ᠨᠢᠭᠡ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠦᠢᠯᠡᠴᠢᠯᠡᠭᠡ ᠶᠢᠨ | ᠦᠨ᠎ᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠷᠰᠢᠯᠲᠠ ᠶᠢᠨ ᠴᠡᠭ ᠤᠨ ᠬᠡᠷᠡᠭᠵᠢᠭᠦᠯᠬᠦ ᠲᠥᠰᠦᠯ︾ ︵ | ᠳᠣᠷᠣᠭᠰᠢ ︽ᠲᠤᠷᠰᠢᠯᠲᠠ ᠶᠢᠨ ᠲᠥᠰᠦᠯ︾ ᠭᠡᠵᠦ ᠲᠣᠪᠴᠢᠯᠠᠨ᠎ᠠ︶ ᠢ ᠲᠣᠭᠲᠠᠭᠠᠭᠰᠠᠨ ᠠᠬᠤᠶ ᠪᠠᠶᠢᠳᠠᠯ ᠨᠢ ᠶᠠᠭᠤ | ᠪᠣᠶ︖ | ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠣᠯ ᠡᠮᠴᠢᠯᠡᠭᠡᠨ ᠤ | ᠪᠠᠲᠤᠯᠠᠭ᠎ᠠ ᠪᠠ ᠡᠮᠴᠢᠯᠡᠭᠡᠨ ᠤ ᠦᠢᠯᠡᠴᠢᠯᠡᠭᠡ ᠶᠢᠨ ᠴᠢᠨᠠᠷ ᠰᠠᠶᠢᠲᠠᠶ ᠬᠠᠮᠵᠢᠯᠴᠠᠨ ᠬᠥᠭᠵᠢᠬᠦ ᠶᠢ ᠠᠬᠢᠭᠤᠯᠬᠤ ᠴᠢᠬᠤᠯᠠ | ᠠᠷᠭ᠎ᠠ ᠬᠡᠮᠵᠢᠶ᠎ᠡ ᠪᠣᠯᠤᠨ᠎ᠠ ᠃ 2021 ᠣᠨ ᠤ 5 ᠳ᠋ᠤᠭᠠᠷ ᠰᠠᠷ᠎ᠠ ᠶᠢᠨ 21 ᠤ ᠡᠳᠦᠷ ᠂ ᠶᠡᠷᠦᠩᠬᠡᠶ ᠱᠦᠵᠢ ᠰᠢ ᠶᠢᠨ | ᠫᠢᠩ ᠲᠥᠪ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠠᠷᠪᠠ ᠶᠢᠰᠦᠳᠦᠭᠡᠷ | ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠵᠤ ᠂ ︽ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠷᠰᠢᠯᠲᠠ ᠶᠢᠨ ᠲᠥᠰᠦᠯ︾ ᠢ ᠬᠢᠨᠠᠨ ᠵᠥᠪᠯᠡᠵᠦ ᠪᠠᠲᠤᠯᠠᠨ ᠂ ᠨᠢᠭᠡᠳᠦᠭᠡᠷ | ᠪᠦᠯᠦᠭ 5 ᠬᠤᠲᠠ ᠶᠢ ᠲᠤᠷᠰᠢᠯᠲᠠ ᠶᠢᠨ ᠴᠡᠭ ᠪᠣᠯᠭᠠᠵᠤ ᠂ ᠣᠶᠢᠷ᠎ᠠ ᠶᠢᠨ 3 ᠵᠢᠯ ᠤᠨ ᠬᠤᠭᠤᠴᠠᠭ᠎ᠠ ᠶᠢ ᠠᠰᠢᠭᠯᠠᠨ ᠂ | ᠥᠭᠡᠷᠡᠴᠢᠯᠡᠯᠲᠡ ᠶᠢᠨ ᠲᠤᠷᠰᠢᠯᠭ᠎ᠠ ᠪᠠ ᠨᠡᠶᠢᠲᠡᠯᠢᠭ ᠵᠠᠭᠪᠤᠷ ᠢ ᠬᠠᠶᠢᠨ ᠰᠦᠪᠡᠭᠴᠢᠯᠡᠪᠡ ᠃ ᠡᠨᠡ ᠬᠦ ᠰᠠᠭᠤᠷᠢᠨ | ᠳᠡᠭᠡᠷ᠎ᠡ ᠂ ᠤᠯᠤᠰ ᠠᠴᠠ ᠨᠠᠩ ᠶᠡᠭᠡ ᠬᠡᠪᠴᠢᠶ᠎ᠡ ᠂ ᠨᠠᠩ ᠥᠨᠳᠥᠷ ᠳᠠᠪᠬᠤᠷᠭ᠎ᠠ ᠂ ᠨᠠᠩ ᠭᠦᠨ ᠳᠠᠪᠬᠤᠷᠭ᠎ᠠ ᠳᠤ | ᠲᠤᠷᠰᠢᠯᠲᠠ ᠶᠢᠨ ᠴᠡᠭ ᠥᠷᠨᠢᠭᠦᠯᠬᠦ ᠪᠠᠷ ᠲᠣᠭᠲᠠᠵᠤ ᠂ 2024 ᠣᠨ ᠤ 3 ᠳ᠋ᠤᠭᠠᠷ ᠰᠠᠷ᠎ᠠ ᠳᠤ ᠂ ᠤᠯᠤᠰ ᠤᠨ | ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠠᠴᠠ ︽ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠷᠰᠢᠯᠲᠠ ᠶᠢᠨ ᠮᠤᠵᠢ ᠬᠤᠲᠠ ᠶᠢ ᠲᠣᠭᠲᠠᠭᠠᠬᠤ ᠲᠤᠬᠠᠶ ᠮᠡᠳᠡᠭᠳᠡᠯ︾ ᠢ | ᠳᠠᠷᠤᠮᠠᠯᠯᠠᠨ ᠲᠠᠷᠬᠠᠭᠠᠵᠤ ᠂ ᠥᠪᠥᠷ ᠮᠣᠩᠭᠤᠯ ᠂ ᠵᠧᠵᠢᠶᠠᠩ ᠂ ᠰᠧᠴᠤᠸᠠᠨ ᠤ ᠡᠮᠴᠢᠯᠡᠭᠡᠨ ᠤ ᠦᠢᠯᠡᠴᠢᠯᠡᠭᠡ ᠶᠢᠨ | ᠦᠨ᠎ᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠷᠰᠢᠯᠲᠠ ᠶᠢᠨ ᠴᠡᠭ ᠤᠨ ᠮᠤᠵᠢ ᠣᠷᠣᠨ ᠢ ᠵᠥᠪᠰᠢᠶᠡᠷᠡᠵᠦ ᠂ | ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠰᠢᠭᠤᠳ ᠬᠠᠷᠢᠯᠴᠠᠵᠤ ᠲᠤᠷᠰᠢᠯᠲᠠ ᠶᠢᠨ ᠴᠡᠭ ᠤᠨ | ᠠᠵᠢᠯ ᠥᠷᠨᠢᠭᠦᠯᠬᠦ ᠶᠢ ᠵᠥᠪᠰᠢᠶᠡᠷᠡᠪᠡ ᠃ 2 ᠠᠴᠠ 3 ᠵᠢᠯ ᠤᠨ ᠬᠤᠭᠤᠴᠠᠭ᠎ᠠ ᠪᠠᠷ ᠳᠠᠮᠵᠢᠭᠤᠯᠤᠨ ᠂ ᠵᠢᠷᠤᠮᠵᠢᠭᠤᠨ | ᠪᠥᠭᠡᠳ ᠳᠡᠯᠭᠡᠷᠡᠭᠦᠯᠵᠦ ᠪᠣᠯᠬᠤᠶᠢᠴᠠ ᠥᠭᠡᠷᠡᠴᠢᠯᠡᠯᠲᠡ ᠶᠢᠨ ᠲᠤᠷᠰᠢᠯᠭ᠎ᠠ ᠶᠢ ᠰᠦᠪᠡᠭᠴᠢᠯᠡᠨ ᠪᠣᠢ ᠪᠣᠯᠭᠠᠪᠠ ᠃ | ᠬᠤᠶᠠᠷ ᠂ ᠭᠤᠣᠯ ᠥᠭᠡᠷᠡᠴᠢᠯᠡᠯᠲᠡ ᠶᠢᠨ ᠴᠢᠭᠯᠡᠯ ᠪᠠ ᠬᠠᠷᠠᠯᠲᠠ ᠨᠢ ᠶᠠᠭᠤ ᠪᠤᠢ︖ | ᠦᠭᠡᠷᠡᠴᠢᠯᠡᠯᠲᠡ ᠶᠢᠨ ᠴᠢᠭᠯᠡᠯ ᠨᠢ ᠦᠩᠭᠡᠷᠡᠭᠰᠡᠨ ᠤ ︽ᠪᠦᠯᠦᠭ ᠤᠳᠠᠭ᠎ᠠ ᠶᠢᠨ ᠲᠦᠷᠦᠯ ᠵᠦᠢᠯ ᠤᠨ | ᠦᠨ᠎ᠡ ᠶᠢᠨ ᠲᠣᠬᠢᠷᠠᠭᠤᠯᠤᠯᠲᠠ︾ ᠠᠴᠠ ︽ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠂ ᠬᠦᠳᠡᠯᠦᠩᠭᠦᠢ ᠪᠠᠷ | ᠲᠣᠬᠢᠷᠠᠭᠤᠯᠬᠤ ᠦᠨ᠎ᠡ ᠶᠢᠨ ᠪᠦᠷᠢᠯᠳᠦᠬᠦ ᠲᠣᠭᠲᠠᠴᠠ ᠶᠢ ᠪᠠᠶᠢᠭᠤᠯᠬᠤ ᠂ ᠡᠮᠴᠢᠯᠡᠭᠡᠨ ᠤ ᠦᠢᠯᠡᠴᠢᠯᠡᠭᠡ ᠶᠢᠨ | ᠦᠨ᠎ᠡ ᠶᠢᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠬᠦ︾ ᠪᠣᠯᠭᠠᠨ ᠂ ᠭᠤᠣᠯᠳᠠᠭᠤ ᠡᠮᠴᠢᠯᠡᠭᠡᠨ ᠤ | ᠦᠢᠯᠡᠴᠢᠯᠡᠭᠡ ᠶᠢᠨ ᠦᠨ᠎ᠡ ᠶᠢᠨ ︽ᠶᠡᠷᠦᠩᠬᠡᠢ ᠬᠡᠮᠵᠢᠶ᠎ᠡ ᠶᠢ ᠨᠢ ᠲᠣᠬᠢᠷᠠᠭᠤᠯᠤᠨ ᠡᠵᠡᠮᠳᠡᠬᠦ ᠂ ᠲᠦᠷᠦᠯ ᠬᠤᠪᠢᠶᠠᠨ ᠪᠣᠢ | ᠪᠣᠯᠭᠠᠬᠤ ᠂ ᠬᠦᠳᠡᠯᠦᠩᠭᠦᠢ ᠪᠠᠷ ᠲᠣᠬᠢᠷᠠᠭᠤᠯᠬᠤ ᠂ ᠬᠢᠨᠠᠨ ᠰᠢᠨᠵᠢᠵᠦ ᠰᠢᠯᠭᠠᠨ ᠬᠢᠨᠠᠬᠤ ᠂ ᠲᠦᠷᠦᠯ ᠵᠦᠢᠯ ᠢᠶᠠᠷ | ᠬᠠᠮᠢᠶᠠᠷᠬᠤ︾ ᠲᠠᠪᠤᠨ ᠵᠦᠢᠯ ᠤᠨ ᠦᠭᠡᠷᠡᠴᠢᠯᠡᠯᠲᠡ ᠶᠢᠨ ᠲᠣᠭᠲᠠᠴᠠ ᠪᠠᠷ ᠭᠤᠣᠯᠳᠠᠭᠤᠯᠵᠤ ᠂ ᠵᠠᠰᠠᠭ ᠤᠨ | ᠣᠷᠳᠣᠨ ᠤ ᠵᠢᠯᠤᠭᠤᠳᠤᠯᠭ᠎ᠠ ᠪᠣᠯᠣᠨ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ | ᠣᠷᠤᠯᠴᠠᠬᠤ ᠶᠢ ᠤᠶᠠᠯᠳᠤᠭᠤᠯᠤᠭᠰᠠᠨ ᠦᠨ᠎ᠡ ᠶᠢᠨ ᠪᠦᠷᠢᠯᠳᠦᠬᠦ ᠲᠣᠭᠲᠠᠴᠠ ᠶᠢ ᠰᠦᠪᠡᠭᠴᠢᠯᠡᠵᠦ ᠂ ᠡᠮᠨᠡᠯᠭᠡ ᠶᠢᠨ | ᠬᠤᠷᠢᠶ᠎ᠠ ᠪᠣᠯᠣᠨ ᠡᠮᠨᠡᠯᠭᠡ ᠶᠢᠨ ᠠᠵᠢᠯᠲᠠᠨ ᠤ ᠲᠤᠰᠬᠠᠢ ᠮᠡᠷᠭᠡᠵᠢᠯ ᠤᠨ ᠳᠠᠪᠠᠭᠤᠯᠢᠭ ᠢ ᠪᠠᠳᠠᠷᠠᠭᠤᠯᠤᠨ ᠂ ᠡᠮᠴᠢᠯᠡᠭᠡᠨ ᠤ | ᠦᠢᠯᠡᠴᠢᠯᠡᠭᠡ ᠶᠢᠨ ᠬᠠᠷᠢᠴᠠᠭᠤᠯᠤᠯ ᠦᠨ᠎ᠡ ᠶᠢᠨ ᠬᠠᠷᠢᠴᠠᠭ᠎ᠠ ᠶᠢ ᠠᠯᠬᠤᠮ ᠠᠯᠬᠤᠮ ᠢᠶᠠᠷ ᠰᠢᠯᠤᠭᠤᠳᠬᠠᠵᠤ ᠂ | ᠵᠢᠷᠤᠮᠯᠠᠵᠤ ᠪᠣᠯᠬᠤ ᠂ ᠳᠡᠯᠭᠡᠷᠡᠭᠦᠯᠵᠦ ᠪᠣᠯᠬᠤ ᠂ ᠣᠨᠴᠠᠯᠢᠭ ᠲᠠᠢ ︽ᠥᠪᠥᠷ ᠮᠣᠩᠭᠤᠯ ᠤᠨ ᠵᠠᠭᠪᠤᠷ︾ ᠢ ᠪᠣᠢ | ᠪᠣᠯᠭᠠᠨ᠎ᠠ ᠃ | 2024 ᠣᠨ ᠤ ᠡᠴᠦᠰ ᠲᠤ ᠂ ︽ᠶᠡᠷᠦᠩᠬᠡᠶ ᠬᠡᠮᠵᠢᠶ᠎ᠡ ᠶᠢ ᠲᠣᠬᠢᠷᠠᠭᠤᠯᠤᠨ ᠡᠵᠡᠮᠳᠡᠬᠦ ᠂ ᠲᠥᠷᠥᠯ ᠬᠤᠪᠢᠶᠠᠨ | ᠪᠦᠷᠢᠯᠳᠦᠭᠦᠯᠬᠦ ᠂ ᠬᠥᠳᠡᠯᠦᠩᠭᠦᠶ ᠪᠠᠷ ᠳᠣᠭᠢᠷᠠᠭᠤᠯᠬᠤ ᠂ ᠬᠢᠨᠠᠨ ᠬᠡᠮᠵᠢᠵᠦ ᠰᠢᠯᠭᠠᠨ ᠬᠢᠨᠠᠬᠤ ᠂ ᠲᠥᠷᠥᠯ ᠵᠦᠢᠯ ᠢ | ᠬᠠᠮᠢᠶᠠᠷᠬᠤ︾ ᠲᠠᠪᠤᠨ ᠶᠡᠭᠡ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ︔ 2025 ᠣᠨ ᠤ ᠡᠴᠦᠰ ᠲᠤ ᠂ ︽ | ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠂ ᠬᠥᠳᠡᠯᠦᠩᠭᠦᠶ ᠪᠠᠷ ᠲᠣᠬᠢᠷᠠᠭᠤᠯᠬᠤ︾ ᠦᠨ᠎ᠡ ᠶᠢᠨ ᠪᠦᠷᠢᠯᠳᠦᠯ ᠤᠨ | ᠰᠢᠨ᠎ᠡ ᠪᠠᠶᠢᠷᠢᠰᠢᠯ ᠢ ᠦᠨᠳᠦᠰᠦᠨ ᠳᠤ ᠪᠠᠨ ᠪᠣᠶ ᠪᠣᠯᠭᠠᠵᠤ ᠂ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠶᠢᠨ | ᠪᠦᠲᠦᠴᠡ ᠶᠢ ᠢᠯᠡᠳᠲᠡ ᠰᠢᠯᠢᠳᠡᠭᠵᠢᠭᠦᠯᠦᠨ᠎ᠡ ᠃ | ᠭᠤᠷᠪᠠ ᠂ ᠭᠤᠣᠯ ᠪᠣᠯᠬᠤ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠨᠢ ᠶᠠᠭᠤ ᠪᠣᠢ︖ | ᠠᠷᠠᠳ ᠲᠦᠮᠡᠨ ᠤ ᠡᠷᠡᠭᠦᠯ ᠮᠡᠨᠳᠦ ᠪᠠᠷ ᠭᠤᠣᠯ ᠪᠣᠯᠭᠠᠬᠤ ᠶᠢ ᠪᠠᠷᠢᠮᠲᠠᠯᠠᠵᠤ ᠂ ᠡᠮᠴᠢᠯᠡᠭᠡᠨ ᠤ ᠥᠷᠲᠡᠭ ᠢᠶᠠᠷ | ᠤᠳᠤᠷᠢᠳᠤᠮᠵᠢ ᠪᠣᠯᠭᠠᠵᠤ ᠂ ᠡᠮᠴᠢᠯᠡᠭᠡᠨ ᠤ ᠦᠢᠯᠡᠰ ᠤᠨ ᠬᠥᠭᠵᠢᠯᠲᠡ ᠶᠢᠨ ᠵᠢᠮ᠎ᠡ ᠶᠣᠰᠣ ᠪᠠᠷ ᠵᠢᠷᠤᠮᠯᠠᠯ ᠪᠣᠯᠭᠠᠵᠤ ᠂ | ᠠᠵᠤ ᠠᠬᠤᠶ ᠨᠡᠶᠢᠭᠡᠮ ᠤᠨ ᠬᠥᠭᠵᠢᠯᠲᠡ ᠳᠤ ᠵᠣᠬᠢᠴᠠᠭᠤᠯᠤᠨ ᠂ ᠵᠠᠰᠠᠭ ᠤᠨ ᠣᠷᠳᠣᠨ ᠤ ᠦᠢᠯᠡᠳᠦᠯ ᠢ ᠨᠡᠩ | ᠰᠠᠶᠢᠲᠤᠷ ᠪᠠᠳᠠᠷᠠᠭᠤᠯᠵᠤ ᠂ ᠡᠮᠴᠢᠯᠡᠭᠡᠨ ᠤ ᠪᠠᠶᠢᠭᠤᠯᠤᠮᠵᠢ ᠮᠡᠷᠭᠡᠵᠢᠯ ᠤᠨ ᠬᠥᠳᠡᠯᠮᠦᠷᠢ ᠬᠦᠴᠦᠨ ᠤ ᠦᠷᠳᠡᠭ ᠢ | ᠭᠦᠢᠴᠡᠳ ᠢᠯᠡᠷᠡᠭᠦᠯᠦᠭᠰᠡᠨ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠶᠢᠨ ᠪᠦᠷᠢᠯᠳᠦᠯ ᠤᠨ ᠲᠣᠭᠲᠠᠴᠠ ᠶᠢ | ᠪᠠᠶᠢᠭᠤᠯᠤᠨ ᠪᠦᠷᠢᠨᠰᠢᠭᠦᠯᠵᠦ ᠂ ᠭᠤᠣᠯ ᠠᠭᠤᠯᠭ᠎ᠠ ᠶᠢ ︽5 + 3 + 4︾ ᠭᠡᠵᠦ ᠬᠤᠷᠢᠶᠠᠩᠭᠤᠶᠢᠯᠠᠵᠤ ᠪᠣᠯᠤᠨ᠎ᠠ ᠃ | | ︽5︾ ᠭᠡᠳᠡᠭ ᠨᠢ ᠲᠠᠪᠤᠨ ᠵᠦᠢᠯ ᠤᠨ ᠲᠣᠭᠲᠠᠴᠠ ᠪᠠᠶᠢᠭᠤᠯᠬᠤ ᠶᠠᠪᠤᠳᠠᠯ ᠢ ᠵᠢᠭᠠᠵᠤ ᠪᠤᠶ ᠃ ᠨᠢᠭᠡ ᠳᠤ ᠂ | ᠬᠤᠷᠸ᠎ᠠ ᠬᠠᠮᠢᠶᠠᠷᠤᠯᠲᠠ ᠶᠢᠨ ᠦᠨ᠎ᠡ ᠶᠢᠨ ᠶᠡᠷᠦᠩᠬᠡᠶ ᠬᠡᠮᠵᠢᠶᠡᠨ ᠤ ᠲᠣᠬᠢᠷᠠᠭᠤᠯᠭ᠎ᠠ ᠡᠵᠡᠮᠳᠡᠯ ᠤᠨ ᠲᠣᠭᠲᠠᠴᠠ ᠶᠢ | ᠪᠠᠶᠢᠭᠤᠯᠤᠨ᠎ᠠ ᠃ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠶᠢᠨ ᠬᠤᠷᠸ᠎ᠠ ᠬᠠᠮᠢᠶᠠᠷᠤᠯᠲᠠ ᠶᠢ ᠴᠢᠩᠭᠠᠳᠬᠠᠬᠤ ᠶᠢᠨ | ᠭᠤᠤᠯᠳᠠᠯᠭ᠎ᠠ ᠪᠣᠯ ᠦᠨ᠎ᠡ ᠶᠢᠨ ᠬᠠᠷᠢᠴᠠᠭ᠎ᠠ ᠶᠢ ᠰᠢᠯᠤᠭᠤᠳᠬᠠᠨ ᠂ ᠬᠥᠰᠢᠭᠦᠷᠭᠡ ᠶᠢᠨ ᠴᠢᠳᠠᠮᠵᠢ ᠶᠢ ᠪᠠᠳᠠᠷᠠᠭᠤᠯᠵᠤ ᠂ | ᠡᠮᠴᠢᠯᠡᠭᠡᠨ ᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠪᠠ ᠡᠯ᠎ᠡ ᠲᠠᠯ᠎ᠠ ᠶᠢᠨ ᠬᠢᠨ ᠤ ᠳᠠᠭᠠᠭᠠᠬᠤ ᠴᠢᠳᠠᠪᠤᠷᠢ ᠶᠢ | ᠰᠠᠶᠢᠲᠤᠷ ᠲᠡᠩᠴᠡᠭᠦᠯᠵᠦ ᠂ ᠶᠡᠷᠦᠩᠬᠡᠶ ᠬᠡᠮᠵᠢᠶᠡᠨ ᠤ ᠬᠡᠪᠴᠢᠶᠡᠨ ᠳᠣᠲᠣᠷ᠎ᠠ ᠭᠤᠤᠯᠳᠠᠯᠭ᠎ᠠ ᠪᠠᠨ ᠲᠣᠪᠤᠶᠢᠯᠭᠠᠨ ᠂ | ᠳᠡᠭᠡᠭᠰᠢᠯᠡᠯᠲᠡ ᠲᠠᠢ ᠪᠠᠭᠤᠷᠠᠯᠲᠠ ᠲᠠᠢ ᠪᠠᠶᠢᠯᠭᠠᠵᠤ ᠂ ᠬᠡᠲᠦᠷᠡᠭᠦᠯᠬᠦ ᠠᠴᠠ ᠵᠠᠶᠢᠯᠠᠰᠬᠢᠬᠤ ᠬᠡᠷᠡᠭᠲᠡᠢ ᠃ ᠬᠤᠶᠠᠷ ᠲᠤ ᠂ | ᠵᠢᠷᠤᠮᠵᠢᠭᠰᠠᠨ ᠡᠮᠬᠢ ᠵᠢᠷᠤᠮ ᠲᠠᠢ ᠦᠨ᠎ᠡ ᠶᠢᠨ ᠲᠥᠷᠥᠯ ᠬᠤᠪᠢᠶᠠᠨ ᠪᠦᠷᠢᠯᠳᠦᠭᠦᠯᠬᠦ ᠲᠣᠭᠲᠠᠴᠠ ᠶᠢ ᠪᠠᠶᠢᠭᠤᠯᠤᠨ᠎ᠠ ᠃ | ᠨᠡᠶᠢᠳᠡᠮ ᠬᠡᠷᠡᠭᠵᠢᠭᠦᠯᠵᠦ ᠪᠠᠶᠢᠭ᠎ᠠ ᠨᠡᠶᠢᠳᠡᠮ ᠬᠡᠷᠡᠭᠯᠡᠬᠦ ᠲᠥᠷᠥᠯ ᠵᠦᠢᠯ ᠢ ᠵᠠᠰᠠᠭ ᠤᠨ ᠣᠷᠳᠣᠨ ᠠᠴᠠ ᠦᠨ᠎ᠡ ᠶᠢᠨ | ᠦᠨᠳᠦᠰᠦᠨ ᠪᠠᠷᠢᠮᠵᠢᠶ᠎ᠠ ᠶᠢ ᠰᠠᠶᠢᠲᠤᠷ ᠬᠠᠮᠢᠶᠠᠷᠤᠨ᠎ᠠ ᠃ ᠮᠡᠷᠭᠡᠵᠢᠯ ᠤᠨ ᠬᠦᠴᠢᠷᠳᠡᠯ ᠶᠡᠬᠡᠲᠡᠶ ᠪᠤᠳᠤᠯᠢᠶᠠᠨᠲᠠᠶ ᠲᠥᠷᠥᠯ | ᠵᠦᠢᠯ ᠳᠤ ᠂ ᠵᠠᠰᠠᠭ ᠤᠨ ᠣᠷᠳᠣᠨ ᠠᠴᠠ ︽ᠳᠦᠷᠢᠮ ᠲᠣᠭᠲᠠᠭᠠᠵᠤ ᠂ ᠬᠢᠨᠠᠭᠴᠢ ᠪᠣᠯᠬᠤ︾ ᠬᠡᠷᠡᠭᠲᠡᠶ ᠂ ᠡᠮᠨᠡᠯᠭᠡ ᠶᠢᠨ | ᠬᠤᠷᠢᠶ᠎ᠠ ᠪᠣᠯᠤᠨ ᠡᠮᠴᠢ ᠶᠢᠨ ᠲᠤᠰᠬᠠᠶ ᠮᠡᠷᠭᠡᠵᠢᠯ ᠤᠨ ᠴᠢᠨᠠᠷᠲᠠᠶ ᠰᠠᠨᠠᠯ ᠰᠠᠨᠠᠭᠤᠯᠭ᠎ᠠ ᠶᠢ ᠬᠦᠨᠳᠦᠳᠬᠡᠵᠦ ᠂ | ᠮᠡᠷᠭᠡᠵᠢᠯ ᠤᠨ ᠬᠥᠳᠡᠯᠮᠦᠷᠢ ᠬᠦᠴᠦᠨ ᠤ ᠥᠷᠲᠡᠭ ᠢ ᠨᠠᠩ ᠰᠠᠶᠢᠲᠤᠷ ᠢᠯᠡᠷᠡᠭᠦᠯᠦᠨ᠎ᠡ ᠃ ︽ᠥᠪᠡᠷᠲᠡᠭᠡᠨ ᠵᠠᠰᠠᠬᠤ | ᠣᠷᠣᠨ ᠨᠢᠭᠡᠳᠦᠯᠲᠡᠶ ᠲᠥᠯᠥᠪᠯᠡᠬᠦ ᠂ ᠳᠡᠭᠡᠳᠦ ᠳᠣᠣᠷᠠᠳᠤ ᠱᠠᠲᠤ ᠬᠠᠮᠵᠢᠯᠴᠠᠬᠤ ᠂ ᠤᠷᠢᠳ ᠢᠶᠠᠷ ᠶᠡᠷᠦᠩᠬᠡᠶᠢᠯᠡᠨ | ᠳᠠᠷᠠᠭ᠎ᠠ ᠨᠢ ᠬᠤᠪᠢᠶᠠᠬᠤ ᠂ ᠠᠶᠢᠮᠠᠭ ᠬᠤᠲᠠ ᠬᠠᠮᠲᠤᠷᠠᠨ ᠬᠥᠳᠡᠯᠦᠯᠴᠡᠬᠦ︾ ᠬᠤᠶᠠᠷ ᠡᠭᠡᠯᠵᠢ ᠶᠢᠨ ᠦᠨ᠎ᠡ ᠶᠢᠨ | ᠮᠡᠳᠡᠭᠦᠯᠬᠦ ᠵᠠᠭᠪᠤᠷ ᠢ ᠰᠦᠪᠡᠭᠴᠢᠯᠡᠵᠦ ᠂ ᠡᠮᠴᠢᠯᠡᠭᠡᠨ ᠤ ᠪᠠᠶᠢᠭᠤᠯᠤᠮᠵᠢ ᠠᠴᠠ ᠡᠵᠡᠨ ᠮᠡᠳᠡᠵᠦ ᠦᠨ᠎ᠡ ᠶᠢᠨ | ᠰᠠᠨᠠᠭᠤᠯᠭ᠎ᠠ ᠳᠤᠷᠠᠳᠴᠤ ᠂ ᠳᠦᠷᠢᠮ ᠤᠨ ᠬᠡᠪᠴᠢᠶᠡᠨ ᠳᠤ ᠲᠣᠬᠢᠷᠠᠭᠤᠯᠬᠤ ᠲᠥᠷᠥᠯ ᠵᠦᠢᠯ ᠤᠨ ᠦᠨ᠎ᠡ ᠶᠢ ᠪᠣᠶ | ᠪᠣᠯᠭᠠᠨ᠎ᠠ ᠃ ᠭᠤᠷᠪᠠ ᠳᠤ ᠂ ᠦᠨ᠎ᠡ ᠶᠢ ᠬᠥᠳᠡᠯᠦᠩᠭᠦᠢ ᠪᠠᠷ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ᠎ᠠ ᠃ | ᠦᠨ᠎ᠡ ᠶᠢᠨ ᠲᠣᠬᠢᠷᠠᠭᠤᠯᠭ᠎ᠠ ᠶᠢᠨ ᠡᠬᠢᠯᠡᠭᠦᠯᠬᠦ ᠨᠥᠬᠦᠴᠡᠯ ᠪᠣᠯᠣᠨ ᠬᠢᠵᠠᠭᠠᠷᠯᠠᠬᠤ ᠨᠥᠬᠦᠴᠡᠯ ᠢ ᠲᠣᠳᠣᠷᠬᠠᠶᠢᠯᠠᠵᠤ ᠂ | ᠠᠵᠢᠯ ᠬᠢᠬᠦ ᠠᠴᠠ ᠡᠮᠦᠨᠡᠬᠢ ᠦᠨᠡᠯᠡᠨ ᠵᠢᠱᠢᠯᠲᠡ ᠶᠢ ᠰᠠᠶᠢᠲᠤᠷ ᠬᠢᠭᠰᠡᠨ ᠰᠠᠭᠤᠷᠢᠨ ᠳᠡᠭᠡᠷ᠎ᠡ ᠲᠣᠬᠢᠷᠠᠭᠤᠯᠭ᠎ᠠ ᠶᠢ | ᠬᠡᠷᠡᠭᠵᠢᠭᠦᠯᠦᠨ ᠂ ᠦᠨ᠎ᠡ ᠶᠢᠨ ᠲᠣᠬᠢᠷᠠᠭᠤᠯᠭ᠎ᠠ ᠶᠢᠨ ᠴᠣᠩᠬᠤᠪᠴᠢ ᠶᠢ ᠰᠢᠨᠵᠢᠯᠡᠬᠦ ᠤᠬᠠᠭᠠᠨᠴᠢ ᠪᠠᠷ ᠡᠵᠡᠮᠳᠡᠵᠦ ᠂ | ᠦᠨ᠎ᠡ ᠶᠢᠨ ᠲᠣᠬᠢᠷᠠᠭᠤᠯᠭ᠎ᠠ ᠶᠢᠨ ᠵᠢᠱᠢᠯᠲᠡ ᠶᠢ ᠲᠣᠭᠲᠠᠪᠤᠷᠢᠵᠢᠭᠤᠯᠤᠨ ᠂ ᠦᠨ᠎ᠡ ᠶᠢᠨ ᠲᠣᠬᠢᠷᠠᠭᠤᠯᠭ᠎ᠠ ᠶᠢᠨ | ᠮᠡᠷᠭᠡᠵᠢᠯ ᠬᠥᠳᠡᠯᠮᠦᠷᠢ ᠦᠢᠯᠡᠴᠢᠯᠡᠭᠡᠨ ᠤ ᠥᠷᠲᠡᠭ ᠤᠨ ︽ᠬᠡᠮᠵᠢᠭᠦᠷ ᠵᠢᠩᠯᠡᠭᠦᠷ ︾ ᠪᠣᠯᠭᠠᠵᠤ ᠂ ᠡᠮᠴᠢᠯᠡᠭᠡᠨ ᠤ ᠡᠬᠢ | ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ ︽ᠳᠣᠬᠢᠶᠠᠨ ᠳ᠋ᠧᠩ︾ ᠂ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶᠠᠨ ᠤ ᠳᠣᠲᠣᠭᠠᠳᠤ ᠲᠠᠮᠢᠷ ᠢᠶᠠᠨ ᠰᠠᠶᠢᠲᠤᠷ ᠪᠣᠯᠪᠠᠰᠤᠷᠠᠭᠤᠯᠬᠤ ︽ᠬᠦᠴᠦᠨ ᠨᠡᠮᠡᠭᠳᠡᠭᠦᠯᠦᠭᠴᠢ︾ | ᠪᠣᠯᠭᠠᠨ᠎ᠠ ᠃ ᠳᠥᠷᠪᠡ ᠳᠤ ᠂ ᠦᠨ᠎ᠡ ᠶᠢ ᠬᠢᠨᠠᠨ ᠬᠡᠮᠵᠢᠵᠦ ᠬᠢᠨᠠᠨ ᠰᠢᠯᠭᠠᠬᠤ ᠨᠢᠭᠲᠠ ᠴᠢᠩᠭ᠎ᠠ ᠥᠨᠳᠥᠷ ᠪᠦᠲᠦᠮᠵᠢᠲᠡᠶ | ᠲᠣᠭᠲᠠᠴᠠ ᠶᠢ ᠪᠠᠶᠢᠭᠤᠯᠤᠨ᠎ᠠ ᠃ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠶᠢᠨ ᠥᠭᠡᠷᠡᠴᠢᠯᠡᠯᠲᠡ ᠶᠢᠨ ᠭᠦᠢᠴᠡᠳᠬᠡᠯ | ᠲᠤᠭ᠎ᠠ ᠶᠢ ᠬᠢᠨᠠᠨ ᠰᠢᠨᠵᠢᠬᠦ ᠪᠠ ᠦᠨᠡᠯᠡᠨ ᠵᠢᠱᠢᠬᠦ ᠶᠢ ᠴᠢᠩᠭᠠᠳᠬᠠᠵᠤ ᠂ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ | ᠪᠠᠶᠢᠭᠤᠯᠤᠮᠵᠢ ᠶᠢᠨ ᠦᠨ᠎ᠡ ᠶᠢᠨ ᠬᠠᠷᠢᠭᠤᠴᠠᠯᠭ᠎ᠠ ᠶᠢ ᠰᠢᠯᠭᠠᠨ ᠬᠢᠨᠠᠬᠤ ᠳᠦᠷᠢᠮ ᠢ ᠪᠠᠶᠢᠭᠤᠯᠤᠨ᠎ᠠ ᠃ ᠲᠠᠪᠤ ᠳᠤ ᠂ | ᠬᠠᠷᠠᠯᠲᠠ ᠪᠠᠷ ᠤᠳᠤᠷᠢᠳᠤᠮᠵᠢ ᠪᠣᠯᠭᠠᠭᠰᠠᠨ ᠦᠨ᠎ᠡ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠲᠣᠭᠲᠠᠴᠠ ᠶᠢ | ᠪᠠᠶᠢᠭᠤᠯᠤᠨ᠎ᠠ ᠃ ᠨᠢᠭᠡᠳᠦᠯᠲᠡᠶ ᠦᠨ᠎ᠡ ᠶᠢᠨ ᠲᠥᠷᠥᠯ ᠵᠦᠢᠯ ᠢ ᠴᠢᠩᠭ᠎ᠠ ᠬᠡᠷᠡᠭᠵᠢᠭᠦᠯᠵᠦ ᠂ ᠡᠮᠴᠢᠯᠡᠭᠡᠨ ᠤ | ᠦᠢᠯᠡᠴᠢᠯᠡᠭᠡ ᠶᠢᠨ ᠲᠥᠷᠥᠯ ᠵᠦᠢᠯ ᠤᠨ ᠬᠠᠮᠢᠶᠠᠷᠤᠯᠲᠠ ᠶᠢ ᠰᠢᠯᠢᠳᠡᠭᠵᠢᠭᠦᠯᠦᠨ ᠂ ︽ᠮᠡᠷᠭᠡᠵᠢᠯ ᠤᠨ ᠬᠤᠷᠣᠭᠳᠠᠯ ᠢ | ᠰᠠᠯᠭᠠᠬᠤ︾ ᠠᠵᠢᠯ ᠢ ᠰᠦᠪᠡᠭᠴᠢᠯᠡᠬᠦ ᠶᠢᠨ ᠬᠠᠮᠲᠤ ᠠᠬᠢᠭᠤᠯᠤᠨ᠎ᠠ ᠃ | ︽3︾ ᠭᠡᠳᠡᠭ ᠨᠢ 3 ᠵᠦᠢᠯ ᠤᠨ ᠲᠤᠯᠭᠠᠭᠤᠷᠢᠯᠠᠯ ᠢ ᠴᠢᠩᠭᠠᠷᠠᠭᠤᠯᠬᠤ ᠶᠢ ᠵᠢᠭᠠᠵᠤ ᠪᠣᠢ ᠄ ᠨᠢᠭᠡ ᠳᠤ ᠂ | ᠦᠨ᠎ᠡ ᠶᠢᠨ ᠬᠠᠮᠢᠶᠠᠷᠤᠯᠲᠠ ᠶᠢᠨ ᠡᠷᠬᠡ ᠮᠡᠳᠡᠯ ᠢ ᠲᠣᠳᠣᠷᠬᠠᠶᠢᠯᠠᠵᠤ ᠂ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠶᠢᠨ | ᠬᠠᠮᠢᠶᠠᠷᠤᠯᠲᠠ ᠶᠢᠨ ᠲᠣᠭᠲᠠᠯᠴᠠᠭ᠎ᠠ ᠶᠢ ᠬᠤᠷᠸ᠎ᠠ ᠬᠠᠮᠢᠶᠠᠷᠤᠯᠲᠠ ᠶᠢᠨ ᠬᠡᠷᠡᠭᠴᠡᠭᠡ ᠶᠢ ᠨᠠᠩ ᠰᠠᠶᠢᠲᠤᠷ ᠬᠠᠩᠭᠠᠵᠤ ᠂ | ᠡᠮᠴᠢᠯᠡᠭᠡᠨ ᠤ ᠡᠬᠢ ᠪᠠᠶᠠᠯᠢᠭ ᠤᠨ ᠬᠠᠷᠢᠶ᠎ᠠ ᠣᠷᠣᠨᠴᠢᠯᠠᠬᠤ ᠣᠨᠴᠠᠯᠢᠭ ᠢ ᠨᠡᠩ ᠰᠠᠶᠢᠲᠤᠷ ᠲᠤᠰᠬᠠᠨ᠎ᠠ ᠃ ᠬᠤᠶᠠᠷ ᠲᠤ ᠂ | ᠦᠨ᠎ᠡ ᠶᠢ ᠲᠣᠬᠢᠷᠠᠭᠤᠯᠬᠤ ᠳᠦᠷᠢᠮ ᠤᠨ ᠳᠠᠷᠠᠭᠠᠯᠠᠯ ᠢ ᠲᠡᠭᠦᠯᠳᠡᠷᠵᠢᠭᠦᠯᠵᠦ ᠂ ᠬᠠᠮᠤᠭ ᠤᠨ ᠶᠡᠭᠡ ᠬᠡᠮᠵᠢᠶ᠎ᠡ ᠪᠠᠷ | ᠳᠦᠷᠢᠮ ᠢᠶᠠᠷ ᠴᠢᠯᠥᠭᠡᠲᠦ ᠲᠠᠰᠤᠯᠤᠯᠲᠠ ᠶᠢ ᠣᠷᠣᠯᠠᠭᠤᠯᠵᠤ ᠂ ᠵᠢᠷᠤᠮᠵᠢᠯ ᠲᠠᠢ ᠡᠮᠬᠢ ᠵᠢᠷᠤᠮ ᠲᠠᠢ ᠂ ᠰᠤᠷᠭᠤᠭ | ᠬᠡᠮᠵᠢᠶ᠎ᠡ ᠲᠠᠢ ᠬᠠᠮᠢᠶᠠᠷᠤᠯᠲᠠ ᠶᠢᠨ ᠱᠠᠭᠠᠷᠳᠠᠯᠭ᠎ᠠ ᠶᠢ ᠨᠡᠩ ᠰᠠᠶᠢᠲᠤᠷ ᠬᠠᠩᠭᠠᠵᠤ ᠂ ᠦᠷ᠎ᠡ ᠪᠦᠲᠦᠮᠵᠢ ᠪᠠ ᠡᠷᠬᠡ | ᠲᠡᠭᠰᠢ ᠶᠢ ᠨᠡᠩ ᠰᠠᠶᠢᠲᠤᠷ ᠬᠠᠷᠠᠭᠠᠯᠵᠠᠨ᠎ᠠ ᠃ ᠭᠤᠷᠪᠠ ᠳᠤ ᠂ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢ | ᠴᠢᠩᠭᠠᠳᠬᠠᠬᠤ ᠳᠤ ᠳᠡᠭᠡᠷ᠎ᠡ ᠳᠤᠤᠷ᠎ᠠ ᠱᠠᠲᠤ ᠶᠢ ᠵᠣᠯᠭᠠᠭᠤᠯᠬᠤ ᠂ ᠣᠷᠣᠨ ᠪᠦᠰᠡ ᠶᠢᠨ ᠬᠤᠯᠪᠣᠭᠠᠯᠠᠨ ᠬᠥᠳᠡᠯᠦᠯᠴᠡᠬᠦ ᠂ | ᠮᠡᠳᠡᠭᠡ ᠵᠠᠩᠭᠢ ᠶᠢ ᠬᠠᠮᠲᠤ ᠪᠠᠷ ᠭᠥᠷᠳᠡᠬᠦ ᠶᠢ ᠴᠢᠩᠭᠠᠳᠬᠠᠬᠤ ᠂ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠶᠢᠨ | ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠵᠡᠷᠭᠡ ᠶᠢ ᠪᠠᠭᠲᠠᠭᠠᠨ᠎ᠠ ᠃ | ︽4︾ ᠭᠡᠳᠡᠭ ᠨᠢ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠂ ᠡᠮᠴᠢᠯᠡᠭᠡᠨ ᠤ ᠪᠠᠲᠤᠯᠠᠭ᠎ᠠ ᠶᠢᠨ ᠳᠦᠷᠢᠮ ᠤᠨ ᠥᠭᠡᠷᠡᠴᠢᠯᠡᠯᠲᠡ ᠶᠢ | ᠵᠣᠯᠭᠠᠭᠤᠯᠬᠤ ᠂ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠵᠠᠰᠠᠭ ᠤᠨ ᠣᠷᠳᠣᠨ ᠤ | ᠣᠷᠣᠭᠤᠯᠤᠯᠲᠠ ᠶᠢ ᠲᠡᠭᠦᠯᠳᠡᠷᠵᠢᠭᠦᠯᠬᠦ ᠂ ᠠᠯᠪᠠᠨ ᠠᠴᠠ ᠪᠠᠶᠢᠭᠤᠯᠤᠭᠰᠠᠨ ᠪᠤᠰᠤ ᠡᠮᠴᠢᠯᠡᠭᠡᠨ ᠤ ᠪᠠᠶᠢᠭᠤᠯᠤᠮᠵᠢ ᠶᠢᠨ | ᠦᠨ᠎ᠡ ᠶᠢ ᠵᠢᠷᠤᠮᠵᠢᠭᠤᠯᠬᠤ ᠵᠡᠷᠭᠡ ᠶᠢ ᠪᠠᠭᠲᠠᠭᠠᠭᠰᠠᠨ 4 ᠵᠦᠢᠯ ᠤᠨ ᠲᠥᠬᠦᠷ ᠥᠭᠡᠷᠡᠴᠢᠯᠡᠯᠲᠡ ᠶᠢ ᠨᠢᠭᠡᠳᠦᠯᠲᠡᠶ | ᠲᠥᠯᠥᠪᠯᠡᠨ ᠲᠦᠯᠬᠢᠨ ᠠᠬᠢᠭᠤᠯᠬᠤ ᠶᠢ ᠵᠢᠭᠠᠵᠤ ᠪᠤᠶ ᠃ | ᠳᠥᠷᠪᠡ ᠂ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠴᠢᠨᠠᠷ ᠰᠠᠶᠢᠲᠠᠶ ᠬᠥᠭᠵᠢᠯᠲᠡ ᠳᠤ ᠶᠠᠮᠠᠷ ᠶᠠᠮᠠᠷ ᠦᠢᠯᠡᠳᠦᠯ | ᠦᠵᠡᠭᠦᠯᠬᠦ ᠪᠣᠶ︖ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠴᠢᠨᠠᠷ ᠰᠠᠶᠢᠲᠠᠢ ᠬᠥᠭᠵᠢᠯᠲᠡ ᠪᠣᠯ ᠳᠠᠷᠤᠢ ︽ | ᠲᠤᠭ᠎ᠠ ᠬᠡᠮᠵᠢᠶᠡᠨ ᠤ ᠬᠤᠷᠠᠮᠳᠤᠯ ︾ ᠠᠴᠠ ︽ᠴᠢᠨᠠᠷ ᠤᠨ ᠳᠡᠭᠡᠭᠰᠢᠯᠡᠯᠲᠡ ︾ ᠲᠡᠶᠢᠰᠢ ᠰᠢᠯᠵᠢᠭᠰᠡᠨ ᠶᠠᠪᠤᠳᠠᠯ | ᠪᠣᠯᠤᠨ᠎ᠠ ᠃ ᠡᠮᠴᠢᠯᠡᠭᠡᠨ ᠤ ᠦᠢᠯᠡᠴᠢᠯᠡᠭᠡᠨ ᠤ ᠦᠨ᠎ᠡ ᠨᠢ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠳᠣᠣᠷᠠᠬᠢ ᠴᠢᠳᠠᠮᠵᠢ ᠶᠢ ᠪᠠᠳᠠᠷᠠᠭᠤᠯᠵᠤ ᠪᠣᠯᠤᠨ᠎ᠠ᠄ ᠨᠢᠭᠡ ᠳᠤ ᠂ | ᠡᠮᠨᠡᠯᠭᠡ ᠶᠢᠨ ᠠᠵᠢᠯᠲᠠᠨ ᠤ ᠬᠥᠳᠡᠯᠮᠦᠷᠢ ᠦᠢᠯᠡᠴᠢᠯᠡᠭᠡᠨ ᠤ ᠮᠡᠷᠭᠡᠵᠢᠯ ᠤᠨ ᠥᠷᠲᠡᠭ ᠢ ᠢᠯᠡᠷᠡᠭᠦᠯᠦᠨ᠎ᠡ ᠃ | ᠥᠩᠭᠡᠷᠡᠭᠰᠡᠨ ᠳᠤ ᠵᠠᠷᠢᠮ ᠡᠮᠨᠡᠯᠭᠡ ᠶᠢᠨ ᠬᠤᠷᠢᠶ᠎ᠠ ᠡᠮ ᠤᠨ ᠵᠦᠢᠯᠡᠰ ᠤᠨ ᠬᠤᠷᠣᠭᠳᠠᠯ ᠮᠠᠲ᠋ᠧᠷᠢᠶᠠᠯ ᠳᠤ ᠢᠯᠡᠭᠦᠬᠡᠨ | ᠲᠦᠰᠢᠭᠯᠡᠨ ᠣᠷᠣᠯᠭ᠎ᠠ ᠪᠠᠨ ᠨᠡᠮᠡᠭᠳᠡᠭᠦᠯᠵᠦ ᠂ ᠮᠡᠷᠭᠡᠵᠢᠯ ᠬᠥᠳᠡᠯᠮᠦᠷᠢ ᠦᠢᠯᠡᠴᠢᠯᠡᠭᠡ ᠪᠠᠷ ᠭᠤᠣᠯ ᠪᠣᠯᠭᠠᠭᠰᠠᠨ | ᠰᠢᠨᠵᠢᠯᠡᠭᠡᠨ ᠤ ᠰᠠᠯᠠᠭ᠎ᠠ ᠶᠢᠨ ︽ᠣᠷᠣᠯᠭ᠎ᠠ ᠡᠭᠦᠳᠬᠦ︾ ᠴᠢᠳᠠᠪᠤᠷᠢ ᠪᠠᠭᠤᠷᠠᠵᠤ ᠂ ᠡᠮᠨᠡᠯᠭᠡ ᠶᠢᠨ ᠬᠤᠷᠢᠶᠠᠨ ᠤ | ᠳᠣᠲᠣᠷᠠᠬᠢ ᠪᠠᠶᠢᠷᠢ ᠰᠠᠭᠤᠷᠢ ᠪᠠᠭᠤᠷᠠᠵᠤ ᠂ ᠬᠥᠭᠵᠢᠯᠲᠡ ᠶᠢᠨ ᠬᠥᠳᠡᠯᠭᠡᠬᠦ ᠬᠦᠴᠦᠨ ᠬᠦᠷᠦᠯᠴᠡᠬᠦ ᠦᠭᠡᠢ ᠃ | ᠣᠳᠣᠬᠠᠨ ᠳᠤ ᠤᠯᠤᠰ ᠠᠴᠠ ᠡᠮ ᠤᠨ ᠵᠦᠢᠯ ᠤᠨ ᠬᠤᠷᠣᠭᠳᠠᠯ ᠮᠠᠲ᠋ᠧᠷᠢᠶᠠᠯ ᠳᠤ ᠦᠨ᠎ᠡ ᠨᠡᠮᠡᠬᠦ ᠂ ᠬᠡᠮᠵᠢᠶ᠎ᠡ ᠲᠠᠢ ᠪᠠᠷ | ᠬᠤᠳᠠᠯᠳᠤᠨ ᠠᠪᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠂ ᠡᠮ ᠤᠨ ᠵᠦᠢᠯ ᠤᠨ ᠬᠤᠷᠣᠭᠳᠠᠯ ᠮᠠᠲ᠋ᠧᠷᠢᠶᠠᠯ ᠤᠨ | ᠣᠷᠣᠯᠭ᠎ᠠ ᠶᠢᠨ ᠡᠵᠡᠯᠡᠬᠦ ᠬᠠᠷᠢᠴᠠᠯ ᠢ ᠪᠠᠭᠠᠰᠬᠠᠵᠤ ᠂ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠶᠢ ᠠᠯᠬᠤᠮ | ᠳᠠᠷᠠᠭ᠎ᠠ ᠲᠠᠢ ᠪᠠᠷ ᠰᠢᠯᠢᠳᠡᠭᠵᠢᠭᠦᠯᠦᠨ ᠂ ᠮᠡᠷᠭᠡᠵᠢᠯ ᠤᠨ ᠬᠥᠳᠡᠯᠮᠦᠷᠢ ᠦᠢᠯᠡᠴᠢᠯᠡᠭᠡ ᠪᠠᠷ ᠭᠤᠤᠯ ᠪᠣᠯᠭᠠᠭᠰᠠᠨ | ᠡᠮᠴᠢᠯᠡᠭᠡ ᠡᠮᠴᠢᠯᠡᠭᠡᠨ ᠤ ᠮᠡᠷᠭᠡᠵᠢᠯ ᠤᠨ ᠰᠢᠨᠵᠢᠯᠡᠭᠡᠨ ᠤ ᠰᠠᠯᠠᠭ᠎ᠠ ᠨᠢ ᠤᠯᠠᠮᠵᠢᠯᠠᠯᠲᠤ ᠵᠠᠭᠪᠤᠷ ᠤᠨ ᠳᠣᠤᠷ᠎ᠠ | ᠬᠥᠭᠵᠢᠬᠦ ᠳᠤ ᠬᠦᠴᠢᠷᠲᠡᠶ ᠪᠠᠶᠢᠨ᠎ᠠ ᠂ ᠥᠭᠡᠷᠡᠴᠢᠯᠡᠯᠲᠡ ᠶᠢᠨ ᠳᠠᠷᠠᠭ᠎ᠠ ᠠᠵᠠ ᠲᠣᠬᠢᠶᠠᠯᠳᠤ ᠬᠤᠭᠤᠴᠠᠭ᠎ᠠ ᠶᠢ ᠤᠭᠲᠤᠨ | ᠠᠪᠴᠢᠷᠠᠬᠤ ᠪᠣᠯᠤᠮᠵᠢ ᠲᠠᠢ ᠪᠠᠶᠢᠨ᠎ᠠ ᠃ ᠬᠤᠶᠠᠷ ᠲᠤ ᠂ ᠡᠮᠴᠢᠯᠡᠭᠡᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ | ᠰᠢᠯᠢᠳᠡᠭᠵᠢᠭᠦᠯᠦᠨ᠎ᠡ ᠃ ᠵᠢᠱᠢᠶᠡᠯᠡᠪᠡᠯ ᠳᠦᠷᠢᠮ ᠤᠨ ᠵᠢᠷᠤᠭ ᠲᠥᠯᠥᠪᠯᠡᠭᠡ ᠶᠣᠰᠣᠭᠠᠷ ᠂ ᠪᠤᠳᠤᠯᠢᠶᠠᠨᠲᠠᠶ ᠲᠥᠷᠥᠯ | ᠵᠦᠢᠯ ᠨᠢ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠦᠨ᠎ᠡ ᠶᠢᠨ ᠪᠣᠶ ᠪᠣᠯᠬᠤ ᠶᠢ ᠣᠷᠣᠭᠤᠯᠵᠤ ᠂ | ᠦᠨ᠎ᠡ ᠲᠣᠬᠢᠷᠠᠭᠤᠯᠬᠤ ᠳᠤ ᠨᠡᠩ ᠠᠮᠢᠳᠤᠯᠢᠭ ᠂ ᠨᠡᠩ ᠴᠢᠭᠯᠡᠭᠦᠯᠬᠦ ᠴᠢᠨᠠᠷ ᠲᠠᠢ ᠪᠣᠯᠤᠨ᠎ᠠ︔ ᠨᠡᠶᠢᠳᠡᠮ ᠬᠡᠷᠡᠭᠯᠡᠬᠦ | ᠬᠡᠯᠪᠡᠷᠢ ᠶᠢᠨ ᠲᠥᠷᠥᠯ ᠵᠦᠢᠯ ᠨᠢ ᠵᠠᠰᠠᠭ ᠤᠨ ᠣᠷᠳᠣᠨ ᠠᠴᠠ ᠦᠨ᠎ᠡ ᠶᠢᠨ ᠦᠨᠳᠦᠰᠦᠨ ᠪᠠᠷᠢᠮᠵᠢᠶ᠎ᠠ ᠪᠠ ᠦᠨ᠎ᠡ ᠳᠤ | ᠲᠣᠬᠢᠷᠠᠭᠤᠯᠤᠯᠲᠠ ᠬᠢᠬᠦ ᠶᠢ ᠴᠢᠩᠭᠠᠳᠬᠠᠬᠤ ᠲᠠᠯ᠎ᠠ ᠪᠠᠷ ᠬᠢ ᠡᠵᠡᠮᠰᠢᠯ ᠢᠶᠠᠨ ᠴᠢᠩᠭᠠᠳᠬᠠᠨ᠎ᠠ ᠃ ᠦᠨ᠎ᠡ ᠶᠢ ᠲᠥᠷᠥᠯ | ᠬᠤᠪᠢᠶᠠᠨ ᠪᠣᠶ ᠪᠣᠯᠭᠠᠬᠤ ᠲᠣᠭᠲᠠᠴᠠ ᠨᠢ ᠳᠡᠭᠡᠳᠦ ᠲᠠᠰ ᠤᠨ ᠡᠮᠨᠡᠯᠭᠡ ᠶᠢᠨ ᠬᠤᠷᠢᠶ᠎ᠠ ᠶᠢ ᠬᠥᠲᠥᠯᠦᠨ ᠵᠢᠯᠣᠭᠤᠳᠴᠤ | ᠪᠠᠶᠢᠭᠠᠳ ᠬᠥᠭᠵᠢᠯᠲᠡ ᠶᠢᠨ ᠭᠤᠤᠯᠳᠠᠯᠭ᠎ᠠ ᠨᠢ ᠥᠨᠳᠥᠷ ᠂ ᠲᠦᠭᠰᠢᠭᠦᠷᠢ ᠨᠢ ᠶᠡᠭᠡ ᠲᠥᠷᠥᠯ ᠵᠦᠢᠯ ᠳᠡᠭᠡᠷ᠎ᠡ | ᠲᠠᠯᠪᠢᠵᠤ ᠂ ᠭᠤᠤᠷᠰᠤᠨ ᠰᠣᠷᠣᠭᠤᠯ ᠤᠨ ᠨᠦᠯᠦᠭᠡᠯᠡᠯ ᠠᠴᠠ ᠵᠠᠶᠢᠯᠠᠰᠬᠢᠵᠦ ᠂ ᠱᠠᠲᠤ ᠬᠤᠪᠢᠶᠠᠨ ᠣᠨᠣᠰᠢᠯᠠᠨ ᠡᠮᠨᠡᠬᠦ ᠶᠢ | ᠠᠬᠢᠭᠤᠯᠵᠤ ᠪᠣᠯᠤᠨ᠎ᠠ ᠃ ᠭᠤᠷᠪᠠ ᠳᠤ ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠳᠣᠲᠣᠭᠠᠳᠤ | ᠬᠠᠮᠢᠶᠠᠷᠤᠯᠲᠠ ᠶᠢ ᠠᠬᠢᠭᠤᠯᠤᠨ᠎ᠠ ᠃ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠶᠢᠨ ᠥᠭᠡᠷᠡᠴᠢᠯᠡᠯᠲᠡ ᠨᠢ | ᠤᠷᠮᠠᠰᠢᠭᠤᠯᠤᠨ ᠬᠢᠵᠠᠭᠠᠷᠯᠠᠬᠤ ᠲᠣᠭᠲᠠᠴᠠ ᠪᠠ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠴᠢᠨᠠᠷ | ᠰᠠᠶᠢᠲᠠᠶ ᠬᠥᠭᠵᠢᠯᠲᠡ ᠶᠢ ᠬᠠᠷᠢᠯᠴᠠᠨ ᠬᠤᠯᠪᠣᠭᠠᠯᠠᠵᠤ ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ | ᠣᠨᠣᠰᠢᠯᠠᠨ ᠡᠮᠨᠡᠬᠦ ᠠᠵᠢᠯᠯᠠᠭ᠎ᠠ ᠶᠢ ᠵᠢᠷᠤᠮᠵᠢᠭᠤᠯᠬᠤ ᠂ ᠥᠪᠡᠷ ᠤᠨ ᠥᠷᠲᠡᠭ ᠪᠠ ᠵᠠᠷᠤᠳᠠᠯ ᠵᠡᠷᠭᠡ ᠲᠠᠯ᠎ᠠ ᠪᠠᠷ ︽ | ᠬᠢᠲᠤᠭ᠎ᠠ ᠶᠢᠨ ᠢᠷ ᠢ ᠳᠣᠲᠣᠭᠰᠢ ᠪᠠᠨ ᠬᠠᠨᠳᠤᠭᠤᠯᠬᠤ︾ ᠥᠭᠡᠷᠡᠴᠢᠯᠡᠯᠲᠡ ᠬᠢᠵᠦ ᠂ ᠡᠮᠴᠢᠯᠡᠭᠡᠨ ᠤ | ᠦᠢᠯᠡᠴᠢᠯᠡᠭᠡ ᠶᠢᠨ ᠦᠨ᠎ᠡ ᠶᠢ ᠲᠣᠬᠢᠷᠠᠭᠤᠯᠬᠤ ᠴᠣᠩᠬᠤᠪᠴᠢ ᠶᠢ ᠨᠡᠭᠡᠭᠡᠬᠦ ᠂ ᠦᠨ᠎ᠡ ᠶᠢ ᠲᠣᠬᠢᠷᠠᠭᠤᠯᠬᠤ ᠶᠡᠷᠦᠩᠬᠡᠶ | ᠬᠡᠮᠵᠢᠶ᠎ᠡ ᠶᠢ ᠥᠷᠭᠡᠳᠬᠡᠬᠦ ᠳᠤ ᠠᠰᠢᠭᠲᠠᠶ ᠲᠦᠯᠬᠢᠭᠦᠷ ᠪᠣᠯᠵᠤ ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶᠠᠨ ᠤ ᠥᠭᠡᠷᠡᠴᠢᠯᠡᠯᠲᠡ ᠠᠴᠠ ᠠᠰᠢᠭ ᠬᠦᠷᠲᠡᠬᠦ ᠂ ᠬᠠᠮᠢᠶᠠᠷᠤᠯᠲᠠ ᠳᠤ ᠦᠷ᠎ᠡ ᠠᠰᠢᠭ ᠣᠯᠭᠤᠬᠤ ᠳᠤ | ᠲᠣᠭᠲᠠᠴᠠ ᠶᠢᠨ ᠪᠠᠲᠤᠯᠠᠭ᠎ᠠ ᠨᠡᠮᠡᠷᠢᠯᠡᠬᠦ ᠪᠣᠯᠣᠨ᠎ᠠ ᠃ | ᠲᠠᠪᠤ ᠂ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠨᠢ | ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠦᠷᠭᠦᠯᠵᠢᠯᠡᠨ ᠥᠰᠬᠦ ᠶᠢ ᠬᠠᠷᠠᠭᠤᠯᠵᠤ ᠪᠠᠶᠢᠨ᠎ᠠ ᠤᠤ︖ | ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠨᠢ ᠵᠥᠪᠬᠡᠨ | ᠦᠨ᠎ᠡ ᠶᠢ ᠲᠣᠬᠢᠷᠠᠭᠤᠯᠬᠤ ᠠᠰᠠᠭᠤᠳᠠᠯ ᠪᠢᠰᠢ ᠂ ᠵᠥᠪᠬᠡᠨ ᠦᠨ᠎ᠡ ᠪᠠᠷ ᠥᠭᠡᠷᠡᠴᠢᠯᠡᠯᠲᠡᠡ ᠶᠢ ᠣᠷᠣᠯᠠᠭᠤᠯᠬᠤ ᠶᠠᠪᠤᠳᠠᠯ | ᠪᠢᠰᠢ ᠃ ᠨᠢᠭᠡ ᠳᠤ ᠂ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠶᠢᠨ ᠥᠭᠡᠷᠡᠴᠢᠯᠡᠯᠲᠡ ᠨᠢ ᠳᠦᠷᠢᠮ ᠪᠠ | ᠲᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ ᠃ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠶᠢᠨ | ᠬᠠᠮᠢᠶᠠᠷᠤᠯᠲᠠ ᠶᠢ ᠪᠠᠷᠢᠮᠵᠢᠶᠠᠵᠢᠭᠤᠯᠵᠤ ᠵᠢᠷᠤᠮᠵᠢᠭᠤᠯᠬᠤ ᠵᠠᠮ ᠳᠤ ᠣᠷᠣᠭᠤᠯᠵᠤ ᠂ ᠦᠨ᠎ᠡ ᠶᠢᠨ ᠬᠠᠨᠳᠤᠰᠢ ᠶᠢ ᠡᠮ | ᠡᠮᠨᠡᠯᠭᠡ ᠶᠢᠨ ᠵᠠᠷᠤᠳᠠᠯ ᠢ ᠡᠵᠡᠮᠳᠡᠬᠦ ᠂ ᠥᠪᠡᠷ ᠤᠨ ᠥᠷᠲᠡᠭ ᠢ ᠪᠠᠭᠤᠷᠠᠭᠤᠯᠬᠤ ᠠᠮᠵᠢᠯᠲᠠ ᠪᠦᠲᠦᠮᠵᠢ ᠶᠢᠨ | ᠭᠦᠢᠴᠡᠳᠬᠡᠬᠦ ᠲᠤᠭ᠎ᠠ ᠲᠠᠢ ᠬᠤᠯᠪᠣᠭᠳᠠᠭᠤᠯᠵᠤ ᠂ ᠶᠡᠭᠡ ᠤᠰᠤ ᠪᠠᠷ ᠨᠡᠯᠦ᠋ᠢᠲᠡᠯ᠎ᠡ ᠤᠰᠤᠯᠠᠬᠤ ᠦᠭᠡᠢ ᠪᠣᠯᠭᠠᠨ᠎ᠠ ︔ | ᠦᠨ᠎ᠡ ᠶᠢᠨ ᠬᠤᠪᠢᠷᠠᠯᠲᠠ ᠶᠢᠨ ᠠᠶᠢᠵᠠᠮ ᠢ ᠡᠬᠢᠯᠡᠭᠦᠯᠬᠦ ᠨᠥᠬᠦᠴᠡᠯ ᠪᠠ ᠬᠢᠵᠠᠭᠠᠷᠯᠠᠬᠤ ᠨᠥᠬᠦᠴᠡᠯ ᠤᠨ ᠡᠵᠡᠮᠳᠡᠯ ᠢ | ᠬᠦᠷᠭᠡᠨ᠎ᠡ ᠂ ᠥᠰᠬᠡᠶᠡ ᠬᠡᠪᠡᠯ ᠥᠰᠬᠡᠵᠦ ᠂ ᠥᠰᠬᠡᠭᠰᠡᠨ ᠳᠡᠭᠡᠷ᠎ᠡ ᠠᠴᠠ ᠥᠰᠬᠡᠵᠦ ᠪᠣᠯᠬᠤ ᠦᠭᠡᠢ︔ ᠦᠨ᠎ᠡ ᠶᠢ | ᠬᠢᠨᠠᠨ ᠬᠡᠮᠵᠢᠵᠦ ᠦᠨᠡᠯᠡᠨ ᠵᠢᠱᠢᠬᠦ ᠰᠢᠯᠭᠠᠯᠲᠠ ᠶᠢ ᠳᠠᠭᠠᠭᠠᠵᠤ ᠳᠡᠶᠢᠯᠬᠦ ᠂ ᠪᠠᠭᠤᠷᠠᠬᠤ ᠶᠣᠰᠣᠲᠠᠢ ᠦᠨ᠎ᠡ ᠶᠢ ᠴᠠᠭ | ᠲᠤᠬᠠᠢ ᠳᠤ ᠨᠢ ᠪᠠᠭᠤᠷᠠᠭᠤᠯᠵᠤ ᠂ ᠥᠰᠬᠡᠭᠰᠡᠨ ᠦᠨ᠎ᠡ ᠶᠢ ᠨᠡᠶᠢᠭᠡᠮ ᠤᠨ ᠦᠷ᠎ᠡ ᠠᠰᠢᠭ ᠲᠠᠢ ᠪᠣᠯᠭᠠᠨ᠎ᠠ ᠃ | ᠬᠤᠶᠠᠷ ᠲᠤ ᠂ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠶᠢᠨ ᠬᠠᠮᠢᠶᠠᠷᠤᠯᠲᠠ ᠪᠣᠯ ᠠᠳᠠᠯᠢᠳᠬᠠᠯ ᠦᠨ᠎ᠡ ᠶᠢᠨ | ᠬᠠᠷᠢᠴᠠᠭ᠎ᠠ ᠶᠢ ᠰᠢᠯᠤᠭᠤᠳᠬᠠᠵᠤ ᠂ ᠬᠥᠰᠢᠭᠦᠷᠭᠡ ᠶᠢᠨ ᠴᠢᠳᠠᠮᠵᠢ ᠶᠢ ᠪᠠᠳᠠᠷᠠᠭᠤᠯᠤᠨ᠎ᠠ ᠃ ᠵᠢᠱᠢᠶᠡᠯᠡᠪᠡᠯ ᠲᠡᠤᠬᠡ ᠶᠢᠨ | ᠦᠨ᠎ᠡ ᠬᠡᠳᠦ ᠳᠣᠣᠷ᠎ᠠ ᠂ ᠡᠮᠴᠢᠯᠡᠭᠡᠨ ᠤ ᠬᠠᠩᠭᠠᠯᠭ᠎ᠠ ᠬᠦᠷᠦᠯᠴᠡᠬᠦ ᠦᠭᠡᠢ ᠪᠠᠶᠢᠭ᠎ᠠ ᠪᠠᠭᠤᠷᠠᠶ ᠰᠢᠨᠵᠢᠯᠡᠭᠡᠨ ᠤ ᠲᠥᠷᠥᠯ | ᠵᠦᠢᠯ ᠳᠤ ᠲᠥᠷᠥ ᠶᠢᠨ ᠪᠣᠳᠣᠯᠭ᠎ᠠ ᠪᠠᠷ ᠤᠷᠮᠠᠰᠢᠭᠤᠯᠬᠤ ᠴᠢᠬᠤᠯᠠᠲᠠᠶ ᠪᠠᠶᠢᠳᠠᠭ︔ ᠨᠠᠷᠢᠨ ᠪᠤᠳᠤᠯᠢᠶᠠᠨᠲᠠᠶ ᠮᠡᠰᠡ | ᠵᠠᠰᠠᠯ ᠵᠡᠷᠭᠡ ᠬᠦᠴᠢᠷᠳᠡᠯ ᠶᠡᠭᠡ ᠂ ᠲᠦᠭᠰᠢᠭᠦᠷᠢ ᠶᠡᠬᠡᠲᠡᠶ ᠡᠮᠴᠢᠯᠡᠭᠡᠨ ᠤ ᠦᠢᠯᠡᠴᠢᠯᠡᠭᠡ ᠳᠤ ᠡᠮᠨᠡᠯᠭᠡ ᠶᠢᠨ | ᠠᠵᠢᠯᠲᠠᠨ ᠤ ᠬᠥᠳᠡᠯᠮᠦᠷᠢ ᠦᠢᠯᠡᠴᠢᠯᠡᠭᠡᠨ ᠤ ᠮᠡᠷᠭᠡᠵᠢᠯ ᠤᠨ ᠦᠨ᠎ᠡ ᠥᠷᠲᠡᠭ ᠢ ᠢᠯᠡᠷᠡᠭᠦᠯᠬᠦ ᠴᠢᠬᠤᠯᠠᠲᠠᠢ ᠪᠠᠶᠢᠳᠠᠭ︔ | ᠲᠥᠬᠦᠭᠡᠷᠦᠮᠵᠢ ᠶᠢᠨ ᠡᠯᠡᠭᠳᠡᠯ ᠤᠨ ᠡᠵᠡᠯᠡᠬᠦ ᠬᠠᠷᠢᠴᠠᠯ ᠥᠨᠳᠥᠷ ᠪᠠᠶᠢᠬᠤ ᠪᠠᠶᠢᠴᠠᠭᠠᠯᠲᠠ ᠵᠠᠰᠠᠯᠲᠠ ᠶᠢᠨ ᠲᠥᠷᠥᠯ | ᠵᠦᠢᠯ ᠳᠤ ᠤᠰᠤ ᠰᠢᠬᠠᠵᠤ ᠭᠠᠷᠭᠠᠬᠤ ᠴᠢᠬᠤᠯᠠᠲᠠᠶ ᠃ ᠦᠨ᠎ᠡ ᠶᠢᠨ ᠬᠠᠷᠢᠴᠠᠭ᠎ᠠ ᠶᠢ ᠰᠢᠯᠤᠭᠤᠳᠬᠠᠬᠤ ᠪᠠᠷ | ᠳᠠᠮᠵᠢᠭᠤᠯᠤᠨ ᠂ ᠡᠮᠴᠢᠯᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠣᠭᠤᠳᠴᠤ ᠪᠠᠶᠢᠭᠠᠳ ᠦᠢᠯᠡᠴᠢᠯᠡᠭᠡᠨ ᠤ ᠶᠠᠰᠤ | ᠴᠢᠨᠠᠷ ᠢᠶᠠᠷ ᠬᠥᠮᠦᠨ ᠢ ᠲᠠᠲᠠᠨ ᠂ ᠮᠡᠷᠭᠡᠵᠢᠯ ᠤᠨ ᠥᠷᠲᠡᠭ ᠲᠤ ᠲᠦᠰᠢᠭᠯᠡᠨ ᠬᠠᠷᠢᠭᠤ ᠠᠰᠢᠭ ᠬᠦᠷᠲᠡᠭᠡᠵᠦ ᠂ ᠡᠮ ᠤᠨ | ᠵᠦᠢᠯ ᠤᠨ ᠬᠤᠷᠣᠭᠳᠠᠯ ᠮᠠᠲ᠋ᠧᠷᠢᠶᠠᠯ ᠤᠨ ᠣᠷᠣᠯᠭ᠎ᠠ ᠶᠢᠨ ᠲᠦᠰᠢᠭᠯᠡᠬᠦ ᠬᠡᠮᠵᠢᠶ᠎ᠡ ᠶᠢ ᠪᠠᠭᠤᠷᠠᠭᠤᠯᠤᠭᠰᠠᠨ ᠪᠥᠭᠡᠳ ᠡᠮ | ᠡᠮᠨᠡᠯᠭᠡ ᠶᠢᠨ ᠶᠡᠷᠦᠩᠬᠡᠶ ᠵᠠᠷᠤᠳᠠᠯ ᠤᠨ ᠵᠦᠶ ᠵᠣᠬᠢᠰ ᠥᠬᠡᠶ ᠪᠠᠷ ᠨᠡᠮᠡᠭᠳᠡᠬᠦ ᠶᠢ ᠪᠠᠭᠠᠰᠬᠠᠬᠤ ᠦᠢᠯᠡᠳᠦᠯ ᠦᠵᠡᠭᠦᠯᠵᠦ | ᠪᠣᠯᠤᠨ᠎ᠠ ᠃ ᠭᠤᠷᠪᠠ ᠳᠤ ᠂ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ ᠂ ᠤᠯᠠᠨ ᠲᠦᠮᠡᠨ ᠤ | ᠳᠠᠷᠤᠭᠠᠰᠤ ᠶᠡᠷᠦᠩᠬᠡᠢ ᠳᠤ ᠪᠠᠨ ᠲᠣᠭᠲᠠᠭᠤᠨ ᠪᠠᠶᠢᠬᠤ ᠶᠢ ᠪᠠᠲᠤᠯᠠᠨ᠎ᠠ ᠃ ᠬᠡᠷᠡᠭ ᠶᠠᠪᠤᠳᠠᠯ ᠤᠨ ᠡᠮᠦᠨᠡᠬᠢ ᠦᠨ᠎ᠡ ᠳᠤ | ᠲᠣᠬᠢᠷᠠᠭᠤᠯᠤᠯᠲᠠ ᠬᠢᠬᠦ ᠪᠣᠯᠤᠮᠵᠢᠲᠤ ᠦᠨᠡᠯᠡᠨ ᠵᠢᠱᠢᠯᠲᠡ ᠶᠢ ᠰᠠᠶᠢᠲᠤᠷ ᠬᠢᠵᠦ ᠂ ᠬᠡᠷᠡᠭ ᠶᠠᠪᠤᠳᠠᠯ ᠤᠨ ᠳᠤᠮᠳᠠᠬᠢ | ᠦᠨ᠎ᠡ ᠶᠢᠨ ᠨᠥᠯᠥᠭᠡ ᠶᠢ ᠵᠠᠳᠠᠯᠤᠨ ᠲᠣᠬᠢᠷᠠᠭᠤᠯᠵᠤ ᠂ ᠬᠡᠷᠡᠭ ᠶᠠᠪᠤᠳᠠᠯ ᠤᠨ ᠳᠠᠷᠠᠭᠠᠬᠢ ᠡᠮᠴᠢᠯᠡᠭᠡᠨ ᠤ | ᠦᠢᠯᠡᠴᠢᠯᠡᠭᠡᠨ ᠤ ᠦᠨ᠎ᠡ ᠪᠠ ᠲᠣᠭᠠᠴᠠᠭ᠎ᠠ ᠬᠢᠬᠦ ᠲᠥᠷᠥ ᠶᠢᠨ ᠪᠣᠳᠣᠯᠭ᠎ᠠ ᠶᠢᠨ ᠬᠠᠮᠵᠢᠯᠴᠠᠭ᠎ᠠ ᠶᠢ ᠰᠠᠶᠢᠲᠤᠷ ᠬᠢᠨ᠎ᠡ ᠃ | ᠵᠢᠷᠭᠤᠭ᠎ᠠ ᠂ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠶᠢᠨ ᠥᠭᠡᠷᠡᠴᠢᠯᠡᠯᠲᠡ ᠨᠢ ᠶᠠᠭᠤᠨ ᠳᠤ ᠡᠮᠴᠢᠯᠡᠭᠡᠨ ᠤ | ᠦᠢᠯᠡᠴᠢᠯᠡᠭᠡ ᠶᠢᠨ ᠵᠦᠢᠯᠡᠰ ᠢ ᠲᠥᠷᠥᠯ ᠬᠤᠪᠢᠶᠠᠨ ᠬᠠᠮᠢᠶᠠᠷᠬᠤ ᠪᠣᠶ︖ | ᠡᠮᠴᠢᠯᠡᠭᠡ ᠪᠣᠯ ᠮᠠᠰᠢ ᠲᠤᠰᠬᠠᠶ ᠮᠡᠷᠭᠡᠵᠢᠯ ᠤᠨ ᠬᠦᠷᠢᠶ᠎ᠡ ᠂ ᠡᠪᠡᠳᠴᠢᠨ ᠡᠮᠭᠡᠭ ᠣᠯᠠᠨ ᠶᠠᠩᠵᠤ ᠶᠢᠨ ᠂ ᠡᠮᠨᠡᠨ | ᠵᠠᠰᠠᠬᠤ ᠲᠥᠰᠦᠯ ᠨᠢ ᠪᠤᠳᠤᠯᠢᠶᠠᠨᠲᠠᠶ ᠪᠠᠶᠢᠵᠤ ᠂ ᠪᠦᠬᠦᠨ ᠢᠶᠠᠷ ᠢᠶᠠᠨ ᠠᠳᠠᠯᠢ ᠨᠢᠭᠡᠨ ᠢᠵᠢ ᠦᠨ᠎ᠡ ᠶᠢᠨ ᠪᠦᠷᠢᠯᠳᠦᠬᠦ | ᠲᠣᠭᠲᠠᠴᠠ ᠂ ᠳᠦᠷᠢᠮ ᠪᠠ ᠠᠷᠭ᠎ᠠ ᠶᠢ ᠬᠡᠷᠡᠭᠯᠡᠨ ᠂ ᠦᠢᠯᠡᠴᠢᠯᠡᠭᠡᠨ ᠤ ᠲᠤᠰ ᠪᠡᠶ᠎ᠡ ᠶᠢᠨ ᠣᠨᠴᠠᠯᠢᠭ ᠢ ᠲᠤᠰᠬᠠᠬᠤ ᠳᠤ | ᠪᠡᠷᠬᠡ ᠶᠤᠮ ᠃ ︽ᠬᠡᠷᠡᠭᠵᠢᠭᠦᠯᠬᠦ ᠲᠥᠰᠦᠯ︾ ᠨᠢ ᠨᠡᠶᠢᠳᠡᠮ ᠬᠡᠷᠡᠭᠯᠡᠬᠦ ᠬᠡᠯᠪᠡᠷᠢ ᠂ ᠬᠤᠯᠢᠮᠠᠭ ᠬᠡᠯᠪᠡᠷᠢ ᠪᠠ ᠣᠨᠴᠠ | ᠬᠡᠷᠡᠭᠴᠡᠭᠡᠲᠦ ᠡᠮᠴᠢᠯᠡᠭᠡᠨ ᠤ ᠦᠢᠯᠡᠴᠢᠯᠡᠭᠡ ᠶᠢ ᠲᠥᠷᠥᠯ ᠬᠤᠪᠢᠶᠠᠨ ᠬᠠᠮᠢᠶᠠᠷᠤᠨ᠎ᠠ ᠃ | ᠨᠡᠶᠢᠳᠡᠮ ᠬᠡᠷᠡᠭᠯᠡᠬᠦ ᠬᠡᠯᠪᠡᠷᠢ ᠶᠢᠨ ᠲᠥᠷᠥᠯ ᠵᠦᠢᠯ ᠭᠡᠳᠡᠭ ᠨᠢ ᠠᠷᠭ᠎ᠠ ᠵᠠᠮ ᠳᠥᠭᠦᠮ ᠂ ᠠᠭᠤᠯᠭ᠎ᠠ ᠲᠣᠳᠣᠷᠬᠠᠶ ᠂ | ᠥᠷᠭᠡᠨ ᠣᠯᠠᠨ ᠡᠮᠴᠢᠯᠡᠭᠡᠨ ᠤ ᠪᠠᠶᠢᠭᠤᠯᠤᠮᠵᠢ ᠂ ᠡᠮᠴᠢ ᠰᠤᠪᠢᠯᠠᠭᠴᠢᠳ ᠲᠤ ᠥᠷᠭᠡᠨ ᠢᠶᠠᠷ ᠡᠵᠡᠮᠰᠢᠨ | ᠬᠡᠷᠡᠭᠯᠡᠭᠳᠡᠭᠰᠡᠨ ᠂ ᠦᠢᠯᠡᠴᠢᠯᠡᠭᠡᠨ ᠤ ᠵᠢᠭᠳᠡ ᠴᠢᠨᠠᠷ ᠨᠡᠯᠢᠶᠡᠳ ᠥᠨᠳᠥᠷ ᠡᠮᠴᠢᠯᠡᠭᠡᠨ ᠤ ᠦᠢᠯᠡᠴᠢᠯᠡᠭᠡ ᠶᠢᠨ ᠲᠥᠷᠥᠯ | ᠵᠦᠢᠯ ᠢ ᠵᠢᠭᠠᠵᠤ ᠪᠣᠶ ᠂ ᠵᠢᠱᠢᠶᠡᠯᠡᠪᠡᠯ ᠣᠨᠣᠰᠢᠯᠠᠬᠤ ᠂ ᠰᠤᠪᠢᠯᠠᠬᠤ ᠂ ᠣᠷᠣ ᠵᠡᠷᠭᠡ ᠲᠥᠷᠥᠯ ᠵᠦᠢᠯ ᠢ ᠵᠢᠭᠠᠵᠤ ᠪᠣᠶ ᠃ | ᠨᠡᠶᠢᠳᠡᠮ ᠬᠡᠷᠡᠭᠯᠡᠬᠦ ᠬᠡᠯᠪᠡᠷᠢ ᠶᠢᠨ ᠲᠥᠷᠥᠯ ᠵᠦᠢᠯ ᠤᠨ ᠲᠤᠭ᠎ᠠ ᠬᠡᠮᠵᠢᠶ᠎ᠡ ᠨᠢ ᠬᠡᠳᠦ᠋ᠢᠪᠡᠷ ᠠᠷᠪᠢᠨ ᠪᠤᠰᠤ ᠪᠣᠯᠪᠠᠴᠤ | ᠭᠠᠷᠤᠭᠰᠠᠨ ᠳᠠᠪᠲᠠᠮᠵᠢ ᠨᠢ ᠥᠨᠳᠥᠷ ᠂ ᠬᠡᠪᠴᠢᠶ᠎ᠡ ᠨᠢ ᠶᠡᠭᠡ ᠂ ᠣᠯᠠᠨ ᠲᠦᠮᠡᠨ ᠨᠡᠯᠢᠶᠡᠳ ᠰᠡᠷᠭᠡᠭ ᠪᠠᠶᠢᠵᠤ ᠂ | ᠪᠦᠬᠦ᠋ᠢᠯᠡ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠶᠢᠨ ᠲᠣᠭᠲᠠᠯᠴᠠᠭ᠎ᠠ ᠪᠣᠯᠤᠨ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶᠠᠨ ᠤ ᠦᠢᠯᠡᠴᠢᠯᠡᠭᠡᠨ ᠤ ᠴᠢᠨᠠᠷᠲᠠᠶ ᠣᠷᠣᠯᠭ᠎ᠠ ᠳᠤ ᠪᠠᠶᠢᠷᠢ ᠰᠠᠭᠤᠷᠢ ᠨᠢ ᠴᠥᠮ ᠮᠠᠰᠢ ᠴᠢᠬᠤᠯᠠ | ᠪᠠᠶᠢᠳᠠᠭ ᠃ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠨᠡᠶᠢᠲᠡ ᠶᠢᠨ ᠠᠰᠠᠷᠠᠮᠵᠢ ᠶᠢᠨ ᠰᠢᠨᠵᠢ | ᠴᠢᠨᠠᠷ ᠢ ᠪᠠᠷᠢᠮᠲᠠᠯᠠᠵᠤ ᠂ ᠨᠡᠶᠢᠳᠡᠮ ᠬᠡᠷᠡᠭᠯᠡᠬᠦ ᠬᠡᠯᠪᠡᠷᠢ ᠶᠢᠨ ᠲᠥᠷᠥᠯ ᠵᠦᠢᠯ ᠤᠨ ᠦᠨ᠎ᠡ ᠶᠢᠨ ᠦᠨᠳᠦᠰᠦᠨ | ᠪᠠᠷᠢᠮᠵᠢᠶ᠎ᠠ ᠶᠢ ᠰᠠᠶᠢᠲᠤᠷ ᠬᠠᠮᠢᠶᠠᠷᠴᠤ ᠂ ᠰᠠᠭᠤᠷᠢ ᠴᠢᠯᠠᠭᠤ ᠶᠢ ᠲᠣᠭᠲᠠᠪᠤᠷᠢᠵᠢᠭᠤᠯᠤᠭᠴᠢ ᠶᠢᠨ ᠦᠢᠯᠡᠳᠦᠯ ᠢ | ᠦᠵᠡᠭᠦᠯᠦᠨ᠎ᠡ ᠃ | ᠪᠤᠳᠤᠯᠢᠶᠠᠨᠲᠤ ᠬᠡᠯᠪᠡᠷᠢ ᠶᠢᠨ ᠲᠥᠷᠥᠯ ᠵᠦᠢᠯ ᠭᠡᠳᠡᠭ ᠨᠢ ᠡᠮᠨᠡᠯᠭᠡ ᠶᠢᠨ ᠠᠵᠢᠯᠲᠠᠨ ᠤ ᠬᠤᠪᠢ ᠬᠥᠮᠦᠨ ᠤ | ᠴᠢᠳᠠᠪᠤᠷᠢ ᠂ ᠡᠮᠴᠢᠯᠡᠭᠡᠨ ᠤ ᠪᠠᠶᠢᠭᠤᠯᠤᠮᠵᠢ ᠶᠢᠨ ᠮᠡᠷᠭᠡᠵᠢᠯ ᠤᠨ ᠲᠤᠯᠭᠠᠭᠤᠷᠢᠯᠠᠬᠤ ᠲᠣᠭᠲᠠᠯᠴᠠᠭ᠎ᠠ ᠶᠢᠨ ᠱᠠᠭᠠᠷᠳᠠᠯᠭ᠎ᠠ | ᠨᠡᠯᠢᠶᠡᠳ ᠥᠨᠳᠥᠷ ᠂ ᠦᠢᠯᠡᠴᠢᠯᠡᠭᠡᠨ ᠤ ᠵᠢᠭᠳᠡ ᠬᠡᠮᠵᠢᠶ᠎ᠡ ᠨᠢ ᠬᠢᠵᠠᠭᠠᠷᠲᠠᠶ ᠂ ᠡᠪᠡᠳᠴᠢᠲᠡᠨ ᠤ ᠲᠠᠨᠢᠨ ᠮᠡᠳᠡᠬᠦᠢ ᠶᠢᠨ | ᠬᠡᠮᠵᠢᠶ᠎ᠡ ᠪᠣᠯᠤᠨ ᠡᠮᠴᠢᠯᠡᠭᠡᠨ ᠤ ᠬᠡᠷᠡᠭᠯᠡᠬᠦ ᠳᠠᠪᠲᠠᠮᠵᠢ ᠬᠠᠷᠢᠴᠠᠩᠭᠤᠶ ᠳᠣᠤᠷ᠎ᠠ ᠪᠠᠶᠢᠬᠤ ᠡᠮᠴᠢᠯᠡᠭᠡᠨ ᠤ | ᠦᠢᠯᠡᠴᠢᠯᠡᠭᠡ ᠶᠢᠨ ᠲᠥᠷᠥᠯ ᠵᠦᠢᠯ ᠂ ᠲᠤᠬᠠᠶᠢᠯᠠᠪᠠᠯ ᠬᠦᠴᠢᠷᠳᠡᠯ ᠶᠡᠭᠡ ᠂ ᠲᠦᠭᠰᠢᠭᠦᠷᠢ ᠶᠡᠬᠡᠲᠡᠶ ᠮᠡᠰᠡ ᠵᠠᠰᠠᠯ ᠤᠨ | ᠲᠥᠷᠥᠯ ᠵᠦᠢᠯ ᠢ ᠵᠢᠭᠠᠵᠤ ᠪᠤᠶ ᠃ ᠥᠩᠭᠡᠷᠡᠭᠰᠡᠨ ᠳᠤ ᠦᠨ᠎ᠡ ᠶᠢᠨ ᠬᠠᠮᠢᠶᠠᠷᠤᠯᠲᠠ ᠶᠢ ᠵᠠᠰᠠᠭ ᠤᠨ ᠣᠷᠳᠣᠨ ᠤ ᠵᠠᠰᠠᠭ | ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠲᠦᠰᠢᠭᠯᠡᠵᠦ ᠂ ᠡᠮᠨᠡᠯᠭᠡ ᠶᠢᠨ ᠬᠤᠷᠢᠶᠠᠨ ᠤ ᠡᠮᠴᠢ | ᠵᠥᠪᠬᠡᠨ ᠰᠠᠨᠠᠭᠠᠴᠢᠯᠠᠭ᠎ᠠ ᠦᠭᠡᠢ ᠪᠠᠷ ᠬᠡᠷᠡᠭᠵᠢᠭᠦᠯᠵᠦ ᠪᠠᠶᠢᠪᠠ ᠃ ᠥᠭᠡᠷᠡᠴᠢᠯᠡᠯᠲᠡ ᠳᠤ ᠵᠠᠰᠠᠭ ᠤᠨ ᠣᠷᠳᠣᠨ ᠤ ︽ | ᠳᠦᠷᠢᠮ ᠲᠣᠭᠲᠠᠭᠠᠵᠤ ᠂ ᠬᠢᠨᠠᠭᠴᠢ ᠪᠣᠯᠬᠤ︾ ᠶᠢ ᠴᠢᠬᠤᠯᠠᠴᠢᠯᠠᠨ ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶ᠎ᠠ ᠶᠢ ᠣᠷᠣᠭᠤᠯᠤᠨ ᠣᠷᠣᠯᠴᠠᠭᠤᠯᠵᠤ ᠂ ᠲᠣᠭᠲᠠᠭᠰᠠᠨ ︽ᠰᠢᠩᠭᠡᠯᠢᠭ︾ ︽ᠱᠤᠭᠤᠮ︾ ᠤᠨ ᠳᠣᠲᠣᠷ᠎ᠠ | ᠦᠨ᠎ᠡ ᠶᠢ ᠪᠦᠷᠢᠯᠳᠦᠭᠦᠯᠵᠦ ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠲᠤᠰᠬᠠᠶ ᠮᠡᠷᠭᠡᠵᠢᠯ ᠤᠨ | ᠳᠠᠪᠠᠭᠤᠯᠢᠭ ᠢ ᠪᠠᠳᠠᠷᠠᠭᠤᠯᠬᠤ ᠪᠠᠷ ᠪᠠᠷᠠᠬᠤ ᠦᠭᠡᠢ ᠪᠠᠰᠠ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ | ᠳᠣᠲᠣᠭᠠᠳᠤ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠬᠤ ᠶᠢ ᠬᠥᠲᠥᠯᠥᠨ ᠵᠢᠯᠤᠭᠤᠳᠤᠭᠰᠠᠨ | ᠪᠠᠶᠢᠨ᠎ᠠ ᠃ | ᠡᠭᠦᠨ ᠠᠴᠠ ᠭᠠᠳᠠᠨ᠎ᠠ ᠂ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠦᠨ᠎ᠡ ᠶᠢ | ᠲᠣᠭᠲᠠᠭᠠᠬᠤ ᠳᠤ ᠬᠡᠷᠡᠭᠴᠡᠬᠦ ᠡᠮᠴᠢᠯᠡᠭᠡᠨ ᠤ ᠦᠢᠯᠡᠴᠢᠯᠡᠭᠡ ᠳᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶᠠᠨ ᠤ ᠨᠡᠶᠢᠲᠡ ᠶᠢᠨ ᠠᠰᠠᠷᠠᠮᠵᠢ ᠶᠢᠨ ᠰᠢᠨᠵᠢ ᠴᠢᠨᠠᠷ ᠢ ᠪᠠᠷᠢᠮᠲᠠᠯᠠᠨ ᠂ ᠬᠡᠪᠴᠢᠶ᠎ᠡ ᠶᠢ ᠴᠢᠩᠭ᠎ᠠ ᠡᠵᠡᠮᠳᠡᠵᠦ ᠂ | ᠦᠨᠳᠦᠰᠦᠨ ᠡᠮᠴᠢᠯᠡᠭᠡᠨ ᠤ ᠦᠢᠯᠡᠴᠢᠯᠡᠭᠡ ᠶᠢᠨ ᠭᠤᠤᠯ ᠴᠣᠭᠴᠠ ᠶᠢᠨ ᠪᠠᠶᠢᠷᠢ ᠰᠠᠭᠤᠷᠢ ᠶᠢ ᠨᠥᠯᠥᠭᠡᠯᠡᠬᠦ ᠠᠴᠠ | ᠵᠠᠶᠢᠯᠠᠰᠬᠢᠬᠦ ᠬᠡᠷᠡᠭᠲᠡᠶ ᠃ | ᠳᠣᠯᠤᠭ᠎ᠠ ᠂ ᠡᠮᠴᠢᠯᠡᠭᠡ ᠶᠢᠨ ᠦᠢᠯᠡᠴᠢᠯᠡᠭᠡ ᠶᠢᠨ ᠦᠨ᠎ᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ | ᠦᠨ᠎ᠡ ᠶᠢ ᠲᠣᠬᠢᠷᠠᠭᠤᠯᠬᠤ ᠲᠣᠭᠲᠠᠴᠠ ᠶᠢ ᠪᠠᠶᠢᠭᠤᠯᠵᠤ ᠂ ᠶᠠᠮᠠᠷ ᠶᠠᠮᠠᠷ ᠠᠰᠠᠭᠤᠳᠠᠯ ᠢ ᠪᠣᠳᠠᠲᠠᠢ ᠰᠢᠢᠳᠪᠦᠷᠢᠯᠡᠬᠦ ᠪᠣᠢ︖ | | ᠡᠮᠴᠢᠯᠡᠭᠡ ᠶᠢᠨ ᠦᠢᠯᠡᠴᠢᠯᠡᠭᠡ ᠶᠢᠨ ᠦᠨ᠎ᠡ ᠨᠢ ᠣᠯᠠᠨ ᠲᠠᠯ᠎ᠠ ᠶᠢᠨ ᠠᠰᠢᠭ ᠲᠤᠰᠠ ᠳᠤ ᠬᠤᠯᠪᠣᠭᠳᠠᠬᠤ | ᠭᠦᠨᠵᠡᠭᠡᠶ ᠲᠣᠬᠢᠷᠠᠭᠤᠯᠤᠯᠲᠠ ᠳᠤ ᠂ ᠬᠥᠳᠡᠯᠭᠡᠬᠦ ᠦᠭᠡᠶ ᠪᠠᠶᠢᠵᠤ ᠪᠣᠯᠬᠤ ᠦᠭᠡᠶ ᠪᠥᠭᠡᠳ ᠪᠠᠰᠠ ᠳᠤᠷ᠎ᠠ ᠪᠠᠷ ᠢᠶᠠᠨ | ᠬᠤᠪᠢᠷᠠᠭᠤᠯᠵᠤ ᠪᠣᠯᠬᠤ ᠦᠭᠡᠶ ᠃ ᠭᠦᠢᠴᠡᠳᠬᠡᠯ ᠲᠣᠭᠠᠨ ᠤ ᠭᠦᠢᠴᠡᠳᠬᠡᠬᠦ ᠲᠣᠭᠠᠨ ᠤ ᠨᠥᠬᠦᠴᠡᠯ ᠪᠠ ᠬᠦᠨᠳᠡᠬᠦ | ᠲᠣᠭᠲᠠᠴᠠ ᠶᠢ ᠪᠠᠶᠢᠭᠤᠯᠬᠤ ᠬᠡᠷᠡᠭᠲᠡᠶ ᠂ ᠵᠢᠱᠢᠭᠰᠡᠨ ᠬᠠᠮᠢᠶᠠᠷᠤᠯᠲᠠ ᠪᠠ ᠦᠨ᠎ᠡ ᠳᠤ ᠲᠣᠬᠢᠷᠠᠭᠤᠯᠤᠯᠲᠠ ᠬᠢᠬᠦ | ᠴᠣᠩᠬᠤᠪᠴᠢ ᠠᠰᠠᠭᠤᠳᠠᠯ ᠢ ᠨᠡᠩ ᠰᠠᠶᠢᠲᠤᠷ ᠰᠢᠢᠳᠪᠦᠷᠢᠯᠡᠵᠦ ᠪᠣᠯᠤᠨ᠎ᠠ ᠂ ᠤᠷᠲᠤ ᠬᠤᠭᠤᠴᠠᠭ᠎ᠠ ᠪᠠᠷ ᠬᠥᠳᠡᠯᠬᠦ | ᠦᠭᠡᠶ ᠂ ᠱᠠᠯᠠᠪᠳᠠᠨ ᠪᠠᠯᠠᠳᠠᠬᠤ ᠪᠠᠶᠢᠳᠠᠯ ᠭᠠᠷᠬᠤ ᠠᠴᠠ ᠵᠠᠶᠢᠯᠠᠰᠬᠢᠵᠦ ᠪᠣᠯᠤᠨ᠎ᠠ ᠃ ᠨᠢᠭᠡ ᠳᠤ ᠂ ᠬᠥᠳᠡᠯᠦᠩᠭᠦᠶ ᠪᠠᠷ | ᠲᠣᠬᠢᠷᠠᠭᠤᠯᠬᠤ ᠶᠢ ᠡᠬᠢᠯᠡᠭᠦᠯᠬᠦ ᠨᠥᠬᠦᠴᠡᠯ ᠂ ᠬᠢᠵᠠᠭᠠᠷᠯᠠᠬᠤ ᠨᠥᠬᠦᠴᠡᠯ ᠪᠠ ᠬᠥᠨᠳᠡᠬᠦ ᠲᠣᠭᠲᠠᠴᠠ ᠶᠢ | ᠲᠣᠳᠣᠷᠬᠠᠶᠢᠯᠠᠵᠤ ᠂ ︽ᠭᠦᠢᠴᠡᠳᠬᠡᠯ ᠲᠣᠭᠠᠨ ᠤ ᠲᠣᠭᠲᠠᠯᠴᠠᠭ᠎ᠠ + ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠨ | ᠵᠢᠱᠢᠬᠦ︾ ᠪᠠᠷ ᠳᠠᠮᠵᠢᠭᠤᠯᠤᠨ ᠲᠦᠷᠢᠮ ᠤᠨ ᠪᠢᠲᠡᠭᠦᠦ ᠭᠤᠭᠴᠤᠭ᠎ᠠ ᠶᠢ ᠪᠡᠶᠡᠯᠡᠭᠦᠯᠵᠦ ᠂ ᠬᠤᠷᠸ᠎ᠠ ᠬᠠᠮᠢᠶᠠᠷᠤᠯᠲᠠ ᠶᠢ | ᠬᠤᠮᠠᠬᠢ ᠲᠠᠯ᠎ᠠ ᠠᠴᠠ ᠲᠣᠬᠢᠷᠠᠭᠤᠯᠬᠤ ᠶᠢ ᠨᠠᠩ ᠰᠠᠶᠢᠨ ᠵᠢᠯᠣᠭᠤᠳᠴᠤ ᠂ ᠬᠤᠮᠠᠬᠢ ᠦᠨ᠎ᠡ ᠶᠢ ᠲᠣᠬᠢᠷᠠᠭᠤᠯᠬᠤ ᠶᠢ | ᠨᠠᠩ ᠰᠠᠶᠢᠨ ᠦᠢᠯᠡᠴᠢᠯᠡᠨ᠎ᠡ ᠃ ᠬᠤᠶᠠᠷ ᠲᠤ ᠂ ᠨᠡᠶᠢᠳᠡᠮ ᠬᠡᠷᠡᠭᠯᠡᠬᠦ ᠬᠡᠯᠪᠡᠷᠢ ᠶᠢᠨ ᠲᠥᠷᠥᠯ ᠵᠦᠢᠯ ᠪᠣᠯᠤᠨ | ᠪᠤᠳᠤᠯᠢᠶᠠᠨᠲᠤ ᠬᠡᠯᠪᠡᠷᠢ ᠶᠢᠨ ᠲᠥᠷᠥᠯ ᠵᠦᠢᠯ ᠤᠨ ᠦᠨ᠎ᠡ ᠳᠤ ᠢᠯᠭᠠᠭ᠎ᠠ ᠲᠠᠢ ᠬᠥᠳᠡᠯᠦᠩᠭᠦᠶ ᠲᠣᠬᠢᠷᠠᠭᠤᠯᠤᠯᠲᠠ ᠬᠢᠬᠦ | ᠲᠣᠭᠲᠠᠴᠠ ᠶᠢ ᠪᠠᠶᠢᠭᠤᠯᠵᠤ ᠂ ᠨᠡᠶᠢᠳᠡᠮ ᠬᠡᠷᠡᠭᠯᠡᠬᠦ ᠬᠡᠯᠪᠡᠷᠢ ᠶᠢᠨ ᠲᠥᠷᠥᠯ ᠵᠦᠢᠯ ᠤᠨ ᠬᠦᠨᠳᠡᠬᠦ ᠲᠣᠭᠲᠠᠴᠠ ᠶᠢ ᠨᠠᠩ | ᠳᠥᠭᠦᠮ ᠂ ᠦᠨ᠎ᠡ ᠶᠢᠨ ᠬᠠᠨᠳᠤᠰᠢ ᠶᠢ ᠨᠠᠩ ᠲᠣᠭᠲᠠᠭᠤᠨ ᠪᠣᠯᠭᠠᠵᠤ ᠂ ᠪᠤᠳᠤᠯᠢᠶᠠᠨᠲᠤ ᠬᠡᠯᠪᠡᠷᠢ ᠶᠢᠨ ᠲᠥᠷᠥᠯ | ᠵᠦᠢᠯ ᠤᠨ ᠬᠦᠨᠳᠡᠬᠦ ᠲᠣᠭᠲᠠᠴᠠ ᠶᠢ ᠨᠠᠩ ᠠᠮᠢᠳᠤᠯᠢᠭᠵᠢᠭᠤᠯᠵᠤ ᠂ ᠡᠵᠡᠮᠳᠡᠵᠦ ᠪᠣᠯᠬᠤ ᠬᠡᠪᠴᠢᠶᠡᠨ ᠳᠤ | ᠭᠤᠤᠯᠳᠠᠯᠭ᠎ᠠ ᠶᠢ ᠳᠣᠪᠤᠶᠢᠯᠭᠠᠵᠤ ᠂ ᠪᠠᠭ᠎ᠠ ᠠᠯᠬᠤᠮ ᠢᠶᠠᠷ ᠲᠦᠷᠭᠡᠨ ᠬᠡᠷᠡᠭᠵᠢᠭᠦᠯᠵᠦ ᠂ ᠡᠭᠡᠯᠵᠢᠯᠡᠨ ᠳᠣᠭᠢᠷᠠᠭᠤᠯᠤᠨ᠎ᠠ ᠃ | ᠭᠤᠷᠪᠠ ᠳᠤ ᠂ ᠴᠢᠬᠤᠯᠠ ᠶᠡᠭᠡ ᠥᠭᠡᠷᠡᠴᠢᠯᠡᠯᠲᠡ ᠶᠢᠨ ᠡᠭᠦᠷᠭᠡ ᠂ ᠴᠢᠬᠤᠯᠠ ᠶᠡᠭᠡ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠬᠡᠷᠡᠭ ᠶᠠᠪᠤᠳᠠᠯ ᠂ ᠦᠨ᠎ᠡ ᠶᠢᠨ ᠲᠣᠪᠤᠶᠢᠮ᠎ᠠ ᠵᠥᠷᠢᠴᠡᠯ ᠢ ᠰᠢᠯᠤᠭᠤᠳᠬᠠᠬᠤ ᠵᠡᠷᠭᠡ ᠦᠨ᠎ᠡ ᠶᠢᠨ | ᠲᠤᠰᠬᠠᠶ ᠲᠣᠬᠢᠷᠠᠭᠤᠯᠤᠯᠲᠠ ᠥᠷᠨᠢᠭᠦᠯᠦᠭᠰᠡᠨ ᠪᠠᠶᠢᠳᠠᠯ ᠳᠤ ᠦᠨ᠎ᠡ ᠶᠢᠨ ᠲᠣᠬᠢᠷᠠᠭᠤᠯᠤᠯᠲᠠ ᠬᠢᠬᠦ ᠴᠣᠩᠬᠤᠪᠴᠢ ᠶᠢ | ᠠᠮᠢᠳᠤᠯᠢᠭ ᠢᠶᠠᠷ ᠰᠣᠩᠭᠤᠬᠤ ᠶᠢ ᠵᠥᠪᠰᠢᠶᠡᠷᠡᠨ᠎ᠡ ᠃ | ᠨᠠᠢᠮᠠ ᠂ ︽ᠲᠤᠷᠰᠢᠯᠲᠠ ᠶᠢᠨ ᠲᠥᠰᠦᠯ︾ ᠳᠤ ᠬᠠᠷᠠᠯᠲᠠ ᠪᠠᠷ ᠤᠳᠤᠷᠢᠳᠤᠮᠵᠢ ᠪᠣᠯᠭᠠᠬᠤ ᠦᠨ᠎ᠡ ᠶᠢᠨ | ᠲᠥᠷᠥᠯ ᠵᠦᠢᠯ ᠤᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠬᠤ ᠪᠠᠷ ᠳᠤᠷᠠᠳᠪᠠ ᠂ ᠭᠤᠣᠯ ᠰᠢᠯᠲᠠᠭᠠᠨ ᠪᠠ | ᠠᠷᠭ᠎ᠠ ᠬᠡᠮᠵᠢᠶ᠎ᠡ ᠨᠢ ᠶᠠᠭᠤ ᠶᠠᠭᠤ ᠪᠠᠶᠢᠬᠤ ᠪᠣᠢ︖ | ᠦᠨ᠎ᠡ ᠶᠢᠨ ᠲᠥᠷᠥᠯ ᠵᠦᠢᠯ ᠪᠣᠯ ᠡᠮᠴᠢᠯᠡᠭᠡᠨ ᠤ ᠦᠢᠯᠡᠴᠢᠯᠡᠭᠡ ᠶᠢᠨ ᠰᠦᠢᠳᠬᠡᠯ ᠬᠤᠷᠢᠶᠠᠬᠤ ᠶᠢᠨ | ᠦᠨᠳᠦᠰᠦᠨ ᠨᠢᠭᠡᠴᠢ ᠪᠣᠯᠤᠨ᠎ᠠ ᠂ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠪᠣᠳᠣᠬᠤ ᠂ ᠬᠡᠷᠡᠭᠵᠢᠭᠦᠯᠬᠦ ᠂ | ᠦᠨᠡᠯᠡᠬᠦ ᠶᠢᠨ ᠰᠠᠭᠤᠷᠢ ᠪᠣᠯᠤᠨ᠎ᠠ ᠂ ᠮᠥᠨ ᠴᠦ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢᠨ ᠭᠤᠤᠯᠳᠠᠯᠭ᠎ᠠ ᠪᠠ | ᠬᠦᠴᠢᠷᠳᠡᠯ ᠪᠣᠯᠤᠨ᠎ᠠ ᠃ ᠮᠠᠨ ᠤ ᠣᠷᠣᠨ ᠤ ᠣᠳᠣ ᠶᠢᠨ ᠪᠠᠶᠢᠭ᠎ᠠ ᠦᠨ᠎ᠡ ᠶᠢᠨ ᠲᠥᠷᠥᠯ ᠵᠦᠢᠯ ᠪᠣᠯ 2012 ᠣᠨ ᠤ | ᠡᠮᠴᠢᠯᠡᠭᠡᠨ ᠤ ᠦᠢᠯᠡᠴᠢᠯᠡᠭᠡ ᠶᠢᠨ ᠮᠡᠷᠭᠡᠵᠢᠯ ᠤᠨ ᠵᠢᠷᠤᠮᠵᠢᠯ ᠢᠶᠠᠷ ᠲᠣᠬᠢᠷᠠᠭᠤᠯᠤᠭᠰᠠᠨ ᠶᠠᠪᠤᠳᠠᠯ ᠪᠣᠯᠤᠨ᠎ᠠ ᠂ ᠲᠥᠷᠥᠯ | ᠵᠦᠢᠯ ᠤᠨ ᠲᠤᠭ᠎ᠠ ᠬᠡᠮᠵᠢᠶ᠎ᠡ ᠨᠢ ᠣᠯᠠᠨ ᠂ ᠵᠠᠳᠠᠯᠤᠨ ᠰᠠᠯᠭᠠᠬᠤ ᠨᠢ ᠬᠡᠳᠦ ᠨᠠᠷᠢᠨ ᠵᠡᠷᠭᠡ ᠠᠰᠠᠭᠤᠳᠠᠯ ᠣᠷᠣᠰᠢᠵᠤ | ᠪᠤᠶ ᠂ ᠭᠤᠤᠯ ᠢᠯᠡᠷᠡᠯ ᠨᠢ᠄ ᠨᠢᠭᠡ ᠳᠤ ᠂ ᠣᠯᠠᠨ ᠲᠦᠮᠡᠨ ᠤ ᠮᠡᠳᠡᠷᠡᠮᠵᠢ ᠠᠴᠠ ᠰᠠᠯᠤᠩᠬᠢᠷᠠᠪᠠ ᠃ ᠣᠳᠣᠬᠠᠨ ᠳᠤ | ᠦᠨ᠎ᠡ ᠶᠢᠨ ᠲᠥᠷᠥᠯ ᠵᠦᠢᠯ ᠢ ᠠᠵᠢᠯᠯᠠᠭᠤᠯᠬᠤ ᠠᠯᠬᠤᠮ ᠳᠠᠷᠠᠭ᠎ᠠ ᠪᠠ ᠠᠵᠢᠯ ᠤᠨ ᠪᠠᠶᠢᠷᠢ ᠶᠢᠨ ᠠᠵᠢᠯ ᠤᠨ | ᠬᠤᠪᠢᠶᠠᠷᠢᠯᠠᠯ ᠳᠤ ᠨᠡᠯᠢᠶᠡᠳ ᠣᠶᠢᠷᠠᠲᠤᠭᠤᠯᠵᠤ ᠂ ᠡᠮᠨᠡᠯᠭᠡ ᠶᠢᠨ ᠬᠤᠷᠢᠶᠠᠨ ᠤ ᠳᠣᠲᠣᠭᠠᠳᠤ ᠶᠢᠨ ᠡᠳ᠋ ᠤᠨ | ᠶᠠᠪᠤᠳᠠᠯ ᠤᠨ ᠬᠠᠮᠢᠶᠠᠷᠤᠯᠲᠠ ᠳᠤ ᠳᠥᠭᠦᠮ ᠦᠵᠡᠭᠦᠯᠵᠡᠢ ᠂ ᠭᠡᠪᠡᠴᠦ ᠵᠣᠬᠢᠬᠤ ᠬᠡᠮᠵᠢᠶ᠎ᠡ ᠪᠠᠷ ᠡᠮᠴᠢᠯᠡᠭᠡᠨ ᠤ | ᠦᠢᠯᠡᠴᠢᠯᠡᠭᠡ ᠶᠢ ᠬᠡᠳᠦ ᠠᠷᠪᠢᠨ ᠪᠥᠭᠡᠳ ᠨᠠᠷᠢᠨ ᠨᠢᠭᠲᠠ ᠰᠦᠢᠳᠬᠡᠯ ᠬᠤᠷᠢᠶᠠᠬᠤ ᠲᠥᠷᠥᠯ ᠵᠦᠢᠯ ᠪᠣᠯᠭᠠᠨ | ᠵᠠᠳᠠᠯᠵᠤ ᠂ ᠣᠯᠠᠨ ᠲᠦᠮᠡᠨ ᠤ ᠵᠠᠭᠠᠯᠳᠤᠯᠭ᠎ᠠ ᠨᠡᠯᠢᠶᠡᠳ ᠣᠯᠠᠨ ᠪᠠᠶᠢᠵᠤ ᠂ ᠡᠮᠴᠢᠯᠡᠭᠡᠨ ᠤ ᠦᠢᠯᠡᠴᠢᠯᠡᠭᠡ ᠶᠢᠨ | ᠭᠠᠷᠭᠠᠯᠲᠠ ᠨᠢ ᠡᠮᠴᠢᠯᠡᠭᠡᠨ ᠤ ᠦᠢᠯᠡᠴᠢᠯᠡᠭᠡ ᠶᠢᠨ ᠭᠠᠷᠭᠠᠯᠲᠠ ᠪᠣᠯᠪᠠᠴᠤ ᠡᠮᠴᠢᠯᠡᠭᠡᠨ ᠤ ᠦᠢᠯᠡᠴᠢᠯᠡᠭᠡ ᠶᠢᠨ | ᠣᠷᠣᠭᠤᠯᠤᠯᠲᠠ ᠪᠠᠷ ᠵᠦᠢᠯ ᠳᠠᠷᠠᠭᠠᠯᠠᠨ ᠦᠨ᠎ᠡ ᠪᠣᠳᠣᠵᠤ ᠰᠦᠢᠳᠬᠡᠯ ᠲᠤᠰᠢᠶᠠᠨ᠎ᠠ ᠭᠡᠵᠦ ᠦᠵᠡᠵᠦ ᠪᠣᠢ ᠃ | ᠬᠤᠶᠠᠷ ᠲᠤ ᠂ ᠡᠮᠴᠢᠯᠡᠭᠡᠨ ᠤ ᠰᠠᠶᠢᠵᠢᠷᠠᠯᠲᠠ ᠶᠢᠨ ᠰᠢᠨ᠎ᠡ ᠡᠭᠦᠳᠦᠯᠲᠡ ᠠᠴᠠ ᠰᠠᠯᠤᠩᠭᠢᠷᠠᠪᠠ ᠃ ᠣᠳᠣᠬᠠᠨ ᠤ | ᠦᠨ᠎ᠡ ᠶᠢᠨ ᠲᠥᠷᠥᠯ ᠵᠦᠢᠯ ᠤᠨ ︽ᠮᠡᠷᠭᠡᠵᠢᠯ ᠤᠨ ᠵᠢᠷᠤᠮᠵᠢᠯ︾ ᠤᠨ ᠥᠩᠭᠡ ᠪᠣᠳᠤᠭ ᠨᠡᠯᠢᠶᠡᠳ ᠬᠦᠨᠳᠦ ᠪᠠᠶᠢᠵᠤ ᠂ | ᠠᠵᠢᠯᠯᠠᠬᠤ ᠠᠯᠬᠤᠮ ᠳᠠᠷᠠᠭ᠎ᠠ ᠂ ᠮᠡᠷᠭᠡᠵᠢᠯ ᠤᠨ ᠪᠠᠷᠢᠮᠵᠢᠶ᠎ᠠ ᠂ ᠬᠡᠷᠡᠭᠯᠡᠬᠦ ᠶᠢ ᠵᠥᠪᠰᠢᠶᠡᠷᠡᠬᠦ ᠲᠥᠬᠦᠭᠡᠷᠦᠮᠵᠢ ᠶᠢᠨ | ᠬᠤᠷᠣᠭᠳᠠᠯ ᠮᠠᠲ᠋ᠧᠷᠢᠶᠠᠯ ᠢ ᠲᠥᠷᠥᠯ ᠵᠦᠢᠯ ᠤᠨ ᠠᠭᠤᠯᠭ᠎ᠠ ᠳᠤ ᠣᠷᠣᠭᠤᠯᠵᠤ ᠂ ᠡᠮᠴᠢᠯᠡᠭᠡ ᠳᠡᠭᠡᠷ᠎ᠡ ᠪᠠᠭ᠎ᠠ ᠯᠠ | ᠠᠵᠢᠯᠯᠠᠬᠤ ᠬᠡᠰᠡᠭ ᠂ ᠠᠯᠬᠤᠮ ᠳᠠᠷᠠᠭ᠎ᠠ ᠂ ᠠᠷᠭ᠎ᠠ ᠨᠢ ᠬᠠᠷᠠᠭᠠᠯᠵᠠᠭᠰᠠᠨ ᠦᠨ᠎ᠡ ᠶᠢᠨ ᠲᠥᠷᠥᠯ ᠵᠦᠢᠯ ᠢ ᠡᠷᠢᠵᠦ | ᠣᠯᠬᠤ ᠦᠭᠡᠢ ᠪᠣᠯᠬᠤᠷ ᠂ ᠰᠢᠨ᠎ᠡ ᠪᠠᠷ ᠨᠡᠮᠡᠭᠳᠡᠭᠰᠡᠨ ᠦᠨ᠎ᠡ ᠶᠢᠨ ᠲᠥᠷᠥᠯ ᠵᠦᠢᠯ ᠢ ᠭᠤᠶᠤᠴᠢᠯᠠᠬᠤ ᠳᠤ ᠪᠠᠰᠠ | ᠰᠢᠨ᠎ᠡ ᠡᠭᠦᠳᠦᠯᠲᠡ ᠶᠢᠨ ᠴᠢᠨᠠᠷᠲᠠᠢ ᠂ ᠠᠵᠤ ᠠᠬᠤᠢ ᠶᠢᠨ ᠴᠢᠨᠠᠷᠲᠠᠢ ᠭᠦᠢᠴᠡᠳ ᠡᠰᠡᠬᠦ ᠠᠰᠠᠭᠤᠳᠠᠯ ᠲᠤᠯᠭᠠᠷᠠᠵᠤ | ᠮᠡᠳᠡᠨ᠎ᠡ ᠂ ᠨᠤᠲᠠᠯᠠᠯᠲᠠ ᠶᠢᠨ ᠦᠶᠡᠯᠡᠯ ᠤᠷᠲᠤ ᠪᠠᠶᠢᠵᠤ ᠂ ᠡᠮᠴᠢᠯᠡᠭᠡᠨ ᠤ ᠴᠢᠨᠠᠷᠲᠠᠢ ᠰᠢᠨ᠎ᠡ ᠡᠭᠦᠳᠦᠯᠲᠡ ᠶᠢ | ᠨᠦᠯᠦᠭᠡᠯᠡᠪᠡ ᠃ ᠭᠤᠷᠪᠠ ᠳᠤ ᠂ ᠦᠨ᠎ᠡ ᠶᠢᠨ ᠬᠠᠮᠢᠶᠠᠷᠤᠯᠲᠠ ᠤᠨ ᠬᠡᠷᠡᠭᠴᠡᠭᠡ ᠠᠴᠠ ᠰᠠᠯᠤᠩᠭᠢᠷᠠᠪᠠ ᠃ ᠡᠮᠴᠢᠯᠡᠭᠡᠨ ᠤ | ᠰᠢᠨ᠎ᠡ ᠮᠡᠷᠭᠡᠵᠢᠯ ᠢ ᠡᠮᠴᠢᠯᠡᠭᠡ ᠳᠤ ᠣᠷᠣᠭᠤᠯᠤᠨ ᠬᠡᠷᠡᠭᠯᠡᠬᠦ ᠪᠣᠯ ᠨᠡᠯᠢᠶᠡᠳ ᠴᠢᠯᠥᠭᠡᠲᠡᠶ ᠶᠤᠮ ᠂ ᠡᠶᠢᠮᠦᠷᠬᠦᠦ ᠡᠮ ᠤᠨ | ᠵᠦᠢᠯ ᠢ ᠬᠢᠨᠠᠨ ᠦᠨᠡᠯᠡᠵᠦ ᠬᠢᠨᠠᠨ ᠵᠥᠪᠰᠢᠶᠡᠷᠡᠬᠦ ᠪᠠᠷ ᠳᠤᠲᠠᠭᠳᠠᠵᠤ ᠪᠠᠶᠢᠭ᠎ᠠ ᠮᠡᠷᠭᠡᠵᠢᠯ ᠤᠨ ᠵᠥᠪᠰᠢᠶᠡᠷᠡᠨ | ᠣᠷᠣᠭᠤᠯᠬᠤ ᠭᠤᠭᠴᠤᠭ᠎ᠠ ᠪᠣᠯᠤᠨ᠎ᠠ ᠃ ᠠᠳᠠᠯᠢ ᠦᠢᠯᠡᠴᠢᠯᠡᠭᠡᠨ ᠤ ᠵᠦᠢᠯᠡᠰ ᠂ ᠪᠦᠬᠦ ᠤᠯᠤᠰ ᠤᠨ ᠡᠯ᠎ᠡ ᠮᠤᠵᠢ ᠶᠢᠨ | ᠲᠥᠷᠥᠯ ᠵᠦᠢᠯ ᠤᠨ ᠨᠡᠷᠡᠶᠢᠳᠦᠯ ᠂ ᠠᠭᠤᠯᠤᠭᠳᠠᠬᠤᠨ ᠂ ᠵᠠᠭᠠᠭ ᠤᠨ ᠨᠢᠭᠡᠳᠦᠯ ᠦᠭᠡᠶ ᠂ ᠣᠷᠣᠨ ᠪᠦᠰᠡ ᠶᠢᠨ | ᠬᠤᠭᠤᠷᠣᠨᠳᠣᠬᠢ ᠦᠨ᠎ᠡ ᠶᠢ ᠣᠨᠣᠪᠴᠢᠲᠠᠶ ᠦᠨᠡᠯᠡᠬᠦ ᠳᠤ ᠪᠡᠷᠬᠡ ᠲᠠᠢ ᠪᠠᠶᠢᠵᠤ ᠂ ᠦᠨ᠎ᠡ ᠶᠢᠨ ᠬᠠᠮᠢᠶᠠᠷᠤᠯᠲᠠ ᠶᠢᠨ | ᠰᠢᠨᠵᠢᠯᠡᠬᠦ ᠤᠬᠠᠭᠠᠨᠴᠢ ᠴᠢᠨᠠᠷ ᠂ ᠪᠦᠲᠦᠮᠵᠢᠲᠦ ᠴᠢᠨᠠᠷ ᠢ ᠨᠦᠯᠦᠭᠡᠯᠡᠪᠡ ᠃ | ︽ᠲᠤᠷᠰᠢᠯᠲᠠ ᠶᠢᠨ ᠲᠥᠰᠦᠯ︾ ᠳᠤ ᠬᠠᠷᠠᠯᠲᠠ ᠪᠠᠷ ᠤᠳᠤᠷᠢᠳᠤᠮᠵᠢ ᠪᠣᠯᠭᠠᠭᠰᠠᠨ ᠦᠨ᠎ᠡ ᠶᠢᠨ ᠲᠥᠷᠥᠯ | ᠵᠦᠢᠯ ᠤᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠬᠤ ᠪᠣᠯ ᠳᠠᠷᠤᠶ ᠡᠪᠡᠳᠴᠢᠲᠡᠨ ᠤ ᠠᠰᠢᠭ ᠬᠦᠷᠲᠡᠬᠦ | ᠲᠠᠯ᠎ᠠ ᠠᠴᠠ ᠡᠭᠦᠰᠴᠦ ᠂ ︽ᠭᠠᠷᠭᠠᠬᠤ ᠤᠳᠤᠷᠢᠳᠤᠮᠵᠢ ᠂ ᠮᠡᠷᠭᠡᠵᠢᠯ ᠤᠨ ᠬᠤᠷᠣᠭᠳᠠᠯ ᠢ ᠰᠠᠯᠭᠠᠬᠤ︾ ᠴᠢᠭᠯᠡᠯ | ᠶᠣᠰᠣᠭᠠᠷ ᠂ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠶᠢᠨ ᠲᠥᠷᠥᠯ ᠵᠦᠢᠯ ᠤᠨ ᠦᠵᠦ ᠲᠥᠯᠥᠪᠯᠡᠭᠡ ᠪᠠ | ᠳᠣᠣᠷᠠᠳᠤ ᠳᠠᠪᠬᠤᠷᠭ᠎ᠠ ᠶᠢᠨ ᠯᠣᠭᠢᠭ ᠢ ᠲᠣᠳᠣᠷᠬᠠᠶᠢᠯᠠᠵᠤ ᠂ ᠠᠭᠤᠯᠤᠭᠳᠠᠬᠤᠨ ᠤ ᠵᠠᠭᠠᠭ ᠬᠢᠵᠠᠭᠠᠷ ᠨᠢ ᠲᠣᠳᠣᠷᠬᠠᠶ ᠂ | ᠡᠮᠴᠢᠯᠡᠭᠡᠨ ᠤ ᠣᠨᠣᠰᠢᠯᠠᠨ ᠡᠮᠨᠡᠬᠦ ᠳᠤ ᠵᠣᠬᠢᠴᠠᠬᠤ ᠂ ᠦᠨᠡᠯᠡᠵᠦ ᠬᠢᠨᠠᠨ ᠬᠠᠮᠢᠶᠠᠷᠬᠤ ᠳᠤ ᠲᠥᠬᠦᠮ ᠦᠨ᠎ᠡ ᠶᠢᠨ | ᠲᠥᠷᠥᠯ ᠵᠦᠢᠯ ᠤᠨ ᠲᠣᠭᠲᠠᠯᠴᠠᠭ᠎ᠠ ᠶᠢ ᠪᠠᠶᠢᠭᠤᠯᠬᠤ ᠶᠠᠪᠤᠳᠠᠯ ᠪᠣᠯᠤᠨ᠎ᠠ ᠃ ᠡᠭᠦᠨ ᠤ ᠬᠠᠮᠲᠤ ᠂ ᠥᠪᠡᠷᠲᠡᠭᠡᠨ ᠵᠠᠰᠠᠬᠤ | ᠣᠷᠣᠨ ᠤᠯᠤᠰ ᠤᠨ ᠲᠥᠷᠥᠯ ᠵᠦᠢᠯ ᠲᠣᠭᠲᠠᠭᠠᠬᠤ ᠵᠦᠭᠯᠡᠭᠦᠷ ᠶᠣᠰᠣᠭᠠᠷ ᠣᠲᠣ ᠶᠢᠨ ᠬᠡᠷᠡᠭᠵᠢᠭᠦᠯᠵᠦ ᠪᠠᠶᠢᠭ᠎ᠠ | ᠦᠨ᠎ᠡ ᠶᠢᠨ ᠲᠥᠷᠥᠯ ᠵᠦᠢᠯ ᠢ ᠪᠦᠯᠦᠭ ᠬᠤᠪᠢᠶᠠᠨ ᠲᠥᠷᠥᠯ ᠬᠤᠪᠢᠶᠠᠨ ᠡᠮᠬᠢᠯᠡᠨ ᠨᠡᠶᠢᠯᠡᠭᠦᠯᠵᠦ ᠂ ᠰᠢᠨ᠎ᠡ ᠪᠠᠷ | ᠨᠡᠮᠡᠭᠳᠡᠭᠰᠡᠨ ᠦᠨ᠎ᠡ ᠬᠠᠩᠰᠢ ᠶᠢᠨ ᠲᠥᠷᠥᠯ ᠵᠦᠢᠯ ᠤᠨ ᠬᠠᠮᠢᠶᠠᠷᠤᠯᠲᠠ ᠶᠢ ᠰᠢᠯᠢᠳᠡᠭᠵᠢᠭᠦᠯᠦᠨ ᠂ ᠰᠢᠨ᠎ᠡ | ᠡᠭᠦᠳᠦᠯᠲᠡ ᠶᠢᠨ ᠴᠢᠨᠠᠷᠲᠠᠶ ᠪᠠ ᠠᠵᠤ ᠠᠬᠤᠶ ᠶᠢᠨ ᠴᠢᠨᠠᠷᠲᠠᠶ ᠦᠨᠡᠯᠡᠨ ᠵᠢᠱᠢᠯᠲᠡ ᠶᠢ ᠣᠷᠣᠭᠤᠯᠤᠨ ᠠᠪᠴᠢᠷᠠᠵᠤ ᠂ | ᠡᠪᠡᠳᠴᠢᠲᠡᠨ ᠤ ᠴᠠᠭ ᠲᠤᠬᠠᠶ ᠳᠤ ᠨᠢ ᠡᠮᠴᠢᠯᠡᠭᠡᠨ ᠤ ᠦᠨ᠎ᠡ ᠥᠷᠲᠡᠭ ᠪᠠ ᠥᠪᠡᠷ ᠤᠨ ᠥᠷᠲᠡᠭ ᠤᠨ ᠦᠷ᠎ᠡ | ᠠᠰᠢᠭ ᠲᠠᠢ ᠡᠮᠴᠢᠯᠡᠭᠡᠨ ᠤ ᠦᠢᠯᠡᠴᠢᠯᠡᠭᠡ ᠭᠥᠷᠳᠡᠬᠦ ᠶᠢ ᠪᠠᠲᠤᠯᠠᠪᠠ ᠃ | ᠶᠢᠰᠦ ᠂ ︽ᠲᠤᠷᠰᠢᠯᠲᠠ ᠶᠢᠨ ᠲᠥᠰᠦᠯ︾ ᠳᠤ ᠦᠨ᠎ᠡ ᠶᠢ ᠬᠢᠨᠠᠨ ᠬᠡᠮᠵᠢᠵᠦ ᠬᠢᠨᠠᠨ ᠰᠢᠯᠭᠠᠬᠤ ᠨᠢᠭᠲᠠ | ᠴᠢᠩᠭ᠎ᠠ ᠥᠨᠳᠥᠷ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠶᠢ ᠳᠤᠷᠠᠳᠪᠠ ᠂ ᠪᠣᠳᠠᠲᠠᠶ ᠪᠠᠷ ᠶᠠᠮᠠᠷ ᠶᠠᠮᠠᠷ | ᠪᠣᠳᠣᠯᠬᠢᠯᠠᠯ ᠪᠠᠶᠢᠬᠤ ᠪᠣᠶ︖ | ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠪᠣᠯ ᠠᠷᠠᠳ ᠤᠨ ᠠᠮᠢᠳᠤᠷᠠᠯ ᠤᠨ ᠴᠢᠬᠤᠯᠠ ᠦᠨ᠎ᠡ ᠪᠣᠯᠤᠨ᠎ᠠ ᠂ | ᠥᠭᠡᠷᠡᠴᠢᠯᠡᠯᠲᠡ ᠪᠠ ᠬᠠᠮᠢᠶᠠᠷᠤᠯᠲᠠ ᠳᠤ ᠴᠥᠮ ᠨᠠᠶᠢᠳᠠᠪᠤᠷᠢᠲᠠᠢ ᠲᠤᠭ᠎ᠠ ᠪᠠᠷᠢᠮᠲᠠ ᠶᠢᠨ ᠮᠡᠳᠡᠭᠡ ᠵᠠᠩᠭᠢ ᠪᠠᠷ ᠰᠠᠭᠤᠷᠢ | ᠪᠣᠯᠭᠠᠵᠤ ᠂ ᠬᠢᠨᠠᠨ ᠬᠡᠮᠵᠢᠵᠦ ᠬᠢᠨᠠᠨ ᠰᠢᠯᠭᠠᠬᠤ ᠲᠣᠭᠲᠠᠴᠠ ᠪᠠᠷ ᠪᠠᠲᠤᠯᠠᠭ᠎ᠠ ᠪᠣᠯᠭᠠᠵᠤ ᠂ ᠬᠡᠷᠡᠭ ᠶᠠᠪᠤᠳᠠᠯ ᠤᠨ ᠡᠮᠦᠨ᠎ᠡ | ᠬᠡᠷᠡᠭ ᠶᠠᠪᠤᠳᠠᠯ ᠤᠨ ᠳᠤᠮᠳᠠ ᠬᠡᠷᠡᠭ ᠶᠠᠪᠤᠳᠠᠯ ᠤᠨ ᠳᠠᠷᠠᠭ᠎ᠠ ᠵᠠᠳᠠᠯᠤᠯᠲᠠ ᠬᠢᠵᠦ ᠦᠨᠡᠯᠡᠨ ᠵᠢᠱᠢᠬᠦ ᠳᠤ | ᠲᠤᠯᠭᠠᠭᠤᠷᠢᠯᠠᠯ ᠪᠣᠯᠤᠨ᠎ᠠ ᠃ ᠦᠨ᠎ᠡ ᠶᠢ ᠲᠣᠬᠢᠷᠠᠭᠤᠯᠬᠤ ᠠᠴᠠ ᠡᠮᠦᠨ᠎ᠡ ᠪᠦᠬᠦ ᠲᠠᠯ᠎ᠠ ᠶᠢᠨ ᠣᠨᠣᠪᠴᠢᠲᠠᠶ ᠲᠤᠭ᠎ᠠ | ᠪᠠᠷᠢᠮᠲᠠ ᠣᠯᠵᠤ ᠳᠡᠶᠢᠯᠬᠦ ᠦᠭᠡᠶ ᠪᠣᠯ ᠂ ᠲᠤᠷᠰᠢᠯᠭ᠎ᠠ ᠪᠠᠷ ᠬᠡᠷᠡᠭᠵᠢᠭᠦᠯᠵᠦ ᠂ ᠦᠨ᠎ᠡ ᠶᠢ ᠲᠣᠬᠢᠷᠠᠭᠤᠯᠬᠤ ᠶᠢᠨ | ᠰᠢᠨᠵᠢᠯᠡᠬᠦ ᠤᠬᠠᠭᠠᠨᠴᠢ ᠴᠢᠨᠠᠷ ᠂ ᠴᠢᠭᠯᠡᠯᠲᠦ ᠴᠢᠨᠠᠷ ᠢᠶᠠᠷ ᠪᠠᠲᠤᠯᠠᠬᠤ ᠳᠤ ᠪᠡᠷᠬᠡ ᠪᠣᠯᠤᠨ᠎ᠠ︔ ᠦᠨ᠎ᠡ ᠳᠤ | ᠲᠣᠬᠢᠷᠠᠭᠤᠯᠤᠯᠲᠠ ᠬᠢᠭᠰᠡᠨ ᠤ ᠳᠠᠷᠠᠭ᠎ᠠ ᠮᠥᠷᠳᠡᠨ ᠦᠨᠡᠯᠡᠯᠲᠡ ᠬᠢᠬᠦ ᠨᠢ ᠡᠮᠴᠢᠯᠡᠭᠡᠨ ᠤ ᠠᠵᠢᠯᠯᠠᠭ᠎ᠠ ᠂ ᠡᠮᠴᠢᠯᠡᠭᠡᠨ ᠤ | ᠡᠬᠢ ᠪᠠᠶᠠᠯᠢᠭ ᠲᠤ ᠦᠵᠡᠭᠦᠯᠬᠦ ᠰᠢᠨ᠎ᠡ ᠦᠨ᠎ᠡ ᠶᠢᠨ ᠨᠥᠯᠥᠭᠡ ᠂ ᠦᠨ᠎ᠡ ᠶᠢᠨ ᠲᠥᠷᠥ ᠶᠢᠨ ᠪᠣᠳᠣᠯᠭ᠎ᠠ ᠶᠢ ᠴᠠᠭ | ᠲᠤᠬᠠᠶ ᠳᠤ ᠨᠢ ᠲᠡᠭᠦᠯᠳᠡᠷᠵᠢᠭᠦᠯᠵᠦ ᠴᠢᠳᠠᠬᠤ ᠦᠭᠡᠶ ᠶᠤᠮ ᠃ ᠦᠨ᠎ᠡ ᠬᠠᠩᠰᠢ ᠶᠢ ᠬᠢᠨᠠᠨ ᠬᠡᠮᠵᠢᠵᠦ ᠬᠢᠨᠠᠨ ᠰᠢᠯᠭᠠᠬᠤ | ᠨᠢᠭᠲᠠ ᠴᠢᠩᠭ᠎ᠠ ᠥᠨᠳᠥᠷ ᠪᠦᠲᠦᠮᠵᠢᠲᠡᠶ ᠲᠣᠭᠲᠠᠴᠠ ᠶᠢ ᠪᠠᠶᠢᠭᠤᠯᠵᠤ ᠂ ᠶᠡᠷᠦᠩᠬᠡᠶ ᠬᠡᠮᠵᠢᠶ᠎ᠡ ᠶᠢ ᠲᠣᠬᠢᠷᠠᠭᠤᠯᠤᠨ | ᠡᠵᠡᠮᠳᠡᠬᠦ ᠂ ᠲᠥᠷᠥᠯ ᠬᠤᠪᠢᠶᠠᠨ ᠪᠣᠶ ᠪᠣᠯᠭᠠᠬᠤ ᠂ ᠬᠥᠳᠡᠯᠦᠩᠭᠦᠶ ᠲᠣᠬᠢᠷᠠᠭᠤᠯᠤᠯᠲᠠ ᠬᠢᠬᠦ ᠵᠡᠷᠭᠡ ᠦᠨ᠎ᠡ ᠶᠢᠨ | ᠲᠣᠭᠲᠠᠴᠠ ᠲᠠᠢ ᠨᠢᠭᠲᠠ ᠬᠠᠮᠵᠢᠯᠴᠠᠨ ᠂ ᠪᠦᠷᠢᠨ ᠪᠦᠲᠦᠨ ᠬᠠᠮᠢᠶᠠᠷᠤᠯᠲᠠ ᠶᠢᠨ ᠲᠣᠭᠲᠠᠯᠴᠠᠭ᠎ᠠ ᠪᠠ ᠲᠥᠷᠥ ᠶᠢᠨ | ᠪᠣᠳᠣᠯᠭ᠎ᠠ ᠶᠢᠨ ᠪᠢᠲᠡᠭᠦᠦ ᠭᠤᠭᠴᠤᠭ᠎ᠠ ᠶᠢ ᠪᠣᠶ ᠪᠣᠯᠭᠠᠵᠤ ᠂ ᠦᠨ᠎ᠡ ᠶᠢᠨ ᠬᠠᠮᠢᠶᠠᠷᠤᠯᠲᠠ ᠪᠠ ᠡᠮᠨᠡᠯᠭᠡ ᠶᠢᠨ | ᠬᠤᠷᠢᠶᠠᠨ ᠤ ᠠᠵᠢᠯᠯᠠᠭᠠᠨ ᠤ ᠬᠤᠭᠤᠷᠣᠨᠳᠣᠬᠢ ᠵᠥᠪ ᠴᠢᠭᠯᠡᠯ ᠤᠨ ᠬᠠᠷᠢᠯᠴᠠᠨ ᠬᠥᠳᠡᠯᠦᠯᠴᠡᠬᠦ ᠬᠠᠷᠢᠴᠠᠭ᠎ᠠ ᠶᠢ ᠪᠣᠶ | ᠪᠣᠯᠭᠠᠨ᠎ᠠ ᠃ ᠦᠨ᠎ᠡ ᠶᠢᠨ ᠬᠢᠨᠠᠨ ᠬᠡᠮᠵᠢᠭᠰᠡᠨ ᠳ᠋ᠦᠩ ᠢ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠲᠠᠢ | ᠬᠤᠯᠪᠣᠭᠳᠠᠭᠤᠯᠵᠤ ᠂ ᠦᠨ᠎ᠡ ᠨᠢ ᠬᠡᠳᠦ ᠥᠨᠳᠥᠷ ᠪᠤᠶᠤ ᠬᠡᠳᠦ ᠳᠣᠤᠷ᠎ᠠ ᠪᠠᠶᠢᠭ᠎ᠠ ᠪᠠᠶᠢᠳᠠᠯ ᠢ ᠬᠢᠨᠠᠨ ᠬᠡᠮᠵᠢᠵᠦ ᠣᠯᠵᠤ | ᠮᠡᠳᠡᠪᠡᠯ ᠂ ᠬᠠᠮᠢᠶᠠᠷᠬᠤ ᠠᠷᠭ᠎ᠠ ᠬᠡᠮᠵᠢᠶ᠎ᠡ ᠠᠪᠴᠤ ᠂ ᠡᠮᠨᠡᠯᠭᠡ ᠶᠢᠨ ᠬᠤᠷᠢᠶᠠᠨ ᠤ ᠦᠨ᠎ᠡ ᠶᠢᠨ ᠬᠠᠷᠢᠭᠤᠴᠠᠯᠭ᠎ᠠ ᠶᠢᠨ | ᠬᠢᠨᠠᠨ ᠰᠢᠯᠭᠠᠯᠲᠠ ᠶᠢ ᠬᠡᠷᠡᠭᠵᠢᠭᠦᠯᠦᠨ᠎ᠡ ᠃ ᠦᠨ᠎ᠡ ᠶᠢ ᠬᠢᠨᠠᠨ ᠬᠡᠮᠵᠢᠵᠦ ᠦᠨᠡᠯᠡᠨ ᠵᠢᠱᠢᠬᠦ ᠳᠤ ᠂ ᠳᠠᠩ ᠭᠠᠭᠴᠠ | ᠠᠵᠢᠭᠯᠠᠯᠲᠠ ᠬᠢᠵᠦ ᠣᠯᠵᠤ ᠮᠡᠳᠡᠬᠦ ᠴᠢᠳᠠᠮᠵᠢ ᠠᠴᠠ ᠪᠠᠨ ᠥᠷᠭᠡᠵᠢᠨ ᠵᠣᠬᠢᠬᠤ ᠬᠢᠨᠠᠯᠲᠠ ᠬᠠᠮᠢᠶᠠᠷᠤᠯᠲᠠ ᠶᠢᠨ | ᠴᠢᠳᠠᠮᠵᠢ ᠬᠦᠷᠲᠡᠯ᠎ᠡ ᠥᠷᠭᠡᠳᠬᠡᠵᠦ ᠂ ᠥᠭᠡᠷᠡᠴᠢᠯᠡᠯᠲᠡ ᠶᠢᠨ ᠪᠦᠲᠦᠮᠵᠢᠲᠦ ᠴᠢᠨᠠᠷ ᠪᠣᠯᠤᠨ ᠤᠷᠲᠤ ᠬᠤᠭᠤᠴᠠᠭᠠᠨ ᠤ | ᠠᠮᠢᠵᠢᠷᠠᠯ ᠤᠨ ᠬᠦᠴᠦᠨ ᠳᠤ ᠳᠦᠷᠢᠮ ᠤᠨ ᠪᠠᠲᠤᠯᠠᠭ᠎ᠠ ᠬᠠᠩᠭᠠᠨ᠎ᠠ ᠃ | |