ᠤᠯᠤᠰ ᠤᠨ ᠦᠨᠳᠦᠰᠦᠨ ᠡᠮᠴᠢᠯᠡᠭᠡᠨ ᠤ ᠳᠠᠭᠠᠳᠬᠠᠯ ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠪᠠ ᠦᠷᠡᠵᠢᠯ ᠤᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ ︵2024 ᠣᠨ︶ ᠢ ᠬᠡᠷᠡᠭᠵᠢᠭᠦᠯᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/12/25
ᠡᠯ᠎ᠡ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠂ ᠮᠠᠨᠵᠤᠤᠷ ᠬᠤᠲᠠ ᠂ ᠡᠷᠢᠶᠡᠨ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠲᠥᠪ ᠂ ᠡᠮ ᠡᠮᠨᠡᠯᠭᠡ ᠬᠤᠳᠠᠯᠳᠤᠨ ᠠᠪᠬᠤ ᠲᠥᠪ ᠂ ᠣᠨᠳᠣᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠳ᠋ᠦᠩᠨᠡᠨ ᠪᠤᠳᠤᠬᠤ ᠲᠥᠪ ᠲᠤ᠄  ︽ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠤᠯᠤᠰ ᠤᠨ ᠦᠨᠳᠦᠰᠦᠨ ᠡᠮᠴᠢᠯᠡᠭᠡᠨ ᠤ ᠳᠠᠭᠠᠳᠬᠠᠯ ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠪᠠ ᠦᠷᠡᠵᠢᠯ ᠤᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ ︵2024 ᠣᠨ︶ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠡᠮᠴᠢᠯᠡᠭᠡᠨ ᠤ ᠪᠠᠲᠤᠯᠠᠭ᠎ᠠ ᠲᠠᠷᠬᠠᠭᠠᠭᠰᠠᠨ ﹇2024 ﹈ 33 ᠳ᠋ᠤᠭᠠᠷ ᠲᠣᠭᠠᠲᠤ︶ ︵ᠳᠣᠷᠣᠭᠰᠢ ᠤᠯᠤᠰ ᠤᠨ ︽2024 ᠣᠨ ᠤ ᠡᠮ ᠤᠨ ᠵᠦᠢᠯ ᠤᠨ ᠭᠠᠷᠴᠠᠭ︾ ᠭᠡᠵᠦ ᠲᠣᠪᠴᠢᠯᠠᠨ᠎ᠠ︶ ᠤᠨ ᠱᠠᠭᠠᠷᠳᠠᠯᠭ᠎ᠠ ᠶᠣᠰᠣᠭᠠᠷ ᠂ ᠤᠯᠤᠰ ᠤᠨ ︽2024 ᠣᠨ ᠤ ᠡᠮ ᠤᠨ ᠵᠦᠢᠯ ᠤᠨ ᠭᠠᠷᠴᠠᠭ︾ ᠢ ᠨᠠᠶᠢᠳᠠᠪᠤᠷᠢᠵᠢᠭᠤᠯᠵᠤ ᠂ ᠥᠷᠭᠡᠨ ᠣᠯᠠᠨ ᠳᠠᠭᠠᠳᠬᠠᠯ ᠳᠤ ᠣᠷᠣᠯᠴᠠᠭᠰᠠᠳ ᠤᠨ ᠡᠷᠬᠡ ᠠᠰᠢᠭ ᠢ ᠪᠠᠲᠤᠯᠠᠬᠤ ᠶᠢᠨ ᠲᠤᠰᠠᠳᠠ ᠂ ᠡᠳᠦᠭᠡ ᠤᠯᠤᠰ ᠤᠨ ︽2024 ᠣᠨ ᠤ ᠡᠮ ᠤᠨ ᠵᠦᠢᠯ ᠤᠨ ᠭᠠᠷᠴᠠᠭ︾ ᠢ ᠬᠡᠷᠡᠭᠵᠢᠭᠦᠯᠬᠦ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ ᠃  ᠨᠢᠭᠡ ᠂ ᠬᠡᠷᠡᠭᠵᠢᠭᠦᠯᠬᠦ ᠬᠡᠪᠴᠢᠶ᠎ᠡ  ︵ᠨᠢᠭᠡ︶ ᠤᠯᠤᠰ ᠤᠨ ︽2024 ᠣᠨ ᠤ ᠡᠮ ᠤᠨ ᠵᠦᠢᠯ ᠤᠨ ᠭᠠᠷᠴᠠᠭ︾ ᠢ ᠪᠦᠬᠦᠨ ᠢ ᠮᠠᠨ ᠤ ᠣᠷᠣᠨ ᠤ ᠦᠨᠳᠦᠰᠦᠨ ᠡᠮᠴᠢᠯᠡᠭᠡᠨ ᠤ ᠳᠠᠭᠠᠳᠬᠠᠯ ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠪᠠ ᠦᠷᠡᠵᠢᠯ ᠤᠨ ᠳᠠᠭᠠᠳᠬᠠᠯ ᠤᠨ ᠰᠠᠭᠤᠷᠢ ᠮᠥᠩᠭᠦ ᠪᠠᠷ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠵᠤ ᠂ ᠡᠮ ᠤᠨ ᠵᠦᠢᠯ ᠤᠨ ᠬᠡᠷᠡᠭᠯᠡᠭᠡᠨ ᠤ ᠬᠢᠵᠠᠭᠠᠷᠯᠠᠯ ᠪᠠ ᠵᠢᠱᠢᠶ᠎ᠡ ᠶᠢᠨ ᠳᠣᠲᠣᠷᠠᠬᠢ ᠲᠠᠶᠢᠯᠪᠤᠷᠢᠯᠠᠯᠲᠠ ᠶᠢᠨ ᠠᠭᠤᠯᠭ᠎ᠠ ᠳᠤ ᠲᠣᠬᠢᠷᠠᠭᠤᠯᠤᠯᠲᠠ ᠬᠢᠬᠦ ᠦᠭᠡᠢ ᠃  ︵ᠬᠤᠶᠠᠷ︶ ᠤᠯᠤᠰ ᠤᠨ ᠬᠡᠯᠡᠯᠴᠡᠭᠡᠷ ᠤᠨ ᠡᠮ ᠤᠨ ᠵᠦᠢᠯ ᠪᠣᠯᠤᠨ ᠦᠨ᠎ᠡ ᠬᠠᠶᠠᠯᠴᠠᠬᠤ ᠡᠮ ᠤᠨ ᠵᠦᠢᠯ ᠢ ᠪᠦᠬᠦᠨ ᠢ ᠮᠠᠨ ᠤ ᠣᠷᠣᠨ ᠤ ᠦᠨᠳᠦᠰᠦᠨ ᠡᠮᠴᠢᠯᠡᠭᠡᠨ ᠤ ᠳᠠᠭᠠᠳᠬᠠᠯ ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠪᠣᠯᠤᠨ ᠦᠷᠡᠵᠢᠯ ᠤᠨ ᠳᠠᠭᠠᠳᠬᠠᠯ ᠤᠨ ᠰᠠᠭᠤᠷᠢ ᠮᠥᠩᠭᠦ ᠪᠠᠷ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠵᠤ ᠂ ᠬᠥᠬᠡᠭᠴᠢᠨ ᠲᠥᠷᠥᠯ ᠤᠨ ᠡᠮ ᠤᠨ ᠵᠦᠢᠯ ᠢᠶᠠᠷ ᠬᠠᠮᠢᠶᠠᠷᠤᠨ᠎ᠠ ᠃ ᠤᠯᠤᠰ ᠤᠨ ᠬᠡᠯᠡᠯᠴᠡᠭᠡᠷ ᠤᠨ ᠡᠮ ᠤᠨ ᠵᠦᠢᠯ ᠪᠣᠯᠤᠨ ᠦᠨ᠎ᠡ ᠬᠠᠶᠠᠯᠴᠠᠬᠤ ᠡᠮ ᠤᠨ ᠵᠦᠢᠯ ᠳᠤ ᠪᠦᠬᠦ ᠤᠯᠤᠰ ᠤᠨ ᠨᠢᠭᠡᠳᠦᠯᠲᠡᠢ ᠲᠣᠭᠠᠴᠠᠭ᠎ᠠ ᠬᠢᠬᠦ ᠪᠠᠷᠢᠮᠵᠢᠶ᠎ᠠ ᠶᠢ ᠬᠡᠷᠡᠭᠵᠢᠭᠦᠯᠦᠨ᠎ᠡ ᠃ ᠲᠣᠭᠠᠴᠠᠭ᠎ᠠ ᠬᠢᠬᠦ ᠪᠠᠷᠢᠮᠵᠢᠶ᠎ᠠ ᠳᠤ ᠰᠠᠭᠤᠷᠢ ᠮᠥᠩᠭᠦ ᠪᠠ ᠳᠠᠭᠠᠳᠬᠠᠯ ᠳᠤ ᠣᠷᠣᠯᠴᠠᠭᠰᠠᠳ ᠤᠨ ᠬᠠᠮᠲᠤ ᠪᠠᠷ ᠥᠭᠭᠦᠭᠰᠡᠨ ᠪᠥᠬᠦ ᠵᠠᠷᠤᠳᠠᠯ ᠢ ᠪᠠᠭᠲᠠᠭᠠᠵᠤ ᠂ ᠰᠠᠭᠤᠷᠢ ᠮᠥᠩᠭᠦ ᠪᠠ ᠳᠠᠭᠠᠳᠬᠠᠯ ᠳᠤ ᠣᠷᠣᠯᠴᠠᠭᠰᠠᠳ ᠤᠨ ᠬᠤᠪᠢᠳᠠᠨ ᠡᠭᠦᠷᠭᠡᠯᠡᠬᠦ ᠬᠠᠷᠢᠴᠠᠯ ᠢ ᠡᠯ᠎ᠡ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠠᠴᠠ ᠲᠣᠭᠲᠠᠭᠠᠨ᠎ᠠ ᠃  ︵ᠭᠤᠷᠪᠠ ︶ ︽ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠮ ᠬᠡᠷᠡᠭᠯᠡᠬᠦ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ︵ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠵᠠᠷᠯᠢᠭ 1 ᠳ᠋ᠦ᠋ᠭᠡᠷ ᠲᠣᠭᠠᠲᠤ︶ ᠶᠢᠨ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ ᠂ ᠤᠯᠤᠰ ᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠡᠳ ᠵᠠᠬ᠎ᠠ ᠳᠡᠯᠭᠡᠭᠦᠷ ᠲᠤ ᠭᠠᠷᠭᠠᠭᠰᠠᠨ ᠦᠨᠳᠦᠰᠦᠲᠡᠨ ᠤ ᠡᠮ ᠂ ᠤᠯᠤᠰ ᠤᠨ ︽2024 ᠣᠨ ᠤ ᠡᠮ ᠤᠨ ᠭᠠᠷᠴᠠᠭ︾ ᠠᠴᠠ ᠪᠤᠰᠤᠳ ᠤᠯᠤᠰ ᠪᠤᠶᠤ ᠣᠷᠣᠨ ᠨᠤᠲᠤᠭ ᠤᠨ ᠪᠠᠷᠢᠮᠵᠢᠶ᠎ᠠ ᠲᠠᠢ ᠬᠢᠲᠠᠳ ᠡᠮ ᠤᠨ ᠴᠢᠨᠠᠬᠤ ᠡᠮ ᠂ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠡᠮᠴᠢᠯᠡᠭᠡᠨ ᠤ ᠴᠢᠨᠠᠷᠲᠠᠶ ᠡᠮᠴᠢᠯᠡᠭᠡᠨ ᠤ ᠪᠠᠶᠢᠭᠤᠯᠤᠮᠵᠢ ᠶᠢᠨ ᠨᠠᠶᠢᠷᠠᠯᠭ᠎ᠠ ᠶᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠮᠠᠨ ᠤ ᠣᠷᠣᠨ ᠤ ᠰᠠᠭᠤᠷᠢ ᠮᠥᠩᠭᠦ ᠶᠢᠨ ᠡᠭᠦᠷᠭᠡᠯᠡᠬᠦ ᠴᠢᠳᠠᠪᠤᠷᠢ ᠵᠢᠴᠢ ᠡᠮ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠂ ᠵᠣᠬᠢᠴᠠᠩᠭᠤᠶ ᠲᠤᠰᠬᠠᠶ ᠮᠡᠷᠭᠡᠵᠢᠯᠲᠡᠨ ᠤ ᠬᠢᠨᠠᠨ ᠲᠣᠭᠲᠠᠭᠠᠬᠤ ᠳᠠᠷᠠᠭᠠᠯᠠᠯ ᠢᠶᠠᠷ ᠰᠠᠭᠤᠷᠢ ᠮᠥᠩᠭᠦ ᠪᠠᠷ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠵᠤ ᠂ ᠲᠣᠭᠲᠠᠭᠠᠯ ᠶᠣᠰᠣᠭᠠᠷ ᠲᠥᠷᠥ ᠶᠢᠨ ᠶᠠᠪᠤᠳᠠᠯ ᠤᠨ ᠬᠤᠷᠢᠶᠠᠨ ᠤ ᠡᠮᠴᠢᠯᠡᠭᠡᠨ ᠤ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠳᠠᠩᠰᠠᠯᠠᠭᠤᠯᠤᠭᠰᠠᠨ ᠤ ᠳᠠᠷᠠᠭ᠎ᠠ ᠬᠡᠷᠡᠭᠵᠢᠭᠦᠯᠦᠨ᠎ᠡ ᠃ ᠤᠯᠤᠰ ᠤᠨ ︽2024 ᠣᠨ ᠤ ᠡᠮ ᠤᠨ ᠭᠠᠷᠴᠠᠭ︾ ᠲᠤ ᠲᠣᠭᠠᠴᠠᠭ᠎ᠠ ᠬᠢᠬᠦ ᠦᠭᠡᠢ ᠬᠡᠰᠡᠭ ᠢ ᠮᠠᠨ ᠤ ᠣᠷᠣᠨ ᠤ ᠰᠠᠭᠤᠷᠢ ᠮᠥᠩᠭᠦ ᠪᠠᠷ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠬᠤ ᠦᠭᠡᠢ ᠭᠡᠵᠦ ᠲᠣᠳᠣᠷᠬᠠᠶ ᠲᠣᠭᠲᠠᠭᠠᠵᠠᠶ ᠃ ᠡᠮᠴᠢᠯᠡᠭᠡᠨ ᠤ ᠴᠢᠨᠠᠷᠲᠠᠶ ᠡᠮᠴᠢᠯᠡᠭᠡᠨ ᠤ ᠪᠠᠶᠢᠭᠤᠯᠤᠮᠵᠢ ᠶᠢᠨ ᠨᠠᠶᠢᠷᠠᠯᠭ᠎ᠠ ᠶᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠣᠨᠴᠠᠭᠠᠢ ᠡᠮᠴᠢᠯᠡᠭᠡᠨ ᠤ ᠪᠠᠶᠢᠭᠤᠯᠤᠮᠵᠢ ᠳᠤ ᠬᠡᠷᠡᠭᠯᠡᠬᠦ ᠶᠢ ᠬᠢᠵᠠᠭᠠᠷᠯᠠᠨ᠎ᠠ ᠃  ᠬᠤᠶᠠᠷ ᠂ ᠬᠤᠯᠪᠣᠭᠳᠠᠯ ᠪᠦᠬᠦᠢ ᠱᠠᠭᠠᠷᠳᠠᠯᠭ᠎ᠠ  ︵ᠨᠢᠭᠡ︶ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ ᠨᠢ ᠤᠯᠤᠰ ᠤᠨ ︽2024 ᠣᠨ ᠤ ᠡᠮ ᠤᠨ ᠵᠦᠢᠯ ᠤᠨ ᠭᠠᠷᠴᠠᠭ︾ ᠲᠠᠬᠢ ᠡᠮ ᠤᠨ ᠵᠦᠢᠯ ᠢ ᠴᠠᠭ ᠲᠤᠬᠠᠶ ᠳᠤ ᠨᠢ ᠲᠣᠭᠲᠠᠭᠠᠯ ᠶᠣᠰᠣᠭᠠᠷ ᠡᠮ ᠤᠨ ᠵᠦᠢᠯ ᠢ ᠲᠥᠪᠯᠡᠷᠡᠭᠦᠯᠦᠨ ᠬᠤᠳᠠᠯᠳᠤᠨ ᠠᠪᠬᠤ ᠬᠡᠪᠴᠢᠶᠡᠨ ᠳᠤ ᠣᠷᠣᠭᠤᠯᠵᠤ ᠂ ᠤᠯᠤᠰ ᠤᠨ ᠬᠡᠯᠡᠯᠴᠡᠭᠡᠷ ᠤᠨ ᠡᠮ ᠤᠨ ᠵᠦᠢᠯ ᠢ 2024 ᠣᠨ ᠤ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠢ ᠲᠥᠪᠯᠡᠷᠡᠭᠦᠯᠦᠨ ᠬᠤᠳᠠᠯᠳᠤᠨ ᠠᠪᠬᠤ ᠲᠠᠪᠴᠠᠩ ᠳᠤ ᠰᠦᠯᠵᠢᠶᠡᠨ ᠳᠤ ᠰᠢᠭᠤᠳ ᠣᠷᠤᠭᠤᠯᠵᠤ ᠂ ᠡᠮ ᠤᠨ ᠵᠦᠢᠯ ᠤᠨ ᠬᠠᠩᠭᠠᠯᠭ᠎ᠠ ᠶᠢ ᠦᠨᠡᠨ ᠬᠦ ᠪᠠᠲᠤᠯᠠᠬᠤ ᠬᠡᠷᠡᠭᠲᠡᠢ ᠃  ︵ᠬᠤᠶᠠᠷ︶ ᠥᠪᠡᠷᠲᠡᠭᠡᠨ ᠵᠠᠰᠠᠬᠤ ᠣᠷᠣᠨ ᠤᠯᠤᠰ ᠤᠨ ᠡᠮᠴᠢᠯᠡᠭᠡᠨ ᠤ ᠪᠠᠳᠤᠯᠠᠭ᠎ᠠ ᠶᠢᠨ ᠲᠣᠪᠴᠢᠶᠠᠨ ᠤ ᠡᠮ ᠤᠨ ᠵᠦᠢᠯ ᠤᠨ ᠠᠩᠭᠢᠯᠠᠯ ᠪᠠ ᠣᠷᠣᠯᠠᠬᠤ ᠨᠣᠮᠧᠷ ᠢᠶᠠᠷ ᠡᠮ ᠤᠨ ᠵᠦᠢᠯ ᠤᠨ ᠪᠠᠷᠢᠮᠵᠢᠶ᠎ᠠ ᠶᠢᠨ ᠲᠤᠭ᠎ᠠ ᠪᠠᠷᠢᠮᠲᠠ ᠶᠢᠨ ᠬᠥᠮᠥᠷᠭᠡ ᠶᠢ ᠲᠣᠭᠲᠠᠭᠠᠵᠤ ᠂ ᠡᠯ᠎ᠡ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠨᠤᠭᠤᠳ 2024 ᠣᠨ ᠤ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠂ ᠲᠣᠭᠲᠠᠭᠰᠠᠨ ᠴᠡᠭ ᠤᠨ ᠡᠮ ᠡᠮᠨᠡᠯᠭᠡ ᠶᠢᠨ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ ᠭᠠᠷᠴᠠᠭ ᠢ ᠬᠠᠷᠢᠴᠠᠭᠤᠯᠬᠤ ᠠᠵᠢᠯ ᠢ ᠰᠠᠶᠢᠲᠤᠷ ᠬᠢᠵᠦ ᠂ ᠰᠢᠨ᠎ᠡ ᠡᠮ ᠤᠨ ᠵᠦᠢᠯ ᠤᠨ ᠭᠠᠷᠴᠠᠭ ᠢ ᠴᠠᠭ ᠲᠤᠬᠠᠶ ᠳᠤ ᠨᠢ ᠬᠡᠷᠡᠭᠵᠢᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠃  ︵ᠭᠤᠷᠪᠠ︶ ᠤᠯᠤᠰ ᠤᠨ ᠬᠡᠯᠡᠯᠴᠡᠭᠡᠷ ᠤᠨ ᠡᠮ ᠤᠨ ᠵᠦᠢᠯ ᠢ ᠪᠦᠬᠦᠨ ᠢ ᠥᠪᠡᠷᠲᠡᠭᠡᠨ ᠵᠠᠰᠠᠬᠤ ᠣᠷᠣᠨ ᠤ ︽ᠬᠤᠤᠰ ᠨᠡᠪᠲᠡᠷᠡᠬᠦ ᠵᠠᠮ︾ ᠤᠨ ᠬᠠᠮᠢᠶᠠᠷᠤᠯᠲᠠ ︵ᠦᠨ᠎ᠡ ᠬᠠᠶᠠᠯᠴᠠᠬᠤ ᠡᠮ ᠤᠨ ᠵᠦᠢᠯ ᠤᠨ ᠨᠡᠶᠢᠳᠡᠮ ᠬᠡᠷᠡᠭᠯᠡᠬᠦ ᠨᠡᠷ᠎ᠡ ᠳᠣᠤᠷᠠᠬᠢ ᠦᠨ᠎ᠡ ᠶᠢ ᠲᠣᠭᠠᠴᠠᠭ᠎ᠠ ᠬᠢᠬᠦ ᠪᠠᠷᠢᠮᠵᠢᠶ᠎ᠠ ᠠᠴᠠ ᠥᠨᠳᠥᠷ ᠪᠠᠶᠢᠯᠭᠠᠵᠤ ᠪᠣᠯᠬᠤ ᠥᠬᠡᠶ︶ ᠳᠤ ᠣᠷᠣᠭᠤᠯᠤᠨ᠎ᠠ ᠃ ᠲᠤᠰᠬᠠᠶ ᠮᠡᠷᠭᠡᠵᠢᠯᠲᠡᠳ ᠤᠨ ᠨᠤᠲᠠᠯᠠᠯᠲᠠ ᠪᠠᠷ ᠳᠠᠪᠤᠰᠤᠨ ᠬᠦᠴᠢᠯ ᠤᠨ ᠢᠫᠢᠺ ᠤᠨ ᠬᠤᠮᠵᠢᠶ᠎ᠠ ᠂ ᠾᠯᠣᠷᠲᠤ ᠪᠠᠷᠫᠠᠫ ᠤᠨ ᠦᠷᠢᠯ ᠂ ᠲᠷᠠᠯᠯᠤᠤᠰ ᠮᠥᠬᠦᠯᠢᠭ ᠂ ᠮᠠᠹᠺᠠᠶᠢᠲ᠋ᠠᠢ ᠬᠤᠮᠵᠢᠶ᠎ᠠ ᠵᠡᠷᠭᠡ 22 ᠤᠯᠤᠰ ᠤᠨ ᠬᠡᠯᠡᠯᠴᠡᠭᠡᠷ ᠵᠢᠴᠢ ᠦᠨ᠎ᠡ ᠬᠠᠶᠠᠯᠴᠠᠬᠤ ᠡᠮ ᠤᠨ ᠵᠦᠢᠯ ᠢ ᠥᠪᠡᠷᠲᠡᠭᠡᠨ ᠵᠠᠰᠠᠬᠤ ᠣᠷᠣᠨ ᠤ ᠡᠭᠦᠳᠡᠨ ᠡᠮᠨᠡᠯᠭᠡ ᠶᠢᠨ ᠣᠨᠴᠠᠭᠠᠢ ᠬᠡᠷᠡᠭᠯᠡᠭᠡᠨ ᠤ ᠡᠮ ᠤᠨ ᠵᠦᠢᠯ ᠤᠨ ᠭᠠᠷᠴᠠᠭ ᠲᠤ ᠨᠡᠮᠡᠨ ᠣᠷᠣᠭᠤᠯᠵᠠᠶ ᠃ ᠴᠠᠭᠠᠷᠢᠭ ᠰᠫᠤᠷ ᠡᠳ᠋ ᠤᠨ ᠨᠢᠳᠦᠨ ᠤ ᠲᠤᠰᠤᠭᠠᠯ ᠤᠨ ᠰᠢᠩᠭᠡᠨ ︵Ⅲ ︶ ᠂ ᠪᠧᠨ᠋ᠽᠧᠨᠲᠤ ᠴᠠᠭᠠᠷᠢᠭ ᠤᠨ ᠺᠤᠶᠢᠨᠮᠠᠯ ᠪᠷᠣᠮᠳᠣ ᠠᠮᠮᠣᠨᠢ ᠶᠢᠨ ᠬᠠᠮᠠᠷ ᠤᠨ ᠰᠦᠷᠴᠢᠮᠡᠯ ᠡᠳ᠋ ᠵᠡᠷᠭᠡ 7 ᠡᠮ ᠤᠨ ᠵᠦᠢᠯ ᠢ ᠥᠪᠡᠷᠲᠡᠭᠡᠨ ᠵᠠᠰᠠᠬᠤ ᠣᠷᠣᠨ ᠤ ᠡᠭᠦᠳᠡᠨ ᠡᠮᠨᠡᠯᠭᠡ ᠶᠢᠨ ᠣᠨᠴᠠᠭᠠᠶ ᠬᠡᠷᠡᠭᠯᠡᠭᠡᠨ ᠤ ᠡᠮ ᠤᠨ ᠭᠠᠷᠴᠠᠭ ᠠᠴᠠ ᠰᠢᠯᠵᠢᠭᠦᠯᠦᠨ ᠭᠠᠷᠭᠠᠪᠠ ᠃ ᠴᠠᠭᠠᠷᠢᠭ ᠰᠫᠣᠷ ᠡᠳ᠋ ᠤᠨ ᠨᠢᠳᠦᠨ ᠤ ᠲᠤᠰᠤᠭᠠᠯ ᠤᠨ ᠰᠢᠩᠭᠡᠨ ︵Ⅲ ︶ ᠵᠢᠴᠢ ᠲᠣᠯᠣᠭᠠᠢ ᠰᠫᠤᠷ ᠣᠯᠤᠨ ᠫᠢ ᠡᠰᠲ᠋ᠧᠷ ᠮᠥᠬᠦᠯᠢᠭ ᠢ ᠥᠪᠡᠷᠲᠡᠭᠡᠨ ᠵᠠᠰᠠᠬᠤ ᠣᠷᠣᠨ ᠤ ︽ᠬᠤᠣᠰ ᠨᠡᠪᠲᠡᠷᠡᠬᠦ ᠵᠠᠮ︾ ᠤᠨ ᠭᠠᠷᠴᠠᠭ ᠢᠶᠠᠷ ᠲᠣᠬᠢᠷᠠᠭᠤᠯᠪᠠ ᠃ ᠤᠤᠯ ᠤᠨ ︽ᠬᠤᠤᠰ ᠨᠡᠪᠲᠡᠷᠡᠬᠦ ᠵᠠᠮ︾ ᠵᠢᠴᠢ ᠡᠭᠦᠳᠡᠨ ᠡᠮᠨᠡᠯᠭᠡ ᠶᠢᠨ ᠣᠨᠴᠠᠭᠠᠢ ᠬᠡᠷᠡᠭᠯᠡᠭᠡᠨ ᠤ ᠡᠮ ᠤᠨ ᠭᠠᠷᠴᠠᠭ ᠲᠤ ᠨᠢᠭᠡᠨᠲᠡ ᠡᠩ ᠤᠨ ᠬᠥᠬᠡᠭᠴᠢᠨ ᠲᠥᠷᠥᠯ ᠤᠨ ᠬᠠᠮᠢᠶᠠᠷᠤᠯᠲᠠ ᠳᠤ ᠰᠢᠯᠵᠢᠭᠦᠯᠦᠨ ᠣᠷᠣᠭᠤᠯᠤᠭᠰᠠᠨ ᠬᠡᠯᠡᠯᠴᠡᠭᠡᠷᠲᠦ ᠡᠮ ᠤᠨ ᠵᠦᠢᠯ ᠨᠢ ᠮᠥᠨ ᠬᠦ ᠡᠮᠦᠨᠡᠬᠢ ᠬᠤᠭᠤᠴᠠᠭᠠᠨ ᠤ ︽ᠬᠤᠤᠰ ᠨᠡᠪᠲᠡᠷᠡᠬᠦ ᠵᠠᠮ︾ ᠵᠢᠴᠢ ᠡᠭᠦᠳᠡᠨ ᠡᠮᠨᠡᠯᠭᠡ ᠶᠢᠨ ᠣᠨᠴᠠᠭᠠᠢ ᠬᠡᠷᠡᠭᠯᠡᠭᠡᠨ ᠤ ᠡᠮ ᠤᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠪᠡ ᠃  ︵ᠲᠦᠷᠪᠡ︶ ᠲᠣᠰ ᠤᠳᠠᠭᠠᠨ ᠤ ᠭᠠᠷᠴᠠᠭ ᠲᠤ ᠲᠣᠬᠢᠷᠠᠭᠤᠯᠤᠯᠲᠠ ᠬᠢᠬᠦ ᠳᠤ ᠪᠣᠯᠵᠤᠭ᠎ᠠ ᠲᠠᠰᠤᠯᠳᠠᠭᠤᠯᠤᠭᠠᠳ ᠰᠢᠯᠵᠢᠭᠦᠯᠦᠨ ᠭᠠᠷᠭᠠᠭᠰᠠᠨ ᠬᠡᠯᠡᠯᠴᠡᠭᠡᠷ ᠤᠨ ᠬᠤᠭᠤᠴᠠᠭᠠᠨ ᠳᠤ ᠬᠡᠯᠡᠯᠴᠡᠭᠡᠷ ᠬᠢᠭᠰᠡᠨ ᠡᠮ ᠤᠨ ᠵᠦᠢᠯ ᠳᠤ ᠡᠮ ᠬᠡᠷᠡᠭᠯᠡᠬᠦ ᠦᠷᠭᠦᠯᠵᠢᠯᠡᠬᠦ ᠴᠢᠨᠠᠷ ᠢ ᠪᠠᠲᠤᠯᠠᠬᠤ ᠶᠢᠨ ᠲᠤᠰᠠᠳᠠ ᠂ 6 ᠰᠠᠷ᠎ᠠ ᠶᠢᠨ ᠰᠢᠯᠵᠢᠯᠲᠡ ᠶᠢᠨ ᠬᠤᠭᠤᠴᠠᠭ᠎ᠠ ᠣᠯᠭᠤᠵᠤ ᠂ 2025 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠤᠤᠯ ᠤᠨ ᠲᠣᠭᠠᠴᠠᠭ᠎ᠠ ᠬᠢᠬᠦ ᠪᠠᠷᠢᠮᠵᠢᠶ᠎ᠠ ᠪᠠᠷ ᠦᠷᠭᠦᠯᠵᠢᠯᠡᠨ ᠥᠭᠴᠦ ᠂ ᠰᠢᠯᠵᠢᠯᠲᠡ ᠶᠢᠨ ᠬᠤᠭᠤᠴᠠᠭᠠᠨ ᠳᠠᠬᠢ ᠡᠯ᠎ᠡ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠤ ᠬᠢᠨ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠰᠠᠶᠢᠲᠤᠷ ᠵᠣᠯᠭᠠᠭᠤᠯᠵᠤ ᠂ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠶᠢ ᠵᠢᠯᠣᠭᠤᠳᠤᠨ ᠴᠠᠭ ᠲᠤᠬᠠᠶ ᠳᠤ ᠨᠢ ᠰᠣᠯᠢᠬᠤ ᠬᠡᠷᠡᠭᠲᠡᠶ ᠃  ︵ᠲᠠᠪᠤ︶ ᠡᠯ᠎ᠡ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠤ ᠬᠢᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ︽ᠤᠯᠤᠰ ᠤᠨ ᠡᠮᠴᠢᠯᠡᠭᠡᠨ ᠤ ᠪᠠᠳᠤᠯᠠᠭ᠎ᠠ ᠶᠢᠨ ᠬᠡᠯᠡᠯᠴᠡᠭᠡᠷ ᠤᠨ ᠡᠮ ᠤᠨ ᠵᠦᠢᠯ ᠤᠨ ︿ᠬᠤᠤᠰ ᠨᠡᠪᠲᠡᠷᠡᠬᠦ ᠵᠠᠮ﹀ ᠤᠨ ᠬᠠᠮᠢᠶᠠᠷᠤᠯᠲᠠ ᠶᠢᠨ ᠠᠵᠢᠯ ᠢ ᠨᠠᠶᠢᠳᠠᠪᠤᠷᠢᠵᠢᠭᠤᠯᠬᠤ ᠲᠤᠬᠠᠶ ᠮᠡᠳᠡᠭᠳᠡᠯ︾ ︵ᠥᠪᠥᠷ ᠡᠮᠴᠢᠯᠡᠭᠡᠨ ᠤ ᠪᠠᠳᠤᠯᠠᠭ᠎ᠠ ᠠᠯᠪᠠᠨ ᠲᠠᠷᠬᠠᠭᠠᠭᠰᠠᠨ ﹇ 2021 ﹈ 10 ᠳ᠋ᠤᠭᠠᠷ ᠲᠣᠭᠠᠲᠤ︶ ᠳᠤ ᠱᠠᠭᠠᠷᠳᠠᠭᠰᠠᠨ ᠨᠢ ᠂ ᠲᠥᠷᠥᠯ ᠬᠤᠪᠢᠶᠠᠨ ᠬᠠᠮᠢᠶᠠᠷᠬᠤ ᠵᠠᠷᠴᠢᠮ ᠶᠣᠰᠣᠭᠠᠷ ᠂ ᠬᠡᠯᠡᠯᠴᠡᠭᠡᠷ ᠤᠨ ᠡᠮ ᠤᠨ ᠵᠦᠢᠯ ᠤᠨ ᠡᠭᠦᠳᠡᠨ ᠡᠮᠨᠡᠯᠭᠡ ᠂ ᠡᠮ ᠤᠨ ᠳᠡᠯᠭᠡᠭᠦᠷ ᠤᠨ ᠡᠮᠴᠢᠯᠡᠭᠡᠨ ᠤ ᠪᠠᠲᠤᠯᠠᠭ᠎ᠠ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ ᠂ ︽ᠬᠤᠤᠰ ᠨᠡᠪᠲᠡᠷᠡᠬᠦ ᠵᠠᠮ︾ ᠤᠨ ᠬᠠᠮᠢᠶᠠᠷᠤᠯᠲᠠ ᠶᠢᠨ ᠲᠣᠭᠲᠠᠴᠠ ᠶᠢ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ ᠂ ᠡᠭᠦᠳᠡᠨ ᠡᠮᠨᠡᠯᠭᠡ ᠶᠢᠨ ᠣᠨᠴᠠ ᠤᠳᠠᠭᠠᠨ ᠴᠢᠨᠠᠷᠲᠠᠶ ᠡᠪᠡᠳᠴᠢᠨ ᠂ ᠡᠭᠦᠳᠡᠨ ᠡᠮᠨᠡᠯᠭᠡ ᠶᠢᠨ ᠣᠨᠴᠠᠭᠠᠢ ᠬᠡᠷᠡᠭᠯᠡᠭᠡᠨ ᠤ ᠡᠮ ᠂ ᠣᠨᠳᠣᠤ ᠭᠠᠵᠠᠷ ᠲᠤ ᠡᠮᠨᠡᠭᠦᠯᠬᠦ ᠵᠡᠷᠭᠡ ᠲᠥᠷᠥ ᠶᠢᠨ ᠪᠣᠳᠣᠯᠭ᠎ᠠ ᠯᠤᠭ᠎ᠠ ᠵᠣᠯᠭᠠᠭᠤᠯᠬᠤ ᠶᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ ᠂ ᠬᠡᠯᠡᠯᠴᠡᠭᠡᠷ ᠤᠨ ᠡᠮ ᠤᠨ ᠵᠦᠢᠯ ᠤᠨ ᠬᠠᠩᠭᠠᠯᠭ᠎ᠠ ᠶᠢ ᠪᠠᠲᠤᠯᠠᠬᠤ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ ᠃  ︵ᠵᠢᠷᠭᠤᠭ᠎ᠠ︶ ᠡᠯ᠎ᠡ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠤ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠂ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠶᠢ ᠵᠢᠯᠣᠭᠤᠳᠴᠤ ᠪᠠᠶᠢᠭᠠᠳ ᠭᠠᠷᠴᠠᠭ ᠤᠨ ᠳᠣᠲᠣᠷᠠᠬᠢ ᠡᠮ ᠤᠨ ᠵᠦᠢᠯ ᠢ ᠵᠦᠢ ᠵᠣᠬᠢᠰᠲᠠᠶ ᠲᠣᠬᠢᠷᠠᠭᠤᠯᠤᠨ ᠂ ᠬᠡᠷᠡᠭᠯᠡᠬᠦ ᠬᠡᠷᠡᠭᠲᠡᠶ ᠃ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠨᠢ ᠬᠡᠯᠡᠯᠴᠡᠭᠡᠷ ᠤᠨ ᠡᠮ ᠤᠨ ᠵᠦᠢᠯ ᠢ ᠳᠣᠭᠢᠷᠠᠭᠤᠯᠤᠨ ᠬᠡᠷᠡᠭᠯᠡᠬᠦ ᠨᠢᠭᠡᠳᠦᠭᠡᠷ ᠬᠠᠷᠢᠭᠤᠴᠠᠯᠭᠠᠲᠠᠨ ᠪᠣᠯᠤᠭᠰᠠᠨ ᠤ ᠬᠤᠪᠢ ᠳᠤ ᠂ ᠬᠡᠯᠡᠯᠴᠡᠭᠡᠷ ᠤᠨ ᠡᠮ ᠤᠨ ᠵᠦᠢᠯ ᠢ ᠡᠮᠨᠡᠯᠭᠡ ᠳᠤ ᠣᠷᠣᠭᠤᠯᠬᠤ ᠠᠷᠭ᠎ᠠ ᠵᠠᠮ ᠢ ᠤᠯᠠᠮ ᠨᠢᠭᠡ ᠠᠯᠬᠤᠮ ᠰᠠᠭᠠᠳ ᠥᠬᠡᠶ ᠨᠡᠪᠲᠡᠷᠡᠭᠦᠯᠵᠦ ᠂ 2025 ᠣᠨ ᠤ 2 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠲᠤᠰᠬᠠᠶ ᠡᠮ ᠤᠨ ᠶᠠᠪᠤᠳᠠᠯ ᠤᠨ ᠬᠠᠮᠢᠶᠠᠷᠤᠯᠲᠠ ᠶᠢᠨ ᠬᠤᠷᠠᠯ ᠬᠤᠷᠠᠯᠳᠤᠭᠤᠯᠵᠤ ᠂ ᠴᠢᠳᠠᠮᠵᠢ ᠶᠢᠨ ᠪᠠᠶᠢᠷᠢ ᠲᠣᠭᠲᠠᠭᠠᠯᠲᠠ ᠂ ᠡᠮᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠪᠠ ᠣᠨᠣᠰᠢᠯᠠᠨ ᠡᠮᠨᠡᠬᠦ ᠴᠢᠳᠠᠪᠤᠷᠢ ᠵᠡᠷᠭᠡ ᠶᠢ ᠦᠨᠳᠦᠰᠦᠯᠡᠨ ᠂ ᠲᠣᠰ ᠪᠠᠶᠢᠭᠤᠯᠤᠮᠵᠢ ᠶᠢᠨ ᠡᠮ ᠬᠡᠷᠡᠭᠯᠡᠬᠦ ᠭᠠᠷᠴᠠᠭ ᠢ ᠳᠣᠭᠢᠷᠠᠭᠤᠯᠤᠨ ᠰᠢᠯᠢᠳᠡᠭᠵᠢᠭᠦᠯᠬᠦ ᠬᠡᠷᠡᠭᠲᠡᠶ ᠃ ᠲᠦᠷ ᠴᠠᠭ ᠲᠤᠰ ᠪᠠᠶᠢᠭᠤᠯᠤᠮᠵᠢ ᠶᠢᠨ ᠬᠠᠩᠭᠠᠯᠭ᠎ᠠ ᠶᠢᠨ ᠭᠠᠷᠴᠠᠭ ᠲᠤ ᠣᠷᠣᠭᠤᠯᠵᠤ ᠳᠡᠶᠢᠯᠬᠦ ᠦᠭᠡᠶ ᠪᠣᠯᠪᠠᠴᠤ ᠡᠮᠴᠢᠯᠡᠭᠡᠨ ᠳᠤ ᠬᠠᠷᠢᠨ ᠬᠡᠷᠡᠭᠴᠡᠭᠡ ᠱᠠᠭᠠᠷᠳᠠᠯᠭ᠎ᠠ ᠲᠠᠢ ᠬᠡᠯᠡᠯᠴᠡᠭᠡᠷ ᠤᠨ ᠡᠮ ᠤᠨ ᠵᠦᠢᠯ ᠳᠤ ᠰᠠᠭᠠᠳ ᠦᠭᠡᠶ ᠨᠡᠪᠲᠡᠷᠡᠬᠦ ᠵᠠᠮ ᠪᠠᠶᠢᠭᠤᠯᠵᠤ ᠂ ᠳᠠᠩᠰᠠᠯᠠᠭᠤᠯᠵᠤ ᠬᠤᠳᠠᠯᠳᠤᠨ ᠠᠪᠬᠤ ᠳᠠᠷᠠᠭᠠᠯᠠᠯ ᠢ ᠴᠠᠭ ᠲᠤᠬᠠᠶ ᠳᠤ ᠨᠢ ᠡᠬᠢᠯᠡᠭᠦᠯᠬᠦ ᠬᠡᠷᠡᠭᠲᠡᠶ ᠃ ᠵᠠᠷᠴᠢᠮ ᠳᠡᠭᠡᠷ᠎ᠡ ᠪᠠᠨ ᠬᠡᠯᠡᠯᠴᠡᠭᠡᠷ ᠤᠨ ᠡᠮ ᠤᠨ ᠵᠦᠢᠯ ᠤᠨ ︽ᠲᠣᠬᠢᠷᠠᠭᠤᠯᠬᠤ ᠶᠣᠰᠣᠲᠠᠶ ᠶᠢ ᠨᠢ ᠪᠦᠬᠦᠨ ᠢ ᠲᠣᠬᠢᠷᠠᠭᠤᠯᠵᠤ︾ ᠂ ᠡᠮᠴᠢᠯᠡᠭᠡᠨ ᠤ ᠪᠠᠶᠢᠭᠤᠯᠤᠮᠵᠢ ᠨᠢ ᠡᠮᠴᠢᠯᠡᠭᠡᠨ ᠤ ᠳᠠᠭᠠᠳᠬᠠᠯ ᠤᠨ ᠶᠡᠷᠦᠩᠬᠡᠶ ᠲᠤᠭ᠎ᠠ ᠶᠢ ᠡᠵᠡᠮᠳᠡᠬᠦ ᠂ ᠡᠮᠴᠢᠯᠡᠭᠡᠨ ᠤ ᠪᠠᠶᠢᠭᠤᠯᠤᠮᠵᠢ ᠶᠢᠨ ᠡᠮ ᠬᠡᠷᠡᠭᠯᠡᠬᠦ ᠭᠠᠷᠴᠠᠭ ᠤᠨ ᠲᠤᠭ᠎ᠠ ᠬᠡᠮᠵᠢᠶ᠎ᠡ ᠶᠢ ᠬᠢᠵᠠᠭᠠᠷᠯᠠᠬᠤ ᠂ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠭᠦᠢᠴᠡᠳᠬᠡᠯ ᠲᠤᠭ᠎ᠠ ᠂ ᠨᠢᠭᠡᠨᠲᠡ ︽ᠬᠤᠤᠰ ᠨᠡᠪᠲᠡᠷᠡᠬᠦ ᠵᠠᠮ︾ ᠤᠨ ᠬᠠᠮᠢᠶᠠᠷᠤᠯᠲᠠ ᠵᠡᠷᠭᠡ ᠳᠤ ᠣᠷᠣᠭᠤᠯᠬᠤ ᠪᠠᠷ ᠰᠢᠯᠲᠠᠭ ᠪᠣᠯᠭᠠᠵᠤ ᠬᠡᠯᠡᠯᠴᠡᠭᠡᠷ ᠤᠨ ᠡᠮ ᠤᠨ ᠵᠦᠢᠯ ᠢ ᠳᠣᠭᠢᠷᠠᠭᠤᠯᠤᠨ ᠬᠡᠷᠡᠭᠯᠡᠬᠦ ᠶᠢ ᠨᠥᠯᠥᠭᠡᠯᠡᠵᠦ ᠪᠣᠯᠬᠤ ᠥᠬᠡᠶ ᠃ ᠡᠯ᠎ᠡ ᠭᠠᠵᠠᠷ ᠨᠢ ᠡᠪᠡᠳᠴᠢᠨ ᠡᠮᠭᠡᠭ ᠢ ᠣᠨᠣᠰᠢᠯᠠᠬᠤ ᠬᠠᠮᠢᠶ᠎ᠠ ᠪᠥᠬᠦᠶ ᠠᠩᠭᠢᠯᠠᠯ ︵DRG︶ ᠪᠠ ᠡᠪᠡᠳᠴᠢᠨ ᠤ ᠲᠥᠷᠥᠯ ᠢᠶᠠᠷ ᠪᠤᠳᠤᠬᠤ ︵DIP︶︶ ᠰᠦᠢᠳᠬᠡᠯ ᠲᠤᠰᠢᠶᠠᠬᠤ ᠥᠭᠡᠷᠡᠴᠢᠯᠡᠯᠲᠡ ᠳᠤᠮᠳᠠ ᠬᠡᠯᠡᠯᠴᠡᠭᠡᠷ ᠤᠨ ᠡᠮ ᠤᠨ ᠵᠦᠢᠯᠡᠰ ᠲᠤ ᠲᠣᠭᠠᠴᠠᠭ᠎ᠠ ᠬᠢᠬᠦ ᠪᠤᠶᠤ ᠬᠤᠪᠢ ᠶᠢᠨ ᠥᠷᠲᠡᠭ ᠢᠶᠠᠷ ᠨᠥᠬᠦᠪᠥᠷᠢᠯᠡᠬᠦ ᠲᠣᠭᠲᠠᠴᠠ ᠶᠢ ᠰᠦᠪᠡᠭᠴᠢᠯᠡᠨ ᠪᠠᠶᠢᠭᠤᠯᠵᠤ ᠂ ᠡᠮᠴᠢᠯᠡᠭᠡᠨ ᠤ ᠪᠠᠶᠢᠭᠤᠯᠤᠮᠵᠢ ᠶᠢᠨ ᠰᠢᠨ᠎ᠡ ᠮᠡᠷᠭᠡᠵᠢᠯ ᠂ ᠰᠢᠨ᠎ᠡ ᠡᠮ ᠤᠨ ᠵᠦᠢᠯ ᠤᠨ ᠬᠡᠷᠡᠭᠯᠡᠯᠲᠡ ᠶᠢ ᠵᠣᠷᠢᠭᠵᠢᠭᠤᠯᠬᠤ ᠬᠡᠷᠡᠭᠲᠡᠶ ᠃  ︵ᠳᠤᠯᠤᠭ᠎ᠠ︶ ᠡᠯ᠎ᠡ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠨᠢ ᠤᠯᠤᠰ ᠤᠨ ︽2024 ᠣᠨ ᠤ ᠡᠮ ᠤᠨ ᠵᠦᠢᠯ ᠤᠨ ᠭᠠᠷᠴᠠᠭ︾ ᠤᠨ ᠬᠠᠮᠢᠶᠠᠷᠤᠯᠲᠠ ᠶᠢᠨ ᠲᠣᠭᠲᠠᠭᠠᠯ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠲᠣᠭᠲᠠᠭᠠᠭᠰᠠᠨ ᠵᠣᠷ ᠤᠨ ᠬᠠᠮᠢᠶᠠᠷᠤᠯᠲᠠ ᠶᠢᠨ ᠠᠷᠭ᠎ᠠ ᠂ ᠡᠮᠴᠢᠯᠡᠭᠡᠨ ᠤ ᠮᠡᠷᠭᠡᠵᠢᠯ ᠤᠨ ᠠᠵᠢᠯᠯᠠᠭᠠᠨ ᠤ ᠵᠢᠷᠤᠮᠵᠢᠯ ᠂ ᠡᠮᠴᠢᠯᠡᠭᠡᠨ ᠤ ᠣᠨᠣᠰᠢᠯᠠᠨ ᠡᠮᠨᠡᠬᠦ ᠵᠦᠭᠯᠡᠭᠦᠷ ᠪᠠ ᠡᠮ ᠤᠨ ᠵᠦᠢᠯ ᠢ ᠡᠮᠴᠢᠯᠡᠭᠡᠨ ᠳᠤ ᠬᠡᠷᠡᠭᠯᠡᠬᠦ ᠶᠢ ᠵᠢᠯᠣᠭᠤᠳᠬᠤ ᠵᠠᠷᠴᠢᠮ ᠵᠡᠷᠭᠡ ᠲᠠᠢ ᠤᠶᠠᠯᠳᠤᠭᠤᠯᠤᠨ ᠂ ᠣᠶᠤᠨᠴᠢ ᠬᠢᠨᠠᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠵᠦ ᠂ ᠲᠣᠭᠲᠠᠭᠰᠠᠨ ᠴᠡᠭ ᠤᠨ ᠡᠮ ᠡᠮᠨᠡᠯᠭᠡ ᠶᠢᠨ ᠪᠠᠶᠢᠭᠤᠯᠤᠮᠵᠢ ᠶᠢᠨ ᠤᠯᠤᠰ ᠤᠨ ︽2024 ᠣᠨ ᠤ ᠡᠮ ᠤᠨ ᠵᠦᠢᠯ ᠤᠨ ᠭᠠᠷᠴᠠᠭ︾ ᠢ ᠬᠡᠷᠡᠭᠵᠢᠭᠦᠯᠦᠨ ᠬᠡᠷᠡᠭᠯᠡᠭᠰᠡᠨ ᠪᠠᠶᠢᠳᠠᠯ ᠢ ᠲᠣᠭᠲᠠᠭᠰᠠᠨ ᠴᠡᠭ ᠤᠨ ᠦᠢᠯᠡᠴᠢᠯᠡᠭᠡᠨ ᠤ ᠵᠥᠪᠯᠡᠯᠴᠡᠭᠡᠷ ᠤᠨ ᠬᠠᠮᠢᠶᠠᠷᠤᠯᠲᠠ ᠪᠠ ᠰᠢᠯᠭᠠᠨ ᠬᠢᠨᠠᠬᠤ ᠬᠡᠪᠴᠢᠶᠡᠨ ᠳᠤ ᠣᠷᠤᠭᠤᠯᠬᠤ ᠬᠡᠷᠡᠭᠲᠡᠢ ᠃ ᠤᠯᠤᠰ ᠤᠨ ᠬᠡᠯᠡᠯᠴᠡᠭᠡᠷ᠋ ᠤᠨ ᠡᠮ ᠤᠨ ᠵᠦᠢᠯ ᠤᠨ ᠲᠣᠭᠠᠴᠠᠭ᠎ᠠ ᠬᠢᠬᠦ ᠬᠡᠪᠴᠢᠶ᠎ᠡ ᠶᠢ ᠬᠢᠵᠠᠭᠠᠷᠯᠠᠨ ᠲᠣᠭᠲᠠᠭᠠᠬᠤ ᠶᠢ ᠴᠢᠩᠭ᠎ᠠ ᠬᠡᠷᠡᠭᠵᠢᠭᠦᠯᠵᠦ ᠂ ᠬᠡᠷᠡᠭᠯᠡᠵᠦ ᠬᠠᠮᠢᠶᠠᠷᠬᠤ ᠪᠠᠨ ᠴᠢᠩᠭᠠᠳᠬᠠᠨ ᠂ ᠵᠠᠷᠤᠳᠠᠯ ᠨᠢ ᠥᠨᠳᠥᠷ ᠂ ᠬᠡᠷᠡᠭᠯᠡᠬᠦ ᠬᠡᠮᠵᠢᠶ᠎ᠡ ᠨᠢ ᠶᠡᠭᠡ ᠡᠮ ᠤᠨ ᠵᠦᠢᠯ ᠳᠤ ᠭᠤᠤᠯᠳᠠᠯᠭ᠎ᠠ ᠲᠠᠢ ᠬᠢᠨᠠᠨ ᠡᠵᠡᠮᠳᠡᠯ ᠪᠠ ᠵᠠᠳᠠᠯᠤᠯᠲᠠ ᠬᠢᠵᠦ ᠂ ᠰᠠᠭᠤᠷᠢ ᠮᠥᠩᠭᠦ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ ᠃ ᠤᠯᠤᠰ ᠤᠨ ︽2024 ᠣᠨ ᠤ ᠡᠮ ᠤᠨ ᠵᠦᠢᠯ ᠤᠨ ᠭᠠᠷᠴᠠᠭ︾ ᠵᠢᠴᠢ ᠥᠪᠡᠷᠲᠡᠭᠡᠨ ᠵᠠᠰᠠᠬᠤ ᠣᠷᠣᠨ ᠤ ᠰᠢᠨ᠎ᠡ ᠪᠠᠷ ᠨᠡᠮᠡᠭᠳᠡᠭᠰᠡᠨ ᠡᠭᠦᠳᠡᠨ ᠡᠮᠨᠡᠯᠭᠡ ᠶᠢᠨ ᠣᠨᠴᠠᠭᠠᠶ ᠬᠡᠷᠡᠭᠯᠡᠭᠡᠨ ᠤ ᠡᠮ ᠂ ︽ᠬᠤᠤᠰ ᠨᠡᠪᠲᠡᠷᠡᠬᠦ ᠵᠠᠮ︾ ᠤᠨ ᠬᠠᠮᠢᠶᠠᠷᠤᠯᠲᠠ ᠶᠢᠨ ᠡᠮ ᠤᠨ ᠵᠦᠢᠯ ᠢ 2025 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠦᠨ᠎ᠡ ᠃ ᠭᠠᠷᠴᠠᠭ ᠢ ᠬᠡᠷᠡᠭᠵᠢᠭᠦᠯᠬᠦ ᠳᠤᠮᠳᠠ ᠴᠢᠬᠤᠯᠠ ᠶᠡᠭᠡ ᠠᠰᠠᠭᠤᠳᠠᠯ ᠲᠤᠯᠭᠠᠷᠠᠪᠠᠯ ᠂ ᠡᠯ᠎ᠡ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠨᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠳᠤ ᠴᠠᠭ ᠲᠤᠬᠠᠶ ᠳᠤ ᠨᠢ ᠬᠠᠷᠢᠭᠤ ᠲᠤᠰᠬᠠᠬᠤ ᠬᠡᠷᠡᠭᠲᠡᠶ ᠃  ᠳᠠᠭᠠᠯᠳᠤᠭᠤᠯᠤᠯ᠄ 1. ᠤᠯᠤᠰ ᠤᠨ ᠡᠮᠴᠢᠯᠡᠭᠡᠨ ᠤ ᠪᠠᠳᠤᠯᠠᠭ᠎ᠠ ᠶᠢᠨ ᠲᠣᠪᠴᠢᠶ᠎ᠠ ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠤᠯᠤᠰ ᠤᠨ ᠦᠨᠳᠦᠰᠦᠨ ᠡᠮᠴᠢᠯᠡᠭᠡᠨ ᠤ ᠳᠠᠭᠠᠳᠬᠠᠯ ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠪᠠ ᠦᠷᠡᠵᠢᠯ ᠤᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ ︵2024 ᠣᠨ︶ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ  2. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠡᠮ ᠤᠨ ᠭᠠᠷᠴᠠᠭ  3. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠲᠠᠳ ᠡᠮ ᠤᠨ ᠴᠢᠨᠠᠬᠤ ᠡᠮ ᠤᠨ ᠭᠠᠷᠴᠠᠭ  4. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠲᠠᠳ ᠡᠮ ᠤᠨ ᠨᠠᠶᠢᠷᠠᠯᠭ᠎ᠠ ᠲᠠᠢ ᠮᠥᠬᠦᠯᠢᠭ ᠤᠨ ᠭᠠᠷᠴᠠᠭ  5. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠭᠦᠳᠡᠨ ᠡᠮᠨᠡᠯᠭᠡ ᠶᠢᠨ ᠣᠨᠴᠠᠭᠠᠢ ᠬᠡᠷᠡᠭᠯᠡᠭᠡᠨ ᠤ ᠡᠮ ᠤᠨ ᠭᠠᠷᠴᠠᠭ  6. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠬᠤᠤᠰ ᠨᠡᠪᠲᠡᠷᠡᠬᠦ ᠵᠠᠮ︾ ᠤᠨ ᠬᠠᠮᠢᠶᠠᠷᠤᠯᠲᠠ ᠶᠢᠨ ᠡᠮ ᠤᠨ ᠵᠦᠢᠯ ᠤᠨ ᠭᠠᠷᠴᠠᠭ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ2024 ᠣᠨ ᠤ 12 ᠳ᠋ᠤᠭᠠᠷ ᠰᠠᠷ᠎ᠠ ᠶᠢᠨ 24 ᠤ ᠡᠳᠦᠷ   ᠳᠠᠭᠠᠯᠳᠤᠭᠤᠯᠤᠯ᠄  ᠳᠠᠭᠠᠯᠳᠤᠭᠤᠯᠤᠯ 1 - 1 ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠤᠯᠤᠰ ᠤᠨ ᠦᠨᠳᠦᠰᠦᠨ ᠡᠮᠴᠢᠯᠡᠭᠡᠨ ᠤ ᠳᠠᠭᠠᠳᠬᠠᠯ ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠪᠠ ᠦᠷᠡᠵᠢᠯ ᠤᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ ︵2024 ᠣᠨ︶ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ ︵ᠤᠯᠤᠰ ᠤᠨ ᠠᠯᠪᠠᠨ ᠰᠦᠯᠵᠢᠶ᠎ᠡ ᠶᠢᠨ ᠬᠡᠪᠯᠡᠯ︶ _20241225174239.pdf   ᠳᠠᠭᠠᠯᠳᠤᠭᠤᠯᠤᠯ 1 - 2 ᠤᠯᠤᠰ ᠤᠨ ᠦᠨᠳᠦᠰᠦᠨ ᠡᠮᠴᠢᠯᠡᠭᠡᠨ ᠤ ᠳᠠᠭᠠᠳᠬᠠᠯ ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠪᠠ ᠦᠷᠡᠵᠢᠯ ᠤᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ ︵2024 ᠣᠨ︶.pdf  ᠳᠠᠭᠠᠯᠳᠤᠭᠤᠯᠤᠯ 2. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠡᠮ ᠤᠨ ᠭᠠᠷᠴᠠᠭ.pdf  ᠳᠠᠭᠠᠯᠳᠤᠭᠤᠯᠤᠯ 3. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠲᠠᠳ ᠡᠮ ᠤᠨ ᠴᠢᠨᠠᠬᠤ ᠡᠮ ᠤᠨ ᠭᠠᠷᠴᠠᠭ.pdf  ᠳᠠᠭᠠᠯᠳᠤᠭᠤᠯᠤᠯ 4. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠲᠠᠳ ᠡᠮ ᠤᠨ ᠨᠠᠶᠢᠷᠠᠯᠭ᠎ᠠ ᠲᠠᠢ ᠮᠥᠬᠦᠯᠢᠭ ᠤᠨ ᠭᠠᠷᠴᠠᠭ.pdf  ᠳᠠᠭᠠᠯᠳᠤᠭᠤᠯᠤᠯ 5. ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠡᠭᠦᠳᠡᠨ ᠡᠮᠨᠡᠯᠭᠡ ᠶᠢᠨ ᠣᠨᠴᠠᠭᠠᠢ ᠬᠡᠷᠡᠭᠯᠡᠭᠡᠨ ᠤ ᠡᠮ ᠤᠨ ᠭᠠᠷᠴᠠᠭ.pdf  ᠳᠠᠭᠠᠯᠳᠤᠭᠤᠯᠤᠯ 6. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠬᠤᠤᠰ ᠨᠡᠪᠲᠡᠷᠡᠬᠦ ᠵᠠᠮ︾ ᠤᠨ ᠬᠠᠮᠢᠶᠠᠷᠤᠯᠲᠠ ᠶᠢᠨ ᠡᠮ ᠤᠨ ᠵᠦᠢᠯ ᠤᠨ ᠭᠠᠷᠴᠠᠭ.pdf

 

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号