2024 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2024/2/6
            ᠵᠠᠰᠠᠭ ᠤᠨ ᠣᠷᠳᠣᠨ ᠤ ᠠᠵᠢᠯ ᠤᠨ ᠢᠯᠡᠳᠬᠡᠯ  – 2024 ᠣᠨ ᠤ 1 ᠳ᠋ᠦ᠋ᠭᠡᠷ ᠰᠠᠷ᠎ᠠ ᠶᠢᠨ 30 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠳᠡᠭᠡᠷ᠎ᠡ    ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ  
6384281200935680004255608.jpg
 ᠲᠥᠯᠥᠭᠡᠯᠡᠭᠴᠢᠳ ᠠ᠋᠄  ᠤᠳᠤ ᠂ ᠪᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ ᠂ ᠬᠢᠨᠠᠨ ᠵᠥᠪᠯᠡᠬᠦ ᠪᠣᠯᠪᠠᠤ ᠂ ᠲᠡᠷᠡᠴᠢᠯᠡᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠪᠤᠰᠤᠳ ᠰᠤᠯᠠ ᠤᠷᠤᠯᠴᠬᠠᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ ᠃ ᠨᠢᠭᠡ ᠂ ᠥᠩᠭᠡᠷᠡᠭᠰᠡᠨ ᠨᠢᠭᠡ ᠵᠢᠯ ᠤᠨ ᠠᠵᠢᠯ ᠤᠨ ᠡᠷᠭᠢᠴᠡᠭᠦᠯᠦᠯ  2023 ᠣᠨ ᠪᠣᠯ ᠥᠪᠥᠷ ᠮᠣᠩᠭᠤᠯ ᠤᠨ ᠬᠥᠭᠵᠢᠯᠲᠡ ᠶᠢᠨ ᠲᠡᠦᠬᠡᠨ ᠳᠠᠬᠢ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠨᠢᠭᠡ ᠵᠢᠯ ᠪᠣᠯᠣᠨ᠎ᠠ ᠃ ᠶᠡᠷᠦᠩᠬᠡᠢ ᠱᠦᠵᠢ ᠰᠢ ᠶᠢᠨ ᠫᠢᠩ ᠮᠠᠨ ᠤ ᠣᠷᠣᠨ ᠳᠤ ᠳᠠᠬᠢᠨᠲᠠ ᠮᠣᠷᠢᠯᠠᠨ ᠰᠠᠭᠠᠲᠠᠵᠤ ᠰᠢᠨᠵᠢᠯᠡᠨ ᠪᠠᠶᠢᠴᠠᠭᠠᠭᠰᠠᠨ ᠨᠢ ᠪᠢᠳᠡᠨ ᠳᠤ ᠯᠤᠲᠤ ᠶᠡᠭᠡ ᠤᠯᠤᠰ ᠲᠦᠷᠦ ᠶᠢᠨ ᠬᠠᠯᠠᠮᠵᠢᠯᠠᠯ ᠪᠠ ᠡᠷᠬᠢᠮ ᠨᠠᠨᠳᠢᠨ ᠬᠥᠭᠵᠢᠯᠲᠡ ᠶᠢᠨ ᠠᠵᠠ ᠲᠤᠬᠢᠶᠠᠯ ᠢ ᠠᠪᠴᠢᠷᠠᠪᠠ ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠦᠭᠰᠡᠨ ᠨᠢ ᠪᠢᠳᠡᠨ ᠤ ᠲᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠠᠤᠭ᠎ᠠ ᠶᠡᠭᠡ ᠬᠦᠴᠦᠨ ᠴᠢᠳᠠᠯ ᠢ ᠬᠤᠷᠠᠮᠳᠤᠭᠤᠯᠪᠠ ᠃ ᠲᠦᠷᠦ ᠶᠢᠨ ᠶᠠᠪᠤᠳᠠᠯ ᠤᠨ ᠬᠤᠷᠢᠶ᠎ᠠ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠰᠠᠨᠠᠯ ᠢ ᠨᠡᠶᠢᠲᠡᠯᠡᠭᠰᠡᠨ ᠨᠢ ᠪᠢᠳᠡᠨ ᠤ ᠲᠠᠪᠤᠨ ᠶᠡᠭᠡ ᠡᠭᠦᠷᠭᠡ ᠶᠢ ᠨᠡᠩ ᠰᠠᠶᠢᠲᠤᠷ ᠪᠡᠶᠡᠯᠡᠭᠦᠯᠬᠦ ᠳᠤ ᠬᠦᠴᠦᠲᠡᠢ ᠬᠥᠳᠡᠯᠭᠡᠭᠴᠢ ᠬᠦᠴᠦᠨ ᠬᠠᠩᠭᠠᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ ᠶᠡᠷᠦᠩᠬᠡᠶᠢᠯᠡᠨ ᠵᠠᠬᠢᠷᠬᠤ ᠴᠢᠨᠠᠷᠲᠠᠢ ᠱᠠᠭᠠᠷᠳᠠᠯᠭ᠎ᠠ ᠪᠠ ᠰᠢᠨ᠎ᠡ ᠵᠠᠮ ᠢ ᠨᠡᠭᠡᠭᠡᠵᠦ ᠂ ᠳᠤᠮᠳᠠ ᠲᠦᠪᠰᠢᠨ ᠳᠤ ᠣᠷᠣᠬᠤ ᠲᠡᠮᠡᠴᠡᠯ ᠤᠨ ᠬᠠᠷᠠᠯᠲᠠ ᠶᠢ ᠳᠤᠷᠠᠳᠴᠤ ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠰᠡᠳᠬᠢᠯ ᠵᠢᠷᠦᠬᠡᠨ ᠠᠴᠠ ᠪᠠᠨ ᠨᠠᠮ ᠤᠨ ᠠᠴᠢ ᠳᠤ ᠲᠠᠯᠠᠷᠬᠠᠵᠤ ᠨᠠᠮ ᠤᠨ ᠦᠭᠡ ᠶᠢ ᠰᠣᠨᠣᠰᠤᠨ ᠂ ᠶᠡᠷᠦᠩᠬᠡᠢ ᠱᠦᠵᠢ ᠰᠢ ᠶᠢᠨ ᠫᠢᠩ ᠢ ᠲᠠᠭᠠᠵᠦ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠵᠤ ᠂ ᠣᠷᠣᠨ ᠳᠠᠶᠠᠭᠠᠷ ᠢᠶᠠᠨ ᠶᠡᠷᠦᠩᠬᠡᠢ ᠬᠡᠮᠵᠢᠶ᠎ᠡ ᠪᠠᠨ ᠪᠤᠵᠠᠭᠠᠶᠢᠷᠠᠭᠤᠯᠬᠤ ᠪᠠ ᠪᠠᠶᠢᠷᠢ ᠳᠡᠭᠡᠭᠰᠢᠯᠡᠭᠦᠯᠦᠨ ᠲᠡᠰ ᠳᠡᠪᠰᠢᠭᠦᠯᠬᠦ ᠡᠷᠡᠯᠬᠡᠭ ᠵᠣᠷᠢᠭ ᠠᠤᠭ᠎ᠠ ᠬᠦᠰᠡᠯ ᠢ ᠪᠣᠢ ᠪᠤᠯᠭᠠᠵᠦ ᠂ ᠬᠥᠭᠵᠢᠯᠲᠡ ᠪᠠᠨ ᠲᠦᠷᠭᠡᠳᠬᠡᠬᠦ ᠂ ᠬᠥᠭᠵᠢᠯᠲᠡ ᠶᠢ ᠶᠡᠭᠡ ᠪᠠᠷ ᠠᠳᠬᠤᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠨᠢᠭᠲᠠᠷᠠᠭᠤᠯᠪᠠ ᠃  ᠨᠢᠭᠡ ᠵᠢᠯ ᠤᠨ ᠲᠤᠷᠰᠢ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠂ ᠪᠦᠭᠦ ᠵᠢᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠᠲᠠᠢ ᠪᠡᠶᠡᠯᠡᠭᠦᠯᠵᠦ ᠂ ᠬᠢᠯᠪᠠᠷ ᠪᠤᠰᠤ ᠠᠮᠵᠢᠯᠲᠠ ᠪᠦᠳᠦᠮᠵᠢ ᠶᠢᠨ ᠬᠠᠭᠤᠳᠠᠰᠤ ᠲᠤᠰᠢᠶᠠᠭᠰᠠᠨ ᠪᠠᠶᠢᠨ᠎ᠠ ᠃  – ᠠᠵᠤ ᠠᠬᠤᠢ ᠶᠢᠨ ᠭᠤᠣᠯ ᠭᠦᠢᠴᠡᠳᠬᠡᠯ ᠲᠣᠭᠠᠨ ᠤ ᠨᠡᠮᠡᠭᠳᠡᠯ ᠤᠨ ᠬᠤᠷᠳᠤᠴᠠ ᠪᠦᠭᠦ ᠤᠯᠤᠰ ᠤᠨ ᠲᠡᠷᠢᠭᠦᠨ ᠡᠩᠨᠡᠭᠡᠨ ᠳᠤ ᠪᠠᠶᠢᠷᠢᠰᠢᠪᠠ ᠃ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ 7.3% ᠨᠡᠮᠡᠭᠳᠡᠨ ᠂ ᠪᠦᠭᠦ ᠤᠯᠤᠰ ᠤᠨ ᠭᠤᠷᠪᠠᠳᠤᠭᠠᠷ ᠲᠤ ᠪᠠᠶᠢᠷᠢᠰᠢᠵᠤ ᠂ 2010 ᠣᠨ ᠠᠴᠠ ᠨᠠᠭᠠᠰᠢᠬᠢ ᠬᠠᠮᠤᠭ ᠤᠨ ᠰᠠᠶᠢᠨ ᠪᠠᠶᠢᠷᠢ ᠳᠤ ᠲᠣᠳᠣᠷᠠᠨ ᠂ ᠬᠥᠮᠥᠨ ᠳᠤᠮᠳᠠᠴᠢ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ 10 ᠲᠦᠮᠡᠨ ᠲᠥᠭᠦᠷᠢᠭ ᠢ ᠳᠠᠪᠠᠪᠠ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ 7.4% ᠨᠡᠮᠡᠭᠳᠡᠵᠦ ᠂ ᠪᠦᠭᠦ ᠤᠯᠤᠰ ᠤᠨ ᠳᠣᠯᠣᠳᠤᠭᠠᠷ ᠲᠤ ᠪᠠᠶᠢᠷᠢᠰᠢᠪᠠ︔ ᠲᠣᠭᠲᠠᠮᠠᠯ ᠬᠥᠷᠥᠩᠭᠡ ᠶᠢᠨ ᠪᠡᠯᠡ ᠤᠷᠤᠭᠤᠯᠤᠯᠲᠠ 19.8% ᠨᠡᠮᠡᠭᠳᠡᠵᠦ ᠂ ᠪᠦᠭᠦ ᠤᠯᠤᠰ ᠤᠨ ᠬᠤᠶᠠᠳᠤᠭᠠᠷ ᠲᠤ ᠪᠠᠶᠢᠷᠢᠰᠢᠪᠠ︔ ᠭᠠᠳᠠᠭᠠᠳᠤ ᠠᠷᠠᠯᠵᠢᠶᠠᠨ ᠤ ᠣᠷᠣᠭᠤᠯᠵᠤ ᠭᠠᠷᠭᠠᠭᠰᠠᠨ ᠶᠡᠷᠦᠩᠬᠡᠢ ᠲᠤᠭ᠎ᠠ 30.4% ᠨᠡᠮᠡᠭᠳᠡᠵᠦ ᠂ ᠪᠦᠭᠦ ᠤᠯᠤᠰ ᠤᠨ ᠭᠤᠷᠪᠠᠳᠤᠭᠠᠷ ᠲᠤ ᠪᠠᠶᠢᠷᠢᠰᠢᠪᠠ ᠃ ᠡᠨᠡ ᠨᠢ ᠥᠪᠥᠷ ᠮᠣᠩᠭᠤᠯ ᠤᠨ ᠬᠥᠭᠵᠢᠯᠲᠡ ᠶᠢᠨ ᠲᠤᠬᠠᠢ ᠥᠷᠭᠡᠨ ᠤᠯᠡᠨ ᠺᠠᠳ᠋ᠷ ᠲᠦᠮᠡᠨ ᠪᠠ ᠨᠡᠶᠢᠭᠡᠮ ᠤᠨ ᠡᠯ᠎ᠡ ᠡᠲᠡᠭᠡᠳ ᠤᠨ ᠢᠲᠡᠭᠡᠯ ᠵᠣᠷᠢᠭ ᠢ ᠲᠤᠶᠢᠯ ᠤᠨ ᠶᠡᠭᠡ ᠪᠠᠷ ᠨᠡᠮᠡᠭᠳᠡᠭᠦᠯᠪᠡ ᠃  – ᠤᠯᠤᠰ ᠤᠨ ᠡᠨᠧᠷᠭᠢ ᠪᠠ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠴᠢᠳᠠᠪᠤᠷᠢ ᠮᠡᠳᠡᠭᠳᠡᠬᠦᠶᠢᠴᠡ ᠴᠢᠩᠭᠠᠷᠠᠪᠠ ᠃ ᠨᠡᠭᠦᠷᠡᠰᠦᠨ ᠤ ᠭᠠᠷᠤᠯᠲᠠ 12.2 ᠳ᠋ᠦᠩᠰᠢᠭᠤᠷ ᠲᠣᠨ ᠳᠤ ᠬᠦᠷᠴᠦ ᠂ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠡᠭᠦᠷᠭᠡ ᠪᠠᠨ 9.45 ᠳ᠋ᠦᠩᠰᠢᠭᠤᠷ ᠲᠣᠨ ᠪᠡᠶᠡᠯᠡᠭᠦᠯᠪᠡ ᠂ ᠴᠠᠬᠢᠯᠭᠠᠨ ᠬᠦᠴᠦᠨ ᠤ ᠶᠡᠷᠦᠩᠬᠡᠢ ᠮᠠᠰᠢᠨ ᠴᠣᠭᠴᠠᠯᠠᠪᠤᠷᠢ 2 ᠳ᠋ᠦᠩᠰᠢᠭᠤᠷ ᠺᠢᠯᠣᠸᠠᠲ ᠢ ᠳᠠᠪᠠᠵᠤ ᠂ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠬᠡᠮᠵᠢᠶ᠎ᠡ ᠵᠢᠴᠢ ᠭᠠᠳᠠᠭᠰᠢ ᠲᠡᠭᠡᠭᠡᠪᠦᠷᠢᠯᠡᠬᠦ ᠬᠡᠮᠵᠢᠶ᠎ᠡ ᠂ ᠴᠠᠬᠢᠯᠭᠠᠨ ᠬᠦᠴᠦᠨ ᠤ ᠶᠡᠷᠦᠩᠬᠡᠢ ᠮᠠᠰᠢᠨ ᠴᠣᠭᠴᠠᠯᠠᠪᠤᠷᠢ ᠵᠢᠴᠢ ᠰᠢᠨ᠎ᠡ ᠪᠠᠷ ᠨᠡᠮᠡᠭᠳᠡᠭᠰᠡᠨ ᠮᠠᠰᠢᠨ ᠴᠣᠭᠴᠠᠯᠠᠪᠤᠷᠢ ᠂ ᠰᠢᠨ᠎ᠡ ᠡᠨᠧᠷᠬᠢ ᠶᠢᠨ ᠶᠡᠷᠦᠩᠬᠡᠢ ᠮᠠᠰᠢᠨ ᠴᠣᠭᠴᠠᠯᠠᠪᠤᠷᠢ ᠵᠢᠴᠢ ᠰᠢᠨ᠎ᠡ ᠪᠠᠷ ᠨᠡᠮᠡᠭᠳᠡᠭᠰᠡᠨ ᠮᠠᠰᠢᠨ ᠴᠣᠭᠴᠠᠯᠠᠪᠤᠷᠢ ᠂ ᠴᠠᠬᠢᠯᠭᠠᠨ ᠭᠠᠷᠭᠠᠬᠤ ᠶᠡᠷᠦᠩᠬᠡᠢ ᠬᠡᠮᠵᠢᠶ᠎ᠡ ᠵᠢᠴᠢ ᠭᠠᠳᠠᠭᠰᠢ ᠴᠠᠬᠢᠯᠭᠠᠨ ᠳᠠᠮᠵᠢᠭᠤᠯᠬᠤ ᠬᠡᠮᠵᠢᠶ᠎ᠡ ᠂ ᠰᠢᠨ᠎ᠡ ᠡᠨᠧᠷᠬᠢ ᠪᠠᠷ ᠴᠠᠬᠢᠯᠭᠠᠨ ᠭᠠᠷᠭᠠᠬᠤ ᠬᠡᠮᠵᠢᠶ᠎ᠡ ᠂ ᠨᠡᠭᠦᠷᠡᠰᠦ ᠪᠠᠷ ᠰᠢᠲᠠᠮᠠᠬᠠᠢ ᠬᠡᠢ ᠦᠢᠯᠡᠳᠬᠦ ᠦᠢᠯᠡᠳᠪᠦᠷᠢᠯᠡᠯ ᠤᠨ ᠴᠢᠳᠠᠮᠵᠢ ︽ᠠᠷᠪᠠᠨ ᠲᠠᠯ᠎ᠠ ᠪᠠᠷ ᠪᠦᠭᠦ ᠤᠯᠤᠰ ᠲᠤ ᠮᠠᠩᠯᠠᠶᠢᠯᠠᠬᠤ︾ ᠶᠢ ᠪᠡᠶᠡᠯᠡᠭᠦᠯᠵᠦ ᠂ 29 ᠮᠤᠵᠢ ᠶᠢᠨ ᠡᠨᠧᠷᠬᠢ ᠶᠢᠨ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠪᠠ ᠃ ᠠᠮᠤ ᠪᠤᠳᠠᠭ᠎ᠠ ᠳᠠᠷᠢᠭᠰᠠᠨ ᠲᠠᠯᠠᠪᠠᠢ ᠂ ᠨᠢᠭᠡᠴᠢ ᠶᠢᠨ ᠤᠨᠠᠯᠲᠠ ᠂ ᠶᠡᠷᠦᠩᠬᠡᠢ ᠤᠨᠠᠯᠲᠠ ︽ᠭᠤᠷᠪᠠ ᠶᠢ ᠨᠡᠮᠡᠭᠳᠡᠭᠦᠯᠵᠦ︾ ᠂ ᠠᠮᠤ ᠪᠤᠳᠠᠭᠠᠨ ᠤ ᠤᠨᠠᠯᠲᠠ 791.6 ᠳ᠋ᠦᠩᠰᠢᠭᠤᠷ ᠵᠢᠩ ᠳᠤ ᠬᠦᠷᠴᠦ ᠂ ᠬᠤᠷᠢᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠬᠤ ᠶᠢ ᠪᠡᠶᠡᠯᠡᠭᠦᠯᠦᠨ ᠂ ᠪᠦᠭᠦ ᠤᠯᠤᠰ ᠤᠨ ᠵᠢᠷᠭᠤᠳᠤᠭᠠᠷ ᠪᠠᠶᠢᠷᠢ ᠪᠠᠨ ᠯᠠᠪᠳᠠᠭᠤᠨ ᠪᠠᠲᠤᠯᠠᠪᠠ ᠂ ᠭᠤᠣᠯ ᠪᠣᠯᠬᠤ ᠮᠢᠬᠠᠨ ᠤ ᠲᠦᠷᠦᠯ ᠤᠨ ᠭᠠᠷᠤᠯᠲᠠ 285.4 ᠲᠦᠮᠡᠨ ᠲᠣᠨ ᠂ ᠦᠨᠢᠶᠡᠨ ᠰᠦ ᠶᠢᠨ ᠭᠠᠷᠤᠯᠲᠠ 792.6 ᠲᠦᠮᠡᠨ ᠲᠣᠨ ᠳᠤ ᠬᠦᠷᠴᠦ ᠂ ᠴᠥᠮ ᠲᠡᠦᠬᠡ ᠶᠢᠨ ᠰᠢᠨ᠎ᠡ ᠲᠦᠪᠰᠢᠨ ᠳᠤ ᠬᠦᠷᠪᠡ ᠃ ᠡᠨᠡ ᠨᠢ ᠥᠪᠥᠷ ᠮᠣᠩᠭᠤᠯ ᠤᠨ ᠤᠯᠤᠰ ᠤᠨ ᠶᠡᠭᠡ ᠲᠠᠯ᠎ᠠ ᠶᠢ ᠪᠠᠲᠤᠯᠠᠬᠤ ᠬᠠᠷᠢᠭᠤᠴᠠᠯᠭ᠎ᠠ ᠡᠭᠦᠷᠭᠡᠯᠡᠯ ᠢ ᠭᠦᠢᠴᠡᠳ ᠢᠯᠡᠷᠡᠭᠦᠯᠪᠡ ᠃  – ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠰᠢᠪᠲᠤᠯᠤᠯᠲᠠ ᠶᠢᠨ ᠳᠠᠶᠢᠯᠠᠯᠳᠤᠭᠠᠨ ᠢ ᠪᠦᠭᠦ ᠲᠠᠯ᠎ᠠ ᠪᠠᠷ ᠡᠬᠢᠯᠡᠭᠦᠯᠪᠡ ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ ︽ᠤᠮᠠᠷᠠᠲᠤ ᠶᠢᠨ ᠭᠤᠷᠪᠠᠨ       ᠣᠷᠣᠨ︾ ᠤ ᠢᠨᠵᠧᠨᠧᠷᠢᠩ ᠤᠨ ᠰᠢᠪᠲᠤᠯᠤᠯᠲᠠ ᠶᠢᠨ ᠳᠠᠶᠢᠯᠠᠯᠳᠤᠭᠠᠨ ᠤ ᠲᠤᠬᠠᠢ ᠵᠠᠷᠯᠢᠭ ᠵᠢᠭᠠᠪᠤᠷᠢ ᠶᠢ ᠴᠤᠤᠷᠢᠶᠠᠲᠤᠨ ᠳᠠᠭᠠᠵᠤ ᠂ ᠭᠤᠣᠯᠯᠠᠨ ᠲᠠᠭᠠᠷᠢᠵᠦ ᠭᠤᠣᠯ ᠬᠦᠴᠦᠨ ᠪᠣᠯᠵᠤ ᠂ ᠦᠳᠲᠡᠷ ᠲᠦᠷᠭᠡᠨ ᠬᠥᠳᠡᠯᠦᠯᠴᠡᠵᠦ ᠂ ︽ᠨᠢᠭᠡ ᠲᠥᠯᠦᠪᠵᠢᠭᠦᠯᠭᠡ ᠭᠤᠷᠪᠠᠨ ᠲᠥᠰᠥᠯ︾ ᠢ ᠨᠠᠶᠢᠷᠠᠭᠤᠯᠤᠨ ᠵᠣᠬᠢᠶᠠᠵᠤ ᠳᠠᠭᠤᠰᠬᠠᠨ ᠂ 5 ᠵᠠᠰᠠᠯᠲᠠ ᠶᠢᠨ ᠣᠷᠣᠨ ᠪᠠ 11 ᠴᠢᠬᠤᠯᠠ ᠶᠡᠭᠡ ᠲᠦᠷᠦᠯ ᠵᠦᠢᠯ ᠪᠦᠭᠦᠨ ᠢ ᠤᠯᠤᠰ ᠤᠨ ᠲᠥᠯᠦᠪᠵᠢᠭᠦᠯᠭᠡ ᠳᠤ ᠤᠷᠤᠭᠤᠯᠬᠤ ᠶᠢ ᠠᠬᠢᠭᠤᠯᠵᠤ ᠂ ᠬᠤᠰᠢᠭᠤ ᠰᠢᠶᠠᠨ ᠪᠦᠭᠦᠨ ᠢ ᠬᠡᠷᠡᠭᠵᠢᠭᠦᠯᠬᠦ ᠬᠡᠪᠴᠢᠶᠡᠨ ᠳᠤ ᠣᠷᠣᠭᠤᠯᠤᠨ ᠂ ᠭᠤᠷᠪᠠᠨ ᠲᠣᠮᠣ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠤᠷᠤᠭᠰᠢᠲᠠᠢ ᠡᠬᠢᠯᠡᠵᠦ ᠂ ᠪᠦᠭᠦ ᠵᠢᠯ ᠳᠤ 556 ᠲᠦᠮᠡᠨ ᠮᠦ ᠣᠶᠢᠵᠢᠭᠤᠯᠤᠨ ᠂ 1817 ᠲᠦᠮᠡᠨ ᠮᠦ ᠡᠪᠡᠰᠦ ᠲᠠᠷᠢᠵᠤ ᠂ 950 ᠲᠦᠮᠡᠨ ᠮᠦ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠵᠤ ᠂ ᠲᠤᠰ ᠪᠦᠷᠢ ᠣᠨ ᠤ ᠡᠭᠦᠷᠭᠡ ᠪᠠᠨ 149% ᠂ 140% ᠂ 151% ᠪᠠᠷ ᠪᠡᠶᠡᠯᠡᠭᠦᠯᠪᠡ ᠃ ᠡᠨᠡ ᠨᠢ ᠨᠠᠮ ᠤᠨ ᠲᠥᠪ ᠬᠤᠷᠢᠶ᠎ᠠ ᠪᠠᠶᠢᠷᠢᠯᠠᠭᠤᠯᠤᠯᠲᠠ ᠬᠢᠭᠰᠡᠭᠡᠷ ᠥᠪᠥᠷ ᠮᠣᠩᠭᠤᠯ ᠪᠣᠳᠠᠲᠠᠢ ᠠᠵᠢᠯᠯᠠᠭ᠎ᠠ ᠠᠪᠳᠠᠭ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠢ ᠭᠦᠢᠴᠡᠳ ᠬᠠᠷᠠᠭᠤᠯᠪᠠ ᠃  – ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠤᠯᠠᠮ ᠨᠢᠭᠡ ᠠᠯᠬᠤᠮ ᠰᠠᠶᠢᠵᠢᠷᠠᠪᠠ ᠃ ᠨᠡᠭᠦᠷᠡᠰᠦᠨ ᠤ ᠠᠵᠤ ᠦᠢᠯᠡᠰ ᠵᠥᠪᠬᠡᠨ 1.4% ᠨᠡᠮᠡᠭᠳᠡᠭᠰᠡᠨ ᠪᠣᠯᠪᠠᠴᠤ ᠨᠡᠭᠦᠷᠡᠰᠦᠨ ᠤ ᠪᠤᠰᠤ ᠠᠵᠤ ᠦᠢᠯᠡᠰ ᠦᠳᠲᠡᠷ ᠲᠦᠷᠭᠡᠨ ᠨᠡᠮᠡᠭᠳᠡᠨ 12.1% ᠳᠤ ᠬᠦᠷᠴᠦ ᠂ ᠦᠢᠯᠡᠳᠬᠦ ᠦᠢᠯᠡᠰ ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠪᠤᠢ ᠪᠣᠯᠤᠭᠰᠠᠨ ᠠᠵᠤ ᠦᠢᠯᠡᠰ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ ᠂ ᠵᠥᠭᠡᠯᠡᠨ ᠬᠡᠷᠡᠭᠰᠡᠯ ᠪᠠ ᠮᠡᠳᠡᠭᠡ ᠵᠠᠩᠭᠢ ᠶᠢᠨ ᠦᠢᠯᠡᠴᠢᠯᠡᠭᠡᠨ ᠤ ᠦᠢᠯᠡᠰ ᠂ ᠴᠥᠮ ᠬᠤᠶᠠᠷ ᠣᠷᠣᠨᠲᠤ ᠲᠣᠭᠠᠨ ᠤ ᠨᠡᠮᠡᠭᠳᠡᠯ ᠲᠠᠢ ᠪᠣᠯᠬᠤ ᠶᠢ ᠪᠡᠶᠡᠯᠡᠭᠦᠯᠪᠡ ᠃ ᠠᠵᠤ ᠦᠢᠯᠡᠳᠪᠦᠷᠢ ᠶᠢᠨ ᠪᠡᠯᠡ ᠣᠷᠤᠭᠤᠯᠤᠯᠲᠠ 32.9% ᠨᠡᠮᠡᠭᠳᠡᠨ ᠂ ᠪᠦᠭᠦ ᠤᠯᠤᠰ ᠤᠨ ᠬᠤᠶᠠᠳᠤᠭᠠᠷ ᠲᠤ ᠪᠠᠶᠢᠷᠢᠰᠢᠵᠤ ᠂ ᠦᠢᠯᠡᠳᠬᠦ ᠦᠢᠯᠡᠰ ᠤᠨ ᠪᠡᠯᠡ ᠤᠷᠤᠭᠤᠯᠤᠯᠲᠠ 46.4% ᠨᠡᠮᠡᠭᠳᠡᠨ ᠂ ᠰᠢᠨ᠎ᠡ ᠡᠨᠧᠷᠬᠢ ᠶᠢᠨ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠤᠨ ᠪᠡᠯᠡ ᠤᠷᠤᠭᠤᠯᠤᠯᠲᠠ 1.2 ᠲᠠᠬᠢᠨ ᠨᠡᠮᠡᠭᠳᠡᠪᠡ ᠃ ᠡᠩ ᠤᠨ ᠤᠯᠠᠨ ᠨᠡᠶᠢᠳᠡ ᠶᠢᠨ ᠲᠥᠰᠥᠪ ᠤᠨ ᠣᠷᠣᠯᠭ᠎ᠠ 3000 ᠳ᠋ᠦᠩᠰᠢᠭᠤᠷ ᠲᠥᠭᠦᠷᠢᠭ ᠢ ᠳᠠᠪᠠᠵᠤ ᠂ ᠪᠦᠭᠦ ᠲᠥᠷᠥᠯᠵᠢᠯ ᠤᠨ ᠭᠠᠶᠢᠯᠢ ᠲᠠᠲᠠᠪᠤᠷᠢ ᠳᠠᠬᠢ ᠣᠷᠣᠨ ᠨᠤᠲᠤᠭ ᠤᠨ ᠲᠥᠷᠥᠯᠵᠢᠯ ᠤᠨ ᠭᠠᠶᠢᠯᠢ ᠲᠠᠲᠠᠪᠤᠷᠢ ᠶᠢᠨ ᠡᠵᠡᠯᠡᠬᠦ ᠬᠠᠷᠢᠴᠠᠯ ᠨᠢ 59.4% ᠳᠤ ᠬᠦᠷᠴᠦ ᠂ ᠪᠦᠭᠦ ᠤᠯᠤᠰ ᠤᠨ ᠲᠡᠷᠢᠭᠦᠨ ᠳᠤ ᠪᠠᠶᠢᠷᠢᠰᠢᠪᠠ ᠃ ᠡᠨᠡ ᠨᠢ ᠥᠪᠥᠷ ᠮᠣᠩᠭᠤᠯ ᠤᠨ ᠪᠦᠲᠦᠴᠡ ᠪᠠᠨ ᠲᠣᠬᠢᠷᠠᠭᠤᠯᠬᠤ ᠂ ᠬᠥᠳᠡᠯᠭᠡᠭᠴᠢ ᠴᠢᠳᠠᠪᠤᠷᠢ ᠪᠠᠨ ᠬᠤᠪᠢᠷᠠᠭᠤᠯᠬᠤ ᠂ ᠶᠠᠰᠤ ᠴᠢᠨᠠᠷ ᠢᠶᠠᠨ ᠳᠡᠭᠡᠭᠰᠢᠯᠡᠭᠦᠯᠬᠦ ᠲᠠᠯ᠎ᠠ ᠳᠤ ᠢᠳᠡᠷᠡᠭᠦᠨ ᠠᠯᠬᠤᠭ᠎ᠠ ᠠᠯᠬᠤᠭᠰᠠᠨ ᠢ ᠲᠤᠰᠬᠠᠪᠠ ᠃  – ᠡᠯ᠎ᠡ ᠠᠶᠢᠮᠠᠭ ᠬᠤᠲᠠ ᠠᠳᠠᠯᠢᠳᠬᠠᠨ ᠰᠤᠷᠴᠤ ᠭᠦᠢᠴᠡᠨ ᠳᠠᠪᠠᠭ᠋ᠤ ᠪᠠᠷ ᠮᠡᠷᠡᠶᠢᠨ ᠲᠡᠮᠡᠴᠡᠵᠦ ᠬᠥᠭᠵᠢᠪᠡ ᠃ ᠭᠦᠬᠡᠬᠤᠲᠠ ᠪᠠ ᠪᠤᠭᠤᠲᠤ ᠬᠤᠲᠠ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠴᠥᠮ 10% ᠠᠴᠠ ᠳᠡᠭᠡᠭᠰᠢ ᠨᠡᠮᠡᠭᠳᠡᠵᠦ ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠴᠥᠮ 20% ᠠᠴᠠ ᠳᠡᠭᠡᠭᠰᠢ ᠨᠡᠮᠡᠭᠳᠡᠨ ᠂ 7 ᠠᠶᠢᠮᠠᠭ ᠬᠤᠲᠠ ᠶᠢᠨ ᠲᠣᠭᠲᠠᠮᠠᠯ ᠬᠥᠷᠥᠩᠭᠡ ᠶᠢᠨ ᠪᠡᠯᠡ ᠤᠷᠤᠭᠤᠯᠤᠯᠲᠠ ᠶᠢᠨ ᠨᠡᠮᠡᠭᠳᠡᠯ ᠤᠨ ᠬᠤᠷᠳᠤᠴᠠ 20% ᠶᠢ ᠳᠠᠪᠠᠵᠤ ᠂ ᠣᠷᠳᠣᠰ ᠬᠤᠲᠠ 27.4% ᠳᠤ ᠬᠦᠷᠪᠡ ᠃ ᠰᠢᠯᠢ ᠶᠢᠨ ᠭᠤᠣᠯ ᠠᠶᠢᠮᠠᠭ ᠤᠨ ᠰᠢᠨ᠎ᠡ ᠡᠨᠧᠷᠬᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠪᠠ ᠴᠠᠬᠢᠯᠭᠠᠨ ᠭᠠᠷᠭᠠᠭᠰᠠᠨ ᠬᠡᠮᠵᠢᠶ᠎ᠡ ᠴᠥᠮ ᠪᠦᠭᠦ ᠤᠯᠤᠰ ᠤᠨ ᠲᠤᠰᠬᠠᠢ ᠣᠷᠣᠨ ᠂ ᠬᠤᠲᠠ ᠶᠢᠨ ᠲᠡᠰ ᠤᠨ ᠬᠤᠶᠠᠳᠤᠭᠠᠷ ᠲᠤ ᠪᠠᠶᠢᠷᠢᠰᠢᠵᠤ ᠂ ᠤᠯᠠᠭᠠᠨᠴᠠᠪ ᠬᠤᠲᠠ ᠶᠢᠨ ᠬᠠᠶᠢᠯᠤᠰᠢ ᠶᠢᠨ ᠮᠠᠲ᠋ᠧᠷᠢᠶᠠᠯ ᠂ ᠪᠢᠯᠢᠭ ᠲᠤᠶᠢᠯ ᠤᠨ ᠮᠠᠲ᠋ᠧᠷᠢᠶᠠᠯ ᠪᠠ ᠲᠥᠮᠥᠰᠥᠨ ᠤ ᠵᠦᠰᠦᠮ ᠦᠢᠯᠡᠳᠪᠦᠷᠢᠯᠡᠬᠦ ᠴᠢᠳᠠᠮᠵᠢ ᠴᠥᠮ ᠪᠦᠭᠦ ᠤᠯᠤᠰ ᠲᠤ ᠲᠦᠷᠦᠭᠦᠯᠡᠵᠦ ᠂ ᠠᠯᠠᠱᠠ ᠠᠶᠢᠮᠠᠭ ᠪᠦᠭᠦ ᠤᠯᠤᠰ ᠤᠨ ᠬᠠᠮᠤᠭ ᠤᠨ ᠶᠡᠭᠡ ᠳᠠᠩ ᠴᠣᠭᠴᠠ ᠶᠢᠨ ᠦᠢᠯᠡᠳᠪᠦᠷᠢᠯᠡᠬᠦ ᠬᠡᠮᠵᠢᠶ᠎ᠡ ᠲᠠᠢ ᠴᠡᠪᠡᠷ ᠬᠤᠵᠢᠷ ᠤᠨ ᠲᠦᠷᠦᠯ ᠵᠦᠢᠯ ᠢ ᠪᠠᠶᠢᠭᠤᠯᠪᠠ ᠃ ᠡᠨᠡ ᠨᠢ ᠥᠪᠥᠷ ᠮᠣᠩᠭᠤᠯ ᠤᠨ ᠲᠡᠷᠢᠭᠦᠨ ᠤ ᠬᠢ ᠲᠠᠢ ᠪᠠᠷᠢᠮᠵᠢᠶᠠᠯᠠᠨ ᠬᠠᠷᠭᠤᠭᠤᠯᠵᠤ ᠂ ᠲᠡᠷᠢᠭᠦᠨ ᠢ ᠲᠡᠮᠡᠴᠡᠨ ᠲᠡᠰ ᠳᠡᠪᠰᠢᠬᠦ ᠡᠷᠴᠢ ᠵᠣᠷᠢᠭ ᠤᠯᠠᠮ ᠠᠴᠠ ᠤᠯᠠᠮ ᠴᠢᠩᠭᠠᠷᠠᠵᠤ ᠪᠠᠶᠢᠭ᠎ᠠ ᠶᠢ ᠬᠠᠷᠠᠭᠤᠯᠪᠠ ᠃   ᠨᠢᠭᠡ ᠵᠢᠯ ᠤᠨ ᠲᠤᠷᠰᠢ ᠂ ᠪᠢᠳᠡ ᠲᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠡᠯ᠎ᠡ ᠵᠦᠢᠯ ᠤᠨ ᠠᠵᠢᠯ ᠤᠨ ᠭᠤᠣᠯ ᠰᠢᠵᠢᠮ ᠢ ᠪᠠᠲᠤ ᠴᠢᠩᠭ᠎ᠠ ᠡᠵᠡᠮᠰᠢᠨ ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠡᠨᠡ ᠬᠦ ᠲᠡᠷᠢᠭᠦᠨ ᠴᠢᠬᠤᠯᠠ ᠡᠭᠦᠷᠭᠡ ᠶᠢᠨ ᠲᠣᠭᠤᠷᠢᠨ ᠳᠤ ᠨᠢᠭᠲᠠ ᠤᠶᠠᠯᠳᠤᠵᠤ ᠂ ᠳᠣᠣᠷᠠᠬᠢ ᠠᠵᠢᠯ ᠢ ᠭᠤᠣᠯᠳᠠᠯᠭ᠎ᠠ ᠪᠣᠯᠭᠠᠨ ᠬᠢᠪᠡ ᠃  ᠨᠢᠭᠡ ᠳᠤ ᠠᠵᠤ ᠠᠬᠤᠢ ᠶᠢᠨ ᠲᠦᠷᠭᠡᠨ ᠮᠥᠷᠲᠡᠭᠡᠨ ᠰᠠᠶᠢᠨ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠪᠠ ᠃ ᠪᠡᠯᠡ ᠤᠷᠤᠭᠤᠯᠤᠯᠲᠠ ᠶᠢ ᠥᠷᠭᠡᠳᠬᠡᠬᠦ ᠂ ᠬᠡᠷᠡᠭᠯᠡᠭᠡ ᠶᠢ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢᠨ ︽ᠬᠠᠮ ᠠᠷᠭ᠎ᠠ ᠪᠣᠳᠣᠯᠭ᠎ᠠ︾ ᠶᠢ ᠲᠠᠰᠤᠷᠠᠯᠳᠠ ᠦᠭᠡᠢ ᠨᠡᠶᠢᠲᠡᠯᠡᠵᠦ ᠂ ᠠᠵᠢᠯᠯᠠᠭᠠᠨ ᠤ ᠲᠣᠬᠢᠷᠠᠭᠤᠯᠤᠯᠲᠠ ᠪᠠᠨ ᠰᠠᠷ᠎ᠠ ᠤᠯᠠᠷᠢᠯ ᠢᠶᠠᠷ ᠴᠢᠩᠭᠠᠳᠬᠠᠨ ᠂ ᠥᠨᠳᠥᠷ ᠰᠠᠭᠤᠷᠢ ᠲᠣᠭᠠᠨ ᠳᠡᠭᠡᠷᠡᠬᠢ ᠠᠵᠤ ᠠᠬᠤᠢ ᠶᠢᠨ ᠲᠦᠷᠭᠡᠨ ᠨᠡᠮᠡᠭᠳᠡᠯ ᠢ ᠠᠬᠢᠭᠤᠯᠪᠠ ᠃ ᠬᠤᠳᠠᠯᠳᠤᠭᠠᠴᠢᠨ ᠤᠷᠢᠵᠤ ᠪᠡᠯᠡ ᠣᠷᠣᠭᠤᠯᠤᠭᠰᠠᠨ ᠦᠷ᠎ᠡ ᠪᠦᠲᠦᠮᠵᠢ ᠢᠯᠡᠳᠲᠡ ᠪᠠᠶᠢᠵᠤ ᠂ ᠣᠨ ᠤ ᠡᠬᠢᠯᠡᠯᠲᠡ ᠶᠢᠨ ᠠᠩᠬᠠᠨ ᠤ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ ᠂ ᠪᠡᠭᠡᠵᠢᠩ ᠲᠢᠶᠠᠨᠵᠢᠨ ᠾᠧᠪᠧᠢ ᠂ ᠬᠥᠬᠡᠮᠥ᠋ᠷᠡᠨ ᠤ ᠭᠤᠷᠪᠠᠯᠵᠢᠨ ᠬᠤᠶᠢᠭ ᠂ ᠭᠤᠸᠠᠩᠳᠦ᠋ᠩ ᠰᠢᠶᠠᠩᠭᠠᠩ ᠣᠣᠮᠧᠨ ᠤ ᠵᠡᠷᠭᠡ ᠲᠤᠰᠬᠠᠢ ᠲᠠᠯᠠᠪᠤᠷ ᠤᠨ ᠬᠤᠳᠠᠯᠳᠤᠭᠠᠴᠢᠨ ᠤᠷᠢᠬᠤ ᠠᠵᠢᠯᠯᠠᠭ᠎ᠠ ᠶᠢ ᠡᠷᠬᠢᠯᠡᠵᠦ ᠂ ᠪᠦᠭᠦ ᠣᠷᠣᠨ ᠳᠤ 4778 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠣᠷᠣᠭᠤᠯᠤᠨ ᠠᠪᠴᠢᠷᠠᠵᠤ ᠂ 40.2% ᠨᠡᠮᠡᠭᠳᠡᠨ ᠂ ᠳᠡᠯᠡᠬᠡᠢ ᠶᠢᠨ 500 ᠬᠦᠴᠦᠷᠬᠡᠭ ᠪᠣᠯᠤᠭᠰᠠᠨ 45 ᠠᠵᠤ ᠠᠬᠤᠶᠢᠯᠠᠯ ᠪᠠ ᠲᠤᠮᠳᠠᠳᠤ ᠤᠯᠤᠰ ᠤᠨ 500 ᠬᠦᠴᠦᠷᠬᠡᠭ ᠪᠣᠯᠤᠭᠰᠠᠨ 22 ᠠᠵᠤ ᠠᠬᠤᠶᠢᠯᠠᠯ ᠮᠠᠨ ᠤ ᠣᠷᠣᠨ ᠳᠤ ᠪᠡᠯᠡ ᠣᠷᠣᠭᠤᠯᠵᠤ ᠦᠢᠯᠡᠰ ᠡᠷᠬᠢᠯᠡᠪᠡ ᠃ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠰᠦᠷ ᠳᠠᠯᠠᠶᠢᠴᠠᠲᠠᠢ ᠥᠷᠨᠢᠵᠦ ᠂ ᠴᠢᠬᠤᠯᠠ ᠶᠡᠭᠡ ᠲᠦᠷᠦᠯ ᠵᠦᠢᠯ ᠢ 3155 ᠬᠡᠷᠡᠭᠵᠢᠭᠦᠯᠵᠦ ᠂ 8259 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠯᠲᠠ ᠶᠢ ᠪᠡᠶᠡᠯᠡᠭᠦᠯᠦᠨ ᠂ ᠵᠠᠭᠤᠨ ᠳ᠋ᠦᠩᠰᠢᠭᠤᠷ ᠲᠥᠭᠦᠷᠢᠭ ᠢ ᠳᠠᠪᠠᠭᠰᠠᠨ ᠪᠡᠯᠡ ᠤᠷᠤᠭᠤᠯᠤᠯᠲᠡ ᠲᠠᠢ ᠠᠵᠤ ᠦᠢᠯᠡᠰ ᠤᠨ ᠲᠦᠷᠦᠯ ᠵᠦᠢᠯ ᠢ 42 ᠰᠢᠨ᠎ᠡ ᠪᠠᠷ ᠪᠠᠶᠢᠭᠤᠯᠤᠭᠰᠠᠨ ᠪᠤᠶᠤ ᠵᠠᠯᠭᠠᠵᠤ ᠪᠠᠶᠢᠭᠤᠯᠪᠠ ᠃ ᠰᠠᠭᠤᠷᠢ ᠪᠡᠯᠡᠳᠬᠡᠮᠵᠢ ᠲᠠᠰᠤᠷᠠᠯᠳᠠ ᠦᠭᠡᠢ ᠲᠡᠭᠦᠯᠳᠡᠷᠵᠢᠪᠡ ᠂ ᠲᠦᠷᠭᠡᠨ ᠤ ᠵᠠᠰᠠᠮᠠᠯ ᠵᠠᠮ ᠢ 876 ᠺᠢᠯᠣᠮᠧᠲᠷ ᠰᠢᠨ᠎ᠡ ᠪᠠᠷ ᠲᠡᠷᠭᠡ ᠨᠠᠪᠲᠠᠷᠡᠭᠦᠯᠵᠦ ᠂ ᠥᠪᠥᠷ ᠮᠣᠩᠭᠤᠯ ᠤᠨ ᠬᠢᠯᠢ ᠳᠣᠲᠣᠷᠠᠬᠢ ᠤᠯᠤᠰ ᠤᠨ ᠲᠦᠷᠭᠡᠨ ᠤ ᠵᠠᠰᠠᠮᠠᠯ ᠵᠠᠮ ᠤᠨ ᠭᠤᠣᠯ ᠱᠤᠭᠤᠮ ᠤᠨ ᠬᠡᠰᠡᠭ ᠢ ᠪᠦᠭᠦᠨ ᠢ ᠨᠡᠪᠲᠡᠷᠡᠭᠦᠯᠦᠨ ᠂ ᠵᠡᠭᠦᠨ ᠪᠠᠷᠠᠭᠤᠨ ᠲᠦᠷᠭᠡᠨ ᠤ ᠵᠠᠰᠠᠮᠠᠯ ᠵᠠᠮ ᠤᠨ ᠶᠡᠭᠡ ᠨᠡᠪᠳᠡᠷᠡᠯ ᠵᠠᠮ ᠢ ᠵᠠᠯᠭᠠᠵᠤ 108 ᠺᠢᠯᠣᠮᠧᠲᠷ ᠵᠠᠰᠠᠭᠰᠠᠭᠠᠷ ᠪᠦᠭᠦ ᠱᠤᠭᠤᠮ ᠢᠶᠠᠷ ᠨᠡᠪᠳᠡᠷᠡᠵᠦ ᠂ ᠠᠵᠤ ᠦᠢᠯᠡᠰ ᠤᠨ ᠵᠠᠮ ᠂ ᠵᠢᠭᠤᠯᠴᠢᠯᠠᠯ ᠤᠨ ᠵᠠᠮ ᠢ 1085 ᠺᠢᠯᠣᠮᠧᠲᠷ ᠡᠬᠢᠯᠡᠭᠦᠯᠦᠨ ᠪᠠᠶᠢᠭᠤᠯᠵᠤ ᠂ ︽ᠮᠤᠬᠤᠷ ᠵᠠᠮ︾ ᠢ 260 ᠺᠢᠯᠣᠮᠧᠲᠷ ᠨᠡᠪᠲᠡᠷᠡᠭᠦᠯᠪᠡ︔ ᠪᠠᠶᠢᠭᠤᠯᠵᠤ ᠪᠠᠶᠢᠭ᠎ᠠ ᠲᠦᠷᠭᠡᠨ ᠤ ᠪᠠ ᠬᠤᠷᠳᠤᠨ ᠤ ᠲᠡᠮᠦᠷ ᠵᠠᠮ 1700 ᠭᠠᠷᠤᠢ ᠺᠢᠯᠣᠮᠧᠲᠷ ᠲᠤ ᠬᠦᠷᠪᠡ︔ ︽ᠰᠠᠯᠪᠤᠷᠢ ᠱᠤᠭᠤᠮ ᠤᠨ ᠨᠡᠪᠳᠡᠷᠡᠯ︾ ᠠᠭᠠᠷ ᠤᠨ ᠠᠶᠠᠯᠠᠯ ᠤᠨ ᠱᠤᠭᠤᠮ ᠢ 29 ᠵᠤᠷᠪᠤᠰ ᠰᠢᠨ᠎ᠡ ᠪᠠᠷ ᠨᠡᠪᠲᠡᠷᠡᠭᠦᠯᠦᠨ ᠂ ᠨᠡᠶᠢᠲᠡ 50 ᠵᠤᠷᠪᠤᠰ ᠱᠤᠭᠤᠮ ᠢ ᠨᠡᠪᠲᠡᠷᠡᠭᠦᠯᠦᠨ ᠠᠵᠢᠯᠯᠠᠭᠤᠯᠵᠤ ᠂ ᠠᠶᠢᠮᠠᠭ ᠬᠤᠲᠠ ᠶᠢᠨ ᠬᠤᠭᠤᠷᠤᠨᠳᠤᠬᠢ ︽ᠡᠭᠡᠯᠲᠡ ᠪᠤᠴᠠᠯᠲᠠ︾ ᠶᠢᠨ ᠠᠰᠠᠭᠤᠳᠠᠯ ᠢ ᠦᠨᠳᠦᠰᠦᠨ ᠳᠤ ᠪᠠᠨ ᠰᠢᠢᠳᠪᠦᠷᠢᠯᠡᠪᠡ︔ ᠴᠤᠤᠯ ᠭᠤᠣᠯ ᠤᠨ ᠤᠰᠤ ᠶᠢ ᠲᠠᠲᠠᠵᠤ ᠯᠢᠶᠤᠤ ᠾᠧ ᠭᠤᠣᠯ ᠳᠤ ᠨᠡᠮᠡᠷᠢᠯᠡᠬᠦ ᠤᠰᠤ ᠳᠠᠮᠵᠢᠭᠤᠯᠬᠤ ᠪᠠᠷᠢᠯᠭ᠎ᠠ ᠶᠢᠨ ᠨᠦᠬᠡᠨ ᠵᠠᠮ ᠤᠨ ᠬᠡᠰᠡᠭ ᠪᠦᠭᠦ ᠱᠤᠭᠤᠮ ᠢᠶᠠᠷ ᠨᠡᠪᠳᠡᠷᠡᠵᠦ ᠂ ᠥᠨᠳᠡᠭᠡᠨ ᠤᠰᠤᠨ ᠠᠰᠢᠭᠯᠠᠯᠲᠠ ᠶᠢᠨ ᠬᠦᠢᠰᠦ ᠪᠠᠷᠢᠯᠭ᠎ᠠ ᠶᠢᠨ ᠳᠣᠣᠷᠠᠳᠤ ᠤᠷᠤᠰᠬᠠᠯ ᠤᠨ ᠤᠰᠤᠯᠠᠯᠲᠠ ᠶᠢᠨ ᠣᠷᠣᠨ ᠳᠤ ᠤᠰᠤ ᠬᠠᠳᠠᠭᠠᠯᠠᠬᠤ ᠂ ᠵᠡᠭᠦᠨ ᠲᠠᠶᠢᠰᠠ ᠤᠰᠤᠨ ᠴᠦᠬᠦᠷᠦᠮ ᠤᠨ ᠭᠤᠣᠯ ᠴᠣᠭᠴᠠ ᠶᠢᠨ ᠪᠠᠷᠢᠯᠭ᠎ᠠ ᠶᠢᠨ ᠠᠵᠢᠯ ᠳᠠᠭᠤᠰᠪᠠ︔ 5G ᠰᠠᠭᠤᠷᠢ ᠦᠷᠲᠡᠭᠡ ᠂ ᠬᠤᠲᠠ ᠶᠢᠨ ᠤᠯᠠᠨ ᠨᠡᠶᠢᠳᠡ ᠶᠢᠨ ᠴᠠᠬᠢᠯᠭᠠᠨ ᠴᠡᠨᠡᠭᠯᠡᠬᠦ ᠱᠣᠩ ᠢ ᠲᠣᠰ ᠪᠦᠷᠢ 2 ᠲᠦᠮᠡ ᠰᠢᠨ᠎ᠡ ᠪᠠᠷ ᠨᠡᠮᠡᠭᠳᠡᠭᠦᠯᠪᠡ ᠃ ᠬᠡᠷᠡᠭᠯᠡᠭᠡ ᠶᠢᠨ ᠵᠠᠬ᠎ᠠ ᠳᠡᠯᠭᠡᠭᠦᠷ ᠢ ᠲᠦᠷᠭᠡᠬᠡᠨ ᠰᠡᠷᠭᠦᠭᠡᠵᠦ ᠂ ᠬᠤᠨᠤᠭ ᠪᠠᠭᠤᠳᠠᠯ ᠪᠠ ᠢᠳᠡᠭᠡᠨ ᠤᠮᠳᠠᠭᠠᠨ ᠤ ᠦᠢᠯᠡᠰ ᠤᠨ ᠨᠡᠮᠡᠭᠳᠡᠯ ᠦᠷᠲᠡᠭ 20.8% ᠨᠡᠮᠡᠭᠳᠡᠵᠦ ᠂ ᠮᠠᠰᠢᠨ ᠲᠡᠷᠭᠡᠨ ᠤ ᠲᠦᠷᠦᠯ ᠤᠨ ᠬᠡᠷᠡᠭᠯᠡᠭᠡ 17.2% ᠨᠡᠮᠡᠭᠳᠡᠨ ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠡᠷᠡᠭᠯᠡᠭᠡ 1.7 ᠲᠠᠬᠢᠨ ᠨᠡᠮᠡᠭᠳᠡᠵᠦ ᠂ ᠠᠮᠤ ᠪᠤᠳᠠᠭ᠎ᠠ ᠢᠳᠡᠰᠢᠨ ᠲᠣᠰᠣ ᠢᠳᠡᠭᠡᠨ ᠤᠮᠳᠠᠭᠠᠨ ᠂ ᠬᠤᠪᠴᠠᠰᠤ ᠬᠤᠨᠠᠷ ᠵᠡᠷᠭᠡ ᠲᠠᠯ᠎ᠠ ᠶᠢᠨ ᠬᠡᠷᠡᠭᠯᠡᠭᠡ ᠴᠥᠮ 25% ᠠᠴᠠ ᠳᠡᠭᠡᠭᠰᠢ ᠨᠡᠮᠡᠭᠳᠡᠪᠡ ᠂ ᠰᠦᠯᠵᠢᠶ᠎ᠡ ᠪᠠᠷ ᠵᠢᠵᠢᠭᠯᠡᠨ ᠪᠣᠷᠣᠯᠠᠭᠤᠯᠬᠤ ᠲᠤᠭ᠎ᠠ 21.5% ᠨᠡᠮᠡᠭᠳᠡᠵᠦ ᠂ ᠲᠦᠷᠦᠭᠦᠴᠢ ᠳᠡᠯᠭᠡᠭᠦᠷ ᠪᠠ ᠬᠤᠰᠢᠭᠤᠴᠢ ᠳᠡᠯᠭᠡᠭᠦᠷ ᠢ 147 ᠣᠷᠣᠭᠤᠯᠤᠨ ᠠᠪᠴᠢᠷᠠᠪᠠ ᠃  ᠬᠤᠶᠠᠷ ᠲᠤ ᠬᠡᠯᠬᠢᠶᠡᠰᠦᠯᠡᠯ ᠮᠠᠶ᠋ᠢᠭ ᠤᠨ ᠰᠡᠳᠬᠢᠬᠦᠢ ᠶᠢ ᠪᠠᠷᠢᠮᠲᠠᠯᠠᠵᠤ ᠳᠠᠪᠠᠭᠤᠯᠢᠭ ᠣᠨᠴᠠᠯᠢᠭᠲᠤ ᠠᠵᠤ ᠦᠢᠯᠡᠰ ᠢᠶᠠᠨ ᠬᠦᠴᠦᠷᠬᠡᠭᠵᠢᠭᠦᠯᠪᠡ ᠃ ᠠᠵᠤ ᠦᠢᠯᠡᠰ ᠤᠨ ᠬᠡᠯᠬᠢᠶᠡᠨ ᠤ ︽ᠬᠡᠯᠬᠢᠶᠡᠨ ᠳᠠᠷᠤᠭ᠎ᠠ ᠶᠢᠨ ᠳᠦᠷᠢᠮ︾ ᠢ ᠬᠡᠷᠡᠭᠵᠢᠭᠦᠯᠵᠦ ᠂ ᠬᠡᠯᠬᠢᠶ᠎ᠡ ᠶᠢ ᠤᠷᠲᠤᠳᠬᠠᠬᠤ ᠨᠥᠬᠦᠪᠦᠷᠢᠯᠡᠬᠦ ᠴᠢᠩᠳᠠᠯᠠᠬᠤ ᠲᠦᠷᠦᠯ ᠵᠦᠢᠯ ᠢ 650 ᠠᠬᠢᠭᠤᠯᠤᠨ ᠂ 16 ᠵᠤᠷᠪᠤᠰ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶᠡᠨ ᠤ ᠦᠢᠯᠡᠳᠬᠦᠨ ᠤ ᠦᠷᠲᠡᠭ 1.4 ᠲᠦᠮᠡᠨ ᠳ᠋ᠦᠩᠰᠢᠭᠤᠷ ᠲᠥᠭᠦᠷᠢᠭ ᠰᠢᠬᠠᠮ ᠪᠣᠯᠪᠠ ᠃ ᠰᠢᠨ᠎ᠡ ᠡᠨᠧᠷᠭᠢ ᠶᠢᠨ ᠪᠦᠬᠦ ᠠᠵᠤ ᠦᠢᠯᠡᠰ ᠤᠨ ᠬᠡᠯᠬᠢᠶᠡᠨ ᠤ ᠨᠡᠮᠡᠭᠳᠡᠯ ᠦᠷᠲᠡᠭ 16.1% ᠨᠡᠮᠡᠭᠳᠡᠨ ᠂ ᠪᠦᠭᠦ ᠤᠯᠤᠰ ᠤᠨ ᠲᠠᠩ ᠴᠣᠭᠴᠠᠲᠤ ᠬᠡᠪᠴᠢᠶ᠎ᠡ ᠪᠠᠷ ᠬᠠᠮᠤᠭ ᠤᠨ ᠲᠣᠮᠣ ᠭᠡᠷᠡᠯᠴᠢ ᠴᠡᠨᠡᠭ ᠢᠶᠠᠷ ᠡᠯᠡᠰᠦᠷᠬᠡᠭᠵᠢᠯ ᠢ ᠵᠠᠰᠠᠬᠤ ᠲᠦᠷᠦᠯ ᠵᠦᠢᠯ ᠂ ᠤᠯᠤᠰ ᠤᠨ ᠳᠣᠲᠣᠭᠠᠳᠤ ᠳᠠᠬᠢ ᠠᠵᠢᠯᠯᠠᠭᠤᠯᠵᠤ ᠪᠠᠶᠢᠭ᠎ᠠ ᠡᠬᠡ ᠬᠠᠭᠤᠷᠠᠢ ᠶᠢᠨ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠬᠠᠮᠤᠭ ᠤᠨ ᠲᠣᠮᠣ ᠰᠠᠭᠤᠷᠢᠨ ᠭᠠᠵᠠᠷ ᠂ ᠳᠡᠯᠡᠬᠡᠢ ᠶᠢᠨ ᠠᠩᠬᠠᠳᠠᠭᠴᠢ ᠬᠠᠲᠠᠭᠤ ᠲᠥᠯᠥᠪᠲᠦ ᠳᠣᠣᠷ᠎ᠠ ᠳᠠᠷᠤᠯᠲᠠᠲᠤ ᠣᠰᠣᠳᠦ᠋ᠷᠦᠭᠴᠢ ᠨᠥᠭᠡᠴᠡᠯᠡᠬᠦ ᠦᠢᠯᠡᠳᠪᠦᠷᠢᠯᠡᠯ ᠤᠨ ᠱᠤᠭᠤᠮ ᠢ ᠪᠠᠶᠢᠭᠤᠯᠪᠠ︔ ᠰᠠᠯᠬᠢ ᠭᠡᠷᠡᠯ ᠣᠰᠤᠳᠦ᠋ᠷᠦᠭᠴᠢ ᠨᠥᠭᠡᠴᠡ ᠶᠢᠨ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠤᠨ ᠦᠢᠯᠡᠳᠬᠦᠨ ᠤ ᠦᠷᠲᠡᠭ 2762 ᠳ᠋ᠦᠩᠰᠢᠭᠤᠷ ᠲᠥᠭᠦᠷᠢᠭ ᠲᠤ ᠬᠦᠷᠴᠦ ᠂ ᠭᠦᠬᠡᠬᠤᠲᠠ ᠪᠤᠭᠤᠲᠤ ᠣᠷᠳᠣᠰ ᠲᠦᠩᠯᠢᠶᠣᠣ ᠶᠢᠨ 4 ᠰᠠᠭᠤᠷᠢᠨ ᠭᠠᠵᠠᠷ ᠤᠨ ᠡᠵᠡᠯᠡᠬᠦ ᠬᠠᠷᠢᠴᠠᠯ 80% ᠳᠤ ᠬᠦᠷᠪᠡ ᠃ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠨᠡᠮᠡᠭᠳᠡᠯ ᠦᠷᠲᠡᠭ 15.4% ᠨᠡᠮᠡᠭᠳᠡᠵᠦ ᠂ ᠨᠡᠭᠦᠷᠡᠰᠦᠨ ᠤ ᠨᠠᠷᠢᠯᠢᠭ ᠭᠦᠨ ᠪᠤᠯᠪᠠᠰᠤᠷᠠᠭᠤᠯᠬᠤ ᠲᠦᠷᠦᠯ ᠵᠦᠢᠯ ᠢ 34 ᠬᠡᠷᠡᠭᠵᠢᠭᠦᠯᠦᠨ ᠂ 11 ᠶᠢ ᠨᠢ ᠠᠰᠢᠭᠯᠠᠯᠲᠠ ᠳᠤ ᠣᠷᠣᠭᠤᠯᠵᠤ ᠂ ᠪᠦᠭᠦ ᠪᠥᠮᠪᠥᠷᠴᠡᠭ ᠤᠨ ᠬᠠᠮᠤᠭ ᠤᠨ ᠲᠣᠮᠣ ᠪᠣᠬᠢᠷᠳᠤᠯ ᠦᠭᠡᠢ ᠤᠰᠤᠳᠥ᠋ᠷᠦᠭᠴᠢ ᠪᠠ ᠨᠡᠭᠦᠷᠡᠰᠦ ᠪᠠᠷ ᠠᠯᠺᠸᠠ ᠨᠡᠭᠦᠷᠥᠭᠴᠢ ᠦᠢᠯᠡᠳᠬᠦ ᠶᠢ ᠡᠪᠴᠡᠯᠳᠦᠭᠦᠯᠬᠦ ᠲᠦᠷᠦᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ ᠂ ᠨᠡᠭᠦᠷᠡᠰᠦ ᠪᠠᠷ ᠡᠲ᠋ᠠ ᠬᠤᠶᠠᠷᠴᠢ ᠠᠯᠺᠤᠤᠯ ᠦᠢᠯᠡᠳᠬᠦ ᠂ ᠨᠡᠭᠦᠷᠡᠰᠦ ᠪᠠᠷ ᠠᠯᠺᠸᠠ ᠨᠡᠭᠦᠷᠥᠭᠴᠢ ᠦᠢᠯᠡᠳᠬᠦ ᠶᠢᠨ ᠦᠢᠯᠡᠳᠪᠦᠷᠢᠯᠡᠬᠦ ᠴᠢᠳᠠᠮᠵᠢ ᠴᠥᠮ ᠪᠦᠭᠦ ᠤᠯᠤᠰ ᠤᠨ ᠬᠤᠶᠠᠳᠤᠭᠠᠷ ᠲᠤ ᠪᠠᠶᠢᠷᠢᠰᠢᠪᠠ ᠃ ᠬᠤᠪᠣᠷ ᠰᠢᠷᠣᠢ ᠶᠢᠨ ᠠᠵᠤ ᠦᠢᠯᠡᠰ ᠤᠨ ᠨᠡᠮᠡᠭᠳᠡᠯ ᠦᠷᠲᠡᠭ 21% ᠨᠡᠮᠡᠭᠳᠡᠵᠦ ᠂ ᠳᠤᠮᠳᠠ ᠶᠢᠨ ᠪᠠ ᠬᠦᠨᠳᠦ ᠬᠤᠪᠣᠷ ᠰᠢᠷᠣᠶᠢᠲᠤ ᠲᠡᠮᠦᠷᠯᠢᠭ ᠤᠨ ᠦᠢᠯᠡᠳᠬᠦᠨ ᠢ ᠬᠡᠪᠴᠢᠶᠡᠵᠢᠭᠦᠯᠦᠨ ᠦᠢᠯᠡᠳᠪᠦᠷᠢᠯᠡᠬᠦ ᠶᠢ ᠪᠡᠶᠡᠯᠡᠭᠦᠯᠵᠦ ᠂ 10 ᠲᠦᠮᠡᠨ ᠲᠤᠨ ᠤ ᠲᠡᠰ ᠤᠨ ᠪᠦᠭᠦ ᠪᠥᠮᠪᠥᠷᠴᠡᠭ ᠤᠨ ᠬᠠᠮᠤᠭ ᠤᠨ ᠲᠣᠮᠣ ᠬᠤᠪᠣᠷ ᠰᠢᠷᠣᠢ ᠶᠢᠨ ᠪᠣᠬᠢᠷᠳᠤᠯ ᠦᠭᠡᠢ ᠬᠠᠶᠢᠯᠤᠭᠤᠯᠬᠤ ᠲᠦᠷᠦᠯ ᠵᠦᠢᠯ ᠢ ᠡᠬᠢᠯᠡᠭᠦᠯᠦᠨ ᠂ ᠬᠤᠪᠣᠷ ᠰᠢᠷᠣᠢ ᠂ ᠨᠢᠦᠪᠢ ᠂ ᠯᠢᠲ᠋ᠢ ᠵᠡᠷᠭᠡ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠬᠠᠶᠢᠨ ᠰᠢᠨᠵᠢᠯᠲᠡ ᠰᠢᠨ᠎ᠡ ᠰᠢᠪᠲᠤᠯᠤᠯᠲᠠ ᠲᠠᠢ ᠪᠣᠯᠬᠤ ᠶᠢ ᠪᠡᠶᠡᠯᠡᠭᠦᠯᠪᠡ ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠡᠳ᠋ᠰᠢᠭᠦᠯᠦᠨ ᠪᠣᠯᠪᠠᠰᠤᠷᠠᠭᠤᠯᠬᠤ ᠦᠢᠯᠡᠰ ᠤᠨ ᠨᠡᠮᠡᠭᠳᠡᠯ ᠦᠷᠲᠡᠭ 11.6% ᠨᠡᠮᠡᠭᠳᠡᠵᠦ ᠂ ᠡᠳ᠋ᠰᠢᠭᠦᠯᠵᠦ ᠤᠯᠠᠷᠢᠭᠤᠯᠤᠭᠰᠠᠨ ᠨᠤᠷᠮ᠎ᠠ 72% ᠲᠤ ᠬᠦᠷᠴᠦ ᠂ ᠰᠦ ᠰᠠᠭᠠᠯᠢ ᠶᠢᠨ ᠦᠢᠯᠡᠰ ᠂ ᠲᠥᠮᠥᠰᠥ ᠶᠢᠨ ᠤᠯᠤᠰ ᠤᠨ ᠲᠡᠰ ᠤᠨ ᠠᠵᠤ ᠦᠢᠯᠡᠰ ᠤᠨ ᠪᠦᠯᠦᠭᠵᠢᠯ ᠢ 2 ᠪᠠ ᠤᠯᠤᠰ ᠤᠨ ᠲᠡᠰ ᠤᠨ ᠣᠳᠣ ᠦᠶ᠎ᠡ ᠶᠢᠨ ᠠᠵᠤ ᠦᠢᠯᠡᠰ ᠤᠨ ᠬᠦᠷᠢᠶᠡᠯᠡᠩ ᠢ 3 ᠂ ᠠᠵᠤ ᠦᠢᠯᠡᠰ ᠤᠨ ᠬᠦᠴᠦᠷᠬᠡᠭ ᠪᠠᠯᠭᠠᠰᠤ ᠶᠢ 8 ᠰᠢᠨ᠎ᠡ ᠪᠠᠷ ᠡᠭᠦᠳᠦᠨ ᠪᠠᠶᠢᠭᠤᠯᠵᠤ ᠂ ᠡᠭᠦᠳᠦᠨ ᠪᠠᠶᠢᠭᠤᠯᠤᠭᠰᠠᠨ ᠲᠤᠭ᠎ᠠ ᠬᠡᠮᠵᠢᠶ᠎ᠡ ᠪᠦᠭᠦ ᠤᠯᠤᠰ ᠲᠤ ᠲᠦᠷᠦᠭᠦᠯᠡᠨ ᠂ ᠪᠦᠭᠦ ᠪᠥᠮᠪᠥᠷᠴᠡᠭ ᠤᠨ ᠬᠠᠮᠤᠭ ᠤᠨ ᠲᠣᠮᠣ ᠰᠦᠨ ᠬᠦᠴᠢᠯ ᠤᠨ ᠪᠠᠺᠲ᠋ᠧᠷᠢ ᠶᠢᠨ ᠦᠷ᠎ᠡ ᠡᠳ᠋ ᠤᠨ ᠬᠥᠮᠥᠷᠭᠡ ᠂ ᠤᠯᠤᠰ ᠤᠨ ᠬᠤᠨᠢ ᠢᠮᠠᠭᠠᠨ ᠤ ᠤᠳᠤᠮᠯᠠᠯ ᠤᠨ ᠦᠨᠡᠯᠡᠨ ᠵᠢᠱᠢᠯᠲᠡ ᠶᠢᠨ ᠲᠥᠪ ᠢ ᠪᠠᠶᠢᠭᠤᠯᠵᠤ ᠂ ᠠᠯᠠᠰᠢᠨ ᠬᠤᠨᠢᠨ ᠤ ᠠᠵᠤ ᠦᠢᠯᠡᠰ ᠤᠨ ᠦᠢᠯᠡᠳᠬᠦᠨ ᠤ ᠦᠷᠲᠡᠭ ᠮᠢᠩᠭᠠᠨ ᠳ᠋ᠦᠩᠰᠢᠭᠤᠷ ᠲᠡᠰ ᠲᠤ ᠬᠦᠷᠪᠡ ᠃  ᠭᠤᠷᠪᠠ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠳᠤ ᠰᠢᠨ᠎ᠡ ᠰᠢᠪᠲᠤᠯᠤᠯᠲᠠ ᠭᠠᠷᠬᠤ ᠶᠢ ᠠᠬᠢᠭᠤᠯᠪᠠ ᠃ ᠪᠦᠭᠦ ᠣᠷᠣᠨ ᠤ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠷᠤᠯᠭ᠎ᠠ 81.9% ᠨᠡᠮᠡᠭᠳᠡᠵᠦ ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 314 ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠪᠦᠬᠦᠢ ᠳᠤᠮᠳᠠ ᠵᠢᠵᠢᠭ ᠠᠵᠤ ᠠᠬᠤᠶᠢᠯᠠᠯ 950 ᠰᠢᠨ᠎ᠡ ᠪᠠᠷ ᠨᠡᠮᠡᠭᠳᠡᠪᠡ ᠃ 6 ᠬᠥᠮᠥᠨ ︽ᠬᠥᠬᠡᠮᠥ᠋ᠷᠡᠨ ᠨᠡᠷᠡᠮᠵᠢᠲᠦ ᠱᠠᠩᠨᠠᠯ ᠢ ᠣᠯᠣᠭᠰᠠᠨ ᠡᠷᠳᠡᠮᠲᠡᠨ︾ ᠂ ︽ᠤᠯᠤᠰ ᠤᠨ ᠭᠠᠷᠮᠠᠭᠠᠢ       ᠵᠠᠯᠠᠭᠤᠴᠤᠳ︾ ᠲᠤ ᠰᠢᠨ᠎ᠡ ᠪᠠᠷ ᠰᠣᠩᠭᠤᠭᠳᠠᠪᠠ ᠃ ᠤᠯᠤᠰ ᠤᠨ ᠰᠦ ᠰᠠᠭᠠᠯᠢ ᠶᠢᠨ ᠦᠢᠯᠡᠰ ᠤᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠥᠪ 10 ᠠᠺᠠᠳᠧᠮᠢᠴᠢ ᠂ ᠵᠠᠭᠤ ᠭᠠᠷᠤᠢ ᠰᠢᠨᠵᠢᠯᠡᠬᠦ ᠤᠬᠠᠭᠠᠨᠲᠠᠨ ᠢ ᠴᠤᠭᠯᠠᠭᠤᠯᠵᠤ ᠂ ᠪᠣᠳᠠᠲᠤ ᠴᠣᠭᠴᠠᠵᠢᠭᠤᠯᠤᠨ ᠡᠵᠡᠩᠨᠡᠵᠦ ᠠᠵᠢᠯᠯᠠᠭᠤᠯᠬᠤ ᠶᠢ ᠪᠡᠶᠡᠯᠡᠭᠦᠯᠪᠡ ᠂ ᠰᠦ ᠰᠠᠭᠠᠯᠢ ᠶᠢᠨ ᠦᠢᠯᠡᠰ ᠂ ᠡᠪᠡᠰᠦᠨ ᠤ ᠦᠢᠯᠡᠰ ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠥᠪ 24 ᠴᠢᠬᠤᠯᠠ ᠶᠡᠭᠡ ᠰᠤᠳᠤᠯᠭᠠᠨ ᠤ ᠦᠷ᠎ᠡ ᠪᠦᠲᠦᠭᠡᠯ ᠭᠠᠷᠭᠠᠵᠤ ᠂ ᠲᠠᠯᠠᠨ ᠬᠠᠷ᠎ᠠ ᠠᠭᠤᠯᠠ ᠶᠢᠨ ᠲᠤᠷᠰᠢᠯᠲᠠ ᠶᠢᠨ ᠲᠠᠰᠤᠭ ᠂ ᠣᠷᠳᠣᠰ ᠤᠨ ᠲᠤᠷᠰᠢᠯᠲᠠ ᠶᠢᠨ ᠲᠠᠰᠤᠭ ᠪᠠ ᠪᠡᠭᠡᠵᠢᠩ ᠶᠡᠭᠡ ᠰᠤᠷᠭᠠᠭᠤᠯᠢ ᠶᠢᠨ ᠣᠷᠳᠣᠰ ᠲᠠᠬᠢ ᠡᠨᠧᠷᠭᠢ ᠶᠢᠨ ᠰᠤᠳᠤᠯᠭᠠᠨ ᠤ ᠬᠦᠷᠢᠶᠡᠯᠡᠩ ᠂ ᠵᠧᠵᠢᠶᠠᠩ ᠶᠡᠭᠡ ᠰᠤᠷᠭᠠᠭᠤᠯᠢ ︱ ᠪᠤᠭᠤᠲᠤ ᠶᠢᠨ ᠴᠠᠬᠢᠭᠤᠷᠲᠤ ᠮᠠᠲ᠋ᠧᠷᠢᠶᠠᠯ ᠤᠨ ᠬᠤᠯᠪᠤᠭᠠᠯᠠᠨ ᠰᠤᠳᠤᠯᠬᠤ ᠲᠥᠪ ᠂ ᠲᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠪᠠᠶᠠᠨᠨᠠᠭᠤᠷ ᠲᠠᠬᠢ ᠰᠤᠳᠤᠯᠭᠠᠨ ᠤ ᠬᠦᠷᠢᠶᠡᠯᠡᠩ ᠵᠠᠯᠭᠠᠭ᠎ᠠ ᠪᠠᠷ ᠪᠠᠶᠢᠭᠤᠯᠤᠭᠳᠠᠵᠤ ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠣᠷᠳᠣᠰ ᠲᠠᠬᠢ ᠰᠢᠨ᠎ᠡ ᠡᠨᠧᠷᠭᠢ ᠶᠢᠨ ᠳᠡᠭᠡᠳᠦ ᠰᠤᠷᠭᠠᠭᠤᠯᠢ ᠫᠠᠶᠢᠰᠠ ᠡᠯᠭᠦᠨ ᠪᠠᠶᠢᠭᠤᠯᠤᠭᠳᠠᠪᠠ ᠃ ᠤᠯᠤᠰ ᠤᠨ ᠭᠤᠣᠯᠳᠠᠯᠭ᠎ᠠ ᠲᠠᠢ ᠰᠤᠳᠤᠯᠤᠨ ᠨᠡᠭᠡᠭᠡᠬᠦ ᠲᠥᠯᠥᠪᠯᠡᠭᠡ ᠶᠢᠨ ᠲᠦᠷᠦᠯ ᠵᠦᠢᠯ ᠢ 9 ᠳᠠᠭᠠᠭᠠᠨ ᠡᠭᠦᠷᠭᠡᠯᠡᠵᠦ ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠰᠬᠠᠢ ᠵᠦᠢᠯ ᠢ 38 ᠬᠡᠷᠡᠭᠵᠢᠭᠦᠯᠦᠨ ᠂ ᠰᠢᠨ᠎ᠡ ᠡᠭᠦᠳᠦᠯᠲᠡ ᠶᠢᠨ ᠬᠤᠯᠪᠣᠭᠠᠲᠤ ᠴᠣᠭᠴᠠ ᠶᠢ 70 ᠪᠠᠶᠢᠭᠤᠯᠵᠤ ᠂ ᠠᠭᠤᠷᠬᠠᠢ ᠶᠢᠨ ᠣᠶᠤᠨᠴᠢ ᠮᠠᠰᠢᠨ ᠬᠥᠮᠥᠨ ᠂ ᠬᠤᠪᠣᠷ ᠰᠢᠷᠣᠢ ᠶᠢᠨ ᠦᠢᠯᠡᠳᠬᠦᠨ ᠦᠢᠯᠡᠳᠴᠦ ᠪᠦᠲᠦᠭᠡᠬᠦ ᠂ ᠡᠷᠴᠢᠯᠡᠭᠦᠷ ᠬᠦᠷᠳᠦ ᠪᠠᠷ ᠡᠨᠧᠷᠭᠢ ᠨᠥᠭᠡᠴᠡᠯᠡᠬᠦ ᠵᠡᠷᠭᠡ ᠶᠢ ᠰᠤᠳᠤᠯᠤᠨ ᠨᠡᠭᠡᠭᠡᠵᠦ ᠬᠡᠷᠡᠭᠯᠡᠬᠦ ᠲᠠᠯ᠎ᠠ ᠪᠠᠷ ᠰᠢᠪᠲᠤᠯᠤᠯᠲᠠ ᠶᠢᠨ ᠴᠢᠨᠠᠷᠲᠠᠢ ᠦᠷ᠎ᠡ ᠪᠦᠲᠦᠭᠡᠯ ᠭᠠᠷᠭᠠᠵᠤ ᠂ ᠮᠧᠩ ᠺᠧ ᠵᠢᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠠᠪᠴᠠᠩ ᠤᠨ ᠦᠢᠯᠡᠳᠦᠯ ᠲᠣᠳᠣᠷᠠᠵᠤ ᠂ ᠪᠦᠭᠦ ᠣᠷᠣᠨ ᠤ ᠮᠡᠷᠭᠡᠵᠢᠯ ᠤᠨ ᠠᠷᠠᠯᠵᠢᠶᠠᠨ ᠤ ᠭᠡᠷ᠎ᠡ ᠶᠢᠨ ᠲᠤᠭ᠎ᠠ 45.3% ᠨᠡᠮᠡᠭᠳᠡᠵᠦ ᠂ ᠠᠷᠠᠯᠵᠢᠶᠠᠯᠠᠭᠰᠠᠨ ᠲᠤᠭ᠎ᠠ 17.6% ᠨᠡᠮᠡᠭᠳᠡᠪᠡ ᠃  ᠳᠥᠷᠪᠡ ᠳᠤ ᠬᠦᠴᠢᠷ ᠠᠰᠠᠭᠤᠳᠠᠯ ᠢ ᠥᠭᠡᠷᠡᠴᠢᠯᠡᠯᠲᠡ ᠶᠢᠨ ᠠᠷᠭ᠎ᠠ ᠪᠠᠷ ᠠᠷᠢᠯᠭᠠᠨ ᠰᠢᠢᠳᠪᠦᠷᠢᠯᠡᠬᠦ ᠶᠢ ᠨᠡᠩ ᠶᠡᠭᠡ ᠴᠢᠬᠤᠯᠠᠴᠢᠯᠠᠨ ᠦᠵᠡᠪᠡ ᠃ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠠᠰᠠᠭᠤᠳᠠᠯ ᠳᠤ ᠬᠠᠨᠳᠤᠭᠤᠯᠵᠤ ᠂ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠂ ︽ᠨᠢᠭᠡ ᠰᠦᠯᠵᠢᠶ᠎ᠡ ᠪᠠᠷ ᠨᠢᠭᠡᠳᠦᠯᠲᠡᠢ ᠬᠠᠮᠢᠶᠠᠷᠬᠤ︾ ᠶᠢ ᠭᠦᠨᠵᠡᠭᠡᠶᠢᠷᠡᠭᠦᠯᠦᠨ ᠠᠬᠢᠭᠤᠯᠵᠤ ᠂ ᠠᠵᠤ ᠠᠬᠤᠶᠢᠯᠠᠯ ᠤᠨ ᠪᠦᠭᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠳᠠᠬᠢ ᠦᠢᠯᠡᠴᠢᠯᠡᠭᠡ ᠪᠠᠨ ᠴᠢᠩᠭᠠᠷᠠᠭᠤᠯᠤᠨ ᠂ ᠬᠠᠯᠠᠮᠰᠢᠯ ᠤᠲᠠᠰᠤ 12345 ᠶᠢᠨ ᠭᠤᠮᠣᠳᠠᠯ ᠱᠠᠭᠠᠷᠳᠠᠯᠭ᠎ᠠ ᠶᠢ ᠰᠢᠢᠳᠪᠦᠷᠢᠯᠡᠭᠰᠡᠨ ᠪᠠᠶᠢᠳᠠᠯ ᠳᠤ ᠰᠠᠷ᠎ᠠ ᠪᠣᠯᠭᠠᠨ ᠨᠡᠷᠡᠰ ᠤᠨ ᠵᠢᠭᠰᠠᠭᠠᠯᠲᠠ ᠭᠠᠷᠭᠠᠵᠤ ᠨᠡᠪᠲᠡᠷᠡᠭᠦᠯᠦᠨ ᠮᠡᠳᠡᠭᠡᠯᠡᠵᠦ ᠂ ᠬᠤᠶᠢᠭᠤᠷ ᠵᠢᠭᠰᠠᠭᠠᠭᠳᠠᠵᠤ ᠪᠠᠶᠢᠭ᠎ᠠ ᠲᠠᠢ ᠨᠢ ᠪᠣᠯᠵᠣᠨ ᠶᠠᠷᠢᠯᠴᠠᠵᠤ ᠂ ᠤᠯᠠᠮ ᠤᠯᠠᠨ ᠠᠵᠤ ᠠᠬᠤᠶᠢᠯᠠᠯ ᠪᠠ ᠠᠷᠠᠳ ᠲᠦᠮᠡᠨ ᠬᠠᠯᠠᠮᠰᠢᠯ ᠤᠲᠠᠰᠤ ᠪᠠᠷ ᠲᠠᠮᠵᠢᠵᠦ ᠲᠦᠷᠦ ᠶᠢᠨ ᠪᠣᠳᠣᠯᠭ᠎ᠠ ᠶᠢ ᠣᠶᠢᠯᠠᠭᠠᠭᠰᠠᠨ ᠪᠠ ᠠᠰᠠᠭᠤᠳᠠᠯ ᠢᠶᠠᠨ ᠰᠢᠢᠳᠪᠦᠷᠢᠯᠡᠵᠦ ᠂ ᠪᠦᠭᠦ ᠵᠢᠯ ᠳᠤ ᠡᠯ᠎ᠡ ᠲᠦᠷᠦᠯ ᠤᠨ ᠭᠤᠮᠣᠳᠠᠯ ᠱᠠᠭᠠᠷᠳᠠᠯᠭ᠎ᠠ ᠶᠢ 641 ᠲᠦᠮᠡᠨ ᠬᠤᠪᠢ ᠭᠥᠯᠢᠶᠡᠨ ᠠᠪᠴᠤ ᠰᠢᠢᠳᠪᠦᠷᠢᠯᠡᠨ ᠂ ᠭᠦᠢᠴᠡᠳᠬᠡᠵᠦ ᠳᠠᠭᠤᠰᠬᠠᠭᠰᠠᠨ ᠨᠤᠷᠮ᠎ᠠ 95% ᠠᠴᠠ ᠳᠡᠭᠡᠭᠰᠢ ᠳᠤ ᠬᠦᠷᠪᠡ︔ ᠥᠪᠡᠷᠲᠡᠭᠡᠨ ᠵᠠᠰᠠᠬᠤ ᠣᠷᠣᠨ ᠤ ᠱᠠᠲᠤᠨ ᠤ ᠡᠷᠬᠡ ᠶᠢᠨ ᠵᠦᠢᠯᠡᠰ ᠢ 268 ᠬᠦᠴᠦᠨ ᠦᠭᠡᠢ ᠪᠤᠯᠭᠠᠨᠨᠰᠠᠨ ᠪᠠ ᠳᠣᠷᠣᠭᠰᠢ ᠪᠠᠭᠤᠯᠭᠠᠵᠤ ᠂ ᠠᠵᠤ ᠦᠢᠯᠡᠳᠪᠦᠷᠢ ᠳᠤ ᠬᠡᠷᠡᠭᠯᠡᠬᠦ ᠬᠡᠰᠡᠭᠯᠡᠭᠰᠡᠨ ︽ᠪᠠᠷᠢᠮᠵᠢᠶᠠᠲᠤ ᠭᠠᠵᠠᠷ︾ ᠢ 332 ᠲᠥᠯᠥᠪᠦᠷᠢᠲᠡᠢ ᠰᠢᠯᠵᠢᠭᠦᠯᠦᠨ ᠂ ᠬᠦᠷᠢᠶᠡᠯᠡᠩ ᠲᠣᠭᠤᠷᠢᠭ ᠪᠠ ᠲᠣᠰᠬᠤᠨ ᠤ ᠱᠠᠲᠤ ᠪᠦᠬᠦᠨ ᠳᠤ ︽ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ︾ ᠶᠢ ᠬᠠᠮᠤᠷᠤᠭᠤᠯᠬᠤ ᠶᠢ ᠪᠡᠶᠡᠯᠡᠭᠦᠯᠵᠦ ᠂ ︽ᠵᠠᠰᠠᠭ ᠤᠨ ᠶᠠᠪᠤᠳᠠᠯ + ᠰᠢᠭᠤᠳ ᠨᠡᠪᠲᠡᠷᠡᠭᠦᠯᠭᠡ︾ ᠦᠢᠯᠡᠴᠢᠯᠡᠭᠡᠨ ᠤ ᠰᠢᠨ᠎ᠡ ᠵᠠᠭᠪᠤᠷ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠴᠢᠳᠠᠮᠵᠢ ᠪᠠᠨ ᠳᠡᠭᠡᠭᠰᠢᠯᠡᠭᠦᠯᠦᠭᠰᠡᠨ ᠨᠡᠶᠢᠲᠡᠯᠢᠭ ᠬᠡᠷᠡᠭ ᠤᠨ ᠵᠢᠱᠢᠶ᠎ᠡ ᠪᠠᠷ ᠰᠣᠩᠭᠤᠭᠳᠠᠪᠠ ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠲᠤᠰᠬᠠᠯ ᠴᠢᠩᠭ᠎ᠠ ᠠᠰᠠᠭᠤᠳᠠᠯ ᠳᠤ ᠬᠠᠨᠳᠤᠭᠤᠯᠵᠤ ᠂ ᠠᠵᠤ ᠠᠬᠤᠶᠢᠯᠠᠯ ᠳᠤ ᠥᠷᠢᠲᠦᠵᠦ ᠪᠠᠶᠢᠭ᠎ᠠ 1293 ᠳ᠋ᠦᠩᠰᠢᠭᠤᠷ ᠲᠥᠭᠦᠷᠢᠭ ᠤᠨ ᠳᠠᠩᠰᠠᠨ ᠳᠠᠬᠢ ᠵᠣᠭᠤᠰ ᠢ ᠲᠥᠯᠥᠵᠦ ᠳᠠᠭᠤᠰᠬᠠᠨ ᠂ ᠠᠵᠤ ᠠᠬᠤᠶᠢᠯᠠᠯ ᠳᠤ ᠨᠢᠭᠡ ᠪᠦᠯᠦᠭ ᠭᠠᠵᠠᠷ ᠰᠢᠷᠣᠢ ᠦᠢᠯᠡᠳᠪᠦᠷᠢ ᠶᠢᠨ ᠭᠡᠷ ᠪᠠᠶᠢᠰᠢᠩ ᠤᠨ ᠥᠮᠴᠢᠯᠡᠬᠦ ᠡᠷᠬᠡ ᠶᠢᠨ ᠭᠠᠷᠳᠠᠮ ᠤᠨ ᠠᠰᠠᠭᠤᠳᠠᠯ ᠢ ᠰᠢᠢᠳᠪᠦᠷᠢᠯᠡᠨ ᠥᠭᠴᠦ ᠂ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠵᠢᠴᠢ ᠭᠠᠶᠢᠯᠢ ᠶᠢ ᠪᠤᠴᠠᠭᠠᠵᠤ ᠬᠤᠶᠢᠰᠢᠯᠠᠭᠤᠯᠤᠨ ᠲᠤᠰᠢᠶᠠᠬᠤ ᠵᠠᠷᠤᠳᠠᠯ ᠢ 341 ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠭᠦᠯᠦᠨ ᠂ 2 ᠠᠵᠤ ᠠᠬᠤᠶᠢᠯᠠᠯ ᠠᠮᠵᠢᠯᠲᠠᠲᠠᠢ ᠪᠠᠷ ᠵᠠᠬ᠎ᠠ ᠳᠤ ᠭᠠᠷᠴᠤ ᠂ 5 ᠠᠵᠤ ᠠᠬᠤᠶᠢᠯᠠᠯ ᠪᠦᠭᠦ ᠤᠯᠤᠰ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ 500 ᠬᠦᠴᠦᠷᠬᠡᠭ ᠤᠨ ᠡᠩᠨᠡᠭᠡᠨ ᠳᠤ ᠵᠢᠭᠰᠠᠭᠠᠭᠳᠠᠵᠤ ᠂ ᠪᠦᠭᠦ ᠣᠷᠣᠨ ᠤ ᠵᠠᠭᠤᠨ ᠬᠦᠴᠦᠷᠬᠡᠭ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠡᠵᠡᠩᠨᠡᠯᠲᠡ ᠶᠢᠨ ᠪᠦᠭᠦ ᠣᠷᠣᠯᠭ᠎ᠠ 1 ᠲᠦᠮᠡᠨ ᠳ᠋ᠦᠩᠰᠢᠭᠤᠷ ᠲᠥᠭᠦᠷᠢᠭ ᠢ ᠳᠠᠪᠠᠪᠠ ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠪᠠᠭᠤᠷᠠᠢ ᠪᠠᠶᠢᠭ᠎ᠠ ᠣᠳᠣᠬᠢ ᠪᠠᠶᠢᠳᠠᠯ ᠳᠤ ᠬᠠᠨᠳᠤᠭᠤᠯᠵᠤ ᠂ ︽ᠪᠦᠰᠡᠯᠡᠯᠲᠡ ᠰᠢᠪᠲᠤᠯᠬᠤ︾ ᠠᠵᠢᠯᠯᠠᠭᠠᠨ ᠢ ᠥᠷᠨᠢᠭᠦᠯᠵᠦ ᠂ ᠠᠯᠳᠠᠭᠳᠠᠯ ᠢ ᠵᠠᠰᠠᠬᠤ ᠡᠷᠴᠢᠮ ᠢᠶᠠᠨ ᠴᠢᠩᠭᠠᠷᠠᠭᠤᠯᠪᠠ ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠠᠰᠢᠭ ᠣᠯᠵᠠᠪᠤᠷᠢ ᠶᠢᠨ ᠶᠡᠷᠦᠩᠬᠡᠢ ᠲᠤᠭ᠎ᠠ 70% ᠨᠡᠮᠡᠭᠳᠡᠵᠦ ᠂ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠤᠨ ᠠᠰᠢᠭ ᠣᠯᠵᠠᠪᠤᠷᠢ 53 ᠳ᠋ᠦᠩᠰᠢᠭᠤᠷ ᠲᠥᠭᠦᠷᠢᠭ ᠲᠤ ᠬᠦᠷᠴᠦ ᠂ ᠪᠦᠭᠦ ᠤᠯᠤᠰ ᠤᠨ 500 ᠬᠦᠴᠦᠷᠬᠡᠭ ᠤᠨ ᠨᠡᠷᠡᠰ ᠤᠨ ᠵᠢᠭᠰᠠᠭᠠᠯᠲᠠ ᠳᠤ ᠴᠠᠬᠢᠯᠭᠠᠨ ᠬᠦᠴᠦᠨ ᠤ ᠪᠦᠯᠦᠭᠯᠡᠯ ᠤᠷᠤᠭᠰᠢ ᠪᠠᠨ 24 ᠨᠡᠷ᠎ᠡ ᠲᠡᠪᠰᠢᠨ ᠂ ᠥᠪᠥᠷ ᠮᠣᠩᠭᠤᠯ ᠤᠨ ᠡᠨᠧᠷᠬᠢ ᠶᠢᠨ ᠪᠦᠯᠦᠭᠯᠡᠯ ᠤᠨ ᠪᠡᠯᠡ ᠬᠥᠷᠥᠩᠭᠡ ᠶᠢᠨ ᠶᠡᠷᠦᠩᠬᠡᠢ ᠲᠤᠭ᠎ᠠ ᠮᠢᠩᠭᠠᠨ ᠳ᠋ᠦᠩᠰᠢᠭᠤᠷ ᠲᠥᠭᠦᠷᠢᠭ ᠢ ᠳᠠᠪᠠᠵᠤ ᠂ ᠵᠠᠮ ᠬᠠᠷᠢᠯᠴᠠᠭᠠᠨ ᠤ ᠪᠦᠯᠦᠭᠯᠡᠯ ᠂ ᠤᠯᠠᠨ ᠤᠯᠤᠰ ᠤᠨ ᠠᠷᠠᠯᠵᠢᠶᠠᠨ ᠤ ᠪᠦᠯᠦᠭᠯᠡᠯ ᠢ ᠰᠢᠨ᠎ᠡ ᠪᠠᠷ ᠵᠣᠬᠢᠶᠠᠨ ᠪᠠᠶᠢᠭᠤᠯᠪᠠ ᠃ ᠨᠡᠭᠡᠭᠡᠯᠲᠡ ᠬᠢᠬᠦ ᠠᠮᠢᠵᠢᠷᠠᠯ ᠤᠨ ᠬᠦᠴᠦᠨ ᠢᠶᠠᠷ ᠳᠤᠲᠠᠮᠠᠭ ᠪᠠᠶᠢᠳᠠᠯ ᠳᠤ ᠬᠠᠨᠳᠤᠭᠤᠯᠵᠤ ᠂ ᠭᠠᠳᠠᠭᠠᠳᠤ ᠠᠷᠠᠯᠵᠢᠶᠠᠨ ᠤ ᠬᠡᠪᠴᠢᠶ᠎ᠡ ᠶᠢ ᠲᠣᠭᠲᠠᠪᠤᠷᠢᠵᠢᠭᠤᠯᠵᠤ ᠪᠦᠲᠦᠴᠡ ᠶᠢ ᠰᠢᠯᠢᠳᠡᠭᠵᠢᠭᠦᠯᠬᠦ 32 ᠵᠤᠷᠪᠤᠰ ᠢ ᠨᠡᠶᠢᠲᠡᠯᠡᠨ ᠂ ᠮᠠᠨᠵᠤᠤᠷ ᠬᠢᠯᠢ ᠶᠢᠨ ᠪᠣᠭᠤᠮᠲᠠ ᠶᠢᠨ ᠲᠣᠮᠳᠠᠲᠤ ᠤᠷᠤᠰ ᠤᠨ ᠪᠦᠯᠭᠦᠮ ᠢᠶᠠᠷ ᠵᠢᠭᠤᠯᠴᠢᠯᠠᠬᠤ ᠳᠤ ᠸᠢᠰᠠ ᠲᠠᠮᠠᠭᠠᠯᠠᠬᠤ ᠶᠢ ᠬᠠᠷᠢᠯᠴᠠᠨ ᠬᠡᠯᠲᠦᠷᠢᠭᠦᠯᠬᠦ ᠂ ᠡᠷᠢᠶᠡᠨ ᠬᠤᠲᠠ ᠬᠢᠯᠢ ᠶᠢᠨ ᠪᠣᠭᠤᠮᠲᠠ ᠪᠠᠷ 8 ᠰᠠᠭᠤᠳᠠᠯ ᠠᠴᠠ ᠳᠣᠷᠣᠭᠰᠢᠬᠢ ᠵᠢᠵᠢᠭ ᠬᠡᠯᠪᠡᠷᠢ ᠶᠢᠨ ᠲᠡᠷᠭᠡ ᠬᠥᠰᠬᠡ ᠶᠢ ᠥᠩᠭᠡᠷᠡᠭᠦᠯᠬᠦ ᠪᠣᠳᠣᠯᠭ᠎ᠠ ᠶᠢ ᠰᠡᠷᠭᠦᠭᠡᠵᠦ ᠂ ᠮᠠᠨᠵᠤᠤᠷ ᠤᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠠᠷᠠᠯᠵᠢᠶᠠᠨ ᠤ ᠲᠤᠭ᠎ᠠ 3 ᠲᠠᠬᠢᠨ ᠰᠢᠬᠠᠮ ᠨᠡᠮᠡᠭᠳᠡᠨ ᠂ ᠪᠦᠭᠦ ᠣᠷᠣᠨ ᠤ ᠬᠢᠯᠢ ᠶᠢᠨ ᠪᠣᠭᠤᠮᠲᠠ ᠪᠠᠷ ᠪᠠᠷᠠᠭ᠎ᠠ ᠲᠡᠭᠡᠭᠡᠪᠦᠷᠢᠯᠡᠭᠰᠡᠨ ᠬᠡᠮᠵᠢᠶ᠎ᠡ 1 ᠳ᠋ᠦᠩᠰᠢᠭᠤᠷ ᠲᠣᠨ ᠢ ᠳᠠᠪᠠᠵᠤ ᠂ ᠪᠦᠭᠦ ᠤᠯᠤᠰ ᠤᠨ ᠡᠬᠡ ᠬᠠᠭᠤᠷᠠᠢ ᠶᠢᠨ ᠬᠢᠯᠢ ᠳᠠᠭᠠᠤ ᠬᠢᠯᠢ ᠶᠢᠨ ᠪᠣᠭᠤᠮᠲᠠ ᠶᠢᠨ ᠲᠡᠮᠳᠡᠭᠯᠡᠯ ᠢ ᠰᠢᠨᠡᠳᠬᠡᠨ ᠂ ᠣᠷᠣᠨ ᠳᠤ ᠢᠷᠡᠵᠦ ᠠᠶᠠᠯᠠᠬᠤ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠴᠤᠪᠤᠭ᠎ᠠ ᠲᠡᠷᠭᠡ 429 ᠬᠦᠷᠴᠦ ᠂ 73.7% ᠨᠡᠮᠡᠭᠳᠡᠨ ᠂ ᠮᠠᠰᠢᠨ ᠴᠠᠬᠢᠯᠭᠠᠨ ᠤ ᠦᠢᠯᠡᠳᠬᠦᠨ ᠤ ᠭᠠᠳᠠᠭᠠᠳᠤ ᠭᠠᠷᠭᠠᠯᠲᠠ 118.9% ᠨᠡᠮᠡᠭᠳᠡᠵᠦ ᠂ ᠴᠠᠬᠢᠯᠭᠠᠨ ᠬᠦᠳᠡᠯᠭᠡᠭᠦᠷᠲᠦ ᠬᠥᠮᠥᠨ ᠠᠴᠢᠶᠠᠯᠠᠬᠤ ᠮᠠᠰᠢᠨ ᠲᠡᠷᠭᠡ ᠵᠡᠷᠭᠡ ︽ᠭᠤᠷᠪᠠᠨ ᠰᠢᠨ᠎ᠡ ᠲᠦᠷᠦᠯ︾ ᠤᠨ ᠦᠢᠯᠡᠳᠬᠦᠨ ᠤ ᠭᠠᠳᠠᠭᠠᠳᠤ ᠭᠠᠷᠭᠠᠯᠲᠠ 48 ᠳᠠᠬᠢᠨ ᠨᠡᠮᠡᠭᠳᠡᠵᠦ ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠢ 167 ᠰᠢᠨ᠎ᠡ ᠪᠠᠷ ᠲᠣᠬᠢᠷᠠᠭᠤᠯᠵᠤ ᠂ 3.2 ᠳᠠᠬᠢᠨ ᠨᠡᠮᠡᠭᠳᠡᠨ ᠂ ᠭᠠᠳᠠᠭᠠᠳᠤ ᠪᠡᠯᠡ ᠶᠢ ᠬᠡᠷᠡᠭᠯᠡᠭᠰᠡᠨ ᠪᠣᠳᠠᠲᠠᠢ ᠲᠤᠭ᠎ᠠ 55.8 ᠳ᠋ᠦᠩᠰᠢᠭᠤᠷ ᠲᠥᠭᠦᠷᠢᠭ ᠲᠤ ᠬᠦᠷᠴᠦ ᠂ 61.5% ᠨᠡᠮᠡᠭᠳᠡᠪᠡ ᠃ ᠬᠢᠯᠢ ᠰᠤᠨᠳᠠᠯᠠᠨ ᠬᠤᠷᠢᠶᠠᠭᠰᠠᠨ ᠪᠠ ᠥᠭᠭᠦᠭᠰᠡᠨ ᠠᠷᠠᠳ ᠤᠨ ᠵᠣᠭᠤᠰ ᠤᠨ ᠲᠤᠭ᠎ᠠ 2584.2 ᠳ᠋ᠦᠩᠰᠢᠭᠤᠷ ᠲᠥᠭᠦᠷᠢᠭ ᠲᠤ ᠬᠦᠷᠴᠦ ᠂ 99.8% ᠨᠡᠮᠡᠭᠳᠡᠪᠡ ᠃  ᠲᠠᠪᠤ ᠳᠤ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠵᠤ ᠵᠠᠰᠠᠬᠤ ᠪᠠᠨ ᠴᠢᠩᠭᠠᠳᠬᠠᠪᠠ ᠃ ᠥᠪᠡᠷᠲᠡᠭᠡᠨ ᠵᠠᠰᠠᠬᠤ ᠣᠷᠣᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠨᠢ ᠲᠥᠷᠥ ᠶᠢᠨ ᠶᠠᠪᠤᠳᠠᠯ ᠤᠨ ᠬᠤᠷᠢᠶᠠᠨ ᠤ ᠴᠣᠬᠤᠯᠠᠪᠤᠷᠢ ᠶᠢ ᠣᠯᠵᠤ ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠠᠰᠠᠭᠤᠳᠠᠯ ᠤᠳ ᠢ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠪᠠ ᠃ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠰᠠᠶᠢᠲᠤᠷ ᠠᠳᠬᠤᠵᠤ ᠂ ︽ᠳᠤᠷ᠎ᠠ ᠪᠠᠷ ᠦᠢᠯᠡᠳᠬᠦ ᠳᠥᠷᠪᠡ ᠶᠢ ᠴᠡᠪᠡᠷᠯᠡᠬᠦ︾ ᠶᠢ ᠪᠠᠶᠢᠩᠭᠤᠵᠢᠭᠤᠯᠤᠨ ᠠᠬᠢᠭᠤᠯᠵᠤ ᠂ ᠰᠠᠶᠢᠷᠭᠠᠯ ᠤᠨ ᠣᠷᠣᠨ ᠤ 770 ᠡᠷᠦᠬᠡ ᠂ 1853 ᠬᠥᠮᠥᠨ ᠢ ᠨᠡᠭᠦᠯᠭᠡᠨ ᠲᠣᠬᠢᠷᠠᠭᠤᠯᠬᠤ ᠪᠠ ᠲᠠᠷᠢᠬᠤ ᠶᠢ ᠴᠠᠭᠠᠵᠠᠯᠠᠵᠤ ᠬᠢᠵᠠᠭᠠᠷᠯᠠᠬᠤ ᠣᠨ ᠤ ᠡᠭᠦᠷᠭᠡ ᠪᠠᠨ ᠪᠡᠶᠡᠯᠡᠭᠦᠯᠵᠦ ᠂ ᠬᠠᠲᠤᠨ ᠭᠤᠣᠯ ᠤᠨ ᠰᠠᠪᠠ ᠭᠠᠵᠠᠷ ᠤᠨ ᠰᠢᠷᠠᠤ᠋ᠰᠤᠨ ᠭᠤᠣᠯ ᠤᠨ ᠬᠢᠯᠢ ᠳᠣᠲᠣᠷᠠᠬᠢ ᠬᠡᠰᠡᠭ ᠢ ᠬᠠᠮᠠᠭᠠᠯᠠᠵᠤ ᠵᠠᠰᠠᠭᠰᠠᠨ ᠨᠢ ᠪᠦᠬᠦ ᠤᠯᠤᠰ ᠤᠨ ᠦᠵᠡᠰᠬᠦᠯᠡᠩᠲᠦ ᠨᠠᠭᠤᠷ ᠭᠤᠣᠯ ᠤᠨ ᠰᠢᠯᠢᠳᠡᠭ ᠵᠢᠱᠢᠶ᠎ᠡ ᠪᠠᠷ ᠰᠣᠩᠭᠤᠭᠳᠠᠪᠠ ᠃ ᠪᠣᠬᠢᠷᠳᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠵᠦ ᠂ 21.3 ᠲᠦᠮᠡᠨ ᠡᠷᠦᠭᠡ ᠶᠢᠨ ᠴᠡᠪᠡᠷ ᠳᠤᠯᠠᠭᠠᠯᠠᠭ᠎ᠠ ᠪᠠᠷ ᠥᠭᠡᠷᠡᠴᠢᠯᠡᠵᠦ ᠰᠢᠨᠡᠳᠬᠡᠬᠦ ᠠᠵᠢᠯ ᠢ ᠪᠡᠶᠡᠯᠡᠭᠦᠯᠦᠨ ᠂ ︽ᠬᠥᠯᠥᠨ ᠨᠠᠭᠤᠷ ᠳᠠᠭ᠎ᠠ ᠶᠢᠨ ᠨᠠᠭᠤᠷ ᠤᠯᠠᠭᠠᠨᠰᠤᠬᠠᠢ ᠨᠠᠭᠤᠷ︾ ᠂ ᠴᠠᠭᠠᠨᠨᠠᠭᠤᠷ ᠵᠡᠷᠭᠡ ᠶᠢ ᠶᠡᠷᠦᠩᠬᠡᠶᠢᠯᠡᠨ ᠵᠠᠰᠠᠭᠰᠠᠨ ᠦᠷ᠎ᠡ ᠪᠦᠲᠦᠮᠵᠢ ᠤᠯᠤᠰ ᠲᠤ ᠦᠨᠡᠯᠡᠭᠳᠡᠨ ᠨᠤᠲᠠᠯᠠᠭᠳᠠᠵᠤ ᠂ ᠤᠯᠠᠭᠠᠨᠰᠤᠬᠠᠢ ᠨᠠᠭᠤᠷ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠳᠦᠷᠢᠮ ᠢ ᠨᠡᠶᠢᠲᠡᠯᠡᠨ ᠬᠡᠷᠡᠭᠵᠢᠭᠦᠯᠵᠦ ᠂ ᠪᠦᠬᠦ ᠣᠷᠣᠨ ᠤ ᠤᠯᠤᠰ ᠤᠨ ᠰᠢᠯᠭᠠᠨ ᠬᠢᠨᠠᠬᠤ ᠭᠠᠵᠠᠷ ᠳᠡᠭᠡᠷᠡᠬᠢ ᠤᠰᠤᠨ ᠤ ᠣᠭᠲᠣᠯᠣᠭᠠᠰᠤ ᠶᠢᠨ ᠤᠰᠤᠨ ᠤ ᠴᠢᠨᠠᠷ ᠤᠨ ᠰᠢᠯᠢᠳᠡᠭ ᠰᠠᠶᠢᠨ ᠪᠠᠷᠢᠮᠵᠢᠶ᠎ᠠ ᠳᠤ ᠬᠦᠷᠦᠭᠦᠯᠬᠦ ᠬᠠᠷᠢᠴᠠᠯ ᠂ ᠦᠬᠠᠢ ᠵᠢᠴᠢ ᠡᠷᠭᠢᠨ ᠲᠣᠭᠤᠷᠢᠨ ᠭᠠᠵᠠᠷ ᠣᠷᠣᠨ ᠤ PM2.5 ᠶᠢᠨ ᠥᠳᠬᠡᠴᠡ ᠲᠡᠦᠬᠡᠨ ᠳᠠᠬᠢ ᠬᠠᠮᠤᠭ ᠰᠠᠶᠢᠨ ᠲᠦᠪᠰᠢᠨ ᠳᠤ ᠬᠦᠷᠪᠡ ᠃ ᠪᠦᠬᠦ ᠲᠠᠯ᠎ᠠ ᠪᠠᠷ ᠠᠷᠪᠢᠯᠠᠨ ᠭᠠᠮᠨᠠᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ ᠂ ︽ᠲᠠᠪᠤ ᠶᠢ ᠲᠤᠶᠢᠯᠪᠤᠷᠢᠲᠠᠢ ᠰᠢᠢᠳᠪᠦᠷᠢᠯᠡᠬᠦ︾ ᠠᠵᠢᠯᠯᠠᠭᠠᠨ ᠢ ᠥᠷᠭᠦᠯᠵᠢᠯᠡᠨ ᠥᠷᠨᠢᠭᠦᠯᠵᠦ ᠂ ᠵᠥᠪᠰᠢᠶᠡᠷᠡᠭᠦᠯᠬᠦ ᠪᠠᠷ ᠪᠠᠶᠢᠭ᠎ᠠ 9326 ᠲᠦᠷᠦᠯ ᠵᠦᠢᠯ ᠤᠨ ᠵᠥᠪᠰᠢᠶᠡᠷᠡᠵᠦ ᠪᠣᠯᠬᠤ ᠪᠦᠬᠦᠨ ᠢ ᠨᠢ ᠵᠥᠪᠰᠢᠶᠡᠷᠡᠵᠦ ᠂ ᠵᠥᠪᠰᠢᠶᠡᠷᠡᠭᠰᠡᠨ ᠪᠠᠶᠢᠲᠠᠯ᠎ᠠ ᠬᠠᠩᠭᠠᠭᠠᠳᠤᠢ ᠪᠠ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠢ ᠶᠢ ᠰᠢᠩᠭᠡᠭᠡᠵᠦ ᠰᠢᠢᠳᠪᠦᠷᠢᠯᠡᠭᠰᠡᠨ ᠨᠢ ᠨᠡᠶᠢᠯᠡᠭᠡᠳ 40 ᠲᠦᠮᠡᠨ ᠮᠦ ᠠᠴᠠ ᠳᠠᠪᠠᠵᠤ ᠂ ᠠᠩᠬᠠᠨ ᠤ ᠪᠦᠯᠦᠭ 22 ᠳ᠋ᠦᠩᠰᠢᠭᠤᠷ ᠲᠥᠭᠦᠷᠢᠭ ᠤᠨ ᠭᠠᠵᠠᠷ ᠰᠢᠷᠣᠢ ᠶᠢᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠤᠭᠰᠠᠨ ᠦᠯᠡᠳᠡᠪᠦᠷᠢ ᠶᠢᠨ ᠭᠦᠢᠴᠡᠳᠬᠡᠯ ᠲᠤᠭ᠎ᠠ ᠶᠢᠨ ᠮᠤᠵᠢ ᠠᠯᠤᠰᠯᠠᠨ ᠠᠷᠠᠯᠵᠢᠶᠠᠯᠠᠬᠤ ᠶᠢ ᠪᠡᠶᠡᠯᠡᠭᠦᠯᠵᠦ ᠂ ︽ᠬᠠᠭᠠᠰ ᠳᠤᠲᠠᠭᠤ ᠣᠷᠬᠢᠭᠳᠠᠭᠰᠠᠨ︾ ᠢᠨᠵᠧᠨᠧᠷᠢᠩ ᠢ ᠰᠡᠷᠭᠦᠭᠡᠬᠦ ᠪᠠ ᠨᠡᠭᠡᠭᠡᠯᠲᠡ ᠶᠢᠨ ᠲᠣᠭᠤᠷᠢᠭ ᠤᠨ ︽ᠲᠤᠶᠢᠯᠪᠤᠷᠢᠲᠠᠢ ᠰᠢᠢᠳᠪᠦᠷᠢᠯᠡᠯᠲᠡ︾ ᠶᠢ ᠦᠨᠳᠦᠰᠦᠨ ᠳᠤ ᠪᠠᠨ ᠪᠡᠶᠡᠯᠡᠭᠦᠯᠪᠡ ᠂ ᠲᠠᠷᠢᠶᠠᠯᠠᠩ ᠤᠨ ᠤᠰᠤ ᠠᠷᠪᠢᠯᠠᠭᠰᠠᠨ ᠬᠡᠮᠵᠢᠶ᠎ᠡ 3.73 ᠳ᠋ᠦᠩᠰᠢᠭᠤᠷ ᠺᠦᠪ ᠮᠧᠲᠷ ᠲᠤ ᠬᠦᠷᠴᠦ ᠂ ᠲᠠᠷᠢᠶᠠᠨ ᠭᠠᠵᠠᠷ ᠢ ᠤᠰᠤᠯᠠᠬᠤ ᠤᠰᠤ ᠶᠢ ᠪᠦᠲᠦᠮᠵᠢᠲᠡᠢ ᠠᠰᠢᠭᠯᠠᠭᠰᠠᠨ ᠢᠯᠡᠳᠬᠡᠮᠵᠢ ᠨᠢ ᠠᠩᠬ᠎ᠠ ᠤᠳᠠᠭ᠎ᠠ ᠤᠯᠤᠰ ᠤᠨ ᠳᠤᠮᠳᠠᠴᠢ ᠲᠦᠪᠰᠢᠨ ᠠᠴᠠ ᠳᠠᠪᠠᠵᠤ ᠂ ᠨᠡᠭᠦᠷᠡᠰᠦᠲᠥ᠋ᠷᠥᠭᠴᠢ ᠶᠢᠨ ᠬᠤᠷᠠᠮᠠᠯ ᠢ ᠠᠷᠠᠯᠵᠢᠶᠠᠯᠠᠭᠰᠠᠨ ᠬᠡᠮᠵᠢᠶ᠎ᠡ 80.5 ᠲᠦᠮᠡᠨ ᠲᠤᠨ ᠂ ᠠᠷᠠᠯᠵᠢᠶᠠᠯᠠᠭᠰᠠᠨ ᠲᠤᠭ᠎ᠠ 2709 ᠲᠦᠮᠡᠨ ᠲᠥᠭᠦᠷᠢᠭ ᠲᠤ ᠬᠦᠷᠴᠦ ᠂ ᠪᠣᠬᠢᠷᠳᠤᠯ ᠦᠭᠡᠢ ᠬᠦᠷᠢᠶᠡᠯᠡᠩ ᠲᠣᠭᠤᠷᠢᠭ ᠢ 4 ᠂ ᠪᠣᠬᠢᠷᠳᠤᠯ ᠦᠭᠡᠢ ᠠᠵᠤ ᠦᠢᠯᠡᠳᠪᠦᠷᠢ ᠶᠢ 67 ᠰᠢᠨ᠎ᠡ ᠪᠠᠷ ᠡᠭᠦᠳᠦᠨ ᠪᠠᠶᠢᠭᠤᠯᠪᠠ ᠃  ᠵᠢᠷᠭᠤᠭ᠎ᠠ ᠳᠤ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠥᠷᠨᠢᠭᠦᠨ ᠰᠡᠷᠭᠦᠯᠲᠡ ᠲᠠᠢ ᠪᠣᠯᠬᠤ ᠶᠢ ᠪᠦᠲᠦᠮᠵᠢᠲᠡᠢ ᠠᠬᠢᠭᠤᠯᠪᠠ ᠃ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠰᠡᠷᠭᠦᠨ ᠬᠥᠭᠵᠢᠬᠦ ᠶᠢ ᠳᠡᠮᠵᠢᠬᠦ 15 ᠵᠦᠢᠯ ᠤᠨ ᠠᠷᠭ᠎ᠠ ᠬᠡᠮᠵᠢᠶ᠎ᠡ ᠶᠢ ᠲᠣᠭᠲᠠᠭᠠᠨ ᠨᠡᠶᠢᠲᠡᠯᠡᠵᠦ ᠂ ︽ᠪᠡᠭᠡᠵᠢᠩ ᠱᠠᠩᠬᠠᠢ ᠭᠤᠸᠠᠩᠵᠧᠦ ᠱᠧᠨᠵᠧᠨ︾ ᠵᠡᠷᠭᠡ ᠣᠯᠠᠨ ᠬᠤᠲᠠ ᠯᠤᠭ᠎ᠠ ᠬᠠᠮᠲᠤᠷᠠᠨ ︽ᠵᠠᠭᠤᠨ ᠲᠦᠮᠡᠨ ᠬᠥᠮᠥᠨ ᠬᠠᠷᠢᠯᠴᠠᠨ ᠵᠢᠭᠤᠯᠴᠢᠯᠠᠬᠤ︾ ᠠᠵᠢᠯᠯᠠᠭᠠᠨ ᠢ ᠥᠷᠨᠢᠭᠦᠯᠵᠦ ᠂ ᠷᠠᠰᠢᠶᠠᠨ ᠂ ᠬᠥᠯᠥᠨ ᠪᠦᠢᠷ ᠵᠡᠷᠭᠡ ᠭᠤᠣᠯᠳᠠᠯᠭ᠎ᠠ ᠲᠠᠢ ᠵᠢᠭᠤᠯᠴᠢᠯᠠᠯ ᠤᠨ ᠵᠣᠷᠢᠭᠰᠠᠨ ᠭᠠᠵᠠᠷ ᠲᠤ ᠬᠦᠷᠬᠦ ᠲᠤᠰᠬᠠᠢ ᠴᠤᠪᠤᠭ᠎ᠠ ᠲᠡᠷᠭᠡ 400 ᠂ ᠲᠦᠷᠢᠶᠡᠰᠦᠨ ᠨᠢᠰᠬᠡᠯ 700 ᠤᠳᠠᠭ᠎ᠠ ᠪᠠᠶᠢᠵᠤ ᠂ ᠪᠦᠬᠦ ᠣᠷᠣᠨ ᠳᠤ ᠬᠦᠯᠢᠶᠡᠨ ᠠᠪᠴᠤ ᠵᠣᠴᠢᠯᠠᠭᠰᠠᠨ ᠵᠢᠭᠤᠯᠴᠢᠯᠠᠭᠴᠢᠳ 2.3 ᠳ᠋ᠦᠩᠰᠢᠭᠤᠷ ᠬᠥᠮᠥᠨ ᠤᠳᠠᠭ᠎ᠠ ᠠᠴᠠ ᠳᠠᠪᠠᠵᠤ ᠂ ᠣᠷᠣᠯᠭ᠎ᠠ 3350 ᠳ᠋ᠦᠩᠰᠢᠭᠤᠷ ᠲᠥᠭᠦᠷᠢᠭ ᠢ ᠳᠠᠪᠠᠵᠤ ᠂ ᠴᠥᠮ 2019 ᠣᠨ ᠤ 1.2 ᠳᠠᠬᠢᠨ ᠪᠠᠶᠢᠪᠠ ᠃ ᠤᠯᠤᠰ ᠤᠨ ᠳᠡᠰ ᠤᠨ ᠰᠣᠶᠣᠯ ᠵᠢᠭᠤᠯᠴᠢᠯᠠᠯ ᠤᠨ ᠨᠡᠷᠡᠲᠦ ᠲᠡᠮᠳᠡᠭ ᠢᠶᠠᠷ 17 ᠵᠦᠢᠯ ᠵᠥᠪᠰᠢᠶᠡᠷᠡᠭᠳᠡᠵᠦ ᠂ ᠤᠯᠤᠰ ᠤᠨ 5C ᠂ 4C ᠳᠡᠰ ᠤᠨ ᠬᠤᠪᠢ ᠶᠢᠨ ᠮᠠᠰᠢᠨ ᠲᠡᠷᠭᠡ ᠪᠠᠷ ᠪᠠᠭᠤᠳᠠᠯᠯᠠᠬᠤ ᠰᠠᠭᠤᠷᠢᠨ ᠤ ᠲᠤᠭ᠎ᠠ ᠪᠦᠬᠦ ᠤᠯᠤᠰ ᠤᠨ ᠲᠡᠷᠢᠭᠦᠨ ᠳᠤ ᠪᠠᠶᠢᠷᠢᠰᠢᠵᠤ ᠂ ᠤᠯᠤᠰ ᠤᠨ ᠳᠡᠰ ᠤᠨ ᠴᠠᠰᠤᠨ ᠳᠤ ᠭᠤᠯᠭᠤᠬᠤ ᠵᠢᠭᠤᠯᠴᠢᠯᠠᠯ ᠠᠮᠠᠷᠠᠯᠲᠠ ᠶᠢᠨ ᠭᠠᠵᠠᠷ ᠤᠨ ᠲᠤᠭ᠎ᠠ ᠪᠦᠬᠦ ᠤᠯᠤᠰ ᠤᠨ ᠬᠤᠶᠠᠳᠤᠭᠠᠷ ᠲᠤ ᠪᠠᠶᠢᠷᠢᠰᠢᠪᠠ ᠃ ᠵᠢᠭᠤᠯᠴᠢᠯᠠᠯ ᠤᠨ ︽ᠳᠥᠷᠪᠡᠨ ᠭᠠᠵᠠᠷ︾ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠲᠠᠰᠤᠷᠠᠯᠲᠠ ᠦᠭᠡᠢ ᠲᠣᠳᠣᠷᠠᠵᠤ ᠂ ︽ᠲᠠᠯ᠎ᠠ ᠨᠤᠲᠤᠭ ᠤᠨ ᠪᠣᠯᠵᠣᠯ︾ ᠂ ︽ᠤᠴᠠᠷᠠᠯᠳᠤ ᠨᠠᠭᠠᠳᠤᠮ︾ ᠵᠡᠷᠭᠡ ᠨᠡᠷᠡᠲᠦ ᠲᠡᠮᠳᠡᠭ ᠤᠨ ᠨᠥᠯᠥᠭᠡᠯᠡᠬᠦ ᠬᠦᠴᠦᠨ ᠦᠷᠭᠦᠯᠵᠢᠯᠡᠨ ᠨᠡᠮᠡᠭᠳᠡᠵᠦ ᠂ ᠬᠥᠬᠡᠬᠤᠲᠠ ᠶᠢᠨ ᠰᠢᠨ᠎ᠡ ᠣᠨ ᠢᠶᠠᠨ ᠤᠭᠲᠤᠬᠤ ᠦᠳᠡᠰᠢ ᠶᠢᠨ ᠠᠵᠢᠯᠯᠠᠭᠠᠨ ᠪᠦᠬᠦ ᠬᠤᠲᠠᠨ᠎ᠠ ᠬᠦᠷ ᠬᠥᠭᠵᠢᠶᠡᠨ ᠪᠢᠯᠬᠠᠭᠤᠯᠵᠤ ᠂ ᠤᠯᠠᠭᠠᠨᠴᠠᠪ ᠤᠨ ᠦᠳᠡᠰᠢ ᠬᠡᠮᠡᠬᠦ ᠠᠵᠢᠯᠯᠠᠭᠠᠨ ᠵᠢᠭᠤᠯᠴᠢᠯᠠᠭᠴᠢᠳ ᠢ 500 ᠲᠦᠮᠡᠨ ᠬᠥᠮᠥᠨ ᠤᠳᠠᠭ᠎ᠠ ᠲᠠᠲᠠᠵᠤ ᠂ ᠲᠥᠪ ᠲᠧᠯᠸᠢᠰ ᠰᠤᠪᠠᠭ APP ᠤᠨ ︽ᠰᠠᠭᠤᠳᠠᠯ ᠤᠨ ᠮᠠᠰᠢᠨ ᠢᠶᠠᠷ ᠳᠤᠮᠳᠠᠳᠤ ᠤᠯᠤᠰ ᠢᠶᠠᠷ ᠠᠶᠠᠯᠠᠬᠤᠢ︾ ᠰᠢᠭᠤᠳ ᠨᠡᠪᠲᠡᠷᠡᠭᠦᠯᠭᠡ ᠨᠢ ︽ᠲᠡᠭᠷᠢ ᠶᠢᠨ ᠬᠠᠶᠠᠭᠠᠨ ᠤ ᠤᠯᠠᠭᠠᠢ︾ ᠶᠢᠨ ᠠᠯᠳᠠᠷ ᠴᠤᠤ ᠶᠢ ᠮᠠᠨᠳᠤᠭᠤᠯᠪᠠ ᠃ ᠨᠢᠭᠡ ᠪᠦᠯᠦᠭ ᠰᠣᠶᠣᠯ ᠤᠷᠠᠯᠢᠭ ᠤᠨ ᠰᠣᠳᠣᠨ ᠪᠦᠲᠦᠭᠡᠯ ︽ᠯᠢᠩᠬᠤᠸ᠎ᠠ       ᠱᠠᠩᠨᠠᠯ︾ ᠵᠡᠷᠭᠡ ᠤᠯᠤᠰ ᠤᠨ ᠳᠡᠰ ᠤᠨ ᠱᠠᠩᠨᠠᠯ ᠢ 47 ᠬᠦᠷᠲᠡᠵᠦ ᠂ ᠯᠢᠶᠣᠤ ᠤᠯᠤᠰ ᠤᠨ ᠳᠡᠭᠡᠳᠦ ᠨᠡᠶᠢᠰᠯᠡᠯ ᠤᠨ ᠬᠠᠭᠠᠨ ᠤ ᠬᠤᠲᠠ ᠶᠢᠨ ᠪᠠᠭᠤᠷᠢ ᠶᠢᠨ ᠡᠮᠦᠨ᠎ᠡ ᠬᠡᠰᠡᠭ ᠤᠨ ᠪᠠᠷᠢᠯᠭ᠎ᠠ ᠪᠠ ᠾᠧᠦ ᠴᠧᠩ ᠽᠦᠢ ᠴᠢᠯᠠᠭᠤᠨ ᠬᠤᠲᠠ ᠶᠢᠨ ᠪᠠᠭᠤᠷᠢ ᠨᠢ ᠳᠤᠮᠳᠠᠳᠤ ᠤᠯᠤᠰ ᠤᠨ ᠬᠠᠭᠤᠴᠢ ᠰᠤᠳᠤᠯᠤᠯ ᠤᠨ ᠰᠢᠨ᠎ᠡ ᠢᠯᠡᠷᠡᠭᠦᠯᠦᠯᠲᠡ ᠳᠤ ᠣᠷᠣᠪᠠ ᠃ ᠪᠦᠬᠦ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠲᠠᠮᠢᠷ ᠤᠨ ᠴᠤᠭᠯᠠᠭᠠᠨ ᠂ ᠵᠢᠷᠭᠤᠳᠤᠭᠠᠷ ᠬᠤᠭᠤᠴᠠᠭᠠᠨ ᠤ ᠵᠡᠮᠳᠡᠭᠴᠦᠳ ᠤᠨ ᠲᠠᠮᠢᠷ ᠤᠨ ᠴᠤᠭᠯᠠᠭᠠᠨ ᠂ ᠠᠷᠪᠠᠳᠤᠭᠠᠷ ᠬᠤᠭᠤᠴᠠᠭᠠᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠢ ᠠᠮᠵᠢᠯᠲᠠ ᠲᠠᠢ ᠡᠷᠬᠢᠯᠡᠵᠦ ᠂ ᠪᠦᠬᠦ ᠤᠯᠤᠰ ᠤᠨ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠪᠦᠬᠦ ᠬᠦᠴᠦᠨ ᠢᠶᠠᠷ ᠢᠶᠠᠨ ᠪᠡᠯᠡᠳᠬᠡᠪᠡ ᠃  ᠳᠣᠯᠤᠭ᠎ᠠ ᠳᠤ ᠠᠷᠠᠳ ᠤᠨ ᠠᠮᠢᠳᠤᠷᠠᠯ ᠤᠨ ᠪᠣᠳᠠᠲᠤ ᠠᠵᠢᠯ ᠢ ᠰᠡᠳᠬᠢᠯ ᠲᠠᠯᠪᠢᠨ ᠬᠦᠴᠦ ᠣᠷᠣᠭᠤᠯᠵᠤ ᠰᠠᠶᠢᠲᠤᠷ ᠬᠢᠪᠡ ᠃ ᠪᠦᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 6.1% ᠨᠡᠮᠡᠭᠳᠡᠵᠦ ᠂ 2022 ᠣᠨ ᠤ ᠲᠠᠢ ᠠᠳᠠᠯᠢᠳᠬᠠᠪᠠᠯ 0.8 ᠵᠠᠭᠤᠨ ᠤ ᠴᠡᠭ ᠳᠡᠭᠡᠭᠰᠢᠯᠡᠪᠡ ᠃ ᠵᠢᠯ ᠤᠨ ᠡᠬᠢᠨ ᠳᠤ ᠪᠠᠶᠢᠷᠢᠯᠠᠭᠤᠯᠤᠭᠰᠠᠨ 43 ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠦᠬᠦᠨ ᠢ ᠪᠡᠶᠡᠯᠡᠭᠦᠯᠪᠡ ᠃ ᠬᠤᠲᠠ ᠪᠠᠯᠭᠠᠰᠤᠨ ᠤ 21.87 ᠲᠦᠮᠡᠨ ᠬᠥᠮᠥᠨ ᠳᠤ ᠰᠢᠨ᠎ᠡ ᠪᠠᠷ ᠠᠵᠢᠯ ᠣᠯᠭᠤᠪᠠ ᠃ ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠪᠠᠲᠤᠯᠠᠭ᠎ᠠ ᠂ ᠥᠨᠥᠴᠢᠨ ᠬᠡᠦᠬᠡᠳ ᠤᠨ ᠪᠠᠲᠤᠯᠠᠭ᠎ᠠ ᠶᠢᠨ ᠪᠠᠷᠢᠮᠵᠢᠶ᠎ᠠ ᠨᠢ ᠴᠥᠮ ᠪᠦᠬᠦ ᠤᠯᠤᠰ ᠤᠨ ᠡᠮᠦᠨ᠎ᠡ ᠡᠩᠨᠡᠭᠡᠨ ᠳᠤ ᠣᠷᠣᠪᠠ ᠃ ᠳᠤᠮᠳᠠᠳᠤ ᠪᠠᠭ᠎ᠠ ᠰᠤᠷᠭᠠᠭᠤᠯᠢ ᠂ ᠬᠡᠦᠬᠡᠳ ᠤᠨ ᠴᠡᠴᠡᠷᠯᠢᠭ ᠢ 893 ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠥᠷᠭᠡᠳᠬᠡᠨ ᠪᠠᠶᠢᠭᠤᠯᠵᠤ ᠂ ᠬᠡᠦᠬᠡᠳ ᠪᠠ ᠰᠤᠷᠤᠭᠴᠢᠳ ᠤᠨ ᠰᠤᠷᠤᠯᠭ᠎ᠠ ᠶᠢᠨ ᠣᠷᠣ ᠶᠢ 7 ᠲᠦᠮᠡ ᠰᠢᠨ᠎ᠡ ᠪᠠᠷ ᠨᠡᠮᠡᠭᠳᠡᠭᠦᠯᠪᠡ︔ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠤᠰᠬᠠᠢ ᠮᠡᠷᠭᠡᠵᠢᠯ ᠢ 327 ᠰᠢᠨ᠎ᠡ ᠪᠠᠷ ᠲᠣᠬᠢᠷᠠᠭᠤᠯᠵᠤ ᠂ ᠰᠢᠨ᠎ᠡ ᠡᠨᠧᠷᠬᠢ ᠂ ᠰᠢᠨ᠎ᠡ ᠮᠠᠲ᠋ᠧᠷᠢᠶᠠᠯ ᠵᠡᠷᠭᠡ ᠬᠦᠷᠢᠶ᠎ᠡ ᠴᠠᠷᠠᠭᠠᠨ ᠳᠤ ᠵᠢᠩᠬᠢᠨᠢ ᠠᠩᠭᠢ ᠶᠢᠨ ᠲᠤᠰᠬᠠᠢ ᠮᠡᠷᠭᠡᠵᠢᠯ ᠢ ᠰᠢᠨ᠎ᠡ ᠪᠠᠷ 20 ᠲᠣᠬᠢᠷᠠᠭᠤᠯᠵᠤ ᠂ ᠶᠡᠭᠡ ᠳᠡᠭᠡᠳᠦ ᠰᠤᠷᠭᠠᠭᠤᠯᠢ ᠶᠢᠨ ᠠᠵᠤ ᠦᠢᠯᠡᠰ ᠤᠨ ᠳᠡᠭᠡᠳᠦ ᠰᠤᠷᠭᠠᠭᠤᠯᠢ ᠶᠢ 97 ᠪᠠᠶᠢᠭᠤᠯᠪᠠ ᠃ 236 ᠵᠦᠢᠯ ᠤᠨ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠶᠢ ᠬᠥᠳᠡᠯᠦᠩᠭᠦᠢ ᠪᠠᠷ ᠲᠣᠬᠢᠷᠠᠭᠤᠯᠵᠤ ᠂ ᠣᠯᠠᠨ ᠲᠦᠮᠡᠨ ᠤ ᠥᠪᠡᠷ ᠢᠶᠠᠨ ᠲᠤᠰᠢᠶᠠᠬᠤ ᠡᠮᠨᠡᠭᠦᠯᠦᠭᠰᠡᠨ ᠵᠠᠷᠤᠳᠠᠯ ᠳᠤᠮᠳᠠᠴᠢ ᠪᠠᠷ 19% ᠪᠠᠭᠤᠷᠠᠵᠤ ᠂ ᠪᠡᠭᠡᠵᠢᠩ ᠶᠡᠭᠡ ᠰᠤᠷᠭᠠᠭᠤᠯᠢ ᠶᠢᠨ ᠬᠠᠪᠤᠳᠠᠷ ᠤᠨ ᠡᠮᠨᠡᠯᠭᠡ ᠶᠢᠨ ᠬᠤᠷᠢᠶᠠᠨ ᠤ ᠥᠪᠥᠷ ᠮᠣᠩᠭᠤᠯ ᠤᠨ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠳᠤ ᠡᠮᠨᠡᠭᠦᠯᠦᠭᠰᠡᠨ ᠬᠡᠮᠵᠢᠶ᠎ᠡ 52% ᠨᠡᠮᠡᠭᠳᠡᠵᠦ ᠂ ᠮᠡᠰᠡ ᠵᠠᠰᠠᠯ ᠬᠢᠭᠰᠡᠨ ᠬᠡᠮᠵᠢᠶ᠎ᠡ 83% ᠨᠡᠮᠡᠭᠳᠡᠪᠡ ᠃ ᠰᠤᠮᠤ ᠰᠢᠶᠠᠩ ᠪᠠᠯᠭᠠᠰᠤᠨ ᠤ ᠬᠡᠪᠴᠢᠶᠡᠨ ᠳᠤ ᠨᠠᠰᠤᠵᠢᠯ ᠤᠨ ᠦᠢᠯᠡᠴᠢᠯᠡᠭᠡᠨ ᠤ ᠲᠥᠪ ᠢ 350 ᠂ ᠲᠤᠰᠬᠤᠨ ᠤ ᠱᠠᠲᠤᠨ ᠤ ᠨᠠᠰᠤᠵᠢᠯ ᠤᠨ ᠦᠢᠯᠡᠴᠢᠯᠡᠭᠡᠨ ᠤ ᠥᠷᠲᠡᠭᠡ ᠶᠢ 2000 ᠰᠢᠨ᠎ᠡ ᠪᠠᠷ ᠪᠠᠶᠢᠭᠤᠯᠵᠤ ᠂ ᠮᠢᠩᠭᠠᠨ ᠬᠥᠮᠥᠨ ᠠᠮᠠ ᠪᠦᠷᠢ ᠳᠤ ᠨᠣᠭᠳᠠᠬᠤ ᠨᠠᠶᠢᠳᠠᠨ ᠠᠰᠠᠷᠠᠭᠤᠯᠬᠤ ᠦᠢᠯᠡᠴᠢᠯᠡᠭᠡᠨ ᠤ ᠣᠷᠣ ᠶᠢᠨ ᠲᠤᠭ᠎ᠠ 3.4 ᠳᠤ ᠬᠦᠷᠪᠡ ᠃ ᠬᠤᠲᠠ ᠪᠠᠯᠭᠠᠰᠤᠨ ᠤ ᠬᠠᠭᠤᠴᠢᠨ ᠬᠤᠭᠤᠯᠠᠢ ᠭᠤᠤᠷᠰᠤᠨ ᠤ ᠲᠣᠣᠷ ᠢ 2220 ᠺᠢᠯᠣᠮᠧᠲᠷ ᠂ ᠬᠠᠭᠤᠴᠢᠨ ᠰᠠᠭᠤᠭᠠᠯᠢ ᠲᠣᠭᠤᠷᠢᠭ ᠢ 1639 ᠂ ᠳᠦᠬᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠢ 1.56 ᠲᠦᠮᠡᠨ ᠢᠵᠢ ᠥᠭᠡᠷᠡᠴᠢᠯᠡᠨ ᠰᠢᠨᠡᠳᠬᠡᠵᠦ ᠂ ᠬᠥᠳᠡᠭᠡ ᠲᠤᠰᠬᠤᠨ ᠮᠠᠯᠵᠢᠬᠤ ᠣᠷᠣᠨ ᠤ ᠡᠷᠦᠬᠡ ᠶᠢᠨ ᠵᠣᠷᠯᠦᠩ ᠢ 6.2 ᠲᠦᠮᠡ ᠂ ᠵᠠᠰᠠᠮᠠᠯ ᠵᠠᠮ ᠢ 5106 ᠺᠢᠯᠣᠮᠧᠲᠷ ᠪᠠᠶᠢᠭᠤᠯᠵᠤ ᠂ ᠨᠤᠷᠠᠬᠤ ᠠᠶᠤᠯᠲᠠᠢ ᠭᠡᠷ ᠪᠠᠶᠢᠰᠢᠩ ᠢ 4211 ᠡᠷᠦᠬᠡ ᠥᠭᠡᠷᠡᠴᠢᠯᠡᠨ ᠰᠢᠨᠡᠳᠬᠡᠵᠦ ᠂ ᠬᠢᠯᠢ ᠬᠢᠵᠠᠭᠠᠷ ᠣᠷᠣᠨ ᠳᠤ ᠷᠠᠳᠢᠣ᠋ ᠲᠧᠯᠸᠢᠰ ᠤᠨ ᠭᠡᠷᠡᠯᠯᠢᠭ ᠤᠲᠠᠰᠤ 4000 ᠺᠢᠯᠣᠮᠧᠲᠷ ᠳᠡᠪᠢᠰᠪᠡ ᠃ ᠪᠦᠢᠳᠠ ᠪᠥᠭᠯᠡᠭᠦᠦ ᠭᠠᠵᠠᠷ ᠣᠷᠣᠨ ᠤ ᠴᠠᠬᠢᠯᠭᠠᠨ ᠬᠡᠷᠡᠭᠯᠡᠬᠦ ᠳᠡᠰ ᠳᠡᠪᠰᠢᠭᠦᠯᠬᠦ ᠰᠢᠨ᠎ᠡ ᠨᠢᠭᠡᠨ ᠡᠭᠡᠯᠵᠢ ᠶᠢᠨ ᠢᠨᠵᠧᠨᠧᠷᠢᠩ ᠢ ᠡᠬᠢᠯᠡᠭᠦᠯᠵᠦ ᠂ ᠪᠦᠢᠳᠠ ᠪᠥᠭᠯᠡᠭᠦᠦ ᠭᠠᠵᠠᠷ ᠣᠷᠣᠨ ᠤ 2.4 ᠲᠦᠮᠡᠨ ᠲᠠᠷᠢᠶᠠᠯᠠᠬᠤ ᠮᠠᠯᠵᠢᠬᠤ ᠡᠷᠦᠭᠡ ᠪᠠ 58 ᠬᠢᠯᠢ ᠶᠢᠨ ᠬᠠᠮᠠᠭᠠᠯᠠᠯᠲᠠ ᠶᠢᠨ ᠬᠠᠷᠠᠭᠤᠯ ᠤᠨ ᠭᠠᠵᠠᠷ ᠤᠨ ᠴᠠᠬᠢᠯᠭᠠᠨ ᠬᠡᠷᠡᠭᠯᠡᠬᠦ ᠳᠤ ᠬᠦᠴᠢᠷᠲᠡᠢ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠪᠡ ᠃ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠢ 531 ᠂ ᠲᠠᠷᠠᠬᠠᠢ ᠮᠠᠶ᠋ᠢᠭ ᠤᠨ ᠤᠰᠤᠨ ᠤ ᠰᠣᠷᠪᠣᠯᠵᠢ ᠶᠢᠨ ᠢᠨᠵᠧᠨᠧᠷᠢᠩ ᠢ 909 ᠰᠢᠨ᠎ᠡ ᠪᠠᠷ ᠪᠠᠶᠢᠭᠤᠯᠬᠤ ᠪᠠ ᠥᠷᠭᠡᠳᠬᠡᠨ ᠪᠠᠶᠢᠭᠤᠯᠵᠤ ᠂ 32 ᠲᠦᠮᠡᠨ ᠲᠠᠷᠢᠶᠠᠴᠢᠨ ᠮᠠᠯᠴᠢᠳ ᠠᠰᠢᠭ ᠬᠦᠷᠲᠡᠪᠡ ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠵᠢᠷᠭᠤᠭᠠᠨ ︽ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ ᠬᠡᠷᠡᠭᠵᠢᠭᠦᠯᠵᠦ ᠂ ᠥᠪᠥᠷ ᠮᠣᠩᠭᠤᠯ ᠳᠤ ᠣᠷᠣᠭᠤᠯᠤᠭᠰᠠᠨ ᠪᠡᠭᠡᠵᠢᠩ ᠤᠨ ᠪᠡᠯᠡ ᠮᠥᠩᠭᠦ 150 ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠵᠦ ᠂ ᠥᠪᠥᠷ ᠮᠣᠩᠭᠤᠯ ᠢ ᠲᠤᠰᠠᠯᠠᠷ᠎ᠠ ᠢᠷᠡᠭᠰᠡᠨ ᠪᠡᠭᠡᠵᠢᠩ ᠤᠨ ᠪᠠᠭᠰᠢ ᠪᠡᠭᠡᠵᠢᠩ ᠤᠨ ᠡᠮᠴᠢ ᠮᠢᠩᠭ᠎ᠠ ᠰᠢᠬᠠᠮ ᠬᠥᠮᠥᠨ ᠪᠣᠯᠵᠤ ᠂ ᠥᠪᠥᠷ ᠮᠣᠩᠭᠤᠯ ᠠᠴᠠ ᠪᠡᠭᠡᠵᠢᠩ ᠤᠷᠤᠭᠤ ᠳᠠᠮᠵᠢᠭᠤᠯᠤᠭᠰᠠᠨ ᠴᠠᠬᠢᠯᠭᠠᠨ 200 ᠳ᠋ᠦᠩᠰᠢᠭᠤᠷ ᠭᠷᠡᠳᠦ᠋ᠰ ᠢ ᠳᠠᠪᠠᠵᠤ ᠂ ᠪᠡᠭᠡᠵᠢᠩ ᠳᠤ ᠣᠷᠣᠭᠤᠯᠤᠭᠰᠠᠨ ᠥᠪᠥᠷ ᠮᠣᠩᠭᠤᠯ ᠤᠨ ᠢᠳᠡᠭᠡᠨ 200 ᠳ᠋ᠦᠩᠰᠢᠭᠤᠷ ᠲᠥᠭᠦᠷᠢᠭ ᠠᠴᠠ ᠳᠠᠪᠠᠵᠤ ᠂ ᠪᠡᠭᠡᠵᠢᠩ ᠥᠪᠥᠷ ᠮᠣᠩᠭᠤᠯ ᠤᠨ ᠬᠠᠷᠢᠯᠴᠠᠨ ᠵᠢᠭᠤᠯᠴᠢᠯᠠᠭᠰᠠᠳ 1000 ᠲᠦᠮᠡᠨ ᠬᠥᠮᠥᠨ ᠤᠳᠠᠭ᠎ᠠ ᠠᠴᠠ ᠳᠠᠪᠠᠵᠤ ᠂ ᠪᠡᠭᠡᠵᠢᠩ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭᠠᠨ ᠤ ᠲᠦᠷᠦᠯ ᠵᠦᠢᠯ 72% ᠨᠡᠮᠡᠭᠳᠡᠪᠡ ᠃ ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠬᠡᠬᠦ ᠳᠦᠷᠢᠮ ᠢ ᠳᠡᠯᠭᠡᠷᠡᠭᠦᠯᠵᠦ ᠂ ︽ᠲᠥᠯᠥᠭᠡᠯᠡᠭᠴᠢ + ᠭᠡᠰᠢᠭᠦᠨ + ᠰᠢᠭᠦᠬᠦ ᠬᠤᠷᠢᠶ᠎ᠠ︾ ᠶᠢᠨ ᠢᠷᠭᠡᠨ ᠤ ᠪᠠ ᠬᠤᠳᠠᠯᠳᠤᠭᠠᠨ ᠤ ᠬᠡᠷᠡᠭ ᠤᠨ ᠵᠢᠭᠤᠷᠠᠯᠳᠤᠭᠠᠨ ᠢ ᠠᠷᠢᠯᠭᠠᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠵᠤ ᠂ ᠢᠳᠡᠭᠡᠨ ᠤ ᠵᠦᠢᠯ ᠤᠨ ︽ᠬᠤᠶᠠᠷ ᠢ ᠬᠡᠲᠦᠷᠡᠭᠦᠯᠦᠭᠰᠡᠨ ᠪᠠ ᠨᠢᠭᠡ ᠬᠠᠤᠯᠢ ᠪᠤᠰᠤ︾ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠵᠣᠯ ᠵᠢᠷᠭᠠᠯᠲᠤ ᠲᠥᠷᠥᠭᠳᠡᠯ ᠠᠮᠤᠷ ᠲᠦᠪᠰᠢᠨ ᠤ ᠲᠥᠷᠥᠭᠳᠡᠯ ᠲᠠᠰᠤᠷᠠᠯᠲᠠ ᠦᠭᠡᠢ ᠳᠡᠭᠡᠭᠰᠢᠯᠡᠪᠡ ᠃  ᠨᠠᠢᠮᠠ ᠳᠤ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠴᠢᠩᠭ᠎ᠠ ᠪᠣᠳᠠᠲᠠᠢ ᠰᠡᠷᠭᠡᠶᠢᠯᠡᠵᠦ ᠠᠷᠢᠯᠭᠠᠪᠠ ᠃ ᠪᠢᠳᠡ ︽2 • 22︾ ᠤᠨ ᠠᠳᠡᠯ ᠠᠴᠠ ᠭᠦᠨ ᠰᠤᠷᠭᠠᠮᠵᠢ ᠠᠪᠴᠤ ᠂ ᠬᠦᠨᠳᠦ ᠣᠨᠴᠠ ᠶᠡᠭᠡ ᠠᠳᠡᠯ ᠢ ᠰᠡᠷᠭᠡᠶᠢᠯᠡᠨ ᠬᠤᠷᠢᠭᠯᠠᠬᠤ 135 ᠵᠤᠷᠪᠤᠰ ᠬᠠᠲᠠᠭᠤ ᠴᠢᠩᠭ᠎ᠠ ᠠᠷᠭ᠎ᠠ ᠬᠡᠮᠵᠢᠶ᠎ᠡ ᠪᠠ ︽ᠭᠤᠷᠪᠠ ᠶᠢ ᠬᠠᠮᠢᠶᠠᠷᠬᠤ ᠳᠤ ᠭᠤᠷᠪᠠᠨ ᠡᠷᠬᠡᠪᠰᠢ ᠶᠢ ᠭᠦᠢᠴᠡᠳᠬᠡᠬᠦ︾ ᠲᠣᠭᠲᠠᠭᠠᠯ ᠤᠳ ᠢ ᠲᠣᠭᠲᠠᠭᠠᠨ ᠬᠡᠷᠡᠭᠵᠢᠭᠦᠯᠵᠦ ᠂ ᠶᠡᠭᠡ ᠪᠠᠷ ᠵᠢᠭᠰᠠᠭᠠᠨ ᠪᠠᠶᠢᠴᠠᠭᠠᠬᠤ ᠪᠠ ᠶᠡᠭᠡ ᠪᠠᠷ ᠴᠡᠭᠴᠡᠯᠡᠨ ᠵᠠᠰᠠᠬᠤ ᠶᠢ 3 ᠡᠭᠡᠯᠵᠢ ᠪᠠᠷ ᠳᠠᠷᠠᠭᠠᠯᠠᠨ ᠥᠷᠨᠢᠭᠦᠯᠵᠦ ᠂ ᠭᠤᠣᠯᠳᠠᠯᠭ᠎ᠠ ᠲᠠᠢ ᠬᠦᠷᠢᠶᠡᠨ ᠤ ᠲᠤᠰᠬᠠᠢ ᠴᠡᠭᠴᠡᠯᠡᠨ ᠵᠠᠰᠠᠬᠤ ᠪᠠ ᠰᠣᠯᠪᠢᠴᠠᠭᠤᠯᠤᠭᠠᠳ ᠪᠠᠶᠢᠴᠠᠭᠠᠬᠤ ᠶᠢ ᠭᠦᠨᠵᠡᠭᠡᠢ ᠥᠷᠨᠢᠭᠦᠯᠵᠦ ᠂ ᠪᠦᠬᠦ ᠵᠢᠯ ᠳᠤ ᠡᠭᠦᠰᠦᠭᠰᠡᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠲᠤᠭ᠎ᠠ ᠪᠠ ᠠᠳᠡᠭᠰᠡᠨ ᠬᠥᠮᠥᠨ ᠤ ᠲᠤᠭ᠎ᠠ ᠲᠤᠰ ᠪᠦᠷᠢ 22.8% ᠪᠠ 12.9% ᠪᠠᠭᠤᠷᠠᠪᠠ ᠃ ᠪᠢᠳᠡ ᠠᠵᠤ ᠠᠬᠤᠢ ᠶᠢᠨ ᠬᠦᠷᠢᠶᠡᠨ ᠳᠠᠬᠢ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠠᠷ ᠴᠢᠬᠤᠯᠠ ᠤᠯᠤᠰ ᠲᠦᠷᠣ ᠶᠢᠨ ᠡᠭᠦᠷᠭᠡ ᠪᠠᠨ ᠪᠣᠯᠭᠠᠵᠣ ᠂ ᠪᠠᠶᠢᠳᠠᠭ ᠢᠶᠠᠨ ᠰᠢᠪᠬᠠᠵᠤ ᠥᠷᠢ ᠲᠥᠯᠥᠬᠦ ᠶᠢ ᠪᠠᠷᠢᠮᠲᠠᠯᠠᠵᠤ ᠂ ︽1 + 8︾ ᠥᠷᠢ ᠥᠭᠴᠡᠭᠡ ᠶᠢ ᠠᠷᠢᠯᠭᠠᠬᠤ ᠲᠥᠰᠥᠯ ᠢ ᠲᠣᠭᠲᠠᠭᠠᠨ ᠨᠠᠶᠢᠳᠠᠪᠤᠷᠢᠵᠢᠭᠤᠯᠵᠤ ᠂ ︽ᠲᠦᠷᠪᠡᠨ ᠨᠢᠭᠡ ᠪᠦᠯᠦᠭ︾ ᠪᠠ ᠥᠷᠢ ᠥᠭᠴᠡᠭᠡ ᠶᠢ ᠠᠷᠢᠯᠭᠠᠬᠤ ᠱᠠᠩᠨᠠᠯ ᠨᠥᠬᠦᠪᠦᠷᠢ ᠠᠴᠠ 206 ᠳ᠋ᠦᠩᠰᠢᠭᠤᠷ ᠲᠥᠭᠦᠷᠢᠭ ᠭᠠᠷᠭᠠᠵᠤ ᠦᠨᠳᠦᠰᠦᠨ ᠱᠠᠲᠤᠨ ᠤ ᠥᠷᠢ ᠥᠭᠴᠡᠭᠡ ᠪᠠᠨ ᠠᠷᠢᠯᠭᠠᠬᠤ ᠶᠢ ᠳᠡᠮᠵᠢᠵᠣ ᠂ ᠥᠷᠢ ᠥᠭᠴᠡᠭᠡ ᠶᠢ ᠠᠷᠢᠯᠭᠠᠬᠤ ᠣᠨ ᠤ ᠡᠭᠦᠷᠭᠡ ᠪᠠᠨ ᠳᠠᠪᠠᠭᠤᠯᠤᠨ ᠪᠡᠶᠡᠯᠡᠭᠦᠯᠵᠦ ᠂ ᠠᠯᠠᠱᠠ ᠂ ᠦᠬᠠᠢ 2 ᠠᠶᠢᠮᠠᠭ ᠬᠤᠲᠠ ᠶᠢᠨ ᠲᠤᠰ ᠱᠠᠲᠤ ᠪᠠ ᠤᠷᠠᠳ ᠤᠨ ᠡᠮᠦᠨᠡᠲᠦ ᠬᠤᠰᠢᠭᠤ ᠂ ᠵᠦᠸᠧᠽᠢ ᠰᠢᠶᠠᠨ ᠵᠡᠷᠭᠡ 8 ᠬᠤᠰᠢᠭᠤ ᠰᠢᠶᠠᠨ ᠤᠯᠠᠪᠤᠷ ᠥᠩᠭᠡ ᠶᠢᠨ ᠳᠡᠰ ᠠᠴᠠ ᠭᠠᠷᠪᠠ ᠃ 7 ᠲᠦᠮᠡᠨ ᠢᠵᠢ ᠠᠰᠠᠷ ᠢ ᠴᠠᠭ ᠲᠤ ᠪᠠᠨ ᠪᠠᠲᠤᠯᠠᠨ ᠲᠤᠰᠢᠶᠠᠪᠠ ᠃   ᠨᠢᠭᠡ ᠵᠢᠯ ᠤᠨ ᠲᠤᠷᠰᠢ ᠂ ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠨ ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠲᠠᠭᠠᠯ ᠢ ᠭᠦᠨᠵᠡᠭᠡᠢ ᠲᠤᠭᠤᠰᠢᠯᠠᠭᠤᠯᠵᠤ ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ 6 ᠢᠵᠢ ᠠᠬᠢᠭᠤᠯᠬᠤ ᠳᠦᠷᠢᠮ ᠢ ᠬᠢᠨᠠᠮᠠᠭᠠᠢ ᠭᠦᠢᠴᠡᠳᠬᠡᠵᠦ ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠦᠬᠦ ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠵᠦ ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠰᠢᠯᠭᠠᠭᠤᠯᠬᠤ ᠰᠢᠯᠭᠠᠯᠲᠠ ᠶᠢᠨ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠬᠡᠷᠡᠭᠯᠡᠭᠰᠡᠨ ᠬᠢᠴᠢᠶᠡᠯ ᠲᠦᠷᠦᠯ ᠳᠤ ︽ᠠᠳᠠᠯᠢᠬᠠᠨ ᠬᠠᠭᠤᠳᠠᠰᠤ       ᠰᠢᠯᠭᠠᠯᠲᠠ︾ ᠶᠢ ᠠᠩᠬ᠎ᠠ ᠤᠳᠠᠭ᠎ᠠ ᠬᠡᠷᠡᠭᠵᠢᠭᠦᠯᠵᠦ ᠂ ᠳᠤᠮᠳᠠᠳᠤ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠡᠬᠢᠯᠡᠬᠦ ᠠᠩᠭᠢ ᠳᠤ ᠴᠥᠮ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠵᠦ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ ᠢ ᠬᠡᠯᠪᠡᠷᠢ ᠲᠠᠢ ᠰᠡᠳᠬᠢᠯᠭᠡ ᠲᠠᠢ ᠪᠦᠲᠦᠮᠵᠢᠲᠡᠢ ᠥᠷᠨᠢᠭᠦᠯᠵᠦ ᠂ ᠨᠠᠮ ᠤᠨ ᠠᠷᠠᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠰᠢᠰᠲ᠋ᠧᠮ ᠲᠠᠢ ᠡᠮᠬᠢᠯᠡᠨ ᠂ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠰᠡᠳᠬᠢᠯ ᠠᠴᠠ ᠪᠠᠨ ᠨᠠᠮ ᠤᠨ ᠰᠠᠶᠢᠨ ᠢ ᠣᠶᠢᠯᠠᠭᠠᠨ ᠮᠡᠳᠡᠷᠡᠭᠦᠯᠵᠦ ᠂ ᠨᠠᠮ ᠤᠨ ᠠᠴᠢ ᠳᠤ ᠲᠠᠯᠠᠷᠬᠠᠭᠤᠯᠤᠨ ᠂ ᠨᠠᠮ ᠢᠶᠠᠨ ᠲᠠᠭᠠᠨ ᠤᠷᠤᠭᠰᠢᠯᠠᠭᠤᠯᠪᠠ ᠃   ᠨᠢᠭᠡ ᠵᠢᠯ ᠤᠨ ᠲᠤᠷᠰᠢ ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠵᠦ ᠂ ᠣᠨᠣᠯ ᠢᠶᠠᠷ ᠵᠡᠪᠰᠡᠭᠯᠡᠬᠦ ᠪᠠᠨ ᠴᠢᠩᠭᠠᠷᠠᠭᠤᠯᠵᠤ ᠂ ᠪᠠᠶᠢᠴᠠᠭᠠᠨ ᠰᠤᠳᠤᠯᠤᠯᠲᠠ ᠬᠢᠬᠦ ᠪᠠᠨ ᠴᠢᠩᠭᠠᠳᠬᠠᠨ ᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠶᠢ ᠴᠢᠩᠭ᠎ᠠ ᠠᠳᠬᠤᠵᠤ ᠂ ᠲᠤᠰ ᠪᠡᠶ᠎ᠡ ᠶᠢᠨ ᠪᠠᠶᠢᠭᠤᠯᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ ᠂ ᠠᠵᠢᠯ ᠬᠢᠵᠦ ᠦᠢᠯᠡᠰ ᠴᠣᠭᠴᠠᠯᠠᠬᠤ ᠴᠤᠭ ᠵᠠᠯᠢ ᠪᠠᠨ ᠤᠯᠠᠮ ᠨᠢᠭᠡ ᠠᠯᠬᠤᠮ ᠬᠥᠭᠵᠢᠭᠡᠪᠡ︔ ᠲᠥᠪ ᠤᠨ ᠲᠣᠭᠤᠷᠢᠨ ᠪᠠᠶᠢᠴᠠᠭᠠᠯᠲᠠ ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠮᠳᠠᠭᠤᠯᠤᠨ ᠪᠠᠶᠢᠴᠠᠭᠠᠯᠲᠠ ᠂ ᠪᠠᠶᠢᠭᠠᠯᠢ ᠶᠢᠨ ᠡᠬᠢ ᠪᠠᠶᠠᠯᠢᠭ ᠤᠨ ᠰᠢᠮᠳᠠᠭᠤᠯᠤᠨ ᠪᠠᠶᠢᠴᠠᠭᠠᠯᠲᠠ ᠂ ᠬᠢᠨᠠᠨ ᠪᠣᠳᠣᠯᠲᠠ ᠶᠢᠨ ᠬᠢᠨᠠᠨ ᠪᠠᠶᠢᠴᠠᠭᠠᠯᠲᠠ ᠵᠡᠷᠭᠡ ᠳᠤ ᠢᠯᠡᠷᠡᠭᠦᠯᠦᠭᠰᠡᠨ ᠠᠰᠠᠭᠤᠳᠠᠯ ᠤᠳ ᠢ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠢᠶᠠᠨ ᠠᠰᠢᠭᠯᠠᠬᠤ ᠶᠢ ᠯᠠᠪᠳᠠᠭᠤᠨ ᠪᠠᠲᠤᠲᠠᠢ ᠠᠬᠢᠭᠤᠯᠵᠤ ᠂ ᠡᠯ᠎ᠡ ᠲᠠᠯ᠎ᠠ ᠶᠢᠨ  ᠬᠢᠨ ᠤ ᠬᠢᠨᠠᠯᠲᠠ ᠲᠠᠯᠪᠢᠯᠲᠠ ᠶᠢ ᠤᠬᠠᠮᠰᠠᠷ ᠠᠴᠠ ᠪᠠᠨ ᠬᠦᠯᠢᠶᠡᠵᠦ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ 660 ᠰᠠᠨᠠᠭᠤᠯᠭ᠎ᠠ ᠂ ᠤᠯᠤᠰ ᠲᠦᠷᠦ ᠶᠢᠨ ᠵᠥᠪᠯᠡᠯᠭᠡᠨ ᠤ 737 ᠰᠠᠨᠠᠯ ᠳᠤᠷᠠᠳᠤᠯᠭ᠎ᠠ ᠶᠢ ᠴᠠᠭ ᠲᠤ ᠨᠢ ᠭᠦᠢᠴᠡᠳᠬᠡᠨ ᠬᠠᠷᠢᠭᠤᠯᠵᠤ ᠂ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠢᠯᠭᠠᠷᠠᠭᠤᠯᠤᠨ ᠪᠠᠶᠢᠴᠠᠭᠠᠯᠲᠠ ᠪᠠ ᠲᠤᠷᠰᠢᠯᠲᠠ ᠶᠢᠨ ᠴᠡᠭ ᠤᠨ ᠡᠭᠦᠷᠭᠡ ᠪᠠᠨ ᠪᠡᠶᠡᠯᠡᠭᠦᠯᠪᠡ︔ ᠲᠥᠪ ᠤᠨ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ ᠂ ︽ᠳᠣᠯᠤᠭ᠎ᠠ ᠶᠢ ᠲᠠᠶᠠᠭᠳᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ ᠂ ︽ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ︾ ᠠᠰᠠᠭᠤᠳᠠᠯ ᠢ ᠬᠦᠴᠦᠯᠡᠨ ᠴᠡᠭᠴᠡᠯᠡᠨ ᠵᠠᠰᠠᠵᠤ ᠂ ᠵᠠᠰᠠᠭ ᠤᠨ ᠣᠷᠳᠣᠨ ᠤ ᠭᠦᠢᠴᠡᠳᠬᠡᠬᠦ ᠴᠢᠳᠠᠪᠤᠷᠢ ᠨᠡᠶᠢᠲᠡ ᠳᠤ ᠢᠲᠡᠭᠡᠭᠦᠯᠬᠦ ᠬᠦᠴᠦᠨ ᠤᠯᠠᠮ ᠨᠢᠭᠡ ᠠᠯᠬᠤᠮ ᠳᠡᠭᠡᠭᠰᠢᠯᠡᠪᠡ ᠃   ᠲᠥᠯᠥᠭᠡᠯᠡᠭᠴᠢᠳ ᠠ᠋ ︕ ᠪᠦᠬᠦ ᠣᠷᠣᠨ ᠤ ᠡᠯ᠎ᠡ ᠵᠦᠢᠯ ᠤᠨ ᠠᠵᠢᠯ ᠦᠢᠯᠡᠰ ᠤᠨ ᠣᠯᠣᠭᠰᠠᠨ ᠠᠯᠢᠪᠠ ᠬᠥᠭᠵᠢᠯᠲᠡ ᠳᠠᠪᠰᠢᠯᠲᠠ ᠶᠢᠨ ᠤᠭ ᠦᠨᠳᠦᠰᠦ ᠨᠢ ᠶᠡᠷᠦᠩᠬᠡᠢ ᠱᠦᠵᠢ ᠰᠢ ᠶᠢᠨ ᠫᠢᠩ ᠤᠨ ᠳᠣᠲᠣᠨᠣ ᠬᠠᠯᠠᠮᠵᠢᠯᠠᠯ ᠪᠠ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤ ᠪᠤᠢ ᠂ ᠮᠥᠨ ᠴᠦ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠮᠵᠢ ᠳᠤ ᠪᠠᠶᠢᠬᠤ ᠶᠤᠮ ᠂ ᠡᠨᠡ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠦᠴᠢᠷ ᠢ ᠰᠥᠷᠦᠨ ᠴᠢᠷᠮᠠᠶᠢᠨ ᠲᠡᠮᠡᠴᠡᠭᠰᠡᠨ ᠤ ᠦᠷ᠎ᠡ ᠳ᠋ᠦᠩ ᠪᠣᠯᠣᠨ᠎ᠠ ᠃ ᠠᠳᠡ ᠪᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠂ ᠥᠪᠥᠷ ᠮᠣᠩᠭᠤᠯ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠪᠦᠬᠦ ᠨᠥᠬᠦᠳ ᠂ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ︕  ᠪᠢᠳᠠ ᠪᠠᠰᠠ ᠮᠠᠨ ᠤ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠴᠥᠭᠡᠨ ᠪᠤᠰᠤ ᠳᠤᠲᠠᠭᠤᠳᠠᠯ ᠪᠠᠭᠤᠷᠠᠢ ᠲᠠᠯ᠎ᠠ ᠪᠠᠶᠢᠬᠤ ᠶᠢ ᠰᠡᠷᠭᠡᠭ ᠢᠶᠠᠷ ᠲᠠᠨᠢᠵᠤ ᠣᠯᠪᠠ ᠂ ᠭᠤᠣᠯᠳᠠᠭᠤ ᠨᠢᠭᠡ ᠪᠦᠯᠦᠭ ᠠᠰᠢᠭᠲᠠᠢ ᠲᠥᠷᠥ ᠶᠢᠨ ᠪᠣᠳᠣᠯᠭ᠎ᠠ ᠪᠠᠰᠠ ᠪᠦᠷᠢᠮᠦᠰᠦᠨ ᠦᠷ᠎ᠡ ᠪᠥᠲᠥᠮᠵᠢ ᠣᠯᠣᠭᠠᠳᠤᠢ ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠠᠯᠬᠤᠮ ᠪᠠᠰᠠ ᠴᠦ ᠤᠳᠠᠭᠠᠪᠲᠤᠷ ᠪᠠᠶᠢᠵᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠠᠷ ᠠᠵᠤ ᠦᠢᠯᠡᠰ ᠤᠨ ᠰᠢᠨ᠎ᠡ ᠶᠢ ᠡᠭᠦᠳᠬᠦ ᠶᠢ ᠬᠥᠲᠥᠯᠥᠨ ᠳᠠᠭᠠᠭᠤᠯᠬᠤ ᠴᠢᠳᠠᠪᠤᠷᠢ ᠪᠠᠰᠠ ᠲᠡᠶᠢᠮᠤ ᠴᠢᠩᠭ᠎ᠠ ᠪᠤᠰᠤ ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠳᠤ ᠪᠤᠰᠤᠳ ᠲᠤ ᠵᠢᠮᠡᠯᠡᠭᠳᠡᠬᠦ ᠭᠠᠵᠠᠷ ᠮᠥᠨ ᠪᠠᠭ᠎ᠠ ᠪᠤᠰᠤ ᠣᠷᠣᠰᠢᠭᠰᠠᠭᠠᠷ ᠂ ᠡᠬᠢ ᠪᠠᠶᠠᠯᠢᠭ ᠢ ᠪᠦᠷᠢᠯᠭᠡᠨ ᠰᠦᠢᠳᠬᠡᠬᠦ ᠦᠵᠡᠭᠳᠡᠯ ᠮᠥᠨ ᠣᠷᠣᠰᠢᠭᠰᠠᠭᠠᠷ ᠂ ︽ᠭᠠᠷ ᠳᠠᠮᠵᠢᠪᠠᠴᠤ ᠠᠰᠢᠭ ᠬᠦᠷᠲᠡᠬᠦ ᠦᠭᠡᠢ︾ ᠠᠰᠠᠭᠤᠳᠠᠯ ᠮᠥᠨ ᠵᠢᠩᠬᠢᠨᠢ ᠪᠠᠷ ᠰᠢᠢᠳᠪᠦᠷᠢᠯᠡᠭᠳᠡᠭᠡᠳᠦᠢ ᠂ ᠣᠷᠣᠨ ᠨᠤᠲᠤᠭ ᠤᠨ ᠥᠷᠢ ᠥᠭᠴᠡᠭᠡ ᠶᠢ ᠠᠷᠢᠯᠭᠠᠬᠤ ᠡᠭᠦᠷᠭᠡ ᠮᠥᠨ ᠮᠠᠰᠢ ᠬᠦᠨᠳᠦ ᠬᠡᠴᠡᠭᠦᠦ ᠪᠠᠶᠢᠭᠰᠠᠭᠠᠷ ᠂ ᠳᠤᠮᠳᠠ ᠵᠢᠵᠢᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠦᠭᠰᠢᠭᠦᠷᠢ ᠬᠠᠷᠠᠬᠠᠨ ᠠᠷᠢᠯᠤᠭ᠎ᠠ ᠦᠭᠡᠢ ᠂ ᠠᠶᠤᠯ ᠦᠭᠡᠢ ᠦᠢᠯᠡᠳᠪᠦᠷᠢᠯᠡᠯ ᠤᠨ ᠰᠠᠭᠤᠷᠢ ᠨᠢᠮᠭᠡᠨ ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠳᠤᠲᠠᠭᠤᠳᠠᠯ ᠢ ᠨᠥᠬᠦᠪᠦᠷᠢᠯᠡᠬᠦ ᠶᠢ ᠲᠤᠯᠭᠠᠮ ᠱᠠᠭᠠᠷᠳᠠᠵᠤ ᠪᠤᠢ ᠂ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠢ ᠂ ᠠᠵᠢᠯ ᠤᠨ ᠳᠤᠮᠳᠠ ︽ᠤᠳᠠᠭᠠᠨ ᠪᠦᠳᠦᠭᠦᠯᠢᠭ ᠬᠡᠶᠢᠰᠪᠦᠷᠢ︾ ᠠᠰᠠᠭᠤᠳᠠᠯ ᠤᠳ ᠠᠳᠠᠯᠢ ᠪᠤᠰᠤ ᠬᠡᠮᠵᠢᠶ᠎ᠡ ᠪᠠᠷ ᠣᠷᠣᠰᠢᠵᠤ ᠂ ᠵᠠᠷᠢᠮ ᠺᠠᠳ᠋ᠷᠴᠤᠳ ᠤᠨ ᠰᠡᠳᠬᠢᠮᠵᠢ ᠬᠠᠷᠠᠭ᠎ᠠ ᠨᠢ ᠲᠡᠨᠢᠭᠡᠷ ᠪᠤᠰᠤ ᠂ ᠡᠷᠳᠡᠮ ᠴᠢᠳᠠᠪᠤᠷᠢ ᠨᠢ ᠬᠦᠷᠦᠯᠴᠡᠬᠦ ᠦᠭᠡᠢ ᠂ ᠠᠵᠢᠯ ᠤᠨ ᠰᠤᠷᠲᠠᠯ ᠨᠢ ᠲᠥᠪ ᠪᠤᠰᠤ ᠪᠠᠶᠢᠨ᠎ᠠ ᠃ ᠬᠡᠷᠪᠡ ᠡᠳᠡᠭᠡᠷ ᠠᠰᠠᠭᠤᠳᠠᠯ ᠢ ᠰᠢᠢᠳᠪᠦᠷᠢᠯᠡᠬᠦ ᠦᠭᠡᠢ ᠪᠣᠯ ᠂ ᠮᠠᠨ ᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠬᠦᠨᠳᠦ ᠨᠣᠴᠢᠲᠠᠢ ᠬᠦᠯᠢᠶᠡᠰᠦᠯᠡᠵᠦ ᠂ ᠰᠢᠨ᠎ᠡ ᠵᠠᠮ ᠢ ᠨᠡᠭᠡᠭᠡᠵᠦ ᠂ ᠳᠤᠮᠳᠠ ᠲᠦᠪᠰᠢᠨ ᠳᠤ ᠣᠷᠣᠬᠤ ᠬᠠᠷᠠᠯᠲᠠ ᠪᠠᠨ ᠪᠡᠶᠡᠯᠡᠭᠦᠯᠬᠦ ᠳᠤ ᠪᠡᠷᠬᠡ ᠪᠣᠯᠣᠨ᠎ᠠ ᠂ ᠡᠶᠢᠮᠦ ᠠᠴᠠ ᠪᠢᠳᠡ ᠦᠨᠡᠨ ᠪᠣᠳᠠᠲᠠᠢ ᠠᠷᠭ᠎ᠠ ᠬᠡᠮᠵᠢᠶ᠎ᠡ ᠠᠪᠴᠤ ᠂ ᠬᠠᠨᠳᠤᠯᠭᠠᠲᠤ ᠴᠢᠨᠠᠷᠲᠠᠢ ᠪᠠᠷ ᠰᠢᠢᠳᠪᠦᠷᠢᠯᠡᠬᠦ ᠬᠡᠷᠡᠭᠲᠡᠢ ᠃ ᠬᠤᠶᠠᠷ ᠂ 2024 ᠣᠨ ᠤ ᠠᠵᠢᠯ ᠤᠨ ᠲᠣᠬᠢᠷᠠᠭᠤᠯᠤᠯᠲᠠ   ᠣᠳᠣᠬᠠᠨ ᠳᠤ ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠠᠨᠳᠤᠰᠢ ᠮᠠᠰᠢ ᠰᠠᠶᠢᠨ ᠪᠠᠶᠢᠵᠤ ᠂ ᠠᠵᠠ ᠲᠣᠬᠢᠶᠠᠯ ᠲᠣᠬᠢᠶᠠᠯᠳᠤᠬᠤᠶ᠎ᠠ ᠪᠡᠷᠬᠡ ᠶᠤᠮ ᠃ ᠶᠡᠷᠦᠩᠬᠡᠢ ᠱᠦᠵᠢ ᠰᠢ ᠶᠢᠨ ᠫᠢᠩ ᠤᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠬᠢᠭᠡᠳ ᠨᠠᠮ ᠤᠨ ᠲᠥᠪ ᠬᠤᠷᠢᠶᠠᠨ ᠤ ᠬᠠᠯᠠᠮᠵᠢᠯᠠᠯ ᠳᠡᠮᠵᠢᠯᠭᠡ ᠪᠣᠯ ᠪᠢᠳᠡᠨ ᠤ ᠡᠷᠡᠮᠡᠬᠡᠶᠢᠯᠡᠨ ᠤᠷᠤᠭᠰᠢᠯᠠᠬᠤ ᠬᠠᠮᠤᠭ ᠤᠨ ᠶᠡᠭᠡ ᠬᠥᠳᠡᠯᠭᠡᠭᠴᠢ ᠬᠦᠴᠦᠨ ᠶᠤᠮ ᠂ ᠪᠢᠳᠡ ᠬᠤᠪᠢ ᠳᠠᠬᠢᠨ ᠨᠠᠨᠳᠢᠩᠨᠠᠵᠤ ᠂ ᠠᠴᠢ ᠡᠨᠡᠷᠢᠯ ᠳᠤ ᠲᠠᠯᠠᠷᠬᠠᠵᠤ ᠴᠢᠷᠮᠠᠶᠢᠨ ᠤᠷᠤᠭᠰᠢᠯᠠᠬᠤ ᠬᠡᠷᠡᠭᠲᠡᠢ︔ ᠡᠨᠡ ᠬᠤᠶᠠᠷ ᠵᠢᠯ ᠮᠠᠨ ᠤ ᠣᠷᠣᠨ ᠤ ᠬᠥᠭᠵᠢᠯᠲᠡ ᠶᠢᠨ ᠴᠤᠪᠤᠭ᠎ᠠ ᠲᠡᠷᠭᠡ ᠬᠤᠷᠳᠤ ᠨᠡᠮᠡᠨ ᠤᠷᠤᠭᠰᠢᠯᠠᠭᠰᠠᠨ ᠨᠢ ᠮᠠᠰᠢ ᠬᠢᠯᠪᠠᠷ ᠪᠤᠰᠤ ᠤᠴᠢᠷ ᠪᠣᠯᠣᠨ᠎ᠠ ᠂ ᠪᠢᠳᠡ ᠬᠤᠪᠢ ᠳᠠᠬᠢᠨ ᠴᠢᠷᠮᠠᠶᠢᠬᠤ ᠬᠡᠷᠡᠭᠲᠡᠢ ᠂ ᠤᠳᠠᠭᠠᠰᠢᠷᠠᠵᠤ ᠪᠣᠯᠬᠤ ᠦᠭᠡᠢ︔ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠺᠠᠳ᠋ᠷᠴᠤᠳ ᠤᠨ ᠬᠠᠷᠢᠭᠤᠴᠠᠯᠭ᠎ᠠ ᠪᠠᠨ ᠡᠭᠦᠷᠭᠡᠯᠡᠵᠦ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠵᠤ ᠪᠠᠶᠢᠭᠠᠳ ᠪᠤᠢ ᠪᠣᠯᠤᠭᠰᠠᠨ ᠡᠷᠡᠮᠡᠬᠡᠶᠢᠯᠡᠨ ᠳᠠᠪᠠᠵᠤ ᠲᠡᠷᠢᠭᠦᠨ ᠤ ᠬᠢ ᠶᠢ ᠬᠥᠭᠡᠭᠡᠴᠡᠯᠳᠦᠬᠦ ᠂ ᠬᠥᠭᠵᠢᠯᠲᠡ ᠶᠢ ᠲᠦᠷᠭᠡᠨ ᠠᠳᠬᠤᠬᠤ ᠭᠦᠨ ᠵᠤᠵᠠᠭᠠᠨ ᠠᠭᠤᠷ ᠠᠮᠢᠰᠬᠤᠯ ᠨᠢ ᠲᠤᠶᠢᠯ ᠤᠨ ᠬᠤᠪᠣᠷ ᠨᠠᠨᠳᠢᠨ ᠶᠤᠮ ᠂ ᠪᠢᠳᠡ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ ᠂ ᠰᠢᠨ᠎ᠡ ᠥᠨᠳᠥᠷᠴᠡ ᠳᠤ ᠭᠠᠷᠬᠤ ᠪᠠᠷ ᠴᠢᠷᠮᠠᠶᠢᠬᠤ ᠬᠡᠷᠡᠭᠲᠡᠢ ᠃   ᠨᠠᠮ ᠤᠨ ᠲᠥᠪ ᠬᠤᠷᠢᠶᠠᠨ ᠠᠴᠠ ᠨᠢᠭᠡᠨᠲᠡ ᠡᠨᠡ ᠵᠢᠯ ᠤᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠬᠦ ᠳᠤ ᠪᠠᠶᠢᠷᠢᠯᠠᠭᠤᠯᠤᠯᠲᠠ ᠬᠢᠪᠡ ᠂ ᠪᠢᠳᠡ ᠡᠷᠬᠡᠪᠰᠢ ᠪᠣᠳᠠᠲᠠᠢ ᠲᠠᠢ ᠪᠠᠨ ᠤᠶᠠᠯᠳᠤᠭᠤᠯᠤᠨ ᠂ ᠲᠤᠭᠤᠰᠢᠯᠠᠭᠤᠯᠤᠯᠲᠠ ᠨᠠᠶᠢᠳᠠᠪᠤᠷᠢᠵᠢᠭᠤᠯᠤᠯᠲᠠ ᠶᠢ ᠪᠦᠲᠦᠭᠡᠯᠴᠢ ᠪᠠᠷ ᠰᠠᠶᠢᠲᠤᠷ ᠠᠳᠬᠤᠬᠤ ᠬᠡᠷᠡᠭᠲᠡᠢ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠳᠣᠯᠣᠳᠤᠭᠠᠷ ᠪᠦᠭᠦᠳᠡ ᠬᠤᠷᠠᠯ ᠳᠡᠭᠡᠷ᠎ᠡ ᠳᠤᠷᠠᠳᠤᠭᠰᠠᠨ ︽ᠵᠢᠷᠭᠤᠭᠠᠨ ᠢᠨᠵᠧᠨᠧᠷᠢᠩ︾ ᠨᠢ ᠪᠦᠬᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠲᠤᠯᠭᠠᠭᠤᠷᠢᠯᠠᠬᠤ ᠴᠢᠨᠠᠷᠲᠠᠢ ᠂ ᠬᠥᠲᠥᠯᠥᠨ ᠳᠠᠭᠠᠭᠤᠯᠬᠤ ᠴᠢᠨᠠᠷᠲᠠᠢ ᠂ ᠬᠥᠰᠢᠵᠦ ᠬᠥᠳᠡᠯᠭᠡᠬᠦ ᠴᠢᠨᠠᠷᠲᠠᠢ ᠦᠢᠯᠡᠳᠦᠯ ᠪᠦᠬᠦᠢ ᠴᠢᠬᠤᠯᠠ ᠶᠡᠭᠡ ᠡᠭᠦᠷᠭᠡ ᠪᠣᠯᠣᠨ᠎ᠠ ᠂ ᠪᠢᠳᠡ ᠡᠷᠬᠡᠪᠰᠢ ᠬᠢᠨᠠᠮᠠᠭᠠᠢ ᠵᠣᠬᠢᠶᠠᠨ ᠪᠠᠶᠢᠭᠤᠯᠵᠤ ᠂ ᠵᠦᠢᠯ ᠵᠤᠷᠪᠤᠰ ᠳᠠᠷᠠᠭᠠᠯᠠᠨ ᠲᠠᠭᠠᠨ ᠮᠥᠷᠳᠡᠵᠦ ᠨᠠᠶᠢᠳᠠᠪᠤᠷᠢᠵᠢᠭᠤᠯᠬᠤ ᠬᠡᠷᠡᠭᠲᠡᠢ ᠃   ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠦᠭᠦᠳᠡ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ ᠂ ᠡᠨᠡ ᠵᠢᠯ ᠤᠨ ᠠᠵᠢᠯ ᠢ ᠰᠠᠶᠢᠲᠤᠷ ᠬᠢᠬᠦ ᠳᠤ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠭᠤᠰᠢᠯᠠᠭᠤᠯᠵᠤ ᠂ ᠲᠣᠭᠲᠠᠭᠤᠨ ᠪᠠᠶᠢᠯᠭᠠᠬᠤ ᠶᠢᠨ ᠳᠠᠭᠠᠤ ᠤᠷᠤᠭᠰᠢᠯᠠᠬᠤ ᠠᠵᠢᠯ ᠤᠨ ᠶᠡᠷᠦᠩᠬᠡᠢ ᠦᠨᠳᠦᠰᠦᠨ ᠰᠠᠨᠠᠭ᠎ᠠ ᠶᠢ ᠪᠠᠷᠢᠮᠲᠠᠯᠠᠵᠤ ᠂ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠨ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠵᠤ ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠰᠢᠨ᠎ᠡ ᠵᠠᠮ ᠢ ᠨᠡᠭᠡᠭᠡᠨ ᠂ ᠳᠤᠮᠳᠠ ᠲᠦᠪᠰᠢᠨ ᠳᠤ ᠣᠷᠣᠵᠤ ᠂ ᠣᠮᠤᠭ ᠵᠣᠷᠢᠭ ᠪᠠᠳᠠᠷᠠᠩᠭᠤᠢ ᠪᠠᠷ ᠡᠷᠡᠯᠬᠡᠭᠯᠡᠨ ᠲᠡᠮᠡᠴᠡᠵᠦ ᠂ ᠵᠣᠷᠢᠭᠲᠠᠢ ᠤᠷᠤᠭᠰᠢᠯᠠᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠲᠠᠰᠤᠷᠠᠯᠲᠠ ᠦᠭᠡᠢ ᠪᠢᠴᠢᠭᠯᠡᠨ᠎ᠡ ᠃   ᠪᠦᠬᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6% ᠠᠴᠠ ᠳᠡᠭᠡᠭᠰᠢ ᠨᠡᠮᠡᠭᠳᠡᠭᠦᠯᠦᠨ᠎ᠡ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 7% ᠣᠷᠴᠢᠮ ᠨᠡᠮᠡᠭᠳᠡᠭᠦᠯᠦᠨ᠎ᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 15% ᠣᠷᠴᠢᠮ ᠨᠡᠮᠡᠭᠳᠡᠭᠦᠯᠦᠨ᠎ᠡ︔ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ ᠠᠳᠠᠯᠢ ᠪᠠᠷᠢᠮᠵᠢᠶ᠎ᠠ ᠪᠠᠷ 5.5% ᠣᠷᠴᠢᠮ ᠨᠡᠮᠡᠭᠳᠡᠭᠦᠯᠦᠨ᠎ᠡ︔ ᠬᠤᠲᠠ ᠪᠠᠯᠭᠠᠰᠤᠨ ᠤ 18 ᠲᠦᠮᠡ ᠭᠠᠷᠤᠢ ᠬᠥᠮᠥᠨ ᠳᠤ ᠰᠢᠨ᠎ᠡ ᠪᠠᠷ ᠠᠵᠢᠯ ᠣᠯᠭᠤᠵᠤ ᠂ ᠬᠤᠲᠠ ᠪᠠᠯᠭᠠᠰᠤᠨ ᠤ ᠪᠠᠶᠢᠴᠠᠭᠠᠯᠲᠠ ᠳᠠᠬᠢ ᠠᠵᠢᠯ ᠠᠯᠳᠠᠭᠰᠠᠳ ᠤᠨ ᠨᠣᠷᠮ᠎ᠠ ᠶᠢ 6% ᠣᠷᠴᠢᠮ ᠪᠠᠶᠢᠯᠭᠠᠨ᠎ᠠ︔ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ ᠯᠦᠭᠡ ᠦᠨᠳᠦᠰᠦᠨ ᠳᠤ ᠪᠠᠨ ᠠᠳᠠᠯᠢ ᠪᠠᠶᠢᠯᠭᠠᠨ᠎ᠠ︔ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠶᠢᠨ ᠥᠰᠦᠯᠲᠡ ᠶᠢ 3% ᠣᠷᠴᠢᠮ ᠪᠠᠶᠢᠯᠭᠠᠨ᠎ᠠ︔ ᠨᠢᠭᠡᠴᠢ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠡᠨᠧᠷᠭᠢ ᠶᠢᠨ ᠬᠤᠷᠣᠭᠳᠠᠯ ᠢ 1.6% ᠣᠷᠴᠢᠮ ᠪᠠᠭᠤᠷᠠᠭᠤᠯᠤᠨ᠎ᠠ ᠃ ᠡᠳᠡᠭᠡᠷ ᠬᠠᠷᠠᠯᠲᠠ ᠨᠢ ᠨᠠᠮ ᠤᠨ ᠲᠥᠪ ᠬᠤᠷᠢᠶᠠᠨ ᠤ ᠲᠣᠭᠲᠠᠭᠤᠨ ᠪᠠᠶᠢᠯᠭᠠᠬᠤ ᠶᠢᠨ ᠳᠠᠭᠠᠤ ᠤᠷᠤᠭᠰᠢᠯᠠᠬᠤ ᠂ ᠤᠷᠤᠭᠰᠢᠯᠠᠬᠤ ᠪᠠᠷ ᠲᠣᠭᠲᠠᠭᠤᠨ ᠪᠠᠶᠢᠳᠠᠯ ᠢ ᠠᠬᠢᠭᠤᠯᠬᠤ ᠂ ᠤᠷᠢᠳ ᠢᠶᠠᠷ ᠲᠣᠭᠲᠠᠭᠠᠵᠤ ᠳᠠᠷᠠᠭ᠎ᠠ ᠨᠢ ᠥᠭᠡᠷᠡᠴᠢᠯᠡᠬᠦ ᠴᠢᠬᠤᠯᠠ ᠱᠠᠭᠠᠷᠳᠠᠯᠭ᠎ᠠ ᠶᠢ ᠲᠤᠭᠤᠰᠢᠯᠠᠭᠤᠯᠵᠤ ᠂ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠬᠦ ᠂ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠂ ᠨᠡᠶᠢᠭᠡᠮ ᠤᠨ ᠵᠢᠱᠢᠯᠲᠡ ᠶᠢ ᠰᠠᠶᠢᠵᠢᠷᠠᠭᠤᠯᠬᠤ ᠢᠯᠡ ᠲᠣᠳᠣ ᠬᠥᠲᠥᠯᠥᠮᠵᠢ ᠶᠢ ᠬᠠᠷᠠᠭᠤᠯᠵᠤ ᠂ ᠶᠡᠷᠦᠩᠬᠡᠢ ᠳᠤ ᠪᠠᠨ ᠥᠭᠡᠳᠡᠷᠬᠡᠭ ᠪᠠᠶᠢᠵᠤ ᠂ ᠬᠦᠴᠦ ᠭᠠᠷᠭᠠᠵᠤ ᠬᠦᠴᠦᠯᠡᠨ ᠲᠡᠮᠡᠴᠡᠬᠦ ᠴᠢᠬᠤᠯᠠᠲᠠᠢ ᠃ ᠪᠢᠳᠡ ᠡᠷᠬᠡᠪᠰᠢ ᠢᠲᠡᠭᠡᠯ ᠵᠣᠷᠢᠭ ᠢᠶᠠᠨ ᠪᠠᠲᠤᠳᠬᠠᠨ ᠂ ᠦᠨᠡᠨ ᠪᠣᠳᠠᠲᠠᠢ ᠪᠠᠷ ᠠᠵᠢᠯᠯᠠᠵᠤ ᠂ ᠠᠯᠢ ᠰᠠᠶᠢᠨ ᠠᠯᠢ ᠲᠦᠷᠭᠡᠨ ᠪᠠᠶᠢᠬᠤ ᠶᠢ ᠪᠠᠷᠢᠮᠲᠠᠯᠠᠵᠤ ᠂ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠣᠭᠠᠨ ᠤ ᠨᠡᠮᠡᠭᠳᠡᠯ ᠤᠨ ᠬᠤᠷᠳᠤᠴᠠ ᠶᠢ ᠦᠷᠭᠦᠯᠵᠢᠯᠡᠨ ᠪᠦᠬᠦ ᠤᠯᠤᠰ ᠤᠨ ᠲᠡᠷᠢᠭᠦᠨ ᠡᠩᠨᠡᠭᠡᠨ ᠳᠤ ᠪᠠᠶᠢᠯᠭᠠᠬᠤ ᠪᠠᠷ ᠴᠢᠷᠮᠠᠶᠢᠨ᠎ᠠ ᠃   ᠭᠤᠣᠯᠳᠠᠭᠤ ᠳᠠᠷᠠᠭᠠᠬᠢ 10 ᠲᠠᠯ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ ᠃  ︵ᠨᠢᠭᠡ︶ ᠪᠦᠬᠦ ᠬᠦᠴᠦᠨ ᠢᠶᠠᠷ ᠢᠶᠠᠨ ᠲᠥᠷᠥ ᠶᠢᠨ ᠪᠣᠳᠣᠯᠭ᠎ᠠ ᠶᠢᠨ ᠪᠤᠲᠠᠲᠠᠶᠢᠵᠢᠭᠤᠯᠤᠯᠲᠠ ᠶᠢ ᠠᠳᠬᠤᠨ᠎ᠠ ᠃ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠬᠤ ᠢᠨᠵᠧᠨᠧᠷᠢᠩ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠭᠰᠠᠨ ︽ᠵᠢᠷᠭᠤᠭᠠᠨ ᠢᠨᠵᠧᠨᠧᠷᠢᠩ︾ ᠤᠨ ᠲᠡᠷᠢᠭᠦᠨ ᠢᠨᠵᠧᠨᠧᠷᠢᠩ ᠪᠣᠯᠣᠨ᠎ᠠ ᠂ ᠪᠦᠬᠦ ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ ᠬᠢᠨ ᠡᠨᠡ ᠵᠢᠯ ᠢ ︽ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠵᠢᠯ︾ ᠪᠣᠯᠭᠠᠵᠤ ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ︽ᠴᠠᠭᠠᠰᠤᠨ ᠳᠡᠭᠡᠷ᠎ᠡ︾ ᠠᠴᠠ ︽ᠭᠠᠵᠠᠷ ᠲᠤᠰᠬᠠᠵᠤ︾ ᠪᠣᠳᠠᠲᠠᠶᠢᠵᠢᠭᠤᠯᠬᠤ ᠶᠢ ᠪᠦᠬᠦ ᠲᠠᠯ᠎ᠠ ᠪᠠᠷ ᠠᠬᠢᠭᠤᠯᠵᠤ ᠂ ᠲᠥᠷᠥ ᠶᠢᠨ ᠪᠣᠳᠣᠯᠭ᠎ᠠ ᠶᠢᠨ ᠠᠰᠢᠭ ᠢ ᠦᠨᠡᠨ ᠬᠦ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ ᠃ ᠲᠥᠷᠥ ᠶᠢᠨ ᠶᠠᠪᠤᠳᠠᠯ ᠤᠨ ᠬᠤᠷᠢᠶᠠᠨ ᠤ ᠳᠡᠮᠵᠢᠯᠭᠡ ᠶᠢᠨ ᠰᠠᠨᠠᠯ ᠵᠢᠴᠢ ᠡᠯ᠎ᠡ ᠶᠠᠮᠤᠨ ᠵᠥᠪᠯᠡᠯ ᠤᠨ ᠢᠵᠢ ᠪᠦᠷᠢᠳᠦᠭᠦᠯᠦᠭᠰᠡᠨ ᠠᠷᠭ᠎ᠠ ᠬᠡᠮᠵᠢᠶ᠎ᠡ ᠂ ᠶᠠᠮᠤᠨ ᠥᠪᠡᠷᠲᠡᠭᠡᠨ ᠵᠠᠰᠠᠬᠤ ᠣᠷᠣᠨ ᠤ ᠬᠠᠮᠲᠤᠷᠠᠯᠴᠠᠭᠠᠨ ᠤ ᠵᠥᠪᠯᠡᠯᠴᠡᠭᠡᠷ ᠢ ᠭᠦᠢᠴᠡᠳ ᠰᠠᠶᠢᠲᠤᠷ ᠠᠰᠢᠭᠯᠠᠵᠤ ᠂ ᠮᠠᠨ ᠤ ᠣᠷᠣᠨ ᠤ ᠬᠦᠷᠲᠡᠵᠦ ᠪᠠᠶᠢᠭ᠎ᠠ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠂ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠰᠢᠪᠲᠤᠯᠤᠯᠲᠠ ᠶᠢᠨ ᠳᠠᠶᠢᠯᠠᠯᠳᠤᠭᠠᠨ ᠵᠡᠷᠭᠡ ᠤᠯᠤᠰ ᠤᠨ ᠪᠠᠶᠢᠯᠳᠤᠬᠤ ᠪᠣᠳᠣᠯᠭ᠎ᠠ ᠶᠢᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠭᠦᠢᠴᠡᠳ ᠰᠠᠶᠢᠲᠤᠷ ᠠᠰᠢᠭᠯᠠᠵᠤ ᠂ ᠤᠯᠤᠰ ᠤᠨ ᠬᠥᠭᠵᠢᠭᠡᠳᠦᠢ ᠭᠠᠵᠠᠷ ᠣᠷᠣᠨ ᠂ ᠡᠬᠢ ᠪᠠᠶᠠᠯᠢᠭ ᠤᠨ ᠬᠡᠯᠪᠡᠷᠢ ᠪᠦᠬᠦᠢ ᠭᠠᠵᠠᠷ ᠣᠷᠣᠨ ᠂ ᠬᠢᠯᠢ ᠬᠢᠵᠠᠭᠠᠷ ᠤᠨ ᠭᠠᠵᠠᠷ ᠣᠷᠣᠨ ᠂ ᠦᠨᠳᠦᠰᠦᠲᠡᠨ ᠤ ᠭᠠᠵᠠᠷ ᠣᠷᠣᠨ ᠳᠠᠬᠢ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠭᠦᠢᠴᠡᠳ ᠰᠠᠶᠢᠲᠤᠷ ᠠᠰᠢᠭᠯᠠᠵᠤ ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠳᠡᠭᠡᠷ᠎ᠡ ᠳᠤᠷᠠᠳᠤᠭᠰᠠᠨ ᠰᠢᠨ᠎ᠡ ᠨᠢᠭᠡ ᠪᠦᠯᠦᠭ ᠠᠰᠢᠭᠲᠠᠢ ᠲᠥᠷᠥ ᠶᠢᠨ ᠪᠣᠳᠣᠯᠭ᠎ᠠ ᠶᠢ ᠭᠦᠢᠴᠡᠳ ᠰᠠᠶᠢᠲᠤᠷ ᠠᠰᠢᠭᠯᠠᠵᠤ ᠂ ᠳᠡᠮᠵᠢᠯᠭᠡ ᠶᠢᠨ ᠲᠥᠷᠥ ᠶᠢᠨ ᠪᠣᠳᠣᠯᠭ᠎ᠠ ᠪᠦᠷᠢ ᠶᠢ ᠴᠥᠮ ᠦᠨᠡᠨ ᠪᠣᠳᠠᠲᠠᠢ ᠪᠥᠭᠡᠳ ᠮᠡᠳᠡᠷᠡᠵᠦ ᠬᠦᠷᠲᠡᠵᠦ ᠪᠣᠯᠬᠤᠶᠢᠴᠠ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ ᠂ ᠳᠡᠮᠵᠢᠯᠭᠡ ᠶᠢᠨ ᠵᠦᠢᠯᠡᠰ ᠪᠦᠷᠢ ᠶᠢ ᠴᠥᠮ ᠨᠢᠳᠦᠨ ᠳᠤ ᠦᠵᠡᠭᠳᠡᠮ᠎ᠡ ᠂ ᠭᠠᠷ ᠲᠤ ᠪᠠᠷᠢᠭᠳᠠᠮ᠎ᠠ ᠲᠦᠷᠦᠯ ᠵᠦᠢᠯ ᠪᠣᠯᠭᠠᠬᠤ ᠬᠡᠷᠡᠭᠲᠡᠢ ᠂ ᠶᠠᠭᠠᠬᠢᠭᠰᠠᠨ ᠴᠦ ᠨᠠᠮ ᠤᠨ ᠲᠥᠪ ᠬᠤᠷᠢᠶᠠᠨ ᠤ ᠳᠡᠮᠵᠢᠯᠭᠡ ᠶᠢ ᠬᠥᠰᠡᠷᠳᠡᠭᠦᠯᠵᠦ ᠪᠣᠯᠬᠤ ᠦᠭᠡᠢ ᠂ ᠡᠷᠬᠢᠮ ᠨᠠᠨᠳᠢᠨ ᠠᠵᠠ ᠲᠣᠬᠢᠶᠠᠯ ᠢ ᠠᠯᠳᠠᠵᠤ ᠪᠣᠯᠬᠤ ᠦᠭᠡᠢ ᠃  ︵ᠬᠤᠶᠠᠷ︶ ᠪᠡᠯᠡ ᠣᠷᠣᠭᠤᠯᠤᠯᠲᠠ ᠪᠠᠷ ᠳᠠᠶᠢᠴᠢᠯᠠᠬᠤ ᠪᠠᠶᠢᠯᠳᠤᠬᠤ ᠪᠣᠳᠣᠯᠭ᠎ᠠ ᠶᠢ ᠰᠢᠭᠤᠷᠬᠠᠢ ᠬᠡᠷᠡᠭᠵᠢᠭᠦᠯᠦᠨ᠎ᠡ ᠃ ᠡᠨᠡ ᠬᠤᠶᠠᠷ ᠵᠢᠯ ᠳᠤ ᠮᠠᠨ ᠤ ᠣᠷᠣᠨ ᠤ ᠠᠵᠤ ᠠᠬᠤᠢ ᠲᠦᠷᠭᠡᠨ ᠬᠥᠭᠵᠢᠭᠰᠡᠨ ᠨᠢ ᠭᠤᠣᠯᠳᠠᠭᠤ ᠪᠡᠯᠡ ᠣᠷᠣᠭᠤᠯᠤᠯᠲᠠ ᠶᠢᠨ ᠳᠠᠶᠢᠴᠢᠯᠠᠭᠰᠠᠨ ᠳᠤ ᠪᠠᠶᠢᠬᠤ ᠶᠤᠮ ᠂ ᠡᠶᠢᠮᠦᠷᠬᠦᠦ ᠬᠠᠨᠳᠤᠰᠢ ᠪᠠ ᠡᠷᠴᠢᠮ ᠢ ᠪᠠᠷᠢᠮᠲᠠᠯᠠᠨ ᠂ ᠠᠷᠠᠳ ᠤᠨ ᠳᠤᠮᠳᠠᠬᠢ ᠪᠡᠯᠡ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠢ ᠦᠷᠭᠦᠯᠵᠢᠯᠡᠨ ᠬᠥᠭᠵᠢᠭᠡᠵᠦ ᠂ ᠴᠢᠬᠤᠯᠠ ᠶᠡᠭᠡ ᠲᠦᠷᠦᠯ ᠵᠦᠢᠯ ᠤᠨ ᠪᠡᠯᠡ ᠣᠷᠣᠭᠤᠯᠣᠯᠳᠡ ᠶᠢ 9000 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠢ ᠃ ᠠᠵᠤ ᠦᠢᠯᠡᠰ ᠤᠨ ᠪᠡᠯᠡ ᠣᠷᠣᠭᠤᠯᠤᠯᠲᠠ ᠶᠢ ᠰᠤᠯᠠᠷᠠᠰᠢ ᠦᠭᠡᠢ ᠴᠢᠩᠭ᠎ᠠ ᠠᠳᠬᠤᠨ᠎ᠠ ᠃ ᠮᠠᠨ ᠤ ᠣᠷᠣᠨ ᠤ ᠡᠯᠡᠰᠦᠨ ᠴᠦᠯ ᠭᠤᠪᠢ ᠴᠥᠯᠡᠷᠬᠡᠭ ᠣᠷᠣᠨ ᠳᠠᠬᠢ ᠲᠣᠮᠣ ᠬᠡᠯᠪᠡᠷᠢ ᠶᠢᠨ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠭᠡᠷᠡᠯᠴᠢ ᠴᠡᠨᠡᠭ ᠤᠨ 4 ᠰᠠᠭᠤᠷᠢᠨ ᠭᠠᠵᠠᠷ ᠢ ᠨᠢᠭᠡᠨᠲᠡ ᠴᠥᠮ ᠤᠯᠤᠰ ᠤᠨ ᠲᠥᠯᠦᠪᠵᠢᠭᠦᠯᠭᠡ ᠳᠤ ᠣᠷᠣᠭᠤᠯᠵᠤ ᠂ ᠬᠠᠮᠤᠭ ᠬᠦᠴᠦ ᠪᠠᠷ ᠢᠶᠠᠨ ᠲᠦᠷᠭᠡᠳᠬᠡᠨ ᠪᠦᠲᠦᠭᠡᠨ ᠪᠠᠶᠢᠭᠤᠯᠬᠤ ᠬᠡᠷᠡᠭᠲᠡᠢ ᠃ ᠠᠲ᠋ᠧᠰ ᠭᠡᠷᠡᠯᠴᠢ ᠴᠡᠨᠡᠭ ᠂ ᠰᠠᠢ ᠱᠧᠩ ᠡᠯᠧᠺᠲᠷᠣᠨ ᠳᠡᠰ ᠤᠨ ᠨᠡᠭᠦᠷᠡᠰᠦᠲᠥ᠋ᠷᠥᠭᠴᠢᠲᠦ ᠴᠠᠬᠢᠭᠤᠷ ᠂ ᠪᠣᠣ ᠹᠧᠩ ᠨᠡᠭᠦᠷᠡᠰᠦ ᠪᠠᠷ ᠦᠢᠯᠡᠳᠦᠭᠰᠡᠨ ᠠᠯᠺᠧᠨ ᠨᠡᠬᠦᠷᠦᠭᠴᠢ ᠂ ᠬᠤᠸᠠ ᠸᠧᠢ ᠡᠭᠦᠯᠡᠨ ᠳ᠋ᠠᠶᠢᠲ᠋ᠠ ᠶᠢᠨ ᠲᠥᠪ ᠵᠡᠷᠭᠡ ᠨᠢᠭᠡ ᠪᠦᠯᠦᠭ ᠮᠢᠩᠭᠠᠨ ᠳ᠋ᠦᠩᠰᠢᠭᠤᠷ ᠳᠡᠰ ᠤᠨ ᠪᠡᠯᠡᠭᠡ ᠲᠡᠮᠳᠡᠭ ᠤᠨ ᠴᠢᠨᠠᠷᠲᠠᠢ ᠲᠦᠷᠦᠯ ᠵᠦᠢᠯ ᠢ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ ᠂ ᠴᠢᠬᠤᠯᠠ ᠶᠡᠭᠡ ᠠᠵᠤ ᠦᠢᠯᠡᠰ ᠤᠨ ᠲᠦᠷᠥᠯ ᠵᠦᠢᠯ ᠢ 1400 ᠠᠴᠠ ᠳᠡᠭᠡᠭᠰᠢ ᠬᠡᠷᠡᠭᠵᠢᠭᠦᠯᠦᠨ ᠂ ᠥᠨᠥᠳᠥᠷ ᠤᠨ ᠪᠡᠯᠡ ᠣᠷᠣᠭᠤᠯᠤᠯᠲᠠ ᠶᠢ ᠮᠠᠷᠭᠠᠰᠢ ᠶᠢᠨ ᠦᠢᠯᠡᠳᠪᠦᠷᠢᠯᠡᠯ ᠤᠨ ᠬᠦᠴᠦᠨ ᠪᠠ ᠥᠷᠢᠰᠦᠯᠳᠦᠬᠦ ᠬᠦᠴᠦᠨ ᠪᠣᠯᠭᠠᠨ ᠲᠦᠷᠭᠡᠨ ᠤᠯᠠᠷᠢᠭᠤᠯᠬᠤ ᠪᠠᠷ ᠴᠢᠷᠮᠠᠶᠢᠨ᠎ᠠ ᠃ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠡᠷᠡᠰ ᠲᠠᠰᠤᠷᠬᠠᠢ ᠡᠷᠡᠮᠡᠬᠡᠢ ᠵᠣᠷᠢᠭ ᠢᠶᠠᠷ ᠦᠷᠭᠦᠯᠵᠢᠯᠡᠨ ᠴᠢᠩᠭᠠᠷᠠᠭᠤᠯᠤᠨ᠎ᠠ ᠃ ᠣᠳᠣ ᠡᠯ᠎ᠡ ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠳᠠᠷᠤᠭᠠᠰᠤ ᠴᠥᠮ ᠲᠣᠩ ᠬᠦᠨᠳᠦ ᠪᠠᠶᠢᠨ᠎ᠠ ᠂ ᠭᠡᠪᠡᠴᠦ ᠰᠠᠭᠤᠷᠢ ᠪᠡᠯᠡᠳᠬᠡᠮᠵᠢ ᠶᠢᠨ ᠳᠤᠲᠠᠭᠤᠳᠠᠯ ᠢ ᠨᠥᠬᠦᠪᠦᠷᠢᠯᠡᠬᠦ ᠲᠠᠯ᠎ᠠ ᠪᠠᠷ ᠬᠦᠴᠦ ᠪᠠᠨ ᠰᠤᠯᠠᠷᠠᠭᠤᠯᠵᠤ ᠪᠣᠯᠬᠤ ᠦᠭᠡᠢ ᠂ ᠲᠥᠪ ᠤᠨ ᠲᠥᠰᠥᠪ ᠲᠠᠬᠢ ᠪᠡᠯᠡ ᠣᠷᠣᠭᠤᠯᠤᠯᠲᠠ ᠶᠢ ᠣᠯᠬᠤ ᠪᠠᠷ ᠬᠦᠴᠦᠯᠡᠨ ᠴᠢᠷᠮᠠᠶᠢᠵᠤ ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠂ ᠡᠯ᠎ᠡ ᠲᠦᠷᠦᠯ ᠤᠨ ᠮᠥᠩᠭᠦᠨ ᠭᠦᠢᠯᠭᠡᠭᠡᠨ ᠤ ᠳᠡᠮᠵᠢᠯᠭᠡ ᠶᠢᠨ ᠪᠠᠭᠠᠵᠢ ᠶᠢ ᠨᠢᠭᠡᠳᠦᠯᠲᠡᠢ ᠲᠥᠯᠥᠪᠯᠡᠨ ᠰᠠᠶᠢᠲᠤᠷ ᠬᠡᠷᠡᠭᠯᠡᠵᠦ ᠂ ᠵᠠᠭᠪᠤᠷ ᠲᠤ ᠰᠢᠨ᠎ᠡ ᠶᠢ ᠡᠭᠦᠳᠴᠦ ᠠᠷᠠᠳ ᠤᠨ ᠳᠤᠮᠳᠠᠬᠢ ᠬᠥᠷᠥᠩᠭᠡ ᠶᠢᠨ ᠣᠷᠣᠯᠴᠠᠬᠤ ᠶᠢ ᠵᠣᠷᠢᠭᠵᠢᠭᠤᠯᠤᠨ ᠂ ᠰᠠᠭᠤᠷᠢ ᠪᠡᠯᠡᠳᠬᠡᠮᠵᠢ ᠶᠢᠨ ᠴᠢᠬᠤᠯᠠ ᠶᠡᠭᠡ ᠲᠦᠷᠦᠯ ᠵᠦᠢᠯ ᠤᠨ ᠪᠡᠯᠡ ᠣᠷᠣᠭᠤᠯᠤᠯᠲᠠ ᠶᠢ 1700 ᠳ᠋ᠦᠩᠰᠢᠭᠤᠷ ᠲᠥᠭᠦᠷᠢᠭ ᠠᠴᠠ ᠳᠤᠲᠠᠭᠤ ᠦᠭᠡᠢ ᠪᠠᠶᠢᠯᠭᠠᠬᠤ ᠪᠠᠷ ᠴᠢᠷᠮᠠᠶᠢᠨ᠎ᠠ ᠃ G5511 ᠲᠦᠩᠯᠢᠶᠣᠣ ᠳᠠᠬᠢ ᠬᠡᠰᠡᠭ ᠂ G0616 ᠭᠠᠭᠴᠠᠮᠣᠳᠤ ᠠᠴᠠ ᠬᠠᠯᠢᠭᠤᠲᠤ ᠬᠦᠷᠬᠦ ᠬᠡᠰᠡᠭ ᠢ ᠪᠠᠶᠢᠭᠤᠯᠵᠤ ᠳᠠᠭᠤᠰᠬᠠᠨ ᠂ ᠲᠦᠷᠭᠡᠨ ᠤ ᠵᠠᠰᠠᠮᠠᠯ ᠵᠠᠮ ᠤᠨ ᠵᠡᠭᠦᠨ ᠪᠠᠷᠠᠭᠤᠨ ᠢ ᠰᠤᠨᠳᠠᠯᠠᠬᠤ ᠂ ᠠᠶᠢᠮᠠᠭ ᠬᠤᠲᠠ ᠬᠠᠷᠢᠯᠴᠠᠨ ᠨᠡᠪᠲᠡᠷᠡᠬᠦ ᠂ ᠭᠤᠣᠯᠳᠠᠯᠭ᠎ᠠ ᠪᠣᠯᠬᠤ ᠬᠢᠯᠢ ᠶᠢᠨ ᠪᠣᠭᠤᠮᠲᠠ ᠶᠢ ᠬᠤᠯᠪᠣᠨ ᠨᠡᠪᠲᠡᠷᠡᠭᠦᠯᠬᠦ ᠶᠢ ᠪᠡᠶᠡᠯᠡᠭᠦᠯᠦᠨ᠎ᠡ︔ ᠬᠢᠯᠢ ᠳᠠᠭᠠᠤ ᠤᠯᠤᠰ ᠤᠨ ᠵᠠᠮ G331 ᠶᠢ ᠪᠦᠭᠦ ᠱᠤᠭᠤᠮ ᠢᠶᠠᠷ ᠨᠢ ᠨᠡᠪᠲᠡᠷᠡᠭᠦᠯᠬᠦ ᠪᠠᠷ ᠴᠢᠷᠮᠠᠶᠢᠵᠤ ᠂ ᠤᠯᠤᠰ ᠮᠤᠵᠢ ᠶᠢᠨ ᠭᠤᠣᠯ ᠱᠤᠭᠤᠮ ᠤᠨ ︽ᠮᠤᠬᠤᠷ ᠵᠠᠮ︾ ᠤᠨ ᠰᠠᠭᠠᠳ ᠦᠭᠡᠢ ᠨᠡᠪᠲᠡᠷᠡᠬᠦ ᠢᠨᠵᠧᠨᠧᠷᠢᠩ ᠢ 700 ᠺᠢᠯᠣᠮᠧᠲᠷ ᠬᠡᠷᠡᠭᠵᠢᠭᠦᠯᠦᠨ ᠂ ᠠᠵᠤ ᠦᠢᠯᠡᠰ ᠤᠨ ᠵᠠᠮ ᠂ ᠵᠢᠭᠤᠯᠴᠢᠯᠠᠯ ᠤᠨ ᠵᠠᠮ ᠢ 1700 ᠺᠢᠯᠣᠮᠧᠲᠷ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠨ᠎ᠠ ᠃ ᠪᠤᠭᠤᠲᠤ ᠠᠴᠠ ᠢᠷᠭᠠᠢ ᠬᠦᠷᠬᠦ ᠲᠦᠷᠭᠡᠨ ᠤ ᠲᠡᠮᠦᠷ ᠵᠠᠮ ᠂ ᠲᠠᠶᠢᠽᠢ ᠠᠴᠠ ᠰᠢᠯᠢ ᠶᠢᠨ ᠬᠤᠲᠠ ᠬᠦᠷᠬᠦ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠪᠠ ᠵᠢᠨᠢᠩ ᠠᠴᠠ ᠲᠦᠩᠯᠢᠶᠣᠣ ᠬᠦᠷᠬᠦ ᠲᠡᠮᠦᠷ ᠵᠠᠮ ᠢ ᠴᠠᠬᠢᠯᠭᠠᠨᠵᠢᠭᠤᠯᠤᠨ ᠥᠭᠡᠷᠡᠴᠢᠯᠡᠬᠦ ᠶᠢ ᠲᠦᠷᠭᠡᠳᠬᠡᠵᠦ ᠂ ᠯᠢᠨ ᠾᠧ ᠠᠴᠠ ᠴᠡᠭᠡ ᠪᠣᠭᠤᠮᠲᠠ ᠬᠦᠷᠬᠦ ᠲᠡᠮᠦᠷ ᠵᠠᠮ ᠤᠨ ᠴᠢᠳᠠᠮᠵᠢ ᠶᠢ ᠨᠢ ᠥᠷᠭᠡᠳᠬᠡᠨ ᠥᠭᠡᠷᠡᠴᠢᠯᠡᠬᠦ ᠂ ᠪᠠᠢ ᠴᠧᠩ ᠠᠴᠠ ᠷᠠᠰᠢᠶᠠᠨ ᠬᠦᠷᠬᠦ ᠲᠡᠮᠦᠷ ᠵᠠᠮ ᠤᠨ ᠬᠦᠳᠡᠯᠭᠡᠭᠦᠷᠲᠦ ᠲᠡᠷᠭᠡᠨ ᠤ ᠥᠭᠡᠷᠡᠴᠢᠯᠡᠬᠦ ᠲᠦᠷᠦᠯ ᠵᠦᠢᠯ ᠢ ᠠᠵᠢᠯ ᠡᠬᠢᠯᠡᠭᠦᠯᠦᠨ ᠂ ᠵᠢᠨᠢᠩ ᠳ᠋ᠠᠲ᠋ᠦ᠋ᠩ ᠶᠤᠸᠠᠨᠫᠢᠩ ᠤᠨ ᠲᠦᠷᠭᠡᠨ ᠤ ᠲᠡᠮᠦᠷ ᠵᠠᠮ ᠢ ᠪᠠᠶᠢᠭᠤᠯᠵᠤ ᠳᠠᠭᠤᠰᠬᠠᠨ ᠲᠡᠷᠭᠡ ᠨᠡᠪᠲᠡᠷᠡᠭᠦᠯᠬᠦ ᠪᠠᠷ ᠴᠢᠷᠮᠠᠶᠢᠵᠤ ᠂ ᠣᠷᠳᠣᠰ ᠠᠴᠠ ᠲᠡᠮᠡᠭᠡᠲᠦ ᠬᠦᠷᠬᠦ ᠲᠦᠷᠭᠡᠨ ᠤ ᠲᠡᠮᠦᠷ ᠵᠠᠮ ᠪᠠ ᠬᠠᠶᠢᠯᠠᠷ ᠠᠴᠠ ᠷᠠᠰᠢᠶᠠᠨ ᠬᠦᠷᠬᠦ ᠲᠡᠮᠦᠷ ᠵᠠᠮ ᠢ ᠥᠭᠡᠷᠡᠴᠢᠯᠡᠬᠦ ᠶᠢᠨ ᠡᠮᠦᠨᠡᠬᠢ ᠬᠤᠭᠤᠴᠠᠭᠠᠨ ᠤ ᠠᠵᠢᠯ ᠢ ᠠᠬᠢᠭᠤᠯᠤᠨ᠎ᠠ ᠃ ᠬᠦᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠤᠨ ᠠᠶᠠᠯᠠᠯ ᠤᠨ ᠥᠷᠲᠡᠭᠡᠨ ᠤ ᠲᠣᠭᠤᠷᠢᠭ ᠂ ᠨᠢᠰᠦᠯᠲᠡ ᠶᠢᠨ ᠲᠣᠭᠤᠷᠢᠭ ᠢ ᠪᠠᠶᠢᠭᠤᠯᠵᠤ ᠳᠠᠭᠤᠰᠬᠠᠨ ᠂ ᠤᠯᠠᠭᠠᠢ ᠵᠡᠷᠭᠡ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠠᠬᠢᠭᠤᠯᠤᠨ᠎ᠠ ᠃ ᠴᠤᠤᠯ ᠭᠤᠣᠯ ᠤᠨ ᠤᠰᠤ ᠶᠢ ᠲᠠᠲᠠᠵᠤ ᠯᠢᠶᠣᠣ ᠾᠧ ᠭᠤᠣᠯ ᠳᠤ ᠨᠡᠮᠡᠷᠢᠯᠡᠬᠦ ᠬᠤᠶᠠᠳᠤᠭᠠᠷ ᠬᠤᠭᠤᠴᠠᠭ᠎ᠠ ᠂ ᠥᠪᠥᠷ ᠮᠣᠩᠭᠤᠯ ᠤᠨ ᠰᠠᠯᠪᠤᠷᠢ ᠱᠤᠭᠤᠮ ᠤᠨ ᠤᠰᠤ ᠬᠠᠩᠭᠠᠯᠭ᠎ᠠ ᠵᠡᠷᠭᠡ ᠤᠰᠤᠨ ᠲᠣᠣᠷ ᠤᠨ ᠭᠤᠣᠯᠯᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠂ ᠬᠠᠲᠤᠨ ᠭᠤᠣᠯ ᠤᠨ ᠥᠪᠥᠷ ᠮᠣᠩᠭᠤᠯ ᠤᠨ ᠬᠡᠰᠡᠭ ᠲᠠᠬᠢ ᠭᠤᠣᠯ ᠤᠨ ᠵᠠᠮ ᠢ ᠵᠠᠰᠠᠬᠤ ᠢᠨᠵᠧᠨᠧᠷᠢᠩ ᠤᠨ ᠵᠥᠪᠰᠢᠶᠡᠷᠡᠯ ᠢ ᠲᠦᠷᠭᠡᠬᠡᠨ ᠣᠯᠬᠤ ᠂ ᠬᠠᠲᠤᠨ ᠭᠤᠣᠯ ᠤᠨ ᠤᠰᠤ ᠶᠢ ᠲᠠᠲᠠᠵᠤ ᠬᠦᠬᠡᠬᠤᠲᠠ ᠳᠤ ᠲᠤᠰᠠᠯᠠᠬᠤ ᠭᠤᠷᠪᠠᠳᠤᠭᠠᠷ ᠬᠤᠭᠤᠴᠠᠭᠠᠨ ᠤ ᠢᠨᠵᠧᠨᠧᠷᠢᠩ ᠪᠠ ᠤᠯᠠᠭᠠᠨᠴᠠᠪ ᠤᠨ ᠲᠥᠪ ᠬᠤᠲᠠ ᠶᠢᠨ ᠲᠣᠭᠤᠷᠢᠭ ᠤᠨ ᠤᠰᠤ ᠳᠠᠮᠵᠢᠭᠤᠯᠤᠨ ᠬᠠᠩᠭᠠᠬᠤ ᠢᠨᠵᠧᠨᠧᠷᠢᠩ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠪᠠᠷ ᠴᠢᠷᠮᠠᠶᠢᠨ᠎ᠠ ᠃ ᠴᠠᠬᠢᠯᠭᠠᠨ ᠬᠦᠴᠦᠨ ᠤ ᠰᠢᠰᠲ᠋ᠧᠮ ᠤᠨ ᠲᠣᠣᠷ ᠴᠢᠩᠭᠠᠯᠠᠬᠤ ᠢᠨᠵᠧᠨᠧᠷᠢᠩ ᠂ ᠭᠠᠳᠠᠭᠰᠢ ᠳᠠᠮᠵᠢᠭᠤᠯᠬᠤ ᠢᠨᠵᠧᠨᠧᠷᠢᠩ ᠂ ᠲᠣᠣᠷ ᠬᠤᠯᠪᠣᠬᠤ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠵᠦ ᠂ ᠵᠠᠩᠪᠧᠢ ᠠᠴᠠ ᠱᠧᠩ ᠯᠢ ᠬᠦᠷᠬᠦ ᠂ ᠪᠠᠭᠠᠷᠢᠨ ᠪᠠᠷᠠᠭᠤᠨ ᠬᠤᠰᠢᠭᠤᠨ ᠠᠴᠠ ᠨᠠᠢᠮᠠᠨ ᠪᠠ ᠹᠦᠰᠢᠨ ᠬᠦᠷᠬᠦ ᠵᠡᠷᠭᠡ ᠢᠨᠵᠧᠨᠧᠷᠢᠩ ᠢ ᠪᠠᠶᠢᠭᠤᠯᠵᠤ ᠳᠠᠭᠤᠰᠬᠠᠨ ᠂ ᠥᠪᠥᠷ ᠮᠣᠩᠭᠤᠯ ᠤᠨ ᠪᠠᠷᠠᠭᠤᠨ ᠬᠡᠰᠡᠭ ᠠᠴᠠ ᠪᠡᠭᠡᠵᠢᠩ ᠲᠢᠶᠠᠨᠵᠢᠨ ᠾᠧᠪᠧᠢ ᠤᠷᠤᠭᠤ ᠴᠠᠬᠢᠯᠭᠠᠨ ᠳᠠᠮᠵᠢᠭᠤᠯᠬᠤ ᠨᠡᠪᠲᠡᠷᠡᠯ ᠵᠠᠮ ᠤᠨ ᠢᠨᠵᠧᠨᠧᠷᠢᠩ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠪᠠᠷ ᠴᠢᠷᠮᠠᠶᠢᠵᠤ ᠂ ᠴᠠᠬᠢᠯᠭᠠᠨ ᠲᠣᠣᠷ ᠤᠨ ᠴᠠᠬᠢᠯᠭᠠᠨ ᠬᠠᠩᠭᠠᠬᠤ ᠴᠢᠳᠠᠪᠤᠷᠢ ᠪᠠ ᠰᠢᠨ᠎ᠡ ᠡᠨᠧᠷᠬᠢ ᠶᠢᠨ ᠵᠠᠯᠭᠠᠭᠤᠯᠬᠤ ᠴᠢᠳᠠᠪᠤᠷᠢ ᠶᠢ ᠪᠦᠭᠦ ᠲᠠᠯ᠎ᠠ ᠪᠠᠷ ᠳᠡᠭᠡᠭᠰᠢᠯᠡᠭᠦᠯᠦᠨ᠎ᠡ ᠃  ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠰᠤᠯᠠᠷᠠᠭᠤᠯᠵᠤ ᠪᠣᠯᠬᠤ ᠦᠭᠡᠢ ᠂ ᠣᠨᠣᠪᠴᠢ ᠶᠢᠨ ᠬᠡᠮᠵᠢᠶ᠎ᠡ ᠪᠠᠨ ᠳᠡᠭᠡᠭᠰᠢᠯᠡᠭᠦᠯᠬᠦ ᠬᠡᠷᠡᠭᠲᠡᠢ ᠃ ᠭᠤᠣᠯᠳᠠᠯᠭ᠎ᠠ ᠲᠠᠢ ᠠᠵᠤ ᠦᠢᠯᠡᠰ ᠤᠨ ᠪᠦᠯᠦᠭᠵᠢᠯ ᠤᠨ ᠠᠵᠤ ᠦᠢᠯᠡᠰ ᠤᠨ ᠬᠡᠯᠬᠢᠶ᠎ᠡ ᠳᠤ ᠠᠩᠬᠠᠷᠤᠯ ᠢᠶᠠᠨ ᠲᠥᠪᠯᠡᠷᠡᠭᠦᠯᠦᠨ ᠂ ᠪᠡᠭᠡᠵᠢᠩ ᠲᠢᠶᠠᠨᠵᠢᠨ ᠾᠧᠪᠧᠢ ᠂ ᠬᠥᠬᠡᠮᠥ᠋ᠷᠡᠨ ᠤ ᠭᠤᠷᠪᠠᠯᠵᠢᠨ ᠬᠤᠶᠢᠭ ᠂ ᠭᠤᠸᠠᠩᠳᠦ᠋ᠩ ᠰᠢᠶᠠᠩᠭᠠᠩ ᠣᠣᠮᠧᠨ ᠂ ᠴᠧᠩᠳᠦ᠋ ᠴᠦᠩᠴᠢᠩ ᠵᠡᠷᠭᠡ ᠭᠠᠵᠠᠷ ᠣᠷᠣᠨ ᠯᠤᠭ᠎ᠠ ᠶᠢᠨ ᠵᠣᠯᠭᠠᠯᠴᠠᠭ᠎ᠠ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ ᠂ ᠴᠡᠭ ᠢ ᠴᠡᠭ ᠲᠤ ᠬᠠᠨᠳᠤᠭᠤᠯᠵᠤ ᠬᠤᠳᠠᠯᠳᠤᠭᠠᠴᠢᠨ ᠤᠷᠢᠬᠤ ᠶᠢ ᠥᠷᠨᠢᠭᠦᠯᠵᠦ ᠂ ᠨᠢᠭᠡ ᠪᠦᠯᠦᠭ ᠠᠵᠤ ᠦᠢᠯᠡᠰ ᠤᠨ ᠰᠢᠯᠵᠢᠯᠲᠡ ᠶᠢ ᠳᠠᠭᠠᠭᠠᠨ ᠠᠪᠴᠤ ᠵᠠᠯᠭᠠᠭᠤᠯᠬᠤ ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠬᠤ ᠶᠡᠭᠡ ᠲᠦᠷᠦᠯ ᠵᠦᠢᠯ ᠰᠠᠶᠢᠨ ᠲᠦᠷᠦᠯ ᠵᠦᠢᠯ ᠢ ᠢᠳᠡᠪᠬᠢᠲᠡᠢ ᠪᠠᠷ ᠠᠷᠭ᠎ᠠ ᠰᠦᠪᠡᠭᠴᠢᠯᠡᠨ ᠣᠷᠣᠭᠤᠯᠤᠨ ᠠᠪᠴᠢᠷᠠᠵᠤ ᠂ ᠣᠷᠣᠭᠤᠯᠤᠨ ᠠᠪᠴᠢᠷᠠᠬᠤ ᠪᠡᠯᠡ ᠮᠥᠩᠭᠦ ᠶᠢ 5500 ᠳ᠋ᠦᠩᠰᠢᠭᠤᠷ ᠲᠥᠭᠦᠷᠢᠭ ᠠᠴᠠ ᠳᠤᠲᠠᠭᠤ ᠦᠭᠡᠢ ᠪᠠᠶᠢᠯᠭᠠᠬᠤ ᠪᠠᠷ ᠴᠢᠷᠮᠠᠶᠢᠨ᠎ᠠ ᠃ ᠬᠤᠶᠠᠳᠤᠭᠠᠷ ᠬᠤᠭᠤᠴᠠᠭᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠠᠵᠤ ᠠᠬᠤᠢ ᠠᠷᠠᠯᠵᠢᠶᠠᠨ ᠤ ᠵᠥᠪᠳᠡᠯᠴᠡᠬᠦ ᠬᠤᠷᠠᠯ ᠂ ᠬᠤᠶᠠᠳᠤᠭᠠᠷ ᠬᠤᠭᠤᠴᠠᠭᠠᠨ ᠤ ᠳᠡᠯᠡᠬᠡᠢ ᠶᠢᠨ ᠰᠢᠨ᠎ᠡ ᠡᠨᠧᠷᠬᠢ ᠰᠢᠨ᠎ᠡ ᠮᠠᠲ᠋ᠧᠷᠢᠶᠠᠯ ᠤᠨ ᠶᠡᠭᠡ ᠬᠤᠷᠠᠯ ᠂ ᠳᠡᠯᠡᠬᠡᠢ ᠶᠢᠨ ᠰᠦ ᠰᠠᠭᠠᠯᠢ ᠶᠢᠨ ᠦᠢᠯᠡᠰ ᠤᠨ ᠰᠢᠨ᠎ᠡ ᠡᠭᠦᠳᠦᠯᠲᠡ ᠶᠢᠨ ᠲᠦᠷᠦᠭᠦᠴᠦᠳ ᠤᠨ ᠬᠤᠷᠠᠯ ᠂ ᠳᠡᠯᠡᠬᠡᠢ ᠶᠢᠨ ᠡᠪᠡᠰᠦᠨ ᠤ ᠦᠢᠯᠡᠰ ᠤᠨ ᠶᠡᠭᠡ ᠬᠤᠷᠠᠯ ᠂ ᠲᠣᠮᠳᠠᠳᠣ ᠤᠯᠤᠰ ᠤᠨ ᠪᠣᠬᠢᠷᠳᠤᠯ ᠦᠭᠡᠢ ᠲᠣᠭᠠᠵᠢᠭᠤᠯᠵᠤ ᠪᠣᠳᠣᠬᠤ ᠬᠦᠴᠦᠨ ᠤ ᠶᠡᠭᠡ ᠬᠤᠷᠠᠯ ᠵᠡᠷᠭᠡ ᠪᠦᠭᠦ ᠪᠥᠮᠪᠥᠷᠴᠡᠭ ᠤᠨ ᠴᠢᠨᠠᠷᠲᠠᠢ ᠂ ᠪᠦᠭᠦ ᠤᠯᠤᠰ ᠤᠨ ᠴᠢᠨᠠᠷᠲᠠᠢ ᠴᠢᠬᠤᠯᠠ ᠶᠡᠭᠡ ᠠᠵᠢᠯᠯᠠᠭ᠎ᠠ ᠶᠢ ᠬᠢᠨᠠᠮᠠᠭᠠᠢ ᠰᠠᠶᠢᠲᠤᠷ ᠡᠷᠬᠢᠯᠡᠵᠣ ᠂ ᠣᠯᠠᠨ ᠤᠯᠤᠰ ᠤᠨ ᠣᠶᠣᠨ ᠤᠬᠠᠭᠠᠨ ᠢ ᠬᠤᠷᠠᠭᠤᠯᠤᠭᠰᠠᠨ ᠂ ᠲᠡᠷᠢᠭᠦᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠬᠠᠷᠠᠭᠤᠯᠤᠭᠰᠠᠨ ᠂ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠭᠰᠠᠨ ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠳᠤ ᠦᠢᠯᠡᠴᠢᠯᠡᠬᠦ‍ ᠨᠢᠭᠡ ᠪᠦᠯᠦᠭ ᠲᠡᠷᠢᠭᠦᠨ ᠳᠡᠰ ᠤᠨ ᠲᠠᠪᠴᠠᠩ ᠤᠳ ᠢ ᠴᠣᠭᠴᠠᠯᠠᠨ᠎ᠠ ᠃  ︵ᠭᠤᠷᠪᠠ ︶ ᠠᠷᠭ᠎ᠠ ᠪᠦᠭᠦᠨ ᠢ ᠰᠦᠪᠡᠭᠴᠢᠯᠡᠨ ᠬᠡᠷᠡᠭᠯᠡᠭᠡ ᠶᠢᠨ ᠳᠠᠯᠳᠡ ᠬᠦᠴᠦᠨ ᠢ ᠠᠭᠤᠳᠠᠯᠵᠤ ᠬᠥᠭᠵᠢᠭᠡᠨ᠎ᠡ ᠃ ᠬᠡᠷᠡᠭᠯᠡᠭᠡ ᠶᠢᠨ ᠳᠠᠯᠳᠠ ᠬᠡᠷᠡᠭᠴᠡᠭᠡ ᠱᠠᠭᠠᠷᠳᠠᠯᠭ᠎ᠠ ᠶᠢ ᠭᠦᠢᠴᠡᠳ ᠠᠭᠤᠳᠠᠯᠵᠤ ᠂ ᠬᠡᠷᠡᠭᠯᠡᠭᠡ ᠳᠤ ᠣᠷᠣᠯᠴᠠᠵᠣ ᠲᠠᠶᠢᠯᠭᠦ ᠂ ᠵᠣᠷᠢᠭᠲᠠᠢ ᠪᠠᠷ ᠬᠡᠷᠡᠭᠯᠡᠭᠡ ᠳᠤ ᠣᠷᠣᠯᠴᠠᠬᠤ ᠂ ᠬᠡᠷᠡᠭᠯᠡᠭᠡ ᠳᠤ ᠣᠷᠣᠯᠴᠠᠬᠤ ᠳᠤᠷᠠᠲᠠᠢ ᠰᠠᠶᠢᠨ ᠰᠠᠶᠢᠬᠠᠨ ᠣᠷᠴᠢᠨ ᠨᠥᠬᠦᠴᠡᠯ ᠢ ᠶᠡᠭᠡ ᠪᠠᠷ ᠪᠣᠢ ᠪᠣᠯᠭᠠᠵᠣ ᠂ ᠬᠡᠷᠡᠭᠯᠡᠭᠡ ᠶᠢ ᠬᠢᠵᠢᠭ ᠤᠨ ᠳᠠᠷᠠᠭᠠᠬᠢ ᠰᠡᠷᠭᠦᠯᠲᠡ ᠠᠴᠠ ᠦᠷᠭᠦᠯᠵᠢᠯᠡᠨ ᠥᠷᠭᠡᠳᠬᠦ ᠲᠡᠶᠢᠰᠢ ᠬᠤᠪᠢᠷᠠᠭᠤᠯᠬᠤ ᠶᠢ ᠠᠬᠢᠭᠤᠯᠤᠨ᠎ᠠ ᠃   ᠠᠮᠢᠳᠤᠷᠠᠯ ᠤᠨ ᠬᠡᠷᠡᠭᠯᠡᠭᠡ ᠪᠣᠯ ᠬᠡᠷᠡᠭᠯᠡᠭᠡ ᠶᠢ ᠲᠣᠭᠲᠠᠪᠤᠷᠢᠵᠢᠭᠤᠯᠬᠤ ᠪᠠ ᠥᠷᠭᠡᠳᠬᠡᠬᠦ ︽ᠴᠢᠭᠳᠠᠭ᠎ᠠ ︾ ᠮᠥᠨ ᠂ ᠬᠤᠲᠠ ᠶᠢᠨ ︽ᠨᠢᠭᠡ ᠮᠥᠴᠡ ᠶᠢᠨ ᠠᠷᠠᠳ ᠲᠤ ᠳᠦᠭᠦᠮ ᠦᠵᠡᠭᠦᠯᠬᠦ ᠠᠮᠢᠳᠤᠷᠠᠯ ᠤᠨ ᠲᠣᠭᠤᠷᠢᠭ ︾ ᠢ ᠲᠦᠷᠭᠡᠳᠬᠡᠨ ᠪᠠᠶᠢᠭᠤᠯᠵᠤ ᠂ ᠮᠠᠰᠢᠨ ᠲᠡᠷᠭᠡ ᠂ ᠭᠡᠷ ᠤᠨ ᠴᠠᠬᠢᠯᠭᠠᠨ ᠬᠡᠷᠡᠭᠰᠡᠯ ᠵᠡᠷᠭᠡ ᠥᠷᠭᠡᠨ ᠬᠡᠷᠡᠭᠴᠡᠭᠡᠨ ᠤ ᠲᠠᠸᠠᠷ ᠤᠨ ᠬᠡᠷᠡᠭᠯᠡᠭᠡ ᠶᠢᠨ ᠬᠥᠭᠵᠢᠭᠡᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ ᠂ ᠲᠦᠷᠦᠭᠦᠴᠢ ᠳᠡᠯᠭᠡᠭᠦᠷ ᠲᠤ ᠠᠩᠬ᠎ᠠ ᠲᠠᠷᠬᠠᠭᠠᠬᠤ ᠠᠵᠤ ᠠᠬᠤᠢ ᠂ ᠬᠥᠭᠵᠢᠶᠡᠨᠲᠦ ᠰᠥᠨᠢ ᠶᠢᠨ ᠠᠵᠤ ᠠᠬᠤᠢ ᠶᠢ ᠬᠥᠭᠵᠢᠭᠦᠯᠬᠦ ᠶᠢ ᠵᠣᠷᠢᠭᠵᠢᠭᠤᠯᠤᠨ ᠂ ︽ᠬᠡᠷᠡᠭᠯᠡᠭᠡ ᠶᠢ ᠠᠬᠢᠭᠤᠯᠬᠤ ᠣᠨ ︾ ᠤ ᠠᠵᠢᠯᠯᠠᠭ᠎ᠠ ᠶᠢ ᠶᠡᠭᠡ ᠪᠠᠷ ᠥᠷᠨᠢᠭᠦᠯᠵᠦ ᠂ ᠬᠦᠬᠡᠬᠤᠲᠠ ᠶᠢᠨ ᠬᠥᠭᠵᠢᠶᠡᠨ ᠶᠡᠬᠡᠲᠡᠢ ᠳᠠᠭᠤᠤ ᠬᠥᠭᠵᠢᠮ ᠤᠨ ᠦᠳᠡᠰᠢᠯᠡᠭᠡ ᠪᠠ ᠰᠢᠨ᠎ᠡ ᠣᠨ ᠢᠶᠠᠨ ᠤᠭᠲᠤᠬᠤ ᠦᠳᠡᠰᠢ ᠂ ᠪᠤᠭᠤᠲᠤ ᠶᠢᠨ ᠴᠣᠣ ᠾᠧ ᠵᠡᠭᠡᠯᠢ ᠲᠣᠭᠤᠷᠢᠭ ᠤᠨ ︽ᠰᠢᠵᠢᠷ ᠠᠯᠳᠠᠨ 6 ᠴᠠᠭ ᠤᠨ ᠬᠤᠭᠤᠴᠠᠭ᠎ᠠ ︾ ᠂ ᠣᠷᠳᠣᠰ ᠤᠨ ︽ᠬᠤᠳᠡ ᠶᠢ ᠳᠤᠯᠠᠭᠠᠯᠠᠬᠤ 7 ᠴᠠᠭ ᠬᠠᠭᠠᠰ ︾ ᠂ ︽ᠪᠡᠭᠡᠵᠢᠩ ᠠᠴᠠ ᠪᠠᠷᠠᠭᠤᠨᠰᠢ ᠪᠠᠨ ᠨᠢᠭᠡ ᠠᠯᠬᠤᠬᠤ · ᠤᠯᠠᠭᠠᠨᠴᠠᠪ ᠤᠨ ᠦᠳᠡᠰᠢ ︾ ᠬᠡᠮᠡᠬᠦ ᠡᠳᠡᠭᠡᠷ ᠨᠢᠭᠡᠨᠲᠡ ᠬᠡᠷᠡᠭᠯᠡᠭᠴᠢᠳ ᠲᠤ ᠮᠡᠳᠡᠷᠡᠭᠳᠡᠭᠰᠡᠨ ᠠᠵᠢᠯᠯᠠᠭ᠎ᠠ ᠪᠠ ᠨᠡᠷᠡᠳᠣ ᠲᠡᠮᠳᠡᠭ ᠢ ᠦᠷᠭᠦᠯᠵᠢᠯᠡᠨ ᠬᠢᠬᠦ ᠬᠡᠷᠡᠭᠲᠡᠢ ᠃ ︽ᠪᠤᠭᠤᠷᠤᠯᠴᠤᠳ ᠤᠨ ᠠᠵᠤ ᠠᠬᠤᠢ ︾ ᠶᠢᠨ ᠬᠥᠭᠵᠢᠯᠲᠡ ᠶᠢᠨ ᠣᠷᠣᠨ ᠵᠠᠢ ᠯᠤᠲᠤ ᠶᠡᠭᠡ ᠂ ᠮᠠᠨ ᠤ ᠣᠷᠣᠨ ᠳᠤ 60 ᠨᠠᠰᠤ ᠠᠴᠠ ᠳᠡᠭᠡᠭᠰᠢᠬᠢ ᠨᠠᠰᠤᠲᠠᠶᠢᠴᠤᠳ 546 ᠲᠦᠮᠡ ᠪᠠᠶᠢᠵᠤ ᠂ ᠪᠠᠶᠢᠩᠭᠤ ᠰᠠᠭᠤᠭ᠎ᠠ ᠬᠥᠮᠥᠨ ᠠᠮᠠ ᠶᠢᠨ 22.8% ᠶᠢ ᠡᠵᠡᠯᠡᠨ ᠂ ᠠᠷᠭ᠎ᠠ ᠰᠦᠪᠡᠭᠴᠢᠯᠡᠨ ᠬᠦᠴᠦ ᠵᠠᠷᠤᠴᠠᠭᠤᠯᠵᠤ ᠪᠠᠶᠢᠭᠠᠳ ᠡᠨᠡ ᠬᠦ ᠦᠯᠦ ᠮᠡᠳᠡᠭᠳᠡᠬᠦ ᠵᠠᠬ᠎ᠠ ᠳᠡᠯᠭᠡᠭᠦᠷ ᠤᠨ ᠣᠷᠣᠨ ᠵᠠᠢ ᠶᠢ ᠰᠡᠷᠭᠦᠭᠡᠨ ᠂ ᠡᠮᠴᠢᠯᠡᠭᠡ ᠂ ᠨᠠᠰᠤᠵᠢᠯ ᠂ ᠡᠷᠡᠭᠦᠯ ᠮᠡᠨᠳᠣ ᠂ ᠰᠤᠪᠢᠯᠠᠯᠲᠠ ᠂ ᠬᠥᠮᠦᠵᠢᠯ ᠂ ᠵᠤᠭ᠎ᠠ ᠴᠡᠩᠭᠡᠯ ᠂ ᠠᠮᠤᠷᠯᠢᠩᠭᠤᠢ ᠵᠡᠷᠭᠡ ᠳᠣᠯᠤᠭᠠᠨ ᠵᠦᠢᠯ ᠢ ᠨᠢᠭᠡ ᠴᠣᠭᠴᠠᠵᠢᠭᠤᠯᠤᠭᠰᠠᠨ ᠨᠠᠰᠤᠵᠢᠯ ᠤᠨ ᠵᠠᠭᠪᠤᠷ ᠢ ᠬᠥᠭᠵᠢᠭᠦᠯᠵᠦ ᠂ ᠨᠠᠰᠤᠵᠢᠯ ᠤᠨ ᠦᠢᠯᠡᠴᠢᠯᠡᠭᠡ ᠶᠢ ︽ᠪᠠᠶᠢᠬᠤ ︾ ᠠᠴᠠ ︽ᠣᠯᠠᠨ ︾ ᠲᠡᠶᠢᠰᠢ ᠂ ︽ᠣᠯᠠᠨ ︾ ᠪᠠᠶᠢᠭᠰᠠᠨ ᠠᠴᠠ ︽ᠴᠢᠨᠠᠷᠵᠢᠭᠤᠨ ︾ ᠲᠡᠶᠢᠰᠢ ᠳᠡᠰ ᠳᠡᠪᠰᠢᠭᠦᠯᠬᠦ ᠶᠢ ᠠᠬᠢᠭᠤᠯᠤᠨ᠎ᠠ ᠃ ᠰᠢᠨ᠎ᠡ ᠮᠠᠶ᠋ᠢᠭ ᠤᠨ ᠬᠡᠷᠡᠭᠯᠡᠭᠡ ᠪᠣᠯ ᠯᠤᠲᠤ ᠶᠡᠭᠡ ᠨᠡᠮᠡᠭᠳᠡᠯ ᠴᠡᠭ ᠮᠥᠨ ᠂ ᠲᠣᠭᠠᠵᠢᠭᠤᠯᠤᠭᠰᠠᠨ ᠬᠡᠷᠡᠭᠯᠡᠭᠡ ᠂ ᠪᠣᠬᠢᠷᠳᠤᠯ ᠦᠭᠡᠢ ᠬᠡᠷᠡᠭᠯᠡᠭᠡ ᠂ ᠡᠷᠡᠭᠦᠯ ᠬᠡᠷᠡᠭᠯᠡᠭᠡ ᠶᠢ ᠶᠡᠭᠡ ᠪᠠᠷ ᠬᠥᠭᠵᠢᠭᠦᠯᠦᠨ ᠂ ᠰᠣᠶᠣᠯ ᠴᠡᠩᠭᠡᠯ ᠂ ᠲᠠᠮᠢᠷ ᠤᠨ ᠴᠤᠭᠯᠠᠭᠠᠨ ᠂ ᠤᠯᠤᠰ ᠤᠨ ᠪᠠᠷᠠᠭᠠᠨ ᠤ ︽ᠤᠷᠤᠰᠬᠠᠯ ᠲᠠᠸᠠᠷ ︾ ᠵᠡᠷᠭᠡ ᠰᠢᠨ᠎ᠡ ᠬᠡᠷᠡᠭᠯᠡᠭᠡ ᠶᠢᠨ ᠬᠠᠯᠠᠮᠰᠢᠯ ᠢ ᠢᠳᠡᠪᠬᠢᠲᠡᠢ ᠪᠠᠷ ᠪᠤᠢ ᠪᠣᠯᠭᠠᠵᠤ ᠂ ᠥᠲᠡᠭᠦᠰ ᠲᠤ ᠲᠣᠬᠢᠷᠠᠭᠤᠯᠬᠤ ᠪᠠᠷ ᠥᠭᠡᠷᠡᠴᠢᠯᠡᠨ ᠰᠢᠨᠡᠳᠬᠡᠬᠦ ᠮᠡᠷᠭᠡᠵᠢᠯ ᠂ ᠪᠢᠣᠨᠢᠺᠰ ᠮᠠᠰᠢᠨ ᠬᠥᠮᠥᠨ ᠂ ᠡᠮᠦᠰᠴᠦ ᠵᠡᠭᠦᠵᠦ ᠪᠣᠯᠬᠤ ᠲᠥᠬᠦᠭᠡᠷᠦᠮᠵᠢ ᠵᠡᠷᠭᠡ ᠬᠡᠷᠡᠭᠯᠡᠭᠡᠨ ᠤ ᠠᠬᠤᠢ ᠪᠠᠶᠢᠳᠠᠯ ᠢ ᠥᠷᠭᠡᠵᠢᠭᠦᠯᠦᠨ ᠂ ᠥᠪᠡᠷ ᠢᠶᠠᠨ ᠡᠵᠡᠩᠨᠡᠭᠰᠡᠨ ᠡᠯᠧᠺᠲᠷᠣᠨ ᠬᠤᠳᠠᠯᠳᠤᠭ᠎ᠠ ᠂ ᠰᠢᠭᠤᠳ ᠨᠡᠪᠲᠡᠷᠡᠭᠦᠯᠬᠦ ᠡᠯᠧᠺᠲᠷᠣᠨ ᠬᠤᠳᠠᠯᠳᠤᠭ᠎ᠠ ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠵᠡᠷᠭᠡ ᠰᠢᠨ᠎ᠡ ᠵᠠᠭᠪᠤᠷ ᠰᠢᠨ᠎ᠡ ᠡᠵᠡᠩᠨᠡᠯᠲᠡ ᠶᠢᠨ ᠪᠠᠶᠢᠳᠠᠯ ᠢ ᠵᠣᠷᠢᠭᠵᠢᠭᠤᠯᠤᠨ ᠬᠥᠭᠵᠢᠭᠦᠯᠵᠦ ᠂ ᠰᠦᠯᠵᠢᠶᠡᠨ ᠤ ᠵᠢᠵᠢᠭᠯᠡᠨ ᠪᠣᠷᠣᠯᠠᠭᠤᠯᠬᠤ ᠲᠤᠭ᠎ᠠ ᠶᠢ 700 ᠳ᠋ᠦᠩᠰᠢᠭᠤᠷ ᠲᠥᠭᠦᠷᠢᠭ ᠠᠴᠠ ᠳᠠᠪᠠᠭᠤᠯᠤᠨ᠎ᠠ ᠃ ᠬᠤᠲᠠ ᠶᠢᠨ ᠰᠢᠨ᠎ᠡ ᠠᠷᠠᠳ ᠤᠨ ᠬᠡᠷᠡᠭᠯᠡᠭᠡ ᠪᠣᠯ ᠳᠠᠯᠳᠠ ᠬᠦᠴᠦᠨ ᠮᠥᠨ ᠂ 44.6% ᠶᠢᠨ ᠡᠷᠦᠬᠡᠲᠦ ᠬᠥᠮᠥᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ ᠶᠢ 69.6% ᠶᠢᠨ ᠪᠠᠶᠢᠩᠭᠤ ᠰᠠᠭᠤᠭ᠎ᠠ ᠬᠥᠮᠥᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ ᠬᠦᠷᠲᠡᠯ᠎ᠡ ᠳᠡᠭᠡᠭᠰᠢᠯᠡᠭᠦᠯᠭᠦ ᠳᠤ ᠬᠦᠷᠪᠡᠯ ᠂ ᠬᠤᠲᠠ ᠶᠢᠨ ᠰᠢᠨ᠎ᠡ ᠠᠷᠠᠳ 599 ᠲᠦᠮᠡ ᠰᠢᠨ᠎ᠡ ᠪᠠᠷ ᠨᠡᠮᠡᠭᠳᠡᠨ᠎ᠡ ᠂ ᠡᠨᠡ ᠨᠢ ᠬᠦᠬᠡᠬᠤᠲᠠ ᠪᠤᠭᠤᠲᠤ ᠣᠷᠳᠣᠰ ᠭᠤᠷᠪᠠ ᠶᠢᠨ ᠬᠤᠲᠠ ᠲᠣᠭᠤᠷᠢᠭ ᠤᠨ ᠶᠡᠷᠦᠩᠬᠡᠢ ᠬᠥᠮᠥᠨ ᠠᠮᠠ ᠲᠠᠢ ᠲᠡᠩᠴᠡᠵᠦ ᠂ ᠡᠳᠡᠭᠡᠷ ᠬᠥᠮᠥᠰ ᠤᠨ ᠬᠤᠲᠠᠨ ᠳᠠᠬᠢ ᠢᠳᠡᠵᠦ ᠡᠮᠦᠰᠴᠦ ᠶᠠᠪᠤᠵᠤ ᠰᠠᠭᠤᠬᠤ ᠂ ᠰᠣᠶᠣᠯ ᠬᠥᠮᠦᠵᠢᠯ ᠵᠤᠭ᠎ᠠ ᠴᠡᠩᠭᠡᠯ ᠨᠢ ᠯᠤᠲᠤ ᠶᠡᠭᠡ ᠨᠢᠭᠤᠭᠳᠠᠮᠠᠯ ᠵᠠᠬ᠎ᠠ ᠳᠡᠯᠭᠡᠭᠦᠷ ᠪᠣᠯᠣᠨ᠎ᠠ ᠃ ᠡᠷᠦᠬᠡ ᠠᠮᠠ ᠶᠢᠨ ᠳᠦᠷᠢᠮ ᠤᠨ ᠥᠭᠡᠷᠡᠴᠢᠯᠡᠯᠲᠡ ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠲᠦᠷᠦ ᠶᠢᠨ ᠪᠣᠳᠣᠯᠭ᠎ᠠ ᠂ ᠣᠯᠠᠨ ᠨᠡᠶᠢᠲᠡ ᠶᠢᠨ ᠦᠢᠯᠡᠴᠢᠯᠡᠭᠡ ᠵᠡᠷᠭᠡ ᠲᠠᠯ᠎ᠠ ᠪᠠᠷ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠬᠦ ᠪᠠᠨ ᠭᠦᠨᠵᠡᠭᠡᠶᠢᠷᠡᠭᠦᠯᠵᠦ ᠂ ᠬᠤᠲᠠ ᠶᠢᠨ ᠰᠢᠨ᠎ᠡ ᠠᠷᠠᠳ ᠪᠠ ᠲᠠᠭᠠᠨ ᠨᠡᠭᠦᠵᠦ ᠢᠷᠡᠭᠰᠡᠨ ᠭᠡᠷ ᠪᠦᠯᠢ ᠶᠢᠨ ᠬᠢᠨ ᠤ ᠬᠤᠳᠡ ᠪᠠᠯᠭᠠᠰᠤᠨ ᠳᠤ ᠡᠷᠣᠭᠡ ᠠᠮᠠ ᠣᠷᠣᠬᠤ ᠶᠢ ᠨᠢ ᠵᠣᠷᠢᠭᠵᠢᠭᠤᠯᠤᠨ ᠂ ᠡᠨᠡ ᠬᠡᠰᠡᠭ ᠬᠡᠷᠡᠭᠯᠡᠭᠡ ᠶᠢᠨ ᠳᠠᠯᠳᠠ ᠬᠦᠴᠦᠨ ᠢ ᠪᠦᠬᠦ ᠲᠠᠯ᠎ᠠ ᠪᠠᠷ ᠪᠠᠳᠠᠷᠠᠭᠠᠬᠤ ᠬᠡᠷᠡᠭᠲᠡᠢ ᠃ ᠰᠣᠶᠣᠯ ᠵᠢᠭᠤᠯᠴᠢᠯᠠᠯ ᠤᠨ ᠠᠵᠤ ᠦᠢᠯᠡᠰ ᠪᠣᠯ ᠨᠡᠶᠢᠲᠡᠯᠢᠭ ᠬᠡᠷᠡᠭᠯᠡᠭᠡᠨ ᠤ ᠠᠵᠤ ᠠᠬᠤᠢ ᠂ ᠠᠷᠠᠳ ᠢ ᠪᠠᠶᠠᠵᠢᠭᠤᠯᠬᠤ ᠠᠵᠤ ᠦᠢᠯᠡᠰ ᠮᠥᠨ ᠂ ᠨᠢᠳᠤᠨᠤᠨ ᠮᠠᠨ ᠤ ᠣᠷᠣᠨ ᠤ ᠵᠢᠭᠤᠯᠴᠢᠯᠠᠭᠴᠢᠳ 2.3 ᠳ᠋ᠦᠩᠰᠢᠭᠤᠷ ᠬᠥᠮᠥᠨ ᠤᠳᠠᠭ᠎ᠠ ᠳᠤ ᠬᠦᠷᠴᠦ ᠂ ᠡᠨᠡ ᠵᠢᠯ 2.5 ᠳ᠋ᠦᠩᠰᠢᠭᠤᠷ ᠢ ᠳᠠᠪᠠᠭᠤᠯᠬᠤ ᠪᠠᠷ ᠴᠢᠷᠮᠠᠶᠢᠵᠤ ᠂ ᠡᠨᠡ ᠬᠦ 2.5 ᠳ᠋ᠦᠩᠰᠢᠭᠤᠷ ᠵᠢᠭᠤᠯᠴᠢᠯᠠᠭᠴᠢᠳ ᠤᠨ ᠲᠣᠭᠤᠷᠢᠨ ᠳᠤ ᠵᠢᠭᠤᠯᠴᠢᠯᠠᠯ ᠤᠨ ᠡᠵᠡᠩᠨᠡᠯᠲᠡ ᠶᠢᠨ ᠪᠠᠶᠢᠳᠠᠯ ᠢ ᠪᠠᠶᠠᠯᠢᠭᠵᠢᠭᠤᠯᠤᠨ ᠂ ᠦᠢᠯᠡᠴᠢᠯᠡᠭᠡ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ ᠂ ᠨᠢᠭᠡ ᠪᠦᠯᠦᠭ 5A ᠳᠡᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠵᠤ ᠂ ᠷᠠᠰᠢᠶᠠᠨ ᠤᠯᠤᠰ ᠤᠨ ᠳᠡᠰ ᠤᠨ ᠵᠢᠭᠤᠯᠴᠢᠯᠠᠯ ᠤᠨ ᠠᠮᠠᠷᠠᠯᠲᠠ ᠶᠢᠨ ᠲᠣᠭᠤᠷᠢᠭ ᠢ ᠰᠠᠶᠢᠲᠤᠷ ᠴᠣᠭᠴᠠᠯᠠᠵᠤ ᠂ ︽ᠪᠢ ᠲᠠᠯ᠎ᠠ ᠨᠤᠲᠤᠭ ᠲᠠᠢ ᠪᠠᠨ ᠪᠣᠯᠵᠤᠭ᠎ᠠ ᠲᠠᠢ ︾ ᠭᠡᠬᠦ ᠣᠨᠴᠠᠯᠢᠭᠲᠤ ᠨᠡᠷᠡᠲᠦ ᠲᠡᠮᠳᠡᠭ ᠢ ᠦᠷᠭᠦᠯᠵᠢᠯᠡᠨ ᠬᠡᠷᠡᠯᠳᠦᠭᠦᠯᠵᠣ ᠂ ᠵᠢᠭᠤᠯᠴᠢᠯᠠᠯ ᠤᠨ ︽ᠳᠥᠷᠪᠡᠨ ᠭᠠᠵᠠᠷ ︾ ᠤᠨ ᠪᠦᠲᠦᠭᠡᠨ ᠪᠠᠶᠢᠭᠤᠯᠤᠯᠲᠠ ᠶᠢ ᠴᠢᠩᠭᠠᠷᠠᠭᠤᠯᠤᠨ ᠂ ᠵᠢᠭᠤᠯᠴᠢᠯᠠᠭᠴᠢᠳ ᠢ ᠬᠠᠨᠣᠮᠵᠢᠳᠠᠢ ᠵᠢᠭᠤᠯᠴᠢᠯᠠᠭᠤᠯᠤᠨ ᠪᠠᠶᠠᠰᠬᠠᠨ᠎ᠠ ᠃ ᠤᠮᠠᠷᠠᠲᠤ ᠬᠢᠯᠢ ᠶᠢᠨ ᠰᠣᠶᠣᠯ ᠤᠨ ᠨᠡᠷᠡᠲᠦ ᠲᠡᠮᠳᠡᠭ ᠢ ᠴᠤᠤᠷᠢᠶᠠᠲᠤᠭᠤᠯᠤᠨ ᠂ ᠬᠤᠩᠱᠠᠨ ᠤ ᠰᠣᠶᠣᠯ ᠂ ᠲᠦᠮᠡᠨ ᠭᠠᠵᠠᠷ ᠤᠨ ᠴᠠᠢ ᠶᠢᠨ ᠠᠶᠠᠨ ᠢ ᠰᠣᠶᠣᠯ ᠤᠨ ᠥᠪ ᠢᠶᠠᠷ ᠭᠤᠶᠤᠴᠢᠯᠠᠬᠤ ᠪᠠ ᠪᠠᠷᠠᠭᠤᠨ ᠯᠢᠶᠣᠣ ᠾᠧ ᠭᠤᠣᠯ ᠤᠨ ᠳᠤᠮᠳᠠᠳᠤ ᠶᠢᠨ ᠦᠨᠳᠦᠰᠦᠲᠡᠨ ᠤ ᠪᠣᠯᠪᠠᠰᠤᠨ ᠤ ᠡᠭᠦᠰᠦᠯ ᠢᠷᠡᠯᠲᠡ ᠶᠢ ᠬᠠᠶᠢᠬᠤ ᠢᠨᠵᠧᠨᠧᠷᠢᠩ ᠢ ᠲᠦᠷᠭᠡᠳᠬᠡᠨ ᠠᠬᠢᠭᠤᠯᠵᠤ ᠂ ᠤᠮᠠᠷᠠᠲᠤ ᠬᠢᠯᠢ ᠶᠢᠨ ᠰᠣᠶᠣᠯ ᠪᠦᠲᠦᠭᠡᠯ ᠤᠨ ᠢᠨᠵᠧᠨᠧᠷᠢᠩ ᠢ ᠭᠦᠨᠵᠡᠭᠡᠢ ᠬᠡᠷᠡᠭᠵᠢᠭᠦᠯᠦᠨ ᠂ ᠨᠢᠭᠡ ᠪᠦᠯᠦᠭ ᠰᠣᠶᠣᠯ ᠤᠨ ᠬᠥᠲᠥᠴᠢ ᠠᠵᠤ ᠦᠢᠯᠡᠰ ᠢ ᠴᠣᠭᠴᠠᠯᠠᠨ ᠂ ᠳᠠᠬᠢᠭᠠᠣᠨ ︽ᠮᠣᠷᠢᠲᠤ ᠴᠡᠷᠢᠭ ︾ ᠂ ︽ᠪᠤᠭᠤᠷᠤᠯ ᠲᠡᠦᠬᠡ ᠶᠢᠨ ᠬᠦᠯᠥᠭ ᠤᠨ        ᠮᠠᠭᠲᠠᠭᠠᠯ ︾ ᠂ ︽ᠮᠣᠷᠢᠨ ᠤ ᠬᠤᠩᠬ᠎ᠠ ᠵᠣᠯ ᠵᠢᠷᠭᠠᠯ ᠤᠨ ᠳᠠᠭᠤᠤ ᠶᠢ ᠬᠠᠩᠭᠢᠨᠠᠭᠤᠯᠤᠨ᠎ᠠ ︾ ᠮᠡᠲᠦ ᠶᠢᠨ ᠨᠢᠭᠡ ᠪᠦᠯᠦᠭ ᠰᠣᠶᠣᠯ ᠤᠷᠠᠯᠢᠭ ᠤᠨ ᠰᠣᠳᠣᠨ ᠪᠦᠲᠦᠭᠡᠯ ᠭᠠᠷᠭᠠᠵᠤ ᠂ ᠤᠯᠠᠭᠠᠨᠮᠥ᠋ᠴᠢᠷ ᠤᠨ ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ ᠤᠨ ᠦᠢᠯᠡᠳᠦᠯ ᠢ ᠪᠠᠳᠠᠷᠠᠭᠤᠯᠵᠤ ᠂ ᠨᠠᠮ ᠤᠨ ᠬᠠᠶᠢᠷ᠎ᠠ ᠬᠠᠯᠠᠮᠵᠢ ᠪᠠ ᠳᠠᠭᠤᠨ ᠬᠤᠭᠤᠯᠠᠢ ᠶᠢ ᠤᠮᠠᠷᠠᠲᠤ ᠬᠢᠯᠢ ᠣᠷᠣᠨ ᠳᠤ ᠳᠠᠭᠤᠷᠢᠰᠤᠭᠤᠯᠤᠨ᠎ᠠ ᠃ ︽ᠪᠦᠬᠦ ᠤᠯᠤᠰ ᠤᠨ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ︾ ᠡᠬᠢᠯᠡᠮᠡᠷ ᠴᠠᠭ ᠮᠥᠴᠡ ᠳᠤ ᠂ ᠣᠷᠣᠨ ᠳᠠᠶᠠᠭᠠᠷ ᠢᠶᠠᠨ ᠬᠦᠴᠦᠯᠡᠵᠦ ᠴᠤᠭᠯᠠᠭᠠᠨ ᠢ ᠰᠠᠶᠢᠲᠤᠷ ᠡᠷᠬᠢᠯᠡᠨ ᠂ ᠨᠢᠭᠡ ᠬᠤᠭᠤᠴᠠᠭᠠᠨ ᠤ ᠲᠣᠪᠴᠢ ᠠᠪᠰᠠᠷᠬᠠᠨ ᠂ ᠠᠮᠤᠷ ᠲᠦᠪᠰᠢᠨ ᠂ ᠭᠤᠶᠢᠳᠠ ᠰᠠᠶᠢᠬᠠᠨ ᠲᠠᠮᠢᠷ ᠤᠨ ᠥᠪᠡᠳᠡᠭᠰᠢ ᠴᠤᠭᠯᠠᠭᠠᠨ ᠢ ᠡᠷᠭᠦᠨ ᠳᠡᠪᠰᠢᠭᠦᠯᠵᠦ ᠂ ᠡᠨᠡ ᠬᠦ ᠲᠠᠰᠢᠷᠠᠮ ᠢᠶᠠᠷ ᠮᠥᠰᠥ ᠴᠠᠰᠤᠨ ᠤ ᠠᠵᠤ ᠦᠢᠯᠡᠰ ᠢ ᠡᠬᠢᠯᠡᠭᠦᠯᠦᠨ ᠬᠥᠭᠵᠢᠭᠦᠯᠵᠦ ᠂ ᠵᠢᠭᠤᠯᠴᠢᠯᠠᠭᠴᠢᠳ ᠲᠤ ᠮᠥᠰᠥ ᠴᠠᠰᠤᠨ ᠤ ᠪᠠᠶᠠᠷ ᠪᠠᠭ᠋ᠠᠳᠤᠯ ᠢ ᠬᠠᠨᠳᠤᠯ᠎ᠠ ᠬᠦᠷᠲᠡᠭᠡᠨ ᠂ ᠡᠪᠦᠯ ᠤᠨ ᠤᠯᠠᠷᠢᠯ ᠤᠨ ᠵᠢᠭᠤᠯᠴᠢᠯᠠᠯ ᠳᠤ ᠳᠠᠭᠤᠰᠤᠰᠢ ᠦᠭᠡᠢ ᠬᠠᠯᠠᠭᠤᠨ ᠤᠷᠤᠰᠬᠠᠯ ᠠᠪᠴᠢᠷᠠᠨ᠎ᠠ ᠃  ︵ᠳᠥᠷᠪᠡ ︶ ᠣᠨᠴᠠᠭᠠᠢ ᠠᠷᠭ᠎ᠠ ᠬᠡᠮᠵᠢᠶ᠎ᠡ ᠪᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢ ᠠᠬᠢᠭᠤᠯᠤᠨ᠎ᠠ ᠃ ᠤᠯᠠᠮ ᠬᠥᠭᠵᠢᠭᠡᠳᠦᠢ ᠭᠠᠵᠠᠷ ᠣᠷᠣᠨ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢ ᠤᠯᠠᠮ ᠴᠢᠬᠤᠯᠠᠴᠢᠯᠠᠵᠤ ᠂ ᠬᠠᠭᠤᠴᠢᠨ ᠠᠪᠲᠠᠯ ᠢᠶᠠᠨ ᠤᠯᠠᠮ ᠲᠠᠶᠠᠭᠳᠠᠨ ᠂ ᠵᠤᠷᠰᠢᠯ ᠢ ᠵᠣᠷᠢᠭᠲᠠᠢ ᠡᠪᠳᠡᠵᠦ ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠲᠠᠯ᠎ᠠ ᠪᠠᠷ ᠨᠡᠬᠡᠵᠦ ᠭᠦᠢᠴᠡᠬᠦ ᠪᠠᠷ ᠴᠢᠷᠮᠠᠶᠢᠬᠤ ᠬᠡᠷᠡᠭᠲᠡᠢ ᠃   ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠶᠠᠭᠤᠨ ᠤ ᠤᠷᠢᠳ ᠬᠠᠷᠠᠮ ᠦᠭᠡᠢ ᠪᠠᠷ ᠣᠷᠣᠭᠤᠯᠣᠯᠳᠡ ᠬᠢᠬᠦ ᠬᠡᠷᠡᠭᠲᠡᠢ ᠃ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠣᠭᠤᠯᠣᠯᠳᠡ ᠶᠢᠨ ᠪᠠᠲᠤᠯᠠᠭᠠᠲᠤ ᠨᠡᠮᠡᠭᠳᠡᠯ ᠤᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ ᠂ ᠡᠯ᠎ᠡ ᠱᠠᠲᠤᠨ ᠤ ᠵᠠᠰᠠᠭ ᠤᠨ ᠣᠷᠳᠣᠨ ᠴᠥᠮ ᠪᠣᠳᠠᠲᠠᠢ ᠵᠣᠭᠤᠰ ᠮᠥᠩᠭᠦ ᠭᠠᠷᠭᠠᠵᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠤ ᠰᠢᠨ᠎ᠡ ᠶᠢ ᠡᠭᠦᠳᠬᠦ ᠶᠢ ᠳᠡᠮᠵᠢᠵᠦ ᠂ ᠠᠵᠤ ᠠᠬᠤᠶᠢᠯᠠᠯ ᠂ ᠶᠡᠭᠡ ᠳᠡᠭᠡᠳᠦ ᠰᠤᠷᠭᠠᠭᠤᠯᠢ ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠤᠨ ᠵᠣᠷᠢᠭᠲᠠᠢ ᠪᠠᠷ ᠰᠢᠨ᠎ᠡ ᠶᠢ ᠡᠭᠦᠳᠬᠦ ᠳᠤ ᠠᠰᠢᠭᠲᠠᠢ ᠠᠮᠢ ᠠᠬᠤᠢ ᠶᠢᠨ ᠪᠠᠶᠢᠳᠠᠯ ᠢ ᠪᠣᠢ ᠪᠣᠯᠭᠠᠬᠤ ᠬᠡᠷᠡᠭᠲᠡᠢ ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠥᠩᠭᠦᠨ ᠭᠦᠢᠯᠭᠡᠭᠡᠨ ᠤ ᠠᠵᠢᠯ ᠢ ᠬᠦᠴᠦᠯᠡᠨ ᠰᠠᠶᠢᠲᠤᠷ ᠠᠳᠬᠤᠵᠤ ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠢᠯᠤᠭᠤᠳᠴᠤ ᠪᠠᠶᠢᠭᠠᠳ ᠰᠢᠨ᠎ᠡ ᠶᠢ ᠡᠭᠦᠳᠬᠦ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠥᠩᠭᠦᠨ ᠭᠦᠢᠯᠭᠡᠭᠡᠨ ᠤ ᠨᠡᠷᠡᠳᠬᠦᠨ ᠢ ᠪᠠᠶᠠᠯᠢᠭᠵᠢᠭᠤᠯᠵᠤ ᠂ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦᠨ ᠤ ᠵᠠᠮᠴᠢᠯᠠᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ ᠂ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠣᠯᠳᠡ ᠂ ᠰᠲ᠋ᠣᠺ ᠤᠨ ᠡᠷᠬᠡ ᠶᠢᠨ ᠪᠡᠯᠡ ᠣᠷᠣᠭᠤᠯᠣᠯᠳᠡ ᠶᠢ ᠬᠥᠭᠵᠢᠭᠦᠯᠬᠦ ᠶᠢ ᠵᠣᠷᠢᠭᠵᠢᠭᠤᠯᠤᠨ ᠂ ᠲᠦᠭᠰᠢᠭᠦᠷᠢᠲᠦ ᠪᠡᠯᠡ ᠣᠷᠣᠭᠤᠯᠣᠯᠳᠡ ᠶᠢᠨ ᠰᠠᠭᠤᠷᠢ ᠮᠥᠩᠭᠦ ᠶᠢ ᠣᠷᠣᠭᠤᠯᠤᠨ ᠠᠪᠴᠢᠷᠠᠵᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠪᠦᠬᠦᠢ ᠠᠵᠤ ᠠᠬᠤᠶᠢᠯᠠᠯ ᠤᠨ ᠪᠦᠭᠦ ᠦᠶᠡᠯᠡᠯ ᠤᠨ ᠮᠥᠩᠭᠦᠨ ᠭᠦᠢᠯᠭᠡᠭᠡᠨ ᠤ ᠦᠢᠯᠡᠴᠢᠯᠡᠭᠡ ᠶᠢᠨ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠵᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ︽ᠦᠷ᠎ᠡ ︾ ᠳᠤ ᠨᠡᠩ ᠣᠯᠠᠨ ᠮᠥᠩᠭᠦᠨ ᠭᠦᠢᠯᠭᠡᠭᠡᠨ ᠤ ᠤᠷᠤᠰᠬᠠᠯ ᠣᠰᠣᠨ ᠤ ᠰᠢᠮ᠎ᠡ ᠲᠡᠵᠢᠭᠡᠯ ᠬᠠᠩᠭᠠᠨ᠎ᠠ ᠃   ᠡᠬᠢ ᠪᠠᠶᠠᠯᠢᠭ ᠤᠨ ᠬᠦᠴᠦᠨ ᠴᠢᠳᠠᠯ ᠢ ᠲᠥᠪᠯᠡᠷᠡᠭᠦᠯᠦᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠠᠪᠴᠠᠩ ᠢ ᠬᠦᠴᠦᠷᠬᠡᠭᠵᠢᠭᠦᠯᠦᠨ ᠪᠠᠶᠢᠭᠤᠯᠤᠨ᠎ᠠ ᠃ ︽ᠤᠯᠤᠰ ᠤᠨ ᠠᠩᠭᠢ ︾ ᠶᠢ ᠪᠤᠵᠠᠭᠠᠶᠢᠷᠠᠭᠤᠯᠬᠤ ᠬᠡᠷᠡᠭᠲᠡᠢ ᠂ ᠬᠦᠬᠡᠬᠤᠲᠠ ᠪᠤᠭᠤᠲᠤ ᠣᠷᠳᠣᠰ ᠤᠨ ᠤᠯᠤᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠪᠠ ᠡᠪᠡᠰᠦᠨ ᠤ ᠦᠢᠯᠡᠰ ᠤᠨ ᠤᠯᠤᠰ ᠤᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠥᠪ ᠢ ᠪᠦᠬᠦ ᠬᠦᠴᠦᠨ ᠢᠶᠠᠷ ᠢᠶᠠᠨ ᠡᠭᠦᠳᠦᠨ ᠪᠠᠶᠢᠭᠤᠯᠵᠤ ᠂ ᠤᠯᠤᠰ ᠤᠨ ᠰᠦ ᠰᠠᠭᠠᠯᠢ ᠶᠢᠨ ᠦᠢᠯᠡᠰ ᠤᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠥᠪ ᠤᠨ ᠬᠤᠶᠠᠳᠤᠭᠠᠷ ᠬᠤᠭᠤᠴᠠᠭᠠᠨ ᠤ ᠲᠦᠷᠣᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ ᠂ ᠲᠠᠯ᠎ᠠ ᠨᠤᠲᠤᠭ ᠤᠨ ᠭᠡᠷ ᠤᠨ ᠲᠡᠵᠢᠭᠡᠪᠦᠷᠢ ᠶᠢᠨ ᠡᠭᠦᠯᠳᠡᠷ ᠪᠣᠶᠢᠵᠢᠭᠤᠯᠬᠤ ᠂ ᠲᠠᠯ᠎ᠠ ᠨᠤᠲᠤᠭ ᠤᠨ ᠠᠮᠢ ᠠᠬᠤᠢ ᠶᠢᠨ ᠬᠠᠮᠠᠭᠠᠯᠠᠯᠲᠠ ᠬᠢᠭᠡᠳ ᠠᠰᠢᠭᠯᠠᠯᠲᠠ ᠶᠢᠨ ᠪᠦᠬᠦ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠢ ᠪᠣᠶᠢᠵᠢᠭᠤᠯᠤᠨ᠎ᠠ ᠃ ︽ᠣᠷᠣᠨ ᠨᠤᠲᠤᠭ ᠤᠨ ᠠᠩᠭᠢ ︾ ᠶᠢ ᠬᠦᠴᠦᠷᠬᠡᠭᠵᠢᠭᠦᠯᠬᠦ ᠬᠡᠷᠡᠭᠲᠡᠢ ᠂ ᠥᠪᠡᠷᠲᠡᠭᠡᠨ ᠵᠠᠰᠠᠬᠤ ᠣᠷᠣᠨ ᠤ ᠲᠤᠷᠰᠢᠯᠲᠠ ᠶᠢᠨ ᠲᠠᠰᠤᠭ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠭᠠᠵᠠᠷ ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠂ ᠪᠡᠭᠡᠵᠢᠩ ᠶᠡᠭᠡ ᠰᠤᠷᠭᠠᠭᠤᠯᠢ ᠶᠢᠨ ᠣᠷᠳᠣᠰ ᠲᠠᠬᠢ ᠡᠨᠧᠷᠬᠢ ᠶᠢᠨ ᠰᠤᠳᠤᠯᠭᠠᠨ ᠤ ᠬᠦᠷᠢᠶᠡᠯᠡᠩ ᠵᠡᠷᠭᠡ ᠪᠠᠶᠢᠭᠤᠯᠤᠮᠵᠢ ᠨᠢ ᠵᠣᠷᠢᠭᠲᠠᠢ ᠬᠢᠵᠦ ᠲᠤᠷᠰᠢᠨ ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠴᠦᠨ ᠢ ᠪᠤᠵᠠᠭᠠᠶᠢᠷᠠᠭᠤᠯᠤᠨ ᠂ ᠴᠠᠭᠠᠷᠠᠭᠰᠠᠨ ᠦᠷ᠎ᠡ ᠪᠥᠲᠥᠮᠵᠢ ᠭᠠᠷᠭᠠᠬᠤ ᠬᠡᠷᠡᠭᠲᠡᠢ ︔ ᠮᠧᠩ ᠺᠧ ᠵᠢᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠠᠪᠴᠠᠩ ᠨᠢ ︽ᠪᠥᠭᠡᠭᠡᠨᠡᠷᠡᠯ ︾ ᠤᠨ ᠦᠢᠯᠡᠳᠦᠯ ᠢᠶᠠᠨ ᠪᠠᠳᠠᠷᠠᠭᠤᠯᠵᠤ ᠂ ︽ᠨᠡᠶᠢᠯᠡᠯᠲᠡ ︾ ᠶᠢᠨ ᠦᠢᠯᠡᠳᠦᠯ ᠢᠶᠠᠨ ᠭᠠᠷᠭᠠᠵᠤ ᠂ ᠠᠵᠤ ᠠᠬᠤᠶᠢᠯᠠᠯ ᠂ ᠶᠡᠭᠡ ᠳᠡᠭᠡᠳᠦ ᠰᠤᠷᠭᠠᠭᠤᠯᠢ ᠂ ᠬᠦᠷᠢᠶᠡᠯᠡᠩ ᠭᠠᠵᠠᠷ ᠢ ᠬᠠᠮᠲᠤᠳᠬᠠᠨ ᠂ ᠠᠵᠤ ᠦᠢᠯᠡᠰ ᠤᠨ ᠬᠡᠯᠬᠢᠶ᠎ᠡ ᠂ ᠰᠢᠨ᠎ᠡ ᠡᠭᠦᠳᠦᠯᠲᠡ ᠶᠢᠨ ᠬᠡᠯᠬᠢᠶ᠎ᠡ ᠂ ᠪᠡᠯᠡ ᠮᠥᠩᠭᠦᠨ ᠤ ᠬᠡᠯᠬᠢᠶ᠎ᠡ ᠂ ᠴᠢᠳᠠᠪᠤᠷᠢᠲᠠᠨ ᠤ ᠬᠡᠯᠬᠢᠶ᠎ᠡ ᠂ ᠮᠡᠳᠡᠭᠡ ᠵᠠᠩᠭᠢ ᠶᠢᠨ ᠬᠡᠯᠬᠢᠶ᠎ᠡ ᠶᠢ ᠬᠤᠷᠠᠭᠤᠯᠬᠤ ᠬᠡᠷᠡᠭᠲᠡᠢ ᠃ ᠣᠨᠴᠠᠭᠠᠶᠢᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ ︾ ᠢᠨᠵᠧᠨᠧᠷᠢᠩ ᠢ ᠶᠡᠭᠡ ᠪᠠᠷ ᠬᠡᠷᠡᠭᠵᠢᠭᠦᠯᠵᠦ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠠᠷ ᠠᠵᠤ ᠦᠢᠯᠡᠰ ᠤᠨ ᠰᠢᠨ᠎ᠡ ᠡᠭᠦᠳᠦᠯᠲᠡ ᠶᠢ ᠠᠬᠢᠭᠤᠯᠵᠤ ᠂ ᠴᠡᠭ ᠪᠠᠶᠢᠷᠢᠯᠠᠯ ᠢᠶᠠᠨ ᠣᠯᠵᠤ ᠂ ᠪᠦᠯᠭᠦᠮ ᠨᠠᠶᠢᠳᠡ ᠪᠠᠨ ᠣᠯᠵᠤ ᠂ ᠵᠠᠭᠪᠤᠷ ᠢᠶᠠᠨ ᠵᠥᠪ ᠣᠯᠵᠤ ᠂ ᠤᠰᠤᠲᠥ᠋ᠷᠥᠭᠴᠢᠲᠤ ᠡᠨᠧᠷᠬᠢ ᠂ ᠰᠢᠨ᠎ᠡ ᠬᠡᠯᠪᠡᠷᠢ ᠶᠢᠨ ᠡᠨᠧᠷᠬᠢ ᠨᠥᠭᠡᠴᠡᠯᠡᠬᠦ ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠡᠯ ᠳᠤ ᠠᠩᠬᠠᠷᠤᠯ ᠢᠶᠠᠨ ᠲᠥᠪᠯᠡᠷᠡᠭᠦᠯᠦᠨ ᠂ ᠪᠦᠭᠦ ᠤᠯᠤᠰ ᠴᠢᠨᠠᠭᠰᠢᠯᠠᠨ ᠳᠡᠯᠡᠬᠡᠢ ᠳᠤ ᠣᠷᠣᠶᠢᠯᠠᠭᠰᠠᠨ ᠲᠤᠰᠬᠠᠢ ᠮᠡᠷᠭᠡᠵᠢᠯᠲᠡᠨ ᠤ ᠪᠦᠯᠭᠦᠮ ᠢ ᠣᠷᠣᠭᠤᠯᠤᠨ ᠠᠪᠴᠢᠷᠠᠵᠤ ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠯᠦᠭᠡ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ ᠂ ᠰᠢᠨ᠎ᠡ ᠮᠡᠷᠭᠡᠵᠢᠯ ᠂ ᠰᠢᠨ᠎ᠡ ᠵᠠᠭᠪᠤᠷ ᠵᠡᠷᠭᠡ ᠲᠠᠯ᠎ᠠ ᠪᠠᠷ ᠪᠦᠬᠦ ᠬᠦᠴᠦᠨ ᠢᠶᠠᠷ ᠢᠶᠠᠨ ᠰᠢᠪᠲᠤᠯᠤᠯᠲᠠ ᠭᠠᠷᠭᠠᠨ᠎ᠠ ᠃   ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯᠯᠠᠬᠤ ᠴᠡᠷᠢᠭ ᠪᠣᠯᠬᠤ ᠶᠢ ᠪᠦᠭᠦ ᠬᠦᠴᠦᠨ ᠢᠶᠠᠷ ᠢᠶᠠᠨ ᠳᠡᠮᠵᠢᠨ᠎ᠡ ᠃ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠪᠦᠬᠦᠢ ᠳᠤᠮᠳᠠ ᠵᠢᠵᠢᠭ ᠠᠵᠤ ᠠᠬᠤᠶᠢᠯᠠᠯ ︱ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ︱ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠪᠦᠬᠦᠢ ᠳᠠᠭᠠᠭᠤᠯᠤᠭᠴᠢ ᠠᠵᠤ ᠠᠬᠤᠶᠢᠯᠠᠯ ︾ ᠤᠨ ᠱᠠᠲᠤᠯᠢᠭ ᠬᠡᠯᠪᠡᠷᠢ ᠪᠦᠬᠦᠢ ᠪᠣᠶᠢᠵᠢᠭᠤᠯᠬᠤ ᠲᠣᠭᠲᠠᠯᠴᠠᠭ᠎ᠠ ᠶᠢ ᠪᠠᠶᠢᠭᠤᠯᠤᠨ ᠂ ᠬᠥᠲᠥᠴᠢ ᠠᠵᠤ ᠠᠬᠤᠶᠢᠯᠠᠯ ᠂ ᠬᠡᠯᠬᠢᠶ᠎ᠡ ᠶᠢᠨ ᠭᠤᠣᠯ ᠪᠣᠯᠬᠤ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠵᠣᠬᠢᠶᠠᠨ ᠪᠠᠶᠢᠭᠤᠯᠬᠤ ᠶᠢ ᠳᠡᠮᠵᠢᠵᠦ ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 2000 ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠪᠦᠬᠦᠢ ᠳᠤᠮᠳᠠ ᠵᠢᠵᠢᠭ ᠠᠵᠤ ᠠᠬᠤᠶᠢᠯᠠᠯ ᠢ 3000 ᠳᠤ ᠬᠦᠷᠦᠭᠦᠯᠬᠦ ᠪᠠᠷ ᠴᠢᠷᠮᠠᠶᠢᠨ᠎ᠠ ᠃ ᠠᠵᠤ ᠠᠬᠤᠶᠢᠯᠠᠯ ᠢᠶᠠᠷ ᠭᠤᠣᠯᠯᠠᠭᠤᠯᠤᠭᠰᠠᠨ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢᠨ ᠭᠦᠨᠵᠡᠭᠡᠢ ᠠᠭᠤᠰᠤᠯᠴᠠᠯ ᠢ ᠴᠢᠩᠭᠠᠳᠬᠠᠵᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠨᠡᠯᠡᠯᠲᠡ ᠬᠢᠬᠦ ᠂ ᠰᠢᠨᠵᠢᠯᠡᠬᠦ ᠤᠬᠠᠭᠠᠨ ᠰᠤᠳᠤᠯᠭᠠᠨ ᠤ ᠲᠦᠷᠣᠯ ᠵᠦᠢᠯ ᠪᠠ ᠵᠠᠷᠤᠳᠠᠯ ᠤᠨ ᠬᠠᠮᠢᠶᠠᠷᠤᠯᠲᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠂ ︽ᠵᠠᠷᠯᠠᠯ ᠨᠡᠶᠢᠲᠡᠯᠡᠵᠦ ᠬᠤᠰᠢᠭᠤᠷᠠᠨ ᠠᠵᠢᠯᠯᠠᠬᠤ ︾ ᠲᠣᠭᠲᠠᠴᠠ ᠶᠢ ᠪᠦᠷᠢᠨᠰᠢᠭᠦᠯᠦᠨ ᠂ ᠡᠯ᠎ᠡ ᠲᠦᠷᠣᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠰᠠᠭᠤᠷᠢᠨ ᠭᠠᠵᠠᠷ ᠂ ᠵᠠᠪᠰᠠᠷ ᠤᠨ ᠰᠢᠯᠭᠠᠯᠲᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠪᠠ ᠬᠡᠷᠡᠭᠯᠡᠭᠡᠨ ᠤ ᠰᠢᠯᠭᠠᠯᠲᠠ ᠶᠢᠨ ᠲᠠᠪᠴᠠᠩ ᠢ ᠪᠠᠶᠢᠷᠢᠰᠢᠭᠤᠯᠤᠨ ᠪᠠᠶᠢᠭᠤᠯᠬᠤ ᠶᠢ ᠵᠣᠷᠢᠭᠵᠢᠭᠤᠯᠵᠤ ᠂ ︽ᠰᠢᠨᠵᠢᠯᠡᠬᠦ ᠤᠬᠠᠭᠠᠨᠲᠠᠨ + ᠢᠨᠵᠧᠨᠧᠷ + ᠠᠵᠤ ᠠᠬᠤᠶᠢᠯᠠᠯᠲᠠᠨ ︾ ᠤ ᠵᠠᠭᠪᠤᠷ ᠢ ᠬᠡᠷᠡᠭᠵᠢᠭᠦᠯᠦᠨ ᠂ ᠲᠤᠰᠬᠠᠢ ᠠᠰᠢᠭ ᠢ ᠤᠯᠠᠷᠢᠭᠤᠯᠤᠨ ᠬᠡᠷᠡᠭᠯᠡᠬᠦ ᠲᠤᠰᠬᠠᠢ ᠵᠦᠢᠯ ᠤᠨ ᠠᠵᠢᠯᠯᠠᠭᠠᠨ ᠢ ᠥᠷᠨᠢᠭᠦᠯᠵᠦ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ︽ᠲᠤᠷᠰᠢᠯᠲᠠ ᠶᠢᠨ ᠲᠠᠰᠤᠭ ︾ ᠠᠴᠠ ︽ᠦᠢᠯᠡᠳᠪᠦᠷᠢᠯᠡᠯ ᠤᠨ ᠱᠤᠭᠤᠮ ︾ ᠳᠤ ᠭᠠᠷᠭᠠᠬᠤ ᠬᠡᠷᠡᠭᠲᠡᠢ ᠃   ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠤᠷᠮ᠎ᠠ ᠵᠣᠷᠢᠭ ᠢᠶᠠᠷ ᠴᠢᠳᠠᠪᠤᠷᠢᠲᠠᠨ ᠤᠷᠢᠵᠤ ᠤᠶᠤᠨ ᠤᠬᠠᠭᠠᠨ ᠢ ᠲᠥᠪᠯᠡᠷᠡᠭᠦᠯᠦᠨ᠎ᠡ ᠃ ᠴᠢᠳᠠᠪᠤᠷᠢᠲᠠᠨ ᠢ ᠥᠮᠴᠢᠷᠬᠡᠬᠦ ᠶᠢ ᠪᠣᠳᠣᠬᠤ ᠦᠭᠡᠢ ᠂ ᠪᠠᠶᠢᠵᠤ ᠲᠣᠭᠲᠠᠬᠤ ᠪᠠᠷ ᠱᠠᠭᠠᠷᠳᠠᠬᠤ ᠦᠭᠡᠢ ᠂ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠂ ᠨᠥᠬᠦᠴᠡᠯ ᠪᠣᠯᠣᠮᠵᠢ ᠪᠦᠷᠢᠯᠳᠦᠭᠦᠯᠦᠨ ᠴᠢᠳᠠᠪᠤᠷᠢᠲᠠᠳ ᠢ ᠲᠠᠲᠠᠬᠤ ᠪᠠᠷ ᠪᠠᠷᠠᠬᠤ ᠦᠭᠡᠢ ᠂ ᠪᠠᠰᠠ ᠡᠷᠳᠡᠮ ᠴᠢᠳᠠᠪᠤᠷᠢ ᠪᠠᠨ ᠪᠠᠳᠠᠷᠠᠭᠤᠯᠬᠤ ᠣᠷᠴᠢᠨ ᠨᠥᠬᠦᠴᠡᠯ ᠢ ᠪᠦᠷᠢᠯᠳᠦᠭᠦᠯᠵᠦ ᠂ ᠥᠪᠡᠷᠲᠡᠭᠡᠨ ᠵᠠᠰᠠᠬᠤ ᠣᠷᠣᠨ ᠤ ᠪᠡᠭᠡᠵᠢᠩ ᠱᠠᠩᠬᠠᠢ ᠵᠧᠵᠢᠶᠠᠩ ᠵᠡᠷᠭᠡ ᠭᠠᠵᠠᠷ ᠲᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠤᠭᠤᠷᠴᠤᠭ ᠬᠠᠷᠢᠶ᠎ᠠ ᠭᠠᠵᠠᠷ ᠢ ᠰᠠᠶᠢᠲᠤᠷ ᠴᠣᠭᠴᠠᠯᠠᠵᠤ ᠂ ᠣᠷᠣᠨ ᠨᠤᠲᠤᠭ ᠪᠠ ᠠᠵᠤ ᠠᠬᠤᠶᠢᠯᠠᠯ ᠤᠨ ᠳᠠᠪᠰᠢᠭᠰᠠᠨ ᠭᠠᠵᠠᠷ ᠣᠷᠣᠨ ᠳᠤ ᠴᠢᠳᠠᠪᠤᠷᠢᠲᠠᠨ ᠤ ᠤᠭᠤᠷᠴᠤᠭ ᠬᠠᠷᠢᠶ᠎ᠠ ᠭᠠᠵᠠᠷ ᠪᠦᠲᠦᠭᠡᠨ ᠪᠠᠶᠢᠭᠤᠯᠬᠤ ᠶᠢ ᠵᠣᠷᠢᠭᠵᠢᠭᠤᠯᠤᠨ ᠲᠡᠮᠵᠢᠵᠦ ᠂ ᠢᠯᠢ ᠪᠦᠯᠦᠭᠯᠡᠯ ᠤᠨ ᠡᠸᠦ᠋ᠷᠦᠫᠡ ᠳᠠᠬᠢ ᠰᠤᠳᠤᠯᠤᠨ ᠨᠡᠭᠡᠭᠡᠬᠦ ᠲᠥᠪ ᠂ ᠣᠷᠳᠣᠰ ᠪᠦᠯᠦᠭᠯᠡᠯ ᠤᠨ ᠱᠠᠩᠬᠠᠢ ᠳᠠᠬᠢ ᠰᠤᠳᠤᠯᠤᠨ ᠨᠡᠭᠡᠭᠡᠬᠦ ᠲᠥᠪ ᠵᠡᠷᠭᠡ ᠵᠠᠭᠪᠤᠷ ᠢ ᠳᠡᠯᠭᠡᠷᠡᠭᠦᠯᠵᠦ ᠂ ᠰᠢ ᠠᠨ ᠤ ᠵᠠᠮ ᠬᠠᠷᠢᠯᠴᠠᠭᠠᠨ ᠤ ᠶᠡᠭᠡ ᠰᠤᠷᠭᠠᠭᠤᠯᠢ ᠵᠡᠷᠭᠡ ᠶᠡᠭᠡ ᠳᠡᠭᠡᠳᠦ ᠰᠤᠷᠭᠠᠭᠤᠯᠢ ᠬᠦᠷᠢᠶᠡᠯᠡᠩ ᠭᠠᠵᠠᠷ ᠯᠤᠭ᠎ᠠ ᠬᠠᠮᠲᠤᠷᠠᠯᠴᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ ᠪᠠ ᠠᠵᠤ ᠦᠢᠯᠡᠰ ᠤᠨ ᠬᠡᠷᠡᠭᠯᠡᠭᠡᠨ ᠤ ︽ᠬᠤᠣᠰ ᠴᠢᠭᠯᠡᠯᠲᠦ ᠤᠭᠤᠷᠴᠤᠭ ᠬᠠᠷᠢᠶ᠎ᠠ ᠭᠠᠵᠠᠷ ︾ ᠢ ᠬᠠᠮᠲᠤ ᠪᠠᠷ ᠪᠦᠲᠦᠭᠡᠨ ᠪᠠᠶᠢᠭᠤᠯᠬᠤ ᠪᠠᠨ ᠲᠦᠷᠭᠡᠳᠬᠡᠨ᠎ᠡ ᠃  ︵ᠲᠠᠪᠤ ︶ ᠥᠪᠥᠷ ᠮᠣᠩᠭᠤᠯ ᠤᠨ ᠣᠨᠴᠠᠯᠢᠭ ᠲᠠᠢ ᠣᠳᠣᠬᠢᠴᠢᠯᠠᠭᠰᠠᠨ ᠠᠵᠤ ᠦᠢᠯᠡᠰ ᠤᠨ ᠲᠣᠭᠲᠠᠯᠴᠠᠭ᠎ᠠ ᠶᠢ ᠬᠢᠨᠠᠮᠠᠭᠠᠢ ᠴᠣᠭᠴᠠᠯᠠᠨ᠎ᠠ ᠃ ᠣᠳᠣᠬᠢᠴᠢᠯᠠᠭᠰᠠᠨ ᠥᠪᠥᠷ ᠮᠣᠩᠭᠤᠯ ᠢ ᠪᠦᠲᠦᠭᠡᠨ ᠪᠠᠶᠢᠭᠤᠯᠬᠤ ᠶᠢᠨ ᠦᠨᠳᠦᠰᠦ ᠨᠢ ᠪᠣᠳᠠᠲᠤ ᠴᠣᠭᠴᠠ ᠶᠢᠨ ᠠᠵᠤ ᠠᠬᠤᠢ ᠳᠤ ᠪᠠᠶᠢᠵᠤ ᠂ ᠵᠠᠩᠭᠢᠯᠠᠭ᠎ᠠ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠪᠠᠶᠢᠵᠤ ᠂ ᠴᠢᠭᠯᠡᠯ ᠨᠢ ᠠᠵᠤ ᠦᠢᠯᠡᠰ ᠢ ᠳᠡᠰ ᠳᠡᠪᠰᠢᠭᠦᠯᠬᠦ ᠳᠤ ᠪᠠᠶᠢᠨ᠎ᠠ ᠃ ︽ᠬᠤᠶᠠᠷ ᠰᠠᠭᠤᠷᠢᠨ ᠭᠠᠵᠠᠷ ︾ ᠲᠤ ᠠᠩᠬᠠᠷᠤᠯ ᠢᠶᠠᠨ ᠲᠥᠪᠯᠡᠷᠡᠭᠦᠯᠦᠨ ᠂ ︽ᠭᠤᠷᠪᠠᠨ ᠶᠡᠭᠡ ᠳᠠᠪᠠᠭᠤᠯᠢᠭ ︾ ᠢ ᠪᠠᠳᠠᠷᠠᠭᠤᠯᠵᠤ ᠂ ᠲᠠᠷᠢᠶᠠᠯᠠᠩ ᠮᠠᠯ ᠠᠵᠤ ᠠᠬᠤᠢ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠭᠦ ᠂ ᠠᠵᠤ ᠦᠢᠯᠡᠳᠪᠦᠷᠢᠵᠢᠯᠲᠡ ᠶᠢᠨ ᠬᠦᠨᠳᠦ ᠡᠭᠦᠷᠭᠡ ᠡᠭᠦᠷᠭᠡᠯᠡᠬᠦ ᠂ ᠰᠢᠨ᠎ᠡ ᠡᠨᠧᠷᠭᠢ ᠶᠢᠨ ᠭᠤᠣᠯᠯᠠᠬᠤ ᠂ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠳᠡᠰ ᠳᠡᠪᠰᠢᠬᠦ ᠶᠢ ᠨᠢ ᠠᠬᠢᠭᠤᠯᠤᠨ᠎ᠠ ᠃   ᠲᠠᠷᠢᠶᠠᠯᠠᠩ ᠮᠠᠯ ᠠᠵᠤ ᠠᠬᠤᠢ ᠨᠢ ᠣᠳᠣᠬᠢᠴᠢᠯᠠᠭᠰᠠᠨ ᠶᠡᠭᠡ ᠠᠵᠤ ᠦᠢᠯᠡᠰ ᠢ ᠴᠣᠭᠴᠠᠯᠠᠬᠤ ᠪᠠ ᠠᠵᠤ ᠦᠢᠯᠡᠰ ᠤᠨ ᠬᠦᠴᠦᠷᠬᠡᠭ ᠣᠷᠣᠨ ᠢ ᠪᠦᠲᠦᠭᠡᠨ ᠪᠠᠶᠢᠭᠤᠯᠬᠤ ᠪᠠᠷ ᠬᠠᠷᠠᠯᠲᠠ ᠪᠣᠯᠭᠠᠨ ᠬᠦᠴᠦᠯᠡᠬᠦ ᠬᠡᠷᠡᠭᠲᠡᠢ ᠃ ᠶᠡᠭᠡ ᠲᠠᠷᠢᠶᠠᠯᠠᠩ ᠤᠨ ᠦᠵᠡᠯᠲᠡ ᠶᠢ ᠪᠠᠲᠤ ᠴᠣᠭᠴᠠᠯᠠᠵᠤ ᠂ ᠬᠡᠪᠴᠢᠶᠡᠵᠢᠭᠦᠯᠬᠦ ᠂ ᠠᠵᠤ ᠦᠢᠯᠡᠰᠵᠢᠭᠦᠯᠬᠦ ᠂ ᠨᠡᠷᠡᠲᠤ ᠲᠡᠮᠳᠡᠭᠵᠢᠭᠦᠯᠬᠦ ᠳᠡᠭᠡᠷ᠎ᠡ ᠬᠦᠴᠦ ᠵᠠᠷᠤᠴᠠᠭᠤᠯᠵᠤ ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠬᠦᠨ ᠤ ᠥᠷᠲᠡᠭ ᠢ ᠲᠦᠮᠡᠨ ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠶᠢ ᠠᠬᠢᠭᠤᠯᠤᠨ᠎ᠠ ᠃ ᠲᠠᠷᠢᠶᠠᠯᠠᠩ ᠮᠠᠯ ᠠᠵᠤ ᠠᠬᠤᠢ ᠶᠢ ᠲᠠᠷᠠᠬᠠᠢ ᠪᠤᠲᠠᠷᠬᠠᠢ ᠪᠠᠶᠢᠭᠰᠠᠨ ᠠᠴᠠ ᠨᠢ ᠡᠷᠴᠢᠮᠵᠢᠭᠦᠯᠬᠦ ᠲᠡᠶᠢᠰᠢ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ ᠃ ᠲᠠᠷᠢᠶᠠᠯᠠᠬᠤ ᠭᠠᠵᠠᠷ ᠤᠨ ᠬᠠᠮᠠᠭᠠᠯᠠᠯᠲᠠ ᠪᠠ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ ᠂ ᠠᠮᠤ ᠪᠤᠳᠠᠭ᠎ᠠ ᠲᠠᠷᠢᠬᠤ ᠲᠠᠯᠠᠪᠠᠢ ᠶᠢ ᠲᠣᠭᠲᠠᠪᠤᠷᠢᠵᠢᠭᠤᠯᠤᠨ ᠂ ᠬᠡᠪᠴᠢᠶᠡᠵᠢᠭᠦᠯᠦᠭᠰᠡᠨ ᠡᠵᠡᠩᠨᠡᠯᠲᠡ ᠨᠡᠶᠢᠭᠡᠮᠴᠢᠯᠡᠭᠰᠡᠨ ᠦᠢᠯᠡᠴᠢᠯᠡᠭᠡ ᠶᠢ ᠲᠦᠷᠭᠡᠳᠬᠡᠨ ᠠᠬᠢᠭᠤᠯᠵᠤ ᠂ ᠪᠡᠯᠡᠳᠭᠡᠮᠵᠢᠲᠦ ᠲᠠᠷᠢᠶᠠᠯᠠᠩ ᠂ ᠬᠠᠰᠢᠶᠠᠯᠠᠨ ᠲᠡᠵᠢᠭᠡᠬᠦ ᠬᠤᠷᠢᠵᠤ ᠲᠡᠵᠢᠭᠡᠬᠦ ᠂ ᠬᠦᠷᠢᠶᠡᠨ ᠠᠵᠤ ᠠᠬᠤᠢ ᠶᠢ ᠬᠥᠭᠵᠢᠭᠦᠯᠬᠦ ᠪᠠᠨ ᠰᠢᠨᠵᠢᠯᠡᠬᠦ ᠤᠬᠠᠭᠠᠨᠴᠢ ᠪᠠᠷ ᠲᠥᠯᠥᠪᠯᠡᠵᠦ ᠂ ᠪᠣᠷᠣᠳᠣᠬᠤᠢ ᠶᠢᠨ ᠤᠰᠤᠯᠠᠯᠲᠠ ᠶᠢᠨ ᠣᠷᠣᠨ ᠢ ᠣᠳᠣᠬᠢᠴᠢᠯᠠᠨ ᠥᠭᠡᠷᠡᠴᠢᠯᠡᠵᠦ ᠰᠢᠨᠡᠳᠬᠡᠬᠦ ᠂ ᠤᠯᠤᠰ ᠤᠨ ᠬᠤᠵᠢᠷᠰᠢᠭᠰᠠᠨ ᠭᠠᠵᠠᠷ ᠢ ᠥᠭᠡᠷᠡᠴᠢᠯᠡᠨ ᠰᠠᠶᠢᠵᠢᠷᠠᠭᠤᠯᠵᠤ ᠶᠡᠷᠦᠩᠬᠡᠶᠢᠯᠡᠨ ᠠᠰᠢᠭᠯᠠᠬᠤ ᠲᠤᠷᠰᠢᠯᠲᠠ ᠶᠢᠨ ᠴᠡᠭ ᠢ ᠠᠬᠢᠭᠤᠯᠵᠤ ᠂ ᠬᠢᠩᠭᠠᠨ ᠠᠶᠢᠮᠠᠭ ᠤᠨ ᠣᠳᠣ ᠦᠶ᠎ᠡ ᠶᠢᠨ ᠮᠠᠯ ᠠᠵᠤ ᠠᠬᠤᠢ ᠶᠢᠨ ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠳᠡᠮᠵᠢᠵᠦ ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 850 ᠲᠦᠮᠡᠨ ᠮᠦ ᠰᠢᠨ᠎ᠡ ᠪᠠᠷ ᠪᠠᠶᠢᠭᠤᠯᠤᠨ ᠂ ᠬᠠᠷ᠎ᠠ ᠬᠥᠷᠥᠰᠥᠲᠦ ᠭᠠᠵᠠᠷ ᠤᠨ ᠬᠠᠮᠠᠭᠠᠯᠠᠯᠲᠠ ᠶᠢᠨ ᠢᠨᠵᠧᠨᠧᠷᠢᠩ ᠢ 900 ᠲᠦᠮᠡᠨ ᠮᠦ ᠬᠡᠷᠡᠭᠵᠢᠭᠦᠯᠵᠦ ᠂ ᠪᠡᠯᠡᠳᠭᠡᠮᠵᠢᠲᠦ ᠲᠠᠷᠢᠶᠠᠯᠠᠩ ᠢ 24 ᠲᠦᠮᠡᠨ ᠮᠦ ᠰᠢᠨ᠎ᠡ ᠪᠠᠷ ᠪᠠᠶᠢᠭᠤᠯᠤᠨ ᠂ ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠢ ᠶᠢ 200 ᠰᠠᠶᠢᠵᠢᠷᠠᠭᠤᠯᠤᠨ ᠥᠭᠡᠷᠡᠴᠢᠯᠡᠵᠦ ᠂ ᠡᠯᠪᠡᠭ ᠬᠤᠷᠢᠶᠠᠯᠲᠠ ᠲᠠᠢ ᠵᠢᠯ ᠢ ᠳᠠᠬᠢᠨ ᠡᠭᠦᠳᠬᠦ ᠪᠠᠷ ᠴᠢᠷᠮᠠᠶᠢᠵᠤ ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠨᠡᠩ ᠢᠯᠡᠭᠦᠦ ᠥᠪᠥᠷ ᠮᠣᠩᠭᠤᠯ ᠤᠨ ᠬᠦᠴᠦᠨ ᠴᠢᠳᠠᠯ ᠢᠶᠠᠨ ᠨᠡᠮᠡᠷᠢᠯᠡᠨ᠎ᠡ ᠃ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢ ᠪᠤᠵᠠᠭᠠᠶᠢᠷᠠᠭᠤᠯᠤᠨ ᠳᠡᠭᠡᠭᠰᠢᠯᠡᠭᠦᠯᠬᠦ ᠬᠡᠷᠡᠭᠲᠡᠢ ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨ ᠡᠳ᠋ᠰᠢᠭᠦᠯᠦᠨ ᠪᠣᠯᠪᠠᠰᠣᠷᠠᠭᠤᠯᠬᠤ ᠬᠡᠮᠵᠢᠶ᠎ᠡ ᠪᠠᠨ ᠬᠦᠴᠦᠯᠡᠨ ᠳᠡᠭᠡᠭᠰᠢᠯᠡᠭᠦᠯᠵᠦ ᠂ ᠠᠵᠤ ᠦᠢᠯᠡᠰ ᠤᠨ ᠬᠡᠯᠬᠢᠶ᠎ᠡ ᠶᠢ ᠲᠠᠰᠣᠷᠠᠯᠳᠡ ᠦᠭᠡᠢ ᠤᠷᠲᠤᠳᠬᠠᠨ ᠂ ᠬᠠᠩᠭᠠᠯᠭ᠎ᠠ ᠶᠢᠨ ᠬᠡᠯᠬᠢᠶ᠎ᠡ ᠶᠢ ᠰᠢᠯᠢᠳᠡᠭᠵᠢᠭᠦᠯᠦᠨ ᠂ ᠥᠷᠳᠡᠭ ᠤᠨ ᠬᠡᠯᠬᠢᠶ᠎ᠡ ᠶᠢ ᠳᠡᠭᠡᠭᠰᠢᠯᠡᠭᠦᠯᠵᠦ ᠂ 7 ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠦᠢᠯᠡᠳᠬᠦᠨ ᠤ ᠥᠷᠳᠡᠭ ᠢ 7000 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ ᠃ ᠰᠦ ᠰᠠᠭᠠᠯᠢ ᠶᠢᠨ ᠦᠢᠯᠡᠰ ᠤᠨ ᠲᠠᠯ᠎ᠠ ᠪᠠᠷ ᠭᠤᠣᠯᠳᠠᠭᠤ ᠪᠢᠰᠢᠯᠠᠭ ᠵᠡᠷᠭᠡ ᠬᠠᠲᠠᠭᠤ ᠲᠥᠯᠥᠪᠲᠦ ᠰᠦ ᠴᠠᠭᠠᠨ ᠢᠳᠡᠭᠡ ᠶᠢ ᠨᠠᠷᠢᠯᠢᠭ ᠭᠦᠨ ᠡᠳ᠋ᠰᠢᠭᠦᠯᠬᠦ ᠪᠠ ᠣᠷᠣᠨ ᠨᠤᠲᠤᠭ ᠤᠨ ᠣᠨᠴᠠᠯᠢᠭᠲᠤ ᠰᠦ ᠴᠠᠭᠠᠨ ᠢᠳᠡᠭᠡ ᠶᠢ ᠳᠡᠰ ᠳᠡᠪᠰᠢᠭᠦᠯᠬᠦ ᠶᠢ ᠨᠢ ᠲᠦᠷᠭᠡᠳᠬᠡᠵᠦ ᠂ ︽ᠰᠢᠷᠬᠡᠭ ᠡᠪᠡᠰᠦ ᠠᠴᠠ ᠠᠶᠠᠭ᠎ᠠ ᠰᠦ ᠬᠦᠷᠲᠡᠯᠡᠬᠢ ᠂ ᠳᠠᠬᠢᠭᠠᠣᠨ ᠬᠡᠰᠡᠭ ᠪᠢᠰᠢᠯᠠᠭ ᠬᠦᠷᠲᠡᠯᠡᠬᠢ ︾ ᠪᠦᠬᠦ ᠠᠵᠤ ᠦᠢᠯᠡᠰ ᠤᠨ ᠬᠡᠯᠬᠢᠶᠡᠨ ᠤ ᠳᠡᠰ ᠳᠡᠪᠰᠢᠭᠰᠡᠨ ᠪᠠᠷᠯᠠᠯ ᠢ ᠡᠭᠦᠳᠦᠨ᠎ᠡ ︔ ᠡᠷᠳᠡᠨᠢ ᠰᠢᠰᠢ ᠶᠢᠨ ᠲᠠᠯ᠎ᠠ ᠪᠠᠷ ᠭᠤᠣᠯᠳᠠᠭᠤ ᠲᠷᠢᠫᠲ᠋ᠣᠹᠠᠨ ᠂ ᠦᠷ᠎ᠡ ᠶᠢᠨ ᠠᠮᠢᠨᠤ᠋ ᠬᠦᠴᠢᠯ ᠂ ᠰᠢᠷ᠎ᠠ ᠤᠭ ᠴᠠᠪᠠᠤᠯᠢᠭ ᠰᠢᠬᠢᠷ ᠵᠡᠷᠭᠡ ᠥᠨᠳᠥᠷ ᠨᠡᠮᠡᠯᠲᠡ ᠦᠷᠲᠡᠭ ᠲᠠᠢ ᠦᠢᠯᠡᠳᠬᠦᠨ ᠢ ᠥᠷᠭᠡᠳᠬᠡᠨ ᠬᠥᠭᠵᠢᠭᠦᠯᠦᠨ᠎ᠡ ︔ ᠠᠯᠠᠰᠢᠨ ᠬᠤᠨᠢ ᠠᠯᠠᠰᠢᠨ ᠦᠬᠡᠷ ᠤᠨ ᠲᠠᠯ᠎ᠠ ᠪᠠᠷ ᠭᠤᠣᠯᠳᠠᠭᠤ ᠠᠮᠢᠳᠤ ᠮᠠᠯ ᠢ ᠭᠠᠳᠠᠭᠰᠢ ᠠᠷᠠᠯᠵᠢᠶᠠᠯᠠᠬᠤ ᠂ ᠪᠣᠯᠪᠠᠰᠤᠷᠠᠭᠤᠯᠤᠨ ᠡᠳ᠋ᠰᠢᠭᠦᠯᠦᠭᠰᠡᠨ ᠢᠶᠠᠷ ᠬᠦᠷᠦᠯᠴᠡᠬᠦ ᠦᠭᠡᠢ ᠵᠡᠷᠭᠡ ᠠᠰᠠᠭᠤᠳᠠᠯ ᠢ ᠰᠠᠶᠢᠲᠤᠷ ᠰᠢᠢᠳᠪᠦᠷᠢᠯᠡᠵᠦ ᠂ ︽ᠠᠯᠠᠰᠢᠨ ᠬᠤᠨᠢ ᠠᠯᠠᠰᠢᠨ ᠦᠬᠡᠷ ︾ ᠬᠤᠳᠠᠯᠳᠤᠵᠤ ᠪᠠᠶᠢᠭᠰᠠᠨ ᠠᠴᠠ ︽ᠬᠤᠨᠢᠨ ᠮᠢᠬ᠎ᠠ ᠦᠬᠡᠷ ᠤᠨ ᠮᠢᠬ᠎ᠠ ︾ ᠬᠤᠳᠠᠯᠳᠤᠬᠤ ᠪᠣᠯᠭᠠᠨ᠎ᠠ ︔ ᠲᠡᠵᠢᠭᠡᠯ ᠡᠪᠡᠰᠦ ᠶᠢᠨ ᠲᠠᠯ᠎ᠠ ᠪᠠᠷ ᠭᠤᠣᠯᠳᠠᠭᠤ ᠠᠵᠤ ᠦᠢᠯᠡᠰ ᠤᠨ ᠬᠡᠯᠬᠢᠶᠡᠨ ᠤ ᠵᠣᠯᠭᠠᠯᠴᠠᠭ᠎ᠠ ᠶᠢ ᠴᠢᠩᠭᠠᠷᠠᠭᠤᠯᠵᠤ ᠂ ᠲᠡᠵᠢᠭᠡᠨ ᠦᠷᠡᠵᠢᠭᠦᠯᠬᠦ ᠶᠢᠨ ᠲᠥᠯᠥᠭᠡ ᠲᠠᠷᠢᠬᠤ ᠂ ᠲᠠᠷᠢᠵᠤ ᠲᠡᠵᠢᠭᠡᠬᠦ ᠪᠠᠨ ᠤᠶᠠᠯᠳᠤᠭᠤᠯᠬᠤ ᠶᠢ ᠠᠬᠢᠭᠤᠯᠵᠤ ᠂ ᠡᠪᠡᠰᠦᠨ ᠤ ᠦᠷ᠎ᠡ ᠶᠢᠨ ᠴᠢᠨᠠᠷ ᠴᠢᠨᠰᠠᠭ᠎ᠠ ᠪᠠ ᠴᠢᠨᠠᠷ ᠰᠠᠶᠢᠲᠠᠢ ᠲᠡᠵᠢᠭᠡᠯ ᠡᠪᠡᠰᠦ ᠶᠢᠨ ᠲᠠᠯ᠎ᠠ ᠪᠠᠷ ᠥᠪᠡᠷ ᠢ ᠪᠠᠨ ᠬᠠᠩᠭᠠᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ ︔ ᠢᠮᠠᠭᠠᠨ ᠨᠣᠣᠯᠣᠭᠤᠷ ᠤᠨ ᠲᠠᠯ᠎ᠠ ᠪᠠᠷ ᠭᠤᠣᠯᠳᠠᠭᠤ ᠨᠣᠣᠯᠣᠭᠤᠷ ᠤᠨ ᠢᠮᠠᠭᠠᠨ ᠤ ᠡᠭᠦᠯᠳᠡᠷ ᠢ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠵᠦ ᠂ ᠨᠡᠷᠡᠲᠦ ᠲᠡᠮᠳᠡᠭ ᠤᠨ ᠪᠠᠶᠢᠭᠤᠯᠤᠯᠲᠠ ᠶᠢ ᠬᠦᠴᠦᠲᠡᠢ ᠠᠳᠬᠤᠨ ᠂ ᠥᠷᠢᠰᠦᠯᠳᠦᠬᠦ ᠬᠦᠴᠦᠨ ᠪᠠ ᠨᠥᠯᠥᠭᠡᠯᠡᠬᠦ ᠬᠦᠴᠦᠨ ᠢ ᠨᠢ ᠳᠡᠭᠡᠭᠰᠢᠯᠡᠭᠦᠯᠦᠨ᠎ᠡ ︔ ᠲᠥᠮᠥᠰᠥ ᠶᠢᠨ ᠲᠠᠯ᠎ᠠ ᠪᠠᠷ ᠭᠤᠣᠯᠳᠠᠭᠤ ᠰᠠᠶᠢᠨ ᠦᠷ᠎ᠡ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠂ ᠴᠠᠷᠳᠠᠭᠤᠯ ᠂ ᠤᠷᠢᠳᠴᠢᠯᠠᠨ ᠬᠢᠭᠰᠡᠨ ᠨᠣᠭᠤᠭ᠎ᠠ ᠂ ᠰᠤᠯᠠ ᠢᠳᠡᠭᠡᠨ ᠵᠡᠷᠭᠡ ᠶᠢ ᠰᠤᠳᠤᠯᠤᠨ ᠨᠡᠭᠡᠭᠡᠵᠦ ᠡᠳ᠋ᠰᠢᠭᠦᠯᠦᠨ ᠪᠣᠯᠪᠠᠰᠤᠷᠠᠭᠤᠯᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ ︔ ᠪᠣᠬᠢᠷᠳᠤᠯ ᠦᠭᠡᠢ ᠠᠮᠢ ᠠᠬᠤᠢ ᠶᠢᠨ ︽ᠥᠪᠥᠷ ᠮᠣᠩᠭᠤᠯ ︾ ᠨᠡᠷᠡᠮᠵᠢᠲᠦ ᠨᠡᠷᠡᠲᠦ ᠲᠡᠮᠳᠡᠭ ᠢ ᠰᠢᠯᠢᠳᠡᠭᠵᠢᠭᠦᠯᠦᠨ᠎ᠡ ᠃ ︽ᠥᠷᠭᠡᠨ ᠲᠡᠨᠢᠭᠡᠷ ᠲᠠᠯ᠎ᠠ ᠨᠤᠲᠤᠭ ᠂ ᠥᠩ ᠰᠢᠮᠡᠯᠢᠭ ᠮᠠᠯᠵᠢᠯ ᠤᠨ ᠲᠠᠯᠠᠪᠠᠢ ᠂ ᠠᠮᠢ ᠠᠬᠤᠢ ᠶᠢᠨ ᠥᠪᠥᠷ ᠮᠣᠩᠭᠤᠯ ᠂ ᠪᠠᠶᠢᠭᠠᠯᠢᠯᠢᠭ ᠰᠠᠶᠢᠬᠠᠨ ᠠᠮᠲᠠᠲᠤ ᠢᠳᠡᠭᠡᠨ ︾ ᠢᠶᠠᠨ ᠠᠯᠳᠠᠷᠰᠢᠭᠤᠯᠤᠨ ᠴᠤᠤᠷᠢᠶᠠᠲᠤᠭᠤᠯᠵᠤ ᠂ ᠲᠠᠸᠠᠷ ᠤᠨ ᠲᠡᠮᠳᠡᠭ ᠨᠡᠷᠡᠲᠦ ᠲᠡᠮᠳᠡᠭ ᠤᠨ ᠦᠨ᠎ᠡ ᠦᠷᠲᠡᠭ ᠢ ᠳᠡᠭᠡᠭᠰᠢᠯᠡᠭᠦᠯᠬᠦ ᠪᠠ ᠭᠠᠵᠠᠷ ᠵᠦᠢ ᠶᠢᠨ ᠪᠡᠯᠭᠡ ᠲᠡᠮᠳᠡᠭ ᠤᠨ ᠬᠡᠷᠡᠭᠯᠡᠯᠲᠡ ᠶᠢ ᠠᠬᠢᠭᠤᠯᠬᠤ ᠢᠨᠵᠧᠨᠧᠷᠢᠩ ᠢ ᠬᠡᠷᠡᠭᠵᠢᠭᠦᠯᠦᠨ ᠂ ᠨᠡᠩ ᠣᠯᠠᠨ ᠨᠡᠷᠡᠲᠦ ᠲᠡᠮᠳᠡᠭ ᠢ ᠨᠡᠷ᠎ᠡ ᠴᠤᠤ ᠮᠠᠨᠳᠤᠭᠰᠠᠨ ᠂ ᠲᠣᠭᠲᠠᠵᠤ ᠳᠡᠶᠢᠯᠬᠦ ᠂ ᠣᠯᠠᠨ ᠤ ᠰᠡᠳᠬᠢᠯ ᠢ ᠣᠯᠣᠭᠰᠠᠨ ᠂ ᠤᠷᠲᠤ ᠤᠳᠠᠭᠠᠨ ᠬᠥᠭᠵᠢᠵᠦ ᠪᠣᠯᠬᠤᠶᠢᠴᠠ ᠪᠣᠯᠭᠠᠵᠤ ᠂ ᠲᠡᠨᠢᠭᠡᠷ ᠶᠡᠭᠡ ᠲᠠᠯ᠎ᠠ ᠨᠤᠲᠤᠭ ᠤᠨ ᠢᠶᠠᠨ ᠠᠩᠬᠢᠯᠤᠮ᠎ᠠ ᠰᠠᠶᠢᠬᠠᠨ ᠠᠮᠲᠠᠲᠤ ᠢᠳᠡᠭᠡᠨ ᠢᠶᠠᠨ ᠪᠦᠬᠦ ᠪᠥᠮᠪᠥᠷᠴᠡᠭ ᠲᠤ ᠠᠯᠳᠠᠷᠰᠢᠭᠤᠯᠤᠨ ᠮᠠᠨᠳᠤᠭᠤᠯᠤᠨ᠎ᠠ ᠃   ᠠᠵᠤ ᠦᠢᠯᠡᠳᠪᠦᠷᠢ ᠶᠢ ᠤᠷᠢᠳ ᠢᠶᠠᠷ ︽ᠳᠤᠮᠳᠠ ᠲᠦᠪᠰᠢᠨ ᠳᠤ ᠣᠷᠤᠭᠤᠯᠬᠤ ︾ ᠬᠠᠷᠠᠯᠲᠠ ᠶᠢᠨ ᠲᠣᠭᠤᠷᠢᠨ ᠳᠤ ᠳᠠᠪᠠᠭᠤᠯᠢᠭ ᠢᠶᠠᠨ ᠳᠠᠪᠲᠠᠵᠤ ᠂ ᠳᠤᠲᠠᠭᠤᠳᠠᠯ ᠢᠶᠠᠨ ᠨᠥᠬᠦᠪᠦᠷᠢᠯᠡᠨ ᠂ ᠪᠦᠯᠦᠭᠵᠢᠯ ᠢ ᠪᠤᠵᠠᠭᠠᠶᠢᠷᠠᠭᠤᠯᠵᠤ ᠂ ᠲᠤᠯᠭᠠᠭᠤᠷᠢᠯᠠᠯ ᠢ ᠴᠢᠩᠭᠠᠳᠬᠠᠨ ᠂ ᠰᠢᠨ᠎ᠡ ᠰᠢᠨᠵᠢ ᠪᠦᠬᠦᠢ ᠦᠢᠯᠡᠳᠪᠦᠷᠢᠯᠡᠯ ᠤᠨ ᠬᠦᠴᠦᠨ ᠢ ᠲᠦᠷᠭᠡᠪᠴᠢᠯᠡᠨ ᠪᠣᠢ ᠪᠣᠯᠭᠠᠨ᠎ᠠ ᠃ ᠰᠢᠨ᠎ᠡ ᠡᠨᠧᠷᠬᠢ ᠪᠠᠷ ᠰᠢᠨ᠎ᠡ ᠠᠵᠤ ᠦᠢᠯᠡᠳᠪᠦᠷᠢ ᠶᠢ ᠳᠠᠶᠢᠴᠢᠯᠠᠬᠤ ᠂ ᠲᠡᠷᠢᠭᠦᠨ ᠤ ᠦᠢᠯᠡᠳᠬᠦ ᠦᠢᠯᠡᠰ ᠢᠶᠠᠷ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠳᠠᠶᠢᠴᠢᠯᠠᠬᠤ ᠶᠢ ᠪᠠᠷᠢᠮᠲᠠᠯᠠᠵᠤ ᠂ ᠰᠢᠨ᠎ᠡ ᠬᠡᠯᠪᠡᠷᠢ ᠪᠦᠬᠦᠢ ᠠᠵᠤ ᠦᠢᠯᠡᠳᠪᠦᠷᠢᠵᠢᠯᠲᠡ ᠶᠢᠨ ︽1 + 7 ︾ ᠲᠥᠷᠥ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ ᠂ ᠪᠡᠯᠡ ᠮᠥᠩᠭᠦ ᠶᠢ ᠠᠵᠤ ᠦᠢᠯᠡᠰ ᠤᠨ ᠰᠢᠨ᠎ᠡ ᠡᠭᠦᠳᠦᠯᠲᠡ ᠂ ᠦᠢᠯᠡᠳᠬᠦ ᠦᠢᠯᠡᠰ ᠤᠨ ᠬᠥᠭᠵᠢᠯᠲᠡ ᠲᠡᠶᠢᠰᠢ ᠭᠤᠣᠯᠳᠠᠯᠭ᠎ᠠ ᠲᠠᠢ ᠬᠡᠯᠪᠡᠶᠢᠯᠭᠡᠬᠦ ᠬᠡᠷᠡᠭᠲᠡᠢ ᠃ ᠳᠠᠪᠠᠭᠤᠯᠢᠭ ᠢᠶᠠᠨ ᠳᠠᠪᠲᠠᠬᠤ ᠭᠡᠳᠡᠭ ᠨᠢ ︽ᠠᠵᠤ ᠦᠢᠯᠡᠳᠪᠦᠷᠢᠵᠢᠭᠰᠡᠨ ᠥᠪᠥᠷ ᠮᠣᠩᠭᠤᠯ ᠢ ᠳᠠᠬᠢᠨ ᠨᠢᠭᠡ ᠴᠣᠭᠴᠠᠯᠠᠬᠤ ︾ ᠬᠠᠷᠠᠯᠲᠠ ᠪᠠᠷ ᠰᠢᠨ᠎ᠡ ᠡᠨᠧᠷᠬᠢ ᠶᠢᠨ ᠠᠵᠤ ᠦᠢᠯᠡᠰ ᠢ ᠲᠦᠷᠭᠡᠳᠬᠡᠨ ᠪᠤᠵᠠᠭᠠᠶᠢᠷᠠᠭᠤᠯᠬᠤ ᠶᠢ ᠵᠢᠭᠠᠵᠤ ᠪᠣᠢ ᠃ ᠨᠡᠭᠡᠭᠡᠨ ᠬᠥᠭᠵᠢᠭᠦᠯᠬᠦ ᠳᠤ ᠬᠡᠮᠵᠢᠶ᠎ᠡ ᠪᠠᠨ ᠨᠡᠮᠡᠭᠳᠡᠭᠦᠯᠦᠨ ᠬᠤᠷᠳᠤᠴᠠ ᠪᠠᠨ ᠲᠦᠷᠭᠡᠳᠬᠡᠵᠦ ᠂ ᠰᠢᠩᠭᠡᠬᠡᠨ ᠪᠠᠭᠲᠠᠭᠠᠬᠤ ᠳᠤ ᠪᠣᠭᠤᠮᠢ ᠬᠦᠯᠢᠶᠡᠰᠦᠯᠡᠯ ᠢ ᠦᠭᠡᠶᠢᠰᠬᠡᠨ ᠠᠷᠢᠯᠭᠠᠬᠤ ᠂ ᠰᠠᠯᠬᠢ ᠪᠣᠯᠣᠨ ᠨᠠᠷᠠᠨ ᠤ ᠡᠨᠧᠷᠬᠢ ᠪᠠᠷ ᠴᠠᠬᠢᠯᠭᠠᠨ ᠭᠠᠷᠭᠠᠬᠤ ᠶᠢ ᠶᠡᠭᠡ ᠬᠡᠪᠴᠢᠶ᠎ᠡ ᠪᠠᠷ ᠲᠠᠶᠠᠭᠳᠠᠬᠤ ᠶᠢ ᠡᠷᠡᠰ ᠰᠡᠷᠭᠡᠶᠢᠯᠡᠨ᠎ᠡ ᠂ ᠰᠢᠨ᠎ᠡ ᠬᠡᠯᠪᠡᠷᠢ ᠪᠦᠬᠦᠢ ᠴᠠᠬᠢᠯᠭᠠᠨ ᠬᠦᠴᠦᠨ ᠤ ᠰᠢᠰᠲ᠋ᠧᠮ ᠢ ᠲᠦᠷᠭᠡᠳᠬᠡᠨ ᠪᠠᠶᠢᠭᠤᠯᠵᠤ ᠂ ᠪᠣᠬᠢᠷᠳᠤᠯ ᠦᠭᠡᠢ ᠴᠠᠬᠢᠯᠭᠠᠨ ᠪᠣᠬᠢᠷᠳᠤᠯ ᠦᠭᠡᠢ ᠴᠠᠬᠢᠯᠭᠠᠨ ᠤ ᠦᠨᠡᠮᠯᠡᠯ ᠤᠨ ᠠᠷᠠᠯᠵᠢᠶ᠎ᠠ ᠶᠢ ᠪᠦᠬᠦ ᠲᠠᠯ᠎ᠠ ᠪᠠᠷ ᠳᠡᠯᠭᠡᠷᠡᠭᠦᠯᠵᠦ ᠂ ᠰᠢᠨ᠎ᠡ ᠡᠨᠧᠷᠬᠢ ᠶᠢᠨ ᠲᠤᠨᠤᠭ ᠲᠥᠬᠦᠭᠡᠷᠦᠮᠵᠢ ᠦᠢᠯᠡᠳᠬᠦ ᠶᠢᠨ ᠦᠷ᠎ᠡ ᠠᠰᠢᠭ ᠢ ᠬᠦᠴᠦᠯᠡᠨ ᠨᠡᠮᠡᠭᠳᠡᠭᠦᠯᠵᠦ ᠂ ᠲᠤᠭ᠎ᠠ ᠬᠡᠮᠵᠢᠶ᠎ᠡ ᠶᠠᠰᠤ ᠴᠢᠨᠠᠷ ᠢ ᠵᠡᠷᠭᠡ ᠳᠤ ᠨᠢ ᠳᠡᠭᠡᠭᠰᠢᠯᠡᠭᠦᠯᠬᠦ ᠬᠡᠷᠡᠭᠲᠡᠢ ᠃ ᠰᠢᠨ᠎ᠡ ᠡᠨᠧᠷᠬᠢ ᠶᠢᠨ ᠪᠦᠬᠦ ᠠᠵᠤ ᠦᠢᠯᠡᠰ ᠤᠨ ᠬᠡᠯᠬᠢᠶᠡᠨ ᠤ ᠪᠡᠯᠡ ᠣᠷᠤᠭᠤᠯᠤᠯᠲᠠ ᠶᠢ 3000 ᠳ᠋ᠦᠩᠰᠢᠭᠤᠷ ᠲᠥᠭᠦᠷᠢᠭ ᠴᠢᠷᠮᠠᠶᠢᠨ ᠪᠡᠶᠡᠯᠡᠭᠦᠯᠵᠦ ᠂ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢ 4000 ᠲᠦᠮᠡᠨ ᠺᠢᠯᠣᠸᠠᠲ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ ᠂ ᠢᠯᠴᠢ ᠶᠢᠨ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠬᠡᠪᠴᠢᠶ᠎ᠡ ᠠᠴᠠ ᠳᠠᠪᠠᠭᠤᠯᠬᠤ ᠬᠠᠷᠠᠯᠲᠠ ᠶᠢ ᠵᠢᠯ ᠤᠷᠢᠳᠴᠢᠯᠠᠨ ᠪᠡᠶᠡᠯᠡᠭᠦᠯᠵᠦ ᠂ ᠰᠢᠨ᠎ᠡ ᠡᠨᠧᠷᠬᠢ ᠶᠢᠨ ᠮᠠᠰᠢᠨ ᠴᠣᠭᠴᠠᠯᠠᠪᠤᠷᠢ ᠶᠢᠨ ᠰᠢᠨ᠎ᠡ ᠪᠠᠷ ᠨᠡᠮᠡᠭᠳᠡᠭᠰᠡᠨ ᠬᠡᠪᠴᠢᠶ᠎ᠡ ᠂ ᠪᠠᠶᠢᠭᠤᠯᠵᠤ ᠪᠠᠶᠢᠭ᠎ᠠ ᠬᠡᠪᠴᠢᠶ᠎ᠡ ᠂ ᠶᠡᠷᠦᠩᠬᠡᠢ ᠬᠡᠪᠴᠢᠶ᠎ᠡ ᠪᠠᠷ ᠢᠶᠠᠨ ᠪᠦᠬᠦ ᠤᠯᠤᠰ ᠲᠤ ᠲᠦᠷᠦᠭᠦᠯᠡᠬᠦ ᠪᠠᠨ ᠪᠠᠷᠢᠮᠲᠠᠯᠠᠬᠤ ᠪᠠᠷ ᠴᠢᠷᠮᠠᠶᠢᠨ᠎ᠠ ᠂ ᠶᠡᠷᠦᠩᠬᠡᠶᠢᠯᠡᠪᠡᠯ ᠪᠦᠬᠦ ᠤᠯᠤᠰ ᠤᠨ ᠰᠢᠨ᠎ᠡ ᠡᠨᠧᠷᠬᠢ ᠶᠢᠨ ᠲᠦᠷᠦᠭᠦᠦ ᠪᠠᠶᠢᠷᠢ ᠪᠠᠨ ᠠᠯᠳᠠᠵᠤ ᠪᠣᠯᠬᠤ ᠦᠭᠡᠢ ᠃ ᠳᠤᠲᠠᠭᠤᠳᠠᠯ ᠢᠶᠠᠨ ᠨᠥᠬᠦᠪᠦᠷᠢᠯᠡᠬᠦ ᠭᠡᠳᠡᠭ ᠨᠢ ᠤᠯᠠᠮᠵᠢᠯᠠᠯᠲᠤ ᠠᠵᠤ ᠦᠢᠯᠡᠰ ᠢ ᠲᠤᠶᠢᠯᠪᠤᠷᠢᠲᠠᠢ ᠥᠭᠡᠷᠡᠴᠢᠯᠡᠵᠦ ᠂ ᠰᠢᠨ᠎ᠡ ᠪᠠᠷ ᠪᠣᠢ ᠪᠣᠯᠤᠭᠰᠠᠨ ᠠᠵᠤ ᠦᠢᠯᠡᠰ ᠤᠨ ᠬᠦᠴᠦᠨ ᠴᠢᠳᠠᠯ ᠢ ᠨᠢ ᠴᠢᠩᠭᠠᠷᠠᠭᠤᠯᠤᠨ ᠂ ᠢᠷᠡᠭᠡᠳᠦᠢ ᠶᠢᠨ ᠠᠵᠤ ᠦᠢᠯᠡᠰ ᠢ ᠬᠥᠭᠵᠢᠭᠦᠯᠦᠨ ᠪᠠᠳᠠᠷᠠᠭᠠᠬᠤ ᠶᠢ ᠵᠢᠭᠠᠵᠤ ᠪᠣᠢ ᠃ ᠡᠨᠧᠷᠬᠢ ᠂ ᠲᠡᠮᠦᠷᠯᠢᠭ ᠬᠠᠶᠢᠯᠤᠭᠤᠯᠬᠤ ᠂ ᠪᠠᠷᠢᠯᠭ᠎ᠠ ᠶᠢᠨ ᠮᠠᠲ᠋ᠧᠷᠢᠶᠠᠯ ᠂ ᠬᠢᠮᠢ ᠶᠢᠨ ᠠᠵᠤ ᠦᠢᠯᠡᠳᠪᠦᠷᠢ ᠵᠡᠷᠭᠡ ᠤᠯᠠᠮᠵᠢᠯᠠᠯᠲᠤ ᠠᠵᠤ ᠦᠢᠯᠡᠰ ᠪᠣᠯ ᠮᠠᠨ ᠤ ᠣᠷᠣᠨ ᠤ ᠬᠥᠭᠵᠢᠯᠲᠡ ᠶᠢᠨ ᠬᠥᠷᠥᠩᠭᠡ ᠪᠥᠭᠡᠳ ᠰᠢᠷᠭᠠᠭᠤ ᠬᠠᠲᠠᠭᠤᠵᠢᠯᠲᠠᠢ ᠪᠠᠷ ᠪᠣᠢ ᠪᠣᠯᠭᠠᠨ ᠬᠥᠭᠵᠢᠭᠦᠯᠦᠭᠰᠡᠨ ᠠᠵᠤ ᠦᠢᠯᠡᠰ ᠪᠣᠯᠬᠤᠷ ᠶᠠᠭᠠᠬᠢᠭᠰᠠᠨ ᠴᠦ ᠥᠴᠥᠬᠡᠨ ᠲᠡᠳᠦᠢ ᠪᠣᠯᠭᠠᠬᠤ ᠪᠤᠶᠤ ᠠᠯᠳᠠᠵᠤ ᠪᠣᠯᠬᠤ ᠦᠭᠡᠢ ᠂ ︽ᠳᠣᠣᠷᠠᠳᠤ ᠳᠡᠰ ᠤᠨ ᠠᠵᠤ ᠦᠢᠯᠡᠰ ︾ ᠪᠣᠯᠭᠠᠨ ᠳᠥᠭᠦᠮᠬᠡᠨ ᠢᠶᠠᠷ ᠪᠤᠴᠠᠭᠠᠨ ᠭᠠᠷᠭᠠᠵᠤ ᠨᠡᠩ ᠪᠣᠯᠬᠤ ᠦᠭᠡᠢ ᠃ ᠳᠡᠭᠡᠳᠦ ᠳᠡᠰᠵᠢᠭᠦᠯᠬᠦ ᠂ ᠣᠶᠤᠨᠴᠢᠯᠠᠬᠤ ᠂ ᠪᠣᠬᠢᠷᠳᠤᠯ ᠦᠭᠡᠢ ᠪᠣᠯᠭᠠᠬᠤ ᠬᠠᠷᠠᠯᠲᠠ ᠪᠠᠷ ᠂ ᠶᠡᠭᠡ ᠬᠡᠪᠴᠢᠶᠡᠨ ᠤ ᠮᠡᠷᠭᠡᠵᠢᠯ ᠤᠨ ᠥᠭᠡᠷᠡᠴᠢᠯᠡᠨ ᠰᠢᠨᠡᠳᠬᠡᠵᠦ ᠳᠡᠰ ᠳᠡᠪᠰᠢᠭᠦᠯᠬᠦ ᠢᠨᠵᠧᠨᠧᠷᠢᠩ ᠢ ᠬᠡᠷᠡᠭᠵᠢᠭᠦᠯᠵᠦ ᠂ ᠲᠥᠬᠦᠭᠡᠷᠦᠮᠵᠢ ᠶᠢ ᠰᠢᠨᠡᠳᠬᠡᠬᠦ ᠂ ᠤᠷ᠎ᠠ ᠮᠡᠷᠭᠡᠰᠢᠯ ᠢ ᠳᠡᠰ ᠳᠡᠪᠰᠢᠭᠦᠯᠬᠦ ᠂ ᠲᠤᠭᠠᠵᠢᠭᠤᠯᠬᠤ ᠪᠠᠷ ᠬᠦᠴᠦᠨ ᠨᠡᠮᠡᠷᠢᠯᠡᠬᠦ ᠶᠢ ᠠᠬᠢᠭᠤᠯᠤᠨ᠎ᠠ ︔ ︽ᠪᠣᠬᠢᠷᠳᠤᠯ ᠦᠭᠡᠢ ᠴᠠᠬᠢᠯᠭᠠᠨ ︾ ᠢ ᠰᠠᠶᠢᠲᠤᠷ ᠬᠥᠭᠵᠢᠭᠦᠯᠵᠦ ᠂ ︽ᠨᠢᠭᠡ ᠠᠵᠤ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ ︾ ᠂ ︽ᠨᠢᠭᠡ ᠬᠦᠷᠢᠶᠡᠯᠡᠩ ᠲᠣᠭᠤᠷᠢᠭ ᠲᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ ︾ ᠪᠠᠷ ᠡᠪᠴᠡᠯᠳᠦᠨ ᠬᠥᠭᠵᠢᠬᠦ ᠪᠠ ᠪᠣᠬᠢᠷᠳᠤᠯ ᠦᠭᠡᠢ ᠴᠠᠬᠢᠯᠭᠠᠨ ᠢᠶᠠᠷ ᠣᠷᠣᠯᠠᠭᠤᠯᠬᠤ ᠶᠢ ᠠᠬᠢᠭᠤᠯᠵᠤ ᠂ ᠳᠣᠣᠷ᠎ᠠ ᠨᠡᠭᠦᠷᠡᠰᠦᠲᠥ᠋ᠷᠥᠭᠴᠢᠲᠦ ᠂ ᠨᠡᠭᠦᠷᠡᠰᠦᠳᠦ᠋ᠷᠦᠭᠴᠢ ᠦᠯᠦ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ ᠢ ᠨᠡᠩ ᠣᠯᠠᠨ ᠴᠣᠭᠴᠠᠯᠠᠵᠤ ᠂ ᠡᠨᠧᠷᠬᠢ ᠶᠡᠭᠡ ᠠᠴᠢᠶᠠᠯᠠᠬᠤ ᠲᠡᠷᠢᠭᠦᠨ ᠤ ᠠᠵᠤ ᠦᠢᠯᠡᠰ ᠢ ᠮᠠᠨ ᠤ ᠣᠷᠣᠨ ᠳᠤ ᠨᠡᠩ ᠣᠯᠠᠨ ᠲᠠᠲᠠᠨ ᠠᠪᠴᠢᠷᠠᠵᠤ ᠪᠥᠭᠡᠭᠡᠨᠡᠷᠡᠭᠦᠯᠦᠨ ᠨᠤᠲᠤᠭᠰᠢᠭᠤᠯᠤᠨ᠎ᠠ ᠃ ᠦᠬᠠᠢ ᠶᠢᠨ ᠪᠦᠬᠦ ᠪᠥᠮᠪᠥᠷᠴᠡᠭ ᠤᠨ ᠬᠠᠮᠤᠭ ᠤᠨ ᠲᠣᠮᠣ BDO ᠤᠨ ᠨᠢᠭᠡ ᠴᠣᠭᠴᠠᠵᠢᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠪᠠᠶᠢᠭᠤᠯᠬᠤ ᠶᠢ ᠲᠡᠮᠵᠢᠨ᠎ᠡ ᠃ ᠠᠭᠤᠷᠬᠠᠢ ᠬᠠᠶᠢᠬᠤ ᠲᠠᠯ᠎ᠠ ᠪᠠᠷ ᠰᠢᠪᠲᠤᠯᠤᠯᠲᠠ ᠭᠠᠷᠬᠤ ᠶᠢ ᠲᠦᠷᠭᠡᠳᠬᠡᠵᠦ ᠂ ︽ᠶᠡᠭᠡ ᠠᠭᠤᠷᠬᠠᠢ ᠶᠢ ᠪᠤᠰᠢᠭᠤ ᠨᠡᠭᠡᠭᠡᠬᠦ ᠂ ᠪᠠᠶᠠᠯᠢᠭ ᠠᠭᠤᠷᠬᠠᠢ ᠶᠢ ᠨᠠᠷᠢᠯᠢᠭ ᠨᠡᠭᠡᠭᠡᠬᠦ ︾ ᠶᠢ ᠪᠠᠷᠢᠮᠲᠠᠯᠠᠨ ᠂ ᠠᠭᠤᠷᠬᠠᠢ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠲᠦᠷᠦᠯ ᠵᠦᠢᠯ ᠢ ᠵᠠᠭᠤᠨ ᠲᠦᠮᠡᠨ ᠲᠤᠨ ᠮᠢᠩᠭᠠᠨ ᠳ᠋ᠦᠩᠰᠢᠭᠤᠷ ᠳᠡᠰ ᠠᠴᠠ ᠡᠬᠢᠯᠡᠭᠦᠯᠬᠦ ᠪᠠ ᠠᠵᠤ ᠦᠢᠯᠡᠰ ᠢ ᠪᠦᠬᠦ ᠬᠡᠯᠬᠢᠶ᠎ᠡ ᠪᠠᠷ ᠪᠦᠯᠦᠭᠵᠢᠭᠦᠯᠦᠨ ᠬᠥᠭᠵᠢᠭᠦᠯᠬᠦ ᠶᠢ ᠠᠬᠢᠭᠤᠯᠬᠤ ᠬᠡᠷᠡᠭᠲᠡᠢ ᠃ ᠤᠯᠠᠭᠠᠨᠬᠠᠳᠠ ᠂ ᠰᠢᠯᠢ ᠶᠢᠨ ᠭᠤᠣᠯ ᠤᠨ ᠪᠦᠬᠦ ᠤᠯᠤᠰ ᠤᠨ ᠰᠢᠨ᠎ᠡ ᠨᠢᠭᠡᠨ ᠡᠭᠡᠯᠵᠢ ᠶᠢᠨ ᠠᠭᠤᠷᠬᠠᠢ ᠬᠠᠶᠢᠬᠤ ᠰᠢᠪᠲᠤᠯᠤᠯᠲᠠ ᠶᠢᠨ ᠪᠠᠶᠢᠯᠳᠤᠬᠤ ᠪᠣᠳᠣᠯᠭ᠎ᠠ ᠶᠢᠨ ᠠᠵᠢᠯᠯᠠᠭᠠᠨ ᠤ ᠲᠤᠷᠰᠢᠯᠲᠠ ᠶᠢᠨ ᠴᠡᠭ ᠪᠤᠯᠬᠤ ᠪᠠᠷ ᠴᠢᠷᠮᠠᠶᠢᠬᠤ ᠶᠢ ᠲᠡᠮᠵᠢᠨ᠎ᠡ ᠃ ᠰᠢᠨ᠎ᠡ ᠪᠠᠷ ᠪᠣᠢ ᠪᠣᠯᠤᠭᠰᠠᠨ ᠠᠵᠤ ᠦᠢᠯᠡᠰ ᠪᠠ ᠢᠷᠡᠭᠡᠳᠦᠢ ᠶᠢᠨ ᠠᠵᠤ ᠦᠢᠯᠡᠰ ᠢᠶᠠᠷ ᠲᠥᠯᠥᠭᠡᠯᠡᠭᠦᠯᠦᠭᠰᠡᠨ ᠰᠢᠨ᠎ᠡ ᠰᠢᠨᠵᠢ ᠪᠦᠬᠦᠢ ᠦᠢᠯᠡᠳᠪᠦᠷᠢᠯᠡᠯ ᠤᠨ ᠬᠦᠴᠦᠨ ᠪᠣᠯ ᠮᠠᠨ ᠤ ᠣᠷᠣᠨ ᠤ ᠰᠢᠨ᠎ᠡ ᠳᠠᠪᠠᠭᠤᠯᠢᠭ ᠢᠶᠠᠨ ᠪᠣᠢ ᠪᠣᠯᠭᠠᠬᠤ ᠂ ᠰᠢᠨ᠎ᠡ ᠬᠥᠳᠡᠯᠭᠡᠭᠦᠷ ᠢ ᠴᠣᠭᠴᠠᠯᠠᠬᠤ ᠶᠢᠨ ᠵᠠᠩᠭᠢᠯᠠᠭ᠎ᠠ ᠪᠠᠶᠢᠵᠤ ᠂ ᠡᠷᠬᠡᠪᠰᠢ ᠢᠳᠡᠪᠬᠢᠲᠡᠢ ᠪᠠᠷ ᠱᠠᠯᠠᠪᠳᠠᠭᠤᠯᠤᠨ ᠪᠠᠶᠢᠷᠢᠰᠢᠭᠤᠯᠵᠤ ᠂ ᠨᠢᠭᠡ ᠬᠤᠶᠠᠷ ᠴᠡᠭ ᠪᠠᠶᠢᠷᠢᠨ ᠳᠤ ᠤᠷᠢᠳ ᠢᠶᠠᠷ ᠰᠢᠪᠲᠤᠯᠤᠯᠲᠠ ᠭᠠᠷᠭᠠᠨ ᠂ ᠠᠵᠤ ᠦᠢᠯᠡᠰ ᠤᠨ ᠬᠥᠭᠵᠢᠯᠲᠡ ᠶᠢᠨ ᠭᠤᠣᠯᠯᠠᠭᠴᠢ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ ᠃ ᠰᠢᠨ᠎ᠡ ᠮᠠᠲ᠋ᠧᠷᠢᠶᠠᠯ ᠂ ᠣᠳᠣ ᠦᠶ᠎ᠡ ᠶᠢᠨ ᠲᠤᠨᠤᠭ ᠲᠥᠬᠦᠭᠡᠷᠦᠮᠵᠢ ᠦᠢᠯᠡᠳᠬᠦ ᠂ ᠠᠮᠢᠳᠤ ᠪᠣᠳᠠᠰ ᠤᠨ ᠡᠮ ᠡᠮᠨᠡᠯᠭᠡ ᠂ ᠬᠤᠳᠠᠯᠳᠤᠭᠠᠨ ᠤ ᠰᠠᠨᠰᠠᠷ ᠠᠶᠠᠯᠠᠯ ᠂ ᠳᠣᠣᠷ᠎ᠠ ᠠᠭᠠᠷ ᠤᠨ ᠠᠵᠤ ᠠᠬᠤᠢ ᠵᠡᠷᠭᠡ ᠰᠢᠨ᠎ᠡ ᠪᠠᠷ ᠪᠣᠢ ᠪᠣᠯᠤᠭᠰᠠᠨ ᠠᠵᠤ ᠦᠢᠯᠡᠰ ᠤᠨ ᠲᠠᠯ᠎ᠠ ᠪᠠᠷ ᠂ ᠬᠥᠭᠵᠢᠯᠲᠡ ᠶᠢᠨ ᠬᠠᠨᠳᠤᠰᠢ ᠶᠢ ᠡᠵᠡᠮᠳᠡᠵᠦ ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠳᠤ ᠬᠠᠨᠳᠤᠭᠤᠯᠤᠨ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠠᠷ ᠵᠢᠯᠣᠭᠤᠳᠤᠮᠵᠢ ᠪᠣᠯᠭᠠᠵᠤ ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠂ ᠭᠤᠣᠯ ᠪᠣᠯᠬᠤ ᠰᠡᠯᠪᠢᠭ ᠲᠤᠨᠤᠭ ᠢ ᠰᠤᠳᠤᠯᠤᠨ ᠨᠡᠭᠡᠭᠡᠵᠦ ᠦᠢᠯᠡᠳᠬᠦ ᠪᠣᠭᠤᠮᠲᠠ ᠶᠢ ᠰᠢᠪᠲᠤᠯᠬᠤ ᠪᠠᠨ ᠲᠦᠷᠭᠡᠳᠬᠡᠵᠦ ᠂ ᠠᠭᠤᠰᠤᠯᠴᠠᠭᠤᠯᠵᠤ ᠪᠦᠯᠦᠭᠵᠢᠭᠦᠯᠦᠨ ᠬᠥᠭᠵᠢᠭᠦᠯᠬᠦ ᠶᠢ ᠭᠦᠨᠵᠡᠭᠡᠶᠢᠷᠡᠭᠦᠯᠦᠨ ᠠᠬᠢᠭᠤᠯᠵᠤ ᠂ ᠲᠦᠷᠭᠡᠬᠡᠨ ᠬᠡᠪᠴᠢᠶ᠎ᠡ ᠪᠠᠨ ᠥᠷᠭᠡᠵᠢᠭᠦᠯᠵᠦ ᠬᠤᠪᠢ ᠶᠢᠨ ᠵᠢᠩ ᠢᠶᠠᠨ ᠳᠡᠭᠡᠭᠰᠢᠯᠡᠭᠦᠯᠦᠨ᠎ᠡ ᠃ ᠲᠣᠭᠠᠵᠢᠯᠲᠣ ᠠᠵᠤ ᠠᠬᠤᠢ ᠶᠢ ᠶᠡᠭᠡ ᠪᠠᠷ ᠬᠥᠭᠵᠢᠭᠦᠯᠵᠦ ᠂ ᠠᠵᠤ ᠦᠢᠯᠡᠰ ᠤᠨ ᠲᠣᠭᠠᠵᠢᠭᠤᠯᠤᠭᠰᠠᠨ ᠲᠡᠶᠢᠰᠢ ᠬᠡᠯᠪᠡᠷᠢ ᠪᠠᠨ ᠬᠤᠪᠢᠷᠠᠭᠤᠯᠬᠤ ᠪᠠ ᠣᠶᠤᠨᠴᠢᠯᠠᠨ ᠳᠡᠰ ᠳᠡᠪᠰᠢᠭᠦᠯᠬᠦ ᠶᠢ ᠨᠢ ᠲᠦᠷᠭᠡᠳᠬᠡᠵᠦ ᠂ ᠪᠦᠬᠦ ᠤᠯᠤᠰ ᠤᠨ ᠨᠢᠭᠡ ᠴᠣᠭᠴᠠᠵᠢᠭᠤᠯᠤᠭᠰᠠᠨ ᠲᠣᠭᠠᠵᠢᠭᠤᠯᠵᠤ ᠪᠤᠳᠤᠬᠤ ᠬᠦᠴᠦᠨ ᠤ ᠰᠦᠯᠵᠢᠶ᠎ᠡ ᠶᠢᠨ ᠥᠪᠥᠷ ᠮᠣᠩᠭᠤᠯ ᠤᠨ ᠬᠦᠢᠰᠦ ᠵᠠᠩᠭᠢᠶᠠᠰᠤ ᠂ ᠬᠤᠷᠢᠨᠭᠡᠷ ᠳ᠋ᠠᠶᠢᠲ᠋ᠠ ᠶᠢᠨ ᠲᠥᠪ ᠤᠨ ᠪᠦᠯᠦᠭᠵᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ ᠂ ᠪᠡᠭᠡᠵᠢᠩ ᠲᠢᠶᠠᠨᠵᠢᠨ ᠾᠧᠪᠧᠢ ᠶᠢᠨ ᠮᠤᠨᠳᠠᠭ ᠶᠡᠭᠡ ᠵᠣᠬᠢᠶᠠᠮᠠᠯ ᠤᠶᠤᠨ ᠂ ᠲᠣᠮᠣ ᠵᠠᠭᠪᠤᠷ ᠤᠨ ᠵᠠᠬ᠎ᠠ ᠳᠡᠯᠭᠡᠭᠦᠷ ᠤᠨ ᠲᠣᠭᠤᠷᠢᠨ ᠳᠤ ᠂ ᠬᠦᠴᠦᠷᠬᠡᠭ ᠪᠥᠭᠡᠳ ᠨᠠᠶᠢᠳᠠᠪᠤᠷᠢᠲᠠᠢ ᠪᠣᠬᠢᠷᠳᠤᠯ ᠦᠭᠡᠢ ᠲᠣᠭᠠᠵᠢᠭᠤᠯᠵᠤ ᠪᠤᠳᠤᠬᠤ ᠬᠦᠴᠦᠨ ᠤ ᠪᠠᠲᠤᠯᠠᠭ᠎ᠠ ᠶᠢ ᠬᠠᠩᠭᠠᠵᠤ ᠂ ᠣᠶᠤᠨᠴᠢᠯᠠᠭᠰᠠᠨ ᠲᠣᠭᠠᠵᠢᠭᠤᠯᠵᠤ ᠪᠤᠳᠤᠬᠤ ᠬᠡᠪᠴᠢᠶ᠎ᠡ ᠶᠢ 2 ᠲᠦᠮᠡᠨ P ᠠᠴᠠ ᠳᠠᠪᠠᠭᠤᠯᠬᠤ ᠪᠠᠷ ᠴᠢᠷᠮᠠᠶᠢᠨ᠎ᠠ ᠃ ᠢᠷᠡᠭᠡᠳᠦᠢ ᠶᠢᠨ ᠠᠵᠤ ᠦᠢᠯᠡᠰ ᠤᠨ ᠲᠠᠯ᠎ᠠ ᠪᠠᠷ ᠂ ᠳᠣᠣᠷ᠎ᠠ ᠨᠡᠭᠦᠷᠡᠰᠦᠲᠥ᠋ᠷᠥᠭᠴᠢᠲᠦ ᠡᠨᠧᠷᠬᠢ ᠂ ᠬᠤᠰᠢᠭᠤᠷᠠᠯ ᠮᠠᠲ᠋ᠧᠷᠢᠶᠠᠯ ᠂ ᠢᠷᠡᠭᠡᠳᠦᠢ ᠶᠢᠨ ᠰᠦᠯᠵᠢᠶ᠎ᠡ ᠂ ᠠᠭᠠᠷ ᠰᠠᠨᠰᠠᠷ ᠂ ᠠᠮᠢ ᠨᠠᠰᠤ ᠬᠢᠭᠡᠳ ᠡᠷᠡᠭᠦᠯ ᠴᠢᠭᠢᠷᠠᠭ ᠵᠡᠷᠭᠡ ᠲᠠᠪᠤᠨ ᠶᠡᠭᠡ ᠬᠦᠷᠢᠶ᠎ᠡ ᠴᠠᠷᠠᠭ᠎ᠠ ᠪᠠ ᠰᠢᠨ᠎ᠡ ᠬᠡᠯᠪᠡᠷᠢ ᠶᠢᠨ ᠨᠥᠭᠡᠴᠡ ᠡᠨᠧᠷᠬᠢ ᠂ ᠤᠰᠤᠳᠦ᠋ᠷᠦᠭᠴᠢ ᠡᠨᠧᠷᠬᠢ ᠂ ᠥᠨᠳᠥᠷ ᠴᠢᠳᠠᠮᠵᠢᠲᠤ ᠨᠡᠶᠢᠯᠡᠮᠡᠯ ᠮᠠᠲ᠋ᠧᠷᠢᠶᠠᠯ ᠂ ᠥᠨᠳᠥᠷ ᠪᠦᠲᠦᠮᠵᠢᠲᠡᠢ ᠲᠦᠷᠭᠡᠳᠬᠡᠬᠦ ᠮᠠᠲ᠋ᠧᠷᠢᠶᠠᠯ ᠂ ᠭᠤᠷᠪᠠᠳᠠᠭᠢ ᠦᠶ᠎ᠡ ᠶᠢᠨ ᠬᠠᠭᠠᠰ ᠳᠠᠮᠵᠢᠭᠤᠯᠤᠭᠴᠢ ᠂ ᠲᠣᠭᠠᠵᠢᠭᠤᠯᠵᠤ ᠪᠤᠳᠤᠬᠤ ᠬᠦᠴᠦᠨ ᠤ ᠰᠦᠯᠵᠢᠶ᠎ᠡ ᠂ ᠳᠠᠭᠠᠭᠤᠯᠢ ᠤᠳᠤᠨ ᠤ ᠴᠢᠮᠡᠭᠡ ᠬᠤᠯᠪᠣᠭᠠᠨ ᠤ ᠵᠠᠮᠴᠢᠯᠠᠭᠤᠷ ᠂ ᠠᠮᠢᠳᠤ ᠪᠣᠳᠠᠰ ᠤᠨ ᠡᠭᠦᠯᠳᠡᠷ ᠪᠣᠶᠢᠵᠢᠭᠤᠯᠬᠤ ᠵᠡᠷᠭᠡ ᠨᠠᠢᠮᠠᠨ ᠶᠡᠭᠡ ᠴᠢᠭᠯᠡᠯ ᠳᠤ ᠲᠥᠪᠯᠡᠷᠡᠭᠦᠯᠵᠦ ᠂ ᠠᠯᠤᠰ ᠢ ᠪᠣᠳᠣᠯᠬᠢᠯᠠᠨ ᠰᠡᠳᠦᠨ ᠲᠥᠯᠥᠪᠯᠡᠵᠦ ᠂ ᠴᠡᠭ ᠪᠠᠶᠢᠷᠢᠯᠠᠯ ᠢᠶᠠᠨ ᠣᠨᠣᠪᠴᠢᠲᠠᠢ ᠣᠯᠵᠤ ᠂ ᠵᠠᠪᠠᠯ ᠰᠢᠪᠲᠤᠯᠤᠯᠲᠠ ᠭᠠᠷᠭᠠᠬᠤ ᠪᠠᠷ ᠴᠢᠷᠮᠠᠶᠢᠬᠤ ᠬᠡᠷᠡᠭᠲᠡᠢ ᠃ ᠬᠥᠬᠡᠬᠤᠲᠠ ᠶᠢᠨ ᠠᠭᠠᠷ ᠠᠶᠠᠯᠠᠯ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠪᠦᠲᠦᠭᠡᠨ ᠪᠠᠶᠢᠭᠤᠯᠬᠤ ᠶᠢ ᠳᠡᠮᠵᠢᠵᠦ ᠂ ᠤᠯᠤᠰ ᠤᠨ ᠳᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠴᠣᠭᠴᠠᠯᠠᠨ᠎ᠠ ᠃ ᠪᠦᠯᠦᠭᠵᠢᠯ ᠢ ᠪᠤᠵᠠᠭᠠᠶᠢᠷᠠᠭᠤᠯᠬᠤ ᠭᠡᠳᠡᠭ ᠨᠢ ᠨᠡᠯᠢᠶᠡᠳ ᠴᠢᠩᠭ᠎ᠠ ᠥᠷᠢᠰᠦᠯᠳᠦᠬᠦ ᠬᠦᠴᠦᠨ ᠪᠦᠬᠦᠢ ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ ᠢ ᠪᠦᠲᠦᠭᠡᠨ ᠪᠠᠶᠢᠭᠤᠯᠬᠤ ᠶᠢ ᠵᠢᠭᠠᠵᠤ ᠪᠣᠢ ᠃ ᠦᠢᠯᠡᠳᠬᠦ ᠦᠢᠯᠡᠰ ᠤᠨ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢ ᠴᠢᠨᠠᠷ ᠰᠠᠶᠢᠲᠠᠢ ᠬᠥᠭᠵᠢᠭᠦᠯᠬᠦ ᠠᠵᠢᠯᠯᠠᠭᠠᠨ ᠢ ᠭᠦᠨᠵᠡᠭᠡᠢ ᠬᠡᠷᠡᠭᠵᠢᠭᠦᠯᠵᠦ ᠂ ᠰᠦ ᠴᠠᠭᠠᠨ ᠢᠳᠡᠭᠡᠨ ᠤ ᠳᠡᠯᠡᠬᠡᠢ ᠶᠢᠨ ᠳᠡᠰ ᠤᠨ ᠪᠦᠯᠦᠭᠵᠢᠯ ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠂ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠂ ᠴᠠᠬᠢᠭᠤᠷ ᠲᠠᠯᠠᠰᠲᠤ ᠶᠢᠨ ᠰᠢᠨ᠎ᠡ ᠮᠠᠲ᠋ᠧᠷᠢᠶᠠᠯ ᠵᠢᠴᠢ ᠭᠡᠷᠡᠯᠴᠢ ᠴᠡᠨᠡᠭ ᠦᠢᠯᠡᠳᠬᠦ ᠤᠯᠤᠰ ᠤᠨ ᠳᠡᠰ ᠤᠨ ᠪᠦᠯᠦᠭᠵᠢᠯ ᠢ 3 ᠂ ᠰᠠᠯᠬᠢᠨ ᠬᠦᠴᠦᠨ ᠤ ᠴᠠᠬᠢᠯᠭᠠᠨ ᠤ ᠲᠤᠨᠤᠭ ᠲᠥᠬᠦᠭᠡᠷᠦᠮᠵᠢ ᠂ ᠤᠰᠤᠳᠦ᠋ᠷᠦᠭᠴᠢ ᠡᠨᠧᠷᠬᠢ ᠦᠢᠯᠡᠳᠬᠦ ᠂ ᠰᠢᠨ᠎ᠡ ᠬᠡᠯᠪᠡᠷᠢ ᠶᠢᠨ ᠨᠥᠭᠡᠴᠡ ᠡᠨᠧᠷᠬᠢ ᠂ ᠠᠮᠢᠳᠤ ᠪᠣᠳᠠᠰ ᠤᠨ ᠡᠮ ᠡᠮᠨᠡᠯᠭᠡ ᠂ ᠨᠠᠷᠢᠯᠢᠭ ᠬᠢᠮᠢ ᠶᠢᠨ ᠠᠵᠤ ᠦᠢᠯᠡᠳᠪᠦᠷᠢ ᠂ ᠬᠠᠶᠢᠯᠤᠰᠢ ᠶᠢᠨ ᠮᠠᠲ᠋ᠧᠷᠢᠶᠠᠯ ᠵᠡᠷᠭᠡ ᠥᠪᠡᠷᠲᠡᠭᠡᠨ ᠵᠠᠰᠠᠬᠤ ᠣᠷᠣᠨ ᠤ ᠳᠡᠰ ᠤᠨ ᠪᠦᠯᠦᠭᠵᠢᠯ ᠢ 9 ᠬᠦᠴᠦ ᠪᠠᠨ ᠲᠥᠪᠯᠡᠷᠡᠭᠦᠯᠦᠨ ᠴᠣᠭᠴᠠᠯᠠᠵᠤ ᠂ ᠴᠢᠨᠠᠷ ᠰᠠᠶᠢᠲᠠᠢ ᠠᠵᠤ ᠠᠬᠤᠶᠢᠯᠠᠯ ᠂ ᠡᠬᠢ ᠪᠠᠶᠠᠯᠢᠭ ᠤᠨ ᠬᠦᠴᠦᠨ ᠵᠦᠢᠯ ᠂ ᠰᠢᠨ᠎ᠡ ᠶᠢ ᠡᠭᠦᠳᠬᠦ ᠴᠢᠳᠠᠪᠤᠷᠢᠲᠠᠨ ᠵᠡᠷᠭᠡ ᠶᠢ ᠬᠡᠯᠬᠢᠶᠡᠯᠡᠨ ᠳᠦᠬᠦᠷᠵᠢᠭᠦᠯᠬᠦ ᠶᠢ ᠠᠬᠢᠭᠤᠯᠤᠨ ᠂ ᠠᠵᠤ ᠦᠢᠯᠡᠰ ᠤᠨ ᠬᠡᠯᠬᠢᠶ᠎ᠡ ᠶᠢ ᠳᠤᠮᠳᠠ ᠳᠣᠣᠷ᠎ᠠ ᠬᠡᠯᠬᠢᠶ᠎ᠡ ᠲᠡᠶᠢᠰᠢ ᠤᠷᠲᠤᠳᠬᠠᠬᠤ ᠂ ᠥᠷᠲᠡᠭ ᠤᠨ ᠬᠡᠯᠬᠢᠶ᠎ᠡ ᠶᠢ ᠳᠤᠮᠳᠠ ᠳᠡᠭᠡᠷ᠎ᠡ ᠦᠵᠦᠭᠦᠷ ᠲᠡᠶᠢᠰᠢ ᠳᠡᠭᠡᠭᠰᠢᠯᠡᠭᠦᠯᠬᠦ ᠪᠠᠷ ᠬᠥᠲᠥᠯᠥᠨ ᠳᠠᠭᠠᠭᠤᠯᠤᠨ᠎ᠠ ᠃ ᠲᠤᠯᠭᠠᠭᠤᠷᠢᠯᠠᠯ ᠢ ᠴᠢᠩᠭᠠᠳᠬᠠᠬᠤ ᠭᠡᠳᠡᠭ ᠨᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠶᠡᠷᠦᠩᠬᠡᠢ ᠪᠣᠳᠠᠲᠤ ᠬᠦᠴᠦᠨ ᠢ ᠶᠡᠭᠡ ᠬᠡᠮᠵᠢᠶ᠎ᠡ ᠪᠠᠷ ᠨᠡᠮᠡᠭᠳᠡᠭᠦᠯᠬᠦ ᠶᠢ ᠵᠢᠭᠠᠵᠤ ᠪᠣᠢ ᠃ ᠠᠵᠤ ᠠᠬᠤᠶᠢᠯᠠᠯ ᠢ ᠲᠠᠲᠠᠨ ᠬᠦᠷᠢᠶᠡᠯᠡᠩ ᠲᠣᠭᠤᠷᠢᠭ ᠲᠤ ᠣᠷᠤᠭᠤᠯᠬᠤ ᠂ ᠠᠵᠤ ᠠᠬᠤᠶᠢᠯᠠᠯ ᠢ ᠲᠡᠳᠬᠦᠨ ᠬᠦᠷᠢᠶᠡᠯᠡᠩ ᠲᠣᠭᠤᠷᠢᠭ ᠢ ᠬᠦᠴᠦᠷᠬᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ ᠂ ᠰᠠᠭᠤᠷᠢᠰᠢᠭᠤᠯᠤᠭᠰᠠᠨ ᠲᠦᠷᠦᠯ ᠵᠦᠢᠯ ᠢᠶᠠᠷ ᠣᠯᠠᠨ ᠂ ᠬᠥᠭᠵᠢᠯᠲᠡ ᠶᠢᠨ ᠳᠠᠯᠳᠠ ᠬᠦᠴᠦᠨ ᠶᠡᠭᠡ ᠂ ᠰᠢᠨ᠎ᠡ ᠶᠢ ᠡᠭᠦᠳᠬᠦ ᠴᠢᠳᠠᠪᠤᠷᠢ ᠪᠠᠷ ᠴᠢᠩᠭ᠎ᠠ ᠂ ᠪᠡᠯᠡ ᠣᠷᠤᠭᠤᠯᠬᠤ ᠡᠷᠴᠢᠮ ᠴᠢᠩᠭ᠎ᠠ ᠪᠠᠶᠢᠭ᠎ᠠ ᠬᠦᠷᠢᠶᠡᠯᠡᠩ ᠲᠣᠭᠤᠷᠢᠭ ᠤᠨ ᠳᠡᠰ ᠳᠡᠪᠰᠢᠬᠦ ᠶᠢ ᠭᠤᠣᠯᠳᠠᠯᠭ᠎ᠠ ᠲᠠᠢ ᠳᠡᠮᠵᠢᠨ᠎ᠡ ︔ ᠬᠡᠯᠬᠢᠶᠡᠨ ᠤ ᠭᠤᠣᠯ ᠠᠵᠤ ᠠᠬᠤᠶᠢᠯᠠᠯ ᠤᠨ ᠲᠣᠭᠤᠷᠢᠨ ᠳᠤ ᠪᠦᠬᠦ ᠲᠠᠯ᠎ᠠ ᠪᠠᠷ ᠦᠢᠯᠡᠴᠢᠯᠡᠬᠦ ᠂ ᠪᠦᠬᠦ ᠬᠦᠴᠦᠨ ᠵᠦᠢᠯ ᠢᠶᠠᠷ ᠪᠠᠲᠤᠯᠠᠬᠤ ᠂ ᠪᠦᠬᠦ ᠬᠡᠯᠬᠢᠶ᠎ᠡ ᠪᠠᠷ ᠲᠠᠲᠠᠨ ᠣᠷᠤᠭᠤᠯᠬᠤ ᠶᠢ ᠴᠢᠩᠭᠠᠳᠬᠠᠵᠤ ᠂ ᠨᠡᠩ ᠣᠯᠠᠨ ᠳᠡᠭᠡᠷ᠎ᠡ ᠳᠣᠣᠷ᠎ᠠ ᠬᠡᠯᠬᠢᠶᠡᠨ ᠤ ᠬᠤᠷᠰᠢᠭᠰᠠᠨ ᠬᠤᠳᠠᠯᠳᠤᠭᠠᠴᠢᠨ ᠂ ᠬᠠᠩᠭᠠᠯᠭ᠎ᠠ ᠶᠢᠨ ᠬᠤᠳᠠᠯᠳᠤᠭᠠᠴᠢᠨ ᠢ ᠬᠦᠷᠢᠶᠡᠯᠡᠩ ᠲᠣᠭᠤᠷᠢᠭ ᠲᠤ ᠪᠥᠭᠡᠭᠡᠨᠡᠷᠡᠭᠦᠯᠵᠦ ᠂ ᠳᠠᠩ ᠳᠠᠩ ᠢᠶᠠᠷ ᠨᠢ ᠬᠦᠴᠦᠷᠬᠡᠭᠵᠢᠭᠦᠯᠦᠨ ᠭᠢᠯᠠᠷᠠᠭᠤᠯᠵᠤ ᠂ ᠴᠡᠭ ᠴᠡᠭ ᠢᠶᠠᠷ ᠨᠢ ᠬᠡᠯᠬᠢᠶᠡᠰᠦᠯᠡᠨ ᠬᠥᠭᠵᠢᠭᠦᠯᠦᠨ᠎ᠡ ᠃   ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠲᠦᠷᠭᠡᠳᠬᠡᠵᠦ ᠂ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠬᠡᠷᠡᠭᠲᠡᠢ ᠃ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠪᠣᠯᠣᠨ ᠲᠡᠷᠢᠭᠦᠨ ᠤ ᠦᠢᠯᠡᠳᠬᠦ ᠦᠢᠯᠡᠰ ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠯᠤᠭ᠎ᠠ ᠶᠢᠨ ᠭᠦᠨᠵᠡᠭᠡᠢ ᠠᠭᠤᠰᠤᠯᠴᠠᠯ ᠢ ᠶᠡᠭᠡ ᠪᠠᠷ ᠠᠬᠢᠭᠤᠯᠵᠤ ᠂ ᠠᠵᠤ ᠦᠢᠯᠡᠳᠪᠦᠷᠢ ᠶᠢᠨ ᠵᠢᠷᠤᠭ ᠲᠥᠯᠥᠪᠯᠡᠭᠡ ᠂ ᠵᠠᠬᠢᠶᠠᠯᠠᠨ ᠬᠢᠯᠭᠡᠬᠦ ᠦᠢᠯᠡᠴᠢᠯᠡᠭᠡ ᠂ ᠪᠠᠶᠢᠴᠠᠭᠠᠨ ᠰᠢᠯᠭᠠᠵᠤ ᠬᠡᠮᠵᠢᠬᠦ ᠂ ᠮᠡᠳᠡᠭᠡ ᠵᠠᠩᠭᠢ ᠶᠢᠨ ᠯᠠᠪᠯᠠᠭ᠎ᠠ ᠵᠡᠷᠭᠡ ᠦᠢᠯᠡᠴᠢᠯᠡᠭᠡᠨ ᠤ ᠡᠵᠡᠩᠨᠡᠯᠲᠡ ᠶᠢᠨ ᠪᠠᠶᠢᠳᠠᠯ ᠢ ᠢᠳᠡᠪᠬᠢᠲᠡᠢ ᠬᠥᠭᠵᠢᠭᠦᠯᠦᠨ ᠂ ᠦᠢᠯᠡᠴᠢᠯᠡᠭᠡᠨ ᠤ ᠦᠢᠯᠡᠰ ᠤᠨ ᠨᠢᠭᠡ ᠪᠦᠯᠦᠭ ᠬᠥᠲᠥᠴᠢ ᠪᠣᠯᠬᠤ ᠨᠢᠷᠤᠭᠤᠪᠴᠢ ᠠᠵᠤ ᠠᠬᠤᠶᠢᠯᠠᠯ ᠢ ᠣᠷᠣᠭᠤᠯᠤᠨ ᠠᠪᠴᠢᠷᠠᠵᠤ ᠪᠣᠶᠢᠵᠢᠭᠤᠯᠬᠤ ᠪᠠᠷ ᠬᠦᠴᠦᠯᠡᠵᠦ ᠂ ᠦᠢᠯᠡᠴᠢᠯᠡᠭᠡᠨ ᠤ ᠦᠢᠯᠡᠰ ᠤᠨ ᠨᠢᠭᠡ ᠪᠦᠯᠦᠭ ᠨᠡᠷ᠎ᠡ ᠠᠯᠳᠠᠷᠰᠢᠭᠰᠠᠨ ᠨᠡᠷᠡᠲᠦ ᠲᠡᠮᠳᠡᠭ ᠢ ᠬᠦᠴᠦᠷᠬᠡᠭᠵᠢᠭᠦᠯᠬᠦ ᠶᠢ ᠵᠣᠷᠢᠭᠵᠢᠭᠤᠯᠤᠨ ᠂ ᠣᠷᠣᠨ ᠤ ᠲᠥᠪ ᠬᠤᠲᠠ ᠶᠢᠨ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠰᠢᠨ᠎ᠡ ᠥᠨᠳᠦᠷᠯᠢᠭ ᠢ ᠴᠣᠭᠴᠠᠯᠠᠬᠤ ᠶᠢ ᠨᠢ ᠳᠡᠮᠵᠢᠵᠦ ᠂ ᠬᠥᠯᠥᠨ ᠪᠦᠢᠷ ᠤᠨ ᠠᠵᠤ ᠦᠢᠯᠡᠳᠪᠦᠷᠢ ᠶᠢᠨ ᠦᠢᠯᠡᠳᠬᠦᠨ ᠤ ᠬᠦᠢᠲᠡᠨ ᠢ ᠳᠠᠭᠠᠭᠠᠬᠤ ᠲᠤᠷᠰᠢᠯᠲᠠ ᠶᠢᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠶᠢ ᠨᠢ ᠳᠡᠮᠵᠢᠨ᠎ᠡ ᠃ ᠰᠢᠨ᠎ᠡ ᠡᠨᠧᠷᠬᠢ ᠶᠢᠨ ᠠᠵᠢᠯᠯᠠᠭᠤᠯᠵᠤ ᠬᠠᠮᠠᠭᠠᠯᠠᠬᠤ ᠦᠢᠯᠡᠴᠢᠯᠡᠭᠡᠨ ᠤ ᠦᠢᠯᠡᠰ ᠰᠠᠷᠠᠭᠤᠯ ᠠᠭᠤᠳᠠᠮ ᠬᠡᠳᠦ ᠶᠢᠨ ᠲᠥᠯᠥᠪ ᠲᠠᠢ ᠂ ᠵᠢᠱᠢᠭᠰᠡᠨ ᠢᠶᠠᠷ 2025 ᠣᠨ ᠪᠣᠯᠬᠤ ᠳᠤ ᠰᠢᠨ᠎ᠡ ᠡᠨᠧᠷᠬᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ 1.5 ᠳ᠋ᠦᠩᠰᠢᠭᠤᠷ ᠺᠢᠯᠣᠸᠠᠲ ᠲᠤ ᠬᠦᠷᠬᠦ ᠪᠣᠯᠣᠨ᠎ᠠ ᠂ ᠣᠶᠤᠨᠯᠢᠭ ᠢᠶᠠᠷ ᠪᠠᠶᠢᠴᠠᠭᠠᠨ ᠰᠡᠯᠪᠢᠬᠦ ᠂ ᠨᠠᠷᠢᠯᠢᠭ ᠬᠠᠮᠢᠶᠠᠷᠤᠨ ᠡᠵᠡᠮᠳᠡᠬᠦ ᠂ ᠲᠥᠬᠦᠭᠡᠷᠦᠮᠵᠢ ᠶᠢ ᠰᠢᠯᠢᠳᠡᠭᠵᠢᠭᠦᠯᠬᠦ ᠵᠡᠷᠭᠡ ᠦᠢᠯᠡᠴᠢᠯᠡᠭᠡᠨ ᠤ ᠠᠵᠤ ᠦᠢᠯᠡᠰ ᠢ ᠶᠡᠭᠡ ᠪᠠᠷ ᠬᠥᠭᠵᠢᠭᠦᠯᠵᠦ ᠂ ᠲᠤᠰᠬᠠᠶᠢᠵᠢᠭᠰᠠᠨ ᠦᠢᠯᠡᠴᠢᠯᠡᠭᠡᠨ ᠤ ᠬᠤᠳᠠᠯᠳᠤᠭᠠᠴᠢᠨ ᠢ ᠪᠣᠶᠢᠵᠢᠭᠤᠯᠵᠤ ᠂ ᠪᠦᠬᠦ ᠤᠯᠤᠰ ᠤᠨ ᠰᠢᠨ᠎ᠡ ᠡᠨᠧᠷᠬᠢ ᠶᠢᠨ ᠠᠵᠢᠯᠯᠠᠭᠤᠯᠵᠤ ᠬᠠᠮᠠᠭᠠᠯᠠᠬᠤ ᠠᠵᠤ ᠦᠢᠯᠡᠰ ᠤᠨ ︽ᠲᠦᠷᠦᠭᠦᠦ ᠬᠤᠨᠢ ︾ ᠪᠣᠯᠬᠤ ᠪᠠᠷ ᠴᠢᠷᠮᠠᠶᠢᠬᠤ ᠬᠡᠷᠡᠭᠲᠡᠢ ᠃ ᠪᠠᠷᠠᠭᠠᠨ ᠤ ᠭᠦᠢᠯᠭᠡᠭᠡᠨ ᠤ ᠬᠦᠮᠦᠷᠭᠡᠯᠡᠯᠲᠡ ᠲᠡᠭᠡᠭᠡᠪᠦᠷᠢ ᠶᠢᠨ ᠦᠢᠯᠡᠰ ᠤᠨ ᠳᠠᠯᠳᠠ ᠬᠦᠴᠦᠨ ᠯᠤᠲᠤ ᠶᠡᠭᠡ ᠪᠠᠶᠢᠨ᠎ᠠ ᠂ ᠮᠠᠨ ᠤ ᠣᠷᠣᠨ ᠤ ᠭᠦᠢᠯᠭᠡᠭᠡᠨ ᠶᠡᠬᠡᠲᠡᠢ ᠲᠠᠸᠠᠷ ᠦᠢᠯᠡᠳᠪᠦᠷᠢᠯᠡᠬᠦ ᠣᠯᠠᠨ ᠂ ᠶᠡᠭᠡ ᠪᠠᠷ ᠭᠠᠳᠠᠭᠰᠢ ᠭᠠᠷᠭᠠᠬᠤ ᠶᠡᠭᠡ ᠪᠠᠷ ᠭᠠᠳᠠᠨ᠎ᠠ ᠠᠴᠠ ᠣᠷᠣᠭᠤᠯᠬᠤ ᠣᠯᠠᠨ ᠂ ᠬᠤᠯᠠ ᠵᠠᠢ ᠪᠠᠷ ᠲᠡᠭᠡᠭᠡᠪᠦᠷᠢᠯᠡᠬᠦ ᠣᠯᠠᠨ ᠵᠡᠷᠭᠡ ᠪᠣᠳᠠᠲᠠᠢ ᠳᠤ ᠰᠠᠭᠤᠷᠢᠯᠠᠨ ᠂ ︽ᠨᠡᠪᠲᠡᠷᠡᠯ ᠵᠠᠮ + ᠵᠠᠩᠭᠢᠶᠠᠰᠤ + ᠲᠣᠣᠷ ︾ ᠤᠨ ᠣᠳᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠦᠨ ᠂ ᠣᠷᠣᠨ ᠨᠤᠲᠤᠭ ᠤᠨ ᠲᠣᠣᠷ ᠰᠦᠯᠵᠢᠶᠡᠨ ᠤ ᠪᠠᠷᠠᠭ᠎ᠠ ᠲᠡᠭᠡᠭᠡᠪᠦᠷᠢᠯᠡᠬᠦ ᠲᠠᠪᠴᠠᠩᠲᠤ ᠠᠵᠤ ᠠᠬᠤᠶᠢᠯᠠᠯ ᠢ ᠪᠣᠶᠢᠵᠢᠭᠤᠯᠵᠤ ᠂ ᠣᠯᠠᠨ ᠬᠡᠯᠪᠡᠷᠢ ᠪᠠᠷ ᠬᠤᠯᠪᠤᠭᠠᠯᠠᠨ ᠲᠡᠭᠡᠭᠡᠪᠦᠷᠢᠯᠡᠬᠦ ᠶᠢ ᠲᠦᠷᠭᠡᠳᠬᠡᠨ ᠠᠬᠢᠭᠤᠯᠵᠤ ᠂ ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠢ ᠨᠢ ᠪᠠᠭᠤᠷᠠᠭᠤᠯᠤᠨ ᠂ ᠠᠵᠤ ᠠᠬᠤᠶᠢᠯᠠᠯ ᠢ ᠲᠡᠳᠬᠦᠨ ᠂ ᠡᠵᠡᠩᠨᠡᠯᠲᠡ ᠶᠢᠨ ᠪᠠᠶᠢᠳᠠᠯ ᠢ ᠨᠢ ᠬᠥᠭᠵᠢᠭᠦᠯᠬᠦ ᠮᠥᠷᠲᠡᠭᠡᠨ ᠠᠵᠢᠯ ᠣᠯᠭᠤᠯᠲᠠ ᠶᠢ ᠳᠠᠶᠢᠴᠢᠯᠠᠨ ᠂ ᠣᠷᠣᠯᠭ᠎ᠠ ᠶᠢ ᠨᠢ ᠳᠡᠭᠡᠭᠰᠢᠯᠡᠭᠦᠯᠦᠨ᠎ᠡ ᠃ ᠮᠥᠩᠭᠦᠨ ᠭᠦᠢᠯᠭᠡᠭᠡ ᠪᠣᠯ ᠪᠣᠳᠠᠲᠤ ᠴᠣᠭᠴᠠ ᠶᠢᠨ ᠠᠵᠤ ᠠᠬᠤᠢ ᠶᠢᠨ ᠠᠮᠢᠨ ᠰᠤᠳᠠᠰᠤ ᠂ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠪᠣᠯ ᠮᠥᠩᠭᠦᠨ ᠭᠦᠢᠯᠭᠡᠭᠡᠨ ᠤ ᠳᠠᠷᠬᠠᠨ ᠡᠭᠦᠷᠭᠡ ᠮᠥᠨ ᠂ ᠮᠥᠩᠭᠦᠨ ᠭᠦᠢᠯᠭᠡᠭᠡᠨ ᠤ ᠦᠢᠯᠡᠰ ᠲᠤ ᠲᠣᠬᠢᠶᠠᠯᠳᠤᠭᠰᠠᠨ ᠴᠢᠬᠤᠯᠠ ᠶᠡᠭᠡ ᠬᠥᠭᠵᠢᠯᠲᠡ ᠶᠢᠨ ᠠᠵᠠ ᠲᠣᠬᠢᠶᠠᠯ ᠢ ᠴᠢᠩᠭ᠎ᠠ ᠠᠳᠬᠤᠵᠤ ᠪᠠᠶᠢᠭᠠᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠥᠩᠭᠦᠨ ᠭᠦᠢᠯᠭᠡᠭᠡ ᠂ ᠪᠣᠬᠢᠷᠳᠤᠯ ᠦᠭᠡᠢ ᠮᠥᠩᠭᠦᠨ ᠭᠦᠢᠯᠭᠡᠭᠡ ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡ ᠂ ᠨᠠᠰᠤᠵᠢᠯ ᠤᠨ ᠠᠰᠠᠷᠠᠮᠵᠢ ᠶᠢᠨ ᠮᠥᠩᠭᠦᠨ ᠭᠦᠢᠯᠭᠡᠭᠡ ᠂ ᠲᠣᠭᠠᠵᠢᠯᠲᠣ ᠮᠥᠩᠭᠦᠨ ᠭᠦᠢᠯᠭᠡᠭᠡ ᠲᠠᠪᠤᠨ ᠲᠣᠮᠣ ᠲᠦᠷᠦᠯ ᠢ ᠬᠦᠴᠦ ᠣᠷᠣᠭᠤᠯᠤᠨ ᠰᠠᠶᠢᠲᠤᠷ ᠬᠢᠵᠦ ᠂ ᠲᠦᠷᠦᠯ ᠵᠦᠢᠯ ᠤᠨ ᠪᠡᠯᠡ ᠲᠣᠬᠢᠷᠠᠭᠤᠯᠬᠤ ᠠᠷᠭ᠎ᠠ ᠵᠠᠮ ᠢ ᠤᠯᠠᠮ ᠨᠢᠭᠡ ᠠᠯᠬᠤᠮ ᠰᠢᠯᠤᠭᠤᠳᠬᠠᠵᠤ ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ︽ᠲᠠᠪᠤᠨ ᠶᠡᠭᠡ ᠡᠭᠦᠷᠭᠡ ︾ ᠂ ︽ᠵᠢᠷᠭᠤᠭᠠᠨ ᠢᠨᠵᠧᠨᠧᠷᠢᠩ ︾ ᠢ ᠳᠡᠮᠵᠢᠬᠦ ᠡᠷᠴᠢᠮ ᠢ ᠨᠢ ᠴᠢᠩᠭᠠᠷᠠᠭᠤᠯᠵᠤ ᠂ ᠠᠵᠤ ᠦᠢᠯᠡᠰ ᠤᠨ ᠪᠡᠯᠡ ᠣᠷᠤᠭᠤᠯᠤᠯᠲᠠ ᠶᠢᠨ ᠰᠠᠭᠤᠷᠢ ᠮᠥᠩᠭᠦᠨ ᠤ ᠴᠢᠳᠠᠮᠵᠢ ᠶᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠦᠨ ᠂ ᠬᠦᠬᠡᠬᠤᠲᠠ ᠶᠢᠨ ᠣᠷᠣᠨ ᠪᠦᠰᠡ ᠶᠢᠨ ᠴᠢᠨᠠᠷᠲᠠᠢ ᠮᠥᠩᠭᠦᠨ ᠭᠦᠢᠯᠭᠡᠭᠡᠨ ᠤ ᠲᠥᠪ ᠢ ᠬᠦᠴᠦᠨ ᠢᠶᠠᠨ ᠲᠥᠪᠯᠡᠷᠡᠭᠦᠯᠦᠨ ᠴᠣᠭᠴᠠᠯᠠᠵᠤ ᠂ ᠠᠵᠤ ᠠᠬᠤᠶᠢᠯᠠᠯ ᠢ ᠰᠲ᠋ᠣᠺ ᠤᠨ ᠵᠠᠬ᠎ᠠ ᠳᠤ ᠭᠠᠷᠭᠠᠬᠤ ︽ᠲᠢᠶᠠᠨ ᠵᠢᠶᠦ᠋ᠨ ᠲᠥᠯᠥᠪᠯᠡᠭᠡ ︾ ᠶᠢ ᠭᠦᠨᠵᠡᠭᠡᠢ ᠬᠡᠷᠡᠭᠵᠢᠭᠦᠯᠦᠨ ᠂ ᠠᠵᠤ ᠠᠬᠤᠶᠢᠯᠠᠯ ᠢ ᠣᠯᠠᠨ ᠳᠡᠰ ᠳᠠᠪᠬᠤᠷᠭ᠎ᠠ ᠶᠢᠨ ᠬᠥᠷᠥᠩᠭᠡ ᠶᠢᠨ ᠵᠠᠬ᠎ᠠ ᠳᠡᠯᠭᠡᠭᠦᠷ ᠯᠦᠭᠡ ᠵᠠᠯᠭᠠᠯᠳᠤᠭᠤᠯᠬᠤ ᠪᠠ ᠣᠯᠠᠨ ᠡᠰᠢᠵᠢᠭᠰᠡᠨ ᠪᠡᠯᠡ ᠲᠣᠬᠢᠷᠠᠭᠤᠯᠬᠤ ᠠᠵᠢᠯ ᠥᠷᠨᠢᠭᠦᠯᠬᠦ ᠶᠢ ᠨᠢ ᠪᠦᠬᠦ ᠬᠦᠴᠦᠨ ᠢᠶᠠᠷ ᠢᠶᠠᠨ ᠠᠬᠢᠭᠤᠯᠵᠤ ᠂ ᠮᠥᠩᠭᠦᠨ ᠭᠦᠢᠯᠭᠡᠭᠡᠨ ᠤ ᠡᠬᠢ ᠪᠠᠶᠠᠯᠢᠭ ᠢ ᠳᠦᠬᠦᠷᠵᠢᠭᠦᠯᠦᠨ ᠲᠣᠬᠢᠷᠠᠭᠤᠯᠬᠤ ᠠᠰᠢᠭᠯᠠᠮᠵᠢ ᠪᠣᠯᠣᠨ ᠴᠢᠳᠠᠪᠤᠷᠢ ᠶᠢ ᠨᠢ ᠳᠡᠭᠡᠭᠰᠢᠯᠡᠭᠦᠯᠦᠨ ᠂ ᠮᠥᠩᠭᠦᠨ ᠭᠦᠢᠯᠭᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ ᠃  ︵ᠵᠢᠷᠭᠤᠭ᠎ᠠ ︶ ᠭᠤᠶᠢᠪᠢᠰᠢ ᠦᠭᠡᠢ ᠪᠠᠷ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠂ ᠨᠡᠭᠡᠭᠡᠯᠲᠡ ᠬᠢᠬᠦ ᠶᠢ ᠥᠷᠭᠡᠳᠬᠡᠨ᠎ᠡ ᠃ ᠣᠳᠣᠬᠢ ᠥᠪᠥᠷ ᠮᠣᠩᠭᠤᠯ ᠳᠤ ᠠᠪᠴᠤ ᠬᠡᠯᠡᠪᠡᠯ ᠤᠯᠠᠮ ᠨᠢᠭᠡ ᠠᠯᠬᠤᠮ ᠦᠵᠡᠯ ᠰᠠᠨᠠᠭ᠎ᠠ ᠪᠠᠨ ᠴᠢᠯᠦᠭᠡᠯᠡᠬᠦ ᠂ ᠥᠭᠡᠷᠡᠴᠢᠯᠡᠯᠲᠡ ᠨᠡᠭᠡᠭᠡᠯᠲᠡ ᠬᠢᠬᠦ ᠪᠠ ᠤᠯᠠᠮ ᠨᠢᠭᠡ ᠠᠯᠬᠤᠮ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠂ ᠨᠡᠶᠢᠭᠡᠮ ᠤᠨ ᠡᠭᠦᠳᠦᠨ ᠪᠦᠲᠦᠭᠡᠬᠦ ᠴᠢᠳᠠᠪᠤᠷᠢ ᠶᠢ ᠬᠥᠭᠵᠢᠭᠡᠬᠦ ᠶᠢ ᠥᠩᠭᠡᠷᠡᠭᠰᠡᠨ ᠤ ᠠᠯᠢ ᠴᠤ ᠴᠠᠭ ᠦᠶ᠎ᠡ ᠠᠴᠠ ᠢᠯᠡᠭᠦᠦ ᠲᠤᠯᠭᠠᠮ ᠱᠠᠭᠠᠷᠳᠠᠵᠤ ᠪᠠᠶᠢᠨ᠎ᠠ ᠃  ᠦᠵᠡᠯᠲᠡ ᠪᠠᠨ ᠬᠤᠪᠢᠷᠠᠭᠤᠯᠬᠤ ᠂ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠠᠯ᠎ᠠ ᠪᠠᠷ ᠵᠣᠷᠢᠭᠲᠠᠢ ᠬᠢᠵᠦ ᠠᠵᠢᠯᠯᠠᠬᠤ ᠬᠡᠷᠡᠭᠲᠡᠢ ᠃ ᠣᠳᠣ ᠮᠠᠨ ᠤ ᠣᠷᠣᠨ ᠤ ᠬᠥᠭᠵᠢᠯᠲᠡ ᠶᠢᠨ ᠪᠠᠶᠢᠳᠠᠯ ᠨᠡᠯᠢᠶᠡᠳ ᠰᠠᠶᠢᠨ ᠪᠠᠶᠢᠵᠤ ᠂ ᠨᠡᠶᠢᠭᠡᠮ ᠳᠠᠶᠠᠭᠠᠷ ᠤᠨ ᠴᠥᠭᠡᠨ ᠪᠤᠰᠤ ᠮᠠᠭᠲᠠᠭᠠᠯ ᠰᠠᠶᠢᠰᠢᠶᠠᠯ ᠢ ᠣᠯᠪᠠ ᠂ ᠭᠡᠪᠡᠴᠦ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠭᠡᠪᠡᠯ ᠡᠷᠬᠡᠪᠰᠢ ᠦᠵᠡᠯᠲᠡ ᠪᠠᠨ ᠬᠤᠪᠢᠷᠠᠭᠤᠯᠬᠤ ᠲᠠᠯ᠎ᠠ ᠪᠠᠷ ᠪᠠᠰᠠ ᠬᠦᠴᠦ ᠣᠷᠤᠭᠤᠯᠬᠤ ᠬᠡᠷᠡᠭᠲᠡᠢ ᠃ ᠪᠦᠬᠦ ᠤᠯᠤᠰ ᠤᠨ ᠲᠡᠷᠢᠭᠦᠨ ᠤ ᠬᠢ ᠲᠠᠢ ᠵᠣᠷᠢᠭᠲᠠᠢ ᠪᠠᠷ ᠬᠠᠷᠢᠴᠠᠭᠤᠯᠵᠤ ᠂ ᠵᠣᠷᠢᠭᠲᠠᠢ ᠰᠤᠷᠤᠯᠴᠠᠨ ᠲᠣᠯᠢᠳᠠᠵᠤ ᠂ ᠬᠥᠭᠵᠢᠭᠰᠡᠨ ᠭᠠᠵᠠᠷ ᠣᠷᠣᠨ ᠤ ᠬᠢᠨ ᠬᠢᠵᠦ ᠳᠡᠶᠢᠯᠬᠦ ᠪᠦᠬᠦᠨ ᠢ ᠪᠢᠳᠡ ᠪᠠᠰᠠ ᠬᠢᠵᠦ ᠳᠡᠶᠢᠯᠬᠦ ᠶᠣᠰᠣᠲᠠᠢ ᠂ ᠣᠷᠣᠨ ᠳᠠᠶᠠᠭᠠᠷ ᠢᠶᠠᠨ ᠬᠦᠴᠦ ᠪᠠᠨ ᠬᠠᠮᠲᠤᠳᠬᠠᠨ ᠂ ︽ᠪᠡᠯᠡ ᠣᠷᠣᠭᠤᠯᠤᠯᠲᠠ ᠶᠢᠨ ᠥᠪᠥᠷ ᠮᠣᠩᠭᠤᠯ ︾ ᠨᠡᠷᠡᠲᠦ ᠲᠡᠮᠳᠡᠭ ᠢ ᠬᠠᠮᠲᠤ ᠪᠠᠷ ᠴᠢᠷᠮᠠᠶᠢᠨ ᠠᠯᠳᠠᠷᠰᠢᠭᠤᠯᠤᠨ᠎ᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠳᠤᠷᠠᠳᠴᠤ ᠂ ᠡᠯ᠎ᠡ ᠱᠠᠲᠤᠨ ᠤ ᠵᠠᠰᠠᠭ ᠤᠨ ᠣᠷᠳᠣᠨ ᠲᠦᠷᠦᠭᠦᠯᠡᠨ ᠢᠲᠡᠭᠡᠮᠵᠢ ᠶᠢ ᠡᠷᠬᠢᠮᠯᠡᠨ ᠂ ᠬᠡᠯᠡᠭᠰᠡᠨ ᠳᠤ ᠪᠠᠨ ᠰᠠᠭᠤᠵᠤ ᠂ ᠬᠤᠳᠠᠯᠳᠤᠭᠠᠴᠢᠨ ᠤᠷᠢᠵᠤ ᠪᠡᠯᠡ ᠣᠷᠤᠭᠤᠯᠬᠤ ᠳᠤ ᠠᠮᠠᠯᠳᠠᠭᠰᠠᠨ ᠵᠦᠢᠯ ᠢᠶᠠᠨ ᠡᠰᠡ ᠪᠡᠶᠡᠯᠡᠭᠦᠯᠬᠦ ᠂ ᠠᠵᠤ ᠠᠬᠤᠶᠢᠯᠠᠯ ᠳᠤ ᠬᠠᠷᠠᠭᠠᠯᠵᠠᠯ ᠦᠵᠡᠭᠦᠯᠬᠦ ᠲᠥᠷᠥ ᠶᠢᠨ ᠪᠣᠳᠣᠯᠭ᠎ᠠ ᠪᠠᠨ ᠡᠰᠡ ᠪᠣᠳᠠᠲᠠᠶᠢᠵᠢᠭᠤᠯᠬᠤ ᠵᠡᠷᠭᠡ ᠦᠢᠯᠡ ᠠᠵᠢᠯᠯᠠᠭ᠎ᠠ ᠶᠢ ᠡᠷᠡᠰ ᠵᠠᠰᠠᠵᠤ ᠵᠠᠯᠠᠷᠠᠭᠤᠯᠤᠨ ᠂ ᠥᠪᠥᠷ ᠮᠣᠩᠭᠤᠯ ᠳᠤ ᠠᠵᠢᠯ ᠶᠠᠪᠤᠳᠠᠯ ᠭᠦᠢᠴᠡᠳᠬᠡᠬᠦ ᠳᠤ ︽ᠳᠦᠷᠢᠮ ᠢ ᠦᠨᠳᠦᠰᠦᠯᠡᠬᠦ ᠠᠴᠠ ᠪᠢᠰᠢ ᠬᠠᠷᠢᠴᠠᠭ᠎ᠠ ᠳᠤ ᠲᠦᠰᠢᠭᠯᠡᠬᠦ ᠦᠭᠡᠢ ︾ ᠨᠡᠶᠢᠭᠡᠮ ᠤᠨ ᠣᠷᠴᠢᠨ ᠠᠬᠤᠢ ᠲᠠᠢ ᠂ ᠲᠦᠷᠦᠯ ᠵᠦᠢᠯ ᠣᠷᠤᠭᠤᠯᠬᠤ ᠳᠤ ︽ᠠᠮᠠᠯᠠᠯᠲᠠ ᠶᠢᠨ ᠳᠦᠷᠢᠮ + ᠪᠦᠬᠦᠨ ᠢ ᠣᠷᠣᠯᠠᠨ ᠭᠦᠢᠴᠡᠳᠬᠡᠬᠦ ︾ ᠰᠢᠯᠢᠳᠡᠭ ᠦᠢᠯᠡᠴᠢᠯᠡᠭᠡ ᠲᠠᠢ ᠂ ︽ᠰᠢᠨ᠎ᠡ ᠲᠤᠰᠢᠶᠠᠯᠲᠠᠨ ᠨᠢ ᠴᠦ ᠬᠠᠭᠤᠴᠢᠨ ᠳᠠᠩᠰᠠ ᠶᠢ ᠬᠠᠮᠢᠶᠠᠷᠬᠤ ︾ ᠢᠷᠡᠭᠡᠳᠦᠢ ᠶᠢᠨ ᠲᠣᠭᠲᠠᠭᠤᠨ ᠵᠢᠱᠢᠯᠲᠡ ᠲᠠᠢ ᠪᠣᠯᠭᠠᠵᠤ ᠂ ᠬᠤᠳᠠᠯᠳᠤᠭᠠᠴᠢᠨ ᠢ ᠰᠠᠨᠠᠭ᠎ᠠ ᠠᠮᠤᠷ ᠪᠠᠶᠢᠯᠭᠠᠬᠤ ᠬᠤᠳᠠᠯᠳᠤᠭᠠᠴᠢᠨ ᠢ ᠳᠣᠲᠣᠨᠣᠴᠢᠯᠠᠬᠤ ᠬᠤᠳᠠᠯᠳᠤᠭᠠᠴᠢᠨ ᠢ ᠪᠠᠶᠠᠵᠢᠭᠤᠯᠬᠤ ᠶᠢ ᠤᠮᠠᠷᠠᠲᠤ ᠬᠢᠯᠢ ᠣᠷᠣᠨ ᠳᠤ ᠠᠮᠢᠳᠤᠯᠢᠭ ᠪᠣᠳᠠᠲᠤ ᠠᠬᠤᠢ ᠪᠣᠯᠭᠠᠨ᠎ᠠ ᠃ ᠵᠠᠰᠠᠭ ᠤᠨ ᠣᠷᠳᠣᠨ ᠤ ᠦᠢᠯᠡᠴᠢᠯᠡᠭᠡᠨ ᠤ ᠬᠦᠴᠦᠨ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ 4.0 ᠪᠠᠷᠯᠠᠯ ᠤᠨ ᠲᠥᠰᠥᠯ ᠢ ᠨᠡᠶᠢᠲᠡᠯᠡᠵᠦ ᠂ ᠪᠦᠬᠦ ᠣᠷᠣᠨ ᠤ ᠨᠢᠭᠡ ᠴᠣᠭᠴᠠᠵᠢᠭᠤᠯᠤᠭᠰᠠᠨ ᠳ᠋ᠠᠶᠢᠲ᠋ᠠ ᠶᠢᠨ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠨ ᠂ ︽ᠥᠨᠳᠥᠷ ᠪᠦᠲᠦᠮᠵᠢᠲᠡᠢ ᠪᠠᠷ ᠨᠢᠭᠡ ᠶᠠᠪᠤᠳᠠᠯ ᠢ ᠭᠦᠢᠴᠡᠳᠬᠡᠬᠦ ︾ ᠶᠢᠨ 13 ᠢᠵᠢ ᠦᠢᠯᠡᠴᠢᠯᠡᠭᠡ ᠭᠠᠷᠭᠠᠵᠤ ᠂ ︽ᠪᠦᠬᠦ ᠣᠷᠣᠨ ᠳᠤ ᠨᠡᠶᠢᠳᠡᠮ ᠭᠦᠢᠴᠡᠳᠬᠡᠬᠦ ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ 150 ᠵᠦᠢᠯ ᠰᠢᠨ᠎ᠡ ᠪᠠᠷ ᠨᠡᠮᠡᠭᠳᠡᠭᠦᠯᠦᠨ᠎ᠡ ︔ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠲᠤᠬᠠᠶᠢᠯᠠᠭᠰᠠᠨ ᠠᠵᠢᠯ ᠤᠨ ᠭᠤᠣᠯᠯᠠᠬᠤ ᠬᠦᠴᠦᠨ ᠪᠠ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠬᠦᠴᠦᠨ ᠢ ᠲᠡᠭᠦᠯᠳᠡᠷᠵᠢᠭᠦᠯᠵᠦ ᠂ ᠠᠵᠢᠯ ᠶᠠᠪᠤᠳᠠᠯ ᠭᠦᠢᠴᠡᠳᠬᠡᠬᠦ ᠦᠷ᠎ᠡ ᠪᠦᠲᠦᠮᠵᠢ ᠪᠠ ᠲᠤᠰᠬᠠᠶᠢᠵᠢᠭᠰᠠᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ ᠃   ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠲᠠᠯ᠎ᠠ ᠪᠠᠷ ᠵᠣᠷᠢᠭᠲᠠᠢ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ ᠃ ᠡᠯ᠎ᠡ ᠲᠦᠷᠦᠯ ᠤᠨ ᠠᠵᠤ ᠠᠬᠤᠶᠢᠯᠠᠯ ᠤᠨ ᠥᠪᠥᠷ ᠮᠣᠩᠭᠤᠯ ᠳᠤ ᠥᠷᠨᠢᠩᠭᠦᠢ ᠪᠠᠷ ᠬᠥᠭᠵᠢᠬᠦ ᠶᠢ ᠳᠡᠮᠵᠢᠬᠦ ᠨᠢ ᠡᠯ᠎ᠡ ᠱᠠᠲᠤᠨ ᠤ ᠵᠠᠰᠠᠭ ᠤᠨ ᠣᠷᠳᠣᠨ ᠤ ᠡᠭᠦᠷᠭᠡ ᠬᠠᠷᠢᠭᠤᠴᠠᠯᠭ᠎ᠠ ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠠᠯᠢ ᠨᠢ ᠴᠦ ᠭᠡᠰᠡᠨ ᠦᠭᠡᠢ ᠂ ᠬᠦᠴᠢᠷᠳᠡᠯ ᠲᠤᠯᠭᠠᠷᠠᠪᠠᠯ ᠪᠢᠳᠡ ᠪᠦᠷ ᠴᠢᠳᠠᠯ ᠤᠨ ᠬᠢᠷᠢ ᠪᠠᠷ ᠢᠶᠠᠨ ᠬᠠᠪᠰᠤᠷᠴᠤ ᠂ ᠠᠰᠠᠭᠤᠳᠠᠯ ᠲᠣᠬᠢᠶᠠᠯᠳᠤᠪᠠᠯ ᠪᠢᠳᠡ ᠪᠦᠷ ᠦᠨᠡᠨ ᠪᠣᠳᠠᠲᠠᠢ ᠰᠢᠢᠳᠪᠦᠷᠢᠯᠡᠵᠦ ᠥᠭᠬᠦ ᠬᠡᠷᠡᠭᠲᠡᠢ ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠰᠢᠨ᠎ᠡ ᠨᠢᠭᠡ ᠡᠭᠡᠯᠵᠢ ᠶᠢᠨ ᠥᠭᠡᠷᠡᠴᠢᠯᠡᠯᠲᠡ ᠶᠢᠨ ︽ᠪᠦᠰᠡᠯᠡᠯᠲᠡ ᠰᠢᠪᠲᠤᠯᠬᠤ ︾ ᠠᠵᠢᠯᠯᠠᠭᠠᠨ ᠢ ᠥᠷᠨᠢᠭᠦᠯᠵᠦ ᠂ ᠪᠤᠭᠤᠲᠤ ᠶᠢᠨ ᠪᠣᠯᠣᠳ ᠲᠡᠮᠦᠷ ᠂ ᠴᠠᠬᠢᠯᠭᠠᠨ ᠬᠦᠴᠦᠨ ᠂ ᠥᠪᠥᠷ ᠮᠣᠩᠭᠤᠯ ᠤᠨ ᠡᠨᠧᠷᠬᠢ ᠂ ᠵᠠᠮ ᠬᠠᠷᠢᠯᠴᠠᠭ᠎ᠠ ᠂ ᠣᠢ ᠰᠢᠭᠤᠢ ᠶᠢᠨ ᠠᠵᠤ ᠦᠢᠯᠡᠳᠪᠦᠷᠢ ᠂ ᠣᠯᠠᠨ ᠤᠯᠤᠰ ᠤᠨ ᠠᠷᠠᠯᠵᠢᠶ᠎ᠠ ᠂ ᠣᠢ ᠰᠢᠭᠤᠢ ᠨᠤᠲᠤᠭ ᠪᠡᠯᠴᠢᠭᠡᠷ ᠂ ᠰᠣᠶᠣᠯ ᠵᠢᠭᠤᠯᠴᠢᠯᠠᠯ ᠵᠡᠷᠭᠡ ᠨᠢᠷᠤᠭᠤᠪᠴᠢ ᠠᠵᠤ ᠠᠬᠤᠶᠢᠯᠠᠯ ᠢ ᠪᠤᠵᠠᠭᠠᠶᠢᠷᠠᠭᠤᠯᠤᠨ ᠰᠢᠯᠢᠳᠡᠭᠵᠢᠭᠦᠯᠵᠦ ᠬᠦᠴᠦᠷᠬᠡᠭᠵᠢᠭᠦᠯᠬᠦ ᠶᠢ ᠠᠬᠢᠭᠤᠯᠵᠤ ᠂ ᠭᠠᠵᠠᠷ ᠰᠢᠨᠵᠢᠯᠡᠭᠡ ᠠᠭᠤᠷᠬᠠᠢ ᠶᠢᠨ ᠭᠠᠷᠤᠯᠲᠠ ᠂ ᠨᠡᠭᠦᠷᠡᠰᠦᠨ ᠠᠭᠤᠷᠬᠠᠢ ᠶᠢᠨ ᠬᠠᠶᠢᠨ ᠪᠠᠶᠢᠴᠠᠭᠠᠯᠲᠠ ᠂ ᠥᠩᠭᠡᠲᠦ ᠲᠡᠮᠦᠷᠯᠢᠭ ᠤᠨ ᠠᠵᠤ ᠠᠬᠤᠶᠢᠯᠠᠯ ᠤᠨ ᠥᠭᠡᠷᠡᠴᠢᠯᠡᠯᠲᠡ ᠬᠢᠵᠦ ᠳᠠᠬᠢᠨ ᠵᠣᠬᠢᠶᠠᠨ ᠪᠠᠶᠢᠭᠤᠯᠬᠤ ᠶᠢ ᠲᠦᠷᠭᠡᠳᠬᠡᠨ ᠂ ᠠᠶᠢᠮᠠᠭ ᠬᠤᠲᠠ ᠂ ᠬᠤᠰᠢᠭᠤ ᠰᠢᠶᠠᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠵᠤ ᠂ ᠠᠯᠳᠠᠭᠳᠠᠯ ᠲᠠᠢ ᠠᠵᠤ ᠠᠬᠤᠶᠢᠯᠠᠯ ᠢ ᠪᠤᠴᠠᠭᠠᠨ ᠭᠠᠷᠭᠠᠬᠤ ᠲᠣᠭᠲᠠᠴᠠ ᠶᠢ ᠪᠠᠶᠢᠭᠤᠯᠵᠤ ᠂ ᠨᠡᠩ ᠣᠯᠠᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠰᠢᠨ᠎ᠡ ᠠᠮᠢᠵᠢᠷᠠᠯ ᠤᠨ ᠬᠦᠴᠦᠨ ᠢ ᠨᠢ ᠬᠥᠭᠵᠢᠭᠡᠨ ᠥᠷᠢᠰᠦᠯᠳᠦᠬᠦ ᠬᠦᠴᠦᠨ ᠢ ᠨᠢ ᠳᠡᠭᠡᠭᠰᠢᠯᠡᠭᠦᠯᠦᠨ᠎ᠡ ᠃ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢ ᠴᠢᠩ ᠰᠡᠳᠬᠢᠯ ᠠᠴᠠ ᠪᠠᠨ ᠳᠡᠮᠵᠢᠵᠦ ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠠ ᠤᠯᠤᠰ ᠤᠨ ᠥᠮᠴᠢᠯᠡᠯᠲᠦ ᠠᠵᠤ ᠠᠬᠤᠶᠢᠯᠠᠯ ᠳᠤ ᠠᠳᠠᠯᠢᠬᠠᠨ ᠬᠠᠨᠳᠤᠵᠤ ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠬᠠᠮᠤᠭ ᠤᠨ ᠥᠨᠳᠥᠷ ᠪᠠᠷᠢᠮᠵᠢᠶ᠎ᠠ ᠪᠠᠷ ᠨᠠᠶᠢᠳᠠᠪᠤᠷᠢᠵᠢᠭᠤᠯᠵᠤ ᠂ ᠵᠠᠰᠠᠭ ᠤᠨ ᠣᠷᠳᠣᠨ ᠬᠤᠳᠠᠯᠳᠤᠨ ᠠᠪᠬᠤ ᠳᠤ ᠪᠠᠨ ᠵᠣᠬᠢᠬᠤ ᠬᠠᠷᠢᠴᠠᠯ ᠤᠨ ᠲᠤᠭ᠎ᠠ ᠨᠣᠷᠮ᠎ᠠ ᠶᠢ ᠲᠤᠰᠬᠠᠶᠢᠯᠠᠨ ᠳᠤᠮᠳᠠ ᠵᠢᠵᠢᠭ ᠠᠵᠤ ᠠᠬᠤᠶᠢᠯᠠᠯ ᠳᠤ ᠬᠠᠨᠳᠤᠭᠤᠯᠤᠨ ᠂ ᠥᠷᠢᠲᠦᠵᠦ ᠪᠠᠶᠢᠭ᠎ᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠳᠠᠩᠰᠠᠨ ᠳᠠᠬᠢ ᠵᠣᠭᠤᠰ ᠢ ᠪᠠᠶᠢᠩᠭᠤᠵᠢᠭᠤᠯᠤᠭᠰᠠᠨ ᠲᠣᠭᠲᠠᠴᠠ ᠪᠠᠶᠢᠭᠤᠯᠵᠤ ᠪᠠᠶᠢᠭᠠᠳ ᠲᠥᠯᠥᠵᠦ ᠳᠠᠭᠤᠰᠬᠠᠨ ᠂ ᠤᠳᠠᠭᠠᠨ ᠥᠷᠢᠲᠦᠵᠦ ᠤᠳᠠᠭᠠᠰᠢᠷᠠᠭᠤᠯᠤᠨ ᠰᠢᠢᠳᠪᠦᠷᠢᠯᠡᠬᠦ ᠦᠭᠡᠢ ᠪᠠᠶᠢᠭ᠎ᠠ ᠨᠢᠭᠡ ᠪᠦᠯᠦᠭ ᠠᠵᠤ ᠠᠬᠤᠶᠢᠯᠠᠯ ᠳᠤ ᠬᠤᠯᠪᠣᠭᠳᠠᠭᠰᠠᠨ ᠬᠡᠷᠡᠭ ᠢ ᠲᠥᠪᠯᠡᠷᠡᠭᠦᠯᠦᠨ ᠢᠯᠭᠠᠷᠠᠭᠤᠯᠵᠤ ᠂ ᠮᠡᠷᠭᠡᠵᠢᠯ ᠢᠶᠠᠷ ᠰᠠᠶᠢᠨ ᠂ ᠪᠦᠲᠦᠭᠡᠭᠳᠡᠬᠦᠨ ᠢᠶᠠᠷ ᠰᠠᠶᠢᠨ ᠠᠵᠤ ᠠᠬᠤᠶᠢᠯᠠᠯ ᠢ ᠣᠷᠣᠰᠢᠨ ᠲᠣᠭᠲᠠᠨᠢᠭᠤᠯᠵᠤ ᠂ ᠰᠠᠶᠢᠲᠤᠷ ᠡᠵᠡᠩᠨᠡᠭᠦᠯᠬᠦ ᠪᠠᠷ ᠴᠢᠷᠮᠠᠶᠢᠬᠤ ᠬᠡᠷᠡᠭᠲᠡᠢ ᠃ ᠡᠵᠡᠩᠨᠡᠯᠲᠡ ᠶᠢᠨ ᠭᠤᠣᠯ ᠴᠣᠭᠴᠠ ᠶᠢ 30 ᠲᠦᠮᠡᠨ ᠡᠷᠦᠬᠡ ᠠᠴᠠ ᠳᠡᠭᠡᠭᠰᠢ ᠰᠢᠨ᠎ᠡ ᠪᠠᠷ ᠪᠠᠶᠢᠭᠤᠯᠵᠤ ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ 4000 ᠠᠴᠠ ᠳᠡᠭᠡᠭᠰᠢ ᠳᠤ ᠬᠦᠷᠭᠡᠬᠦ ᠪᠠᠷ ᠴᠢᠷᠮᠠᠶᠢᠨ᠎ᠠ ᠃   ᠨᠡᠭᠡᠭᠡᠯᠲᠡ ᠬᠢᠬᠦ ᠶᠢ ᠨᠡᠩ ᠰᠥᠰᠥ ᠵᠣᠷᠢᠭᠲᠠᠢ ᠪᠠᠷ ᠠᠬᠢᠭᠤᠯᠤᠨ᠎ᠠ ᠃ ︽ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠠᠶᠢᠭᠤᠯᠬᠤ ᠨᠠᠢᠮᠠᠨ ᠵᠦᠢᠯ ᠤᠨ ᠠᠵᠢᠯᠯᠠᠭᠠᠨ ᠢᠶᠠᠷ ᠠᠵᠠ ᠳᠣᠬᠢᠶᠠᠯ ᠪᠣᠯᠭᠠᠵᠤ ᠂ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠢ ᠪᠦᠲᠦᠭᠡᠨ ᠪᠠᠶᠢᠭᠤᠯᠬᠤ ᠪᠠᠷ ᠭᠤᠣᠯᠳᠠᠯᠭ᠎ᠠ ᠪᠣᠯᠭᠠᠨ ᠂ ᠨᠡᠩ ᠥᠷᠭᠡᠨ ᠬᠡᠪᠴᠢᠶᠡᠨ ᠤ ᠂ ᠨᠡᠩ ᠣᠯᠠᠨ ᠬᠦᠷᠢᠶ᠎ᠡ ᠴᠠᠷᠠᠭᠠᠨ ᠤ ᠂ ᠨᠡᠩ ᠭᠦᠨ ᠳᠠᠪᠬᠤᠷᠭ᠎ᠠ ᠶᠢᠨ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠤᠨ᠎ᠠ ᠃ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠢ ᠡᠨᠡ ᠵᠢᠯ ᠤᠨ ᠨᠡᠭᠡᠭᠡᠯᠲᠡ ᠬᠢᠬᠦ ᠠᠵᠢᠯ ᠤᠨ ᠲᠡᠷᠢᠭᠦᠨ ᠴᠢᠬᠤᠯᠠ ᠶᠠᠪᠤᠳᠠᠯ ᠪᠣᠯᠭᠠᠵᠤ ᠂ ᠳᠦᠷᠢᠮ ᠳᠤ ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠵᠤ ᠂ ᠨᠢᠭᠡ ᠪᠦᠯᠦᠭ ᠰᠠᠭᠤᠷᠢᠯᠠᠬᠤ ᠴᠢᠨᠠᠷᠲᠠᠢ ᠥᠭᠡᠷᠡᠴᠢᠯᠡᠯᠲᠡ ᠶᠢᠨ ᠵᠦᠢᠯᠡᠰ ᠪᠠ ᠥᠨᠳᠥᠷ ᠲᠦᠪᠰᠢᠨ ᠪᠦᠬᠦᠢ ᠨᠡᠭᠡᠭᠡᠯᠲᠡ ᠶᠢᠨ ᠠᠷᠭ᠎ᠠ ᠬᠡᠮᠵᠢᠶ᠎ᠡ ᠶᠢ ᠲᠦᠷᠭᠡᠳᠬᠡᠨ ᠭᠠᠷᠭᠠᠵᠤ ᠂ ᠡᠭᠦᠳᠦᠨ ᠪᠦᠲᠦᠭᠡᠬᠦ ᠠᠵᠢᠯ ᠦᠨᠡᠨ ᠪᠣᠳᠠᠲᠠᠢ ᠠᠬᠢᠯᠲᠠ ᠲᠠᠢ ᠪᠣᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ ᠃ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠴᠤᠪᠤᠭ᠎ᠠ ᠲᠡᠷᠭᠡᠨ ᠤ ᠪᠠᠭᠲᠠᠭᠠᠮᠵᠢ ᠶᠢ ᠨᠢ ᠥᠷᠭᠡᠳᠬᠡᠨ ᠴᠢᠨᠠᠷ ᠢ ᠨᠢ ᠳᠡᠭᠡᠭᠰᠢᠯᠡᠭᠦᠯᠬᠦ ᠶᠢ ᠠᠬᠢᠭᠤᠯᠵᠤ ᠂ ᠮᠠᠨᠵᠤᠤᠷ ᠡᠷᠢᠶᠡᠨ ᠬᠤᠲᠠ ᠶᠢᠨ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠴᠤᠪᠤᠭ᠎ᠠ ᠲᠡᠷᠭᠡᠨ ᠤ ᠰᠠᠭᠤᠷᠢᠨ ᠭᠠᠵᠠᠷ ᠪᠠ ᠬᠦᠬᠡᠬᠤᠲᠠ ᠤᠯᠠᠭᠠᠨᠴᠠᠪ ᠤᠨ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠴᠤᠪᠤᠭ᠎ᠠ ᠲᠡᠷᠭᠡᠨ ᠤ ᠲᠥᠪᠯᠡᠷᠡᠭᠦᠯᠵᠦ ᠬᠤᠪᠢᠶᠠᠷᠢᠯᠠᠬᠤ ᠲᠥᠪ ᠢ ᠲᠦᠷᠭᠡᠳᠬᠡᠨ ᠪᠠᠶᠢᠭᠤᠯᠵᠤ ᠂ ᠣᠶᠤᠨᠲᠤ ᠪᠣᠭᠤᠮᠲᠠ ᠂ ᠣᠶᠤᠨᠲᠤ ᠬᠢᠯᠢ ᠶᠢᠨ ᠪᠣᠭᠤᠮᠲᠠ ᠶᠢ ᠴᠣᠭᠴᠠᠯᠠᠵᠤ ᠂ ᠣᠷᠣᠨ ᠠᠴᠠ ᠡᠬᠢᠯᠡᠵᠦ ᠠᠶᠠᠯᠠᠬᠤ ᠡᠭᠡᠯᠵᠢ ᠶᠢᠨ ᠴᠤᠪᠤᠭ᠎ᠠ ᠲᠡᠷᠭᠡᠨ ᠤ ᠶᠡᠷᠦᠩᠬᠡᠢ ᠬᠡᠮᠵᠢᠶ᠎ᠡ ᠶᠢ 10% ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠨ᠎ᠠ ᠃ ︽ᠭᠠᠷ ᠳᠠᠮᠵᠢᠪᠠᠴᠤ ᠠᠰᠢᠭ ᠬᠦᠷᠲᠡᠬᠦ ᠦᠭᠡᠢ ︾ ᠠᠰᠠᠭᠤᠳᠠᠯ ᠢ ᠬᠦᠴᠦ ᠣᠷᠣᠭᠤᠯᠤᠨ ᠦᠷᠭᠦᠯᠵᠢᠯᠡᠨ ᠰᠢᠢᠳᠪᠦᠷᠢᠯᠡᠵᠦ ᠂ ᠵᠡᠰ ᠂ ᠲᠡᠮᠦᠷ ᠂ ᠨᠡᠭᠦᠷᠡᠰᠦ ᠂ ᠮᠣᠳᠣᠨ ᠮᠠᠲ᠋ᠧᠷᠢᠶᠠᠯ ᠂ ᠠᠮᠤ ᠪᠤᠳᠠᠭ᠎ᠠ ᠵᠡᠷᠭᠡ ᠭᠠᠳᠠᠭᠠᠳᠤ ᠠᠴᠠ ᠣᠷᠤᠭᠤᠯᠬᠤ ᠭᠤᠣᠯ ᠪᠦᠲᠦᠭᠡᠭᠳᠡᠬᠦᠨ ᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠶᠢ ᠢᠳᠡᠪᠬᠢᠲᠡᠢ ᠬᠥᠭᠵᠢᠭᠦᠯᠦᠨ ᠂ ᠳᠤᠮᠳᠠᠳᠤ ᠮᠣᠩᠭᠤᠯ ᠤᠨ ᠡᠷᠢᠶᠡᠨ ᠬᠤᠲᠠ – ᠵᠠᠮ ᠤᠨ ᠡᠭᠦᠳᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠂ ᠬᠢᠯᠢ ᠠᠯᠤᠰᠯᠠᠭᠰᠠᠨ ᠵᠢᠭᠤᠯᠴᠢᠯᠠᠯ ᠤᠨ ᠬᠠᠮᠲᠤᠷᠠᠯᠴᠠᠭᠠᠨ ᠤ ᠣᠷᠣᠨ ᠢᠶᠠᠷ ᠵᠥᠪᠰᠢᠶᠡᠷᠡᠭᠳᠡᠬᠦ ᠶᠢ ᠠᠬᠢᠭᠤᠯᠵᠤ ᠂ ᠮᠠᠨᠵᠤᠤᠷ ᠡᠷᠢᠶᠡᠨ ᠬᠤᠲᠠ ᠶᠢᠨ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠰᠠᠭᠤᠷᠢᠰᠢᠭᠤᠯᠤᠨ ᠪᠣᠯᠪᠠᠰᠤᠷᠠᠭᠤᠯᠵᠤ ᠡᠳ᠋ᠰᠢᠭᠦᠯᠬᠦ ᠲᠤᠷᠰᠢᠯᠲᠠ ᠶᠢᠨ ᠴᠡᠭ ᠤᠨ ᠪᠠᠶᠢᠭᠤᠯᠤᠯᠲᠠ ᠶᠢ ᠳᠡᠮᠵᠢᠵᠦ ᠂ ᠠᠯᠠᠱᠠ ᠶᠢᠨ ᠭᠠᠳᠠᠭᠠᠳᠤ ᠠᠴᠠ ᠣᠷᠣᠭᠤᠯᠤᠭᠰᠠᠨ ᠨᠡᠭᠦᠷᠡᠰᠦ ᠶᠢ ᠨᠥᠭᠡᠴᠡᠯᠡᠨ ᠲᠣᠬᠢᠷᠠᠭᠤᠯᠬᠤ ᠠᠷᠠᠯᠵᠢᠶᠠᠨ ᠤ ᠰᠠᠭᠤᠷᠢᠨ ᠭᠠᠵᠠᠷ ᠤᠨ ᠪᠠᠶᠢᠭᠤᠯᠤᠯᠲᠠ ᠶᠢ ᠳᠡᠮᠵᠢᠨ᠎ᠡ ︔ ︽ᠥᠪᠥᠷ ᠮᠣᠩᠭᠤᠯ ᠤᠨ ᠬᠤᠳᠠᠯᠳᠤᠭᠠᠴᠢᠳ ᠤᠨ ᠲᠣᠷᠭᠠᠨ ᠵᠠᠮ ᠤᠨ ᠠᠶᠠᠯᠠᠯ ︾ ᠵᠡᠷᠭᠡ ᠠᠵᠢᠯᠯᠠᠭ᠎ᠠ ᠶᠢ ᠭᠦᠨᠵᠡᠭᠡᠢ ᠥᠷᠨᠢᠭᠦᠯᠦᠨ ᠂ ︽ᠥᠪᠥᠷ ᠮᠣᠩᠭᠤᠯ ᠤᠨ ᠲᠠᠸᠠᠷ ᠬᠢᠯᠢ ᠠᠴᠠ ᠭᠠᠷᠬᠤ ︾ ᠶᠢ ᠶᠡᠭᠡ ᠪᠠᠷ ᠠᠬᠢᠭᠤᠯᠵᠤ ᠂ ᠭᠠᠳᠠᠭᠠᠳᠤ ᠠᠷᠠᠯᠵᠢᠶᠠᠨ ᠤ ᠬᠡᠪᠴᠢᠶ᠎ᠡ ᠶᠢ 2100 ᠳ᠋ᠦᠩᠰᠢᠭᠤᠷ ᠲᠥᠭᠦᠷᠢᠭ ᠠᠴᠠ ᠳᠠᠪᠠᠭᠤᠯᠵᠤ ᠂ 10% ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠨ᠎ᠠ ᠃ ᠮᠠᠨ ᠤ ᠣᠷᠣᠨ ᠪᠣᠯ ᠬᠢᠯᠢ ᠳᠠᠭᠠᠤ ᠣᠷᠣᠨ ᠪᠣᠯᠪᠠᠴᠤ ᠳᠠᠯᠠᠢ ᠳᠠᠭᠠᠤ ᠣᠷᠣᠨ ᠪᠢᠰᠢ ᠪᠣᠯᠬᠤᠷ ᠨᠡᠩ ᠥᠷᠭᠡᠨ ᠬᠡᠪᠴᠢᠶᠡᠨ ᠤ ᠨᠡᠭᠡᠭᠡᠯᠲᠡ ᠬᠢᠬᠦ ᠶᠢ ᠪᠡᠶᠡᠯᠡᠭᠦᠯᠬᠦ ᠭᠡᠪᠡᠯ ᠡᠷᠬᠡᠪᠰᠢ ᠤᠯᠤᠰ ᠤᠨ ᠳᠣᠲᠣᠭᠠᠳᠤ ᠶᠢᠨ ᠪᠤᠰᠤᠳ ᠣᠷᠣᠨ ᠪᠦᠰᠡ ᠯᠦᠭᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ ᠂ ᠳᠣᠲᠣᠭᠠᠳᠤ ᠭᠠᠳᠠᠭᠠᠳᠤ ᠠᠷᠠᠯᠵᠢᠶ᠎ᠠ ᠶᠢᠨ ᠨᠢᠭᠡ ᠴᠣᠭᠴᠠᠵᠢᠭᠤᠯᠤᠭᠰᠠᠨ ᠬᠥᠭᠵᠢᠯᠲᠡ ᠶᠢ ᠲᠦᠷᠭᠡᠳᠬᠡᠨ ᠂ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠭᠠᠨ ᠤ ᠬᠥᠭᠵᠢᠯᠲᠡ ᠳᠤ ᠢᠳᠡᠪᠬᠢᠲᠡᠢ ᠠᠭᠤᠰᠤᠯᠴᠠᠵᠤ ᠂ ᠵᠡᠭᠦᠨ ᠬᠤᠶᠢᠲᠤ ᠶᠢᠨ ᠭᠤᠷᠪᠠᠨ ᠮᠤᠵᠢ ᠲᠠᠢ ᠬᠤᠯᠪᠣᠯᠳᠤᠨ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ ᠂ ᠬᠥᠬᠡᠮᠥ᠋ᠷᠡᠨ ᠤ ᠭᠤᠷᠪᠠᠯᠵᠢᠨ ᠬᠤᠶᠢᠭ ᠪᠣᠯᠣᠨ ᠭᠤᠸᠠᠩᠳᠦ᠋ᠩ ᠰᠢᠶᠠᠩᠭᠠᠩ ᠣᠣᠮᠧᠨ ᠲᠠᠢ ᠬᠥᠳᠡᠯᠦᠯᠴᠡᠬᠦ ᠪᠠᠨ ᠴᠢᠩᠭᠠᠳᠬᠠᠵᠤ ᠂ ᠤᠯᠠᠭᠠᠨᠬᠠᠳᠠ ᠬᠢᠭᠡᠳ ᠵᠢᠨᠵᠧᠦ ᠭᠠᠷᠠᠮ ᠤᠨ ᠭᠦᠨᠵᠡᠭᠡᠢ ᠬᠠᠮᠲᠤᠷᠠᠯᠴᠠᠭ᠎ᠠ ᠶᠢ ᠳᠡᠮᠵᠢᠵᠦ ᠂ ᠡᠬᠡ ᠬᠠᠭᠤᠷᠠᠢ ᠪᠠ ᠭᠠᠷᠠᠮ ᠤᠨ ᠬᠤᠯᠪᠤᠭᠠᠯᠠᠨ ᠬᠥᠳᠡᠯᠦᠯᠴᠡᠬᠦ ᠠᠵᠢᠯ ᠤᠨ ᠰᠢᠨ᠎ᠡ ᠠᠬᠢᠴᠠ ᠶᠢ ᠠᠬᠢᠭᠤᠯᠤᠨ᠎ᠠ ᠃   ︵ᠳᠤᠯᠤᠭ᠎ᠠ ︶ ︽ᠤᠯᠤᠰ ᠤᠨ ᠶᠡᠭᠡ ᠶᠠᠪᠤᠳᠠᠯ ︾ ᠤᠨ ᠥᠨᠳᠥᠷᠴᠡ ᠠᠴᠠ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠰᠠᠶᠢᠲᠤᠷ ᠪᠦᠲᠦᠭᠡᠨ ᠪᠠᠶᠢᠭᠤᠯᠤᠨ᠎ᠠ ᠃ ᠶᠡᠷᠦᠩᠬᠡᠢ ᠱᠦᠵᠢ ᠰᠢ ᠶᠢᠨ ᠫᠢᠩ ᠪᠢᠳᠡᠨ ᠳᠤ ᠡᠷᠬᠡᠪᠰᠢ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠬᠤ ᠬᠡᠷᠡᠭᠲᠡᠢ ᠭᠡᠵᠦ ᠣᠯᠠᠨᠲᠠ ᠵᠠᠬᠢᠪᠠ ᠃ ᠪᠢᠳᠡ ᠪᠦᠬᠦ ᠬᠦᠴᠦᠨ ᠵᠦᠢᠯ ᠪᠦᠬᠦ ᠲᠠᠯ᠎ᠠ ᠶᠢᠨ ᠠᠮᠢ ᠠᠬᠤᠢ ᠶᠢᠨ ᠵᠠᠰᠠᠯᠲᠠ ᠶᠢᠨ ᠪᠠᠶᠢᠷᠢᠰᠢᠯ ᠢ ᠬᠦᠴᠦᠯᠡᠨ ᠪᠣᠢ ᠪᠣᠯᠭᠠᠵᠤ ᠂ ᠤᠯᠤᠰ ᠤᠨ ᠴᠢᠬᠤᠯᠠ ᠶᠡᠭᠡ ᠠᠮᠢ ᠠᠬᠤᠢ ᠶᠢᠨ ᠢᠨᠵᠧᠨᠧᠷᠢᠩ ᠢ ᠭᠦᠨᠵᠡᠭᠡᠢ ᠬᠡᠷᠡᠭᠵᠢᠭᠦᠯᠦᠨ ᠂ ᠦᠵᠡᠰᠬᠦᠯᠡᠩᠲᠦ ᠳᠤᠮᠳᠠᠳᠤ ᠤᠯᠤᠰ ᠤᠨ ᠬᠤᠰᠢᠭᠤᠴᠢ ᠣᠷᠣᠨ ᠢ ᠴᠢᠷᠮᠠᠶᠢᠨ ᠴᠣᠭᠴᠠᠯᠠᠵᠤ ᠂ ᠡᠬᠡ ᠤᠯᠤᠰ ᠤᠨ ᠤᠮᠠᠷᠠᠲᠤ ᠬᠢᠯᠢ ᠶᠢᠨ ᠨᠣᠮᠢᠨ ᠨᠣᠭᠤᠭᠠᠨ ᠤᠷᠲᠤ ᠴᠠᠭᠠᠨ ᠬᠡᠷᠡᠮ ᠢ ᠨᠡᠩ ᠰᠠᠶᠢᠲᠤᠷ ᠪᠦᠲᠦᠭᠡᠨ ᠪᠠᠶᠢᠭᠤᠯᠬᠤ ᠬᠡᠷᠡᠭᠲᠡᠢ ᠃   ᠭᠤᠣᠯ ᠬᠦᠴᠦᠨ ᠪᠥᠭᠡᠳ ᠬᠤᠰᠢᠭᠤᠴᠢ ᠪᠣᠯᠬᠤ ᠣᠪᠣᠷ ᠪᠠᠶᠢᠳᠠᠯ ᠢᠶᠠᠷ ︽ᠤᠮᠠᠷᠠᠲᠤ ᠶᠢᠨ ᠭᠤᠷᠪᠠᠨ ᠣᠷᠣᠨ ︾ ᠤ ᠢᠨᠵᠧᠨᠧᠷᠢᠩ ᠤᠨ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠣᠨ᠎ᠠ ᠃ ᠡᠷᠲᠡ ᠠᠴᠠ ᠭᠠᠷᠳᠠᠵᠤ ᠡᠷᠲᠡᠬᠡᠨ ᠪᠠᠶᠢᠷᠢᠯᠠᠭᠤᠯᠵᠤ ᠂ ᠬᠠᠪᠤᠷ ᠰᠠᠭᠠᠲᠠᠮᠠᠭᠴᠠ ᠬᠥᠳᠡᠯᠦᠯᠴᠡᠵᠦ ᠂ ᠵᠢᠯ ᠤᠨ ᠳᠣᠲᠣᠷ᠎ᠠ ᠬᠠᠲᠤᠨ ᠭᠤᠣᠯ ᠤᠨ ︽ᠶᠡᠭᠡ ᠲᠣᠬᠤᠢ ︾ ᠶᠢᠨ ᠰᠢᠪᠲᠤᠯᠤᠯᠲᠠ ᠶᠢᠨ ᠳᠠᠶᠢᠯᠠᠯᠳᠤᠭᠠᠨ ᠢ 758 ᠲᠦᠮᠡᠨ ᠮᠦ ᠂ ᠬᠤᠷᠴᠢᠨ ᠪᠠ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠯᠲᠡ ᠶᠢᠨ ᠳᠠᠶᠢᠯᠠᠯᠳᠤᠭᠠᠨ ᠢ 549 ᠲᠦᠮᠡᠨ ᠮᠦ ᠂ ᠾᠧᠰᠢ ᠶᠢᠨ ᠬᠤᠩᠭᠢᠯ – ᠲᠠᠺᠯᠢᠮᠠᠺᠠᠨ ᠡᠯᠡᠰᠦᠨ ᠴᠦᠯ ᠤᠨ ᠬᠦᠪᠡᠭᠡ ᠵᠠᠬ᠎ᠠ ᠶᠢᠨ ᠬᠤᠷᠢᠭᠯᠠᠯᠲᠠ ᠶᠢᠨ ᠳᠠᠶᠢᠯᠠᠯᠳᠤᠭᠠᠨ ᠢ 131 ᠲᠦᠮᠡᠨ ᠮᠦ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ ᠃ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠶᠡᠭᠡ ᠪᠠᠷ ᠬᠡᠷᠡᠭᠵᠢᠭᠦᠯᠵᠦ ᠂ ᠬᠥᠪᠴᠢ ᠶᠢᠨ ᠵᠠᠭᠪᠤᠷ ᠂ ᠳ᠋ᠧᠩᠺᠧᠥ ᠶᠢᠨ ᠵᠠᠭᠪᠤᠷ ᠢ ᠢᠳᠡᠪᠬᠢᠲᠡᠢ ᠪᠠᠷ ᠳᠡᠯᠭᠡᠷᠡᠭᠦᠯᠦᠨ ᠂ ᠣᠷᠳᠣᠰ ᠤᠨ ︽ᠭᠡᠷᠡᠯᠴᠢ ᠴᠡᠨᠡᠭ ᠤᠨ ᠤᠷᠲᠤ ᠴᠠᠭᠠᠨ ᠬᠡᠷᠡᠮ ︾ ᠪᠠᠶᠢᠭᠤᠯᠬᠤ ᠶᠢ ᠨᠢ ᠳᠡᠮᠵᠢᠵᠦ ᠂ ᠲᠠᠷᠢᠶᠠᠯᠠᠩ ᠭᠡᠷᠡᠯᠴᠢ ᠴᠡᠨᠡᠭ ᠤᠨ ᠬᠠᠷᠢᠯᠴᠠᠨ ᠨᠥᠬᠦᠪᠦᠷᠢᠯᠡᠬᠦ ᠂ ᠮᠠᠯ ᠠᠵᠤ ᠠᠬᠤᠢ ᠭᠡᠷᠡᠯᠴᠢ ᠴᠡᠨᠡᠭ ᠤᠨ ᠬᠠᠷᠢᠯᠴᠠᠨ ᠨᠥᠬᠦᠪᠦᠷᠢᠯᠡᠬᠦ ᠶᠢ ᠠᠬᠢᠭᠤᠯᠵᠤ ᠂ ᠡᠯᠡᠰᠦ ᠶᠢ ᠵᠠᠰᠠᠭᠰᠠᠨ ᠪᠥᠭᠡᠳ ᠪᠣᠬᠢᠷᠳᠤᠯ ᠦᠭᠡᠢ ᠴᠠᠬᠢᠯᠭᠠᠨ ᠭᠠᠷᠭᠠᠵᠤ ᠪᠠᠰᠠ ᠣᠯᠠᠨ ᠲᠦᠮᠡᠨ ᠤ ᠣᠷᠣᠯᠭ᠎ᠠ ᠶᠢ ᠨᠢ ᠨᠡᠮᠡᠭᠳᠡᠭᠦᠯᠵᠦ ᠂ ᠠᠮᠢ ᠠᠬᠤᠢ ᠂ ᠦᠢᠯᠡᠳᠪᠦᠷᠢᠯᠡᠯ ᠂ ᠠᠮᠢᠳᠤᠷᠠᠯ ᠭᠤᠷᠪᠠ ᠳᠤ ᠴᠥᠮ ︽ᠠᠰᠢᠭ ᠬᠦᠷᠲᠡᠭᠡᠬᠦ ︾ ᠶᠢ ᠪᠡᠶᠡᠯᠡᠭᠦᠯᠦᠨ ᠂ ᠰᠢᠨ᠎ᠡ ᠴᠠᠭ ᠦᠶ᠎ᠡ ᠶᠢᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠭᠰᠠᠨ ᠰᠢᠨ᠎ᠡ ᠭᠠᠶᠢᠬᠠᠮᠰᠢᠭ ᠢ ᠡᠭᠦᠳᠦᠨ᠎ᠡ ᠃   ᠴᠡᠩᠬᠡᠷ ᠣᠭᠲᠠᠷᠭᠤᠢ ᠴᠡᠩᠭᠡᠭ ᠤᠰᠤ ᠴᠡᠪᠡᠷ ᠬᠥᠷᠥᠰᠥ ᠶᠢᠨ ᠬᠠᠮᠠᠭᠠᠯᠠᠯᠲᠠ ᠶᠢᠨ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠨ᠎ᠡ ᠃ ᠬᠠᠲᠤᠨ ᠭᠤᠣᠯ ᠤᠨ ᠥᠪᠥᠷ ᠮᠣᠩᠭᠤᠯ ᠢᠶᠠᠷ ᠤᠷᠤᠰᠤᠨ ᠥᠩᠭᠡᠷᠡᠬᠦ 843.5 ᠺᠢᠯᠣᠮᠧᠲᠷ ᠤᠨ ᠪᠦᠬᠦ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠂ ᠡᠵᠢ ᠭᠤᠣᠯ ᠢᠶᠠᠨ ᠰᠠᠶᠢᠲᠤᠷ ᠬᠠᠮᠠᠭᠠᠯᠠᠬᠤ ᠬᠡᠷᠡᠭᠲᠡᠢ ᠃ ᠬᠦᠬᠡᠬᠤᠲᠠ ᠪᠤᠭᠤᠲᠤ ᠣᠷᠳᠣᠰ ᠂ ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠭᠠᠷ ᠮᠠᠨᠳᠠᠯ ᠤᠨ ᠪᠣᠬᠢᠷᠳᠤᠯ ᠢ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠪᠠᠨ ᠴᠢᠩᠭᠠᠳᠬᠠᠵᠤ ᠂ ︽ᠬᠥᠯᠥᠨ ᠨᠠᠭᠤᠷ ᠳᠠᠭ᠎ᠠ ᠶᠢᠨ ᠨᠠᠭᠤᠷ ᠤᠯᠠᠭᠠᠨᠰᠤᠬᠠᠢ ᠨᠠᠭᠤᠷ ︾ ᠵᠢᠴᠢ ᠴᠠᠭᠠᠨᠨᠠᠭᠤᠷ ᠢ ᠶᠡᠷᠦᠩᠬᠡᠶᠢᠯᠡᠨ ᠵᠠᠰᠠᠭᠰᠠᠨ ᠦᠷ᠎ᠡ ᠪᠦᠲᠦᠮᠵᠢ ᠪᠠᠨ ᠪᠠᠬᠢᠵᠢᠭᠦᠯᠵᠦ ᠂ ᠤᠰᠤᠨ ᠴᠦᠬᠦᠷᠦᠮ ᠤᠨ ᠨᠦᠯᠦᠮᠡᠯ ᠰᠢᠪᠠᠷ ᠢ ᠠᠷᠢᠯᠭᠠᠨ ᠴᠡᠪᠡᠷᠯᠡᠬᠦ ᠲᠤᠷᠰᠢᠯᠲᠠ ᠶᠢ ᠡᠬᠢᠯᠡᠭᠦᠯᠦᠨ ᠂ ᠠᠭᠤᠷᠬᠠᠢ ᠶᠢᠨ ᠣᠷᠣᠨ ᠤ ᠠᠮᠢ ᠠᠬᠤᠢ ᠶᠢ ᠰᠡᠷᠭᠦᠭᠡᠬᠦ ᠠᠵᠢᠯ ᠢ ᠰᠠᠶᠢᠲᠤᠷ ᠠᠳᠬᠤᠵᠤ ᠂ ᠨᠡᠩ ᠣᠯᠠᠨ ᠪᠣᠬᠢᠷᠳᠤᠯ ᠦᠭᠡᠢ ᠠᠭᠤᠷᠬᠠᠢ ᠶᠢ ᠪᠦᠲᠦᠭᠡᠨ ᠪᠠᠶᠢᠭᠤᠯᠵᠤ ᠂ ᠭᠤᠣᠯᠳᠠᠯᠭ᠎ᠠ ᠲᠠᠢ ᠣᠷᠣᠨ ᠪᠦᠰᠡ ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠪᠣᠬᠢᠷᠳᠤᠯ ᠢ ᠰᠡᠷᠭᠡᠶᠢᠯᠡᠨ ᠵᠠᠰᠠᠬᠤ ᠠᠵᠢᠯ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠤᠨ᠎ᠠ ᠃   ᠡᠬᠢ ᠪᠠᠶᠠᠯᠢᠭ ᠢ ᠠᠷᠪᠢᠲᠠᠢ ᠡᠷᠴᠢᠮᠲᠡᠢ ᠠᠰᠢᠭᠯᠠᠬᠤ ᠶᠢ ᠶᠡᠭᠡ ᠪᠠᠷ ᠠᠬᠢᠭᠤᠯᠤᠨ᠎ᠠ ᠃ ︽ᠲᠠᠪᠤ ᠶᠢ ᠲᠤᠶᠢᠯᠪᠤᠷᠢᠲᠠᠢ ᠰᠢᠢᠳᠪᠦᠷᠢᠯᠡᠬᠦ ︾ ᠶᠢ ᠭᠦᠨᠵᠡᠭᠡᠶᠢᠷᠡᠭᠦᠯᠦᠨ ᠥᠷᠭᠡᠳᠬᠡᠵᠦ ᠂ ᠵᠥᠪᠰᠢᠶᠡᠷᠡᠭᠰᠡᠨ ᠪᠠᠶᠢᠲᠠᠯ᠎ᠠ ᠬᠠᠩᠭᠠᠭᠠᠳᠤᠢ 14.6 ᠲᠦᠮᠡᠨ ᠮᠦ ᠭᠠᠵᠠᠷ ᠰᠢᠷᠣᠢ ᠂ ᠰᠤᠯᠠ ᠲᠠᠯᠪᠢᠭᠳᠠᠵᠤ ᠪᠠᠶᠢᠭ᠎ᠠ 1.2 ᠲᠦᠮᠡᠨ ᠮᠦ ᠭᠠᠵᠠᠷ ᠰᠢᠷᠣᠢ ᠶᠢ ᠰᠢᠩᠭᠡᠬᠡᠨ ᠰᠢᠢᠳᠪᠦᠷᠢᠯᠡᠨ᠎ᠡ ᠃ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢ ᠠᠬᠢᠭᠤᠯᠵᠤ ᠂ ᠲᠤᠷᠰᠢᠯᠲᠠ ᠶᠢᠨ ᠴᠡᠭ ᠪᠣᠯᠬᠤ ᠬᠤᠰᠢᠭᠤ ᠰᠢᠶᠠᠨ ᠤ ᠪᠠᠶᠢᠭᠠᠯᠢᠯᠢᠭ ᠨᠤᠲᠤᠭ ᠪᠡᠯᠴᠢᠭᠡᠷ ᠤᠨ ᠮᠠᠯ ᠪᠡᠯᠴᠢᠭᠡᠷ ᠬᠤᠶᠠᠷ ᠢ ᠲᠡᠩᠴᠡᠭᠦᠷᠢᠲᠡᠢ ᠪᠠᠶᠢᠯᠭᠠᠬᠤ ᠭᠦᠢᠴᠡᠳᠬᠡᠯ ᠲᠤᠭ᠎ᠠ ᠶᠢ 10% ᠠᠴᠠ ᠳᠣᠷᠣᠭᠰᠢ ᠪᠣᠯᠲᠠᠯ᠎ᠠ ᠪᠠᠭᠤᠷᠠᠭᠤᠯᠬᠤ ᠪᠠᠷ ᠴᠢᠷᠮᠠᠶᠢᠨ᠎ᠠ ᠃ ᠤᠰᠤᠨ ᠤ ᠡᠬᠢ ᠪᠠᠶᠠᠯᠢᠭ ᠪᠣᠯ ᠮᠠᠨ ᠤ ᠣᠷᠣᠨ ᠤ ᠬᠥᠭᠵᠢᠯᠲᠡ ᠶᠢᠨ ᠬᠠᠮᠤᠭ ᠤᠨ ᠬᠠᠲᠠᠭᠤ ᠬᠢᠵᠠᠭᠠᠷᠯᠠᠯ ᠪᠣᠯᠣᠨ᠎ᠠ ᠂ ︽ᠨᠢᠭᠡ ᠠᠶᠢᠮᠠᠭ ︵ᠬᠤᠲᠠ ︶ ᠲᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠵᠦ ︾ ᠰᠢᠨᠵᠢᠯᠡᠬᠦ ᠤᠬᠠᠭᠠᠨᠴᠢ ᠪᠠᠷ ᠤᠰᠤ ᠠᠷᠪᠢᠯᠠᠬᠤ ᠶᠢ ᠠᠬᠢᠭᠤᠯᠵᠤ ᠂ ᠲᠠᠷᠢᠶᠠᠯᠠᠩ ᠠᠵᠤ ᠦᠢᠯᠡᠳᠪᠦᠷᠢ ᠪᠠ ᠬᠤᠲᠠ ᠪᠠᠯᠭᠠᠰᠤᠨ ᠤ ᠤᠰᠤ ᠠᠷᠪᠢᠯᠠᠬᠤ ᠶᠢ ᠲᠦᠷᠦᠯ ᠠᠩᠭᠢᠯᠠᠨ ᠰᠠᠶᠢᠲᠤᠷ ᠠᠳᠬᠤᠵᠤ ᠂ ︽ᠬᠤᠭᠤᠰᠤᠨ ᠭᠠᠵᠠᠷ ᠢ ᠤᠰᠤᠯᠠᠬᠤ ︾ ᠂ ︽ᠨᠡᠯᠦᠶᠢᠲᠡᠯ᠎ᠡ ᠤᠰᠤᠯᠠᠬᠤ ︾ ᠵᠡᠷᠭᠡ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ ᠂ ᠲᠦᠩᠯᠢᠶᠣᠣ ᠪᠠᠶᠠᠨᠨᠠᠭᠤᠷ ᠤᠨ ᠣᠳᠣ ᠦᠶ᠎ᠡ ᠶᠢᠨ ᠤᠰᠤ ᠠᠷᠪᠢᠯᠠᠬᠤ ᠥᠨᠳᠥᠷ ᠤᠨᠠᠯᠲᠠᠲᠤ ᠲᠠᠷᠢᠶᠠᠯᠠᠩ ᠤᠨ ᠵᠢᠱᠢᠶ᠎ᠡ ᠦᠵᠡᠭᠦᠯᠬᠦ ᠣᠷᠣᠨ ᠢ ᠪᠠᠶᠢᠭᠤᠯᠬᠤ ᠶᠢ ᠨᠢ ᠳᠡᠮᠵᠢᠨ᠎ᠡ ᠃ ︽ᠬᠠᠶᠠᠭᠳᠠᠮᠠᠯ ᠢ ᠬᠡᠷᠡᠭᠴᠡᠭᠡ ᠲᠠᠢ ᠵᠦᠢᠯ ᠪᠣᠯᠭᠠᠨ ᠠᠰᠢᠭᠯᠠᠬᠤ ︾ ᠲᠠᠯ᠎ᠠ ᠪᠠᠷ ᠮᠠᠨ ᠤ ᠣᠷᠣᠨ ᠮᠠᠰᠢ ᠣᠯᠠᠨ ᠠᠵᠢᠯ ᠬᠢᠵᠦ ᠪᠣᠯᠣᠨ᠎ᠠ ᠂ ᠨᠢᠭᠡ ᠲᠠᠯ᠎ᠠ ᠪᠠᠷ ᠨᠤᠨᠳᠠᠭ ᠨᠡᠭᠦᠷᠡᠰᠦᠨ ᠤ ᠦᠨᠡᠰᠦ ᠂ ᠨᠡᠭᠦᠷᠡᠰᠦᠨ ᠴᠢᠯᠠᠭᠤ ᠵᠡᠷᠭᠡ ᠶᠡᠭᠡ ᠬᠡᠮᠵᠢᠶᠡᠨ ᠤ ᠤᠯᠠᠮᠵᠢᠯᠠᠯᠲᠤ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠢ ᠤᠯᠠᠷᠢᠭᠤᠯᠤᠨ ᠠᠰᠢᠭᠯᠠᠬᠤ ᠶᠢ ᠠᠳᠬᠤᠵᠤ ᠂ ᠨᠥᠭᠦᠭᠡ ᠲᠠᠯ᠎ᠠ ᠪᠠᠷ ᠴᠢᠳᠠᠮᠵᠢ ᠨᠢ ᠪᠠᠭᠤᠷᠠᠭᠰᠠᠨ ᠳ᠋ᠢᠶᠠᠨ ᡂᠢ ᠂ ᠭᠡᠷᠡᠯᠴᠢ ᠴᠡᠨᠡᠭ ᠤᠨ ᠲᠣᠨᠣᠭᠯᠠᠯ ᠂ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠮᠠᠰᠢᠨ ᠪᠦᠯᠦᠭ ᠵᠡᠷᠭᠡ ᠰᠢᠨ᠎ᠡ ᠬᠡᠯᠪᠡᠷᠢ ᠪᠦᠬᠦᠢ ᠬᠠᠶᠠᠭᠳᠠᠮᠠᠯ ᠪᠣᠳᠠᠰ ᠢ ᠡᠷᠭᠢᠯᠳᠦᠭᠦᠯᠦᠨ ᠠᠰᠢᠭᠯᠠᠬᠤ ᠶᠢ ᠠᠳᠬᠤᠵᠤ ᠂ ᠪᠤᠭᠤᠲᠤ ᠶᠢᠨ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠴᠢᠳᠠᠮᠵᠢ ᠨᠢ ᠪᠠᠭᠤᠷᠠᠭᠰᠠᠨ ᠲᠤᠨᠤᠭ ᠲᠥᠬᠦᠭᠡᠷᠦᠮᠵᠢ ᠶᠢ ᠡᠬᠢ ᠪᠠᠶᠠᠯᠢᠭᠵᠢᠭᠤᠯᠤᠨ ᠳᠠᠬᠢᠨᠲᠠ ᠠᠰᠢᠭᠯᠠᠬᠤ ᠶᠢᠨ ᠵᠢᠱᠢᠶ᠎ᠡ ᠦᠵᠡᠭᠦᠯᠬᠦ ᠣᠷᠣᠨ ᠂ ᠣᠷᠳᠣᠰ ᠤᠨ ᠨᠤᠨᠳᠠᠭ ᠨᠡᠭᠦᠷᠡᠰᠦᠨ ᠦᠨᠡᠰᠦ ᠠᠴᠠ ᠰᠠᠯᠭᠠᠨ ᠠᠪᠤᠭᠰᠠᠨ ᠢᠰᠦᠯᠳᠦᠭᠰᠡᠨ ᠬᠥᠩᠭᠡᠨᠴᠠᠭᠠᠨ ᠢ ᠶᠡᠷᠦᠩᠬᠡᠶᠢᠯᠡᠨ ᠠᠰᠢᠭᠯᠠᠬᠤ ᠰᠠᠭᠤᠷᠢᠨ ᠭᠠᠵᠠᠷ ᠂ ᠰᠢᠯᠢ ᠶᠢᠨ ᠭᠤᠣᠯ ᠤᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠢ ᠶᠡᠷᠦᠩᠬᠡᠶᠢᠯᠡᠨ ᠠᠰᠢᠭᠯᠠᠬᠤ ᠰᠠᠭᠤᠷᠢᠨ ᠭᠠᠵᠠᠷ ᠤᠨ ᠪᠠᠶᠢᠭᠤᠯᠤᠯᠲᠠ ᠶᠢ ᠳᠡᠮᠵᠢᠬᠦ ᠬᠡᠷᠡᠭᠲᠡᠢ ᠃ ᠤᠯᠤᠰ ᠤᠨ ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠲᠠ ᠶᠢ ᠣᠷᠬᠢᠯ ᠬᠡᠮᠵᠢᠭᠳᠡᠯ ᠠᠴᠠ ᠪᠠᠭᠤᠷᠠᠭᠤᠯᠬᠤ ᠲᠤᠷᠰᠢᠯᠲᠠ ᠶᠢᠨ ᠴᠡᠭ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠎ᠡ ᠂ ᠡᠨᠧᠷᠬᠢ ᠶᠢᠨ ᠰᠠᠭᠤᠷᠢ ᠪᠡᠯᠡᠳᠬᠡᠮᠵᠢ ᠂ ᠡᠨᠧᠷᠬᠢ ᠠᠷᠪᠢᠯᠠᠵᠤ ᠨᠡᠭᠦᠷᠡᠰᠦᠳᠦ᠋ᠷᠦᠭᠴᠢ ᠶᠢ ᠪᠠᠭᠤᠷᠠᠭᠤᠯᠬᠤ ᠪᠠᠷ ᠥᠭᠡᠷᠡᠴᠢᠯᠡᠨ ᠰᠢᠨᠡᠳᠬᠡᠬᠦ ᠂ ᠲᠡᠷᠢᠭᠦᠨ ᠤ ᠮᠡᠷᠭᠡᠵᠢᠯ ᠤᠨ ᠵᠢᠱᠢᠶ᠎ᠡ ᠦᠵᠡᠭᠦᠯᠬᠦ ᠵᠡᠷᠭᠡ ᠬᠦᠷᠢᠶ᠎ᠡ ᠴᠠᠷᠠᠭᠠᠨ ᠳᠤ ᠨᠢᠭᠡ ᠪᠦᠯᠦᠭ ᠭᠤᠣᠯᠳᠠᠯᠭ᠎ᠠ ᠲᠠᠢ ᠢᠨᠵᠧᠨᠧᠷᠢᠩ ᠢ ᠲᠥᠯᠥᠪᠵᠢᠭᠦᠯᠦᠨ ᠬᠡᠷᠡᠭᠵᠢᠭᠦᠯᠦᠨ᠎ᠡ ᠃ ᠨᠡᠭᠦᠷᠡᠰᠦᠳᠦ᠋ᠷᠦᠭᠴᠢ ᠶᠢᠨ ᠬᠤᠷᠠᠮᠠᠯ ᠤᠨ ︽ᠰᠠᠶᠢᠨ ᠠᠷᠠᠯᠵᠢᠶ᠎ᠠ ︾ ᠶᠢ ᠶᠡᠭᠡ ᠪᠠᠷ ᠬᠥᠭᠵᠢᠭᠦᠯᠬᠦ ᠪᠠᠷ ᠴᠢᠷᠮᠠᠶᠢᠨ᠎ᠠ ᠂ ᠤᠢ ᠰᠢᠭᠤᠢ ᠨᠤᠲᠤᠭ ᠪᠡᠯᠴᠢᠭᠡᠷ ᠤᠨ ᠨᠡᠭᠦᠷᠡᠰᠦᠳᠦ᠋ᠷᠦᠭᠴᠢ ᠬᠤᠷᠠᠭᠤᠯᠬᠤ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭᠠᠨ ᠢ ᠭᠦᠨᠵᠡᠭᠡᠢ ᠬᠡᠷᠡᠭᠵᠢᠭᠦᠯᠵᠦ ᠂ ᠤᠯᠤᠰ ᠤᠨ ᠨᠡᠭᠦᠷᠡᠰᠦᠳᠦ᠋ᠷᠦᠭᠴᠢ ᠶᠢᠨ ᠠᠷᠠᠯᠵᠢᠶᠠᠨ ᠤ ᠵᠠᠬ᠎ᠠ ᠳᠡᠯᠭᠡᠭᠦᠷ ᠤᠨ ᠪᠠᠶᠢᠭᠤᠯᠤᠯᠲᠠ ᠳᠤ ᠢᠳᠡᠪᠬᠢᠲᠡᠢ ᠪᠠᠷ ᠣᠷᠣᠯᠴᠠᠨ ᠂ ᠬᠥᠯᠥᠨ ᠪᠦᠢᠷ ᠂ ᠬᠢᠩᠭᠠᠨ ᠠᠶᠢᠮᠠᠭ ᠂ ᠤᠯᠠᠭᠠᠨᠬᠠᠳᠠ ᠵᠡᠷᠭᠡ ᠭᠠᠵᠠᠷ ᠤᠨ ᠠᠮᠢ ᠠᠬᠤᠢ ᠶᠢᠨ ᠪᠦᠲᠦᠭᠡᠭᠳᠡᠬᠦᠨ ᠤ ᠦᠨ᠎ᠡ ᠥᠷᠲᠡᠭ ᠤᠨ ᠪᠡᠶᠡᠯᠡᠭᠳᠡᠯ ᠤᠨ ᠲᠣᠭᠲᠠᠴᠠ ᠶᠢ ᠰᠦᠪᠡᠭᠴᠢᠯᠡᠬᠦ ᠶᠢ ᠨᠢ ᠳᠡᠮᠵᠢᠵᠦ ᠂ ᠠᠭᠤᠳᠠᠮ ᠲᠡᠨᠢᠭᠡᠷ ᠲᠠᠯ᠎ᠠ ᠨᠤᠲᠤᠭ ᠂ ᠢᠭᠴᠤ ᠰᠠᠬᠤᠯᠢᠭ ᠣᠢ ᠰᠢᠭᠤᠢ ᠂ ᠨᠡᠯᠦᠶᠢᠮ᠎ᠡ ᠶᠡᠭᠡ ᠨᠤᠭᠤ ᠭᠠᠵᠠᠷ ᠠᠴᠠ ᠨᠡᠩ ᠣᠯᠠᠨ ᠨᠡᠭᠦᠷᠡᠰᠦᠳᠦ᠋ᠷᠦᠭᠴᠢ ᠶᠢᠨ ᠬᠤᠷᠠᠮᠠᠯ ᠤᠨ ᠰᠢᠯᠢᠳᠡᠭ ᠪᠦᠲᠦᠭᠡᠭᠳᠡᠬᠦᠨ ᠤᠯᠠᠷᠢᠭᠤᠯᠤᠨ ᠭᠠᠷᠭᠠᠨ᠎ᠠ ᠃  ︵ᠨᠠᠢᠮᠠ ︶ ᠣᠷᠣᠨ ᠪᠦᠰᠡ ᠶᠢᠨ ᠬᠥᠭᠵᠢᠯᠲᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠎ᠡ ᠃ ᠬᠦᠬᠡᠬᠤᠲᠠ ᠪᠤᠭᠤᠲᠤ ᠶᠢ ᠨᠢᠭᠡ ᠬᠤᠲᠠᠵᠢᠭᠤᠯᠬᠤ 60 ᠵᠤᠷᠪᠤᠰ ᠢ ᠪᠣᠳᠠᠲᠠᠶᠢᠵᠢᠭᠤᠯᠬᠤ ᠶᠢ ᠳᠡᠮᠵᠢᠵᠦ ᠂ ᠬᠦᠬᠡᠬᠤᠲᠠ ᠪᠤᠭᠤᠲᠤ ᠶᠢ ᠨᠢᠭᠡ ᠬᠤᠲᠠᠵᠢᠭᠤᠯᠬᠤ ᠪᠠᠷ ᠬᠦᠬᠡᠬᠤᠲᠠ ᠪᠤᠭᠤᠲᠤ ᠣᠷᠳᠣᠰ ᠤᠯᠠᠭᠠᠨᠴᠠᠪ ᠢ ᠨᠢᠭᠡ ᠴᠣᠭᠴᠠᠵᠢᠭᠤᠯᠵᠤ ᠲᠦᠷᠭᠡᠳᠬᠡᠨ ᠬᠥᠭᠵᠢᠭᠦᠯᠬᠦ ᠶᠢ ᠳᠠᠶᠢᠴᠢᠯᠠᠵᠤ ᠂ ᠬᠦᠬᠡᠬᠤᠲᠠ ᠪᠤᠭᠤᠲᠤ ᠣᠷᠳᠣᠰ ᠤᠯᠠᠭᠠᠨᠴᠠᠪ ᠢ ᠦᠨᠡᠨ ᠬᠦ ᠪᠦᠬᠦ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠵᠤ ᠳᠠᠶᠢᠴᠢᠯᠠᠬᠤ ︽ᠪᠤᠬ᠎ᠠ ᠲᠡᠷᠭᠡ ︾ ᠪᠣᠯᠭᠠᠨ᠎ᠠ ᠃ ᠬᠦᠬᠡᠬᠤᠲᠠ ᠣᠷᠣᠨ ᠤ ᠲᠥᠪ ᠪᠣᠯᠤᠭᠰᠠᠨ ᠤ ᠬᠤᠪᠢ ᠳᠤ ᠂ ᠦᠨᠡᠨ ᠬᠦ ︽ᠬᠦᠴᠦᠷᠬᠡᠭᠵᠢᠨ ︾ ᠂ ︽ᠲᠥᠪᠯᠡᠨ ᠲᠡᠷᠢᠭᠦᠯᠡᠵᠦ ︾ ᠂ ᠶᠡᠷᠦᠩᠬᠡᠶᠢᠯᠡᠭᠰᠡᠨ ᠪᠣᠳᠠᠲᠤ ᠬᠦᠴᠦᠨ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠦᠨ ᠂ ᠶᠡᠷᠦᠩᠬᠡᠢ ᠬᠡᠯᠲᠡᠰ ᠤᠨ ᠠᠵᠤ ᠠᠬᠤᠢ ᠶᠢᠨ ᠰᠠᠭᠤᠷᠢᠨ ᠭᠠᠵᠠᠷ ᠢ ᠴᠣᠭᠴᠠᠯᠠᠵᠤ ᠂ ︽ᠳᠡᠯᠡᠬᠡᠢ ᠶᠢᠨ ᠰᠦ ᠰᠠᠭᠠᠯᠢ ᠶᠢᠨ ᠬᠤᠲᠠ ︾ ᠶᠢ ᠪᠦᠲᠦᠭᠡᠨ ᠪᠠᠶᠢᠭᠤᠯᠬᠤ ᠬᠡᠷᠡᠭᠲᠡᠢ ᠃ ᠪᠤᠭᠤᠲᠤ ᠬᠠᠭᠤᠴᠢᠨ ᠠᠵᠤ ᠦᠢᠯᠡᠳᠪᠦᠷᠢ ᠶᠢᠨ ᠰᠠᠭᠤᠷᠢᠨ ᠪᠣᠯᠤᠭᠰᠠᠨ ᠤ ᠬᠤᠪᠢ ᠳᠤ ᠂ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠪᠠᠨ ᠲᠦᠷᠭᠡᠳᠬᠡᠵᠦ ᠂ ︽ᠪᠦᠬᠦ ᠤᠯᠤᠰ ᠤᠨ ᠬᠠᠮᠤᠭ ᠤᠨ ᠲᠣᠮᠣ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠰᠠᠭᠤᠷᠢᠨ ᠭᠠᠵᠠᠷ ᠪᠠ ᠪᠦᠬᠦ ᠪᠥᠮᠪᠥᠷᠴᠡᠭ ᠲᠤ ᠲᠦᠷᠦᠭᠦᠯᠡᠬᠦ ᠬᠤᠪᠣᠷ ᠰᠢᠷᠣᠢ ᠶᠢᠨ ᠬᠡᠷᠡᠭᠯᠡᠯᠲᠡ ᠶᠢᠨ ᠰᠠᠭᠤᠷᠢᠨ ᠭᠠᠵᠠᠷ ︾ ᠢ ᠪᠦᠬᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠬᠤ ᠬᠡᠷᠡᠭᠲᠡᠢ ᠃ ᠣᠷᠳᠣᠰ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠰᠠᠶᠢᠨ ︽ᠨᠢᠷᠤᠭᠤ ᠲᠤᠯᠭᠠᠭᠤᠷᠢ ︾ ᠂ ︽ᠬᠤᠰᠢᠭᠤᠴᠢ ᠴᠡᠷᠢᠭ ︾ ᠪᠣᠯᠵᠤ ᠂ ᠤᠯᠤᠰ ᠤᠨ ᠳᠡᠰ ᠤᠨ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠵᠢᠱᠢᠶ᠎ᠡ ᠦᠵᠡᠭᠦᠯᠬᠦ ᠣᠷᠣᠨ ᠢ ᠰᠠᠶᠢᠲᠤᠷ ᠪᠦᠲᠦᠭᠡᠨ ᠪᠠᠶᠢᠭᠤᠯᠵᠤ ᠂ ᠳᠡᠯᠡᠬᠡᠢ ᠶᠢᠨ ᠲᠠᠰ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠥᠨᠳᠦᠷᠯᠢᠭ ᠢ ᠴᠣᠭᠴᠠᠯᠠᠬᠤ ᠬᠡᠷᠡᠭᠲᠡᠢ ᠃ ᠤᠯᠠᠭᠠᠨᠴᠠᠪ ᠪᠣᠬᠢᠷᠳᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠲᠡᠮᠦᠷ ᠤᠨ ᠬᠠᠶᠢᠯᠤᠰᠢ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠬᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠵᠤ ᠂ ᠬᠢᠯᠢ ᠬᠢᠵᠠᠭᠠᠷ ᠪᠠ ᠳᠣᠲᠣᠷ ᠭᠠᠵᠠᠷ ᠬᠤᠯᠪᠤᠭᠠᠯᠠᠨ ᠬᠥᠳᠡᠯᠦᠯᠴᠡᠬᠦ ᠬᠦᠢᠰᠦ ᠪᠣᠯᠬᠤ ᠠᠵᠤ ᠠᠬᠤᠢ ᠶᠢ ᠢᠳᠡᠪᠬᠢᠲᠡᠢ ᠬᠥᠭᠵᠢᠭᠦᠯᠬᠦ ᠬᠡᠷᠡᠭᠲᠡᠢ ᠃ ᠤᠯᠠᠭᠠᠨᠬᠠᠳᠠ ᠂ ᠲᠦᠩᠯᠢᠶᠣᠣ ᠤᠯᠤᠰ ᠤᠨ ᠠᠵᠤ ᠦᠢᠯᠡᠰ ᠤᠨ ᠰᠢᠯᠵᠢᠯᠲᠡ ᠶᠢᠨ ᠳᠠᠭᠠᠭᠠᠨ ᠠᠪᠴᠤ ᠵᠠᠯᠭᠠᠭᠤᠯᠬᠤ ᠶᠢᠨ ᠵᠢᠱᠢᠶ᠎ᠡ ᠦᠵᠡᠭᠦᠯᠬᠦ ᠣᠷᠣᠨ ᠪᠣᠯᠤᠭᠰᠠᠨ ᠤ ᠬᠤᠪᠢ ᠳᠤ ᠂ ᠠᠵᠠ ᠲᠣᠬᠢᠶᠠᠯ ᠢᠶᠠᠨ ᠨᠠᠨᠳᠢᠩᠨᠠᠨ ᠂ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ ᠂ ᠳᠠᠪᠠᠭᠤᠯᠢᠭ ᠣᠨᠴᠠᠯᠢᠭᠲᠤ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠦᠨ ᠬᠤᠳᠠᠯᠳᠤᠭᠠᠴᠢᠨ ᠤᠷᠢᠵᠤ ᠪᠡᠯᠡ ᠣᠷᠤᠭᠤᠯᠬᠤ ᠡᠷᠴᠢᠮ ᠢᠶᠠᠨ ᠴᠢᠩᠭᠠᠷᠠᠭᠤᠯᠵᠤ ᠂ ᠪᠣᠬᠢᠷᠳᠤᠯ ᠦᠭᠡᠢ ᠤᠰᠤᠳᠦ᠋ᠷᠦᠭᠴᠢ ᠂ ᠪᠣᠬᠢᠷᠳᠤᠯ ᠦᠭᠡᠢ ᠠᠮᠢᠨᠤ᠋ ᠂ ᠪᠣᠬᠢᠷᠳᠤᠯ ᠦᠭᠡᠢ ᠠᠯᠺᠤᠤᠯ ᠵᠡᠷᠭᠡ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠬᠤ ᠳᠤ ᠬᠦᠴᠦᠯᠡᠨ ᠂ ︽ᠬᠤᠶᠠᠷ ᠬᠥᠪᠡᠭᠦᠨ ᠣᠳᠣ ︾ ᠶᠢᠨ ᠦᠳᠲᠡᠷ ᠲᠦᠷᠭᠡᠨ ᠬᠥᠭᠵᠢᠯᠲᠡ ᠪᠠᠷ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ ᠪᠦᠬᠦ ᠲᠠᠯ᠎ᠠ ᠶᠢᠨ ᠬᠥᠭᠵᠢᠯᠲᠡ ᠮᠠᠨᠳᠤᠯᠲᠠ ᠳᠤ ᠬᠤᠷᠳᠤ ᠨᠡᠮᠡᠬᠦ ᠶᠢ ᠳᠠᠶᠢᠴᠢᠯᠠᠬᠤ ᠬᠡᠷᠡᠭᠲᠡᠢ ᠃ ᠤᠯᠠᠭᠠᠨᠬᠠᠳᠠ ︽ᠥᠩᠭᠡᠲᠦ ᠲᠡᠮᠦᠷᠯᠢᠭ ᠤᠨ ᠨᠤᠲᠤᠭ ︾ ᠤᠨ ᠨᠡᠷ᠎ᠡ ᠨᠢᠳᠡᠷ ᠲᠤ ᠪᠠᠨ ᠦᠨᠡᠨ ᠬᠦ ᠲᠡᠩᠴᠡᠬᠦ ᠪᠠᠷ ᠴᠢᠷᠮᠠᠶᠢᠬᠤ ᠬᠡᠷᠡᠭᠲᠡᠢ ᠂ ᠪᠣᠬᠢᠷᠳᠤᠯ ᠦᠭᠡᠢ ᠯᠢᠲ᠋ᠢ ᠶᠢᠨ ᠰᠠᠭᠤᠷᠢ ᠬᠥᠩᠭᠡᠨᠴᠠᠭᠠᠨ ᠤ ᠰᠠᠭᠤᠷᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠶᠡᠭᠡ ᠪᠠᠷ ᠬᠥᠭᠵᠢᠭᠦᠯᠬᠦ ᠬᠡᠷᠡᠭᠲᠡᠢ ᠃ ᠲᠦᠩᠯᠢᠶᠣᠣ ᠵᠡᠭᠦᠨ ᠬᠤᠶᠢᠲᠤ ᠭᠠᠵᠠᠷ ᠣᠷᠣᠨ ᠤ ᠬᠠᠮᠤᠭ ᠤᠨ ᠲᠣᠮᠣ ᠡᠬᠡ ᠬᠠᠭᠤᠷᠠᠢ ᠶᠢᠨ ᠰᠠᠯᠬᠢᠨ ᠬᠦᠴᠦᠨ ᠤ ᠴᠠᠬᠢᠯᠭᠠᠨ ᠤ ᠲᠤᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠰᠠᠭᠤᠷᠢᠨ ᠢ ᠲᠦᠷᠭᠡᠳᠬᠡᠨ ᠪᠦᠲᠦᠭᠡᠨ ᠪᠠᠶᠢᠭᠤᠯᠬᠤ ᠬᠡᠷᠡᠭᠲᠡᠢ ᠃   ︵ᠶᠢᠰᠦ ︶ ᠠᠷᠠᠳ ᠤᠨ ᠠᠮᠢᠳᠤᠷᠠᠯ ᠤᠨ ᠶᠠᠪᠤᠳᠠᠯ ᠪᠣᠯ ᠬᠡᠵᠢᠶᠡᠳᠡ ᠴᠢᠬᠤᠯᠠ ᠶᠠᠪᠤᠳᠠᠯ ᠪᠠᠶᠢᠵᠤ ᠂ ᠡᠷᠬᠡᠪᠰᠢ ᠪᠣᠳᠠᠲᠠᠢ ᠭᠦᠢᠴᠡᠳᠬᠡᠵᠦ ᠰᠠᠶᠢᠲᠤᠷ ᠭᠦᠢᠴᠡᠳᠬᠡᠬᠦ ᠬᠡᠷᠡᠭᠲᠡᠢ ᠃ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠦᠨᠳᠦᠰᠦᠨ ᠪᠠᠷᠢᠮᠵᠢᠶ᠎ᠠ ᠶᠢ ᠪᠦᠬᠦ ᠤᠯᠤᠰ ᠤᠨ ᠳᠤᠮᠳᠠᠴᠢ ᠲᠦᠪᠰᠢᠨ ᠳᠤ ᠬᠦᠷᠦᠭᠦᠯᠬᠦ ᠪᠤᠶᠤ ᠳᠠᠪᠠᠭᠤᠯᠬᠤ ᠶᠢ ᠠᠬᠢᠭᠤᠯᠬᠤ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠭᠰᠠᠨ ᠠᠷᠠᠳ ᠤᠨ ᠠᠮᠢᠳᠤᠷᠠᠯ ᠤᠨ ᠠᠵᠢᠯ ᠤᠨ ᠬᠠᠲᠠᠭᠤ ᠡᠭᠦᠷᠭᠡ ᠪᠣᠯᠣᠨ᠎ᠠ ᠂ ᠪᠣᠢ ᠪᠦᠬᠦᠢ ᠪᠠᠲᠤᠯᠠᠭ᠎ᠠ ᠶᠢᠨ ᠪᠠᠷᠢᠮᠵᠢᠶ᠎ᠠ ᠶᠢ ᠪᠦᠬᠦ ᠲᠠᠯ᠎ᠠ ᠪᠠᠷ ᠡᠮᠬᠢᠯᠡᠵᠦ ᠂ ᠤᠯᠤᠰ ᠤᠨ ᠲᠣᠭᠲᠠᠭᠠᠭᠰᠠᠨ ᠪᠠᠷᠢᠮᠵᠢᠶ᠎ᠠ ᠠᠴᠠ ᠳᠣᠣᠷ᠎ᠠ ᠪᠠᠶᠢᠭ᠎ᠠ ᠶᠢ ᠨᠢ ᠳᠡᠭᠡᠭᠰᠢᠯᠡᠭᠦᠯᠵᠦ ᠂ ᠤᠯᠤᠰ ᠤᠨ ᠲᠣᠭᠲᠠᠭᠠᠭᠰᠠᠨ ᠪᠠᠷᠢᠮᠵᠢᠶ᠎ᠠ ᠠᠴᠠ ᠳᠣᠣᠷ᠎ᠠ ᠪᠢᠰᠢ ᠳᠤ ᠨᠢ ᠲᠣᠭᠲᠠᠭᠤᠨ ᠢᠶᠠᠷ ᠠᠶᠠᠨᠳᠠᠭᠠᠨ ᠨᠡᠮᠡᠭᠳᠡᠬᠦ ᠲᠣᠭᠲᠠᠴᠠ ᠶᠢ ᠪᠠᠶᠢᠭᠤᠯᠬᠤ ᠬᠡᠷᠡᠭᠲᠡᠢ ᠃ ᠡᠨᠡ ᠵᠢᠯ ᠪᠢᠳᠡ ᠦᠷᠭᠦᠯᠵᠢᠯᠡᠨ ᠠᠷᠠᠳ ᠤᠨ ᠠᠮᠢᠳᠤᠷᠠᠯ ᠤᠨ 33 ᠪᠣᠳᠠᠲᠤ ᠶᠠᠪᠤᠳᠠᠯ ᠢ ᠳᠤᠷᠠᠳᠴᠤ ᠂ ᠡᠷᠬᠡᠪᠰᠢ ᠨᠢᠭᠡ ᠶᠢ ᠬᠢᠪᠡᠯ ᠨᠢᠭᠡ ᠶᠢ ᠪᠦᠲᠦᠭᠡᠵᠦ ᠂ ᠣᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠶᠢ ᠦᠨᠡᠨ ᠪᠣᠳᠠᠲᠠᠢ ᠰᠢᠢᠳᠪᠦᠷᠢᠯᠡᠬᠦ ᠬᠡᠷᠡᠭᠲᠡᠢ ᠃   ᠳᠤᠯᠠᠭᠠᠯᠠᠭ᠎ᠠ ᠶᠢᠨ ᠢᠨᠵᠧᠨᠧᠷᠢᠩ ᠨᠢ ᠠᠷᠠᠳ ᠤᠨ ᠠᠮᠢᠳᠤᠷᠠᠯ ᠤᠨ ᠢᠨᠵᠧᠨᠧᠷᠢᠩ ᠪᠥᠭᠡᠳ ᠪᠠᠰᠠ ᠬᠥᠭᠵᠢᠯᠲᠡ ᠶᠢᠨ ᠢᠨᠵᠧᠨᠧᠷᠢᠩ ᠪᠣᠯᠣᠨ᠎ᠠ ᠃ ᠬᠤᠲᠠ ᠶᠢᠨ ᠰᠢᠨᠡᠳᠬᠡᠯ ᠤᠨ ᠠᠵᠢᠯᠯᠠᠭᠠᠨ ᠲᠠᠢ ᠤᠶᠠᠯᠳᠤᠭᠤᠯᠤᠨ ᠂ ᠬᠤᠭᠤᠯᠠᠢ ᠭᠤᠤᠷᠰᠤ ᠶᠢᠨ ᠲᠣᠣᠷ ᠢ ᠰᠢᠨᠡᠳᠬᠡᠬᠦ ᠂ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ ᠶᠢ ᠨᠢᠭᠡ ᠴᠣᠭᠴᠠ ᠪᠠᠷ ᠠᠬᠢᠭᠤᠯᠤᠨ ᠂ ᠪᠦᠬᠦ ᠵᠢᠯ ᠳᠤ ᠰᠢᠲᠠᠮᠠᠬᠠᠢ ᠬᠡᠢ ᠂ ᠢᠯᠴᠢ ᠬᠠᠩᠭᠠᠬᠤ ᠂ ᠤᠰᠤ ᠬᠠᠩᠭᠠᠵᠤ ᠭᠠᠳᠠᠭᠰᠢᠯᠠᠭᠤᠯᠬᠤ ᠬᠤᠭᠤᠯᠠᠢ ᠭᠤᠤᠷᠰᠤ ᠶᠢᠨ ᠲᠣᠣᠷ ᠢ 1500 ᠺᠢᠯᠣᠮᠧᠲᠷ ᠥᠭᠡᠷᠡᠴᠢᠯᠡᠨ ᠰᠢᠨᠡᠳᠬᠡᠬᠦ ᠪᠠ ᠬᠠᠭᠤᠴᠢᠨ ᠰᠠᠭᠤᠭᠠᠯᠢ ᠲᠣᠭᠤᠷᠢᠭ ᠢ 1185 ᠥᠭᠡᠷᠡᠴᠢᠯᠡᠨ ᠰᠢᠨᠡᠳᠬᠡᠬᠦ ᠶᠢ ᠪᠡᠶᠡᠯᠡᠭᠦᠯᠵᠦ ᠂ ᠬᠤᠲᠠ ᠶᠢᠨ ᠳᠤᠮᠳᠠᠬᠢ ᠲᠤᠰᠬᠤᠨ ᠂ ᠬᠤᠲᠠ ᠶᠢᠨ ᠵᠠᠬ᠎ᠠ ᠶᠢᠨ ᠲᠤᠰᠬᠤᠨ ᠤ ᠲᠦᠯᠡᠰᠢᠨ ᠨᠡᠭᠦᠷᠡᠰᠦ ᠶᠢ ᠲᠠᠷᠠᠬᠠᠢ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠭᠤᠷᠪᠠᠨ ᠵᠢᠯ ᠤᠨ ᠰᠢᠪᠲᠤᠯᠤᠯᠲᠠ ᠶᠢᠨ ᠠᠵᠢᠯᠯᠠᠭᠠᠨ ᠢ ᠡᠬᠢᠯᠡᠭᠦᠯᠵᠦ ᠂ ᠬᠤᠲᠠ ᠶᠢᠨ ᠲᠣᠭᠤᠷᠢᠭ ᠤᠨ ᠲᠥᠪᠯᠡᠷᠡᠭᠦᠯᠦᠨ ᠢᠯᠴᠢ ᠬᠠᠩᠭᠠᠬᠤ ᠶᠢ ᠥᠭᠡᠷᠡᠴᠢᠯᠡᠨ ᠰᠢᠨᠡᠳᠬᠡᠬᠦ ᠶᠢ ᠲᠦᠷᠭᠡᠳᠬᠡᠵᠦ ᠂ ᠣᠯᠠᠨ ᠲᠦᠮᠡᠨ ᠤ ᠬᠠᠯᠠᠭᠤᠨ ᠳᠤᠯᠠᠭᠠᠨ ᠢᠶᠠᠷ ᠡᠪᠦᠯᠵᠢᠬᠦ ᠶᠢ ᠪᠠᠲᠤᠯᠠᠨ᠎ᠠ ᠃   ᠠᠵᠢᠯ ᠣᠯᠭᠤᠯᠲᠠ ᠪᠣᠯ ᠬᠠᠮᠤᠭ ᠤᠨ ᠦᠨᠳᠦᠰᠦᠨ ᠠᠷᠠᠳ ᠤᠨ ᠠᠮᠢᠳᠤᠷᠠᠯ ᠮᠥᠨ ᠃ ᠬᠥᠭᠵᠢᠯᠲᠡ ᠶᠢᠨ ᠳᠤᠮᠳᠠ ᠠᠵᠢᠯ ᠣᠯᠭᠤᠬᠤ ᠠᠰᠠᠭᠤᠳᠠᠯ ᠢ ᠰᠢᠢᠳᠪᠦᠷᠢᠯᠡᠬᠦ ᠶᠢ ᠪᠠᠷᠢᠮᠲᠠᠯᠠᠵᠤ ᠂ ᠠᠵᠤ ᠠᠬᠤᠶᠢᠯᠠᠯ ᠢ ᠲᠤᠰᠠᠯᠠᠵᠤ ᠠᠵᠢᠯ ᠤᠨ ᠪᠠᠶᠢᠷᠢ ᠶᠢ ᠲᠣᠭᠲᠠᠭᠤᠨ ᠪᠠᠶᠢᠯᠭᠠᠬᠤ ᠡᠯ᠎ᠡ ᠵᠦᠢᠯ ᠤᠨ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠬᠢᠨᠠᠮᠠᠭᠠᠢ ᠨᠠᠶᠢᠳᠠᠪᠤᠷᠢᠵᠢᠭᠤᠯᠤᠨ ᠂ ᠭᠤᠣᠯᠳᠠᠯᠭ᠎ᠠ ᠲᠠᠢ ᠬᠥᠮᠥᠰ ᠲᠤ ᠠᠵᠢᠯ ᠣᠯᠭᠤᠬᠤ ᠪᠠᠷ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠵᠤ ᠂ ᠢᠯᠠᠩᠭᠤᠶ᠎ᠠ ᠵᠠᠰᠠᠭ ᠤᠨ ᠣᠷᠳᠣᠨ ᠤ ᠪᠡᠯᠡ ᠣᠷᠣᠭᠤᠯᠤᠭᠰᠠᠨ ᠲᠠᠷᠢᠶᠠᠨ ᠭᠠᠵᠠᠷ ᠤᠨ ᠤᠰᠤᠨ ᠠᠰᠢᠭᠯᠠᠯᠲᠠ ᠂ ᠵᠠᠮ ᠬᠠᠷᠢᠯᠴᠠᠭ᠎ᠠ ᠲᠡᠭᠡᠭᠡᠪᠦᠷᠢ ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠵᠡᠷᠭᠡ ᠴᠢᠬᠤᠯᠠ ᠶᠡᠭᠡ ᠲᠦᠷᠦᠯ ᠵᠦᠢᠯ ᠳᠤ ᠣᠯᠠᠨ ᠲᠦᠮᠡᠨ ᠢ ᠨᠡᠩ ᠣᠯᠠᠨ ᠣᠷᠣᠯᠴᠠᠭᠤᠯᠵᠤ ᠂ ᠣᠷᠣᠯᠭ᠎ᠠ ᠶᠢ ᠨᠢ ᠨᠡᠮᠡᠭᠳᠡᠭᠦᠯᠬᠦ ᠬᠡᠷᠡᠭᠲᠡᠢ ᠃ ᠪᠣᠳᠠᠲᠠᠢ ᠶᠢ ᠤᠯᠠᠮ ᠢᠯᠡᠭᠦᠦ ᠡᠷᠬᠢᠮᠯᠡᠭᠰᠡᠨ ᠲᠥᠷᠥ ᠶᠢᠨ ᠪᠣᠳᠣᠯᠭ᠎ᠠ ᠶᠢ ᠲᠣᠭᠲᠠᠭᠠᠵᠤ ᠂ ᠨᠡᠩ ᠣᠯᠠᠨ ᠣᠶᠤᠲᠠᠳ ᠢ ᠥᠪᠥᠷ ᠮᠣᠩᠭᠤᠯ ᠳᠤ ᠢᠷᠡᠭᠦᠯᠵᠦ ᠂ ᠥᠪᠥᠷ ᠮᠣᠩᠭᠤᠯ ᠳᠤ ᠦᠯᠡᠳᠡᠭᠡᠨ ᠠᠵᠢᠯ ᠣᠯᠭᠤᠵᠤ ᠦᠢᠯᠡᠰ ᠪᠣᠰᠬᠠᠯᠭᠠᠨ᠎ᠠ ᠃ ᠴᠡᠷᠢᠭ ᠤᠨ ᠠᠯᠪᠠ ᠠᠴᠠ ᠬᠠᠯᠠᠭᠳᠠᠭᠰᠠᠳ ᠲᠤ ᠠᠵᠢᠯ ᠣᠯᠭᠤᠬᠤ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠨ᠎ᠠ ᠃ ᠡᠯ᠎ᠡ ᠠᠶᠢᠮᠠᠭ ᠬᠤᠲᠠ ᠶᠢᠨ ᠬᠢᠨ ᠨᠢᠭᠡ ᠪᠦᠯᠦᠭ ᠡᠳᠦᠷ ᠤᠨ ᠬᠦᠴᠦ ᠶᠠᠪᠤᠭᠰᠠᠳ ᠤᠨ ᠵᠠᠬ᠎ᠠ ᠳᠡᠯᠭᠡᠭᠦᠷ ᠂ ᠡᠳᠦᠷ ᠤᠨ ᠬᠦᠴᠦ ᠶᠠᠪᠤᠭᠰᠠᠳ ᠤᠨ ᠥᠷᠲᠡᠭᠡ ᠶᠢ ᠲᠦᠷᠭᠡᠳᠬᠡᠨ ᠪᠠᠶᠢᠭᠤᠯᠵᠤ ᠂ ᠣᠯᠠᠨ ᠲᠦᠮᠡᠨ ᠤ ᠠᠵᠢᠯ ᠣᠯᠬᠤ ᠳᠤ ᠳᠦᠭᠦᠮ ᠦᠵᠡᠭᠦᠯᠬᠦ ᠬᠡᠷᠡᠭᠲᠡᠢ ᠃   ᠰᠤᠷᠭᠠᠨ ᠬᠥᠮᠦᠵᠢᠯ ᠨᠢ ᠦᠢ ᠲᠦᠮᠡᠨ ᠠᠶᠢᠯ ᠡᠷᠦᠬᠡ ᠳᠤ ᠬᠤᠯᠪᠣᠭᠳᠠᠨ᠎ᠠ ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠨᠢ ᠲᠦᠭᠡᠮᠡᠯ ᠬᠠᠷᠠᠭᠠᠯᠵᠠᠯᠲᠤ ᠬᠥᠭᠵᠢᠯᠲᠡ ᠶᠢ ᠳᠣᠪᠦ᠋ᠢᠯᠭᠠᠵᠤ ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷᠵᠢᠭᠤᠨ ᠪᠥᠭᠡᠳ ᠲᠡᠩᠴᠡᠭᠦᠷᠢᠲᠡᠢ ᠬᠥᠭᠵᠢᠭᠦᠯᠵᠦ ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ ᠣᠯᠠᠨ ᠶᠠᠩᠵᠤᠴᠢᠯᠠᠨ ᠂ ᠣᠨᠴᠠᠯᠢᠬᠵᠢᠭᠤᠯᠤᠨ ᠬᠥᠭᠵᠢᠭᠦᠯᠵᠦ ᠂ 126 ᠬᠡᠦᠬᠡᠳ ᠤᠨ ᠴᠡᠴᠡᠷᠯᠢᠭ ᠂ 578 ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠥᠬᠦᠴᠡᠯ ᠢ ᠥᠭᠡᠷᠡᠴᠢᠯᠡᠨ ᠰᠠᠶᠢᠵᠢᠷᠠᠭᠤᠯᠵᠤ ᠂ ᠰᠢᠶᠠᠩ ᠪᠠᠯᠭᠠᠰᠤ ᠪᠦᠷᠢ ᠠᠳᠠᠭ ᠲᠤ ᠪᠠᠨ ᠨᠢᠭᠡ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢ ᠰᠠᠶᠢᠲᠤᠷ ᠡᠷᠬᠢᠯᠡᠵᠦ ᠂ ᠬᠤᠰᠢᠭᠤ ᠰᠢᠶᠠᠨ ᠪᠦᠷᠢ ᠠᠳᠠᠭ ᠲᠤ ᠪᠠᠨ ᠨᠢᠭᠡ ᠴᠢᠨᠠᠷᠯᠢᠭ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ ᠰᠠᠶᠢᠲᠤᠷ ᠡᠷᠬᠢᠯᠡᠬᠦ ᠬᠡᠷᠡᠭᠲᠡᠢ ᠃ ᠶᠡᠭᠡ ᠳᠡᠭᠡᠳᠦ ᠰᠤᠷᠭᠠᠭᠤᠯᠢ ᠡᠷᠡᠯᠬᠡᠭ ᠵᠣᠷᠢᠭ ᠠᠤᠭ᠎ᠠ ᠬᠦᠰᠡᠯ ᠢ ᠡᠪᠦᠷᠯᠡᠨ ᠂ ᠲᠡᠷᠢᠭᠦᠨ ᠳᠡᠰ ᠤᠨ ᠪᠠᠷᠢᠮᠵᠢᠶ᠎ᠠ ᠪᠠᠷ ᠬᠠᠷᠠᠯᠲᠠ ᠪᠠᠨ ᠪᠣᠯᠭᠠᠵᠤ ᠂ ᠲᠡᠷᠢᠭᠦᠨ ᠳᠡᠰ ᠤᠨ ᠲᠤᠰᠬᠠᠢ ᠮᠡᠷᠭᠡᠵᠢᠯ ᠂ ᠲᠡᠷᠢᠭᠦᠨ ᠳᠡᠰ ᠤᠨ ᠬᠢᠴᠢᠶᠡᠯ ᠰᠢᠨᠵᠢᠯᠡᠭᠡᠨ ᠤ ᠰᠠᠯᠠᠭ᠎ᠠ ᠶᠢ ᠴᠣᠭᠴᠠᠯᠠᠨ ᠂ ᠬᠤᠪᠣᠷ ᠰᠢᠷᠣᠢ ᠂ ᠰᠦ ᠰᠠᠭᠠᠯᠢ ᠶᠢᠨ ᠦᠢᠯᠡᠰ ᠂ ᠡᠨᠧᠷᠬᠢ ᠂ ᠲᠡᠷᠢᠭᠦᠨ ᠤ ᠦᠢᠯᠡᠳᠬᠦ ᠠᠵᠢᠯ ᠤᠨ ᠲᠣᠭᠤᠷᠢᠨ ᠳᠤ ᠰᠤᠷᠭᠠᠨ ᠬᠥᠮᠦᠵᠢᠯ ᠤᠨ ᠶᠠᠮᠤᠨ ᠯᠤᠭ᠎ᠠ ᠳᠡᠭᠡᠳᠦ ᠵᠡᠷᠭᠡ ᠶᠢᠨ ᠰᠤᠳᠤᠯᠭᠠᠨ ᠤ ᠬᠦᠷᠢᠶᠡᠯᠡᠩ ᠢ ᠬᠠᠮᠲᠤ ᠪᠠᠷ ᠪᠠᠶᠢᠭᠤᠯᠵᠤ ᠂ ᠠᠮᠢᠳᠤ ᠪᠣᠳᠠᠰ ᠂ ᠠᠮᠢ ᠠᠬᠤᠢ ᠂ ᠡᠪᠡᠰᠦᠨ ᠤ ᠤᠬᠠᠭᠠᠨ ᠂ ᠲᠡᠮᠦᠷᠯᠢᠭ ᠬᠠᠶᠢᠯᠤᠭᠤᠯᠬᠤ ᠰᠢᠨ᠎ᠡ ᠮᠠᠲ᠋ᠧᠷᠢᠶᠠᠯ ᠵᠡᠷᠭᠡ ᠳᠠᠪᠠᠭᠤᠯᠢᠭ ᠣᠨᠴᠠᠯᠢᠭᠲᠤ ᠬᠢᠴᠢᠶᠡᠯ ᠰᠢᠨᠵᠢᠯᠡᠭᠡᠨ ᠤ ᠰᠠᠯᠠᠭ᠎ᠠ ᠶᠢ ᠰᠠᠶᠢᠲᠤᠷ ᠪᠠᠶᠢᠭᠤᠯᠵᠤ ᠂ ᠣᠳᠣ ᠦᠶ᠎ᠡ ᠶᠢᠨ ᠠᠵᠤ ᠦᠢᠯᠡᠰ ᠤᠨ ᠳᠡᠭᠡᠳᠦ ᠰᠤᠷᠭᠠᠭᠤᠯᠢ ᠶᠢ 23 ᠂ ᠲᠤᠰᠬᠠᠢ ᠮᠡᠷᠭᠡᠵᠢᠯ ᠤᠨ ᠣᠨᠴᠠᠯᠢᠭᠲᠤ ᠳᠡᠭᠡᠳᠦ ᠰᠤᠷᠭᠠᠭᠤᠯᠢ ᠶᠢ 6 ᠂ ᠢᠷᠡᠭᠡᠳᠦᠢ ᠶᠢᠨ ᠮᠡᠷᠭᠡᠵᠢᠯ ᠤᠨ ᠳᠡᠭᠡᠳᠦ ᠰᠤᠷᠭᠠᠭᠤᠯᠢ ᠶᠢ 2 ᠰᠠᠶᠢᠲᠤᠷ ᠴᠣᠭᠴᠠᠯᠠᠨ ᠂ ᠪᠦᠬᠦ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠲᠤᠰᠬᠠᠢ ᠮᠡᠷᠭᠡᠵᠢᠯ ᠤᠨ ᠤᠷ᠎ᠠ ᠮᠡᠷᠭᠡᠰᠢᠯ ᠲᠠᠢ ᠴᠢᠳᠠᠪᠤᠷᠢᠲᠠᠨ ᠢ ᠨᠡᠩ ᠣᠯᠠᠨ ᠴᠢᠷᠮᠠᠶᠢᠨ ᠬᠥᠮᠥᠵᠢᠭᠦᠯᠬᠦ ᠬᠡᠷᠡᠭᠲᠡᠢ ᠃ ᠥᠪᠥᠷ ᠮᠣᠩᠭᠤᠯ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠢ ᠲᠦᠷᠭᠡᠳᠬᠡᠨ ᠪᠠᠶᠢᠭᠤᠯᠵᠤ ᠂ ᠬᠥᠯᠥᠨ ᠪᠦᠢᠷ ᠤᠨ ᠮᠥᠰᠥ ᠴᠠᠰᠤᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠬᠥᠭᠵᠢᠭᠦᠯᠬᠦ ᠶᠢ ᠨᠢ ᠳᠡᠮᠵᠢᠵᠦ ᠂ ᠪᠦᠬᠦ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ︽ᠤᠷᠠᠨ ᠳᠠᠷᠬᠠᠨ ᠤ ᠠᠩᠭᠢ ︾ ᠂ ︽ᠵᠠᠬᠢᠶᠠᠯᠠᠭ᠎ᠠ ᠶᠢᠨ ᠮᠠᠶ᠋ᠢᠭ ᠤᠨ ᠠᠩᠭᠢ ︾ ᠳᠤ ᠬᠥᠮᠥᠵᠢᠭᠦᠯᠵᠦ ᠪᠠᠶᠢᠭ᠎ᠠ ᠰᠤᠷᠤᠭᠴᠢ ᠶᠢ 3 ᠲᠦᠮᠡ ᠠᠴᠠ ᠳᠡᠭᠡᠭᠰᠢ ᠳᠤ ᠬᠦᠷᠭᠡᠵᠦ ᠂ ᠦᠢᠯᠡᠳᠪᠦᠷᠢᠯᠡᠬᠦ ᠵᠢᠭᠠᠨ ᠰᠤᠷᠭᠠᠬᠤ ᠶᠢ ᠠᠭᠤᠰᠤᠯᠴᠠᠭᠤᠯᠤᠭᠰᠠᠨ ᠬᠡᠯᠪᠡᠷᠢ ᠶᠢᠨ ᠠᠵᠤ ᠠᠬᠤᠶᠢᠯᠠᠯ ᠢ 50 ᠪᠣᠶᠢᠵᠢᠭᠤᠯᠤᠨ᠎ᠠ ᠃ ᠶᠡᠭᠡ ᠰᠤᠷᠭᠠᠭᠤᠯᠢ ᠳᠤᠮᠳᠠᠳᠤ ᠰᠤᠷᠭᠠᠭᠤᠯᠢ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠰᠤᠷᠭᠠᠨ ᠬᠥᠮᠦᠵᠢᠯ ᠢ ᠨᠢᠭᠡ ᠴᠣᠭᠴᠠᠵᠢᠭᠤᠯᠬᠤ ᠶᠢ ᠦᠷᠭᠦᠯᠵᠢᠯᠡᠨ ᠠᠬᠢᠭᠤᠯᠵᠤ ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠂ ᠬᠥᠯ ᠪᠥᠮᠪᠦᠭᠡ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠵᠡᠷᠭᠡ ᠠᠵᠢᠯᠯᠠᠭ᠎ᠠ ᠶᠢ ᠭᠦᠨᠵᠡᠭᠡᠢ ᠥᠷᠨᠢᠭᠦᠯᠵᠦ ᠂ ᠰᠤᠷᠤᠭᠴᠢᠳ ᠤᠨ ᠮᠣᠷᠠᠯ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠬᠦᠳᠡᠯᠮᠦᠷᠢ ᠪᠦᠬᠦ ᠲᠠᠯ᠎ᠠ ᠪᠠᠷ ᠬᠥᠭᠵᠢᠬᠦ ᠶᠢ ᠠᠬᠢᠭᠤᠯᠤᠨ᠎ᠠ ᠃ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠳᠤ ᠰᠠᠶᠢᠨ ᠵᠠᠬᠢᠷᠤᠯ ᠂ ᠰᠠᠶᠢᠨ ᠪᠠᠭᠰᠢ ᠪᠣᠯ ᠵᠠᠩᠭᠢᠯᠠᠭ᠎ᠠ ᠶᠤᠮ ᠂ ᠨᠡᠷᠡᠲᠦ ᠪᠠᠭᠰᠢ ᠨᠡᠷᠡᠲᠦ ᠵᠠᠬᠢᠷᠤᠯ ᠢ ᠬᠥᠮᠥᠵᠢᠭᠦᠯᠬᠦ ᠢᠨᠵᠧᠨᠧᠷᠢᠩ ᠢ ᠶᠡᠭᠡ ᠪᠠᠷ ᠬᠡᠷᠡᠭᠵᠢᠭᠦᠯᠵᠦ ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠰᠤᠷᠭᠠᠨ ᠬᠥᠮᠦᠵᠢᠯ ᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ ᠪᠠᠷ ᠠᠵᠠ ᠳᠣᠬᠢᠶᠠᠯ ᠪᠣᠯᠭᠠᠨ ᠂ ᠨᠡᠩ ᠣᠯᠠᠨ ᠪᠡᠭᠡᠵᠢᠩ ᠤᠨ ᠪᠠᠭᠰᠢ ᠶᠢ ᠥᠪᠥᠷ ᠮᠣᠩᠭᠤᠯ ᠳᠤ ᠲᠠᠲᠠᠨ ᠢᠷᠡᠭᠦᠯᠵᠦ ᠂ ᠣᠨᠴᠠᠭᠠᠢ ᠠᠷᠭ᠎ᠠ ᠬᠡᠮᠵᠢᠶ᠎ᠡ ᠠᠪᠴᠤ ᠪᠠᠶᠢᠭᠠᠳ ᠪᠦᠬᠦ ᠤᠯᠤᠰ ᠲᠤ ᠬᠠᠨᠳᠤᠭᠤᠯᠤᠨ ᠨᠡᠩ ᠣᠯᠠᠨ ᠰᠢᠯᠢᠳᠡᠭ ᠪᠠᠭᠰᠢ ᠶᠢ ᠣᠷᠣᠭᠤᠯᠤᠨ ᠠᠪᠴᠢᠷᠠᠵᠤ ᠂ ᠥᠪᠥᠷ ᠮᠣᠩᠭᠤᠯ ᠤᠨ ᠢᠶᠠᠨ ᠬᠡᠦᠬᠡᠳ ᠤᠳ ᠲᠤ ᠪᠠᠨ ᠨᠡᠩ ᠰᠠᠶᠢᠨ ᠰᠤᠷᠭᠠᠨ ᠬᠥᠮᠦᠵᠢᠯ ᠬᠦᠷᠲᠡᠭᠡᠬᠦ ᠬᠡᠷᠡᠭᠲᠡᠢ ᠃   ᠨᠡᠩ ᠥᠨᠳᠥᠷ ᠲᠦᠪᠰᠢᠨ ᠪᠦᠬᠦᠢ ᠡᠮᠴᠢᠯᠡᠭᠡᠨ ᠤ ᠦᠢᠯᠡᠴᠢᠯᠡᠭᠡ ᠬᠦᠷᠲᠡᠬᠦ ᠨᠢ ᠣᠯᠠᠨ ᠲᠦᠮᠡᠨ ᠤ ᠴᠢᠩ ᠰᠡᠳᠬᠢᠯ ᠤᠨ ᠬᠦᠰᠡᠯ ᠡᠷᠡᠮᠡᠯᠵᠡᠯ ᠪᠣᠯᠣᠨ᠎ᠠ ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠪᠠ ᠴᠢᠨᠠᠷ ᠰᠠᠶᠢᠲᠠᠢ ᠬᠥᠭᠵᠢᠯᠲᠡ ᠶᠢ ᠥᠷᠭᠦᠯᠵᠢᠯᠡᠨ ᠭᠦᠨᠵᠡᠭᠡᠶᠢᠷᠡᠭᠦᠯᠵᠦ ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠡᠮᠴᠢᠯᠡᠭᠡ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ ᠶᠢ ᠭᠦᠨᠵᠡᠭᠡᠶᠢᠷᠡᠭᠦᠯᠦᠨ ᠬᠡᠷᠡᠭᠵᠢᠭᠦᠯᠵᠦ ᠂ ᠥᠪᠥᠷ ᠮᠣᠩᠭᠤᠯ ᠯᠢᠶᠣᠤᠨᠢᠩ ᠂ ᠥᠪᠥᠷ ᠮᠣᠩᠭᠤᠯ ᠱᠠᠩᠬᠠᠢ ᠶᠢᠨ ᠡᠮᠴᠢᠯᠡᠭᠡᠨ ᠤ ᠬᠠᠮᠲᠤᠷᠠᠯᠴᠠᠭ᠎ᠠ ᠶᠢ ᠥᠷᠭᠡᠳᠬᠡᠵᠦ ᠂ ᠤᠯᠤᠰ ᠤᠨ ᠣᠷᠣᠨ ᠪᠦᠰᠡ ᠶᠢᠨ ᠡᠮᠴᠢᠯᠡᠭᠡᠨ ᠤ ᠲᠥᠪ ᠢ 4 ᠂ ᠥᠪᠡᠷᠲᠡᠭᠡᠨ ᠵᠠᠰᠠᠬᠤ ᠣᠷᠣᠨ ᠤ ᠳᠡᠰ ᠤᠨ ᠲᠤᠰᠬᠠᠢ ᠰᠠᠯᠠᠭᠠᠨ ᠤ ᠣᠷᠣᠨ ᠪᠦᠰᠡ ᠶᠢᠨ ᠡᠮᠴᠢᠯᠡᠭᠡᠨ ᠤ ᠲᠥᠪ ᠢ 20 ᠰᠠᠶᠢᠲᠤᠷ ᠪᠠᠶᠢᠭᠤᠯᠵᠤ ᠂ ᠪᠤᠭᠤᠲᠤ ᠤᠯᠠᠭᠠᠨᠬᠠᠳᠠ ᠦᠬᠠᠢ ᠭᠤᠷᠪᠠ ᠶᠢᠨ ᠤᠯᠤᠰ ᠤᠨ ᠳᠡᠰ ᠤᠨ ᠨᠢᠭᠲᠠ ᠬᠡᠯᠪᠡᠷᠢ ᠪᠦᠬᠦᠢ ᠬᠤᠲᠠ ᠶᠢᠨ ᠡᠮᠴᠢᠯᠡᠭᠡᠨ ᠤ ᠪᠦᠯᠦᠭᠯᠡᠯ ᠤᠨ ᠲᠤᠷᠰᠢᠯᠲᠠ ᠶᠢᠨ ᠴᠡᠭ ᠢ ᠲᠦᠷᠭᠡᠳᠬᠡᠨ ᠪᠠᠶᠢᠭᠤᠯᠵᠤ ᠂ ᠣᠯᠠᠨ ᠳᠡᠰ ᠳᠠᠪᠬᠤᠷᠭᠠᠲᠤ ᠡᠮᠴᠢᠯᠡᠭᠡᠨ ᠤ ᠬᠤᠯᠪᠣᠭᠠᠲᠤ ᠴᠣᠭᠴᠠ ᠪᠠ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ ᠃ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠤᠨ ᠪᠠᠭᠲᠠᠭᠠᠮᠵᠢ ᠶᠢ ᠨᠢ ᠥᠷᠭᠡᠳᠬᠡᠬᠦ ᠶᠢ ᠠᠬᠢᠭᠤᠯᠤᠨ ᠂ ᠬᠢᠲᠠᠳ ︵ᠮᠣᠩᠭᠤᠯ ︶ ᠡᠮᠨᠡᠯᠭᠡ ᠶᠢᠨ ᠡᠮᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ ᠂ ᠰᠤᠪᠢᠯᠠᠬᠤ ᠦᠢᠯᠡᠴᠢᠯᠡᠭᠡᠨ ᠤ ᠬᠠᠩᠭᠠᠯᠭ᠎ᠠ ᠶᠢ ᠤᠯᠠᠮ ᠨᠢᠭᠡ ᠠᠯᠬᠤᠮ ᠨᠡᠮᠡᠭᠳᠡᠭᠦᠯᠦᠨ ᠂ ᠡᠯ᠎ᠡ ᠭᠠᠵᠠᠷ ᠤᠨ ᠣᠨᠴᠠ ᠬᠡᠷᠡᠭᠴᠡᠭᠡᠨ ᠤ ᠡᠭᠦᠳᠡᠨ ᠡᠮᠨᠡᠯᠭᠡ ᠂ ᠣᠨᠴᠠ ᠬᠡᠷᠡᠭᠴᠡᠭᠡᠨ ᠤ ᠡᠪᠡᠳᠴᠢᠲᠡᠨ ᠤ ᠥᠷᠥᠭᠡ ᠶᠢ ᠨᠡᠭᠡᠭᠡᠨ ᠲᠣᠬᠢᠷᠠᠭᠤᠯᠬᠤ ᠶᠢ ᠳᠡᠮᠵᠢᠵᠦ ᠂ ᠰᠠᠶᠢᠨ ᠡᠮᠨᠡᠯᠭᠡ ᠶᠢᠨ ᠬᠤᠷᠢᠶᠠᠨ ᠳᠠᠷᠤᠭ᠎ᠠ ᠶᠢ ᠰᠣᠩᠭᠤᠨ ᠲᠣᠮᠢᠯᠠᠵᠤ ᠂ ᠰᠢᠯᠢᠳᠡᠭ ᠡᠮᠴᠢ ᠶᠢ ᠬᠥᠮᠥᠵᠢᠭᠦᠯᠵᠦ ᠂ ᠣᠯᠠᠨ ᠲᠦᠮᠡᠨ ᠳᠤ ᠭᠡᠷ ᠤᠨ ᠬᠠᠶᠠᠭᠠᠨ ᠳᠤ ᠨᠢ ᠴᠢᠨᠠᠷ ᠰᠠᠶᠢᠲᠠᠢ ᠡᠮᠴᠢᠯᠡᠭᠡᠨ ᠤ ᠦᠢᠯᠡᠴᠢᠯᠡᠭᠡ ᠶᠢ ᠬᠦᠷᠲᠡᠭᠡᠨ᠎ᠡ ᠃   ︽ᠨᠠᠰᠤᠲᠠᠶᠢᠴᠤᠳ ᠪᠠ ᠨᠢᠯᠬᠠᠰ ︾ ᠲᠤ ᠨᠡᠩ ᠣᠯᠠᠨ ᠬᠠᠶᠢᠷ᠎ᠠ ᠬᠠᠯᠠᠮᠵᠢ ᠬᠦᠷᠲᠡᠭᠡᠨ᠎ᠡ ᠃ ᠭᠡᠷ ᠲᠤ ᠪᠠᠨ ᠠᠰᠠᠷᠠᠭᠤᠯᠬᠤ ᠳᠤ ᠵᠣᠷᠢᠭᠤᠯᠤᠭᠰᠠᠨ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠴᠢᠨᠠᠷ ᠢ ᠳᠡᠭᠡᠭᠰᠢᠯᠡᠭᠦᠯᠬᠦ ᠂ ᠪᠠᠶᠢᠭᠤᠯᠤᠮᠵᠢ ᠶᠢᠨ ᠨᠠᠰᠤᠵᠢᠯ ᠤᠨ ᠦᠢᠯᠡᠴᠢᠯᠡᠭᠡᠨ ᠤ ᠳᠡᠰ ᠢ ᠳᠡᠪᠰᠢᠭᠦᠯᠬᠦ ᠂ ᠲᠠᠷᠢᠶᠠᠯᠠᠬᠤ ᠮᠠᠯᠵᠢᠬᠤ ᠣᠷᠣᠨ ᠤ ᠨᠠᠰᠤᠵᠢᠯ ᠤᠨ ᠦᠢᠯᠡᠴᠢᠯᠡᠭᠡᠨ ᠤ ᠬᠡᠪᠴᠢᠶ᠎ᠡ ᠶᠢ ᠥᠷᠭᠡᠳᠬᠡᠬᠦ ᠂ ᠨᠠᠰᠤᠵᠢᠯ ᠤᠨ ᠦᠢᠯᠡᠴᠢᠯᠡᠭᠡᠨ ᠤ ᠶᠡᠷᠦᠩᠬᠡᠶᠢᠯᠡᠭᠰᠡᠨ ᠪᠠᠲᠤᠯᠠᠭ᠎ᠠ ᠶᠢᠨ ᠰᠠᠭᠤᠷᠢ ᠶᠢ ᠪᠠᠲᠤᠳᠬᠠᠬᠤ 4 ᠵᠦᠢᠯ ᠤᠨ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ ᠂ ᠰᠤᠮᠤ ᠰᠢᠶᠠᠩ ᠪᠠᠯᠭᠠᠰᠤᠨ ᠤ ᠣᠷᠣᠨ ᠪᠦᠰᠡ ᠶᠢᠨ ᠨᠠᠰᠤᠵᠢᠯ ᠤᠨ ᠦᠢᠯᠡᠴᠢᠯᠡᠭᠡᠨ ᠤ ᠲᠥᠪ ᠢ 170 ᠂ ᠲᠤᠰᠬᠤᠨ ᠤ ᠱᠠᠲᠤᠨ ᠤ ᠨᠠᠰᠤᠵᠢᠯ ᠤᠨ ᠦᠢᠯᠡᠴᠢᠯᠡᠭᠡᠨ ᠤ ᠥᠷᠲᠡᠭᠡ ᠶᠢ 1500 ᠡᠬᠢᠯᠡᠭᠦᠯᠦᠨ ᠪᠠᠶᠢᠭᠤᠯᠵᠤ ᠂ 1.3 ᠲᠦᠮᠡᠨ ᠡᠷᠦᠬᠡ ᠣᠨᠴᠠᠭᠠᠢ ᠬᠦᠴᠢᠷᠳᠡᠯᠲᠡᠢ ᠨᠠᠰᠤᠲᠠᠶᠢᠴᠤᠳ ᠤᠨ ᠭᠡᠷ ᠪᠦᠯᠢ ᠶᠢ ᠥᠲᠡᠭᠦᠰ ᠲᠤ ᠲᠣᠬᠢᠷᠠᠭᠤᠯᠬᠤ ᠪᠠᠷ ᠥᠭᠡᠷᠡᠴᠢᠯᠡᠨ ᠰᠢᠨᠡᠳᠬᠡᠬᠦ ᠶᠢ ᠪᠡᠶᠡᠯᠡᠭᠦᠯᠦᠨ᠎ᠡ ᠃ ᠦᠷᠡᠵᠢᠯ ᠢ ᠳᠡᠮᠵᠢᠬᠦ ᠲᠦᠷᠦ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ ᠂ ᠬᠡᠦᠬᠡᠳ ᠰᠠᠭᠠᠲᠠᠭᠤᠯᠵᠤ ᠠᠰᠠᠷᠠᠬᠤ ᠲᠦᠭᠡᠮᠡᠯ ᠬᠠᠷᠠᠭᠠᠯᠵᠠᠯᠲᠤ ᠦᠢᠯᠡᠴᠢᠯᠡᠭᠡ ᠶᠢᠨ ᠲᠣᠭᠲᠠᠯᠴᠠᠭᠠᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠂ ᠴᠡᠴᠡᠷᠯᠢᠭ ᠤᠨ ᠨᠢᠯᠬ᠎ᠠ ᠨᠢᠷᠠᠢ ᠬᠡᠦᠬᠡᠳ ᠤᠨ ᠣᠷᠣ ᠶᠢ 1.5 ᠲᠦᠮᠡ ᠰᠢᠨ᠎ᠡ ᠪᠠᠷ ᠨᠡᠮᠡᠭᠳᠡᠭᠦᠯᠦᠨ᠎ᠡ ᠃   ᠠᠵᠤ ᠲᠦᠷᠦᠵᠦ ᠠᠮᠢᠳᠤᠷᠠᠬᠤ ᠳᠤ ᠲᠣᠬᠢᠷᠠᠮᠵᠢᠲᠠᠢ ᠡᠶ᠎ᠡ ᠨᠠᠶᠢᠷᠲᠠᠢ ᠭᠤᠶᠣ ᠰᠠᠶᠢᠬᠠᠨ ᠬᠥᠳᠡᠭᠡ ᠲᠤᠰᠬᠤᠨ ᠢ ᠪᠦᠲᠦᠭᠡᠨ ᠪᠠᠶᠢᠭᠤᠯᠤᠨ᠎ᠠ ᠃ ︽ᠮᠢᠩᠭ᠎ᠠ ᠲᠦᠮᠡ ᠶᠢᠨ ᠢᠨᠵᠧᠨᠧᠷᠢᠩ ︾ ᠤᠨ ᠲᠤᠷᠰᠢᠯᠭ᠎ᠠ ᠶᠢ ᠰᠤᠷᠤᠯᠴᠠᠨ ᠬᠡᠷᠡᠭᠵᠢᠭᠦᠯᠵᠦ ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠂ ᠬᠥᠳᠡᠭᠡ ᠲᠤᠰᠬᠤᠨ ᠤ ᠠᠵᠤ ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ ᠂ ᠬᠥᠳᠡᠭᠡ ᠲᠤᠰᠬᠤᠨ ᠤ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠂ ᠬᠥᠳᠡᠭᠡ ᠲᠤᠰᠬᠤᠨ ᠤ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ ᠂ ᠲᠠᠷᠢᠶᠠᠴᠢᠨ ᠮᠠᠯᠴᠢᠳ ᠢ ᠲᠤᠬᠠᠢ ᠶᠢᠨ ᠭᠠᠵᠠᠷ ᠲᠤ ᠨᠢ ᠣᠳᠣ ᠦᠶ᠎ᠡ ᠶᠢᠨ ᠪᠣᠯᠪᠠᠰᠤᠨ ᠠᠮᠢᠳᠤᠷᠠᠯ ᠲᠠᠢ ᠪᠣᠯᠭᠠᠨ᠎ᠠ ᠃ ᠪᠤᠶᠢᠲᠠ ᠪᠥᠭᠯᠡᠭᠦᠦ ᠪᠠᠶᠢᠭ᠎ᠠ 2022 ᠲᠠᠷᠢᠶᠠᠯᠠᠬᠤ ᠮᠠᠯᠵᠢᠬᠤ ᠡᠷᠦᠬᠡ ᠳᠤ ᠴᠠᠬᠢᠯᠭᠠᠨ ᠲᠣᠣᠷ ᠢ ᠨᠢ ᠤᠷᠲᠤᠳᠬᠠᠵᠤ ᠴᠠᠬᠢᠯᠭᠠᠨ ᠨᠡᠪᠲᠡᠷᠡᠭᠦᠯᠬᠦ ᠢᠨᠵᠧᠨᠧᠷᠢᠩ ᠪᠠ ᠪᠤᠶᠢᠲᠠ ᠪᠥᠭᠯᠡᠭᠦᠦ ᠪᠠᠶᠢᠭ᠎ᠠ 2 ᠲᠦᠮᠡᠨ ᠲᠠᠷᠢᠶᠠᠯᠠᠬᠤ ᠮᠠᠯᠵᠢᠬᠤ ᠡᠷᠦᠬᠡ ᠂ ᠬᠢᠯᠢ ᠶᠢᠨ ᠰᠡᠷᠭᠡᠶᠢᠯᠡᠯᠲᠡ ᠶᠢᠨ 40 ᠬᠠᠷᠠᠭᠤᠯ ᠤᠨ ᠭᠠᠵᠠᠷ ᠲᠤ ᠰᠢᠨ᠎ᠡ ᠡᠨᠧᠷᠬᠢ ᠪᠠᠷ ᠴᠠᠬᠢᠯᠭᠠᠨ ᠨᠡᠪᠲᠡᠷᠡᠭᠦᠯᠬᠦ ᠲᠡᠰ ᠳᠡᠪᠰᠢᠭᠦᠯᠬᠦ ᠢᠨᠵᠧᠨᠧᠷᠢᠩ ᠢ ᠪᠡᠶᠡᠯᠡᠭᠦᠯᠵᠦ ᠂ ᠪᠦᠬᠦ ᠣᠷᠣᠨ ᠤ ᠵᠠᠰᠠᠭ ᠵᠠᠬᠢᠷᠭᠠᠨ ᠤ ᠲᠤᠰᠬᠤᠨ ᠳᠤ ᠴᠠᠬᠢᠯᠭᠠᠨ ᠨᠡᠪᠲᠡᠷᠡᠭᠦᠯᠬᠦ ᠶᠢᠨ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ ᠃ ᠬᠥᠮᠥᠨ ᠠᠮᠠ ᠬᠠᠷᠢᠴᠠᠩᠭᠤᠢ ᠲᠥᠪᠯᠡᠷᠡᠭᠰᠡᠨ ᠵᠠᠰᠠᠭ ᠵᠠᠬᠢᠷᠭᠠᠨ ᠤ ᠲᠤᠰᠬᠤᠨ ᠤ ᠠᠮᠢᠳᠤᠷᠠᠯ ᠤᠨ ᠬᠤᠭ ᠨᠣᠪᠰᠢ ᠪᠠ ᠪᠣᠬᠢᠷ ᠤᠰᠤ ᠶᠢ ᠲᠥᠪᠯᠡᠷᠡᠭᠦᠯᠦᠨ ᠰᠢᠢᠳᠪᠦᠷᠢᠯᠡᠬᠦ ᠶᠢ ᠠᠬᠢᠭᠤᠯᠤᠨ ᠂ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠲᠣᠭᠲᠠᠯᠴᠠᠭᠠᠨ ᠤ ᠬᠠᠮᠤᠷᠬᠤ ᠬᠡᠪᠴᠢᠶ᠎ᠡ ᠶᠢ 80% ᠠᠴᠠ ᠳᠠᠪᠠᠭᠤᠯᠵᠤ ᠂ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠪᠡᠯᠡᠳᠬᠡᠮᠵᠢ ᠶᠢ ᠪᠦᠷᠢᠳᠦᠭᠦᠯᠦᠭᠰᠡᠨ ᠪᠠᠶᠢᠭᠤᠯᠤᠮᠵᠢᠲᠤ ᠪᠠᠯᠭᠠᠰᠤ ᠶᠢ 50% ᠠᠴᠠ ᠳᠠᠪᠠᠭᠤᠯᠬᠤ ᠪᠠᠷ ᠴᠢᠷᠮᠠᠶᠢᠨ᠎ᠠ ᠃   ︵ᠠᠷᠪᠠ ︶ ᠡᠬᠡ ᠤᠯᠤᠰ ᠤᠨ ︽ᠤᠮᠠᠷᠠᠲᠤ ᠶᠡᠭᠡ ᠬᠠᠭᠠᠯᠭ᠎ᠠ ︾ ᠶᠢ ᠡᠷᠡᠰ ᠰᠠᠶᠢᠲᠤᠷ ᠰᠠᠬᠢᠵᠤ ᠂ ᠨᠡᠶᠢᠰᠯᠡᠯ ᠤᠨ ︽ᠬᠤᠲᠠ ᠬᠠᠮᠠᠭᠠᠯᠠᠬᠤ ᠭᠤᠣᠯ ︾ ᠪᠣᠯᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠤᠨ᠎ᠠ ᠃ ᠡᠯ᠎ᠡ ᠲᠥᠷᠥᠯ ᠤᠨ ᠲᠦᠭᠰᠢᠭᠦᠷᠢ ᠶᠢᠨ ᠭᠡᠮ ᠰᠣᠭᠤᠭ ᠢ ᠪᠦᠲᠦᠮᠵᠢᠲᠡᠢ ᠰᠡᠷᠭᠡᠶᠢᠯᠡᠨ ᠠᠷᠢᠯᠭᠠᠵᠤ ᠂ ᠥᠨᠳᠥᠷ ᠲᠦᠪᠰᠢᠨ ᠪᠦᠬᠦᠢ ᠤᠮᠠᠷᠠᠲᠤ ᠬᠢᠯᠢ ᠶᠢᠨ ᠠᠮᠤᠷ ᠲᠦᠪᠰᠢᠨ ᠤ ᠲᠣᠭᠲᠠᠯᠴᠠᠭ᠎ᠠ ᠶᠢ ᠪᠦᠬᠦ ᠬᠦᠴᠦᠨ ᠢᠶᠠᠷ ᠢᠶᠠᠨ ᠴᠣᠭᠴᠠᠯᠠᠨ ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠦᠢᠯᠡᠳᠦᠯᠴᠡᠯ ᠢ ᠠᠬᠢᠭᠤᠯᠤᠨ᠎ᠠ ᠃ ᠠᠶᠤᠯ ᠦᠭᠡᠢ ᠦᠢᠯᠡᠳᠪᠦᠷᠢᠯᠡᠯ ᠤᠨ ᠲᠠᠯ᠎ᠠ ᠪᠠᠷ ᠡᠷᠭᠢᠯᠲᠡ ᠭᠠᠷᠭᠠᠬᠤ ᠠᠵᠢᠯᠯᠠᠭ᠎ᠠ ᠶᠢ ᠰᠠᠶᠢᠲᠤᠷ ᠬᠢᠨ᠎ᠡ ᠃ ᠠᠶᠤᠯ ᠦᠭᠡᠢ ᠦᠢᠯᠡᠳᠪᠦᠷᠢᠯᠡᠯ ᠢ ᠦᠨᠳᠦᠰᠦᠨ ᠠᠴᠠ ᠨᠢ ᠵᠠᠰᠠᠬᠤ ᠰᠢᠪᠲᠤᠯᠤᠯᠲᠠ ᠶᠢᠨ ᠭᠤᠷᠪᠠᠨ ᠵᠢᠯ ᠤᠨ ᠠᠵᠢᠯᠯᠠᠭᠠᠨ ᠢ ᠡᠬᠢᠯᠡᠭᠦᠯᠦᠨ ᠬᠡᠷᠡᠭᠵᠢᠭᠦᠯᠵᠦ ᠂ ᠡᠬᠢᠨ ᠠᠴᠠ ᠨᠢ ᠭᠠᠷᠳᠠᠨ ᠠᠵᠢᠯᠯᠠᠵᠤ ᠂ ᠨᠢᠭᠡᠳᠦᠭᠡᠷ ᠹᠷᠣᠨᠲ ᠢ ᠴᠢᠩᠭ᠎ᠠ ᠠᠳᠬᠤᠵᠤ ᠪᠣᠳᠠᠲᠠᠢ ᠠᠳᠬᠤᠨ ᠂ ᠭᠤᠣᠯᠳᠠᠯᠭ᠎ᠠ ᠲᠠᠢ ᠬᠦᠷᠢᠶ᠎ᠡ ᠪᠠ ᠭᠤᠭᠴᠤᠭ᠎ᠠ ᠶᠢ ᠳᠣᠪᠦ᠋ᠢᠯᠭᠠᠵᠤ ᠂ ᠡᠯ᠎ᠡ ᠵᠦᠢᠯ ᠤᠨ ᠳᠦᠷᠢᠮ ᠪᠠ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ ᠂ ᠡᠯ᠎ᠡ ᠲᠥᠷᠥᠯ ᠤᠨ ᠬᠦᠨᠳᠦ ᠶᠡᠭᠡ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠡᠮᠵᠢᠯᠡᠨ ᠰᠡᠷᠭᠡᠶᠢᠯᠡᠨ᠎ᠡ ᠃ ᠠᠶᠤᠯ ᠦᠭᠡᠢ ᠦᠢᠯᠡᠳᠪᠦᠷᠢᠯᠡᠯ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠲᠤᠯᠭᠠᠭᠤᠷᠢᠯᠠᠬᠤ ᠪᠠᠲᠤᠯᠠᠭᠠᠨ ᠤ ᠴᠢᠳᠠᠪᠤᠷᠢ ᠶᠢ ᠳᠡᠭᠡᠭᠰᠢᠯᠡᠭᠦᠯᠦᠨ ᠂ ︽ᠵᠣᠬᠢᠶᠠᠮᠠᠯ ᠤᠶᠤᠨ +︾ ᠠᠵᠢᠯᠯᠠᠭᠠᠨ ᠢ ᠥᠷᠨᠢᠭᠦᠯᠵᠦ ᠂ ᠠᠭᠤᠷᠬᠠᠢ ᠂ ᠠᠶᠤᠯᠲᠠᠢ ᠬᠢᠮᠢ ᠶᠢᠨ ᠪᠣᠳᠠᠰ ᠪᠠ ᠲᠡᠮᠦᠷᠯᠢᠭ ᠬᠠᠶᠢᠯᠤᠭᠤᠯᠬᠤ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠤ ᠮᠧᠬᠠᠨᠢᠭᠵᠢᠯᠲᠠ ᠪᠠᠷ ᠬᠥᠮᠥᠨ ᠢ ᠰᠣᠯᠢᠬᠤ ᠂ ᠠᠦ᠋ᠲ᠋ᠣᠴᠢᠯᠠᠯᠲᠠ ᠪᠠᠷ ᠬᠥᠮᠥᠨ ᠢ ᠴᠥᠭᠡᠳᠬᠡᠬᠦ ᠂ ᠣᠶᠤᠨᠴᠢᠯᠠᠯᠲᠠ ᠪᠠᠷ ᠬᠥᠮᠥᠨ ᠢ ᠣᠷᠣᠯᠠᠭᠤᠯᠬᠤ ᠶᠢ ᠠᠬᠢᠭᠤᠯᠬᠤ ᠡᠷᠴᠢᠮ ᠢᠶᠠᠨ ᠴᠢᠩᠭᠠᠷᠠᠭᠤᠯᠤᠨ᠎ᠠ ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠪᠠ ᠡᠳ᠋ ᠪᠠᠷᠠᠭᠠᠨ ᠤ ᠪᠠᠲᠤᠯᠠᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ ᠂ ᠪᠦᠬᠦ ᠬᠦᠴᠦᠨ ᠵᠦᠢᠯ ᠪᠦᠬᠦ ᠴᠤᠪᠤᠷᠠᠯ ᠳᠤ ᠪᠣᠳᠠᠲᠤ ᠰᠣᠷᠢᠯᠲᠠ ᠶᠢ ᠥᠷᠨᠢᠭᠦᠯᠦᠨ ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠢ ᠡᠰᠡᠷᠭᠦᠴᠡᠬᠦ ᠭᠠᠮᠰᠢᠭ ᠠᠴᠠ ᠠᠪᠤᠷᠠᠬᠤ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠦᠨ᠎ᠡ ᠃   ᠠᠵᠤ ᠠᠬᠤᠢ ᠮᠥᠩᠭᠦᠨ ᠭᠦᠢᠯᠭᠡᠭᠡᠨ ᠤ ᠲᠦᠭᠰᠢᠭᠦᠷᠢ ᠶᠢ ᠬᠦᠴᠦᠯᠡᠨ ᠰᠡᠷᠭᠡᠶᠢᠯᠡᠵᠦ ᠠᠷᠢᠯᠭᠠᠨ᠎ᠠ ᠃ ︽ᠦᠯᠡᠳᠡᠭᠳᠡᠯ ᠢ ᠪᠠᠭᠠᠰᠬᠠᠵᠤ ᠨᠡᠮᠡᠭᠳᠡᠯ ᠢ ᠡᠷᠡᠰ ᠬᠤᠷᠢᠭᠯᠠᠬᠤ ︾ ᠶᠢ ᠪᠠᠷᠢᠮᠲᠠᠯᠠᠨ ᠵᠠᠰᠠᠭ ᠤᠨ ᠣᠷᠳᠣᠨ ᠤ ᠥᠷᠢ ᠥᠭᠴᠡᠭᠡ ᠶᠢ ᠪᠦᠬᠦ ᠬᠦᠴᠦᠨ ᠢᠶᠠᠷ ᠢᠶᠠᠨ ᠠᠷᠢᠯᠭᠠᠵᠤ ᠂ ︽1 + 8 ︾ ᠥᠷᠢ ᠥᠭᠴᠡᠭᠡ ᠶᠢ ᠠᠷᠢᠯᠭᠠᠬᠤ ᠲᠥᠰᠥᠯ ᠢ ᠨᠠᠶᠢᠳᠠᠪᠤᠷᠢᠵᠢᠭᠤᠯᠵᠤ ᠂ ᠨᠢᠭᠡ ᠪᠦᠯᠦᠭ ᠲᠤ ᠨᠢ ᠳᠠᠮ ᠬᠦᠦ ᠮᠥᠩᠭᠦ ᠥᠭᠬᠦ ᠂ ᠨᠢᠭᠡ ᠪᠦᠯᠦᠭ ᠢ ᠨᠢ ᠬᠠᠰᠤᠬᠤ ᠂ ᠨᠢᠭᠡ ᠪᠦᠯᠦᠭ ᠢ ᠨᠢ ᠤᠯᠠᠪᠤᠷ ᠥᠩᠭᠡ ᠶᠢᠨ ᠳᠡᠰ ᠠᠴᠠ ᠭᠠᠷᠭᠠᠬᠤ ᠂ ᠨᠢᠭᠡ ᠪᠦᠯᠦᠭ ᠤᠨ ᠬᠢᠨᠢ ᠬᠦᠴᠢᠷᠳᠡᠯ ᠢ ᠲᠠᠶᠢᠯᠬᠤ ᠠᠷᠭ᠎ᠠ ᠬᠡᠮᠵᠢᠶ᠎ᠡ ᠠᠪᠴᠤ ᠂ ᠦᠨᠳᠦᠰᠦᠨ ᠱᠠᠲᠤᠨ ᠤ ᠥᠷᠢ ᠥᠭᠴᠡᠭᠡ ᠪᠠᠨ ᠠᠷᠢᠯᠭᠠᠬᠤ ᠶᠢ ᠦᠷᠭᠦᠯᠵᠢᠯᠡᠨ ᠳᠡᠮᠵᠢᠨ᠎ᠡ ᠃ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠵᠤ ᠂ 2.5 ᠲᠦᠮᠡᠨ ᠢᠵᠢ ᠠᠰᠠᠷ ᠢ ᠴᠠᠭ ᠲᠤ ᠪᠠᠨ ᠪᠠᠲᠤᠯᠠᠨ ᠲᠤᠰᠢᠶᠠᠬᠤ ᠡᠭᠦᠷᠭᠡ ᠪᠠᠨ ᠪᠦᠬᠦ ᠬᠦᠴᠦᠨ ᠢᠶᠠᠷ ᠢᠶᠠᠨ ᠪᠡᠶᠡᠯᠡᠭᠦᠯᠦᠨ᠎ᠡ ᠃ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠶᠢᠨ ᠪᠤᠴᠠᠭᠠᠯ ᠦᠭᠡᠢ ᠬᠥᠷᠥᠩᠭᠡ ᠶᠢ ᠢᠯᠭᠠᠷᠠᠭᠤᠯᠤᠨ ᠬᠤᠷᠢᠶᠠᠵᠤ ᠰᠢᠢᠳᠪᠦᠷᠢᠯᠡᠬᠦ ᠰᠢᠪᠲᠤᠯᠤᠯᠲᠠ ᠶᠢᠨ ᠳᠠᠶᠢᠯᠠᠯᠳᠤᠭᠠᠨ ᠂ ᠲᠦᠭᠰᠢᠭᠦᠷᠢ ᠶᠡᠬᠡᠲᠡᠢ ᠪᠠᠶᠢᠭᠤᠯᠤᠮᠵᠢ ᠶᠢᠨ ᠰᠥᠨᠥᠭᠡᠯᠲᠡ ᠶᠢᠨ ᠳᠠᠶᠢᠯᠠᠯᠳᠤᠭᠠᠨ ᠂ ᠵᠠᠬ᠎ᠠ ᠶᠢᠨ ᠲᠦᠭᠰᠢᠭᠦᠷᠢ ᠶᠡᠬᠡᠲᠡᠢ ᠪᠠᠶᠢᠭᠤᠯᠤᠮᠵᠢ ᠶᠢᠨ ᠬᠤᠷᠢᠭᠯᠠᠯᠲᠠ ᠶᠢᠨ ᠳᠠᠶᠢᠯᠠᠯᠳᠤᠭᠠᠨ ᠢ ᠭᠦᠨᠵᠡᠭᠡᠢ ᠥᠷᠨᠢᠭᠦᠯᠵᠦ ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ︽ᠥᠷᠭᠡᠰᠦ ᠰᠢᠪᠦᠭᠡ ᠲᠠᠢ ︾ ᠴᠢᠩᠭ᠎ᠠ ᠬᠡᠷᠡᠭᠵᠢᠭᠦᠯᠵᠦ ᠂ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠲᠦᠭᠰᠢᠭᠦᠷᠢ ᠥᠯᠥ ᠡᠭᠦᠰᠬᠡᠬᠦ ᠶᠢ ᠦᠨᠡᠨ ᠬᠦ ᠪᠠᠲᠤᠯᠠᠨ᠎ᠠ ᠃   ᠨᠡᠶᠢᠭᠡᠮ ᠤᠨ ᠵᠠᠰᠠᠯᠲᠠ ᠶᠢ ᠴᠢᠩᠭᠠᠳᠬᠠᠬᠤ ᠪᠠ ᠰᠢᠨ᠎ᠡ ᠶᠢ ᠡᠭᠦᠳᠦᠨ᠎ᠡ ᠃ ᠰᠢᠨ᠎ᠡ ᠴᠠᠭ ᠦᠶ᠎ᠡ ᠶᠢᠨ ︽ᠹᠧᠩ ᠴᠢᠶᠣᠣ ᠶᠢᠨ ᠲᠤᠷᠰᠢᠯᠭ᠎ᠠ ︾ ᠶᠢ ᠪᠠᠷᠢᠮᠲᠠᠯᠠᠨ ᠬᠥᠭᠵᠢᠭᠦᠯᠵᠦ ᠂ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ ᠂ ᠦᠦᠰᠢᠨ ᠬᠤᠰᠢᠭᠤᠨ ᠤ ︽ᠭᠤᠷᠪᠠᠨ ᠲᠦᠷᠦᠯ ᠬᠤᠪᠢᠶᠠᠵᠤ ᠡᠶᠡᠳᠡᠭᠦᠯᠦᠨ ᠰᠢᠢᠳᠪᠦᠷᠢᠯᠡᠬᠦ ᠠᠷᠭ᠎ᠠ ︾ ᠶᠢ ᠳ᠋ᠦᠩᠨᠡᠨ ᠳᠡᠯᠭᠡᠷᠡᠭᠦᠯᠵᠦ ᠂ ᠵᠥᠷᠢᠴᠡᠯ ᠵᠢᠭᠤᠷᠠᠯᠳᠤᠭᠠᠨ ᠢ ᠦᠨᠳᠦᠰᠦᠨ ᠱᠠᠲᠤᠨ ᠳᠤ ᠡᠶᠡᠳᠡᠭᠦᠯᠦᠨ ᠰᠢᠢᠳᠪᠦᠷᠢᠯᠡᠵᠦ ᠂ ᠴᠣᠬᠤᠢᠢᠮᠠᠭᠴᠠ ᠠᠷᠢᠯᠭᠠᠬᠤ ᠪᠠᠷ ᠴᠢᠷᠮᠠᠶᠢᠨ᠎ᠠ ᠃ ᠠᠮᠤᠷ ᠠᠮᠤᠭᠤᠯᠠᠩ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ ᠂ ︽ᠲᠣᠮᠣ ᠳ᠋ᠠᠶᠢᠲ᠋ᠠ + ᠲᠣᠣᠷᠯᠢᠬᠵᠢᠯ ︾ ᠵᠡᠷᠭᠡ ᠦᠨᠳᠦᠰᠦᠨ ᠱᠠᠲᠤᠨ ᠤ ᠵᠠᠰᠠᠯᠲᠠ ᠶᠢᠨ ᠲᠠᠪᠴᠠᠩ ᠢ ᠪᠦᠷᠢᠨᠰᠢᠭᠦᠯᠦᠨ ᠂ ᠬᠢᠯᠢ ᠬᠢᠵᠠᠭᠠᠷ ᠤᠨ ᠭᠠᠵᠠᠷ ᠣᠷᠣᠨ ᠤ ︽ᠬᠥᠨᠳᠡᠶᠢᠷᠡᠬᠦ ︾ ᠠᠰᠠᠭᠤᠳᠠᠯ ᠢ ᠰᠢᠢᠳᠪᠦᠷᠢᠯᠡᠵᠦ ᠂ ᠢᠳᠡᠭᠡᠨ ᠤ ᠪᠠ ᠡᠮ ᠤᠨ ᠵᠦᠢᠯ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠴᠢᠩᠭ᠎ᠠ ᠪᠠᠬᠢᠯᠡᠵᠦ ᠂ ᠴᠠᠬᠢᠯᠭᠠᠨ ᠬᠤᠯᠪᠣᠭᠠᠨ ᠤ ᠰᠦᠯᠵᠢᠶ᠎ᠡ ᠪᠠᠷ ᠬᠢᠬᠠᠵᠤ ᠮᠡᠬᠡᠯᠡᠬᠦ ᠳᠤ ᠴᠢᠩᠭ᠎ᠠ ᠴᠣᠬᠢᠯᠲᠠ ᠥᠭᠴᠦ ᠂ ᠣᠯᠠᠨ ᠲᠦᠮᠡᠨ ᠤ ᠵᠣᠯ ᠵᠢᠷᠭᠠᠯ ᠠᠮᠤᠷ ᠠᠮᠤᠭᠤᠯᠠᠩ ᠢ ᠰᠠᠶᠢᠲᠤᠷ ᠬᠠᠮᠠᠭᠠᠯᠠᠨ᠎ᠠ ᠃   ᠲᠥᠯᠥᠭᠡᠯᠡᠭᠴᠢᠳ ᠠ᠋︕ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠰᠢᠵᠢᠮ ᠮᠥᠨ ᠂ ᠡᠨᠡ ᠪᠣᠯ ᠶᠡᠷᠦᠩᠬᠡᠢ ᠱᠦᠵᠢ ᠰᠢ ᠶᠢᠨ ᠫᠢᠩ ᠤᠨ ᠮᠠᠨ ᠤ ᠣᠷᠣᠨ ᠳᠤ ᠰᠢᠨᠵᠢᠯᠡᠨ ᠪᠠᠶᠢᠴᠠᠭᠠᠬᠤ ᠦᠶ᠎ᠡ ᠳᠤ ᠳᠤᠷᠠᠳᠤᠭᠰᠠᠨ ᠴᠢᠬᠤᠯᠠ ᠱᠠᠭᠠᠷᠳᠠᠯᠭ᠎ᠠ ᠪᠣᠯᠣᠨ᠎ᠠ ᠂ ᠡᠯ᠎ᠡ ᠱᠠᠲᠤᠨ ᠤ ᠵᠠᠰᠠᠭ ᠤᠨ ᠣᠷᠳᠣᠨ ᠠᠯᠢᠪᠠ ᠠᠵᠢᠯ ᠢᠶᠠᠨ ᠴᠥᠮ ᠡᠨᠡ ᠬᠦ ᠭᠤᠣᠯ ᠰᠢᠵᠢᠮ ᠤᠨ ᠲᠣᠭᠤᠷᠢᠨ ᠳᠤ ᠨᠢᠭᠲᠠ ᠤᠶᠠᠯᠳᠤᠭᠤᠯᠤᠨ ᠂ ᠥᠴᠥᠬᠡᠨ ᠲᠡᠳᠦᠢ ᠴᠦ ᠬᠡᠯᠪᠡᠶᠢᠯᠭᠡᠬᠦ ᠦᠭᠡᠢ ᠪᠠᠶᠢᠬᠤ ᠬᠡᠷᠡᠭᠲᠡᠢ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ ︾ ᠢ ᠲᠣᠭᠲᠠᠭᠠᠵᠤ ᠂ ᠪᠢᠳᠡ ᠡᠷᠬᠡᠪᠰᠢ ᠨᠠᠷᠢᠨ ᠬᠢᠨᠠᠮᠠᠭᠠᠢ ᠪᠠᠷ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠵᠤ ᠂ ᠢᠮᠠᠭᠲᠠ ︽ᠵᠢᠷᠭᠤᠭᠠᠨ ᠥᠭᠦᠯᠡᠪᠦᠷᠢ ᠶᠢᠨ ᠪᠣᠳᠠᠲᠤ ᠶᠠᠪᠤᠳᠠᠯ ᠪᠠ ᠶᠣᠰᠣ ᠤᠴᠢᠷ ︾ ᠢ ᠪᠠᠲᠤ ᠴᠡᠭᠡᠵᠢᠯᠡᠨ ᠂ ︽ᠳᠣᠯᠤᠭᠠᠨ ᠲᠠᠯ᠎ᠠ ᠪᠠᠷ ᠵᠢᠱᠢᠶᠡᠴᠢ ᠪᠣᠯᠬᠤ ︾ ᠲᠠᠯ᠎ᠠ ᠪᠠᠷ ᠵᠣᠷᠢᠭᠲᠠᠢ ᠡᠭᠦᠷᠭᠡᠯᠡᠵᠦ ᠵᠢᠳᠬᠦᠯ ᠴᠢᠷᠮᠠᠶᠢᠯᠭ᠎ᠠ ᠭᠠᠷᠭᠠᠵᠤ ᠂ ᠲᠤᠮᠲᠠᠲᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠢᠱᠢᠶ᠎ᠡ ᠦᠵᠡᠬᠦᠯᠬᠦ ᠣᠷᠣᠨ ᠢ ᠴᠢᠷᠮᠠᠶᠢᠨ ᠪᠦᠲᠦᠭᠡᠨ ᠪᠠᠶᠢᠭᠤᠯᠬᠤ ᠬᠡᠷᠡᠭᠲᠡᠢ ᠃ ᠮᠠᠨ ᠤ ᠥᠪᠥᠷ ᠮᠣᠩᠭᠤᠯ ᠤᠨ ᠺᠠᠳ᠋ᠷ ᠣᠯᠠᠨ ᠲᠦᠮᠡᠨ ᠥᠪᠥᠷ ᠮᠣᠩᠭᠤᠯ ᠤᠨ ᠰᠢᠨ᠎ᠡ ᠴᠠᠭ ᠦᠶ᠎ᠡ ᠶᠢᠨ ᠬᠥᠭᠵᠢᠯᠲᠡ ᠶᠢᠨ ᠠᠮᠵᠢᠯᠲᠠ ᠪᠦᠲᠦᠭᠡᠯ ᠪᠣᠯ ᠶᠡᠷᠦᠩᠬᠡᠢ ᠱᠦᠵᠢ ᠰᠢ ᠶᠢᠨ ᠫᠢᠩ ᠤᠨ ᠳᠣᠲᠣᠨᠣ ᠬᠠᠯᠠᠮᠵᠢᠯᠠᠯ ᠪᠠ ᠵᠢᠯᠣᠭᠤᠳᠤᠮᠵᠢ ᠳᠣᠣᠷ᠎ᠠ ᠣᠯᠣᠭᠰᠠᠨ ᠶᠤᠮ ᠂ ᠥᠪᠥᠷ ᠮᠣᠩᠭᠤᠯ ᠵᠢᠱᠢᠶᠡᠴᠢ ᠥᠪᠡᠷᠲᠡᠭᠡᠨ ᠵᠠᠰᠠᠬᠤ ᠣᠷᠣᠨ ᠪᠣᠯᠤᠭᠰᠠᠨ ᠤ ᠵᠢᠱᠢᠶᠡᠴᠢ ᠨᠢ ᠨᠠᠮ ᠤᠨ ᠦᠭᠡ ᠶᠢ ᠰᠣᠨᠣᠰᠤᠭᠰᠠᠨ ᠳᠤ ᠪᠣᠢ ᠭᠡᠳᠡᠭ ᠢ ᠣᠨᠴᠠᠭᠠᠶᠢᠯᠠᠨ ᠭᠦᠨᠵᠡᠭᠡᠢ ᠲᠠᠨᠢᠵᠤ ᠣᠯᠬᠤ ᠬᠡᠷᠡᠭᠲᠡᠢ ᠃ ᠰᠢᠨ᠎ᠡ ᠴᠠᠭ ᠦᠶ᠎ᠡ ᠳᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠡᠷᠬᠢᠮ ᠳᠡᠭᠡᠳᠦ ᠢᠷᠠᠭᠤ ᠠᠯᠳᠠᠷ ᠢᠶᠠᠨ ᠦᠷᠭᠦᠯᠵᠢᠯᠡᠨ ᠪᠠᠲᠤᠯᠠᠬᠤ ᠳᠤ ᠬᠥᠮᠥᠨ ᠪᠦᠬᠦᠨ ᠬᠠᠷᠢᠭᠤᠴᠠᠯᠭ᠎ᠠ ᠲᠠᠢ ᠂ ᠬᠥᠮᠥᠨ ᠪᠦᠬᠦᠨ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠃ ᠲᠠᠪᠢᠭᠠᠳ ᠣᠨ ᠠᠴᠠ ︽ᠥᠩᠭᠡ ᠶᠢᠨ ᠴᠡᠴᠡᠭᠡᠰ ᠪᠠᠭᠰᠢᠷᠠᠨ ᠳᠡᠯᠭᠡᠷᠡᠵᠦ ᠂ ᠦᠨᠳᠦᠰᠦᠲᠡᠨ ᠪᠦᠬᠦᠨ ᠨᠢᠭᠡ ᠭᠡᠷ ᠶᠤᠮ ᠠ᠋ ᠂ ᠥᠨᠢ ᠡᠭᠦᠷᠢᠳᠡ ᠨᠢᠭᠲᠠᠷᠠᠨ ᠪᠦᠯᠬᠦᠮᠳᠡᠵᠦ ᠂ ᠦᠶ᠎ᠡ ᠶᠢᠨ ᠦᠶ᠎ᠡ ᠳᠤ ᠨᠠᠮ ᠢᠶᠠᠨ ᠳᠠᠭᠠᠨ᠎ᠠ ︾ ᠭᠡᠬᠦ ᠳᠠᠭᠤᠤ ᠥᠷᠭᠡᠨ ᠢᠶᠠᠷ ᠳᠠᠭᠤᠯᠠᠭᠳᠠᠭᠰᠠᠨ ᠶᠤᠮ ᠂ ᠡᠨᠡ ᠪᠣᠯ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠠᠮᠢᠳᠤᠯᠢᠭ ᠵᠢᠷᠤᠭᠯᠠᠯ ᠮᠥᠨ ᠂ ᠪᠠᠰᠠ ᠴᠦ ᠲᠠᠯ᠎ᠠ ᠨᠤᠲᠤᠭ ᠤᠨ ᠦᠨᠳᠦᠰᠦᠲᠡᠨ ᠨᠦᠭᠦᠳ ᠤᠨ ᠥᠬᠢᠳ ᠬᠥᠪᠡᠭᠦᠳ ᠤᠨ ᠬᠠᠮᠲᠤ ᠶᠢᠨ ᠳᠠᠭᠤᠨ ᠬᠤᠭᠤᠯᠠᠢ ᠪᠣᠯᠣᠨ᠎ᠠ︕   ᠰᠢᠨ᠎ᠡ ᠪᠠᠶᠢᠳᠠᠯ ᠂ ᠰᠢᠨ᠎ᠡ ᠡᠭᠦᠷᠭᠡ ᠂ ᠰᠢᠨ᠎ᠡ ᠥᠷᠢᠰᠦᠯᠳᠦᠭᠡᠨ ᠳᠤ ᠴᠢᠭᠯᠡᠭᠦᠯᠦᠨ ᠂ ᠡᠯ᠎ᠡ ᠱᠠᠲᠤᠨ ᠤ ᠵᠠᠰᠠᠭ ᠤᠨ ᠣᠷᠳᠣᠨ ︽ᠤᠯᠤᠰ ᠤᠨ ᠶᠡᠭᠡ ᠶᠠᠪᠤᠳᠠᠯ ︾ ᠢ ᠴᠠᠭ ᠢᠮᠠᠭᠲᠠ ᠪᠠᠲᠤ ᠴᠡᠭᠡᠵᠢᠯᠡᠵᠦ ᠂ ᠨᠠᠮ ᠤᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ ᠡᠯ᠎ᠡ ᠬᠦᠷᠢᠶ᠎ᠡ ᠴᠠᠷᠠᠭ᠎ᠠ ᠡᠯ᠎ᠡ ᠶᠠᠪᠤᠴᠠ ᠳᠤ ᠨᠡᠶᠢᠳᠡᠮ ᠲᠤᠭᠤᠰᠢᠯᠠᠭᠤᠯᠤᠨ ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠂ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ ︾ ᠳᠦᠷᠢᠮ ᠢ ᠨᠠᠶᠢᠳᠠᠪᠤᠷᠢᠵᠢᠭᠤᠯᠤᠨ ᠂ ᠲᠤᠰ ᠪᠡᠶ᠎ᠡ ᠶᠢᠨ ᠪᠠᠶᠢᠭᠤᠯᠤᠯᠲᠠ ᠪᠠᠨ ᠦᠷᠭᠦᠯᠵᠢᠯᠡᠨ ᠴᠢᠩᠭᠠᠳᠬᠠᠵᠤ ᠂ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠬᠤ ᠶᠢᠨ ᠰᠠᠶᠢᠨ ᠭᠦᠢᠴᠡᠳᠭᠡᠭᠴᠢ ᠂ ᠭᠠᠷᠮᠠᠭᠠᠢ ᠦᠢᠯᠡᠳᠦᠯᠭᠡᠵᠢᠭᠦᠯᠦᠭᠴᠢ ᠂ ᠰᠢᠷᠭᠠᠭᠤ ᠠᠵᠢᠯᠯᠠᠭᠴᠢ ᠪᠣᠯᠬᠤ ᠬᠡᠷᠡᠭᠲᠡᠢ ᠃ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ ᠂ ᠵᠠᠰᠠᠭ ᠤᠨ ᠣᠷᠳᠣᠨ ᠤ ᠪᠠᠶᠢᠭᠤᠯᠭ᠎ᠠ ᠪᠣᠯ ᠡᠩ ᠲᠡᠷᠢᠭᠦᠨ ᠳᠤ ᠤᠯᠤᠰ ᠲᠦᠷᠦ ᠶᠢᠨ ᠪᠠᠶᠢᠭᠤᠯᠭ᠎ᠠ ᠪᠣᠯᠬᠤ ᠪᠠᠶᠢᠷᠢ ᠲᠣᠭᠲᠠᠭᠠᠯᠲᠠ ᠶᠢ ᠪᠠᠲᠤ ᠡᠵᠡᠮᠰᠢᠵᠦ ᠂ ᠤᠯᠤᠰ ᠲᠦᠷᠦ ᠶᠢ ᠡᠷᠬᠢᠮᠯᠡᠬᠦ ᠶᠢ ᠡᠭᠦᠷᠢᠳᠡ ᠲᠡᠷᠢᠭᠦᠨ ᠪᠠᠶᠢᠷᠢᠨ ᠳᠤ ᠲᠠᠯᠪᠢᠵᠤ ᠂ ︽ᠬᠤᠶᠠᠷ ᠢ ᠲᠣᠭᠲᠠᠭᠠᠭᠰᠠᠨ ︾ ᠢ ᠪᠠᠲᠤ ᠴᠢᠩᠭ᠎ᠠ ᠪᠠᠷ ᠬᠦᠷᠢᠶᠡᠯᠡᠵᠦ ᠂ ︽ᠬᠤᠶᠠᠷ ᠢ ᠬᠠᠮᠠᠭᠠᠯᠠᠬᠤ ︾ ᠶᠢ ᠡᠷᠡᠰ ᠪᠡᠶᠡᠯᠡᠭᠦᠯᠦᠨ ᠂ ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠯᠭᠠᠬᠤ ᠬᠡᠷᠡᠭᠲᠡᠢ ᠃ ᠬᠠᠤᠯᠢ ᠶᠣᠰᠣᠭᠠᠷ ᠬᠠᠷᠢᠭᠤᠴᠠᠯᠭ᠎ᠠ ᠪᠠᠨ ᠭᠦᠢᠴᠡᠳᠬᠡᠵᠦ ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠂ ᠬᠠᠤᠯᠢ ᠶᠣᠰᠣᠭᠠᠷ ᠠᠵᠢᠯ ᠶᠠᠪᠤᠳᠠᠯ ᠭᠦᠢᠴᠡᠳᠬᠡᠬᠦ ᠶᠢ ᠪᠠᠷᠢᠮᠲᠠᠯᠠᠨ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠯᠲᠠ ᠶᠢ ᠬᠠᠤᠯᠢ ᠶᠣᠰᠣᠭᠠᠷ ᠬᠦᠯᠢᠶᠡᠵᠦ ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ ᠂ ᠨᠡᠶᠢᠭᠡᠮ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ ᠂ ᠬᠢᠨᠠᠨ ᠪᠣᠳᠣᠯᠲᠠ ᠂ ᠡᠳ᠋ ᠤᠨ ᠵᠠᠰᠠᠭ ᠂ ᠲᠤᠭ᠎ᠠ ᠪᠦᠷᠢᠳᠬᠡᠯ ᠤᠨ ᠬᠢᠨᠠᠯᠲᠠ ᠲᠠᠯᠪᠢᠯᠲᠠ ᠶᠢ ᠤᠯᠠᠮ ᠨᠢᠭᠡ ᠠᠯᠬᠤᠮ ᠴᠢᠩᠭᠠᠳᠬᠠᠵᠤ ᠂ ᠡᠷᠬᠡ ᠶᠢ ᠣᠯᠠᠨ ᠨᠡᠶᠢᠲᠡ ᠶᠢᠨ ᠬᠢᠨᠠᠯᠲᠠ ᠲᠠᠯᠪᠢᠯᠲᠠ ᠶᠢᠨ ᠳᠣᠣᠷ᠎ᠠ ᠶᠠᠪᠤᠭᠳᠠᠭᠤᠯᠬᠤ ᠬᠡᠷᠡᠭᠲᠡᠢ ᠃ ᠦᠨᠡᠨ ᠬᠦ ᠠᠳᠬᠤᠨ ᠪᠣᠳᠠᠲᠠᠢ ᠠᠵᠢᠯᠯᠠᠵᠤ ᠂ ᠶᠡᠷᠦᠩᠬᠡᠢ ᠱᠦᠵᠢ ᠰᠢ ᠶᠢᠨ ᠫᠢᠩ ᠤᠨ ᠱᠠᠭᠠᠷᠳᠠᠭᠰᠠᠨ ︽ᠲᠡᠷᠡ ᠶᠣᠰᠣᠭᠠᠷ ᠨᠢ ᠂ ᠡᠷᠡᠰ ᠰᠢᠭᠤᠷᠬᠠᠢ ᠪᠠᠷ ᠂ ᠦᠨᠡᠨ ᠢ ᠪᠠᠷᠢᠮᠲᠠᠯᠠᠵᠤ ᠪᠣᠳᠠᠲᠠᠢ ᠶᠢ ᠡᠷᠬᠢᠮᠯᠡᠨ ᠂ ᠵᠣᠷᠢᠭᠲᠠᠢ ᠣᠷᠣᠯᠳᠣᠨ ᠴᠢᠳᠠᠮᠠᠭᠠᠢ ᠬᠢᠬᠦ ︾ ᠶᠣᠰᠣᠭᠠᠷ ᠨᠠᠶᠢᠳᠠᠪᠤᠷᠢᠵᠢᠭᠤᠯᠤᠯᠲᠠ ᠶᠢ ᠠᠳᠬᠤᠵᠤ ᠂ ᠲᠣᠭᠲᠠᠭᠰᠠᠨ ᠶᠠᠪᠤᠳᠠᠯ ᠢᠶᠠᠨ ᠴᠢᠩᠭ᠎ᠠ ᠠᠳᠬᠤᠨ ᠲᠦᠷᠭᠡᠨ ᠭᠦᠢᠴᠡᠳᠬᠡᠵᠦ ᠂ ᠤᠷᠤᠭᠰᠢ ᠠᠬᠢᠭᠤᠯᠵᠤ ᠳᠡᠶᠢᠯᠬᠦ ᠶᠢ ᠨᠢ ᠤᠷᠤᠭᠰᠢ ᠠᠬᠢᠭᠤᠯᠤᠨ ᠂ ᠶᠠᠮᠠᠷ ᠠᠰᠠᠭᠤᠳᠠᠯ ᠪᠠᠶᠢᠪᠠᠯ ᠲᠡᠷᠡ ᠠᠰᠠᠭᠤᠳᠠᠯ ᠢ ᠨᠢ ᠰᠢᠢᠳᠪᠦᠷᠢᠯᠡᠵᠦ ᠂ ᠬᠤᠳᠠᠯ ᠬᠠᠭᠤᠷᠮᠠᠭ ᠂ ᠵᠠᠪᠰᠢᠨ ᠳᠠᠯᠢᠮᠳᠠᠭᠤᠯᠬᠤ ᠂ ᠲᠤᠭ᠎ᠠ ᠪᠠᠷᠢᠮᠲᠠ ᠶᠢ ᠬᠠᠭᠤᠷᠮᠠᠭᠯᠠᠬᠤ ᠵᠦᠢᠯ ᠢ ᠶᠠᠭᠠᠬᠢᠭᠰᠠᠨ ᠴᠦ ᠬᠢᠬᠦ ᠦᠭᠡᠢ ᠂ ᠠᠪᠤᠨ ᠳᠣᠣᠷ᠎ᠠ ᠪᠠᠨ ᠠᠰᠢᠭ ᠣᠯᠬᠤ ᠶᠢ ᠶᠠᠭᠠᠷᠠᠬᠤ ᠂ ᠠᠷᠠᠳ ᠢ ᠵᠦᠳᠡᠭᠡᠵᠦ ᠡᠳ᠋ ᠢ ᠰᠦᠢᠳᠬᠡᠬᠦ ᠂ ᠬᠤᠭᠤᠰᠤᠷᠠᠲᠠᠯ᠎ᠠ ᠰᠢᠪᠬᠠᠵᠤ ᠬᠤᠪᠠᠭ᠋ᠠᠶᠢᠷᠠᠲᠠᠯ᠎ᠠ ᠠᠪᠬᠤ ᠬᠡᠷᠡᠭ ᠢ ᠶᠠᠭᠠᠬᠢᠭᠰᠠᠨ ᠴᠦ ᠬᠢᠬᠦ ᠦᠭᠡᠢ ᠃ ᠴᠡᠪᠡᠷ ᠡᠷᠬᠢᠮ ᠠᠷᠢᠭᠤᠨ ᠴᠢᠬᠡᠴᠢ ᠪᠠᠶᠢᠵᠤ ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠬᠡᠷᠡᠭᠵᠢᠭᠦᠯᠵᠦ ᠂ ᠰᠤᠷᠲᠠᠯ ᠢ ᠴᠡᠭᠴᠡᠯᠡᠨ ᠰᠠᠬᠢᠯᠭ᠎ᠠ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠶᠢ ᠰᠢᠨᠲᠠᠷᠠᠰᠢ ᠦᠭᠡᠢ ᠪᠠᠷᠢᠮᠲᠠᠯᠠᠨ ᠂ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠂ ᠠᠷᠪᠢᠴᠢ ᠭᠠᠮᠲᠠᠢ ᠠᠮᠢᠳᠤᠷᠠᠬᠤ ᠶᠢ ᠳᠠᠳᠬᠠᠯ ᠪᠤᠯᠭᠠᠵᠤ ᠂ ᠦᠨᠡᠨ ᠢ ᠪᠠᠷᠢᠮᠲᠠᠯᠠᠨ ᠬᠠᠲᠠᠭᠤ ᠲᠠᠢ ᠬᠦᠨᠳᠡᠵᠦ ︽ᠳᠥᠷᠪᠡᠨ ᠰᠤᠷᠲᠠᠯ ︾ ᠤᠨ ᠠᠰᠠᠭᠤᠳᠠᠯ ᠢ ᠡᠷᠡᠰ ᠴᠡᠭᠴᠡᠯᠡᠨ ᠵᠠᠰᠠᠵᠤ ᠂ ︽ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ ︾ ᠠᠰᠠᠭᠤᠳᠠᠯ ᠪᠠ ︽ᠤᠳᠠᠭᠠᠨ ᠪᠦᠳᠦᠭᠦᠯᠢᠭ ᠬᠡᠶᠢᠰᠪᠦᠷᠢ ︾ ᠣᠪᠣᠷ ᠰᠤᠷᠲᠠᠯ ᠤᠨ ᠠᠷᠬᠠᠭ ᠢ ᠡᠷᠡᠰ ᠵᠠᠰᠠᠨ ᠵᠠᠯᠠᠷᠠᠭᠤᠯᠵᠤ ᠂ ᠣᠬᠤᠷᠬᠠᠨ ᠬᠤᠷᠠᠯ ᠬᠢᠵᠦ ᠂ ᠠᠪᠰᠠᠷᠬᠠᠨ ᠶᠠᠷᠢᠶ᠎ᠠ ᠲᠠᠯᠪᠢᠨ ᠂ ᠪᠣᠳᠠᠲᠠᠢ ᠠᠷᠭ᠎ᠠ ᠬᠡᠮᠵᠢᠶ᠎ᠡ ᠲᠠᠢ ᠪᠢᠴᠢᠭ ᠮᠠᠲ᠋ᠧᠷᠢᠶᠠᠯ ᠢ ᠲᠠᠷᠬᠠᠭᠠᠵᠤ ᠂ ᠠᠰᠠᠭᠤᠳᠠᠯ ᠰᠢᠢᠳᠪᠦᠷᠢᠯᠡᠬᠦ ᠪᠠᠶᠢᠴᠠᠭᠠᠨ ᠰᠤᠳᠤᠯᠤᠯᠲᠠ ᠶᠢ ᠥᠷᠨᠢᠭᠦᠯᠦᠨ ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨ ᠬᠦ ᠬᠥᠩᠭᠡᠷᠡᠭᠦᠯᠬᠦ ᠬᠡᠷᠡᠭᠲᠡᠢ ᠃   ᠲᠥᠯᠥᠭᠡᠯᠡᠭᠴᠢᠳ ᠠ᠋︕ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠪᠣᠯ ᠬᠠᠮᠤᠭ ᠤᠨ ᠶᠡᠭᠡ ᠤᠯᠤᠰ ᠲᠦᠷᠦ ᠂ ᠴᠢᠨᠠᠷ ᠰᠠᠶᠢᠲᠠᠢ ᠬᠥᠭᠵᠢᠯᠲᠡ ᠶᠢ ᠪᠠᠷᠢᠮᠲᠠᠯᠠᠬᠤ ᠪᠣᠯ ᠰᠢᠨ᠎ᠡ ᠴᠠᠭ ᠦᠶ᠎ᠡ ᠶᠢᠨ ᠬᠠᠲᠠᠭᠤ ᠶᠣᠰᠣ ᠮᠥᠨ ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠤᠯᠠᠮ ᠴᠢᠩᠭ᠎ᠠ ᠨᠢᠭᠲᠠᠷᠠᠨ ᠪᠦᠯᠬᠦᠮᠳᠡᠵᠦ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠠᠭᠠᠭᠤᠯᠭ᠎ᠠ ᠳᠣᠣᠷ᠎ᠠ ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠂ ᠨᠠᠮ ᠤᠨ ᠠᠴᠢ ᠳᠤ ᠲᠠᠯᠠᠷᠬᠠᠨ ᠡᠷᠡᠯᠬᠡᠭᠯᠡᠨ ᠤᠷᠤᠭᠰᠢᠯᠠᠵᠤ ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠡᠭᠡᠶ᠎ᠡ︕   ᠳᠠᠭᠠᠯᠳᠤᠭᠤᠯᠤᠯ 1  ᠥᠪᠡᠷᠲᠡᠭᠡᠨ ᠵᠠᠰᠠᠬᠤ ᠣᠷᠣᠨ ᠤ 2024 ᠣᠨ ᠤ ᠠᠷᠠᠳ ᠤᠨ ᠠᠮᠢᠳᠤᠷᠠᠯ ᠤᠨ 33 ᠵᠦᠢᠯ ᠤᠨ ᠪᠣᠳᠠᠲᠤ ᠶᠠᠪᠤᠳᠠᠯ ᠤᠨ ᠲᠣᠳᠣᠷᠬᠠᠢ ᠬᠠᠭᠤᠳᠠᠰᠤ  ᠨᠢᠭᠡ ᠂ ᠣᠯᠠᠨ ᠲᠦᠮᠡᠨ ᠳᠤ ᠠᠵᠢᠯ ᠣᠯᠭᠤᠵᠤ ᠣᠷᠤᠯᠭ᠎ᠠ ᠶᠢ ᠨᠢ ᠨᠡᠮᠡᠭᠳᠡᠭᠦᠯᠬᠦ ᠶᠢ ᠠᠬᠢᠭᠤᠯᠬᠤ ᠲᠠᠯ᠎ᠠ ᠪᠠᠷ  ᠬᠢ 5 ᠵᠦᠢᠯ   1. ᠠᠵᠢᠯ ᠣᠯᠬᠤ ᠳᠤ ᠬᠦᠴᠢᠷᠳᠡᠵᠦ ᠪᠠᠶᠢᠭ᠎ᠠ ᠬᠥᠮᠥᠰ ᠢ ᠬᠠᠪᠰᠤᠷᠤᠨ ᠲᠡᠳᠬᠦᠵᠦ 5 ᠲᠦᠮᠡᠨ ᠬᠥᠮᠥᠨ ᠤ ᠠᠵᠢᠯ ᠣᠯᠭᠤᠯᠲᠠ ᠶᠢ ᠪᠡᠶᠡᠯᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ︶ ᠃   2. 8000 ᠢᠯᠡᠭᠦᠦ ᠵᠡᠮᠳᠡᠭᠴᠦᠳ ᠲᠤ ᠰᠢᠨ᠎ᠡ ᠪᠠᠷ ᠠᠵᠢᠯ ᠣᠯᠭᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭᠠᠲᠤ ᠬᠤᠷᠠᠯ ︶ ᠃   3. ᠭᠡᠷ ᠠᠬᠤᠢ ᠶᠢᠨ ᠦᠢᠯᠡᠴᠢᠯᠡᠭᠡᠨ ᠤ ᠠᠵᠢᠯ ᠬᠢᠭᠰᠡᠳ ᠢ ᠲᠦᠮᠡᠨ ᠬᠥᠮᠥᠨ ᠂ ᠭᠡᠷ ᠪᠦᠯᠢ ᠶᠢᠨ ᠰᠤᠷᠭᠠᠨ ᠬᠥᠮᠦᠵᠢᠯ ᠤᠨ ᠵᠢᠯᠣᠭᠤᠳᠤᠭᠴᠢ ᠶᠢ ᠲᠦᠮᠡᠨ ᠬᠥᠮᠥᠨ ᠵᠣᠬᠢᠶᠠᠨ ᠪᠠᠶᠢᠭᠤᠯᠵᠤ ᠪᠣᠯᠪᠠᠰᠤᠷᠠᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ︶ ᠃   4. ᠲᠠᠷᠢᠶᠠᠴᠢᠨ ᠮᠠᠯᠴᠢᠨ ᠬᠦᠴᠦ ᠶᠠᠪᠤᠭᠰᠠᠳ ᠲᠤ ᠴᠠᠯᠢᠩ ᠥᠷᠢᠲᠦᠵᠦ ᠪᠠᠶᠢᠭ᠎ᠠ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯᠯᠠᠭᠠᠨ ᠢ ᠥᠷᠭᠦᠯᠵᠢᠯᠡᠨ ᠭᠦᠨᠵᠡᠭᠡᠶᠢᠷᠡᠭᠦᠯᠵᠦ ᠂ ᠲᠠᠷᠢᠶᠠᠴᠢᠨ ᠮᠠᠯᠴᠢᠨ ᠬᠦᠴᠦ ᠶᠠᠪᠤᠭᠰᠠᠳ ᠤᠨ ᠴᠠᠯᠢᠩ ᠢ ᠴᠠᠭ ᠲᠤ ᠨᠢ ᠭᠦᠢᠴᠡᠳ ᠲᠤᠭ᠎ᠠ ᠪᠠᠷ ᠣᠯᠭᠤᠬᠤ ᠶᠢ ᠪᠠᠲᠤᠯᠠᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ︶ ᠃   5. ᠲᠠᠷᠢᠶᠠᠯᠠᠬᠤ ᠮᠠᠯᠵᠢᠬᠤ ᠡᠷᠦᠬᠡ ᠳᠤ ᠪᠦᠬᠦ ᠬᠡᠯᠬᠢᠶ᠎ᠡ ᠂ ᠪᠦᠬᠦ ᠭᠤᠭᠴᠣᠭᠠᠨ ᠤ ᠲᠠᠷᠢᠶᠠᠯᠠᠩ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠲᠤᠰᠬᠠᠢ ᠮᠡᠷᠭᠡᠵᠢᠯ ᠤᠨ ᠦᠢᠯᠡᠴᠢᠯᠡᠭᠡ ᠬᠠᠩᠭᠠᠵᠤ ᠂ ᠦᠢᠯᠡᠴᠢᠯᠡᠭᠡ ᠬᠠᠩᠭᠠᠬᠤ ᠲᠠᠯᠠᠪᠠᠢ ᠶᠢ 200 ᠲᠦᠮᠡᠨ ᠮᠦ ᠰᠢᠨ᠎ᠡ ᠪᠠᠷ ᠨᠡᠮᠡᠭᠳᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︶ ᠃  ᠬᠤᠶᠠᠷ ᠂ ᠨᠡᠶᠢᠭᠡᠮ ᠤᠨ ᠪᠠᠲᠤᠯᠠᠭ᠎ᠠ ᠶᠢ ᠴᠢᠩᠭᠠᠳᠬᠠᠬᠤ ᠲᠠᠯ᠎ᠠ ᠪᠠᠷ ᠬᠢ 11 ᠵᠦᠢᠯ   6. ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ ᠂ ᠦᠨᠳᠦᠰᠦᠨ ᠨᠠᠰᠤᠵᠢᠯ ᠤᠨ ᠳᠠᠭᠠᠳᠬᠠᠯ ᠳᠤ ᠣᠷᠣᠯᠴᠠᠬᠤ ᠬᠥᠮᠥᠨ ᠢ 1769 ᠲᠦᠮᠡ ᠳᠤ ᠬᠦᠷᠭᠡᠬᠦ ᠶᠢ ᠠᠬᠢᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ︶ ᠃   7. ᠭᠤᠷᠪᠠᠳᠤᠭᠠᠷ ᠳᠡᠰ ᠂ ᠬᠤᠶᠠᠳᠤᠭᠠᠷ ᠳᠡᠰ ᠂ ᠨᠢᠭᠡᠳᠦᠭᠡᠷ ᠳᠡᠰ ᠤᠨ ᠡᠮᠴᠢᠯᠡᠭᠡᠨ ᠤ ᠪᠠᠶᠢᠭᠤᠯᠤᠮᠵᠢ ᠶᠢᠨ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠥᠪᠯᠡᠬᠦ ᠶᠢᠨ ᠡᠬᠢᠯᠡᠵᠦ ᠲᠥᠯᠥᠬᠦ ᠬᠢᠵᠠᠭᠠᠷ ᠱᠤᠭᠤᠮ ᠢ ᠨᠢᠭᠡᠳᠦᠯᠲᠡᠢ 1000 ᠲᠥᠭᠦᠷᠢᠭ ᠠᠴᠠ ᠲᠤᠰ ᠲᠤᠰ 500 ᠲᠥᠭᠦᠷᠢᠭ ᠂ 300 ᠲᠥᠭᠦᠷᠢᠭ ᠂ 200 ᠲᠥᠭᠦᠷᠢᠭ ᠪᠣᠯᠭᠠᠨ ᠪᠠᠭᠤᠷᠠᠭᠤᠯᠵᠤ ᠂ ᠠᠵᠢᠯ ᠠᠴᠠ ᠪᠠᠨ ᠪᠠᠭᠤᠭᠰᠠᠳ ᠤᠨ ᠪᠣᠯ ᠲᠤᠰ ᠲᠤᠰ 300 ᠲᠥᠭᠦᠷᠢᠭ ᠂ 200 ᠲᠥᠭᠦᠷᠢᠭ ᠂ 50 ᠲᠥᠭᠦᠷᠢᠭ ᠪᠣᠯᠭᠠᠨ ᠪᠠᠭᠤᠷᠠᠭᠤᠯᠤᠨ᠎ᠠ ︔ ᠭᠠᠴᠠᠭ᠎ᠠ ᠲᠤᠰᠬᠤᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠴᠡᠭ ᠢ 3176 ᠰᠢᠨ᠎ᠡ ᠪᠠᠷ ᠪᠠᠶᠢᠭᠤᠯᠵᠤ ᠂ ᠪᠦᠬᠦᠨ ᠳᠤ ᠬᠠᠮᠤᠷᠤᠭᠤᠯᠬᠤ ᠶᠢ ᠪᠡᠶᠡᠯᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ︶ ᠃   8. 1.3 ᠲᠦᠮᠡᠨ ᠡᠷᠥᠬᠡ ᠣᠨᠴᠠᠭᠠᠢ ᠬᠦᠴᠢᠷᠳᠡᠯᠲᠡᠢ ᠨᠠᠰᠤᠲᠠᠶᠢᠴᠤᠳ ᠤᠨ ᠭᠡᠷ ᠪᠦᠯᠢ ᠶᠢ ᠥᠲᠡᠭᠦᠰ ᠲᠤ ᠲᠣᠬᠢᠷᠠᠭᠤᠯᠬᠤ ᠪᠠᠷ ᠥᠭᠡᠷᠡᠴᠢᠯᠡᠨ ᠰᠢᠨᠡᠳᠬᠡᠬᠦ ᠶᠢ ᠪᠡᠶᠡᠯᠡᠭᠦᠯᠵᠦ ᠂ ᠰᠤᠮᠤ ᠰᠢᠶᠠᠩ ᠪᠠᠯᠭᠠᠰᠤᠨ ᠤ ᠣᠷᠣᠨ ᠪᠦᠰᠡ ᠶᠢᠨ ᠨᠠᠰᠤᠵᠢᠯ ᠤᠨ ᠦᠢᠯᠡᠴᠢᠯᠡᠭᠡᠨ ᠤ ᠲᠥᠪ ᠢ 170 ᠂ ᠲᠤᠰᠬᠤᠨ ᠤ ᠱᠠᠲᠤᠨ ᠤ ᠨᠠᠰᠤᠵᠢᠯ ᠤᠨ ᠦᠢᠯᠡᠴᠢᠯᠡᠭᠡᠨ ᠤ ᠥᠷᠲᠡᠭᠡ ᠶᠢ 1500 ᠡᠬᠢᠯᠡᠭᠦᠯᠦᠨ ᠪᠠᠶᠢᠭᠤᠯᠵᠤ ᠂ ᠬᠥᠳᠡᠭᠡ ᠲᠤᠰᠬᠤᠨ ᠤ ᠬᠠᠷᠢᠯᠴᠠᠨ ᠲᠤᠰᠠᠯᠠᠯᠴᠠᠬᠤ ᠨᠠᠰᠤᠵᠢᠯ ᠤᠨ ᠵᠣᠯ ᠵᠢᠷᠭᠠᠯᠲᠤ ᠬᠦᠷᠢᠶᠡᠯᠡᠩ ᠤᠨ 200 ᠬᠦᠷᠢᠶᠡᠯᠡᠩ ᠤᠨ ᠴᠢᠳᠠᠮᠵᠢ ᠶᠢ ᠥᠷᠭᠡᠳᠬᠡᠨ ᠳᠡᠭᠡᠭᠰᠢᠯᠡᠭᠦᠯᠵᠦ ᠂ ᠨᠠᠰᠤᠲᠠᠶᠢᠴᠤᠳ ᠤᠨ ᠢᠳᠡᠵᠦ ᠤᠤᠭᠤᠬᠤ ᠳᠤ ᠨᠢ ᠲᠤᠰᠠᠯᠠᠬᠤ ᠴᠡᠭ ᠢ 1200 ᠰᠢᠨ᠎ᠡ ᠪᠠᠷ ᠨᠡᠮᠡᠭᠳᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ︶ ᠃   9. ᠴᠡᠴᠡᠷᠯᠢᠭ ᠤᠨ ᠨᠢᠯᠬ᠎ᠠ ᠨᠢᠷᠠᠢ ᠬᠡᠦᠬᠡᠳ ᠤᠨ ᠣᠷᠣ ᠶᠢ 1.5 ᠲᠦᠮᠡ ᠰᠢᠨ᠎ᠡ ᠪᠠᠷ ᠨᠡᠮᠡᠭᠳᠡᠭᠦᠯᠦᠨ ᠂ ᠪᠦᠬᠦ ᠣᠷᠣᠨ ᠤ ᠬᠤᠰᠢᠭᠤ ᠰᠢᠶᠠᠨ ︵ᠬᠤᠲᠠ ᠂ ᠲᠣᠭᠤᠷᠢᠭ ︶ ᠪᠦᠷᠢ ᠳᠤ ᠠᠳᠠᠭ ᠲᠤ ᠪᠠᠨ 1 ᠠᠯᠪᠠᠨ ᠠᠴᠠ ᠡᠷᠬᠢᠯᠡᠭᠰᠡᠨ ᠬᠡᠦᠬᠡᠳ ᠰᠠᠭᠠᠲᠠᠭᠤᠯᠵᠤ ᠠᠰᠠᠷᠠᠬᠤ ᠦᠢᠯᠡᠴᠢᠯᠡᠭᠡᠨ ᠤ ᠪᠠᠶᠢᠭᠤᠯᠤᠮᠵᠢ ᠶᠢ ᠪᠦᠲᠦᠭᠡᠨ ᠪᠠᠶᠢᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︶ ᠃   10. ᠨᠡᠭᠦᠳᠡᠯ ᠬᠡᠦᠬᠡᠳ ᠪᠠᠭᠠᠴᠤᠳ ᠤᠨ ᠰᠠᠭᠤᠭ᠎ᠠ ᠭᠠᠵᠠᠷ ᠲᠤ ᠪᠠᠨ ᠬᠠᠶᠢᠷ᠎ᠠ ᠬᠠᠯᠠᠮᠵᠢ ᠬᠦᠷᠲᠡᠬᠦ ᠦᠨᠳᠦᠰᠦᠨ ᠦᠢᠯᠡᠴᠢᠯᠡᠭᠡᠨ ᠤ ᠲᠣᠳᠣᠷᠬᠠᠢ ᠬᠠᠭᠤᠳᠠᠰᠤ ᠶᠢ ᠪᠠᠶᠢᠭᠤᠯᠵᠤ ᠂ ᠰᠢᠶᠠᠨ ᠤ ᠱᠠᠲᠤᠨ ᠤ ︵ᠬᠤᠲᠠ ᠶᠢᠨ ᠬᠠᠷᠢᠶ᠎ᠠ ᠲᠣᠭᠤᠷᠢᠭ ᠢ ᠪᠠᠭᠲᠠᠭᠠᠬᠤ ᠦᠭᠡᠢ ︶ ᠨᠠᠰᠤᠨ ᠳᠤ ᠦᠯᠦ ᠬᠦᠷᠦᠭᠰᠡᠳ ᠢ ᠠᠪᠤᠷᠠᠨ ᠲᠤᠰᠠᠯᠠᠵᠤ ᠬᠠᠮᠠᠭᠠᠯᠠᠬᠤ ᠲᠥᠪ ᠢ 7 ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠪᠠᠶᠢᠭᠤᠯᠵᠤ ᠂ ︽ᠠᠷᠪᠠᠨ ᠳᠥᠷᠪᠡᠳᠦᠭᠡᠷ ᠲᠠᠪᠤᠨ ᠵᠢᠯ ︾ ᠤᠨ ᠲᠥᠯᠦᠪᠵᠢᠭᠦᠯᠭᠡ ᠶᠢᠨ ᠬᠠᠷᠠᠯᠲᠠ ᠶᠢᠨ 93% ᠳᠤ ᠬᠦᠷᠭᠡᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ︶ ᠃   11. ᠬᠡᠦᠬᠡᠳ ᠪᠠᠭᠠᠴᠤᠳ ︵ᠬᠡᠦᠬᠡᠳ ᠪᠠᠭᠠᠴᠤᠳ ᠢ ᠬᠠᠮᠠᠭᠠᠯᠠᠬᠤ ︶ ᠤᠨ ᠭᠡᠷ ᠢ 50 ᠰᠢᠨ᠎ᠡ ᠪᠠᠷ ᠪᠠᠶᠢᠭᠤᠯᠵᠤ ᠂ ᠬᠢᠯᠢ ᠬᠢᠵᠠᠭᠠᠷ ᠂ ᠵᠠᠬ᠎ᠠ ᠬᠢᠵᠠᠭᠠᠷ ᠤᠨ ᠬᠤᠰᠢᠭᠤ ᠰᠢᠶᠠᠨ ᠪᠦᠬᠦᠨ ᠳᠤ ᠬᠠᠮᠤᠷᠤᠭᠤᠯᠬᠤ ᠶᠢ ᠪᠡᠶᠡᠯᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ︶ ᠃   12. 6000 ᠡᠷᠦᠬᠡ ᠬᠦᠴᠢᠷᠳᠡᠯᠲᠡᠢ ᠬᠦᠨᠳᠦ ᠵᠡᠮᠳᠡᠭᠴᠦᠳ ᠤᠨ ᠭᠡᠷ ᠪᠦᠯᠢ ᠶᠢ ᠰᠠᠭᠠᠳ ᠦᠭᠡᠢ ᠪᠣᠯᠭᠠᠨ ᠥᠭᠡᠷᠡᠴᠢᠯᠡᠨ ᠰᠢᠨᠡᠳᠬᠡᠵᠦ ᠂ ᠣᠶᠤᠨ ᠤᠬᠠᠭᠠᠨ ᠂ ᠣᠶᠤᠨ ᠮᠡᠳᠡᠷᠡᠯ ᠵᠢᠴᠢ ᠦᠶ᠎ᠡ ᠮᠥᠴᠢ ᠨᠢ ᠬᠦᠨᠳᠦ ᠳᠡᠰ ᠤᠨ ᠵᠡᠮᠳᠡᠭ ᠪᠣᠯᠤᠭᠰᠠᠨ 6500 ᠠᠵᠢᠯᠯᠠᠬᠤ ᠨᠠᠰᠤᠨ ᠤ ᠬᠥᠮᠥᠰ ᠲᠤ ᠨᠠᠶᠢᠳᠠᠨ ᠠᠰᠠᠷᠠᠭᠤᠯᠬᠤ ᠦᠢᠯᠡᠴᠢᠯᠡᠭᠡ ᠬᠠᠩᠭᠠᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭᠠᠲᠤ        ᠬᠤᠷᠠᠯ ︶ ᠃   13. ᠲᠠᠷᠢᠶᠠᠯᠠᠬᠤ ᠮᠠᠯᠵᠢᠬᠤ ᠣᠷᠣᠨ ᠪᠠ ᠬᠤᠲᠠ ᠪᠠᠯᠭᠠᠰᠤᠨ ᠤ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠭᠰᠡᠨ ᠭᠡᠷ ᠪᠦᠯᠢ ᠶᠢᠨ ᠲᠣᠬᠢᠷᠠᠬᠤ ᠨᠠᠰᠤᠨ ᠤ ᠡᠮᠡᠭᠲᠡᠶᠢᠴᠦᠳ ᠲᠤ ︽ᠬᠤᠶᠠᠷ ᠵᠦᠢᠯ ᠤᠨ ᠦᠮᠠᠨ ᠡᠪᠡᠳᠴᠢᠨ ︾ ᠢ ᠰᠢᠭᠰᠢᠪᠡᠰᠦ ᠵᠣᠬᠢᠬᠤ ᠪᠦᠬᠦᠨ ᠢ ᠨᠢ ᠰᠢᠭᠰᠢᠵᠦ ᠂ ᠪᠠᠶᠢᠴᠠᠭᠠᠪᠠᠰᠤ ᠵᠣᠬᠢᠬᠤ ᠪᠦᠬᠦᠨ ᠢ ᠨᠢ ᠪᠠᠶᠢᠴᠠᠭᠠᠨ ᠥᠭᠬᠦ ᠶᠢ ᠪᠡᠶᠡᠯᠡᠭᠦᠯᠦᠨ ᠂ ᠰᠠᠪᠠᠨ ᠬᠦᠵᠦᠭᠦᠨ ᠤ ᠦᠮᠡᠨ ᠤ 9 ᠸᠠᠯᠧᠨ᠋ᠲᠲᠦ ᠸᠠᠺᠼᠢᠨ ᠢ 100 ᠲᠦᠮᠡᠨ ᠬᠥᠮᠥᠨ ᠤ ᠬᠤᠪᠢ ᠰᠢᠨ᠎ᠡ ᠪᠠᠷ ᠨᠡᠮᠡᠭᠳᠡᠭᠦᠯᠵᠦ ᠂ ᠲᠣᠬᠢᠷᠠᠬᠤ ᠨᠠᠰᠤᠨ ᠤ ᠡᠮᠡᠭᠲᠡᠶᠢᠴᠦᠳ ᠲᠤ ᠸᠠᠺᠼᠢᠨ ᠲᠠᠷᠢᠬᠤ ᠶᠢᠨ ᠬᠠᠮᠤᠷᠬᠤ ᠬᠡᠪᠴᠢᠶ᠎ᠡ ᠶᠢ ᠥᠷᠭᠡᠳᠬᠡᠵᠦ ᠂ ᠲᠠᠷᠢᠭᠤᠯᠬᠤ ᠬᠦᠰᠡᠯ ᠲᠠᠢ ᠪᠣᠯᠭᠠᠨ ᠳᠤ ᠲᠠᠷᠢᠵᠤ ᠥᠭᠬᠦ ᠶᠢ ᠪᠡᠶᠡᠯᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︶︔ ᠨᠥᠬᠦᠴᠡᠯ ᠳᠤ ᠨᠡᠶᠢᠴᠡᠭᠰᠡᠨ ᠣᠷᠣᠯᠭ᠎ᠠ ᠪᠠᠭᠠᠲᠠᠢ ᠭᠡᠷ ᠪᠦᠯᠢ ᠶᠢᠨ ︽ᠬᠤᠶᠠᠷ ᠵᠦᠢᠯ ᠤᠨ ᠦᠮᠠᠨ ᠡᠪᠡᠳᠴᠢᠨ ︾ ᠢᠶᠠᠷ ᠣᠨᠣᠰᠢᠯᠠᠭᠳᠠᠭᠰᠠᠨ ᠡᠮᠡᠭᠲᠡᠢ ᠪᠦᠷᠢ ᠳᠤ ᠲᠦᠮᠡᠨ ᠲᠥᠭᠦᠷᠢᠭ ᠤᠨ ᠲᠤᠰᠠᠯᠠᠮᠵᠢ ᠣᠯᠭᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭᠠᠲᠤ       ᠬᠤᠷᠠᠯ ︶ ᠃   14. ᠣᠷᠣᠯᠭ᠎ᠠ ᠪᠠᠭᠠᠲᠠᠢ ᠬᠦᠴᠢᠷᠳᠡᠯᠲᠡᠢ ᠭᠡᠷ ᠪᠦᠯᠢ ᠪᠠ ᠬᠢᠯᠢ ᠬᠢᠵᠠᠭᠠᠷ ᠤᠨ ᠬᠤᠰᠢᠭᠤ ᠬᠤᠲᠠ ᠂ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠭᠰᠠᠨ ᠣᠷᠣᠨ ᠤ ᠴᠠᠭᠠᠨ ᠬᠠᠷᠠᠩ ᠲᠠᠢ ᠡᠪᠡᠳᠴᠢᠲᠡᠨ ᠳᠤ ᠰᠦᠢᠳᠬᠡᠯ ᠬᠤᠷᠢᠶᠠᠬᠤ ᠦᠭᠡᠢ ᠪᠠᠷ ᠬᠠᠷᠠᠭ᠎ᠠ ᠣᠷᠣᠭᠤᠯᠬᠤ ᠮᠡᠰᠡ ᠵᠠᠰᠠᠯ ᠢ 3500 ᠭᠠᠷᠤᠢ ᠬᠢᠵᠦ ᠥᠭᠭᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠂ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭᠠᠲᠤ ᠬᠤᠷᠠᠯ ︶ ᠃   15. ᠬᠢᠯᠢ ᠬᠢᠵᠠᠭᠠᠷ ᠭᠠᠵᠠᠷ ᠣᠷᠣᠨ ᠤ ᠣᠷᠣᠯᠭ᠎ᠠ ᠪᠠᠭᠠᠲᠠᠢ ᠬᠦᠴᠢᠷᠳᠡᠯᠲᠡᠢ ᠭᠡᠷ ᠪᠦᠯᠢ ᠳᠤ ᠰᠦᠢᠳᠬᠡᠯ ᠬᠤᠷᠢᠶᠠᠬᠤ ᠦᠭᠡᠢ ᠪᠠᠷ ᠡᠪᠦᠳᠦᠭ ᠰᠡᠭᠦᠵᠢ ᠶᠢᠨ ᠦᠶ᠎ᠡ ᠬᠠᠯᠠᠬᠤ ᠮᠡᠰᠡ ᠵᠠᠰᠠᠯ ᠢ 200 ᠭᠠᠷᠤᠢ ᠬᠢᠵᠦ ᠥᠭᠭᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ︶ ᠃   16. ᠤᠯᠠᠭᠠᠨ ᠵᠠᠭᠠᠯᠮᠠᠶᠢᠲᠠᠨ ᠤ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠯᠲᠠ ᠰᠤᠪᠢᠯᠠᠯᠲᠠ ᠶᠢᠨ ᠦᠨᠡᠮᠯᠡᠯ ᠣᠯᠭᠤᠬᠤ ᠪᠣᠯᠪᠠᠰᠤᠷᠠᠯ ᠢ 6 ᠲᠦᠮᠡᠨ ᠬᠥᠮᠥᠨ ᠳᠤ ᠬᠦᠷᠲᠡᠭᠡᠵᠦ ᠂ ᠲᠦᠭᠡᠮᠡᠯᠵᠢᠭᠦᠯᠬᠦ ᠴᠢᠨᠠᠷᠲᠠᠢ ᠪᠣᠯᠪᠠᠰᠤᠷᠠᠯ ᠢ 20 ᠲᠦᠮᠡᠨ ᠬᠥᠮᠥᠨ ᠤᠳᠠᠭ᠎ᠠ ᠪᠡᠶᠡᠯᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ︶ ᠃   ᠭᠤᠷᠪᠠ ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠢ ᠰᠢᠯᠢᠳᠡᠭᠵᠢᠭᠦᠯᠬᠦ ᠲᠠᠯ᠎ᠠ ᠪᠠᠷ ᠬᠢ 6 ᠵᠦᠢᠯ   17. ᠥᠪᠡᠷᠲᠡᠭᠡᠨ ᠵᠠᠰᠠᠬᠤ ᠣᠷᠣᠨ ᠤ ᠳᠡᠰ ᠤᠨ ᠰᠤᠷᠭᠠᠭᠤᠯᠢ ᠶᠢᠨ ᠨᠡᠷᠡᠲᠦ ᠵᠠᠬᠢᠷᠤᠯ ᠤᠨ ᠠᠵᠢᠯᠯᠠᠬᠤ ᠲᠠᠰᠤᠭ ᠂ ᠨᠡᠷᠡᠲᠦ ᠪᠠᠭᠰᠢ ᠶᠢᠨ ᠠᠵᠢᠯᠯᠠᠬᠤ ᠲᠠᠰᠤᠭ ᠢ ᠲᠤᠰ ᠲᠤᠰ 30 ᠪᠠᠶᠢᠭᠤᠯᠵᠤ ᠂ ᠬᠤᠲᠠ ᠲᠣᠭᠤᠷᠢᠭ ᠤᠨ 1000 ᠭᠠᠷᠤᠢ ᠰᠢᠯᠢᠳᠡᠭ ᠪᠠᠭᠰᠢ ᠶᠢ ᠬᠥᠳᠡᠭᠡ ᠲᠤᠰᠬᠤᠨ ᠤ ᠨᠥᠬᠦᠴᠡᠯ ᠢᠶᠠᠷ ᠪᠠᠷᠤᠭᠲᠠᠢ ᠰᠤᠷᠭᠠᠭᠤᠯᠢ ᠳᠤ ᠰᠣᠩᠭᠤᠨ ᠲᠣᠮᠢᠯᠠᠵᠤ ᠰᠤᠷᠭᠠᠨ ᠬᠥᠮᠦᠵᠢᠯ ᠢ ᠨᠢ ᠳᠡᠮᠵᠢᠨ ᠲᠤᠰᠠᠯᠠᠬᠤ ᠠᠵᠢᠯ ᠥᠷᠨᠢᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ︶ ᠃   18. ᠤᠯᠤᠰ ᠤᠨ ᠣᠷᠣᠨ ᠪᠦᠰᠡ ᠶᠢᠨ ᠡᠮᠴᠢᠯᠡᠭᠡᠨ ᠤ ᠲᠥᠪ ᠢ 4 ᠂ ᠥᠪᠡᠷᠲᠡᠭᠡᠨ ᠵᠠᠰᠠᠬᠤ ᠣᠷᠣᠨ ᠤ ᠳᠡᠰ ᠤᠨ ᠲᠤᠰᠬᠠᠢ ᠰᠠᠯᠠᠭᠠᠨ ᠤ ᠣᠷᠣᠨ ᠪᠦᠰᠡ ᠶᠢᠨ ᠡᠮᠴᠢᠯᠡᠭᠡᠨ ᠤ ᠲᠥᠪ ᠢ 20 ᠰᠠᠶᠢᠲᠤᠷ ᠪᠠᠶᠢᠭᠤᠯᠤᠨ ᠂ ᠪᠤᠭᠤᠲᠤ ᠤᠯᠠᠭᠠᠨᠬᠠᠳᠠ ᠦᠬᠠᠢ ᠭᠤᠷᠪᠠ ᠶᠢᠨ ᠤᠯᠤᠰ ᠤᠨ ᠳᠡᠰ ᠤᠨ ᠨᠢᠭᠲᠠ ᠬᠡᠯᠪᠡᠷᠢ ᠪᠦᠬᠦᠢ ᠬᠤᠲᠠ ᠶᠢᠨ ᠡᠮᠴᠢᠯᠡᠭᠡᠨ ᠤ ᠪᠦᠯᠦᠭᠯᠡᠯ ᠤᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︶ ᠃   19. ᠠᠮᠤᠷᠯᠢᠩᠭᠤᠢ ᠡᠮᠴᠢᠯᠡᠭᠡ ᠰᠤᠪᠢᠯᠠᠯᠲᠠ ᠶᠢᠨ ᠲᠤᠷᠰᠢᠯᠲᠠ ᠶᠢᠨ ᠴᠡᠭ ᠪᠤᠯᠬᠤ 6 ᠠᠶᠢᠮᠠᠭ ᠬᠤᠲᠠ ᠶᠢᠨ ᠬᠤᠰᠢᠭᠤ ᠰᠢᠶᠠᠨ ︵ᠬᠤᠲᠠ ᠂ ᠲᠣᠭᠤᠷᠢᠭ ︶ ᠪᠦᠷᠢ ᠳᠤ ᠠᠳᠠᠭ ᠲᠤ ᠪᠠᠨ 1 ᠠᠮᠤᠷᠯᠢᠩᠭᠤᠢ ᠡᠮᠴᠢᠯᠡᠭᠡ ᠰᠤᠪᠢᠯᠠᠯᠲᠠ ᠶᠢᠨ ᠡᠪᠡᠳᠴᠢᠲᠡᠨ ᠤ ᠲᠣᠭᠤᠷᠢᠭ ᠪᠠᠶᠢᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︶ ᠃   20. ︽ᠤᠯᠠᠭᠠᠨᠮᠥ᠋ᠴᠢᠷ ᠤᠨ ᠲᠣᠭᠯᠠᠯᠲᠠ ᠶᠢ ᠲᠦᠮᠡᠨ ᠲᠤᠰᠬᠤᠨ ᠳᠤ ᠬᠦᠷᠭᠡᠬᠦ ︾ ᠠᠵᠢᠯᠯᠠᠭ᠎ᠠ ᠶᠢ ᠵᠣᠬᠢᠶᠠᠨ ᠪᠠᠶᠢᠭᠤᠯᠵᠤ ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠤᠷᠠᠨ ᠰᠠᠶᠢᠬᠠᠨ ᠤ ᠲᠣᠭᠯᠠᠯᠲᠠ ᠪᠠ ᠦᠨᠳᠦᠰᠦᠨ ᠱᠠᠲᠤᠨ ᠤ ᠦᠢᠯᠡᠴᠢᠯᠡᠭᠡᠨ ᠢ ᠲᠦᠮᠡ ᠭᠠᠷᠤᠢ ᠲᠠᠯᠠᠪᠤᠷ ᠤᠳᠠᠭ᠎ᠠ ᠬᠠᠩᠭᠠᠨ᠎ᠠ ︵ᠲᠦᠷᠦᠭᠦᠯᠡᠨ ᠬᠠᠷᠢᠭᠤᠴᠠᠬᠤ       ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ︶ ᠃   21. ︽ᠥᠨᠳᠥᠷ ᠪᠦᠲᠦᠮᠵᠢᠲᠡᠢ ᠪᠠᠷ ᠨᠢᠭᠡ ᠶᠠᠪᠤᠳᠠᠯ ᠢ ᠭᠦᠢᠴᠡᠳᠬᠡᠬᠦ ︾ ᠢᠵᠢ ᠦᠢᠯᠡᠴᠢᠯᠡᠭᠡ ᠶᠢ 13 ᠨᠡᠶᠢᠲᠡᠯᠡᠵᠦ ᠂ ᠬᠠᠯᠠᠮᠰᠢᠯ ᠤᠲᠠᠰᠤ 12345 ᠪᠠᠷ ᠲᠡᠷᠭᠡ ᠰᠢᠯᠵᠢᠭᠦᠯᠬᠦ ᠦᠢᠯᠡᠴᠢᠯᠡᠭᠡᠨ ᠤ ᠴᠢᠳᠠᠮᠵᠢ ᠶᠢ ᠨᠡᠮᠡᠭᠳᠡᠭᠦᠯᠦᠨ ᠂ ︽ᠪᠦᠬᠦ ᠣᠷᠣᠨ ᠳᠤ ᠨᠡᠶᠢᠳᠡᠮ ᠭᠦᠢᠴᠡᠳᠬᠡᠬᠦ ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ 150 ᠰᠢᠨ᠎ᠡ ᠪᠠᠷ ᠨᠡᠮᠡᠭᠳᠡᠭᠦᠯᠵᠦ ᠂ ᠬᠡᠪ ᠳᠠᠭᠤᠷᠢᠶᠠᠯ ᠪᠣᠯᠬᠤᠶᠢᠴᠠ ᠦᠨᠳᠦᠰᠦᠨ ᠱᠠᠲᠤᠨ ᠤ ᠠᠷᠠᠳ ᠲᠤ ᠳᠦᠭᠦᠮ ᠦᠵᠡᠭᠦᠯᠬᠦ ᠦᠢᠯᠡᠴᠢᠯᠡᠭᠡᠨ ᠤ ᠲᠥᠪ ︵ᠥᠷᠲᠡᠭᠡ ︶ ᠢ 24 ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠰᠠᠨ ᠥᠷᠲᠡᠭᠡ ᠶᠢ 10 ᠴᠣᠭᠴᠠᠯᠠᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ︶ ᠃   22. ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠷᠦᠩᠬᠡᠶᠢᠯᠡᠭᠰᠡᠨ ᠴᠣᠩᠬᠤᠪᠴᠢ ᠶᠢ 100 ᠪᠠ ︽ᠨᠢᠭᠡ ᠥᠷᠲᠡᠭᠡᠴᠢᠯᠡᠭᠰᠡᠨ ᠮᠠᠶ᠋ᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ︾ ᠶᠢᠨ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠶᠢ 100 ᠴᠣᠭᠴᠠᠯᠠᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ︶ ᠃   ᠳᠥᠷᠪᠡ ᠂ ᠣᠯᠠᠨ ᠲᠦᠮᠡᠨ ᠤ ᠰᠠᠭᠤᠷᠢᠰᠢᠨ ᠠᠮᠢᠳᠤᠷᠠᠬᠤ ᠣᠷᠴᠢᠨ ᠨᠥᠬᠦᠴᠡᠯ ᠢ ᠰᠠᠶᠢᠵᠢᠷᠠᠭᠤᠯᠬᠤ ᠲᠠᠯ᠎ᠠ ᠪᠠᠷ  ᠬᠢ 11 ᠵᠦᠢᠯ   23. ᠳᠤᠯᠠᠭᠠᠯᠠᠭ᠎ᠠ ᠶᠢᠨ ᠢᠨᠵᠧᠨᠧᠷᠢᠩ ᠢ ᠬᠡᠷᠡᠭᠵᠢᠭᠦᠯᠦᠨ ᠂ ᠢᠯᠴᠢ ᠬᠠᠩᠭᠠᠬᠤ ᠬᠤᠭᠤᠯᠠᠢ ᠭᠤᠤᠷᠰᠤ ᠶᠢ 420 ᠺᠢᠯᠣᠮᠧᠲᠷ ᠥᠭᠡᠷᠡᠴᠢᠯᠡᠨ ᠰᠢᠨᠡᠳᠬᠡᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ︶︔ ᠲᠠᠷᠢᠶᠠᠴᠢᠨ ᠮᠠᠯᠴᠢᠳ ᠲᠤ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦ ᠶᠢ 320 ᠲᠦᠮᠡ ᠭᠠᠷᠤᠢ ᠲᠣᠨ ᠨᠠᠶᠢᠳᠠᠪᠤᠷᠢᠵᠢᠭᠤᠯᠤᠨ ᠂ ᠲᠥᠪᠯᠡᠷᠡᠭᠦᠯᠦᠨ ᠢᠯᠴᠢ ᠬᠠᠩᠭᠠᠬᠤ ᠠᠵᠤ ᠠᠬᠤᠶᠢᠯᠠᠯ ᠳᠤ ᠬᠠᠩᠭᠠᠯᠭ᠎ᠠ ᠶᠢ ᠪᠠᠲᠤᠯᠠᠬᠤ ᠳᠤ ᠬᠡᠷᠡᠭᠯᠡᠬᠦ ᠨᠡᠭᠦᠷᠡᠰᠦ ᠶᠢ 1600 ᠲᠦᠮᠡ ᠭᠠᠷᠤᠢ ᠲᠣᠨ ᠨᠠᠶᠢᠳᠠᠪᠤᠷᠢᠵᠢᠭᠤᠯᠵᠤ ᠂ ᠣᠯᠠᠨ ᠲᠦᠮᠡᠨ ᠤ ᠬᠠᠯᠠᠭᠤᠨ ᠳᠤᠯᠠᠭᠠᠨ ᠢᠶᠠᠷ ᠡᠪᠦᠯᠵᠢᠬᠦ ᠶᠢ ᠪᠠᠲᠤᠯᠠᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠡᠨᠧᠷᠬᠢ ᠶᠢᠨ ᠲᠣᠪᠴᠢᠶ᠎ᠠ ︶ ᠃   24. ᠤᠰᠤ ᠬᠠᠩᠭᠠᠵᠤ ᠭᠠᠳᠠᠭᠰᠢᠯᠠᠭᠤᠯᠬᠤ ᠬᠠᠭᠤᠴᠢᠨ ᠬᠤᠭᠤᠯᠠᠢ ᠭᠤᠤᠷᠰᠤ ᠶᠢ 870 ᠺᠢᠯᠣᠮᠧᠲᠷ ᠂ ᠰᠢᠲᠠᠮᠠᠬᠠᠢ ᠬᠡᠢ ᠶᠢᠨ ᠬᠤᠭᠤᠯᠠᠢ ᠭᠤᠤᠷᠰᠤ ᠶᠢ 210 ᠺᠢᠯᠣᠮᠧᠲᠷ ᠥᠭᠡᠷᠡᠴᠢᠯᠡᠨ ᠰᠢᠨᠡᠳᠬᠡᠵᠦ ᠂ ᠲᠡᠷᠭᠡᠨ ᠵᠣᠭᠰᠣᠭᠠᠯ ᠤᠨ ᠬᠠᠩᠭᠠᠯᠭ᠎ᠠ ᠶᠢ 3 ᠲᠦᠮᠡ ᠰᠢᠨ᠎ᠡ ᠪᠠᠷ ᠨᠡᠮᠡᠭᠳᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ︶ ᠃   25. ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠢ 1185 ᠂ ᠬᠤᠲᠠ ᠶᠢᠨ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠢ 1500 ᠢᠵᠢ ᠂ ᠲᠠᠷᠢᠶᠠᠯᠠᠬᠤ ᠮᠠᠯᠵᠢᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ 3419 ᠡᠷᠦᠬᠡ ᠥᠭᠡᠷᠡᠴᠢᠯᠡᠨ ᠰᠢᠨᠡᠳᠬᠡᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ︶ ᠃   26. ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ 1.69 ᠲᠦᠮᠡᠨ ᠢᠵᠢ ᠪᠠᠶᠢᠭᠤᠯᠵᠤ ᠂ 2 ᠲᠦᠮᠡᠨ ᠡᠷᠦᠭᠡ ᠬᠤᠲᠠ ᠪᠠᠯᠭᠠᠰᠤᠨ ᠤ ᠪᠠᠲᠤᠯᠠᠭ᠎ᠠ ᠶᠢᠨ ᠣᠷᠣᠨ ᠰᠠᠭᠤᠴᠠᠲᠤ ᠭᠡᠷ ᠪᠦᠯᠢ ᠳᠤ ᠲᠦᠷᠢᠶᠡᠰᠦᠨ ᠨᠡᠮᠡᠭᠦᠷᠢ ᠣᠯᠭᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ︶ ᠃   27. ᠪᠡᠶ᠎ᠡ ᠶᠢᠨ ᠲᠠᠮᠢᠷ ᠤᠨ ᠴᠡᠴᠡᠷᠯᠢᠭ ᠢ 20 ᠂ ᠣᠯᠠᠨ ᠲᠦᠮᠡᠨ ᠤ ᠲᠡᠰᠢᠯᠲᠡ ᠶᠢᠨ ᠲᠠᠯᠠᠪᠤᠷ ᠢ 28 ᠂ ︽ᠫᠢᠩᠫᠠᠩ ᠪᠥᠮᠪᠦᠭᠡ ᠶᠢ ᠰᠠᠭᠤᠭᠠᠯᠢ ᠲᠣᠭᠤᠷᠢᠭ ᠲᠤ ᠣᠷᠣᠭᠤᠯᠬᠤ ︾ ᠲᠥᠷᠥᠯ ᠵᠦᠢᠯ ᠢ 150 ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠵᠦ ᠥᠷᠭᠡᠳᠬᠡᠨ ᠪᠠᠶᠢᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ︶ ᠃   28. 1000 ᠭᠠᠷᠤᠢ ᠬᠥᠮᠥᠨ ᠠᠮᠠ ᠲᠠᠢ 100 ᠵᠠᠰᠠᠭ ᠵᠠᠬᠢᠷᠭᠠᠨ ᠤ ᠲᠤᠰᠬᠤᠨ ᠤ ᠠᠮᠢᠳᠤᠷᠠᠯ ᠤᠨ ᠬᠤᠭ ᠨᠣᠪᠰᠢ ᠶᠢ ᠲᠥᠪᠯᠡᠷᠡᠭᠦᠯᠦᠨ ᠰᠢᠢᠳᠪᠦᠷᠢᠯᠡᠬᠦ ᠶᠢ ᠪᠡᠶᠡᠯᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ︶︔ 400 ᠵᠠᠰᠠᠭ ᠵᠠᠬᠢᠷᠭᠠᠨ ᠤ ᠲᠤᠰᠬᠤᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ ᠂ 3000 ᠭᠠᠷᠤᠢ ᠬᠥᠮᠥᠨ ᠠᠮᠠ ᠲᠠᠢ 10 ᠵᠠᠰᠠᠭ ᠵᠠᠬᠢᠷᠭᠠᠨ ᠤ ᠲᠤᠰᠬᠤᠨ ᠤ ᠠᠮᠢᠳᠤᠷᠠᠯ ᠤᠨ ᠪᠣᠬᠢᠷ ᠤᠰᠤ ᠶᠢ ᠲᠥᠪᠯᠡᠷᠡᠭᠦᠯᠦᠨ ᠰᠢᠢᠳᠪᠦᠷᠢᠯᠡᠬᠦ ᠶᠢ ᠪᠡᠶᠡᠯᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ︶ ᠃   29. ᠲᠠᠷᠢᠶᠠᠯᠠᠬᠤ ᠮᠠᠯᠵᠢᠬᠤ ᠣᠷᠣᠨ ᠤ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠢ 270 ᠂ ᠲᠠᠷᠠᠬᠠᠢ ᠮᠠᠶ᠋ᠢᠭ ᠤᠨ ᠤᠰᠤ ᠬᠠᠩᠭᠠᠬᠤ ᠢᠨᠵᠧᠨᠧᠷᠢᠩ ᠢ 900 ᠰᠢᠨ᠎ᠡ ᠪᠠᠷ ᠪᠠᠶᠢᠭᠤᠯᠬᠤ ᠪᠠ ᠰᠢᠨᠡᠳᠬᠡᠨ ᠰᠠᠶᠢᠵᠢᠷᠠᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ︶ ᠃   30. ᠲᠠᠷᠢᠶᠠᠯᠠᠬᠤ ᠮᠠᠯᠵᠢᠬᠤ ᠣᠷᠣᠨ ᠤ ᠡᠷᠦᠬᠡ ᠶᠢᠨ ᠵᠣᠷᠯᠣᠩ ᠢ 5.5 ᠲᠦᠮᠡ ᠰᠢᠨ᠎ᠡ ᠪᠠᠷ ᠪᠠᠶᠢᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︶ ᠃   31. ᠲᠤᠰᠬᠤᠨ ᠤ ᠱᠠᠲᠤᠨ ᠤ ᠭᠤᠪᠢᠭᠤᠯᠵᠤ ᠢᠯᠡᠭᠡᠬᠦ ᠪᠠᠷᠠᠭᠠᠨ ᠤ ᠭᠦᠢᠯᠭᠡᠭᠡᠨ ᠤ ᠪᠠᠷᠢᠮᠵᠢᠶᠠᠲᠤ ᠶᠡᠷᠦᠩᠬᠡᠶᠢᠯᠡᠭᠰᠡᠨ ᠦᠢᠯᠡᠴᠢᠯᠡᠭᠡᠨ ᠤ ᠴᠡᠭ ᠢ 5000 ᠪᠠᠶᠢᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ︶ ᠃   32. ᠪᠦᠢᠳᠠ ᠪᠥᠭᠯᠡᠭᠦᠦ ᠪᠠᠶᠢᠭ᠎ᠠ 2022 ᠲᠠᠷᠢᠶᠠᠯᠠᠬᠤ ᠮᠠᠯᠵᠢᠬᠤ ᠡᠷᠦᠬᠡ ᠳᠤ ᠴᠠᠬᠢᠯᠭᠠᠨ ᠲᠣᠣᠷ ᠢ ᠨᠢ ᠤᠷᠲᠤᠳᠬᠠᠵᠤ ᠴᠠᠬᠢᠯᠭᠠᠨ ᠨᠡᠪᠲᠡᠷᠡᠭᠦᠯᠬᠦ ᠢᠨᠵᠧᠨᠧᠷᠢᠩ ᠪᠠ ᠪᠦᠢᠳᠠ ᠪᠥᠭᠯᠡᠭᠦᠦ ᠪᠠᠶᠢᠭ᠎ᠠ 2 ᠲᠦᠮᠡᠨ ᠲᠠᠷᠢᠶᠠᠯᠠᠬᠤ ᠮᠠᠯᠵᠢᠬᠤ ᠡᠷᠦᠬᠡ ᠂ ᠬᠢᠯᠢ ᠶᠢᠨ ᠬᠠᠮᠠᠭᠠᠯᠠᠯᠲᠠ ᠶᠢᠨ 40 ᠬᠠᠷᠠᠭᠤᠯ ᠤᠨ ᠭᠠᠵᠠᠷ ᠲᠤ ᠰᠢᠨ᠎ᠡ ᠡᠨᠧᠷᠬᠢ ᠪᠠᠷ ᠴᠠᠬᠢᠯᠭᠠᠨ ᠨᠡᠪᠲᠡᠷᠡᠭᠦᠯᠬᠦ ᠳᠡᠰ ᠳᠡᠪᠰᠢᠭᠦᠯᠬᠦ ᠢᠨᠵᠧᠨᠧᠷᠢᠩ ᠢ ᠪᠡᠶᠡᠯᠡᠭᠦᠯᠦᠨ᠎ᠡ ︔ 650 ᠬᠠᠭᠤᠴᠢᠨ ᠰᠠᠭᠤᠭᠠᠯᠢ ᠲᠣᠭᠤᠷᠢᠭ ᠤᠨ ᠴᠠᠬᠢᠯᠭᠠᠨ ᠬᠠᠩᠭᠠᠬᠤ ᠪᠡᠯᠡᠳᠬᠡᠮᠵᠢ ᠂ 2 ᠲᠦᠮᠡᠨ ᠴᠠᠬᠢᠯᠭᠠᠨ ᠴᠡᠨᠡᠭᠯᠡᠬᠦ ᠱᠣᠩ ︵ᠥᠷᠲᠡᠭᠡ ︶ ᠢ ᠢᠵᠢ ᠪᠦᠷᠢᠳᠦᠭᠦᠯᠦᠨ ᠴᠠᠬᠢᠯᠭᠠᠨ ᠲᠣᠣᠷ ᠲᠤ ᠵᠠᠯᠭᠠᠭᠤᠯᠵᠤ ᠥᠭᠡᠷᠡᠴᠢᠯᠡᠨ ᠰᠢᠨᠡᠳᠬᠡᠬᠦ ᠠᠵᠢᠯ ᠢ ᠬᠡᠷᠡᠭᠵᠢᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠡᠨᠧᠷᠬᠢ ᠶᠢᠨ ᠲᠣᠪᠴᠢᠶ᠎ᠠ ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠂ ᠤᠯᠤᠰ ᠤᠨ ᠴᠠᠬᠢᠯᠭᠠᠨ ᠲᠣᠣᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠺᠣᠮᠫᠠᠨᠢ ︶ ᠃   33. ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠢ 5000 ᠺᠢᠯᠣᠮᠧᠲᠷ ᠡᠬᠢᠯᠡᠭᠦᠯᠦᠨ ᠪᠠᠶᠢᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ︶ ᠃    ᠳᠠᠭᠠᠯᠳᠤᠭᠤᠯᠤᠯ 2  ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ︾ ᠤᠨ ᠬᠤᠯᠪᠣᠭᠳᠠᠯ ᠪᠦᠬᠦᠢ ᠨᠡᠷᠡᠰ ᠤᠨ ᠲᠠᠶᠢᠯᠪᠤᠷᠢ  ︽ᠨᠢᠭᠡ ᠲᠥᠯᠦᠪᠵᠢᠭᠦᠯᠭᠡ ᠭᠤᠷᠪᠠᠨ ᠲᠥᠰᠥᠯ ︾᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠤᠮᠠᠷᠠᠲᠤ ᠶᠢᠨ ᠭᠤᠷᠪᠠᠨ ᠣᠷᠣᠨ ﹀ ᠤ ᠢᠨᠵᠧᠨᠧᠷᠢᠩ ᠤᠨ ᠵᠢᠷᠭᠤᠳᠤᠭᠠᠷ ᠬᠤᠭᠤᠴᠠᠭᠠᠨ ᠤ ᠲᠥᠯᠦᠪᠵᠢᠭᠦᠯᠭᠡ ︵2021 – 2030 ᠣᠨ ︶︾ ᠪᠠ ︽ᠬᠠᠲᠤᠨ ᠭᠤᠣᠯ ᠤᠨ ︿ᠶᠡᠭᠡ ᠲᠣᠬᠤᠢ ﹀ ᠶᠢᠨ ᠰᠢᠪᠲᠤᠯᠤᠯᠲᠠ ᠶᠢᠨ ᠳᠠᠶᠢᠯᠠᠯᠳᠤᠭᠠᠨ ᠤ ᠬᠡᠷᠡᠭᠵᠢᠭᠦᠯᠬᠦ ᠲᠥᠰᠥᠯ ︵2021 – 2030 ᠣᠨ ︶︾ ᠂ ︽ᠬᠤᠷᠴᠢᠨ ᠪᠠ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠯᠲᠡ ᠶᠢᠨ ᠳᠠᠶᠢᠯᠠᠯᠳᠤᠭᠠᠨ ᠤ ᠬᠡᠷᠡᠭᠵᠢᠭᠦᠯᠬᠦ ᠲᠥᠰᠥᠯ ︵2021 – 2030 ᠣᠨ ︶︾ ᠂ ︽ᠡᠾᠧᠰᠢ ᠶᠢᠨ ᠬᠤᠩᠭᠢᠯ ︱ ᠲᠠᠺᠯᠢᠮᠠᠺᠠᠨ ᠡᠯᠡᠰᠦᠨ ᠴᠦᠯ ᠤᠨ ᠬᠥᠪᠡᠭᠡ ᠵᠠᠬ᠎ᠠ ᠶᠢᠨ ᠬᠤᠷᠢᠭᠯᠠᠯᠲᠠ ᠶᠢᠨ ᠳᠠᠶᠢᠯᠠᠯᠳᠤᠭᠠᠨ ᠢ ᠬᠡᠷᠡᠭᠵᠢᠭᠦᠯᠬᠦ ᠲᠥᠰᠥᠯ             ︵2021 – 2030 ᠣᠨ ︶︾ ᠢ ᠵᠢᠭᠠᠵᠤ ᠪᠤᠢ ᠃   ᠮᠧᠩ ᠺᠧ ᠵᠢᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠠᠪᠴᠠᠩ ᠄ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠰᠤᠳᠤᠯᠵᠤ ᠨᠡᠭᠡᠭᠡᠬᠦ ᠂ ᠬᠥᠷᠥᠩᠭᠡ ᠶᠢ ᠭᠦᠢᠯᠭᠡᠭᠡᠨ ᠠᠵᠢᠯᠯᠠᠭᠤᠯᠬᠤ ᠂ ᠲᠥᠷᠥᠯ ᠵᠦᠢᠯ ᠢ ᠨᠡᠪᠴᠢᠭᠦᠯᠬᠦ ᠂ ᠦᠷ᠎ᠡ ᠪᠦᠲᠦᠭᠡᠯ ᠢ ᠤᠯᠠᠷᠢᠭᠤᠯᠬᠤ ᠂ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠵᠡᠷᠭᠡ ᠴᠢᠳᠠᠮᠵᠢ ᠶᠢ ᠬᠤᠷᠠᠭᠤᠯᠤᠭᠰᠠᠨ ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ ᠲᠠᠪᠴᠠᠩ ︵www.mengkeju.com ︶ ᠢ ᠵᠢᠭᠠᠵᠤ ᠪᠤᠢ ᠃   ︽ᠳᠤᠷ᠎ᠠ ᠪᠠᠷ ᠦᠢᠯᠡᠳᠬᠦ ᠳᠥᠷᠪᠡ ᠶᠢ ᠴᠡᠪᠡᠷᠯᠡᠬᠦ ︾᠄ ᠦᠶᠡᠷ ᠢ ᠰᠠᠭᠠᠳ ᠦᠭᠡᠢ ᠵᠠᠯᠠᠬᠤ ᠶᠢᠨ ᠠᠮᠤᠷ ᠲᠦᠪᠰᠢᠨ ᠢ ᠰᠦᠷᠳᠡᠭᠦᠯᠦᠭᠰᠡᠨ ᠂ ᠭᠤᠣᠯ ᠮᠥᠷᠡᠨ ᠨᠠᠭᠤᠷ ᠴᠥᠬᠦᠷᠤᠮ ᠤᠨ ᠬᠡᠪ ᠤᠨ ᠪᠠᠶᠢᠳᠠᠯ ᠢ ᠠᠯᠳᠠᠭᠳᠠᠭᠤᠯᠤᠭᠰᠠᠨ ᠳᠤᠷ᠎ᠠ ᠪᠠᠷ ᠡᠵᠡᠯᠡᠬᠦ ᠂ ᠳᠤᠷ᠎ᠠ ᠪᠠᠷ ᠮᠠᠯᠲᠠᠬᠤ ᠂ ᠳᠤᠷ᠎ᠠ ᠪᠠᠷ ᠣᠪᠣᠭᠠᠯᠠᠬᠤ ᠂ ᠳᠤᠷ᠎ᠠ ᠪᠠᠷ ᠪᠠᠶᠢᠭᠤᠯᠬᠤ ᠦᠵᠡᠭᠳᠡᠯ ᠢ ᠴᠡᠭᠴᠡᠯᠡᠨ ᠵᠠᠰᠠᠵᠤ ᠴᠡᠪᠡᠷᠯᠡᠬᠦ ᠶᠢ ᠵᠢᠭᠠᠵᠤ ᠪᠤᠢ ᠃   ︽ᠵᠢᠭᠤᠯᠴᠢᠯᠠᠯ ᠤᠨ ᠳᠥᠷᠪᠡᠨ ᠭᠠᠵᠠᠷ ︾᠄ ᠬᠤᠪᠢ ᠶᠢᠨ ᠮᠠᠰᠢᠨ ᠲᠡᠷᠭᠡ ᠪᠠᠷ ᠵᠢᠭᠤᠯᠴᠢᠯᠠᠬᠤ ᠲᠡᠷᠢᠭᠦᠨ ᠰᠣᠩᠭᠤᠯᠲᠠ ᠶᠢᠨ ᠭᠠᠵᠠᠷ ᠂ ᠬᠡᠭᠡᠷᠡᠯᠡᠨ ᠪᠠᠭᠤᠳᠠᠯᠯᠠᠵᠤ ᠵᠢᠭᠤᠯᠴᠢᠯᠠᠬᠤ ᠰᠠᠶᠢᠬᠠᠨ ᠭᠠᠵᠠᠷ ᠂ ᠠᠮᠠᠷᠠᠯᠲᠠ ᠪᠠᠷ ᠵᠠᠪᠠᠯ ᠵᠢᠭᠤᠯᠴᠢᠯᠠᠬᠤ ᠭᠠᠵᠠᠷ ᠂ ᠡᠷᠡᠭᠦᠯᠵᠢᠯ ᠰᠤᠪᠢᠯᠠᠯᠲᠠ ᠬᠢᠬᠦ ᠰᠠᠶᠢᠨ ᠭᠠᠵᠠᠷ ᠢ ᠴᠣᠭᠴᠠᠯᠠᠬᠤ ᠶᠢ ᠵᠢᠭᠠᠵᠤ ᠪᠤᠢ ᠃   ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠵᠢᠷᠭᠤᠭᠠᠨ ︽ᠳᠠᠬᠢᠨ ᠢᠶᠠᠷ ᠨᠡᠮᠡᠭᠳᠡᠭᠦᠯᠬᠦ       ᠲᠥᠯᠥᠪᠯᠡᠭᠡ ︾᠄ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠰᠤᠷᠭᠠᠨ ᠬᠥᠮᠦᠵᠢᠯ ᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ ᠂ ᠡᠮᠴᠢᠯᠡᠭᠡ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠣᠷᠤᠯᠠᠭᠤᠯᠭ᠎ᠠ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ ᠂ ᠵᠢᠭᠤᠯᠴᠢᠯᠠᠯ ᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ ᠂ ᠠᠵᠤ ᠦᠢᠯᠡᠰ ᠤᠨ ᠬᠠᠮᠲᠤᠷᠠᠯᠴᠠᠭ᠎ᠠ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ ᠶᠢ ᠵᠢᠭᠠᠵᠤ ᠪᠤᠢ ᠃   ︽ᠲᠥᠯᠥᠭᠡᠯᠡᠭᠴᠢ + ᠭᠡᠰᠢᠭᠦᠨ + ᠰᠢᠭᠦᠬᠦ ᠬᠤᠷᠢᠶ᠎ᠠ ︾ ᠶᠢᠨ ᠢᠷᠭᠡᠨ ᠤ ᠪᠠ ᠬᠤᠳᠠᠯᠳᠤᠭᠠᠨ ᠤ ᠬᠡᠷᠡᠭ ᠤᠨ ᠵᠢᠭᠤᠷᠠᠯᠳᠤᠭᠠᠨ ᠢ ᠠᠷᠢᠯᠭᠠᠨ ᠰᠢᠢᠳᠪᠦᠷᠢᠯᠡᠬᠦ ᠲᠣᠭᠲᠠᠴᠠ ᠄ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠂ ᠤᠯᠤᠰ ᠲᠦᠷᠦ ᠶᠢᠨ ᠵᠥᠪᠯᠡᠯᠭᠡᠨ ᠪᠠ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠲᠠᠪᠴᠠᠩ ᠪᠠᠶᠢᠭᠤᠯᠵᠤ ᠂ ᠠᠷᠠᠳ ᠤᠨ ᠲᠥᠯᠥᠭᠡᠯᠡᠭᠴᠢ ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠢ ᠵᠣᠬᠢᠶᠠᠨ ᠪᠠᠶᠢᠭᠤᠯᠤᠨ ᠢᠷᠭᠡᠨ ᠤ ᠪᠠ ᠬᠤᠳᠠᠯᠳᠤᠭᠠᠨ ᠤ ᠬᠡᠷᠡᠭ ᠤᠨ ᠵᠢᠭᠤᠷᠠᠯᠳᠤᠭᠠᠨ ᠢ ᠠᠷᠢᠯᠭᠠᠨ ᠰᠢᠢᠳᠪᠦᠷᠢᠯᠡᠬᠦ ᠳᠤ ᠣᠷᠣᠯᠴᠠᠭᠤᠯᠬᠤ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠲᠣᠭᠲᠠᠴᠠ ᠶᠢ ᠵᠢᠭᠠᠵᠤ ᠪᠤᠢ ᠃   ᠢᠳᠡᠭᠡᠨ ᠤ ᠵᠦᠢᠯ ᠤᠨ ︽ᠬᠤᠶᠠᠷ ᠢ ᠬᠡᠲᠦᠷᠡᠭᠦᠯᠦᠭᠰᠡᠨ ᠪᠠ ᠨᠢᠭᠡ ᠬᠠᠤᠯᠢ ᠪᠤᠰᠤ ︾᠄ ᠢᠳᠡᠭᠡᠨ ᠦᠢᠯᠡᠳᠪᠦᠷᠢᠯᠡᠬᠦ ᠭᠤᠭᠴᠣᠭᠠᠨ ᠳᠠᠬᠢ ᠢᠳᠡᠭᠡᠨ ᠤ ᠨᠡᠮᠡᠯᠲᠡ ᠡᠳ᠋ ᠢ ᠬᠡᠪᠴᠢᠶᠡᠨ ᠠᠴᠠ ᠬᠡᠲᠦᠷᠡᠭᠦᠯᠬᠦ ᠂ ᠬᠢᠵᠠᠭᠠᠷᠯᠠᠬᠤ ᠬᠡᠮᠵᠢᠶᠡᠨ ᠠᠴᠠ ᠬᠡᠲᠦᠷᠡᠭᠦᠯᠬᠦ ᠪᠠ ᠢᠳᠡᠭᠡᠨ ᠤ ᠵᠦᠢᠯ ᠳᠤ ᠦᠯᠦ ᠬᠡᠷᠡᠭᠯᠡᠬᠦ ᠪᠣᠳᠠᠰ ᠢ ᠬᠠᠤᠯᠢ ᠪᠤᠰᠤ ᠪᠠᠷ ᠨᠡᠮᠡᠬᠦ ᠶᠢ ᠵᠢᠭᠠᠵᠤ ᠪᠤᠢ ᠃   ︽ᠭᠤᠷᠪᠠ ᠶᠢ ᠬᠠᠮᠢᠶᠠᠷᠬᠤ ᠳᠤ ᠭᠤᠷᠪᠠ ᠶᠢ ᠡᠷᠬᠡᠪᠰᠢ ᠭᠦᠢᠴᠡᠳᠬᠡᠬᠦ ︾᠄ ᠠᠵᠢᠯ ᠲᠥᠷᠥᠯ ᠢ ᠬᠠᠮᠢᠶᠠᠷᠬᠤ ᠳᠤ ᠠᠮᠤᠷ ᠲᠦᠪᠰᠢᠨ ᠢ ᠡᠷᠬᠡᠪᠰᠢ ᠬᠠᠮᠢᠶᠠᠷᠬᠤ ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠠᠮᠤᠷ ᠲᠦᠪᠰᠢᠨ ᠢ ᠡᠷᠬᠡᠪᠰᠢ ᠬᠠᠮᠢᠶᠠᠷᠬᠤ ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠠᠮᠤᠷ ᠲᠦᠪᠰᠢᠨ ᠢ ᠡᠷᠬᠡᠪᠰᠢ ᠬᠠᠮᠢᠶᠠᠷᠬᠤ ᠶᠢ ᠵᠢᠭᠠᠵᠤ ᠪᠤᠢ ᠃   ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ 6 ᠢᠵᠢ ᠠᠬᠢᠭᠤᠯᠬᠤ ᠳᠦᠷᠢᠮ ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠶᠢ ᠠᠬᠢᠭᠤᠯᠬᠤ ᠳᠦᠷᠢᠮ ︾ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠶᠢ ᠠᠬᠢᠭᠤᠯᠬᠤ ᠳᠦᠷᠢᠮ ︾ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠴᠢᠬᠤᠯᠠ ᠡᠨᠧᠷᠬᠢ ᠶᠢᠨ ᠰᠣᠷᠪᠣᠯᠵᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠦᠲᠦᠭᠡᠨ ᠪᠠᠶᠢᠭᠤᠯᠬᠤ ᠶᠢ ᠠᠬᠢᠭᠤᠯᠬᠤ ᠳᠦᠷᠢᠮ ︾ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠶᠢ ᠠᠬᠢᠭᠤᠯᠬᠤ ᠳᠦᠷᠢᠮ ︾ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠦᠲᠦᠭᠡᠨ ᠪᠠᠶᠢᠭᠤᠯᠬᠤ ᠶᠢ ᠠᠬᠢᠭᠤᠯᠬᠤ ᠳᠦᠷᠢᠮ ︾ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢ ᠠᠬᠢᠭᠤᠯᠬᠤ ᠳᠦᠷᠢᠮ ︾ ᠢ ᠵᠢᠭᠠᠵᠤ ᠪᠤᠢ ᠃   ︽ᠲᠤᠯᠤᠭ᠎ᠠ ᠶᠢ ᠲᠠᠶᠢᠬᠠᠳᠠᠬᠤ ︾᠄ ︽ᠪᠢ ᠪᠤᠰᠤᠳ ᠢ ᠬᠦᠷᠬᠦ ᠦᠭᠡᠢ ︾ ᠬᠡᠮᠡᠬᠦ ᠰᠡᠳᠬᠢᠯ ᠂ ︽ᠬᠥᠭᠵᠢᠭᠦᠯᠬᠦ ᠳᠤ ᠳᠡᠩᠳᠡᠭᠦᠦ ᠶᠠᠭᠠᠷᠠᠬᠤ ᠬᠡᠷᠡᠭ ᠦᠭᠡᠢ ︾ ᠬᠡᠮᠡᠬᠦ ᠪᠤᠳᠤᠯ ᠂ ︽ᠶᠠᠪᠤᠴᠠ ᠶᠢ ᠴᠢᠬᠤᠯᠠᠴᠢᠯᠠᠬᠤ ᠠᠴᠠ ᠪᠢᠰᠢ ᠦᠷ᠎ᠡ ᠳ᠋ᠦᠩ ᠢ ᠴᠢᠬᠤᠯᠠᠴᠢᠯᠠᠬᠤ ᠦᠭᠡᠢ ︾ ᠤᠬᠠᠮᠰᠠᠷ ᠂ ︽ᠵᠣᠷ ᠦᠭᠡᠢ ᠪᠣᠯ ᠡᠮ ᠥᠭᠬᠦ ᠵᠣᠷᠢᠭ ᠦᠭᠡᠢ ︾ ᠬᠢᠳᠡᠯ ᠂ ︽ᠨᠢᠳᠦᠨ ᠡᠮᠦᠨᠡᠬᠢ ᠪᠠᠨ ᠬᠠᠷᠠᠬᠤ ᠠᠴᠠ ᠪᠢᠰᠢ ᠠᠯᠤᠰ ᠬᠤᠯᠡ ᠶᠢ ᠬᠠᠷᠠᠬᠤ ᠦᠭᠡᠢ ︾ ᠰᠡᠳᠬᠢᠬᠦᠢ ᠂ ︽ᠨᠠᠷᠢᠯᠢᠭ ᠵᠦᠢᠯ ᠢ ᠠᠩᠬᠠᠷᠬᠤ ᠦᠭᠡᠢ ᠪᠠᠷᠤᠭ ᠲᠥᠯᠥᠪ ᠢᠶᠠᠷ ᠨᠢ ᠪᠤᠯᠭᠠᠬᠤ ︾ ᠰᠡᠳᠬᠢᠴᠡ ᠂ ︽ᠦᠢᠯᠡᠳᠪᠦᠷᠢᠯᠡᠯ ᠢ ᠴᠢᠬᠤᠯᠠᠴᠢᠯᠠᠵᠤ ᠡᠵᠡᠩᠨᠡᠯᠲᠡ ᠶᠢ ᠬᠥᠩᠭᠡᠪᠴᠢᠯᠡᠬᠦ ︾ ᠦᠵᠡᠯᠲᠡ ᠶᠢ ᠵᠢᠭᠠᠵᠤ ᠪᠤᠢ ᠃   ︽ᠵᠢᠷᠭᠤᠭᠠᠨ ᠢᠨᠵᠧᠨᠧᠷᠢᠩ ︾᠄ ᠲᠦᠷᠦ ᠶᠢᠨ ᠪᠣᠳᠣᠯᠭ᠎ᠠ ᠶᠢ ᠪᠣᠳᠠᠲᠠᠶᠢᠵᠢᠭᠤᠯᠬᠤ ᠢᠨᠵᠧᠨᠧᠷᠢᠩ ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠂ ᠬᠠᠶᠢᠷ᠎ᠠ ᠬᠠᠯᠠᠮᠵᠢ ᠶᠢᠨ ᠢᠨᠵᠧᠨᠧᠷᠢᠩ ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ ︾ ᠢᠨᠵᠧᠨᠧᠷᠢᠩ ᠂ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠢ ᠵᠢᠭᠠᠵᠤ ᠪᠤᠢ ᠃   ᠡᠯᠡᠰᠦᠨ ᠴᠦᠯ ᠭᠤᠪᠢ ᠴᠥᠯᠡᠷᠬᠡᠭ ᠣᠷᠣᠨ ᠳᠠᠬᠢ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠤᠨ 4 ᠰᠠᠭᠤᠷᠢᠨ ᠭᠠᠵᠠᠷ ᠄ ᠬᠥᠪᠴᠢ ᠶᠢᠨ ᠡᠯᠡᠰᠦᠨ ᠴᠦᠯ ᠤᠨ ᠣᠷᠳᠣᠰ ᠤᠨ ᠳᠤᠮᠳᠠ ᠬᠤᠶᠢᠲᠤ ᠬᠡᠰᠡᠭ ᠂ ᠬᠥᠪᠴᠢ ᠶᠢᠨ ᠡᠯᠡᠰᠦᠨ ᠴᠦᠯ ᠤᠨ ᠣᠷᠳᠣᠰ ᠤᠨ ᠡᠮᠦᠨ᠎ᠡ ᠬᠡᠰᠡᠭ ᠂ ᠲᠡᠭᠷᠢ ᠡᠯᠡᠰᠦᠨ ᠴᠦᠯ ᠤᠨ ᠵᠡᠭᠦᠨ ᠡᠮᠦᠨᠡᠲᠦ ᠬᠡᠰᠡᠭ ᠂ ᠤᠯᠠᠭᠠᠨᠪᠤᠬ᠎ᠠ ᠡᠯᠡᠰᠦᠨ ᠴᠦᠯ ᠤᠨ ᠵᠡᠭᠦᠨ ᠬᠤᠶᠢᠲᠤ ᠬᠡᠰᠡᠭ ᠤᠨ ᠰᠢᠨ᠎ᠡ ᠡᠨᠧᠷᠬᠢ ᠶᠢᠨ ᠰᠠᠭᠤᠷᠢᠨ ᠢ ᠵᠢᠭᠠᠵᠤ ᠪᠤᠢ ᠃   ︽ᠭᠤᠷᠪᠠᠨ ᠶᠡᠭᠡ ᠳᠠᠪᠠᠭᠤᠯᠢᠭ ︾᠄ ᠡᠨᠧᠷᠬᠢ ᠶᠢᠨ ᠠᠵᠤ ᠦᠢᠯᠡᠰ ᠤᠨ ᠳᠠᠪᠠᠭᠤᠯᠢᠭ ᠂ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠳᠠᠪᠠᠭᠤᠯᠢᠭ ᠂ ᠲᠠᠷᠢᠶᠠᠯᠠᠩ ᠮᠠᠯ ᠠᠵᠤ ᠠᠬᠤᠢ ᠶᠢᠨ ᠳᠠᠪᠠᠭᠤᠯᠢᠭ ᠢ ᠵᠢᠭᠠᠵᠤ ᠪᠤᠢ ᠃   ︽ᠲᠢᠶᠠᠨ ᠵᠢᠶᠦ᠋ᠨ ᠲᠥᠯᠥᠪᠯᠡᠭᠡ ︾᠄ ᠠᠵᠤ ᠠᠬᠤᠶᠢᠯᠠᠯ ᠢ ᠰᠲ᠋ᠣᠺ ᠤᠨ ᠵᠠᠬ᠎ᠠ ᠳᠤ ᠭᠠᠷᠭᠠᠬᠤ ᠳᠤ ᠦᠢᠯᠡᠴᠢᠯᠡᠬᠦ ᠲᠥᠯᠥᠪᠯᠡᠭᠡ ᠪᠣᠯᠣᠨ᠎ᠠ ᠂ ᠰᠲ᠋ᠣᠺ ᠤᠨ ᠵᠠᠬ᠎ᠠ ᠳᠤ ᠭᠠᠷᠭᠠᠬᠤ ᠪᠡᠯᠡᠳᠬᠡᠯ ᠠᠵᠤ ᠠᠬᠤᠶᠢᠯᠠᠯ ᠤᠳ ᠢ ᠬᠥᠳᠡᠯᠦᠩᠭᠦᠢ ᠪᠠᠷ ᠠᠭᠤᠳᠠᠯᠤᠨ ᠰᠢᠭᠰᠢᠬᠦ ᠪᠠᠷ ᠳᠠᠮᠵᠢᠵᠤ ᠂ ︽ᠠᠵᠤ ᠠᠬᠤᠶᠢᠯᠠᠯ ᠰᠠᠨᠠᠭᠠᠴᠢᠯᠠᠭ᠎ᠠ ᠠᠴᠠ ᠪᠠᠨ ᠬᠢᠬᠦ ᠂ ᠵᠠᠰᠠᠭ ᠤᠨ ᠣᠷᠳᠣᠨ ᠠᠴᠠ ᠠᠬᠢᠭᠤᠯᠬᠤ ᠂ ᠪᠠᠶᠢᠭᠤᠯᠤᠮᠵᠢ ᠠᠴᠠ ᠳᠠᠶᠢᠴᠢᠯᠠᠬᠤ ᠂ ᠨᠡᠶᠢᠭᠡᠮ ᠤᠨ ᠬᠢᠨ ᠬᠤᠯᠪᠤᠭᠠᠯᠠᠨ ᠬᠥᠳᠡᠯᠦᠯᠴᠡᠬᠦ ︾ ᠲᠣᠭᠲᠠᠴᠠ ᠶᠢ ᠬᠡᠷᠡᠭᠵᠢᠭᠦᠯᠵᠦ ᠂ ︽ᠨᠢᠭᠡ ᠪᠦᠯᠦᠭ ᠢ ᠨᠢ ᠪᠣᠶᠢᠵᠢᠭᠤᠯᠬᠤ ᠂ ᠨᠢᠭᠡ ᠪᠦᠯᠦᠭ ᠢ ᠨᠢ ᠬᠠᠪᠰᠤᠷᠤᠨ ᠵᠢᠯᠤᠭᠤᠳᠬᠤ ᠂ ᠨᠢᠭᠡ ᠪᠦᠯᠦᠭ ᠢ ᠨᠢ ᠭᠤᠶᠤᠴᠢᠯᠠᠨ ᠮᠡᠳᠡᠭᠦᠯᠬᠦ ᠂ ᠨᠢᠭᠡ ᠪᠦᠯᠦᠭ ᠢ ᠨᠢ ᠵᠠᠬ᠎ᠠ ᠳᠤ ᠭᠠᠷᠭᠠᠬᠤ ︾ ᠱᠠᠲᠤᠯᠢᠭ ᠬᠡᠯᠪᠡᠷᠢ ᠶᠢ ᠪᠣᠢ ᠪᠣᠯᠭᠠᠨ ᠂ ︽ᠰᠠᠶᠢᠨ ᠠᠵᠤ ᠠᠬᠤᠶᠢᠯᠠᠯ ᠢ ᠴᠣᠭᠴᠠᠯᠠᠬᠤ ᠂ ᠰᠠᠶᠢᠨ ᠠᠵᠤ ᠠᠬᠤᠶᠢᠯᠠᠯ ᠢ ᠰᠣᠩᠭᠤᠬᠤ ᠂ ᠰᠠᠶᠢᠨ ᠠᠵᠤ ᠠᠬᠤᠶᠢᠯᠠᠯ ᠢ ᠪᠣᠶᠢᠵᠢᠭᠤᠯᠬᠤ ᠂ ᠰᠠᠶᠢᠨ ᠠᠵᠤ ᠠᠬᠤᠶᠢᠯᠠᠯ ᠢ ᠰᠲ᠋ᠣᠺ ᠤᠨ ᠵᠠᠬ᠎ᠠ ᠳᠤ ᠭᠠᠷᠭᠠᠬᠤ ︾ ᠪᠠᠶᠢᠷᠢᠰᠢᠯ ᠢ ᠴᠣᠭᠴᠠᠯᠠᠬᠤ ᠶᠢ ᠵᠢᠭᠠᠵᠤ ᠪᠤᠢ ᠃   ︽ᠭᠤᠷᠪᠠᠨ ᠲᠦᠷᠦᠯ ᠬᠤᠪᠢᠶᠠᠵᠤ ᠡᠶᠡᠳᠡᠭᠦᠯᠦᠨ ᠰᠢᠢᠳᠪᠦᠷᠢᠯᠡᠬᠦ ᠠᠷᠭ᠎ᠠ ︾᠄ ᠦᠦᠰᠢᠨ ᠬᠤᠰᠢᠭᠤᠨ ᠤ ᠡᠭᠦᠳᠦᠭᠰᠡᠨ ᠦᠨᠳᠦᠰᠦᠨ ᠱᠠᠲᠤᠨ ᠤ ᠵᠠᠰᠠᠯᠲᠠ ᠶᠢ ᠲᠡᠭᠦᠯᠳᠡᠷᠵᠢᠭᠦᠯᠬᠦ ᠲᠤᠷᠰᠢᠯᠭ᠎ᠠ ᠶᠢᠨ ᠠᠷᠭ᠎ᠠ ᠬᠢᠳᠡᠯ ᠪᠣᠯᠣᠨ᠎ᠠ ᠂ ︽ᠭᠤᠷᠪᠠᠨ ᠲᠦᠷᠦᠯ ᠬᠤᠪᠢᠶᠠᠬᠤ ︾ ᠭᠡᠳᠡᠭ ᠨᠢ ᠪᠠᠭ᠎ᠠ ᠵᠥᠷᠢᠴᠡᠯ ᠵᠢᠭᠤᠷᠠᠯᠳᠤᠭᠠᠨ ᠢ ᠮᠡᠳᠡᠭᠰᠡᠨ ᠳᠠᠷᠤᠢ ᠳᠤ ᠨᠢ ᠡᠶᠡᠳᠡᠭᠦᠯᠬᠦ ᠂ ᠪᠤᠳᠤᠯᠢᠶᠠᠨ ᠲᠠᠢ ᠵᠦᠢᠯᠡᠰ ᠢ ᠲᠦᠷᠦᠯ ᠬᠤᠪᠢᠶᠠᠨ ᠡᠶᠡᠳᠡᠭᠦᠯᠬᠦ ᠂ ᠶᠠᠷᠰᠢᠭ ᠲᠦᠪᠡᠭᠲᠡᠢ ᠬᠡᠷᠡᠭ ᠢ ᠬᠠᠮᠲᠤᠷᠠᠨ ᠬᠠᠮᠢᠶᠠᠷᠴᠤ ᠡᠶᠡᠳᠡᠭᠦᠯᠬᠦ ᠶᠢ ᠵᠢᠭᠠᠵᠤ ᠪᠣᠢ ︔ ︽ᠡᠶᠡᠳᠡᠭᠦᠯᠦᠨ ᠰᠢᠢᠳᠪᠦᠷᠢᠯᠡᠬᠦ ︾ ᠭᠡᠳᠡᠭ ᠨᠢ ᠵᠠᠬᠢᠳᠠᠯ ᠰᠤᠷᠪᠤᠯᠵᠢᠯᠠᠯ ᠬᠢᠬᠦ ᠭᠡᠰᠡᠨ ᠣᠯᠠᠨ ᠲᠦᠮᠡᠨ ᠢ ᠲᠤᠬᠠᠢ ᠶᠢᠨ ᠭᠠᠵᠠᠷ ᠲᠤ ᠨᠢ ᠡᠶᠡᠳᠡᠭᠦᠯᠦᠨ ᠂ ᠵᠥᠷᠢᠴᠡᠯ ᠵᠢᠭᠤᠷᠠᠯᠳᠤᠭᠠᠨ ᠢ ᠲᠤᠬᠠᠢ ᠶᠢᠨ ᠭᠠᠵᠠᠷ ᠲᠤ ᠨᠢ ᠠᠷᠢᠯᠭᠠᠨ ᠰᠢᠢᠳᠪᠦᠷᠢᠯᠡᠵᠦ ᠂ ᠣᠯᠠᠨ ᠲᠦᠮᠡᠨ ᠢ ᠱᠠᠲᠤ ᠳᠠᠪᠠᠭᠤᠯᠤᠨ ᠰᠤᠷᠪᠤᠯᠵᠢᠯᠠᠯ ᠬᠢᠯᠭᠡᠬᠦ ᠦᠭᠡᠢ ᠂ ᠠᠰᠠᠭᠤᠳᠠᠯ ᠢ ᠬᠤᠰᠢᠭᠤᠨ ᠤ ᠬᠡᠪᠴᠢᠶ᠎ᠡ ᠠᠴᠠ ᠭᠠᠷᠭᠠᠬᠤ ᠦᠭᠡᠢ ᠂ ᠵᠥᠷᠢᠴᠡᠯ ᠢ ᠳᠡᠭᠡᠭᠰᠢ ᠲᠤᠰᠢᠶᠠᠬᠤ ᠦᠭᠡᠢ ᠪᠣᠯᠭᠠᠬᠤ ᠶᠢ ᠵᠢᠭᠠᠵᠤ ᠪᠣᠢ ᠃   ︽ᠵᠢᠷᠭᠤᠭᠠᠨ ᠥᠭᠦᠯᠡᠪᠦᠷᠢ ᠶᠢᠨ ᠪᠣᠳᠠᠲᠤ ᠶᠠᠪᠤᠳᠠᠯ ᠪᠠ ᠶᠣᠰᠣ ᠤᠴᠢᠷ ︾᠄ ᠥᠪᠥᠷ ᠮᠣᠩᠭᠤᠯ ᠣᠷᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠮᠤᠭ ᠤᠨ ᠡᠷᠲᠡ ᠨᠠᠮ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠤᠭᠰᠠᠨ ᠦᠨᠳᠦᠰᠦᠲᠡᠨ ᠤ ᠭᠠᠵᠠᠷ ᠣᠷᠣᠨ ᠪᠣᠯᠣᠨ᠎ᠠ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠭᠤᠳ ᠤᠳᠤᠷᠢᠳᠤᠯᠭ᠎ᠠ ᠳᠣᠣᠷ᠎ᠠ ᠪᠠᠶᠢᠭᠤᠯᠤᠭᠳᠠᠭᠰᠠᠨ ᠶᠤᠮ ᠂ ᠥᠪᠥᠷ ᠮᠣᠩᠭᠤᠯ ᠪᠣᠯ ᠨᠠᠮ ᠤᠨ ᠲᠥᠪ ᠬᠤᠷᠢᠶᠠᠨ ᠤ ᠳᠡᠮᠵᠢᠯᠭᠡ ᠳᠣᠣᠷ᠎ᠠ ᠬᠥᠭᠵᠢᠭᠰᠡᠨ ᠶᠤᠮ ᠂ ᠥᠪᠥᠷ ᠮᠣᠩᠭᠤᠯ ᠤᠨ ᠠᠵᠢᠯ ᠤᠨ ᠳᠤᠮᠳᠠ ᠢᠯᠡᠷᠡᠭᠰᠡᠨ ᠴᠢᠬᠤᠯᠠ ᠶᠡᠭᠡ ᠬᠡᠯᠪᠡᠷᠢᠯ ᠵᠥᠷᠢᠶ᠎ᠡ ᠶᠢ ᠴᠥᠮ ᠨᠠᠮ ᠤᠨ ᠲᠥᠪ ᠬᠤᠷᠢᠶ᠎ᠠ ᠠᠴᠠ ᠬᠠᠪᠰᠤᠷᠤᠨ ᠵᠠᠯᠠᠷᠠᠭᠤᠯᠤᠭᠰᠠᠨ ᠶᠤᠮ ᠂ ᠥᠪᠥᠷ ᠮᠣᠩᠭᠤᠯ ᠤᠨ ᠰᠢᠨ᠎ᠡ ᠴᠠᠭ ᠦᠶ᠎ᠡ ᠶᠢᠨ ᠬᠥᠭᠵᠢᠯᠲᠡ ᠶᠢᠨ ᠠᠮᠵᠢᠯᠲᠠ ᠪᠦᠲᠦᠮᠵᠢ ᠶᠢ ᠪᠣᠯ ᠶᠡᠷᠦᠩᠬᠡᠢ ᠱᠦᠵᠢ ᠰᠢ ᠶᠢᠨ ᠫᠢᠩ ᠤᠨ ᠳᠣᠲᠣᠨᠣ ᠬᠠᠯᠠᠮᠵᠢᠯᠠᠯ ᠪᠠ ᠵᠢᠯᠣᠭᠤᠳᠤᠯᠭ᠎ᠠ ᠳᠣᠣᠷ᠎ᠠ ᠣᠯᠣᠭᠰᠠᠨ ᠶᠤᠮ ᠂ ᠥᠪᠥᠷ ᠮᠣᠩᠭᠤᠯ ᠵᠢᠱᠢᠶᠡᠴᠢ ᠥᠪᠡᠷᠲᠡᠭᠡᠨ ᠵᠠᠰᠠᠬᠤ ᠣᠷᠣᠨ ᠪᠣᠯᠤᠭᠰᠠᠨ ᠤ ᠵᠢᠱᠢᠶᠡᠴᠢ ᠨᠢ ᠨᠠᠮ ᠤᠨ ᠦᠭᠡ ᠶᠢ ᠰᠣᠨᠣᠰᠤᠭᠰᠠᠨ ᠳᠤ ᠪᠣᠢ ᠃   ︽ᠳᠤᠯᠤᠭᠠᠨ ᠲᠠᠯ᠎ᠠ ᠪᠠᠷ ᠵᠢᠱᠢᠶᠡᠴᠢ ᠪᠣᠯᠬᠤ ︾᠄ ᠨᠠᠮ ᠤᠨ ᠠᠴᠢ ᠳᠤ ᠲᠠᠯᠠᠷᠬᠠᠨ ᠨᠠᠮ ᠤᠨ ᠦᠭᠡ ᠶᠢ ᠰᠣᠨᠣᠰᠴᠤ ᠂ ᠶᠡᠷᠦᠩᠬᠡᠢ ᠱᠦᠵᠢ ᠰᠢ ᠶᠢᠨ ᠫᠢᠩ ᠢ ᠳᠠᠭᠠᠵᠤ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠲᠠᠯ᠎ᠠ ᠪᠠᠷ ᠵᠢᠱᠢᠶᠡᠴᠢ ᠪᠣᠯᠬᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠠᠯ᠎ᠠ ᠪᠠᠷ ᠵᠢᠱᠢᠶᠡᠴᠢ ᠪᠣᠯᠬᠤ ᠂ ᠦᠨᠳᠦᠰᠦᠲᠡᠨ ᠤ ᠭᠠᠵᠠᠷ ᠣᠷᠣᠨ ᠳᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤᠮᠳᠠ ᠵᠢᠱᠢᠶᠡᠴᠢ ᠪᠣᠯᠬᠤ ᠂ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ ᠬᠠᠮᠲᠤ ᠪᠠᠷ ᠪᠠᠶᠠᠵᠢᠬᠤ ᠵᠠᠮ ᠢᠶᠠᠷ ᠵᠠᠮᠨᠠᠬᠤ ᠲᠠᠯ᠎ᠠ ᠪᠠᠷ ᠵᠢᠱᠢᠶᠡᠴᠢ ᠪᠣᠯᠬᠤ ᠂ ᠬᠢᠯᠢ ᠬᠢᠵᠠᠭᠠᠷ ᠢ ᠬᠥᠭᠵᠢᠭᠦᠯᠵᠦ ᠬᠢᠯᠢ ᠬᠢᠵᠠᠭᠠᠷ ᠢ ᠲᠣᠭᠲᠠᠪᠤᠷᠢᠵᠢᠭᠤᠯᠤᠨ ᠬᠢᠯᠢ ᠬᠢᠵᠠᠭᠠᠷ ᠢ ᠪᠠᠬᠢᠵᠢᠭᠦᠯᠬᠦ ᠲᠠᠯ᠎ᠠ ᠪᠠᠷ ᠵᠢᠱᠢᠶᠡᠴᠢ ᠪᠣᠯᠬᠤ ᠂ ᠬᠢᠯᠢ ᠬᠢᠵᠠᠭᠠᠷ ᠤᠨ ᠭᠠᠵᠠᠷ ᠣᠷᠣᠨ ᠤ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢ ᠬᠤᠯᠪᠤᠭᠠᠯᠠᠨ ᠨᠡᠪᠲᠡᠷᠡᠯᠴᠡᠭᠦᠯᠬᠦ ᠲᠠᠯ᠎ᠠ ᠪᠠᠷ ᠵᠢᠱᠢᠶᠡᠴᠢ ᠪᠣᠯᠬᠤ ᠂ ᠰᠢᠨ᠎ᠡ ᠰᠤᠷᠲᠠᠯ ᠲᠥᠪ ᠰᠤᠷᠲᠠᠯ ᠢ ᠪᠠᠳᠠᠷᠠᠭᠤᠯᠬᠤ ᠲᠠᠯ᠎ᠠ ᠪᠠᠷ ᠵᠢᠱᠢᠶᠡᠴᠢ ᠪᠣᠯᠬᠤ ᠶᠢ ᠵᠢᠭᠠᠵᠤ ᠪᠤᠢ ᠃   
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号