ᠬᠦᠨᠳᠦ ᠡᠪᠡᠳᠴᠢᠨ ᠮᠡᠳᠡᠷᠡᠯ ᠤᠨ ᠡᠪᠡᠳᠴᠢᠨ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠶ ᠡᠪᠡᠳᠴᠢᠨ ᠤ ᠲᠥᠷᠥᠯ ᠤᠨ ᠬᠡᠪᠴᠢᠶᠡᠨ ᠳᠤ ᠣᠷᠣᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/3/1
  ᠬᠡᠯᠬᠢᠶᠡᠰᠦᠨ ᠨᠣᠮᠧᠷ᠄ 11150000MB16442978/2024-01645  ᠭᠤᠣᠯ ᠰᠡᠳᠦᠪ ᠤᠨ ᠠᠩᠭᠢᠯᠠᠯ᠄ ᠭᠠᠷᠳᠠᠨ ᠭᠦᠢᠴᠡᠳᠭᠡᠬᠦ ᠦᠢᠯᠡᠴᠢᠯᠡᠭᠡ  ᠨᠡᠶᠢᠲᠡᠯᠡᠭᠰᠡᠨ ᠪᠠᠶᠢᠭᠤᠯᠤᠮᠵᠢ᠄ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ  ᠪᠢᠴᠢᠭ ᠤᠨ ᠳ᠋ᠤᠭᠠᠷ᠄ ᠥᠪᠥᠷ ᠡᠮᠴᠢᠯᠡᠭᠡ ᠶᠢᠨ ᠳᠠᠭᠠᠳᠬᠠᠯ ᠤᠨ ᠠᠯᠪᠠᠨ ᠥᠰᠥᠭ ﹇2024﹈ 16 ᠳ᠋ᠤᠭᠠᠷ ᠲᠣᠭᠠᠲᠤ  ᠪᠢᠴᠢᠭᠳᠡᠭᠰᠡᠨ ᠡᠳᠦᠷ ᠬᠤᠭᠤᠴᠠᠭ᠎ᠠ᠄ 2024 -02-29  ᠠᠯᠪᠠᠨ ᠪᠢᠴᠢᠭ ᠤᠨ ᠬᠦᠴᠦᠨ ᠲᠠᠢ ᠬᠤᠭᠤᠴᠠᠭ᠎ᠠ᠄ ᠬᠦᠴᠦᠨ ᠲᠠᠢ  ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠳᠠᠭᠠᠳᠬᠠᠯ ᠳᠤ ᠣᠷᠣᠯᠴᠠᠭᠰᠠᠨ ᠡᠯ᠎ᠡ ᠨᠢᠭᠡᠴᠢ᠂ ᠡᠯ᠎ᠡ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠴᠡᠭ ᠲᠤ᠄  ︽ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠬᠠᠷᠢᠯᠴᠠᠨ ᠲᠤᠰᠠᠯᠠᠯᠴᠠᠬᠤ ᠪᠠᠲᠤᠯᠠᠭ᠎ᠠ ᠶᠢᠨ ᠵᠣᠬᠢᠴᠠᠮᠵᠢ ᠶᠢ ᠪᠠᠶᠢᠭᠤᠯᠤᠨ ᠪᠦᠷᠢᠨᠰᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠵᠢᠯᠣᠭᠤᠳᠬᠤ ᠰᠠᠨᠠᠯ︾᠂ ︽ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠬᠠᠷᠢᠯᠴᠠᠨ ᠬᠠᠷᠠᠭᠠᠯᠵᠠᠬᠤ ᠪᠠᠲᠤᠯᠠᠭ᠎ᠠ ᠶᠢᠨ ᠵᠣᠬᠢᠴᠠᠮᠵᠢ ᠶᠢ ᠪᠠᠶᠢᠭᠤᠯᠤᠨ ᠲᠡᠭᠦᠯᠳᠡᠷᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾᠂ ︽ᠡᠮᠴᠢᠯᠡᠭᠡᠨ ᠤ ᠪᠠᠲᠤᠯᠠᠭ᠎ᠠ ᠶᠢᠨ ᠬᠠᠷᠠᠭᠠᠯᠵᠠᠯ ᠤᠨ ᠨᠠᠷᠢᠨ ᠬᠠᠭᠤᠳᠠᠰᠤ ᠶᠢᠨ ᠲᠦᠷᠢᠮ ᠢ ᠪᠠᠶᠢᠭᠤᠯᠬᠤ ᠲᠤᠬᠠᠶ ᠤᠯᠤᠰ ᠤᠨ ᠡᠮᠴᠢᠯᠡᠭᠡ ᠶᠢᠨ ᠳᠠᠭᠠᠳᠬᠠᠯ ᠤᠨ ᠲᠣᠪᠴᠢᠶ᠎ᠠ᠂ ᠡᠳ᠋ ᠤᠨ ᠵᠠᠰᠠᠭ ᠤᠨ ᠶᠠᠮᠤᠨ ᠤ ᠰᠠᠨᠠᠯ︾ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠣᠨᠴᠠᠭᠠᠶ ᠤᠳᠠᠭᠠᠨ ᠴᠢᠨᠠᠷᠲᠠᠶ ᠡᠪᠡᠳᠴᠢᠨ ᠤ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠣᠨᠴᠠᠭᠠᠶ ᠤᠳᠠᠭᠠᠨ ᠴᠢᠨᠠᠷᠲᠠᠶ ᠡᠪᠡᠳᠴᠢᠨ ᠤ ᠲᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠳᠠᠭᠠᠳᠬᠠᠯ ᠳᠤ ᠣᠷᠣᠯᠴᠠᠭᠰᠠᠳ ᠤᠨ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠵᠠᠷᠤᠳᠠᠯ ᠤᠨ ᠳᠠᠷᠤᠭᠠᠰᠤ ᠶᠢ ᠬᠥᠩᠭᠡᠷᠡᠭᠦᠯᠬᠦ ᠶᠢᠨ ᠲᠤᠰᠠᠳᠠ᠂ ᠬᠦᠨᠳᠦ ᠡᠪᠡᠳᠴᠢᠨ ᠮᠡᠳᠡᠷᠡᠯ ᠤᠨ ᠡᠪᠡᠳᠴᠢᠨ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠶ ᠡᠪᠡᠳᠴᠢᠨ ᠤ ᠲᠥᠷᠥᠯ ᠤᠨ ᠬᠡᠪᠴᠢᠶᠡᠨ ᠳᠤ ᠣᠷᠣᠭᠤᠯᠬᠤ ᠪᠠᠷ ᠲᠣᠭᠲᠠᠪᠠ᠃ ᠬᠠᠮᠢᠶ᠎ᠠ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠄  ᠨᠢᠭᠡ᠂ ᠬᠡᠷᠡᠭᠯᠡᠬᠦ ᠬᠡᠪᠴᠢᠶ᠎ᠡ  ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠳᠤ ᠣᠷᠣᠯᠴᠠᠭᠰᠠᠳ᠃  ᠬᠤᠶᠠᠷ᠂ ᠣᠯᠭᠤᠮᠵᠢ ᠶᠢᠨ ᠪᠠᠷᠢᠮᠵᠢᠶ᠎ᠠ  ︵ᠨᠢᠭᠡ︶ ᠡᠬᠢᠯᠡᠨ ᠲᠦᠯᠦᠪᠦᠷᠢ ᠥᠭᠬᠦ ᠪᠠᠷᠢᠮᠵᠢᠶ᠎ᠠ  ᠳᠠᠭᠠᠳᠬᠠᠯ ᠳᠤ ᠣᠷᠣᠯᠴᠠᠭᠰᠠᠳ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠶ ᠡᠪᠡᠳᠴᠢᠨ ᠤ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠴᠡᠭ ᠲᠤ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠤ ᠨᠡᠶᠢᠴᠡᠭᠰᠡᠨ ᠡᠮ ᠡᠮᠨᠡᠯᠭᠡ ᠶᠢᠨ ᠵᠠᠷᠤᠳᠠᠯ ᠭᠠᠷᠪᠠᠯ᠂ ᠨᠢᠭᠡ ᠵᠢᠯ ᠤᠨ ᠳᠣᠲᠣᠷᠠᠬᠢ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠶᠢᠨ ᠡᠬᠢᠯᠡᠵᠦ ᠥᠭᠬᠦ ᠪᠠᠷᠢᠮᠵᠢᠶ᠎ᠠ ᠨᠢ 300 ᠲᠥᠭᠦᠷᠢᠭ ᠪᠣᠯᠤᠨ᠎ᠠ᠃  ︵ᠬᠤᠶᠠᠷ︶ ᠲᠦᠯᠦᠪᠦᠷᠢ ᠥᠭᠬᠦ ᠬᠠᠷᠢᠴᠠᠯ  ᠨᠢᠭᠡ ᠵᠢᠯ ᠤᠨ ᠳᠣᠲᠣᠷ᠎ᠠ ᠡᠭᠦᠰᠦᠭᠰᠡᠨ ᠡᠬᠢᠯᠡᠨ ᠲᠦᠯᠦᠪᠦᠷᠢ ᠥᠭᠬᠦ ᠪᠠᠷᠢᠮᠵᠢᠶ᠎ᠠ ᠠᠴᠠ ᠳᠡᠭᠡᠭᠰᠢ᠂ ᠬᠠᠮᠤᠭ ᠤᠨ ᠥᠨᠳᠥᠷ ᠥᠭᠬᠦ ᠬᠢᠵᠠᠭᠠᠷ ᠲᠤᠭ᠎ᠠ ᠠᠴᠠ ᠳᠣᠷᠣᠭᠰᠢ᠂ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷᠠᠬᠢ ᠡᠭᠦᠳᠡᠨ ᠡᠮᠨᠡᠯᠭᠡ ᠶᠢᠨ ᠡᠮ ᠡᠮᠨᠡᠯᠭᠡ ᠶᠢᠨ ᠵᠠᠷᠤᠳᠠᠯ ᠳᠤ ᠲᠦᠯᠦᠪᠦᠷᠢ ᠥᠭᠬᠦ ᠬᠠᠷᠢᠴᠠᠯ ᠨᠢ 90% ᠪᠣᠯᠤᠨ᠎ᠠ᠃  ︵ᠭᠤᠷᠪᠠ︶ ᠵᠢᠯ ᠤᠨ ᠲᠦᠯᠦᠪᠦᠷᠢ ᠥᠭᠬᠦ ᠬᠢᠵᠠᠭᠠᠷ ᠲᠤᠭ᠎ᠠ  ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠨᠢᠭᠡᠳᠦᠯᠲᠡᠢ ᠲᠦᠯᠦᠪᠯᠡᠭᠰᠡᠨ ᠰᠠᠭᠤᠷᠢ ᠮᠦᠩᠭᠦ ᠪᠠᠨ ᠶᠡᠭᠡ ᠲᠣᠭᠠᠨ ᠤ ᠡᠮᠴᠢᠯᠡᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠵᠠᠷᠤᠴᠠᠭᠤᠯᠤᠭᠰᠠᠨ ᠬᠡᠪᠴᠢᠶᠡᠨ ᠳᠣᠲᠤᠷ᠎ᠠ ᠨᠡᠶᠢᠯᠡᠭᠦᠯᠦᠨ ᠪᠤᠲᠤᠪᠠᠯ᠂ ᠨᠢᠭᠡ ᠵᠢᠯ ᠤᠨ ᠳᠣᠲᠤᠷᠠᠬᠢ ᠬᠠᠮᠤᠭ ᠤᠨ ᠦᠨᠳᠦᠷ ᠲᠦᠯᠦᠪᠦᠷᠢ ᠥᠭᠬᠦ ᠬᠢᠵᠠᠭᠠᠷ ᠲᠤᠭ᠎ᠠ  ᠨᠢ 30.5 ᠲᠦᠮᠡᠨ ᠲᠦᠭᠦᠷᠢᠭ ᠪᠣᠯᠣᠨ᠎ᠠ᠃  ᠭᠤᠷᠪᠠ᠂ ᠭᠤᠶᠤᠴᠢᠯᠠᠨ ᠮᠡᠳᠡᠭᠦᠯᠦᠯᠲᠡ ᠶᠢ ᠮᠠᠭᠠᠳᠯᠠᠨ ᠲᠣᠭᠲᠠᠭᠠᠬᠤ  ᠬᠦᠨᠳᠦ ᠡᠪᠡᠳᠴᠢᠨ ᠮᠡᠳᠡᠷᠡᠯ ᠤᠨ ᠡᠪᠡᠳᠴᠢᠨ ︵M02100︶ ᠤ ᠬᠠᠷᠠᠭᠠᠯᠵᠠᠯ ᠤᠨ ᠭᠤᠶᠤᠴᠢᠯᠠᠨ ᠮᠡᠳᠡᠭᠦᠯᠦᠯᠲᠡ ᠶᠢ ᠮᠠᠭᠠᠳᠯᠠᠨ ᠲᠣᠭᠲᠠᠭᠠᠬᠤ ᠪᠠ ᠡᠮᠨᠡᠨ ᠵᠠᠰᠠᠬᠤ ᠲᠥᠰᠦᠯ ᠢ ᠬᠤᠪᠢᠷᠠᠭᠤᠯᠬᠤ ᠠᠵᠢᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠷᠡᠯ ᠤᠨ ᠡᠷᠡᠭᠦᠯ ᠬᠠᠮᠠᠭᠠᠯᠠᠯ ᠤᠨ ᠲᠥᠪ ᠠᠴᠠ ᠭᠦᠢᠴᠡᠳᠭᠡᠨ᠎ᠡ᠃ ᠬᠦᠨᠳᠦ ᠡᠪᠡᠳᠴᠢᠨ ᠮᠡᠲᠡᠷᠡᠯ ᠤᠨ ᠡᠪᠡᠳᠴᠢᠨ ᠳᠤ ᠨᠡᠷᠪᠡᠭᠳᠡᠭᠰᠡᠨ ᠳᠠᠭᠠᠳᠬᠠᠯ ᠳᠤ ᠣᠷᠣᠯᠴᠠᠭᠰᠠᠨ ᠬᠥᠮᠦᠰ ︵ᠪᠤᠶᠤ ᠣᠷᠣᠯᠠᠨ ᠭᠦᠢᠴᠡᠳᠬᠡᠭᠴᠢ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠷᠡᠯ ᠤᠨ ᠡᠷᠡᠭᠦᠯ ᠬᠠᠮᠠᠭᠠᠯᠠᠯ ᠤᠨ ᠲᠥᠪ ᠲᠤ ᠭᠤᠶᠤᠴᠢᠯᠠᠯ ᠢᠶᠠᠨ ᠳᠤᠷᠠᠳᠴᠤ ᠪᠣᠯᠤᠨ᠎ᠠ᠂ ᠭᠤᠶᠤᠴᠢᠯᠠᠨ ᠮᠡᠳᠡᠭᠦᠯᠬᠦ ᠳᠤ ᠪᠠᠨ ᠣᠨᠣᠰᠢᠯᠠᠯᠲᠠ ᠶᠢᠨ ᠭᠡᠷᠡᠴᠢ ᠪᠢᠴᠢᠭ ᠤᠨ ᠤᠭ ᠮᠠᠲ᠋ᠧᠷᠢᠶᠠᠯ᠂ ᠡᠪᠡᠳᠴᠢᠨ ᠤ ᠲᠥᠷᠥᠯ ᠲᠠᠢ ᠬᠤᠯᠪᠣᠭᠳᠠᠬᠤ ᠪᠦᠷᠢᠨ ᠪᠦᠲᠦᠨ ᠡᠮᠨᠡᠯᠭᠡ ᠳᠤ ᠰᠠᠭᠤᠭᠰᠠᠨ ᠡᠪᠡᠳᠴᠢᠨ ᠤ ᠲᠡᠦᠬᠡ᠂ ᠬᠦᠴᠦᠨ ᠪᠦᠬᠦᠢ ᠪᠡᠶ᠎ᠡ ᠶᠢᠨ ᠦᠨᠡᠮᠯᠡᠯ ᠢ ᠬᠠᠩᠭᠠᠬᠤ ᠬᠡᠷᠡᠭᠲᠡᠶ᠃  ᠳᠥᠷᠪᠡ᠂ ᠭᠦᠢᠴᠡᠳᠬᠡᠬᠦ ᠬᠤᠭᠤᠴᠠᠭ᠎ᠠ  ᠲᠣᠰ ᠮᠡᠳᠡᠭᠳᠡᠯ ᠢ 2024 ᠣᠨ ᠤ 3 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠵᠦ᠂ ᠤᠯᠤᠰ ᠵᠢᠴᠢ ᠥᠪᠡᠷᠲᠡᠭᠡᠨ ᠵᠠᠰᠠᠬᠤ ᠣᠷᠣᠨ ᠠᠴᠠ ᠠᠰᠲᠠᠭᠠᠨ ᠰᠢᠨ᠎ᠡ ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ ᠬᠡᠷᠡᠭᠵᠢᠭᠦᠯᠦᠨ᠎ᠡ᠃ ᠳᠠᠭᠤᠰᠤᠭᠠᠳᠤᠶ ᠵᠦᠢᠯᠡᠰ ᠢ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠶ ᠡᠪᠡᠳᠴᠢᠨ ᠤ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠥᠪᠥᠷ ᠡᠮᠴᠢᠯᠡᠭᠡ ᠪᠠᠳᠤᠯᠠᠭ᠎ᠠ ᠲᠠᠷᠬᠠᠭᠠᠭᠰᠠᠨ ﹇ 2022﹈ 25 ᠳ᠋ᠤᠭᠠᠷ ᠲᠣᠭᠠᠲᠤ︶ ᠶᠣᠰᠣᠭᠠᠷ ᠬᠡᠷᠡᠭᠵᠢᠭᠦᠯᠦᠨ᠎ᠡ᠃          ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ                2024 ᠣᠨ ᠤ 2 ᠳ᠋ᠤᠭᠠᠷ ᠰᠠᠷ᠎ᠠ ᠶᠢᠨ 29 ᠤ ᠡᠳᠦᠷ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号