ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠬᠠᠷᠢᠶ᠎ᠠ ᠠᠵᠢᠯ ᠦᠢᠯᠡᠰ ᠤᠨ ᠨᠢᠭᠡᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠨᠳᠣᠤ ᠭᠠᠵᠠᠷ ᠡᠮᠨᠡᠭᠦᠯᠬᠦ ᠶᠢᠨ ᠳ᠋ᠦᠩᠨᠡᠨ ᠪᠤᠳᠤᠬᠤ ᠲᠥᠪ ᠤᠨ ᠥᠷᠢᠰᠦᠯᠳᠦᠭᠡᠨ ᠤ ᠴᠢᠨᠠᠷᠲᠠᠶ ᠠᠵᠢᠯᠲᠠᠨ ᠢ ᠠᠳᠠᠯᠢᠳᠬᠠᠨ ᠰᠣᠩᠭᠤᠬᠤ ᠵᠠᠷᠯᠠᠯ
ᠨᠡᠶᠢᠲᠡᠯᠡᠭᠰᠡᠨ ᠴᠠᠭ᠄
2024/3/13
  ᠺᠠᠳ᠋ᠷ ᠤᠨ ᠡᠩᠨᠡᠭᠡᠨ ᠤ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠣᠨᠳᠣᠤ ᠭᠠᠵᠠᠷ ᠲᠤ ᠡᠮᠨᠡᠭᠦᠯᠦᠭᠰᠡᠨ ᠢ ᠰᠢᠭᠤᠳ ᠳ᠋ᠦᠩᠨᠡᠨ ᠪᠤᠳᠤᠬᠤ ᠠᠵᠢᠯ ᠢ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠥᠷᠢᠰᠥᠯᠳᠦᠭᠡᠨ ᠤ ᠴᠢᠨᠠᠷᠲᠠᠶ ᠠᠳᠠᠯᠢᠳᠬᠠᠨ ᠰᠣᠩᠭᠤᠬᠤ ᠠᠷᠭ᠎ᠠ ᠬᠡᠯᠪᠡᠷᠢ ᠪᠠᠷ ᠳᠠᠮᠵᠢᠭᠤᠯᠤᠨ ᠬᠠᠷᠢᠶ᠎ᠠ ᠠᠵᠢᠯ ᠦᠢᠯᠡᠰ ᠤᠨ ᠨᠢᠭᠡᠴᠢ ᠥᠪᠡᠷᠲᠡᠭᠡᠨ ᠵᠠᠰᠠᠬᠤ ᠣᠷᠣᠨ ᠤ ᠣᠨᠳᠣᠤ ᠭᠠᠵᠠᠷ ᠡᠮᠨᠡᠭᠦᠯᠬᠦ ᠶᠢᠨ ᠳ᠋ᠦᠩᠨᠡᠨ ᠪᠤᠳᠤᠬᠤ ᠲᠥᠪ ᠲᠤ ᠠᠵᠢᠯ ᠰᠢᠯᠵᠢᠬᠦ ᠠᠵᠢᠯᠲᠠᠨ ᠢ ᠠᠳᠠᠯᠢᠳᠬᠠᠨ ᠰᠣᠩᠭᠤᠬᠤ ᠪᠠᠷ ᠲᠥᠯᠥᠪᠯᠡᠵᠦ ᠪᠠᠶᠢᠨ᠎ᠠ᠃ ᠡᠳᠦᠭᠡ ᠬᠠᠮᠢᠶ᠎ᠠ ᠪᠦᠬᠦᠢ ᠤᠴᠢᠷ ᠢ ᠳᠣᠤᠷᠠᠬᠢ ᠮᠡᠲᠦ ᠵᠠᠷᠯᠠᠶ᠎ᠠ᠃  ᠨᠢᠭᠡ᠂ ᠠᠵᠢᠯ ᠤᠨ ᠪᠠᠶᠢᠷᠢ ᠶᠢ ᠠᠳᠠᠯᠢᠳᠬᠠᠨ ᠰᠣᠩᠭᠤᠬᠤ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠨᠳᠣᠣ ᠭᠠᠵᠠᠷ ᠡᠮᠨᠡᠭᠦᠯᠬᠦ ᠶᠢᠨ ᠳ᠋ᠦᠩᠨᠡᠨ ᠪᠣᠳᠣᠬᠤ ᠲᠥᠪ 3 ᠠᠳᠠᠯᠢᠳᠬᠠᠨ ᠰᠣᠩᠭᠤᠬᠤ ᠠᠵᠢᠯ ᠤᠨ ᠪᠠᠶᠢᠷᠢ ᠲᠣᠬᠢᠷᠠᠭᠤᠯᠵᠠᠢ᠃ ᠪᠣᠳᠠᠲᠠᠶ ᠬᠢᠷᠢ ᠬᠡᠮ ᠤᠨ ᠨᠥᠬᠦᠴᠡᠯ ᠢ ︽ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠬᠠᠷᠢᠶ᠎ᠠ ᠠᠵᠢᠯ ᠦᠢᠯᠡᠰ ᠤᠨ ᠨᠢᠭᠡᠴᠢ ᠥᠪᠡᠷᠲᠡᠭᠡᠨ ᠵᠠᠰᠠᠬᠤ ᠣᠷᠣᠨ ᠤ ᠣᠨᠳᠣᠤ ᠭᠠᠵᠠᠷ ᠡᠮᠨᠡᠭᠦᠯᠬᠦ ᠶᠢᠨ ᠳ᠋ᠦᠩᠨᠡᠨ ᠪᠤᠳᠤᠬᠤ ᠲᠥᠪ ᠤᠨ ᠥᠷᠢᠰᠥᠯᠳᠦᠭᠡᠨ ᠤ ᠴᠢᠨᠠᠷᠲᠠᠶ ᠠᠵᠢᠯᠲᠠᠨ ᠢ ᠠᠳᠠᠯᠢᠳᠬᠠᠨ ᠰᠣᠩᠭᠤᠬᠤ ᠠᠵᠢᠯ ᠤᠨ ᠪᠠᠶᠢᠷᠢ ᠶᠢᠨ ᠬᠦᠰᠦᠨᠦᠭᠲᠦ︾ ᠠᠴᠠ ᠨᠠᠷᠢᠨ ᠦᠵᠡᠭᠡᠷᠡᠶ᠃  ᠬᠤᠶᠠᠷ᠂ ᠨᠡᠷ᠎ᠡ ᠮᠡᠳᠡᠭᠦᠯᠬᠦ ᠬᠡᠪᠴᠢᠶ᠎ᠡ  ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠠᠯᠪᠠᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ ᠶᠢᠨ ᠣᠷᠣᠨ ᠲᠣᠭᠠᠲᠤ ᠠᠵᠢᠯᠯᠠᠵᠤ ᠪᠦᠬᠦᠢ ᠠᠯᠪᠠᠲᠠᠨ ︵ᠠᠯᠪᠠᠨ ᠳᠤ ᠣᠷᠣᠯᠴᠠᠭᠴᠢ︶᠂ ᠠᠵᠢᠯ ᠦᠢᠯᠡᠰ ᠤᠨ ᠨᠢᠭᠡᠴᠢ ᠶᠢᠨ ᠠᠵᠢᠯᠲᠠᠨ᠃ ᠲᠥᠪ ᠪᠠ ᠲᠥᠷᠥ ᠶᠢᠨ ᠪᠠᠶᠢᠭᠤᠯᠭ᠎ᠠ ᠠᠴᠠ ᠮᠠᠨ ᠤ ᠣᠷᠣᠨ ᠳᠤ ᠪᠠᠶᠢᠭᠤᠯᠤᠭᠰᠠᠨ ᠨᠢᠭᠡᠴᠢ ︵ᠡᠭᠴᠡ ᠬᠠᠮᠢᠶᠠᠷᠤᠯᠲᠠ ᠶᠢᠨ ᠨᠢᠭᠡᠴᠢ᠂ ᠲᠣᠮᠢᠯᠠᠭᠰᠠᠨ ᠨᠢᠭᠡᠴᠢ ᠵᠡᠷᠭᠡ ᠶᠢ ᠪᠠᠭᠲᠠᠭᠠᠨ᠎ᠠ︶ ᠶᠢᠨ ᠠᠳᠠᠯᠢᠳᠬᠠᠨ ᠰᠣᠩᠭᠤᠬᠤ ᠨᠥᠬᠦᠴᠡᠯ ᠳᠤ ᠨᠡᠶᠢᠴᠡᠬᠦ ᠠᠵᠢᠯᠲᠠᠳ ᠴᠤ ᠨᠡᠷ᠎ᠡ ᠮᠡᠳᠡᠭᠦᠯᠵᠦ ᠪᠣᠯᠤᠨ᠎ᠠ᠃  ᠭᠤᠷᠪᠠ᠂ ᠨᠡᠷ᠎ᠡ ᠮᠡᠳᠡᠭᠦᠯᠬᠦ ᠨᠥᠬᠦᠴᠡᠯ  ︵ᠨᠢᠭᠡ︶ ᠨᠡᠷ᠎ᠡ ᠮᠡᠳᠡᠭᠦᠯᠦᠭᠴᠢ ᠳᠣᠣᠷ᠎ᠠ ᠵᠢᠭᠰᠠᠭᠠᠭᠰᠠᠨ ᠬᠢᠷᠢ ᠬᠡᠮ ᠤᠨ ᠨᠦᠬᠦᠴᠡᠯ ᠢ ᠪᠦᠷᠢᠯᠳᠦᠭᠦᠯᠬᠦ ᠬᠡᠷᠡᠭᠲᠡᠢ  1. ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ ᠪᠠ ᠬᠠᠤᠯᠢ ᠴᠠᠭᠠᠵᠠ ᠶᠢ ᠵᠢᠷᠤᠮᠯᠠᠵᠤ᠂ ᠰᠠᠶᠢᠨ ᠰᠠᠶᠢᠬᠠᠨ ᠤᠯᠤᠰ ᠲᠥᠷᠥ ᠶᠢᠨ ᠬᠡᠪ ᠴᠢᠨᠠᠷ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠲᠠᠢ ᠪᠠᠶᠢᠵᠤ᠂ ᠬᠡᠪ ᠰᠤᠷᠲᠠᠯ ᠨᠢ ᠲᠥᠪᠯᠡᠭᠦᠨ᠂ ᠪᠣᠳᠠᠲᠤ ᠠᠮᠵᠢᠯᠲᠠ ᠨᠢ ᠲᠣᠪᠤᠶᠢᠮ᠎ᠠ᠂ ᠣᠯᠠᠨ ᠲᠦᠮᠡᠨ ᠢᠶᠠᠷ ᠢᠶᠠᠨ ᠮᠡᠳᠡᠷᠡᠭᠰᠡᠨ ᠪᠠᠶᠢᠬᠤ ᠬᠡᠷᠡᠭᠲᠡᠢ᠃  2. ᠲᠣᠰ ᠨᠢᠭᠡᠴᠢ ᠳᠤ 2 ᠵᠢᠯ ᠠᠴᠠ ᠳᠡᠭᠡᠭᠰᠢ ᠠᠵᠢᠯᠯᠠᠭᠰᠠᠨ ᠪᠠᠶᠢᠭᠤᠯᠭ᠎ᠠ ᠶᠢᠨ ᠠᠯᠪᠠᠲᠠᠨ ᠪᠤᠶᠤ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠠᠵᠢᠯ ᠤᠨ ᠥᠩᠭᠡᠷᠡᠯᠲᠡ ᠶᠢ 2024 ᠣᠨ ᠤ 2 ᠳ᠋ᠤᠭᠠᠷ ᠰᠠᠷ᠎ᠠ ᠪᠣᠯᠲᠠᠯ᠎ᠠ ᠪᠣᠳᠤᠨ᠎ᠠ᠃  3.ᠣᠶᠢᠷ᠎ᠠ ᠶᠢᠨ ᠬᠤᠶᠠᠷ ᠵᠢᠯ ᠤᠨ ᠣᠨ ᠤ ᠬᠢᠨᠠᠨ ᠰᠢᠯᠭᠠᠯᠲᠠ ᠳᠤ ᠴᠥᠮ ᠲᠤᠰᠢᠶᠠᠯ ᠳᠤ ᠪᠠᠨ ᠲᠡᠩᠴᠡᠭᠰᠡᠨ ︵ᠬᠢᠷᠢ ᠲᠡᠩᠴᠡᠭᠰᠡᠨ︶ ᠠᠴᠠ ᠳᠡᠭᠡᠭᠰᠢᠬᠢ ᠳᠡᠰ ᠪᠠᠶᠢᠬᠤ ᠬᠡᠷᠡᠭᠲᠡᠢ᠃  4. ᠶᠡᠭᠡ ᠰᠤᠷᠭᠠᠭᠤᠯᠢ ᠶᠢᠨ ᠵᠢᠩᠬᠢᠨᠢ ᠠᠩᠭᠢ ᠵᠢᠴᠢ ᠲᠡᠭᠦᠨ ᠠᠴᠠ ᠳᠡᠭᠡᠭᠰᠢᠬᠢ ᠰᠣᠶᠣᠯ ᠤᠨ ᠬᠢᠷᠢ ᠬᠡᠮᠵᠢᠶ᠎ᠡ ᠲᠠᠢ ᠪᠠᠶᠢᠬᠤ ᠬᠡᠷᠡᠭᠲᠡᠢ᠃  5. ᠲᠤᠰᠢᠶᠠᠯ ᠬᠠᠷᠢᠭᠤᠴᠠᠯᠭ᠎ᠠ ᠪᠠᠨ ᠬᠡᠪ ᠤᠨ ᠶᠣᠰᠣᠭᠠᠷ ᠭᠦᠢᠴᠡᠳᠭᠡᠵᠦ ᠪᠠᠶᠢᠭ᠎ᠠ ᠪᠡᠶ᠎ᠡ ᠮᠠᠬᠠᠪᠣᠳ ᠤᠨ ᠨᠥᠬᠦᠴᠡᠯ ᠪᠠ ᠰᠡᠳᠬᠢᠴᠡ ᠶᠢᠨ ᠬᠡᠪ ᠪᠣᠯᠪᠠᠰᠤᠷᠠᠯ ᠲᠠᠢ ᠪᠠᠶᠢᠬᠤ ᠬᠡᠷᠡᠭᠲᠡᠢ᠃  6. ᠠᠵᠢᠯ ᠤᠨ ᠪᠠᠶᠢᠷᠢ ᠶᠢᠨ ᠬᠡᠷᠡᠭᠰᠡᠬᠦ ᠬᠢᠷᠢ ᠭᠡᠮ ᠤᠨ ᠨᠥᠬᠦᠴᠡᠯ ᠵᠢᠴᠢ ᠮᠡᠷᠭᠡᠵᠢᠯ ᠴᠢᠳᠠᠪᠤᠷᠢ ᠶᠢᠨ ᠱᠠᠭᠠᠷᠳᠠᠯᠭ᠎ᠠ ᠶᠢ ᠪᠦᠷᠢᠳᠦᠭᠦᠯᠦᠭᠰᠡᠨ ᠪᠠᠶᠢᠬᠤ ᠬᠡᠷᠡᠭᠲᠡᠶ᠃  7. ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠨᠥᠬᠦᠴᠡᠯ᠃  ︵ᠬᠤᠶᠠᠷ︶ ᠲᠤᠤᠷᠠᠬᠢ ᠪᠠᠶᠢᠳᠠᠯ ᠤᠨ ᠠᠯᠢ ᠨᠢᠭᠡ ᠨᠢ ᠪᠠᠶᠢᠪᠠᠯ᠂ ᠲᠤᠰ ᠤᠳᠠᠭᠠᠨ ᠤ ᠠᠳᠠᠯᠢᠳᠬᠠᠨ ᠰᠤᠩᠭᠤᠯᠲᠠ ᠳᠤ ᠤᠷᠤᠯᠴᠠᠵᠤ ᠪᠤᠯᠬᠤ ᠦᠭᠡᠢ  1. ᠪᠦᠬᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠡᠪ ᠬᠠᠮᠲᠤ ᠨᠠᠮ ᠠᠴᠠ ᠬᠥᠭᠡᠭᠡᠭᠳᠡᠭᠰᠡᠨ᠃  2. ᠬᠠᠤᠯᠢ ᠶᠣᠰᠣᠭᠠᠷ ᠢᠲᠡᠭᠡᠮᠵᠢ ᠠᠯᠳᠠᠭᠰᠠᠨ ᠢ ᠬᠠᠮᠲᠤᠷᠠᠨ ᠵᠠᠯᠬᠠᠭᠠᠨ ᠴᠡᠭᠡᠷᠯᠡᠭᠦᠯᠬᠦ ᠡᠲᠡᠭᠡᠳ ᠲᠤ  ᠵᠢᠭᠰᠠᠭᠠᠭᠳᠠᠭᠰᠠᠨ᠃  3.ᠬᠠᠤᠯᠢ ᠰᠠᠬᠢᠯᠭ᠎ᠠ ᠶᠢ ᠵᠥᠷᠢᠴᠡᠭᠰᠡᠨ ᠰᠡᠵᠢᠭᠯᠡᠯᠲᠡᠢ ᠡᠲᠡᠭᠡᠳ ᠢᠶᠠᠷ ᠶᠠᠭ ᠬᠠᠮᠢᠶ᠎ᠠ ᠪᠦᠬᠦᠢ ᠲᠤᠰᠬᠠᠢ ᠪᠠᠶᠢᠭᠤᠯᠭ᠎ᠠ ᠶᠢᠨ ᠬᠢᠨᠠᠨ ᠪᠠᠶᠢᠴᠠᠭᠠᠯᠲᠠ ᠶᠢ ᠬᠦᠯᠢᠶᠡᠵᠦ ᠦᠷ᠎ᠡ ᠳ᠋ᠦᠩ ᠨᠢ ᠭᠠᠷᠤᠭ᠎ᠠ ᠦᠭᠡᠢ ᠪᠠᠶᠢᠬᠤ᠃  4. ᠰᠡᠷᠡᠮᠵᠢᠯᠡᠭᠦᠯᠦᠨ ᠢᠳᠬᠠᠯᠲᠠ᠂ ᠵᠣᠬᠢᠶᠠᠨ ᠪᠠᠶᠢᠭᠤᠯᠤᠯᠲᠠ ᠶᠢᠨ ᠰᠢᠢᠳᠪᠦᠷᠢᠯᠡᠯᠲᠡ ᠪᠤᠶᠤ ᠨᠠᠮ ᠤᠨ ᠰᠠᠬᠢᠯᠭ᠎ᠠ ᠵᠠᠰᠠᠭ ᠤᠨ ᠶᠠᠪᠤᠳᠠᠯ ᠤᠨ ᠰᠢᠢᠳᠭᠡᠯ ᠣᠯᠣᠭᠰᠠᠨ ᠠᠴᠠ ᠪᠣᠯᠵᠤ ᠨᠦᠯᠦᠭᠡ ᠪᠦᠬᠦᠢ ᠬᠤᠭᠤᠴᠠᠭ᠎ᠠ ᠨᠢ ᠲᠤᠯᠤᠭ᠎ᠠ ᠦᠭᠡᠢ ᠪᠤᠶᠤ ᠬᠤᠭᠤᠴᠠᠭ᠎ᠠ ᠨᠢ ᠲᠤᠯᠵᠣ ᠬᠡᠷᠡᠭᠯᠡᠬᠦ ᠶᠢ ᠨᠥᠯᠥᠭᠡᠯᠡᠭᠰᠡᠨ᠃  5. ᠲᠤᠷᠰᠢᠨ ᠬᠡᠷᠡᠭᠯᠡᠬᠦ ᠬᠤᠭᠤᠴᠠᠭᠠᠨ ᠳᠤ ︵ᠰᠢᠨ᠎ᠡ ᠪᠠᠷ ᠳᠡᠪᠰᠢᠭᠦᠯᠦᠨ ᠬᠡᠷᠡᠭᠯᠡᠵᠦ ᠪᠠᠶᠢᠭ᠎ᠠ ᠤᠳᠤᠷᠢᠳᠬᠤ ᠲᠤᠰᠢᠶᠠᠯ ᠤᠨ ᠲᠤᠷᠰᠢᠨ ᠬᠡᠷᠡᠭᠯᠡᠬᠦ ᠬᠤᠭᠤᠴᠠᠭ᠎ᠠ ᠶᠢ ᠪᠠᠭᠲᠠᠭᠠᠨ᠎ᠠ︶ ᠪᠠᠶᠢᠭ᠎ᠠ ᠪᠤᠶᠤ ᠬᠠᠮᠤᠭ ᠤᠨ ᠳᠣᠤᠷ᠎ᠠ ᠦᠢᠯᠡᠴᠢᠯᠡᠭᠡᠨ ᠤ ᠵᠢᠯ ᠤᠨ ᠬᠤᠭᠤᠴᠠᠭ᠎ᠠ ᠨᠢ ᠲᠤᠯᠤᠭᠠᠳᠤᠢ᠃  6.2017 ᠣᠨ ᠠᠴᠠ ᠬᠤᠶᠢᠰᠢ᠂ ᠥᠪᠡᠷᠲᠡᠭᠡᠨ ᠵᠠᠰᠠᠬᠤ ᠣᠷᠣᠨ ᠵᠢᠴᠢ ᠡᠯ᠎ᠡ ᠠᠶᠢᠮᠠᠭ ᠬᠤᠲᠠ ᠲᠤᠬᠠᠢ ᠶᠢᠨ ᠭᠠᠵᠠᠷ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠬᠤᠯᠪᠤᠭᠳᠠᠯ ᠪᠦᠬᠦᠢ ᠲᠥᠷᠥ ᠶᠢᠨ ᠪᠣᠳᠣᠯᠭ᠎ᠠ ᠶᠣᠰᠣᠭᠠᠷ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠷᠭ᠎ᠠ ᠬᠡᠯᠪᠡᠷᠢ ᠪᠠᠷ ᠳᠠᠮᠵᠢᠭᠤᠯᠤᠨ ᠤᠷᠤᠭᠤᠯᠤᠨ ᠠᠪᠴᠢᠷᠠᠵᠤ ᠪᠠᠰᠠ ᠦᠢᠯᠡᠴᠢᠯᠡᠭᠡᠨ ᠤ ᠬᠤᠭᠤᠴᠠᠭᠠᠨ ᠳᠤ ᠪᠠᠨ ᠪᠠᠶᠢᠭ᠎ᠠ ᠬᠥᠮᠥᠰ᠂ ᠦᠢᠯᠡᠴᠢᠯᠡᠭᠡᠨ ᠤ ᠬᠤᠭᠤᠴᠠᠭ᠎ᠠ ᠲᠤᠭᠲᠠᠭᠠᠭᠰᠠᠨ ᠦᠭᠡᠢ ᠪᠣᠯ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ︽ᠵᠠᠬ᠎ᠠ ᠳᠡᠯᠭᠡᠭᠦᠷ ᠤᠨ ᠦᠢᠯᠡᠳᠦᠯ ᠢ ᠭᠦᠢᠴᠡᠳ ᠪᠠᠳᠠᠷᠠᠭᠤᠯᠵᠤ ᠴᠢᠳᠠᠪᠤᠷᠢᠲᠠᠨ ᠤ ᠢᠯᠭᠤᠮ ᠪᠥᠭᠡᠳ ᠡᠮᠬᠢ ᠵᠢᠷᠤᠮ ᠲᠠᠢ ᠰᠢᠯᠵᠢᠬᠦ ᠶᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾ ᠤᠨ ᠶᠣᠰᠣᠭᠠᠷ ᠬᠡᠷᠡᠭᠵᠢᠭᠦᠯᠵᠦ᠂ ᠦᠢᠯᠡᠴᠢᠯᠡᠭᠡᠨ ᠤ ᠬᠠᠮᠤᠭ ᠤᠨ ᠳᠣᠣᠷ᠎ᠠ ᠵᠢᠯ ᠤᠨ ᠬᠢᠵᠠᠭᠠᠷ ᠢ 3 ᠵᠢᠯ ᠢᠶᠠᠷ ᠲᠣᠭᠲᠠᠭᠠᠨ᠎ᠠ᠃  7. ᠠᠯᠪᠠᠲᠠᠨ ᠡᠯᠰᠡᠬᠦ᠂ ᠰᠢᠯᠢᠨ ᠰᠣᠩᠭᠤᠬᠤ ᠪᠤᠶᠤ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠡᠯᠰᠡᠬᠦ ᠳᠤᠮᠳᠠ ᠭᠡᠮ ᠬᠢᠭᠰᠡᠨ ᠵᠡᠷᠭᠡ ᠠᠴᠠ ᠡᠯᠰᠡᠨ ᠬᠡᠷᠡᠭᠯᠡᠬᠦ᠂ ᠤᠷᠢᠨ ᠬᠡᠷᠡᠭᠯᠡᠬᠦ ᠰᠠᠬᠢᠯᠭ᠎ᠠ ᠪᠠᠲᠤ ᠶᠢ ᠬᠦᠨᠳᠦ ᠨᠣᠴᠢᠲᠠᠶ ᠵᠥᠷᠢᠴᠡᠭᠰᠡᠨ ᠦᠢᠯᠡ ᠠᠵᠢᠯᠯᠠᠭ᠎ᠠ ᠪᠠᠷ ᠮᠠᠭᠠᠳᠯᠠᠨ ᠲᠣᠭᠲᠠᠭᠠᠭᠳᠠᠭᠰᠠᠨ ᠪᠥᠭᠡᠳ ᠰᠢᠯᠭᠠᠯᠲᠠ ᠶᠢᠨ ᠴᠠᠭᠠᠵᠠᠯᠠᠭᠳᠠᠭᠰᠠᠨ ᠬᠤᠭᠤᠴᠠᠭᠠᠨ ᠳᠤ ᠪᠠᠶᠢᠭ᠎ᠠ ᠬᠥᠮᠦᠰ᠃  8. ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠪᠠᠶᠢᠳᠠᠯ ᠵᠢᠴᠢ ᠵᠣᠬᠢᠶᠠᠨ ᠪᠠᠶᠢᠭᠤᠯᠬᠤ ᠠᠵᠢᠯᠲᠠᠨ ᠤ ᠶᠠᠪᠤᠳᠠᠯ ᠤᠨ ᠬᠤᠯᠪᠤᠭᠳᠠᠯ ᠪᠦᠬᠦᠢ ᠠᠵᠢᠯ ᠤᠨ ᠲᠣᠭᠲᠠᠭᠠᠯ ᠠᠴᠠ ᠵᠥᠷᠢᠴᠡᠭᠰᠡᠨ ᠪᠤᠰᠤᠳ ᠪᠠᠶᠢᠳᠠᠯ᠃  9. ᠰᠢᠯᠵᠢᠭᠦᠯᠦᠭᠰᠡᠨ ᠤ ᠳᠠᠷᠠᠭ᠎ᠠ ᠪᠠᠷᠢᠨ ᠳᠠᠯᠳᠠᠯᠠᠬᠤ ᠪᠠᠶᠢᠳᠠᠯ ᠪᠣᠢ ᠪᠣᠯᠣᠭᠰᠠᠨ ᠪᠠᠶᠢᠪᠠᠯ᠃  ᠳᠥᠷᠪᠡ᠂ ᠠᠳᠠᠯᠢᠳᠬᠠᠨ ᠰᠣᠩᠭᠤᠬᠤ ᠠᠷᠭ᠎ᠠ ᠬᠡᠯᠪᠡᠷᠢ  1. ᠠᠳᠠᠯᠢᠳᠬᠠᠨ ᠰᠣᠩᠭᠤᠬᠤ ᠳᠤ ᠰᠢᠯᠭᠠᠯᠲᠠ ᠬᠢᠭᠡᠳ ᠪᠠᠶᠢᠴᠠᠭᠠᠬᠤ ᠶᠢ ᠤᠶᠠᠯᠳᠤᠭᠤᠯᠬᠤ ᠠᠷᠭ᠎ᠠ ᠪᠠᠷ ᠶᠠᠪᠤᠭᠳᠠᠭᠤᠯᠵᠤ᠂ ᠭᠤᠤᠯᠳᠠᠯᠭ᠎ᠠ ᠲᠠᠢ ᠠᠵᠢᠯ ᠤᠨ ᠪᠠᠶᠢᠷᠢ ᠶᠢᠨ ᠵᠣᠬᠢᠴᠠᠯᠳᠤᠯ ᠤᠨ ᠬᠡᠮᠵᠢᠶ᠎ᠡ ᠶᠢ ᠰᠢᠨᠵᠢᠯᠡᠨ᠎ᠡ᠃  2. ᠠᠵᠢᠯ ᠤᠨ ᠪᠠᠶᠢᠷᠢ ᠶᠢᠨ ᠠᠮᠵᠢᠯᠲᠠ ᠲᠠᠢ ᠨᠡᠷ᠎ᠡ ᠮᠡᠳᠡᠭᠦᠯᠦᠭᠰᠡᠨ ᠬᠥᠮᠦᠨ ᠤ ᠲᠤᠭ᠎ᠠ ᠬᠢᠭᠡᠳ ᠠᠳᠠᠯᠢᠳᠬᠠᠨ ᠰᠣᠩᠭᠤᠬᠤ ᠪᠠᠷ ᠪᠠᠶᠢᠭ᠎ᠠ ᠬᠥᠮᠦᠨ ᠤ ᠲᠤᠭ᠎ᠠ ᠶᠢᠨ ᠬᠠᠷᠢᠴᠠᠯ ᠢ 3᠄ 1 ᠠᠴᠠ ᠳᠣᠤᠷ᠎ᠠ ᠪᠠᠶᠢᠯᠭᠠᠵᠤ ᠪᠣᠯᠬᠤ ᠥᠬᠡᠶ᠂ 2 ᠬᠥᠮᠦᠨ ᠵᠢᠴᠢ ᠲᠡᠭᠦᠨ ᠠᠴᠠ ᠳᠡᠭᠡᠭᠰᠢᠬᠢ ᠠᠵᠢᠯ ᠤᠨ ᠪᠠᠶᠢᠷᠢ ᠶᠢᠨ ᠬᠠᠷᠢᠴᠠᠯ ᠢ 2.5᠄ 1 ᠠᠴᠠ ᠳᠣᠤᠷ᠎ᠠ ᠪᠠᠶᠢᠯᠭᠠᠵᠤ ᠪᠣᠯᠬᠤ ᠥᠬᠡᠶ᠃  ᠠᠳᠠᠯᠢᠳᠬᠠᠨ ᠰᠣᠩᠭᠤᠬᠤ ᠡᠯ᠎ᠡ ᠭᠤᠭᠴᠤᠭ᠎ᠠ ᠳᠤ ᠲᠤᠭ᠎ᠠ ᠨᠢ ᠳᠤᠲᠠᠭᠳᠠᠭᠰᠠᠨ ᠪᠠᠶᠢᠪᠠᠯ᠂ ᠲᠠᠰ ᠳᠠᠷᠠᠭᠠᠯᠠᠨ ᠨᠥᠬᠦᠪᠦᠷᠢᠯᠡᠵᠦ᠂ ᠲᠤᠷᠰᠢᠨ ᠬᠡᠷᠡᠭᠯᠡᠬᠦ ᠬᠤᠭᠤᠴᠠᠭᠠᠨ ᠳᠤ ᠤᠷᠤᠭᠰᠠᠨ ᠤ ᠳᠠᠷᠠᠭ᠎ᠠ ᠠᠵᠢᠯ ᠤᠨ ᠪᠠᠶᠢᠷᠢ ᠠᠴᠠ ᠪᠠᠨ ᠰᠠᠯᠤᠭᠰᠠᠨ ᠢ ᠳᠠᠭᠢᠵᠤ ᠨᠥᠬᠦᠪᠦᠷᠢᠯᠡᠬᠦ ᠦᠭᠡᠢ᠃  ᠲᠠᠪᠤ᠂ ᠬᠡᠷᠡᠭᠵᠢᠭᠦᠯᠬᠦ ᠠᠯᠬᠤᠮ ᠳᠠᠷᠠᠭ᠎ᠠ  ︵ᠨᠢᠭᠡ︶ ᠨᠡᠷ᠎ᠡ ᠮᠡᠳᠡᠭᠦᠯᠬᠦ ᠪᠠ ᠬᠢᠷᠢ ᠬᠡᠮ ᠤᠨ ᠬᠢᠨᠠᠨ ᠪᠠᠶᠢᠴᠠᠭᠠᠯᠲᠠ   ᠨᠡᠷ᠎ᠡ ᠮᠡᠳᠡᠭᠦᠯᠬᠦ ᠴᠠᠭ ᠨᠢ 2024 ᠣᠨ ᠤ 3 ᠳ᠋ᠤᠭᠠᠷ ᠰᠠᠷ᠎ᠠ ᠶᠢᠨ 14 ᠤ ᠡᠳᠦᠷ ᠠᠴᠠ 20 ᠤ ᠡᠳᠦᠷ ᠪᠣᠯᠲᠠᠯ᠎ᠠ᠃ ᠪᠣᠳᠠᠲᠠᠶ ᠠᠯᠬᠤᠮ ᠳᠠᠷᠠᠭ᠎ᠠ ᠨᠢ ᠳᠣᠤᠷᠠᠬᠢ ᠮᠡᠲᠦ᠄  1. ᠨᠡᠷ᠎ᠡ ᠮᠡᠳᠡᠭᠦᠯᠦᠭᠰᠡᠨ ᠬᠥᠮᠦᠨ ᠲᠣᠭᠲᠠᠭᠰᠠᠨ ᠨᠡᠷ᠎ᠡ ᠮᠡᠳᠡᠭᠦᠯᠬᠦ ᠴᠠᠭ ᠲᠤ www.nmrcks.net ᠰᠦᠯᠵᠢᠶᠡᠨ ᠳᠤ ᠨᠡᠪᠲᠡᠷᠡᠵᠦ ᠂ ᠰᠦᠯᠵᠢᠶᠡᠨ ᠳᠡᠭᠡᠷ᠎ᠡ ᠨᠡᠷ᠎ᠡ ᠮᠡᠳᠡᠭᠦᠯᠵᠦ᠂ ᠱᠠᠭᠠᠷᠳᠠᠯᠭ᠎ᠠ ᠶᠣᠰᠣᠭᠠᠷ ᠨᠡᠷ᠎ᠡ ᠮᠡᠳᠡᠭᠦᠯᠬᠦ ᠮᠡᠳᠡᠭᠡ ᠵᠠᠩᠭᠢ ᠪᠠᠨ ᠲᠠᠭᠯᠠᠵᠤ᠂ ᠨᠡᠷ᠎ᠡ ᠮᠡᠳᠡᠭᠦᠯᠬᠦ ᠬᠥᠮᠦᠨ ᠨᠢᠭᠡᠪᠦᠷᠢ ᠵᠥᠪᠬᠡᠨ ᠨᠢᠭᠡ ᠯᠡ ᠠᠵᠢᠯ ᠤᠨ ᠪᠠᠶᠢᠷᠢ ᠶᠢ ᠲᠠᠭᠯᠠᠵᠤ᠂ ᠡᠷᠬᠡᠪᠰᠢ ᠬᠦᠴᠦᠨ ᠪᠥᠬᠦᠶ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ︵ᠪᠤᠶᠤ ᠫᠠᠰᠫᠣᠷᠲ︶ ᠢᠶᠠᠷ ᠨᠡᠷ᠎ᠡ ᠮᠡᠳᠡᠭᠦᠯᠵᠦ᠂ ᠨᠡᠷ᠎ᠡ ᠮᠡᠳᠡᠭᠦᠯᠬᠦ ᠬᠢᠭᠡᠳ ᠪᠢᠷ ᠤᠨ ᠰᠢᠯᠭᠠᠯᠲᠠ᠂ ᠨᠢᠭᠤᠷᠲᠠᠨ ᠰᠢᠯᠭᠠᠯᠲᠠ ᠳᠤ ᠣᠷᠣᠯᠴᠠᠬᠤ ᠦᠶ᠎ᠡ ᠶᠢᠨ ᠬᠡᠷᠡᠭᠯᠡᠬᠦ ᠦᠨᠡᠮᠯᠡᠯ ᠡᠷᠬᠡᠪᠰᠢ ᠨᠢᠭᠡᠳᠦᠯᠲᠡᠶ ᠪᠠᠶᠢᠬᠤ ᠬᠡᠷᠡᠭᠲᠡᠶ᠃  2. ᠨᠡᠷ᠎ᠡ ᠮᠡᠳᠡᠭᠦᠯᠦᠭᠴᠢ ᠥᠪᠡᠷᠲᠡᠭᠡᠨ ᠪᠣᠶ ᠪᠣᠯᠬᠤ ︽2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠥᠷᠢᠰᠥᠯᠳᠦᠭᠡᠨ ᠤ ᠴᠢᠨᠠᠷᠲᠠᠶ ᠠᠳᠠᠯᠢᠳᠬᠠᠨ ᠰᠣᠩᠭᠤᠬᠤ ᠠᠵᠢᠯᠲᠠᠨ ᠤ ᠨᠡᠷ᠎ᠡ ᠮᠡᠳᠡᠭᠦᠯᠬᠦ ᠬᠦᠰᠦᠨᠦᠭ︾ ︵ᠳᠣᠷᠣᠭᠰᠢ ︽ᠠᠳᠠᠯᠢᠳᠬᠠᠨ ᠰᠣᠩᠭᠤᠬᠤ ᠨᠡᠷ᠎ᠡ ᠮᠡᠳᠡᠭᠦᠯᠬᠦ ᠬᠦᠰᠦᠨᠦᠭ︾ ᠭᠡᠵᠦ ᠲᠣᠪᠴᠢᠯᠠᠨ᠎ᠠ︶ ᠢ ᠪᠠᠭᠤᠯᠭᠠᠨ ᠳᠠᠷᠤᠮᠠᠯᠯᠠᠵᠤ᠂ ᠥᠭᠡᠷᠡᠴᠢᠯᠡᠵᠦ ᠪᠣᠯᠬᠤ ᠥᠬᠡᠶ᠃  3. ᠺᠠᠳ᠋ᠷ ᠢ ᠬᠠᠮᠢᠶᠠᠷᠬᠤ ᠡᠷᠬᠡ ᠮᠡᠳᠡᠯ ᠶᠣᠰᠣᠭᠠᠷ ᠨᠡᠷ᠎ᠡ ᠮᠡᠳᠡᠭᠦᠯᠦᠭᠴᠢ ᠨᠢ ᠪᠦᠷᠢᠨ ᠪᠦᠲᠦᠨ ︽ᠠᠳᠠᠯᠢᠳᠬᠠᠨ ᠰᠣᠩᠭᠤᠬᠤ ᠨᠡᠷ᠎ᠡ ᠮᠡᠳᠡᠭᠦᠯᠬᠦ ᠬᠦᠰᠦᠨᠦᠭ︾ ᠢ ᠲᠠᠭᠯᠠᠵᠤ ᠠᠵᠢᠯᠯᠠᠬᠤ ᠨᠢᠭᠡᠴᠢ ᠪᠤᠶᠤ ᠵᠣᠬᠢᠶᠠᠨ ᠪᠠᠶᠢᠭᠤᠯᠬᠤ ᠠᠵᠢᠯᠲᠠᠨ ᠤ ᠶᠠᠪᠤᠳᠠᠯ ᠤᠨ ᠰᠠᠯᠠᠭ᠎ᠠ ᠮᠥᠴᠢᠷ ᠲᠤ ᠬᠢᠨᠠᠨ ᠬᠠᠷᠭᠤᠭᠤᠯᠵᠤ ᠲᠠᠮᠠᠭ᠎ᠠ ᠳᠠᠷᠤᠭᠤᠯᠤᠨ᠎ᠠ᠃  4. ᠨᠡᠷ᠎ᠡ ᠮᠡᠳᠡᠭᠦᠯᠦᠭᠴᠢ ᠬᠢᠨᠠᠨ ᠬᠠᠷᠭᠤᠭᠤᠯᠵᠤ ᠲᠠᠮᠠᠭ᠎ᠠ ᠳᠠᠷᠤᠭᠤᠯᠤᠭᠰᠠᠨ ᠤ ᠳᠠᠷᠠᠭᠠᠬᠢ ︽ᠠᠳᠠᠯᠢᠳᠬᠠᠨ ᠰᠣᠩᠭᠤᠬᠤ ᠨᠡᠷ᠎ᠡ ᠮᠡᠳᠡᠭᠦᠯᠬᠦ ᠬᠦᠰᠦᠨᠦᠭᠲᠦ︾ ᠶᠢᠨ ᠰᠢᠷᠪᠢᠯᠲᠡ ᠶᠢᠨ ᠵᠦᠢᠯ ︵pdf ᠬᠡᠯᠪᠡᠷᠢ︶ ᠢ ᠵᠢᠭᠠᠨ ᠲᠣᠭᠲᠠᠭᠠᠭᠰᠠᠨ ᠢᠮᠧᠯ ︵ nmgydjyjszx@163.com ︶ ᠳᠤ ᠢᠯᠡᠭᠡᠵᠦ᠂ ᠹᠠᠺᠰ ᠢ ᠬᠦᠯᠢᠶᠡᠨ ᠠᠪᠬᠤ ᠦᠭᠡᠢ᠃ ᠳᠡᠭᠡᠷᠡᠬᠢ ᠨᠡᠷ᠎ᠡ ᠮᠡᠳᠡᠭᠦᠯᠬᠦ ᠠᠯᠬᠤᠮ ᠳᠠᠷᠠᠭ᠎ᠠ ᠶᠢ ᠲᠣᠭᠲᠠᠭᠰᠠᠨ ᠴᠠᠭ ᠲᠤ ᠪᠡᠶᠡᠯᠡᠭᠦᠯᠵᠦ ᠳᠡᠶᠢᠯᠦᠭᠰᠡᠨ ᠦᠭᠡᠶ ᠪᠣᠯ᠂ ᠨᠡᠷ᠎ᠡ ᠮᠡᠳᠡᠭᠦᠯᠬᠦ ᠬᠢᠷᠢ ᠭᠡᠮ ᠢᠶᠠᠨ ᠥᠪᠡᠷᠲᠡᠭᠡᠨ ᠲᠠᠶᠠᠭᠳᠠᠭᠰᠠᠨ ᠢᠶᠠᠷ ᠦᠵᠡᠨ᠎ᠡ᠃  5. ᠬᠢᠷᠢ ᠬᠡᠮ ᠤᠨ ᠬᠢᠨᠠᠨ ᠪᠠᠶᠢᠴᠠᠭᠠᠯᠲᠠ ᠪᠠᠷ ᠳᠠᠮᠵᠢᠭᠤᠯᠤᠨ ᠨᠡᠷ᠎ᠡ ᠮᠡᠳᠡᠭᠦᠯᠦᠭᠴᠢ 2024 ᠣᠨ ᠤ 3 ᠳ᠋ᠤᠭᠠᠷ ᠰᠠᠷ᠎ᠠ ᠶᠢᠨ 22 ᠤ ᠡᠳᠦᠷ ᠤᠨ 9᠄ 00 ᠠᠴᠠ 23 ᠤ ᠡᠳᠦᠷ ᠤᠨ 17᠄ 00 ᠪᠣᠯᠲᠠᠯ᠎ᠠ᠂ ᠨᠡᠷ᠎ᠡ ᠮᠡᠳᠡᠭᠦᠯᠬᠦ ᠰᠦᠯᠵᠢᠶᠡᠨ ᠳᠤ ᠨᠡᠪᠲᠡᠷᠡᠵᠦ ᠰᠢᠯᠭᠠᠯᠲᠠ ᠤᠨ ᠵᠥᠪᠰᠢᠶᠡᠷᠡᠯ ᠤᠨ ᠦᠨᠡᠮᠯᠡᠯ ᠢ ᠥᠪᠡᠷᠲᠡᠭᠡᠨ ᠪᠠᠭᠤᠯᠭᠠᠵᠤ ᠳᠠᠷᠤᠮᠠᠯᠯᠠᠨ᠎ᠠ᠃  6. ᠨᠡᠷ᠎ᠡ ᠮᠡᠳᠡᠭᠦᠯᠦᠯᠲᠡ ᠵᠣᠭᠰᠣᠭᠰᠠᠨ ᠤ ᠳᠠᠷᠠᠭ᠎ᠠ᠂ ᠨᠡᠷ᠎ᠡ ᠮᠡᠳᠡᠭᠦᠯᠦᠭᠰᠡᠨ ᠬᠥᠮᠦᠨ ᠤ ᠲᠤᠭ᠎ᠠ ᠬᠢᠭᠡᠳ ᠠᠳᠠᠯᠢᠳᠬᠠᠨ ᠰᠣᠩᠭᠤᠬᠤ ᠪᠠᠷ ᠪᠠᠶᠢᠭ᠎ᠠ ᠬᠥᠮᠦᠨ ᠤ ᠲᠤᠭ᠎ᠠ ᠶᠢᠨ ᠬᠠᠷᠢᠴᠠᠯ ᠨᠢ ᠲᠣᠭᠲᠠᠭᠠᠭᠰᠠᠨ ᠬᠠᠮᠤᠭ ᠤᠨ ᠳᠣᠤᠷ᠎ᠠ ᠰᠢᠯᠭᠠᠯᠲᠠ ᠶᠢᠨ ᠬᠠᠷᠢᠴᠠᠯ ᠳᠤ ᠬᠦᠷᠦᠭᠰᠡᠨ ᠦᠭᠡᠢ ᠭᠡᠵᠦ ᠨᠤᠲᠠᠯᠠᠭᠰᠠᠨ ᠪᠠᠶᠢᠪᠠᠯ᠂ ᠠᠳᠠᠯᠢᠳᠬᠠᠨ ᠰᠣᠩᠭᠤᠬᠤ ᠬᠦᠮᠦᠨ ᠤ ᠲᠤᠭ᠎ᠠ ᠶᠢ ᠴᠥᠬᠡᠳᠭᠡᠬᠦ ᠪᠤᠶᠤ ᠰᠢᠯᠭᠠᠯᠲᠠ ᠶᠢ ᠬᠦᠴᠦᠨ ᠦᠭᠡᠢ ᠪᠣᠯᠭᠠᠨ᠎ᠠ᠃ ᠰᠢᠯᠭᠠᠯᠲᠠ ᠶᠢ ᠬᠦᠴᠦᠨ ᠦᠭᠡᠢ ᠪᠣᠯᠭᠠᠭᠰᠠᠨ ᠠᠵᠢᠯ ᠤᠨ ᠪᠠᠶᠢᠷᠢ ᠳᠤ ᠨᠡᠷ᠎ᠡ ᠮᠡᠳᠡᠭᠦᠯᠦᠭᠰᠡᠳ ᠪᠤᠰᠤᠳ ᠠᠵᠢᠯ ᠤᠨ ᠪᠠᠶᠢᠷᠢ ᠳᠤ ᠥᠭᠡᠷᠡᠴᠢᠯᠡᠨ ᠮᠡᠳᠡᠭᠦᠯᠬᠦ ᠪᠤᠶᠤ ᠨᠡᠷ᠎ᠡ ᠮᠡᠳᠡᠭᠦᠯᠦᠭᠰᠡᠨ ᠢᠶᠠᠨ ᠣᠷᠬᠢᠵᠣ ᠪᠣᠯᠣᠨ᠎ᠠ᠃ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠠᠵᠢᠯ ᠤᠨ ᠪᠠᠶᠢᠷᠢ ᠶᠢ ᠨᠡᠷ᠎ᠡ ᠮᠡᠳᠡᠭᠦᠯᠦᠯᠲᠡ ᠳᠠᠭᠤᠰᠤᠭᠰᠠᠨ ᠤ ᠳᠠᠷᠠᠭ᠎ᠠ ᠨᠡᠷ᠎ᠡ ᠮᠡᠳᠡᠭᠦᠯᠬᠦ ᠰᠦᠯᠵᠢᠶᠡᠨ ᠳᠡᠭᠡᠷ᠎ᠡ ᠨᠡᠶᠢᠲᠡᠯᠡᠨ᠎ᠡ᠃  ︵ᠬᠤᠶᠠᠷ︶ ᠪᠢᠷ ᠤᠨ ᠰᠢᠯᠭᠠᠯᠲᠠ  1. ᠪᠢᠷ ᠤᠨ ᠰᠢᠯᠭᠠᠯᠲᠠ ᠶᠢᠨ ᠰᠢᠯᠭᠠᠬᠤ ᠲᠦᠷᠦᠯ ᠨᠢ ᠨᠢᠭᠡ ᠲᠥᠷᠥᠯ ᠪᠠᠶᠢᠵᠤ᠂ ᠪᠡᠶᠡᠴᠢ ᠴᠢᠨᠠᠷ ᠲᠠᠢ ᠰᠢᠯᠭᠠᠯᠲᠠ ᠶᠢᠨ ᠰᠡᠳᠦᠪ ᠢ ᠬᠡᠷᠡᠭᠯᠡᠨ᠂ ᠰᠢᠯᠭᠠᠯᠲᠠ ᠶᠢᠨ ᠬᠦᠷᠢᠶ᠎ᠡ ᠬᠡᠪᠴᠢᠶ᠎ᠡ ᠪᠠ ᠳᠠᠪᠲᠠᠬᠤ ᠮᠠᠲ᠋ᠧᠷᠢᠶᠠᠯ ᠢ ᠲᠣᠭᠲᠠᠭᠠᠬᠤ ᠦᠭᠡᠢ᠂ ᠬᠠᠭᠠᠯᠲᠠ ᠲᠠᠢ ᠰᠢᠯᠭᠠᠯᠲᠠ᠂ ᠪᠢᠷ ᠤᠨ ᠰᠢᠯᠭᠠᠯᠲᠠ ᠶᠢᠨ ᠪᠦᠷᠢᠨ ᠬᠤᠪᠢ ᠨᠢ 100 ᠬᠤᠪᠢ ᠪᠣᠯᠣᠨ᠎ᠠ᠃  2. ᠭᠤᠤᠯᠳᠠᠭᠤ ᠤᠯᠤᠰ ᠲᠥᠷᠥ ᠶᠢᠨ ᠬᠡᠪ ᠪᠣᠯᠪᠠᠰᠤᠷᠠᠯ᠂ ᠲᠥᠷᠥ ᠶᠢᠨ ᠪᠣᠳᠣᠯᠭ᠎ᠠ ᠶᠢᠨ ᠣᠨᠣᠯ ᠤᠨ ᠬᠢᠷᠢ ᠲᠦᠪᠰᠢᠨ᠂ ᠠᠰᠠᠭᠤᠳᠠᠯ ᠢ ᠵᠠᠳᠠᠯᠬᠤ ᠪᠠ ᠰᠢᠢᠳᠪᠦᠷᠢᠯᠡᠬᠦ ᠴᠢᠳᠠᠪᠤᠷᠢ᠂ ᠡᠬᠡ ᠪᠢᠴᠢᠭ ᠪᠢᠴᠢᠬᠦ ᠴᠢᠳᠠᠪᠤᠷᠢ ᠵᠡᠷᠭᠡ ᠶᠢ ᠰᠢᠯᠭᠠᠨ ᠪᠠᠶᠢᠴᠠᠭᠠᠨ᠎ᠠ᠃  3. ᠪᠢᠷ ᠤᠨ ᠰᠢᠯᠭᠠᠯᠲᠠ ᠳᠤ ᠴᠥᠮ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠢᠯᠭᠠᠯᠲᠠ ᠶᠢᠨ ᠬᠠᠭᠤᠳᠠᠰᠤ ᠪᠠᠶᠢᠵᠤ᠂ ᠡᠷᠬᠡᠪᠰᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠬᠠᠷᠢᠭᠤᠯᠬᠤ ᠬᠡᠷᠡᠭᠲᠡᠶ᠂ ᠲᠤᠭᠲᠠᠭᠠᠯ ᠤᠨ ᠪᠤᠰᠤ ᠦᠰᠦᠭ ᠪᠢᠴᠢᠭ ᠢᠶᠠᠷ ᠬᠠᠷᠢᠭᠤᠯᠤᠭᠰᠠᠨ ᠢ ᠴᠥᠮ ᠲᠡᠭ ᠬᠤᠪᠢ ᠪᠠᠷ ᠰᠢᠢᠳᠪᠦᠷᠢᠯᠡᠨ᠎ᠡ᠃  4. ᠪᠢᠷ ᠤᠨ ᠰᠢᠯᠭᠠᠯᠲᠠ ᠶᠢ 3 ᠳ᠋ᠤᠭᠠᠷ ᠰᠠᠷ᠎ᠠ ᠶᠢᠨ ᠰᠡᠭᠦᠯᠴᠢ ᠪᠠᠷ ᠶᠠᠪᠤᠭᠳᠠᠭᠤᠯᠵᠤ᠂ ᠭᠠᠵᠠᠷ ᠢ ᠬᠥᠬᠡᠬᠤᠲᠠ ᠳᠤ ᠲᠣᠬᠢᠷᠠᠭᠤᠯᠵᠤ᠂ ᠪᠣᠳᠠᠲᠠᠶ ᠴᠠᠭ᠂ ᠭᠠᠵᠠᠷ ᠢ ᠰᠢᠯᠭᠠᠭᠤᠯᠬᠤ ᠲᠡᠮᠳᠡᠭ ᠠᠴᠠ ᠬᠠᠷᠠᠭᠠᠷᠠᠢ᠃ ᠨᠡᠷ᠎ᠡ ᠮᠡᠳᠡᠭᠦᠯᠦᠭᠴᠢ ᠬᠤᠪᠢ ᠬᠥᠮᠦᠨ ᠤ ᠪᠡᠶ᠎ᠡ ᠶᠢᠨ ᠦᠨᠡᠮᠯᠡᠯ ︵ᠫᠠᠰᠫᠣᠷᠲ︶ ᠪᠠ ᠰᠢᠯᠭᠠᠭᠤᠯᠬᠤ ᠲᠡᠮᠳᠡᠭ ᠢᠶᠠᠨ ᠠᠪᠴᠤ ᠪᠢᠷ ᠤᠨ ᠰᠢᠯᠭᠠᠯᠲᠠ ᠳᠤ ᠣᠷᠣᠯᠴᠠᠬᠤ ᠬᠡᠷᠡᠭᠲᠡᠶ᠃  5. ᠬᠢᠷᠢ ᠪᠦᠲᠦᠮᠵᠢ ᠶᠢ ᠪᠠᠶᠢᠴᠠᠭᠠᠨ ᠯᠠᠪᠯᠠᠬᠤ᠃ 3 ᠳ᠋ᠤᠭᠠᠷ ᠰᠠᠷ᠎ᠠ ᠶᠢᠨ ᠰᠠᠭᠦᠯᠴᠢ ︵ᠪᠢᠷ ᠤᠨ ᠰᠢᠯᠭᠠᠯᠲᠠ ᠳᠠᠭᠤᠰᠤᠭᠰᠠᠨ ᠤ ᠳᠠᠷᠠᠭᠠᠬᠢ ᠬᠤᠶᠠᠳᠤᠭᠠᠷ ᠡᠳᠦᠷ︶ ᠪᠠᠷ ᠨᠡᠷ᠎ᠡ ᠮᠡᠳᠡᠭᠦᠯᠦᠭᠴᠢ ᠨᠡᠷ᠎ᠡ ᠮᠡᠳᠡᠭᠦᠯᠬᠦ ᠰᠦᠯᠵᠢᠶᠡᠨ ᠳᠤ ᠨᠡᠪᠲᠡᠷᠡᠵᠦ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠪᠠ ᠪᠢᠷ ᠤᠨ ᠰᠢᠯᠭᠠᠯᠲᠠ ᠶᠢᠨ ᠬᠠᠮᠤᠭ ᠤᠨ ᠳᠣᠤᠷ᠎ᠠ ᠬᠢᠷᠢ ᠲᠡᠩᠴᠡᠯᠲᠡ ᠶᠢᠨ ᠱᠤᠭᠤᠮ ᠢ ᠪᠠᠶᠢᠴᠠᠭᠠᠨ ᠦᠵᠡᠵᠦ ᠪᠣᠯᠤᠨ᠎ᠠ᠃  ︵ᠭᠤᠷᠪᠠ︶ ᠬᠢᠷᠢ ᠭᠡᠮ ᠤᠨ ᠳᠠᠬᠢᠨ ᠬᠢᠨᠠᠯᠲᠠ  1. ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠨᠢ ᠬᠠᠮᠤᠭ ᠤᠨ ᠳᠣᠣᠷ᠎ᠠ ᠬᠢᠷᠢ ᠲᠡᠩᠴᠡᠯᠲᠡ ᠶᠢᠨ ᠱᠤᠭᠤᠮ ᠠᠴᠠ ᠥᠨᠳᠦᠷ ᠨᠡᠷ᠎ᠡ ᠮᠡᠳᠡᠭᠦᠯᠦᠭᠴᠢ ᠳᠤᠮᠳᠠ ᠠᠴᠠ᠂ ᠠᠵᠢᠯ ᠤᠨ ᠪᠠᠶᠢᠷᠢ ᠨᠢᠭᠡᠪᠦᠷᠢ ᠶᠢᠨ ᠨᠡᠷ᠎ᠡ ᠮᠡᠳᠡᠭᠦᠯᠦᠭᠴᠢ ᠶᠢᠨ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠶᠢ ᠥᠨᠳᠥᠷ ᠠᠴᠠ ᠳᠣᠣᠷ᠎ᠠ ᠬᠦᠷᠲᠡᠯᠡᠬᠢ ᠳᠡᠰ ᠳᠠᠷᠠᠭᠠᠯᠠᠯ ᠪᠠ 3᠄ 1 ᠶᠢᠨ ᠬᠠᠷᠢᠴᠠᠯ ᠢᠶᠠᠷ ᠬᠢᠷᠢ ᠬᠡᠮ ᠢ ᠳᠠᠬᠢᠨ ᠬᠢᠨᠠᠯᠲᠠ ᠶᠢᠨ ᠬᠦᠷᠢᠶ᠎ᠡ ᠬᠡᠪᠴᠢᠶᠡᠨ ᠳᠤ ᠣᠷᠣᠬᠤ ᠬᠥᠮᠥᠰ ᠢ ᠲᠣᠭᠲᠠᠭᠠᠨ᠎ᠠ᠃ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠶᠢ ᠵᠢᠭᠰᠠᠭᠠᠭᠠᠳ 3᠄ 1 ᠠᠴᠠ ᠬᠡᠲᠦᠷᠡᠭᠰᠡᠨ ᠢ ᠴᠥᠮ ᠬᠢᠷᠢ ᠭᠡᠮ ᠢ ᠳᠠᠬᠢᠨ ᠬᠢᠨᠠᠯᠲᠠ ᠶᠢᠨ ᠬᠡᠪᠴᠢᠶᠡᠨ ᠳᠤ ᠣᠷᠤᠭᠤᠯᠵᠤ᠂ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠶᠢᠨ ᠬᠠᠮᠤᠭ ᠤᠨ ᠳᠣᠤᠷ᠎ᠠ ᠬᠢᠷᠢ ᠲᠡᠩᠴᠡᠯᠲᠡ ᠶᠢᠨ ᠱᠤᠭᠤᠮ ᠠᠴᠠ ᠳᠠᠪᠠᠭᠰᠠᠨ ᠬᠦᠮᠦᠨ ᠤ ᠲᠤᠭ᠎ᠠ ᠨᠢ 3᠄ 1 ᠳᠤ ᠬᠦᠷᠬᠦ ᠦᠭᠡᠢ ᠪᠣᠯ᠂ ᠪᠣᠲᠠᠲᠠᠢ ᠪᠠᠶᠢᠬᠤ ᠬᠦᠮᠦᠨ ᠤ ᠲᠤᠭ᠎ᠠ ᠪᠠᠷ ᠳᠠᠬᠢᠨ ᠬᠢᠨᠠᠯᠲᠠ ᠶᠢᠨ ᠬᠦᠷᠢᠶ᠎ᠡ ᠬᠡᠪᠴᠢᠶ᠎ᠡ ᠶᠢ ᠲᠣᠭᠲᠠᠭᠠᠨ᠎ᠠ᠃ ᠬᠢᠷᠢ ᠬᠡᠮ ᠤᠨ ᠳᠠᠬᠢᠨ ᠬᠢᠨᠠᠯᠲᠠ ᠵᠢᠴᠢ ᠳᠠᠷᠠᠭᠠᠯᠠᠨ ᠨᠥᠬᠦᠪᠦᠷᠢᠯᠡᠭᠰᠡᠨ ᠤ ᠳᠠᠷᠠᠭ᠎ᠠ 3᠄ 1 ᠳᠤ ᠬᠦᠷᠬᠦ ᠦᠭᠡᠢ ᠪᠣᠯ᠂ ᠪᠣᠳᠠᠲᠠᠢ ᠬᠥᠮᠥᠨ ᠤ ᠲᠤᠭ᠎ᠠ ᠪᠠᠷ ᠨᠢᠭᠤᠷᠲᠠᠨ ᠰᠢᠯᠭᠠᠯᠲᠠ ᠶᠢᠨ ᠬᠡᠪᠴᠢᠶᠡᠨ ᠳᠤ ᠣᠷᠣᠬᠤ ᠬᠥᠮᠥᠰ ᠢ ᠲᠣᠭᠲᠠᠭᠠᠨ᠎ᠠ᠃  2. ᠬᠢᠷᠢ ᠬᠡᠮ ᠤᠨ ᠳᠠᠬᠢᠨ ᠬᠢᠨᠠᠯᠲᠠ ᠪᠠ ᠨᠢᠭᠤᠷᠲᠠᠨ ᠰᠢᠯᠭᠠᠯᠲᠠ ᠶᠢᠨ ᠲᠤᠬᠠᠶ ᠬᠠᠮᠢᠶ᠎ᠠ ᠪᠥᠬᠦᠶ ᠱᠠᠭᠠᠷᠳᠠᠯᠭ᠎ᠠ ᠶᠢ 5 ᠡᠳᠦᠷ ᠤᠷᠢᠳᠴᠢᠯᠠᠨ ᠨᠡᠷ᠎ᠡ ᠮᠡᠳᠡᠭᠦᠯᠬᠦ ᠰᠦᠯᠵᠢᠶᠡᠨ ᠳᠡᠭᠡᠷ᠎ᠡ ᠵᠠᠷᠯᠠᠨ᠎ᠠ᠃ ᠬᠢᠷᠢ ᠭᠡᠮ ᠤᠨ ᠳᠠᠬᠢᠨ ᠬᠢᠨᠠᠯᠲᠠ ᠶᠢᠨ ᠬᠡᠪᠴᠢᠶᠡᠨ ᠳᠤ ᠤᠷᠤᠭᠰᠠᠨ ᠨᠡᠷ᠎ᠡ ᠮᠡᠳᠡᠭᠦᠯᠦᠭᠰᠡᠨ ᠬᠥᠮᠦᠰ ᠲᠣᠭᠲᠠᠭᠰᠠᠨ ᠴᠠᠭ ᠪᠠ ᠭᠠᠵᠠᠷ ᠣᠷᠣᠨ ᠶᠣᠰᠣᠭᠠᠷ ᠬᠢᠷᠢ ᠭᠡᠮ ᠤᠨ ᠳᠠᠬᠢᠨ ᠬᠢᠨᠠᠯᠲᠠ ᠳᠤ ᠣᠷᠣᠯᠴᠠᠬᠤ ᠬᠡᠷᠡᠭᠲᠡᠶ᠃ ᠲᠣᠭᠲᠠᠭᠰᠠᠨ ᠴᠠᠭ ᠨᠢ ᠲᠤᠯᠬᠤ  ᠠᠴᠠ ᠡᠮᠦᠨ᠎ᠡ ᠬᠢᠷᠢ ᠭᠡᠮ ᠤᠨ ᠳᠠᠬᠢᠨ ᠬᠢᠨᠠᠯᠲᠠ ᠳᠤ ᠣᠷᠣᠯᠴᠠᠭᠰᠠᠨ ᠦᠭᠡᠶ ᠪᠣᠯ ᠨᠢᠭᠤᠷᠳᠠᠨ ᠰᠢᠯᠭᠠᠬᠤ ᠬᠢᠷᠢ ᠭᠡᠮ ᠢ ᠨᠢ ᠬᠦᠴᠦᠨ ᠦᠭᠡᠶ ᠪᠣᠯᠭᠠᠨ᠎ᠠ᠃  3. ᠳᠠᠬᠢᠨ ᠬᠢᠨᠠᠯᠲᠠ ᠳᠤ ᠭᠤᠣᠯᠳᠠᠭᠤ ᠨᠡᠷ᠎ᠡ ᠮᠡᠳᠡᠭᠦᠯᠦᠭᠴᠢ ᠶᠢᠨ ᠮᠡᠳᠡᠭᠡ ᠵᠠᠩᠭᠢ ᠨᠢ ᠦᠨᠡᠨ ᠪᠣᠳᠠᠲᠠᠶ ᠣᠨᠣᠪᠴᠢᠲᠠᠶ ᠪᠠᠶᠢᠬᠤ ᠡᠰᠡᠬᠦ᠂ ᠨᠡᠷ᠎ᠡ ᠮᠡᠳᠡᠭᠦᠯᠦᠭᠰᠡᠨ ᠠᠵᠢᠯ ᠤᠨ ᠪᠠᠶᠢᠷᠢ ᠶᠢᠨ ᠵᠣᠬᠢᠴᠠᠩᠭᠤᠶ ᠬᠢᠷᠢ ᠬᠡᠮ ᠤᠨ ᠨᠥᠬᠦᠴᠡᠯ ᠳᠤ ᠨᠡᠶᠢᠴᠡᠬᠦ ᠡᠰᠡᠬᠦ ᠶᠢ ᠬᠢᠨᠠᠨ᠎ᠠ᠃ ᠰᠢᠯᠭᠠᠭᠤᠯᠬᠤ ᠨᠥᠬᠦᠴᠡᠯ ᠳᠤ ᠨᠡᠶᠢᠴᠡᠬᠦ ᠦᠭᠡᠶ᠂ ᠲᠠᠭᠯᠠᠨ ᠮᠡᠳᠡᠭᠦᠯᠦᠭᠰᠡᠨ ᠬᠤᠪᠢ ᠬᠥᠮᠦᠨ ᠤ ᠮᠡᠳᠡᠭᠡ ᠵᠠᠩᠭᠢ ᠬᠢᠭᠡᠳ ᠦᠨᠡᠮᠯᠡᠯ ᠲᠠᠢ ᠪᠠᠨ ᠨᠡᠶᠢᠴᠡᠬᠦ ᠦᠭᠡᠢ ᠵᠢᠴᠢ ᠴᠢᠬᠤᠯᠠ ᠮᠡᠳᠡᠭᠡ ᠵᠠᠩᠭᠢ ᠪᠠᠨ ᠨᠢᠭᠤᠨ ᠳᠠᠯᠳᠠᠯᠠᠬᠤ ᠪᠤᠶᠤ ᠬᠤᠳᠠᠯ ᠬᠠᠭᠤᠷᠮᠠᠭ ᠭᠡᠷᠡᠴᠢ ᠮᠠᠲ᠋ᠧᠷᠢᠶᠠᠯ ᠬᠠᠩᠭᠠᠭᠰᠠᠨ ᠪᠣᠯ ᠨᠢᠭᠤᠷᠳᠠᠨ ᠰᠢᠯᠭᠠᠯᠲᠠ ᠶᠢᠨ ᠬᠢᠷᠢ ᠭᠡᠮ ᠢ ᠨᠢ ᠬᠦᠴᠦᠨ ᠦᠭᠡᠶ ᠪᠣᠯᠭᠠᠨ᠎ᠠ᠃  4. ᠬᠢᠷᠢ ᠭᠡᠮ ᠤᠨ ᠳᠠᠬᠢᠨ ᠬᠢᠨᠠᠯᠲᠠ ᠶᠢᠨ ᠭᠤᠭᠴᠤᠭ᠎ᠠ ᠳᠤ ᠣᠷᠣᠭᠰᠠᠨ ᠬᠥᠮᠥᠰ ︽ᠠᠳᠠᠯᠢᠳᠬᠠᠨ ᠰᠣᠩᠭᠤᠬᠤ ᠨᠡᠷ᠎ᠡ ᠮᠡᠳᠡᠭᠦᠯᠬᠦ ᠬᠦᠰᠦᠨᠦᠭᠲᠦ︾᠂ ᠰᠤᠷᠤᠯᠭ᠎ᠠ ᠶᠢᠨ ᠨᠠᠮᠲᠠᠷ ᠡᠷᠳᠡᠮ ᠤᠨ ᠴᠣᠯᠠ ᠶᠢᠨ ᠦᠨᠡᠮᠯᠡᠯ ᠤᠨ ᠤᠭ ᠮᠠᠲ᠋ᠧᠷᠢᠶᠠᠯ ᠪᠠ ᠬᠠᠭᠤᠯᠪᠤᠷᠢ᠂ ᠰᠤᠷᠭᠠᠨ ᠬᠥᠮᠥᠵᠢᠯ ᠤᠨ ᠶᠠᠮᠤᠨ ᠤ ︽ᠰᠤᠷᠤᠯᠭ᠎ᠠ ᠶᠢᠨ ᠨᠠᠮᠲᠠᠷ ᠤᠨ ᠦᠨᠡᠮᠯᠡᠯ ᠤᠨ ᠳᠠᠩᠰᠠᠯᠠᠭᠤᠯᠤᠭᠰᠠᠨ ᠡᠯᠧᠺᠲᠷᠣᠨ ᠬᠦᠰᠦᠨᠦᠭᠲᠦ︾ ᠪᠤᠶᠤ ︽ᠳᠤᠮᠳᠠᠳᠤ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ ᠰᠤᠷᠤᠯᠭ᠎ᠠ ᠶᠢᠨ ᠨᠠᠮᠲᠠᠷ ᠤᠨ ᠭᠡᠷᠡᠴᠢᠯᠡᠭᠡ ᠶᠢᠨ ᠮᠡᠳᠡᠭᠦᠯᠦᠯᠲᠡ︾ ︵ᠳᠤᠮᠳᠠᠳᠤ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ ᠰᠤᠷᠤᠭᠴᠢ ᠶᠢᠨ ᠮᠡᠳᠡᠭᠡ ᠵᠠᠩᠭᠢ ᠶᠢᠨ ᠰᠦᠯᠵᠢᠶ᠎ᠡ http://www.chsi.com.cn  ᠠᠴᠠ ᠪᠠᠭᠤᠯᠭᠠᠵᠤ ᠳᠠᠷᠤᠮᠠᠯᠯᠠᠬᠤ︶᠂ ︽ᠠᠯᠪᠠᠲᠠᠨ ᠡᠯᠰᠡᠨ ᠬᠡᠷᠡᠭᠯᠡᠬᠦ ᠶᠢ ᠬᠢᠨᠠᠨ ᠵᠥᠪᠰᠢᠶᠡᠷᠡᠬᠦ ᠬᠦᠰᠦᠨᠦᠭᠲᠦ︾ ︵︽ᠠᠯᠪᠠᠨ ᠳᠤ ᠣᠷᠣᠯᠴᠠᠭᠰᠠᠳ ᠢ ᠡᠯᠰᠡᠨ ᠬᠡᠷᠡᠭᠯᠡᠬᠦ ᠶᠢ ᠬᠢᠨᠠᠨ ᠵᠥᠪᠰᠢᠶᠡᠷᠡᠬᠦ ᠬᠦᠰᠦᠨᠦᠭᠲᠦ︾ ︶ ᠪᠣᠶᠤ ︽ᠢᠯᠡ ᠪᠠᠷ ᠠᠵᠢᠯᠲᠠᠨ ᠡᠯᠰᠡᠬᠦ ᠳᠠᠩᠰᠠᠯᠠᠯ ᠤᠨ ᠬᠦᠰᠦᠨᠦᠭᠲᠦ︾ ᠵᠡᠷᠭᠡ ᠠᠯᠪᠠᠲᠠᠨ ︵ᠠᠯᠪᠠᠨ ᠳᠤ ᠣᠷᠣᠯᠴᠠᠭᠰᠠᠳ︶ ᠤ ᠡᠩᠨᠡᠭᠡ ᠪᠤᠶᠤ ᠠᠵᠢᠯ ᠦᠢᠯᠡᠰ ᠤᠨ ᠨᠢᠭᠡᠴᠢ ᠶᠢᠨ ᠬᠠᠮᠢᠶ᠎ᠠ ᠪᠦᠬᠦᠢ ᠮᠠᠲ᠋ᠧᠷᠢᠶᠠᠯ ᠤᠨ ᠬᠠᠭᠤᠯᠪᠤᠷᠢ᠂ ᠪᠠᠶᠢᠭ᠎ᠠ ᠪᠠᠶᠢᠭᠤᠯᠭ᠎ᠠ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠠᠮᠢᠶᠠᠷᠤᠯᠲᠠ ᠶᠢᠨ ᠦᠨᠡᠮᠯᠡᠯ ᠤᠨ ᠲᠡᠷᠢᠭᠦᠨ ᠬᠠᠭᠤᠳᠠᠰᠤ ᠪᠠ ᠲᠤᠰ ᠬᠥᠮᠥᠨ ᠤ ᠨᠢᠭᠤᠷ ᠤᠨ ᠬᠠᠭᠤᠯᠪᠤᠷᠢ᠂ ᠤᠳᠠᠭ᠎ᠠ ᠪᠦᠷᠢ ᠶᠢᠨ ᠲᠤᠰᠢᠶᠠᠯ ᠤᠨ ᠬᠤᠪᠢᠷᠠᠯᠲᠠ ᠪᠠ ᠰᠢᠯᠵᠢᠬᠦ ᠶᠢ ᠬᠢᠨᠠᠨ ᠵᠥᠪᠰᠢᠶᠡᠷᠡᠬᠦ ᠬᠦᠰᠦᠨᠦᠭᠲᠦ ᠪᠤᠶᠤ ᠪᠢᠴᠢᠭ ᠮᠠᠲ᠋ᠧᠷᠢᠶᠠᠯ ᠤᠨ ᠬᠠᠭᠤᠯᠪᠤᠷᠢ ︵ᠳᠡᠭᠡᠷᠡᠬᠢ ᠮᠠᠲ᠋ᠧᠷᠢᠶᠠᠯ ᠤᠨ ᠬᠠᠭᠤᠯᠪᠤᠷᠢ ᠨᠢ ᠡᠷᠬᠡᠪᠰᠢ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠪᠦᠬᠦᠢ ᠰᠠᠯᠠᠭ᠎ᠠ ᠮᠥᠴᠢᠷ ᠤᠨ ᠵᠣᠬᠢᠶᠠᠨ ᠪᠠᠶᠢᠭᠤᠯᠬᠤ ᠠᠵᠢᠯᠲᠠᠨ ᠤ ᠶᠠᠪᠤᠳᠠᠯ ᠤᠨ ᠰᠠᠯᠠᠭ᠎ᠠ ᠮᠥᠴᠢᠷ ᠤᠨ ᠲᠠᠮᠠᠭ᠎ᠠ ᠳᠠᠷᠤᠭᠰᠠᠨ ᠭᠡᠷᠡᠴᠢ ᠪᠠᠶᠢᠬᠤ ᠬᠡᠷᠡᠭᠲᠡᠢ︶᠂ ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ ᠪᠠ ᠬᠠᠭᠤᠯᠪᠤᠷᠢ᠂ ᠣᠶᠢᠷ᠎ᠠ ᠶᠢᠨ ᠬᠤᠭᠤᠴᠠᠭᠠᠨ ᠤ ᠲᠢᠲᠢᠮ ᠦᠭᠡᠢ 2 ᠢᠮᠠᠬᠤ ᠶᠢᠨ ᠰᠡᠭᠦᠳᠡᠷ ︵3 ᠬᠠᠭᠤᠳᠠᠰᠤ︶᠂ ︽ᠠᠳᠠᠯᠢᠳᠬᠠᠨ ᠰᠣᠩᠭᠤᠨ ᠨᠡᠷ᠎ᠡ ᠮᠡᠳᠡᠭᠦᠯᠬᠦ ᠬᠦᠰᠦᠨᠦᠭᠲᠦ︾ ᠳᠤ ᠠᠵᠢᠯᠯᠠᠭᠰᠠᠨ ᠥᠩᠭᠡᠷᠡᠯᠲᠡ ᠪᠠ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶ᠎ᠠ ᠪᠦᠬᠦᠢ ᠭᠡᠷᠡᠴᠢ ᠮᠠᠲ᠋ᠧᠷᠢᠶᠠᠯ ᠢ ᠭᠡᠷᠡᠴᠢᠯᠡᠨ᠎ᠡ᠃  ︵ᠲᠦᠷᠪᠡ︶ ᠨᠢᠭᠤᠷᠳᠠᠨ ᠰᠢᠯᠭᠠᠯᠲᠠ  1. ᠨᠢᠭᠤᠷᠳᠠᠨ ᠰᠢᠯᠭᠠᠯᠲᠠ ᠶᠢ 4 ᠳ᠋ᠦ᠋ᠭᠡᠷ ᠰᠠᠷ᠎ᠠ ᠶᠢᠨ ᠡᠬᠢ ᠪᠠᠷ ᠶᠠᠪᠤᠭᠳᠠᠭᠤᠯᠵᠤ᠂ ᠭᠠᠵᠠᠷ ᠢ ᠬᠥᠬᠡᠬᠤᠲᠠ ᠳᠤ ᠲᠣᠬᠢᠷᠠᠭᠤᠯᠵᠤ᠂ ᠬᠢᠷᠢ ᠬᠡᠮ ᠤᠨ ᠳᠠᠬᠢᠨ ᠬᠢᠨᠠᠯᠲᠠ ᠳᠤ ᠬᠢᠷᠢ ᠲᠡᠩᠴᠡᠭᠰᠡᠨ ᠰᠢᠯᠭᠠᠭᠤᠯᠤᠭᠴᠢ ᠲᠠᠮᠠᠭ᠎ᠠ ᠳᠠᠷᠤᠭᠤᠯᠤᠭᠰᠠᠨ ︽ᠨᠢᠭᠤᠷᠲᠠᠨ ᠰᠢᠯᠭᠠᠯᠲᠠ ᠶᠢᠨ ᠮᠡᠳᠡᠭᠳᠡᠯ ᠤᠨ ᠪᠢᠴᠢᠭ︾ ᠵᠢᠴᠢ ᠪᠡᠶ᠎ᠡ ᠶᠢᠨ ᠦᠨᠡᠮᠯᠡᠯ ︵ᠫᠠᠰᠫᠣᠷᠲ︶ ᠢᠶᠠᠨ ᠠᠪᠴᠤ᠂ ᠲᠣᠭᠲᠠᠭᠰᠠᠨ ᠴᠠᠭ ᠪᠠ ᠭᠠᠵᠠᠷ ᠲᠤ ᠨᠢᠭᠤᠷᠲᠠᠨ ᠰᠢᠯᠭᠠᠯᠲᠠ ᠳᠤ ᠣᠷᠣᠯᠴᠠᠨ᠎ᠠ᠃ ᠲᠣᠭᠲᠠᠭᠰᠠᠨ ᠴᠠᠭ ᠲᠤ ᠪᠠᠨ ᠨᠢᠭᠤᠷᠳᠠᠨ ᠰᠢᠯᠭᠠᠯᠲᠠ ᠳᠤ ᠣᠷᠤᠯᠴᠠᠭᠰᠠᠨ ᠦᠭᠡᠢ ᠪᠣᠯ ᠥᠪᠡᠷᠲᠡᠭᠡᠨ ᠲᠠᠶᠠᠭᠳᠠᠭᠰᠠᠨ  ᠢᠶᠠᠷ ᠦᠵᠡᠨ᠎ᠡ᠃  2. ᠪᠣᠳᠠᠲᠠᠶ ᠲᠤᠬᠠᠶ ᠶᠢᠨ ᠲᠠᠯᠠᠪᠤᠷ ᠲᠤ ᠬᠦᠷᠴᠦ ᠨᠢᠭᠤᠷᠲᠠᠨ ᠰᠢᠯᠭᠠᠯᠲᠠ ᠳᠤ ᠣᠷᠣᠯᠴᠠᠬᠤ ᠬᠥᠮᠦᠨ ᠤ ᠲᠤᠭ᠎ᠠ ᠨᠢ ᠲᠣᠰ ᠠᠵᠢᠯ ᠤᠨ ᠪᠠᠶᠢᠷᠢ ᠶᠢᠨ ᠪᠣᠳᠠᠲᠠᠶ ᠠᠳᠠᠯᠢᠳᠬᠠᠨ ᠰᠣᠩᠭᠤᠬᠤ ᠲᠥᠯᠥᠪᠯᠡᠭᠡ ᠶᠢᠨ ᠲᠤᠭ᠎ᠠ ᠲᠠᠢ ᠲᠡᠩᠴᠡᠭᠦᠦ ᠪᠤᠶᠤ ᠴᠥᠬᠡᠨ ᠪᠣᠯ᠂ ᠨᠢᠭᠤᠷᠲᠠᠨ ᠰᠢᠯᠭᠠᠯᠲᠠ ᠶᠢᠨ ᠬᠢᠷᠢ ᠪᠦᠲᠦᠮᠵᠢ ᠨᠢ ᠨᠢᠭᠤᠷᠲᠠᠨ ᠰᠢᠯᠭᠠᠯᠲᠠ ᠶᠢᠨ ᠬᠢᠷᠢ ᠲᠡᠩᠴᠡᠯᠲᠡ ᠶᠢᠨ ᠱᠤᠭᠤᠮ ᠳᠤ ᠬᠦᠷᠬᠦ ᠬᠡᠷᠡᠭᠲᠡᠶ᠃  3. ᠨᠢᠭᠤᠷᠳᠠᠬᠤ ᠰᠢᠯᠭᠠᠯᠲᠠ ᠳᠤ ᠡᠷᠬᠡᠪᠰᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠪᠠᠷ ᠬᠠᠷᠢᠭᠤᠯᠲᠠ ᠥᠭᠴᠦ᠂ ᠨᠢᠭᠤᠷᠳᠠᠬᠤ ᠰᠢᠯᠭᠠᠯᠲᠠ ᠶᠢᠨ ᠪᠦᠷᠢᠨ ᠬᠤᠪᠢ ᠨᠢ 100 ᠬᠤᠪᠢ ᠪᠣᠯᠣᠨ᠎ᠠ᠃  4. ᠪᠦᠲᠦᠴᠡᠴᠢᠯᠡᠭᠰᠡᠨ ᠨᠢᠭᠤᠷᠳᠠᠨ ᠰᠢᠯᠭᠠᠯᠲᠠ ᠶᠢᠨ ᠠᠷᠭ᠎ᠠ ᠶᠢ ᠬᠡᠷᠡᠭᠯᠡᠨ᠎ᠡ᠃ ᠨᠢᠭᠤᠷᠲᠠᠨ ᠰᠢᠯᠭᠠᠯᠲᠠ ᠳᠤ ᠭᠤᠣᠯᠳᠠᠭᠤ ᠨᠢᠭᠤᠷᠳᠠᠨ ᠰᠢᠯᠭᠠᠭᠤᠯᠤᠭᠴᠢ ᠶᠢᠨ ᠤᠯᠤᠰ ᠲᠥᠷᠥ ᠶᠢᠨ ᠬᠡᠪ ᠴᠢᠨᠠᠷ᠂ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ᠂ ᠶᠡᠷᠦᠩᠬᠡᠶᠢᠯᠡᠭᠰᠡᠨ ᠵᠠᠳᠠᠯᠤᠯᠲᠠ᠂ ᠬᠡᠯᠡᠨ ᠤ ᠢᠯᠡᠳᠬᠡᠯ ᠪᠠ ᠠᠵᠢᠯ ᠤᠨ ᠪᠠᠶᠢᠷᠢ ᠶᠢᠨ ᠵᠣᠬᠢᠴᠠᠯᠳᠤᠯ ᠤᠨ ᠬᠡᠮᠵᠢᠶ᠎ᠡ ᠶᠢ ᠰᠢᠯᠭᠠᠨ᠎ᠠ᠃  5. ᠨᠡᠷ᠎ᠡ ᠮᠡᠳᠡᠭᠦᠯᠦᠭᠴᠢ ᠶᠢᠨ ᠨᠢᠭᠤᠷᠳᠠᠨ ᠰᠢᠯᠭᠠᠯᠲᠠ ᠶᠢᠨ ᠬᠢᠷᠢ ᠪᠦᠲᠦᠮᠵᠢ ᠪᠠ ᠰᠢᠨᠵᠢᠯᠡᠨ ᠪᠠᠶᠢᠴᠠᠭᠠᠯᠲᠠ ᠳᠤ ᠣᠷᠣᠭᠰᠠᠨ ᠬᠦᠮᠦᠰ ᠢ ᠨᠡᠷ᠎ᠡ ᠮᠡᠳᠡᠭᠦᠯᠬᠦ ᠰᠦᠯᠵᠢᠶᠡᠨ ᠳᠡᠭᠡᠷ᠎ᠡ ᠨᠡᠶᠢᠲᠡᠯᠡᠨ᠎ᠡ᠃  ︵ᠲᠠᠪᠤ︶ ᠰᠢᠨᠵᠢᠯᠡᠨ ᠪᠠᠶᠢᠴᠠᠭᠠᠯᠲᠠ  1. ᠰᠢᠨᠵᠢᠯᠡᠨ ᠪᠠᠶᠢᠴᠠᠭᠠᠯᠲᠠ ᠨᠢ ᠨᠢᠭᠤᠷᠳᠠᠨ ᠰᠢᠯᠭᠠᠯᠲᠠ ᠶᠢᠨ ᠬᠢᠷᠢ ᠪᠦᠲᠦᠮᠵᠢ ᠶᠢᠨ ᠥᠨᠳᠥᠷ ᠠᠴᠠ ᠳᠣᠤᠷ᠎ᠠ ᠳᠠᠷᠠᠭᠠᠯᠠᠯ ᠢᠶᠠᠷ ᠲᠣᠭᠲᠠᠭᠠᠵᠤ᠂ ᠰᠢᠨᠵᠢᠯᠡᠨ ᠪᠠᠶᠢᠴᠠᠭᠠᠯᠲᠠ ᠶᠢᠨ ᠭᠤᠭᠴᠤᠭ᠎ᠠ ᠳᠤ ᠤᠷᠤᠭᠰᠠᠨ ᠵᠢᠱᠢᠭᠳᠡᠭᠴᠢ ᠬᠢᠭᠡᠳ ᠠᠳᠠᠯᠢᠳᠬᠠᠨ ᠰᠣᠩᠭᠤᠵᠤ ᠰᠢᠯᠵᠢᠭᠦᠯᠬᠦ ᠲᠥᠯᠥᠪᠯᠡᠭᠡ ᠶᠢᠨ ᠬᠠᠷᠢᠴᠠᠯ ᠢ ᠶᠡᠷᠦ ᠳᠤ ᠪᠠᠨ 2᠄ 1 ᠠᠴᠠ ᠳᠣᠤᠷ᠎ᠠ ᠪᠠᠶᠢᠯᠭᠠᠵᠤ ᠪᠣᠯᠬᠤ ᠦᠭᠡᠶ᠂ ᠬᠡᠷᠪᠡ ᠬᠠᠷᠢᠴᠠᠯ ᠨᠢ 2᠄ 1 ᠠᠴᠠ ᠳᠣᠤᠷ᠎ᠠ ᠪᠠᠶᠢᠪᠠᠯ᠂ ᠨᠢᠭᠤᠷᠲᠠᠨ ᠰᠢᠯᠭᠠᠯᠲᠠ ᠶᠢᠨ ᠬᠤᠪᠢ ᠶᠢᠨ ᠬᠢᠷᠢ ᠲᠡᠩᠴᠡᠭᠰᠡᠨ ᠰᠦᠯᠵᠢᠶᠡᠨ ᠳᠡᠭᠡᠷᠡᠬᠢ ᠪᠣᠳᠠᠲᠠᠶ ᠬᠥᠮᠦᠨ ᠤ ᠲᠤᠭ᠎ᠠ ᠪᠠᠷ ᠰᠢᠨᠵᠢᠯᠡᠨ ᠪᠠᠶᠢᠴᠠᠭᠠᠯᠲᠠ ᠳᠤ ᠣᠷᠣᠬᠤ ᠬᠡᠪᠴᠢᠶ᠎ᠡ ᠶᠢ ᠲᠣᠭᠲᠠᠭᠠᠨ᠎ᠠ᠃ ᠠᠳᠠᠯᠢ ᠨᠢᠭᠡ ᠠᠵᠢᠯ ᠤᠨ ᠪᠠᠶᠢᠷᠢ ᠶᠢᠨ ᠬᠠᠮᠤᠭ ᠰᠡᠭᠦᠯᠴᠢ ᠶᠢᠨ ᠨᠢᠭᠡ ᠨᠢᠭᠤᠷᠳᠠᠨ ᠰᠢᠯᠭᠠᠯᠲᠠ ᠶᠢᠨ ᠬᠢᠷᠢ ᠪᠦᠲᠦᠮᠵᠢ ᠳᠤ ᠠᠳᠠᠯᠢ ᠬᠢᠷᠢ ᠪᠦᠲᠦᠮᠵᠢ ᠲᠠᠢ ᠬᠦᠮᠦᠨ ᠢᠯᠡᠷᠡᠪᠡᠯ᠂ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠶᠢᠨ ᠥᠨᠳᠥᠷ ᠳᠤᠤᠷ᠎ᠠ ᠪᠠᠷ ᠰᠢᠨᠵᠢᠯᠡᠨ ᠪᠠᠶᠢᠴᠠᠭᠠᠯᠲᠠ ᠶᠢᠨ ᠵᠢᠱᠢᠭᠳᠡᠭᠴᠢ ᠶᠢ ᠲᠣᠭᠲᠠᠭᠠᠨ᠎ᠠ᠃  2. ᠰᠢᠨᠵᠢᠯᠡᠨ ᠪᠠᠶᠢᠴᠠᠭᠠᠯᠲᠠ ᠶᠢᠨ ᠪᠠᠶᠢᠳᠠᠯ ᠢ ᠦᠨᠳᠦᠰᠦᠯᠡᠨ᠂ ᠬᠥᠮᠦᠨ ᠪᠠ ᠠᠵᠢᠯ ᠤᠨ ᠪᠠᠶᠢᠷᠢ ᠶᠢ ᠬᠠᠷᠢᠯᠴᠠᠨ ᠵᠣᠬᠢᠴᠠᠯᠳᠤᠭᠤᠯᠬᠤ᠂ ᠠᠵᠢᠯᠲᠠᠨ ᠤ ᠶᠠᠪᠤᠳᠠᠯ ᠢ ᠬᠠᠷᠢᠯᠴᠠᠨ ᠤᠶᠠᠯᠳᠤᠭᠤᠯᠬᠤ ᠵᠠᠷᠴᠢᠮ ᠶᠣᠰᠣᠭᠠᠷ᠂ 1᠄ 1 ᠶᠢᠨ ᠬᠠᠷᠢᠴᠠᠯ ᠢᠶᠠᠷ ᠰᠢᠯᠢᠳᠡᠭ ᠢ ᠨᠢ ᠰᠣᠩᠭᠤᠵᠤ ᠰᠢᠯᠵᠢᠭᠦᠯᠬᠦ ᠪᠠᠷ ᠪᠠᠶᠢᠭ᠎ᠠ ᠵᠢᠱᠢᠭᠳᠡᠭᠴᠢ ᠶᠢ ᠳᠤᠷᠠᠳᠤᠨ ᠭᠠᠷᠭᠠᠨ᠎ᠠ᠃ ᠲᠣᠬᠢᠷᠠᠮᠵᠢᠲᠠᠢ ᠬᠥᠮᠥᠨ ᠪᠠᠶᠢᠬᠤ ᠦᠭᠡᠢ ᠪᠣᠯ ᠡᠯᠰᠡᠬᠦ ᠦᠭᠡᠢ ᠪᠠᠶᠢᠵᠤ᠂ ᠲᠤᠰ ᠲᠥᠯᠥᠪᠯᠡᠭᠡ ᠶᠢ ᠬᠦᠴᠦᠨ ᠦᠭᠡᠢ ᠪᠣᠯᠭᠠᠨ᠎ᠠ᠃  ︵ᠵᠢᠷᠭᠤᠭ᠎ᠠ︶ ᠨᠡᠶᠢᠲᠡᠯᠡᠯ ᠪᠠ ᠠᠵᠢᠯ ᠤᠨ ᠪᠠᠶᠢᠷᠢ ᠶᠢᠨ ᠰᠢᠯᠭᠠᠨ ᠪᠠᠶᠢᠴᠠᠭᠠᠯᠲᠠ  1. ᠰᠢᠯᠵᠢᠭᠦᠯᠬᠦ ᠪᠠᠷ ᠪᠠᠶᠢᠭ᠎ᠠ ᠬᠦᠮᠦᠨ ᠤ ᠨᠡᠷᠡᠰ ᠢ ᠨᠡᠷ᠎ᠡ ᠮᠡᠳᠡᠭᠦᠯᠬᠦ ᠰᠦᠯᠵᠢᠶᠡᠨ ᠳᠡᠭᠡᠷ᠎ᠡ ᠨᠡᠶᠢᠲᠡᠯᠡᠵᠦ᠂ ᠨᠡᠶᠢᠲᠡᠯᠡᠯ ᠤᠨ ᠬᠤᠭᠤᠴᠠᠭ᠎ᠠ ᠨᠢ 7 ᠡᠳᠦᠷ ᠪᠣᠯᠤᠨ᠎ᠠ᠃ ᠡᠭᠦᠨ ᠤ ᠬᠠᠮᠲᠤ᠂ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤᠨ ᠳ᠋ᠤᠭᠠᠷ ᠢ ᠨᠡᠶᠢᠲᠡᠯᠡᠵᠦ᠂ ᠨᠡᠶᠢᠭᠡᠮ ᠤᠨ ᠬᠢᠨᠠᠯᠲᠠ ᠲᠠᠯᠪᠢᠯᠲᠠ ᠶᠢ ᠬᠦᠯᠢᠶᠡᠨ᠎ᠡ᠃  2. ᠨᠡᠶᠢᠲᠡᠯᠡᠯ ᠳᠤ ᠣᠨᠳᠣᠣ ᠰᠠᠨᠠᠯ ᠦᠭᠡᠢ ᠰᠢᠯᠵᠢᠭᠦᠯᠬᠦ ᠬᠦᠮᠦᠨ ᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠲᠣᠰ ᠬᠥᠮᠥᠨ ᠤ ᠪᠠᠶᠢᠭ᠎ᠠ ᠨᠢᠭᠡᠴᠢ ᠳᠤ ᠠᠵᠢᠯ ᠤᠨ ᠪᠠᠶᠢᠷᠢ ᠶᠢᠨ ᠬᠢᠨᠠᠨ ᠪᠠᠶᠢᠴᠠᠭᠠᠯᠲᠠ ᠶᠢᠨ ᠵᠠᠬᠢᠳᠠᠯ ᠶᠠᠪᠤᠭᠤᠯᠵᠤ᠂ ᠠᠵᠢᠯᠯᠠᠵᠤ ᠪᠠᠶᠢᠭ᠎ᠠ ᠨᠢᠭᠡᠴᠢ ᠪᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠠᠵᠢᠯ ᠤᠨ ᠪᠠᠶᠢᠷᠢ ᠳᠤ ᠬᠦᠷᠴᠦ 3 ᠰᠠᠷ᠎ᠠ ᠰᠢᠨᠵᠢᠯᠡᠨ ᠪᠠᠶᠢᠴᠠᠭᠠᠨ᠎ᠠ᠃ ᠠᠵᠢᠯ ᠤᠨ ᠪᠠᠶᠢᠷᠢ ᠶᠢᠨ ᠰᠢᠯᠭᠠᠨ ᠪᠠᠶᠢᠴᠠᠭᠠᠯᠲᠠ ᠶᠢᠨ ᠬᠤᠭᠤᠴᠠᠭ᠎ᠠ ᠨᠢ ᠲᠤᠯᠤᠭᠠᠳ ᠬᠢᠷᠢ ᠲᠡᠩᠴᠡᠭᠰᠡᠳ ᠢ ᠬᠠᠮᠢᠶ᠎ᠠ ᠪᠦᠬᠦᠢ ᠲᠤᠭᠲᠠᠭᠠᠯ ᠶᠤᠰᠤᠭᠠᠷ ᠰᠢᠯᠵᠢᠬᠦᠯᠬᠦ ᠭᠠᠷ ᠭᠦᠢᠴᠡᠳᠭᠡᠯ ᠬᠢᠨ᠎ᠡ᠃ ᠠᠵᠢᠯ ᠤᠨ ᠪᠠᠶᠢᠷᠢ ᠳᠤ ᠰᠢᠯᠭᠠᠨ ᠪᠠᠶᠢᠴᠠᠭᠠᠯᠲᠠ ᠶᠢᠨ ᠬᠤᠭᠤᠴᠠᠭᠠᠨ ᠳᠤ ᠢᠯᠡᠷᠡᠯ ᠨᠢ ᠬᠢᠷᠢ ᠲᠡᠩᠴᠡᠭᠰᠡᠨ ᠦᠭᠡᠶ ᠪᠠᠶᠢᠪᠠᠯ᠂ ᠠᠳᠠᠯᠢᠳᠬᠠᠨ ᠰᠣᠩᠭᠤᠬᠤ ᠬᠢᠷᠢ ᠭᠡᠮ ᠢ ᠨᠢ ᠬᠦᠴᠦᠨ ᠦᠭᠡᠶ ᠪᠣᠯᠭᠠᠵᠤ᠂ ᠤᠤᠯ ᠤᠨ ᠨᠢᠭᠡᠴᠢ ᠳᠤ ᠪᠠᠨ ᠪᠤᠴᠠᠵᠤ ᠠᠵᠢᠯᠯᠠᠨ᠎ᠠ᠃  ︵ᠳᠤᠯᠤᠭ᠎ᠠ︶ ᠰᠢᠯᠵᠢᠭᠦᠯᠦᠨ ᠤᠷᠤᠭᠤᠯᠬᠤ ᠬᠦᠮᠦᠰ ᠢ ᠤᠷᠢᠨ ᠬᠡᠷᠡᠭᠯᠡᠬᠦ  ᠰᠢᠯᠵᠢᠭᠦᠯᠦᠨ ᠣᠷᠣᠭᠤᠯᠬᠤ ᠬᠥᠮᠦᠰ ᠤᠨ ᠤᠤᠯ ᠤᠨ ᠲᠤᠰᠢᠶᠠᠯ ᠤᠨ ᠳᠡᠰ᠂ ᠲᠤᠰᠬᠠᠶ ᠮᠡᠷᠭᠡᠵᠢᠯ ᠤᠨ ᠲᠤᠰᠢᠶᠠᠯ ᠪᠠ ᠠᠵᠢᠯ ᠤᠨ ᠪᠠᠶᠢᠷᠢ ᠶᠢᠨ ᠬᠤᠭᠤᠰᠣᠨ ᠪᠠᠶᠢᠭ᠎ᠠ ᠪᠠᠶᠢᠳᠠᠯ ᠢ ᠶᠡᠷᠦᠩᠬᠡᠶᠢᠯᠡᠨ ᠪᠣᠳᠣᠯᠬᠢᠯᠠᠵᠤ᠂ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠠᠵᠢᠯ ᠤᠨ ᠪᠠᠶᠢᠷᠢ ᠶᠢᠨ ᠤᠷᠢᠨ ᠬᠡᠷᠡᠭᠯᠡᠬᠦ ᠬᠠᠮᠢᠶ᠎ᠠ ᠪᠦᠬᠦᠢ ᠲᠣᠭᠲᠠᠭᠠᠯ ᠶᠣᠰᠣᠭᠠᠷ ᠵᠣᠬᠢᠴᠠᠩᠭᠤᠶ ᠠᠵᠢᠯ ᠤᠨ ᠪᠠᠶᠢᠷᠢ ᠳᠤ ᠤᠷᠢᠨ ᠬᠡᠷᠡᠭᠯᠡᠨ᠎ᠡ᠃  ᠵᠢᠷᠭᠤᠭ᠎ᠠ᠂ ᠠᠰᠠᠭᠤᠨ ᠯᠠᠪᠯᠠᠬᠤ ᠪᠠ ᠬᠢᠨᠠᠯᠲᠠ ᠲᠠᠯᠪᠢᠬᠤ ᠤᠲᠠᠰᠤ  ︵ᠨᠢᠭᠡ︶ ᠠᠵᠢᠯ ᠤᠨ ᠪᠠᠶᠢᠷᠢ ᠪᠠ ᠳᠦᠷᠦ ᠶᠢᠨ ᠪᠤᠲᠤᠯᠭ᠎ᠠ ᠶᠢᠨ ᠠᠰᠠᠭᠤᠨ ᠯᠠᠪᠯᠠᠬᠤ ᠤᠲᠠᠰᠤ᠄ 6906231  6606283  ︵ᠬᠤᠶᠠᠷ︶ ᠨᠡᠷ᠎ᠡ ᠮᠡᠳᠡᠭᠦᠯᠬᠦ ᠰᠦᠯᠵᠢᠶᠡᠨ ᠤ ᠮᠡᠷᠭᠡᠵᠢᠯ ᠤᠨ ᠠᠰᠠᠭᠤᠨ ᠯᠠᠪᠯᠠᠬᠤ ᠤᠲᠠᠰᠤ᠄ 4008828026  ︵ᠭᠤᠷᠪᠠ︶ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ᠄ 6606227    ᠳᠠᠭᠠᠯᠳᠤᠭᠤᠯᠤᠯ᠄ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠬᠠᠷᠢᠶ᠎ᠠ ᠠᠵᠢᠯ ᠦᠢᠯᠡᠰ ᠤᠨ ᠨᠢᠭᠡᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠨᠳᠣᠤ ᠭᠠᠵᠠᠷ ᠡᠮᠨᠡᠭᠦᠯᠬᠦ ᠶᠢᠨ ᠳ᠋ᠦᠩᠨᠡᠨ ᠪᠤᠳᠤᠬᠤ ᠲᠥᠪ ᠤᠨ ᠥᠷᠢᠰᠦᠯᠳᠦᠭᠡᠨ ᠤ ᠴᠢᠨᠠᠷᠲᠠᠶ ᠠᠵᠢᠯᠲᠠᠨ ᠢ ᠠᠳᠠᠯᠢᠳᠬᠠᠨ ᠰᠣᠩᠭᠤᠬᠤ ᠠᠵᠢᠯ ᠤᠨ ᠪᠠᠶᠢᠷᠢ ᠶᠢᠨ ᠬᠦᠰᠦᠨᠦᠭ .xls

 

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号