ᠠᠷᠠᠳ ᠤᠨ ᠡᠵᠡᠩᠨᠡᠭᠰᠡᠨ ᠡᠮᠨᠡᠯᠭᠡ ᠶᠢᠨ ᠬᠠᠤᠯᠢ ᠶᠣᠰᠣ ᠪᠠᠷ ᠠᠵᠢᠯ ᠡᠷᠭᠢᠯᠡᠬᠦ᠂ ᠠᠮᠤᠷ ᠲᠦᠪᠰᠢᠨ ᠢᠶᠠᠷ | ᠠᠵᠢᠯᠯᠠᠬᠤ ᠶᠢ ᠠᠬᠢᠭᠤᠯᠵᠤ᠂ ᠬᠥᠭᠵᠢᠯᠲᠡ ᠶᠢ ᠵᠢᠷᠤᠮᠵᠢᠭᠤᠯᠬᠤ ᠶᠢᠨ ᠲᠥᠯᠥᠭᠡ ᠂ ᠣᠷᠳᠣᠰ ᠬᠤᠲᠠ ᠶᠢᠨ ᠳ᠋ᠦᠩᠱᠧᠩ | ᠲᠣᠭᠤᠷᠢᠭ ︽ᠭᠤᠣᠯᠳᠠᠯᠭ᠎ᠠ ᠶᠢ ᠳᠣᠪᠤᠶᠢᠯᠭᠠᠬᠤ᠂ ᠵᠠᠯᠬᠠᠭᠠᠵᠤ ᠰᠡᠷᠭᠡᠶᠢᠯᠡᠬᠦ ᠶᠢ ᠵᠡᠷᠭᠡ ᠪᠠᠷ ᠠᠳᠬᠤᠬᠤ︾ ᠠᠵᠢᠯ ᠤᠨ | ᠰᠡᠳᠬᠢᠴᠡ ᠪᠠᠷ ᠂ ︽ᠠᠷᠪᠠᠨ ᠵᠦᠢᠯ ᠤᠨ ᠲᠤᠰᠬᠠᠢ ᠠᠵᠢᠯᠯᠠᠭ᠎ᠠ ᠶᠢᠨ ᠭᠤᠣᠯᠳᠠᠯᠭ᠎ᠠ ᠲᠠᠢ ᠡᠭᠦᠷᠭᠡ︾ ᠶᠢᠨ | ᠲᠣᠭᠤᠷᠢᠨ ᠳᠤ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠠᠰᠠᠭᠤᠳᠠᠯ ᠢᠶᠠᠷ | ᠤᠳᠤᠷᠢᠳᠤᠭᠤᠯᠬᠤ ᠶᠢ ᠲᠣᠪᠤᠶᠢᠯᠭᠠᠨ᠂ ᠦᠷ᠎ᠡ ᠳ᠋ᠦᠩ ᠤᠨ ᠬᠡᠷᠡᠭᠯᠡᠯᠲᠡ ᠶᠢ ᠴᠢᠬᠤᠯᠠᠴᠢᠯᠠᠵᠤ᠂ ᠥᠩᠭᠡᠨ ᠲᠠᠯ᠎ᠠ ᠪᠠ | ᠦᠨᠳᠦᠰᠦ ᠠᠴᠠ ᠨᠢ ᠵᠠᠰᠠᠬᠤ ᠶᠢ ᠪᠠᠷᠢᠮᠲᠠᠯᠠᠨ᠂ ᠬᠠᠷᠢᠶᠠᠲᠤ ᠣᠷᠣᠨ ᠤ ᠠᠷᠠᠳ ᠤᠨ ᠡᠵᠡᠩᠨᠡᠭᠰᠡᠨ ᠡᠮᠴᠢᠯᠡᠭᠡᠨ ᠤ | ᠪᠠᠶᠢᠭᠤᠯᠤᠮᠵᠢ ᠳᠤ ᠬᠠᠤᠯᠢ ᠲᠣᠭᠲᠠᠭᠠᠯ ᠢ ᠵᠢᠷᠤᠮᠯᠠᠵᠤ ᠂ ᠠᠮᠤᠷ ᠲᠦᠪᠰᠢᠨ ᠢᠶᠠᠷ ᠠᠵᠢᠯᠯᠠᠬᠤ ᠠᠵᠢᠯ ᠤᠨ ᠵᠠᠭᠪᠤᠷ ᠢ | ᠪᠣᠶ ᠪᠣᠯᠭᠠᠪᠠ ᠃ | ᠣᠶᠢᠷ᠎ᠠ ᠳᠤ᠂ ᠣᠷᠳᠣᠰ ᠬᠤᠲᠠ ᠶᠢᠨ ᠳ᠋ᠦᠩᠱᠧᠩ ᠲᠣᠭᠤᠷᠢᠭ ᠬᠠᠷᠢᠶᠠᠲᠤ ᠣᠷᠣᠨ ᠤ ᠪᠠᠨ ᠠᠷᠠᠳ ᠤᠨ | ᠡᠵᠡᠩᠨᠡᠭᠰᠡᠨ ᠡᠮᠴᠢᠯᠡᠭᠡᠨ ᠤ ᠪᠠᠶᠢᠭᠤᠯᠤᠮᠵᠢ ᠨᠤᠭᠤᠳ ᠤᠨ ᠠᠵᠢᠯ ᠡᠷᠭᠢᠯᠡᠬᠦ ᠠᠵᠢᠯᠯᠠᠭ᠎ᠠ ᠶᠢ ᠲᠤᠰᠬᠠᠢ ᠬᠢᠨᠠᠨ | ᠪᠠᠶᠢᠴᠠᠭᠠᠪᠠ ᠃ ᠣᠳᠣᠬᠠᠨ ᠳᠤ᠂ ᠨᠡᠶᠢᠲᠡ 573 ᠡᠮᠴᠢᠯᠡᠭᠡᠨ ᠤ ᠪᠠᠶᠢᠭᠤᠯᠤᠮᠵᠢ ︵ᠬᠤᠶᠠᠳᠤᠭᠠᠷ ᠳᠡᠰ ᠠᠴᠠ | ᠳᠡᠭᠡᠭᠰᠢᠬᠢ ᠡᠮᠴᠢᠯᠡᠭᠡᠨ ᠤ ᠪᠠᠶᠢᠭᠤᠯᠤᠮᠵᠢ 24 ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ 569︶ | ᠶᠢ ᠪᠠᠶᠢᠴᠠᠭᠠᠵᠤ᠂ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠠᠵᠢᠯᠲᠠᠨ ᠢ 720 ᠬᠥᠮᠥᠨ ᠤᠳᠠᠭ᠎ᠠ ᠬᠥᠳᠡᠯᠭᠡᠵᠦ᠂ | ᠡᠪᠡᠳᠴᠢᠨ ᠤ ᠵᠢᠱᠢᠶ᠎ᠡ᠂ ᠵᠣᠷ ᠢ ᠲᠠᠰᠢᠷᠠᠮ ᠢᠶᠠᠷ 180 ᠬᠤᠪᠢ ᠰᠣᠩᠭᠤᠨ ᠠᠪᠴᠤ᠂ ᠬᠤᠳᠠᠯ ᠢᠶᠠᠷ ᠣᠨᠣᠰᠢᠯᠠᠬᠤ᠂ | ᠮᠡᠬᠡᠯᠡᠬᠦ᠂ ᠡᠪᠡᠳᠴᠢᠲᠡᠨ ᠢ ᠠᠯᠪᠠᠳᠠᠵᠤ ᠡᠮᠴᠢᠯᠡᠭᠦᠯᠬᠦ ᠪᠠ ᠬᠤᠳᠠᠯᠳᠤᠨ ᠠᠪᠤᠭᠤᠯᠬᠤ ᠵᠡᠷᠭᠡ ᠠᠵᠢᠯᠯᠠᠭ᠎ᠠ ᠶᠢ ᠣᠯᠵᠤ | ᠢᠯᠡᠷᠡᠭᠦᠯᠦᠭᠰᠡᠨ ᠦᠭᠡᠢ︔ 80 ᠭᠠᠷᠤᠢ ᠡᠮᠴᠢᠯᠡᠭᠡᠨ ᠤ ᠠᠵᠢᠯᠲᠠᠨ ᠢ ᠰᠣᠩᠭᠤᠨ ᠪᠠᠶᠢᠴᠠᠭᠠᠵᠤ᠂ | ᠳᠠᠩᠰᠠᠯᠠᠭᠤᠯᠤᠭᠰᠠᠨ ᠦᠭᠡᠢ ᠪᠠᠷ ᠣᠨᠣᠰᠢᠯᠠᠨ ᠡᠮᠴᠢᠯᠡᠬᠦ ᠠᠵᠢᠯᠯᠠᠭ᠎ᠠ ᠥᠷᠨᠢᠭᠦᠯᠦᠭᠰᠡᠨ ᠵᠡᠷᠭᠡ ᠦᠶᠯᠡ ᠠᠵᠢᠯᠯᠠᠭ᠎ᠠ ᠶᠢ | ᠣᠯᠵᠤ ᠢᠯᠡᠷᠡᠭᠦᠯᠦᠭᠰᠡᠨ ᠦᠭᠡᠢ︔ ᠣᠶᠣᠨ ᠤ ᠡᠮ ᠮᠢᠨᠴᠦᠭᠦᠷᠡᠭᠦᠯᠬᠦ ᠡᠮ ᠬᠡᠷᠡᠭᠯᠡᠳᠡᠭ 15 ᠡᠮᠴᠢᠯᠡᠭᠡᠨ ᠤ | ᠪᠠᠶᠢᠭᠤᠯᠤᠮᠵᠢ ᠶᠢ ᠬᠢᠨᠠᠨ ᠪᠠᠶᠢᠴᠠᠭᠠᠵᠤ ᠂ ᠡᠭᠦᠨ ᠳᠤ ᠬᠤᠶᠠᠳᠤᠭᠠᠷ ᠳᠡᠰ ᠠᠴᠠ ᠳᠡᠭᠡᠭᠰᠢᠬᠢ ᠠᠯᠪᠠᠨ ᠤ | ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ 5᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ 10 | ᠪᠠᠶᠢᠵᠤ᠂ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠠᠵᠢᠯᠲᠠᠨ ᠢ ᠨᠡᠶᠢᠲᠡ 108 ᠬᠥᠮᠥᠨ | ᠤᠳᠠᠭ᠎ᠠ ᠬᠥᠳᠡᠯᠭᠡᠪᠡ᠃ ᠪᠠᠶᠢᠴᠠᠭᠠᠯᠲᠠ ᠳᠤᠮᠳᠠ ᠢᠯᠡᠷᠡᠭᠦᠯᠦᠭᠰᠡᠨ ᠠᠰᠠᠭᠤᠳᠠᠯ ᠪᠥᠬᠦᠨ ᠳᠤ ᠡᠷᠡᠭᠦᠯ ᠬᠠᠮᠠᠭᠠᠯᠠᠯ ᠤᠨ | ᠬᠢᠨᠠᠯᠲᠠ ᠲᠠᠯᠪᠢᠭᠰᠠᠨ ᠰᠠᠨᠠᠯ ᠤᠨ ᠪᠢᠴᠢᠭ ᠪᠠᠭᠤᠯᠭᠠᠵᠤ᠂ ᠲᠣᠭᠲᠠᠭᠰᠠᠨ ᠬᠤᠭᠤᠴᠠᠭᠠᠨ ᠳᠤ ᠴᠡᠭᠴᠡᠯᠡᠨ | ᠵᠠᠰᠠᠭᠤᠯᠬᠤ ᠪᠠᠷ ᠵᠠᠷᠯᠢᠭᠳᠠᠵᠠᠢ᠃ | |