ᠬᠡᠯᠬᠢᠶᠡᠰᠦᠨ ᠨᠣᠮᠧᠷ᠄ 11150000MB16442978/2024-06605 | ᠭᠤᠣᠯ ᠰᠡᠳᠦᠪ ᠤᠨ ᠠᠩᠭᠢᠯᠠᠯ᠄ ᠡᠮ ᠡᠮᠨᠡᠯᠭᠡ ᠶᠢᠨ ᠦᠨ᠎ᠡ | ᠨᠡᠶᠢᠲᠡᠯᠡᠭᠰᠡᠨ ᠪᠠᠶᠢᠭᠤᠯᠤᠮᠵᠢ᠄ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ | ᠪᠢᠴᠢᠭ ᠤᠨ ᠳ᠋ᠤᠭᠠᠷ᠄ ᠥᠪᠥᠷ ᠵᠠᠰᠠᠭ ᠲᠠᠷᠬᠠᠭᠠᠭᠰᠠᠨ ﹇2024﹈ 29 ᠳ᠋ᠦ᠋ᠭᠡᠷ ᠲᠣᠭᠠᠲᠤ | ᠪᠢᠴᠢᠭᠳᠡᠭᠰᠡᠨ ᠡᠳᠦᠷ ᠬᠤᠭᠤᠴᠠᠭ᠎ᠠ᠄ 2024 -10 - 31 | ᠠᠯᠪᠠᠨ ᠪᠢᠴᠢᠭ ᠤᠨ ᠬᠦᠴᠦᠨ ᠲᠠᠢ ᠬᠤᠭᠤᠴᠠᠭ᠎ᠠ᠄ ᠬᠦᠴᠦᠨ ᠲᠠᠢ | | | ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ ᠂ ᠠᠯᠪᠠᠨ ᠭᠡᠷ ᠂ ᠲᠢᠩᠬᠢᠮ ᠂ ᠲᠣᠪᠴᠢᠶ᠎ᠠ ᠂ ᠡᠯ᠎ᠡ ᠲᠤᠮᠦ ᠠᠵᠤ ᠠᠬᠤᠶᠢᠯᠠᠯ ᠂ ᠠᠵᠢᠯ ᠦᠢᠯᠡᠰ ᠤᠨ | ᠨᠢᠭᠡᠴᠢ ᠳᠤ ᠄ | ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠦᠢᠯᠡᠴᠢᠯᠡᠭᠡ ᠶᠢᠨ | ᠦᠨ᠎ᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠷᠰᠢᠯᠲᠠ ᠶᠢᠨ ᠴᠡᠭ ᠤᠨ ᠬᠡᠷᠡᠭᠵᠢᠭᠦᠯᠬᠦ ᠲᠥᠰᠦᠯ︾ ᠢ ᠲᠠ | ᠨᠠᠷ ᠲᠤ ᠳᠠᠷᠤᠮᠠᠯᠯᠠᠨ ᠲᠠᠷᠬᠠᠭᠠᠯ᠎ᠠ ᠂ ᠪᠣᠳᠠᠲᠠᠶ ᠲᠠᠢ ᠪᠠᠨ ᠤᠶᠠᠯᠳᠤᠭᠤᠯᠵᠤ ᠂ ᠬᠢᠨᠠᠮᠠᠭᠠᠶ ᠲᠤᠭᠤᠰᠢᠯᠠᠭᠤᠯᠤᠨ | ᠨᠠᠶᠢᠳᠠᠪᠤᠷᠢᠵᠢᠭᠤᠯᠲᠤᠭᠠᠶ ᠃ | | 2024 ᠣᠨ ᠤ 10 ᠳ᠋ᠤᠭᠠᠷ ᠰᠠᠷ᠎ᠠ ᠶᠢᠨ 31 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ ︶ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠷᠰᠢᠯᠲᠠ ᠶᠢᠨ ᠴᠡᠭ ᠤᠨ ᠬᠡᠷᠡᠭᠵᠢᠭᠦᠯᠬᠦ ᠲᠥᠰᠦᠯ | | ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠨᠠᠮ ᠤᠨ ᠲᠥᠪ | ᠬᠤᠷᠢᠶ᠎ᠠ ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠰᠢᠨᠵᠢᠯᠡᠬᠦ ᠤᠬᠠᠭᠠᠨᠴᠢ ᠪᠠᠷ ᠲᠣᠭᠲᠠᠭᠠᠭᠰᠠᠨ ᠂ ᠬᠥᠳᠡᠯᠦᠩᠭᠦᠶ ᠪᠠᠷ | ᠳᠣᠭᠢᠷᠠᠭᠤᠯᠬᠤ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠶᠢᠨ ᠪᠦᠷᠢᠯᠳᠦᠬᠦ ᠲᠣᠭᠲᠠᠴᠠ ᠶᠢ ᠲᠦᠷᠭᠡᠳᠬᠡᠨ | ᠪᠠᠶᠢᠭᠤᠯᠵᠤ ᠂ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠶᠢᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠬᠦ ᠶᠢᠨ | ᠲᠤᠰᠠᠳᠠ ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠤᠨ ᠂ ᠲᠣᠰ ᠲᠥᠰᠦᠯ ᠢ ᠲᠣᠭᠲᠠᠭᠠᠪᠠ ᠃ | ᠨᠢᠭᠡ ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠵᠤ ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠠᠷᠠᠳ ᠲᠦᠮᠡᠨ ᠤ | ᠡᠷᠡᠭᠦᠯ ᠮᠡᠨᠳᠦ ᠪᠠᠷ ᠭᠤᠣᠯ ᠪᠣᠯᠭᠠᠬᠤ ᠂ ᠡᠮᠴᠢᠯᠡᠭᠡᠨ ᠤ ᠦᠷᠳᠡᠭ ᠢᠶᠠᠷ ᠤᠳᠤᠷᠢᠳᠤᠮᠵᠢ ᠪᠣᠯᠭᠠᠬᠤ ᠂ ᠡᠮᠴᠢᠯᠡᠭᠡᠨ ᠤ | ᠦᠢᠯᠡᠰ ᠤᠨ ᠬᠥᠭᠵᠢᠯᠲᠡ ᠶᠢᠨ ᠵᠢᠮ᠎ᠡ ᠶᠣᠰᠣ ᠪᠠᠷ ᠵᠢᠷᠤᠮᠯᠠᠯ ᠪᠣᠯᠭᠠᠬᠤ ᠶᠢ ᠪᠠᠷᠢᠮᠲᠠᠯᠠᠵᠤ ᠂ ᠠᠵᠤ ᠠᠬᠤᠢ | ᠨᠡᠶᠢᠭᠡᠮ ᠤᠨ ᠬᠥᠭᠵᠢᠯᠲᠡ ᠳᠤ ᠵᠣᠬᠢᠴᠠᠬᠤ ᠂ ᠵᠠᠰᠠᠭ ᠤᠨ ᠣᠷᠳᠣᠨ ᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠂ | ᠡᠮᠴᠢᠯᠡᠭᠡᠨ ᠤ ᠪᠠᠶᠢᠭᠤᠯᠤᠮᠵᠢ ᠭᠦᠢᠴᠡᠳ ᠣᠷᠣᠯᠴᠠᠬᠤ ᠂ ᠮᠡᠷᠭᠡᠵᠢᠯ ᠤᠨ ᠬᠥᠳᠡᠯᠮᠦᠷᠢ ᠦᠢᠯᠡᠴᠢᠯᠡᠭᠡᠨ ᠤ ᠦᠷᠳᠡᠭ ᠢ | ᠢᠯᠡᠷᠡᠭᠦᠯᠬᠦ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠶᠢᠨ ᠬᠠᠮᠢᠶᠠᠷᠤᠯᠲᠠ ᠶᠢᠨ ᠲᠣᠭᠲᠠᠯᠴᠠᠭ᠎ᠠ ᠪᠠ ᠶᠡᠷᠦᠩᠬᠡᠢ | ᠬᠡᠮᠵᠢᠶ᠎ᠡ ᠶᠢ ᠲᠤᠬᠢᠷᠠᠭᠤᠯᠤᠨ ᠡᠵᠡᠮᠳᠡᠬᠦ ᠂ ᠲᠦᠷᠦᠯ ᠬᠤᠪᠢᠶᠠᠨ ᠪᠦᠷᠢᠯᠳᠦᠭᠦᠯᠬᠦ ᠂ ᠬᠥᠳᠡᠯᠦᠩᠭᠦᠢ ᠪᠠᠷ ᠲᠤᠬᠢᠷᠠᠭᠤᠯᠬᠤ ᠂ | ᠬᠢᠨᠠᠨ ᠬᠡᠮᠵᠢᠵᠦ ᠬᠢᠨᠠᠨ ᠰᠢᠯᠭᠠᠬᠤ ᠂ ᠲᠦᠷᠦᠯ ᠵᠦᠢᠯ ᠤᠨ ᠬᠠᠮᠢᠶᠠᠷᠤᠯᠲᠠ ᠶᠢᠨ ᠦᠨ᠎ᠡ ᠶᠢᠨ ᠪᠦᠷᠢᠯᠳᠦᠬᠦ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ ᠂ ᠤᠯᠠᠨ ᠲᠦᠮᠡᠨ ᠤ ᠳᠠᠷᠤᠭᠠᠰᠤ ᠶᠡᠷᠦᠩᠬᠡᠢ ᠳᠤ ᠪᠠᠨ ᠲᠣᠭᠲᠠᠭᠤᠨ ᠂ | ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠳᠠᠭᠠᠭᠠᠵᠤ ᠳᠡᠶᠢᠯᠬᠦ ᠂ ᠠᠯᠪᠠᠨ ᠠᠴᠠ ᠪᠠᠶᠢᠭᠤᠯᠤᠭᠰᠠᠨ | ᠡᠮᠴᠢᠯᠡᠭᠡᠨ ᠤ ᠪᠠᠶᠢᠭᠤᠯᠤᠮᠵᠢ ᠶᠢᠨ ᠡᠷᠡᠭᠦᠯ ᠬᠥᠭᠵᠢᠯᠲᠡ ᠶᠢ ᠪᠠᠲᠤᠯᠠᠨ᠎ᠠ ᠃ 2025 ᠣᠨ ᠤ ᠡᠴᠦᠰ ᠪᠣᠯᠬᠤ ᠳᠤ ᠂ | ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠶᠢᠨ ᠠᠵᠢᠯᠯᠠᠭᠠᠨ ᠤ ᠰᠢᠨ᠎ᠡ ᠲᠣᠭᠲᠠᠴᠠ ᠶᠢᠨ ᠦᠨᠳᠦᠰᠦᠨ ᠬᠡᠪᠰᠢᠯ ᠢ | ᠲᠣᠭᠲᠠᠭᠠᠵᠤ ᠂ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠮᠢᠶᠠᠷᠤᠯᠲᠠ ᠶᠢᠨ ᠲᠣᠭᠲᠠᠯᠴᠠᠭ᠎ᠠ ᠶᠢ ᠨᠠᠩ | ᠲᠡᠭᠦᠯᠳᠡᠷᠵᠢᠭᠦᠯᠦᠨ ᠂ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠶᠢᠨ ᠪᠦᠲᠦᠴᠡ ᠶᠢ ᠢᠯᠡᠳᠲᠡ ᠰᠢᠯᠢᠳᠡᠭᠵᠢᠭᠦᠯᠵᠦ ᠂ | ᠬᠠᠭᠤᠯᠪᠤᠷᠢᠯᠠᠵᠤ ᠪᠣᠯᠬᠤ ᠳᠡᠯᠭᠡᠷᠡᠭᠦᠯᠵᠦ ᠪᠣᠯᠬᠤ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠲᠤᠷᠰᠢᠯᠭ᠎ᠠ ᠶᠢ | ᠪᠦᠷᠢᠯᠳᠦᠭᠦᠯᠦᠨ᠎ᠡ ᠃ | ᠬᠤᠶᠠᠷ ᠂ ᠭᠤᠣᠯᠳᠠᠯᠭ᠎ᠠ ᠪᠣᠯᠬᠤ ᠡᠭᠦᠷᠭᠡ | ︵ᠨᠢᠭᠡ︶ ᠬᠤᠷᠸ᠎ᠠ ᠬᠠᠮᠢᠶᠠᠷᠤᠯᠲᠠ ᠶᠢᠨ ᠦᠨ᠎ᠡ ᠶᠢᠨ ᠶᠡᠷᠦᠩᠬᠡᠢ ᠬᠡᠮᠵᠢᠶᠡᠨ ᠤ ᠲᠣᠬᠢᠷᠠᠭᠤᠯᠤᠯ ᠡᠵᠡᠮᠳᠡᠯ ᠤᠨ | ᠲᠣᠭᠲᠠᠴᠠ ᠶᠢ ᠪᠠᠶᠢᠭᠤᠯᠤᠨ᠎ᠠ | 1. ᠦᠨ᠎ᠡ ᠳᠤ ᠲᠣᠬᠢᠷᠠᠭᠤᠯᠤᠯᠲᠠ ᠬᠢᠬᠦ ᠶᠡᠷᠦᠩᠬᠡᠢ ᠬᠡᠮᠵᠢᠶ᠎ᠡ ᠶᠢ ᠵᠦᠢ ᠵᠣᠬᠢᠰᠲᠠᠢ ᠲᠣᠭᠲᠠᠭᠠᠨ᠎ᠠ ᠃ | ᠦᠨ᠎ᠡ ᠶᠢᠨ ᠶᠡᠷᠦᠩᠬᠡᠶ ᠬᠡᠮᠵᠢᠶ᠎ᠡ ᠶᠢ ᠳᠣᠬᠢᠷᠠᠭᠤᠯᠬᠤ ᠪᠤᠳᠠᠲᠠᠶ ᠳᠦᠷᠢᠮ ᠪᠠ ᠭᠦᠢᠴᠡᠳᠭᠡᠯ ᠲᠣᠭᠠᠨ ᠤ ᠰᠢᠰᠲ᠋ᠧᠮ ᠢ | ᠲᠣᠭᠲᠠᠭᠠᠨ᠎ᠠ ᠃ ᠡᠯ᠎ᠡ ᠠᠶᠢᠮᠠᠭ ᠬᠤᠲᠠᠳ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ | ᠡᠮᠴᠢᠯᠡᠭᠡᠨ ᠤ ᠦᠢᠯᠡᠴᠢᠯᠡᠭᠡ ᠶᠢᠨ ᠶᠡᠷᠦᠩᠬᠡᠶ ᠣᠷᠣᠯᠭ᠎ᠠ ︵ᠡᠮ ᠤᠨ ᠵᠦᠢᠯ ᠂ ᠡᠷᠡᠭᠦᠯ ᠬᠠᠮᠠᠭᠠᠯᠠᠯ ᠤᠨ | ᠮᠠᠲ᠋ᠧᠷᠢᠶᠠᠯ ᠤᠨ ᠣᠷᠣᠯᠭ᠎ᠠ ᠶᠢ ᠪᠠᠭᠲᠠᠭᠠᠬᠤ ᠦᠭᠡᠶ︶ ᠪᠠᠷ ᠲᠡᠦᠬᠡ ᠶᠢᠨ ᠰᠠᠭᠤᠷᠢ ᠲᠤᠭ᠎ᠠ ᠪᠣᠯᠭᠠᠵᠤ ᠂ ᠠᠵᠤ | ᠠᠬᠤᠶ ᠶᠢᠨ ᠬᠥᠭᠵᠢᠯᠲᠡ ᠶᠢᠨ ᠬᠢᠷᠢ ᠬᠡᠮᠵᠢᠶ᠎ᠡ ᠂ ᠡᠮ ᠡᠮᠨᠡᠯᠭᠡ ᠶᠢᠨ ᠵᠠᠷᠤᠳᠠᠯ ᠤᠨ ᠬᠡᠪᠴᠢᠶ᠎ᠡ ᠪᠠ ᠪᠦᠲᠦᠴᠡ ᠂ | ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠪᠡᠯᠡ ᠴᠤᠭᠯᠠᠭᠤᠯᠬᠤ ᠠᠵᠢᠯᠯᠠᠭᠠᠨ ᠂ ᠠᠯᠪᠠᠨ ᠠᠴᠠ | ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠠᠵᠢᠯᠯᠠᠭᠠᠨ ᠤ ᠥᠪᠡᠷ ᠤᠨ ᠥᠷᠲᠡᠭ ᠪᠠ ᠬᠠᠮᠢᠶᠠᠷᠤᠯᠲᠠ ᠶᠢᠨ | ᠠᠵᠢᠯ ᠤᠨ ᠠᠮᠵᠢᠯᠲᠠ ᠪᠦᠲᠦᠮᠵᠢ ᠂ ᠡᠪᠡᠳᠴᠢᠲᠡᠨ ᠤ ᠣᠷᠣᠨ ᠪᠦᠰᠡ ᠠᠯᠤᠰᠯᠠᠨ ᠰᠢᠯᠵᠢᠬᠦ ᠂ ᠰᠢᠨ᠎ᠡ | ᠡᠵᠡᠩᠨᠡᠯᠲᠡ ᠶᠢᠨ ᠪᠠᠶᠢᠳᠠᠯ ᠤᠨ ᠬᠥᠭᠵᠢᠯᠲᠡ ᠵᠡᠷᠭᠡ ᠬᠠᠮᠢᠶ᠎ᠠ ᠪᠦᠬᠦᠢ ᠬᠦᠴᠦᠨ ᠵᠦᠢᠯ ᠢ ᠶᠡᠷᠦᠩᠬᠡᠶᠢᠯᠡᠨ | ᠪᠣᠳᠣᠯᠬᠢᠯᠠᠵᠤ ᠂ ᠨᠡᠮᠡᠭᠳᠡᠯ ᠤᠨ ᠢᠯᠡᠳᠬᠡᠮᠵᠢ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠨ᠎ᠠ ᠃ ᠦᠨ᠎ᠡ ᠶᠢ | ᠲᠣᠬᠢᠷᠠᠭᠤᠯᠬᠤ ᠶᠡᠷᠦᠩᠬᠡᠶ ᠬᠡᠮᠵᠢᠶ᠎ᠡ ᠶᠢ ᠲᠤᠰ ᠵᠢᠯ ᠳᠤ ᠪᠠᠨ ᠬᠡᠷᠡᠭᠯᠡᠵᠦ ᠂ ᠬᠡᠷᠡᠭᠯᠡᠵᠦ ᠳᠠᠭᠤᠰᠤᠭᠰᠠᠨ ᠦᠭᠡᠢ ᠶᠢ | ᠳᠠᠷᠠᠭ᠎ᠠ ᠵᠢᠯ ᠤᠨ ᠬᠢᠨ ᠳᠤ ᠣᠷᠤᠭᠤᠯᠬᠤ ᠦᠭᠡᠶ ᠃ ︵ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ | ᠪᠠᠲᠤᠯᠠᠭ᠎ᠠ ᠶᠢᠨ ᠲᠣᠪᠴᠢᠶ᠎ᠠ ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠂ ᠲᠤᠭ᠎ᠠ ᠪᠦᠷᠢᠳᠬᠡᠯ ᠤᠨ | ᠲᠣᠪᠴᠢᠶ᠎ᠠ ᠃ ᠨᠢᠭᠡᠳᠦᠭᠡᠷ ᠲᠤ ᠵᠢᠭᠰᠠᠭᠠᠭᠳᠠᠭᠰᠠᠨ ᠨᠢ ᠲᠦᠷᠦᠭᠦᠯᠡᠨ ᠬᠠᠷᠢᠭᠤᠴᠠᠬᠤ ᠰᠠᠯᠠᠭ᠎ᠠ ᠮᠥᠴᠢᠷ ᠪᠠᠶᠢᠵᠤ ᠂ | ᠪᠤᠰᠤᠳ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠬᠠᠮᠵᠢᠯᠴᠠᠬᠤ ᠰᠠᠯᠠᠭ᠎ᠠ | ᠮᠥᠴᠢᠷ ᠪᠣᠯᠣᠨ᠎ᠠ ᠂ ᠳᠣᠷᠣᠭᠰᠢ ᠠᠳᠠᠯᠢ︶ | 2. ᠶᠡᠷᠦᠩᠬᠡᠶ ᠬᠡᠮᠵᠢᠶ᠎ᠡ ᠶᠢᠨ ᠬᠤᠪᠢᠶᠠᠷᠢᠯᠠᠯᠲᠠ ᠶᠢ ᠨᠢᠭᠡᠳᠦᠯᠲᠡᠶ ᠲᠥᠯᠥᠪᠯᠡᠨ ᠲᠡᠩᠴᠡᠭᠦᠯᠦᠨ᠎ᠡ ᠃ ᠨᠡᠶᠢᠳᠡᠮ | ᠬᠡᠷᠡᠭᠯᠡᠬᠦ ᠬᠡᠯᠪᠡᠷᠢ ᠶᠢᠨ ᠲᠥᠷᠥᠯ ᠵᠦᠢᠯ ᠂ ᠪᠤᠳᠤᠯᠢᠶᠠᠨᠲᠤ ᠬᠡᠯᠪᠡᠷᠢ ᠶᠢᠨ ᠲᠥᠷᠥᠯ ᠵᠦᠢᠯ ᠂ ᠲᠤᠰᠬᠠᠶ ᠵᠦᠢᠯ ᠤᠨ | ᠦᠨ᠎ᠡ ᠳᠤ ᠲᠣᠬᠢᠷᠠᠭᠤᠯᠤᠯᠲᠠ ᠬᠢᠬᠦ ᠶᠡᠷᠦᠩᠬᠡᠶ ᠬᠡᠮᠵᠢᠶᠡᠨ ᠤ ᠬᠤᠪᠢᠶᠠᠷᠢᠯᠠᠯᠲᠠ ᠶᠢᠨ ᠲᠦᠷᠢᠮ ᠢ ᠲᠣᠭᠲᠠᠭᠠᠵᠤ ᠂ | ᠭᠤᠤᠯᠳᠠᠭᠤ ᠲᠡᠤᠬᠡ ᠶᠢᠨ ᠦᠨ᠎ᠡ ᠪᠠᠷ ᠳᠣᠤᠷ᠎ᠠ ᠂ ᠡᠮᠴᠢᠯᠡᠭᠡᠨ ᠤ ᠬᠠᠩᠭᠠᠯᠭ᠎ᠠ ᠬᠦᠷᠦᠯᠴᠡᠬᠦ ᠥᠬᠡᠶ ᠵᠡᠷᠭᠡ ᠪᠠᠭᠤᠷᠠᠶ | ᠰᠢᠨᠵᠢᠯᠡᠭᠡᠨ ᠤ ᠲᠥᠷᠥᠯ ᠵᠦᠢᠯ ᠲᠡᠶᠢᠰᠢ ᠬᠡᠯᠪᠠᠶᠢᠯᠭᠡᠵᠦ ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠂ | ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠴᠢᠯᠡᠭᠡᠨ ᠤ ᠪᠠᠶᠢᠭᠤᠯᠤᠮᠵᠢ ᠶᠢᠨ ᠬᠥᠭᠵᠢᠯᠲᠡ ᠶᠢ ᠳᠡᠮᠵᠢᠨ᠎ᠡ ᠃ | ᠡᠮᠴᠢᠯᠡᠭᠡᠨ ᠤ ᠪᠠᠶᠢᠭᠤᠯᠤᠮᠵᠢ ᠶᠢᠨ ᠪᠠᠶᠢᠴᠠᠭᠠᠨ ᠰᠢᠯᠭᠠᠬᠤ ᠵᠡᠷᠭᠡ ᠲᠥᠷᠥᠯ ᠵᠦᠢᠯ ᠤᠨ ᠦᠨ᠎ᠡ ᠶᠢ | ᠰᠠᠨᠠᠭᠠᠴᠢᠯᠠᠭ᠎ᠠ ᠠᠴᠠ ᠪᠠᠨ ᠪᠠᠭᠤᠷᠠᠭᠤᠯᠬᠤ ᠶᠢ ᠵᠣᠷᠢᠭᠵᠢᠭᠤᠯᠵᠤ ᠂ ᠦᠨ᠎ᠡ ᠶᠢᠨ ᠪᠠᠭᠤᠷᠠᠯᠲᠠ ᠶᠢᠨ ᠬᠡᠮᠵᠢᠶ᠎ᠡ ᠪᠠ | ᠦᠢᠯᠡᠴᠢᠯᠡᠭᠡᠨ ᠤ ᠬᠡᠮᠵᠢᠶ᠎ᠡ ᠶᠢᠨ ᠲᠥᠰᠦᠭᠡᠯᠡᠨ ᠪᠣᠳᠣᠭᠰᠠᠨ ᠵᠣᠭᠤᠰ ᠤᠨ ᠲᠤᠭ᠎ᠠ ᠪᠠᠷ ᠦᠨ᠎ᠡ ᠶᠢᠨ ᠶᠡᠷᠦᠩᠬᠡᠶ | ᠬᠡᠮᠵᠢᠶ᠎ᠡ ᠶᠢ ᠥᠷᠭᠡᠳᠬᠡᠬᠦ ᠶᠢ ᠵᠥᠪᠰᠢᠶᠡᠷᠡᠨ᠎ᠡ ᠃ ︵ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ | ᠲᠣᠪᠴᠢᠶ᠎ᠠ ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | ︵ᠬᠤᠶᠠᠷ︶ ᠵᠢᠷᠤᠮᠵᠢᠭᠤᠨ ᠪᠦᠭᠡᠳ ᠡᠮᠬᠢ ᠵᠢᠷᠤᠮ ᠲᠠᠢ ᠦᠨ᠎ᠡ ᠶᠢ ᠲᠦᠷᠦᠯ ᠬᠤᠪᠢᠶᠠᠨ ᠪᠦᠷᠢᠯᠳᠦᠭᠦᠯᠬᠦ | ᠲᠣᠭᠲᠠᠴᠠ ᠶᠢ ᠪᠠᠶᠢᠭᠤᠯᠤᠨ᠎ᠠ | 1. ᠨᠡᠶᠢᠳᠡᠮ ᠬᠡᠷᠡᠭᠯᠡᠬᠦ ᠬᠡᠯᠪᠡᠷᠢ ᠶᠢᠨ ᠲᠥᠷᠥᠯ ᠵᠦᠢᠯ ᠤᠨ ᠦᠨ᠎ᠡ ᠶᠢ ᠪᠦᠷᠢᠯᠳᠦᠭᠦᠯᠦᠨ᠎ᠡ ᠃ ᠡᠮᠴᠢᠯᠡᠬᠡᠨ ᠤ | ᠪᠠᠶᠢᠭᠤᠯᠤᠮᠵᠢ ᠶᠢᠨ ᠨᠡᠶᠢᠳᠡᠮ ᠦᠷᠨᠢᠬᠦᠯᠦᠭᠰᠡᠨ ᠂ ᠦᠢᠯᠡᠴᠢᠯᠡᠭᠡ ᠶᠢ ᠠᠳᠠᠯᠢ ᠲᠡᠭᠰᠢ ᠪᠤᠯᠭᠠᠬᠤ ᠬᠡᠮᠵᠢᠶ᠎ᠡ ᠪᠠ | ᠡᠮᠴᠢᠯᠡᠬᠡᠨ ᠳᠤ ᠬᠡᠷᠡᠭᠯᠡᠬᠦ ᠳᠠᠪᠲᠠᠮᠵᠢ ᠨᠢ ᠬᠠᠷᠢᠴᠠᠩᠭᠤᠢ ᠦᠨᠳᠦᠷ ᠲᠦᠷᠦᠯ ᠵᠦᠢᠯ ᠢ ᠨᠡᠶᠢᠳᠡᠮ ᠬᠡᠷᠡᠭᠯᠡᠬᠦ | ᠬᠡᠯᠪᠡᠷᠢ ᠶᠢᠨ ᠡᠮᠴᠢᠯᠡᠬᠡᠨ ᠤ ᠦᠢᠯᠡᠴᠢᠯᠡᠭᠡ ᠶᠢᠨ ᠭᠠᠷᠴᠠᠭ ᠤᠨ ᠨᠠᠷᠢᠨ ᠳᠠᠩᠰᠠ ᠳᠤ ᠤᠷᠤᠭᠤᠯᠤᠨ᠎ᠠ ᠃ ᠨᠡᠶᠢᠳᠡᠮ | ᠬᠡᠷᠡᠭᠯᠡᠬᠦ ᠬᠡᠯᠪᠡᠷᠢ ᠶᠢᠨ ᠲᠥᠷᠥᠯ ᠵᠦᠢᠯ ᠤᠨ ᠦᠨ᠎ᠡ ᠳᠤ ᠲᠣᠬᠢᠷᠠᠭᠤᠯᠤᠯᠲᠠ ᠬᠢᠬᠦ ᠳᠦᠷᠢᠮ ᠢ ᠪᠠᠶᠢᠭᠤᠯᠵᠤ ᠂ | ᠦᠢᠯᠡᠴᠢᠯᠡᠭᠡᠨ ᠤ ᠬᠦᠴᠦᠨ ᠵᠦᠢᠯ ᠤᠨ ᠥᠪᠡᠷ ᠤᠨ ᠥᠷᠲᠡᠭ ᠤᠨ ᠲᠣᠮᠣ ᠳ᠋ᠠᠶᠢᠲ᠋ᠠ ᠶᠢᠨ ᠵᠠᠳᠠᠯᠤᠯᠲᠠ ᠳᠤ | ᠰᠠᠭᠤᠷᠢᠯᠠᠨ ᠂ ︽ᠲᠥᠷᠥᠯ ᠨᠡᠶᠢᠯᠡᠭᠦᠯᠬᠦ ᠂ ᠡᠭᠡᠯᠵᠢᠯᠡᠨ ᠬᠥᠳᠡᠯᠬᠦ ᠂ ᠴᠢᠬᠤᠯᠠ ᠶᠡᠭᠡ ᠂ ᠵᠥᠪᠳᠡᠯᠴᠡᠬᠦ︾ ᠪᠠ ︽ | ᠥᠨᠳᠥᠷ ᠦᠨ᠎ᠡ ᠳᠣᠣᠷ᠎ᠠ ᠥᠰᠥᠯᠲᠡ ᠂ ᠳᠣᠤᠷ᠎ᠠ ᠦᠨ᠎ᠡ ᠥᠨᠳᠥᠷ ᠥᠰᠦᠯᠲᠡ ︾ ᠶᠢᠨ ᠵᠠᠷᠴᠢᠮ ᠶᠣᠰᠣᠭᠠᠷ ᠂ | ᠥᠪᠡᠷᠲᠡᠭᠡᠨ ᠵᠠᠰᠠᠬᠤ ᠣᠷᠣᠨ ᠠᠴᠠ ᠵᠠᠰᠠᠭ ᠤᠨ ᠣᠷᠳᠣᠨ ᠤ ᠬᠠᠮᠤᠭ ᠤᠨ ᠥᠨᠳᠥᠷ ᠵᠢᠯᠣᠭᠤᠳᠬᠤ ᠦᠨ᠎ᠡ ᠶᠢ | ᠨᠢᠭᠡᠳᠦᠯᠲᠡᠶ ᠲᠣᠭᠲᠠᠭᠠᠨ᠎ᠠ ᠃ ︵ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠂ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | 2. ᠪᠤᠳᠤᠯᠢᠶᠠᠨᠲᠤ ᠬᠡᠯᠪᠡᠷᠢ ᠶᠢᠨ ᠲᠥᠷᠥᠯ ᠵᠦᠢᠯ ᠤᠨ ᠦᠨ᠎ᠡ ᠶᠢ ᠪᠤᠶ ᠪᠣᠯᠭᠠᠨ᠎ᠠ ᠃ ᠨᠡᠶᠢᠳᠡᠮ ᠬᠡᠷᠡᠭᠯᠡᠬᠦ | ᠬᠡᠯᠪᠡᠷᠢ ᠶᠢᠨ ᠡᠮᠴᠢᠯᠡᠭᠡᠨ ᠤ ᠦᠢᠯᠡᠴᠢᠯᠡᠭᠡ ᠶᠢᠨ ᠭᠠᠷᠴᠠᠭ ᠤᠨ ᠨᠠᠷᠢᠨ ᠳᠠᠩᠰᠠᠨ ᠳᠤ ᠣᠷᠣᠭᠤᠯᠤᠭᠠᠳᠤᠶ ᠲᠥᠷᠥᠯ | ᠵᠦᠢᠯ ᠢ ᠴᠥᠮ ᠬᠤᠯᠢᠮᠠᠭ ᠬᠡᠯᠪᠡᠷᠢ ᠶᠢᠨ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠶᠢᠨ ᠲᠥᠷᠥᠯ ᠵᠦᠢᠯ ᠤᠨ | ᠶᠣᠰᠣᠭᠠᠷ ᠬᠠᠮᠢᠶᠠᠷᠤᠨ᠎ᠠ ᠃ ᠪᠤᠳᠤᠯᠢᠶᠠᠨᠲᠤ ᠬᠡᠯᠪᠡᠷᠢ ᠶᠢᠨ ᠲᠥᠷᠥᠯ ᠵᠦᠢᠯ ᠳᠤ ᠂ ᠵᠠᠰᠠᠭ ᠤᠨ ᠣᠷᠳᠣᠨ | ᠵᠢᠯᠣᠭᠤᠳᠤᠭᠰᠠᠨ ᠪᠠ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠭᠦᠢᠴᠡᠳ ᠣᠷᠣᠯᠴᠠᠬᠤ ᠶᠢ | ᠬᠠᠷᠢᠯᠴᠠᠨ ᠤᠶᠠᠯᠳᠤᠭᠤᠯᠤᠭᠰᠠᠨ ᠦᠨ᠎ᠡ ᠶᠢᠨ ᠪᠣᠶ ᠪᠣᠯᠬᠤ ᠲᠣᠭᠲᠠᠴᠠ ᠶᠢ ᠪᠠᠶᠢᠭᠤᠯᠤᠨ᠎ᠠ ᠃ ᠦᠨ᠎ᠡ ᠮᠡᠳᠡᠭᠦᠯᠬᠦ | ᠳᠦᠷᠢᠮ ᠢ ᠲᠣᠭᠲᠠᠭᠠᠨ ᠂ ᠦᠨ᠎ᠡ ᠮᠡᠳᠡᠭᠦᠯᠬᠦ ᠳᠠᠷᠠᠭᠠᠯᠠᠯ ᠢ ᠵᠢᠷᠤᠮᠵᠢᠭᠤᠯᠵᠤ ᠂ ︽ᠥᠪᠡᠷᠲᠡᠭᠡᠨ ᠵᠠᠰᠠᠬᠤ ᠣᠷᠣᠨ | ᠨᠢᠭᠡᠳᠦᠯᠲᠡᠶ ᠲᠥᠯᠥᠪᠯᠡᠬᠦ ᠂ ᠳᠡᠭᠡᠳᠦ ᠳᠣᠤᠷᠠᠳᠤ ᠱᠠᠲᠤ ᠪᠠᠷ ᠢᠶᠠᠨ ᠬᠠᠮᠵᠢᠯᠴᠠᠬᠤ ᠂ ᠤᠷᠢᠳ ᠢᠶᠠᠷ ᠶᠡᠷᠦᠩᠬᠡᠶᠢᠯᠡᠵᠦ | ᠳᠠᠷᠠᠭ᠎ᠠ ᠨᠢ ᠬᠤᠪᠢᠶᠠᠬᠤ ᠂ ᠠᠶᠢᠮᠠᠭ ᠬᠤᠲᠠ ᠬᠠᠮᠲᠤᠷᠠᠨ ᠬᠥᠳᠡᠯᠦᠯᠴᠡᠬᠦ︾ ᠬᠤᠶᠠᠷ ᠡᠭᠡᠯᠵᠢ ᠶᠢᠨ ᠦᠨ᠎ᠡ ᠮᠡᠳᠡᠭᠦᠯᠬᠦ | ᠵᠠᠭᠪᠤᠷ ᠢ ᠬᠠᠶᠢᠨ ᠰᠦᠪᠡᠭᠴᠢᠯᠡᠵᠦ ᠂ ᠡᠮᠴᠢᠯᠡᠭᠡᠨ ᠤ ᠪᠠᠶᠢᠭᠤᠯᠤᠮᠵᠢ ᠠᠴᠠ ᠡᠵᠡᠨ ᠮᠡᠳᠡᠵᠦ ᠦᠨ᠎ᠡ ᠶᠢᠨ ᠰᠠᠨᠠᠭᠤᠯᠭ᠎ᠠ | ᠳᠤᠷᠠᠳᠴᠤ ᠂ ᠳᠦᠷᠢᠮ ᠤᠨ ᠬᠡᠪᠴᠢᠶᠡᠨ ᠳᠤ ᠲᠣᠬᠢᠷᠠᠭᠤᠯᠬᠤ ᠪᠠᠷ ᠪᠠᠶᠢᠭ᠎ᠠ ᠲᠥᠷᠥᠯ ᠵᠦᠢᠯ ᠤᠨ ᠦᠨ᠎ᠡ ᠶᠢ ᠪᠣᠶ | ᠪᠣᠯᠭᠠᠨ᠎ᠠ ᠃ ᠠᠵᠤ ᠠᠬᠤᠶ ᠶᠢᠨ ᠴᠢᠨᠠᠷᠲᠠᠶ ᠬᠦᠴᠦᠨ ᠵᠦᠢᠯ ᠂ ᠲᠥᠷᠥ ᠶᠢᠨ ᠪᠣᠳᠣᠯᠭ᠎ᠠ ᠶᠢᠨ ᠴᠢᠨᠠᠷᠲᠠᠶ ᠬᠦᠴᠦᠨ | ᠵᠦᠢᠯ ᠵᠢᠴᠢ ᠡᠮᠴᠢᠯᠡᠭᠡᠨ ᠤ ᠪᠠᠶᠢᠭᠤᠯᠤᠮᠵᠢ ᠶᠢᠨ ᠬᠠᠮᠲᠤ ᠶᠢᠨ ᠲᠠᠨᠢᠯᠲᠠ ᠶᠢᠨ ᠬᠡᠮᠵᠢᠶ᠎ᠡ ᠪᠠᠷ ᠬᠦᠴᠦᠨ ᠲᠠᠢ ᠦᠨ᠎ᠡ | ᠮᠡᠳᠡᠭᠦᠯᠬᠦ ᠲᠥᠷᠥᠯ ᠵᠦᠢᠯ ᠤᠨ ᠤᠷᠢᠳ ᠢᠶᠠᠷ ᠳᠠᠷᠠᠭᠠᠯᠠᠯ ᠢ ᠲᠣᠭᠲᠠᠭᠠᠵᠤ ᠂ ᠦᠨ᠎ᠡ ᠲᠣᠬᠢᠷᠠᠭᠤᠯᠬᠤ ᠶᠡᠷᠦᠩᠬᠡᠶ | ᠬᠡᠮᠵᠢᠶᠡᠨ ᠤ ᠬᠡᠪᠴᠢᠶᠡᠨ ᠳᠣᠲᠣᠷ᠎ᠠ ᠳᠠᠷᠠᠭᠠᠯᠠᠯ ᠠᠴᠠ ᠡᠮᠦᠨᠡᠬᠢ ᠬᠦᠴᠦᠨ ᠪᠦᠬᠦᠢ ᠦᠨ᠎ᠡ ᠮᠡᠳᠡᠭᠦᠯᠬᠦ ᠶᠠᠪᠤᠳᠠᠯ ᠢ | ᠵᠠᠰᠠᠭ ᠤᠨ ᠣᠷᠳᠣᠨ ᠤ ᠵᠢᠯᠣᠭᠤᠳᠬᠤ ᠦᠨ᠎ᠡ ᠪᠣᠯᠭᠠᠨ ᠬᠤᠪᠢᠷᠠᠭᠤᠯᠤᠨ᠎ᠠ ᠃ ᠬᠦᠴᠢᠷᠳᠡᠯ ᠶᠡᠭᠡ ᠂ ᠲᠦᠭᠰᠢᠭᠦᠷᠢ ᠶᠡᠭᠡ | ᠮᠡᠰᠡ ᠵᠠᠰᠠᠯ ᠤᠨ ᠲᠥᠷᠥᠯ ᠵᠡᠷᠭᠡ ᠡᠮᠴᠢᠯᠡᠭᠡᠨ ᠤ ᠦᠢᠯᠡᠴᠢᠯᠡᠭᠡ ᠶᠢᠨ ᠲᠥᠷᠥᠯ ᠵᠦᠢᠯ ᠢ ᠡᠩ ᠲᠡᠷᠢᠭᠦᠨ ᠳᠤ ᠦᠨ᠎ᠡ | ᠲᠣᠬᠢᠷᠠᠭᠤᠯᠬᠤ ᠬᠡᠪᠴᠢᠶᠡᠨ ᠳᠤ ᠣᠷᠣᠭᠤᠯᠵᠤ ᠂ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ | ᠴᠢᠨᠠᠷ ᠰᠠᠶᠢᠲᠠᠶ ᠬᠥᠭᠵᠢᠯᠲᠡ ᠶᠢ ᠳᠡᠮᠵᠢᠵᠦ ᠂ ᠣᠯᠠᠨ ᠲᠦᠮᠡᠨ ᠤ ᠡᠮᠴᠢᠯᠡᠭᠡᠨ ᠤ ᠦᠢᠯᠡᠴᠢᠯᠡᠭᠡ ᠶᠢᠨ ᠬᠡᠷᠡᠭᠴᠡᠭᠡ | ᠱᠠᠭᠠᠷᠳᠠᠯᠭ᠎ᠠ ᠶᠢ ᠤᠯᠠᠮ ᠨᠢᠭᠡ ᠠᠯᠬᠤᠮ ᠬᠠᠩᠭᠠᠨ᠎ᠠ ᠃ ︵ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ | ᠪᠠᠲᠤᠯᠠᠭ᠎ᠠ ᠶᠢᠨ ᠲᠣᠪᠴᠢᠶ᠎ᠠ ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | 3. ᠣᠨᠴᠠ ᠬᠡᠷᠡᠭᠴᠡᠭᠡᠲᠦ ᠪᠣᠯᠤᠨ ᠰᠢᠨ᠎ᠡ ᠪᠠᠷ ᠨᠡᠮᠡᠬᠦ ᠲᠥᠷᠥᠯ ᠵᠦᠢᠯ ᠤᠨ ᠦᠨ᠎ᠡ ᠶᠢ ᠪᠣᠶ ᠪᠣᠯᠭᠠᠨ᠎ᠠ ᠃ | ᠣᠨᠴᠠ ᠬᠡᠷᠡᠭᠴᠡᠭᠡᠨ ᠤ ᠦᠢᠯᠡᠴᠢᠯᠡᠭᠡ ᠶᠢᠨ ᠲᠥᠷᠥᠯ ᠵᠦᠢᠯ ᠤᠨ ᠭᠠᠷᠴᠠᠭ ᠢ ᠲᠣᠭᠲᠠᠭᠠᠵᠤ ᠂ ᠣᠨᠴᠠ ᠬᠡᠷᠡᠭᠴᠡᠭᠡᠨ ᠤ | ᠦᠢᠯᠡᠴᠢᠯᠡᠭᠡ ᠪᠠ ᠲᠤᠷᠰᠢᠨ ᠬᠡᠷᠡᠭᠵᠢᠭᠦᠯᠬᠦ ᠬᠤᠭᠤᠴᠠᠭᠠᠨ ᠤ ᠳᠣᠲᠣᠷ᠎ᠠ ᠰᠢᠨ᠎ᠡ ᠪᠠᠷ ᠨᠡᠮᠡᠭᠰᠡᠨ ᠲᠥᠷᠥᠯ ᠵᠦᠢᠯ ᠳᠤ | ᠵᠠᠬ᠎ᠠ ᠳᠡᠯᠭᠡᠭᠦᠷ ᠢᠶᠠᠷ ᠲᠣᠬᠢᠷᠠᠭᠤᠯᠬᠤ ᠦᠨ᠎ᠡ ᠶᠢ ᠬᠡᠷᠡᠭᠵᠢᠭᠦᠯᠵᠦ ᠂ ᠡᠮᠴᠢᠯᠡᠭᠡᠨ ᠤ ᠪᠠᠶᠢᠭᠤᠯᠤᠮᠵᠢ ᠠᠴᠠ ︽ᠲᠥᠪ | ᠭᠤᠣᠯᠴᠢ ᠂ ᠬᠠᠤᠯᠢ ᠳᠤ ᠨᠡᠶᠢᠴᠡᠬᠦ ᠂ ᠦᠨᠡᠨᠴᠢ ᠢᠲᠡᠭᠡᠮᠵᠢᠲᠡᠢ︾ ᠵᠠᠷᠴᠢᠮ ᠪᠠ ᠵᠠᠰᠠᠭ ᠤᠨ ᠣᠷᠳᠣᠨ ᠤ | ᠲᠣᠭᠲᠠᠭᠠᠭᠰᠠᠨ ᠦᠨ᠎ᠡ ᠶᠢᠨ ᠲᠦᠷᠢᠮ ᠶᠣᠰᠣᠭᠠᠷ ᠂ ᠥᠪᠡᠷ ᠤᠨ ᠥᠷᠲᠡᠭ ᠵᠡᠷᠭᠡ ᠬᠦᠴᠦᠨ ᠵᠦᠢᠯ ᠢ ᠦᠨᠳᠦᠰᠦᠯᠡᠨ | ᠪᠡᠶ᠎ᠡ ᠪᠠᠨ ᠳᠠᠭᠠᠭᠠᠵᠤ ᠦᠨ᠎ᠡ ᠶᠢ ᠲᠣᠭᠲᠠᠭᠠᠬᠤ ᠶᠢᠨ ᠬᠠᠮᠲᠤ ᠡᠷᠡᠭᠦᠯ ᠬᠠᠮᠠᠭᠠᠯᠠᠯ ᠡᠷᠡᠭᠦᠯ ᠮᠡᠨᠳᠦ ᠪᠠ ᠡᠮᠴᠢᠯᠡᠭᠡᠨ ᠤ | ᠪᠠᠲᠤᠯᠠᠭ᠎ᠠ ᠶᠢᠨ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠤᠨ᠎ᠠ ᠃ ᠦᠨ᠎ᠡ ᠶᠢ ᠡᠮᠨᠡᠯᠭᠡ ᠶᠢᠨ ᠬᠤᠷᠢᠶᠠᠨ ᠤ | ᠵᠡᠷᠭᠡ ᠳᠡᠰ ᠂ ᠲᠤᠰᠬᠠᠶ ᠮᠡᠷᠭᠡᠵᠢᠯ ᠤᠨ ᠣᠨᠴᠠᠯᠢᠭ ᠂ ᠴᠢᠳᠠᠮᠵᠢ ᠶᠢᠨ ᠣᠷᠣᠨ ᠲᠣᠭᠲᠠᠭᠠᠯ ᠯᠤᠭ᠎ᠠ ᠬᠠᠷᠢᠯᠴᠠᠨ | ᠵᠣᠬᠢᠴᠠᠯᠳᠤᠭᠤᠯᠵᠤ ᠂ ᠣᠷᠣᠨ ᠪᠦᠰᠡ ᠶᠢᠨ ᠠᠵᠤ ᠠᠬᠤᠶ ᠶᠢᠨ ᠬᠥᠭᠵᠢᠯᠲᠡ ᠶᠢᠨ ᠬᠢᠷᠢ ᠬᠡᠮᠵᠢᠶ᠎ᠡ ᠪᠣᠯᠤᠨ | ᠡᠮᠴᠢᠯᠡᠭᠡᠨ ᠤ ᠮᠡᠷᠭᠡᠵᠢᠯ ᠤᠨ ᠬᠢᠷᠢ ᠬᠡᠮᠵᠢᠶ᠎ᠡ ᠯᠦᠭᠡ ᠬᠠᠷᠢᠯᠴᠠᠨ ᠲᠣᠬᠢᠷᠠᠯᠴᠠᠭᠤᠯᠬᠤ ᠶᠢᠨ ᠬᠠᠮᠲᠤ ᠵᠣᠬᠢᠬᠤ ᠴᠠᠭ | ᠬᠤᠭᠤᠴᠠᠭᠠᠨ ᠤ ᠳᠣᠲᠣᠷ᠎ᠠ ᠬᠠᠷᠢᠴᠠᠩᠭᠤᠶ ᠲᠣᠭᠲᠠᠭᠤᠨ ᠪᠠᠶᠢᠯᠭᠠᠬᠤ ᠶᠢ ᠪᠠᠲᠤᠯᠠᠨ᠎ᠠ ᠃ ᠠᠯᠪᠠᠨ ᠠᠴᠠ | ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠵᠠᠬ᠎ᠠ ᠳᠡᠯᠭᠡᠭᠦᠷ ᠢᠶᠠᠷ ᠲᠣᠬᠢᠷᠠᠭᠤᠯᠬᠤ ᠦᠨ᠎ᠡ ᠶᠢ ᠬᠡᠷᠡᠭᠵᠢᠭᠦᠯᠬᠦ | ᠰᠦᠢᠳᠬᠡᠯ ᠬᠤᠷᠢᠶᠠᠬᠤ ᠲᠥᠷᠥᠯ ᠵᠦᠢᠯ ᠪᠣᠯᠤᠨ ᠵᠠᠷᠤᠳᠠᠯ ᠬᠤᠷᠢᠶᠠᠬᠤ ᠬᠠᠷᠢᠴᠠᠯ ᠢ ᠴᠢᠩᠭ᠎ᠠ ᠡᠵᠡᠮᠳᠡᠵᠦ ᠂ ᠪᠦᠬᠦ | ᠡᠮᠴᠢᠯᠡᠭᠡᠨ ᠤ ᠦᠢᠯᠡᠴᠢᠯᠡᠭᠡ ᠶᠢᠨ 10% ᠠᠴᠠ ᠳᠠᠪᠠᠭᠤᠯᠬᠤ ᠦᠭᠡᠶ ᠃ ︵ᠥᠪᠡᠷᠲᠡᠭᠡᠨ ᠵᠠᠰᠠᠬᠤ ᠣᠷᠣᠨ ᠤ | ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | ︵ᠭᠤᠷᠪᠠ︶ ᠰᠣᠷᠭᠤᠭ ᠬᠡᠮᠵᠢᠶ᠎ᠡ ᠲᠠᠢ ᠦᠨ᠎ᠡ ᠶᠢᠨ ᠬᠦᠳᠡᠯᠦᠩᠭᠦᠢ ᠪᠠᠷ ᠲᠣᠬᠢᠷᠠᠭᠤᠯᠬᠤ ᠲᠣᠭᠲᠠᠴᠠ ᠶᠢ | ᠪᠠᠶᠢᠭᠤᠯᠤᠨ᠎ᠠ | 1. ᠨᠡᠶᠢᠳᠡᠮ ᠬᠡᠷᠡᠭᠯᠡᠬᠦ ᠬᠡᠯᠪᠡᠷᠢ ᠶᠢᠨ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠶᠢ ᠣᠷᠣᠯᠭ᠎ᠠ ᠪᠠ | ᠦᠨ᠎ᠡ ᠶᠢᠨ ᠵᠢᠭᠠᠯᠲᠠ ᠲᠤᠭ᠎ᠠ ᠪᠠᠷ ᠯᠠᠪᠯᠠᠯᠲᠠ ᠪᠣᠯᠭᠠᠵᠤ ᠬᠥᠳᠡᠯᠦᠩᠭᠦᠶ ᠪᠠᠷ ᠲᠣᠬᠢᠷᠠᠭᠤᠯᠤᠨ᠎ᠠ ᠃ ᠨᠡᠶᠢᠳᠡᠮ ᠬᠡᠷᠡᠭᠯᠡᠬᠦ | ᠬᠡᠯᠪᠡᠷᠢ ᠶᠢᠨ ᠡᠮᠴᠢᠯᠡᠭᠡᠨ ᠤ ᠦᠢᠯᠡᠴᠢᠯᠡᠭᠡ ᠶᠢᠨ ᠲᠥᠷᠥᠯ ᠵᠦᠢᠯ ᠳᠤ ᠬᠤᠲᠠ ᠪᠠᠯᠭᠠᠰᠤ ᠶᠢᠨ ᠨᠢᠭᠡᠴᠢ ᠳᠤ ᠠᠵᠢᠯ | ᠣᠯᠤᠭᠰᠠᠳ ᠤᠨ ᠳᠤᠮᠳᠠᠴᠢ ᠴᠠᠯᠢᠩ ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠳᠠᠭᠠᠭᠠᠬᠤ ᠴᠢᠳᠠᠪᠤᠷᠢ | ᠪᠣᠯᠤᠨ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠶᠢᠨ ᠵᠢᠭᠠᠯᠲᠠ ᠲᠤᠭ᠎ᠠ ᠵᠡᠷᠭᠡ ᠭᠦᠢᠴᠡᠳᠬᠡᠯ ᠲᠤᠭ᠎ᠠ ᠪᠠᠷ | ᠯᠠᠪᠯᠠᠯᠲᠠ ᠪᠣᠯᠭᠠᠵᠤ ᠂ ᠬᠤᠶᠠᠷ ᠵᠢᠯ ᠳᠤ ᠨᠢᠭᠡ ᠤᠳᠠᠭ᠎ᠠ ᠬᠥᠳᠡᠯᠦᠩᠭᠦᠶ ᠲᠣᠬᠢᠷᠠᠭᠤᠯᠤᠯᠲᠠ ᠬᠢᠵᠦ ᠦᠨᠡᠯᠡᠨ | ᠵᠢᠱᠢᠬᠦ ᠶᠢ ᠥᠷᠨᠢᠭᠦᠯᠦᠨ᠎ᠡ ᠃ ︵ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠳᠤᠯᠠᠭ᠎ᠠ ᠶᠢᠨ ᠲᠣᠪᠴᠢᠶ᠎ᠠ ᠂ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠂ ᠲᠤᠭ᠎ᠠ ᠪᠦᠷᠢᠳᠬᠡᠯ ᠤᠨ ᠲᠣᠪᠴᠢᠶ᠎ᠠ︶ | 2. ᠪᠤᠳᠤᠯᠢᠶᠠᠨᠲᠤ ᠬᠡᠯᠪᠡᠷᠢ ᠶᠢᠨ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠶᠢ ᠶᠡᠷᠦᠩᠬᠡᠶᠢᠯᠡᠨ ᠦᠨᠡᠯᠡᠨ | ᠵᠢᠱᠢᠬᠦ ᠪᠠᠷ ᠳᠠᠮᠵᠢᠨ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠨ᠎ᠠ ᠃ ᠪᠤᠳᠤᠯᠢᠶᠠᠨᠲᠤ ᠬᠡᠯᠪᠡᠷᠢ ᠶᠢᠨ | ᠡᠮᠴᠢᠯᠡᠭᠡᠨ ᠤ ᠦᠢᠯᠡᠴᠢᠯᠡᠭᠡ ᠶᠢᠨ ᠲᠥᠷᠥᠯ ᠵᠦᠢᠯ ᠨᠢ ᠡᠮᠨᠡᠯᠭᠡ ᠶᠢᠨ ᠠᠵᠢᠯᠲᠠᠨ ᠤ ᠬᠤᠪᠢ ᠬᠥᠮᠦᠨ ᠤ ᠴᠢᠳᠠᠪᠤᠷᠢ ᠶᠢ | ᠬᠤᠷᠠᠭᠤᠯᠵᠤ ᠂ ᠡᠮᠴᠢᠯᠡᠭᠡᠨ ᠤ ᠪᠠᠶᠢᠭᠤᠯᠤᠮᠵᠢ ᠶᠢᠨ ᠮᠡᠷᠭᠡᠵᠢᠯ ᠤᠨ ᠲᠤᠯᠭᠠᠭᠤᠷᠢᠯᠠᠯ ᠂ ᠠᠵᠤ ᠠᠬᠤᠶ ᠨᠡᠶᠢᠭᠡᠮ ᠵᠢᠴᠢ | ᠡᠷᠡᠭᠦᠯ ᠬᠠᠮᠠᠭᠠᠯᠠᠯ ᠤᠨ ᠦᠢᠯᠡᠰ ᠤᠨ ᠬᠥᠭᠵᠢᠯᠲᠡ ᠶᠢᠨ ᠬᠢᠷᠢ ᠬᠡᠮᠵᠢᠶ᠎ᠡ ᠂ ᠡᠮᠴᠢᠯᠡᠭᠡᠨ ᠤ ᠪᠠᠶᠢᠭᠤᠯᠤᠮᠵᠢ ᠶᠢᠨ | ᠠᠵᠢᠯᠯᠠᠭᠠᠨ ᠤ ᠪᠠᠶᠢᠳᠠᠯ ᠂ ᠡᠪᠡᠳᠴᠢᠲᠡᠨ ᠪᠠ ᠡᠮᠴᠢᠯᠡᠭᠡᠨ ᠤ ᠳᠠᠭᠠᠳᠬᠠᠯ ᠤᠨ ᠳᠠᠭᠠᠭᠠᠬᠤ ᠴᠢᠳᠠᠪᠤᠷᠢ ᠵᠡᠷᠭᠡ ᠣᠯᠠᠨ | ᠬᠡᠮᠵᠢᠯᠳᠦ ᠭᠦᠢᠴᠡᠳᠬᠡᠯ ᠲᠤᠭ᠎ᠠ ᠶᠢ ᠬᠥᠳᠡᠯᠦᠩᠭᠦᠶ ᠪᠠᠷ ᠲᠣᠬᠢᠷᠠᠭᠤᠯᠵᠤ ᠂ ᠬᠥᠳᠡᠯᠦᠩᠭᠦᠶ ᠲᠣᠬᠢᠷᠠᠭᠤᠯᠤᠯᠲᠠ ᠶᠢᠨ | ᠡᠬᠢᠯᠡᠭᠦᠯᠬᠦ ᠨᠥᠬᠦᠴᠡᠯ ᠪᠠ ᠬᠢᠵᠠᠭᠠᠷᠯᠠᠬᠤ ᠨᠥᠬᠦᠴᠡᠯ ᠢ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠤᠨ ᠂ ᠶᠡᠷᠦᠩᠬᠡᠶᠢᠯᠡᠨ | ᠦᠨᠡᠯᠡᠨ ᠵᠢᠱᠢᠬᠦ ᠭᠦᠢᠴᠡᠳᠬᠡᠯ ᠲᠣᠭᠠᠨ ᠤ ᠲᠣᠭᠲᠠᠯᠴᠠᠭ᠎ᠠ ᠶᠢ ᠲᠣᠭᠲᠠᠭᠠᠨ᠎ᠠ ᠃ ᠵᠢᠯ ᠪᠦᠷᠢ ᠨᠢᠭᠡ ᠤᠳᠠᠭ᠎ᠠ | ᠬᠥᠳᠡᠯᠦᠩᠭᠦᠶ ᠲᠣᠬᠢᠷᠠᠭᠤᠯᠤᠯᠲᠠ ᠬᠢᠵᠦ ᠦᠨᠡᠯᠡᠨ ᠵᠢᠱᠢᠬᠦ ᠠᠵᠢᠯ ᠢ ᠥᠷᠨᠢᠭᠦᠯᠵᠦ ᠂ ᠶᠡᠷᠦᠩᠬᠡᠶᠢᠯᠡᠨ ᠦᠨᠡᠯᠡᠨ ᠵᠢᠱᠢᠬᠦ | ᠶᠡᠷᠦᠩᠬᠡᠶ ᠬᠤᠪᠢ ᠨᠢ ᠬᠥᠨᠳᠡᠬᠦ ᠪᠠᠷᠢᠮᠵᠢᠶ᠎ᠠ ᠳᠤ ᠬᠦᠷᠬᠦ ᠦᠶ᠎ᠡ ᠳᠤ ᠂ ᠦᠨ᠎ᠡ ᠶᠢᠨ ᠳᠣᠬᠢᠷᠠᠭᠤᠯᠤᠯᠲᠠ ᠶᠢ | ᠡᠬᠢᠯᠡᠭᠦᠯᠦᠨ᠎ᠡ ᠃ ︵ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠳᠤᠯᠠᠭ᠎ᠠ ᠶᠢᠨ ᠲᠣᠪᠴᠢᠶ᠎ᠠ ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠂ ᠲᠤᠭ᠎ᠠ ᠪᠦᠷᠢᠳᠬᠡᠯ ᠤᠨ ᠲᠣᠪᠴᠢᠶ᠎ᠠ︶ | 3. ᠭᠤᠤᠯᠳᠠᠯᠭ᠎ᠠ ᠪᠣᠯᠬᠤ ᠠᠵᠢᠯ ᠪᠤᠶᠤ ᠲᠤᠰᠬᠠᠶ ᠵᠦᠢᠯ ᠤᠨ ᠡᠭᠦᠷᠭᠡ ᠳᠤ ᠲᠤᠰᠬᠠᠶ ᠵᠦᠢᠯ ᠤᠨ | ᠲᠣᠬᠢᠷᠠᠭᠤᠯᠤᠯᠲᠠ ᠬᠢᠬᠦ ᠶᠢ ᠬᠡᠷᠡᠭᠵᠢᠭᠦᠯᠦᠨ᠎ᠡ ᠃ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ | ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶ᠎ᠡ ᠲᠠᠢ ᠪᠠᠷ ᠬᠤᠳᠠᠯᠳᠤᠨ ᠠᠪᠴᠤ ᠠᠪᠬᠤ ᠂ ᠭᠡᠨᠡᠳᠲᠡ ᠶᠢᠨ ᠴᠢᠬᠤᠯᠠ ᠶᠡᠭᠡ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠠᠷᠭᠠᠴᠠᠭᠠᠬᠤ ᠂ ᠡᠮᠴᠢᠯᠡᠭᠡᠨ ᠤ ᠦᠢᠯᠡᠴᠢᠯᠡᠭᠡ ᠶᠢᠨ | ᠦᠨ᠎ᠡ ᠶᠢᠨ ᠲᠣᠪᠤᠶᠢᠮ᠎ᠠ ᠵᠥᠷᠢᠴᠡᠯ ᠢ ᠬᠥᠲᠥᠯᠥᠨ ᠵᠢᠯᠣᠭᠤᠳᠬᠤ ᠂ ᠭᠤᠤᠯᠳᠠᠯᠭ᠎ᠠ ᠲᠠᠢ ᠲᠤᠰᠬᠠᠶ ᠰᠠᠯᠠᠭᠠᠨ ᠤ | ᠡᠮᠴᠢᠯᠡᠭᠡᠨ ᠤ ᠬᠠᠩᠭᠠᠯᠭ᠎ᠠ ᠶᠢᠨ ᠲᠡᠩᠴᠡᠭᠦᠷᠢᠰᠢᠯ ᠢᠶᠠᠨ ᠠᠯᠳᠠᠭᠰᠠᠨ ᠢ ᠨᠠᠮᠳᠠᠭᠠᠬᠤ ᠵᠡᠷᠭᠡ ᠭᠤᠤᠯᠳᠠᠯᠭ᠎ᠠ ᠲᠠᠢ ᠠᠵᠢᠯ | ᠵᠢᠴᠢ ᠤᠯᠤᠰ ᠤᠨ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠤᠳ ᠡᠮᠴᠢᠯᠡᠭᠡᠨ ᠤ ᠦᠢᠯᠡᠴᠢᠯᠡᠭᠡ ᠶᠢᠨ | ᠦᠨ᠎ᠡ ᠶᠢ ᠲᠣᠬᠢᠷᠠᠭᠤᠯᠬᠤ ᠲᠤᠰᠬᠠᠶ ᠡᠭᠦᠷᠭᠡ ᠶᠢ ᠨᠢᠭᠡᠳᠦᠯᠲᠡᠶ ᠪᠠᠢᠷᠢᠯᠠᠭᠤᠯᠬᠤ ᠶᠢᠨ ᠲᠤᠰᠠᠳᠠ ᠂ ᠦᠨ᠎ᠡ ᠶᠢᠨ | ᠲᠤᠰᠬᠠᠶ ᠵᠦᠢᠯ ᠤᠨ ᠲᠣᠬᠢᠷᠠᠭᠤᠯᠤᠯᠲᠠ ᠶᠢ ᠠᠮᠢᠳᠤᠯᠢᠭ ᠢᠶᠠᠷ ᠰᠣᠩᠭᠤᠨ᠎ᠠ ᠃ ︵ᠥᠪᠡᠷᠲᠡᠭᠡᠨ ᠵᠠᠰᠠᠬᠤ ᠣᠷᠣᠨ ᠤ | ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | 4. ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠤᠨ ᠪᠠᠭᠲᠠᠭᠠᠮᠵᠢ ᠶᠢ ᠥᠷᠭᠡᠳᠬᠡᠨ ᠦᠨᠳᠦᠰᠦᠨ | ᠱᠠᠲᠤᠨ ᠳᠤ ᠬᠦᠷᠭᠡᠬᠦ ᠶᠢ ᠳᠡᠮᠵᠢᠨ᠎ᠡ ᠃ ᠡᠮᠴᠢᠯᠡᠭᠡᠨ ᠤ ᠦᠢᠯᠡᠴᠢᠯᠡᠭᠡ ᠶᠢᠨ ᠦᠨ᠎ᠠ ᠶᠢᠨ ᠪᠦᠳᠦᠴᠠ ᠶᠢᠨ ᠴᠢᠨᠡᠷᠳᠡᠢ | ᠲᠣᠬᠢᠷᠡᠭᠤᠯᠥᠯᠳᠡ ᠶᠢ ᠴᠢᠬᠤᠯᠠᠴᠢᠯᠠᠵᠦ ᠂ ᠣᠯᠥᠰ ᠤᠨ ᠣᠷᠣᠨ ᠪᠦᠰᠡ ᠶᠢᠨ ᠡᠮᠴᠢᠯᠡᠭᠡᠨ ᠤ ᠲᠥᠪ ᠤᠨ ᠲᠣᠰᠬᠠᠢ | ᠰᠠᠯᠨᠭᠠᠨ ᠤ ᠬᠤᠯᠪᠤᠭ᠎ᠠ ᠂ ᠨᠢᠠᠠᠳᠡ ᠭᠡᠯᠪᠡᠷᠢ ᠶᠢᠨ ᠡᠮᠴᠢᠯᠡᠭᠡᠨ ᠤ ᠬᠤᠯᠪᠣᠭᠠᠳᠣ ᠴᠣᠠᠠᠴᠠ ᠶᠢ ᠪᠠᠶᠢᠭᠤᠯᠬᠤ ᠪᠠ | ᠭᠤᠷᠪᠠᠳᠣᠭᠠᠷ ᠳᠡᠰ ᠤᠨ ᠡᠮᠨᠡᠯᠬᠡ ᠶᠢᠨ ᠬᠤᠷᠢᠶᠠᠨ ᠤ ᠮᠡᠷᠭᠡᠵᠢᠯ ᠢᠶᠠᠷ ᠢᠶᠠᠨ ᠬᠠᠪᠰᠣᠷᠣᠨ ᠳᠡᠳᠬᠦᠬᠦ ᠵᠡᠷᠭᠡ ᠴᠢᠨᠡᠷ | ᠰᠠᠶᠢᠳᠡᠢ ᠡᠬᠢ ᠪᠠᠶᠠᠯᠢᠭ ᠢ ᠦᠨᠳᠣᠰᠣᠡ ᠱᠠᠳᠣ ᠲᠡᠶᠢᠰᠢ ᠤᠷᠳᠤᠳᠬᠠᠬᠤ ᠶᠢ ᠠᠬᠢᠭᠤᠯᠥᠨ᠎ᠠ ᠃ ᠤᠯᠤᠰ ᠤᠨ ᠣᠷᠣᠨ | ᠪᠦᠰᠡ ᠶᠢᠨ ᠡᠮᠴᠢᠯᠡᠭᠡᠨ ᠤ ᠲᠥᠪ ᠤᠨ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠳᠤ ᠬᠠᠷᠢᠶᠠᠲᠤ | ᠣᠷᠣᠨᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠵᠦ ᠂ ᠭᠤᠤᠯᠳᠠᠯᠭ᠎ᠠ ᠪᠣᠯᠬᠤ ᠲᠠᠲᠠᠨ ᠣᠷᠤᠭᠤᠯᠤᠭᠰᠠᠨ ᠭᠠᠳᠠᠭᠰᠢ | ᠭᠠᠷᠭᠠᠬᠤ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠦᠢᠯᠡᠴᠢᠯᠡᠭᠡ ᠳᠤ ᠦᠨ᠎ᠡ ᠶᠢᠨ ᠲᠥᠷᠥᠯ ᠵᠦᠢᠯ ᠪᠠ | ᠰᠦᠢᠳᠭᠡᠯ ᠬᠤᠷᠢᠶᠠᠬᠤ ᠲᠥᠷᠥᠯ ᠵᠦᠢᠯ ᠢ ᠲᠣᠰ ᠭᠠᠵᠠᠷ ᠲᠤ ᠨᠢ ᠰᠠᠶᠢᠲᠤᠷ ᠵᠤᠯᠭᠠᠭᠤᠯᠤᠨ᠎ᠠ ︔ ᠣᠲᠣ ᠶᠢᠨ ᠪᠠᠶᠢᠭ᠎ᠠ | ᠦᠨ᠎ᠡ ᠶᠢᠨ ᠲᠥᠷᠥᠯ ᠵᠦᠢᠯ ᠢ ᠦᠨᠳᠦᠰᠦᠯᠡᠨ ᠡᠮᠴᠢᠯᠡᠭᠡᠨ ᠤ ᠦᠢᠯᠡᠴᠢᠯᠡᠭᠡ ᠶᠢᠨ ᠲᠥᠷᠥᠯ ᠵᠦᠢᠯ ᠢ ᠰᠢᠨ᠎ᠡ ᠪᠠᠷ | ᠨᠡᠮᠡᠬᠦ ᠶᠢᠨ ᠠᠷᠭ᠎ᠠ ᠥᠬᠡᠶ ᠪᠠᠶᠢᠪᠠᠯ ᠂ ᠰᠠᠭᠠᠳ ᠥᠬᠡᠶ ᠨᠡᠪᠲᠡᠷᠡᠬᠦ ᠵᠠᠮ ᠨᠡᠭᠡᠭᠡᠵᠦ ᠂ ᠭᠤᠶᠤᠴᠢᠯᠠᠨ ᠮᠡᠳᠡᠭᠦᠯᠬᠦ | ᠶᠠᠪᠤᠴᠠ ᠶᠢ ᠳᠥᠭᠦᠮᠴᠢᠯᠡᠨ᠎ᠡ ᠃ ︽ᠢᠨᠲ᠋ᠧᠷ ᠰᠦᠯᠵᠢᠶ᠎ᠡ +︾ ᠡᠮᠴᠢᠯᠡᠭᠡᠨ ᠤ ᠦᠢᠯᠡᠴᠢᠯᠡᠭᠡ ᠶᠢᠨ ᠲᠥᠷᠥᠯ | ᠵᠦᠢᠯ ᠳᠤ ᠣᠷᠣᠨ ᠪᠦᠰᠡ ᠶᠢᠨ ᠲᠥᠪ ᠤᠨ ᠪᠠᠶᠢᠭ᠎ᠠ ᠭᠠᠵᠠᠷ ᠤᠨ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠪᠠ | ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ ᠃ ︵ᠥᠪᠡᠷᠲᠡᠭᠡᠨ ᠵᠠᠰᠠᠬᠤ ᠣᠷᠣᠨ ᠤ | ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | ︵ᠲᠦᠷᠪᠡ︶ ᠦᠨ᠎ᠡ ᠶᠢ ᠬᠢᠨᠠᠨ ᠬᠡᠮᠵᠢᠵᠦ ᠬᠢᠨᠠᠨ ᠰᠢᠯᠭᠠᠬᠤ ᠨᠢᠭᠲᠠ ᠴᠢᠩᠭ᠎ᠠ ᠥᠨᠳᠥᠷ ᠪᠦᠲᠦᠮᠵᠢᠲᠡᠢ | ᠲᠣᠭᠲᠠᠴᠠ ᠶᠢ ᠪᠠᠶᠢᠭᠤᠯᠤᠨ᠎ᠠ | 1. ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠶᠢᠨ ᠥᠭᠡᠷᠡᠴᠢᠯᠡᠯᠲᠡ ᠶᠢᠨ ᠭᠦᠢᠴᠡᠳᠬᠡᠯ ᠲᠣᠭᠠᠨ ᠤ ᠬᠢᠨᠠᠨ | ᠬᠡᠮᠵᠢᠯᠲᠡ ᠶᠢ ᠴᠢᠩᠭᠠᠳᠬᠠᠨ᠎ᠠ ᠃ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠶᠢ ᠬᠢᠨᠠᠨ ᠰᠢᠨᠵᠢᠬᠦ ᠲᠣᠭᠲᠠᠯᠴᠠᠭ᠎ᠠ ᠶᠢ | ᠪᠠᠶᠢᠭᠤᠯᠬᠤ ᠪᠠᠷ ᠳᠠᠮᠵᠢᠭᠤᠯᠤᠨ ᠂ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠠᠵᠢᠯᠯᠠᠭᠠᠨ ᠤ | ᠪᠠᠶᠢᠳᠠᠯ ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦᠨ ᠤ ᠠᠵᠢᠯᠯᠠᠭᠠᠨ ᠤ ᠪᠠᠶᠢᠳᠠᠯ ᠂ ᠡᠪᠡᠳᠴᠢᠲᠡᠨ ᠤ | ᠡᠭᠦᠷᠭᠡᠯᠡᠬᠦ ᠴᠢᠳᠠᠪᠤᠷᠢ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠰᠢᠨᠵᠢᠨ᠎ᠡ ᠃ ᠬᠢᠨᠠᠨ ᠬᠡᠮᠵᠢᠭᠰᠡᠨ | ᠦᠷ᠎ᠡ ᠳ᠋ᠦᠩ ᠢ ᠦᠨᠳᠦᠰᠦᠯᠡᠨ ᠂ ᠳᠡᠭᠡᠷ᠎ᠡ ᠵᠢᠯ ᠤᠨ ᠦᠨ᠎ᠡ ᠲᠣᠬᠢᠷᠠᠭᠤᠯᠬᠤ ᠲᠥᠰᠦᠯ ᠢ ᠲᠥᠰᠦᠭᠡᠯᠡᠨ ᠪᠣᠳᠣᠭᠰᠠᠨ | ᠬᠡᠮᠵᠢᠭᠳᠡᠯ ᠬᠢᠭᠡᠳ ᠪᠣᠳᠠᠲᠠᠶ ᠠᠵᠢᠯᠯᠠᠭᠠᠨ ᠤ ᠵᠣᠬᠢᠴᠠᠯᠳᠤᠬᠤ ᠬᠡᠮᠵᠢᠶ᠎ᠡ ᠶᠢ ᠦᠨᠡᠯᠡᠨ ᠵᠢᠱᠢᠵᠦ ᠂ ᠳᠠᠷᠠᠭ᠎ᠠ ᠡᠭᠡᠯᠵᠢ ᠶᠢᠨ | ᠦᠨ᠎ᠡ ᠲᠣᠬᠢᠷᠠᠭᠤᠯᠬᠤ ᠲᠥᠰᠦᠯ ᠢ ᠲᠣᠭᠲᠠᠭᠠᠬᠤ ᠳᠤ ᠦᠨᠳᠦᠰᠦᠯᠡᠯ ᠬᠠᠩᠭᠠᠨ᠎ᠠ ᠃ ᠦᠨ᠎ᠡ ᠶᠢᠨ ᠵᠥᠷᠢᠴᠡᠯ | ᠲᠣᠪᠤᠶᠢᠮ᠎ᠠ ᠂ ᠬᠠᠷᠢᠴᠠᠯ ᠦᠨ᠎ᠡ ᠶᠢᠨ ᠬᠠᠷᠢᠴᠠᠭ᠎ᠠ ᠨᠢ ᠢᠯᠡᠷᠬᠡᠢ ᠵᠦᠢ ᠵᠣᠬᠢᠰ ᠦᠭᠡᠶ ᠲᠥᠷᠥᠯ ᠵᠦᠢᠯ ᠢ ᠦᠨ᠎ᠡ | ᠲᠣᠬᠢᠷᠠᠭᠤᠯᠬᠤ ᠬᠡᠪᠴᠢᠶᠡᠨ ᠳᠤ ᠡᠩ ᠲᠡᠷᠢᠭᠦᠨ ᠳᠤ ᠣᠷᠤᠭᠤᠯᠤᠨ᠎ᠠ ᠃ ︵ᠥᠪᠡᠷᠲᠡᠭᠡᠨ ᠵᠠᠰᠠᠬᠤ ᠣᠷᠣᠨ ᠤ | ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | 2. ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠶᠢᠨ ᠥᠭᠡᠷᠡᠴᠢᠯᠡᠯᠲᠡ ᠶᠢᠨ ᠦᠨᠡᠯᠡᠨ ᠵᠢᠱᠢᠬᠦ ᠠᠵᠢᠯ ᠢ | ᠲᠣᠭᠲᠠᠮᠠᠯ ᠬᠤᠭᠤᠴᠠᠭ᠎ᠠ ᠲᠠᠢ ᠪᠠᠷ ᠰᠠᠶᠢᠲᠤᠷ ᠬᠢᠨ᠎ᠡ ᠃ ᠪᠥᠬᠦ ᠣᠷᠣᠨ ᠤ ᠡᠮᠴᠢᠯᠡᠭᠡᠨ ᠤ ᠦᠢᠯᠡᠴᠢᠯᠡᠭᠡ ᠶᠢᠨ | ᠦᠨ᠎ᠡ ᠶᠢᠨ ᠶᠡᠷᠦᠩᠬᠡᠶ ᠬᠡᠮᠵᠢᠶ᠎ᠡ ᠶᠢ ᠳᠣᠭᠢᠷᠠᠭᠤᠯᠤᠨ ᠡᠵᠡᠮᠳᠡᠵᠦ ᠪᠠᠶᠢᠭ᠎ᠠ ᠪᠠ ᠬᠥᠳᠡᠯᠦᠩᠭᠦᠶ ᠪᠠᠷ ᠲᠣᠬᠢᠷᠠᠭᠤᠯᠤᠯᠲᠠ | ᠬᠢᠵᠦ ᠬᠡᠷᠡᠭᠵᠢᠭᠦᠯᠵᠦ ᠪᠠᠶᠢᠭ᠎ᠠ ᠪᠠᠶᠢᠳᠠᠯ ᠢ ᠪᠥᠬᠦ ᠲᠠᠯ᠎ᠠ ᠪᠠᠷ ᠡᠵᠡᠮᠰᠢᠵᠦ ᠂ ᠨᠡᠶᠢᠳᠡᠮ ᠬᠡᠷᠡᠭᠯᠡᠬᠦ ᠬᠡᠯᠪᠡᠷᠢ ᠶᠢᠨ ᠲᠥᠷᠥᠯ | ᠵᠦᠢᠯ ᠂ ᠪᠤᠳᠤᠯᠢᠶᠠᠨᠲᠤ ᠬᠡᠯᠪᠡᠷᠢ ᠶᠢᠨ ᠲᠥᠷᠥᠯ ᠵᠦᠢᠯ ᠢ ᠲᠥᠷᠥᠯ ᠬᠤᠪᠢᠶᠠᠨ ᠲᠣᠭᠲᠠᠴᠠ ᠶᠢ ᠨᠠᠶᠢᠳᠠᠪᠤᠷᠢᠵᠢᠭᠤᠯᠵᠤ | ᠪᠠᠶᠢᠭ᠎ᠠ ᠪᠠᠶᠢᠳᠠᠯ ᠢ ᠨᠢᠭᠲᠠ ᠮᠥᠷᠳᠡᠨ᠎ᠡ ᠃ ᠲᠤᠭ᠎ᠠ ᠪᠠᠷᠢᠮᠲᠠ ᠶᠢᠨ ᠰᠢᠰᠲ᠋ᠧᠮ ᠢ ᠨᠢᠭᠡᠳᠬᠡᠵᠦ ᠂ ᠭᠤᠣᠯᠳᠠᠯᠭ᠎ᠠ ᠪᠣᠯᠬᠤ | ᠭᠦᠢᠴᠡᠳᠬᠡᠯ ᠲᠣᠭᠠᠨ ᠤ ᠰᠠᠭᠤᠷᠢ ᠱᠤᠭᠤᠮ ᠤᠨ ᠬᠢᠷᠢ ᠲᠦᠪᠰᠢᠨ ᠢ ᠲᠣᠭᠲᠠᠭᠠᠨ ᠂ ᠠᠯᠪᠠᠨ ᠠᠴᠠ ᠪᠠᠶᠢᠭᠤᠯᠤᠭᠰᠠᠨ | ᠡᠮᠴᠢᠯᠡᠭᠡᠨ ᠤ ᠪᠠᠶᠢᠭᠤᠯᠤᠮᠵᠢ ᠶᠢᠨ ᠠᠵᠢᠯᠯᠠᠭᠠᠨ ᠂ ᠡᠪᠡᠳᠴᠢᠲᠡᠨ ᠤ ᠳᠠᠷᠤᠭᠠᠰᠤ ᠪᠠ ᠡᠮᠴᠢᠯᠡᠭᠡᠨ ᠤ ᠳᠠᠭᠠᠳᠬᠠᠯ ᠤᠨ | ᠰᠠᠭᠤᠷᠢ ᠮᠥᠩᠭᠦᠨ ᠤ ᠳᠠᠭᠠᠭᠠᠬᠤ ᠴᠢᠳᠠᠪᠤᠷᠢ ᠵᠡᠷᠭᠡ ᠳᠤ ᠦᠵᠡᠭᠦᠯᠬᠦ ᠦᠨ᠎ᠡ ᠶᠢ ᠲᠣᠭᠲᠠᠮᠠᠯ ᠬᠤᠭᠤᠴᠠᠭ᠎ᠠ ᠲᠠᠢ ᠪᠠᠷ | ᠦᠨᠡᠯᠡᠨ ᠵᠢᠱᠢᠵᠦ ᠂ ᠨᠢᠭᠡᠳᠦᠯᠲᠡᠶ ᠲᠥᠯᠥᠪᠯᠡᠬᠦ ᠣᠷᠣᠨ ᠪᠦᠰᠡ ᠶᠢᠨ ᠬᠤᠭᠤᠷᠣᠨᠳᠤ ᠂ ᠰᠢᠨᠵᠢᠯᠡᠭᠡᠨ ᠤ ᠰᠠᠯᠠᠭ᠎ᠠ ᠶᠢᠨ | ᠬᠤᠭᠤᠷᠣᠨᠳᠤᠬᠢ ᠬᠠᠷᠢᠴᠠᠭᠤᠯᠤᠯ ᠦᠨ᠎ᠡ ᠶᠢᠨ ᠬᠠᠷᠢᠴᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠨ | ᠵᠢᠱᠢᠨ᠎ᠡ ᠃ ᠦᠨᠡᠯᠡᠨ ᠵᠢᠱᠢᠭᠰᠡᠨ ᠦᠷ᠎ᠡ ᠪᠦᠲᠦᠭᠡᠯ ᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠂ ᠡᠮᠴᠢᠯᠡᠭᠡᠨ ᠤ | ᠦᠢᠯᠡᠴᠢᠯᠡᠭᠡ ᠶᠢᠨ ᠦᠨ᠎ᠡ ᠶᠢ ᠲᠣᠭᠲᠠᠭᠠᠬᠤ ᠪᠠ ᠲᠣᠬᠢᠷᠠᠭᠤᠯᠬᠤ ᠲᠠᠢ ᠬᠤᠯᠪᠣᠭᠳᠠᠭᠤᠯᠵᠤ ᠂ ᠡᠮᠴᠢᠯᠡᠭᠡᠨ ᠤ | ᠦᠢᠯᠡᠴᠢᠯᠡᠭᠡ ᠶᠢᠨ ᠦᠨ᠎ᠡ ᠶᠢᠨ ᠲᠣᠭᠲᠠᠴᠠ ᠶᠢ ᠲᠣᠭᠲᠠᠭᠤᠨ ᠪᠥᠭᠡᠳ ᠥᠨᠳᠥᠷ ᠪᠦᠲᠦᠮᠵᠢᠲᠡᠶ ᠠᠵᠢᠯᠯᠠᠭᠤᠯᠬᠤ ᠳᠤ | ᠲᠤᠯᠭᠠᠭᠤᠷᠢᠯᠠᠨ᠎ᠠ ᠃ ︵ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠂ ᠲᠤᠭ᠎ᠠ | ᠪᠦᠷᠢᠳᠬᠡᠯ ᠤᠨ ᠲᠣᠪᠴᠢᠶ᠎ᠠ︶ | 3. ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠦᠨ᠎ᠡ ᠶᠢᠨ ᠬᠠᠷᠢᠭᠤᠴᠠᠯᠭ᠎ᠠ ᠶᠢ | ᠬᠢᠨᠠᠨ ᠰᠢᠯᠭᠠᠬᠤ ᠳᠦᠷᠢᠮ ᠢ ᠪᠠᠶᠢᠭᠤᠯᠤᠨ᠎ᠠ ᠃ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ | ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠰᠢᠯᠭᠠᠨ ᠬᠢᠨᠠᠬᠤ | ᠠᠷᠭ᠎ᠠ ᠶᠢ ᠲᠣᠭᠲᠠᠭᠠᠨ᠎ᠠ ᠃ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠳᠣᠲᠣᠭᠠᠳᠤ ᠶᠢᠨ | ᠦᠨ᠎ᠡ ᠶᠢᠨ ᠬᠠᠮᠢᠶᠠᠷᠤᠯᠲᠠ ᠪᠠ ᠦᠨ᠎ᠡ ᠲᠣᠭᠲᠠᠭᠠᠭᠰᠠᠨ ᠦᠨᠡᠨ ᠪᠣᠳᠠᠲᠤ ᠴᠢᠨᠠᠷ ᠂ ᠲᠣᠭᠲᠠᠭᠠᠯ ᠳᠤ ᠨᠡᠶᠢᠴᠡᠬᠦ | ᠴᠢᠨᠠᠷ ᠢ ᠪᠠᠶᠢᠴᠠᠭᠠᠵᠤ ᠂ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ | ᠦᠢᠯᠡᠴᠢᠯᠡᠭᠡ ᠶᠢᠨ ᠦᠨ᠎ᠡ ᠶᠢᠨ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠵᠤ ᠂ ᠠᠯᠪᠠᠨ ᠠᠴᠠ ᠪᠠᠶᠢᠭᠤᠯᠤᠭᠰᠠᠨ | ᠡᠮᠴᠢᠯᠡᠭᠡᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠤᠭᠰᠠᠨ ᠂ ᠦᠨ᠎ᠡ ᠶᠢᠨ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠂ ᠣᠷᠣᠯᠭ᠎ᠠ ᠶᠢᠨ ᠪᠦᠲᠦᠴᠡ ᠶᠢ ᠰᠢᠯᠢᠳᠡᠭᠵᠢᠭᠦᠯᠦᠭᠰᠡᠨ ᠂ | ᠦᠢᠯᠡᠴᠢᠯᠡᠭᠡᠨ ᠤ ᠦᠢᠯᠡ ᠠᠵᠢᠯᠯᠠᠭ᠎ᠠ ᠶᠢ ᠵᠢᠷᠤᠮᠵᠢᠭᠤᠯᠤᠭᠰᠠᠨ ᠵᠡᠷᠭᠡ ᠪᠠᠶᠢᠳᠠᠯ ᠢ ᠰᠢᠯᠭᠠᠨ ᠬᠢᠨᠠᠨ᠎ᠠ ᠃ | ᠪᠠᠶᠢᠴᠠᠭᠠᠭᠰᠠᠨ ᠪᠠ ᠰᠢᠯᠭᠠᠨ ᠬᠢᠨᠠᠭᠰᠠᠨ ᠳ᠋ᠦᠩ ᠢ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ | ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠶᠢ ᠲᠣᠬᠢᠷᠠᠭᠤᠯᠬᠤ ᠂ ᠡᠳ᠋ ᠤᠨ ᠵᠠᠰᠠᠭ ᠤᠨ ᠲᠤᠰᠠᠯᠠᠮᠵᠢ ᠥᠭᠬᠦ ᠂ | ᠢᠲᠡᠭᠡᠮᠵᠢ ᠶᠢᠨ ᠦᠨᠡᠯᠡᠯᠲᠡ ᠬᠢᠬᠦ ᠂ ᠰᠠᠭᠤᠷᠢ ᠮᠥᠩᠭᠦ ᠶᠢ ᠬᠢᠨᠠᠨ ᠬᠠᠮᠢᠶᠠᠷᠬᠤ ᠵᠡᠷᠭᠡ ᠯᠦᠭᠡ ᠬᠤᠯᠪᠣᠭᠳᠠᠭᠤᠯᠤᠨ᠎ᠠ ᠃ ︵ | ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠳᠤᠯᠠᠭ᠎ᠠ ᠶᠢᠨ ᠲᠣᠪᠴᠢᠶ᠎ᠠ ᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠂ ᠡᠳ᠋ ᠤᠨ ᠵᠠᠰᠠᠭ ᠤᠨ ᠲᠢᠩᠬᠢᠮ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ︶ | ︵ᠲᠠᠪᠤ︶ ᠬᠠᠷᠠᠯᠲᠠ ᠪᠠᠷ ᠤᠳᠤᠷᠢᠳᠤᠮᠵᠢ ᠪᠤᠯᠭᠠᠭᠰᠠᠨ ᠦᠨ᠎ᠡ ᠶᠢᠨ ᠲᠦᠷᠦᠯ ᠵᠦᠢᠯ ᠤᠨ ᠬᠠᠮᠢᠶᠠᠷᠤᠯᠲᠠ ᠶᠢᠨ | ᠲᠤᠭᠲᠠᠴᠠ ᠶᠢ ᠪᠠᠶᠢᠭᠤᠯᠤᠨ᠎ᠠ | 1. ᠨᠢᠭᠡᠳᠦᠯᠲᠡᠶ ᠦᠨ᠎ᠡ ᠶᠢᠨ ᠲᠥᠷᠥᠯ ᠵᠦᠢᠯ ᠢ ᠴᠢᠩᠭ᠎ᠠ ᠬᠡᠷᠡᠭᠵᠢᠭᠦᠯᠦᠨ᠎ᠡ ᠃ ᠦᠢᠯᠡᠴᠢᠯᠡᠭᠡᠨ ᠤ | ᠭᠠᠷᠭᠠᠯᠲᠠ ᠪᠠᠷ ᠤᠳᠤᠷᠢᠳᠤᠮᠵᠢ ᠪᠣᠯᠭᠠᠬᠤ ᠵᠠᠷᠴᠢᠮ ᠢ ᠪᠠᠷᠢᠮᠲᠠᠯᠠᠨ ᠂ ᠤᠯᠤᠰ ᠤᠨ ᠡᠮᠴᠢᠯᠡᠭᠡᠨ ᠤ ᠦᠢᠯᠡᠴᠢᠯᠡᠭᠡ ᠶᠢᠨ | ᠦᠨ᠎ᠡ ᠶᠢᠨ ᠲᠥᠷᠥᠯ ᠵᠦᠢᠯ ᠲᠣᠭᠲᠠᠭᠠᠬᠤ ᠵᠦᠭᠯᠡᠭᠦᠷ ᠵᠢᠴᠢ ᠮᠡᠳᠡᠭᠡ ᠵᠠᠩᠭᠢ ᠶᠢᠨ ᠲᠤᠬᠠᠶᠢᠯᠠᠭᠰᠠᠨ ᠠᠵᠢᠯ ᠤᠨ | ᠳ᠋ᠤᠭᠠᠷᠯᠠᠬᠤ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ ᠂ ᠣᠳᠣ ᠶᠢᠨ ᠬᠡᠷᠡᠭᠵᠢᠭᠦᠯᠵᠦ ᠪᠠᠶᠢᠭ᠎ᠠ ᠡᠮᠴᠢᠯᠡᠭᠡᠨ ᠤ | ᠦᠢᠯᠡᠴᠢᠯᠡᠭᠡ ᠶᠢᠨ ᠦᠨ᠎ᠡ ᠶᠢᠨ ᠲᠥᠷᠥᠯ ᠵᠦᠢᠯ ᠤᠨ ᠵᠢᠷᠤᠮᠵᠢᠯ ᠢ ᠲᠥᠷᠥᠯ ᠬᠤᠪᠢᠶᠠᠨ ᠡᠮᠬᠢᠯᠡᠨ ᠨᠡᠶᠢᠯᠡᠭᠦᠯᠵᠦ | ᠲᠡᠭᠦᠯᠳᠡᠷᠵᠢᠭᠦᠯᠦᠨ᠎ᠡ ᠃ ︵ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | 2. ᠰᠢᠨ᠎ᠡ ᠪᠠᠷ ᠨᠡᠮᠡᠭᠳᠡᠭᠦᠯᠬᠦ ᠡᠮᠴᠢᠯᠡᠭᠡᠨ ᠤ ᠦᠢᠯᠡᠴᠢᠯᠡᠭᠡ ᠶᠢᠨ ᠲᠥᠷᠥᠯ ᠵᠦᠢᠯ ᠤᠨ ᠬᠠᠮᠢᠶᠠᠷᠤᠯᠲᠠ ᠶᠢ | ᠰᠢᠯᠢᠳᠡᠭᠵᠢᠭᠦᠯᠦᠨ᠎ᠡ ᠃ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠭᠤᠶᠤᠴᠢᠯᠠᠨ | ᠮᠡᠳᠡᠭᠦᠯᠦᠭᠰᠡᠨ ᠡᠮᠴᠢᠯᠡᠭᠡᠨ ᠤ ᠦᠢᠯᠡᠴᠢᠯᠡᠭᠡ ᠶᠢᠨ ᠲᠥᠷᠥᠯ ᠵᠦᠢᠯ ᠳᠤ ᠂ ᠮᠡᠷᠭᠡᠵᠢᠯ ᠤᠨ ᠵᠢᠷᠤᠮᠵᠢᠯ ᠪᠠ ᠦᠨ᠎ᠡ ᠶᠢᠨ | ᠵᠢᠷᠤᠮᠵᠢᠯ ᠲᠠᠢ ᠵᠣᠬᠢᠴᠠᠯᠳᠤᠨ ᠬᠠᠮᠵᠢᠯᠴᠠᠬᠤ ᠶᠢ ᠴᠢᠩᠭᠠᠳᠬᠠᠨ ᠂ ᠬᠦᠯᠢᠶᠡᠨ ᠠᠪᠴᠤ ᠰᠢᠢᠳᠪᠦᠷᠢᠯᠡᠬᠦ ᠶᠠᠪᠤᠴᠠ ᠶᠢ | ᠳᠥᠭᠦᠮᠴᠢᠯᠡᠵᠦ ᠂ ᠬᠦᠯᠢᠶᠡᠨ ᠠᠪᠴᠤ ᠰᠢᠢᠳᠪᠦᠷᠢᠯᠡᠬᠦ ᠠᠬᠢᠴᠠ ᠶᠢ ᠲᠦᠷᠭᠡᠳᠬᠡᠨ ᠂ ᠡᠮᠴᠢᠯᠡᠭᠡᠨ ᠤ ᠮᠡᠷᠭᠡᠵᠢᠯ ᠤᠨ | ᠰᠢᠨ᠎ᠡ ᠶᠢ ᠡᠭᠦᠳᠦᠨ ᠬᠥᠭᠵᠢᠬᠦ ᠪᠠ ᠡᠮᠴᠢᠯᠡᠭᠡᠨ ᠤ ᠬᠡᠷᠡᠭᠯᠡᠯᠲᠡ ᠶᠢ ᠠᠬᠢᠭᠤᠯᠤᠨ᠎ᠠ ᠃ ᠡᠩ ᠲᠡᠷᠢᠭᠦᠨ ᠳᠤ ᠣᠲᠣ ᠶᠢᠨ | ᠪᠠᠶᠢᠭ᠎ᠠ ᠦᠨ᠎ᠡ ᠶᠢᠨ ᠲᠥᠷᠥᠯ ᠵᠦᠢᠯ ᠤᠨ ᠵᠣᠬᠢᠴᠠᠭᠤᠯᠭ᠎ᠠ ᠶᠢᠨ ᠠᠷᠭ᠎ᠠ ᠮᠠᠶ᠋ᠢᠭ ᠢᠶᠠᠷ ᠳᠠᠮᠵᠢᠭᠤᠯᠤᠨ ᠰᠢᠨ᠎ᠡ ᠶᠢ | ᠡᠭᠦᠳᠬᠦ ᠶᠢ ᠳᠡᠮᠵᠢᠵᠦ ᠂ ᠡᠮᠴᠢᠯᠡᠭᠡᠨ ᠤ ᠪᠠᠶᠢᠭᠤᠯᠤᠮᠵᠢ ᠶᠢᠨ ᠵᠦᠶ ᠵᠣᠬᠢᠰᠲᠠᠶ ᠰᠦᠢᠳᠭᠡᠯ ᠬᠤᠷᠢᠶᠠᠬᠤ ᠬᠡᠷᠡᠭᠴᠡᠭᠡ | ᠱᠠᠭᠠᠷᠳᠠᠯᠭ᠎ᠠ ᠳᠤ ᠲᠦᠷᠭᠡᠨ ᠬᠠᠷᠢᠭᠤᠯᠲᠠ ᠥᠭᠭᠦᠨ᠎ᠡ ᠃ ᠡᠬᠢ ᠪᠠᠶᠠᠯᠢᠭ ᠤᠨ ᠬᠤᠷᠣᠭᠳᠠᠯ ᠢᠶᠠᠷ ᠶᠡᠭᠡ ᠂ ᠦᠨ᠎ᠡ ᠶᠢᠨ | ᠵᠢᠱᠢᠯᠲᠡ ᠪᠠᠷ ᠥᠨᠳᠥᠷ ᠰᠢᠨ᠎ᠡ ᠪᠠᠷ ᠨᠡᠮᠡᠭᠰᠡᠨ ᠦᠨ᠎ᠡ ᠶᠢᠨ ᠲᠥᠷᠥᠯ ᠵᠦᠢᠯ ᠳᠤ ᠰᠢᠨ᠎ᠡ ᠶᠢ ᠡᠭᠦᠳᠬᠦ ᠴᠢᠨᠠᠷᠲᠠᠶ ᠂ | ᠠᠵᠤ ᠠᠬᠤᠶ ᠶᠢᠨ ᠴᠢᠨᠠᠷᠲᠠᠶ ᠦᠨᠡᠯᠡᠯᠲᠡ ᠶᠢ ᠥᠷᠨᠢᠭᠦᠯᠦᠨ᠎ᠡ ᠃ ᠬᠦᠨᠳᠦ ᠡᠪᠡᠳᠴᠢᠨ ᠢ ᠣᠨᠣᠰᠢᠯᠠᠨ ᠡᠮᠨᠡᠬᠦ | ᠲᠥᠰᠦᠯ ᠢ ᠰᠢᠯᠢᠳᠡᠭᠵᠢᠭᠦᠯᠬᠦ ᠪᠤᠶᠤ ᠣᠨᠣᠰᠢᠯᠠᠨ ᠡᠮᠨᠡᠬᠦ ᠬᠤᠭᠤᠰᠣᠨ ᠢ ᠨᠥᠬᠦᠪᠥᠷᠢᠯᠡᠬᠦ ᠰᠢᠨ᠎ᠡ ᠶᠢ ᠡᠭᠦᠳᠬᠦ ᠲᠥᠷᠥᠯ | ᠵᠦᠢᠯ ᠳᠤ ᠰᠠᠭᠠᠳ ᠦᠭᠡᠶ ᠨᠡᠪᠲᠡᠷᠡᠬᠦ ᠵᠠᠮ ᠢ ᠨᠡᠬᠡᠬᠡᠨ᠎ᠡ ᠃ ᠰᠢᠨ᠎ᠡ ᠪᠠᠷ ᠨᠡᠮᠡᠭᠰᠡᠨ ᠲᠥᠷᠥᠯ ᠵᠦᠢᠯ ᠤᠨ ᠲᠤᠷᠰᠢᠨ | ᠬᠡᠷᠡᠭᠵᠢᠭᠦᠯᠬᠦ ᠬᠤᠭᠤᠴᠠᠭ᠎ᠠ ᠨᠢ ᠲᠤᠯᠤᠭᠰᠠᠨ ᠤ ᠳᠠᠷᠠᠭ᠎ᠠ ᠂ ᠶᠡᠷᠦᠩᠬᠡᠶᠢᠯᠡᠨ ᠦᠨᠡᠯᠡᠨ ᠵᠢᠱᠢᠬᠦ ᠪᠠᠷ ᠳᠡᠮᠵᠢᠨ ᠂ | ᠨᠥᠬᠦᠴᠡᠯ ᠳᠤ ᠨᠡᠶᠢᠴᠡᠬᠦ ᠰᠢᠨ᠎ᠡ ᠪᠠᠷ ᠨᠡᠮᠡᠭᠰᠡᠨ ᠲᠥᠷᠥᠯ ᠵᠦᠢᠯ ᠢ ᠴᠠᠭ ᠲᠤᠬᠠᠶ ᠳᠤ ᠨᠢ ᠨᠡᠶᠢᠳᠡᠮ ᠬᠡᠷᠡᠭᠯᠡᠭᠡᠨ ᠤ | ᠬᠡᠯᠪᠡᠷᠢ ᠶᠢᠨ ᠲᠥᠷᠥᠯ ᠵᠦᠢᠯ ᠪᠤᠶᠤ ᠬᠤᠯᠢᠮᠠᠭ ᠬᠡᠯᠪᠡᠷᠢ ᠶᠢᠨ ᠲᠥᠷᠥᠯ ᠵᠦᠢᠯ ᠤᠨ ᠬᠠᠮᠢᠶᠠᠷᠤᠯᠲᠠ ᠳᠤ | ᠣᠷᠣᠭᠤᠯᠤᠨ᠎ᠠ ᠃ ︵ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | 3. ︽ᠮᠡᠷᠭᠡᠵᠢᠯ ᠤᠨ ᠬᠤᠷᠣᠭᠳᠠᠯ ᠢ ᠰᠠᠯᠭᠠᠬᠤ︾ ᠠᠵᠢᠯ ᠢ ᠰᠦᠪᠡᠭᠴᠢᠯᠡᠨ ᠠᠬᠢᠭᠤᠯᠤᠨ᠎ᠠ ᠃ | ᠲᠥᠪᠯᠡᠷᠡᠭᠦᠯᠦᠨ ᠬᠤᠳᠠᠯᠳᠤᠨ ᠠᠪᠬᠤ ᠂ ᠬᠡᠯᠡᠯᠴᠡᠭᠡ ᠬᠢᠵᠦ ᠦᠨ᠎ᠡ ᠵᠥᠪᠯᠡᠬᠦ ᠵᠡᠷᠭᠡ ᠠᠷᠭ᠎ᠠ ᠮᠠᠶ᠋ᠢᠭ ᠢ ᠠᠪᠴᠤ ᠂ | ᠡᠮᠴᠢᠯᠡᠭᠡᠨ ᠳᠤ ᠬᠡᠷᠡᠭᠯᠡᠬᠦ ᠬᠡᠮᠵᠢᠶ᠎ᠡ ᠪᠠᠷ ᠶᠡᠭᠡ ᠂ ᠦᠨ᠎ᠡ ᠨᠢ ᠬᠡᠶᠢᠰᠪᠦᠷᠢ ᠥᠨᠳᠥᠷ ᠂ ᠵᠥᠷᠢᠴᠡᠯ ᠢᠶᠠᠷ ᠲᠣᠪᠤᠶᠢᠮ᠎ᠠ | ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠬᠤᠳᠠᠯᠳᠤᠨ ᠠᠪᠬᠤ ᠦᠨ᠎ᠡ ᠶᠢ ᠪᠠᠭᠤᠷᠠᠭᠤᠯᠵᠤ ᠂ | ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠡᠮᠴᠢᠯᠡᠭᠡᠨ ᠤ ᠦᠢᠯᠡᠴᠢᠯᠡᠭᠡ ᠶᠢᠨ ᠲᠥᠷᠥᠯ ᠵᠦᠢᠯ ᠤᠨ | ᠦᠨ᠎ᠡ ᠳᠠᠬᠢ ᠡᠵᠡᠯᠡᠬᠦ ᠬᠠᠷᠢᠴᠠᠯ ᠢ ᠤᠯᠠᠮ ᠨᠢᠭᠡ ᠠᠯᠬᠤᠮ ᠪᠠᠭᠤᠷᠠᠭᠤᠯᠤᠨ ᠂ ᠬᠡᠰᠡᠭ ᠰᠢᠯᠭᠠᠨ ᠪᠠᠶᠢᠴᠠᠭᠠᠬᠤ ᠂ | ᠪᠠᠶᠢᠴᠠᠭᠠᠬᠤ ᠂ ᠮᠡᠰᠡ ᠵᠠᠰᠠᠯ ᠬᠢᠬᠦ ᠪᠠ ᠡᠮᠨᠡᠨ ᠵᠠᠰᠠᠬᠤ ᠲᠥᠷᠥᠯ ᠵᠦᠢᠯ ᠤᠨ ︽ᠮᠡᠷᠭᠡᠵᠢᠯ ᠤᠨ ᠬᠤᠷᠣᠭᠳᠠᠯ ᠢ | ᠰᠠᠯᠭᠠᠬᠤ︾ ᠶᠢ ᠰᠦᠪᠡᠭᠴᠢᠯᠡᠵᠦ ᠂ ᠡᠪᠡᠳᠴᠢᠲᠡᠨ ᠤ ᠡᠪᠡᠳᠴᠢᠨ ᠦᠵᠡᠭᠦᠯᠬᠦ ᠳᠠᠷᠤᠭᠠᠰᠤ ᠶᠢ ᠬᠥᠩᠭᠡᠷᠡᠭᠦᠯᠵᠦ ᠂ | ᠮᠡᠷᠭᠡᠵᠢᠯ ᠬᠥᠳᠡᠯᠮᠦᠷᠢ ᠦᠢᠯᠡᠴᠢᠯᠡᠭᠡᠨ ᠤ ᠦᠨ᠎ᠡ ᠥᠷᠲᠡᠭ ᠢ ᠤᠯᠠᠮ ᠨᠢᠭᠡ ᠠᠯᠬᠤᠮ ᠢᠯᠡᠷᠡᠭᠦᠯᠦᠨ᠎ᠡ ᠃ ︵ | ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | ᠭᠤᠷᠪᠠ ᠂ ᠠᠵᠢᠯ ᠤᠨ ᠠᠷᠭ᠎ᠠ ᠬᠡᠮᠵᠢᠶ᠎ᠡ | ︵ᠨᠢᠭᠡ︶ ᠦᠨ᠎ᠡ ᠶᠢᠨ ᠬᠠᠮᠢᠶᠠᠷᠤᠯᠲᠠ ᠶᠢᠨ ᠲᠤᠯᠭᠠᠭᠤᠷᠢᠯᠠᠬᠤ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ | 1. ᠦᠨ᠎ᠡ ᠶᠢᠨ ᠬᠠᠮᠢᠶᠠᠷᠤᠯᠲᠠ ᠶᠢᠨ ᠡᠷᠬᠡ ᠮᠡᠳᠡᠯ ᠢ ᠲᠣᠳᠣᠷᠬᠠᠶᠢᠯᠠᠨ᠎ᠠ ᠃ ᠥᠪᠡᠷᠲᠡᠭᠡᠨ ᠵᠠᠰᠠᠬᠤ | ᠣᠷᠣᠨ ᠠᠴᠠ ᠰᠢᠯᠵᠢᠭᠦᠯᠦᠨ ᠲᠣᠬᠢᠷᠠᠭᠤᠯᠬᠤ ᠲᠥᠷᠥᠯ ᠵᠦᠢᠯ ᠤᠨ ᠬᠡᠪᠴᠢᠶ᠎ᠡ ᠶᠢ ᠨᠢᠭᠡᠳᠦᠯᠲᠡᠶ ᠰᠢᠯᠢᠨ ᠰᠣᠩᠭᠤᠵᠤ ᠂ | ᠦᠨ᠎ᠡ ᠶᠢᠨ ᠰᠠᠭᠤᠷᠢ ᠪᠠᠷᠢᠮᠵᠢᠶ᠎ᠠ ᠪᠠ ᠬᠥᠳᠡᠯᠦᠩᠭᠦᠶ ᠬᠡᠮᠵᠢᠶ᠎ᠡ ᠶᠢ ᠲᠣᠭᠲᠠᠭᠠᠨ ᠂ ᠡᠯ᠎ᠡ ᠠᠶᠢᠮᠠᠭ ᠬᠤᠲᠠ ᠨᠢ ᠲᠤᠰ | ᠭᠠᠵᠠᠷ ᠣᠷᠣᠨ ᠤ ᠠᠵᠤ ᠠᠬᠤᠶ ᠶᠢᠨ ᠬᠥᠭᠵᠢᠯᠲᠡ ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠂ | ᠡᠮᠴᠢᠯᠡᠭᠡᠨ ᠤ ᠬᠢᠷᠢ ᠬᠡᠮᠵᠢᠶ᠎ᠡ ᠵᠡᠷᠭᠡ ᠭᠦᠢᠴᠡᠳᠬᠡᠯ ᠲᠤᠭ᠎ᠠ ᠲᠠᠢ ᠤᠶᠠᠯᠳᠤᠭᠤᠯᠤᠨ ᠂ ᠲᠣᠬᠢᠷᠠᠭᠤᠯᠤᠨ ᠰᠢᠯᠵᠢᠭᠦᠯᠬᠦ | ᠲᠥᠷᠥᠯ ᠵᠦᠢᠯ ᠵᠢᠴᠢ ᠦᠨ᠎ᠡ ᠶᠢ ᠲᠣᠭᠲᠠᠭᠠᠨ᠎ᠠ ᠃ ︵ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ | ᠪᠠᠲᠤᠯᠠᠭ᠎ᠠ ᠶᠢᠨ ᠲᠣᠪᠴᠢᠶ᠎ᠠ ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | 2. ᠦᠨ᠎ᠡ ᠲᠣᠬᠢᠷᠠᠭᠤᠯᠬᠤ ᠳᠦᠷᠢᠮ ᠤᠨ ᠳᠠᠷᠠᠭᠠᠯᠠᠯ ᠢ ᠲᠡᠭᠦᠯᠳᠡᠷᠵᠢᠭᠦᠯᠦᠨ᠎ᠡ ᠃ ᠵᠠᠷᠴᠢᠮ ᠳᠡᠭᠡᠷ᠎ᠡ ᠪᠠᠨ | ᠭᠤᠷᠪᠠᠨ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠦᠨ᠎ᠡ ᠪᠠᠷ ᠰᠠᠭᠤᠷᠢ | ᠪᠠᠷᠢᠮᠵᠢᠶ᠎ᠠ ᠪᠣᠯᠭᠠᠨ ᠱᠠᠲᠤ ᠬᠤᠪᠢᠶᠠᠨ ᠦᠨ᠎ᠡ ᠲᠣᠭᠲᠠᠭᠠᠬᠤ ᠶᠢ ᠬᠡᠷᠡᠭᠵᠢᠭᠦᠯᠵᠦ ᠂ ᠭᠤᠷᠪᠠᠳᠤᠭᠠᠷ ᠳᠡᠰ ᠂ | ᠬᠤᠶᠠᠳᠤᠭᠠᠷ ᠳᠡᠰ ᠂ ᠨᠢᠭᠡᠳᠦᠭᠡᠷ ᠲᠠᠰ ᠤᠨ ᠡᠮᠴᠢᠯᠡᠭᠡᠨ ᠤ ᠪᠠᠶᠢᠭᠤᠯᠤᠮᠵᠢ ᠶᠢᠨ ᠬᠤᠭᠤᠷᠣᠨᠳᠣᠬᠢ ᠦᠨ᠎ᠡ ᠶᠢᠨ | ᠱᠠᠲᠤᠯᠢᠭ ᠵᠥᠷᠢᠶ᠎ᠡ ᠶᠢ 10% ᠣᠷᠴᠢᠮ ᠢᠶᠠᠷ ᠡᠵᠡᠮᠳᠡᠨ᠎ᠡ ᠃ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠶᠢᠨ | ᠴᠢᠬᠤᠯᠠ ᠵᠦᠢᠯᠡᠰ ᠢ ᠮᠡᠳᠡᠭᠦᠯᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ ᠂ ᠡᠯ᠎ᠡ ᠠᠶᠢᠮᠠᠭ ᠬᠤᠲᠠ ᠶᠢᠨ ᠦᠨ᠎ᠡ ᠶᠢ | ᠦᠨᠡᠯᠡᠨ ᠵᠢᠱᠢᠭᠰᠡᠨ ᠳ᠋ᠦᠩ ᠵᠢᠴᠢ ᠲᠣᠭᠲᠠᠭᠠᠭᠰᠠᠨ ᠦᠨ᠎ᠡ ᠳᠤ ᠲᠣᠬᠢᠷᠠᠭᠤᠯᠤᠯᠲᠠ ᠬᠢᠬᠦ ᠲᠥᠰᠦᠯ ᠢ ᠥᠪᠡᠷᠲᠡᠭᠡᠨ | ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠳᠤ ᠮᠡᠳᠡᠭᠦᠯᠦᠨ ᠬᠦᠷᠭᠡᠬᠦ ᠴᠢᠬᠤᠯᠠ ᠲᠠᠢ ᠃ ︵ | ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ︶ | 3. ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠨ᠎ᠠ ᠃ ᠤᠯᠤᠰ ᠤᠨ ᠡᠮᠴᠢᠯᠡᠭᠡᠨ ᠤ | ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠳᠤ ᠲᠦᠰᠢᠭᠯᠡᠨ ᠂ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠶᠢᠨ | ᠥᠭᠡᠷᠡᠴᠢᠯᠡᠯᠲᠡ ᠶᠢᠨ ᠬᠤᠪᠢᠶᠠᠷᠢ ᠰᠢᠰᠲ᠋ᠧᠮ ᠢ ᠪᠠᠶᠢᠭᠤᠯᠵᠤ ᠂ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠶᠢᠨ | ᠮᠡᠳᠡᠭᠡ ᠵᠠᠩᠭᠢ ᠶᠢ ᠬᠢᠨᠠᠨ ᠰᠢᠨᠵᠢᠬᠦ ᠶᠢ ᠴᠢᠩᠭᠠᠳᠬᠠᠨ ᠂ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠶᠢᠨ | ᠬᠠᠮᠢᠶᠠᠷᠤᠯᠲᠠ ᠶᠢᠨ ᠤᠶᠤᠨᠴᠢᠯᠠᠭᠰᠠᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ ᠂ ᠳᠡᠭᠡᠳᠦ ᠲᠤᠤᠷᠠᠳᠤ ᠱᠠᠳᠤ ᠶᠢ | ᠵᠣᠯᠭᠠᠭᠤᠯᠬᠤ ᠂ ᠣᠷᠣᠨ ᠪᠦᠰᠡ ᠶᠢ ᠬᠤᠯᠪᠣᠭᠠᠯᠠᠨ ᠬᠥᠳᠡᠯᠦᠯᠴᠡᠭᠦᠯᠬᠦ ᠂ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠶᠢ | ᠪᠡᠶᠡᠯᠡᠭᠦᠯᠦᠨ᠎ᠡ ᠃ ︵ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | ︵ᠬᠤᠶᠠᠷ︶ ᠳᠦᠬᠦᠷᠵᠢᠭᠰᠡᠨ ᠦᠭᠡᠷᠡᠴᠢᠯᠡᠯᠲᠡ ᠶᠢ ᠨᠢᠭᠡᠳᠦᠯᠲᠠᠢ ᠲᠦᠯᠦᠪᠯᠡᠨ ᠠᠬᠢᠭᠤᠯᠤᠨ᠎ᠠ | 1. ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠎ᠡ ᠃ ᠠᠯᠪᠠᠨ ᠠᠴᠠ ᠪᠠᠶᠢᠭᠤᠯᠥᠠᠠᠰᠠᠨ ᠡᠮᠴᠢᠯᠡᠬᠡᠨ ᠤ ᠪᠠᠶᠢᠭᠤᠯᠥᠮᠵᠢ ᠶᠢᠨ ᠲᠣᠳᠣᠭᠠᠳᠣ ᠶᠢᠨ | ᠲᠣᠰᠬᠠᠶᠢᠵᠢᠠᠠᠰᠠᠨ ᠂ ᠨᠡᠷᠢᠯᠢᠠᠠᠵᠢᠭᠤᠯᠥᠠᠠᠰᠠᠨ ᠬᠠᠮᠢᠶᠡᠷᠦᠯᠳᠡ ᠶᠢ ᠴᠢᠩᠭᠠᠳᠬᠠᠵᠦ ᠂ ᠠᠯᠪᠠᠨ ᠠᠴᠠ ᠪᠠᠶᠢᠭᠤᠯᠥᠠᠠᠰᠠᠨ | ᠡᠮᠴᠢᠯᠡᠬᠡᠨ ᠤ ᠪᠠᠶᠢᠭᠤᠯᠥᠮᠵᠢ ᠪᠠ ᠡᠮᠨᠡᠯᠬᠡ ᠶᠢᠨ ᠠᠵᠢᠯᠳᠡᠨ ᠤ ᠣᠨᠣᠰᠢᠯᠠᠨ ᠡᠮᠨᠡᠬᠦ ᠦᠢᠯᠡ ᠠᠵᠢᠯᠯᠠᠭ᠎ᠠ ᠶᠢ | ᠵᠢᠷᠦᠮᠵᠢᠭᠤᠯᠥᠨᠠ ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠴᠠᠯᠢᠩ ᠬᠥᠯᠥᠰᠥ ᠶᠢᠨ ᠬᠢᠷᠢ | ᠬᠡᠮᠵᠢᠶ᠎ᠡ ᠶᠢ ᠵᠦᠶ ᠵᠣᠬᠢᠰᠲᠠᠶ ᠲᠣᠭᠲᠠᠭᠠᠵᠤ ᠂ ᠰᠢᠯᠭᠠᠨ ᠬᠢᠨᠠᠵᠤ ᠦᠨᠡᠯᠡᠬᠦ ᠲᠣᠭᠲᠠᠴᠠ ᠶᠢ ᠥᠭᠡᠷᠡᠴᠢᠯᠡᠨ | ᠲᠡᠭᠦᠯᠳᠡᠷᠵᠢᠭᠦᠯᠵᠦ ᠂ ᠡᠮᠨᠡᠯᠭᠡ ᠶᠢᠨ ᠠᠵᠢᠯᠲᠠᠨ ᠤ ᠴᠠᠯᠢᠩ ᠬᠥᠯᠥᠰᠥ ᠶᠢ ᠢᠯᠡ ᠲᠣᠳᠣ ᠪᠠᠶᠢᠯᠭᠠᠬᠤ ᠶᠢ ᠪᠡᠶᠡᠯᠡᠭᠦᠯᠵᠦ ᠂ | ᠣᠷᠣᠯᠭ᠎ᠠ ᠡᠭᠦᠳᠬᠦ ᠭᠦᠢᠴᠡᠳᠬᠡᠯ ᠲᠤᠭ᠎ᠠ ᠪᠠᠭᠤᠯᠭᠠᠬᠤ ᠶᠢ ᠴᠢᠩᠭ᠎ᠠ ᠬᠤᠷᠢᠭᠯᠠᠵᠤ ᠂ ᠡᠮᠨᠡᠯᠭᠡ ᠶᠢᠨ ᠠᠵᠢᠯᠲᠠᠨ ᠤ | ᠴᠠᠯᠢᠩ ᠬᠥᠯᠥᠰᠥ ᠶᠢ ᠰᠠᠯᠠᠭ᠎ᠠ ᠲᠠᠰᠤᠭ ᠂ ᠬᠤᠪᠢ ᠬᠥᠮᠦᠨ ᠤ ᠲᠤᠬᠠᠶᠢᠯᠠᠭᠰᠠᠨ ᠠᠵᠢᠯ ᠤᠨ ᠣᠷᠣᠯᠭ᠎ᠠ ᠲᠠᠢ ᠰᠢᠭᠤᠳ | ᠬᠤᠯᠪᠣᠭᠳᠠᠭᠤᠯᠵᠤ ᠪᠣᠯᠬᠤ ᠥᠬᠡᠶ ᠃ ᠱᠠᠲᠤ ᠬᠤᠪᠢᠶᠠᠨ ᠣᠨᠣᠰᠢᠯᠠᠨ ᠡᠮᠨᠡᠬᠦ ᠲᠣᠭᠲᠠᠯᠴᠠᠭᠠᠨ ᠤ ᠪᠠᠶᠢᠭᠤᠯᠤᠯᠲᠠ | ᠶᠣᠰᠣᠭᠠᠷ ᠂ ᠡᠬᠢ ᠪᠠᠶᠠᠯᠢᠭ ᠢ ᠵᠦᠶ ᠵᠣᠬᠢᠰᠲᠠᠶ ᠲᠣᠬᠢᠷᠠᠭᠤᠯᠬᠤ ᠶᠢ ᠬᠥᠲᠥᠯᠦᠨ ᠵᠢᠯᠣᠭᠤᠳᠴᠤ ᠂ ᠬᠡᠪ ᠤᠨ | ᠪᠠᠶᠢᠳᠠᠯ ᠠᠴᠠ ᠬᠡᠲᠦᠷᠡᠭᠦᠯᠦᠨ ᠲᠣᠬᠢᠷᠠᠭᠤᠯᠬᠤ ᠶᠢ ᠴᠢᠩᠭ᠎ᠠ ᠬᠢᠵᠠᠭᠠᠷᠯᠠᠨ᠎ᠠ ᠃ ︵ᠥᠪᠡᠷᠲᠡᠭᠡᠨ ᠵᠠᠰᠠᠬᠤ ᠣᠷᠣᠨ ᠤ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠂ ᠡᠳ᠋ ᠤᠨ ᠵᠠᠰᠠᠭ ᠤᠨ ᠲᠢᠩᠬᠢᠮ ᠂ ᠡᠮᠴᠢᠯᠡᠭᠡᠨ ᠤ ᠪᠠᠳᠤᠯᠠᠭ᠎ᠠ ᠶᠢᠨ | ᠲᠣᠪᠴᠢᠶ᠎ᠠ ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ︶ | 2. ᠡᠮᠴᠢᠯᠡᠭᠡᠨ ᠤ ᠪᠠᠲᠤᠯᠠᠭ᠎ᠠ ᠶᠢᠨ ᠳᠦᠷᠢᠮ ᠤᠨ ᠥᠭᠡᠷᠡᠴᠢᠯᠡᠯᠲᠡ ᠶᠢ ᠵᠤᠯᠭᠠᠭᠤᠯᠤᠨ᠎ᠠ ᠃ ᠡᠮᠴᠢᠯᠡᠭᠡᠨ ᠤ | ᠦᠢᠯᠡᠴᠢᠯᠡᠭᠡ ᠶᠢᠨ ᠦᠨ᠎ᠡ ᠬᠢᠭᠡᠳ ᠲᠣᠭᠠᠴᠠᠭ᠎ᠠ ᠬᠢᠬᠦ ᠲᠥᠷᠥ ᠶᠢᠨ ᠪᠣᠳᠣᠯᠭ᠎ᠠ ᠶᠢᠨ ᠬᠠᠮᠵᠢᠯᠴᠠᠭ᠎ᠠ ᠶᠢ ᠰᠠᠶᠢᠲᠤᠷ | ᠬᠢᠵᠦ ᠂ ᠦᠨ᠎ᠡ ᠶᠢᠨ ᠬᠠᠮᠢᠶᠠᠷᠤᠯᠲᠠ ᠶᠢᠨ ᠶᠡᠷᠦᠩᠬᠡᠢ ᠬᠡᠮᠵᠢᠶᠡᠨ ᠤ ᠲᠣᠬᠢᠷᠠᠭᠤᠯᠤᠯ ᠡᠵᠡᠮᠳᠡᠯ ᠪᠠ ᠡᠮᠴᠢᠯᠡᠭᠡᠨ ᠤ | ᠳᠠᠭᠠᠳᠬᠠᠯ ᠤᠨ ᠶᠡᠷᠦᠩᠬᠡᠢ ᠲᠣᠭᠠᠨ ᠤ ᠲᠥᠰᠥᠪ ᠤᠨ ᠬᠠᠮᠢᠶᠠᠷᠤᠯᠲᠠ ᠶᠢᠨ ᠬᠠᠮᠵᠢᠯᠴᠠᠭ᠎ᠠ ᠶᠢ ᠰᠠᠶᠢᠲᠤᠷ ᠬᠢᠨ᠎ᠡ ᠃ | ᠡᠮᠴᠢᠯᠡᠭᠡᠨ ᠤ ᠳᠠᠭᠠᠳᠬᠠᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠭᠠᠷᠴᠠᠭ ᠤᠨ | ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ ᠪᠦᠷᠢᠨᠰᠢᠭᠦᠯᠦᠨ᠎ᠡ ᠃ ᠨᠢᠭᠲᠠᠷᠬᠠᠰᠠᠨ ᠬᠡᠯᠪᠡᠷᠢ ᠶᠢᠨ ᠡᠮᠴᠢᠯᠡᠭᠡᠨ ᠤ | ᠬᠤᠯᠪᠣᠭᠠᠲᠤ ᠴᠣᠭᠴᠠ ᠳᠤ ᠡᠮᠴᠢᠯᠡᠭᠡᠨ ᠤ ᠳᠠᠭᠠᠳᠬᠠᠯ ᠤᠨ ᠶᠡᠷᠦᠩᠬᠡᠶ ᠲᠤᠭ᠎ᠠ ᠪᠠᠷ ᠵᠠᠷᠤᠳᠠᠯ ᠲᠤᠰᠢᠶᠠᠬᠤ ᠵᠠᠭᠪᠤᠷ ᠢ | ᠬᠡᠷᠡᠭᠵᠢᠭᠦᠯᠬᠦ ᠶᠢ ᠰᠦᠪᠡᠭᠴᠢᠯᠡᠵᠦ ᠂ ᠡᠳᠦᠷ ᠲᠤᠲᠤᠮ ᠤᠨ ᠬᠢᠨᠠᠯᠲᠠ ᠲᠠᠯᠪᠢᠯᠲᠠ ᠶᠢ ᠴᠢᠩᠭᠠᠳᠬᠠᠨ ᠂ ᠰᠢᠯᠭᠠᠨ | ᠬᠢᠨᠠᠭᠰᠠᠨ ᠰᠠᠭᠤᠷᠢᠨ ᠳᠡᠭᠡᠷ᠎ᠡ ᠦᠯᠡᠳᠡᠪᠦᠷᠢ ᠶᠢ ᠦᠯᠡᠳᠡᠭᠡᠨ ᠬᠡᠷᠡᠭᠯᠡᠵᠦ ᠂ ᠵᠦᠶ ᠵᠣᠬᠢᠰᠲᠠᠶ ᠬᠡᠲᠦᠷᠡᠭᠦᠯᠦᠨ | ᠵᠠᠷᠤᠯᠭ᠎ᠠ ᠶᠢ ᠬᠤᠪᠢᠶᠠᠨ ᠡᠭᠦᠷᠭᠡᠯᠡᠨ᠎ᠡ ᠃ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠪᠥᠬᠦᠨ ᠢ | ᠰᠦᠯᠵᠢᠶᠡᠨ ᠳᠤ ᠭᠠᠷᠭᠠᠵᠤ ᠬᠤᠳᠠᠯᠳᠤᠨ ᠠᠪᠬᠤ ᠶᠢ ᠠᠬᠢᠭᠤᠯᠵᠤ ᠂ ᠡᠮᠴᠢᠯᠡᠭᠡᠨ ᠳᠤ ᠬᠡᠷᠡᠭᠯᠡᠬᠦ ᠥᠨᠳᠥᠷ ᠥᠷᠲᠡᠭᠲᠦ | ᠬᠤᠷᠣᠭᠳᠠᠯ ᠮᠠᠲ᠋ᠧᠷᠢᠶᠠᠯ ᠢ ᠬᠡᠮᠵᠢᠶ᠎ᠡ ᠲᠠᠢ ᠪᠠᠷ ᠬᠤᠳᠠᠯᠳᠤᠨ ᠠᠪᠬᠤ ᠬᠡᠪᠴᠢᠶ᠎ᠡ ᠶᠢ ᠥᠷᠭᠡᠳᠬᠡᠨ ᠂ ᠡᠮᠴᠢᠯᠡᠭᠡᠨ ᠤ | ᠪᠠᠶᠢᠭᠤᠯᠤᠮᠵᠢ ᠶᠢᠨ ᠲᠣᠭᠲᠠᠭᠰᠠᠨ ᠴᠡᠭ ᠤᠨ ᠬᠡᠯᠡᠯᠴᠡᠭᠡᠷ ᠤᠨ ᠬᠠᠮᠢᠶᠠᠷᠤᠯᠲᠠ ᠶᠢ ᠴᠢᠩᠭᠠᠷᠠᠭᠤᠯᠤᠨ᠎ᠠ ᠃ ︵ | ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ︶ | 3. ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠵᠠᠰᠠᠭ ᠤᠨ ᠣᠷᠳᠣᠨ ᠤ | ᠣᠷᠣᠭᠤᠯᠤᠯᠲᠠ ᠶᠢ ᠨᠠᠶᠢᠳᠠᠪᠤᠷᠢᠵᠢᠭᠤᠯᠤᠨ᠎ᠠ ᠃ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ | ᠵᠠᠰᠠᠭ ᠤᠨ ᠣᠷᠳᠣᠨ ᠤ ᠣᠷᠣᠭᠤᠯᠤᠯᠲᠠ ᠶᠢᠨ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠦᠨ᠎ᠡ ᠃ ᠣᠷᠣᠨ | ᠪᠦᠰᠡ ᠶᠢᠨ ᠡᠷᠡᠭᠦᠯ ᠬᠠᠮᠠᠭᠠᠯᠠᠯ ᠤᠨ ᠲᠥᠯᠥᠪᠵᠢᠭᠦᠯᠭᠡ ᠳᠤ ᠨᠡᠶᠢᠴᠡᠬᠦ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ | ᠪᠠᠶᠢᠭᠤᠯᠤᠮᠵᠢ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠪᠠ ᠲᠥᠬᠦᠭᠡᠷᠦᠮᠵᠢ ᠬᠤᠳᠠᠯᠳᠤᠨ ᠠᠪᠬᠤ ᠂ | ᠭᠤᠤᠯᠳᠠᠯᠭ᠎ᠠ ᠲᠠᠢ ᠰᠢᠨᠵᠢᠯᠡᠭᠡᠨ ᠤ ᠬᠥᠭᠵᠢᠯᠲᠡ ᠵᠡᠷᠭᠡ ᠵᠠᠰᠠᠭ ᠤᠨ ᠣᠷᠳᠣᠨ ᠤ ᠣᠷᠣᠭᠤᠯᠤᠯᠲᠠ ᠶᠢ | ᠨᠠᠶᠢᠳᠠᠪᠤᠷᠢᠵᠢᠭᠤᠯᠤᠨ᠎ᠠ ᠃ ᠬᠢᠲᠠᠳ ᠡᠮᠨᠡᠯᠭᠡ ︵ᠮᠣᠩᠭᠤᠯ ᠡᠮᠨᠡᠯᠭᠡ︶ ᠂ ᠬᠠᠯᠳᠠᠪᠤᠷᠢᠲᠤ ᠡᠪᠡᠳᠴᠢᠨ ᠂ ᠮᠡᠳᠡᠷᠡᠯ ᠤᠨ | ᠡᠪᠡᠳᠴᠢᠨ ᠂ ᠠᠵᠢᠯ ᠤᠨ ᠨᠦᠯᠦᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠂ ᠬᠥᠩᠭᠡᠵᠢᠯᠲᠡ ᠪᠠ ᠬᠡᠦᠬᠡᠳ ᠵᠡᠷᠭᠡ | ᠲᠤᠰᠬᠠᠢ ᠡᠮᠴᠢᠯᠡᠭᠡᠨ ᠤ ᠪᠠᠶᠢᠭᠤᠯᠤᠮᠵᠢ ᠳᠤ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠦᠵᠡᠭᠦᠯᠬᠦ ᠡᠷᠴᠢᠮ ᠢ | ᠴᠢᠩᠭᠠᠷᠠᠭᠤᠯᠤᠨ᠎ᠠ ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠂ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ︶ | 4. ᠠᠯᠪᠠᠨ ᠠᠴᠠ ᠪᠠᠶᠢᠭᠤᠯᠤᠭᠰᠠᠨ ᠪᠤᠰᠤ ᠡᠮᠴᠢᠯᠡᠭᠡᠨ ᠤ ᠪᠠᠶᠢᠭᠤᠯᠤᠮᠵᠢ ᠶᠢᠨ ᠦᠨ᠎ᠡ ᠶᠢ ᠵᠢᠷᠤᠮᠵᠢᠭᠤᠯᠤᠨ᠎ᠠ ᠃ | ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠪᠣᠯᠤᠨ ᠠᠯᠪᠠᠨ ᠠᠴᠠ ᠪᠠᠶᠢᠭᠤᠯᠤᠭᠰᠠᠨ ᠪᠤᠰᠤ | ᠡᠮᠴᠢᠯᠡᠭᠡᠨ ᠤ ᠪᠠᠶᠢᠭᠤᠯᠤᠮᠵᠢ ᠶᠢ ᠬᠠᠷᠢᠯᠴᠠᠨ ᠠᠬᠢᠭᠤᠯᠵᠤ ᠂ ᠬᠠᠮᠲᠤ ᠪᠠᠷ ᠬᠥᠭᠵᠢᠭᠦᠯᠬᠦ ᠦᠨ᠎ᠡ ᠶᠢᠨ | ᠬᠠᠮᠢᠶᠠᠷᠤᠯᠲᠠ ᠶᠢᠨ ᠪᠠᠶᠢᠷᠢᠰᠢᠯ ᠢ ᠲᠦᠷᠭᠡᠳᠬᠡᠨ ᠪᠣᠶ ᠪᠣᠯᠭᠠᠨ᠎ᠠ ᠃ ᠠᠯᠪᠠᠨ ᠠᠴᠠ ᠪᠠᠶᠢᠭᠤᠯᠤᠭᠰᠠᠨ ᠪᠤᠰᠤ | ᠡᠮᠴᠢᠯᠡᠭᠡᠨ ᠤ ᠪᠠᠶᠢᠭᠤᠯᠤᠮᠵᠢ ᠶᠢᠨ ᠬᠠᠩᠭᠠᠭᠰᠠᠨ ᠡᠮᠴᠢᠯᠡᠭᠡᠨ ᠤ ᠦᠢᠯᠡᠴᠢᠯᠡᠭᠡ ᠨᠢ ᠵᠠᠬ᠎ᠠ ᠳᠡᠯᠭᠡᠭᠦᠷ ᠢᠶᠠᠷ | ᠲᠣᠬᠢᠷᠠᠭᠤᠯᠬᠤ ᠦᠨ᠎ᠡ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ ᠂ ᠲᠥᠪ ᠭᠤᠤᠯᠴᠢ ᠪᠥᠭᠡᠳ ᠬᠠᠤᠯᠢ | ᠶᠣᠰᠣᠨ ᠤ ᠂ ᠦᠨᠡᠨᠴᠢ ᠢᠲᠡᠭᠡᠮᠵᠢᠲᠡᠶ ᠂ ᠶᠠᠰᠤ ᠴᠢᠨᠠᠷ ᠪᠠ ᠦᠨ᠎ᠡ ᠨᠢ ᠬᠠᠷᠢᠯᠴᠠᠨ ᠨᠡᠶᠢᠴᠡᠭᠰᠡᠨ ᠵᠠᠷᠴᠢᠮ ᠤᠨ | ᠶᠣᠰᠣᠭᠠᠷ ᠵᠦᠢ ᠵᠣᠬᠢᠰᠲᠠᠶ ᠦᠨ᠎ᠡ ᠲᠣᠭᠲᠠᠭᠠᠵᠤ ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠳᠤ | ᠣᠷᠤᠭᠤᠯᠤᠨ ᠵᠠᠷᠤᠴᠠᠭᠤᠯᠤᠭᠰᠠᠨ ᠪᠣᠯ ᠡᠮᠴᠢᠯᠡᠭᠡᠨ ᠤ ᠳᠠᠭᠠᠳᠬᠠᠯ ᠤᠨ ᠵᠥᠪᠳᠡᠯᠴᠡᠬᠡᠷ ᠢᠶᠠᠷ ᠬᠠᠮᠢᠶᠠᠷᠤᠨ᠎ᠠ ᠃ ︵ | ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | ︵ᠭᠤᠷᠪᠠ︶ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ | ᠡᠯ᠎ᠠ ᠭᠠᠵᠡᠷ ᠣᠷᠣᠨ ᠂ ᠡᠯ᠎ᠠ ᠬᠤᠯᠪᠤᠠᠠᠳᠡᠯ ᠪᠦᠬᠦᠢ ᠰᠠᠯᠠᠭ᠎ᠠ ᠮᠦᠴᠢᠷ ᠤᠳ ᠵᠤᠬᠢᠶᠡᠨ ᠪᠠᠶᠢᠭᠤᠯᠥᠯᠳᠡ ᠶᠢᠨ | ᠣᠳᠣᠷᠢᠳᠣᠯᠭ᠎ᠠ ᠪᠠᠨ ᠴᠢᠩᠭᠠᠳᠬᠠᠵᠦ ᠂ ᠡᠬᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠡᠷᠢᠯᠡᠯ ᠶᠣᠰᠣᠭᠠᠷ | ᠦᠭᠡᠷᠡᠴᠢᠯᠡᠯᠳᠡ ᠶᠢᠨ ᠭᠤᠤᠯ ᠴᠣᠠᠠᠴᠠ ᠶᠢᠨ ᠬᠠᠷᠢᠭᠤᠴᠠᠯᠭ᠎ᠠ ᠪᠠᠨ ᠨᠡᠶᠢᠳᠡᠪᠦᠷᠢᠵᠢᠭᠤᠯᠵᠦ ᠂ ᠠᠵᠢᠯ ᠤᠨ ᠨᠡᠶᠢᠯᠡᠮᠡᠯ | ᠬᠦᠴᠣᠨ ᠢ ᠪᠦᠷᠢᠯᠳᠦᠬᠦᠯᠥᠨ᠎ᠠ ᠃ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠠᠵᠢᠯ ᠢ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠴᠢᠬᠤᠯᠠ | ᠠᠭᠤᠯᠭ᠎ᠠ ᠳᠤ ᠣᠷᠣᠭᠤᠯᠵᠤ ᠂ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠷᠠᠭᠤᠯᠤᠨ᠎ᠠ ᠃ ᠲᠤᠰᠬᠠᠶ | ᠮᠡᠷᠭᠡᠵᠢᠯᠲᠡᠨ ᠤ ᠠᠰᠠᠭᠤᠨ ᠯᠠᠪᠯᠠᠬᠤ ᠪᠦᠯᠬᠦᠮ ᠢ ᠵᠣᠬᠢᠶᠠᠨ ᠪᠠᠶᠢᠭᠤᠯᠵᠤ ᠂ ᠣᠶᠤᠨ ᠤ ᠲᠤᠯᠭᠠᠭᠤᠷᠢᠯᠠᠯ ᠢ ᠬᠠᠩᠭᠠᠨ᠎ᠠ ᠃ | ᠤᠬᠠᠭᠤᠯᠭ᠎ᠠ ᠪᠣᠯᠪᠠᠰᠤᠷᠠᠯ ᠢ ᠰᠠᠶᠢᠲᠤᠷ ᠬᠢᠵᠦ ᠂ ᠦᠨ᠎ᠡ ᠶᠢᠨ ᠳᠣᠬᠢᠷᠠᠭᠤᠯᠤᠯᠲᠠ ᠶᠢᠨ ᠬᠡᠷᠡᠭ ᠶᠠᠪᠤᠳᠠᠯ ᠤᠨ | ᠡᠮᠦᠨᠡᠬᠢ ᠦᠨᠡᠯᠡᠨ ᠵᠢᠱᠢᠯᠲᠡ ᠂ ᠬᠡᠷᠡᠭ ᠶᠠᠪᠤᠳᠠᠯ ᠤᠨ ᠳᠤᠮᠳᠠᠬᠢ ᠬᠢᠨᠠᠨ ᠬᠡᠮᠵᠢᠯᠲᠡ ᠂ ᠬᠡᠷᠡᠭ ᠶᠠᠪᠤᠳᠠᠯ ᠤᠨ ᠳᠠᠷᠠᠭᠠᠬᠢ | ᠰᠢᠯᠭᠠᠨ ᠬᠢᠨᠠᠯᠲᠠ ᠶᠢᠨ ᠠᠵᠢᠯ ᠢ ᠥᠷᠨᠢᠭᠦᠯᠵᠦ ᠂ ᠲᠦᠭᠰᠢᠭᠦᠷᠢ ᠶᠢ ᠰᠠᠨᠠᠭᠠᠴᠢᠯᠠᠭ᠎ᠠ ᠠᠴᠠ ᠪᠠᠨ ᠠᠷᠢᠯᠭᠠᠨ᠎ᠠ ᠃ ︵ | ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠂ ᠡᠳ᠋ ᠤᠨ ᠵᠠᠰᠠᠭ ᠤᠨ ᠲᠢᠩᠬᠢᠮ ᠂ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠢᠩᠬᠢᠮ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠂ ᠲᠤᠭ᠎ᠠ | ᠪᠦᠷᠢᠳᠬᠡᠯ ᠤᠨ ᠲᠣᠪᠴᠢᠶ᠎ᠠ︶ | |