ᠰᠢ ᠶᠢᠨ ᠫᠢᠩ ᠠᠮᠧᠷᠢᠺᠠ ᠶᠢᠨ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠲᠧᠷᠠᠮᠫᠦ᠋ ᠳᠤ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠪᠠ
ᠨᠡᠶᠢᠲᠡᠯᠡᠭᠰᠡᠨ ᠴᠠᠭ᠄
2024/11/7
  ᠰᠢᠨᠬᠤᠸᠠ ᠬᠤᠷᠢᠶᠠᠨ ᠤ ᠪᠡᠭᠡᠵᠢᠩ ᠤᠨ 11 ᠳ᠋ᠦ᠋ᠭᠡᠷ ᠰᠠᠷ᠎ᠠ ᠶᠢᠨ 7 ᠤ ᠴᠠᠬᠢᠯᠭᠠᠨ ᠮᠡᠳᠡᠭᠡ   11 ᠳ᠋ᠦ᠋ᠭᠡᠷ ᠰᠠᠷ᠎ᠠ ᠶᠢᠨ 7 ᠤ ᠡᠳᠦᠷ ᠂ ᠤᠯᠤᠰ ᠤᠨ ᠲᠡᠷᠢᠭᠦᠯᠡᠭᠴᠢ ᠰᠢ  ᠶᠢᠨ ᠫᠢᠩ ᠴᠠᠬᠢᠯᠭᠠᠨ ᠴᠢᠮᠡᠭᠡ ᠶᠠᠪᠤᠭᠤᠯᠵᠤ ᠂ ᠳ᠋ᠣᠨᠠᠣᠳ᠋ · ᠲᠧᠷᠠᠮᠫᠦ᠋ ᠶᠢᠨ ᠠᠮᠧᠷᠢᠺᠠ ᠶᠢᠨ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠳᠤ ᠪᠠᠶᠠᠷ ᠬᠦᠷᠭᠡᠪᠡ ᠃  ᠰᠢ  ᠶᠢᠨ ᠫᠢᠩ ᠵᠢᠭᠠᠵᠤ ᠭᠠᠷᠭᠠᠬᠤ ᠳᠤ ᠪᠠᠨ ᠂ ᠳᠤᠮᠳᠠᠳᠤ ᠠᠮᠧᠷᠢᠺᠠ ᠬᠠᠮᠲᠤᠷᠠᠪᠠᠯ ᠬᠤᠶᠠᠷ ᠲᠠᠯ᠎ᠠ ᠳᠤ  ᠨᠢ ᠴᠥᠮ ᠠᠰᠢᠭᠲᠠᠢ ᠂ ᠲᠡᠮᠡᠴᠡᠯᠳᠦᠪᠡᠯ ᠬᠤᠶᠠᠷ ᠲᠠᠯ᠎ᠠ ᠳᠤ  ᠨᠢ ᠴᠥᠮ ᠬᠤᠬᠢᠷᠠᠯ ᠪᠤᠯᠤᠨ᠎ᠠ ᠭᠡᠳᠡᠭ ᠢ ᠲᠡᠦᠬᠡ ᠪᠢᠳᠡᠨ ᠳᠤ ᠬᠡᠯᠡᠵᠦ ᠥᠭᠴᠡᠢ ᠃ ᠲᠣᠭᠲᠠᠭᠤᠨ ᠂ ᠡᠷᠡᠭᠦᠯ ᠪᠥᠭᠡᠳ ᠦᠷᠭᠦᠯᠵᠢᠯᠡᠭᠦᠶᠢᠴᠡ ᠬᠥᠭᠵᠢᠯᠲᠡ ᠲᠠᠢ ᠳᠤᠮᠳᠠᠳᠤ ᠠᠮᠧᠷᠢᠺᠠ ᠶᠢᠨ ᠬᠠᠷᠢᠯᠴᠠᠭ᠎ᠠ ᠨᠢ ᠬᠤᠶᠠᠷ ᠤᠯᠤᠰ ᠤᠨ ᠬᠠᠮᠲᠤ ᠶᠢᠨ ᠠᠰᠢᠭ ᠲᠤᠰᠠ ᠬᠢᠭᠡᠳ ᠳᠡᠯᠡᠬᠡᠢ ᠨᠡᠶᠢᠲᠡ ᠶᠢᠨ ᠬᠦᠰᠡᠯ ᠡᠷᠡᠮᠡᠯᠵᠡᠯ ᠲᠠᠢ ᠨᠡᠶᠢᠴᠡᠵᠦ ᠪᠠᠶᠢᠨ᠎ᠠ ᠃ ᠬᠤᠶᠠᠷ ᠲᠠᠯ᠎ᠠ ᠪᠠᠷ ᠢᠶᠠᠨ ᠬᠠᠷᠢᠯᠴᠠᠨ ᠬᠦᠨᠳᠦᠳᠬᠡᠬᠦ ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠂ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ ᠬᠦᠷᠳᠡᠬᠦ ᠵᠠᠷᠴᠢᠮ ᠢ ᠪᠠᠷᠢᠮᠲᠠᠯᠠᠵᠤ ᠂ ᠶᠠᠷᠢᠯᠴᠠᠭ᠎ᠠ ᠣᠶᠢᠯᠠᠭᠠᠯᠴᠠᠭ᠎ᠠ ᠪᠠᠨ ᠴᠢᠩᠭᠠᠳᠬᠠᠨ ᠂ ᠵᠥᠷᠢᠯᠳᠦᠭᠡᠨ ᠢᠶᠠᠨ ᠲᠣᠬᠢᠲᠠᠢ ᠬᠠᠮᠢᠶᠠᠷᠤᠨ ᠡᠵᠡᠮᠳᠡᠵᠦ ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠥᠷᠭᠡᠳᠬᠡᠵᠦ ᠂ ᠰᠢᠨ᠎ᠡ ᠴᠠᠭ ᠦᠶ᠎ᠡ ᠳᠠᠬᠢ ᠳᠤᠮᠳᠠᠳᠤ ᠠᠮᠧᠷᠢᠺᠠ ᠶᠢᠨ ᠵᠥᠪ ᠣᠨᠣᠪᠴᠢᠲᠠᠢ ᠬᠠᠷᠢᠯᠴᠠᠬᠤ ᠵᠠᠮ ᠢᠶᠠᠷ ᠵᠠᠮᠨᠠᠨ ᠂ ᠬᠤᠶᠠᠷ ᠤᠯᠤᠰ ᠲᠤ ᠪᠤᠶᠠᠨ ᠦᠢᠯᠡᠳᠴᠦ ᠂ ᠳᠡᠯᠡᠬᠡᠢ ᠳ᠋ᠠᠬᠢᠨ ᠳᠤ ᠠᠰᠢᠭ ᠬᠦᠷᠲᠡᠭᠡᠬᠦ ᠶᠢ ᠬᠦᠰᠡᠵᠦ ᠪᠠᠶᠢᠨ᠎ᠠ ᠭᠡᠵᠡᠢ ᠃   ᠲᠣᠰ ᠡᠳᠦᠷ ᠂ ᠤᠯᠤᠰ ᠤᠨ ᠳᠡᠳ᠋ ᠲᠡᠷᠢᠭᠦᠯᠡᠭᠴᠢ ᠬᠠᠨ ᠵᠧᠩ ᠴᠠᠬᠢᠯᠭᠠᠨ ᠴᠢᠮᠡᠭᠡ ᠶᠠᠪᠤᠭᠤᠯᠵᠤ ᠂ ᠵᠠᠮᠧᠰ · ᠸᠠᠨ᠋ᠰ ᠤᠨ ᠠᠮᠧᠷᠢᠺᠠ ᠶᠢᠨ ᠳᠡᠳ᠋ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠳᠤ ᠪᠠᠶᠠᠷ ᠬᠦᠷᠭᠡᠭᠰᠡᠨ ᠪᠠᠶᠢᠨ᠎ᠠ ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号