2024 ᠣᠨ ᠤ 11 ᠳ᠋ᠦ᠋ᠭᠡᠷ ᠰᠠᠷ᠎ᠠ ᠶᠢᠨ 21 ᠤ ᠡᠳᠦᠷ᠂ ᠥᠪᠥᠷ ᠮᠣᠩᠭᠤᠯ ᠲᠦᠷᠦᠭᠦᠯᠡᠨ 12 | ᠮᠤᠵᠢ ᠶᠢ ᠵᠣᠬᠢᠶᠠᠨ ᠪᠠᠶᠢᠭᠤᠯᠤᠨ ᠤᠷᠢᠳᠴᠢᠯᠠᠨ ᠳᠦᠭᠦᠷᠭᠡᠬᠦ ᠬᠡᠯᠪᠡᠷᠢ ᠶᠢᠨ ᠳᠠᠮᠵᠢᠭᠤᠯᠤᠭᠴᠢ ᠬᠤᠭᠤᠯᠠᠶᠢᠲᠤ | ᠤᠬᠢᠶᠠᠭᠤᠷ ᠤᠨ ᠲᠥᠷᠥᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠮᠤᠵᠢ ᠶᠢᠨ ᠬᠤᠭᠤᠷᠤᠨᠲᠤ | ᠬᠤᠯᠪᠤᠭᠠᠯᠠᠨ ᠲᠥᠪᠯᠡᠷᠡᠭᠦᠯᠦᠨ ᠬᠡᠮᠵᠢᠶ᠎ᠡ ᠲᠠᠢ ᠪᠠᠷ ᠬᠤᠳᠠᠯᠳᠤᠨ ᠠᠪᠬᠤ ᠭᠤᠶᠤᠴᠢᠯᠠᠨ ᠮᠡᠳᠡᠭᠦᠯᠦᠯᠲᠡ ᠶᠢᠨ ᠮᠡᠳᠡᠭᠡ | ᠵᠠᠩᠭᠢ ᠶᠢ ᠢᠯᠡ ᠪᠣᠯᠭᠠᠬᠤ ᠶᠡᠭᠡ ᠬᠤᠷᠠᠯ ᠢ ᠬᠥᠬᠡᠬᠤᠲᠠ ᠳᠤ ᠤᠷᠤᠭᠰᠢᠲᠠᠢ ᠬᠤᠷᠠᠯᠳᠤᠭᠤᠯᠵᠤ ᠂ ᠨᠡᠶᠢᠲᠡ 18 ᠠᠵᠤ | ᠠᠬᠤᠶᠢᠯᠠᠯ ᠣᠷᠣᠯᠴᠠᠵᠠᠢ᠂ ᠡᠭᠦᠨ ᠳᠤ 16 ᠠᠵᠤ ᠠᠬᠤᠶᠢᠯᠠᠯ ᠤᠨ ᠦᠢᠯᠡᠳᠬᠦᠨ ᠰᠣᠩᠭᠤᠭᠳᠠᠵᠤ᠂ | ᠰᠣᠩᠭᠤᠭᠳᠠᠭᠰᠠᠨ ᠨᠣᠷᠮ᠎ᠠ ᠨᠢ 89% ᠳᠤ ᠬᠦᠷᠴᠡᠢ ᠃ ᠰᠣᠩᠭᠤᠭᠳᠠᠭᠰᠠᠨ ᠦᠢᠯᠡᠳᠬᠦᠨ ᠤ ᠳᠤᠮᠳᠠᠴᠢ | ᠪᠠᠭᠤᠷᠠᠯᠲᠠ ᠶᠢᠨ ᠬᠡᠮᠵᠢᠶ᠎ᠡ ᠨᠢ 85.4% ᠳᠤ ᠬᠦᠷᠴᠦ᠂ ᠬᠠᠮᠤᠭ ᠤᠨ ᠥᠨᠳᠥᠷ ᠪᠠᠭᠤᠷᠠᠯᠲᠠ ᠶᠢᠨ ᠬᠡᠮᠵᠢᠶ᠎ᠡ ᠨᠢ | 93% ᠳᠤ ᠬᠦᠷᠴᠡᠢ ᠃ ᠲᠣᠰ ᠤᠳᠠᠭᠠᠨ ᠤ ᠬᠤᠳᠠᠯᠳᠤᠨ ᠠᠪᠬᠤ ᠬᠤᠯᠪᠣᠭᠠᠨ ᠤ ᠭᠠᠵᠠᠷ ᠣᠷᠣᠨ ᠳᠤ ᠨᠡᠶᠢᠲᠡ | 1136 ᠡᠮᠴᠢᠯᠡᠭᠡᠨ ᠤ ᠳᠠᠭᠠᠳᠬᠠᠯ ᠤᠨ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠶᠢᠨ ᠭᠤᠶᠤᠴᠢᠯᠠᠨ | ᠮᠡᠳᠡᠭᠦᠯᠬᠦ ᠬᠡᠷᠡᠭᠴᠡᠭᠡ ᠱᠠᠭᠠᠷᠳᠠᠯᠭ᠎ᠠ ᠶᠢᠨ ᠬᠡᠮᠵᠢᠶ᠎ᠡ ᠲᠠᠢ ᠂ ᠵᠢᠯ ᠤᠨ ᠬᠡᠷᠡᠭᠯᠡᠬᠦ ᠬᠡᠮᠵᠢᠶ᠎ᠡ ᠨᠢ ᠪᠠᠷᠤᠭ 6800 ᠲᠦᠮᠡᠨ | ᠰᠢᠷᠬᠡᠭ ᠪᠠᠶᠢᠵᠤ᠂ ᠵᠢᠱᠢᠯᠲᠡ ᠪᠠᠷ ᠬᠤᠳᠠᠯᠳᠤᠨ ᠠᠪᠬᠤ ᠪᠡᠯᠡ ᠮᠥᠩᠭᠦ ᠶᠢ 6.65 ᠳ᠋ᠦᠩᠰᠢᠭᠤᠷ ᠲᠥᠭᠦᠷᠢᠭ | ᠠᠷᠪᠢᠯᠠᠬᠤ ᠪᠣᠯᠣᠨ᠎ᠠ ᠃ ᠤᠷᠢᠳᠴᠢᠯᠠᠨ ᠳᠦᠭᠦᠷᠭᠡᠬᠦ ᠬᠡᠯᠪᠡᠷᠢ ᠶᠢᠨ ᠳᠠᠮᠵᠢᠭᠤᠯᠤᠭᠴᠢ ᠬᠤᠭᠤᠯᠠᠶᠢᠲᠤ ᠤᠬᠢᠶᠠᠭᠤᠷ ᠢ | ᠡᠮᠴᠢᠯᠡᠭᠡᠨ ᠤ ᠬᠦᠷᠢᠶᠡᠨ ᠳᠤ ᠥᠷᠭᠡᠨ ᠢᠶᠠᠷ ᠬᠡᠷᠡᠭᠯᠡᠵᠦ᠂ ᠬᠡᠷᠡᠭᠯᠡᠬᠦ ᠬᠡᠷᠡᠭᠴᠡᠭᠡᠨ ᠤ ᠬᠡᠮᠵᠢᠶ᠎ᠡ ᠲᠠᠰᠤᠷᠠᠯᠲᠠ ᠦᠭᠡᠢ | ᠨᠡᠮᠡᠭᠳᠡᠵᠦ ᠪᠠᠶᠢᠨ᠎ᠠ᠂ ᠲᠣᠰ ᠤᠳᠠᠭᠠᠨ ᠤ ᠬᠤᠳᠠᠯᠳᠤᠨ ᠠᠪᠬᠤ ᠠᠵᠢᠯ ᠨᠢ ᠬᠤᠳᠠᠯᠳᠤᠨ ᠠᠪᠬᠤ ᠥᠪᠡᠷ ᠤᠨ | ᠥᠷᠲᠡᠭ ᠢ ᠶᠡᠭᠡ ᠪᠠᠷ ᠪᠠᠭᠤᠷᠠᠭᠤᠯᠵᠤ᠂ ᠬᠤᠳᠠᠯᠳᠤᠨ ᠠᠪᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ | ᠡᠪᠡᠳᠴᠢᠲᠡᠨ ᠤ ᠵᠠᠷᠤᠳᠠᠯ ᠤᠨ ᠳᠠᠷᠤᠭᠠᠰᠤ ᠶᠢ ᠬᠥᠩᠭᠡᠷᠡᠭᠦᠯᠬᠦ ᠪᠣᠯᠣᠨ᠎ᠠ ᠃ | |