ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ | | | ᠥᠪᠥᠷ ᠵᠠᠰᠠᠭ ᠲᠠᠷᠬᠠᠭᠠᠭᠰᠠᠨ ﹇ 2024 ﹈ 27 ᠳ᠋ᠤᠭᠠᠷ ᠲᠣᠭᠠᠲᠤ | | | ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠵᠠᠭᠤᠷᠠᠯᠳᠤᠭᠠᠨ ᠢ ᠰᠡᠷᠭᠡᠶᠢᠯᠡᠬᠦ ᠪᠠ ᠰᠢᠢᠳᠪᠦᠷᠢᠯᠡᠬᠦ ᠠᠷᠭ᠎ᠠ ᠶᠢ | ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠮᠡᠳᠡᠭᠳᠡᠯ | | ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ ᠂ ᠠᠯᠪᠠᠨ ᠭᠡᠷ ᠂ ᠲᠢᠩᠬᠢᠮ ᠂ ᠲᠣᠪᠴᠢᠶ᠎ᠠ ᠂ ᠡᠯ᠎ᠡ ᠲᠣᠮᠣ ᠠᠵᠤ ᠠᠬᠤᠶᠢᠯᠠᠯ ᠂ ᠠᠵᠢᠯ ᠦᠢᠯᠡᠰ ᠤᠨ | ᠨᠢᠭᠡᠴᠢ ᠳᠤ ᠄ | ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠵᠠᠭᠤᠷᠠᠯᠳᠤᠭᠠᠨ ᠢ | ᠰᠡᠷᠭᠡᠶᠢᠯᠡᠬᠦ ᠪᠠ ᠰᠢᠢᠳᠪᠦᠷᠢᠯᠡᠬᠦ ᠠᠷᠭ᠎ᠠ ︾ ᠶᠢ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ ᠂ ᠪᠣᠳᠠᠲᠠᠢ ᠲᠠᠢ ᠪᠠᠨ | ᠤᠶᠠᠯᠳᠤᠭᠤᠯᠤᠨ ᠂ ᠬᠢᠨᠠᠮᠠᠭᠠᠢ ᠵᠢᠷᠤᠮᠯᠠᠨ ᠬᠡᠷᠡᠭᠵᠢᠭᠦᠯᠲᠦᠭᠡᠢ ᠃ | | 2024 ᠣᠨ ᠤ 10 ᠳ᠋ᠤᠭᠠᠷ ᠰᠠᠷ᠎ᠠ ᠶᠢᠨ 16 ᠤ ᠡᠳᠦᠷ 、 | | | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ ︶ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ | ᠵᠠᠭᠤᠷᠠᠯᠳᠤᠭᠠᠨ ᠢ ᠰᠡᠷᠭᠡᠶᠢᠯᠡᠬᠦ ᠪᠠ ᠰᠢᠢᠳᠪᠦᠷᠢᠯᠡᠬᠦ ᠠᠷᠭ᠎ᠠ | | | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠡᠮᠴᠢᠯᠡᠭᠡᠨ ᠤ ᠵᠠᠭᠤᠷᠠᠯᠳᠤᠭᠠᠨ ᠢ ᠪᠦᠲᠦᠮᠵᠢᠲᠡᠶ ᠰᠡᠷᠭᠡᠶᠢᠯᠡᠬᠦ ᠪᠠ ᠲᠣᠬᠢᠲᠠᠢ | ᠰᠢᠢᠳᠪᠦᠷᠢᠯᠡᠵᠦ ᠂ ᠡᠮᠴᠢ ᠪᠠ ᠡᠪᠡᠳᠴᠢᠲᠡᠨ ᠬᠤᠶᠠᠷ ᠲᠠᠯ᠎ᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ ᠂ | ᠡᠮᠴᠢ ᠪᠠ ᠡᠪᠡᠳᠴᠢᠲᠡᠨ ᠤ ᠡᠶ᠎ᠡ ᠵᠣᠬᠢᠴᠠᠯ ᠤᠨ ᠬᠠᠷᠢᠴᠠᠭ᠎ᠠ ᠪᠠ ᠡᠮᠴᠢᠯᠡᠭᠡᠨ ᠤ ᠡᠮᠬᠢ ᠵᠢᠷᠤᠮ ᠢ ᠬᠠᠮᠠᠭᠠᠯᠠᠵᠤ ᠂ | ᠡᠮᠴᠢᠯᠡᠭᠡᠨ ᠤ ᠠᠮᠤᠷ ᠲᠦᠪᠰᠢᠨ ᠢ ᠪᠠᠲᠤᠯᠠᠬᠤ ᠶᠢᠨ ᠲᠤᠰᠠᠳᠠ ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠠᠷᠠᠳ ᠤᠨ ᠡᠶᠡᠳᠡᠭᠦᠯᠭᠡ ᠶᠢᠨ ᠬᠠᠤᠯᠢ ︾ ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠦᠨᠳᠦᠰᠦᠨ ᠡᠮᠴᠢᠯᠡᠭᠡ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ ᠶᠢ ᠠᠬᠢᠭᠤᠯᠬᠤ ᠬᠠᠤᠯᠢ ︾ ᠂ ︽ᠡᠮᠴᠢᠯᠡᠭᠡᠨ ᠤ | ᠵᠠᠭᠤᠷᠠᠯᠳᠤᠭᠠᠨ ᠢ ᠰᠡᠷᠭᠡᠶᠢᠯᠡᠬᠦ ᠪᠠ ᠰᠢᠢᠳᠪᠦᠷᠢᠯᠡᠬᠦ ᠳᠦᠷᠢᠮ ︾ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠵᠥᠷᠢᠴᠡᠯ ᠵᠠᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠳᠦᠷᠢᠮ ︾ ᠵᠡᠷᠭᠡ ᠬᠠᠤᠯᠢ ᠴᠠᠭᠠᠵᠠ | ᠬᠠᠤᠯᠢ ᠲᠣᠭᠲᠠᠭᠠᠯ ᠢ ᠦᠨᠳᠦᠰᠦᠯᠡᠨ ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ ᠂ ᠲᠣᠰ | ᠠᠷᠭ᠎ᠠ ᠶᠢ ᠲᠣᠭᠲᠠᠭᠠᠪᠠ ᠃ | ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ | ᠡᠮᠴᠢᠯᠡᠭᠡᠨ ᠤ ᠵᠠᠭᠤᠷᠠᠯᠳᠤᠭᠠᠨ ᠢ ᠰᠡᠷᠭᠡᠶᠢᠯᠡᠬᠦ ᠪᠠ ᠰᠢᠢᠳᠪᠦᠷᠢᠯᠡᠬᠦ ᠳᠤ ᠲᠣᠰ ᠠᠷᠭ᠎ᠠ ᠬᠡᠷᠡᠭᠯᠡᠭᠳᠡᠨ᠎ᠡ ᠃ | ᠲᠣᠰ ᠠᠷᠭ᠎ᠠ ᠳᠤ ᠬᠡᠯᠡᠵᠦ ᠪᠠᠶᠢᠭ᠎ᠠ ᠡᠮᠴᠢᠯᠡᠭᠡᠨ ᠤ ᠵᠠᠭᠤᠷᠠᠯᠳᠤᠭᠠᠨ ᠭᠡᠳᠡᠭ ᠨᠢ ᠡᠮᠴᠢ ᠪᠠ ᠡᠪᠡᠳᠴᠢᠲᠡᠨ | ᠬᠤᠶᠠᠷ ᠲᠠᠯ᠎ᠠ ᠶᠢᠨ ᠣᠨᠣᠰᠢᠯᠠᠨ ᠡᠮᠨᠡᠬᠦ ᠠᠵᠢᠯᠯᠠᠭ᠎ᠠ ᠠᠴᠠ ᠪᠣᠯᠣᠭᠰᠠᠨ ᠮᠠᠷᠭᠤᠭᠠᠨ ᠢ ᠵᠢᠭᠠᠵᠤ ᠪᠣᠢ ᠃ | ᠡᠮᠴᠢ ᠶᠢᠨ ᠲᠠᠯ᠎ᠠ ᠭᠡᠳᠡᠭ ᠨᠢ ᠡᠮᠴᠢᠯᠡᠭᠡᠨ ᠤ ᠪᠠᠶᠢᠭᠤᠯᠤᠮᠵᠢ ᠵᠢᠴᠢ ᠲᠡᠭᠦᠨ ᠤ ᠡᠮᠨᠡᠯᠭᠡ ᠶᠢᠨ ᠠᠵᠢᠯᠲᠠᠨ ᠢ | ᠵᠢᠭᠠᠵᠤ ᠪᠣᠢ ᠂ ᠡᠪᠡᠳᠴᠢᠲᠡᠨ ᠤ ᠲᠠᠯ᠎ᠠ ᠭᠡᠳᠡᠭ ᠨᠢ ᠭᠤᠣᠯᠳᠠᠭᠤ ᠡᠪᠡᠳᠴᠢᠲᠡᠨ ᠵᠢᠴᠢ ᠲᠡᠭᠦᠨ ᠤ ᠣᠶᠢᠷ᠎ᠠ ᠲᠥᠷᠥᠯ | ᠰᠠᠳᠤᠨ ᠂ ᠨᠠᠶᠢᠳᠠᠭᠰᠠᠨ ᠣᠷᠣᠯᠠᠭᠴᠢ ᠪᠤᠶᠤ ᠬᠠᠤᠯᠢ ᠳᠤ ᠲᠣᠭᠲᠠᠭᠠᠭᠰᠠᠨ ᠣᠷᠣᠯᠠᠭᠴᠢ ᠵᠡᠷᠭᠡ ᠬᠠᠮᠢᠶ᠎ᠠ ᠪᠦᠬᠦᠢ | ᠬᠥᠮᠥᠰ ᠢ ᠵᠢᠭᠠᠵᠤ ᠪᠣᠢ ᠃ | ᠭᠤᠷᠪᠠᠳᠤᠭᠠᠷ ᠵᠦᠢᠯ ᠡᠮᠴᠢᠯᠡᠭᠡᠨ ᠤ ᠵᠠᠭᠤᠷᠠᠯᠳᠤᠭᠠᠨ ᠢ ᠰᠡᠷᠭᠡᠶᠢᠯᠡᠬᠦ ᠪᠠ ᠰᠢᠢᠳᠪᠦᠷᠢᠯᠡᠬᠦ ᠠᠵᠢᠯ ᠨᠢ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ | ᠰᠢᠵᠢᠮ ᠪᠣᠯᠭᠠᠬᠤ ᠶᠢ ᠪᠠᠷᠢᠮᠲᠠᠯᠠᠵᠤ ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ | ᠪᠠᠷᠢᠮᠲᠠᠯᠠᠨ ᠂ ᠰᠢᠨ᠎ᠡ ᠴᠠᠭ ᠦᠶ᠎ᠡ ᠶᠢᠨ ︽ᠹᠧᠩᠴᠢᠶᠣᠣ ᠶᠢᠨ ᠲᠤᠷᠰᠢᠯᠭ᠎ᠠ ︾ ᠶᠢ ᠪᠠᠷᠢᠮᠲᠠᠯᠠᠨ ᠬᠥᠭᠵᠢᠭᠦᠯᠬᠦ | ᠬᠡᠷᠡᠭᠲᠡᠢ ᠃ | ᠳᠥᠷᠪᠡᠳᠦᠭᠡᠷ ᠵᠦᠢᠯ ᠡᠮᠴᠢ ᠶᠢᠨ ᠲᠠᠯ᠎ᠠ ᠶᠢᠨ ᠬᠢᠨ ᠵᠠᠩᠭᠢᠯᠠᠭ᠎ᠠ ᠶᠢᠨ ᠠᠵᠢᠯ ᠢᠶᠠᠨ ᠤᠷᠢᠳᠴᠢᠯᠠᠨ | ᠭᠦᠢᠴᠡᠳᠬᠡᠵᠦ ᠂ ᠣᠨᠣᠰᠢᠯᠠᠨ ᠡᠮᠨᠡᠬᠦ ᠠᠵᠢᠯᠯᠠᠭ᠎ᠠ ᠪᠠᠨ ᠵᠢᠷᠤᠮᠵᠢᠭᠤᠯᠤᠨ ᠂ ᠡᠮᠴᠢᠯᠡᠭᠡᠨ ᠤ ᠦᠢᠯᠡᠴᠢᠯᠡᠭᠡ ᠪᠠᠨ | ᠰᠠᠶᠢᠵᠢᠷᠠᠭᠤᠯᠵᠤ ᠂ ᠡᠮᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠦᠨ ᠂ ᠲᠦᠭᠰᠢᠭᠦᠷᠢ ᠶᠢᠨ ᠬᠠᠮᠢᠶᠠᠷᠤᠯᠲᠠ ᠪᠠᠨ | ᠴᠢᠩᠭᠠᠳᠬᠠᠵᠤ ᠂ ᠲᠦᠭᠰᠢᠭᠦᠷᠢ ᠶᠢᠨ ᠭᠡᠮ ᠰᠣᠭᠤᠭ ᠢ ᠴᠠᠭ ᠲᠤᠬᠠᠢ ᠳᠤ ᠨᠢ ᠠᠷᠢᠯᠭᠠᠨ ᠂ ᠡᠮᠴᠢᠯᠡᠭᠡᠨ ᠤ | ᠵᠠᠭᠤᠷᠠᠯᠳᠤᠭᠠᠨ ᠢ ᠰᠡᠷᠭᠡᠶᠢᠯᠡᠨ ᠪᠠᠭᠠᠰᠬᠠᠬᠤ ᠬᠡᠷᠡᠭᠲᠡᠢ ᠃ | ᠲᠠᠪᠤᠳᠤᠭᠠᠷ ᠵᠦᠢᠯ ᠡᠮᠴᠢᠯᠡᠭᠡᠨ ᠤ ᠵᠠᠭᠤᠷᠠᠯᠳᠤᠭᠠᠨ ᠢ ᠰᠢᠢᠳᠪᠦᠷᠢᠯᠡᠬᠦ ᠳᠤ ᠬᠠᠷᠢᠶ᠎ᠠ ᠭᠠᠵᠠᠷ ᠬᠠᠷᠢᠭᠤᠴᠠᠬᠤ ᠂ | ᠡᠷᠬᠡ ᠲᠡᠭᠰᠢ ᠲᠥᠪ ᠭᠤᠤᠯᠴᠢ ᠂ ᠴᠠᠭ ᠲᠤᠬᠠᠢ ᠳᠤ ᠨᠢ ᠮᠥᠷᠲᠡᠭᠡᠨ ᠠᠷᠠᠳ ᠲᠤ ᠳᠥᠭᠦᠮ ᠦᠵᠡᠭᠦᠯᠬᠦ ᠵᠠᠷᠴᠢᠮ ᠢ | ᠵᠢᠷᠤᠮᠯᠠᠵᠤ ᠂ ᠪᠣᠳᠠᠲᠤ ᠬᠡᠷᠡᠭ ᠢ ᠨᠢ ᠲᠣᠳᠣᠷᠬᠠᠢ ᠪᠣᠯᠭᠠᠬᠤ ᠂ ᠴᠢᠨᠠᠷ ᠲᠣᠭᠲᠠᠭᠠᠯᠲᠠ ᠶᠢ ᠨᠢ ᠣᠨᠣᠪᠴᠢᠲᠠᠢ | ᠪᠠᠶᠢᠯᠭᠠᠬᠤ ᠂ ᠬᠠᠷᠢᠭᠤᠴᠠᠯᠭ᠎ᠠ ᠶᠢ ᠨᠢ ᠲᠣᠳᠣᠷᠬᠠᠢ ᠪᠠᠶᠢᠯᠭᠠᠬᠤ ᠂ ᠬᠠᠤᠯᠢ ᠶᠣᠰᠣᠭᠠᠷ ᠰᠢᠢᠳᠪᠦᠷᠢᠯᠡᠬᠦ ᠶᠢ ᠪᠡᠶᠡᠯᠡᠭᠦᠯᠬᠦ | ᠬᠡᠷᠡᠭᠲᠡᠢ ᠃ | ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠵᠠᠰᠠᠭ ᠤᠨ ᠣᠷᠳᠣᠨ ᠢᠶᠠᠷ ᠭᠤᠣᠯᠯᠠᠨ | ᠵᠢᠯᠣᠭᠤᠳᠤᠭᠤᠯᠤᠭᠰᠠᠨ ᠂ ᠰᠠᠯᠠᠭ᠎ᠠ ᠮᠥᠴᠢᠷ ᠤᠳ ᠬᠠᠮᠵᠢᠯᠴᠠᠨ ᠠᠵᠢᠯᠯᠠᠭᠰᠠᠨ ᠂ ᠨᠡᠶᠢᠭᠡᠮ ᠤᠨ ᠬᠢᠨ ᠬᠠᠮᠲᠤᠷᠠᠨ | ᠬᠠᠮᠵᠢᠯᠴᠠᠭᠰᠠᠨ ᠡᠮᠴᠢᠯᠡᠭᠡᠨ ᠤ ᠵᠠᠭᠤᠷᠠᠯᠳᠤᠭᠠᠨ ᠢ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ ᠂ | ᠡᠮᠴᠢᠯᠡᠭᠡᠨ ᠤ ᠵᠠᠭᠤᠷᠠᠯᠳᠤᠭᠠᠨ ᠢ ᠰᠡᠷᠭᠡᠶᠢᠯᠡᠬᠦ ᠪᠠ ᠰᠢᠢᠳᠪᠦᠷᠢᠯᠡᠬᠦ ᠠᠵᠢᠯ ᠢ ᠠᠮᠤᠭᠤᠯᠠᠩᠲᠤ ᠪᠠᠶᠢᠭᠤᠯᠤᠯᠲᠠ ᠶᠢᠨ | ᠰᠢᠯᠭᠠᠨ ᠬᠢᠨᠠᠵᠤ ᠦᠨᠡᠯᠡᠬᠦ ᠲᠣᠭᠲᠠᠯᠴᠠᠭ᠎ᠠ ᠳᠤ ᠣᠷᠣᠭᠤᠯᠬᠤ ᠬᠡᠷᠡᠭᠲᠡᠢ ᠃ | ᠳᠣᠯᠣᠳᠤᠭᠠᠷ ᠵᠦᠢᠯ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ | ᠡᠮᠴᠢᠯᠡᠭᠡᠨ ᠤ ᠶᠠᠰᠤ ᠴᠢᠨᠠᠷ ᠪᠠ ᠠᠮᠤᠷ ᠲᠦᠪᠰᠢᠨ ᠢ ᠬᠢᠨᠠᠨ ᠬᠠᠮᠢᠶᠠᠷᠬᠤ ᠂ ᠡᠮᠴᠢᠯᠡᠭᠡᠨ ᠤ ᠵᠠᠭᠤᠷᠠᠯᠳᠤᠭᠠᠨ ᠳᠤ ᠵᠠᠰᠠᠭ | ᠵᠠᠬᠢᠷᠭᠠᠨ ᠤ ᠡᠶᠡᠳᠡᠭᠦᠯᠭᠡ ᠬᠢᠬᠦ ᠂ ᠡᠮᠴᠢᠯᠡᠭᠡᠨ ᠤ ᠠᠳᠡᠯ ᠤᠨ ᠵᠠᠰᠠᠭ ᠵᠠᠬᠢᠷᠭᠠᠨ ᠤ ᠪᠠᠶᠢᠴᠠᠭᠠᠨ ᠰᠢᠢᠳᠪᠦᠷᠢᠯᠡᠬᠦ | ᠡᠭᠦᠷᠭᠡ ᠴᠢᠳᠠᠪᠤᠷᠢ ᠪᠠᠨ ᠭᠦᠢᠴᠡᠳᠬᠡᠵᠦ ᠂ ᠡᠮᠴᠢᠯᠡᠭᠡᠨ ᠤ ᠪᠠᠶᠢᠭᠤᠯᠤᠮᠵᠢ ᠶᠢ ᠵᠢᠭᠠᠨ ᠵᠢᠯᠤᠭᠤᠳᠬᠤ ᠪᠠ ᠬᠢᠨᠠᠯᠲᠠ | ᠲᠠᠯᠪᠢᠵᠤ ᠪᠠᠶᠢᠭᠠᠳ ᠡᠮᠴᠢᠯᠡᠭᠡᠨ ᠤ ᠵᠠᠭᠤᠷᠠᠯᠳᠤᠭᠠᠨ ᠢ ᠰᠡᠷᠭᠡᠶᠢᠯᠡᠬᠦ ᠪᠠ ᠰᠢᠢᠳᠪᠦᠷᠢᠯᠡᠬᠦ ᠠᠵᠢᠯ ᠢ ᠰᠠᠶᠢᠲᠤᠷ | ᠬᠢᠯᠭᠡᠵᠦ ᠂ ᠡᠮᠴᠢ ᠪᠠ ᠡᠪᠡᠳᠴᠢᠲᠡᠨ ᠬᠤᠶᠠᠷ ᠲᠠᠯ᠎ᠠ ᠶᠢ ᠬᠥᠲᠥᠯᠥᠨ ᠵᠢᠯᠤᠭᠤᠳᠴᠤ ᠪᠠᠶᠢᠭᠠᠳ ᠡᠮᠴᠢᠯᠡᠭᠡᠨ ᠤ | ᠵᠠᠭᠤᠷᠠᠯᠳᠤᠭᠠᠨ ᠢ ᠬᠠᠤᠯᠢ ᠶᠣᠰᠣᠭᠠᠷ ᠰᠢᠢᠳᠪᠦᠷᠢᠯᠡᠭᠦᠯᠬᠦ ᠬᠡᠷᠡᠭᠲᠡᠢ ᠃ | ᠨᠠᠢᠮᠠᠳᠤᠭᠠᠷ ᠵᠦᠢᠯ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠭᠤᠷᠪᠠᠳᠤᠭᠠᠷ ᠲᠠᠰ ᠤᠨ | ᠡᠮᠨᠡᠯᠭᠡ ᠶᠢᠨ ᠬᠤᠷᠢᠶ᠎ᠠ ᠪᠠ ᠨᠥᠬᠦᠴᠡᠯ ᠲᠠᠢ ᠬᠤᠶᠠᠳᠤᠭᠠᠷ ᠲᠠᠰ ᠤᠨ ᠡᠮᠨᠡᠯᠭᠡ ᠶᠢᠨ ᠬᠤᠷᠢᠶᠠᠨ ᠳᠤ ᠴᠠᠭᠳᠠᠭᠠᠨ ᠤ | ᠶᠠᠪᠤᠳᠠᠯ ᠤᠨ ᠲᠠᠰᠤᠭ ᠲᠣᠬᠢᠷᠠᠭᠤᠯᠵᠤ ᠂ ᠴᠢᠬᠤᠯᠠ ᠪᠦᠬᠦᠢ ᠴᠠᠭᠳᠠᠭᠠᠨ ᠤ ᠬᠦᠴᠦᠨ ᠲᠣᠬᠢᠷᠠᠭᠤᠯᠬᠤ ᠬᠡᠷᠡᠭᠲᠡᠢ ︔ | ᠨᠥᠬᠦᠴᠡᠯ ᠪᠦᠷᠢᠳᠦᠭᠦᠯᠦᠭᠡᠳᠦᠢ ᠬᠤᠶᠠᠳᠤᠭᠠᠷ ᠲᠠᠰ ᠤᠨ ᠡᠮᠨᠡᠯᠭᠡ ᠶᠢᠨ ᠬᠤᠷᠢᠶᠠᠨ ᠤ ᠡᠷᠭᠢᠨ ᠲᠣᠭᠤᠷᠢᠨ ᠳᠤ ᠠᠮᠤᠷ ᠢ | ᠬᠠᠮᠠᠭᠠᠯᠠᠬᠤ ᠬᠠᠷᠠᠭᠤᠯ ᠤᠨ ᠭᠠᠵᠠᠷ ︵ᠴᠠᠭᠳᠠᠨ ᠪᠠᠶᠢᠴᠠᠭᠠᠬᠤ ᠳᠤ ᠡᠷᠬᠡᠪᠰᠢ ᠬᠦᠷᠬᠦ ᠴᠡᠭ ︶ ᠲᠣᠬᠢᠷᠠᠭᠤᠯᠬᠤ | ᠬᠡᠷᠡᠭᠲᠡᠢ ᠃ ᠡᠮᠴᠢᠯᠡᠭᠡᠨ ᠤ ᠪᠠᠶᠢᠭᠤᠯᠤᠮᠵᠢ ᠶᠢᠨ ᠠᠮᠤᠷ ᠢ ᠬᠠᠮᠠᠭᠠᠯᠠᠬᠤ ᠲᠠᠯ᠎ᠠ ᠪᠠᠷ ᠬᠢ ᠡᠮᠬᠢ ᠵᠢᠷᠤᠮ ᠢ ᠬᠠᠤᠯᠢ | ᠶᠣᠰᠣᠭᠠᠷ ᠬᠠᠮᠠᠭᠠᠯᠠᠵᠤ ᠂ ᠡᠮᠴᠢᠯᠡᠭᠡᠨ ᠤ ᠡᠮᠬᠢ ᠳᠢᠭᠯᠢᠮ ᠢ ᠰᠠᠮᠠᠭᠤᠷᠠᠭᠤᠯᠬᠤ ᠵᠡᠷᠭᠡ ᠬᠠᠤᠯᠢ ᠠᠴᠠ ᠵᠥᠷᠢᠴᠡᠭᠰᠡᠨ | ᠶᠠᠯᠠᠲᠤ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠪᠠ ᠴᠣᠬᠢᠯᠲᠠ ᠥᠭᠬᠦ ᠬᠡᠷᠡᠭᠲᠡᠢ ᠃ | ᠶᠢᠰᠦᠳᠦᠭᠡᠷ ᠵᠦᠢᠯ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠡᠮᠴᠢᠯᠡᠭᠡᠨ ᠤ | ᠵᠠᠭᠤᠷᠠᠯᠳᠤᠭᠠᠨ ᠤ ᠠᠷᠠᠳ ᠤᠨ ᠡᠶᠡᠳᠡᠭᠦᠯᠭᠡ ᠶᠢᠨ ᠠᠵᠢᠯ ᠢ ᠬᠠᠷᠢᠭᠤᠴᠠᠨ ᠵᠢᠯᠤᠭᠤᠳᠴᠤ ᠂ ᠡᠮᠴᠢᠯᠡᠭᠡᠨ ᠤ | ᠵᠠᠭᠤᠷᠠᠯᠳᠤᠭᠠᠨ ᠢ ᠡᠶᠡᠳᠡᠭᠦᠯᠬᠦ ᠠᠵᠢᠯ ᠤᠨ ᠵᠢᠷᠤᠮᠵᠢᠭᠤᠯᠤᠯᠲᠠ ᠂ ᠲᠤᠰᠬᠠᠶᠢᠵᠢᠯᠲᠠ ᠶᠢ ᠠᠬᠢᠭᠤᠯᠬᠤ ᠬᠡᠷᠡᠭᠲᠡᠢ ᠃ | ᠡᠯ᠎ᠡ ᠭᠠᠵᠠᠷ ᠣᠷᠣᠨ ᠨᠢ ᠬᠡᠷᠡᠭᠴᠡᠭᠡ ᠪᠠᠨ ᠦᠨᠳᠦᠰᠦᠯᠡᠨ ᠡᠮᠴᠢᠯᠡᠭᠡᠨ ᠤ ᠵᠠᠭᠤᠷᠠᠯᠳᠤᠭᠠᠨ ᠤ ᠠᠷᠠᠳ ᠤᠨ | ᠡᠶᠡᠳᠡᠭᠦᠯᠭᠡ ᠶᠢᠨ ᠺᠣᠮᠢᠰ ᠢ ᠪᠠᠶᠢᠭᠤᠯᠵᠤ ᠂ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠡᠮᠴᠢᠯᠡᠭᠡᠨ ᠤ | ᠵᠠᠭᠤᠷᠠᠯᠳᠤᠭᠠᠨ ᠤ ᠠᠷᠠᠳ ᠤᠨ ᠡᠶᠡᠳᠡᠭᠦᠯᠭᠡ ᠶᠢᠨ ᠠᠵᠢᠯ ᠢ ᠬᠠᠷᠢᠭᠤᠴᠠᠭᠤᠯᠤᠨ ᠂ ᠮᠡᠳᠡᠭᠡ ᠵᠠᠩᠭᠢ ᠨᠡᠪᠲᠡᠷᠡᠯᠴᠡᠬᠦ | ᠲᠣᠭᠲᠠᠴᠠ ᠶᠢ ᠪᠠᠶᠢᠭᠤᠯᠵᠤ ᠂ ᠡᠮᠴᠢᠯᠡᠭᠡᠨ ᠤ ᠵᠠᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠠᠷᠭ᠎ᠠ ᠵᠠᠮ ᠢ | ᠰᠢᠯᠤᠭᠤᠳᠬᠠᠬᠤ ᠬᠡᠷᠡᠭᠲᠡᠢ ᠃ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠪᠤᠶᠤ ᠨᠡᠶᠢᠭᠡᠮ ᠤᠨ | ᠬᠦᠴᠦᠨ ᠢ ᠣᠷᠣᠭᠤᠯᠤᠨ ᠠᠪᠴᠢᠷᠠᠵᠤ ᠡᠮᠴᠢᠯᠡᠭᠡᠨ ᠤ ᠵᠠᠭᠤᠷᠠᠯᠳᠤᠭᠠᠨ ᠤ ᠠᠷᠠᠳ ᠤᠨ ᠡᠶᠡᠳᠡᠭᠦᠯᠭᠡ ᠶᠢᠨ ᠵᠣᠬᠢᠶᠠᠨ | ᠪᠠᠶᠢᠭᠤᠯᠤᠯᠲᠠ ᠶᠢ ᠨᠡᠭᠡᠭᠡᠨ ᠡᠷᠬᠢᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠂ ᠡᠮᠴᠢᠯᠡᠭᠡᠨ ᠤ ᠵᠠᠭᠤᠷᠠᠯᠳᠤᠭᠠᠨ ᠤ | ᠠᠷᠠᠳ ᠤᠨ ᠡᠶᠡᠳᠡᠭᠦᠯᠭᠡ ᠶᠢᠨ ᠠᠵᠢᠯ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠦᠨᠡᠨ ᠬᠦ ᠪᠠᠲᠤᠯᠠᠬᠤ | ᠬᠡᠷᠡᠭᠲᠡᠢ ᠃ | ᠠᠷᠪᠠᠳᠤᠭᠠᠷ ᠵᠦᠢᠯ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠠ | ᠳᠠᠭᠠᠳᠬᠠᠯ ᠤᠨ ᠪᠠᠶᠢᠭᠤᠯᠤᠮᠵᠢ ᠨᠤᠭᠤᠳ ᠡᠮᠴᠢᠯᠡᠭᠡᠨ ᠤ ᠲᠦᠭᠰᠢᠭᠦᠷᠢ ᠶᠢ ᠬᠤᠪᠢᠶᠠᠷᠢᠯᠠᠨ ᠡᠭᠦᠷᠭᠡᠯᠡᠬᠦ | ᠲᠣᠭᠲᠠᠴᠠ ᠶᠢᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ ᠂ ᠳᠠᠭᠠᠳᠬᠠᠯ ᠤᠨ ᠪᠠᠲᠤᠯᠠᠭ᠎ᠠ ᠶᠢᠨ ᠠᠷᠭ᠎ᠠ | ᠬᠡᠮᠵᠢᠶ᠎ᠡ ᠪᠠᠨ ᠪᠠᠶᠠᠯᠢᠭᠵᠢᠭᠤᠯᠬᠤ ᠬᠡᠷᠡᠭᠲᠡᠢ ᠃ | ᠠᠷᠪᠠᠨ ᠨᠢᠭᠡᠳᠦᠭᠡᠷ ᠵᠦᠢᠯ ᠡᠳ᠋ ᠤᠨ ᠵᠠᠰᠠᠭ ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠂ ᠵᠠᠬᠢᠳᠠᠯ ᠰᠤᠷᠪᠤᠯᠵᠢᠯᠠᠯ ᠂ ᠡᠮᠴᠢᠯᠡᠭᠡᠨ ᠤ ᠪᠠᠲᠤᠯᠠᠭ᠎ᠠ ᠵᠡᠷᠭᠡ ᠰᠠᠯᠠᠭ᠎ᠠ ᠮᠥᠴᠢᠷ ᠤᠳ ᠲᠤᠰ | ᠲᠤᠰ ᠤᠨ ᠢᠶᠠᠨ ᠡᠭᠦᠷᠭᠡ ᠬᠠᠷᠢᠭᠤᠴᠠᠯᠭ᠎ᠠ ᠶᠣᠰᠣᠭᠠᠷ ᠡᠮᠴᠢᠯᠡᠭᠡᠨ ᠤ ᠵᠠᠭᠤᠷᠠᠯᠳᠤᠭᠠᠨ ᠢ ᠰᠡᠷᠭᠡᠶᠢᠯᠡᠬᠦ ᠬᠢᠭᠡᠳ | ᠰᠢᠢᠳᠪᠦᠷᠢᠯᠡᠬᠦ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠢ ᠃ | ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠣᠷᠣᠰᠢᠭᠤᠯᠭ᠎ᠠ ᠶᠢᠨ ᠦᠢᠯᠡᠴᠢᠯᠡᠭᠡᠨ ᠤ ᠪᠠᠶᠢᠭᠤᠯᠤᠮᠵᠢ ᠶᠢ | ᠵᠢᠯᠤᠭᠤᠳᠴᠤ ᠪᠠᠶᠢᠭᠠᠳ ᠡᠪᠡᠳᠴᠢᠲᠡᠨ ᠤ ᠴᠢᠨᠳᠠᠷ ᠢ ᠬᠦᠯᠢᠶᠡᠨ ᠠᠪᠴᠤ ᠲᠡᠭᠡᠭᠡᠪᠦᠷᠢᠯᠡᠬᠦ ᠠᠵᠢᠯ ᠢ ᠬᠠᠤᠯᠢ ᠶᠣᠰᠣᠭᠠᠷ | ᠰᠠᠶᠢᠲᠤᠷ ᠬᠢᠯᠭᠡᠬᠦ ᠶᠢ ᠬᠠᠷᠢᠭᠤᠴᠠᠨ᠎ᠠ ᠃ | ᠡᠮᠴᠢᠯᠡᠭᠡᠨ ᠤ ᠪᠠᠶᠢᠭᠤᠯᠤᠮᠵᠢ ᠶᠢᠨ ᠪᠠᠶᠢᠭ᠎ᠠ ᠭᠠᠵᠠᠷ ᠂ ᠡᠪᠡᠳᠴᠢᠲᠡᠨ ᠤ ᠡᠷᠦᠬᠡ ᠠᠮᠠ ᠶᠢᠨ ᠪᠠᠶᠢᠭ᠎ᠠ ᠭᠠᠵᠠᠷ | ᠪᠤᠶᠤ ᠰᠠᠭᠤᠭ᠎ᠠ ᠭᠠᠵᠠᠷ ᠤᠨ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠂ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠠ ᠭᠠᠴᠠᠭ᠎ᠠ ᠲᠣᠰᠬᠤᠨ ︵ᠰᠠᠭᠤᠭᠠᠯᠢ ︶ ᠤ ᠠᠷᠠᠳ ᠤᠨ ᠵᠥᠪᠯᠡᠯ ᠵᠢᠴᠢ | ᠬᠠᠮᠢᠶ᠎ᠠ ᠪᠦᠬᠦᠢ ᠨᠢᠭᠡᠴᠢ ᠨᠦᠭᠦᠳ ᠡᠮᠴᠢᠯᠡᠭᠡᠨ ᠤ ᠵᠠᠭᠤᠷᠠᠯᠳᠤᠭᠠᠨ ᠢ ᠰᠡᠷᠭᠡᠶᠢᠯᠡᠬᠦ ᠪᠠ ᠰᠢᠢᠳᠪᠦᠷᠢᠯᠡᠬᠦ ᠠᠵᠢᠯ ᠢ | ᠢᠳᠡᠪᠬᠢᠲᠡᠢ ᠰᠠᠶᠢᠲᠤᠷ ᠬᠢᠬᠦ ᠬᠡᠷᠡᠭᠲᠡᠢ ᠃ | ᠠᠷᠪᠠᠨ ᠬᠤᠶᠠᠳᠤᠭᠠᠷ ᠵᠦᠢᠯ ᠡᠮᠨᠡᠯᠭᠡ ᠶᠢᠨ ᠬᠤᠷᠢᠶ᠎ᠠ ᠨᠤᠭᠤᠳ ᠤᠨ ᠨᠡᠶᠢᠭᠡᠮᠯᠢᠭ ᠂ ᠡᠮᠴᠢ ᠨᠠᠷ ᠤᠨ ᠨᠡᠶᠢᠭᠡᠮᠯᠢᠭ | ᠵᠡᠷᠭᠡ ᠬᠤᠯᠪᠣᠭᠳᠠᠯ ᠪᠦᠬᠦᠢ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠪᠠ ᠡᠮᠴᠢᠯᠡᠭᠡᠨ ᠤ | ᠪᠠᠶᠢᠭᠤᠯᠤᠮᠵᠢ ᠨᠤᠭᠤᠳ ᠠᠵᠢᠯ ᠲᠥᠷᠥᠯ ᠤᠨ ᠱᠠᠭᠠᠷᠳᠠᠯᠭ᠎ᠠ ᠪᠠᠨ ᠴᠢᠩᠭᠠᠳᠬᠠᠨ ᠂ ᠡᠮᠨᠡᠯᠭᠡ ᠶᠢᠨ ᠠᠵᠢᠯᠲᠠᠨ ᠤ ᠠᠵᠢᠯ | ᠡᠷᠬᠢᠯᠡᠬᠦ ᠦᠢᠯᠡ ᠠᠵᠢᠯᠯᠠᠭ᠎ᠠ ᠶᠢ ᠴᠢᠩᠭ᠎ᠠ ᠵᠢᠷᠤᠮᠵᠢᠭᠤᠯᠵᠤ ᠂ ᠡᠮᠨᠡᠯᠭᠡ ᠶᠢᠨ ᠠᠵᠢᠯᠲᠠᠳ ᠤᠨ ᠡᠮᠴᠢ ᠶᠢᠨ ᠮᠣᠷᠠᠯ | ᠰᠤᠷᠲᠠᠯ ᠤᠨ ᠬᠥᠮᠦᠵᠢᠯ ᠢ ᠴᠢᠩᠭᠠᠳᠬᠠᠬᠤ ᠬᠡᠷᠡᠭᠲᠡᠢ ᠃ | ᠠᠷᠪᠠᠨ ᠭᠤᠷᠪᠠᠳᠤᠭᠠᠷ ᠵᠦᠢᠯ ᠰᠣᠨᠢᠨ ᠮᠡᠳᠡᠭᠡᠨ ᠤ ᠵᠠᠭᠤᠴᠢᠯᠠᠭᠤᠷ ᠨᠢ ᠡᠮᠴᠢᠯᠡᠭᠡ ᠡᠷᠡᠭᠦᠯ ᠬᠠᠮᠠᠭᠠᠯᠠᠯ ᠤᠨ | ᠬᠠᠤᠯᠢ ᠴᠠᠭᠠᠵᠠ ᠂ ᠬᠠᠤᠯᠢ ᠲᠣᠭᠲᠠᠭᠠᠯ ᠪᠠ ᠡᠮᠴᠢᠯᠡᠭᠡ ᠡᠷᠡᠭᠦᠯ ᠬᠠᠮᠠᠭᠠᠯᠠᠯ ᠤᠨ ᠮᠡᠳᠡᠯᠭᠡ ᠶᠢᠨ ᠤᠬᠠᠭᠤᠯᠭ᠎ᠠ | ᠥᠷᠨᠢᠭᠦᠯᠵᠦ ᠂ ᠣᠯᠠᠨ ᠨᠡᠶᠢᠲᠡ ᠶᠢᠨ ᠡᠮᠴᠢ ᠪᠠ ᠡᠪᠡᠳᠴᠢᠲᠡᠨ ᠤ ᠬᠠᠷᠢᠴᠠᠭ᠎ᠠ ᠂ ᠡᠮᠴᠢᠯᠡᠭᠡᠨ ᠤ ᠲᠦᠭᠰᠢᠭᠦᠷᠢ ᠳᠤ | ᠤᠬᠠᠮᠵᠢ ᠲᠠᠢ ᠬᠠᠨᠳᠤᠬᠤ ᠶᠢ ᠬᠥᠲᠥᠯᠥᠨ ᠵᠢᠯᠤᠭᠤᠳᠬᠤ ᠬᠡᠷᠡᠭᠲᠡᠢ ︔ ᠡᠮᠴᠢᠯᠡᠭᠡᠨ ᠤ ᠵᠠᠭᠤᠷᠠᠯᠳᠤᠭᠠᠨ ᠢ | ᠮᠡᠳᠡᠭᠡᠯᠡᠬᠦ ᠳᠤ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ ᠵᠢᠷᠤᠮᠯᠠᠵᠤ ᠂ ᠦᠨᠡᠨ | ᠪᠣᠳᠠᠲᠠᠢ ᠂ ᠪᠤᠰᠤᠳᠴᠢ ᠂ ᠲᠥᠪ ᠭᠤᠤᠯᠴᠢ ᠂ ᠠᠵᠢᠯ ᠤᠨ ᠮᠣᠷᠠᠯ ᠢ ᠬᠢᠴᠢᠶᠡᠩᠭᠦᠶᠢᠯᠡᠨ ᠰᠠᠬᠢᠬᠤ ᠶᠢ ᠪᠡᠶᠡᠯᠡᠭᠦᠯᠬᠦ | ᠬᠡᠷᠡᠭᠲᠡᠢ ᠃ | ᠠᠷᠠᠳ ᠢᠷᠭᠡᠨ ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠡᠮᠴᠢᠯᠡᠭᠡᠨ ᠤ | ᠵᠠᠭᠤᠷᠠᠯᠳᠤᠭᠠᠨ ᠤ ᠬᠠᠮᠢᠶ᠎ᠠ ᠪᠦᠬᠦᠢ ᠶᠠᠷᠢᠶ᠎ᠠ ᠬᠡᠯᠡᠯᠴᠡᠭᠡ ᠶᠢ ᠨᠡᠶᠢᠲᠡᠯᠡᠬᠦ ᠳᠤ ᠪᠠᠨ ᠂ ᠬᠠᠮᠢᠶ᠎ᠠ ᠪᠦᠬᠦᠢ ᠬᠠᠤᠯᠢ ᠴᠠᠭᠠᠵᠠ | ᠬᠠᠤᠯᠢ ᠲᠣᠭᠲᠠᠭᠠᠯ ᠢ ᠵᠢᠷᠤᠮᠯᠠᠵᠤ ᠂ ᠪᠣᠳᠠᠲᠤ ᠶᠠᠪᠤᠳᠠᠯ ᠢᠶᠠᠷ ᠦᠨᠳᠦᠰᠦᠯᠡᠯ ᠪᠣᠯᠭᠠᠬᠤ ᠬᠡᠷᠡᠭᠲᠡᠢ ᠃ | ᠠᠷᠪᠠᠨ ᠳᠥᠷᠪᠡᠳᠦᠭᠡᠷ ᠵᠦᠢᠯ ᠨᠡᠶᠢᠭᠡᠮ ᠨᠡᠶᠢᠲᠡ ᠪᠠᠷ ᠢᠶᠠᠨ ᠡᠮᠨᠡᠯᠭᠡ ᠶᠢᠨ ᠠᠵᠢᠯᠲᠠᠨ ᠢ ᠬᠦᠨᠳᠦᠳᠬᠡᠨ ᠂ | ᠡᠮᠨᠡᠯᠭᠡ ᠶᠢᠨ ᠠᠵᠢᠯᠲᠠᠨ ᠳᠤ ᠬᠥᠮᠥᠨᠴᠢ ᠬᠠᠯᠠᠮᠵᠢᠯᠠᠯ ᠥᠭᠬᠦ ᠪᠠᠨ ᠴᠢᠩᠭᠠᠳᠬᠠᠵᠤ ᠂ ᠡᠮᠨᠡᠯᠭᠡ ᠶᠢᠨ ᠠᠵᠢᠯᠲᠠᠨ ᠤ | ᠠᠵᠢᠯ ᠢ ᠳᠡᠮᠵᠢᠬᠦ ᠬᠡᠷᠡᠭᠲᠡᠢ ᠃ ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠡᠮᠴᠢᠯᠡᠭᠡᠨ ᠤ ᠪᠠᠶᠢᠭᠤᠯᠤᠮᠵᠢ ᠵᠢᠴᠢ | ᠲᠡᠭᠦᠨ ᠤ ᠡᠮᠨᠡᠯᠭᠡ ᠶᠢᠨ ᠠᠵᠢᠯᠲᠠᠨ ᠤ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ | ᠬᠠᠷᠰᠢᠯᠠᠨ ᠰᠠᠭᠠᠲᠠᠭᠠᠬᠤ ᠪᠠ ᠨᠥᠯᠥᠭᠡᠯᠡᠵᠦ ᠪᠣᠯᠬᠤ ᠦᠭᠡᠢ ᠂ ᠡᠮᠨᠡᠯᠭᠡ ᠶᠢᠨ ᠠᠵᠢᠯᠲᠠᠨ ᠤ ᠬᠥᠮᠥᠨ ᠮᠥᠰᠥ ᠨᠡᠷ᠎ᠡ | ᠬᠦᠨᠳᠦ ᠂ ᠪᠡᠶ᠎ᠡ ᠶᠢᠨ ᠠᠮᠤᠷ ᠲᠦᠪᠰᠢᠨ ᠳᠤ ᠬᠠᠯᠳᠠᠵᠤ ᠪᠣᠯᠬᠤ ᠦᠭᠡᠢ ᠃ ᠡᠮᠴᠢ ᠪᠠ ᠡᠪᠡᠳᠴᠢᠲᠡᠨ ᠬᠤᠶᠠᠷ | ᠲᠠᠯ᠎ᠠ ᠪᠠᠷ ᠢᠶᠠᠨ ᠬᠠᠷᠢᠯᠴᠠᠨ ᠬᠦᠨᠳᠦᠳᠭᠡᠵᠦ ᠂ ᠣᠶᠢᠯᠠᠭᠠᠯᠴᠠᠵᠤ ᠂ ᠢᠲᠡᠭᠡᠯᠴᠡᠵᠦ ᠂ ᠡᠮᠴᠢ ᠪᠠ ᠡᠪᠡᠳᠴᠢᠲᠡᠨ ᠤ ᠡᠶ᠎ᠡ | ᠵᠣᠬᠢᠴᠠᠯ ᠤᠨ ᠬᠠᠷᠢᠴᠠᠭ᠎ᠠ ᠶᠢ ᠬᠠᠮᠲᠤ ᠪᠠᠷ ᠪᠠᠶᠢᠭᠤᠯᠬᠤ ᠬᠡᠷᠡᠭᠲᠡᠢ ᠃ | ᠬᠤᠶᠠᠳᠤᠭᠠᠷ ᠪᠦᠯᠦᠭ ᠡᠮᠴᠢᠯᠡᠭᠡᠨ ᠤ ᠵᠠᠭᠤᠷᠠᠯᠳᠤᠭᠠᠨ ᠢ ᠰᠡᠷᠭᠡᠶᠢᠯᠡᠬᠦ | ᠠᠷᠪᠠᠨ ᠲᠠᠪᠤᠳᠤᠭᠠᠷ ᠵᠦᠢᠯ ᠡᠮᠴᠢᠯᠡᠭᠡᠨ ᠤ ᠪᠠᠶᠢᠭᠤᠯᠤᠮᠵᠢ ᠵᠢᠴᠢ ᠲᠡᠭᠦᠨ ᠤ ᠡᠮᠨᠡᠯᠭᠡ ᠶᠢᠨ ᠠᠵᠢᠯᠲᠠᠨ | ᠣᠨᠣᠰᠢᠯᠠᠨ ᠡᠮᠨᠡᠬᠦ ᠠᠵᠢᠯᠯᠠᠭ᠎ᠠ ᠳᠤ ᠪᠠᠨ ᠡᠪᠡᠳᠴᠢᠲᠡᠨ ᠢᠶᠠᠷ ᠭᠤᠣᠯ ᠪᠣᠯᠭᠠᠵᠤ ᠂ ᠬᠥᠮᠥᠨᠴᠢ ᠬᠠᠯᠠᠮᠵᠢᠯᠠᠯ ᠢᠶᠠᠨ | ᠴᠢᠩᠭᠠᠳᠬᠠᠨ ᠂ ᠡᠮᠴᠢᠯᠡᠭᠡ ᠡᠷᠡᠭᠦᠯ ᠬᠠᠮᠠᠭᠠᠯᠠᠯ ᠤᠨ ᠬᠠᠤᠯᠢ ᠴᠠᠭᠠᠵᠠ ᠂ ᠬᠠᠤᠯᠢ ᠲᠣᠭᠲᠠᠭᠠᠯ ᠂ ᠲᠣᠭᠲᠠᠭᠠᠯ | ᠳᠦᠷᠢᠮ ᠪᠠ ᠣᠨᠣᠰᠢᠯᠠᠨ ᠡᠮᠨᠡᠬᠦ ᠬᠠᠮᠢᠶ᠎ᠠ ᠪᠦᠬᠦᠢ ᠵᠢᠷᠤᠮᠵᠢᠯ ᠂ ᠵᠤᠷᠰᠢᠯ ᠢ ᠴᠢᠩᠭ᠎ᠠ ᠵᠢᠷᠤᠮᠯᠠᠨ ᠰᠠᠬᠢᠵᠤ ᠂ ᠠᠵᠢᠯ ᠤᠨ | ᠮᠣᠷᠠᠯ ᠢ ᠬᠢᠴᠢᠶᠡᠩᠭᠦᠶᠢᠯᠡᠨ ᠰᠠᠬᠢᠬᠤ ᠬᠡᠷᠡᠭᠲᠡᠢ ᠃ ᠡᠮᠴᠢᠯᠡᠭᠡᠨ ᠤ ᠪᠠᠶᠢᠭᠤᠯᠤᠮᠵᠢ ᠨᠤᠭᠤᠳ ᠲᠡᠭᠦᠨ ᠤ ᠡᠮᠨᠡᠯᠭᠡ ᠶᠢᠨ | ᠠᠵᠢᠯᠲᠠᠨ ᠳᠤ ᠡᠮᠴᠢᠯᠡᠭᠡ ᠡᠷᠡᠭᠦᠯ ᠬᠠᠮᠠᠭᠠᠯᠠᠯ ᠤᠨ ᠬᠠᠤᠯᠢ ᠴᠠᠭᠠᠵᠠ ᠂ ᠬᠠᠤᠯᠢ ᠲᠣᠭᠲᠠᠭᠠᠯ ᠂ ᠲᠣᠭᠲᠠᠭᠠᠯ | ᠳᠦᠷᠢᠮ ᠪᠠ ᠣᠨᠣᠰᠢᠯᠠᠨ ᠡᠮᠨᠡᠬᠦ ᠬᠠᠮᠢᠶ᠎ᠠ ᠪᠦᠬᠦᠢ ᠵᠢᠷᠤᠮᠵᠢᠯ ᠂ ᠵᠤᠷᠰᠢᠯ ᠤᠨ ᠲᠠᠯ᠎ᠠ ᠪᠠᠷ ᠬᠢ ᠪᠣᠯᠪᠠᠰᠤᠷᠠᠯ ᠬᠢᠬᠦ ᠶᠢᠨ | ᠬᠠᠮᠲᠤ ᠠᠵᠢᠯ ᠤᠨ ᠮᠣᠷᠠᠯ ᠤᠨ ᠬᠥᠮᠥᠵᠢᠯ ᠬᠢᠬᠦ ᠪᠠᠨ ᠴᠢᠩᠭᠠᠳᠬᠠᠬᠤ ᠬᠡᠷᠡᠭᠲᠡᠢ ᠃ | ᠠᠷᠪᠠᠨ ᠵᠢᠷᠭᠤᠳᠤᠭᠠᠷ ᠵᠦᠢᠯ ᠡᠮᠴᠢᠯᠡᠭᠡᠨ ᠤ ᠪᠠᠶᠢᠭᠤᠯᠤᠮᠵᠢ ᠨᠤᠭᠤᠳ ᠡᠮᠴᠢᠯᠡᠭᠡᠨ ᠤ ᠶᠠᠰᠤ ᠴᠢᠨᠠᠷ ᠤᠨ | ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ ᠶᠢ ᠪᠠᠶᠢᠭᠤᠯᠤᠨ ᠪᠦᠷᠢᠨᠰᠢᠭᠦᠯᠵᠦ ᠂ ᠡᠮᠴᠢᠯᠡᠭᠡᠨ ᠤ ᠶᠠᠰᠤ ᠴᠢᠨᠠᠷ ᠤᠨ | ᠬᠠᠮᠢᠶᠠᠷᠤᠯᠲᠠ ᠶᠢᠨ ᠳᠦᠷᠢᠮ ᠢ ᠲᠣᠭᠲᠠᠭᠠᠬᠤ ᠶᠢᠨ ᠬᠠᠮᠲᠤ ᠬᠡᠷᠡᠭᠵᠢᠭᠦᠯᠵᠦ ᠂ ᠣᠨᠣᠰᠢᠯᠠᠨ ᠡᠮᠨᠡᠬᠦ ᠠᠵᠢᠯᠯᠠᠭ᠎ᠠ ᠳᠠᠬᠢ | ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠨ ᠂ ᠦᠢᠯᠡᠴᠢᠯᠡᠭᠡᠨ ᠤ ᠴᠤᠪᠤᠷᠠᠯ ᠢᠶᠠᠨ ᠰᠢᠯᠢᠳᠡᠭᠵᠢᠭᠦᠯᠵᠦ ᠂ | ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ ᠃ | ᠡᠮᠴᠢᠯᠡᠭᠡᠨ ᠤ ᠪᠠᠶᠢᠭᠤᠯᠤᠮᠵᠢ ᠨᠤᠭᠤᠳ ᠡᠮᠴᠢᠯᠡᠭᠡᠨ ᠤ ᠠᠮᠤᠷ ᠲᠦᠪᠰᠢᠨ ᠬᠢᠭᠡᠳ ᠲᠦᠭᠰᠢᠭᠦᠷᠢ ᠶᠢᠨ | ᠬᠠᠮᠢᠶᠠᠷᠤᠯᠲᠠ ᠶᠢᠨ ᠳᠦᠷᠢᠮ ᠢ ᠪᠠᠶᠢᠭᠤᠯᠵᠤ ᠂ ᠡᠮᠴᠢᠯᠡᠭᠡᠨ ᠤ ᠲᠦᠭᠰᠢᠭᠦᠷᠢ ᠶᠢ ᠢᠯᠭᠠᠨ ᠲᠠᠨᠢᠬᠤ ᠂ ᠦᠨᠡᠯᠡᠨ | ᠵᠢᠱᠢᠬᠦ ᠪᠠ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠦᠨ ᠂ ᠡᠮᠴᠢᠯᠡᠭᠡᠨ ᠤ ᠲᠦᠭᠰᠢᠭᠦᠷᠢ ᠶᠢᠨ | ᠬᠠᠮᠢᠶᠠᠷᠤᠯᠲᠠ ᠪᠠᠨ ᠴᠢᠩᠭᠠᠳᠬᠠᠵᠤ ᠂ ᠠᠷᠭ᠎ᠠ ᠬᠡᠮᠵᠢᠶ᠎ᠡ ᠪᠠᠨ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠲᠣᠭᠲᠠᠮᠠᠯ | ᠬᠤᠭᠤᠴᠠᠭ᠎ᠠ ᠲᠠᠢ ᠪᠠᠷ ᠪᠠᠶᠢᠴᠠᠭᠠᠵᠤ ᠂ ᠭᠡᠮ ᠰᠣᠭᠤᠭ ᠢ ᠴᠠᠭ ᠲᠤᠬᠠᠢ ᠳᠤ ᠨᠢ ᠠᠷᠢᠯᠭᠠᠬᠤ ᠬᠡᠷᠡᠭᠲᠡᠢ ᠃ | ᠠᠷᠪᠠᠨ ᠳᠣᠯᠣᠳᠤᠭᠠᠷ ᠵᠦᠢᠯ ᠡᠮᠴᠢᠯᠡᠭᠡᠨ ᠤ ᠪᠠᠶᠢᠭᠤᠯᠤᠮᠵᠢ ᠨᠤᠭᠤᠳ ᠡᠮᠴᠢ ᠪᠠ ᠡᠪᠡᠳᠴᠢᠲᠡᠨ ᠤ | ᠣᠶᠢᠯᠠᠭᠠᠯᠴᠠᠨ ᠨᠡᠪᠲᠡᠷᠡᠯᠴᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ ᠂ ᠡᠮᠴᠢ ᠪᠠ ᠡᠪᠡᠳᠴᠢᠲᠡᠨ ᠤ | ᠣᠶᠢᠯᠠᠭᠠᠯᠴᠠᠨ ᠨᠡᠪᠲᠡᠷᠡᠯᠴᠡᠬᠦ ᠠᠭᠤᠯᠭ᠎ᠠ ᠶᠢ ᠲᠡᠭᠦᠯᠳᠡᠷᠵᠢᠭᠦᠯᠦᠨ ᠂ ᠡᠪᠡᠳᠴᠢᠲᠡᠨ ᠢ ᠣᠨᠣᠰᠢᠯᠠᠨ ᠡᠮᠨᠡᠬᠦ ᠶᠠᠪᠤᠴᠠ ᠳᠤ | ᠳᠤᠷᠠᠳᠤᠭᠰᠠᠨ ᠯᠠᠪᠯᠠᠯᠲᠠ ᠂ ᠰᠠᠨᠠᠯ ᠰᠠᠨᠠᠭᠤᠯᠭ᠎ᠠ ᠳᠤ ᠬᠦᠯᠢᠴᠡᠩᠭᠦᠢ ᠪᠠᠷ ᠲᠠᠶᠢᠯᠪᠤᠷᠢᠯᠠᠨ ᠲᠣᠳᠣᠷᠬᠠᠶᠢᠯᠠᠬᠤ ᠶᠢᠨ | ᠬᠠᠮᠲᠤ ᠲᠣᠭᠲᠠᠭᠠᠯ ᠶᠣᠰᠣᠭᠠᠷ ᠰᠢᠢᠳᠪᠦᠷᠢᠯᠡᠬᠦ ᠬᠡᠷᠡᠭᠲᠡᠢ ︔ ᠡᠪᠡᠳᠴᠢᠲᠡᠨ ᠤ ᠳᠤᠷᠠᠳᠤᠭᠰᠠᠨ ᠮᠠᠳᠠᠭ ᠲᠠᠢ ᠵᠦᠢᠯ ᠢ | ᠴᠠᠭ ᠲᠤᠬᠠᠢ ᠳᠤ ᠨᠢ ᠬᠠᠷᠭᠤᠭᠤᠯᠬᠤ ᠪᠠ ᠥᠪᠡᠷ ᠤᠨ ᠪᠠᠶᠢᠴᠠᠭᠠᠯᠲᠠ ᠬᠢᠬᠦ ᠶᠢᠨ ᠬᠠᠮᠲᠤ ᠡᠪᠡᠳᠴᠢᠲᠡᠨ ᠪᠤᠶᠤ | ᠲᠡᠭᠦᠨ ᠤ ᠣᠶᠢᠷ᠎ᠠ ᠲᠥᠷᠥᠯ ᠰᠠᠳᠤᠨ ᠯᠤᠭ᠎ᠠ ᠣᠶᠢᠯᠠᠭᠠᠯᠴᠠᠨ ᠨᠡᠪᠲᠡᠷᠡᠯᠴᠡᠵᠦ ᠂ ᠪᠠᠶᠢᠳᠠᠯ ᠢ ᠦᠨᠡᠨ ᠪᠣᠳᠠᠲᠠᠢ ᠪᠠᠷ | ᠲᠣᠳᠣᠷᠬᠠᠶᠢᠯᠠᠨ ᠂ ᠵᠠᠭᠤᠷᠠᠯᠳᠤᠭᠠᠨ ᠤ ᠭᠡᠮ ᠰᠣᠭᠤᠭ ᠢ ᠴᠠᠭ ᠲᠤᠬᠠᠢ ᠳᠤ ᠨᠢ ᠵᠢᠭᠰᠠᠭᠠᠨ ᠪᠠᠶᠢᠴᠠᠭᠠᠵᠤ | ᠢᠯᠡᠷᠡᠭᠦᠯᠬᠦ ᠶᠢᠨ ᠬᠠᠮᠲᠤ ᠰᠡᠷᠭᠡᠶᠢᠯᠡᠨ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ ᠃ | ᠡᠮᠴᠢᠯᠡᠭᠡᠨ ᠤ ᠪᠠᠶᠢᠭᠤᠯᠤᠮᠵᠢ ᠨᠤᠭᠤᠳ ᠵᠠᠭᠠᠯᠳᠤᠯᠭ᠎ᠠ ᠶᠢ ᠭᠥᠯᠢᠶᠡᠨ ᠠᠪᠬᠤ ᠳᠦᠷᠢᠮ ᠢ ᠪᠠᠶᠢᠭᠤᠯᠤᠨ | ᠪᠦᠷᠢᠨᠰᠢᠭᠦᠯᠵᠦ ᠂ ᠵᠠᠭᠠᠯᠳᠤᠯᠭ᠎ᠠ ᠶᠢᠨ ᠨᠢᠭᠡᠳᠦᠯᠲᠡᠢ ᠬᠠᠮᠢᠶᠠᠷᠤᠯᠲᠠ ᠶᠢᠨ ᠰᠠᠯᠠᠭ᠎ᠠ ᠮᠥᠴᠢᠷ ᠪᠤᠶᠤ ᠲᠤᠰᠬᠠᠢ | ︵ᠲᠤᠰᠢᠶᠠᠯ ᠬᠠᠪᠰᠤᠷᠭᠠᠭᠰᠠᠨ ︶ ᠠᠵᠢᠯᠲᠠᠨ ᠲᠣᠬᠢᠷᠠᠭᠤᠯᠬᠤ ᠬᠡᠷᠡᠭᠲᠡᠢ ᠂ ᠬᠤᠶᠠᠳᠤᠭᠠᠷ ᠳᠡᠰ ᠠᠴᠠ ᠳᠡᠭᠡᠭᠰᠢᠬᠢ | ᠡᠮᠴᠢᠯᠡᠭᠡᠨ ᠤ ᠪᠠᠶᠢᠭᠤᠯᠤᠮᠵᠢ ᠨᠢ ᠲᠤᠰᠬᠠᠢ ᠲᠠᠯᠠᠪᠤᠷ ᠲᠣᠬᠢᠷᠠᠭᠤᠯᠵᠤ ᠂ ᠡᠪᠡᠳᠴᠢᠲᠡᠨ ᠤ ᠵᠠᠭᠠᠯᠳᠤᠯᠭ᠎ᠠ ᠪᠤᠶᠤ | ᠯᠠᠪᠯᠠᠯᠲᠠ ᠶᠢ ᠭᠥᠯᠢᠶᠡᠨ ᠠᠪᠴᠤ ᠂ ᠵᠠᠭᠠᠯᠳᠤᠯᠭ᠎ᠠ ᠶᠢᠨ ᠰᠢᠭᠤᠳ ᠰᠢᠯᠤᠭᠤᠬᠠᠨ ᠂ ᠳᠥᠭᠦᠮ ᠳᠥᠲᠡ ᠠᠷᠭ᠎ᠠ ᠮᠥᠷ ᠢ | ᠪᠠᠶᠢᠭᠤᠯᠵᠤ ᠂ ᠡᠮᠴᠢᠯᠡᠭᠡᠨ ᠤ ᠪᠠᠶᠢᠭᠤᠯᠤᠮᠵᠢ ᠶᠢᠨ ᠢᠯᠡᠷᠬᠡᠢ ᠣᠷᠣᠨ ᠪᠠᠶᠢᠷᠢ ᠳᠤ ᠵᠠᠭᠠᠯᠳᠤᠯᠭ᠎ᠠ ᠶᠢ ᠰᠢᠢᠳᠪᠦᠷᠢᠯᠡᠬᠦ | ᠲᠠᠰ ᠳᠠᠷᠠᠭᠠᠯᠠᠯ ᠂ ᠣᠷᠣᠨ ᠭᠠᠵᠠᠷ ᠂ ᠭᠥᠯᠢᠶᠡᠨ ᠠᠪᠬᠤ ᠴᠠᠭ ᠬᠤᠭᠤᠴᠠᠭ᠎ᠠ ᠪᠠ ᠬᠠᠷᠢᠯᠴᠠᠬᠤ ᠠᠷᠭ᠎ᠠ ᠮᠠᠶ᠋ᠢᠭ | ᠵᠡᠷᠭᠡ ᠶᠢ ᠨᠡᠶᠢᠲᠡᠯᠡᠵᠦ ᠂ ᠡᠪᠡᠳᠴᠢᠲᠡᠨ ᠤ ᠵᠠᠭᠠᠯᠳᠤᠬᠤ ᠂ ᠯᠠᠪᠯᠠᠬᠤ ᠳᠤ ᠲᠥᠬᠦᠮ ᠦᠵᠡᠭᠦᠯᠬᠦ ᠬᠡᠷᠡᠭᠲᠡᠢ ᠃ | ᠠᠷᠪᠠᠨ ᠨᠠᠢᠮᠠᠳᠤᠭᠠᠷ ᠵᠦᠢᠯ ᠡᠮᠴᠢᠯᠡᠭᠡᠨ ᠤ ᠪᠠᠶᠢᠭᠤᠯᠤᠮᠵᠢ ᠨᠢ ᠡᠮᠴᠢᠯᠡᠭᠡᠨ ᠤ ᠮᠡᠷᠭᠡᠵᠢᠯ ᠤᠨ ᠦᠢᠯᠡᠴᠢᠯᠡᠭᠡ | ᠥᠷᠨᠢᠭᠦᠯᠬᠦ ᠳᠤ ᠪᠠᠨ ᠲᠣᠰ ᠪᠡᠶ᠎ᠡ ᠶᠢᠨ ᠢᠶᠠᠨ ᠮᠡᠷᠭᠡᠵᠢᠯ ᠤᠨ ᠴᠢᠳᠠᠪᠤᠷᠢ ᠯᠤᠭ᠎ᠠ ᠬᠠᠷᠢᠯᠴᠠᠨ ᠵᠣᠬᠢᠴᠠᠭᠰᠠᠨ ᠪᠠᠶᠢᠬᠤ | ᠬᠡᠷᠡᠭᠲᠡᠢ ᠂ ᠬᠢᠵᠠᠭᠠᠷᠯᠠᠬᠤ ᠲᠥᠷᠥᠯ ᠤᠨ ᠮᠡᠷᠭᠡᠵᠢᠯ ᠤᠨ ᠬᠡᠷᠡᠭᠯᠡᠭᠡᠨ ᠥᠷᠨᠢᠭᠦᠯᠬᠦ ᠳᠤ ᠪᠠᠨ ᠂ ᠬᠠᠮᠢᠶ᠎ᠠ ᠪᠦᠬᠦᠢ | ᠡᠮᠴᠢᠯᠡᠭᠡᠨ ᠤ ᠮᠡᠷᠭᠡᠵᠢᠯ ᠤᠨ ᠡᠮᠴᠢᠯᠡᠭᠡᠨ ᠤ ᠬᠡᠷᠡᠭᠯᠡᠭᠡᠨ ᠤ ᠬᠠᠮᠢᠶᠠᠷᠤᠯᠲᠠ ᠶᠢᠨ ᠵᠢᠷᠤᠮᠵᠢᠯ ᠶᠣᠰᠣᠭᠠᠷ ᠥᠪᠡᠷ ᠢ ᠪᠠᠨ | ᠦᠨᠡᠯᠡᠨ ᠵᠢᠱᠢᠬᠦ ᠬᠡᠷᠡᠭᠲᠡᠢ ᠂ ᠨᠥᠬᠦᠴᠡᠯ ᠳᠤ ᠨᠡᠶᠢᠴᠡᠬᠦ ᠨᠢ ᠡᠮᠴᠢᠯᠡᠭᠡᠨ ᠤ ᠬᠡᠷᠡᠭᠯᠡᠭᠡᠨ ᠥᠷᠨᠢᠭᠦᠯᠵᠦ ᠪᠣᠯᠬᠤ ᠶᠢᠨ | ᠬᠠᠮᠲᠤ ᠂ ᠬᠠᠷᠠᠭᠠᠯᠵᠠᠭᠰᠠᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ | ᠳᠠᠩᠰᠠᠯᠠᠭᠤᠯᠬᠤ ᠬᠡᠷᠡᠭᠲᠡᠢ ᠂ ᠴᠠᠭᠠᠵᠠᠯᠠᠬᠤ ᠲᠥᠷᠥᠯ ᠤᠨ ᠮᠡᠷᠭᠡᠵᠢᠯ ᠤᠨ ᠬᠡᠷᠡᠭᠯᠡᠭᠡᠨ ᠥᠷᠨᠢᠭᠦᠯᠬᠦ ᠶᠢ ᠴᠢᠩᠭ᠎ᠠ | ᠴᠠᠭᠠᠵᠠᠯᠠᠨ᠎ᠠ ᠃ ᠡᠮᠴᠢᠯᠡᠭᠡᠨ ᠤ ᠰᠢᠨ᠎ᠡ ᠮᠡᠷᠭᠡᠵᠢᠯ ᠢ ᠬᠡᠷᠡᠭᠯᠡᠬᠦ ᠳᠤ ᠂ ᠮᠡᠷᠭᠡᠵᠢᠯ ᠤᠨ ᠦᠨᠡᠯᠡᠨ ᠵᠢᠱᠢᠯᠲᠡ ᠪᠠ ᠡᠰᠢ | ᠶᠣᠰᠣᠨ ᠤ ᠬᠢᠨᠠᠨ ᠪᠠᠶᠢᠴᠠᠭᠠᠯᠲᠠ ᠶᠢ ᠥᠷᠨᠢᠭᠦᠯᠵᠦ ᠂ ᠠᠮᠤᠷ ᠲᠦᠪᠰᠢᠨ ᠪᠥᠭᠡᠳ ᠪᠦᠲᠦᠮᠵᠢᠲᠡᠶ ᠂ ᠡᠰᠢ ᠶᠣᠰᠣᠨ ᠳᠤ | ᠨᠡᠶᠢᠴᠡᠬᠦ ᠶᠢ ᠦᠨᠡᠨ ᠬᠦ ᠪᠠᠲᠤᠯᠠᠬᠤ ᠬᠡᠷᠡᠭᠲᠡᠢ ᠃ | ᠠᠷᠪᠠ ᠶᠢᠰᠦᠳᠦᠭᠡᠷ ᠵᠦᠢᠯ ᠡᠮᠴᠢᠯᠡᠭᠡᠨ ᠤ ᠪᠠᠶᠢᠭᠤᠯᠤᠮᠵᠢ ᠵᠢᠴᠢ ᠲᠡᠭᠦᠨ ᠤ ᠡᠮᠨᠡᠯᠬᠡ ᠶᠢᠨ ᠠᠵᠢᠯᠲᠠᠨ ᠨᠢ | ᠣᠨᠣᠰᠢᠯᠠᠨ ᠡᠮᠨᠡᠬᠦ ᠠᠵᠢᠯᠯᠠᠭ᠎ᠠ ᠳᠤ ᠪᠠᠨ ᠳᠣᠣᠷ᠎ᠠ ᠵᠢᠭᠰᠠᠭᠠᠭᠰᠠᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ | ᠬᠡᠷᠡᠭᠲᠡᠢ ᠄ | ︵ᠨᠢᠭᠡ ︶ ᠡᠮᠴᠢᠯᠡᠭᠡ ᠡᠷᠡᠭᠦᠯ ᠬᠠᠮᠠᠭᠠᠯᠠᠯ ᠤᠨ ᠬᠠᠤᠯᠢ ᠴᠠᠭᠠᠵᠠ ᠂ ᠬᠠᠤᠯᠢ ᠲᠣᠭᠲᠠᠭᠠᠯ ᠂ ᠲᠣᠭᠲᠠᠭᠠᠯ | ᠳᠦᠷᠢᠮ ᠪᠠ ᠣᠨᠣᠰᠢᠯᠠᠨ ᠡᠮᠨᠡᠬᠦ ᠬᠠᠮᠢᠶ᠎ᠠ ᠪᠦᠬᠦᠢ ᠵᠢᠷᠤᠮᠵᠢᠯ ᠂ ᠵᠤᠷᠰᠢᠯ ᠢ ᠴᠢᠩᠭ᠎ᠠ ᠵᠢᠷᠤᠮᠯᠠᠬᠤ ᠬᠡᠷᠡᠭᠲᠡᠢ ᠃ | ︵ᠬᠤᠶᠠᠷ ︶ ᠡᠪᠡᠳᠴᠢᠲᠡᠨ ᠢ ᠬᠠᠯᠠᠮᠵᠢᠯᠠᠨ ᠬᠠᠶᠢᠷᠠᠯᠠᠵᠤ ᠬᠦᠨᠳᠦᠳᠬᠡᠵᠦ ᠂ ᠡᠪᠡᠳᠴᠢᠲᠡᠨ ᠤ ᠨᠢᠭᠤᠴᠠ ᠪᠠ | ᠬᠤᠪᠢ ᠬᠥᠮᠥᠨ ᠤ ᠮᠡᠳᠡᠭᠡ ᠵᠠᠩᠭᠢ ᠶᠢ ᠬᠠᠮᠠᠭᠠᠯᠠᠬᠤ ᠬᠡᠷᠡᠭᠲᠡᠢ ᠃ | ︵ᠭᠤᠷᠪᠠ ︶ ᠡᠪᠡᠳᠴᠢᠨ ᠳᠤ ᠨᠢ ᠵᠣᠬᠢᠴᠠᠭᠤᠯᠤᠨ ᠵᠠᠰᠠᠯᠲᠠ ᠬᠢᠵᠦ ᠂ ᠵᠦᠢ ᠵᠣᠬᠢᠰᠲᠠᠢ ᠪᠠᠶᠢᠴᠠᠭᠠᠵᠤ ᠂ ᠵᠦᠢ | ᠵᠣᠬᠢᠰᠲᠠᠢ ᠡᠮ ᠬᠡᠷᠡᠭᠯᠡᠵᠦ ᠂ ᠵᠦᠢ ᠵᠣᠬᠢᠰᠲᠠᠢ ᠡᠮᠨᠡᠨ ᠵᠠᠰᠠᠵᠤ ᠂ ᠬᠠᠤᠯᠢ ᠳᠤ ᠨᠡᠶᠢᠴᠡᠭᠰᠡᠨ ᠂ ᠲᠣᠭᠲᠠᠭᠠᠯ ᠳᠤ | ᠨᠡᠶᠢᠴᠡᠭᠰᠡᠨ ᠂ ᠰᠢᠨᠵᠢᠯᠡᠬᠦ ᠤᠬᠠᠭᠠᠨᠴᠢ ᠣᠨᠣᠰᠢᠯᠠᠨ ᠡᠮᠨᠡᠬᠦ ᠠᠷᠭ᠎ᠠ ᠶᠢ ᠬᠡᠷᠡᠭᠯᠡᠬᠦ ᠬᠡᠷᠡᠭᠲᠡᠢ ᠃ | ︵ᠳᠥᠷᠪᠡ ︶ ᠡᠪᠡᠳᠴᠢᠨ ᠤ ᠪᠠᠶᠢᠳᠠᠯ ᠂ ᠡᠮᠴᠢᠯᠡᠭᠡᠨ ᠤ ᠠᠷᠭ᠎ᠠ ᠬᠡᠮᠵᠢᠶ᠎ᠡ ᠂ ᠡᠮᠴᠢᠯᠡᠭᠡᠨ ᠤ ᠲᠦᠭᠰᠢᠭᠦᠷᠢ ᠵᠡᠷᠭᠡ | ᠪᠠᠶᠢᠳᠠᠯ ᠢ ᠡᠪᠡᠳᠴᠢᠲᠡᠨ ᠳᠤ ᠦᠨᠡᠨ ᠮᠥᠨ ᠢᠶᠠᠷ ᠨᠢ ᠮᠡᠳᠡᠭᠳᠡᠵᠦ ᠂ ᠮᠡᠰᠡ ᠵᠠᠰᠠᠯ ᠂ ᠣᠨᠴᠠᠭᠠᠢ ᠪᠠᠶᠢᠴᠠᠭᠠᠯᠲᠠ ᠂ | ᠣᠨᠴᠠᠭᠠᠢ ᠵᠠᠰᠠᠯᠭ᠎ᠠ ᠬᠢᠬᠦ ᠴᠢᠬᠤᠯᠠᠲᠠᠢ ᠪᠠᠶᠢᠪᠠᠯ ᠂ ᠡᠪᠡᠳᠴᠢᠲᠡᠨ ᠳᠤ ᠡᠮᠴᠢᠯᠡᠭᠡᠨ ᠤ ᠲᠦᠭᠰᠢᠭᠦᠷᠢ ᠂ ᠣᠷᠣᠯᠠᠭᠤᠯᠬᠤ | ᠡᠮᠴᠢᠯᠡᠭᠡᠨ ᠤ ᠲᠥᠰᠥᠯ ᠵᠡᠷᠭᠡ ᠪᠠᠶᠢᠳᠠᠯ ᠢ ᠴᠠᠭ ᠲᠤᠬᠠᠢ ᠳᠤ ᠨᠢ ᠪᠣᠳᠠᠲᠠᠢ ᠲᠣᠳᠣᠷᠬᠠᠶᠢᠯᠠᠬᠤ ᠶᠢᠨ ᠬᠠᠮᠲᠤ ᠲᠡᠭᠦᠨ ᠤ | ᠲᠣᠳᠣᠷᠬᠠᠢ ᠵᠥᠪᠰᠢᠶᠡᠷᠡᠯ ᠢ ᠣᠯᠬᠤ ᠬᠡᠷᠡᠭᠲᠡᠢ ︔ ᠡᠪᠡᠳᠴᠢᠲᠡᠨ ᠳᠤ ᠲᠣᠳᠣᠷᠬᠠᠶᠢᠯᠠᠵᠤ ᠪᠣᠯᠬᠤ ᠦᠭᠡᠢ ᠪᠤᠶᠤ | ᠡᠪᠡᠳᠴᠢᠲᠡᠨ ᠳᠤ ᠲᠣᠳᠣᠷᠬᠠᠶᠢᠯᠠᠬᠤ ᠳᠤ ᠲᠣᠬᠢᠷᠠᠮᠵᠢ ᠦᠭᠡᠢ ᠪᠠᠶᠢᠪᠠᠯ ᠂ ᠡᠪᠡᠳᠴᠢᠲᠡᠨ ᠤ ᠣᠶᠢᠷ᠎ᠠ ᠲᠥᠷᠥᠯ | ᠰᠠᠳᠤᠨ ᠳᠤ ᠲᠠᠶᠢᠯᠪᠤᠷᠢᠯᠠᠵᠤ ᠥᠭᠬᠦ ᠶᠢᠨ ᠬᠠᠮᠲᠤ ᠲᠡᠭᠦᠨ ᠤ ᠲᠣᠳᠣᠷᠬᠠᠢ ᠵᠥᠪᠰᠢᠶᠡᠷᠡᠯ ᠢ ᠣᠯᠬᠤ ᠬᠡᠷᠡᠭᠲᠡᠢ ᠃ | ︵ᠲᠠᠪᠤ ︶ ᠪᠠᠴᠢᠮ ᠠᠪᠤᠷᠠᠨ ᠵᠠᠰᠠᠬᠤ ᠴᠢᠬᠤᠯᠠᠲᠠᠢ ᠡᠪᠡᠳᠴᠢᠲᠡᠨ ᠳᠤ ᠪᠠᠴᠢᠮ ᠠᠷᠭ᠎ᠠ ᠬᠡᠮᠵᠢᠶ᠎ᠡ ᠠᠪᠴᠤ | ᠪᠠᠶᠢᠭᠠᠳ ᠣᠨᠣᠰᠢᠯᠠᠨ ᠡᠮᠨᠡᠬᠦ ᠬᠡᠷᠡᠭᠲᠡᠢ ᠂ ᠲᠦᠷᠭᠡᠨ ᠠᠪᠤᠷᠠᠵᠤ ᠡᠮᠴᠢᠯᠡᠨ ᠰᠢᠢᠳᠪᠦᠷᠢᠯᠡᠬᠦ ᠶᠢ ᠲᠡᠪᠴᠢᠵᠦ ᠪᠣᠯᠬᠤ | ᠦᠭᠡᠢ ᠃ ᠠᠮᠢ ᠨᠠᠰᠤ ᠨᠢ ᠲᠦᠭᠰᠢᠭᠦᠷᠢᠲᠡᠢ ᠪᠣᠯᠣᠭᠰᠠᠨ ᠡᠪᠡᠳᠴᠢᠲᠡᠨ ᠢ ᠲᠦᠷᠭᠡᠨ ᠠᠪᠤᠷᠠᠬᠤ ᠵᠡᠷᠭᠡ ᠪᠠᠴᠢᠮ | ᠪᠠᠶᠢᠳᠠᠯ ᠠᠴᠠ ᠪᠣᠯᠣᠭᠠᠳ ᠡᠪᠡᠳᠴᠢᠲᠡᠨ ᠪᠤᠶᠤ ᠣᠶᠢᠷ᠎ᠠ ᠲᠥᠷᠥᠯ ᠰᠠᠳᠤᠨ ᠠᠴᠠ ᠨᠢ ᠰᠠᠨᠠᠯ ᠠᠪᠴᠤ ᠳᠡᠶᠢᠯᠬᠦ ᠦᠭᠡᠢ | ᠪᠠᠶᠢᠳᠠᠯ ᠳᠤ ᠂ ᠡᠮᠴᠢᠯᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠪᠤᠶᠤ ᠡᠷᠬᠡ ᠣᠯᠭᠤᠭᠰᠠᠨ | ᠬᠠᠷᠢᠭᠤᠴᠠᠯᠭᠠᠲᠠᠨ ᠢᠶᠠᠷ ᠵᠥᠪᠰᠢᠶᠡᠷᠡᠭᠦᠯᠦᠭᠡᠳ ᠂ ᠲᠡᠷᠡ ᠳᠠᠷᠤᠢ ᠳᠤ ᠨᠢ ᠬᠠᠷᠠᠭᠠᠯᠵᠠᠭᠰᠠᠨ ᠡᠮᠴᠢᠯᠡᠭᠡᠨ ᠤ ᠠᠷᠭ᠎ᠠ | ᠬᠡᠮᠵᠢᠶ᠎ᠡ ᠠᠪᠴᠤ ᠪᠣᠯᠣᠨ᠎ᠠ ᠃ | ︵ᠵᠢᠷᠭᠤᠭ᠎ᠠ ︶ ᠮᠡᠰᠡ ᠵᠠᠰᠠᠯ ᠂ ᠣᠨᠴᠠᠭᠠᠢ ᠪᠠᠶᠢᠴᠠᠭᠠᠯᠲᠠ ᠂ ᠣᠨᠴᠠᠭᠠᠢ ᠵᠠᠰᠠᠯᠭ᠎ᠠ ᠵᠡᠷᠭᠡ ᠨᠡᠯᠢᠶᠡᠳ ᠶᠡᠭᠡ | ᠡᠮᠴᠢᠯᠡᠭᠡᠨ ᠤ ᠲᠦᠭᠰᠢᠭᠦᠷᠢ ᠲᠠᠢ ᠣᠨᠣᠰᠢᠯᠠᠨ ᠡᠮᠨᠡᠬᠦ ᠠᠵᠢᠯᠯᠠᠭ᠎ᠠ ᠶᠢ ᠥᠷᠨᠢᠭᠦᠯᠬᠦ ᠳᠤ ᠂ ᠡᠮᠴᠢᠯᠡᠭᠡᠨ ᠤ | ᠪᠠᠶᠢᠭᠤᠯᠤᠮᠵᠢ ᠨᠤᠭᠤᠳ ᠠᠷᠭᠠᠴᠠᠭᠠᠬᠤ ᠪᠡᠯᠡᠳᠬᠡᠯ ᠲᠥᠰᠥᠯ ᠢᠶᠠᠨ ᠤᠷᠢᠳᠴᠢᠯᠠᠨ ᠪᠡᠯᠡᠳᠬᠡᠵᠦ ᠂ ᠭᠡᠨᠡᠳᠲᠡ ᠶᠢᠨ | ᠲᠦᠭᠰᠢᠭᠦᠷᠢ ᠶᠢ ᠰᠠᠨᠠᠭᠠᠴᠢᠯᠠᠭ᠎ᠠ ᠠᠴᠠ ᠪᠠᠨ ᠰᠡᠷᠭᠡᠶᠢᠯᠡᠬᠦ ᠬᠡᠷᠡᠭᠲᠡᠢ ᠃ | ︵ᠳᠤᠯᠤᠭ᠎ᠠ ︶ ᠬᠠᠤᠯᠢ ᠶᠣᠰᠣᠭᠠᠷ ᠵᠥᠪᠰᠢᠶᠡᠷᠡᠭᠦᠯᠦᠭᠰᠡᠨ ᠪᠤᠶᠤ ᠳᠠᠩᠰᠠᠯᠠᠭᠤᠯᠤᠭᠰᠠᠨ ᠡᠮ ᠤᠨ ᠵᠦᠢᠯ ᠂ | ᠠᠷᠢᠭᠤᠳᠬᠠᠬᠤ ᠡᠮ ᠂ ᠡᠮᠴᠢᠯᠡᠭᠡᠨ ᠤ ᠪᠠᠭᠠᠵᠢ ᠬᠡᠷᠡᠭᠰᠡᠯ ᠢ ᠬᠡᠷᠡᠭᠯᠡᠬᠦ ᠬᠡᠷᠡᠭᠲᠡᠢ ᠂ ᠡᠮ ᠤᠨ ᠵᠦᠢᠯ ᠂ ᠡᠮᠴᠢᠯᠡᠭᠡᠨ ᠳᠤ | ᠬᠡᠷᠡᠭᠯᠡᠬᠦ ᠬᠤᠷᠣᠭᠳᠠᠯ ᠮᠠᠲ᠋ᠧᠷᠢᠶᠠᠯ ᠂ ᠡᠮᠴᠢᠯᠡᠭᠡᠨ ᠤ ᠪᠠᠭᠠᠵᠢ ᠬᠡᠷᠡᠭᠰᠡᠯ ᠂ ᠠᠷᠢᠭᠤᠳᠬᠠᠬᠤ ᠡᠮ ᠂ ᠴᠢᠰᠤ ᠵᠡᠷᠭᠡ ᠶᠢᠨ | ᠪᠠᠷᠠᠭ᠎ᠠ ᠣᠷᠣᠭᠤᠯᠬᠤ ᠳᠤ ᠪᠠᠶᠢᠴᠠᠭᠠᠨ ᠰᠢᠯᠭᠠᠬᠤ ᠂ ᠬᠠᠳᠠᠭᠠᠯᠠᠨ ᠬᠠᠮᠢᠶᠠᠷᠬᠤ ᠵᠡᠷᠭᠡ ᠳᠦᠷᠢᠮ ᠢ ᠴᠢᠩᠭ᠎ᠠ | ᠬᠡᠷᠡᠭᠵᠢᠭᠦᠯᠵᠦ ᠂ ᠬᠢᠷᠢ ᠲᠡᠩᠴᠡᠭᠰᠡᠨ ᠭᠡᠷᠡᠴᠢᠯᠡᠬᠦ ᠪᠢᠴᠢᠭ ᠮᠠᠲ᠋ᠧᠷᠢᠶᠠᠯ ᠦᠭᠡᠢ ᠂ ᠬᠤᠭᠤᠴᠠᠭ᠎ᠠ ᠬᠡᠲᠦᠷᠡᠭᠰᠡᠨ ᠵᠡᠷᠭᠡ | ᠬᠢᠷᠢ ᠲᠡᠩᠴᠡᠬᠦ ᠦᠭᠡᠢ ᠡᠮ ᠤᠨ ᠵᠦᠢᠯ ᠂ ᠡᠮᠴᠢᠯᠡᠭᠡᠨ ᠤ ᠪᠠᠭᠠᠵᠢ ᠬᠡᠷᠡᠭᠰᠡᠯ ᠂ ᠠᠷᠢᠭᠤᠳᠬᠠᠬᠤ ᠡᠮ ᠂ ᠴᠢᠰᠤ | ᠵᠡᠷᠭᠡ ᠶᠢ ᠬᠡᠷᠡᠭᠯᠡᠬᠦ ᠶᠢ ᠴᠠᠭᠠᠵᠠᠯᠠᠨ᠎ᠠ ᠃ | ︵ᠨᠠᠢᠮᠠ ︶ ᠡᠪᠡᠳᠴᠢᠨ ᠤ ᠲᠡᠦᠬᠡ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ | ᠡᠪᠡᠳᠴᠢᠨ ᠤ ᠲᠡᠦᠬᠡ ᠶᠢᠨ ᠮᠠᠲ᠋ᠧᠷᠢᠶᠠᠯ ᠢ ᠲᠠᠭᠯᠠᠵᠤ ᠪᠢᠴᠢᠬᠦ ᠶᠢᠨ ᠬᠠᠮᠲᠤ ᠲᠣᠬᠢᠲᠠᠢ ᠬᠠᠳᠠᠭᠠᠯᠠᠨ ᠬᠠᠮᠢᠶᠠᠷᠬᠤ | ᠬᠡᠷᠡᠭᠲᠡᠢ ᠃ | ︵ᠶᠢᠰᠦ ︶ ᠡᠪᠡᠳᠴᠢᠲᠡᠨ ᠳᠤ ᠡᠪᠡᠳᠴᠢᠨ ᠤ ᠲᠡᠦᠬᠡ ᠶᠢᠨ ᠮᠠᠲ᠋ᠧᠷᠢᠶᠠᠯ ᠢ ᠬᠠᠭᠤᠯᠪᠤᠷᠢᠯᠠᠨ ᠥᠭᠬᠦ | ᠦᠢᠯᠡᠴᠢᠯᠡᠭᠡ ᠬᠠᠩᠭᠠᠬᠤ ᠬᠡᠷᠡᠭᠲᠡᠢ ᠃ ᠡᠪᠡᠳᠴᠢᠲᠡᠨ ᠨᠠᠰᠤ ᠪᠠᠷᠠᠭᠰᠠᠨ ᠪᠠᠶᠢᠪᠠᠯ ᠲᠡᠭᠦᠨ ᠤ ᠣᠶᠢᠷ᠎ᠠ ᠲᠥᠷᠥᠯ | ᠰᠠᠳᠤᠨ ᠨᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠡᠪᠡᠳᠴᠢᠨ ᠤ ᠲᠡᠦᠬᠡ ᠶᠢᠨ ᠮᠠᠲ᠋ᠧᠷᠢᠶᠠᠯ ᠢ | ᠪᠠᠶᠢᠴᠠᠭᠠᠨ ᠦᠵᠡᠬᠦ ᠪᠠ ᠬᠠᠭᠤᠯᠪᠤᠷᠢᠯᠠᠨ ᠠᠪᠴᠤ ᠪᠣᠯᠣᠨ᠎ᠠ ᠃ | ︵ᠠᠷᠪᠠ ︶ ᠬᠠᠤᠯᠢ ᠴᠠᠭᠠᠵᠠ ᠂ ᠬᠠᠤᠯᠢ ᠲᠣᠭᠲᠠᠭᠠᠯ ᠂ ᠲᠣᠭᠲᠠᠭᠠᠯ ᠳᠦᠷᠢᠮ ᠪᠠ ᠣᠨᠣᠰᠢᠯᠠᠨ ᠡᠮᠨᠡᠬᠦ | ᠵᠢᠷᠤᠮᠵᠢᠯ ᠳᠤ ᠲᠣᠭᠲᠠᠭᠠᠭᠰᠠᠨ ᠪᠤᠰᠤᠳ ᠪᠠᠶᠢᠳᠠᠯ ᠃ | ᠬᠤᠷᠢᠳᠤᠭᠠᠷ ᠵᠦᠢᠯ ᠡᠮᠴᠢᠯᠡᠭᠡᠨ ᠤ ᠪᠠᠶᠢᠭᠤᠯᠤᠮᠵᠢ ᠵᠢᠴᠢ ᠡᠮᠨᠡᠯᠭᠡ ᠶᠢᠨ ᠠᠵᠢᠯᠲᠠᠳ ᠣᠨᠣᠰᠢᠯᠠᠨ ᠡᠮᠨᠡᠬᠦ | ᠠᠵᠢᠯᠯᠠᠭ᠎ᠠ ᠳᠤ ᠪᠠᠨ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠲᠠᠢ ᠪᠠᠶᠢᠵᠤ ᠪᠣᠯᠬᠤ ᠦᠭᠡᠢ ᠄ | ︵ᠨᠢᠭᠡ ︶ ᠠᠵᠢᠯ ᠡᠷᠬᠢᠯᠡᠬᠦ ᠬᠡᠪᠴᠢᠶ᠎ᠡ ᠠᠴᠠ ᠪᠠᠨ ᠳᠠᠪᠠᠭᠤᠯᠤᠨ ᠣᠨᠣᠰᠢᠯᠠᠨ ᠡᠮᠨᠡᠬᠦ ︔ | ︵ᠬᠤᠶᠠᠷ ︶ ᠣᠨᠣᠰᠢᠯᠠᠨ ᠡᠮᠨᠡᠬᠦ ᠵᠢᠷᠤᠮᠵᠢᠯ ᠢ ᠵᠥᠷᠢᠴᠡᠨ ᠴᠢᠬᠤᠯᠠ ᠪᠤᠰᠤ ᠪᠠᠶᠢᠴᠠᠭᠠᠯᠲᠠ ᠪᠠ ᠡᠮᠴᠢᠯᠡᠭᠡ ᠬᠢᠬᠦ ︔ | | ︵ᠭᠤᠷᠪᠠ ︶ ᠣᠨᠣᠰᠢᠯᠠᠨ ᠡᠮᠨᠡᠬᠦ ᠮᠡᠷᠭᠡᠵᠢᠯ ᠂ ᠡᠮ ᠤᠨ ᠵᠦᠢᠯ ᠂ ᠡᠮᠴᠢᠯᠡᠭᠡᠨ ᠤ ᠪᠠᠭᠠᠵᠢ ᠬᠡᠷᠡᠭᠰᠡᠯ ᠂ | ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠂ ᠠᠷᠢᠭᠤᠳᠬᠠᠬᠤ ᠡᠮ ᠂ ᠴᠢᠰᠤ ᠵᠡᠷᠭᠡ ᠶᠢ ᠬᠠᠤᠯᠢ | ᠲᠣᠭᠲᠠᠭᠠᠯ ᠠᠴᠠ ᠵᠥᠷᠢᠴᠡᠨ ᠬᠡᠷᠡᠭᠯᠡᠬᠦ ︔ | ︵ᠳᠥᠷᠪᠡ ︶ ᠡᠪᠡᠳᠴᠢᠨ ᠤ ᠪᠠᠢᠳᠠᠯ ᠢ ᠨᠢ ᠨᠢᠭᠤᠨ ᠳᠠᠯᠳᠠᠯᠠᠬᠤ ᠂ ᠪᠤᠷᠤᠭᠤ ᠪᠠᠷ ᠬᠥᠲᠥᠯᠬᠦ ᠪᠤᠶᠤ | ᠬᠡᠲᠦᠷᠡᠭᠦᠯᠦᠨ ᠶᠠᠷᠢᠬᠤ ︔ | ︵ᠲᠠᠪᠤ ︶ ᠡᠪᠡᠳᠴᠢᠨ ᠤ ᠳᠠᠩᠰᠠ ᠵᠡᠷᠭᠡ ᠠᠨᠠᠭᠠᠬᠤ ᠤᠬᠠᠭᠠᠨ ᠤ ᠪᠢᠴᠢᠭ ᠬᠠᠷ᠎ᠠ ᠵᠢᠴᠢ ᠬᠤᠯᠪᠣᠭᠳᠠᠯ ᠪᠦᠬᠦᠢ | ᠮᠠᠲ᠋ᠧᠷᠢᠶᠠᠯ ᠢ ᠨᠢᠭᠤᠨ ᠳᠠᠯᠳᠠᠯᠠᠭᠰᠠᠨ ᠂ ᠬᠠᠭᠤᠷᠮᠠᠭ ᠢᠶᠠᠷ ᠵᠣᠬᠢᠶᠠᠭᠰᠠᠨ ᠂ ᠥᠭᠡᠷᠡᠲᠦᠭᠦᠯᠦᠭᠰᠡᠨ ᠪᠤᠶᠤ | ᠳᠤᠷ᠎ᠠ ᠪᠠᠷ ᠢᠶᠠᠨ ᠤᠰᠠᠳᠬᠠᠭᠰᠠᠨ ︔ | ︵ᠵᠢᠷᠭᠤᠭ᠎ᠠ ︶ ᠠᠨᠠᠭᠠᠬᠤ ᠤᠬᠠᠭᠠᠨ ᠤ ᠬᠤᠳᠠᠯ ᠬᠠᠭᠤᠷᠮᠠᠭ ᠭᠡᠷᠡᠴᠢ ᠪᠢᠴᠢᠭ ᠮᠠᠲ᠋ᠧᠷᠢᠶᠠᠯ ᠵᠢᠴᠢ ᠥᠪᠡᠷ ᠤᠨ | ᠡᠷᠬᠢᠯᠡᠭᠰᠡᠨ ᠠᠵᠢᠯ ᠤᠨ ᠬᠡᠪᠴᠢᠶ᠎ᠡ ᠯᠦᠭᠡ ᠬᠤᠯᠪᠣᠭᠳᠠᠯ ᠦᠭᠡᠢ ᠪᠤᠶᠤ ᠠᠵᠢᠯ ᠡᠷᠬᠢᠯᠡᠬᠦ ᠲᠦᠷᠦᠯ ᠢᠯᠭᠠᠯ ᠳᠤ ᠦᠯᠦ | ᠨᠡᠶᠢᠴᠡᠬᠦ ᠠᠨᠠᠭᠠᠬᠤ ᠤᠬᠠᠭᠠᠨ ᠤ ᠭᠡᠷᠡᠴᠢ ᠪᠢᠴᠢᠭ ᠮᠠᠲ᠋ᠧᠷᠢᠶᠠᠯ ᠭᠠᠷᠭᠠᠵᠤ ᠥᠭᠭᠦᠭᠰᠡᠨ ︔ | ︵ᠳᠤᠯᠤᠭ᠎ᠠ ︶ ᠵᠢᠷᠤᠮᠵᠢᠯ ᠶᠣᠰᠣᠭᠠᠷ ᠣᠨᠣᠰᠢᠯᠠᠵᠤ ᠡᠮᠨᠡᠬᠦ ᠳᠤ ᠬᠡᠷᠡᠭᠯᠡᠬᠦ ᠠᠴᠠ ᠭᠠᠳᠠᠨ᠎ᠠ ᠂ ᠮᠢᠨᠴᠦᠭᠦᠷᠡᠭᠦᠯᠬᠦ | ᠡᠮ ᠤᠨ ᠵᠦᠢᠯ ᠂ ᠡᠮᠴᠢᠯᠡᠭᠡ ᠳᠤ ᠬᠡᠷᠡᠭᠯᠡᠬᠦ ᠬᠤᠣᠷᠲᠤ ᠡᠮ ᠤᠨ ᠵᠦᠢᠯ ᠂ ᠣᠶᠣᠨ ᠮᠡᠳᠡᠷᠡᠯ ᠤᠨ ᠡᠮ ᠤᠨ ᠵᠦᠢᠯ ᠂ | ᠰᠠᠴᠤᠷᠠᠭ ᠴᠢᠨᠠᠷᠲᠠᠢ ᠡᠮ ᠤᠨ ᠵᠦᠢᠯ ᠵᠡᠷᠭᠡ ᠶᠢ ᠬᠡᠷᠡᠭᠯᠡᠵᠦ ᠪᠣᠯᠬᠤ ᠦᠭᠡᠢ ︔ | ︵ᠨᠠᠢᠮᠠ ︶ ᠲᠤᠰᠢᠶᠠᠯ ᠤᠨ ᠳᠥᠭᠦᠮ ᠢᠶᠠᠨ ᠠᠰᠢᠭᠯᠠᠵᠤ ᠂ ᠡᠳ᠋ ᠮᠥᠩᠭᠦ ᠨᠡᠬᠡᠨ ᠠᠪᠬᠤ ᠬᠠᠤᠯᠢ ᠪᠤᠰᠤ ᠪᠠᠷ | ᠬᠦᠯᠢᠶᠡᠨ ᠠᠪᠬᠤ ᠪᠤᠶᠤ ᠪᠤᠰᠤᠳ ᠵᠦᠢ ᠪᠤᠰᠤ ᠠᠰᠢᠭ ᠲᠤᠰᠠ ᠶᠢ ᠵᠠᠪᠰᠢᠨ ᠬᠤᠨᠵᠢᠵᠤ ᠪᠣᠯᠬᠤ ᠦᠭᠡᠢ ︔ | ︵ᠶᠢᠰᠦ ︶ ᠬᠠᠤᠯᠢ ᠴᠠᠭᠠᠵᠠ ᠂ ᠬᠠᠤᠯᠢ ᠲᠣᠭᠲᠠᠭᠠᠯ ᠂ ᠲᠣᠭᠲᠠᠭᠠᠯ ᠳᠦᠷᠢᠮ ᠪᠠ ᠣᠨᠣᠰᠢᠯᠠᠨ ᠡᠮᠨᠡᠬᠦ | ᠵᠢᠷᠤᠮᠵᠢᠯ ᠳᠤ ᠴᠠᠭᠠᠵᠠᠯᠠᠭᠰᠠᠨ ᠪᠤᠰᠤᠳ ᠪᠠᠶᠢᠳᠠᠯ ᠃ | ᠬᠤᠷᠢᠨ ᠨᠢᠭᠡᠳᠦᠭᠡᠷ ᠵᠦᠢᠯ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠤᠳ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠶᠠᠰᠤ ᠴᠢᠨᠠᠷ ᠤᠨ ᠠᠮᠤᠷ ᠲᠦᠪᠰᠢᠨ ᠤ | ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠠᠬᠢ ᠡᠳᠦᠷ ᠲᠤᠲᠤᠮ ᠤᠨ ᠬᠢᠨᠠᠯᠲᠠ | ᠬᠠᠮᠢᠶᠠᠷᠤᠯᠲᠠ ᠪᠠᠨ ᠴᠢᠩᠭᠠᠳᠬᠠᠵᠤ ᠂ ᠡᠮᠴᠢᠯᠡᠭᠡᠨ ᠤ ᠶᠠᠰᠤ ᠴᠢᠨᠠᠷ ᠤᠨ ᠠᠮᠤᠷ ᠲᠦᠪᠰᠢᠨ ᠤ ᠦᠨᠡᠯᠡᠨ ᠵᠢᠱᠢᠯᠲᠡ ᠶᠢ | ᠵᠣᠬᠢᠶᠠᠨ ᠪᠠᠶᠢᠭᠤᠯᠤᠨ ᠥᠷᠨᠢᠭᠦᠯᠵᠦ ᠂ ᠡᠮᠴᠢᠯᠡᠭᠡᠨ ᠤ ᠶᠠᠰᠤ ᠴᠢᠨᠠᠷ ᠤᠨ ᠠᠮᠤᠷ ᠲᠦᠪᠰᠢᠨ ᠤ ᠮᠡᠳᠡᠭᠡ ᠵᠠᠩᠭᠢ ᠶᠢ | ᠵᠠᠳᠠᠯᠤᠨ ᠂ ᠣᠯᠵᠤ ᠮᠡᠳᠡᠭᠰᠡᠨ ᠲᠦᠭᠰᠢᠭᠦᠷᠢ ᠳᠤ ᠴᠢᠭᠯᠡᠭᠦᠯᠦᠨ ᠰᠡᠷᠭᠡᠶᠢᠯᠡᠬᠦ ᠠᠷᠭ᠎ᠠ ᠬᠡᠮᠵᠢᠶ᠎ᠡ ᠲᠣᠭᠲᠠᠭᠠᠵᠤ ᠂ | ᠡᠮᠴᠢᠯᠡᠭᠡᠨ ᠤ ᠪᠠᠶᠢᠭᠤᠯᠤᠮᠵᠢ ᠶᠢ ᠰᠢᠮᠳᠠᠭᠤᠯᠵᠤ ᠪᠠᠶᠢᠭᠠᠳ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ | ᠬᠡᠷᠡᠭᠲᠡᠢ ᠃ | ᠬᠤᠷᠢᠨ ᠬᠤᠶᠠᠳᠤᠭᠠᠷ ᠵᠦᠢᠯ ᠡᠪᠡᠳᠴᠢᠲᠡᠨ ᠡᠭᠦᠳᠡᠨ ︵ᠪᠠᠴᠢᠮ ︶ ᠡᠮᠨᠡᠯᠭᠡ ᠶᠢᠨ ᠡᠪᠡᠳᠴᠢᠨ ᠤ ᠲᠡᠦᠬᠡ ᠪᠠ | ᠡᠮᠨᠡᠯᠭᠡ ᠳᠤ ᠰᠠᠭᠤᠭᠰᠠᠨ ᠡᠪᠡᠳᠴᠢᠨ ᠤ ᠲᠡᠦᠬᠡᠨ ᠳᠠᠬᠢ ᠡᠮᠨᠡᠯᠭᠡ ᠳᠤ ᠰᠠᠭᠤᠭᠰᠠᠨ ᠲᠡᠮᠳᠡᠭᠯᠡᠯ ︵ᠲᠤᠬᠠᠶᠢᠯᠠᠪᠠᠯ | ᠡᠮᠨᠡᠯᠭᠡ ᠳᠤ ᠣᠷᠣᠭᠰᠠᠨ ᠲᠡᠮᠳᠡᠭᠯᠡᠯ ︶ ᠂ ᠪᠡᠶ᠎ᠡ ᠶᠢᠨ ᠳᠤᠯᠠᠭᠠᠨ ᠤ ᠬᠠᠭᠤᠳᠠᠰᠤ ᠂ ᠡᠮᠴᠢ ᠶᠢᠨ ᠵᠢᠭᠠᠪᠤᠷᠢ ᠶᠢᠨ | ᠬᠠᠭᠤᠳᠠᠰᠤ ᠂ ᠰᠢᠨᠵᠢᠯᠡᠨ ᠰᠢᠯᠭᠠᠯᠲᠠ ᠶᠢᠨ ᠬᠠᠭᠤᠳᠠᠰᠤ ︵ᠪᠠᠶᠢᠴᠠᠭᠠᠨ ᠰᠢᠯᠭᠠᠯᠲᠠ ᠶᠢᠨ ᠮᠡᠳᠡᠭᠦᠯᠦᠯᠲᠡ ︶ ᠂ | ᠠᠨᠠᠭᠠᠬᠤ ᠤᠬᠠᠭᠠᠨ ᠤ ᠵᠢᠷᠤᠭ ᠳᠦᠷᠰᠦ ᠶᠢᠨ ᠪᠠᠶᠢᠴᠠᠭᠠᠯᠲᠠ ᠶᠢᠨ ᠮᠠᠲ᠋ᠧᠷᠢᠶᠠᠯ ᠂ ᠣᠨᠴᠠᠭᠠᠢ ᠪᠠᠶᠢᠴᠠᠭᠠᠯᠲᠠ ︵ᠡᠮᠨᠡᠨ | ᠵᠠᠰᠠᠬᠤ ︶ ᠶᠢᠨ ᠵᠥᠪᠰᠢᠶᠡᠷᠡᠯ ᠤᠨ ᠪᠢᠴᠢᠭ ᠂ ᠮᠡᠰᠡ ᠵᠠᠰᠠᠯ ᠤᠨ ᠵᠥᠪᠰᠢᠶᠡᠷᠡᠯ ᠤᠨ ᠪᠢᠴᠢᠭ ᠂ ᠮᠡᠰᠡ ᠵᠠᠰᠠᠯ ᠵᠢᠴᠢ | ᠮᠢᠨᠴᠦᠭᠦᠷᠡᠭᠦᠯᠦᠭᠰᠡᠨ ᠲᠡᠮᠳᠡᠭᠯᠡᠯ ᠤᠨ ᠬᠠᠭᠤᠳᠠᠰᠤ ᠂ ᠡᠪᠡᠳᠴᠢᠨ ᠤ ᠵᠦᠢ ᠶᠢᠨ ᠮᠡᠳᠡᠭᠦᠯᠦᠯᠲᠡ ᠂ ᠰᠤᠪᠢᠯᠠᠯᠲᠠ ᠶᠢᠨ | ᠲᠡᠮᠳᠡᠭᠯᠡᠯ ᠂ ᠡᠮᠨᠡᠯᠭᠡ ᠠᠴᠠ ᠭᠠᠷᠤᠭᠰᠠᠨ ᠲᠡᠮᠳᠡᠭᠯᠡᠯ ᠂ ᠡᠮᠴᠢᠯᠡᠭᠡᠨ ᠤ ᠵᠠᠷᠤᠳᠠᠯ ᠵᠢᠴᠢ ︽ᠡᠮᠴᠢᠯᠡᠭᠡᠨ ᠤ | ᠪᠠᠶᠢᠭᠤᠯᠤᠮᠵᠢ ᠶᠢᠨ ᠡᠪᠡᠳᠴᠢᠨ ᠤ ᠲᠡᠦᠬᠡ ᠶᠢᠨ ᠬᠠᠮᠢᠶᠠᠷᠤᠯᠲᠠ ᠶᠢᠨ ᠲᠣᠭᠲᠠᠭᠠᠯ ︾ ᠳᠠᠬᠢ ᠡᠪᠡᠳᠴᠢᠨ ᠤ | ᠲᠡᠦᠬᠡᠨ ᠳᠤ ᠬᠠᠷᠢᠶᠠᠯᠠᠭᠳᠠᠬᠤ ᠪᠤᠰᠤᠳ ᠪᠦᠬᠦ ᠮᠠᠲ᠋ᠧᠷᠢᠶᠠᠯ ᠢ ᠪᠠᠶᠢᠴᠠᠭᠠᠨ ᠦᠵᠡᠬᠦ ᠪᠠ ᠬᠠᠭᠤᠯᠪᠤᠷᠢᠯᠠᠨ ᠠᠪᠬᠤ | ᠡᠷᠬᠡ ᠲᠠᠢ ᠃ | ᠡᠪᠡᠳᠴᠢᠲᠡᠨ ᠡᠪᠡᠳᠴᠢᠨ ᠤ ᠲᠡᠦᠬᠡ ᠶᠢᠨ ᠮᠠᠲ᠋ᠧᠷᠢᠶᠠᠯ ᠢᠶᠠᠨ ᠬᠠᠭᠤᠯᠪᠤᠷᠢᠯᠠᠨ ᠠᠪᠬᠤ ᠱᠠᠭᠠᠷᠳᠠᠯᠭ᠎ᠠ ᠪᠠᠶᠢᠪᠠᠯ ᠂ | ᠡᠮᠴᠢᠯᠡᠭᠡᠨ ᠤ ᠪᠠᠶᠢᠭᠤᠯᠤᠮᠵᠢ ᠨᠢ ᠬᠠᠭᠤᠯᠪᠤᠷᠢᠯᠠᠬᠤ ᠦᠢᠯᠡᠴᠢᠯᠡᠭᠡ ᠬᠠᠩᠭᠠᠬᠤ ᠶᠢᠨ ᠬᠠᠮᠲᠤ ᠬᠠᠭᠤᠯᠪᠤᠷᠢᠯᠠᠭᠰᠠᠨ | ᠡᠪᠡᠳᠴᠢᠨ ᠤ ᠲᠡᠦᠬᠡ ᠶᠢᠨ ᠮᠠᠲ᠋ᠧᠷᠢᠶᠠᠯ ᠳᠡᠭᠡᠷ᠎ᠡ ᠭᠡᠷᠡᠴᠢ ᠲᠠᠮᠠᠭ᠎ᠠ ᠪᠠᠨ ᠳᠠᠷᠤᠬᠤ ᠬᠡᠷᠡᠭᠲᠡᠢ ᠃ ᠡᠪᠡᠳᠴᠢᠨ ᠤ | ᠲᠡᠦᠬᠡ ᠶᠢᠨ ᠮᠠᠲ᠋ᠧᠷᠢᠶᠠᠯ ᠢ ᠬᠠᠭᠤᠯᠪᠤᠷᠢᠯᠠᠬᠤ ᠳᠤ ᠡᠪᠡᠳᠴᠢᠲᠡᠨ ᠪᠤᠶᠤ ᠲᠡᠭᠦᠨ ᠤ ᠣᠶᠢᠷ᠎ᠠ ᠲᠥᠷᠥᠯ ᠰᠠᠳᠤᠨ ᠨᠢ | ᠲᠤᠬᠠᠢ ᠶᠢᠨ ᠲᠠᠯᠠᠪᠠᠢ ᠳᠤ ᠪᠠᠶᠢᠬᠤ ᠬᠡᠷᠡᠭᠲᠡᠢ ᠃ ᠡᠪᠡᠳᠴᠢᠲᠡᠨ ᠤ ᠱᠠᠭᠠᠷᠳᠠᠯᠭ᠎ᠠ ᠪᠠᠷ ᠲᠡᠭᠦᠨ ᠳᠤ ᠡᠪᠡᠳᠴᠢᠨ ᠤ | ᠲᠡᠦᠬᠡ ᠶᠢᠨ ᠮᠠᠲ᠋ᠧᠷᠢᠶᠠᠯ ᠢ ᠬᠠᠭᠤᠯᠪᠤᠷᠢᠯᠠᠨ ᠥᠭᠬᠦ ᠳᠤ ᠬᠥᠯᠥᠰᠦ ᠥᠷᠲᠡᠭ ᠤᠨ ᠵᠠᠷᠤᠳᠠᠯ ᠬᠤᠷᠢᠶᠠᠵᠤ ᠪᠣᠯᠣᠨ᠎ᠠ ᠂ | ᠵᠠᠷᠤᠳᠠᠯ ᠬᠤᠷᠢᠶᠠᠬᠤ ᠪᠠᠷᠢᠮᠵᠢᠶ᠎ᠠ ᠪᠠᠨ ᠢᠯᠡ ᠪᠣᠯᠭᠠᠬᠤ ᠬᠡᠷᠡᠭᠲᠡᠢ ᠃ | ᠡᠪᠡᠳᠴᠢᠲᠡᠨ ᠨᠠᠰᠤ ᠪᠠᠷᠠᠭᠰᠠᠨ ᠪᠠᠶᠢᠪᠠᠯ ᠲᠡᠭᠦᠨ ᠤ ᠣᠶᠢᠷ᠎ᠠ ᠲᠥᠷᠥᠯ ᠰᠠᠳᠤᠨ ᠨᠢ ᠬᠠᠤᠯᠢ ᠶᠣᠰᠣᠭᠠᠷ | ᠡᠪᠡᠳᠴᠢᠨ ᠤ ᠲᠡᠦᠬᠡ ᠶᠢᠨ ᠮᠠᠲ᠋ᠧᠷᠢᠶᠠᠯ ᠢ ᠪᠠᠶᠢᠴᠠᠭᠠᠨ ᠦᠵᠡᠬᠦ ᠪᠠ ᠬᠠᠭᠤᠯᠪᠤᠷᠢᠯᠠᠨ ᠠᠪᠴᠤ ᠪᠣᠯᠣᠨ᠎ᠠ ᠃ | ᠬᠤᠷᠢᠨ ᠭᠤᠷᠪᠠᠳᠤᠭᠠᠷ ᠵᠦᠢᠯ ᠡᠪᠡᠳᠴᠢᠲᠡᠨ ᠪᠠ ᠲᠡᠭᠦᠨ ᠤ ᠣᠶᠢᠷ᠎ᠠ ᠲᠥᠷᠥᠯ ᠰᠠᠳᠤᠨ ᠨᠢ ᠳᠣᠣᠷ᠎ᠠ | ᠵᠢᠭᠰᠠᠭᠠᠭᠰᠠᠨ ᠲᠣᠭᠲᠠᠭᠠᠯ ᠢ ᠵᠢᠷᠤᠮᠯᠠᠬᠤ ᠬᠡᠷᠡᠭᠲᠡᠢ ᠄ | ︵ᠨᠢᠭᠡ ︶ ᠡᠮᠴᠢᠯᠡᠭᠡᠨ ᠤ ᠡᠮᠬᠢ ᠵᠢᠷᠤᠮ ᠪᠠ ᠡᠮᠴᠢᠯᠡᠭᠡᠨ ᠤ ᠪᠠᠶᠢᠭᠤᠯᠤᠮᠵᠢ ᠶᠢᠨ ᠬᠤᠯᠪᠣᠭᠳᠠᠯ ᠪᠦᠬᠦᠢ | ᠡᠪᠡᠳᠴᠢᠨ ᠦᠵᠡᠬᠦᠯᠬᠦ ᠂ ᠡᠮᠨᠡᠨ ᠵᠠᠰᠠᠬᠤ ᠂ ᠪᠠᠶᠢᠴᠠᠭᠠᠬᠤ ᠲᠤᠬᠠᠢ ᠲᠣᠭᠲᠠᠭᠠᠯ ᠢ ᠵᠢᠷᠤᠮᠯᠠᠨ᠎ᠠ ︔ | ︵ᠬᠤᠶᠠᠷ ︶ ᠡᠪᠡᠳᠴᠢᠨ ᠤ ᠪᠠᠶᠢᠳᠠᠯ ᠯᠤᠭ᠎ᠠ ᠬᠤᠯᠪᠣᠭᠳᠠᠯ ᠪᠦᠬᠦᠢ ᠮᠡᠳᠡᠭᠡ ᠵᠠᠩᠭᠢ ᠶᠢ ᠦᠨᠡᠨ ᠮᠥᠨ ᠢᠶᠠᠷ | ᠬᠠᠩᠭᠠᠵᠤ ᠂ ᠡᠮᠨᠡᠯᠭᠡ ᠶᠢᠨ ᠠᠵᠢᠯᠲᠠᠨ ᠤ ᠣᠨᠣᠰᠢᠯᠠᠨ ᠡᠮᠨᠡᠬᠦ ᠠᠵᠢᠯᠯᠠᠭ᠎ᠠ ᠥᠷᠨᠢᠭᠦᠯᠬᠦ ᠳᠤ ᠬᠠᠮᠵᠢᠯᠴᠠᠨ᠎ᠠ ︔ | ︵ᠭᠤᠷᠪᠠ ︶ ᠡᠮᠴᠢᠯᠡᠭᠡᠨ ᠤ ᠵᠠᠷᠤᠳᠠᠯ ᠢ ᠲᠣᠭᠲᠠᠭᠠᠯ ᠶᠣᠰᠣᠭᠠᠷ ᠴᠠᠭ ᠲᠤᠬᠠᠢ ᠳᠤ ᠨᠢ ᠲᠥᠯᠥᠨ᠎ᠡ ︔ | ︵ᠳᠥᠷᠪᠡ ︶ ᠡᠮᠴᠢᠯᠡᠭᠡᠨ ᠤ ᠠᠵᠢᠯᠯᠠᠭ᠎ᠠ ᠳᠤ ᠣᠨᠳᠣᠣ ᠰᠠᠨᠠᠯ ᠪᠤᠶᠤ ᠮᠠᠷᠭᠤᠭᠠᠨ ᠲᠠᠢ ᠪᠠᠶᠢᠪᠠᠯ ᠂ ᠬᠠᠤᠯᠢ | ᠶᠣᠰᠣᠭᠠᠷ ᠰᠠᠨᠠᠯ ᠪᠠ ᠬᠦᠰᠡᠯ ᠱᠠᠭᠠᠷᠳᠠᠯᠭ᠎ᠠ ᠪᠠᠨ ᠢᠯᠡᠳᠬᠡᠨ᠎ᠡ ︔ | ︵ᠲᠠᠪᠤ ︶ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠳᠤᠮᠳᠠ ᠲᠤᠰᠠᠭᠠᠷᠯᠠᠨ | ᠡᠮᠨᠡᠬᠦ ᠂ ᠠᠨᠠᠭᠠᠬᠤ ᠤᠬᠠᠭᠠᠨ ᠤ ᠠᠵᠢᠭᠯᠠᠯᠲᠠ ᠬᠢᠬᠦ ᠵᠡᠷᠭᠡ ᠠᠷᠭ᠎ᠠ ᠬᠡᠮᠵᠢᠶ᠎ᠡ ᠶᠢ ᠬᠦᠯᠢᠶᠡᠨ ᠠᠪᠬᠤ ᠴᠢᠬᠤᠯᠠᠲᠠᠢ | ᠪᠠᠶᠢᠪᠠᠯ ᠂ ᠬᠠᠮᠵᠢᠯᠴᠠᠬᠤ ᠬᠡᠷᠡᠭᠲᠡᠢ ︔ | ︵ᠵᠢᠷᠭᠤᠭ᠎ᠠ ︶ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠪᠠᠶᠢᠳᠠᠯ ᠃ | ᠭᠤᠷᠪᠠᠳᠤᠭᠠᠷ ᠪᠦᠯᠦᠭ ᠡᠮᠴᠢᠯᠡᠭᠡᠨ ᠤ ᠵᠠᠭᠤᠷᠠᠯᠳᠤᠭᠠᠨ ᠢ ᠰᠢᠢᠳᠪᠦᠷᠢᠯᠡᠬᠦ | ᠬᠤᠷᠢᠨ ᠳᠥᠷᠪᠡᠳᠦᠭᠡᠷ ᠵᠦᠢᠯ ᠡᠮᠴᠢᠯᠡᠭᠡᠨ ᠤ ᠵᠠᠭᠤᠷᠠᠯᠳᠤᠭᠠᠨ ᠭᠠᠷᠪᠠᠯ ᠂ ᠡᠮᠴᠢ ᠪᠠ ᠡᠪᠡᠳᠴᠢᠲᠡᠨ ᠬᠤᠶᠠᠷ | ᠲᠠᠯ᠎ᠠ ᠪᠠᠷ ᠢᠶᠠᠨ ᠳᠣᠣᠷ᠎ᠠ ᠵᠢᠭᠰᠠᠭᠠᠭᠰᠠᠨ ᠠᠷᠭ᠎ᠠ ᠵᠠᠮ ᠢᠶᠠᠷ ᠳᠠᠮᠵᠢᠭᠤᠯᠤᠨ ᠰᠢᠢᠳᠪᠦᠷᠢᠯᠡᠵᠦ ᠪᠣᠯᠣᠨ᠎ᠠ ᠄ | ︵ᠨᠢᠭᠡ ︶ ᠬᠤᠶᠠᠷ ᠲᠠᠯ᠎ᠠ ᠪᠠᠷ ᠢᠶᠠᠨ ᠰᠠᠶᠢᠨ ᠳᠤᠷ᠎ᠠ ᠠᠴᠠ ᠪᠠᠨ ᠵᠥᠪᠳᠡᠯᠴᠡᠬᠦ ︔ | ︵ᠬᠤᠶᠠᠷ ︶ ᠠᠷᠠᠳ ᠤᠨ ᠡᠶᠡᠳᠡᠭᠦᠯᠭᠡ ᠬᠢᠯᠭᠡᠬᠦ ᠪᠠᠷ ᠭᠤᠶᠤᠴᠢᠯᠠᠬᠤ ︔ | ︵ᠭᠤᠷᠪᠠ ︶ ᠵᠠᠰᠠᠭ ᠵᠠᠬᠢᠷᠭᠠᠨ ᠤ ᠡᠶᠡᠳᠡᠭᠦᠯᠭᠡ ᠬᠢᠯᠭᠡᠬᠦ ᠪᠠᠷ ᠭᠤᠶᠤᠴᠢᠯᠠᠬᠤ ︔ | ︵ᠳᠥᠷᠪᠡ ︶ ᠠᠷᠠᠳ ᠤᠨ ᠰᠢᠭᠦᠬᠦ ᠬᠤᠷᠢᠶᠠᠨ ᠳᠤ ᠵᠠᠭᠠᠯᠳᠤᠯᠭ᠎ᠠ ᠭᠠᠷᠭᠠᠬᠤ ︔ | ︵ᠲᠠᠪᠤ ︶ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠠᠷᠭ᠎ᠠ ᠵᠠᠮ ᠢᠶᠠᠷ | ᠰᠢᠢᠳᠪᠦᠷᠢᠯᠡᠬᠦ ᠃ | ᠬᠤᠷᠢᠨ ᠲᠠᠪᠤᠳᠤᠭᠠᠷ ᠵᠦᠢᠯ ᠡᠮᠴᠢᠯᠡᠭᠡᠨ ᠤ ᠵᠠᠭᠤᠷᠠᠯᠳᠤᠭᠠᠨ ᠭᠠᠷᠪᠠᠯ ᠂ ᠡᠮᠴᠢᠯᠡᠭᠡᠨ ᠤ | ᠪᠠᠶᠢᠭᠤᠯᠤᠮᠵᠢ ᠨᠤᠭᠤᠳ ᠳᠣᠣᠷ᠎ᠠ ᠵᠢᠭᠰᠠᠭᠠᠭᠰᠠᠨ ᠠᠷᠭ᠎ᠠ ᠬᠡᠮᠵᠢᠶ᠎ᠡ ᠠᠪᠴᠤ ᠰᠢᠢᠳᠪᠦᠷᠢᠯᠡᠬᠦ ᠬᠡᠷᠡᠭᠲᠡᠢ ᠄ | ︵ᠨᠢᠭᠡ ︶ ᠡᠪᠡᠳᠴᠢᠲᠡᠨ ᠪᠤᠶᠤ ᠲᠡᠭᠦᠨ ᠤ ᠣᠶᠢᠷ᠎ᠠ ᠲᠥᠷᠥᠯ ᠰᠠᠳᠤᠨ ᠤ ᠰᠠᠨᠠᠯ ᠢ ᠰᠣᠨᠣᠰᠴᠤ ᠂ ᠲᠡᠭᠦᠨ ᠳᠤ | ᠡᠮᠴᠢᠯᠡᠭᠡᠨ ᠤ ᠵᠠᠭᠤᠷᠠᠯᠳᠤᠭᠠᠨ ᠢ ᠰᠢᠢᠳᠪᠦᠷᠢᠯᠡᠬᠦ ᠠᠷᠭ᠎ᠠ ᠵᠠᠮ ᠪᠠ ᠳᠡᠰ ᠳᠠᠷᠠᠭᠠᠯᠠᠯ ᠢ ᠮᠡᠳᠡᠭᠳᠡᠵᠦ ᠂ ᠬᠠᠮᠢᠶ᠎ᠠ ᠪᠦᠬᠦᠢ | ᠯᠠᠪᠯᠠᠯᠲᠠ ᠪᠠ ᠮᠠᠳᠠᠭ ᠲᠠᠢ ᠵᠦᠢᠯ ᠳᠤ ᠨᠢ ᠬᠠᠷᠢᠭᠤᠯᠲᠠ ᠥᠭᠴᠦ ᠂ ᠲᠡᠭᠦᠨ ᠢ ᠬᠥᠲᠥᠯᠥᠨ ᠵᠢᠯᠤᠭᠤᠳᠴᠤ ᠪᠠᠶᠢᠭᠠᠳ | ᠬᠠᠤᠯᠢ ᠶᠣᠰᠣᠭᠠᠷ ᠵᠠᠭᠤᠷᠠᠯᠳᠤᠭᠠᠨ ᠢ ᠰᠢᠢᠳᠪᠦᠷᠢᠯᠡᠭᠦᠯᠦᠨ᠎ᠡ ︔ | ︵ᠬᠤᠶᠠᠷ ︶ ᠡᠪᠡᠳᠴᠢᠲᠡᠨ ᠪᠤᠶᠤ ᠲᠡᠭᠦᠨ ᠤ ᠣᠶᠢᠷ᠎ᠠ ᠲᠦᠷᠤᠯ ᠰᠠᠳᠤᠨ ᠳᠤ ᠡᠪᠡᠳᠴᠢᠨ ᠤ ᠲᠡᠦᠬᠡ ᠶᠢᠨ | ᠮᠠᠲ᠋ᠧᠷᠢᠶᠠᠯ ᠢ ᠪᠠᠶᠢᠴᠠᠭᠠᠨ ᠦᠵᠡᠬᠦ ᠂ ᠬᠠᠭᠤᠯᠪᠤᠷᠢᠯᠠᠬᠤ ᠂ ᠪᠢᠲᠡᠭᠦᠮᠵᠢᠯᠡᠨ ᠬᠠᠳᠠᠭᠠᠯᠠᠬᠤ ᠂ ᠪᠢᠲᠡᠭᠦᠮᠵᠢ ᠨᠡᠭᠡᠭᠡᠬᠦ | ᠲᠤᠬᠠᠢ ᠬᠤᠯᠪᠣᠭᠳᠠᠯ ᠪᠦᠬᠦᠢ ᠲᠣᠭᠲᠠᠭᠠᠯ ᠢ ᠮᠡᠳᠡᠭᠳᠡᠨ᠎ᠡ ︔ | ︵ᠭᠤᠷᠪᠠ ︶ ᠡᠪᠡᠳᠴᠢᠲᠡᠨ ᠪᠤᠶᠤ ᠲᠡᠭᠦᠨ ᠤ ᠣᠶᠢᠷ᠎ᠠ ᠲᠥᠷᠥᠯ ᠰᠠᠳᠤᠨ ᠳᠤ ᠲᠤᠬᠠᠢ ᠶᠢᠨ ᠲᠠᠯᠠᠪᠠᠢ ᠳᠤ | ᠪᠣᠳᠠᠲᠤ ᠶᠠᠭᠤᠮ᠎ᠠ ᠶᠢ ᠪᠢᠲᠡᠭᠦᠮᠵᠢᠯᠡᠬᠦ ᠪᠠ ᠪᠢᠲᠡᠭᠦᠮᠵᠢ ᠨᠡᠭᠡᠭᠡᠬᠦ ᠲᠤᠬᠠᠢ ᠬᠤᠯᠪᠣᠭᠳᠠᠯ ᠪᠦᠬᠦᠢ ᠲᠣᠭᠲᠠᠭᠠᠯ ᠢ | ᠮᠡᠳᠡᠭᠳᠡᠨ᠎ᠡ ︔ | ︵ᠳᠥᠷᠪᠡ ︶ ᠡᠪᠡᠳᠴᠢᠲᠡᠨ ᠨᠠᠰᠤ ᠪᠠᠷᠠᠭᠰᠠᠨ ᠪᠠᠶᠢᠪᠠᠯ ᠣᠶᠢᠷ᠎ᠠ ᠲᠥᠷᠥᠯ ᠰᠠᠳᠤᠨ ᠳᠤ ᠨᠢ ᠬᠡᠭᠦᠷ ᠰᠢᠯᠭᠠᠨ | ᠪᠠᠶᠢᠴᠠᠭᠠᠬᠤ ᠬᠤᠯᠪᠣᠭᠳᠠᠯ ᠪᠦᠬᠦᠢ ᠲᠣᠭᠲᠠᠭᠠᠯ ᠢ ᠮᠡᠳᠡᠭᠳᠡᠨ᠎ᠡ ︔ | ︵ᠲᠠᠪᠤ ︶ ᠴᠢᠬᠤᠯᠠᠲᠠᠢ ᠦᠶ᠎ᠡ ᠳᠤ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠬᠠᠮᠲᠤᠷᠠᠨ | ᠣᠨᠣᠰᠢᠯᠠᠬᠤ ᠶᠢᠨ ᠬᠠᠮᠲᠤ ᠲᠤᠰᠬᠠᠢ ᠮᠡᠷᠭᠡᠵᠢᠯᠲᠡᠨ ᠤ ᠬᠠᠮᠲᠤᠷᠠᠨ ᠣᠨᠣᠰᠢᠯᠠᠭᠰᠠᠨ ᠰᠠᠨᠠᠯ ᠢ ᠡᠪᠡᠳᠴᠢᠲᠡᠨ ᠪᠤᠶᠤ | ᠲᠡᠭᠦᠨ ᠤ ᠣᠶᠢᠷ᠎ᠠ ᠲᠦᠷᠦᠯ ᠰᠠᠳᠤᠨ ᠳᠤ ᠨᠢ ᠮᠡᠳᠡᠭᠳᠡᠨ᠎ᠡ ︔ | ︵ᠵᠢᠷᠭᠤᠭ᠎ᠠ ︶ ᠡᠮᠴᠢᠯᠡᠭᠡᠨ ᠤ ᠵᠠᠭᠤᠷᠠᠯᠳᠤᠭᠠᠨ ᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠡᠯᠡᠳᠬᠡᠯ | ᠲᠥᠰᠥᠯ ᠢ ᠡᠬᠢᠯᠡᠭᠦᠯᠬᠦ ᠴᠢᠬᠤᠯᠠᠲᠠᠢ ᠪᠠᠶᠢᠪᠠᠯ ᠂ ᠬᠠᠮᠢᠶ᠎ᠠ ᠪᠦᠬᠦᠢ ᠲᠣᠭᠲᠠᠭᠠᠯ ᠶᠣᠰᠣᠭᠠᠷ ᠠᠷᠭ᠎ᠠ ᠬᠡᠮᠵᠢᠶ᠎ᠡ | ᠠᠪᠬᠤ ᠶᠢᠨ ᠬᠠᠮᠲᠤ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠴᠠᠭ ᠲᠤᠬᠠᠢ ᠳᠤ ᠨᠢ ᠮᠡᠳᠡᠭᠦᠯᠬᠦ ᠬᠡᠷᠡᠭᠲᠡᠢ ︔ | ︵ᠳᠣᠯᠤᠭ᠎ᠠ ︶ ᠡᠷᠡᠭᠦᠯ ᠬᠠᠮᠠᠭᠠᠯᠠᠯ ᠡᠷᠡᠭᠦᠯ ᠮᠡᠨᠳᠦ ᠂ ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ | ᠵᠢᠴᠢ ᠬᠠᠮᠢᠶ᠎ᠠ ᠪᠦᠬᠦᠢ ᠨᠢᠭᠡᠴᠢ ᠯᠦᠭᠡ ᠬᠠᠮᠵᠢᠯᠴᠠᠨ ᠪᠠᠶᠢᠴᠠᠭᠠᠯᠲᠠ ᠬᠢᠵᠦ ᠭᠡᠷᠡᠴᠢ ᠠᠪᠬᠤ ᠪᠠ ᠵᠠᠭᠤᠷᠠᠯᠳᠤᠭᠠᠨ ᠢ | ᠰᠢᠢᠳᠪᠦᠷᠢᠯᠡᠬᠦ ᠠᠵᠢᠯ ᠢ ᠰᠠᠶᠢᠲᠤᠷ ᠬᠢᠨ᠎ᠡ ᠃ | ᠬᠤᠷᠢᠨ ᠵᠢᠷᠭᠤᠳᠤᠭᠠᠷ ᠵᠦᠢᠯ ᠬᠦᠨᠳᠦ ᠬᠡᠴᠡᠭᠦᠦ ᠡᠮᠴᠢᠯᠡᠭᠡᠨ ᠤ ᠵᠠᠭᠤᠷᠠᠯᠳᠤᠭᠠᠨ ᠭᠠᠷᠤᠭᠰᠠᠨ ᠪᠠᠶᠢᠪᠠᠯ ᠂ | ᠡᠮᠴᠢᠯᠡᠭᠡᠨ ᠤ ᠪᠠᠶᠢᠭᠤᠯᠤᠮᠵᠢ ᠨᠢ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠡᠯᠡᠳᠬᠡᠯ ᠲᠥᠰᠥᠯ ᠢᠶᠠᠨ ᠲᠡᠷᠡ | ᠳᠠᠷᠤᠢ ᠡᠬᠢᠯᠡᠭᠦᠯᠵᠦ ᠂ ᠲᠣᠭᠲᠠᠭᠠᠯ ᠶᠣᠰᠣᠭᠠᠷ ᠬᠠᠷᠢᠶ᠎ᠠ ᠭᠠᠵᠠᠷ ᠤᠨ ᠬᠤᠰᠢᠭᠤ ᠰᠢᠶᠠᠨ ᠤ ᠱᠠᠲᠤ ᠪᠠ ᠠᠶᠢᠮᠠᠭ | ᠬᠤᠲᠠ ᠶᠢᠨ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ | ᠮᠡᠳᠡᠭᠦᠯᠬᠦ ᠬᠡᠷᠡᠭᠲᠡᠢ ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ | ᠮᠡᠳᠡᠭᠦᠯᠦᠯᠲᠡ ᠶᠢ ᠣᠯᠣᠭᠰᠠᠨ ᠤ ᠳᠠᠷᠠᠭ᠎ᠠ ᠂ ᠴᠠᠭ ᠲᠤᠬᠠᠢ ᠳᠤ ᠨᠢ ᠬᠥᠮᠥᠨ ᠲᠣᠮᠢᠯᠠᠨ ᠲᠤᠬᠠᠢ ᠶᠢᠨ ᠲᠠᠯᠠᠪᠠᠢ ᠳᠤ | ᠣᠴᠢᠭᠤᠯᠤᠨ ᠪᠠᠶᠢᠳᠠᠯ ᠢ ᠣᠶᠢᠯᠠᠭᠠᠨ ᠡᠵᠡᠮᠰᠢᠭᠦᠯᠵᠦ ᠂ ᠡᠮᠴᠢ ᠪᠠ ᠡᠪᠡᠳᠴᠢᠲᠡᠨ ᠬᠤᠶᠠᠷ ᠲᠠᠯ᠎ᠠ ᠶᠢ ᠬᠥᠲᠥᠯᠥᠨ | ᠵᠢᠯᠤᠭᠤᠳᠴᠤ ᠪᠠᠶᠢᠭᠠᠳ ᠬᠠᠤᠯᠢ ᠶᠣᠰᠣᠨ ᠤ ᠠᠷᠭ᠎ᠠ ᠵᠠᠮ ᠢᠶᠠᠷ ᠳᠠᠮᠵᠢᠭᠤᠯᠤᠨ ᠵᠠᠭᠤᠷᠠᠯᠳᠤᠭᠠᠨ ᠢ | ᠰᠢᠢᠳᠪᠦᠷᠢᠯᠡᠬᠦ ᠶᠢᠨ ᠬᠠᠮᠲᠤ ᠳᠣᠣᠷ᠎ᠠ ᠵᠢᠭᠰᠠᠭᠠᠭᠰᠠᠨ ᠠᠷᠭ᠎ᠠ ᠬᠡᠮᠵᠢᠶ᠎ᠡ ᠶᠢ ᠠᠪᠬᠤ ᠬᠡᠷᠡᠭᠲᠡᠢ ᠄ | ︵ᠨᠢᠭᠡ ︶ ᠡᠮᠴᠢᠯᠡᠭᠡᠨ ᠤ ᠪᠠᠶᠢᠭᠤᠯᠤᠮᠵᠢ ᠶᠢ ᠵᠢᠯᠣᠭᠤᠳᠤᠨ ᠰᠢᠮᠳᠠᠭᠤᠯᠵᠤ ᠪᠠᠶᠢᠭᠠᠳ ᠲᠡᠷᠡ ᠳᠠᠷᠤᠢ ᠳᠤ ᠨᠢ | ᠠᠷᠭ᠎ᠠ ᠬᠡᠮᠵᠢᠶ᠎ᠡ ᠠᠪᠤᠭᠤᠯᠵᠤ ᠂ ᠬᠡᠷᠡᠭ ᠶᠡᠬᠡᠳᠬᠦ ᠠᠴᠠ ᠰᠡᠷᠭᠡᠶᠢᠯᠡᠨ᠎ᠡ ︔ | ︵ᠬᠤᠶᠠᠷ ︶ ᠠᠵᠢᠯᠲᠠᠨ ᠵᠣᠬᠢᠶᠠᠨ ᠪᠠᠶᠢᠭᠤᠯᠤᠨ ᠲᠤᠬᠠᠢ ᠶᠢᠨ ᠲᠠᠯᠠᠪᠠᠢ ᠳᠤ ᠣᠴᠢᠭᠤᠯᠵᠤ ᠳᠣᠲᠣᠭᠠᠳᠤ ᠶᠢ | ᠬᠠᠮᠠᠭᠠᠯᠠᠬᠤ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠬᠠᠮᠵᠢᠯᠴᠠᠨ ᠲᠤᠬᠠᠢ ᠶᠢᠨ ᠲᠠᠯᠠᠪᠠᠢ ᠳᠤ | ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ ︔ | ︵ᠭᠤᠷᠪᠠ ︶ ᠨᠡᠪᠲᠡᠷᠡᠯᠴᠡᠨ ᠣᠶᠢᠯᠠᠭᠠᠯᠴᠠᠵᠤ ᠵᠠᠯᠠᠵᠤ ᠵᠢᠯᠤᠭᠤᠳᠬᠤ ᠵᠡᠷᠭᠡ ᠠᠵᠢᠯ ᠢ ᠥᠷᠨᠢᠭᠦᠯᠵᠦ ᠂ | ᠡᠮᠴᠢ ᠪᠠ ᠡᠪᠡᠳᠴᠢᠲᠡᠨ ᠬᠤᠶᠠᠷ ᠲᠠᠯ᠎ᠠ ᠶᠢ ᠬᠥᠲᠥᠯᠥᠨ ᠵᠢᠯᠤᠭᠤᠳᠴᠤ ᠪᠠᠶᠢᠭᠠᠳ ᠬᠠᠤᠯᠢ ᠶᠣᠰᠣᠨ ᠤ ᠠᠷᠭ᠎ᠠ | ᠵᠠᠮ ᠢᠶᠠᠷ ᠵᠠᠭᠤᠷᠠᠯᠳᠤᠭᠠᠨ ᠢ ᠰᠢᠢᠳᠪᠦᠷᠢᠯᠡᠭᠦᠯᠦᠨ᠎ᠡ ᠃ | ᠬᠤᠷᠢᠨ ᠳᠣᠯᠣᠳᠤᠭᠠᠷ ᠵᠦᠢᠯ ᠡᠮᠴᠢ ᠪᠠ ᠡᠪᠡᠳᠴᠢᠲᠡᠨ ᠬᠤᠶᠠᠷ ᠲᠠᠯ᠎ᠠ ᠨᠢ ᠡᠮᠴᠢᠯᠡᠭᠡᠨ ᠤ ᠡᠮᠬᠢ ᠵᠢᠷᠤᠮ ᠢ | ᠬᠠᠤᠯᠢ ᠶᠣᠰᠣᠭᠠᠷ ᠬᠠᠮᠠᠭᠠᠯᠠᠬᠤ ᠬᠡᠷᠡᠭᠲᠡᠢ ᠃ ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠳᠣᠣᠷ᠎ᠠ ᠵᠢᠭᠰᠠᠭᠠᠭᠰᠠᠨ | ᠦᠢᠯᠡ ᠠᠵᠢᠯᠯᠠᠭ᠎ᠠ ᠲᠠᠢ ᠪᠠᠶᠢᠵᠤ ᠂ ᠡᠪᠡᠳᠴᠢᠲᠡᠨ ᠪᠠ ᠡᠮᠨᠡᠯᠭᠡ ᠶᠢᠨ ᠠᠵᠢᠯᠲᠠᠨ ᠤ ᠪᠡᠶ᠎ᠡ ᠶᠢᠨ ᠠᠮᠤᠷ ᠲᠦᠪᠰᠢᠨ ᠳᠤ | ᠬᠤᠣᠷ ᠬᠥᠨᠥᠭᠡᠯ ᠤᠴᠠᠷᠠᠭᠤᠯᠵᠤ ᠂ ᠡᠮᠴᠢᠯᠡᠭᠡᠨ ᠤ ᠡᠮᠬᠢ ᠵᠢᠷᠤᠮ ᠢ ᠰᠠᠮᠠᠭᠤᠷᠠᠭᠤᠯᠵᠤ ᠪᠣᠯᠬᠤ ᠦᠭᠡᠢ ᠄ | ︵ᠨᠢᠭᠡ ︶ ᠣᠯᠠᠭᠤᠯᠠ ᠴᠤᠭᠯᠠᠵᠤ ᠡᠮᠴᠢᠯᠡᠭᠡᠨ ᠤ ᠪᠠᠶᠢᠭᠤᠯᠤᠮᠵᠢ ᠶᠢᠨ ᠣᠨᠣᠰᠢᠯᠠᠨ ᠡᠮᠨᠡᠬᠦ ᠂ ᠠᠯᠪᠠᠯᠠᠬᠤ | ᠲᠠᠯᠠᠪᠤᠷ ᠭᠠᠵᠠᠷ ᠢ ᠡᠵᠡᠯᠡᠬᠦ ︔ | ︵ᠬᠤᠶᠠᠷ ︶ ᠡᠮᠴᠢᠯᠡᠭᠡᠨ ᠤ ᠪᠠᠶᠢᠭᠤᠯᠤᠮᠵᠢ ᠳᠤ ᠬᠤᠪᠢ ᠪᠠᠷ ᠢᠶᠠᠨ ᠴᠢᠨᠳᠠᠷ ᠤᠨ ᠲᠠᠩᠬᠢᠮ ᠭᠠᠷᠭᠠᠬᠤ ᠂ | ᠴᠠᠭᠠᠷᠢᠭᠲᠤ ᠴᠡᠴᠡᠭ ᠲᠠᠯᠪᠢᠬᠤ ᠂ ᠳᠣᠶ᠋ᠢᠩ ᠤᠨ ᠵᠣᠭᠤᠰ ᠰᠢᠲᠠᠭᠠᠬᠤ ᠂ ᠬᠥᠨᠳᠡᠯᠡᠨ ᠪᠢᠴᠢᠭᠡᠰᠦ ᠡᠯᠭᠦᠬᠦ ᠂ ᠲᠣᠮᠣ | ᠵᠢᠵᠢᠭ ᠦᠰᠦᠭᠲᠦ ᠰᠣᠨᠢᠨ ᠨᠠᠭᠠᠬᠤ ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠂ ᠡᠭᠦᠳᠡ ᠬᠠᠭᠠᠯᠭ᠎ᠠ ᠶᠢ | ᠪᠥᠭᠯᠡᠬᠦ ᠪᠤᠶᠤ ᠪᠤᠰᠤᠳ ᠠᠷᠭ᠎ᠠ ᠮᠠᠶ᠋ᠢᠭ ᠢᠶᠠᠷ ᠡᠮᠴᠢᠯᠡᠭᠡᠨ ᠤ ᠡᠮᠬᠢ ᠵᠢᠷᠤᠮ ᠢ ᠰᠠᠮᠠᠭᠤᠷᠠᠭᠤᠯᠬᠤ ︔ | ︵ᠭᠤᠷᠪᠠ ︶ ᠡᠮᠴᠢᠯᠡᠭᠡᠨ ᠤ ᠪᠠᠶᠢᠭᠤᠯᠤᠮᠵᠢ ᠳᠤ ᠲᠣᠭᠲᠠᠭᠠᠯ ᠠᠴᠠ ᠵᠥᠷᠢᠴᠡᠨ ᠴᠢᠨᠳᠠᠷ ᠲᠠᠯᠪᠢᠵᠤ ᠂ | ᠡᠮᠴᠢᠯᠡᠭᠡᠨ ᠤ ᠡᠮᠬᠢ ᠵᠢᠷᠤᠮ ᠢ ᠨᠥᠯᠥᠭᠡᠯᠡᠬᠦ ︔ | ︵ᠳᠥᠷᠪᠡ ︶ ᠡᠮᠨᠡᠯᠭᠡ ᠶᠢᠨ ᠠᠵᠢᠯᠲᠠᠨ ᠢ ᠢᠯᠠᠨ ᠲᠠᠯᠠᠨ ᠦᠭᠡᠢ ᠳᠣᠷᠣᠮᠵᠢᠯᠠᠵᠤ ᠭᠤᠲᠤᠭᠠᠬᠤ ᠂ ᠵᠦᠬᠡᠨ | ᠬᠠᠷᠢᠶᠠᠬᠤ ᠂ ᠭᠦᠳᠬᠡᠬᠦ ᠂ ᠰᠦᠷᠳᠡᠭᠦᠯᠬᠦ ᠂ ᠠᠵᠢᠯ ᠤᠨ ᠲᠠᠯᠠᠪᠤᠷ ᠠᠴᠠ ᠭᠠᠷᠭᠠᠬᠤ ᠦᠭᠡᠢ ᠵᠡᠷᠭᠡ ᠠᠷᠭ᠎ᠠ ᠮᠠᠶ᠋ᠢᠭ ᠢᠶᠠᠷ | ᠡᠮᠨᠡᠯᠭᠡ ᠶᠢᠨ ᠠᠵᠢᠯᠲᠠᠨ ᠤ ᠪᠡᠶ᠎ᠡ ᠶᠢᠨ ᠡᠷᠬᠡ ᠴᠢᠯᠦᠭᠡ ᠶᠢ ᠬᠠᠤᠯᠢ ᠪᠤᠰᠤ ᠪᠠᠷ ᠬᠢᠵᠠᠭᠠᠷᠯᠠᠵᠤ ᠂ ᠡᠮᠨᠡᠯᠭᠡ ᠶᠢᠨ | ᠠᠵᠢᠯᠲᠠᠨ ᠢ ᠵᠣᠳᠣᠬᠤ ᠂ ᠪᠡᠶ᠎ᠡ ᠮᠠᠬᠠᠪᠤᠳ ᠢ ᠨᠢ ᠵᠣᠷᠢᠭᠤᠳᠠ ᠭᠡᠮᠲᠦᠭᠡᠬᠦ ︔ | ︵ᠲᠠᠪᠤ ︶ ᠫᠤᠤ ᠵᠡᠪᠰᠡᠭ ᠂ ᠰᠤᠮᠤ ᠳᠠᠷᠢ ᠂ ᠵᠠᠬᠢᠷᠤᠨ ᠬᠠᠮᠢᠶᠠᠷᠴᠤ ᠪᠠᠶᠢᠭ᠎ᠠ ᠢᠷᠲᠦ ᠪᠠᠭᠠᠵᠢ ᠪᠤᠶᠤ ᠳᠡᠯᠪᠡᠷᠡᠬᠦ | ᠴᠢᠨᠠᠷᠲᠠᠢ ᠂ ᠰᠠᠴᠤᠷᠠᠭ ᠢᠳᠡᠪᠬᠢ ᠴᠢᠨᠠᠷᠲᠠᠢ ᠂ ᠬᠤᠣᠷᠲᠤ ᠴᠢᠨᠠᠷᠲᠠᠢ ᠂ ᠢᠳᠡᠮᠡᠬᠡᠢ ᠴᠢᠨᠠᠷᠲᠠᠢ ᠵᠡᠷᠭᠡ ᠠᠶᠤᠯ ᠲᠠᠢ | ᠪᠣᠳᠠᠰ ᠢ ᠡᠮᠴᠢᠯᠡᠭᠡᠨ ᠤ ᠪᠠᠶᠢᠭᠤᠯᠤᠮᠵᠢ ᠳᠤ ᠬᠠᠤᠯᠢ ᠪᠤᠰᠤ ᠪᠠᠷ ᠠᠪᠴᠤ ᠣᠷᠣᠬᠤ ︔ | ︵ᠵᠢᠷᠭᠤᠭ᠎ᠠ ︶ ᠬᠡᠷᠡᠭ ᠢ ᠵᠣᠷᠢᠭᠤᠳᠠ ᠶᠡᠬᠡᠳᠬᠡᠬᠦ ᠂ ᠪᠤᠰᠤᠳ ᠬᠥᠮᠥᠨ ᠢ ᠥᠳᠥᠭᠡᠵᠦ ᠂ ᠬᠠᠪᠰᠤᠷᠴᠤ ᠪᠠᠶᠢᠭᠠᠳ | ᠡᠮᠴᠢᠯᠡᠭᠡᠨ ᠤ ᠪᠠᠶᠢᠭᠤᠯᠤᠮᠵᠢ ᠪᠤᠶᠤ ᠡᠮᠨᠡᠯᠭᠡ ᠶᠢᠨ ᠠᠵᠢᠯᠲᠠᠨ ᠳᠤ ᠴᠢᠭᠯᠡᠭᠦᠯᠦᠭᠰᠡᠨ ᠬᠠᠤᠯᠢ ᠶᠢ ᠵᠥᠷᠢᠴᠡᠭᠰᠡᠨ ᠶᠠᠯᠠᠲᠤ | ᠠᠵᠢᠯᠯᠠᠭ᠎ᠠ ᠬᠢᠬᠦ ᠂ ᠡᠰᠡᠬᠦᠯ᠎ᠡ ᠪᠤᠰᠤᠳ ᠬᠥᠮᠥᠨ ᠤ ᠨᠠᠶᠢᠳᠠᠯᠭ᠎ᠠ ᠪᠠᠷ ᠡᠮᠴᠢᠯᠡᠭᠡᠨ ᠤ ᠵᠠᠭᠤᠷᠠᠯᠳᠤᠭᠠᠨ ᠢ ᠰᠢᠢᠳᠪᠦᠷᠢᠯᠡᠬᠦ | ᠨᠡᠷ᠎ᠡ ᠪᠠᠷ ᠬᠢᠬᠠᠵᠤ ᠮᠥᠯᠵᠢᠬᠦ ᠂ ᠬᠡᠷᠡᠭ ᠥᠳᠥᠭᠡᠵᠦ ᠦᠢᠮᠡᠭᠦᠯᠦᠭᠰᠡᠨ ᠵᠡᠷᠭᠡ ᠦᠢᠯᠡ ᠠᠵᠢᠯᠯᠠᠭ᠎ᠠ ᠲᠠᠢ ᠪᠠᠶᠢᠬᠤ ︔ | ︵ᠳᠣᠯᠤᠭ᠎ᠠ ︶ ᠬᠤᠪᠢ ᠶᠢᠨ ᠵᠠᠭᠤᠴᠢᠯᠠᠭᠤᠷ ᠵᠡᠷᠭᠡ ᠵᠠᠭᠤᠴᠢ ᠪᠠᠷ ᠳᠠᠮᠵᠢᠭᠤᠯᠤᠨ ᠪᠣᠳᠠᠲᠤ ᠬᠡᠷᠡᠭ ᠢ | ᠭᠠᠵᠢᠭᠤᠳᠠᠭᠤᠯᠤᠨ ᠂ ᠦᠨᠡᠨ ᠪᠣᠳᠠᠲᠠᠢ ᠪᠤᠰᠤ ᠦᠭᠡ ᠶᠠᠷᠢᠶ᠎ᠠ ᠵᠡᠷᠭᠡ ᠶᠢ ᠤᠯᠠᠮᠵᠢᠯᠠᠨ ᠲᠠᠷᠬᠠᠭᠠᠵᠤ ᠂ ᠡᠮᠴᠢᠯᠡᠭᠡᠨ ᠤ | ᠪᠠᠶᠢᠭᠤᠯᠤᠮᠵᠢ ᠵᠢᠴᠢ ᠲᠡᠭᠦᠨ ᠤ ᠡᠮᠨᠡᠯᠭᠡ ᠶᠢᠨ ᠠᠵᠢᠯᠲᠠᠨ ᠢ ᠴᠤᠤᠷᠬᠠᠯ ᠲᠠᠯᠪᠢᠵᠤ ᠂ ᠭᠦᠳᠬᠡᠬᠦ ︔ | ︵ᠨᠠᠢᠮᠠ ︶ ᠡᠮᠴᠢᠯᠡᠭᠡᠨ ᠤ ᠵᠠᠭᠤᠷᠠᠯᠳᠤᠭᠠᠨ ᠲᠠᠢ ᠬᠠᠮᠢᠶ᠎ᠠ ᠪᠦᠬᠦᠢ ᠡᠪᠡᠳᠴᠢᠨ ᠤ ᠲᠡᠦᠬᠡ ᠶᠢᠨ ᠮᠠᠲ᠋ᠧᠷᠢᠶᠠᠯ | ᠵᠢᠴᠢ ᠡᠮ ᠤᠨ ᠵᠦᠢᠯ ᠂ ᠡᠷᠡᠭᠦᠯ ᠬᠠᠮᠠᠭᠠᠯᠠᠯ ᠤᠨ ᠮᠠᠲ᠋ᠧᠷᠢᠶᠠᠯ ᠂ ᠪᠠᠭᠠᠵᠢ ᠬᠡᠷᠡᠭᠰᠡᠯ ᠵᠡᠷᠭᠡ ᠪᠣᠳᠠᠲᠠᠢ ᠭᠡᠷᠡᠴᠢ ᠶᠢ | ᠪᠤᠯᠢᠶᠠᠬᠤ ᠂ ᠡᠪᠳᠡᠨ ᠰᠦᠢᠳᠬᠡᠬᠦ ︔ | ︵ᠶᠢᠰᠦ ︶ ᠨᠡᠶᠢᠲᠡ ᠶᠢᠨ ᠪᠠ ᠬᠤᠪᠢ ᠶᠢᠨ ᠡᠳ᠋ ᠬᠥᠷᠥᠩᠭᠡ ᠶᠢ ᠬᠠᠤᠯᠢ ᠪᠤᠰᠤ ᠪᠠᠷ ᠡᠵᠡᠯᠡᠨ ᠬᠡᠷᠡᠭᠯᠡᠬᠦ ᠂ | ᠪᠤᠯᠢᠶᠠᠬᠤ ᠂ ᠵᠣᠷᠢᠭᠤᠳᠠ ᠡᠪᠳᠡᠨ ᠰᠦᠢᠳᠬᠡᠬᠦ ︔ | ︵ᠠᠷᠪᠠ ︶ ᠡᠮᠴᠢᠯᠡᠭᠡᠨ ᠤ ᠪᠠᠶᠢᠭᠤᠯᠤᠮᠵᠢ ᠶᠢᠨ ᠬᠡᠪ ᠤᠨ ᠡᠮᠬᠢ ᠵᠢᠷᠤᠮ ᠢ ᠰᠠᠮᠠᠭᠤᠷᠠᠭᠤᠯᠬᠤ ᠪᠤᠰᠤᠳ ᠦᠢᠯᠡ | ᠠᠵᠢᠯᠯᠠᠭ᠎ᠠ ᠃ | ᠡᠮᠴᠢᠯᠡᠭᠡᠨ ᠤ ᠵᠠᠭᠤᠷᠠᠯᠳᠤᠭᠠᠨ ᠤ ᠳᠤᠮᠳᠠ ᠠᠮᠤᠷ ᠢ ᠬᠠᠮᠠᠭᠠᠯᠠᠬᠤ ᠬᠠᠮᠢᠶᠠᠷᠤᠯᠲᠠ ᠶᠢ ᠵᠥᠷᠢᠴᠡᠭᠰᠡᠨ ᠦᠢᠯᠡ | ᠠᠵᠢᠯᠯᠠᠭ᠎ᠠ ᠪᠤᠶᠤ ᠶᠠᠯᠠᠲᠤ ᠠᠵᠢᠯᠯᠠᠭ᠎ᠠ ᠬᠢᠭᠰᠡᠨ ᠢᠶᠠᠷ ᠰᠡᠵᠢᠭᠯᠡᠭᠳᠡᠪᠡᠯ ᠡᠮᠴᠢᠯᠡᠭᠡᠨ ᠤ ᠪᠠᠶᠢᠭᠤᠯᠤᠮᠵᠢ ᠨᠢ ᠲᠡᠷᠡ | ᠳᠠᠷᠤᠢ ᠳᠤ ᠨᠢ ᠪᠠᠶᠢᠭ᠎ᠠ ᠭᠠᠵᠠᠷ ᠤᠨ ᠢᠶᠠᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠬᠡᠷᠡᠭ ᠮᠡᠳᠡᠭᠦᠯᠬᠦ | ᠬᠡᠷᠡᠭᠲᠡᠢ ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠴᠠᠭ ᠲᠤᠬᠠᠢ ᠳᠤ ᠨᠢ ᠠᠷᠭ᠎ᠠ ᠬᠡᠮᠵᠢᠶ᠎ᠡ ᠠᠪᠴᠤ ᠂ ᠬᠠᠤᠯᠢ | ᠶᠣᠰᠣᠭᠠᠷ ᠰᠢᠢᠳᠪᠦᠷᠢᠯᠡᠵᠦ ᠂ ᠡᠮᠴᠢᠯᠡᠭᠡᠨ ᠤ ᠡᠮᠬᠢ ᠵᠢᠷᠤᠮ ᠢ ᠬᠠᠮᠠᠭᠠᠯᠠᠬᠤ ᠬᠡᠷᠡᠭᠲᠡᠢ ᠃ | ᠬᠤᠷᠢᠨ ᠨᠠᠢᠮᠠᠳᠤᠭᠠᠷ ᠵᠦᠢᠯ ᠡᠮᠴᠢ ᠪᠠ ᠡᠪᠡᠳᠴᠢᠲᠡᠨ ᠬᠤᠶᠠᠷ ᠲᠠᠯ᠎ᠠ ᠪᠠᠷ ᠢᠶᠠᠨ ᠡᠮᠴᠢᠯᠡᠭᠡᠨ ᠤ | ᠵᠠᠭᠤᠷᠠᠯᠳᠤᠭᠠᠨ ᠢ ᠵᠥᠪᠳᠡᠯᠴᠡᠨ ᠰᠢᠢᠳᠪᠦᠷᠢᠯᠡᠬᠦ ᠪᠠᠷ ᠪᠣᠯᠣᠭᠰᠠᠨ ᠪᠠᠶᠢᠪᠠᠯ ᠳᠣᠣᠷ᠎ᠠ ᠵᠢᠭᠰᠠᠭᠠᠭᠰᠠᠨ ᠲᠣᠭᠲᠠᠭᠠᠯ | ᠶᠣᠰᠣᠭᠠᠷ ᠰᠢᠢᠳᠪᠦᠷᠢᠯᠡᠬᠦ ᠬᠡᠷᠡᠭᠲᠡᠢ ᠄ | ︵ᠨᠢᠭᠡ ︶ ᠡᠮᠴᠢᠯᠡᠭᠡᠨ ᠤ ᠪᠠᠶᠢᠭᠤᠯᠤᠮᠵᠢ ᠶᠢᠨ ᠲᠣᠬᠢᠷᠠᠭᠤᠯᠤᠭᠰᠠᠨ ᠲᠤᠰᠬᠠᠢ ᠲᠠᠯᠠᠪᠤᠷ ᠭᠠᠵᠠᠷ ᠪᠤᠶᠤ ᠬᠤᠶᠠᠷ | ᠲᠠᠯ᠎ᠠ ᠪᠠᠷ ᠢᠶᠠᠨ ᠵᠥᠪᠰᠢᠶᠡᠷᠡᠭᠰᠡᠨ ᠪᠤᠰᠤᠳ ᠲᠠᠯᠠᠪᠤᠷ ᠭᠠᠵᠠᠷ ᠲᠤ ᠵᠥᠪᠳᠡᠯᠴᠡᠵᠦ ᠂ ᠡᠮᠴᠢᠯᠡᠭᠡᠨ ᠤ ᠬᠡᠪ ᠤᠨ ᠡᠮᠬᠢ | ᠵᠢᠷᠤᠮ ᠢ ᠨᠥᠯᠥᠭᠡᠯᠡᠵᠦ ᠪᠣᠯᠬᠤ ᠦᠭᠡᠢ ᠃ | ︵ᠬᠤᠶᠠᠷ ︶ ᠡᠮᠴᠢ ᠪᠠ ᠡᠪᠡᠳᠴᠢᠲᠡᠨ ᠬᠤᠶᠠᠷ ᠲᠠᠯ᠎ᠠ ᠶᠢᠨ ᠬᠥᠮᠥᠨ ᠤ ᠲᠤᠭ᠎ᠠ ᠨᠡᠯᠢᠶᠡᠳ ᠣᠯᠠᠨ ᠪᠠᠶᠢᠪᠠᠯ ᠂ | ᠲᠥᠯᠥᠭᠡᠯᠡᠭᠴᠢ ᠰᠣᠩᠭᠤᠨ ᠵᠥᠪᠳᠡᠯᠴᠡᠵᠦ ᠂ ᠲᠠᠯ᠎ᠠ ᠪᠦᠷᠢ ᠶᠢᠨ ᠲᠥᠯᠥᠭᠡᠯᠡᠭᠴᠢ ᠶᠢᠨ ᠲᠤᠭ᠎ᠠ ᠶᠢ 5 ᠠᠴᠠ | ᠬᠡᠲᠦᠷᠡᠭᠦᠯᠬᠦ ᠦᠭᠡᠢ ᠪᠠᠶᠢᠬᠤ ᠬᠡᠷᠡᠭᠲᠡᠢ ᠃ | ︵ᠭᠤᠷᠪᠠ ︶ ᠡᠮᠴᠢ ᠪᠠ ᠡᠪᠡᠳᠴᠢᠲᠡᠨ ᠬᠤᠶᠠᠷ ᠲᠠᠯ᠎ᠠ ᠪᠠᠷ ᠢᠶᠠᠨ ᠡᠮᠴᠢᠯᠡᠭᠡᠨ ᠤ ᠵᠠᠭᠤᠷᠠᠯᠳᠤᠭᠠᠨ ᠢ ᠰᠠᠶᠢᠨ | ᠳᠤᠷ᠎ᠠ ᠠᠴᠠ ᠪᠠᠨ ᠵᠥᠪᠳᠡᠯᠴᠡᠨ ᠰᠢᠢᠳᠪᠦᠷᠢᠯᠡᠬᠦ ᠳᠤ ᠂ ᠲᠥᠯᠥᠪᠦᠷᠢ ᠵᠣᠭᠤᠰ ᠤᠨ ᠲᠤᠭ᠎ᠠ ᠶᠢ ᠪᠣᠳᠠᠲᠤ ᠶᠠᠪᠤᠳᠠᠯ ᠢᠶᠠᠷ | ᠦᠨᠳᠦᠰᠦᠯᠡᠯ ᠪᠣᠯᠭᠠᠨ ᠵᠥᠪᠳᠡᠯᠴᠡᠨ ᠲᠣᠭᠲᠠᠭᠠᠵᠤ ᠂ ᠵᠥᠪᠳᠡᠯᠴᠡᠭᠡᠳ ᠰᠠᠨᠠᠯ ᠨᠢᠭᠡᠳᠦᠭᠰᠡᠨ ᠪᠠᠶᠢᠪᠠᠯ ᠂ ᠪᠢᠴᠢᠭᠯᠡᠭᠰᠡᠨ | ᠡᠶᠡᠳᠡᠭᠦᠯᠭᠡ ᠶᠢᠨ ᠵᠥᠪᠯᠡᠯᠴᠡᠭᠡᠷ ᠤᠨ ᠪᠢᠴᠢᠭ ᠲᠤ ᠭᠠᠷ ᠤᠨ ᠦᠰᠦᠭ ᠵᠢᠷᠤᠬᠤ ᠬᠡᠷᠡᠭᠲᠡᠢ ᠃ | ︵ᠳᠥᠷᠪᠡ ︶ ᠵᠥᠷᠢᠯᠳᠦᠭᠡᠨ ᠨᠡᠯᠢᠶᠡᠳ ᠶᠡᠭᠡ ᠪᠤᠶᠤ ᠲᠥᠯᠥᠪᠦᠷᠢ ᠶᠢᠨ ᠲᠤᠭ᠎ᠠ ᠪᠠᠷ ᠨᠡᠯᠢᠶᠡᠳ ᠶᠡᠭᠡ | ᠡᠮᠴᠢᠯᠡᠭᠡᠨ ᠤ ᠵᠠᠭᠤᠷᠠᠯᠳᠤᠭᠠᠨ ᠢ ᠡᠮᠴᠢ ᠪᠠ ᠡᠪᠡᠳᠴᠢᠲᠡᠨ ᠬᠤᠶᠠᠷ ᠲᠠᠯ᠎ᠠ ᠪᠠᠷ ᠢᠶᠠᠨ ᠠᠷᠠᠳ ᠤᠨ ᠡᠶᠡᠳᠡᠭᠦᠯᠭᠡ | ᠬᠢᠯᠭᠡᠬᠦ ᠠᠷᠭ᠎ᠠ ᠵᠠᠮ ᠢᠶᠠᠷ ᠳᠠᠮᠵᠢᠭᠤᠯᠤᠨ ᠰᠢᠢᠳᠪᠦᠷᠢᠯᠡᠬᠦ ᠶᠢ ᠨᠢ ᠵᠣᠷᠢᠭᠵᠢᠭᠤᠯᠤᠨ᠎ᠠ ᠃ | ︵ᠲᠠᠪᠤ ︶ ᠡᠮᠴᠢ ᠪᠠ ᠡᠪᠡᠳᠴᠢᠲᠡᠨ ᠬᠤᠶᠠᠷ ᠲᠠᠯ᠎ᠠ ᠪᠠᠷ ᠢᠶᠠᠨ ᠲᠤᠬᠠᠢ ᠶᠢᠨ ᠲᠠᠯᠠᠪᠠᠢ ᠳᠤ ᠪᠠᠶᠢᠬᠤ ᠪᠠᠶᠢᠳᠠᠯ | ᠳᠣᠣᠷ᠎ᠠ ᠂ ᠡᠪᠡᠳᠴᠢᠨ ᠤ ᠲᠡᠦᠬᠡ ᠶᠢᠨ ᠮᠠᠲ᠋ᠧᠷᠢᠶᠠᠯ ᠂ ᠲᠤᠬᠠᠢ ᠶᠢᠨ ᠲᠠᠯᠠᠪᠠᠢ ᠳᠠᠬᠢ ᠪᠣᠳᠠᠲᠤ ᠶᠠᠭᠤᠮ᠎ᠠ ᠶᠢ ᠲᠣᠭᠲᠠᠭᠠᠯ | ᠶᠣᠰᠣᠭᠠᠷ ᠪᠢᠲᠡᠭᠦᠮᠵᠢᠯᠡᠨ ᠬᠠᠳᠠᠭᠠᠯᠠᠬᠤ ᠂ ᠪᠢᠲᠡᠭᠦᠮᠵᠢ ᠨᠡᠭᠡᠭᠡᠬᠦ ᠬᠡᠷᠡᠭᠲᠡᠢ ᠃ | ︵ᠵᠢᠷᠭᠤᠭ᠎ᠠ ︶ ᠡᠪᠡᠳᠴᠢᠲᠡᠨ ᠡᠮᠴᠢᠯᠡᠭᠡᠨ ᠤ ᠪᠠᠶᠢᠭᠤᠯᠤᠮᠵᠢ ᠳᠤ ᠨᠠᠰᠤ ᠪᠠᠷᠠᠭᠰᠠᠨ ᠪᠠᠶᠢᠪᠠᠯ ᠴᠢᠨᠳᠠᠷ ᠢ ᠨᠢ | ᠲᠡᠷᠡ ᠳᠠᠷᠤᠢ ᠳᠤ ᠨᠢ ᠬᠡᠭᠦᠷ ᠲᠠᠯᠪᠢᠬᠤ ᠲᠠᠰᠤᠯᠭ᠎ᠠ ᠪᠤᠶᠤ ᠣᠷᠣᠰᠢᠭᠤᠯᠭ᠎ᠠ ᠶᠢᠨ ᠭᠠᠵᠠᠷ ᠵᠡᠷᠭᠡ ᠵᠢᠭᠠᠨ | ᠲᠣᠭᠲᠠᠭᠠᠭᠰᠠᠨ ᠭᠠᠵᠠᠷ ᠲᠤ ᠰᠢᠯᠵᠢᠭᠦᠯᠦᠨ ᠲᠠᠯᠪᠢᠵᠤ ᠂ ᠴᠢᠨᠳᠠᠷ ᠲᠠᠯᠪᠢᠬᠤ ᠬᠤᠭᠤᠴᠠᠭ᠎ᠠ ᠶᠢ ᠶᠡᠷᠦ ᠳᠤ ᠪᠠᠨ 14 | ᠡᠳᠦᠷ ᠠᠴᠠ ᠬᠡᠲᠦᠷᠡᠭᠦᠯᠵᠦ ᠪᠣᠯᠬᠤ ᠦᠭᠡᠢ ᠃ ᠡᠪᠡᠳᠴᠢᠲᠡᠨ ᠤ ᠲᠠᠯ᠎ᠠ ᠶᠢᠨ ᠬᠢᠨ ᠡᠪᠡᠳᠴᠢᠲᠡᠨ ᠤ ᠴᠢᠨᠳᠠᠷ ᠢ ᠨᠢ | ᠣᠷᠣᠰᠢᠭᠤᠯᠭ᠎ᠠ ᠶᠢᠨ ᠭᠠᠵᠠᠷ ᠵᠡᠷᠭᠡ ᠲᠣᠭᠲᠠᠭᠰᠠᠨ ᠭᠠᠵᠠᠷ ᠲᠤ ᠰᠢᠯᠵᠢᠭᠦᠯᠬᠦ ᠶᠢ ᠲᠡᠪᠴᠢᠭᠰᠡᠨ ᠪᠠᠶᠢᠪᠠᠯ ᠂ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ᠬᠠᠤᠯᠢ ᠶᠣᠰᠣᠭᠠᠷ ᠰᠢᠢᠳᠪᠦᠷᠢᠯᠡᠵᠦ ᠂ ᠣᠷᠣᠰᠢᠭᠤᠯᠭ᠎ᠠ ᠶᠢᠨ | ᠭᠠᠵᠠᠷ ᠤᠨ ᠬᠢᠨ ᠡᠪᠡᠳᠴᠢᠲᠡᠨ ᠤ ᠴᠢᠨᠳᠠᠷ ᠢ ᠬᠦᠯᠢᠶᠡᠨ ᠠᠪᠴᠤ ᠲᠡᠭᠡᠭᠡᠪᠦᠷᠢᠯᠡᠬᠦ ᠠᠵᠢᠯ ᠢ ᠬᠠᠤᠯᠢ ᠲᠣᠭᠲᠠᠭᠠᠯ | ᠶᠣᠰᠣᠭᠠᠷ ᠬᠠᠮᠵᠢᠯᠴᠠᠨ ᠰᠠᠶᠢᠲᠤᠷ ᠬᠢᠬᠦ ᠬᠡᠷᠡᠭᠲᠡᠢ ᠃ | ︵ᠳᠣᠯᠤᠭ᠎ᠠ ︶ ᠡᠪᠡᠳᠴᠢᠲᠡᠨ ᠨᠠᠰᠤ ᠪᠠᠷᠠᠭᠰᠠᠨ ᠳᠤ ᠂ ᠡᠮᠴᠢ ᠪᠠ ᠡᠪᠡᠳᠴᠢᠲᠡᠨ ᠬᠤᠶᠠᠷ ᠲᠠᠯ᠎ᠠ ᠪᠠᠷ ᠢᠶᠠᠨ | ᠨᠠᠰᠤ ᠪᠠᠷᠠᠭᠰᠠᠨ ᠰᠢᠯᠲᠠᠭᠠᠨ ᠳᠤ ᠣᠨᠳᠣᠣ ᠰᠠᠨᠠᠯ ᠲᠠᠢ ᠪᠠᠶᠢᠪᠠᠯ ᠲᠣᠭᠲᠠᠭᠠᠯ ᠶᠣᠰᠣᠭᠠᠷ ᠴᠢᠨᠳᠠᠷ ᠢ ᠨᠢ ᠰᠢᠯᠭᠠᠨ | ᠪᠠᠶᠢᠴᠠᠭᠠᠬᠤ ᠬᠡᠷᠡᠭᠲᠡᠢ ᠃ | ᠬᠤᠷᠢ ᠶᠢᠰᠦᠳᠦᠭᠡᠷ ᠵᠦᠢᠯ ᠡᠮᠴᠢᠯᠡᠭᠡᠨ ᠤ ᠵᠠᠭᠤᠷᠠᠯᠳᠤᠭᠠᠨ ᠳᠤ ᠠᠷᠠᠳ ᠤᠨ ᠡᠶᠡᠳᠡᠭᠦᠯᠭᠡ ᠬᠢᠯᠭᠡᠬᠦ ᠪᠠᠷ | ᠭᠤᠶᠤᠴᠢᠯᠠᠭᠰᠠᠨ ᠪᠠᠶᠢᠪᠠᠯ ᠂ ᠡᠮᠴᠢ ᠪᠠ ᠡᠪᠡᠳᠴᠢᠲᠡᠨ ᠬᠤᠶᠠᠷ ᠲᠠᠯ᠎ᠠ ᠪᠠᠷ ᠢᠶᠠᠨ ᠬᠠᠮᠲᠤ ᠪᠠᠷ ᠡᠮᠴᠢᠯᠡᠭᠡᠨ ᠤ | ᠵᠠᠭᠤᠷᠠᠯᠳᠤᠭᠠᠨ ᠤ ᠠᠷᠠᠳ ᠤᠨ ᠡᠶᠡᠳᠡᠭᠦᠯᠭᠡ ᠶᠢᠨ ᠺᠣᠮᠢᠰ ︵ᠳᠣᠷᠣᠭᠰᠢ ᠡᠮᠴᠢᠯᠡᠭᠡᠨ ᠤ ᠡᠶᠡᠳᠡᠭᠦᠯᠭᠡ ᠶᠢᠨ ᠺᠣᠮᠢᠰ | ᠭᠡᠵᠦ ᠲᠣᠪᠴᠢᠯᠠᠪᠠ ︶ ᠲᠤ ᠭᠤᠶᠤᠴᠢᠯᠠᠯ ᠳᠤᠷᠠᠳᠤᠨ᠎ᠠ ︔ ᠨᠢᠭᠡ ᠲᠠᠯ᠎ᠠ ᠶᠢᠨ ᠬᠢᠨᠢ ᠡᠶᠡᠳᠡᠭᠦᠯᠭᠡ ᠬᠢᠯᠭᠡᠬᠦ ᠪᠠᠷ | ᠭᠤᠶᠤᠴᠢᠯᠠᠭᠰᠠᠨ ᠪᠠᠶᠢᠪᠠᠯ ᠂ ᠡᠮᠴᠢᠯᠡᠭᠡᠨ ᠤ ᠡᠶᠡᠳᠡᠭᠦᠯᠭᠡ ᠶᠢᠨ ᠺᠣᠮᠢᠰ ᠨᠢ ᠨᠥᠭᠦᠭᠡ ᠲᠠᠯ᠎ᠠ ᠶᠢᠨ ᠬᠢᠨ ᠤ | ᠵᠥᠪᠰᠢᠶᠡᠷᠡᠯ ᠢ ᠣᠯᠣᠭᠰᠠᠨ ᠤ ᠳᠠᠷᠠᠭ᠎ᠠ ᠡᠶᠡᠳᠡᠭᠦᠯᠦᠨ᠎ᠡ ᠃ ᠡᠮᠴᠢᠯᠡᠭᠡᠨ ᠤ ᠪᠠᠶᠢᠭᠤᠯᠤᠮᠵᠢ ᠳᠤ ᠬᠦᠨᠳᠦ ᠬᠡᠴᠡᠭᠦᠦ | ᠡᠮᠴᠢᠯᠡᠭᠡᠨ ᠤ ᠵᠠᠭᠤᠷᠠᠯᠳᠤᠭᠠᠨ ᠭᠠᠷᠤᠭᠰᠠᠨ ᠢ ᠮᠡᠳᠡᠭᠰᠡᠨ ᠤ ᠳᠠᠷᠠᠭ᠎ᠠ ᠂ ᠡᠮᠴᠢᠯᠡᠭᠡᠨ ᠤ ᠡᠶᠡᠳᠡᠭᠦᠯᠭᠡ ᠶᠢᠨ ᠺᠣᠮᠢᠰ ᠨᠢ | ᠠᠷᠠᠳ ᠤᠨ ᠡᠶᠡᠳᠡᠭᠦᠯᠦᠭᠴᠢ ᠲᠣᠮᠢᠯᠠᠨ ᠡᠮᠴᠢᠯᠡᠭᠡᠨ ᠤ ᠪᠠᠶᠢᠭᠤᠯᠤᠮᠵᠢ ᠳᠤ ᠣᠴᠢᠭᠤᠯᠵᠤ ᠂ ᠰᠠᠨᠠᠭᠠᠴᠢᠯᠠᠭ᠎ᠠ ᠠᠴᠠ ᠪᠠᠨ | ᠠᠵᠢᠯ ᠢᠶᠠᠨ ᠥᠷᠨᠢᠭᠦᠯᠵᠦ ᠂ ᠬᠤᠶᠠᠷ ᠲᠠᠯ᠎ᠠ ᠶᠢᠨ ᠬᠢᠨ ᠢ ᠭᠤᠶᠤᠴᠢᠯᠠᠨ ᠡᠶᠡᠳᠡᠭᠦᠯᠭᠡ ᠬᠢᠯᠭᠡᠬᠦ ᠪᠠᠷ ᠬᠥᠲᠥᠯᠥᠨ | ᠵᠢᠯᠤᠭᠤᠳᠴᠤ ᠪᠣᠯᠣᠨ᠎ᠠ ᠃ ᠮᠥᠨ ᠴᠦ ᠲᠤᠬᠠᠢ ᠶᠢᠨ ᠭᠠᠵᠠᠷ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠰᠢᠯᠵᠢᠭᠦᠯᠦᠨ ᠬᠦᠷᠭᠡᠭᠰᠡᠨ ᠡᠶᠡᠳᠡᠭᠦᠯᠬᠦ ᠪᠠᠷ ᠨᠠᠶᠢᠳᠠᠭᠰᠠᠨ ᠵᠦᠢᠯᠡᠰ ᠢ | ᠬᠦᠯᠢᠶᠡᠨ ᠠᠪᠴᠤ ᠪᠣᠯᠣᠨ᠎ᠠ ᠃ | ᠭᠤᠴᠢᠳᠤᠭᠠᠷ ᠵᠦᠢᠯ ᠳᠣᠣᠷ᠎ᠠ ᠵᠢᠭᠰᠠᠭᠠᠭᠰᠠᠨ ᠪᠠᠶᠢᠳᠠᠯ ᠳᠤ ᠡᠮᠴᠢᠯᠡᠭᠡᠨ ᠤ ᠡᠶᠡᠳᠡᠭᠦᠯᠭᠡ ᠶᠢᠨ ᠺᠣᠮᠢᠰ | ᠬᠦᠯᠢᠶᠡᠨ ᠠᠪᠴᠤ ᠰᠢᠢᠳᠪᠦᠷᠢᠯᠡᠬᠦ ᠦᠭᠡᠢ ᠂ ᠨᠢᠭᠡᠨᠲᠡ ᠬᠦᠯᠢᠶᠡᠨ ᠠᠪᠴᠤ ᠰᠢᠢᠳᠪᠦᠷᠢᠯᠡᠭᠰᠡᠨ ᠪᠠᠶᠢᠪᠠᠯ | ᠡᠶᠡᠳᠡᠭᠦᠯᠭᠡ ᠪᠠᠨ ᠵᠣᠭᠰᠣᠭᠠᠨ᠎ᠠ ᠄ | ︵ᠨᠢᠭᠡ ︶ ᠲᠤᠬᠠᠶᠢᠲᠠᠢ ᠬᠥᠮᠥᠨ ᠨᠢ ᠨᠢᠭᠡᠨᠲᠡ ᠠᠷᠠᠳ ᠤᠨ ᠰᠢᠭᠦᠬᠦ ᠬᠤᠷᠢᠶᠠᠨ ᠳᠤ ᠵᠠᠭᠠᠯᠳᠤᠯᠭ᠎ᠠ ᠭᠠᠷᠭᠠᠭᠰᠠᠨ | ᠮᠥᠷᠲᠡᠭᠡᠨ ᠨᠢᠭᠡᠨᠲᠡ ᠰᠢᠢᠳᠪᠦᠷᠢᠯᠡᠬᠦ ᠪᠠᠷ ᠬᠦᠯᠢᠶᠡᠨ ᠠᠪᠤᠭᠰᠠᠨ ᠂ ᠡᠰᠡᠬᠦᠯ᠎ᠡ ᠠᠷᠠᠳ ᠤᠨ ᠰᠢᠭᠦᠬᠦ ᠬᠤᠷᠢᠶ᠎ᠠ ᠨᠢᠭᠡᠨᠲᠡ | ᠡᠶᠡᠳᠡᠭᠦᠯᠦᠭᠰᠡᠨ ᠪᠤᠶᠤ ᠰᠢᠭᠦᠨ ᠲᠠᠰᠤᠯᠵᠤ ᠬᠡᠷᠡᠭ ᠳᠠᠭᠤᠰᠤᠭᠰᠠᠨ ︔ ᠠᠷᠠᠳ ᠤᠨ ᠰᠢᠭᠦᠬᠦ ᠬᠤᠷᠢᠶ᠎ᠠ ᠬᠠᠤᠯᠢ | ᠶᠣᠰᠣᠭᠠᠷ ᠡᠶᠡᠳᠡᠭᠦᠯᠬᠦ ᠪᠠᠷ ᠨᠠᠶᠢᠳᠠᠭᠰᠠᠨ ᠪᠤᠶᠤ ᠲᠣᠮᠢᠯᠠᠭᠰᠠᠨ ᠪᠠᠶᠢᠪᠠᠯ ᠡᠭᠦᠨ ᠳᠤ ᠪᠠᠭᠲᠠᠬᠤ ᠦᠭᠡᠢ ᠃ | ︵ᠬᠤᠶᠠᠷ ︶ ᠲᠤᠬᠠᠶᠢᠲᠠᠢ ᠬᠥᠮᠥᠨ ᠨᠢ ᠨᠢᠭᠡᠨᠲᠡ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠢᠶᠠᠷ ᠡᠶᠡᠳᠡᠭᠦᠯᠬᠦ ᠪᠠᠷ ᠭᠤᠶᠤᠴᠢᠯᠠᠭᠰᠠᠨ ᠮᠥᠷᠲᠡᠭᠡᠨ ᠨᠢᠭᠡᠨᠲᠡ ᠬᠦᠯᠢᠶᠡᠨ ᠠᠪᠴᠤ | ᠰᠢᠢᠳᠪᠦᠷᠢᠯᠡᠭᠰᠡᠨ ᠂ ᠡᠰᠡᠬᠦᠯ᠎ᠡ ᠵᠠᠰᠠᠭ ᠵᠠᠬᠢᠷᠭᠠᠨ ᠤ ᠡᠶᠡᠳᠡᠭᠦᠯᠭᠡ ᠪᠠᠷ ᠳᠠᠮᠵᠢᠨ ᠬᠡᠷᠡᠭ ᠳᠠᠭᠤᠰᠤᠭᠰᠠᠨ ︔ ᠵᠠᠰᠠᠭ | ᠵᠠᠬᠢᠷᠭᠠᠨ ᠤ ᠰᠠᠯᠠᠭ᠎ᠠ ᠮᠥᠴᠢᠷ ᠬᠠᠤᠯᠢ ᠶᠣᠰᠣᠭᠠᠷ ᠡᠶᠡᠳᠡᠭᠦᠯᠬᠦ ᠪᠠᠷ ᠨᠠᠶᠢᠳᠠᠭᠰᠠᠨ ᠪᠠᠶᠢᠪᠠᠯ ᠡᠭᠦᠨ ᠳᠤ ᠪᠠᠭᠲᠠᠬᠤ | ᠦᠭᠡᠢ ᠃ | ︵ᠭᠤᠷᠪᠠ ︶ ᠨᠢᠭᠡ ᠲᠠᠯ᠎ᠠ ᠶᠢᠨ ᠲᠤᠬᠠᠶᠢᠲᠠᠢ ᠬᠥᠮᠥᠨ ᠡᠶᠡᠳᠡᠭᠦᠯᠬᠦ ᠶᠢ ᠵᠥᠪᠰᠢᠶᠡᠷᠡᠬᠦ ᠦᠭᠡᠢ ᠭᠡᠵᠦ | ᠲᠣᠳᠣᠷᠬᠠᠢ ᠢᠯᠡᠳᠬᠡᠭᠰᠡᠨ ᠪᠠᠶᠢᠳᠠᠯ ᠃ | ︵ᠳᠥᠷᠪᠡ ︶ ᠲᠤᠬᠠᠶᠢᠲᠠᠢ ᠬᠥᠮᠥᠨ ᠪᠤᠶᠤ ᠲᠡᠭᠦᠨ ᠤ ᠣᠷᠣᠯᠠᠨ ᠭᠦᠢᠴᠡᠳᠭᠡᠭᠴᠢ ᠬᠤᠪᠢ ᠬᠥᠮᠥᠨ ᠤ ᠦᠨᠡᠨ | ᠪᠣᠳᠠᠲᠠᠢ ᠬᠦᠴᠦᠨ ᠪᠦᠬᠦᠢ ᠪᠡᠶ᠎ᠡ ᠶᠢᠨ ᠦᠨᠡᠮᠯᠡᠯ ᠪᠤᠶᠤ ᠬᠠᠮᠢᠶ᠎ᠠ ᠪᠦᠬᠦᠢ ᠭᠡᠷᠡᠴᠢ ᠪᠠᠷᠢᠮᠲᠠ ᠶᠢᠨ ᠮᠠᠲ᠋ᠧᠷᠢᠶᠠᠯ ᠢᠶᠠᠨ | ᠬᠠᠩᠭᠠᠬᠤ ᠶᠢ ᠲᠡᠪᠴᠢᠭᠰᠡᠨ ᠪᠠᠶᠢᠳᠠᠯ ᠃ | ︵ᠲᠠᠪᠤ ︶ ᠡᠮᠴᠢᠯᠡᠭᠡᠨ ᠤ ᠡᠶᠡᠳᠡᠭᠦᠯᠭᠡ ᠶᠢᠨ ᠺᠣᠮᠢᠰ ᠡᠶᠡᠳᠡᠭᠦᠯᠦᠭᠡᠳ ᠡᠶᠡᠳᠡᠭᠦᠯᠭᠡ ᠶᠢᠨ ᠵᠥᠪᠯᠡᠯᠴᠡᠭᠡᠷ | ᠲᠣᠭᠲᠠᠵᠤ ᠨᠢᠭᠡᠨᠲᠡ ᠬᠡᠷᠡᠭ ᠳᠠᠭᠤᠰᠤᠭᠰᠠᠨ ᠪᠠᠶᠢᠳᠠᠯ ᠃ | ︵ᠵᠢᠷᠭᠤᠭ᠎ᠠ ︶ ᠨᠢᠭᠡ ᠲᠠᠯ᠎ᠠ ᠶᠢᠨ ᠲᠤᠬᠠᠶᠢᠲᠠᠢ ᠬᠥᠮᠥᠨ ᠡᠶᠡᠲᠡᠭᠦᠯᠭᠡ ᠬᠢᠯᠭᠡᠬᠦ ᠭᠤᠶᠤᠴᠢᠯᠠᠯ ᠢᠶᠠᠨ ᠪᠤᠴᠠᠭᠠᠬᠤ | ᠪᠤᠶᠤ ᠡᠶᠡᠳᠡᠭᠦᠯᠬᠦ ᠶᠢ ᠬᠦᠯᠢᠶᠡᠬᠦ ᠦᠭᠡᠢ ᠭᠡᠵᠦ ᠲᠣᠳᠣᠷᠬᠠᠢ ᠢᠯᠡᠳᠬᠡᠭᠰᠡᠨ ᠪᠠᠶᠢᠳᠠᠯ ᠃ | ︵ᠳᠣᠯᠤᠭ᠎ᠠ ︶ ᠬᠠᠤᠯᠢ ᠴᠠᠭᠠᠵᠠ ᠬᠠᠤᠯᠢ ᠲᠣᠭᠲᠠᠭᠠᠯ ᠳᠤ ᠲᠤᠰᠬᠠᠢ ᠪᠠᠶᠢᠭᠤᠯᠭ᠎ᠠ ᠳᠤ ᠬᠠᠷᠢᠶᠠᠯᠠᠭᠤᠯᠤᠨ | ᠰᠢᠢᠳᠪᠦᠷᠢᠯᠡᠭᠦᠯᠬᠦ ᠪᠠᠷ ᠲᠣᠭᠲᠠᠭᠠᠭᠰᠠᠨ ᠂ ᠡᠰᠡᠬᠦᠯ᠎ᠡ ᠬᠠᠤᠯᠢ ᠴᠠᠭᠠᠵᠠ ᠬᠠᠤᠯᠢ ᠲᠣᠭᠲᠠᠭᠠᠯ ᠳᠤ ᠠᠷᠠᠳ ᠤᠨ | ᠬᠤᠭᠤᠷᠣᠨᠳᠤᠬᠢ ᠡᠶᠡᠳᠡᠭᠦᠯᠬᠦ ᠠᠷᠭ᠎ᠠ ᠭᠡᠯᠪᠡᠷᠢ ᠪᠠᠷ ᠰᠢᠢᠳᠪᠦᠷᠢᠯᠡᠬᠦ ᠶᠢ ᠴᠠᠭᠠᠵᠠᠯᠠᠭᠰᠠᠨ ᠂ ᠡᠰᠡᠬᠦᠯ᠎ᠡ ᠡᠶᠡᠳᠡᠭᠦᠯᠵᠦ | ᠲᠠᠶᠢᠯᠬᠦ ᠦᠭᠡᠢ ᠪᠣᠯᠣᠭᠰᠠᠨ ᠪᠤᠰᠤᠳ ᠪᠠᠶᠢᠳᠠᠯ ᠃ | ᠭᠤᠴᠢᠨ ᠨᠢᠭᠡᠳᠦᠭᠡᠷ ᠵᠦᠢᠯ ᠡᠮᠴᠢᠯᠡᠭᠡᠨ ᠤ ᠡᠶᠡᠳᠡᠭᠦᠯᠭᠡ ᠶᠢᠨ ᠺᠣᠮᠢᠰ ᠡᠮᠴᠢᠯᠡᠭᠡᠨ ᠤ ᠵᠠᠭᠤᠷᠠᠯᠳᠤᠭᠠᠨ ᠢ | ᠡᠶᠡᠳᠡᠭᠦᠯᠬᠦ ᠳᠤ ᠪᠠᠨ ᠳᠣᠣᠷ᠎ᠠ ᠵᠢᠭᠰᠠᠭᠠᠭᠰᠠᠨ ᠲᠣᠭᠲᠠᠭᠠᠯ ᠶᠣᠰᠣᠭᠠᠷ ᠶᠠᠪᠤᠭᠳᠠᠭᠤᠯᠤᠨ᠎ᠠ ᠄ | ᠡᠮᠴᠢ ᠪᠠ ᠡᠪᠡᠳᠴᠢᠲᠡᠨ ᠬᠤᠶᠠᠷ ᠲᠠᠯ᠎ᠠ ᠠᠴᠠ ᠲᠤᠰ ᠲᠤᠰ ᠪᠠᠶᠢᠳᠠᠯ ᠢ ᠨᠢ ᠣᠶᠢᠯᠠᠭᠠᠵᠤ ᠂ ᠬᠡᠷᠡᠭᠴᠡᠭᠡ ᠪᠠᠨ | ᠦᠨᠳᠦᠰᠦᠯᠡᠨ ᠬᠤᠯᠪᠣᠭᠳᠠᠯ ᠪᠦᠬᠦᠢ ᠲᠠᠯ᠎ᠠ ᠠᠴᠠ ᠪᠠᠶᠢᠴᠠᠭᠠᠨ ᠬᠠᠷᠭᠤᠭᠤᠯᠵᠤ ᠂ ᠡᠶᠡᠳᠡᠭᠦᠯᠬᠦ ᠠᠴᠠ ᠡᠮᠦᠨᠡᠬᠢ | ᠪᠡᠯᠡᠳᠬᠡᠯ ᠠᠵᠢᠯ ᠢ ᠰᠠᠶᠢᠲᠤᠷ ᠬᠢᠨ᠎ᠡ ᠃ | ︵ᠨᠢᠭᠡ ︶ ᠡᠮᠴᠢᠯᠡᠭᠡᠨ ᠤ ᠡᠶᠡᠳᠡᠭᠦᠯᠭᠡ ᠶᠢᠨ ᠺᠣᠮᠢᠰ ᠡᠮᠴᠢᠯᠡᠭᠡᠨ ᠤ ᠵᠠᠭᠤᠷᠠᠯᠳᠤᠭᠠᠨ ᠢ ᠡᠶᠡᠳᠡᠭᠦᠯᠬᠦ | ᠭᠤᠶᠤᠴᠢᠯᠠᠯ ᠢ ᠣᠯᠣᠭᠰᠠᠨ ᠤ ᠳᠡᠷᠠᠭ᠎ᠠ ᠂ 3 ᠠᠵᠢᠯᠯᠠᠬᠤ ᠡᠳᠦᠷ ᠤᠨ ᠳᠣᠲᠣᠷ᠎ᠠ ᠬᠢᠨᠠᠨ ᠪᠠᠶᠢᠴᠠᠭᠠᠯᠲᠠ ᠬᠢᠵᠦ ᠂ | ᠬᠦᠯᠢᠶᠡᠨ ᠠᠪᠴᠤ ᠰᠢᠢᠳᠪᠦᠷᠢᠯᠡᠬᠦ ᠪᠠᠷ ᠲᠣᠭᠲᠠᠭᠰᠠᠨ ᠪᠠᠶᠢᠪᠠᠯ ᠂ ᠬᠠᠮᠢᠶ᠎ᠠ ᠪᠦᠬᠦᠢ ᠮᠠᠲ᠋ᠧᠷᠢᠶᠡᠯ ᠢᠶᠠᠨ ᠲᠤᠰᠢᠶᠠᠬᠤ | ᠬᠤᠭᠤᠴᠠᠭ᠎ᠠ ᠬᠢᠵᠠᠭᠠᠷ ᠱᠠᠭᠠᠷᠳᠠᠯᠭ᠎ᠠ ᠵᠢᠴᠢ ᠲᠤᠬᠠᠶᠢᠲᠠᠢ ᠬᠥᠮᠥᠨ ᠤ ᠡᠶᠡᠳᠡᠭᠦᠯᠬᠦ ᠠᠵᠢᠯᠯᠠᠭ᠎ᠠ ᠳᠤᠮᠳᠠ ᠡᠳ᠋ᠯᠡᠬᠦ | ᠡᠷᠬᠡ ᠠᠰᠢᠭ ᠪᠠ ᠡᠭᠦᠷᠭᠡᠯᠡᠬᠦ ᠡᠭᠦᠷᠭᠡ ᠶᠢ ᠪᠢᠴᠢᠭ ᠢᠶᠠᠷ ᠮᠡᠳᠡᠭᠳᠡᠨ᠎ᠡ ︔ ᠰᠢᠢᠳᠪᠦᠷᠢᠯᠡᠬᠦ ᠶᠢ ᠡᠰᠡ ᠬᠦᠯᠢᠶᠡᠭᠰᠡᠨ | ᠪᠠᠶᠢᠪᠠᠯ ᠂ ᠲᠤᠬᠠᠶᠢᠲᠠᠢ ᠬᠥᠮᠥᠨ ᠳᠤ ᠮᠡᠳᠡᠭᠳᠡᠬᠦ ᠶᠢᠨ ᠬᠠᠮᠲᠤ ᠤᠴᠢᠷ ᠰᠢᠯᠲᠠᠭᠠᠨ ᠢᠶᠠᠨ ᠲᠣᠳᠣᠷᠬᠠᠶᠢᠯᠠᠬᠤ ᠶᠢᠨ | ᠳᠠᠭᠠᠤ ᠂ ᠲᠤᠬᠠᠶᠢᠲᠠᠢ ᠬᠥᠮᠥᠨ ᠳᠤ ᠬᠠᠤᠯᠢ ᠶᠣᠰᠣᠭᠠᠷ ᠵᠠᠷᠭᠤ ᠬᠢᠬᠦ ᠵᠡᠷᠭᠡ ᠪᠤᠰᠤᠳ ᠬᠠᠤᠯᠢ ᠶᠣᠰᠣᠨ ᠤ ᠠᠷᠭ᠎ᠠ | ᠵᠠᠮ ᠢᠶᠠᠷ ᠳᠠᠮᠵᠢᠭᠤᠯᠤᠨ ᠡᠮᠴᠢᠯᠡᠭᠡᠨ ᠤ ᠵᠠᠭᠤᠷᠠᠯᠳᠤᠭᠠᠨ ᠢ ᠰᠢᠢᠳᠪᠦᠷᠢᠯᠡᠵᠦ ᠪᠤᠯᠬᠤ ᠶᠢ ᠮᠡᠳᠡᠭᠳᠡᠬᠦ ᠬᠡᠷᠡᠭᠲᠡᠢ ᠃ | ︵ᠬᠤᠶᠠᠷ ︶ ᠠᠷᠠᠳ ᠤᠨ ᠡᠶᠡᠳᠡᠭᠦᠯᠦᠭᠴᠢ ᠶᠢ ᠵᠢᠭᠠᠨ ᠲᠣᠮᠢᠯᠠᠬᠤ ᠪᠤᠶᠤ ᠲᠤᠬᠠᠶᠢᠲᠠᠢ ᠬᠥᠮᠥᠨ ᠬᠤᠶᠠᠷ ᠠᠴᠠ | ᠳᠡᠭᠡᠭᠰᠢ ᠬᠥᠮᠥᠨ ᠢ ᠬᠠᠮᠲᠤ ᠪᠠᠷ ᠰᠣᠩᠭᠤᠨ ᠲᠣᠭᠲᠠᠭᠠᠵᠤ ᠡᠶᠡᠳᠡᠭᠦᠯᠭᠡ ᠳᠤ ᠣᠷᠣᠯᠴᠠᠭᠤᠯᠬᠤ ᠶᠢᠨ ᠬᠠᠮᠲᠤ ᠨᠢᠭᠡ | ᠬᠥᠮᠥᠨ ᠢ ᠭᠤᠣᠯᠴᠢᠯᠠᠨ ᠡᠶᠡᠳᠡᠭᠦᠯᠦᠭᠴᠢ ᠲᠣᠭᠲᠠᠭᠠᠨ᠎ᠠ ᠃ | ︵ᠭᠤᠷᠪᠠ ︶ ᠡᠶᠡᠳᠡᠭᠦᠯᠦᠭᠴᠢ ᠨᠢ ᠲᠤᠬᠠᠶᠢᠲᠠᠢ ᠬᠥᠮᠥᠨ ᠪᠤᠶᠤ ᠲᠡᠭᠦᠨ ᠤ ᠣᠷᠣᠯᠠᠭᠴᠢ ᠶᠢᠨ ᠣᠶᠢᠷ᠎ᠠ ᠲᠥᠷᠥᠯ | ᠰᠠᠳᠤᠨ ᠂ ᠡᠰᠡᠬᠦᠯ᠎ᠡ ᠡᠮᠴᠢᠯᠡᠭᠡᠨ ᠤ ᠵᠠᠭᠤᠷᠠᠯᠳᠤᠭᠠᠨ ᠯᠤᠭ᠎ᠠ ᠠᠰᠢᠭ ᠬᠤᠣᠷ ᠤᠨ ᠬᠠᠷᠢᠴᠠᠭ᠎ᠠ ᠲᠠᠢ ᠂ ᠡᠰᠡᠬᠦᠯ᠎ᠡ | ᠲᠤᠬᠠᠶᠢᠲᠠᠢ ᠬᠥᠮᠥᠨ ᠯᠦᠭᠡ ᠡᠮᠴᠢᠯᠡᠭᠡᠨ ᠤ ᠵᠠᠭᠤᠷᠠᠯᠳᠤᠭᠠᠨ ᠢ ᠭᠤᠣᠯᠴᠢ ᠪᠠᠷ ᠰᠢᠢᠳᠪᠦᠷᠢᠯᠡᠬᠦ ᠶᠢ ᠨᠥᠯᠥᠭᠡᠯᠡᠵᠦ | ᠮᠡᠳᠡᠬᠦ ᠪᠤᠰᠤᠳ ᠬᠠᠷᠢᠴᠠᠭ᠎ᠠ ᠲᠠᠢ ᠪᠠᠶᠢᠪᠠᠯ ᠂ ᠥᠪᠡᠰᠦᠪᠡᠨ ᠵᠠᠶᠢᠯᠠᠬᠤ ᠪᠤᠶᠤ ᠲᠤᠬᠠᠶᠢᠲᠠᠢ ᠬᠥᠮᠥᠨ ᠠᠴᠠ | ᠵᠠᠶᠢᠯᠠᠭᠤᠯᠬᠤ ᠪᠠᠷ ᠭᠤᠶᠤᠴᠢᠯᠠᠬᠤ ᠬᠡᠷᠡᠭᠲᠡᠢ ᠃ | ︵ᠳᠥᠷᠪᠡ ︶ ᠡᠶᠡᠳᠡᠭᠦᠯᠬᠦ ᠠᠵᠢᠯ ᠢ ᠡᠮᠴᠢᠯᠡᠭᠡᠨ ᠤ ᠡᠶᠡᠳᠡᠭᠦᠯᠭᠡ ᠶᠢᠨ ᠺᠣᠮᠢᠰ ᠤᠨ ᠲᠣᠬᠢᠷᠠᠭᠤᠯᠤᠭᠰᠠᠨ | ᠡᠶᠡᠳᠡᠭᠦᠯᠬᠦ ᠳᠠᠰᠤᠭ ᠲᠤ ᠶᠠᠪᠤᠭᠳᠠᠭᠤᠯᠬᠤ ᠬᠡᠷᠡᠭᠲᠡᠢ ᠃ | ︵ᠲᠠᠪᠤ ︶ ᠲᠤᠬᠠᠶᠢᠲᠠᠢ ᠬᠥᠮᠥᠨ ᠨᠢ ᠣᠷᠣᠯᠠᠭᠴᠢ ᠳᠤ ᠪᠠᠨ ᠨᠠᠶᠢᠳᠠᠵᠤ ᠡᠶᠡᠳᠡᠭᠦᠯᠭᠡ ᠳᠤ ᠣᠷᠣᠯᠴᠠᠭᠤᠯᠵᠤ | ᠪᠣᠯᠣᠨ᠎ᠠ ᠂ ᠨᠠᠶᠢᠳᠠᠯᠭ᠎ᠠ ᠬᠦᠯᠢᠶᠡᠭᠴᠢ ᠨᠢ ᠡᠮᠴᠢᠯᠡᠭᠡᠨ ᠤ ᠡᠶᠡᠳᠡᠭᠦᠯᠭᠡ ᠶᠢᠨ ᠺᠣᠮᠢᠰ ᠲᠤ ᠡᠷᠬᠡ ᠣᠯᠭᠤᠭᠰᠠᠨ | ᠨᠠᠶᠢᠳᠠᠯᠭ᠎ᠠ ᠶᠢᠨ ᠪᠢᠴᠢᠭ ᠢ ᠲᠤᠰᠢᠶᠠᠬᠤ ᠬᠡᠷᠡᠭᠲᠡᠢ ︔ ᠵᠠᠭᠤᠷᠠᠯᠳᠤᠭᠠᠨ ᠢ ᠡᠶᠡᠳᠡᠭᠦᠯᠦᠭᠰᠡᠨ ᠦᠷ᠎ᠡ ᠳ᠋ᠦᠩ ᠯᠦᠭᠡ | ᠠᠰᠢᠭ ᠬᠤᠣᠷ ᠤᠨ ᠬᠠᠷᠢᠴᠠᠭ᠎ᠠ ᠲᠠᠢ ᠭᠤᠷᠪᠠᠳᠠᠭᠢ ᠬᠥᠮᠥᠨ ᠡᠶᠡᠳᠡᠭᠦᠯᠭᠡ ᠳᠤ ᠣᠷᠣᠯᠴᠠᠬᠤ ᠪᠠᠷ ᠭᠤᠶᠤᠴᠢᠯᠠᠵᠤ | ᠪᠣᠯᠣᠨ᠎ᠠ ︔ ᠲᠠᠯ᠎ᠠ ᠪᠦᠷᠢ ᠶᠢᠨ ᠲᠥᠯᠥᠭᠡᠯᠡᠭᠴᠢ ᠶᠢᠨ ᠲᠤᠭ᠎ᠠ ᠶᠢ ᠡᠩ ᠤᠨ ᠪᠠᠶᠢᠳᠠᠯ ᠳᠤ 3 ᠠᠴᠠ ᠬᠡᠲᠦᠷᠡᠭᠦᠯᠵᠦ | ᠪᠤᠯᠬᠤ ᠦᠭᠡᠢ ᠃ | ︵ᠵᠢᠷᠭᠤᠭ᠎ᠠ ︶ ᠡᠶᠡᠳᠡᠭᠦᠯᠬᠦ ᠶᠠᠪᠤᠴᠠ ᠳᠤ ᠂ ᠲᠤᠬᠠᠶᠢᠲᠠᠢ ᠬᠥᠮᠥᠨ ᠡᠶᠡᠳᠡᠭᠦᠯᠬᠦ ᠰᠠᠬᠢᠯᠭ᠎ᠠ ᠪᠠᠲᠤ ᠶᠢ ᠵᠢᠷᠤᠮᠯᠠᠨ | ᠰᠠᠬᠢᠬᠤ ᠬᠡᠷᠡᠭᠲᠡᠢ ᠂ ᠲᠤᠬᠠᠶᠢᠲᠠᠢ ᠬᠥᠮᠥᠨ ᠵᠠᠭᠤᠷᠠᠯᠳᠤᠭᠠᠨ ᠢ ᠲᠣᠭᠠᠴᠢᠬᠤ ᠶᠠᠪᠤᠴᠠ ᠳᠤ ᠵᠣᠷᠢᠭᠤᠳᠠ ᠪᠣᠳᠠᠲᠤ | ᠬᠡᠷᠡᠭ ᠢ ᠭᠠᠵᠢᠭᠤᠳᠠᠭᠤᠯᠵᠤ ᠂ ᠶᠣᠰᠣ ᠪᠤᠰᠤ ᠪᠠᠷ ᠠᠭᠠᠰᠢᠯᠠᠭᠰᠠᠨ ᠪᠠᠶᠢᠪᠠᠯ ᠡᠶᠡᠳᠡᠭᠦᠯᠦᠭᠴᠢ ᠴᠠᠭ ᠲᠤᠬᠠᠢ ᠳᠤ ᠨᠢ | ᠬᠤᠷᠢᠭᠯᠠᠨ ᠵᠣᠭᠰᠤᠭᠠᠬᠤ ᠪᠠ ᠵᠠᠯᠠᠷᠠᠭᠤᠯᠬᠤ ᠬᠡᠷᠡᠭᠲᠡᠢ ᠃ | ︵ᠳᠣᠯᠤᠭ᠎ᠠ ︶ ᠡᠮᠴᠢᠯᠡᠭᠡᠨ ᠤ ᠡᠶᠡᠳᠡᠭᠦᠯᠭᠡ ᠶᠢᠨ ᠺᠣᠮᠢᠰ ᠵᠠᠭᠤᠷᠠᠯᠳᠤᠭᠠᠨ ᠢ ᠡᠶᠡᠳᠡᠭᠦᠯᠬᠦ ᠳᠤ ᠪᠠᠨ ᠂ | ᠬᠡᠷᠡᠭᠴᠡᠭᠡ ᠪᠠᠨ ᠦᠨᠳᠦᠰᠦᠯᠡᠨ ᠬᠠᠮᠢᠶ᠎ᠠ ᠪᠦᠬᠦᠢ ᠲᠣᠭᠲᠠᠭᠠᠯ ᠶᠣᠰᠣᠭᠠᠷ ᠲᠤᠰᠬᠠᠢ ᠮᠡᠷᠭᠡᠵᠢᠯᠲᠡᠨ ᠤ ᠬᠥᠮᠥᠷᠭᠡ ᠠᠴᠠ | ᠲᠤᠰᠬᠠᠢ ᠮᠡᠷᠭᠡᠵᠢᠯᠲᠡᠨ ᠰᠣᠩᠭᠤᠨ ᠠᠰᠠᠭᠤᠨ ᠯᠠᠪᠯᠠᠵᠤ ᠪᠣᠯᠣᠨ᠎ᠠ ᠃ ᠡᠮᠴᠢᠯᠡᠭᠡᠨ ᠤ ᠬᠤᠬᠢᠷᠠᠯ ᠳᠤ ᠬᠢᠨᠠᠨ | ᠲᠣᠭᠲᠠᠭᠠᠯᠲᠠ ᠬᠢᠵᠦ ᠬᠠᠷᠢᠭᠤᠴᠠᠯᠭ᠎ᠠ ᠲᠣᠳᠣᠷᠬᠠᠶᠢᠯᠠᠬᠤ ᠴᠢᠬᠤᠯᠠᠲᠠᠢ ᠪᠣᠯ ᠲᠤᠬᠠᠶᠢᠲᠠᠢ ᠬᠥᠮᠥᠨ ᠬᠠᠮᠲᠤ ᠪᠠᠷ | ᠠᠨᠠᠭᠠᠬᠤ ᠤᠬᠠᠭᠠᠨ ᠤ ᠨᠡᠶᠢᠭᠡᠮᠯᠢᠭ ᠪᠤᠶᠤ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠪᠠᠶᠢᠭᠤᠯᠤᠮᠵᠢ ᠳᠤ | ᠨᠠᠶᠢᠳᠠᠨ ᠬᠢᠨᠠᠨ ᠲᠣᠭᠲᠠᠭᠠᠯᠭᠠᠵᠤ ᠪᠣᠯᠣᠨ᠎ᠠ ᠂ ᠪᠠᠰᠠ ᠲᠤᠬᠠᠶᠢᠲᠠᠢ ᠬᠥᠮᠥᠨ ᠢᠶᠠᠷ ᠵᠥᠪᠰᠢᠶᠡᠷᠡᠭᠦᠯᠦᠭᠡᠳ ᠡᠮᠴᠢᠯᠡᠭᠡᠨ ᠤ | ᠡᠶᠡᠳᠡᠭᠦᠯᠭᠡ ᠶᠢᠨ ᠺᠣᠮᠢᠰ ᠲᠤ ᠨᠠᠶᠢᠳᠠᠨ ᠬᠢᠨᠠᠨ ᠲᠣᠭᠲᠠᠭᠠᠯᠭᠠᠵᠤ ᠪᠣᠯᠣᠨ᠎ᠠ ᠃ ᠲᠤᠰᠬᠠᠢ ᠮᠡᠷᠭᠡᠵᠢᠯᠲᠡᠨ ᠠᠴᠠ | ᠠᠰᠠᠭᠤᠨ ᠯᠠᠪᠯᠠᠬᠤ ᠪᠤᠶᠤ ᠬᠢᠨᠠᠨ ᠲᠣᠭᠲᠠᠭᠠᠯᠲᠠ ᠬᠢᠯᠭᠡᠬᠦ ᠴᠢᠬᠤᠯᠠᠲᠠᠢ ᠪᠠᠶᠢᠪᠠᠯ ᠂ ᠡᠮᠴᠢᠯᠡᠭᠡᠨ ᠤ ᠡᠶᠡᠳᠡᠭᠦᠯᠭᠡ ᠶᠢᠨ | ᠺᠣᠮᠢᠰ ᠨᠢ ᠲᠤᠬᠠᠶᠢᠲᠠᠢ ᠬᠥᠮᠥᠨ ᠳᠤ ᠬᠠᠮᠢᠶ᠎ᠠ ᠪᠦᠬᠦᠢ ᠴᠤᠪᠤᠷᠠᠯ ᠪᠠ ᠱᠠᠭᠠᠷᠳᠠᠯᠭ᠎ᠠ ᠶᠢ ᠮᠡᠳᠡᠭᠳᠡᠬᠦ ᠬᠡᠷᠡᠭᠲᠡᠢ ᠃ | ︵ᠨᠠᠢᠮᠠ ︶ ᠡᠮᠴᠢᠯᠡᠭᠡᠨ ᠤ ᠡᠶᠡᠳᠡᠭᠦᠯᠭᠡ ᠶᠢᠨ ᠺᠣᠮᠢᠰ ᠨᠢ ᠬᠦᠯᠢᠶᠡᠨ ᠠᠪᠤᠭᠰᠠᠨ ᠡᠳᠦᠷ ᠠᠴᠠ ᠡᠬᠢᠯᠡᠨ 30 | ᠠᠵᠢᠯᠯᠠᠬᠤ ᠡᠳᠦᠷ ᠤᠨ ᠳᠣᠲᠣᠷ᠎ᠠ ᠡᠶᠡᠳᠡᠭᠦᠯᠭᠡ ᠶᠢ ᠪᠡᠶᠡᠯᠡᠭᠦᠯᠵᠦ ᠂ ᠬᠦᠯᠢᠶᠡᠨ ᠠᠪᠴᠤ ᠰᠢᠢᠳᠪᠦᠷᠢᠯᠡᠬᠦ ᠴᠠᠭ | ᠬᠤᠭᠤᠴᠠᠭ᠎ᠠ ᠶᠢ ᠡᠮᠴᠢ ᠪᠠ ᠡᠪᠡᠳᠴᠢᠲᠡᠨ ᠬᠤᠶᠠᠷ ᠲᠠᠯ᠎ᠠ ᠶᠢᠨ ᠬᠢᠨ ᠮᠠᠲ᠋ᠧᠷᠢᠶᠡᠯ ᠢᠶᠠᠨ ᠪᠦᠷᠢᠨ ᠭᠦᠢᠴᠡᠳ | ᠲᠤᠰᠢᠶᠠᠭᠰᠠᠨ ᠡᠳᠦᠷ ᠠᠴᠠ ᠡᠬᠢᠯᠡᠵᠦ ᠪᠤᠳᠣᠨ᠎ᠠ ᠃ ᠣᠨᠴᠠᠭᠠᠢ ᠪᠠᠶᠢᠳᠠᠯ ᠠᠴᠠ ᠪᠣᠯᠵᠤ ᠡᠶᠡᠳᠡᠭᠦᠯᠬᠦ ᠬᠤᠭᠤᠴᠠᠭ᠎ᠠ ᠶᠢ | ᠤᠷᠲᠤᠳᠬᠠᠬᠤ ᠴᠢᠬᠤᠯᠠᠲᠠᠢ ᠪᠠᠶᠢᠪᠠᠯ ᠂ ᠡᠮᠴᠢᠯᠡᠭᠡᠨ ᠤ ᠡᠶᠡᠳᠡᠭᠦᠯᠭᠡ ᠶᠢᠨ ᠺᠣᠮᠢᠰ ᠬᠢᠭᠡᠳ ᠲᠤᠬᠠᠶᠢᠲᠠᠢ ᠬᠥᠮᠥᠨ ᠨᠢ | ᠡᠶᠡᠳᠡᠭᠦᠯᠬᠦ ᠬᠤᠭᠤᠴᠠᠭ᠎ᠠ ᠶᠢ ᠤᠷᠲᠤᠳᠬᠠᠬᠤ ᠪᠠᠷ ᠪᠣᠯᠵᠣᠨ ᠲᠣᠭᠲᠠᠵᠤ ᠪᠣᠯᠣᠨ᠎ᠠ ᠃ ᠡᠶᠡᠳᠡᠭᠦᠯᠬᠦ | ᠬᠤᠭᠤᠴᠠᠭ᠎ᠠ ᠠᠴᠠ ᠬᠡᠲᠦᠷᠡᠭᠡᠳ ᠡᠶᠡᠳᠡᠭᠦᠯᠭᠡ ᠶᠢᠨ ᠵᠥᠪᠯᠡᠯᠴᠡᠭᠡᠷ ᠲᠤ ᠰᠠᠨᠠᠯ ᠨᠢᠭᠡᠳᠦᠭᠰᠡᠨ ᠦᠭᠡᠢ ᠪᠣᠯ | ᠡᠶᠡᠳᠡᠭᠦᠯᠦᠭᠡᠳ ᠪᠦᠲᠦᠭᠰᠡᠨ ᠦᠭᠡᠢ ᠭᠡᠵᠦ ᠦᠵᠡᠨ᠎ᠡ ᠃ ᠦᠷᠭᠦᠯᠵᠢᠯᠡᠨ ᠡᠮᠨᠡᠨ ᠵᠠᠰᠠᠬᠤ ᠴᠢᠬᠤᠯᠠᠲᠠᠢ ᠪᠠᠶᠢᠪᠠᠯ ᠂ | ᠡᠮᠨᠡᠨ ᠵᠠᠰᠠᠬᠤ ᠴᠠᠭ ᠬᠤᠭᠤᠴᠠᠭ᠎ᠠ ᠶᠢ ᠡᠶᠡᠳᠡᠭᠦᠯᠬᠦ ᠬᠤᠭᠤᠴᠠᠭᠠᠨ ᠳᠤ ᠪᠤᠳᠤᠬᠤ ᠦᠭᠡᠢ ︔ ᠲᠤᠰᠬᠠᠢ | ᠮᠡᠷᠭᠡᠵᠢᠯᠲᠡᠨ ᠠᠴᠠ ᠠᠰᠠᠭᠤᠨ ᠯᠠᠪᠯᠠᠬᠤ ᠂ ᠠᠨᠠᠭᠠᠬᠤ ᠤᠬᠠᠭᠠᠨ ᠤ ᠰᠢᠯᠭᠠᠨ ᠲᠣᠭᠲᠠᠭᠠᠯᠲᠠ ᠪᠤᠶᠤ ᠬᠠᠤᠯᠢ | ᠴᠠᠭᠠᠵᠠ ᠶᠢᠨ ᠰᠢᠯᠭᠠᠨ ᠲᠣᠭᠲᠠᠭᠠᠯᠲᠠ ᠬᠢᠬᠦ ᠴᠢᠬᠤᠯᠠᠲᠠᠢ ᠪᠠᠶᠢᠪᠠᠯ ᠂ ᠠᠰᠠᠭᠤᠨ ᠯᠠᠪᠯᠠᠬᠤ ᠪᠤᠶᠤ ᠬᠢᠨᠠᠨ ᠲᠣᠭᠲᠠᠭᠠᠬᠤ | ᠴᠠᠭ ᠬᠤᠭᠤᠴᠠᠭ᠎ᠠ ᠶᠢ ᠡᠶᠡᠳᠡᠭᠦᠯᠬᠦ ᠬᠤᠭᠤᠴᠠᠭᠠᠨ ᠳᠤ ᠪᠤᠳᠤᠵᠤ ᠤᠷᠤᠭᠤᠯᠬᠤ ᠦᠭᠡᠢ ᠃ | ︵ᠶᠢᠰᠦ ︶ ᠲᠤᠬᠠᠶᠢᠲᠠᠢ ᠬᠥᠮᠥᠨ ᠨᠢ ᠡᠶᠡᠳᠡᠭᠦᠯᠬᠦ ᠪᠠᠷ ᠳᠠᠮᠵᠢᠭᠠᠳ ᠰᠠᠨᠠᠯ ᠨᠢᠭᠡᠳᠦᠭᠰᠡᠨ ᠪᠠᠶᠢᠪᠠᠯ ᠂ | ᠡᠮᠴᠢᠯᠡᠭᠡᠨ ᠤ ᠡᠶᠡᠳᠡᠭᠦᠯᠭᠡ ᠶᠢᠨ ᠺᠣᠮᠢᠰ ᠨᠢ ᠡᠶᠡᠳᠡᠭᠦᠯᠭᠡ ᠶᠢᠨ ᠵᠥᠪᠯᠡᠯᠴᠡᠭᠡᠷ ᠤᠨ ᠪᠢᠴᠢᠭ ᠵᠣᠬᠢᠶᠠᠬᠤ ᠬᠡᠷᠡᠭᠲᠡᠢ ᠃ | ᠡᠶᠡᠳᠡᠭᠦᠯᠭᠡ ᠶᠢᠨ ᠵᠥᠪᠯᠡᠯᠴᠡᠭᠡᠷ ᠤᠨ ᠪᠢᠴᠢᠭ ᠲᠤ ᠲᠤᠬᠠᠶᠢᠲᠠᠢ ᠬᠥᠮᠥᠨ ᠭᠠᠷ ᠤᠨ ᠦᠰᠦᠭ ᠵᠢᠷᠤᠬᠤ ᠪᠤᠶᠤ ᠲᠠᠮᠠᠭ᠎ᠠ | ᠳᠠᠷᠤᠵᠤ ᠂ ᠠᠷᠠᠳ ᠤᠨ ᠡᠶᠡᠳᠡᠭᠦᠯᠦᠭᠴᠢ ᠭᠠᠷ ᠤᠨ ᠦᠰᠦᠭ ᠵᠢᠷᠤᠬᠤ ᠶᠢᠨ ᠬᠠᠮᠲᠤ ᠡᠮᠴᠢᠯᠡᠭᠡᠨ ᠤ ᠵᠠᠭᠤᠷᠠᠯᠳᠤᠭᠠᠨ ᠤ | ᠠᠷᠠᠳ ᠤᠨ ᠡᠶᠡᠳᠡᠭᠦᠯᠭᠡ ᠶᠢᠨ ᠺᠣᠮᠢᠰ ᠤᠨ ᠲᠠᠮᠠᠭ᠎ᠠ ᠶᠢ ᠳᠠᠷᠤᠭᠰᠠᠨ ᠤ ᠳᠠᠷᠠᠭ᠎ᠠ ᠬᠦᠴᠦᠨ ᠲᠠᠢ ᠪᠣᠯᠣᠨ᠎ᠠ ᠃ | ᠡᠶᠡᠳᠡᠭᠦᠯᠭᠡ ᠶᠢᠨ ᠵᠥᠪᠯᠡᠯᠴᠡᠭᠡᠷ ᠤᠨ ᠪᠢᠴᠢᠭ ᠢ ᠡᠮᠴᠢ ᠪᠠ ᠡᠪᠡᠳᠴᠢᠲᠡᠨ ᠬᠤᠶᠠᠷ ᠲᠠᠯ᠎ᠠ ᠶᠢᠨ ᠲᠤᠬᠠᠶᠢᠲᠠᠢ | ᠬᠥᠮᠥᠨ ᠨᠢ ᠲᠣᠰ ᠪᠦᠷᠢ ᠨᠢᠭᠡ ᠬᠤᠪᠢ ᠠᠪᠴᠤ ᠂ ᠡᠮᠴᠢᠯᠡᠭᠡᠨ ᠤ ᠡᠶᠡᠳᠡᠭᠦᠯᠭᠡ ᠶᠢᠨ ᠺᠣᠮᠢᠰ ᠨᠢᠭᠡ ᠬᠤᠪᠢ | ᠦᠯᠡᠳᠡᠭᠡᠵᠦ ᠬᠠᠳᠠᠭᠠᠯᠠᠨ᠎ᠠ ᠃ | ᠡᠶᠡᠳᠡᠭᠦᠯᠭᠡ ᠶᠢᠨ ᠵᠥᠪᠯᠡᠯᠴᠡᠭᠡᠷ ᠤᠨ ᠪᠢᠴᠢᠭ ᠨᠢ ᠡᠮᠴᠢ ᠪᠠ ᠡᠪᠡᠳᠴᠢᠲᠡᠨ ᠬᠤᠶᠠᠷ ᠲᠠᠯ᠎ᠠ ᠳᠤ ᠴᠥᠮ | ᠬᠢᠵᠠᠭᠠᠷᠯᠠᠬᠤ ᠬᠦᠴᠦᠨ ᠲᠠᠢ ᠪᠠᠶᠢᠵᠤ ᠂ ᠪᠣᠯᠵᠣᠨ ᠲᠣᠭᠲᠠᠭᠰᠠᠨ ᠶᠣᠰᠣᠭᠠᠷ ᠤᠬᠠᠮᠰᠠᠷ ᠠᠴᠠ ᠪᠠᠨ ᠭᠦᠢᠴᠡᠳᠬᠡᠬᠦ | ᠬᠡᠷᠡᠭᠲᠡᠢ ᠃ ᠡᠮᠴᠢᠯᠡᠭᠡᠨ ᠤ ᠡᠶᠡᠳᠡᠭᠦᠯᠭᠡ ᠶᠢᠨ ᠺᠣᠮᠢᠰ ᠤᠨ ᠭᠠᠷᠭᠠᠵᠤ ᠥᠭᠭᠦᠭᠰᠡᠨ ᠡᠶᠡᠳᠡᠭᠦᠯᠭᠡ ᠶᠢᠨ | ᠵᠥᠪᠯᠡᠯᠴᠡᠭᠡᠷ ᠤᠨ ᠪᠢᠴᠢᠭ ᠲᠤ ᠡᠶᠡᠳᠡᠭᠦᠯᠭᠡ ᠶᠢᠨ ᠵᠥᠪᠯᠡᠯᠴᠡᠭᠡᠷ ᠬᠦᠴᠦᠨ ᠲᠠᠢ ᠪᠣᠯᠤᠭᠰᠠᠨ ᠡᠳᠦᠷ ᠠᠴᠠ ᠡᠬᠢᠯᠡᠨ | 30 ᠡᠳᠦᠷ ᠤᠨ ᠳᠣᠲᠣᠷ᠎ᠠ ᠲᠤᠬᠠᠶᠢᠲᠠᠢ ᠬᠥᠮᠥᠨ ᠳᠤ ᠡᠮᠴᠢᠯᠡᠭᠡᠨ ᠤ ᠡᠶᠡᠳᠡᠭᠦᠯᠭᠡ ᠶᠢᠨ ᠺᠣᠮᠢᠰ ᠤᠨ ᠪᠠᠶᠢᠭ᠎ᠠ | ᠭᠠᠵᠠᠷ ᠤᠨ ᠠᠷᠠᠳ ᠤᠨ ᠰᠢᠭᠦᠬᠦ ᠬᠤᠷᠢᠶᠠᠨ ᠳᠤ ᠬᠠᠤᠯᠢ ᠴᠠᠭᠠᠵᠠ ᠶᠢᠨ ᠨᠤᠲᠠᠯᠠᠯᠲᠠ ᠬᠢᠯᠭᠡᠬᠦ ᠪᠠᠷ ᠭᠤᠶᠤᠴᠢᠯᠠᠬᠤ ᠶᠢ | ᠬᠠᠮᠲᠤ ᠪᠠᠷ ᠮᠡᠳᠡᠭᠳᠡᠬᠦ ᠬᠡᠷᠡᠭᠲᠡᠢ ᠃ | ︵ᠠᠷᠪᠠ ︶ ᠡᠮᠴᠢᠯᠡᠭᠡᠨ ᠤ ᠡᠶᠡᠳᠡᠭᠦᠯᠭᠡ ᠶᠢᠨ ᠺᠣᠮᠢᠰ ᠡᠶᠡᠳᠡᠭᠦᠯᠦᠭᠡᠳ ᠳᠠᠭᠤᠰᠤᠭᠰᠠᠨ ᠪᠠᠶᠢᠪᠠᠯ ᠂ ᠴᠠᠭ | ᠲᠤᠬᠠᠢ ᠳᠤ ᠨᠢ ᠳᠠᠩᠰᠠᠨ ᠳᠤ ᠣᠷᠣᠭᠤᠯᠵᠤ ᠡᠪᠬᠡᠮᠡᠯ ᠪᠣᠯᠭᠠᠬᠤ ᠬᠡᠷᠡᠭᠲᠡᠢ ᠃ ᠡᠶᠡᠳᠡᠭᠦᠯᠭᠡ ᠶᠢᠨ ᠳᠠᠩᠰᠠ ᠡᠪᠬᠡᠮᠡᠯ ᠳᠤ | ᠡᠶᠡᠳᠡᠭᠦᠯᠭᠡ ᠬᠢᠯᠭᠡᠬᠦ ᠭᠤᠶᠤᠴᠢᠯᠠᠯ ᠤᠨ ᠪᠢᠴᠢᠭ ᠂ ᠵᠠᠭᠤᠷᠠᠯᠳᠤᠭᠠᠨ ᠤ ᠳᠠᠩᠰᠠᠯᠠᠯᠲᠠ ᠶᠢᠨ ᠬᠦᠰᠦᠨᠦᠭᠲᠦ ᠂ | ᠡᠶᠡᠳᠡᠭᠦᠯᠭᠡ ᠶᠢᠨ ᠲᠡᠮᠳᠡᠭᠯᠡᠯ ᠂ ᠪᠠᠶᠢᠴᠠᠭᠠᠯᠲᠠ ᠶᠢᠨ ᠲᠡᠮᠳᠡᠭᠯᠡᠯ ᠂ ᠲᠤᠰᠬᠠᠢ ᠮᠡᠷᠭᠡᠵᠢᠯᠲᠡᠨ ᠠᠴᠠ ᠠᠰᠠᠭᠤᠨ ᠯᠠᠪᠯᠠᠬᠤ | ᠰᠠᠨᠠᠯ ᠤᠨ ᠪᠢᠴᠢᠭ ᠂ ᠰᠢᠯᠭᠠᠨ ᠲᠣᠭᠲᠠᠭᠠᠭᠰᠠᠨ ᠰᠠᠨᠠᠯ ᠂ ᠡᠶᠡᠳᠡᠭᠦᠯᠭᠡ ᠶᠢᠨ ᠵᠥᠪᠯᠡᠯᠴᠡᠭᠡᠷ ᠤᠨ ᠪᠢᠴᠢᠭ ᠂ ᠬᠠᠷᠢᠭᠤ | ᠰᠤᠷᠪᠤᠯᠵᠢᠯᠠᠭᠰᠠᠨ ᠲᠡᠮᠳᠡᠭᠯᠡᠯ ᠂ ᠳᠠᠭᠤ ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠵᠡᠷᠭᠡ ᠶᠢ ᠪᠠᠭᠲᠠᠭᠠᠬᠤ ᠬᠡᠷᠡᠭᠲᠡᠢ ᠃ | ᠡᠮᠴᠢᠯᠡᠭᠡᠨ ᠤ ᠵᠠᠭᠤᠷᠠᠯᠳᠤᠭᠠᠨ ᠤ ᠠᠷᠠᠳ ᠤᠨ ᠡᠶᠡᠳᠡᠭᠦᠯᠭᠡ ᠶᠢᠨ ᠳᠠᠩᠰᠠ ᠡᠪᠬᠡᠮᠡᠯ ᠢ ᠲᠣᠭᠲᠠᠭᠰᠠᠨ ᠬᠤᠭᠤᠴᠠᠭ᠎ᠠ | ᠶᠣᠰᠣᠭᠠᠷ ᠬᠠᠳᠠᠭᠠᠯᠠᠬᠤ ᠬᠡᠷᠡᠭᠲᠡᠢ ᠃ | ︵ᠠᠷᠪᠠᠨ ᠨᠢᠭᠡ ︶ ᠡᠶᠡᠳᠡᠭᠦᠯᠦᠭᠡᠳ ᠪᠦᠲᠦᠭᠰᠡᠨ ᠦᠭᠡᠢ ᠪᠠᠶᠢᠪᠠᠯ ᠂ ᠡᠮᠴᠢᠯᠡᠭᠡᠨ ᠤ ᠡᠶᠡᠳᠡᠭᠦᠯᠭᠡ ᠶᠢᠨ | ᠺᠣᠮᠢᠰ ᠨᠢ ᠡᠶᠡᠳᠡᠭᠦᠯᠭᠡ ᠶᠢ ᠵᠣᠭᠰᠣᠭᠠᠵᠤ ᠂ ᠡᠶᠡᠳᠡᠭᠦᠯᠭᠡ ᠶᠢ ᠵᠣᠭᠰᠣᠭᠠᠭᠰᠠᠨ ᠮᠡᠳᠡᠭᠳᠡᠯ ᠤᠨ ᠪᠢᠴᠢᠭ ᠭᠠᠷᠭᠠᠵᠤ ᠂ | ᠲᠤᠬᠠᠶᠢᠲᠠᠢ ᠬᠥᠮᠥᠨ ᠳᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠨ ᠂ | ᠵᠠᠷᠭᠤ ᠬᠢᠬᠦ ᠵᠡᠷᠭᠡ ᠬᠠᠤᠯᠢ ᠶᠣᠰᠣᠨ ᠤ ᠪᠤᠰᠤᠳ ᠠᠷᠭ᠎ᠠ ᠵᠠᠮ ᠢᠶᠠᠷ ᠳᠠᠮᠵᠢᠭᠤᠯᠤᠨ ᠥᠪᠡᠷ ᠤᠨ ᠡᠷᠬᠡ ᠠᠰᠢᠭ ᠢᠶᠠᠨ | ᠬᠠᠮᠠᠭᠠᠯᠠᠬᠤ ᠶᠢ ᠮᠡᠳᠡᠭᠳᠡᠬᠦ ᠬᠡᠷᠡᠭᠲᠡᠢ ᠃ ᠵᠥᠷᠢᠴᠡᠯ ᠰᠢᠷᠦᠭᠦᠰᠬᠦ ᠲᠦᠭᠰᠢᠭᠦᠷᠢ ᠶᠢᠨ ᠭᠡᠮ ᠰᠣᠭᠤᠭ ᠪᠠᠶᠢᠬᠤ ᠶᠢ ᠣᠯᠵᠤ | ᠮᠡᠳᠡᠪᠡᠯ ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠴᠠᠭ ᠲᠤᠬᠠᠢ ᠳᠤ ᠨᠢ ᠮᠡᠳᠡᠭᠦᠯᠬᠦ ᠬᠡᠷᠡᠭᠲᠡᠢ ᠃ | ᠭᠤᠴᠢᠨ ᠬᠤᠶᠠᠳᠤᠭᠠᠷ ᠵᠦᠢᠯ ᠡᠮᠴᠢᠯᠡᠭᠡᠨ ᠤ ᠵᠠᠭᠤᠷᠠᠯᠳᠤᠭᠠᠨ ᠭᠠᠷᠤᠭᠰᠠᠨ ᠤ ᠳᠠᠷᠠᠭ᠎ᠠ ᠂ ᠡᠮᠴᠢ ᠪᠠ | ᠡᠪᠡᠳᠴᠢᠲᠡᠨ ᠬᠤᠶᠠᠷ ᠲᠠᠯ᠎ᠠ ᠪᠠᠷ ᠢᠶᠠᠨ ᠡᠮᠴᠢᠯᠡᠭᠡᠨ ᠤ ᠵᠠᠭᠤᠷᠠᠯᠳᠤᠭᠠᠨ ᠭᠠᠷᠤᠭᠰᠠᠨ ᠭᠠᠵᠠᠷ ᠤᠨ ᠬᠤᠰᠢᠭᠤ | ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠲᠤ ᠵᠠᠰᠠᠭ ᠵᠠᠬᠢᠷᠭᠠᠨ ᠤ ᠡᠶᠡᠳᠡᠭᠦᠯᠭᠡ ᠬᠢᠯᠭᠡᠬᠦ ᠪᠠᠷ ᠬᠠᠮᠲᠤ ᠪᠠᠷ ᠭᠤᠶᠤᠴᠢᠯᠠᠵᠤ | ᠪᠣᠯᠣᠨ᠎ᠠ ︔ ᠨᠢᠭᠡ ᠲᠠᠯ᠎ᠠ ᠨᠢ ᠡᠶᠡᠳᠡᠭᠦᠯᠬᠦ ᠪᠠᠷ ᠭᠤᠶᠤᠴᠢᠯᠠᠭᠰᠠᠨ ᠪᠠᠶᠢᠪᠠᠯ ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠨᠥᠭᠦᠭᠡ ᠲᠠᠯ᠎ᠠ ᠶᠢᠨ ᠵᠥᠪᠰᠢᠶᠡᠷᠡᠯ ᠢ ᠣᠯᠣᠭᠰᠠᠨ ᠤ ᠳᠠᠷᠠᠭ᠎ᠠ ᠬᠢᠨᠠᠨ | ᠪᠠᠶᠢᠴᠠᠭᠠᠵᠤ ᠭᠥᠯᠢᠶᠡᠨ ᠠᠪᠴᠤ ᠰᠢᠢᠳᠪᠦᠷᠢᠯᠡᠬᠦ ᠳᠡᠰ ᠳᠠᠷᠠᠭᠠᠯᠠᠯ ᠢᠶᠠᠨ ᠡᠬᠢᠯᠡᠭᠦᠯᠵᠦ ᠂ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ ᠰᠢᠢᠳᠪᠦᠷᠢᠯᠡᠨ᠎ᠡ ᠃ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠭᠤᠶᠤᠴᠢᠯᠠᠯ ᠢ ᠣᠯᠣᠭᠰᠠᠨ | ᠡᠳᠦᠷ ᠠᠴᠠ ᠡᠬᠢᠯᠡᠨ 5 ᠠᠵᠢᠯᠯᠠᠬᠤ ᠡᠳᠦᠷ ᠤᠨ ᠳᠣᠲᠣᠷ᠎ᠠ ᠭᠥᠯᠢᠶᠡᠨ ᠠᠪᠴᠤ ᠰᠢᠢᠳᠪᠦᠷᠢᠯᠡᠬᠦ ᠡᠰᠡᠬᠦ ᠶᠢᠨ | ᠲᠣᠭᠲᠠᠭᠠᠯ ᠭᠠᠷᠭᠠᠬᠤ ᠬᠡᠷᠡᠭᠲᠡᠢ ᠃ ᠡᠮᠴᠢ ᠪᠠ ᠡᠪᠡᠳᠴᠢᠲᠡᠨ ᠬᠤᠶᠠᠷ ᠲᠠᠯ᠎ᠠ ᠪᠠᠷ ᠢᠶᠠᠨ ᠨᠢᠭᠡᠨᠲᠡ ᠠᠷᠠᠳ ᠤᠨ ᠰᠢᠭᠦᠬᠦ | ᠬᠤᠷᠢᠶᠠᠨ ᠳᠤ ᠵᠠᠭᠠᠯᠳᠤᠯᠭ᠎ᠠ ᠭᠠᠷᠭᠠᠭᠰᠠᠨ ᠮᠥᠷᠲᠡᠭᠡᠨ ᠨᠢᠭᠡᠨᠲᠡ ᠰᠢᠢᠳᠪᠦᠷᠢᠯᠡᠬᠦ ᠪᠠᠷ ᠬᠦᠯᠢᠶᠡᠨ ᠠᠪᠤᠭᠰᠠᠨ ᠂ | ᠡᠰᠡᠬᠦᠯ᠎ᠡ ᠨᠢᠭᠡᠨᠲᠡ ᠡᠮᠴᠢᠯᠡᠭᠡᠨ ᠤ ᠵᠠᠭᠤᠷᠠᠯᠳᠤᠭᠠᠨ ᠤ ᠠᠷᠠᠳ ᠤᠨ ᠡᠶᠡᠳᠡᠭᠦᠯᠭᠡ ᠶᠢᠨ ᠺᠣᠮᠢᠰ ᠢᠶᠠᠷ ᠡᠶᠡᠳᠡᠭᠦᠯᠭᠡ | ᠬᠢᠯᠭᠡᠬᠦ ᠪᠠᠷ ᠭᠤᠶᠤᠴᠢᠯᠠᠭᠰᠠᠨ ᠮᠥᠷᠲᠡᠭᠡᠨ ᠨᠢᠭᠡᠨᠲᠡ ᠰᠢᠢᠳᠪᠦᠷᠢᠯᠡᠬᠦ ᠪᠠᠷ ᠬᠦᠯᠢᠶᠡᠨ ᠠᠪᠤᠭᠰᠠᠨ ᠪᠠᠶᠢᠪᠠᠯ ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠬᠦᠯᠢᠶᠡᠨ ᠠᠪᠴᠤ ᠰᠢᠢᠳᠪᠦᠷᠢᠯᠡᠬᠦ ᠦᠭᠡᠢ ︔ | ᠨᠢᠭᠡᠨᠲᠡ ᠰᠢᠢᠳᠪᠦᠷᠢᠯᠡᠬᠦ ᠪᠠᠷ ᠬᠦᠯᠢᠶᠡᠨ ᠠᠪᠤᠭᠰᠠᠨ ᠪᠠᠶᠢᠪᠠᠯ ᠵᠠᠰᠠᠭ ᠵᠠᠬᠢᠷᠭᠠᠨ ᠤ ᠡᠶᠡᠳᠡᠭᠦᠯᠭᠡ ᠶᠢ ᠵᠣᠭᠰᠣᠭᠠᠨ᠎ᠠ ᠃ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠡᠶᠡᠳᠡᠭᠦᠯᠭᠡ ᠶᠢᠨ | ᠭᠤᠶᠤᠴᠢᠯᠠᠯ ᠢ ᠬᠦᠯᠢᠶᠡᠨ ᠠᠪᠤᠭᠰᠠᠨ ᠡᠳᠦᠷ ᠠᠴᠠ ᠡᠬᠢᠯᠡᠨ 30 ᠠᠵᠢᠯᠯᠠᠬᠤ ᠡᠳᠦᠷ ᠤᠨ ᠳᠣᠲᠣᠷ᠎ᠠ ᠡᠶᠡᠳᠡᠭᠦᠯᠭᠡ ᠶᠢ | ᠪᠡᠶᠡᠯᠡᠭᠦᠯᠬᠦ ᠬᠡᠷᠡᠭᠲᠡᠢ ᠃ ᠡᠮᠴᠢᠯᠡᠭᠡᠨ ᠤ ᠬᠤᠬᠢᠷᠠᠯ ᠤᠨ ᠬᠢᠨᠠᠨ ᠲᠣᠭᠲᠠᠭᠠᠯᠲᠠ ᠬᠢᠬᠦ ᠴᠢᠬᠤᠯᠠᠲᠠᠢ ᠪᠣᠯ ᠬᠢᠨᠠᠨ | ᠲᠣᠭᠲᠠᠭᠠᠬᠤ ᠬᠤᠭᠤᠴᠠᠭ᠎ᠠ ᠶᠢ ᠡᠶᠡᠳᠡᠭᠦᠯᠬᠦ ᠬᠤᠭᠤᠴᠠᠭᠠᠨ ᠳᠤ ᠪᠣᠳᠣᠵᠤ ᠣᠷᠣᠭᠤᠯᠬᠤ ᠦᠭᠡᠢ ᠃ ᠡᠶᠡᠳᠡᠭᠦᠯᠬᠦ | ᠬᠤᠭᠤᠴᠠᠭ᠎ᠠ ᠠᠴᠠ ᠬᠡᠲᠦᠷᠡᠭᠡᠳ ᠡᠶᠡᠳᠡᠭᠦᠯᠭᠡ ᠶᠢᠨ ᠵᠥᠪᠯᠡᠯᠴᠡᠭᠡᠷ ᠲᠤ ᠰᠠᠨᠠᠯ ᠨᠢᠭᠡᠳᠦᠭᠰᠡᠨ ᠦᠭᠡᠢ ᠪᠣᠯ | ᠡᠶᠡᠳᠡᠭᠦᠯᠦᠭᠡᠳ ᠪᠦᠲᠦᠭᠰᠡᠨ ᠦᠭᠡᠢ ᠭᠡᠵᠦ ᠦᠵᠡᠨ᠎ᠡ ᠃ | ᠭᠤᠴᠢᠨ ᠭᠤᠷᠪᠠᠳᠤᠭᠠᠷ ᠵᠦᠢᠯ ᠡᠮᠴᠢ ᠪᠠ ᠡᠪᠡᠳᠴᠢᠲᠡᠨ ᠬᠤᠶᠠᠷ ᠲᠠᠯ᠎ᠠ ᠪᠠᠷ ᠢᠶᠠᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠡᠶᠡᠳᠡᠭᠦᠯᠭᠡ ᠪᠠᠷ ᠳᠠᠮᠵᠢᠨ ᠰᠠᠨᠠᠯ ᠨᠢᠭᠡᠳᠦᠭᠰᠡᠨ | ᠪᠠᠶᠢᠪᠠᠯ ᠂ ᠡᠶᠡᠳᠡᠭᠦᠯᠭᠡ ᠶᠢᠨ ᠵᠥᠪᠯᠡᠯᠴᠡᠭᠡᠷ ᠤᠨ ᠪᠢᠴᠢᠭ ᠲᠤ ᠭᠠᠷ ᠤᠨ ᠦᠰᠦᠭ ᠵᠢᠷᠤᠬᠤ ᠬᠡᠷᠡᠭᠲᠡᠢ ᠃ | ᠭᠤᠴᠢᠨ ᠳᠥᠷᠪᠡᠳᠦᠭᠡᠷ ᠵᠦᠢᠯ ᠡᠮᠴᠢᠯᠡᠭᠡᠨ ᠤ ᠵᠠᠭᠤᠷᠠᠯᠳᠤᠭᠠᠨ ᠭᠠᠷᠪᠠᠯ ᠂ ᠲᠤᠬᠠᠶᠢᠲᠠᠢ ᠬᠥᠮᠥᠨ ᠢ | ᠤᠷᠢᠳ ᠢᠶᠠᠷ ᠰᠠᠶᠢᠨ ᠳᠤᠷ᠎ᠠ ᠠᠴᠠ ᠪᠠᠨ ᠵᠥᠪᠳᠡᠯᠴᠡᠵᠦ ᠰᠢᠢᠳᠪᠦᠷᠢᠯᠡᠭᠦᠯᠬᠦ ᠪᠠᠷ ᠵᠣᠷᠢᠭᠵᠢᠭᠤᠯᠬᠤ ᠪᠠ ᠬᠥᠲᠥᠯᠥᠨ | ᠵᠢᠯᠣᠭᠤᠳᠤᠨ᠎ᠠ ᠃ ᠲᠤᠬᠠᠶᠢᠲᠠᠢ ᠬᠥᠮᠥᠨ ᠨᠢ ᠵᠥᠪᠳᠡᠯᠴᠡᠬᠦ ᠳᠤᠷ᠎ᠠ ᠦᠭᠡᠢ ᠪᠤᠶᠤ ᠵᠥᠪᠳᠡᠯᠴᠡᠭᠡᠳ ᠪᠦᠲᠦᠭᠰᠡᠨ ᠦᠭᠡᠢ | ᠪᠠᠶᠢᠪᠠᠯ ᠠᠷᠠᠳ ᠤᠨ ᠡᠶᠡᠳᠡᠭᠦᠯᠭᠡ ᠶᠢ ᠭᠤᠶᠤᠴᠢᠯᠠᠬᠤ ᠪᠠᠷ ᠬᠥᠲᠥᠯᠥᠨ ᠵᠢᠯᠤᠭᠤᠳᠬᠤ ᠬᠡᠷᠡᠭᠲᠡᠢ ᠃ ᠲᠤᠬᠠᠶᠢᠲᠠᠢ | ᠬᠥᠮᠥᠨ ᠨᠢ ᠠᠷᠠᠳ ᠤᠨ ᠡᠶᠡᠳᠡᠭᠦᠯᠭᠡ ᠬᠢᠯᠭᠡᠬᠦ ᠳᠤᠷ᠎ᠠ ᠦᠭᠡᠢ ᠪᠤᠶᠤ ᠡᠶᠡᠳᠡᠭᠦᠯᠦᠭᠡᠳ ᠪᠦᠲᠦᠭᠰᠡᠨ ᠦᠭᠡᠢ ᠪᠠᠶᠢᠪᠠᠯ | ᠵᠠᠰᠠᠭ ᠵᠠᠬᠢᠷᠭᠠᠨ ᠤ ᠡᠶᠡᠳᠡᠭᠦᠯᠭᠡ ᠭᠤᠶᠤᠴᠢᠯᠠᠬᠤ ᠪᠠᠷ ᠬᠥᠲᠥᠯᠥᠨ ᠵᠢᠯᠤᠭᠤᠳᠬᠤ ᠬᠡᠷᠡᠭᠲᠡᠢ ᠃ ᠲᠤᠬᠠᠶᠢᠲᠠᠢ | ᠬᠥᠮᠥᠨ ᠨᠢ ᠵᠠᠰᠠᠭ ᠵᠠᠬᠢᠷᠭᠠᠨ ᠤ ᠡᠶᠡᠳᠡᠭᠦᠯᠭᠡ ᠬᠢᠯᠭᠡᠬᠦ ᠳᠤᠷ᠎ᠠ ᠦᠭᠡᠢ ᠪᠤᠶᠤ ᠡᠶᠡᠳᠡᠭᠦᠯᠦᠭᠡᠳ ᠪᠦᠲᠦᠭᠰᠡᠨ ᠦᠭᠡᠢ | ᠪᠠᠶᠢᠪᠠᠯ ᠪᠣᠯ ᠲᠤᠬᠠᠶᠢᠲᠠᠢ ᠬᠥᠮᠥᠨ ᠳᠤ ᠪᠤᠰᠤᠳ ᠠᠷᠭ᠎ᠠ ᠵᠠᠮ ᠰᠣᠩᠭᠤᠵᠤ ᠰᠢᠢᠳᠪᠦᠷᠢᠯᠡᠬᠦ ᠶᠢ ᠴᠠᠭ ᠲᠤᠬᠠᠢ ᠳᠤ ᠨᠢ | ᠮᠡᠳᠡᠭᠳᠡᠬᠦ ᠬᠡᠷᠡᠭᠲᠡᠢ ᠃ | ᠳᠥᠷᠪᠡᠳᠦᠭᠡᠷ ᠪᠦᠯᠦᠭ ᠡᠮᠴᠢᠯᠡᠭᠡᠨ ᠤ ᠬᠠᠷᠢᠭᠤᠴᠠᠯᠭ᠎ᠠ ᠶᠢᠨ ᠳᠠᠭᠠᠳᠬᠠᠯ | ᠭᠤᠴᠢᠨ ᠲᠠᠪᠤᠳᠤᠭᠠᠷ ᠵᠦᠢᠯ ᠡᠮᠴᠢᠯᠡᠭᠡᠨ ᠤ ᠪᠠᠶᠢᠭᠤᠯᠤᠮᠵᠢ ᠨᠤᠭᠤᠳ ᠡᠮᠴᠢᠯᠡᠭᠡᠨ ᠤ ᠬᠠᠷᠢᠭᠤᠴᠠᠯᠭ᠎ᠠ ᠶᠢᠨ | ᠳᠠᠭᠠᠳᠬᠠᠯ ᠳᠤ ᠣᠷᠤᠯᠴᠠᠬᠤ ᠬᠡᠷᠡᠭᠲᠡᠢ ᠂ ᠡᠮᠨᠡᠯᠭᠡ ᠶᠢᠨ ᠠᠵᠢᠯᠲᠠᠨ ᠤ ᠠᠵᠢᠯ ᠮᠡᠷᠭᠡᠵᠢᠯ ᠤᠨ ᠬᠠᠷᠢᠭᠤᠴᠠᠯᠭ᠎ᠠ ᠶᠢᠨ | ᠳᠠᠭᠠᠳᠬᠠᠯ ᠳᠤ ᠣᠷᠣᠯᠴᠠᠬᠤ ᠶᠢ ᠵᠣᠷᠢᠭᠵᠢᠭᠤᠯᠤᠨ ᠂ ᠡᠪᠡᠳᠴᠢᠲᠡᠨ ᠤ ᠡᠮᠴᠢᠯᠡᠭᠡᠨ ᠤ ᠰᠠᠨᠠᠭᠠᠨ ᠳᠤ ᠦᠭᠡᠢ | ᠭᠡᠮᠲᠦᠯ ᠤᠨ ᠳᠠᠭᠠᠳᠬᠠᠯ ᠳᠤ ᠣᠷᠣᠯᠴᠠᠬᠤ ᠶᠢ ᠵᠣᠷᠢᠭᠵᠢᠭᠤᠯᠵᠤ ᠂ ᠲᠦᠭᠰᠢᠭᠦᠷᠢ ᠶᠢ ᠰᠡᠷᠭᠡᠶᠢᠯᠡᠬᠦ ᠲᠠᠯ᠎ᠠ ᠳᠠᠬᠢ | ᠳᠠᠭᠠᠳᠬᠠᠯ ᠤᠨ ᠴᠢᠳᠠᠮᠵᠢ ᠦᠢᠯᠡᠳᠦᠯ ᠢ ᠪᠠᠳᠠᠷᠠᠭᠤᠯᠤᠨ ᠂ ᠡᠮᠴᠢ ᠪᠠ ᠡᠪᠡᠳᠴᠢᠲᠡᠨ ᠬᠤᠶᠠᠷ ᠲᠠᠯ᠎ᠠ ᠶᠢᠨ ᠬᠠᠤᠯᠢ | ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠪᠠᠲᠤᠯᠠᠨ᠎ᠠ ᠃ | ᠭᠤᠴᠢᠨ ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠡᠮᠴᠢᠯᠡᠭᠡᠨ ᠤ ᠲᠦᠭᠰᠢᠭᠦᠷᠢ ᠶᠢᠨ ᠬᠤᠪᠢᠳᠠᠨ ᠡᠭᠦᠷᠭᠡᠯᠡᠬᠦ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠶᠢ ᠠᠬᠢᠭᠤᠯᠵᠤ ᠂ ᠡᠮᠴᠢᠯᠡᠭᠡᠨ ᠤ ᠪᠠᠶᠢᠭᠤᠯᠤᠮᠵᠢ ᠶᠢᠨ ᠲᠦᠭᠰᠢᠭᠦᠷᠢ ᠶᠢ | ᠰᠡᠷᠭᠡᠶᠢᠯᠡᠬᠦ ᠳᠦᠷᠢᠮ ᠢᠶᠠᠨ ᠲᠡᠭᠦᠯᠳᠡᠷᠵᠢᠭᠦᠯᠬᠦ ᠳᠤ ᠵᠢᠭᠠᠨ ᠵᠢᠯᠣᠭᠤᠳᠤᠯᠭ᠎ᠠ ᠬᠢᠬᠦ ᠪᠠ ᠬᠢᠨᠠᠯᠲᠠ ᠲᠠᠯᠪᠢᠵᠤ ᠂ | ᠡᠮᠴᠢᠯᠡᠭᠡᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠨᠢᠭᠡᠳᠦᠯᠲᠡᠢ ᠪᠠᠲᠤᠯᠠᠬᠤ ᠲᠣᠭᠲᠠᠴᠠ ᠶᠢ ᠪᠠᠶᠢᠭᠤᠯᠵᠤ ᠂ | ᠳᠠᠭᠠᠳᠬᠠᠯ ᠤᠨ ᠺᠣᠮᠫᠠᠨᠢ ᠯᠤᠭ᠎ᠠ ᠬᠠᠮᠲᠤᠷᠠᠯᠴᠠᠬᠤ ᠪᠤᠶᠤ ᠲᠤᠰᠬᠠᠢ ᠳᠠᠭᠠᠳᠬᠠᠯ ᠤᠨ ᠵᠠᠭᠤᠴᠢ ᠪᠠᠶᠢᠭᠤᠯᠤᠮᠵᠢ ᠳᠤ | ᠨᠠᠶᠢᠳᠠᠵᠤ ᠪᠠᠶᠢᠭᠠᠳ ᠡᠮᠴᠢᠯᠡᠭᠡᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠠᠵᠢᠯ ᠢ ᠥᠷᠨᠢᠭᠦᠯᠵᠦ ᠂ ᠡᠮᠴᠢᠯᠡᠭᠡᠨ ᠤ | ᠬᠠᠷᠢᠭᠤᠴᠠᠯᠭ᠎ᠠ ᠶᠢᠨ ᠳᠠᠭᠠᠳᠬᠠᠯ ᠂ ᠡᠮᠨᠡᠯᠭᠡ ᠶᠢᠨ ᠠᠵᠢᠯᠲᠠᠨ ᠤ ᠠᠵᠢᠯ ᠮᠡᠷᠭᠡᠵᠢᠯ ᠤᠨ ᠬᠠᠷᠢᠭᠤᠴᠠᠯᠭ᠎ᠠ ᠶᠢᠨ | ᠳᠠᠭᠠᠳᠬᠠᠯ ᠂ ᠡᠮᠴᠢᠯᠡᠭᠡᠨ ᠤ ᠰᠠᠨᠠᠭᠠᠨ ᠳᠤ ᠦᠭᠡᠢ ᠭᠡᠮᠲᠦᠯ ᠤᠨ ᠳᠠᠭᠠᠳᠬᠠᠯ ᠵᠡᠷᠭᠡ ᠲᠦᠭᠰᠢᠭᠦᠷᠢ ᠶᠢ ᠬᠤᠪᠢᠳᠠᠨ | ᠡᠭᠦᠷᠭᠡᠯᠡᠬᠦ ᠬᠡᠯᠪᠡᠷᠢ ᠶᠢ ᠪᠦᠲᠦᠮᠵᠢᠲᠡᠶ ᠠᠰᠢᠭᠯᠠᠨ ᠂ ᠡᠮᠴᠢ ᠪᠠ ᠡᠪᠡᠳᠴᠢᠲᠡᠨ ᠬᠤᠶᠠᠷ ᠲᠠᠯ᠎ᠠ ᠶᠢᠨ ᠬᠠᠤᠯᠢ ᠶᠣᠰᠣᠨ ᠤ | ᠡᠷᠬᠡ ᠠᠰᠢᠭ ᠢ ᠪᠠᠲᠤᠯᠠᠨ᠎ᠠ ᠃ | ᠭᠤᠴᠢᠨ ᠳᠣᠯᠣᠳᠤᠭᠠᠷ ᠵᠦᠢᠯ ᠡᠮᠴᠢᠯᠡᠭᠡᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠳᠠᠭᠠᠳᠬᠠᠯ | ᠬᠦᠯᠢᠶᠡᠭᠰᠡᠨ ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ ᠣᠯᠠᠨ ᠶᠠᠩᠵᠤ ᠶᠢᠨ ᠡᠮᠴᠢᠯᠡᠭᠡᠨ ᠤ | ᠬᠠᠷᠢᠭᠤᠴᠠᠯᠭ᠎ᠠ ᠶᠢᠨ ᠳᠠᠭᠠᠳᠬᠠᠯ ᠤᠨ ᠨᠡᠷᠡᠳᠬᠦᠨ ᠢ ᠨᠡᠭᠡᠭᠡᠨ ᠰᠡᠳᠦᠬᠦ ᠶᠢᠨ ᠬᠠᠮᠲᠤ ᠂ ᠣᠷᠣᠯᠭ᠎ᠠ ᠵᠠᠷᠤᠯᠭ᠎ᠠ ᠶᠢ | ᠲᠡᠩᠴᠡᠭᠦᠷᠢᠰᠢᠭᠦᠯᠬᠦ ᠂ ᠪᠡᠯᠡ ᠪᠠᠨ ᠪᠠᠲᠤᠯᠠᠨ ᠪᠠᠭ᠎ᠠ ᠣᠯᠵᠠ ᠣᠯᠬᠤ ᠵᠠᠷᠴᠢᠮ ᠶᠣᠰᠣᠭᠠᠷ ᠂ ᠡᠮᠴᠢᠯᠡᠭᠡᠨ ᠤ | ᠬᠠᠷᠢᠭᠤᠴᠠᠯᠭ᠎ᠠ ᠶᠢᠨ ᠳᠠᠭᠠᠳᠬᠠᠯ ᠤᠨ ᠵᠠᠷᠤᠳᠠᠯ ᠤᠨ ᠨᠣᠷᠮ᠎ᠠ ᠶᠢ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠪᠠᠷ | ᠴᠡᠭᠴᠡᠯᠡᠨ ᠲᠣᠭᠲᠠᠭᠠᠨ᠎ᠠ ᠃ | ᠭᠤᠴᠢᠨ ᠨᠠᠢᠮᠠᠳᠤᠭᠠᠷ ᠵᠦᠢᠯ ᠡᠮᠴᠢᠯᠡᠭᠡᠨ ᠤ ᠪᠠᠶᠢᠭᠤᠯᠤᠮᠵᠢ ᠨᠢ ᠡᠮᠴᠢᠯᠡᠭᠡᠨ ᠤ ᠬᠠᠷᠢᠭᠤᠴᠠᠯᠭ᠎ᠠ ᠶᠢᠨ | ᠳᠠᠭᠠᠳᠬᠠᠯ ᠳᠤ ᠣᠷᠣᠯᠴᠠᠭᠰᠠᠨ ᠪᠠᠶᠢᠪᠠᠯ ᠳᠠᠭᠠᠳᠬᠠᠯ ᠤᠨ ᠵᠠᠷᠤᠳᠠᠯ ᠢ ᠲᠣᠭᠲᠠᠭᠠᠯ ᠶᠣᠰᠣᠭᠠᠷ ᠡᠮᠴᠢᠯᠡᠭᠡᠨ ᠤ | ᠥᠪᠡᠷ ᠤᠨ ᠥᠷᠲᠡᠭ ᠲᠤ ᠪᠣᠳᠣᠵᠤ ᠣᠷᠣᠭᠤᠯᠵᠤ ᠪᠣᠯᠣᠨ᠎ᠠ ᠃ ᠡᠮᠴᠢᠯᠡᠭᠡᠨ ᠤ ᠬᠠᠷᠢᠭᠤᠴᠠᠯᠭ᠎ᠠ ᠶᠢᠨ ᠳᠠᠭᠠᠳᠬᠠᠯ ᠳᠤ | ᠣᠷᠣᠯᠴᠠᠭᠰᠠᠨ ᠠᠴᠠ ᠪᠣᠯᠵᠤ ᠣᠳᠣ ᠶᠢᠨ ᠪᠠᠶᠢᠭ᠎ᠠ ᠡᠮᠴᠢᠯᠡᠭᠡᠨ ᠤ ᠰᠦᠢᠳᠬᠡᠯ ᠬᠤᠷᠢᠶᠠᠬᠤ ᠪᠠᠷᠢᠮᠵᠢᠶ᠎ᠠ ᠶᠢ | ᠳᠡᠭᠡᠭᠰᠢᠯᠡᠭᠦᠯᠬᠦ ᠪᠤᠶᠤ ᠬᠡᠯᠪᠡᠷᠢ ᠶᠢ ᠨᠢ ᠥᠭᠡᠷᠡᠲᠦᠭᠦᠯᠦᠨ ᠡᠪᠡᠳᠴᠢᠲᠡᠨ ᠤ ᠳᠠᠷᠤᠭᠠᠰᠤ ᠶᠢ ᠨᠡᠮᠡᠭᠳᠡᠭᠦᠯᠵᠦ ᠪᠣᠯᠬᠤ | ᠦᠭᠡᠢ ᠃ | ᠭᠤᠴᠢ ᠶᠢᠰᠦᠳᠦᠭᠡᠷ ᠵᠦᠢᠯ ᠡᠮᠴᠢᠯᠡᠭᠡᠨ ᠤ ᠵᠠᠭᠤᠷᠠᠯᠳᠤᠭᠠᠨ ᠭᠠᠷᠤᠭᠰᠠᠨ ᠤ ᠳᠠᠷᠠᠭ᠎ᠠ ᠂ ᠡᠮᠴᠢᠯᠡᠭᠡᠨ ᠤ | ᠪᠠᠶᠢᠭᠤᠯᠤᠮᠵᠢ ᠨᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠠᠭᠠᠳᠬᠠᠯ ᠤᠨ ᠬᠠᠤᠯᠢ ︾ ᠶᠢᠨ | ᠬᠠᠮᠢᠶ᠎ᠠ ᠪᠦᠬᠦᠢ ᠲᠣᠭᠲᠠᠭᠠᠯ ᠵᠢᠴᠢ ᠳᠠᠭᠠᠳᠬᠠᠯ ᠤᠨ ᠭᠡᠷ᠎ᠡ ᠳᠤ ᠪᠣᠯᠵᠣᠨ ᠲᠣᠭᠲᠠᠭᠰᠠᠨ ᠶᠣᠰᠣᠭᠠᠷ ᠂ ᠡᠮᠴᠢᠯᠡᠭᠡᠨ ᠤ | ᠬᠠᠷᠢᠭᠤᠴᠠᠯᠭ᠎ᠠ ᠶᠢᠨ ᠳᠠᠭᠠᠳᠬᠠᠯ ᠤᠨ ᠳᠠᠭᠠᠳᠬᠠᠯ ᠬᠦᠯᠢᠶᠡᠭᠰᠡᠨ ᠪᠠᠶᠢᠭᠤᠯᠤᠮᠵᠢ ᠳᠤ ᠴᠠᠭ ᠲᠤᠬᠠᠢ ᠳᠤ ᠨᠢ ᠬᠡᠷᠡᠭ | ᠮᠡᠳᠡᠭᠦᠯᠬᠦ ᠶᠢᠨ ᠬᠠᠮᠲᠤ ᠬᠤᠯᠪᠣᠭᠳᠠᠯ ᠪᠦᠬᠦᠢ ᠪᠠᠶᠢᠳᠠᠯ ᠢ ᠦᠨᠡᠨ ᠪᠣᠳᠠᠲᠠᠢ ᠬᠠᠩᠭᠠᠬᠤ ᠬᠡᠷᠡᠭᠲᠡᠢ ᠃ ᠡᠮᠴᠢᠯᠡᠭᠡᠨ ᠤ | ᠬᠠᠷᠢᠭᠤᠴᠠᠯᠭ᠎ᠠ ᠶᠢᠨ ᠳᠠᠭᠠᠳᠬᠠᠯ ᠤᠨ ᠳᠠᠭᠠᠳᠬᠠᠯ ᠬᠦᠯᠢᠶᠡᠭᠰᠡᠨ ᠪᠠᠶᠢᠭᠤᠯᠤᠮᠵᠢ ᠨᠢ ᠡᠮᠴᠢᠯᠡᠭᠡᠨ ᠤ ᠪᠠᠶᠢᠭᠤᠯᠤᠮᠵᠢ ᠂ | ᠡᠮᠴᠢᠯᠡᠭᠡᠨ ᠤ ᠡᠶᠡᠳᠡᠭᠦᠯᠭᠡ ᠶᠢᠨ ᠺᠣᠮᠢᠰ ᠯᠤᠭ᠎ᠠ ᠶᠢᠨ ᠨᠡᠪᠲᠡᠷᠡᠯᠴᠡᠭᠡ ᠬᠠᠮᠵᠢᠯᠴᠠᠭ᠎ᠠ ᠪᠠᠨ ᠴᠢᠩᠭᠠᠳᠬᠠᠵᠤ ᠂ | ᠡᠮᠴᠢᠯᠡᠭᠡᠨ ᠤ ᠵᠠᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠪᠠ ᠲᠥᠯᠥᠬᠦ ᠲᠦᠷᠭᠡᠨ ᠮᠥᠷᠲᠡᠭᠡᠨ ᠪᠦᠲᠦᠮᠵᠢᠲᠡᠶ | ᠲᠣᠭᠲᠠᠴᠠ ᠶᠢ ᠪᠠᠶᠢᠭᠤᠯᠬᠤ ᠶᠢᠨ ᠬᠠᠮᠲᠤ ᠴᠠᠭ ᠲᠤᠬᠠᠢ ᠳᠤ ᠨᠢ ᠲᠥᠯᠥᠵᠦ ᠰᠢᠢᠳᠪᠦᠷᠢᠯᠡᠬᠦ ᠬᠡᠷᠡᠭᠲᠡᠢ ᠃ | ᠳᠥᠴᠢᠳᠦᠭᠡᠷ ᠵᠦᠢᠯ ᠡᠮᠴᠢᠯᠡᠭᠡᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠳᠠᠭᠠᠳᠬᠠᠯ ᠬᠦᠯᠢᠶᠡᠭᠰᠡᠨ | ᠪᠠᠶᠢᠭᠤᠯᠤᠮᠵᠢ ᠨᠢ ᠳᠠᠭᠠᠳᠬᠠᠯ ᠤᠨ ᠭᠡᠷ᠎ᠡ ᠳᠤ ᠪᠣᠯᠵᠣᠨ ᠲᠣᠭᠲᠠᠭᠰᠠᠨ ᠶᠣᠰᠣᠭᠠᠷ ᠂ ᠳᠠᠭᠠᠳᠬᠠᠯ ᠤᠨ ᠭᠡᠷ᠎ᠡ ᠳᠤ | ᠪᠣᠯᠵᠣᠨ ᠲᠣᠭᠲᠠᠭᠰᠠᠨ ᠬᠠᠷᠢᠭᠤᠴᠠᠯᠭ᠎ᠠ ᠶᠢᠨ ᠬᠡᠪᠴᠢᠶᠡᠨ ᠳᠤ ᠪᠠᠨ ᠴᠠᠭ ᠲᠤᠬᠠᠢ ᠳᠤ ᠨᠢ ᠂ ᠪᠣᠳᠠᠲᠤ ᠪᠠᠶᠢᠳᠠᠯ ᠢ | ᠦᠨᠳᠦᠰᠦᠯᠡᠨ ᠂ ᠭᠦᠢᠴᠡᠳ ᠲᠤᠭ᠎ᠠ ᠪᠠᠷ ᠲᠥᠯᠥᠪᠦᠷᠢ ᠥᠭᠬᠦ ᠶᠢᠨ ᠬᠠᠮᠲᠤ ᠬᠠᠮᠢᠶ᠎ᠠ ᠪᠦᠬᠦᠢ ᠳᠠᠭᠠᠳᠬᠠᠯ ᠤᠨ | ᠦᠢᠯᠡᠴᠢᠯᠡᠭᠡ ᠬᠠᠩᠭᠠᠬᠤ ᠬᠡᠷᠡᠭᠲᠡᠢ ᠃ ᠳᠠᠭᠠᠳᠬᠠᠯ ᠬᠦᠯᠢᠶᠡᠭᠰᠡᠨ ᠪᠠᠶᠢᠭᠤᠯᠤᠮᠵᠢ ᠨᠢ ᠦᠢᠯᠡᠴᠢᠯᠡᠭᠡᠨ ᠤ | ᠤᠬᠠᠮᠰᠠᠷ ᠢᠶᠠᠨ ᠨᠡᠮᠡᠭᠳᠡᠭᠦᠯᠵᠦ ᠂ ᠳᠠᠭᠠᠳᠬᠠᠯ ᠳᠤ ᠣᠷᠤᠯᠴᠠᠬᠤ ᠂ ᠲᠥᠯᠥᠪᠦᠷᠢ ᠥᠭᠬᠦ ᠴᠤᠪᠤᠷᠠᠯ ᠢᠶᠠᠨ | ᠰᠢᠯᠢᠳᠡᠭᠵᠢᠭᠦᠯᠦᠨ ᠂ ᠭᠠᠷᠳᠠᠮ ᠢᠶᠠᠨ ᠳᠥᠭᠦᠮᠴᠢᠯᠡᠵᠦ ᠂ ᠳᠠᠭᠠᠳᠬᠠᠯ ᠳᠤ ᠣᠷᠤᠯᠴᠠᠬᠤ ᠨᠢᠭᠡᠴᠢ ᠳᠤ ᠳᠥᠭᠦᠮ | ᠦᠵᠡᠭᠦᠯᠵᠦ ᠂ ᠲᠥᠯᠥᠪᠦᠷᠢ ᠥᠭᠬᠦ ᠶᠢ ᠶᠣᠰᠣ ᠪᠤᠰᠤ ᠪᠠᠷ ᠲᠡᠪᠴᠢᠵᠦ ᠪᠣᠯᠬᠤ ᠦᠭᠡᠢ ᠃ | ᠳᠥᠴᠢᠨ ᠨᠢᠭᠡᠳᠦᠭᠡᠷ ᠵᠦᠢᠯ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ | ᠳᠠᠭᠠᠳᠬᠠᠯ ᠤᠨ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠢ ᠵᠢᠷᠤᠮᠵᠢᠭᠤᠯᠵᠤ ᠂ ᠳᠠᠭᠠᠳᠬᠠᠯ ᠬᠦᠯᠢᠶᠡᠭᠰᠡᠨ | ᠪᠠᠶᠢᠭᠤᠯᠤᠮᠵᠢ ᠶᠢ ᠵᠢᠭᠠᠨ ᠵᠢᠯᠤᠭᠤᠳᠴᠤ ᠪᠠᠶᠢᠭᠠᠳ ᠳᠠᠭᠠᠳᠬᠠᠯ ᠤᠨ ᠲᠥᠯᠥᠪᠦᠷᠢ ᠥᠭᠬᠦ ᠪᠠ ᠠᠷᠠᠳ ᠤᠨ | ᠡᠶᠡᠳᠡᠭᠦᠯᠭᠡ ᠶᠢᠨ ᠠᠵᠢᠯ ᠤᠨ ᠵᠣᠯᠭᠠᠯᠴᠠᠭ᠎ᠠ ᠶᠢ ᠰᠠᠶᠢᠲᠤᠷ ᠬᠢᠯᠭᠡᠵᠦ ᠂ ᠳᠠᠭᠠᠳᠬᠠᠯ ᠬᠦᠯᠢᠶᠡᠭᠰᠡᠨ ᠪᠠᠶᠢᠭᠤᠯᠤᠮᠵᠢ ᠶᠢ | ᠬᠥᠲᠥᠯᠥᠨ ᠵᠢᠯᠤᠭᠤᠳᠴᠤ ᠪᠠᠶᠢᠭᠠᠳ ᠡᠮᠴᠢᠯᠡᠭᠡᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠲᠤᠬᠠᠶᠢᠯᠠᠭᠰᠠᠨ | ᠠᠵᠢᠯ ᠤᠨ ᠬᠠᠮᠢᠶᠠᠷᠤᠯᠲᠠ ᠪᠠ ᠲᠦᠭᠰᠢᠭᠦᠷᠢ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠬᠤ ᠬᠡᠷᠡᠭᠲᠡᠢ ᠃ | ᠲᠠᠪᠤᠳᠤᠭᠠᠷ ᠪᠦᠯᠦᠭ ᠬᠢᠨᠠᠯᠲᠠ ᠲᠠᠯᠪᠢᠵᠤ ᠬᠠᠮᠢᠶᠠᠷᠬᠤ | ᠳᠥᠴᠢᠨ ᠬᠤᠶᠠᠳᠤᠭᠠᠷ ᠵᠦᠢᠯ ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠡᠮᠴᠢᠯᠡᠭᠡᠨ ᠤ ᠵᠠᠭᠤᠷᠠᠯᠳᠤᠭᠠᠨ ᠢ ᠰᠡᠷᠭᠡᠶᠢᠯᠡᠬᠦ | ᠬᠢᠭᠡᠳ ᠰᠢᠢᠳᠪᠦᠷᠢᠯᠡᠬᠦ ᠲᠠᠯ᠎ᠠ ᠳᠠᠬᠢ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ ᠃ | ᠳᠥᠴᠢᠨ ᠭᠤᠷᠪᠠᠳᠤᠭᠠᠷ ᠵᠦᠢᠯ ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠂ ᠬᠠᠤᠯᠢ ᠴᠠᠭᠠᠵᠠ ᠶᠢᠨ | ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ ᠡᠮᠴᠢᠯᠡᠭᠡᠨ ᠤ ᠬᠤᠬᠢᠷᠠᠯ ᠢ | ᠰᠢᠯᠭᠠᠨ ᠲᠣᠭᠲᠠᠭᠠᠬᠤ ᠬᠢᠨᠠᠯᠲᠠ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠪᠠᠨ ᠭᠦᠢᠴᠡᠳᠬᠡᠬᠦ ᠬᠡᠷᠡᠭᠲᠡᠢ ᠃ | ᠳᠥᠴᠢᠨ ᠳᠥᠷᠪᠡᠳᠦᠭᠡᠷ ᠵᠦᠢᠯ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠤᠳ ᠳᠠᠭᠠᠳᠬᠠᠯ ᠤᠨ ᠪᠠᠶᠢᠭᠤᠯᠤᠮᠵᠢ ᠶᠢᠨ ᠡᠮᠴᠢᠯᠡᠭᠡᠨ ᠤ ᠬᠠᠷᠢᠭᠤᠴᠠᠯᠭ᠎ᠠ ᠶᠢᠨ ᠳᠠᠭᠠᠳᠬᠠᠯ ᠪᠠ | ᠡᠮᠴᠢᠯᠡᠭᠡᠨ ᠤ ᠰᠠᠨᠠᠭᠠᠨ ᠳᠤ ᠦᠭᠡᠢ ᠭᠡᠮᠲᠦᠯ ᠤᠨ ᠳᠠᠭᠠᠳᠬᠠᠯ ᠵᠡᠷᠭᠡ ᠲᠤᠬᠠᠶᠢᠯᠠᠭᠰᠠᠨ ᠠᠵᠢᠯ ᠥᠷᠨᠢᠭᠦᠯᠬᠦ ᠳᠤ ᠨᠢ | ᠬᠠᠤᠯᠢ ᠶᠣᠰᠣᠭᠠᠷ ᠬᠢᠨᠠᠯᠲᠠ ᠬᠠᠮᠢᠶᠠᠷᠤᠯᠲᠠ ᠬᠢᠬᠦ ᠪᠠᠨ ᠴᠢᠩᠭᠠᠳᠬᠠᠵᠤ ᠂ ᠳᠠᠭᠠᠳᠬᠠᠯ ᠬᠦᠯᠢᠶᠡᠬᠦ ᠵᠢᠴᠢ ᠲᠥᠯᠥᠪᠦᠷᠢ | ᠥᠭᠬᠦ ᠠᠵᠢᠯ ᠳᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ ᠃ | ᠳᠥᠴᠢᠨ ᠲᠠᠪᠤᠳᠤᠭᠠᠷ ᠵᠦᠢᠯ ᠬᠢᠨᠠᠯᠲᠠ ᠬᠠᠮᠢᠶᠠᠷᠤᠯᠲᠠ ᠶᠢᠨ ᠠᠵᠢᠯ ᠳᠤ ᠂ ᠡᠮᠨᠡᠯᠭᠡ ᠶᠢᠨ | ᠬᠤᠷᠢᠶ᠎ᠠ ᠨᠤᠭᠤᠳ ᠤᠨ ᠨᠡᠶᠢᠭᠡᠮᠯᠢᠭ ᠂ ᠡᠮᠴᠢ ᠨᠠᠷ ᠤᠨ ᠨᠡᠶᠢᠭᠡᠮᠯᠢᠭ ᠵᠡᠷᠭᠡ ᠬᠤᠯᠪᠣᠭᠳᠠᠯ ᠪᠦᠬᠦᠢ ᠠᠵᠢᠯ ᠲᠥᠷᠥᠯ ᠤᠨ | ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ ᠃ | ᠳᠥᠴᠢᠨ ᠵᠢᠷᠭᠤᠳᠤᠭᠠᠷ ᠵᠦᠢᠯ ᠡᠮᠴᠢᠯᠡᠭᠡᠨ ᠤ ᠪᠠᠶᠢᠭᠤᠯᠤᠮᠵᠢ ᠨᠤᠭᠤᠳ ᠡᠮᠴᠢᠯᠡᠭᠡᠨ ᠤ ᠶᠠᠰᠤ ᠴᠢᠨᠠᠷ ᠤᠨ | ᠠᠮᠤᠷ ᠲᠦᠪᠰᠢᠨ ᠪᠠ ᠡᠮᠴᠢᠯᠡᠭᠡᠨ ᠤ ᠮᠡᠷᠭᠡᠵᠢᠯ ᠤᠨ ᠡᠮᠴᠢᠯᠡᠭᠡ ᠶᠢᠨ ᠬᠡᠷᠡᠭᠯᠡᠭᠡᠨ ᠳᠠᠬᠢ ᠡᠳᠦᠷ ᠲᠤᠲᠤᠮ ᠤᠨ | ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ ᠃ | ᠵᠢᠷᠭᠤᠳᠤᠭᠠᠷ ᠪᠦᠯᠦᠭ ᠳᠠᠭᠠᠯᠳᠤᠭᠤᠯᠤᠯ ᠳᠦᠷᠢᠮ | ᠳᠥᠴᠢᠨ ᠳᠣᠯᠣᠳᠤᠭᠠᠷ ᠵᠦᠢᠯ ᠬᠠᠤᠯᠢ ᠪᠤᠰᠤ ᠪᠠᠷ ᠡᠮᠴᠢᠯᠡᠭᠰᠡᠨ ᠠᠴᠠ ᠪᠣᠯᠤᠭᠰᠠᠨ ᠵᠠᠭᠤᠷᠠᠯᠳᠤᠭᠠᠨ ᠨᠢ ᠲᠤᠰ | ᠠᠷᠭ᠎ᠠ ᠳᠤ ᠬᠡᠯᠡᠵᠦ ᠪᠠᠶᠢᠭ᠎ᠠ ᠡᠮᠴᠢᠯᠡᠭᠡᠨ ᠤ ᠵᠠᠭᠤᠷᠠᠯᠳᠤᠭᠠᠨ ᠳᠤ ᠪᠠᠭᠲᠠᠬᠤ ᠦᠭᠡᠢ ᠂ ᠬᠤᠯᠪᠣᠭᠳᠠᠯ ᠪᠦᠬᠦᠢ ᠬᠠᠤᠯᠢ | ᠴᠠᠭᠠᠵᠠ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠬᠦ ᠬᠡᠷᠡᠭᠲᠡᠢ ᠃ | ᠳᠥᠴᠢᠨ ᠨᠠᠢᠮᠠᠳᠤᠭᠠᠷ ᠵᠦᠢᠯ ᠲᠣᠰ ᠠᠷᠭ᠎ᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ | ᠬᠡᠷᠡᠭᠵᠢᠭᠦᠯᠦᠨ᠎ᠡ ᠃ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2024 ᠣᠨ ᠤ 10 ᠳ᠋ᠤᠭᠠᠷ ᠰᠠᠷ᠎ᠠ ᠶᠢᠨ | 16 ᠤ ᠡᠳᠦᠷ ᠳᠠᠷᠤᠮᠠᠯᠯᠠᠨ ᠲᠠᠷᠬᠠᠭᠠᠪᠠ | | |