ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ 2023 ᠣᠨ ᠤ ᠳᠠᠭᠠᠳᠬᠠᠯ ᠤᠨ ᠮᠡᠬᠡᠯᠡᠯ ᠳᠤ ᠴᠣᠬᠢᠯᠲᠠ ᠥᠭᠬᠦ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠪᠠᠶᠢᠳᠠᠯ ᠤᠨ ᠲᠤᠬᠠᠶ ᠮᠡᠳᠡᠭᠡᠯᠡᠯ
ᠨᠡᠶᠢᠲᠡᠯᠡᠭᠰᠡᠨ ᠴᠠᠭ᠄
2024/3/1
ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠯ᠎ᠡ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠴᠡᠭ ᠲᠤ᠄  ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠡᠮᠴᠢᠯᠡᠭᠡ ᠶᠢᠨ ᠪᠠᠲᠤᠯᠠᠭ᠎ᠠ ᠶᠢᠨ ᠬᠦᠷᠢᠶᠡᠨ ᠳᠠᠬᠢ ᠳᠠᠭᠠᠳᠬᠠᠯ ᠢ ᠮᠡᠬᠡᠯᠡᠬᠦ ᠠᠵᠢᠯᠯᠠᠭ᠎ᠠ ᠳᠤ ᠦᠷᠭᠦᠯᠵᠢᠯᠡᠨ ᠴᠣᠬᠢᠯᠲᠠ ᠥᠭᠴᠦ᠂ ᠰᠠᠭᠤᠷᠢ ᠮᠥᠩᠭᠦ ᠶᠢᠨ ᠡᠵᠡᠩᠨᠡᠯᠲᠡ ᠶᠢᠨ ᠡᠮᠬᠢ ᠳᠢᠭᠯᠢᠮ ᠢ ᠵᠢᠷᠤᠮᠵᠢᠭᠤᠯᠤᠨ᠂ ᠰᠠᠭᠤᠷᠢ ᠮᠥᠩᠭᠦ ᠶᠢᠨ ᠠᠮᠤᠷ ᠲᠦᠪᠰᠢᠨ ᠢ ᠬᠠᠮᠠᠭᠠᠯᠠᠬᠤ ᠶᠢᠨ ᠲᠤᠰᠠᠳᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ︿2023 ᠣᠨ ᠤ ᠡᠮᠴᠢᠯᠡᠭᠡ ᠶᠢᠨ ᠳᠠᠭᠠᠳᠬᠠᠯ ᠤᠨ ᠬᠦᠷᠢᠶᠡᠨ ᠳᠠᠬᠢ ᠳᠠᠭᠠᠳᠬᠠᠯ ᠤᠨ ᠮᠡᠬᠡᠯᠡᠯ ᠳᠤ ᠴᠣᠬᠢᠯᠲᠠ ᠥᠭᠬᠦ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠲᠥᠰᠦᠯ﹀ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠥᠪᠥᠷ ᠡᠮᠴᠢᠯᠡᠭᠡ ᠪᠠᠳᠤᠯᠠᠭ᠎ᠠ ᠲᠠᠷᠬᠠᠭᠠᠭᠰᠠᠨ ﹇2023﹈ 7 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠮᠠᠨ ᠤ ᠲᠥᠪ 2023 ᠣᠨ ᠤ 8 ᠳ᠋ᠤᠭᠠᠷ ᠰᠠᠷ᠎ᠠ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ 2023 ᠣᠨ ᠤ ᠡᠮᠴᠢᠯᠡᠭᠡ ᠶᠢᠨ ᠳᠠᠭᠠᠳᠬᠠᠯ ᠤᠨ ᠬᠦᠷᠢᠶᠡᠨ ᠳᠠᠬᠢ ᠳᠠᠭᠠᠳᠬᠠᠯ ᠤᠨ ᠮᠡᠬᠡᠯᠡᠯ ᠳᠤ ᠴᠣᠬᠢᠯᠲᠠ ᠥᠭᠬᠦ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠪᠠᠶᠢᠴᠠᠭᠠᠯᠲᠠ ᠶᠢᠨ ᠠᠵᠢᠯ ᠢ ᠥᠷᠨᠢᠭᠦᠯᠪᠡ᠃ ᠡᠳᠦᠭᠡ ᠪᠠᠶᠢᠴᠠᠭᠠᠭᠰᠠᠨ ᠪᠠᠶᠢᠳᠠᠯ ᠢᠶᠠᠨ ᠳᠣᠤᠷᠠᠬᠢ ᠮᠡᠲᠦ ᠮᠡᠳᠡᠭᠳᠡᠶ᠎ᠡ᠄  ᠨᠢᠭᠡ᠂ ᠪᠠᠶᠢᠴᠠᠭᠠᠭᠰᠠᠨ ᠪᠠᠶᠢᠳᠠᠯ  2765 ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠴᠡᠭ ᠢ ᠪᠠᠶᠢᠴᠠᠭᠠᠵᠤ᠂ 959 ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠴᠡᠭ ᠤᠨ ᠲᠣᠭᠲᠠᠭᠠᠯ ᠠᠴᠠ ᠵᠥᠷᠢᠴᠡᠭᠰᠡᠨ ᠵᠠᠷᠤᠳᠠᠯ 1010033.8 ᠲᠥᠭᠦᠷᠢᠭ ᠢ ᠪᠠᠶᠢᠴᠠᠭᠠᠪᠠ᠃ ᠥᠪᠡᠷ ᠢᠶᠠᠨ ᠪᠠᠶᠢᠴᠠᠭᠠᠵᠤ ᠥᠪᠡᠷ ᠢᠶᠠᠨ ᠵᠠᠯᠠᠷᠠᠭᠤᠯᠬᠤ ᠱᠠᠲᠤᠨ ᠳᠤ ᠨᠡᠶᠢᠲᠡ 2380 ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠴᠡᠭ ᠥᠪᠡᠷ ᠢᠶᠠᠨ ᠪᠠᠶᠢᠴᠠᠭᠠᠭᠰᠠᠨ ᠮᠡᠳᠡᠭᠦᠯᠦᠯᠲᠡ ᠪᠠᠨ ᠳᠡᠭᠡᠭᠰᠢ ᠮᠡᠳᠡᠭᠦᠯᠪᠡ᠂ ᠡᠭᠦᠨ ᠳᠤ 863 ᠲᠤᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠴᠡᠭ ᠤᠨ ᠲᠣᠭᠲᠠᠭᠠᠯ ᠠᠴᠠ ᠵᠥᠷᠢᠴᠡᠭᠰᠡᠨ ᠵᠠᠷᠤᠳᠠᠯ 432613.74 ᠲᠥᠭᠦᠷᠢᠭ ᠲᠤ ᠬᠤᠯᠪᠣᠭᠳᠠᠵᠠᠢ︔ ᠲᠥᠪᠯᠡᠷᠡᠭᠦᠯᠦᠨ ᠳᠠᠬᠢᠨ ᠪᠠᠶᠢᠴᠠᠭᠠᠬᠤ ᠱᠠᠲᠤᠨ ᠳᠤ ᠨᠡᠶᠢᠲᠡ 385 ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠴᠡᠭ ᠢ ᠪᠠᠶᠢᠴᠠᠭᠠᠵᠤ᠂ ᠡᠭᠦᠨ ᠳᠤ 94 ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠴᠡᠭ ᠤᠨ ᠲᠣᠭᠲᠠᠭᠠᠯ ᠢ ᠵᠥᠷᠢᠴᠡᠭᠰᠡᠨ ᠵᠠᠷᠤᠳᠠᠯ 140731.84 ᠲᠥᠭᠦᠷᠢᠭ ᠲᠤ ᠬᠤᠯᠪᠣᠭᠳᠠᠵᠠᠢ︔ ᠠᠰᠠᠭᠤᠳᠠᠯ ᠤᠨ ᠰᠦᠪᠡᠭᠴᠢ ᠶᠢ ᠢᠯᠡᠴᠢᠯᠡᠨ ᠮᠡᠳᠡᠭᠦᠯᠵᠦ ᠬᠠᠷᠭᠤᠭᠤᠯᠤᠨ ᠪᠠᠶᠢᠴᠠᠭᠠᠭᠰᠠᠨ ᠤ ᠳ᠋ᠦᠩ ᠳᠤ 2 ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠴᠡᠭ ᠲᠤ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠣᠷᠣᠰᠢᠵᠤ᠂ ᠲᠣᠭᠲᠠᠭᠠᠯ ᠠᠴᠠ ᠵᠥᠷᠢᠴᠡᠭᠰᠡᠨ ᠵᠠᠷᠤᠳᠠᠯ 436688.22 ᠲᠥᠭᠦᠷᠢᠭ ᠲᠤ ᠬᠤᠯᠪᠣᠭᠳᠠᠭᠰᠠᠨ ᠢ ᠣᠯᠵᠤ ᠮᠠᠲᠠᠵᠠᠢ᠃  ︵ᠨᠢᠭᠡ︶ ᠥᠪᠡᠷ ᠢᠶᠠᠨ ᠪᠠᠶᠢᠴᠠᠭᠠᠵᠤ ᠥᠪᠡᠷ ᠢᠶᠠᠨ ᠵᠠᠯᠠᠷᠠᠭᠤᠯᠤᠭᠰᠠᠨ ᠱᠠᠲᠤᠨ ᠤ ᠪᠠᠶᠢᠳᠠᠯ  2023 ᠣᠨ ᠤ 8 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ 802 ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠴᠡᠭ᠂ 1578 ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠥᠪᠡᠷ ᠢᠶᠠᠨ ᠪᠠᠶᠢᠴᠠᠭᠠᠭᠰᠠᠨ ᠮᠡᠳᠡᠭᠦᠯᠦᠯᠲᠡ ᠪᠠᠨ ᠳᠡᠭᠡᠭᠰᠢ ᠮᠡᠳᠡᠭᠦᠯᠵᠦ᠂ ᠥᠪᠡᠷ ᠢᠶᠠᠨ ᠪᠠᠶᠢᠴᠠᠭᠠᠭᠰᠠᠨ ᠦᠷ᠎ᠡ ᠳ᠋ᠦᠩ ᠤᠨ ᠪᠦᠷᠢᠳᠬᠡᠯ ᠢ ᠦᠨᠳᠦᠰᠦᠯᠡᠨ᠂ 248 ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠴᠡᠭ ᠤᠨ ᠲᠣᠭᠲᠠᠭᠠᠯ ᠠᠴᠠ ᠵᠥᠷᠢᠴᠡᠭᠰᠡᠨ 216690.79 ᠲᠥᠭᠦᠷᠢᠭ ᠲᠤ ᠬᠤᠯᠪᠤᠭᠳᠠᠵᠠᠢ᠂ 615 ᠲᠣᠭᠲᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠴᠡᠭ ᠤᠨ ᠲᠣᠭᠲᠠᠭᠠᠯ ᠠᠴᠠ ᠵᠥᠷᠢᠴᠡᠭᠰᠡᠨ ᠵᠠᠷᠤᠳᠠᠯ 215922.95 ᠲᠥᠭᠦᠷᠢᠭ ᠲᠤ ᠬᠤᠯᠪᠣᠭᠳᠠᠵᠠᠢ᠃  ︵ᠬᠤᠶᠠᠷ︶ ᠲᠦᠪᠯᠡᠷᠡᠭᠦᠯᠦᠨ ᠳᠠᠪᠲᠠᠨ ᠪᠠᠶᠢᠴᠠᠭᠠᠭᠰᠠᠨ ᠱᠠᠲᠣᠨ ᠤ ᠪᠠᠶᠢᠳᠠᠯ  2023 ᠣᠨ ᠤ 9 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ 117 ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠴᠡᠭ᠂ 268 ᠲᠣᠭᠲᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠴᠡᠭ ᠲᠤ ᠲᠤᠰᠬᠠᠶ ᠵᠦᠢᠯ ᠤᠨ ᠲᠥᠪᠯᠡᠷᠡᠭᠦᠯᠦᠨ ᠳᠠᠬᠢᠨ ᠪᠠᠶᠢᠴᠠᠭᠠᠬᠤ ᠠᠵᠢᠯ ᠢ ᠥᠷᠨᠢᠭᠦᠯᠪᠡ᠃ ᠪᠠᠶᠢᠴᠠᠭᠠᠨ ᠲᠤᠲᠤᠯᠠᠭᠰᠠᠨ ᠢᠶᠠᠷ᠂ 28 ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠴᠡᠭ ᠲᠤ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠣᠷᠣᠰᠢᠵᠤ᠂ ᠡᠭᠦᠨ ᠳᠤ 6 ᠨᠢᠭᠡᠴᠢ ᠶᠢᠨ ᠲᠣᠭᠲᠠᠭᠠᠯ ᠠᠴᠠ ᠵᠥᠷᠢᠴᠡᠭᠰᠡᠨ ᠵᠠᠷᠤᠳᠠᠯ 55283.45 ᠲᠥᠭᠦᠷᠢᠭ ᠪᠣᠯᠣᠨ᠎ᠠ᠂ 88 ᠲᠣᠭᠲᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠴᠡᠭ ᠲᠤ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠣᠷᠤᠰᠢᠵᠤ᠂ ᠲᠣᠭᠲᠠᠭᠠᠯ ᠠᠴᠠ ᠵᠥᠷᠢᠴᠡᠭᠰᠡᠨ ᠵᠠᠷᠤᠳᠠᠯ 85448.39 ᠲᠥᠭᠦᠷᠢᠭ ᠪᠣᠯᠣᠨ᠎ᠠ᠃  ︵ᠭᠤᠷᠪᠠ︶ ᠠᠰᠠᠭᠤᠳᠠᠯ ᠤᠨ ᠰᠦᠪᠡᠭᠴᠢ ᠶᠢ ᠢᠯᠡᠴᠢᠯᠡᠨ ᠮᠡᠳᠡᠭᠦᠯᠵᠦ ᠬᠢᠨᠠᠨ ᠪᠠᠶᠢᠴᠠᠭᠠᠭᠰᠠᠨ ᠪᠠᠶᠢᠳᠠᠯ  1. ᠬᠥᠬᠡᠬᠤᠲᠠ ᠶᠢᠨ ᠵᠦᠩ ᠠᠨ ᠡᠮᠨᠡᠯᠭᠡ ᠶᠢᠨ ᠬᠤᠷᠢᠶ᠎ᠠ᠃ ᠲᠣᠰ ᠡᠮᠨᠡᠯᠭᠡ ᠶᠢᠨ ᠬᠤᠷᠢᠶᠠᠨ ᠤ 2023 ᠣᠨ ᠤ ᠪᠥᠬᠦ ᠵᠢᠯ ᠤᠨ ᠡᠮᠨᠡᠯᠭᠡ ᠳᠤ ᠰᠠᠭᠤᠭᠰᠠᠨ ᠵᠢᠴᠢ ᠡᠭᠦᠳᠡᠨ ᠡᠮᠨᠡᠯᠭᠡ ᠶᠢᠨ ᠳ᠋ᠦᠩᠨᠡᠨ ᠪᠤᠳᠤᠭᠰᠠᠨ ᠲᠤᠭ᠎ᠠ ᠪᠠᠷᠢᠮᠲᠠ ᠳᠤ ᠬᠢᠨᠠᠨ ᠪᠠᠶᠢᠴᠠᠭᠠᠯᠲᠠ ᠬᠢᠵᠦ᠂ ᠲᠣᠰ ᠡᠮᠨᠡᠯᠭᠡ ᠶᠢᠨ ᠬᠤᠷᠢᠶ᠎ᠠ ᠳᠤ ᠣᠷᠣ ᠡᠯᠭᠦᠵᠦ ᠡᠮᠨᠡᠯᠭᠡ ᠳᠤ ᠰᠠᠭᠤᠬᠤ᠂ ᠳᠣᠤᠷ᠎ᠠ ᠪᠠᠷᠢᠮᠵᠢᠶ᠎ᠠ ᠪᠠᠷ ᠡᠮᠨᠡᠯᠭᠡ ᠳᠤ ᠰᠠᠭᠤᠬᠤ᠂ ᠣᠯᠠᠨ ᠰᠦᠢᠳᠬᠡᠯ ᠬᠤᠷᠢᠶᠠᠬᠤ᠂ ᠬᠡᠲᠦᠷᠡᠲᠡᠯ᠎ᠡ ᠡᠮᠨᠡᠨ ᠵᠠᠰᠠᠬᠤ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠣᠷᠣᠰᠢᠵᠤ ᠪᠠᠶᠢᠬᠤ ᠶᠢ ᠪᠠᠶᠢᠴᠠᠭᠠᠨ ᠳᠣᠲᠣᠯᠠᠵᠤ᠂ ᠨᠡᠶᠢᠲᠡ 671495 ᠲᠥᠭᠦᠷᠢᠭ ᠤᠨ ᠲᠣᠭᠲᠠᠭᠠᠯ ᠠᠴᠠ ᠵᠥᠷᠢᠴᠡᠭᠰᠡᠨ ᠵᠠᠷᠤᠳᠠᠯ ᠳᠤ       ᠬᠤᠯᠪᠣᠭᠳᠠᠵᠠᠢ᠂ ᠡᠭᠦᠨ ᠳᠤ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠲᠣᠭᠲᠠᠭᠠᠯ ᠠᠴᠠ ᠵᠥᠷᠢᠴᠡᠭᠰᠡᠨ ᠵᠠᠷᠤᠳᠠᠯ 144532.82 ᠲᠥᠭᠦᠷᠢᠭ ᠲᠤ ᠬᠦᠷᠴᠦ᠂ ᠬᠥᠬᠡᠬᠤᠲᠠ ᠵᠢᠴᠢ ᠣᠨᠳᠣᠤ ᠭᠠᠵᠠᠷ ᠲᠤ ᠡᠮᠨᠡᠭᠦᠯᠦᠭᠰᠡᠨ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠨᠢᠭᠡᠨᠲᠡ ᠥᠪᠡᠷᠲᠡᠭᠡᠨ ᠵᠠᠰᠠᠬᠤ ᠣᠷᠣᠨ ᠤ ᠣᠨᠳᠣᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠳ᠋ᠦᠩᠨᠡᠨ ᠪᠤᠳᠤᠬᠤ ᠲᠥᠪ᠂ ᠬᠥᠬᠡᠬᠤᠲᠠ ᠶᠢᠨ ᠡᠮᠴᠢᠯᠡᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ ᠲᠣᠭᠲᠠᠭᠠᠯ ᠶᠣᠰᠣᠭᠠᠷ ᠰᠢᠢᠳᠪᠦᠷᠢᠯᠡᠪᠡ᠃  2. ᠬᠥᠬᠡᠬᠤᠲᠠ ᠶᠢᠨ ᠳ᠋ᠠ ᠴᠤᠸᠠᠨ ᠰᠢᠳᠦᠨ ᠰᠠᠯᠠᠭᠠᠨ ᠤ ᠡᠮᠨᠡᠯᠭᠡ ᠶᠢᠨ ᠬᠤᠷᠢᠶ᠎ᠠ᠃ ᠲᠣᠰ ᠡᠮᠨᠡᠯᠭᠡ ᠶᠢᠨ ᠬᠤᠷᠢᠶᠠᠨ ᠤ 2022 ᠣᠨ ᠤ 10 ᠳ᠋ᠤᠭᠠᠷ ᠰᠠᠷ᠎ᠠ ᠶᠢᠨ 1 ᠤ ᠡᠳᠦᠷ ᠠᠴᠠ 2023 ᠣᠨ ᠤ 9 ᠳ᠋ᠦ᠋ᠭᠡᠷ ᠰᠠᠷ᠎ᠠ ᠶᠢᠨ 7 ᠤ ᠡᠳᠦᠷ ᠪᠣᠯᠲᠠᠯᠠᠬᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠳᠠᠭᠠᠳᠬᠠᠯ ᠳᠤ ᠣᠷᠣᠯᠴᠠᠭᠰᠠᠳ ᠤᠨ ᠡᠪᠡᠳᠴᠢᠨ ᠦᠵᠡᠭᠦᠯᠦᠭᠰᠡᠨ ᠪᠠᠶᠢᠳᠠᠯ ᠢ ᠪᠥᠬᠦ ᠲᠠᠯ᠎ᠠ ᠪᠠᠷ ᠬᠠᠷᠭᠤᠭᠤᠯᠤᠨ ᠪᠠᠶᠢᠴᠠᠭᠠᠵᠤ᠂ ᠲᠣᠰ ᠡᠮᠨᠡᠯᠭᠡ ᠶᠢᠨ ᠬᠤᠷᠢᠶ᠎ᠠ ᠳᠤ ᠪᠠᠶᠢᠴᠠᠭᠠᠭᠰᠠᠨ ᠲᠡᠮᠳᠡᠭᠯᠡᠯ ᠤᠨ ᠬᠠᠭᠤᠳᠠᠰᠤ ᠪᠠ ᠵᠣᠷ ᠵᠡᠷᠭᠡ ᠡᠪᠡᠳᠴᠢᠨ ᠦᠵᠡᠭᠦᠯᠦᠭᠰᠡᠨ ᠮᠠᠲ᠋ᠧᠷᠢᠶᠠᠯ᠂ ᠬᠡᠯᠬᠢᠶᠡᠵᠢᠭᠦᠯᠦᠨ ᠣᠨᠣᠰᠢᠯᠠᠨ ᠡᠮᠨᠡᠭᠰᠡᠨ ᠲᠥᠷᠥᠯ ᠵᠦᠢᠯ᠂ ᠵᠠᠳᠠᠯᠤᠭᠰᠠᠨ ᠰᠦᠢᠳᠬᠡᠯ ᠬᠤᠷᠢᠶᠠᠬᠤ᠂ ᠦᠨᠡᠨ ᠨᠡᠷ᠎ᠡ ᠪᠠᠷ ᠡᠪᠡᠳᠴᠢᠨ ᠦᠵᠡᠭᠦᠯᠦᠭᠰᠡᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠳᠣᠲᠣᠯᠠᠵᠤ᠂ ᠲᠣᠭᠲᠠᠭᠠᠯ ᠠᠴᠠ ᠵᠥᠷᠢᠴᠡᠭᠰᠡᠨ ᠨᠡᠶᠢᠲᠡ 292155.4 ᠲᠥᠭᠦᠷᠢᠭ ᠬᠤᠯᠪᠣᠭᠳᠠᠭᠰᠠᠨ ᠪᠠᠶᠢᠨ᠎ᠠ᠃  ᠬᠤᠶᠠᠷ᠂ ᠰᠢᠢᠳᠪᠦᠷᠢᠯᠡᠬᠦ ᠦᠨᠳᠦᠰᠦᠯᠡᠯ ᠵᠢᠴᠢ ᠦᠷ᠎ᠡ ᠳ᠋ᠦᠩ  ︽ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ 2023 ᠣᠨ ᠤ ᠳᠠᠭᠠᠳᠬᠠᠯ ᠤᠨ ᠮᠡᠬᠡᠯᠡᠯ ᠳᠤ ᠴᠣᠬᠢᠯᠲᠠ ᠥᠭᠬᠦ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠬᠦ ᠲᠤᠬᠠᠶ ᠮᠡᠳᠡᠭᠳᠡᠯ︾ ︵ᠥᠪᠥᠷ ᠡᠮᠴᠢᠯᠡᠭᠡ ᠳᠠᠭᠠᠳᠬᠠᠯ ᠠᠯᠪᠠᠨ ᠥᠰᠥᠭ ﹇ 2023﹈ 35 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠬᠤᠲᠠ ᠪᠠᠯᠭᠠᠰᠤ ᠶᠢᠨ ᠠᠵᠢᠯᠲᠠᠨ ᠠᠵᠢᠯᠴᠢᠨ ᠤ ᠡᠮᠴᠢᠯᠡᠭᠡ ᠶᠢᠨ ᠪᠠᠲᠤᠯᠠᠭ᠎ᠠ ᠶᠢᠨ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠴᠡᠭ ᠤᠨ ᠦᠢᠯᠡᠴᠢᠯᠡᠭᠡᠨ ᠤ ᠬᠡᠯᠡᠯᠴᠡᠭᠡᠷ︾ ᠢ ᠦᠨᠳᠦᠰᠦᠯᠡᠨ᠂ ᠲᠣᠭᠲᠠᠭᠠᠯ ᠠᠴᠠ ᠵᠥᠷᠢᠴᠡᠭᠰᠡᠨ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠴᠡᠭ ᠢ ᠰᠢᠢᠳᠪᠦᠷᠢᠯᠡᠪᠡ᠃  ︵ᠨᠢᠭᠡ︶ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠴᠡᠭ  1. ᠲᠣᠭᠲᠠᠭᠠᠯ ᠠᠴᠠ ᠵᠥᠷᠢᠴᠡᠭᠰᠡᠨ ᠵᠠᠷᠤᠳᠠᠯ ᠢ ᠨᠡᠬᠡᠮᠵᠢᠯᠡᠨ ᠠᠪᠴᠢᠷᠠᠭᠰᠠᠨ  252 ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠴᠡᠭ ᠲᠤ ᠲᠣᠭᠲᠠᠭᠠᠯ ᠠᠴᠠ ᠵᠥᠷᠢᠴᠡᠭᠰᠡᠨ 363643.21 ᠲᠥᠭᠦᠷᠢᠭ ᠤᠨ ᠵᠠᠷᠤᠳᠠᠯ ᠢ ᠨᠡᠬᠡᠮᠵᠢᠯᠡᠨ ᠠᠪᠴᠢᠷᠠᠪᠠ᠃  2. ᠪᠣᠯᠵᠣᠨ ᠶᠠᠷᠢᠯᠴᠠᠭᠰᠠᠨ᠂ ᠰᠡᠷᠡᠮᠵᠢᠯᠡᠭᠦᠯᠦᠭᠰᠡᠨ  ᠰᠠᠶᠢᠬᠠᠨ ᠲᠣᠭᠤᠷᠢᠭ ᠤᠨ ᠰᠠᠶᠢᠨᠬᠤᠸᠠᠷ ᠮᠣᠩᠭᠤᠯ ᠡᠮᠨᠡᠯᠭᠡ ᠶᠢᠨ ᠡᠮᠴᠢᠯᠡᠭᠡᠨ ᠤ ᠦᠢᠯᠡᠴᠢᠯᠡᠭᠡᠨ ᠤ ᠭᠠᠵᠠᠷ᠂ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠠᠵᠢᠯᠴᠢᠨ ᠲᠠᠷᠢᠶᠠᠴᠢᠨ ᠴᠡᠷᠢᠭ ᠵᠠᠮ ᠤᠨ ᠴᠢᠶᠣᠣ ᠸᠧᠢ ᠬᠢᠲᠠᠳ ᠡᠮᠴᠢᠯᠡᠭᠡᠨ ᠤ ᠭᠠᠵᠠᠷ᠂ ᠥᠪᠥᠷ ᠮᠣᠩᠭᠤᠯ ᠤᠨ ᠡᠦ ᠮᠢᠩ ᠭᠦᠸᠧ ᠢ ᠲᠠᠩ ᠶᠠᠷᠦᠩᠬᠡᠶᠢᠯᠡᠭᠰᠡᠨ ᠡᠭᠦᠳᠡᠨ ᠡᠮᠨᠡᠯᠭᠡ ᠶᠢᠨ ᠭᠠᠵᠠᠷ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠬᠤᠸᠠ ᠬᠠᠨ ᠲᠠᠩ ᠬᠢᠲᠠᠳ ᠡᠮᠨᠡᠯᠭᠡ ᠶᠢᠨ ᠣᠨᠣᠰᠢᠯᠠᠨ ᠡᠮᠨᠡᠬᠦ ᠬᠢᠵᠠᠭᠠᠷᠲᠤ ᠺᠣᠮᠫᠠᠨᠢ᠂ ᠬᠥᠬᠡᠬᠤᠲᠠ ᠶᠢᠨ ᠰᠠᠶᠢᠬᠠᠨ ᠲᠣᠭᠤᠷᠢᠭ ᠤᠨ ᠵᠣᠣ ᠤᠳᠠ ᠵᠠᠮ ᠤᠨ ᠬᠡᠷᠡᠭ ᠡᠷᠬᠢᠯᠡᠬᠦ ᠭᠠᠵᠠᠷ ᠤᠨ ᠯᠢᠶᠠᠨ ᠬᠤᠸᠠ ᠰᠠᠭᠤᠭᠠᠯᠢ ᠠᠷᠠᠳ ᠤᠨ ᠵᠥᠪᠯᠡᠯ ᠤᠨ ᠨᠡᠶᠢᠭᠡᠮ ᠲᠤᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠥᠷᠲᠡᠭᠡ᠂ ᠰᠠᠶᠢᠬᠠᠨ ᠲᠣᠭᠤᠷᠢᠭ ᠤᠨ ᠴᠧᠨ ᠰᠢᠤ ᠷᠦᠩ ᠮᠣᠩᠭᠤᠯ ᠡᠮᠨᠡᠯᠭᠡ ᠶᠢᠨ ᠡᠮᠴᠢᠯᠡᠭᠡᠨ ᠤ ᠭᠠᠵᠠᠷ᠂ ᠬᠥᠬᠡᠬᠤᠲᠠ ᠶᠢᠨ ᠰᠠᠶᠢᠬᠠᠨ ᠲᠣᠭᠤᠷᠢᠭ ᠤᠨ ᠵᠣᠣ ᠤᠳᠠ ᠡᠮᠦᠨ᠎ᠡ ᠵᠠᠮ ᠤᠨ ᠬᠡᠷᠡᠭ ᠡᠷᠬᠢᠯᠡᠬᠦ ᠭᠠᠵᠠᠷ ᠤᠨ ᠾᠧᠩ ᠳ᠋ᠠ ᠰᠠᠭᠤᠭᠠᠯᠢ ᠠᠷᠠᠳ ᠤᠨ ᠵᠥᠪᠯᠡᠯ ᠤᠨ ᠨᠡᠶᠢᠭᠡᠮ ᠲᠤᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠥᠷᠲᠡᠭᠡ᠂ ᠬᠤᠲᠣᠩ ᠠᠷᠠᠳ ᠤᠨ ᠲᠤᠭᠤᠷᠢᠭ ᠤᠨ ᠬᠤᠸᠠᠨ ᠾᠧ ᠵᠠᠮ ᠤᠨ ᠬᠡᠷᠡᠭ ᠡᠷᠬᠢᠯᠡᠬᠦ ᠭᠠᠵᠠᠷ ᠤᠨ ᠰᠢᠨᠬᠤᠸᠠ ᠡᠮᠦᠨ᠎ᠡ ᠵᠡᠭᠡᠯᠢ ᠶᠢᠨ ᠰᠠᠭᠤᠭᠠᠯᠢ ᠠᠷᠠᠳ ᠤᠨ ᠵᠥᠪᠯᠡᠯ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠥᠷᠲᠡᠭᠡ᠂ ᠰᠢᠨ᠎ᠡ ᠬᠤᠲᠠ ᠲᠣᠭᠤᠷᠢᠭ ᠤᠨ ᠰᠢᠦᠢ ᠺᠠᠢ ᠡᠸᠦ᠋ᠷᠣᠫᠠ ᠡᠮᠨᠡᠯᠭᠡ ᠶᠢᠨ ᠡᠮᠴᠢᠯᠡᠭᠡᠨ ᠤ ᠭᠠᠵᠠᠷ᠂ ᠰᠠᠶᠢᠬᠠᠨ ᠲᠤᠭᠤᠷᠢᠭ ᠤᠨ ᠸᠠᠩ ᠳ᠋ᠠ ᠲᠢᠶᠠᠨ ᠬᠢᠲᠠᠳ ᠡᠮᠨᠡᠯᠭᠡ ᠶᠢᠨ ᠡᠮᠴᠢᠯᠡᠭᠡᠨ ᠤ ᠭᠠᠵᠠᠷ᠂ ᠬᠥᠬᠡᠬᠤᠲᠠ ᠶᠢᠨ ᠰᠠᠶᠢᠬᠠᠨ ᠲᠣᠭᠤᠷᠢᠭ ᠤᠨ ᠵᠣᠣ ᠤᠳᠠ ᠡᠮᠦᠨ᠎ᠡ ᠵᠠᠮ ᠤᠨ ᠬᠡᠷᠡᠭ ᠡᠷᠬᠢᠯᠡᠬᠦ ᠭᠠᠵᠠᠷ ᠤᠨ ᠦᠨᠢᠷ ᠰᠠᠭᠤᠭᠠᠯᠢ ᠠᠷᠠᠳ ᠤᠨ ᠵᠥᠪᠯᠡᠯ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ       ᠥᠷᠲᠡᠭᠡ᠂ ᠰᠢᠨ᠎ᠡ ᠬᠤᠲᠠ ᠲᠣᠭᠤᠷᠢᠭ ᠤᠨ ᠹᠠᠨ ᠶᠦᠨ ᠬᠦᠶ ᠧᠦ᠋ᠷᠣᠫᠠ ᠡᠮᠨᠡᠯᠭᠡ ᠶᠢᠨ ᠡᠮᠴᠢᠯᠡᠭᠡᠨ ᠤ ᠭᠠᠵᠠᠷ᠂ ᠰᠢᠨ᠎ᠡ ᠬᠤᠲᠠ ᠲᠣᠭᠤᠷᠢᠭ ᠤᠨ ᠯᠢᠦ ᠪᠦ᠋ ᠬᠤᠸᠠ ᠬᠢᠲᠠᠳ ᠡᠮᠨᠡᠯᠭᠡ ᠶᠢᠨ ᠡᠮᠴᠢᠯᠡᠭᠡᠨ ᠤ ᠭᠠᠵᠠᠷ᠂ ᠰᠢᠨ᠎ᠡ ᠬᠤᠲᠠ ᠲᠤᠭᠤᠷᠢᠭ ᠤᠨ ᠳᠠᠶᠢᠴᠢᠨ ᠠᠮᠠᠨ ᠬᠥᠨᠳᠡᠶ ᠶᠢᠨ ᠡᠭᠦᠳᠡᠨ ᠡᠮᠨᠡᠯᠭᠡ᠂ ᠰᠢᠨ᠎ᠡ ᠬᠤᠲᠠ ᠲᠣᠭᠤᠷᠢᠭ ᠤᠨ ᠬᠠᠶᠢᠯᠠᠰᠤ ᠠᠮᠠᠨ ᠬᠥᠨᠳᠡᠢ ᠶᠢᠨ ᠡᠮᠴᠢᠯᠡᠭᠡᠨ ᠤ ᠭᠠᠵᠠᠷ᠂ ᠰᠢᠨ᠎ᠡ ᠬᠤᠲᠠ ᠲᠤᠭᠤᠷᠢᠭ ᠤᠨ ᠴᠧᠨ ᠪᠠᠶᠠᠷ ᠮᠣᠩᠭᠤᠯ ᠡᠮᠨᠡᠯᠭᠡ ᠶᠢᠨ ᠡᠮᠴᠢᠯᠡᠭᠡᠨ ᠤ ᠭᠠᠵᠠᠷ᠂ ᠰᠢᠨ᠎ᠡ ᠬᠤᠲᠠ ᠲᠤᠭᠤᠷᠢᠭ ᠤᠨ ᠲᠠᠪᠤᠨ ᠲᠣᠯᠤᠭᠠᠢ ᠲᠣᠰᠬᠤᠨ ᠤ ᠪᠢ ᠶᠢᠩ ᠡᠷᠡᠭᠦᠯ ᠬᠠᠮᠠᠭᠠᠯᠠᠯ ᠤᠨ ᠭᠠᠵᠠᠷ᠂ ᠰᠢᠨ᠎ᠡ ᠬᠤᠲᠠ ᠲᠣᠭᠤᠷᠢᠭ ᠤᠨ ᠰᠠᠨ ᠾᠧ ᠲᠣᠰᠬᠤᠨ ᠤ ᠡᠷᠡᠭᠦᠯ ᠬᠠᠮᠠᠭᠠᠯᠠᠯ ᠤᠨ ᠥᠷᠦᠭᠡ᠂ ᠰᠠᠶᠢᠬᠠᠨ ᠲᠣᠭᠤᠷᠢᠭ ᠤᠨ ᠭᠤᠤ ᠵᠢᠶᠠᠨ ᠭᠠᠩ ᠬᠢᠲᠠᠳ ᠡᠮᠨᠡᠯᠭᠡ ᠶᠢᠨ ᠭᠠᠵᠠᠷ᠂ ᠰᠢᠨ᠎ᠡ ᠬᠤᠲᠠ ᠲᠣᠭᠤᠷᠢᠭ ᠤᠨ ᠸᠠᠩ ᡁᠢ ᠠᠮᠠᠨ ᠬᠥᠨᠳᠡᠶ ᠶᠢᠨ ᠡᠮᠴᠢᠯᠡᠭᠡᠨ ᠤ ᠭᠠᠵᠠᠷ᠂ ᠢᠦᠶ ᠴᠢᠤᠸᠠᠨ ᠲᠣᠭᠤᠷᠢᠭ ᠤᠨ ᠰᠢᠶᠤᠤ ᠾᠸᠢ ᠾᠧ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠵᠡᠷᠭᠡ 21 ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠴᠡᠭ ᠲᠠᠢ ᠪᠣᠯᠵᠣᠨ ᠶᠠᠷᠢᠯᠴᠠᠵᠤ ᠰᠡᠷᠡᠮᠵᠢᠯᠡᠭᠦᠯᠦᠨ ᠰᠢᠢᠳᠪᠦᠷᠢᠯᠡᠪᠡ᠃  3. ᠦᠢᠯᠡᠴᠢᠯᠡᠭᠡᠨ ᠤ ᠬᠡᠯᠡᠯᠴᠡᠭᠡᠷ ᠢ ᠨᠢᠭᠡ ᠰᠠᠷ᠎ᠠ ᠵᠣᠭᠰᠣᠭᠠᠭᠰᠠᠨ  ᠥᠪᠥᠷ ᠮᠣᠩᠭᠤᠯ ᠤᠨ ᠳ᠋ᠧ ᠢᠤᠢ ᠲᠠᠩ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠳᠤ ᠦᠢᠯᠡᠴᠢᠯᠡᠭᠡᠨ ᠤ ᠬᠡᠯᠡᠯᠴᠡᠭᠡᠷ ᠢ ᠨᠢᠭᠡ ᠰᠠᠷ᠎ᠠ ᠵᠣᠭᠰᠤᠭᠠᠵᠤ ᠰᠢᠢᠳᠪᠦᠷᠢᠯᠡᠪᠡ᠃  4.ᠳᠣᠬᠲᠠᠭᠠᠯ ᠠᠴᠠ ᠵᠦᠷᠢᠴᠡᠭᠰᠡᠨ ᠵᠠᠷᠣᠲᠠᠯ ᠢ ᠨᠠᠭᠡᠮᠵᠢᠯᠠᠨ ᠠᠪᠴᠢᠷᠠᠵᠤ᠂ ᠦᠢᠯᠡᠴᠢᠯᠡᠭᠡᠨ ᠤ ᠬᠡᠯᠠᠯᠴᠠᠭᠡᠷ ᠢ ᠨᠢᠭᠡ ᠰᠠᠷ᠎ᠠ ᠵᠣᠭᠰᠤᠭᠠᠭᠰᠠᠨ  ᠰᠢᠨ᠎ᠡ ᠬᠤᠲᠠ ᠲᠤᠭᠤᠷᠢᠭ ᠤᠨ ᠰᠠᠮᠪᠠᠯ ᠲᠤᠰᠬᠤᠨ ᠤ ᠾᠸᠦ ᠳ᠋ᠤᠸᠠᠨ ᠵᠧᠨ ᠡᠸᠦ᠋ᠷᠣᠫᠠ ᠡᠮᠨᠡᠯᠭᠡ ᠶᠢᠨ ᠡᠮᠴᠢᠯᠡᠭᠡᠨ ᠤ ᠭᠠᠵᠠᠷ᠂ ᠰᠢᠨ᠎ᠡ ᠬᠤᠲᠠ ᠲᠣᠭᠤᠷᠢᠭ ᠤᠨ ᠬᠤᠸᠠ ᠴᠧᠨ ᠠᠮᠠᠨ ᠬᠥᠨᠳᠡᠶ ᠶᠢᠨ ᠡᠭᠦᠳᠡᠨ ᠡᠮᠨᠡᠯᠭᠡ ᠶᠢᠨ ᠭᠠᠵᠠᠷ ᠠᠴᠠ ᠲᠣᠭᠲᠠᠭᠠᠯ ᠠᠴᠠ ᠵᠥᠷᠢᠴᠡᠭᠰᠡᠨ ᠵᠠᠷᠤᠳᠠᠯ ᠢ ᠨᠡᠬᠡᠮᠵᠢᠯᠡᠨ ᠠᠪᠴᠢᠷᠠᠵᠤ᠂ ᠦᠢᠯᠡᠴᠢᠯᠡᠭᠡᠨ ᠤ ᠬᠡᠯᠡᠯᠴᠡᠭᠡᠷ ᠢ ᠨᠢᠭᠡ ᠰᠠᠷ᠎ᠠ ᠵᠣᠭᠰᠤᠭᠠᠵᠤ ᠰᠢᠢᠳᠪᠦᠷᠢᠯᠡᠪᠡ᠃  5.ᠳᠣᠬᠲᠠᠭᠠᠯ ᠠᠴᠠ ᠵᠦᠷᠢᠴᠡᠭᠰᠡᠨ ᠵᠠᠷᠣᠲᠠᠯ ᠢ ᠨᠠᠭᠡᠮᠵᠢᠯᠠᠨ ᠠᠪᠴᠢᠷᠠᠵᠤ᠂ ᠦᠢᠯᠡᠴᠢᠯᠡᠭᠡᠨ ᠤ ᠬᠡᠯᠠᠯᠴᠠᠭᠡᠷ ᠢ ᠵᠢᠷᠭᠤᠭᠠᠨ ᠰᠠᠷ᠎ᠠ ᠵᠣᠭᠰᠤᠭᠠᠭᠰᠠᠨ  ᠵᠧᠩ ᠶᠤᠸᠠᠨ ᠢᠦᠢ ᠵᠢᠢ ᠬᠢᠲᠠᠳ ᠡᠮᠨᠡᠯᠭᠡ ᠶᠢᠨ ᠡᠭᠦᠳᠡᠨ ᠡᠮᠨᠡᠯᠭᠡ ᠶᠢᠨ ᠭᠠᠵᠠᠷ ᠠᠴᠠ ᠲᠣᠭᠲᠠᠭᠠᠯ ᠠᠴᠠ ᠵᠥᠷᠢᠴᠡᠭᠰᠡᠨ ᠵᠠᠷᠤᠳᠠᠯ ᠢ ᠨᠡᠬᠡᠮᠵᠢᠯᠡᠨ ᠠᠪᠴᠢᠷᠠᠵᠤ᠂ ᠦᠢᠯᠡᠴᠢᠯᠡᠭᠡᠨ ᠤ ᠬᠡᠯᠡᠯᠴᠡᠭᠡᠷ ᠢ ᠵᠢᠷᠭᠤᠭᠠᠨ ᠰᠠᠷ᠎ᠠ ᠵᠣᠭᠰᠤᠭᠠᠵᠤ ᠰᠢᠢᠳᠪᠦᠷᠢᠯᠡᠪᠡ᠃  6.ᠳᠣᠬᠲᠠᠭᠠᠯ ᠠᠴᠠ ᠵᠦᠷᠢᠴᠡᠭᠰᠡᠨ ᠵᠠᠷᠣᠲᠠᠯ ᠢ ᠨᠠᠭᠡᠮᠵᠢᠯᠠᠨ ᠠᠪᠴᠢᠷᠠᠵᠤ᠂ ᠡᠮᠴᠢᠯᠡᠭᠡ ᠶᠢᠨ ᠲᠠᠭᠠᠣᠠᠬᠠᠯ ᠤᠨ ᠬᠡᠯᠠᠯᠴᠠᠭᠡᠷ ᠢ ᠬᠦᠴᠦᠨ ᠣᠢᠭᠡᠢ ᠪᠤᠯᠭᠠᠵᠤ᠂ ᠭᠤᠷᠪᠠ ᠵᠢᠯ ᠤᠨ ᠳᠣᠲᠣᠷ᠎ᠠ ᠲᠣᠭᠲᠠᠭᠰᠠᠨ ᠴᠡᠭ ᠢ ᠭᠤᠶᠤᠴᠢᠯᠠᠨ ᠮᠠᠲᠠᠭᠦᠯᠵᠤ ᠪᠤᠯᠬᠤ ᠣᠢᠭᠡᠢ  ᠬᠥᠬᠡᠬᠤᠲᠠ ᠶᠢᠨ ᠳ᠋ᠠ ᠴᠤᠸᠠᠨ ᠰᠢᠳᠦᠨ ᠰᠠᠯᠠᠭᠠᠨ ᠤ ᠡᠮᠨᠡᠯᠭᠡ ᠶᠢᠨ ᠬᠤᠷᠢᠶ᠎ᠠ ᠠᠴᠠ ᠲᠣᠭᠲᠠᠭᠠᠯ ᠠᠴᠠ ᠵᠥᠷᠢᠴᠡᠭᠰᠡᠨ ᠵᠠᠷᠤᠳᠠᠯ ᠢ ᠨᠡᠬᠡᠮᠵᠢᠯᠡᠨ ᠠᠪᠴᠢᠷᠠᠵᠤ᠂ ᠡᠮᠴᠢᠯᠡᠭᠡ ᠶᠢᠨ ᠳᠠᠭᠠᠳᠬᠠᠯ ᠤᠨ ᠬᠡᠯᠡᠯᠴᠡᠭᠡᠷ ᠢ ᠬᠦᠴᠦᠨ ᠥᠬᠡᠶ ᠪᠣᠯᠭᠠᠵᠤ᠂ ᠭᠤᠷᠪᠠᠨ ᠵᠢᠯ ᠤᠨ ᠳᠣᠲᠣᠷ᠎ᠠ ᠲᠣᠭᠲᠠᠭᠰᠠᠨ ᠴᠡᠭ ᠢ ᠭᠤᠶᠤᠴᠢᠯᠠᠨ ᠮᠡᠳᠡᠭᠦᠯᠵᠦ ᠪᠣᠯᠬᠤ ᠥᠬᠡᠶ᠃  ︵ᠬᠤᠶᠠᠷ︶ ᠲᠣᠭᠲᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠴᠡᠭ  703 ᠲᠣᠭᠲᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠴᠡᠭ ᠠᠴᠠ ᠲᠣᠭᠲᠠᠭᠠᠯ ᠠᠴᠠ ᠵᠥᠷᠢᠴᠡᠭᠰᠡᠨ 301371.34 ᠲᠥᠭᠦᠷᠢᠭ ᠤᠨ ᠵᠠᠷᠤᠳᠠᠯ ᠢ ᠨᠡᠬᠡᠮᠵᠢᠯᠡᠨ ᠠᠪᠴᠢᠷᠠᠵᠤ ᠰᠢᠢᠳᠪᠦᠷᠢᠯᠡᠪᠡ᠃              ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ            2024 ᠣᠨ ᠤ 2 ᠳ᠋ᠤᠭᠠᠷ ᠰᠠᠷ᠎ᠠ ᠶᠢᠨ 2 ᠤ ᠡᠳᠦᠷ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号