︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ | ᠪᠢᠴᠢᠭ ᠮᠠᠲ᠋ᠧᠷᠢᠶᠠᠯ ᠤᠨ ᠬᠠᠮᠢᠶᠠᠷᠤᠯᠲᠠ ᠶᠢᠨ ᠠᠷᠭ᠎ᠠ︾ ︵ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠵᠠᠷᠯᠢᠭ 262 ᠳ᠋ᠤᠭᠠᠷ ᠲᠣᠭᠠᠲᠤ︶ ᠶᠢ ᠦᠨᠳᠦᠰᠦᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ 2024 ᠣᠨ ᠤ 11 ᠳ᠋ᠤᠭᠡᠷ ᠰᠠᠷ᠎ᠠ ᠶᠢᠨ ᠡᠬᠢ ᠪᠠᠷ ︽ᠪᠥᠬᠦ | ᠣᠷᠣᠨ ᠤ ᠠᠵᠢᠯᠲᠠᠨ ᠠᠵᠢᠯᠴᠢᠨ᠂ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠬᠤᠯᠪᠣᠭᠳᠠᠯ ᠪᠥᠬᠦᠶ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠲᠤᠬᠠᠶ ᠮᠡᠳᠡᠭᠳᠡᠯ ︵ᠰᠠᠨᠠᠯ ᠬᠤᠷᠢᠶᠠᠬᠤ | ᠨᠣᠤᠷᠠᠭ︶︾᠂ ︽ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠭᠦᠳᠡᠨ ᠡᠮᠨᠡᠯᠭᠡ ᠶᠢᠨ | ᠤᠳᠠᠭᠠᠨ ᠣᠨᠴᠠ ᠡᠪᠡᠳᠴᠢᠨ ᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ ︵ᠰᠠᠨᠠᠯ ᠬᠤᠷᠢᠶᠠᠬᠤ ᠨᠣᠤᠷᠠᠭ︶︾᠂ | ︽ᠪᠥᠬᠦ ᠣᠷᠣᠨ ᠤ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠩ ᠤᠨ ᠡᠭᠦᠳᠡᠨ | ᠡᠮᠨᠡᠯᠭᠡ ᠶᠢᠨ ᠨᠢᠭᠡᠳᠦᠯᠲᠡᠶ ᠲᠥᠯᠥᠪᠯᠡᠬᠦ ᠲᠦᠷᠢᠮ ᠢ ᠲᠡᠭᠦᠯᠳᠡᠷᠵᠢᠭᠦᠯᠬᠦ ᠲᠤᠬᠠᠶ ᠮᠡᠳᠡᠭᠳᠡᠯ ︵ᠰᠠᠨᠠᠯ ᠬᠤᠷᠢᠶᠠᠬᠤ | ᠨᠣᠤᠷᠠᠭ︶︾ ᠤᠨ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠬᠤ ᠪᠠᠷ ᠪᠣᠶ᠃ ᠡᠳᠦᠭᠡ ᠬᠤᠯᠪᠣᠭᠳᠠᠯ ᠪᠦᠬᠦᠢ | ᠤᠴᠢᠷ ᠢ ᠳᠣᠣᠷᠠᠬᠢ ᠮᠡᠲᠦ ᠵᠠᠷᠯᠠᠶ᠎ᠠ᠄ | ᠨᠢᠭᠡ᠂ ᠣᠷᠣᠯᠴᠠᠬᠤ ᠬᠥᠮᠦᠰ | ᠭᠡᠷᠡᠴᠢᠯᠡᠭᠡ ᠰᠣᠨᠣᠰᠬᠤ ᠬᠤᠷᠠᠯ ᠳᠤ ᠣᠷᠣᠯᠴᠠᠬᠤ ᠬᠥᠮᠦᠨ ᠨᠡᠶᠢᠲᠡ 7 ᠪᠠᠶᠢᠵᠤ᠂ ᠡᠭᠦᠨ ᠳᠤ᠄ 1 | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠂ 1 ᠤᠯᠤᠰ ᠲᠥᠷᠥ ᠶᠢᠨ ᠵᠥᠪᠯᠡᠯᠭᠡᠨ ᠤ | ᠭᠡᠰᠢᠭᠦᠨ᠂ 3 ᠡᠮ ᠡᠮᠨᠡᠯᠭᠡ ᠶᠢᠨ ᠪᠠᠶᠢᠭᠤᠯᠤᠮᠵᠢ ᠶᠢᠨ ᠲᠥᠯᠥᠭᠡᠯᠡᠭᠴᠢ ᠂ 2 ᠡᠮᠴᠢᠯᠡᠭᠡᠨ ᠤ ᠳᠠᠭᠠᠳᠬᠠᠯ ᠤᠨ ᠭᠠᠷᠲᠠᠨ | ᠭᠦᠢᠴᠡᠳᠭᠡᠬᠦ ᠪᠠᠶᠢᠭᠤᠯᠤᠮᠵᠢ ᠶᠢᠨ ᠬᠠᠮᠢᠶ᠎ᠠ ᠪᠥᠬᠦᠶ ᠠᠵᠢᠯᠲᠠᠨ ᠪᠣᠯᠣᠨ᠎ᠠ᠃ | ᠬᠤᠶᠠᠷ᠂ ᠪᠤᠢ ᠪᠤᠯᠬᠤ ᠬᠡᠯᠪᠡᠷᠢ | ︵ᠨᠢᠭᠡ︶ ᠭᠡᠷᠡᠴᠢᠯᠡᠭᠡ ᠰᠣᠨᠣᠰᠬᠤ ᠬᠤᠷᠠᠯ ᠤᠨ ᠡᠮ ᠡᠮᠨᠡᠯᠭᠡ ᠶᠢᠨ ᠪᠠᠶᠢᠭᠤᠯᠤᠮᠵᠢ ᠶᠢᠨ ᠲᠥᠯᠥᠭᠡᠯᠡᠭᠴᠢ | ᠰᠠᠶᠢᠨ ᠳᠤᠷ᠎ᠠ ᠠᠴᠠ ᠪᠠᠨ ᠨᠡᠷ᠎ᠡ ᠮᠡᠳᠡᠭᠦᠯᠬᠦ ᠬᠡᠯᠪᠡᠷᠢ ᠪᠠᠷ ᠪᠣᠶ ᠪᠣᠯᠤᠨ᠎ᠠ᠃ ᠨᠡᠷ᠎ᠡ ᠮᠡᠳᠡᠭᠦᠯᠦᠭᠴᠢ ᠳᠣᠤᠷᠠᠬᠢ | ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠶ᠄ | 1. ᠪᠦᠬᠦᠯᠢ 18 ᠨᠠᠰᠤ ᠬᠦᠷᠴᠦ᠂ ᠢᠷᠭᠡᠨ ᠤ ᠬᠡᠷᠡᠭ ᠤᠨ ᠠᠵᠢᠯᠯᠠᠭ᠎ᠠ ᠪᠦᠷᠢᠨ ᠴᠢᠳᠠᠪᠤᠷᠢ ᠲᠠᠢ ᠪᠠᠶᠢᠬᠤ ︔ | 2. ᠴᠢᠬᠤᠯᠠ ᠪᠦᠬᠦᠢ ᠬᠤᠪᠢ ᠬᠥᠮᠦᠨ ᠤ ᠮᠡᠳᠡᠭᠡ ᠵᠠᠩᠭᠢ ︵ᠣᠪᠣᠭ ᠨᠡᠷ᠎ᠡ᠂ ᠬᠦᠢᠰᠦ᠂ ᠪᠡᠶ᠎ᠡ ᠭᠠᠷᠤᠯ | ᠠᠵᠢᠯ ᠮᠡᠷᠭᠡᠵᠢᠯ ᠵᠡᠷᠭᠡ ᠶᠢ ᠪᠠᠭᠲᠠᠭᠠᠨ᠎ᠠ︶ ᠶᠢ ᠨᠢ ᠢᠯᠡ ᠪᠣᠯᠭᠠᠬᠤ ᠶᠢ ᠵᠥᠪᠰᠢᠶᠡᠷᠡᠭᠰᠡᠨ ᠪᠠᠶᠢᠬᠤ ︔ | 3.ᠵᠣᠬᠢᠬᠤ ᠬᠡᠮᠵᠢᠶᠡᠨ ᠤ ᠪᠠᠶᠢᠴᠠᠭᠠᠨ ᠰᠤᠳᠤᠯᠤᠯᠲᠠ᠂ ᠠᠰᠠᠭᠤᠳᠠᠯ ᠢ ᠵᠠᠳᠠᠯᠬᠤ ᠪᠠ ᠦᠭᠡ ᠬᠡᠯᠡ ᠦᠰᠦᠭ | ᠪᠢᠴᠢᠭ ᠢᠶᠠᠷ ᠢᠯᠡᠳᠭᠡᠬᠦ ᠴᠢᠳᠠᠪᠤᠷᠢ ᠲᠠᠢ ᠪᠠᠶᠢᠬᠤ ︔ | 4. ᠰᠠᠨᠠᠯ ᠢᠶᠠᠨ ᠪᠤᠰᠤᠳᠴᠢ ᠪᠠᠷ ᠢᠯᠡᠳᠬᠡᠬᠦ ᠶᠢᠨ ᠬᠠᠮᠲᠤ ᠴᠠᠭ ᠲᠤᠬᠠᠶ ᠳᠤ ᠨᠢ ᠪᠦᠬᠦ ᠶᠠᠪᠤᠴᠠ ᠳᠤ | ᠬᠤᠷᠠᠯ ᠳᠤ ᠣᠷᠣᠯᠴᠠᠵᠤ ᠴᠢᠳᠠᠬᠤ ︔ | 5. ᠭᠡᠷᠡᠴᠢᠯᠡᠭᠡ ᠰᠣᠨᠣᠰᠬᠤ ᠬᠤᠷᠠᠯ ᠤᠨ ᠡᠯ᠎ᠡ ᠵᠦᠢᠯ ᠤᠨ ᠰᠠᠬᠢᠯᠭ᠎ᠠ ᠪᠠᠲᠤ ᠪᠣᠯᠤᠨ ᠠᠩᠬᠠᠷᠬᠤ ᠵᠦᠢᠯ ᠢ | ᠵᠢᠷᠤᠮᠯᠠᠬᠤ ᠬᠡᠷᠡᠭᠲᠡᠶ᠃ | ︵ᠬᠤᠶᠠᠷ︶ ᠭᠡᠷᠡᠴᠢᠯᠡᠭᠡ ᠰᠣᠨᠣᠰᠬᠤ ᠬᠤᠷᠠᠯ ᠤᠨ ᠡᠮ ᠡᠮᠨᠡᠯᠭᠡ ᠶᠢᠨ ᠪᠠᠶᠢᠭᠤᠯᠤᠮᠵᠢ ᠶᠢᠨ | ᠲᠥᠯᠥᠭᠡᠯᠡᠭᠴᠢ ᠶᠢᠨ ᠨᠡᠷ᠎ᠡ ᠮᠡᠳᠡᠭᠦᠯᠦᠭᠰᠡᠨ ᠬᠥᠮᠦᠨ ᠬᠦᠷᠦᠯᠴᠡᠬᠦ ᠦᠭᠡᠶ ᠪᠣᠯ᠂ ᠥᠪᠡᠷᠲᠡᠭᠡᠨ ᠵᠠᠰᠠᠬᠤ ᠣᠷᠣᠨ ᠤ | ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠭᠡᠷᠡᠴᠢᠯᠡᠭᠡ ᠰᠣᠨᠣᠰᠬᠤ ᠵᠦᠢᠯᠡᠰ ᠲᠤ ᠬᠤᠯᠪᠣᠭᠳᠠᠭᠰᠠᠨ | ᠨᠢᠭᠡᠴᠢ ᠶᠢᠨ ᠳᠣᠲᠣᠷ᠎ᠠ ᠠᠴᠠ ᠲᠠᠨᠢᠯᠴᠠᠭᠤᠯᠬᠤ ᠪᠤᠶᠤ ᠤᠷᠢᠵᠤ ᠭᠠᠷᠭᠠᠨ᠎ᠠ᠃ | ︵ᠭᠤᠷᠪᠠ︶ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ | ᠵᠥᠪᠯᠡᠯᠭᠡᠨ ᠤ ᠭᠡᠰᠢᠭᠦᠨ᠂ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠭᠡᠬᠦ ᠪᠠᠶᠢᠭᠤᠯᠤᠮᠵᠢ ᠶᠢᠨ ᠬᠠᠮᠢᠶ᠎ᠠ | ᠪᠥᠬᠦᠶ ᠬᠥᠮᠦᠰ ᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ | ᠲᠤᠬᠠᠶᠢᠯᠠᠭᠰᠠᠨ ᠠᠵᠢᠯ ᠤᠨ ᠬᠡᠷᠡᠭᠴᠡᠭᠡ ᠪᠠᠨ ᠦᠨᠳᠦᠰᠦᠯᠡᠨ ᠤᠷᠢᠵᠤ ᠣᠷᠣᠯᠴᠠᠭᠤᠯᠤᠨ᠎ᠠ᠃ | ᠭᠤᠷᠪᠠ᠂ ᠨᠡᠷ᠎ᠡ ᠮᠡᠳᠡᠭᠦᠯᠬᠦ ᠠᠷᠭ᠎ᠠ ᠬᠡᠯᠪᠡᠷᠢ | ᠣᠷᠣᠯᠴᠠᠬᠤ ᠰᠠᠨᠠᠭ᠎ᠠ ᠲᠠᠢ ᠬᠥᠮᠦᠨ 11 ᠳ᠋ᠦ᠋ᠭᠡᠷ ᠰᠠᠷ᠎ᠠ ᠶᠢᠨ 5 ᠤ ᠡᠳᠦᠷ ᠠᠴᠠ ᠡᠮᠦᠨ᠎ᠡ ᠲᠣᠰ ᠬᠥᠮᠦᠨ ᠤ | ᠪᠡᠶ᠎ᠡ ᠶᠢᠨ ᠦᠨᠡᠮᠯᠡᠯ ᠤᠨ ᠰᠢᠷᠪᠢᠯᠲᠡ ᠶᠢᠨ ᠵᠦᠢᠯᠡᠰ ᠪᠠ ︽ᠭᠡᠷᠡᠴᠢᠯᠡᠭᠡ ᠰᠣᠨᠣᠰᠬᠤ ᠬᠤᠷᠠᠯ ᠤᠨ | ᠲᠥᠯᠥᠭᠡᠯᠡᠭᠴᠢ ᠶᠢᠨ ᠨᠡᠷ᠎ᠡ ᠮᠡᠳᠡᠭᠦᠯᠬᠦ ᠬᠦᠰᠦᠨᠦᠭᠲᠦ︾ ᠪᠠᠨ ᠢᠮᠧᠯ ᠢᠶᠠᠷ ᠳᠠᠮᠵᠢᠭᠤᠯᠤᠨ ᠥᠪᠡᠷᠲᠡᠭᠡᠨ ᠵᠠᠰᠠᠬᠤ | ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠳᠤ ᠢᠯᠡᠭᠡᠬᠦ ᠬᠡᠷᠡᠭᠲᠡᠢ ᠃ | ᠬᠠᠷᠢᠯᠴᠠᠬᠤ ᠤᠲᠠᠰᠤ᠄ 0471 - 6903944 | ᠢᠮᠧᠯ ᠄ 243861062@QQ.com | ᠬᠠᠷᠢᠯᠴᠠᠬᠤ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ | ᠪᠠᠲᠤᠯᠠᠭ᠎ᠠ ᠶᠢᠨ ᠲᠣᠪᠴᠢᠶ᠎ᠠ ᠶᠢᠨ 604 ᠠᠯᠪᠠᠨ ᠬᠡᠷ | ᠳᠠᠭᠠᠯᠳᠤᠭᠤᠯᠤᠯ᠄ ᠭᠡᠷᠡᠴᠢᠯᠡᠭᠡ ᠰᠣᠨᠣᠰᠬᠤ ᠬᠤᠷᠠᠯ ᠤᠨ ᠲᠥᠯᠥᠭᠡᠯᠡᠭᠴᠢ ᠶᠢᠨ ᠨᠡᠷ᠎ᠡ ᠮᠡᠳᠡᠭᠦᠯᠬᠦ ᠬᠦᠰᠦᠨᠦᠭ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ | 2024 ᠣᠨ ᠤ 11 ᠳ᠋ᠦ᠋ᠭᠡᠷ ᠰᠠᠷ᠎ᠠ ᠶᠢᠨ 1 ᠤ ᠡᠳᠦᠷ | | ᠳᠠᠭᠠᠯᠳᠤᠭᠤᠯᠤᠯ᠄ ᠭᠡᠷᠡᠴᠢᠯᠡᠭᠡ ᠰᠣᠨᠣᠰᠬᠤ ᠬᠤᠷᠠᠯ ᠤᠨ ᠲᠥᠯᠥᠭᠡᠯᠡᠭᠴᠢ ᠶᠢᠨ ᠨᠡᠷ᠎ᠡ ᠮᠡᠳᠡᠭᠦᠯᠬᠦ ᠬᠦᠰᠦᠨᠦᠭ.docx | | |