ᠰᠢᠯᠢ ᠶᠢᠨ ᠭᠤᠤᠯ ᠠᠶᠢᠮᠠᠭ ᠤᠨ 2024 ᠣᠨ ᠤ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠨᠡᠮᠡᠵᠦ ᠨᠥᠬᠦᠪᠥᠷᠢᠯᠡᠵᠦ ᠬᠢᠨᠠᠨ ᠬᠠᠷᠭᠤᠭᠤᠯᠤᠭᠰᠠᠨ ᠦᠷ᠎ᠡ ᠳ᠋ᠦᠩ ᠢ ᠨᠡᠶᠢᠲᠡᠯᠡᠬᠦ ᠲᠤᠬᠠᠶ ᠰᠢᠯᠢ ᠶᠢᠨ ᠭᠤᠤᠯ ᠠᠶᠢᠮᠠᠭ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠮᠡᠳᠡᠭᠳᠡᠯ
ᠨᠡᠶᠢᠲᠡᠯᠡᠭᠰᠡᠨ ᠴᠠᠭ᠄
2024/11/11
ᠡᠯ᠎ᠡ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ︵ᠦᠢᠯᠡᠳᠪᠦᠷᠢᠯᠡᠬᠦ︶ ᠠᠵᠤ ᠠᠬᠤᠶᠢᠯᠠᠯ ᠳᠤ᠄  ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠬᠤᠳᠠᠯᠳᠤᠨ ᠠᠪᠬᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠥᠪᠥᠷ ᠡᠮᠴᠢᠯᠡᠭᠡᠨ ᠤ ᠪᠠᠳᠤᠯᠠᠭ᠎ᠠ ᠠᠯᠪᠠᠨ ᠲᠠᠷᠬᠠᠭᠠᠭᠰᠠᠨ ﹇2019 ﹈ 41 ᠳ᠋ᠤᠭᠡᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠠᠶᠢᠮᠠᠭ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ 2024 ᠣᠨ ᠤ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠨᠡᠮᠡᠵᠦ ᠨᠦᠬᠦᠪᠦᠷᠢᠯᠡᠬᠦ ᠨᠡᠷ᠎ᠡ ᠮᠡᠳᠡᠭᠦᠯᠬᠦ᠂ ᠬᠢᠨᠠᠨ ᠬᠠᠷᠭᠤᠭᠤᠯᠬᠤ᠂ ᠨᠡᠶᠢᠲᠡᠯᠡᠬᠦ ᠠᠵᠢᠯ ᠢ ᠪᠡᠶᠡᠯᠡᠭᠦᠯᠪᠡ᠃ ᠡᠳᠦᠭᠡ ᠬᠢᠨᠠᠨ ᠬᠠᠷᠭᠤᠭᠤᠯᠤᠭᠠᠳ ᠪᠠᠲᠤᠯᠠᠭᠳᠠᠭᠰᠠᠨ ᠨᠡᠷᠡᠰ ᠢ ᠨᠡᠶᠢᠲᠡᠯᠡᠬᠦ ᠶᠢᠨ ᠬᠠᠮᠲᠤ ᠬᠠᠮᠢᠶ᠎ᠠ ᠪᠦᠬᠦᠢ ᠤᠴᠢᠷ ᠢ ᠳᠣᠤᠷᠠᠬᠢ ᠮᠡᠲᠦ ᠮᠡᠳᠡᠭᠳᠡᠶ᠎ᠡ᠄  ᠨᠢᠭᠡ᠂ ᠰᠢᠯᠢ ᠶᠢᠨ ᠭᠤᠤᠯ ᠠᠶᠢᠮᠠᠭ ᠤᠨ 2024 ᠣᠨ ᠤ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠬᠢᠨᠠᠨ ᠬᠠᠷᠭᠤᠭᠤᠯᠤᠭᠠᠳ ᠪᠠᠲᠤᠯᠠᠭᠳᠠᠭᠰᠠᠨ ᠨᠡᠷᠡᠰ ︵ᠳᠠᠭᠠᠯᠳᠤᠭᠤᠯᠤᠯ ᠳᠤ ᠦᠵᠡ︶᠃  ᠬᠤᠶᠠᠷ᠂ ᠬᠢᠨᠠᠨ ᠬᠠᠷᠭᠤᠭᠤᠯᠤᠭᠠᠳ ᠪᠠᠲᠤᠯᠠᠭᠳᠠᠭᠰᠠᠨ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠨᠢ ᠥᠪᠥᠷ ᠮᠣᠩᠭᠤᠯ ᠤᠨ ᠡᠮᠴᠢᠯᠡᠭᠡᠨ ᠤ ᠪᠠᠲᠤᠯᠠᠭ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠰᠦᠯᠵᠢᠶ᠎ᠡ ᠳᠤ ︵https://ylbzj.nmg.gov.cn/ggfw/hallEnter/#/Index ︶ ᠨᠡᠪᠲᠡᠷᠡᠵᠦ ᠂ ᠨᠢᠭᠡᠴᠢ ᠶᠢᠨ ᠲᠤᠬᠠᠶᠢᠯᠠᠭᠰᠠᠨ ᠠᠵᠢᠯ ᠢᠶᠠᠨ ᠰᠣᠩᠭᠤᠨ ᠳᠠᠩᠰᠠᠯᠠᠯᠲᠠ ᠪᠠ ᠳᠦᠷᠢ ᠶᠢᠨ ᠭᠡᠷᠡᠴᠢᠯᠡᠯ ᠬᠢᠵᠦ᠂ ᠢᠲᠡᠭᠡᠮᠵᠢ ᠶᠢᠨ ᠠᠮᠠᠯᠠᠯᠲᠠ ᠶᠢᠨ ᠪᠢᠴᠢᠭ ᠢᠶᠠᠨ ᠳᠡᠭᠡᠭᠰᠢ ᠳᠠᠮᠵᠢᠭᠤᠯᠵᠤ᠂ ᠠᠵᠤ ᠠᠬᠤᠶᠢᠯᠠᠯ ᠤᠨ ᠮᠡᠳᠡᠭᠡ ᠵᠠᠩᠭᠢ ᠶᠢ ᠬᠠᠮᠠᠭᠠᠯᠠᠨ᠂ ᠥᠪᠡᠷᠲᠡᠭᠡᠨ ᠵᠠᠰᠠᠬᠤ ᠣᠷᠣᠨ ᠠᠴᠠ ᠬᠢᠨᠠᠨ ᠬᠠᠷᠭᠤᠭᠤᠯᠤᠭᠠᠳ ᠪᠠᠲᠤᠯᠠᠭᠳᠠᠭᠰᠠᠨ ᠤ ᠳᠠᠷᠠᠭ᠎ᠠ᠂ ᠠᠶᠢᠮᠠᠭ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠠᠴᠠ ᠰᠢᠯᠢ ᠶᠢᠨ ᠭᠤᠤᠯ ᠠᠶᠢᠮᠠᠭ ᠤᠨ ᠭᠠᠵᠠᠷ ᠣᠷᠣᠨ ᠤ ᠳᠣᠭᠢᠷᠠᠭᠤᠯᠤᠨ ᠬᠦᠷᠭᠡᠬᠦ ᠡᠷᠬᠡ ᠶᠢᠨ ᠬᠡᠪᠴᠢᠶ᠎ᠡ ᠶᠢ ᠨᠡᠪᠲᠡᠷᠡᠭᠦᠯᠦᠨ᠎ᠡ᠃  ᠭᠤᠷᠪᠠ᠂ ᠰᠢᠯᠢ ᠶᠢᠨ ᠭᠤᠤᠯ ᠠᠶᠢᠮᠠᠭ ᠤᠨ ᠭᠠᠵᠠᠷ ᠣᠷᠣᠨ ᠤ ᠳᠣᠭᠢᠷᠠᠭᠤᠯᠤᠨ ᠬᠦᠷᠭᠡᠬᠦ ᠡᠷᠬᠡ ᠶᠢᠨ ᠬᠡᠪᠴᠢᠶ᠎ᠡ ᠶᠢ ᠨᠡᠪᠲᠡᠷᠡᠭᠦᠯᠦᠭᠰᠡᠨ ᠤ ᠳᠠᠷᠠᠭ᠎ᠠ᠂ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠨᠢ ᠦᠢᠯᠡᠳᠪᠦᠷᠢᠯᠡᠯ ᠤᠨ ᠠᠵᠤ ᠠᠬᠤᠶᠢᠯᠠᠯ ᠲᠠᠢ ᠰᠢᠰᠲ᠋ᠧᠮ ᠤᠨ ᠳᠣᠲᠣᠷ᠎ᠠ ᠳᠣᠭᠢᠷᠠᠭᠤᠯᠤᠨ ᠬᠦᠷᠭᠡᠬᠦ ᠬᠠᠷᠢᠴᠠᠭ᠎ᠠ ᠪᠠᠨ ᠪᠠᠶᠢᠭᠤᠯᠵᠤ ᠪᠣᠯᠣᠨ᠎ᠠ ᠂ ᠨᠠᠶᠢᠳᠠᠵᠤ ᠳᠣᠭᠢᠷᠠᠭᠤᠯᠤᠨ ᠬᠦᠷᠭᠡᠬᠦ ᠬᠡᠯᠡᠯᠴᠡᠭᠡᠷ ᠤᠨ ᠡᠯᠧᠺᠲᠷᠣᠨ ᠬᠡᠪᠯᠡᠯ ᠢ ᠲᠤᠰᠢᠶᠠᠬᠤ ᠴᠢᠬᠤᠯᠠ ᠥᠬᠡᠶ ᠂ ᠠᠶᠢᠮᠠᠭ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠠᠴᠠ ᠰᠢᠰᠲ᠋ᠧᠮ ᠤᠨ ᠳᠣᠲᠣᠷ᠎ᠠ ᠰᠢᠭᠤᠳ ᠬᠢᠨᠠᠨ ᠬᠠᠷᠭᠤᠭᠤᠯᠬᠤ ᠶᠢ ᠪᠡᠶᠡᠯᠡᠭᠦᠯᠦᠨ᠎ᠡ᠃  ᠬᠠᠷᠢᠯᠴᠠᠬᠤ ᠬᠦᠮᠦᠨ ᠄ ᠰᠢ ᠴᠢᠩ ᠾᠧ  ᠬᠠᠷᠢᠯᠴᠠᠬᠤ ᠤᠲᠠᠰᠤ᠄ 0479-8106985    ᠳᠠᠭᠠᠯᠳᠤᠭᠤᠯᠤᠯ᠄ ᠰᠢᠯᠢ ᠶᠢᠨ ᠭᠤᠤᠯ ᠠᠶᠢᠮᠠᠭ ᠤᠨ 2024 ᠣᠨ ᠤ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠬᠢᠨᠠᠨ ᠬᠠᠷᠭᠤᠭᠤᠯᠤᠭᠠᠳ ᠪᠠᠲᠤᠯᠠᠭᠳᠠᠭᠰᠠᠨ ᠨᠡᠷᠡᠰ        ᠰᠢᠯᠢ ᠶᠢᠨ ᠭᠤᠣᠯ ᠠᠶᠢᠮᠠᠭ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ        2024 ᠣᠨ ᠤ 11 ᠳ᠋ᠦ᠋ᠭᠡᠷ ᠰᠠᠷ᠎ᠠ ᠶᠢᠨ 11 ᠤ ᠡᠳᠦᠷ  ︵ᠲᠤᠰ ᠪᠢᠴᠢᠭ ᠮᠠᠲ᠋ᠧᠷᠢᠶᠠᠯ ᠢ ᠨᠡᠶᠢᠲᠡᠯᠡᠨ᠎ᠡ︶    ᠳᠠᠭᠠᠯᠳᠤᠭᠤᠯᠤᠯ᠄ ᠰᠢᠯᠢ ᠶᠢᠨ ᠭᠤᠤᠯ ᠠᠶᠢᠮᠠᠭ ᠤᠨ 2024 ᠣᠨ ᠤ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠬᠢᠨᠠᠨ ᠬᠠᠷᠭᠤᠭᠤᠯᠤᠭᠠᠳ ᠪᠠᠲᠤᠯᠠᠭᠳᠠᠭᠰᠠᠨ ᠨᠡᠷᠡᠰ.xlsx

 

 

 
ᠢᠷᠡᠯᠲᠡ᠄ ᠰᠢᠯᠢ ᠶᠢᠨ ᠭᠤᠤᠯ ᠠᠶᠢᠮᠠᠭ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号