠᠯ ᠤᠨ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠬᠥᠬᠡᠬᠤᠲᠠ ᠶᠢᠨ ᠡᠮ ᠡᠮᠨᠡᠯᠭᠡ ᠬᠤᠳᠠᠯᠳᠤᠨ ᠠᠪᠬᠤ ᠲᠥᠪ ᠠᠴᠠ 2024 ᠣᠨ ᠤ ᠭᠤᠷᠪᠠᠳᠤᠭᠠᠷ ᠤᠯᠠᠷᠢᠯ ᠤᠨ ᠪᠥᠬᠦ ᠬᠤᠲᠠ ᠶᠢᠨ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠢ ᠰᠢᠯᠢᠨ ᠰᠣᠩᠭᠤᠵᠤ ᠳᠣᠭᠢᠷᠠᠭᠤᠯᠬᠤ ᠵᠢᠴᠢ ᠨᠡᠭᠡᠭᠡᠵᠦ ᠬᠦᠷᠭᠡᠬᠦ ᠡᠷᠬᠡ ᠮᠡᠳᠡᠯ ᠤᠨ ᠠᠵᠢᠯ ᠢ ᠥᠷᠨᠢᠭᠦᠯᠦᠨ᠎ᠡ᠃ ᠮᠠᠨ ᠤ ᠲᠥᠪ ᠠᠴᠠ ᠭᠤᠶᠤᠴᠢᠯᠠᠨ ᠮᠡᠳᠡᠭᠦᠯᠦᠭᠰᠡᠨ ᠬᠥᠬᠡᠬᠤᠲᠠ ᠣᠷᠣᠨ ᠤ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠮᠠᠲ᠋ᠧᠷᠢᠶᠠᠯ ᠢ ᠬᠢᠨᠠᠨ ᠬᠠᠷᠭᠤᠭᠤᠯᠵᠤ᠂ ᠡᠳᠦᠭᠡ ᠪᠠᠲᠤᠯᠠᠭᠰᠠᠨ ᠳ᠋ᠦᠩ ︵ᠳᠠᠭᠠᠯᠳᠤᠭᠤᠯᠤᠯ ᠳᠤ ᠦᠵᠡ︶ ᠢ ᠨᠡᠶᠢᠲᠡᠯᠡᠪᠡ᠄  ᠨᠢᠭᠡ᠂ ᠨᠡᠶᠢᠲᠡᠯᠡᠬᠦ ᠬᠤᠭᠤᠴᠠᠭ᠎ᠠ  2024 ᠣᠨ ᠤ 10 ᠳ᠋ᠤᠭᠠᠷ ᠰᠠᠷ᠎ᠠ ᠶᠢᠨ 9 ᠤ ᠡᠳᠦᠷ ᠠᠴᠠ 15 ᠤ ᠡᠳᠦᠷ ᠪᠣᠯᠲᠠᠯ᠎ᠠ  ᠬᠤᠶᠠᠷ᠂ ᠨᠡᠶᠢᠲᠡᠯᠡᠬᠦ ᠨᠢᠭᠡᠴᠢ  ᠬᠥᠬᠡᠬᠤᠲᠠ ᠶᠢᠨ ᠡᠮ ᠡᠮᠨᠡᠯᠭᠡ ᠬᠤᠳᠠᠯᠳᠤᠨ ᠠᠪᠬᠤ ᠲᠥᠪ  ᠭᠤᠷᠪᠠ᠂ ᠨᠡᠶᠢᠲᠡᠯᠡᠬᠦ ᠱᠠᠭᠠᠷᠳᠠᠯᠭ᠎ᠠ  1. ᠬᠡᠷᠪᠡ ᠪᠠᠶᠢᠳᠠᠯ ᠢ ᠲᠤᠰᠬᠠᠪᠠᠯ ᠪᠢᠴᠢᠭ᠂ ᠤᠲᠠᠰᠤ ᠪᠤᠶᠤ ᠬᠥᠮᠥᠨ ᠢᠷᠡᠭᠦᠯᠬᠦ ᠵᠡᠷᠭᠡ ᠠᠷᠭ᠎ᠠ ᠮᠠᠶ᠋ᠢᠭ ᠢᠶᠠᠷ ᠭᠥᠯᠢᠶᠡᠨ ᠠᠪᠴᠤ ᠰᠢᠢᠳᠪᠦᠷᠢᠯᠡᠬᠦ ᠰᠠᠨᠠᠯ ᠤᠨ ᠨᠢᠭᠡᠴᠢ ᠳᠤ ᠲᠤᠰᠬᠠᠬᠤ ᠬᠡᠷᠡᠭᠲᠡᠢ ᠃  2. ᠲᠤᠰᠬᠠᠭᠴᠢ ᠨᠢ ᠡᠷᠬᠡᠪᠰᠢ ᠦᠨᠡᠨ ᠪᠣᠳᠠᠲᠠᠶ ᠣᠪᠣᠭ ᠨᠡᠷ᠎ᠡ ᠪᠠᠷ ᠪᠠᠶᠢᠳᠠᠯ ᠢ ᠲᠤᠰᠬᠠᠵᠤ ᠦᠨᠡᠨ ᠠᠴᠠ ᠵᠥᠪ ᠢ ᠡᠷᠢᠵᠦ᠂ ᠦᠨᠡᠨ ᠪᠣᠳᠠᠲᠠᠶ᠂ ᠪᠣᠳᠠᠲᠠᠶ ᠪᠠᠶᠢᠬᠤ ᠬᠡᠷᠡᠭᠲᠡᠶ᠃  3. ᠬᠦᠯᠢᠶᠡᠨ ᠠᠪᠴᠤ ᠰᠢᠢᠳᠪᠦᠷᠢᠯᠡᠬᠦ ᠠᠵᠢᠯᠲᠠᠨ ᠲᠤᠰᠬᠠᠭᠰᠠᠨ ᠪᠠ ᠲᠤᠰᠬᠠᠭᠰᠠᠨ ᠪᠠᠶᠢᠳᠠᠯ ᠤᠨ ᠨᠢᠭᠤᠴᠠ ᠶᠢ ᠴᠢᠩᠭ᠎ᠠ ᠬᠠᠮᠠᠭᠠᠯᠠᠬᠤ ᠬᠡᠷᠡᠭᠲᠡᠢ ᠃ ᠡᠷᠬᠡ ᠲᠡᠭᠰᠢ᠂ ᠲᠥᠪ ᠭᠤᠣᠯᠴᠢ᠂ ᠢᠯᠡ ᠲᠣᠳᠣ ᠪᠠᠶᠢᠬᠤ ᠶᠢ ᠨᠥᠯᠥᠭᠡᠯᠡᠵᠦ ᠮᠡᠳᠡᠬᠦ ᠠᠰᠠᠭᠤᠳᠠᠯ ᠢ ᠨᠠᠷᠢᠨ ᠬᠢᠨᠠᠮᠠᠭᠠᠶ ᠪᠠᠶᠢᠴᠠᠭᠠᠨ ᠬᠠᠷᠭᠤᠭᠤᠯᠬᠤ ᠬᠡᠷᠡᠭᠲᠡᠢ ᠃  ᠳᠥᠷᠪᠡ᠂ ᠮᠡᠳᠡᠭᠦᠯᠬᠦ ︵ᠵᠠᠭᠠᠯᠳᠤᠬᠤ ︶ ᠤᠲᠠᠰᠤ  0471 - 3908541  ᠳᠠᠭᠠᠯᠳᠤᠭᠤᠯᠤᠯ᠄ 2024 ᠣᠨ ᠤ ᠭᠤᠷᠪᠠᠳᠤᠭᠠᠷ ᠤᠯᠠᠷᠢᠯ ᠤᠨ ᠬᠥᠬᠡᠬᠤᠲᠠ ᠶᠢᠨ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠰᠢᠨ᠎ᠡ ᠪᠠᠷ ᠨᠡᠮᠡᠭᠳᠡᠭᠰᠡᠨ ᠲᠠᠩᠰᠠᠨ ᠡᠷᠦᠬᠡ ᠶᠢ ᠰᠢᠯᠢᠨ ᠰᠣᠩᠭᠤᠵᠤ ᠬᠢᠨᠠᠨ ᠬᠠᠷᠭᠤᠭᠤᠯᠵᠤ ᠪᠠᠲᠤᠯᠠᠭᠳᠠᠭᠰᠠᠨ ᠨᠡᠶᠢᠲᠡᠯᠡᠬᠦ ᠬᠦᠰᠦᠨᠦᠭᠲᠦ

 

 

 
ᠢᠷᠡᠯᠲᠡ᠄ ᠬᠥᠬᠡᠬᠤᠲᠠ ᠶᠢᠨ ᠡᠮ ᠡᠮᠨᠡᠯᠭᠡ ᠬᠤᠳᠠᠯᠳᠤᠨ ᠠᠪᠬᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号