ᠬᠥᠳᠡᠭᠡ ᠲᠣᠰᠬᠤᠨ ᠤ ᠵᠠᠰᠠᠮᠠᠯ ᠵᠠᠮ ᠪᠣᠯ ᠬᠥᠳᠡᠭᠡ ᠲᠣᠰᠬᠤᠨ ᠤ ᠠᠵᠤ ᠠᠬᠤᠶ ᠨᠡᠶᠢᠭᠡᠮ ᠤᠨ | ᠬᠥᠭᠵᠢᠯᠲᠡ ᠳᠤ ᠦᠢᠯᠡᠴᠢᠯᠡᠬᠦ ᠨᠡᠶᠢᠲᠡ ᠶᠢᠨ ᠠᠰᠠᠷᠠᠮᠵᠢ ᠶᠢᠨ ᠴᠢᠨᠠᠷᠲᠠᠶ᠂ ᠰᠠᠭᠤᠷᠢᠯᠠᠬᠤ ᠴᠢᠨᠠᠷᠲᠠᠶ᠂ | ᠵᠢᠯᠣᠭᠤᠳᠤᠮᠵᠢ ᠶᠢᠨ ᠴᠢᠨᠠᠷᠲᠠᠶ ᠪᠡᠯᠡᠳᠬᠡᠮᠵᠢ ᠪᠣᠯᠬᠤ ᠪᠥᠭᠡᠳ ᠲᠠᠷᠢᠶᠠᠯᠠᠩ ᠢ ᠬᠦᠴᠦᠷᠬᠡᠭᠵᠢᠭᠦᠯᠦᠨ ᠠᠷᠠᠳ ᠢ | ᠪᠠᠶᠠᠵᠢᠭᠤᠯᠬᠤ ︽ᠠᠷᠠᠳ ᠤᠨ ᠠᠮᠢᠳᠤᠷᠠᠯ ᠤᠨ ᠢᠨᠵᠧᠨᠧᠷᠢᠩ︾ ᠪᠣᠯᠤᠨ᠎ᠠ᠃ 12 ᠳ᠋ᠤᠭᠠᠷ ᠰᠠᠷ᠎ᠠ ᠶᠢᠨ 6 ᠤ | ᠡᠳᠦᠷ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠭᠤᠤᠯ ᠰᠡᠳᠦᠪᠲᠦ ᠨᠠᠮ ᠤᠨ | ᠡᠳᠦᠷᠯᠢᠭ ᠤᠨ ᠠᠵᠢᠯᠯᠠᠭ᠎ᠠ ᠥᠷᠨᠢᠭᠦᠯᠵᠦ᠂ ᠲᠣᠪᠴᠢᠶᠠᠨ ᠤ ᠰᠢᠰᠲ᠋ᠧᠮ ᠤᠨ ᠨᠠᠮ ᠤᠨ ᠭᠡᠰᠢᠭᠦᠨ ᠺᠠᠳ᠋ᠷᠴᠤᠳ ᠢ | ᠵᠣᠬᠢᠶᠠᠨ ᠪᠠᠶᠢᠭᠤᠯᠤᠨ ᠥᠪᠡᠷᠲᠡᠭᠡᠨ ᠵᠠᠰᠠᠬᠤ ᠣᠷᠣᠨ ᠤ ᠤᠷᠠᠨ ᠵᠢᠷᠤᠭ ᠤᠨ ᠣᠷᠳᠣᠨ ᠳᠤ ᠬᠦᠷᠴᠦ ︽ᠭᠠᠴᠠᠭ᠎ᠠ ᠳᠤ | ᠣᠴᠢᠬᠤ ᠵᠠᠮ︾ ᠥᠪᠥᠷ ᠮᠣᠩᠭᠤᠯ ᠤᠨ ︽ᠳᠥᠷᠪᠡᠨ ᠰᠠᠶᠢᠨ ᠬᠥᠳᠡᠭᠡ ᠲᠤᠰᠬᠤᠨ ᠤ ᠵᠠᠰᠠᠮᠠᠯ ᠵᠠᠮ ︾ ᠭᠡᠷᠡᠯ | ᠵᠢᠷᠤᠭ ᠤᠨ᠋ ᠦᠵᠡᠭᠦᠯᠭᠡ ᠪᠠᠷ ᠲᠣᠭᠤᠷᠢᠨ ᠦᠵᠡᠪᠡ᠃ | ᠭᠡᠷᠡᠯ ᠵᠢᠷᠤᠭ ᠤᠨ ᠦᠵᠡᠭᠦᠯᠭᠡ ᠶᠢ ︽ᠦᠵᠡᠰᠬᠦᠯᠡᠩᠲᠦ ᠰᠠᠶᠢᠬᠠᠨ • ᠤᠮᠠᠷᠠᠲᠤ ᠬᠢᠯᠢ ᠶᠢᠨ ᠵᠠᠮ︾ ︽ | ᠥᠷᠭᠡᠳᠭᠡᠯ • ᠪᠠᠶᠠᠵᠢᠯ ᠤᠨ ᠵᠠᠮ︾ ︽ᠬᠢᠰᠬᠢᠯ • ᠵᠣᠯ ᠵᠢᠷᠭᠠᠯ ᠤᠨ ᠵᠠᠮ︾ ︽ᠬᠠᠮᠲᠤ ᠪᠠᠷ ᠴᠣᠭᠴᠠᠯᠠᠬᠤ • | ᠰᠡᠳᠬᠢᠯ ᠤᠨ ᠬᠤᠯᠪᠣᠭᠠᠨ ᠤ ᠵᠠᠮ ︾ ᠂ ︽ᠳᠡᠭᠦᠯᠢᠯ • ᠬᠥᠭᠵᠢᠨ ᠴᠡᠴᠡᠭᠯᠡᠯ ᠤᠨ ᠵᠠᠮ︾ ᠭᠡᠵᠦ ᠨᠡᠶᠢᠲᠡ ᠲᠠᠪᠤᠨ | ᠪᠦᠯᠦᠭ ᠬᠤᠪᠢᠶᠠᠪᠠ ᠃ ᠠᠷᠪᠠᠨ ᠵᠢᠯ ᠤᠨ ᠲᠤᠷᠰᠢᠬᠢ ᠥᠪᠥᠷ ᠮᠣᠩᠭᠤᠯ ᠤᠨ ᠬᠥᠳᠡᠭᠡ ᠲᠣᠰᠬᠤᠨ ᠤ ᠵᠠᠰᠠᠮᠠᠯ | ᠵᠠᠮ ᠤᠨ ᠲᠦᠷᠭᠡᠨ ᠬᠥᠭᠵᠢᠯᠲᠡ ᠶᠢ ᠲᠣᠭᠤᠷᠢᠨ ᠦᠵᠡᠬᠦ ᠪᠠᠷ ᠳᠡᠮᠵᠢᠨ᠂ ᠥᠷᠭᠡᠨ ᠣᠯᠠᠨ ᠡᠮᠴᠢᠯᠡᠭᠡᠨ ᠤ | ᠪᠠᠲᠤᠯᠠᠭ᠎ᠠ ᠶᠢᠨ ᠠᠵᠢᠯᠲᠠᠳ ᠥᠪᠥᠷ ᠮᠣᠩᠭᠤᠯ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠪᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯᠪᠡᠭ ᠪᠠᠶᠠᠯᠢᠭ ᠦᠷ᠎ᠡ ᠪᠦᠲᠦᠭᠡᠯ ᠢ ᠭᠦᠨᠵᠡᠭᠡᠶ ᠣᠶᠢᠯᠠᠭᠠᠵᠤ᠂ | ᠨᠠᠮ ᠤᠨ ᠭᠡᠰᠢᠭᠦᠨ ᠺᠠᠳ᠋ᠷᠴᠤᠳ ᠤᠨ ᠤᠬᠠᠮᠰᠠᠷ ᠠᠴᠠ ᠪᠠᠨ ᠡᠮᠴᠢᠯᠡᠭᠡᠨ ᠤ ᠪᠠᠲᠤᠯᠠᠭ᠎ᠠ ᠶᠢᠨ ᠦᠢᠯᠡᠰ ᠲᠤ ᠣᠷᠣᠯᠴᠠᠨ | ᠠᠷᠠᠳ ᠤᠨ ᠠᠮᠢᠳᠤᠷᠠᠯ ᠢ ᠰᠠᠶᠢᠵᠢᠷᠠᠭᠤᠯᠬᠤ ︽ᠵᠣᠯ ᠵᠢᠷᠭᠠᠯ ᠤᠨ ᠬᠠᠭᠤᠳᠠᠰᠤ︾ ᠶᠢᠨ ᠬᠠᠯᠠᠭᠤᠨ ᠰᠡᠳᠬᠢᠯᠭᠡ ᠶᠢ | ᠬᠥᠭᠵᠢᠭᠡᠪᠡ᠃ | ᠣᠯᠠᠨ ᠢᠶᠠᠷ ᠢᠶᠠᠨ᠂ ᠶᠡᠷᠦᠩᠬᠡᠶ ᠱᠦᠵᠢ ᠰᠢ ᠶᠢᠨ ᠫᠢᠩ ᠤᠨ ︽ᠳᠥᠷᠪᠡᠨ ᠰᠠᠶᠢᠨ ᠬᠥᠳᠡᠭᠡ ᠲᠣᠰᠬᠤᠨ ᠤ | ᠵᠠᠰᠠᠮᠠᠯ ᠵᠠᠮ︾ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ | ᠡᠮᠴᠢᠯᠡᠭᠡᠨ ᠤ ᠪᠠᠲᠤᠯᠠᠭ᠎ᠠ ᠶᠢᠨ ᠡᠭᠦᠷᠭᠡ ᠬᠠᠷᠢᠭᠤᠴᠠᠯᠭ᠎ᠠ ᠲᠠᠢ ᠤᠶᠠᠯᠳᠤᠭᠤᠯᠤᠨ᠂ ᠰᠠᠨᠠᠭᠠᠴᠢᠯᠠᠭ᠎ᠠ ᠠᠴᠠ ᠪᠠᠨ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠢᠳᠡᠪᠬᠢᠲᠡᠶ ᠪᠠᠷ ᠰᠢᠨ᠎ᠡ ᠶᠢ ᠡᠭᠦᠳᠦᠨ | ᠬᠥᠭᠵᠢᠭᠦᠯᠵᠦ᠂ ᠪᠥᠬᠦ ᠣᠷᠣᠨ ᠤ ᠡᠮᠴᠢᠯᠡᠭᠡᠨ ᠪᠠᠲᠤᠯᠠᠭ᠎ᠠ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ | ᠪᠡᠶᠡᠯᠡᠭᠦᠯᠬᠦ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃ | |