︽ᠠᠵᠤ ᠠᠬᠤᠶ ᠶᠢᠨ ᠯᠠᠪᠯᠠᠯᠲᠠ ᠶᠢᠨ ᠰᠣᠨᠢᠨ︾ ᠤ ᠰᠤᠷᠪᠤᠯᠵᠢᠯᠠᠭᠴᠢ ᠤᠯᠤᠰ ᠤᠨ ᠡᠮᠴᠢᠯᠡᠭᠡᠨ ᠤ | ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠤᠯᠤᠰ ᠠᠴᠠ ᠵᠣᠬᠢᠶᠠᠨ ᠪᠠᠶᠢᠭᠤᠯᠤᠭᠰᠠᠨ ᠥᠨᠳᠥᠷ | ᠥᠷᠲᠡᠭᠲᠦ ᠡᠮᠴᠢᠯᠡᠭᠡᠨ ᠤ ᠬᠤᠷᠣᠭᠳᠠᠯ ᠮᠠᠲ᠋ᠧᠷᠢᠶᠠᠯ ᠲᠢᠲᠢᠮ ᠰᠤᠳᠠᠯ ᠤᠨ ᠲᠤᠯᠭᠠᠭᠤᠷ ᠢ ᠬᠡᠮᠵᠢᠶ᠎ᠡ ᠲᠠᠢ | ᠲᠥᠪᠯᠡᠷᠡᠭᠦᠯᠦᠨ ᠬᠤᠳᠠᠯᠳᠤᠨ ᠠᠪᠤᠭᠰᠠᠨ ᠠᠴᠠ ᠨᠠᠭᠠᠰᠢ᠂ ᠲᠤᠯᠭᠠᠭᠤᠷ ᠢ ᠰᠠᠭᠤᠷᠢᠰᠢᠭᠤᠯᠬᠤ ᠬᠡᠮᠵᠢᠶ᠎ᠡ ᠵᠢᠯ | ᠳᠠᠷᠠᠭᠠᠯᠠᠨ ᠨᠡᠮᠡᠭᠳᠡᠪᠡ᠃ 2021 — 2023 ᠣᠨ ᠳᠤ᠂ ᠲᠥᠪᠯᠡᠷᠡᠭᠦᠯᠦᠨ ᠬᠤᠳᠠᠯᠳᠤᠨ ᠠᠪᠬᠤ ᠲᠥᠪ ᠤᠨ | ᠵᠢᠷᠦᠬᠡᠨ ᠤ ᠲᠤᠯᠭᠠᠭᠤᠷ ᠤᠨ ᠬᠡᠷᠡᠭᠯᠡᠯᠲᠡ ᠶᠢᠨ ᠬᠡᠮᠵᠢᠶ᠎ᠡ ᠨᠢ ᠲᠣᠰ ᠲᠣᠰ 160 ᠲᠦᠮᠡᠨ ᠵᠤᠷᠪᠤᠰ᠂ 183 | ᠲᠦᠮᠡᠨ ᠵᠤᠷᠪᠤᠰ ᠪᠠ 218 ᠲᠦᠮᠡᠨ ᠵᠤᠷᠪᠤᠰ ᠪᠠᠶᠢᠵᠤ᠂ ᠵᠢᠯ ᠪᠦᠷᠢ ᠳᠤᠮᠳᠠᠴᠢ ᠪᠠᠷ 17% ᠪᠠᠷ ᠨᠡᠮᠡᠭᠳᠡᠨ᠂ | ᠨᠡᠶᠢᠲᠡ 370 ᠲᠦᠮᠡ ᠭᠠᠷᠤᠢ ᠡᠪᠡᠳᠴᠢᠳᠡᠨ ᠲᠥᠪᠯᠡᠷᠡᠭᠦᠯᠦᠨ ᠬᠤᠳᠠᠯᠳᠤᠨ ᠠᠪᠬᠤ ᠲᠥᠪ ᠠᠴᠠ ᠵᠢᠷᠦᠬᠡᠨ ᠤ | ᠲᠤᠯᠭᠠᠭᠤᠷ ᠢ ᠰᠣᠩᠭᠤᠵᠣ ᠰᠠᠭᠤᠷᠢᠰᠢᠭᠤᠯᠤᠭᠰᠠᠨ ᠪᠠᠶᠢᠨ᠎ᠠ᠃ | ᠵᠢᠷᠦᠬᠡᠨ ᠤ ᠲᠤᠯᠭᠠᠭᠤᠷ ᠢ ᠰᠠᠭᠤᠷᠢᠰᠢᠭᠤᠯᠬᠤ ᠮᠡᠰᠡ ᠵᠠᠰᠠᠯ ᠪᠣᠯ ᠲᠦᠷᠭᠡᠨ ᠴᠢᠨᠠᠷᠲᠠᠢ ᠵᠢᠷᠦᠬᠡᠨ ᠪᠤᠯᠴᠢᠩ ᠤᠨ | ᠲᠦᠭᠵᠢᠷᠡᠯ ᠢ ᠵᠠᠰᠠᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ 2020 ᠣᠨ ᠤ 11 ᠳ᠋ᠦ᠋ᠭᠡᠷ ᠰᠠᠷ᠎ᠠ ᠳᠤ᠂ ᠤᠯᠤᠰ | ᠠᠴᠠ ᠵᠣᠬᠢᠶᠠᠨ ᠪᠠᠶᠢᠭᠤᠯᠤᠭᠰᠠᠨ ᠥᠨᠳᠥᠷ ᠥᠷᠲᠡᠭᠲᠦ ᠡᠮᠴᠢᠯᠡᠭᠡᠨ ᠤ ᠬᠤᠷᠣᠭᠳᠠᠯ ᠮᠠᠲ᠋ᠧᠷᠢᠶᠠᠯ ᠢ ᠬᠡᠮᠵᠢᠶ᠎ᠡ ᠲᠠᠢ | ᠲᠥᠪᠯᠡᠷᠡᠭᠦᠯᠦᠨ ᠬᠤᠳᠠᠯᠳᠤᠨ ᠠᠪᠬᠤ ︽ᠠᠩᠬᠠᠨ ᠤ ᠳᠠᠩᠰᠠᠨ︾ ᠳᠤ ᠵᠢᠷᠦᠬᠡᠨ ᠤ ᠲᠤᠯᠭᠠᠭᠤᠷ ᠢ ᠣᠷᠣᠭᠤᠯᠵᠤ᠂ | ᠲᠥᠪᠯᠡᠷᠡᠭᠦᠯᠦᠨ ᠬᠤᠳᠠᠯᠳᠤᠨ ᠠᠪᠬᠤ ᠲᠥᠪ ᠤᠨ ᠪᠦᠲᠦᠭᠡᠭᠳᠡᠬᠦᠨ ᠤ ᠦᠨ᠎ᠡ ᠶᠢᠨ ᠡᠭᠦᠨ ᠠᠴᠠ ᠡᠮᠦᠨᠡᠬᠢ ᠳᠤᠮᠳᠠᠴᠢ | ᠦᠨ᠎ᠡ ᠨᠢ 1.3 ᠲᠦᠮᠡᠨ ᠲᠥᠭᠦᠷᠢᠭ ᠪᠠᠶᠢᠭᠰᠠᠨ ᠠᠴᠠ 700 — 800 ᠲᠥᠭᠦᠷᠢᠭ ᠣᠷᠴᠢᠮ ᠪᠣᠯᠵᠤ | ᠪᠠᠭᠤᠷᠠᠪᠠ᠃ | ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠬᠤᠯᠪᠤᠭᠳᠠᠯ ᠪᠦᠬᠦᠢ ᠬᠠᠷᠢᠭᠤᠴᠠᠯᠭᠠᠲᠠᠨ | ᠢᠯᠡᠷᠬᠡᠶᠢᠯᠡᠬᠦ ᠳᠤ ᠪᠠᠨ᠂ ᠶᠡᠷᠦᠩᠬᠡᠢ ᠳᠤ ᠨᠢ ᠠᠪᠴᠤ ᠦᠵᠡᠪᠡᠯ᠂ 95% ᠶᠢᠨ ᠡᠮᠴᠢ ᠡᠪᠡᠳᠴᠢᠲᠡᠨ | ᠲᠥᠪᠯᠡᠷᠡᠭᠦᠯᠦᠨ ᠬᠤᠳᠠᠯᠳᠤᠨ ᠠᠪᠬᠤ ᠲᠥᠪ ᠠᠴᠠ ᠲᠤᠯᠭᠠᠭᠤᠷ ᠢ ᠰᠤᠩᠭᠤᠪᠠ᠃ ᠦᠨ᠎ᠡ ᠨᠢ ᠪᠠᠭᠤᠷᠠᠭᠰᠠᠨ | ᠵᠢᠷᠦᠬᠡᠨ ᠤ ᠲᠤᠯᠭᠠᠭᠤᠷ ᠪᠣᠯ ᠤᠤᠯ ᠤᠨ ᠨᠠᠷᠠᠲᠤ ᠲᠡᠮᠲᠡᠭᠲᠦ ᠤᠤᠯ ᠤᠨ ᠬᠡᠯᠪᠡᠷᠢ ᠮᠠᠶ᠋ᠢᠭ ᠤᠤᠯ ᠤᠨ ᠤᠷᠠᠯᠠᠯ ᠤᠨ | ᠪᠣᠯᠵᠣᠯᠲᠤ ᠲᠤᠭ᠎ᠠ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠬᠡᠮᠵᠢᠶ᠎ᠡ ᠪᠠᠷ ᠦᠨ᠎ᠡ ᠰᠣᠯᠢᠬᠤ᠂ ᠳᠤᠮᠳᠠᠬᠢ | ᠭᠤᠭᠴᠤᠭᠠᠨ ᠤ ᠵᠠᠷᠤᠳᠠᠯ ᠤᠨ ᠪᠦᠷᠢᠯᠳᠦᠭᠦᠨ ᠢ ᠰᠢᠬᠠᠨ ᠭᠠᠷᠭᠠᠬᠤ ᠠᠷᠭ᠎ᠠ ᠬᠡᠯᠪᠡᠷᠢ ᠪᠠᠷ ᠣᠯᠠᠨ ᠲᠦᠮᠡᠨ ᠳᠤ ᠠᠰᠢᠭ | ᠬᠦᠷᠲᠡᠭᠡᠨ᠎ᠡ ᠭᠡᠪᠡ᠃ ᠡᠮᠴᠢᠯᠡᠭᠡᠨ ᠤ ᠲᠤᠰᠬᠠᠢ ᠮᠡᠷᠭᠡᠵᠢᠯᠲᠡᠨ ᠢᠯᠡᠷᠬᠡᠶᠢᠯᠡᠬᠦ ᠳᠤ ᠪᠠᠨ᠂ ᠭᠤᠣᠯ ᠪᠣᠯᠬᠤ ᠨᠠᠷᠠᠲᠤ | ᠲᠡᠮᠳᠡᠭᠲᠦ ᠶᠢᠨ ᠵᠢᠷᠦᠬᠡᠨ ᠤ ᠲᠤᠯᠭᠠᠭᠤᠷ ᠢ ᠪᠠᠷᠤᠭᠲᠠᠢ ᠳᠤ ᠪᠠᠨ ᠲᠥᠪᠯᠡᠷᠡᠭᠦᠯᠦᠨ ᠬᠤᠳᠠᠯᠳᠤᠨ ᠠᠪᠬᠤ ᠲᠥᠪ ᠠᠴᠠ | ᠰᠣᠩᠭᠤᠵᠤ᠂ ᠡᠮᠴᠢᠯᠡᠭᠡᠨ ᠤ ᠪᠠᠶᠢᠭᠤᠯᠤᠮᠵᠢ ᠶᠢᠨ ᠤᠤᠯ ᠤᠨ ᠬᠡᠷᠡᠭᠯᠡᠵᠦ ᠪᠠᠶᠢᠭᠰᠠᠨ ᠨᠠᠷᠠᠲᠤ ᠲᠡᠮᠳᠡᠭᠲᠦ ᠶᠢ | ᠦᠨᠳᠦᠰᠦᠨ ᠳᠤ ᠪᠠᠨ ᠰᠣᠯᠢᠬᠤ ᠴᠢᠬᠤᠯᠠ ᠦᠭᠡᠢ᠂ ᠬᠡᠷᠡᠭᠯᠡᠬᠦ ᠶᠠᠪᠤᠴᠠ ᠳᠠᠬᠢ ᠡᠮᠴᠢᠯᠡᠭᠡᠨ ᠤ ᠴᠢᠳᠠᠮᠵᠢ ᠨᠢ ᠴᠦ | ᠬᠤᠪᠢᠷᠠᠯᠲᠠ ᠦᠭᠡᠢ ᠭᠡᠪᠡ᠃ | ᠡᠭᠦᠨ ᠤ ᠵᠡᠷᠭᠡᠴᠡᠭᠡ ᠪᠠᠷ᠂ ᠨᠠᠩ ᠣᠯᠠᠨ ᠡᠮᠴᠢᠯᠡᠭᠡᠨ ᠤ ᠪᠠᠶᠢᠭᠤᠯᠤᠮᠵᠢ ᠲᠤᠯᠭᠠᠭᠤᠷ ᠢ ᠰᠠᠭᠤᠷᠢᠰᠢᠭᠤᠯᠬᠤ | ᠮᠡᠰᠡ ᠵᠠᠰᠠᠯ ᠬᠢᠵᠦ ᠪᠠᠶᠢᠨ᠎ᠠ᠃ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ | ᠢᠯᠡᠷᠬᠡᠶᠢᠯᠡᠭᠰᠡᠨ ᠢᠶᠠᠷ᠂ ᠵᠢᠷᠦᠬᠡᠨ ᠤ ᠲᠤᠯᠭᠠᠭᠤᠷ ᠢ ᠰᠠᠭᠤᠷᠢᠰᠢᠭᠤᠯᠬᠤ ᠮᠡᠰᠡ ᠵᠠᠰᠠᠯ ᠢ ᠬᠢᠵᠦ ᠪᠣᠢ ᠡᠮᠴᠢᠯᠡᠭᠡᠨ ᠤ | ᠪᠠᠶᠢᠭᠤᠯᠤᠮᠵᠢ 2020 ᠣᠨ ᠳᠤ 2400 ᠭᠠᠷᠤᠢ ᠪᠠᠶᠢᠭᠰᠠᠨ ᠠᠴᠠ ᠪᠠᠨ 2023 ᠣᠨ ᠪᠣᠯᠬᠤ ᠳᠤ 3600 | ᠭᠠᠷᠤᠢ ᠪᠣᠯᠵᠤ ᠨᠡᠮᠡᠭᠳᠡᠵᠡᠢ᠂ ᠡᠭᠦᠨ ᠳᠤ ᠬᠤᠶᠠᠳᠤᠭᠠᠷ ᠳᠡᠰ ᠤᠨ ᠡᠮᠴᠢᠯᠡᠭᠡᠨ ᠤ ᠪᠠᠶᠢᠭᠤᠯᠤᠮᠵᠢ 1200 | ᠪᠠᠶᠢᠭᠰᠠᠨ ᠠᠴᠠ ᠪᠠᠨ 1700 ᠰᠢᠬᠠᠮ ᠪᠣᠯᠵᠤ ᠨᠡᠮᠡᠭᠳᠡᠵᠡᠢ ᠭᠡᠪᠡ᠃ | ᠡᠭᠦᠨ ᠠᠴᠠ ᠭᠠᠳᠠᠨ᠎ᠠ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠢᠯᠡᠷᠬᠡᠶᠢᠯᠡᠬᠦ ᠳᠤ ᠪᠠᠨ᠂ | ᠲᠥᠪᠯᠡᠷᠡᠭᠦᠯᠦᠨ ᠬᠤᠳᠠᠯᠳᠤᠨ ᠠᠪᠤᠭᠰᠠᠨ ᠲᠤᠯᠭᠠᠭᠤᠷ ᠨᠢ ᠬᠠᠭᠤᠴᠢᠨ ᠪᠦᠲᠦᠭᠡᠭᠳᠡᠬᠦᠨ ᠢᠶᠠᠷ ᠰᠢᠨ᠎ᠡ | ᠪᠦᠲᠦᠭᠡᠭᠳᠡᠬᠦᠨ ᠢ ᠣᠷᠤᠯᠠᠭᠤᠯᠵᠤ ᠪᠠᠶᠢᠭ᠎ᠠ ᠪᠢᠰᠢ᠂ ᠰᠢᠨ᠎ᠡ ᠨᠢᠭᠡ ᠦᠶ᠎ᠡ ᠶᠢᠨ ᠾᠷᠣᠮ ᠤᠨ ᠬᠠᠶᠢᠯᠤᠰᠢ ᠶᠢᠨ | ᠲᠤᠯᠭᠠᠭᠤᠷ ᠤᠨ ᠡᠵᠡᠯᠡᠬᠦ ᠬᠠᠷᠢᠴᠠᠯ ᠨᠢ 60% ᠪᠠᠶᠢᠭᠰᠠᠨ ᠠᠴᠠ ᠪᠠᠨ ᠳᠡᠭᠡᠭᠰᠢᠯᠡᠭᠡᠳ 95% ᠪᠣᠯᠵᠤ᠂ ᠤᠷᠤᠯᠠᠨ | ᠲᠠᠰ ᠳᠡᠪᠰᠢᠬᠦ ᠶᠢ ᠪᠡᠶᠡᠯᠡᠭᠦᠯᠪᠡ᠃ ᠾᠷᠣᠮ ᠤᠨ ᠬᠠᠶᠢᠯᠤᠰᠢ ᠶᠢᠨ ᠡᠮ ᠠᠴᠢᠶᠠᠯᠠᠬᠤ ᠲᠤᠯᠭᠠᠭᠤᠷ ᠨᠢ ᠮᠡᠰᠡ | ᠵᠠᠰᠠᠯ ᠤᠨ ᠳᠠᠷᠠᠭᠠᠬᠢ ᠴᠢᠰᠤᠨ ᠰᠤᠳᠠᠯ ᠤᠨ ᠳᠠᠬᠢᠨ ᠨᠠᠷᠢᠰᠬᠤ ᠨᠣᠷᠮ᠎ᠠ ᠶᠢ ᠨᠡᠩ ᠰᠠᠶᠢᠨ ᠢᠶᠠᠷ ᠪᠠᠭᠠᠰᠬᠠᠵᠤ᠂ | ᠨᠢᠴᠦᠭᠦᠨ ᠲᠤᠯᠭᠠᠭᠤᠷ ᠪᠠ ᠵᠢᠪᠡᠷᠡᠬᠦ ᠦᠭᠡᠢ ᠪᠣᠯᠣᠳ ᠤᠨ ᠲᠤᠯᠭᠠᠭᠤᠷ ᠢ ᠳᠡᠰ ᠳᠡᠪᠰᠢᠭᠦᠯᠦᠭᠰᠡᠨ ᠪᠦᠲᠦᠭᠡᠭᠳᠡᠬᠦᠨ | ᠪᠣᠯᠬᠤ ᠪᠥᠭᠡᠳ ᠣᠳᠣᠬᠠᠨ ᠤ ᠭᠤᠣᠯ ᠬᠡᠷᠡᠭᠯᠡᠭᠡᠨ ᠤ ᠲᠥᠷᠥᠯ ᠵᠦᠢᠯ ᠪᠣᠯᠣᠨ᠎ᠠ ᠭᠡᠪᠡ᠃ | ᠰᠤᠩᠭᠤᠭᠳᠠᠭᠰᠠᠨ ᠠᠵᠤ ᠠᠬᠤᠶᠢᠯᠠᠯ ᠠᠴᠠ ᠠᠪᠴᠤ ᠦᠵᠡᠪᠡᠯ᠂ 2020 ᠣᠨ ᠤ ᠠᠩᠬᠠᠨ ᠤ ᠡᠭᠡᠯᠵᠢᠲᠦ | ᠬᠤᠳᠠᠯᠳᠤᠨ ᠠᠪᠤᠯᠲᠠ ᠳᠤ ᠰᠤᠩᠭᠤᠭᠳᠠᠭᠰᠠᠨ ᠠᠵᠤ ᠠᠬᠤᠶᠢᠯᠠᠯ ᠳᠤ ᠮᠧᠶ ᠳ᠋ᠦᠨ ᠯᠢ᠂ ᠪᠦᠸᠧ ᠱᠢ ᠳ᠋ᠦᠨ ᠺᠧ | ᠰᠢᠦᠸᠠᠢ ᠵᠡᠷᠭᠡ ᠳᠡᠯᠡᠬᠡᠢ ᠶᠢᠨ ᠨᠠᠷᠠᠲᠤ ᠠᠵᠤ ᠠᠬᠤᠶᠢᠯᠠᠯ ᠪᠠᠶᠢᠬᠤ ᠪᠠᠷ ᠪᠠᠷᠠᠬᠤ ᠦᠭᠡᠢ ᠪᠠᠰᠠ ᠸᠧᠢ ᠴᠤᠸᠠᠩ᠂ ᠵᠢᠢ | ᠸᠧᠢ᠂ ᠯᠧ ᠫᠦ᠋ ᠵᠡᠷᠭᠡ ᠤᠯᠤᠰ ᠲᠤ ᠪᠠᠨ ᠦᠢᠯᠡᠳᠪᠦᠷᠢᠯᠡᠭᠰᠡᠨ ᠲᠣᠮᠣ ᠨᠠᠷᠠᠲᠤ ᠲᠡᠮᠲᠡᠭᠲᠦ ᠪᠠᠶᠢᠨ᠎ᠠ᠃ 2022 | ᠣᠨ ᠤ ᠬᠡᠯᠡᠯᠴᠡᠭᠡᠷ ᠤᠨ ᠬᠤᠭᠤᠴᠠᠭ᠎ᠠ ᠲᠤᠯᠤᠭᠰᠠᠨ ᠤ ᠳᠠᠷᠠᠭᠠᠬᠢ ᠦᠷᠭᠦᠯᠵᠢᠯᠡᠨ ᠬᠤᠳᠠᠯᠳᠤᠨ ᠠᠪᠬᠤ | ᠶᠠᠪᠤᠴᠠ ᠳᠤ᠂ ᠠᠩᠬ᠎ᠠ ᠤᠳᠠᠭ᠎ᠠ ᠲᠥᠪᠯᠡᠷᠡᠭᠦᠯᠦᠨ ᠬᠤᠳᠠᠯᠳᠤᠨ ᠠᠪᠬᠤ ᠳᠤ ᠰᠣᠩᠭᠤᠭᠳᠠᠭᠰᠠᠨ ᠦᠭᠡᠢ ᠣᠯᠠᠨ | ᠤᠯᠤᠰ ᠤᠨ ᠠᠵᠤ ᠠᠬᠤᠶᠢᠯᠠᠯ ᠶᠠ ᠫᠸᠢ ᠴᠤ ᠠᠮᠵᠢᠯᠲᠠ ᠲᠠᠢ ᠪᠠᠷ ᠰᠣᠩᠭᠤᠭᠳᠠᠵᠤ᠂ ᠤᠯᠤᠰ ᠤᠨ ᠳᠣᠲᠣᠭᠠᠳᠤ ᠶᠢᠨ | ᠨᠠᠷᠠᠲᠤ ᠠᠵᠤ ᠠᠬᠤᠶᠢᠯᠠᠯ ᠰᠠᠢ ᠨᠦᠸᠧ ᠴᠤ ᠰᠣᠩᠭᠤᠭᠳᠠᠵᠤ᠂ ᠰᠣᠩᠭᠤᠭᠳᠠᠭᠰᠠᠨ ᠠᠵᠤ ᠠᠬᠤᠶᠢᠯᠠᠯ 8 ᠪᠠᠶᠢᠭᠰᠠᠨ | ᠠᠴᠠ ᠪᠠᠨ 10 ᠪᠣᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠭᠤᠣᠯ ᠤᠷᠤᠰᠬᠠᠯ ᠤᠨ ᠠᠵᠤ ᠠᠬᠤᠶᠢᠯᠠᠯ ᠤᠨ | ᠪᠦᠲᠦᠭᠡᠭᠳᠡᠬᠦᠨ ᠢ ᠬᠠᠮᠤᠷᠪᠠ᠃ ︵ᠰᠤᠷᠪᠤᠯᠵᠢᠯᠠᠭᠴᠢ ᠯᠢᠶᠠᠩ ᠴᠢᠶᠠᠨ ᠪᠡᠭᠡᠵᠢᠩ ᠠᠴᠠ ᠮᠡᠳᠡᠭᠡᠯᠡᠪᠡ︶ | |