ᠦᠰᠦᠭ ᠪᠢᠴᠢᠭ ᠢᠶᠠᠷ ᠦᠭᠦᠯᠡᠬᠦᠢ᠄ ︽ᠬᠦᠨᠳᠦ ᠡᠪᠡᠳᠴᠢᠨ ᠮᠡᠳᠡᠷᠡᠯ ᠤᠨ ᠡᠪᠡᠳᠴᠢᠨ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠶ ᠡᠪᠡᠳᠴᠢᠨ ᠤ ᠲᠥᠷᠥᠯ ᠤᠨ ᠬᠡᠪᠴᠢᠶᠡᠨ ᠳᠤ ᠣᠷᠣᠭᠤᠯᠬᠤ ᠲᠤᠬᠠᠶ ᠮᠡᠳᠡᠭᠳᠡᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/3/1
  ᠨᠢᠭᠡ᠂ ᠠᠬᠤᠶ ᠪᠠᠶᠢᠳᠠᠯ ᠵᠢᠴᠢ ᠦᠨᠳᠦᠰᠦᠯᠡᠯ  ᠬᠦᠨᠳᠦ ᠡᠪᠡᠳᠴᠢᠨ ᠮᠡᠳᠡᠷᠡᠯ ᠤᠨ ᠡᠪᠡᠳᠴᠢᠨ ᠤ ᠣᠯᠠᠩᠬᠢ ᠡᠪᠡᠳᠴᠢᠲᠡᠨ ᠨᠠᠰᠤᠨ ᠲᠤᠷᠰᠢᠳᠠ ᠡᠮ ᠬᠡᠷᠡᠭᠯᠡᠬᠦ ᠪᠠ ᠬᠢᠨᠠᠨ ᠬᠠᠮᠠᠭᠠᠯᠠᠵᠤ ᠬᠠᠷᠠᠭᠠᠯᠵᠠᠬᠤ ᠴᠢᠬᠤᠯᠠᠲᠠᠶ ᠮᠥᠷᠲᠡᠭᠡᠨ ᠦᠷᠭᠦᠯᠵᠢ ᠳᠠᠬᠢᠨ ᠳᠠᠪᠲᠠᠨ ᠡᠭᠦᠰᠬᠦ ᠪᠠᠶᠢᠳᠠᠯ ᠳᠤ ᠲᠤᠯᠭᠠᠷᠠᠵᠤ ᠪᠠᠶᠢᠭ᠎ᠠ ᠪᠣᠯᠬᠤᠷ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠠᠵᠢᠯᠲᠠᠨ ᠠᠵᠢᠯᠴᠢᠨ ᠤ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ ᠲᠥᠷᠥ ᠶᠢᠨ ᠪᠣᠳᠣᠯᠭ᠎ᠠ ᠨᠢ ᠬᠦᠨᠳᠦ ᠡᠪᠡᠳᠴᠢᠨ ᠮᠡᠳᠡᠷᠡᠯ ᠤᠨ ᠡᠪᠡᠳᠴᠢᠲᠡᠨ ᠤ ᠡᠭᠦᠳᠡᠨ ᠡᠮᠨᠡᠯᠭᠡ ᠶᠢᠨ ᠡᠮᠨᠡᠨ ᠵᠠᠰᠠᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢᠨ ᠠᠷᠭ᠎ᠠ ᠥᠬᠡᠶ ᠪᠠᠶᠢᠵᠤ᠂ ᠶᠡᠭᠡ ᠬᠡᠮᠵᠢᠶᠡᠨ ᠤ ᠡᠮ ᠡᠮᠨᠡᠯᠭᠡ ᠶᠢᠨ ᠵᠠᠷᠤᠳᠠᠯ ᠤᠨ ᠡᠮᠦᠨ᠎ᠡ᠂ ᠣᠯᠠᠩᠬᠢ ᠬᠦᠨᠳᠦ ᠡᠪᠡᠳᠴᠢᠲᠡᠨ ᠮᠡᠳᠡᠷᠡᠯ ᠤᠨ ᠡᠪᠡᠳᠴᠢᠲᠡᠨ ᠡᠮᠨᠡᠯᠭᠡ ᠳᠤ ᠰᠠᠭᠤᠵᠤ ᠡᠮᠨᠡᠨ ᠵᠠᠰᠠᠬᠤ ᠶᠢ ᠰᠣᠩᠭᠤᠬᠤ ᠪᠠᠷ ᠳᠠᠮᠵᠢᠭᠤᠯᠤᠨ ᠲᠠᠩᠰᠠ ᠴᠠᠶᠢᠷᠠᠭᠤᠯᠵᠤ᠂ ᠡᠭᠦᠨ ᠠᠴᠠ ᠪᠣᠯᠵᠤ ᠡᠮᠴᠢᠯᠡᠭᠡᠨ ᠤ ᠪᠠᠶᠢᠭᠤᠯᠤᠮᠵᠢ ᠶᠢᠨ ᠡᠪᠡᠳᠴᠢᠲᠡᠨ ᠤ ᠣᠷᠣ ᠪᠠᠴᠢᠮ ᠪᠣᠯᠵᠣ᠂ ᠵᠠᠷᠢᠮ ᠴᠢᠬᠤᠯᠠ ᠪᠤᠰᠤ ᠣᠷᠣ ᠶᠢᠨ ᠵᠠᠷᠤᠳᠠᠯ᠂ ᠰᠤᠪᠢᠯᠠᠯᠲᠠ ᠶᠢᠨ ᠵᠠᠷᠤᠳᠠᠯ ᠵᠡᠷᠭᠡ ᠢᠯᠡᠭᠦᠴᠡ ᠵᠠᠷᠤᠳᠠᠯ ᠨᠢ ᠡᠮᠴᠢᠯᠡᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠪᠦᠷᠢᠯᠭᠡᠭᠰᠡᠨ ᠮᠥᠷᠲᠡᠭᠡᠨ ᠪᠠᠰᠠ ᠡᠪᠡᠳᠴᠢᠲᠡᠨ ᠤ ᠬᠤᠪᠢ ᠬᠥᠮᠦᠨ ᠤ ᠵᠠᠷᠤᠳᠠᠯ ᠤᠨ ᠳᠠᠷᠤᠭᠠᠰᠤ ᠶᠢ ᠬᠦᠨᠳᠦᠷᠡᠭᠦᠯᠦᠭᠰᠡᠨ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠣᠨᠴᠠᠭᠠᠶ ᠤᠳᠠᠭᠠᠨ ᠴᠢᠨᠠᠷᠲᠠᠶ ᠡᠪᠡᠳᠴᠢᠨ ᠤ ᠲᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠬᠢ ᠪᠠᠶᠠᠯᠢᠭ ᠢ ᠪᠦᠷᠢᠯᠭᠡᠬᠦ ᠶᠢ ᠪᠠᠭᠠᠰᠬᠠᠨ᠂ ᠡᠮᠴᠢᠯᠡᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠤᠰᠠᠳᠠ᠂ ︽ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠬᠠᠷᠢᠯᠴᠠᠨ ᠬᠠᠷᠠᠭᠠᠯᠵᠠᠬᠤ ᠪᠠᠲᠤᠯᠠᠭ᠎ᠠ ᠶᠢᠨ ᠵᠣᠬᠢᠴᠠᠮᠵᠢ ᠶᠢ ᠪᠠᠶᠢᠭᠤᠯᠤᠨ ᠪᠦᠷᠢᠨᠰᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠢᠯᠣᠭᠤᠳᠬᠤ ᠰᠠᠨᠠᠯ︾᠂ ︽ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠬᠠᠷᠢᠯᠴᠠᠨ ᠬᠠᠷᠠᠭᠠᠯᠵᠠᠬᠤ ᠪᠠᠲᠤᠯᠠᠭ᠎ᠠ ᠶᠢᠨ ᠵᠣᠬᠢᠴᠠᠮᠵᠢ ᠶᠢ ᠪᠠᠶᠢᠭᠤᠯᠤᠨ ᠲᠡᠭᠦᠯᠳᠡᠷᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ          ᠰᠠᠨᠠᠯ︾᠂ ︽ᠡᠮᠴᠢᠯᠡᠭᠡᠨ ᠤ ᠪᠠᠲᠤᠯᠠᠭ᠎ᠠ ᠶᠢᠨ ᠬᠠᠷᠠᠭᠠᠯᠵᠠᠯ ᠤᠨ ᠨᠠᠷᠢᠨ ᠬᠠᠭᠤᠳᠠᠰᠤ ᠶᠢᠨ ᠲᠦᠷᠢᠮ ᠢ ᠪᠠᠶᠢᠭᠤᠯᠬᠤ ᠲᠤᠬᠠᠶ ᠤᠯᠤᠰ ᠤᠨ ᠡᠮᠴᠢᠯᠡᠭᠡ ᠶᠢᠨ ᠳᠠᠭᠠᠳᠬᠠᠯ ᠤᠨ ᠲᠣᠪᠴᠢᠶ᠎ᠠ ᠂ ᠡᠳ᠋ ᠤᠨ ᠵᠠᠰᠠᠭ ᠤᠨ ᠶᠠᠮᠤᠨ ᠤ ᠰᠠᠨᠠᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠣᠨᠴᠠᠭᠠᠶ ᠤᠳᠠᠭᠠᠨ ᠴᠢᠨᠠᠷᠲᠠᠶ ᠡᠪᠡᠳᠴᠢᠨ ᠤ ᠬᠠᠮᠢᠶᠠᠷᠤᠯᠲᠠ ᠶᠢᠨ ᠠᠷᠭ᠎ᠠ︾ ᠶᠢ ᠦᠨᠳᠦᠰᠦᠯᠡᠨ ᠂ ︽ᠬᠦᠨᠳᠦ ᠡᠪᠡᠳᠴᠢᠨ ᠮᠡᠳᠡᠷᠡᠯ ᠤᠨ ᠡᠪᠡᠳᠴᠢᠨ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠶ ᠡᠪᠡᠳᠴᠢᠨ ᠤ ᠲᠥᠷᠥᠯ ᠤᠨ ᠬᠡᠪᠴᠢᠶᠡᠨ ᠳᠤ ᠣᠷᠣᠭᠤᠯᠬᠤ ᠲᠤᠬᠠᠶ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠲᠣᠭᠲᠠᠭᠠᠪᠠ᠃  ᠬᠤᠶᠠᠷ᠂ ᠭᠤᠣᠯ ᠠᠭᠤᠯᠭ᠎ᠠ  ︵ᠨᠢᠭᠡ︶ ᠬᠡᠷᠡᠭᠯᠡᠬᠦ ᠬᠡᠪᠴᠢᠶ᠎ᠠ  ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠳᠤ ᠣᠷᠣᠯᠴᠠᠭᠰᠠᠳ᠃  ︵ᠬᠤᠶᠠᠷ︶ ᠣᠯᠭᠤᠮᠵᠢ ᠶᠢᠨ ᠪᠠᠷᠢᠮᠵᠢᠶ᠎ᠠ  1. ᠡᠬᠢᠯᠡᠨ ᠲᠦᠯᠦᠪᠦᠷᠢ ᠥᠭᠬᠦ ᠪᠠᠷᠢᠮᠵᠢᠶ᠎ᠠ᠃ ᠳᠠᠭᠠᠳᠬᠠᠯ ᠳᠤ ᠣᠷᠣᠯᠴᠠᠭᠰᠠᠳ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠶ ᠡᠪᠡᠳᠴᠢᠨ ᠤ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠴᠡᠭ ᠲᠤ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠤ ᠨᠡᠶᠢᠴᠡᠭᠰᠡᠨ ᠡᠮ ᠡᠮᠨᠡᠯᠭᠡ ᠶᠢᠨ ᠵᠠᠷᠤᠳᠠᠯ ᠭᠠᠷᠪᠠᠯ᠂ ᠨᠢᠭᠡ ᠵᠢᠯ ᠤᠨ ᠳᠣᠲᠣᠷᠠᠬᠢ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠶᠢᠨ ᠡᠬᠢᠯᠡᠵᠦ ᠥᠭᠬᠦ ᠪᠠᠷᠢᠮᠵᠢᠶ᠎ᠠ ᠨᠢ 300 ᠲᠥᠭᠦᠷᠢᠭ ᠪᠣᠯᠤᠨ᠎ᠠ᠃  2. ᠲᠦᠯᠦᠪᠦᠷᠢ ᠥᠭᠬᠦ ᠬᠠᠷᠢᠴᠠᠯ᠃ ᠨᠢᠭᠡ ᠵᠢᠯ ᠤᠨ ᠳᠣᠲᠣᠷ᠎ᠠ ᠡᠭᠦᠰᠦᠭᠰᠡᠨ ᠡᠬᠢᠯᠡᠨ ᠲᠦᠯᠦᠪᠦᠷᠢ ᠥᠭᠬᠦ ᠪᠠᠷᠢᠮᠵᠢᠶ᠎ᠠ ᠠᠴᠠ ᠳᠡᠭᠡᠭᠰᠢ᠂ ᠬᠠᠮᠤᠭ ᠤᠨ ᠥᠨᠳᠥᠷ ᠥᠭᠬᠦ ᠬᠢᠵᠠᠭᠠᠷ ᠲᠤᠭ᠎ᠠ ᠠᠴᠠ ᠳᠣᠷᠣᠭᠰᠢ᠂ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷᠠᠬᠢ ᠡᠭᠦᠳᠡᠨ ᠡᠮᠨᠡᠯᠭᠡ ᠶᠢᠨ ᠡᠮ ᠡᠮᠨᠡᠯᠭᠡ ᠶᠢᠨ ᠵᠠᠷᠤᠳᠠᠯ ᠳᠤ ᠲᠦᠯᠦᠪᠦᠷᠢ ᠥᠭᠬᠦ ᠬᠠᠷᠢᠴᠠᠯ ᠨᠢ 90% ᠪᠣᠯᠤᠨ᠎ᠠ᠃  3. ᠵᠢᠯ ᠤᠨ ᠲᠦᠯᠦᠪᠦᠷᠢ ᠥᠭᠬᠦ ᠬᠢᠵᠠᠭᠠᠷ ᠲᠤᠭ᠎ᠠ᠃ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠨᠢᠭᠡᠳᠦᠯᠲᠡᠢ ᠲᠦᠯᠦᠪᠯᠡᠭᠰᠡᠨ ᠰᠠᠭᠤᠷᠢ ᠮᠦᠩᠭᠦ ᠪᠠᠨ ᠶᠡᠭᠡ ᠲᠣᠭᠠᠨ ᠤ ᠡᠮᠴᠢᠯᠡᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠵᠠᠷᠤᠴᠠᠭᠤᠯᠤᠭᠰᠠᠨ ᠬᠡᠪᠴᠢᠶᠡᠨ ᠳᠣᠲᠤᠷ᠎ᠠ ᠨᠡᠶᠢᠯᠡᠭᠦᠯᠦᠨ ᠪᠤᠲᠤᠪᠠᠯ᠂ ᠨᠢᠭᠡ ᠵᠢᠯ ᠤᠨ ᠳᠣᠲᠤᠷᠠᠬᠢ ᠬᠠᠮᠤᠭ ᠤᠨ ᠦᠨᠳᠦᠷ ᠲᠦᠯᠦᠪᠦᠷᠢ ᠥᠭᠬᠦ ᠬᠢᠵᠠᠭᠠᠷ ᠲᠤᠭ᠎ᠠ ᠨᠢ 30.5 ᠲᠦᠮᠡᠨ ᠲᠦᠭᠦᠷᠢᠭ ᠪᠣᠯᠣᠨ᠎ᠠ᠃  ︵ᠭᠤᠷᠪᠠ︶ ᠭᠤᠶᠤᠴᠢᠯᠠᠨ ᠮᠡᠳᠡᠭᠦᠯᠦᠯᠲᠡ ᠶᠢ ᠮᠠᠭᠠᠳᠯᠠᠨ ᠲᠣᠭᠲᠠᠭᠠᠬᠤ  ᠬᠦᠨᠳᠦ ᠡᠪᠡᠳᠴᠢᠨ ᠮᠡᠳᠡᠷᠡᠯ ᠤᠨ ᠡᠪᠡᠳᠴᠢᠨ ︵M02100︶ ᠤ ᠬᠠᠷᠠᠭᠠᠯᠵᠠᠯ ᠤᠨ ᠭᠤᠶᠤᠴᠢᠯᠠᠨ ᠮᠡᠳᠡᠭᠦᠯᠦᠯᠲᠡ ᠶᠢ ᠮᠠᠭᠠᠳᠯᠠᠨ ᠲᠣᠭᠲᠠᠭᠠᠬᠤ ᠪᠠ ᠡᠮᠨᠡᠨ ᠵᠠᠰᠠᠬᠤ ᠲᠥᠰᠦᠯ ᠢ ᠬᠤᠪᠢᠷᠠᠭᠤᠯᠬᠤ ᠠᠵᠢᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠷᠡᠯ ᠤᠨ ᠡᠷᠡᠭᠦᠯ ᠬᠠᠮᠠᠭᠠᠯᠠᠯ ᠤᠨ ᠲᠥᠪ ᠠᠴᠠ ᠭᠦᠢᠴᠡᠳᠭᠡᠨ᠎ᠡ᠃ ᠬᠦᠨᠳᠦ ᠡᠪᠡᠳᠴᠢᠨ ᠮᠡᠲᠡᠷᠡᠯ ᠤᠨ ᠡᠪᠡᠳᠴᠢᠨ ᠳᠤ ᠨᠡᠷᠪᠡᠭᠳᠡᠭᠰᠡᠨ ᠳᠠᠭᠠᠳᠬᠠᠯ ᠳᠤ ᠣᠷᠣᠯᠴᠠᠭᠰᠠᠨ ᠬᠥᠮᠦᠰ ︵ᠪᠤᠶᠤ ᠣᠷᠣᠯᠠᠨ ᠭᠦᠢᠴᠡᠳᠬᠡᠭᠴᠢ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠷᠡᠯ ᠤᠨ ᠡᠷᠡᠭᠦᠯ ᠬᠠᠮᠠᠭᠠᠯᠠᠯ ᠤᠨ ᠲᠥᠪ ᠲᠤ ᠭᠤᠶᠤᠴᠢᠯᠠᠯ ᠢᠶᠠᠨ ᠳᠤᠷᠠᠳᠴᠤ ᠪᠣᠯᠤᠨ᠎ᠠ᠂ ᠭᠤᠶᠤᠴᠢᠯᠠᠨ ᠮᠡᠳᠡᠭᠦᠯᠬᠦ ᠳᠤ ᠪᠠᠨ ᠣᠨᠣᠰᠢᠯᠠᠯᠲᠠ ᠶᠢᠨ ᠭᠡᠷᠡᠴᠢ ᠪᠢᠴᠢᠭ ᠤᠨ ᠤᠭ ᠮᠠᠲ᠋ᠧᠷᠢᠶᠠᠯ᠂ ᠡᠪᠡᠳᠴᠢᠨ ᠤ ᠲᠥᠷᠥᠯ ᠲᠠᠢ ᠬᠤᠯᠪᠣᠭᠳᠠᠬᠤ ᠪᠦᠷᠢᠨ ᠪᠦᠲᠦᠨ ᠡᠮᠨᠡᠯᠭᠡ ᠳᠤ ᠰᠠᠭᠤᠭᠰᠠᠨ ᠡᠪᠡᠳᠴᠢᠨ ᠤ ᠲᠡᠦᠬᠡ᠂ ᠬᠦᠴᠦᠨ ᠪᠦᠬᠦᠢ ᠪᠡᠶ᠎ᠡ ᠶᠢᠨ ᠦᠨᠡᠮᠯᠡᠯ ᠢ ᠬᠠᠩᠭᠠᠬᠤ ᠬᠡᠷᠡᠭᠲᠡᠶ᠃  ︵ᠳᠥᠷᠪᠡ︶ ᠭᠦᠢᠴᠡᠳᠬᠡᠬᠦ ᠬᠤᠭᠤᠴᠠᠭ᠎ᠠ  ᠲᠣᠰ ᠮᠡᠳᠡᠭᠳᠡᠯ ᠢ 2024 ᠣᠨ ᠤ 3 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠵᠦ᠂ ᠤᠯᠤᠰ ᠵᠢᠴᠢ ᠥᠪᠡᠷᠲᠡᠭᠡᠨ ᠵᠠᠰᠠᠬᠤ ᠣᠷᠣᠨ ᠠᠴᠠ ᠠᠰᠲᠠᠭᠠᠨ ᠰᠢᠨ᠎ᠡ ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ ᠬᠡᠷᠡᠭᠵᠢᠭᠦᠯᠦᠨ᠎ᠡ᠃ ᠳᠠᠭᠤᠰᠤᠭᠠᠳᠤᠶ ᠵᠦᠢᠯᠡᠰ ᠢ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠶ ᠡᠪᠡᠳᠴᠢᠨ ᠤ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠥᠪᠥᠷ ᠡᠮᠴᠢᠯᠡᠭᠡ ᠪᠠᠳᠤᠯᠠᠭ᠎ᠠ ᠲᠠᠷᠬᠠᠭᠠᠭᠰᠠᠨ ﹇2022﹈ 25 ᠳ᠋ᠤᠭᠠᠷ ᠲᠣᠭᠠᠲᠤ︶ ᠶᠣᠰᠣᠭᠠᠷ ᠬᠡᠷᠡᠭᠵᠢᠭᠦᠯᠦᠨ᠎ᠡ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号