ᠥᠪᠥᠷ ᠡᠮ ᠴᠤᠭᠯᠠᠭᠤᠯᠬᠤ ᠲᠥᠪ ᠦᠰᠦᠭ ﹇ 2024﹈ 258 ᠳ᠋ᠤᠭᠠᠷ ᠲᠣᠭᠠᠲᠤ | ᠡᠯ᠎ᠡ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ ᠶᠢᠨ | ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠳᠤ᠄ | 2024 ᠣᠨ ᠤ ᠪᠡᠶ᠎ᠡ ᠶᠢᠨ ᠭᠠᠳᠠᠨᠠᠬᠢ ᠣᠨᠣᠰᠢᠯᠠᠯᠲᠠ ᠶᠢᠨ ᠲᠤᠷᠰᠢᠯᠲᠠ ᠶᠢᠨ ᠡᠮ ᠤᠨ ᠮᠤᠵᠢ ᠶᠢᠨ | ᠬᠤᠭᠤᠷᠤᠨᠳᠤ ᠬᠤᠯᠪᠣᠭᠠᠯᠠᠨ ᠬᠡᠮᠵᠢᠶ᠎ᠡ ᠲᠠᠢ ᠪᠠᠷ ᠬᠤᠳᠠᠯᠳᠤᠨ ᠠᠪᠬᠤ ᠠᠵᠢᠯ ᠤᠨ ᠲᠣᠬᠢᠷᠠᠭᠤᠯᠤᠯᠲᠠ ᠶᠢ | ᠦᠨᠳᠦᠰᠦᠯᠡᠨ᠂ ᠣᠲᠣ 2024 ᠣᠨ ᠤ ᠪᠡᠶ᠎ᠡ ᠶᠢᠨ ᠭᠠᠳᠠᠨᠠᠬᠢ ᠣᠨᠣᠰᠢᠯᠠᠯᠲᠠ ᠶᠢᠨ ᠲᠤᠷᠰᠢᠯᠲᠠ ᠶᠢᠨ ᠡᠮ ᠤᠨ | ᠥᠩᠭᠡᠷᠡᠭᠰᠡᠨ ᠤ ᠬᠤᠳᠠᠯᠳᠤᠨ ᠠᠪᠬᠤ ᠲᠤᠭ᠎ᠠ ᠪᠠᠷᠢᠮᠲᠠ ᠪᠠ ᠬᠤᠳᠠᠯᠳᠤᠨ ᠠᠪᠬᠤ ᠬᠡᠷᠡᠭᠴᠡᠭᠡ ᠱᠠᠭᠠᠷᠳᠠᠯᠭ᠎ᠠ ᠶᠢᠨ | ᠲᠤᠭ᠎ᠠ ᠪᠠᠷᠢᠮᠲᠠ ᠶᠢ ᠲᠠᠭᠯᠠᠨ ᠮᠡᠳᠡᠭᠦᠯᠬᠦ ᠠᠵᠢᠯ ᠢ ᠥᠷᠨᠢᠭᠦᠯᠪᠡ᠂ ᠪᠣᠳᠠᠲᠠᠶ ᠵᠦᠢᠯᠡᠰ ᠢ ᠳᠣᠤᠷᠠᠬᠢ ᠮᠡᠲᠦ | ᠮᠡᠳᠡᠭᠳᠡᠶ᠎ᠡ᠃ | ᠨᠢᠭᠡ᠂ ᠲᠠᠭᠯᠠᠨ ᠮᠡᠳᠡᠭᠦᠯᠬᠦ ᠲᠥᠷᠥᠯ ᠵᠦᠢᠯ ᠤᠨ ᠬᠡᠪᠴᠢᠶ᠎ᠡ | ︵ᠨᠢᠭᠡ︶ ᠬᠤᠣᠷᠲᠤ ᠬᠠᠪᠤᠳᠠᠷ ᠤᠨ ᠪᠡᠯᠭᠡ ᠲᠡᠮᠳᠡᠭ ᠤᠨ 16 ᠵᠦᠢᠯ ᠤᠨ ᠪᠠᠶᠢᠴᠠᠭᠠᠯᠲᠠ᠃ ᠥᠮᠡᠨ | ᠬᠥᠪᠥᠷᠡᠯ ᠤᠨ ᠥᠲᠦᠭᠡᠭᠴᠢ ︵CEA︶ ᠶᠢᠨ ᠪᠠᠶᠢᠴᠠᠭᠠᠨ ᠰᠢᠯᠭᠠᠬᠤ ᠤᠷᠪᠠᠯᠵᠢ ᠶᠢᠨ ᠬᠠᠶᠢᠷᠴᠠᠭ᠂ ᠮᠧᠲ᠋ᠢᠯ | ᠤᠭᠤᠷᠠᠭ ︵AFP ︶ ᠤᠨ ᠪᠠᠶᠢᠴᠠᠭᠠᠨ ᠰᠢᠯᠭᠠᠬᠤ ᠤᠷᠪᠠᠯᠵᠢ ᠶᠢᠨ ᠬᠠᠶᠢᠷᠴᠠᠭ᠂ ᠬᠠᠶᠢᠷᠰᠤᠯᠢᠭ ᠡᠰ ᠤᠨ ᠦᠮᠡᠨ ᠤ | ᠥᠳᠦᠭᠡᠭᠴᠢ ︵SCC ᠪᠤᠶᠤ SCCA︶ ᠶᠢᠨ ᠪᠠᠶᠢᠴᠠᠭᠠᠨ ᠰᠢᠯᠭᠠᠬᠤ ᠤᠷᠪᠠᠯᠵᠢ ᠶᠢᠨ ᠬᠠᠶᠢᠷᠴᠠᠭ᠂ ᠶᠠᠷᠦᠩᠬᠡᠢ | ᠤᠷᠢᠳᠤ ᠪᠤᠯᠴᠢᠷᠬᠠᠢ ᠶᠢᠨ ᠤᠨᠴᠠ ᠴᠢᠨᠠᠷ ᠤᠨ ᠥᠳᠥᠭᠡᠭᠴᠢ ︵TPSA︶ ᠶᠢᠨ ᠪᠠᠶᠢᠴᠠᠭᠠᠨ ᠰᠢᠯᠭᠠᠬᠤ | ᠤᠷᠪᠠᠯᠵᠢ ᠶᠢᠨ ᠬᠠᠶᠢᠷᠴᠠᠭ᠂ ᠴᠢᠯᠦᠭᠡᠲᠦ ᠤᠷᠢᠳᠤ ᠪᠤᠯᠴᠢᠷᠬᠠᠢ ᠶᠢᠨ ᠣᠨᠴᠠ ᠴᠢᠨᠠᠷ ᠤᠨ ᠥᠳᠥᠭᠡᠭᠴᠢ ︵ FPSA ︶ | ᠶᠢᠨ ᠪᠠᠶᠢᠴᠠᠭᠠᠨ ᠰᠢᠯᠭᠠᠬᠤ ᠤᠷᠪᠠᠯᠵᠢ ᠶᠢᠨ ᠬᠠᠶᠢᠷᠴᠠᠭ ᠂ ᠨᠡᠶᠢᠯᠡᠮᠡᠯ ᠤᠷᠢᠳᠤ ᠪᠤᠯᠴᠢᠷᠬᠠᠢ ᠶᠢᠨ ᠤᠨᠴᠠ ᠴᠢᠨᠠᠷ ᠤᠨ | ᠥᠳᠥᠭᠡᠭᠴᠢ ︵CPSA ︶ ᠶᠢᠨ ᠪᠠᠶᠢᠴᠠᠭᠠᠨ ᠰᠢᠯᠭᠠᠬᠤ ᠤᠷᠪᠠᠯᠵᠢ ᠶᠢᠨ ᠬᠠᠶᠢᠷᠴᠠᠭ ᠂ ᠰᠢᠬᠢᠷ ᠤᠨ ᠲᠦᠷᠦᠯ ᠤᠨ | ᠥᠳᠥᠭᠡᠭᠴᠢ 50 ︵CA50︶ ᠶᠢᠨ ᠪᠠᠶᠢᠴᠠᠭᠠᠨ ᠰᠢᠯᠭᠠᠬᠤ ᠤᠷᠪᠠᠯᠵᠢ ᠶᠢᠨ ᠬᠠᠶᠢᠷᠴᠠᠭ᠂ ᠰᠢᠬᠢᠷ ᠤᠨ | ᠲᠦᠷᠦᠯ ᠤᠨ ᠥᠳᠥᠭᠡᠭᠴᠢ 125 ︵CA125︶ ᠶᠢᠨ ᠪᠠᠶᠢᠴᠠᠭᠠᠨ ᠰᠢᠯᠭᠠᠬᠤ ᠤᠷᠪᠠᠯᠵᠢ ᠶᠢᠨ ᠬᠠᠶᠢᠷᠴᠠᠭ᠂ | ᠰᠢᠬᠢᠷ ᠤᠨ ᠲᠦᠷᠦᠯ ᠤᠨ ᠥᠳᠥᠭᠡᠭᠴᠢ 153 ︵CA153︶ ᠶᠢᠨ ᠪᠠᠶᠢᠴᠠᠭᠠᠨ ᠰᠢᠯᠭᠠᠬᠤ ᠤᠷᠪᠠᠯᠵᠢ ᠶᠢᠨ | ᠬᠠᠶᠢᠷᠴᠠᠭ᠂ ᠰᠢᠬᠢᠷ ᠤᠨ ᠲᠦᠷᠦᠯ ᠤᠨ ᠥᠳᠥᠭᠡᠭᠴᠢ 199 ︵CA199︶ ᠶᠢᠨ ᠪᠠᠶᠢᠴᠠᠭᠠᠨ ᠰᠢᠯᠭᠠᠬᠤ | ᠤᠷᠪᠠᠯᠵᠢ ᠶᠢᠨ ᠬᠠᠶᠢᠷᠴᠠᠭ᠂ ᠰᠢᠬᠢᠷ ᠤᠨ ᠲᠦᠷᠦᠯ ᠤᠨ ᠥᠳᠥᠭᠡᠭᠴᠢ 125 ︵CA125︶ ᠶᠢᠨ ᠪᠠᠶᠢᠴᠠᠭᠠᠨ | ᠰᠢᠯᠭᠠᠬᠤ ᠤᠷᠪᠠᠯᠵᠢ ᠶᠢᠨ ᠬᠠᠶᠢᠷᠴᠠᠭ᠂ ᠰᠢᠬᠢᠷ ᠤᠨ ᠲᠦᠷᠦᠯ ᠤᠨ ᠥᠳᠥᠭᠡᠭᠴᠢ 242 ︵CA242︶ ᠤᠨ | ᠪᠠᠶᠢᠴᠠᠭᠠᠨ ᠰᠢᠯᠭᠠᠬᠤ ᠤᠷᠪᠠᠯᠵᠢ ᠶᠢᠨ ᠬᠠᠶᠢᠷᠴᠠᠭ᠂ ᠰᠢᠬᠢᠷ ᠤᠨ ᠲᠦᠷᠦᠯ ᠤᠨ ᠥᠳᠥᠭᠡᠭᠴᠢ 724 ︵CA724︶ | ᠶᠢᠨ ᠪᠠᠶᠢᠴᠠᠭᠠᠨ ᠰᠢᠯᠭᠠᠬᠤ ᠤᠷᠪᠠᠯᠵᠢ ᠶᠢᠨ ᠬᠠᠶᠢᠷᠴᠠᠭ᠂ ᠬᠥᠮᠦᠨ ᠤ ᠳᠠᠭᠠᠯᠲᠠ ᠲᠥᠮᠥᠰᠥ ᠶᠢᠨ ᠤᠭᠤᠷᠠᠭ 4 ︵ | HE4︶ ᠶᠢᠨ ᠪᠠᠶᠢᠴᠠᠭᠠᠨ ᠰᠢᠯᠭᠠᠬᠤ ᠤᠷᠪᠠᠯᠵᠢ ᠶᠢᠨ ᠬᠠᠶᠢᠷᠴᠠᠭ᠂ ᠬᠤᠳᠤᠭᠤᠳᠤᠨ ᠤ ᠱᠦᠭᠦᠷᠡᠬᠦ ᠡᠳ᠋ | ᠢᠯᠭᠠᠷᠠᠭᠤᠯᠬᠤ ᠫᠧᠫᠲ᠋ᠢᠳ᠋ ᠶᠢᠨ ᠤᠷᠢᠳᠤ ᠪᠡᠶ᠎ᠡ ︵proGRP ︶ ᠶᠢᠨ ᠪᠠᠶᠢᠴᠠᠭᠠᠨ ᠰᠢᠯᠭᠠᠬᠤ ᠤᠷᠪᠠᠯᠵᠢ ᠶᠢᠨ | ᠬᠠᠶᠢᠷᠴᠠᠭ᠂ ᠡᠰ ᠤᠨ ᠬᠠᠶᠢᠷᠰᠤᠯᠢᠭ ᠤᠭᠤᠷᠠᠭ 19 ᠬᠡᠰᠡᠭ ︵CYFRA21-1︶ ᠤᠨ ᠪᠠᠶᠢᠴᠠᠭᠠᠨ ᠰᠢᠯᠭᠠᠬᠤ | ᠤᠷᠪᠠᠯᠵᠢ ᠶᠢᠨ ᠬᠠᠶᠢᠷᠴᠠᠭ᠂ ᠮᠡᠳᠡᠷᠡᠯ ᠤᠨ ᠡᠯᠧᠮᠧᠨ᠋ᠲ ᠤᠨ ᠣᠨᠴᠠ ᠴᠢᠨᠠᠷ ᠤᠨ ᠠᠯᠺᠧᠨ ᠠᠯᠺᠦᠦᠯ ᠢᠰᠭᠡᠭᠦᠷ ︵ | NSE ︶ ᠤᠨ ᠪᠠᠶᠢᠴᠠᠭᠠᠨ ᠰᠢᠯᠭᠠᠬᠤ ᠤᠷᠪᠠᠯᠵᠢ ᠶᠢᠨ ᠬᠠᠶᠢᠷᠴᠠᠭ᠃ ᠬᠤᠣᠷᠲᠤ ᠬᠠᠪᠤᠳᠠᠷ ᠤᠨ ᠪᠡᠯᠭᠡ ᠲᠡᠮᠳᠡᠭ ᠤᠨ | ᠡᠳ᠋ ᠢ ᠪᠠᠶᠢᠴᠠᠭᠠᠨ ᠰᠢᠯᠭᠠᠬᠤ ᠠᠷᠭ᠎ᠠ ᠬᠡᠯᠪᠡᠷᠢ ᠳᠤ ᠬᠢᠮᠢ ᠶᠢᠨ ᠭᠡᠷᠡᠯ ᠡᠭᠦᠰᠭᠡᠬᠦ ᠠᠷᠭ᠎ᠠ᠂ ᠤᠷᠤᠰᠤᠩᠭᠢ ᠴᠡᠭᠡᠨ | ᠭᠡᠷᠡᠯ ᠤᠨ ᠭᠡᠷᠡᠯ ᠡᠭᠦᠰᠬᠡᠬᠦ ᠠᠷᠭ᠎ᠠ᠂ ᠴᠠᠭ ᠬᠤᠭᠤᠴᠠᠭᠠᠨ ᠤ ᠢᠯᠭᠠᠯᠲᠠ ᠶᠢᠨ ᠦᠯᠦ ᠬᠠᠯᠳᠠᠭᠠᠬᠤ ᠠᠷᠭ᠎ᠠ ᠵᠡᠷᠭᠡ ᠶᠢ | ᠪᠠᠭᠲᠠᠭᠠᠨ᠎ᠠ᠃ | ︵ᠬᠤᠶᠠᠷ︶ ᠪᠠᠮᠪᠠᠶ ᠪᠤᠯᠴᠢᠷᠬᠠᠶ ᠶᠢᠨ ᠴᠢᠳᠠᠮᠵᠢ ᠶᠢᠨ 9 ᠵᠦᠢᠯ ᠤᠨ ᠪᠠᠶᠢᠴᠠᠭᠠᠯᠲᠠ᠃ ᠭᠤᠷᠪᠠᠨ ᠢᠤᠳ᠋ᠲᠦ | ᠪᠠᠮᠪᠠᠢ ᠠᠲ᠋ᠣᠮ ᠤᠨ ᠰᠢᠪᠲᠦᠷᠲᠦ ᠬᠦᠴᠢᠯ ︵T3︶ ᠤᠨ ᠪᠠᠶᠢᠴᠠᠭᠠᠨ ᠰᠢᠯᠭᠠᠬᠤ ᠤᠷᠪᠠᠯᠵᠢ ᠶᠢᠨ ᠬᠠᠶᠢᠷᠴᠠᠭ᠂ | ᠪᠠᠮᠪᠠᠢ ᠪᠤᠯᠴᠢᠷᠬᠠᠢ ᠶᠢᠨ ᠡᠳ᠋ ︵T4︶ ᠤᠨ ᠪᠠᠶᠢᠴᠠᠭᠠᠨ ᠰᠢᠯᠭᠠᠬᠤ ᠤᠷᠪᠠᠯᠵᠢ ᠶᠢᠨ ᠬᠠᠶᠢᠷᠴᠠᠭ᠂ ᠪᠠᠮᠪᠠᠢ | ᠪᠤᠯᠴᠢᠷᠬᠠᠢ ᠶᠢ ᠠᠬᠢᠭᠤᠯᠬᠤ ᠬᠤᠷᠮᠤᠨ ︵TSH︶ ᠤ ᠪᠠᠶᠢᠴᠠᠭᠠᠨ ᠰᠢᠯᠭᠠᠬᠤ ᠤᠷᠪᠠᠯᠵᠢ ᠶᠢᠨ ᠬᠠᠶᠢᠷᠴᠠᠭ᠂ | ᠴᠢᠯᠦᠭᠡᠲᠦ ᠭᠤᠷᠪᠠᠨ ᠢᠣᠳ᠋ ᠪᠠᠮᠪᠠᠢ ᠠᠲ᠋ᠣᠮ ᠤᠨ ᠰᠢᠪᠲᠦᠷᠲᠦ ᠬᠦᠴᠢᠯ ︵FT3︶ ᠤᠨ ᠪᠠᠶᠢᠴᠠᠭᠠᠨ ᠰᠢᠯᠭᠠᠬᠤ | ᠤᠷᠪᠠᠯᠵᠢ ᠶᠢᠨ ᠬᠠᠶᠢᠷᠴᠠᠭ᠂ ᠴᠢᠯᠦᠭᠡᠲᠦ ᠪᠠᠮᠪᠠᠢ ᠪᠤᠯᠴᠢᠷᠬᠠᠢ ᠶᠢᠨ ᠡᠳ᠋ ︵FT4︶ ᠤᠨ ᠪᠠᠶᠢᠴᠠᠭᠠᠨ ᠰᠢᠯᠭᠠᠬᠤ | ᠤᠷᠪᠠᠯᠵᠢ ᠶᠢᠨ ᠬᠠᠶᠢᠷᠴᠠᠭ᠂ ᠪᠠᠮᠪᠠᠢ ᠪᠤᠯᠴᠢᠷᠬᠠᠢ ᠶᠢᠨ ᠪᠦᠮᠪᠦᠭᠡᠯᠢᠭ ᠤᠭᠤᠷᠠᠭ ︵Tg︶ ᠤᠨ ᠪᠠᠶᠢᠴᠠᠭᠠᠨ | ᠰᠢᠯᠭᠠᠬᠤ ᠤᠷᠪᠠᠯᠵᠢ ᠶᠢᠨ ᠬᠠᠶᠢᠷᠴᠠᠭ ᠂ ᠪᠠᠮᠪᠠᠢ ᠪᠤᠯᠴᠢᠷᠬᠠᠢ ᠶᠢᠨ ᠤᠭᠤᠷᠠᠭ ᠤᠨ ᠳᠠᠭᠠᠭᠠᠭᠴᠢ ︵Anti-Tg ︶ | ᠶᠢᠨ ᠪᠠᠶᠢᠴᠠᠭᠠᠨ ᠰᠢᠯᠭᠠᠬᠤ ᠤᠷᠪᠠᠯᠵᠢ ᠶᠢᠨ ᠬᠠᠶᠢᠷᠴᠠᠭ᠂ ᠪᠠᠮᠪᠠᠢ ᠪᠤᠯᠴᠢᠷᠬᠠᠢ ᠶᠢᠨ ᠬᠡᠳᠦ ᠢᠰᠦᠯ ᠢ ᠡᠰᠡᠷᠭᠦᠴᠡᠬᠦ | ᠳᠠᠭᠠᠭᠠᠭᠴᠢ ︵Anti-TPO ︶ ᠶᠢᠨ ᠪᠠᠶᠢᠴᠠᠭᠠᠨ ᠰᠢᠯᠭᠠᠬᠤ ᠤᠷᠪᠠᠯᠵᠢ ᠶᠢᠨ ᠬᠠᠶᠢᠷᠴᠠᠭ᠂ ᠪᠠᠮᠪᠠᠢ ᠪᠤᠯᠴᠢᠷᠬᠠᠢ ᠶᠢ | ᠠᠬᠢᠭᠤᠯᠬᠤ ᠬᠤᠷᠮᠣᠨ ᠳᠠᠭᠠᠭᠠᠭᠴᠢ ︵Trab ︶ ᠶᠢᠨ ᠪᠠᠶᠢᠴᠠᠭᠠᠨ ᠰᠢᠯᠭᠠᠬᠤ ᠤᠷᠪᠠᠯᠵᠢ ᠶᠢᠨ ᠬᠠᠶᠢᠷᠴᠠᠭ᠃ | ᠪᠠᠮᠪᠠᠢ ᠪᠤᠯᠴᠢᠷᠬᠠᠢ ᠶᠢᠨ ᠴᠢᠳᠠᠮᠵᠢ ᠶᠢ ᠪᠠᠶᠢᠴᠠᠭᠠᠨ ᠰᠢᠯᠭᠠᠬᠤ ᠲᠥᠪᠯᠡᠷᠡᠩᠭᠦᠢ ᠪᠦᠲᠦᠭᠡᠭᠳᠡᠬᠦᠨ ᠤ ᠠᠷᠭ᠎ᠠ ᠳᠤ | ᠬᠢᠮᠢ ᠶᠢᠨ ᠭᠡᠷᠡᠯ ᠡᠭᠦᠰᠬᠡᠬᠦ ᠠᠷᠭ᠎ᠠ ᠪᠣᠯᠤᠨ᠎ᠠ᠃ | ︵ᠭᠤᠷᠪᠠ︶ ᠪᠤᠳᠠᠲᠠᠶ ᠲᠥᠷᠥᠯ ᠵᠦᠢᠯ᠃ ᠮᠡᠳᠡᠭᠦᠯᠦᠯᠲᠡ ᠶᠢᠨ ᠰᠢᠰᠲ᠋ᠧᠮ ᠤᠨ ᠳᠣᠲᠣᠷᠠᠬᠢ ᠲᠤᠭ᠎ᠠ | ᠪᠠᠷᠢᠮᠲᠠ ᠠᠴᠠ ᠨᠠᠷᠢᠨ ᠦᠵᠡ᠃ | ᠬᠤᠶᠠᠷ᠂ ᠲᠠᠭᠯᠠᠨ ᠮᠡᠳᠡᠭᠦᠯᠬᠦ ᠭᠤᠣᠯ ᠴᠣᠭᠴᠠ | ᠠᠯᠪᠠᠨ ᠠᠴᠠ ᠪᠠᠶᠢᠭᠤᠯᠤᠭᠰᠠᠨ ᠪᠤᠶ ᠪᠦᠬᠦᠢ ᠡᠮᠴᠢᠯᠡᠭᠡᠨ ᠤ ᠪᠠᠶᠢᠭᠤᠯᠤᠮᠵᠢ ︵ᠴᠡᠷᠢᠭ ᠠᠩᠭᠢ ᠶᠢᠨ | ᠡᠮᠴᠢᠯᠡᠭᠡᠨ ᠤ ᠪᠠᠶᠢᠭᠤᠯᠤᠮᠵᠢ ᠶᠢ ᠪᠠᠭᠲᠠᠭᠠᠨ᠎ᠠ᠂ ᠳᠣᠷᠣᠭᠰᠢ ᠠᠳᠠᠯᠢ︶ ᠪᠠ ᠡᠮᠴᠢᠯᠡᠭᠡᠨ ᠤ ᠳᠠᠭᠠᠳᠬᠠᠯ ᠤᠨ | ᠲᠣᠭᠲᠠᠭᠰᠠᠨ ᠴᠡᠭ ᠤᠨ ᠨᠡᠶᠢᠭᠡᠮ ᠠᠴᠠ ᠡᠷᠬᠢᠯᠡᠭᠰᠡᠨ ᠡᠮᠴᠢᠯᠡᠭᠡᠨ ᠤ ᠪᠠᠶᠢᠭᠤᠯᠤᠮᠵᠢ ᠶᠢ ᠪᠠᠭᠲᠠᠭᠠᠨ᠎ᠠ᠃ | ᠭᠤᠷᠪᠠ᠂ ᠲᠠᠭᠯᠠᠨ ᠮᠡᠳᠡᠭᠦᠯᠬᠦ ᠠᠭᠤᠯᠭ᠎ᠠ | ︵ᠨᠢᠭᠡ︶ ᠥᠩᠭᠡᠷᠡᠭᠰᠡᠨ ᠤ ᠬᠤᠳᠠᠯᠳᠤᠨ ᠠᠪᠤᠭᠰᠠᠨ ᠲᠤᠭ᠎ᠠ ᠪᠠᠷᠢᠮᠲᠠ᠃ ᠡᠯ᠎ᠡ ᠲᠠᠭᠯᠠᠨ ᠮᠡᠳᠡᠭᠦᠯᠬᠦ ᠨᠢᠭᠡᠴᠢ | ᠲᠣᠰ ᠨᠢᠭᠡᠳᠬᠡᠭᠴᠢ ᠶᠢᠨ ᠢᠶᠠᠨ 2023 ᠣᠨ ᠤ ᠪᠥᠬᠦ ᠵᠢᠯ ᠤᠨ ᠡᠯ᠎ᠡ ᠲᠥᠷᠥᠯ ᠵᠦᠢᠯ ᠤᠨ ᠬᠤᠳᠠᠯᠳᠤᠨ ᠠᠪᠤᠭᠰᠠᠨ | ᠦᠨ᠎ᠡ ︵ᠬᠥᠮᠦᠨ ᠤ ᠲᠤᠭ᠎ᠠ ᠪᠠᠷ ᠲᠠᠭᠯᠠᠨ ᠮᠡᠳᠡᠭᠦᠯᠬᠦ︶᠂ ᠬᠤᠳᠠᠯᠳᠤᠨ ᠠᠪᠤᠭᠰᠠᠨ ᠲᠤᠭ᠎ᠠ ᠬᠡᠮᠵᠢᠶ᠎ᠡ ︵ᠬᠥᠮᠦᠨ ᠤ | ᠲᠤᠭ᠎ᠠ ᠪᠠᠷ ᠲᠠᠭᠯᠠᠨ ᠮᠡᠳᠡᠭᠦᠯᠬᠦ︶ ᠵᠡᠷᠭᠡ ᠮᠡᠳᠡᠭᠡ ᠵᠠᠩᠭᠢ ᠶᠢ ᠲᠠᠭᠯᠠᠨ ᠮᠡᠳᠡᠭᠦᠯᠦᠨ᠎ᠡ᠃ ᠨᠢᠭᠡ ᠬᠡᠪ ᠪᠠᠷᠢᠮᠵᠢᠶ᠎ᠠ | ᠬᠡᠯᠪᠡᠷᠢ ᠶᠠᠩᠵᠤ ᠶᠢᠨ ᠦᠢᠯᠡᠳᠭᠦᠨ ᠨᠢ ᠠᠳᠠᠯᠢ ᠪᠤᠰᠤ ᠬᠤᠳᠠᠯᠳᠤᠨ ᠠᠪᠤᠭᠰᠠᠨ ᠦᠨ᠎ᠡ ᠲᠠᠢ ᠪᠠᠶᠢᠪᠠᠯ᠂ ᠬᠠᠮᠤᠭ ᠤᠨ | ᠳᠣᠣᠷ᠎ᠠ ᠬᠤᠳᠠᠯᠳᠤᠨ ᠠᠪᠤᠭᠰᠠᠨ ᠦᠨ᠎ᠡ ᠶᠢ ᠲᠠᠭᠯᠠᠨ᠎ᠠ᠃ | ︵ᠬᠤᠶᠠᠷ︶ ᠬᠤᠳᠠᠯᠳᠤᠨ ᠠᠪᠬᠤ ᠬᠡᠷᠡᠭᠴᠡᠭᠡ ᠱᠠᠭᠠᠷᠳᠠᠯᠭ᠎ᠠ ᠶᠢᠨ ᠲᠤᠭ᠎ᠠ ᠪᠠᠷᠢᠮᠲᠠ᠃ ᠡᠯ᠎ᠡ ᠲᠠᠭᠯᠠᠨ | ᠮᠡᠳᠡᠭᠦᠯᠦᠭᠰᠡᠨ ᠨᠢᠭᠡᠴᠢ ᠡᠮᠴᠢᠯᠡᠭᠡᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠣᠰ ᠨᠢᠭᠡᠴᠢ ᠶᠢᠨ ᠢᠶᠠᠨ | ᠬᠤᠳᠠᠯᠳᠤᠨ ᠠᠪᠬᠤ ᠦᠶᠡᠯᠡᠯ ᠤᠨ ᠬᠤᠭᠤᠴᠠᠭᠠᠨ ᠳᠣᠲᠣᠷᠠᠬᠢ ᠢᠷᠡᠬᠦ ᠨᠢᠭᠡ ᠵᠢᠯ ᠤᠨ ᠬᠤᠳᠠᠯᠳᠤᠨ ᠠᠪᠬᠤ ᠲᠥᠷᠥᠯ | ᠵᠦᠢᠯ ᠪᠠ ᠬᠤᠳᠠᠯᠳᠤᠨ ᠠᠪᠬᠤ ᠬᠡᠷᠡᠭᠴᠡᠭᠡ ᠱᠠᠭᠠᠷᠳᠠᠯᠭ᠎ᠠ ᠶᠢᠨ ᠲᠤᠭ᠎ᠠ ︵ᠬᠥᠮᠦᠨ ᠤ ᠲᠤᠭ᠎ᠠ ᠪᠠᠷ ᠲᠠᠭᠯᠠᠨ | ᠮᠡᠳᠡᠬᠦᠯᠬᠦ︶ ᠪᠠᠷ ᠲᠠᠭᠯᠠᠨ ᠮᠡᠳᠡᠭᠦᠯᠦᠨ᠎ᠡ᠃ | ᠳᠥᠷᠪᠡ᠂ ᠲᠠᠭᠯᠠᠨ ᠮᠡᠳᠡᠭᠦᠯᠬᠦ ᠠᠷᠭ᠎ᠠ ᠬᠡᠯᠪᠡᠷᠢ | ︵ᠨᠢᠭᠡ︶ ᠲᠣᠰ ᠤᠳᠠᠭᠠᠨ ᠤ ᠲᠤᠭ᠎ᠠ ᠪᠦᠷᠢᠳᠬᠡᠯ ᠤᠨ ᠠᠵᠢᠯ ᠨᠢ ᠠᠨᠾᠦ᠋ᠢ ᠮᠤᠵᠢ ᠶᠢᠨ ᠡᠮᠴᠢᠯᠡᠭᠡᠨ ᠤ | ᠪᠠᠲᠤᠯᠠᠭ᠎ᠠ ᠶᠢᠨ ᠲᠣᠪᠴᠢᠶᠠᠨ ᠤ ᠮᠤᠵᠢ ᠶᠢᠨ ᠬᠤᠭᠤᠷᠤᠨᠳᠤ ᠬᠤᠯᠪᠣᠭᠠᠯᠠᠨ ᠪᠡᠶ᠎ᠡ ᠶᠢᠨ ᠭᠠᠳᠠᠨᠠᠬᠢ ᠣᠨᠣᠰᠢᠯᠠᠯᠲᠠ ᠶᠢᠨ | ᠲᠤᠷᠰᠢᠯᠲᠠ ᠶᠢᠨ ᠡᠮ ᠤᠨ ᠮᠡᠳᠡᠭᠡ ᠵᠠᠩᠭᠢ ᠶᠢᠨ ᠰᠢᠰᠲ᠋ᠧᠮ ︵ᠰᠦᠯᠵᠢᠶᠡᠨ ᠬᠠᠶ᠋ᠢᠭ᠄ http://sjsb.ahyycg. | cn/reporting-quantity ︶ ᠢᠶᠠᠷ ᠳᠠᠮᠵᠢᠭᠤᠯᠤᠨ ᠥᠷᠨᠢᠭᠦᠯᠦᠨ᠎ᠡ ᠂ ᠪᠣᠳᠠᠲᠠᠶ ᠠᠵᠢᠯᠯᠠᠭᠠᠨ ᠤ ᠠᠷᠭ᠎ᠠ ᠶᠢ | ᠠᠵᠢᠯᠯᠠᠭᠠᠨ ᠤ ᠭᠠᠷ ᠳᠡᠪᠲᠡᠷ ︵ᠳᠠᠭᠠᠯᠳᠤᠭᠤᠯᠤᠯ ︶ ᠠᠴᠠ ᠦᠵᠡ ᠃ | ︵ᠬᠤᠶᠠᠷ︶ ᠡᠮᠴᠢᠯᠡᠭᠡᠨ ᠤ ᠪᠠᠶᠢᠭᠤᠯᠤᠮᠵᠢ ᠤᠤᠯ ᠤᠨ ᠠᠨᠾᠦ᠋ᠢ ᠮᠤᠵᠢ ᠶᠢᠨ ᠡᠮᠴᠢᠯᠡᠭᠡᠨ ᠤ ᠪᠠᠲᠤᠯᠠᠭ᠎ᠠ ᠶᠢᠨ | ᠲᠣᠪᠴᠢᠶᠠᠨ ᠤ ᠪᠡᠶ᠎ᠡ ᠶᠢᠨ ᠭᠠᠳᠠᠨᠠᠬᠢ ᠣᠨᠣᠰᠢᠯᠠᠯᠲᠠ ᠶᠢᠨ ᠲᠤᠷᠰᠢᠯᠲᠠ ᠶᠢᠨ ᠡᠮ ᠤᠨ ᠮᠡᠳᠡᠭᠡ ᠵᠠᠩᠭᠢ ᠶᠢᠨ | ᠰᠢᠰᠲ᠋ᠧᠮ ᠤᠨ ᠲᠠᠩᠰᠠᠨ ᠨᠣᠮᠧᠷ ᠢᠶᠠᠷ ᠨᠡᠪᠲᠡᠷᠡᠨ᠎ᠡ᠃ ᠬᠡᠷᠪᠡ ᠡᠮᠴᠢᠯᠡᠭᠡᠨ ᠤ ᠪᠠᠶᠢᠭᠤᠯᠤᠮᠵᠢ ᠨᠢᠭᠤᠴᠠ ᠨᠣᠮᠧᠷ ᠢᠶᠠᠨ | ᠮᠠᠷᠲᠠᠭᠰᠠᠨ ᠪᠠᠶᠢᠪᠠᠯ᠂ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠨᠢᠭᠤᠴᠠ | ᠨᠣᠮᠧᠷ ᠢᠶᠠᠨ ᠳᠠᠬᠢᠨ ᠲᠣᠬᠢᠷᠠᠭᠤᠯᠵᠤ ᠪᠣᠯᠤᠨ᠎ᠠ᠃ | ︵ᠭᠤᠷᠪᠠ︶ ᠰᠢᠨ᠎ᠡ ᠪᠠᠷ ᠨᠡᠮᠡᠭᠳᠡᠭᠰᠡᠨ ᠡᠮᠴᠢᠯᠡᠭᠡᠨ ᠤ ᠪᠠᠶᠢᠭᠤᠯᠤᠮᠵᠢ ᠶᠢ ᠠᠶᠢᠮᠠᠭ ᠬᠤᠲᠠ ᠶᠢᠨ ᠡᠮᠴᠢᠯᠡᠭᠡᠨ ᠤ | ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠬᠤᠷᠢᠶᠠᠩᠭᠤᠶᠢᠯᠠᠭᠰᠠᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠤ ᠡᠮ | ᠡᠮᠨᠡᠯᠭᠡ ᠬᠤᠳᠠᠯᠳᠤᠨ ᠠᠪᠬᠤ ᠲᠥᠪ ᠲᠤ ᠮᠡᠳᠡᠭᠦᠯᠦᠨ ᠬᠦᠷᠭᠡᠵᠦ ᠨᠢᠭᠡᠳᠦᠯᠲᠡᠶ ᠰᠢᠨ᠎ᠡ ᠪᠠᠷ ᠨᠡᠮᠡᠭᠦᠯᠦᠨᠡ᠃ | ᠲᠠᠪᠤ᠂ ᠲᠠᠭᠯᠠᠨ ᠮᠡᠳᠡᠭᠦᠯᠬᠦ ᠴᠠᠭ | ︵ᠨᠢᠭᠡ︶ ᠡᠮᠴᠢᠯᠡᠭᠡᠨ ᠤ ᠪᠠᠶᠢᠭᠤᠯᠤᠮᠵᠢ ᠶᠢᠨ ᠲᠠᠭᠯᠠᠨ ᠮᠡᠳᠡᠭᠦᠯᠬᠦ ᠴᠠᠭ᠄ 2024 ᠣᠨ ᠤ 12 ᠳ᠋ᠤᠭᠠᠷ | ᠰᠠᠷ᠎ᠠ ᠶᠢᠨ 4 ᠤ ᠡᠳᠦᠷ ᠠᠴᠠ 11 ᠤ ᠡᠳᠦᠷ ᠪᠣᠯᠲᠠᠯ᠎ᠠ᠃ | ︵ᠬᠤᠶᠠᠷ︶ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠬᠢᠨᠠᠨ | ᠬᠠᠷᠭᠤᠭᠤᠯᠬᠤ ᠴᠠᠭ᠄ 2024 ᠣᠨ ᠤ 12 ᠳ᠋ᠤᠭᠠᠷ ᠰᠠᠷ᠎ᠠ ᠶᠢᠨ 4 ᠤ ᠡᠳᠦᠷ ᠠᠴᠠ 11 ᠤ ᠡᠳᠦᠷ ᠪᠣᠯᠲᠠᠯ᠎ᠠ᠃ | ᠵᠢᠷᠭᠤᠭ᠎ᠠ᠂ ᠠᠵᠢᠯ ᠤᠨ ᠱᠠᠭᠠᠷᠳᠠᠯᠭ᠎ᠠ | ︵ᠨᠢᠭᠡ︶ ᠡᠯ᠎ᠡ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠬᠠᠷᠢᠶᠠᠲᠤ | ᠣᠷᠣᠨ ᠤ ᠬᠠᠮᠢᠶ᠎ᠠ ᠪᠥᠬᠦᠶ ᠡᠮᠴᠢᠯᠡᠭᠡᠨ ᠤ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠲᠤᠭ᠎ᠠ ᠪᠠᠷᠢᠮᠲᠠ ᠶᠢ ᠲᠠᠭᠯᠠᠨ | ᠮᠡᠳᠡᠭᠦᠯᠬᠦ ᠠᠵᠢᠯ ᠢ ᠬᠢᠨᠠᠮᠠᠭᠠᠶ ᠰᠠᠶᠢᠲᠤᠷ ᠬᠢᠵᠦ᠂ ᠬᠠᠷᠢᠶ᠎ᠠ ᠣᠷᠣᠨ ᠤ ᠳᠣᠲᠣᠷᠠᠬᠢ ᠡᠮᠴᠢᠯᠡᠭᠡᠨ ᠤ ᠪᠠᠶᠢᠭᠤᠯᠤᠮᠵᠢ ᠶᠢᠨ | ᠲᠠᠭᠯᠠᠨ ᠮᠡᠳᠡᠭᠦᠯᠦᠭᠰᠡᠨ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ ᠡᠷᠴᠢᠮ ᠢᠶᠠᠨ ᠴᠢᠩᠭᠠᠷᠠᠭᠤᠯᠤᠨ᠂ ᠲᠤᠭ᠎ᠠ | ᠪᠠᠷᠢᠮᠲᠠ ᠶᠢ ᠲᠠᠭᠯᠠᠨ ᠮᠡᠳᠡᠭᠦᠯᠬᠦ ᠶᠠᠰᠤ ᠴᠢᠨᠠᠷ ᠤᠨ ᠪᠣᠭᠤᠮᠲᠠ ᠶᠢ ᠰᠠᠶᠢᠲᠤᠷ ᠠᠳᠬᠤᠬᠤ ᠬᠡᠷᠡᠭᠲᠡᠶ᠃ | ︵ᠬᠤᠶᠠᠷ︶ ᠬᠠᠮᠢᠶ᠎ᠠ ᠪᠦᠬᠦᠢ ᠡᠮᠴᠢᠯᠡᠭᠡᠨ ᠤ ᠪᠠᠶᠢᠭᠤᠯᠤᠮᠵᠢ ᠨᠤᠭᠤᠳ ᠠᠵᠢᠯ ᠢ ᠰᠠᠶᠢᠨ ᠣᠶᠢᠯᠠᠭᠠᠬᠤ | ᠲᠤᠰᠬᠠᠶ ᠬᠥᠮᠦᠨ ᠢᠶᠠᠷ ᠬᠠᠷᠢᠭᠤᠴᠠᠭᠤᠯᠵᠤ᠂ ᠱᠠᠭᠠᠷᠳᠠᠯᠭ᠎ᠠ ᠶᠣᠰᠣᠭᠠᠷ ᠬᠤᠳᠠᠯᠳᠤᠨ ᠠᠪᠬᠤ ᠬᠡᠷᠡᠭᠴᠡᠭᠡ | ᠱᠠᠭᠠᠷᠳᠠᠯᠭ᠎ᠠ ᠶᠢᠨ ᠲᠤᠭ᠎ᠠ ᠪᠠᠷᠢᠮᠲᠠ ᠶᠢ ᠲᠠᠭᠯᠠᠨ ᠮᠡᠳᠡᠭᠦᠯᠵᠦ᠂ ᠲᠠᠭᠯᠠᠨ ᠮᠡᠳᠡᠭᠦᠯᠦᠭᠰᠡᠨ ᠲᠤᠭ᠎ᠠ ᠪᠠᠷᠢᠮᠲᠠ ᠶᠢᠨ | ᠦᠨᠡᠨ ᠪᠣᠳᠠᠲᠠᠶ᠂ ᠣᠨᠣᠪᠴᠢᠲᠠᠶ᠂ ᠬᠦᠴᠦᠨ ᠵᠦᠢᠯ ᠪᠦᠷᠢᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠯ᠎ᠡ | ᠡᠮᠴᠢᠯᠡᠭᠡᠨ ᠤ ᠪᠠᠶᠢᠭᠤᠯᠤᠮᠵᠢ ᠨᠤᠭᠤᠳ ᠲᠤᠭ᠎ᠠ ᠪᠠᠷᠢᠮᠲᠠ ᠪᠠᠨ ᠲᠤᠰᠢᠶᠠᠬᠤ ᠳᠤ᠂ ᠡᠷᠬᠡᠪᠰᠢ ᠲᠤᠰ ᠨᠢᠭᠡᠴᠢ ᠶᠢᠨ ᠢᠶᠠᠨ | ᠭᠤᠣᠯ ᠬᠠᠷᠢᠭᠤᠴᠠᠯᠭᠠᠲᠠᠳ ᠤᠨ ᠭᠠᠷ ᠤᠨ ᠦᠰᠦᠭ ᠵᠢᠷᠤᠵᠤ ᠨᠤᠲᠠᠯᠠᠭᠤᠯᠤᠭᠰᠠᠨ ᠲᠠᠮᠠᠭ᠎ᠠ ᠳᠠᠷᠤᠭᠰᠠᠨ | ᠮᠠᠲ᠋ᠧᠷᠢᠶᠠᠯ ᠢᠶᠠᠨ ᠳᠡᠭᠡᠭᠰᠢ ᠳᠠᠮᠵᠢᠭᠤᠯᠬᠤ ᠬᠡᠷᠡᠭᠲᠡᠶ᠃ | ︵ᠭᠤᠷᠪᠠ︶ ᠬᠠᠮᠢᠶ᠎ᠠ ᠪᠦᠬᠦᠢ ᠡᠮᠴᠢᠯᠡᠭᠡᠨ ᠤ ᠪᠠᠶᠢᠭᠤᠯᠤᠮᠵᠢ ᠨᠤᠭᠤᠳ ᠨᠢᠭᠤᠴᠠ ᠨᠣᠮᠧᠷ ᠪᠠ ᠲᠠᠩᠰᠠᠨ | ᠨᠣᠮᠧᠷ ᠤᠨ ᠬᠠᠮᠢᠶᠠᠷᠤᠯᠲᠠ ᠪᠠᠨ ᠴᠢᠩᠭᠠᠳᠬᠠᠵᠤ᠂ ᠪᠤᠰᠤᠳ ᠬᠥᠮᠦᠨ ᠤ ᠡᠮᠴᠢᠯᠡᠭᠡᠨ ᠤ ᠪᠠᠶᠢᠭᠤᠯᠤᠮᠵᠢ ᠶᠢᠨ ᠲᠠᠩᠰᠠᠨ | ᠨᠣᠮᠧᠷ ᠢ ᠠᠰᠢᠭᠯᠠᠨ ᠬᠤᠳᠠᠯ ᠢᠶᠠᠷ ᠮᠡᠳᠡᠭᠦᠯᠬᠦ᠂ ᠪᠤᠷᠤᠭᠤ ᠮᠡᠳᠡᠭᠦᠯᠬᠦ᠂ ᠥᠭᠡᠷᠡᠴᠢᠯᠡᠨ ᠮᠡᠳᠡᠭᠦᠯᠬᠦ ᠵᠡᠷᠭᠡ | ᠠᠰᠠᠭᠤᠳᠠᠯ ᠢ ᠡᠷᠡᠰ ᠬᠤᠷᠢᠭᠯᠠᠵᠤ᠂ ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ ᠢ ᠦᠨᠡᠨ ᠬᠦ ᠪᠠᠲᠤᠯᠠᠬᠤ | ᠬᠡᠷᠡᠭᠲᠡᠶ᠃ | ︵ᠲᠦᠷᠪᠡ︶ ᠮᠡᠳᠡᠭᠦᠯᠬᠦ ᠴᠠᠭ ᠢ ᠵᠢᠷᠤᠮᠯᠠᠨ᠂ ᠲᠠᠭᠯᠠᠨ ᠮᠡᠳᠡᠭᠦᠯᠬᠦ ᠰᠢᠰᠲ᠋ᠧᠮ ᠢ ᠬᠠᠭᠠᠭᠰᠠᠨ ᠤ ᠳᠠᠷᠠᠭ᠎ᠠ᠂ | ᠵᠠᠷᠴᠢᠮ ᠳᠡᠭᠡᠷ᠎ᠡ ᠪᠠᠨ ᠲᠠᠭᠯᠠᠨ ᠮᠡᠳᠡᠭᠦᠯᠦᠭᠰᠡᠨ ᠲᠤᠭ᠎ᠠ ᠪᠠᠷᠢᠮᠲᠠ ᠶᠢᠨ ᠬᠤᠪᠢᠷᠠᠯᠲᠠ ᠶᠢ ᠬᠦᠯᠢᠶᠡᠨ ᠠᠪᠬᠤ ᠦᠭᠡᠢ᠃ | ᠠᠰᠠᠭᠤᠨ ᠯᠠᠪᠯᠠᠬᠤ ᠤᠲᠠᠰᠤ᠄ 0471 - 4907213 | ᠳᠠᠭᠠᠯᠳᠤᠭᠤᠯᠤᠯ᠄ ᠠᠵᠢᠯᠯᠠᠭᠠᠨ ᠤ ᠭᠠᠷ ᠳᠡᠪᠲᠡᠷ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠡᠮ ᠡᠮᠨᠡᠯᠭᠡ ᠬᠤᠳᠠᠯᠳᠤᠨ ᠠᠪᠬᠤ ᠲᠥᠪ | 2024 ᠣᠨ ᠤ 12 ᠳ᠋ᠤᠭᠠᠷ ᠰᠠᠷ᠎ᠠ ᠶᠢᠨ 4 ᠤ ᠡᠳᠦᠷ | | ᠳᠠᠭᠠᠯᠳᠤᠭᠤᠯᠤᠯ᠄ ᠠᠵᠢᠯᠯᠠᠭᠠᠨ ᠤ ᠭᠠᠷ ᠳᠡᠪᠲᠡᠷ.docx | | |