ᠡᠯ᠎ᠡ ᠬᠤᠯᠪᠣᠭᠳᠠᠯ ᠪᠦᠬᠦᠢ ᠠᠵᠤ ᠠᠬᠤᠶᠢᠯᠠᠯ ᠳᠤ᠄ | ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠬᠦᠷᠢᠶᠡᠨ ᠳᠠᠬᠢ ︽ᠥᠨᠳᠥᠷ ᠪᠦᠲᠦᠮᠵᠢᠲᠡᠶ ᠪᠠᠷ ᠨᠢᠭᠡ | ᠠᠵᠢᠯ ᠶᠠᠪᠤᠳᠠᠯ ᠢ ᠭᠦᠢᠴᠡᠳᠬᠡᠬᠦ ︾ ᠡᠮ ᠡᠮᠨᠡᠯᠭᠡ ᠶᠢᠨ ᠦᠢᠯᠡᠳᠬᠦᠨ ᠢ ᠰᠦᠯᠵᠢᠶᠡᠨ ᠳᠤ ᠣᠷᠤᠭᠤᠯᠬᠤ ᠵᠦᠢᠯᠡᠰ ᠤᠨ | ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠤᠯᠠᠮ ᠨᠢᠭᠡ ᠠᠯᠬᠤᠮ ᠠᠬᠢᠭᠤᠯᠬᠤ ᠶᠢᠨ | ᠲᠤᠰᠠᠳᠠ᠂ ᠡᠳᠦᠭᠡ ᠡᠮ ᠡᠮᠨᠡᠯᠭᠡ ᠶᠢᠨ ᠦᠢᠯᠡᠳᠬᠦᠨ ᠢ ᠰᠦᠯᠵᠢᠶᠡᠨ ᠳᠤ ᠣᠷᠤᠭᠤᠯᠬᠤ ᠪᠥᠬᠦ ᠤᠯᠤᠰ ᠤᠨ | ᠬᠠᠮᠲᠤᠷᠠᠨ ᠬᠢᠨᠠᠵᠤ ᠨᠡᠶᠢᠳᠡᠮ ᠭᠦᠢᠴᠡᠳᠭᠡᠬᠦ ᠲᠤᠷᠰᠢᠨ ᠠᠵᠢᠯᠯᠠᠭᠤᠯᠬᠤ ᠠᠵᠢᠯ ᠢ ᠥᠷᠨᠢᠭᠦᠯᠬᠦ ᠲᠤᠬᠠᠶ ᠳᠣᠤᠷᠠᠬᠢ | ᠮᠡᠲᠦ ᠮᠡᠳᠡᠭᠳᠡᠪᠡ᠃ | ᠨᠢᠭᠡ᠂ ᠠᠵᠢᠯ ᠤᠨ ᠠᠭᠤᠯᠭ᠎ᠠ | ︽ᠨᠢᠭᠡ ᠤᠳᠠᠭ᠎ᠠ ᠳᠤ ᠲᠤᠰᠢᠶᠠᠬᠤ᠂ ᠨᠢᠭᠡ ᠮᠤᠵᠢ ᠬᠠᠷᠭᠤᠭᠤᠯᠤᠨ ᠰᠢᠯᠭᠠᠬᠤ᠂ ᠪᠥᠬᠦ ᠤᠯᠤᠰ ᠲᠤ ᠨᠡᠶᠢᠳᠡᠮ | ᠬᠦᠷᠲᠡᠭᠡᠬᠦ ︾ ᠵᠠᠷᠴᠢᠮ ᠶᠣᠰᠣᠭᠠᠷ᠂ ᠡᠮ ᠡᠮᠨᠡᠯᠭᠡ ᠶᠢᠨ ᠠᠵᠤ ᠠᠬᠤᠶᠢᠯᠠᠯ ᠤᠳ ᠤᠯᠤᠰ ᠤᠨ ᠡᠮᠴᠢᠯᠡᠭᠡᠨ ᠤ | ᠪᠠᠲᠤᠯᠠᠭ᠎ᠠ ᠶᠢᠨ ᠲᠣᠪᠴᠢᠶᠠᠨ ᠤ ᠨᠢᠭᠡᠲᠦᠯᠲᠡᠢ ᠫᠣᠷᠲ᠋ᠧᠯ ᠰᠦᠯᠵᠢᠶ᠎ᠡ ᠪᠠᠷ ᠳᠠᠮᠵᠢᠭᠤᠯᠤᠨ ᠡᠮ ᠡᠮᠨᠡᠯᠭᠡ ᠶᠢᠨ | ᠦᠢᠯᠡᠳᠬᠦᠨ ᠤ ᠰᠦᠯᠵᠢᠶᠡᠨ ᠳᠤ ᠣᠷᠤᠭᠤᠯᠬᠤ ᠮᠡᠳᠡᠭᠡ ᠵᠠᠩᠭᠢ ᠲᠤᠰᠢᠶᠠᠬᠤ ᠪᠠᠷ ᠭᠤᠶᠤᠴᠢᠯᠠᠵᠤ᠂ ᠮᠠᠨ ᠤ | ᠣᠷᠣᠨ ᠤ ᠦᠢᠯᠡᠳᠬᠦᠨ ᠪᠠ ᠦᠨ᠎ᠡ ᠵᠡᠷᠭᠡ ᠮᠡᠳᠡᠭᠡ ᠵᠠᠩᠭᠢ ᠶᠢ ᠬᠠᠷᠭᠤᠭᠤᠯᠤᠨ ᠪᠠᠶᠢᠴᠠᠭᠠᠬᠤ ᠶᠢᠨ ᠬᠠᠮᠲᠤ | ᠲᠣᠭᠲᠠᠭᠠᠯ ᠶᠣᠰᠣᠭᠠᠷ ᠰᠦᠯᠵᠢᠶᠡᠨ ᠳᠤ ᠤᠷᠤᠭᠤᠯᠬᠤ ᠵᠦᠢᠯᠡᠰ ᠢ ᠭᠦᠢᠴᠡᠳᠬᠡᠵᠦ᠂ ᠬᠠᠷᠭᠤᠭᠤᠯᠤᠨ ᠰᠢᠯᠭᠠᠭᠰᠠᠨ | ᠮᠡᠳᠡᠭᠡ ᠵᠠᠩᠭᠢ ᠶᠢ ᠪᠥᠬᠦ ᠤᠯᠤᠰ ᠤᠨ ᠡᠯ᠎ᠡ ᠮᠤᠵᠢ ᠳᠤ ᠨᠡᠶᠢᠳᠡᠮ ᠬᠡᠷᠡᠭᠯᠡᠵᠦ ᠬᠠᠮᠲᠤ ᠪᠠᠷ ᠬᠦᠷᠲᠡᠭᠡᠨ᠎ᠡ ᠃ | ᠬᠤᠶᠠᠷ᠂ ᠭᠤᠶᠤᠴᠢᠯᠠᠨ ᠮᠡᠳᠡᠭᠦᠯᠬᠦ ᠬᠡᠪᠴᠢᠶ᠎ᠡ | 2024 ᠣᠨ ᠤ 11 ᠳ᠋ᠦ᠋ᠭᠡᠷ ᠰᠠᠷ᠎ᠠ ᠶᠢᠨ 25 ᠤ ᠡᠳᠦᠷ ᠠᠴᠠ ᠡᠬᠢᠯᠡᠨ᠂ ᠮᠠᠨ ᠤ ᠣᠷᠣᠨ ᠤ ᠬᠠᠮᠲᠤᠷᠠᠨ | ᠬᠢᠨᠠᠵᠤ ᠨᠡᠶᠢᠳᠡᠮ ᠭᠦᠢᠴᠡᠳᠭᠡᠬᠦ ᠠᠵᠢᠯ ᠢ ᠲᠤᠷᠰᠢᠨ ᠠᠵᠢᠯᠯᠠᠭᠤᠯᠵᠤ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ | ᠲᠣᠪᠴᠢᠶ᠎ᠠ ᠠᠴᠠ 23 ᠣᠷᠣᠨᠲᠤ ᠺᠣᠳ᠋ ᠲᠠᠢ ᠧᠦ᠋ᠷᠣᠫᠠ ᠡᠮ᠂ 20 ᠣᠷᠣᠨᠲᠤ ᠺᠣᠳ᠋ ᠲᠠᠢ ᠬᠢᠲᠠᠳ ᠪᠡᠯᠡᠨ ᠡᠮ ᠪᠠ | 27 ᠣᠲᠣᠨᠲᠤ ᠺᠣᠳ᠋ ᠲᠠᠢ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠨᠡᠶᠢᠲᠡᠯᠡᠵᠦ᠂ ᠬᠠᠮᠢᠶ᠎ᠠ ᠪᠥᠬᠦᠶ ᠡᠮ | ᠡᠮᠨᠡᠯᠭᠡ ᠶᠢᠨ ᠠᠵᠤ ᠠᠬᠤᠶᠢᠯᠠᠯ ᠨᠢ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠨᠢᠭᠡᠳᠦᠯᠲᠡᠶ | ᠫᠤᠷᠲ᠋ᠧᠯ ᠰᠦᠯᠵᠢᠶ᠎ᠡ ᠪᠠᠷ ᠳᠠᠮᠵᠢᠭᠤᠯᠤᠨ ᠮᠠᠨ ᠤ ᠣᠷᠣᠨ ᠳᠤ ᠦᠢᠯᠡᠳᠬᠦᠨ ᠢ ᠰᠦᠯᠵᠢᠶᠡᠨ ᠳᠤ ᠣᠷᠤᠭᠤᠯᠬᠤ | ᠭᠤᠶᠤᠴᠢᠯᠠᠯ ᠳᠡᠪᠰᠢᠭᠦᠯᠵᠦ᠂ ᠣᠲᠣ ᠶᠢᠨ ᠲᠥᠷᠥ ᠶᠢᠨ ᠪᠣᠳᠣᠯᠭ᠎ᠠ ᠶᠢᠨ ᠶᠣᠰᠣᠭᠠᠷ ᠰᠦᠯᠵᠢᠶᠡᠨ ᠳᠤ | ᠣᠷᠤᠭᠤᠯᠬᠤ ᠶᠢ ᠭᠦᠢᠴᠡᠳᠭᠡᠵᠦ ᠪᠣᠯᠤᠨ᠎ᠠ᠃ | ᠭᠤᠷᠪᠠ᠂ ᠠᠵᠢᠯᠯᠠᠭᠠᠨ ᠤ ᠶᠠᠪᠤᠴᠠ | ︵ᠨᠢᠭᠡ︶ ᠰᠦᠯᠵᠢᠶᠡᠨ ᠳᠤ ᠣᠷᠤᠭᠤᠯᠬᠤ ᠭᠤᠶᠤᠴᠢᠯᠠᠯᠲᠠ ᠪᠠᠨ ᠲᠤᠰᠢᠶᠠᠨ᠎ᠠ᠃ ︽ᠤᠯᠤᠰ ᠤᠨ | ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠲᠠᠪᠴᠠᠩ ᠤᠨ ᠰᠦᠯᠵᠢᠶᠡᠨ ᠳᠡᠭᠡᠷᠡᠬᠢ ᠦᠢᠯᠡᠴᠢᠯᠡᠭᠡᠨ ᠤ | ᠲᠢᠩᠬᠢᠮ︾ ︵ https://fuwu.nhsa.gov.cn/nationalHallSt/#/unitLogin ︶ ᠳᠤ | ᠳᠠᠩᠰᠠᠯᠠᠨ ᠨᠡᠪᠲᠡᠷᠡᠵᠦ ᠂ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ | ᠳᠠᠭᠠᠭᠠᠴᠢᠯᠠᠯᠲᠠ ᠵᠠᠷᠯᠠᠨ ᠬᠤᠳᠠᠯᠳᠤᠨ ᠠᠪᠬᠤ ᠬᠠᠮᠢᠶᠠᠷᠤᠯᠲᠠ ᠶᠢᠨ ᠰᠢᠰᠲ᠋ᠧᠮ ᠳᠤ ᠣᠷᠣᠵᠤ᠂ ︽ᠦᠢᠯᠡᠴᠢᠯᠡᠭᠡᠨ ᠤ | ᠵᠢᠷᠤᠮᠵᠢᠯ︾ ᠤᠨ ᠵᠢᠷᠤᠭᠲᠤ ᠲᠡᠮᠳᠡᠭ ᠢ ᠲᠣᠪᠴᠢᠳᠠᠨ ᠂ ︽ᠰᠦᠯᠵᠢᠶᠡᠨ ᠳᠤ ᠣᠷᠣᠭᠤᠯᠬᠤ ᠭᠤᠶᠤᠴᠢᠯᠠᠨ ᠮᠡᠳᠡᠭᠦᠯᠬᠦ | ᠵᠢᠷᠤᠮᠵᠢᠯ︾ ᠤᠨ ᠲᠣᠪᠶᠤᠭ ᠤᠨ ᠳᠣᠤᠷᠠᠬᠢ ︽ᠡᠮ ᠤᠨ ᠵᠦᠢᠯ ᠢ ᠰᠦᠯᠵᠢᠶᠡᠨ ᠳᠤ ᠣᠷᠣᠭᠤᠯᠬᠤ ᠪᠥᠬᠦ ᠤᠯᠤᠰ ᠤᠨ | ᠬᠠᠮᠲᠤᠷᠠᠨ ᠬᠢᠨᠠᠵᠤ ᠨᠡᠶᠢᠳᠡᠮ ᠭᠦᠢᠴᠡᠳᠭᠡᠬᠦ︾ ᠪᠤᠶᠤ ︽ᠬᠤᠷᠣᠭᠳᠠᠯ ᠮᠠᠲ᠋ᠧᠷᠢᠶᠠᠯ ᠢ ᠰᠦᠯᠵᠢᠶᠡᠨ ᠳᠤ ᠣᠷᠣᠭᠤᠯᠬᠤ | ᠪᠥᠬᠦ ᠤᠯᠤᠰ ᠤᠨ ᠬᠠᠮᠲᠤᠷᠠᠨ ᠬᠢᠨᠠᠵᠤ ᠨᠡᠶᠢᠳᠡᠮ ᠭᠦᠢᠴᠡᠳᠭᠡᠬᠦ︾ ᠶᠢ ᠰᠣᠩᠭᠤᠵᠤ᠂ ᠰᠦᠯᠵᠢᠶᠡᠨ ᠳᠤ ᠣᠷᠤᠭᠤᠯᠬᠤ | ᠦᠢᠯᠡᠳᠭᠦᠨ ᠢᠶᠠᠨ ᠰᠣᠩᠭᠤᠬᠤ᠂ ᠰᠦᠯᠵᠢᠶᠡᠨ ᠳᠤ ᠣᠷᠤᠭᠤᠯᠬᠤ ᠪᠠ ᠦᠨ᠎ᠡ ᠵᠡᠷᠭᠡ ᠮᠡᠳᠡᠭᠡ ᠵᠠᠩᠭᠢ ᠪᠠᠨ ᠲᠠᠭᠯᠠᠨ | ᠮᠡᠳᠡᠭᠦᠯᠬᠦ᠂ ᠬᠠᠳᠠᠭᠠᠯᠠᠨ ᠲᠤᠰᠢᠶᠠᠨ᠎ᠠ ᠃ | ︵ᠬᠤᠶᠠᠷ ︶ ᠬᠠᠷᠭᠤᠭᠤᠯᠤᠨ ᠪᠠᠶᠢᠴᠠᠭᠠᠵᠤ ᠰᠦᠯᠵᠢᠶᠡᠨ ᠳᠤ ᠣᠷᠤᠭᠤᠯᠤᠨ᠎ᠠ ᠃ ᠰᠠᠷ᠎ᠠ ᠪᠦᠷᠢ ᠶᠢᠨ 10 ᠤ | ᠡᠳᠦᠷ ︵ᠠᠮᠠᠷᠠᠯᠲᠠ ᠶᠢᠨ ᠡᠳᠦᠷ ᠲᠠᠭᠠᠷᠠᠪᠠᠯ ᠤᠷᠳᠤᠳᠬᠠᠨ᠎ᠠ︶ ᠬᠢᠨᠠᠨ ᠰᠢᠯᠭᠠᠬᠤ ᠠᠵᠤ ᠠᠬᠤᠶᠢᠯᠠᠯ ᠤᠨ | ᠲᠤᠰᠢᠶᠠᠭᠰᠠᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠰᠦᠯᠵᠢᠶᠡᠨ ᠳᠤ | ᠣᠷᠤᠭᠤᠯᠬᠤ ᠭᠤᠶᠤᠴᠢᠯᠠᠯ ᠢ ᠲᠥᠪᠯᠡᠷᠡᠭᠦᠯᠦᠨ ᠭᠥᠯᠢᠶᠡᠨ ᠠᠪᠴᠤ ᠰᠢᠢᠳᠪᠦᠷᠢᠯᠡᠨ ᠂ ᠨᠡᠶᠢᠲᠡᠯᠡᠬᠦ᠂ ᠢᠯᠡ ᠨᠡᠶᠢᠲᠡᠯᠡᠬᠦ | ᠵᠡᠷᠭᠡ ᠶᠠᠪᠤᠴᠠ ᠪᠠᠷ ᠳᠠᠮᠵᠢᠭᠤᠯᠤᠨ ᠰᠦᠯᠵᠢᠶᠡᠨ ᠳᠡᠭᠡᠷ᠎ᠡ ᠬᠤᠳᠠᠯᠳᠤᠨ ᠠᠪᠬᠤ ᠬᠢᠷᠢ ᠬᠡᠮ ᠢ ᠨᠡᠭᠡᠭᠡᠨ᠎ᠡ᠃ | ᠬᠠᠷᠢᠯᠴᠠᠬᠤ ᠤᠲᠠᠰᠤ᠄ 0471 – 4908949 | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ | 2024 ᠣᠨ ᠤ 11 ᠳ᠋ᠦ᠋ᠭᠡᠷ ᠰᠠᠷ᠎ᠠ ᠶᠢᠨ 25 ᠤ ᠡᠳᠦᠷ | |