ᠠᠷᠠᠳ ᠤᠨ ᠠᠮᠢᠳᠤᠷᠠᠯ ᠤᠨ ᠪᠠᠲᠤᠯᠠᠭ᠎ᠠ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ 2024 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠡᠭᠦᠷᠭᠡ ᠶᠢ ᠤᠷᠢᠳᠴᠢᠯᠠᠨ ᠪᠥᠬᠦ ᠲᠠᠯ᠎ᠠ ᠪᠠᠷ ᠪᠡᠶᠡᠯᠡᠭᠦᠯᠪᠡ
ᠨᠡᠶᠢᠲᠡᠯᠡᠭᠰᠡᠨ ᠴᠠᠭ᠄
2024/3/14
  ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠪᠣᠯ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ᠂ ᠠᠷᠠᠳ ᠣᠯᠠᠨ ᠤ ᠡᠪᠡᠳᠴᠢᠨ ᠦᠵᠡᠭᠦᠯᠬᠦ ᠳᠠᠷᠤᠭᠠᠰᠤ ᠶᠢ ᠬᠥᠩᠭᠡᠷᠡᠭᠦᠯᠬᠦ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠴᠢᠬᠤᠯᠠ ᠶᠡᠭᠡ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠢᠨᠵᠧᠨᠧᠷᠢᠩ ᠮᠥᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ᠢᠳᠡᠪᠬᠢᠲᠡᠶ ᠣᠷᠣᠯᠴᠠᠬᠤ ᠪᠣᠯ ᠠᠷᠠᠳ ᠣᠯᠠᠨ ᠤ ᠬᠤᠶᠢᠰᠢᠳᠠ ᠶᠢᠨ ᠵᠣᠪᠠᠨᠢᠯ ᠢ ᠠᠷᠢᠯᠭᠠᠵᠤ᠂ ᠡᠪᠡᠳᠴᠢᠨ ᠡᠮᠭᠡᠭ ᠤᠨ ᠲᠦᠭᠰᠢᠭᠦᠷᠢ ᠶᠢ ᠡᠰᠡᠷᠭᠦᠴᠡᠬᠦ ᠦᠨᠳᠦᠰᠦᠨ ᠪᠠᠲᠤᠯᠠᠭ᠎ᠠ ᠪᠠ ᠴᠢᠬᠤᠯᠠ ᠠᠷᠭ᠎ᠠ ᠵᠠᠮ ᠮᠥᠨ᠃  2024 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠢ ᠲᠠᠲᠠᠪᠤᠷᠢᠯᠠᠨ ᠲᠤᠰᠢᠶᠠᠬᠤ ᠠᠵᠢᠯ ᠢ ᠡᠬᠢᠯᠡᠭᠦᠯᠦᠭᠰᠡᠨ ᠠᠴᠠ ᠨᠠᠭᠠᠰᠢ᠂ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠨᠠᠷᠢᠨ ᠪᠠᠶᠢᠷᠢᠯᠠᠭᠤᠯᠵᠤ᠂  ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠲᠦᠷᠦᠭᠦᠯᠡᠨ ᠶᠡᠷᠦᠩᠬᠡᠶᠢᠯᠡᠨ ᠠᠳᠬᠤᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ᠂ ᠤᠬᠠᠭᠤᠯᠭ᠎ᠠ ᠶᠢ ᠴᠢᠩᠭᠠᠳᠬᠠᠬᠤ᠂ ᠬᠡᠷ ᠲᠤ ᠨᠢ ᠬᠦᠷᠴᠦ ᠦᠢᠯᠡᠴᠢᠯᠡᠬᠦ᠂ ᠡᠳᠦᠷ ᠪᠦᠷᠢ ᠳᠣᠭᠢᠷᠠᠭᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠪᠥᠬᠦ ᠬᠦᠴᠦᠨ ᠢᠶᠠᠷ ᠢᠶᠠᠨ ᠠᠬᠢᠭᠤᠯᠵᠤ᠂ ᠬᠠᠷᠢᠶ᠎ᠠ ᠣᠷᠣᠨ ᠤ ᠣᠯᠠᠨ ᠲᠦᠮᠡᠨ ᠤ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠮᠡᠳᠡᠬᠦ ᠶᠣᠰᠣᠲᠠᠶ ᠶᠢ ᠨᠢ ᠴᠥᠮ ᠮᠡᠳᠡᠭᠦᠯᠵᠦ᠂ ᠳᠠᠭᠠᠳᠬᠠᠯ ᠳᠤ ᠣᠷᠣᠯᠴᠠᠭᠰᠠᠳ ᠤᠨ ᠡᠮᠴᠢᠯᠡᠭᠡᠨ ᠤ ᠳᠠᠭᠠᠳᠬᠠᠯ ᠤᠨ ᠬᠠᠷᠠᠭᠠᠯᠵᠠᠯ ᠬᠦᠷᠲᠡᠬᠦ ᠶᠣᠰᠣᠲᠠᠶ ᠶᠢ ᠨᠢ ᠴᠥᠮ ᠬᠦᠷᠲᠡᠭᠦᠯᠬᠦ ᠶᠢ ᠦᠨᠡᠨ ᠬᠦ ᠪᠠᠲᠤᠯᠠᠵᠤ᠂ 20 ᠡᠳᠦᠷ ᠤᠨ ᠡᠮᠦᠨ᠎ᠡ 2024 ᠣᠨ ᠤ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠵᠤ ᠬᠡᠪᠴᠢᠶ᠎ᠡ ᠶᠢ ᠥᠷᠭᠡᠳᠬᠡᠬᠦ ᠠᠵᠢᠯ ᠤᠨ ᠡᠭᠦᠷᠭᠡ ᠶᠢ ᠪᠡᠶᠡᠯᠡᠭᠦᠯᠪᠡ᠃  ᠡᠷᠲᠡᠬᠡᠨ ᠠᠷᠭ᠎ᠠ ᠰᠦᠪᠡᠭᠴᠢᠯᠡᠵᠦ᠂ ᠬᠠᠷᠢᠭᠤᠴᠠᠯᠭ᠎ᠠ ᠶᠢᠨ ︽ᠨᠡᠶᠢᠯᠡᠮᠡᠯ ᠬᠦᠴᠦᠨ ᠢ ᠨᠢᠭᠲᠠᠷᠠᠭᠤᠯᠬᠤ︾ ᠶᠢ ᠪᠤᠲᠠᠲᠠᠶᠢᠵᠢᠭᠤᠯᠪᠠ᠃ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠪᠥᠬᠦ ᠣᠷᠣᠨ ᠤ ᠡᠮᠴᠢᠯᠡᠭᠡᠨ ᠤ ᠳᠠᠭᠠᠳᠬᠠᠯ ᠤᠨ ᠲᠠᠲᠠᠪᠤᠷᠢᠯᠠᠨ ᠲᠤᠰᠢᠶᠠᠬᠤ ᠳᠠᠶᠢᠴᠢᠯᠠᠯᠲᠠ ᠶᠢᠨ ᠬᠤᠷᠠᠯ᠂ ᠠᠬᠢᠭᠤᠯᠬᠤ ᠬᠤᠷᠠᠯ ᠢ ᠲᠡᠷᠡ ᠳᠠᠷᠤᠶ ᠳᠤ ᠨᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ︽ᠰᠢᠨ᠎ᠡ ᠬᠤᠲᠠ ᠲᠣᠭᠤᠷᠢᠭ ᠤᠨ 2024 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠵᠢᠯ ᠤᠨ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠡᠯ᠎ᠡ ᠦᠨᠳᠦᠰᠦᠨ ᠱᠠᠲᠤᠨ ᠤ ᠦᠢᠯᠡᠴᠢᠯᠡᠭᠡᠨ ᠤ ᠥᠷᠲᠡᠭᠡ ᠴᠡᠭ ᠤᠨ ᠡᠭᠦᠷᠭᠡ ᠶᠢᠨ ᠲᠤᠭ᠎ᠠ ᠶᠢ ᠲᠣᠳᠣᠷᠬᠠᠶᠢᠯᠠᠵᠤ᠂ ᠳᠠᠭᠠᠳᠬᠠᠯ ᠳᠤ ᠣᠷᠣᠯᠴᠠᠬᠤ ᠡᠲᠡᠭᠡᠳ᠂ ᠰᠦᠢᠳᠬᠡᠯ ᠲᠤᠰᠢᠶᠠᠬᠤ ᠠᠷᠭ᠎ᠠ ᠵᠠᠮ᠂ ᠲᠠᠲᠠᠪᠤᠷᠢᠯᠠᠨ ᠲᠤᠰᠢᠶᠠᠬᠤ ᠴᠠᠭ ᠤᠨ ᠬᠢᠵᠠᠭᠠᠷ ᠵᠡᠷᠭᠡ ᠭᠤᠤᠯᠳᠠᠯᠭ᠎ᠠ ᠲᠠᠢ ᠠᠭᠤᠯᠭ᠎ᠠ ᠶᠢ ᠨᠠᠷᠢᠨ ᠲᠠᠶᠢᠯᠪᠤᠷᠢᠯᠠᠪᠠ᠃ ᠠᠵᠢᠯ ᠤᠨ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠳᠡᠭᠡᠳᠦ ᠳᠣᠤᠷᠠᠳᠤ ᠱᠠᠲᠤ ᠬᠤᠯᠪᠣᠭᠠᠯᠠᠨ ᠬᠥᠳᠡᠯᠦᠯᠴᠡᠵᠦ᠂ ᠬᠠᠮᠵᠢᠯᠴᠠᠨ ᠠᠬᠢᠭᠤᠯᠵᠤ᠂ ᠡᠮᠴᠢᠯᠡᠭᠡᠨ ᠤ ᠳᠠᠭᠠᠳᠬᠠᠯ ᠤᠨ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ ᠠᠵᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠪᠠ᠃  ᠥᠷᠭᠡᠨ ᠢᠶᠠᠷ ᠤᠬᠠᠭᠤᠯᠵᠤ᠂ ︽ᠴᠢᠩᠭ᠎ᠠ ᠳᠠᠭᠤ ᠭᠠᠷᠭᠠᠨ︾ ᠡᠷᠴᠢᠮ ᠢᠶᠠᠨ ᠴᠢᠩᠭᠠᠷᠠᠭᠤᠯᠪᠠ᠃ ︽ᠰᠦᠯᠵᠢᠶᠡᠨ ᠳᠡᠭᠡᠷᠡᠬᠢ + ᠰᠦᠯᠵᠢᠶᠡᠨ ᠭᠠᠳᠠᠨᠠᠬᠢ︾ ᠶᠢ ᠵᠡᠷᠭᠡ ᠪᠠᠷ ᠬᠦᠴᠦᠯᠡᠬᠦ ᠠᠷᠭ᠎ᠠ ᠬᠡᠯᠪᠡᠷᠢ ᠶᠢ ᠠᠪᠴᠤ᠂ ᠬᠥᠮᠦᠨ ᠪᠦᠬᠦᠨ ᠮᠡᠳᠡᠬᠦ᠂ ᠬᠥᠮᠦᠨ ᠪᠦᠬᠦᠨ ᠠᠩᠬᠠᠷᠴᠤ ᠪᠠᠶᠢᠭ᠎ᠠ ᠲᠠᠲᠠᠪᠤᠷᠢᠯᠠᠨ ᠲᠤᠰᠢᠶᠠᠬᠤ ᠠᠭᠤᠷ ᠠᠮᠢᠰᠬᠤᠯ ᠢ ᠪᠣᠶ ᠪᠣᠯᠭᠠᠪᠠ᠃ ᠰᠦᠯᠵᠢᠶᠡᠨ ᠳᠡᠭᠡᠷ᠎ᠡ ᠸᠢᠴᠠᠲ ᠬᠤᠯᠪᠤᠭ᠎ᠠ᠂ ᠨᠠᠶᠢᠵᠠ ᠶᠢᠨ ᠲᠣᠭᠤᠷᠢᠭ ᠵᠡᠷᠭᠡ ᠤᠬᠠᠭᠤᠯᠭ᠎ᠠ ᠶᠢᠨ ᠵᠠᠭᠤᠴᠢᠯᠠᠭᠤᠷ ᠢ ᠭᠦᠢᠴᠡᠳ ᠠᠰᠢᠭᠯᠠᠨ᠂ ᠡᠮᠴᠢᠯᠡᠭᠡᠨ ᠤ ᠳᠠᠭᠠᠳᠬᠠᠯ ᠤᠨ ᠲᠠᠲᠠᠪᠤᠷᠢᠯᠠᠨ ᠲᠤᠰᠢᠶᠠᠬᠤ ᠬᠤᠯᠪᠤᠭᠳᠠᠯ ᠪᠥᠬᠦᠶ ᠮᠡᠳᠡᠭᠡ ᠵᠠᠩᠭᠢ ᠪᠠ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠨᠡᠶᠢᠲᠡᠯᠡᠵᠦ᠂ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠨᠡᠮᠡᠭᠳᠡᠭᠦᠯᠪᠡ᠃ ᠰᠦᠯᠵᠢᠶᠡᠨ ᠭᠠᠳᠠᠨ᠎ᠠ ᠤᠬᠠᠭᠤᠯᠭ᠎ᠠ ᠶᠢᠨ ᠮᠠᠲ᠋ᠧᠷᠢᠶᠠᠯ᠂ ᠡᠯᠧᠺᠲᠷᠣᠨ ᠤᠬᠠᠭᠤᠯᠭ᠎ᠠ ᠶᠢᠨ ᠳᠡᠯᠭᠡᠴᠡ᠂ ᠯᠠᠪᠠᠷ᠂ ᠡᠷᠦᠬᠡ ᠳᠤ ᠬᠦᠷᠴᠦ ᠰᠤᠷᠪᠤᠯᠵᠢᠯᠠᠬᠤ ᠵᠡᠷᠭᠡ ᠠᠷᠭ᠎ᠠ ᠬᠡᠯᠪᠡᠷᠢ ᠪᠠᠷ ᠪᠥᠬᠦ ᠲᠠᠯ᠎ᠠ ᠪᠠᠷ᠂ ᠣᠯᠠᠨ ᠠᠷᠭ᠎ᠠ ᠵᠠᠮ ᠢᠶᠠᠷ ᠤᠬᠠᠭᠤᠯᠭ᠎ᠠ ᠶᠢ ᠥᠷᠭᠡᠳᠬᠡᠵᠦ᠂ ᠲᠥᠷᠥ ᠶᠢᠨ ᠪᠣᠳᠣᠯᠭ᠎ᠠ ᠶᠢ ᠣᠯᠠᠨ ᠲᠦᠮᠡᠨ ᠤ ᠭᠠᠷ ᠲᠤ ᠲᠤᠰᠢᠶᠠᠵᠤ᠂ ᠣᠯᠠᠨ ᠲᠦᠮᠡᠨ ᠤ ᠰᠡᠳᠬᠢᠯ ᠳᠤ ᠬᠠᠳᠠᠩᠰᠢᠭᠤᠯᠵᠤ᠂ ᠣᠯᠠᠨ ᠲᠦᠮᠡᠨ ᠤ ᠠᠮᠢᠳᠤᠷᠠᠯ ᠳᠤ ᠨᠠᠶᠢᠳᠠᠪᠤᠷᠢᠵᠢᠭᠤᠯᠬᠤ ᠶᠢ ᠦᠨᠡᠨ ᠬᠦ ᠰᠠᠶᠢᠲᠤᠷ ᠠᠳᠬᠤᠪᠠ᠃  ᠦᠢᠯᠡᠴᠢᠯᠡᠭᠡ ᠶᠢ ᠰᠢᠯᠢᠳᠡᠭᠵᠢᠭᠦᠯᠵᠦ᠂ ᠬᠥᠮᠦᠨ ᠢᠶᠠᠷ ᠦᠨᠳᠦᠰᠦ ᠪᠣᠯᠭᠠᠬᠤ ︽ᠠᠷᠠᠳ ᠤᠨ ᠰᠡᠳᠬᠢᠯ ᠢ ᠳᠤᠯᠠᠭᠠᠴᠠᠭᠤᠯᠬᠤ︾ ᠶᠢ ᠪᠡᠶᠡᠯᠡᠭᠦᠯᠪᠡ᠃ ᠪᠦᠬᠦ ᠲᠤᠭᠤᠷᠢᠭ ᠤᠨ ᠬᠢᠨ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠠᠵᠢᠯ ᠤᠨ ᠱᠠᠭᠠᠷᠳᠠᠯᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠵᠤ᠂ ︽ᠰᠠᠨᠠᠭᠠᠴᠢᠯᠠᠭᠠᠲᠤ ᠪᠤᠰᠤ︾ ᠶᠢ ︽ᠰᠠᠨᠠᠭᠠᠴᠢᠯᠠᠭ᠎ᠠ ᠲᠠᠢ︾ ᠪᠣᠯᠭᠠᠨ ᠬᠤᠪᠢᠷᠠᠭᠤᠯᠵᠤ᠂ ︽ᠬᠥᠮᠦᠨ ᠬᠦᠯᠢᠶᠡᠵᠦ ᠳᠡᠭᠡᠭᠰᠢ ᠲᠤᠰᠢᠶᠠᠬᠤ︾ ᠶᠢ ︽ᠬᠡᠷ ᠲᠤ ᠨᠢ ᠬᠦᠷᠴᠦ ᠬᠠᠪᠰᠤᠷᠤᠨ ᠲᠤᠰᠢᠶᠠᠬᠤ︾ ᠪᠣᠯᠭᠠᠨ ᠬᠤᠪᠢᠷᠠᠭᠤᠯᠵᠤ᠂ 99 ᠦᠨᠳᠦᠰᠦᠨ ᠱᠠᠲᠤᠨ ᠤ ᠥᠷᠲᠡᠭᠡ ᠴᠡᠭ ᠢ ᠱᠠᠭᠠᠷᠳᠠᠵᠤ ᠪᠠᠶᠢᠭᠠᠳ ᠣᠨᠴᠠᠭᠠᠶ ᠬᠥᠮᠦᠰ ᠤᠨ ᠨᠠᠷᠢᠨ ᠲᠠᠩᠰᠠ ᠶᠢᠨ ᠰᠠᠭᠤᠷᠢ ᠲᠤᠭ᠎ᠠ ᠶᠢ ᠣᠨᠣᠪᠴᠢᠲᠠᠶ ᠡᠵᠡᠮᠰᠢᠭᠦᠯᠵᠦ᠂ ᠰᠠᠶᠢᠨ ᠳᠤᠷᠠᠴᠤᠤᠯ᠂ ᠳᠠᠭᠠᠭᠠᠴᠢᠯᠠᠨ ᠬᠤᠯᠪᠣᠭᠠᠯᠠᠬᠤ ᠺᠠᠳ᠋ᠷ ᠵᠡᠷᠭᠡ ᠶᠢ ᠵᠣᠬᠢᠶᠠᠨ ᠪᠠᠶᠢᠭᠤᠯᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠬᠢᠵᠦ᠂ ᠬᠡᠷ ᠲᠤ ᠨᠢ ᠬᠦᠷᠴᠦ ᠦᠢᠯᠡᠴᠢᠯᠡᠬᠦ ᠶᠢ ᠢᠳᠡᠪᠬᠢᠲᠡᠶ ᠥᠷᠨᠢᠭᠦᠯᠵᠦ᠂ ᠣᠯᠠᠨ ᠲᠦᠮᠡᠨ ᠤ ᠳᠤᠷᠠᠳᠤᠭᠰᠠᠨ ᠡᠯ᠎ᠡ ᠵᠦᠢᠯ ᠤᠨ ᠠᠰᠠᠭᠤᠳᠠᠯ ᠳᠤ ᠬᠦᠯᠢᠴᠡᠩᠭᠦᠶ ᠪᠠᠷ ᠨᠠᠷᠢᠨ ᠨᠢᠮᠪᠠᠶ ᠬᠠᠷᠢᠭᠤᠯᠲᠠ ᠥᠭᠴᠦ᠂ ᠣᠯᠠᠨ ᠲᠦᠮᠡᠨ ᠳᠤ ᠡᠮᠴᠢᠯᠡᠭᠡᠨ ᠤ ᠳᠠᠭᠠᠳᠬᠠᠯ ᠤᠨ ᠰᠦᠢᠳᠬᠡᠯ ᠲᠤᠰᠢᠶᠠᠬᠤ ᠳᠤ ᠬᠠᠪᠰᠤᠷᠤᠨ ᠭᠦᠢᠴᠡᠳᠬᠡᠬᠦ ᠦᠢᠯᠡᠴᠢᠯᠡᠭᠡ ᠬᠠᠩᠭᠠᠵᠤ᠂ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠠᠯᠬᠤᠮ︾ ᠢ ᠦᠨᠡᠨ ᠬᠦ ᠨᠡᠪᠲᠡᠷᠡᠭᠦᠯᠪᠡ᠃ ᠬᠠᠷᠢᠶᠠᠲᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠣᠯᠠᠨ᠂ ᠲᠠᠲᠠᠪᠤᠷᠢᠯᠠᠨ ᠲᠤᠰᠢᠶᠠᠬᠤ ᠳᠤ ᠬᠦᠴᠢᠷᠳᠡᠯ ᠶᠡᠭᠡ ᠵᠡᠷᠭᠡ ᠠᠰᠠᠭᠤᠳᠠᠯ ᠳᠤ ᠬᠠᠨᠲᠤᠭᠤᠯᠤᠨ᠂ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠢᠳᠡᠪᠬᠢᠲᠡᠶ ᠪᠠᠳᠠᠷᠠᠭᠤᠯᠵᠤ᠂ ᠠᠵᠢᠯ ᠤᠨ ᠲᠤᠰᠬᠠᠶ ᠠᠩᠭᠢ ᠶᠢ ᠵᠣᠬᠢᠶᠠᠨ ᠪᠠᠶᠢᠭᠤᠯᠵᠤ᠂ ᠤᠷᠢᠳ ᠬᠤᠵᠢᠳ ᠣᠯᠠᠨ ᠤᠳᠠᠭ᠎ᠠ ᠡᠯ᠎ᠡ ᠳᠡᠭᠡᠳᠦ ᠰᠤᠷᠭᠠᠭᠤᠯᠢ ᠳᠤ ᠭᠦᠨᠵᠡᠭᠡᠶᠢᠷᠡᠨ ᠲᠤᠬᠠᠶ ᠶᠢᠨ ᠲᠠᠯᠠᠪᠤᠷ ᠲᠤ ᠤᠬᠠᠭᠤᠯᠤᠨ ᠲᠠᠶᠢᠯᠪᠤᠷᠢᠯᠠᠵᠤ᠂ ᠳᠠᠶᠢᠴᠢᠯᠠᠯᠲᠠ ᠬᠢᠪᠡ᠃ ᠬᠦᠴᠢᠷᠳᠡᠯᠲᠡᠶ ᠬᠥᠮᠦᠰ ᠲᠤ ᠬᠠᠨᠲᠤᠭᠤᠯᠤᠨ ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ᠴᠡᠭ ᠤᠨ ᠠᠵᠢᠯᠲᠠᠨ᠂ ᠰᠦᠯᠵᠢᠶᠡᠨ ᠤ ᠠᠵᠢᠯᠲᠠᠨ ᠨᠡᠷᠡᠰ ᠤᠨ ᠡᠬᠡ ᠲᠠᠩᠰᠠ ᠶᠢᠨ ᠶᠣᠰᠣᠭᠠᠷ᠂ ᠤᠲᠠᠰᠤ᠂ ᠸᠢᠴᠠᠲ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ︽ᠨᠢᠭᠡᠳ ᠨᠢᠭᠡ ᠪᠠᠷ ᠬᠠᠷᠭᠤᠭᠤᠯᠤᠨ︾ ᠬᠠᠷᠢᠯᠴᠠᠵᠤ᠂ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠬᠦᠯᠢᠴᠡᠩᠭᠦᠶ ᠪᠥᠭᠡᠳ ᠨᠠᠷᠢᠨ ᠲᠠᠶᠢᠯᠪᠤᠷᠢᠯᠠᠵᠤ᠂ ᠬᠤᠷᠢᠶᠠᠨ ᠲᠤᠰᠢᠶᠠᠬᠤ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠦᠨᠡᠨ ᠬᠦ ᠪᠠᠲᠤᠯᠠᠪᠠ᠃ ᠨᠠᠰᠤ ᠠᠬᠠᠰᠢᠷᠠᠵᠤ ᠪᠡᠶ᠎ᠡ ᠮᠠᠭᠤᠳᠠᠭᠰᠠᠨ ᠬᠥᠳᠡᠯᠵᠦ ᠪᠠᠷᠢᠬᠤ ᠳᠤ ᠳᠥᠭᠦᠮ ᠦᠭᠡᠢ᠂ ᠭᠠᠳᠠᠭᠰᠢ ᠭᠠᠷᠬᠤ ᠳᠤ ᠬᠦᠴᠢᠷᠲᠡᠶ ᠵᠡᠷᠭᠡ ᠣᠯᠠᠨ ᠲᠦᠮᠡᠨ ᠳᠤ ᠬᠠᠨᠲᠤᠭᠤᠯᠤᠨ ᠂ ᠰᠦᠯᠵᠢᠶᠡᠨ ᠤ ᠠᠵᠢᠯᠲᠠᠨ᠂ ᠨᠠᠮ ᠤᠨ ᠭᠡᠰᠢᠭᠦᠨ ᠰᠠᠶᠢᠨ ᠳᠤᠷᠠᠴᠤᠤᠯ ᠢ ᠵᠣᠬᠢᠶᠠᠨ ᠪᠠᠶᠢᠭᠤᠯᠤᠨ ᠳᠠᠶᠢᠴᠢᠯᠠᠵᠤ ᠪᠠᠶᠢᠭᠠᠳ ᠰᠠᠨᠠᠭᠠᠴᠢᠯᠠᠭ᠎ᠠ ᠠᠴᠠ ᠪᠠᠨ ᠬᠡᠷ ᠲᠤ  ᠨᠢ ᠬᠦᠷᠴᠦ ᠣᠷᠣᠯᠠᠨ ᠲᠤᠰᠢᠶᠠᠯᠭᠠᠵᠤ᠂ ᠣᠯᠠᠨ ᠲᠦᠮᠡᠨ ᠤ ᠬᠠᠮᠤᠭ ᠤᠨ ᠶᠡᠭᠡ ᠬᠡᠮᠵᠢᠶ᠎ᠡ ᠪᠠᠷ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠶᠢ ᠦᠨᠡᠨ ᠬᠦ ᠪᠠᠲᠤᠯᠠᠵᠤ᠂ ᠲᠠᠲᠠᠪᠤᠷᠢᠯᠠᠨ ᠲᠤᠰᠢᠶᠠᠬᠤ ᠠᠵᠢᠯ ᠢ ᠨᠠᠷᠢᠯᠢᠭ ᠣᠨᠣᠪᠴᠢᠲᠠᠢ ᠪᠠᠷ ᠵᠣᠯᠭᠠᠭᠤᠯᠵᠤ᠂ ᠥᠨᠳᠥᠷ ᠪᠦᠲᠦᠮᠵᠢᠲᠡᠶ ᠪᠠᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠣᠯᠠᠨ ᠲᠦᠮᠡᠨ ᠢ ︽ᠰᠠᠨᠠᠭᠠᠴᠢᠯᠠᠭᠠᠲᠤ ᠪᠣᠰᠣ ᠪᠠᠷ ᠳᠠᠭᠠᠳᠬᠠᠯ ᠳᠤ ᠣᠷᠣᠯᠴᠠᠬᠤ︾ ᠪᠠᠶᠢᠭᠰᠠᠨ ᠠᠴᠠ ︽ᠰᠠᠨᠠᠭᠠᠴᠢᠯᠠᠭ᠎ᠠ ᠲᠠᠢ ᠪᠠᠷ ᠳᠠᠭᠠᠳᠬᠠᠯ ᠳᠤ ᠣᠷᠣᠯᠴᠠᠬᠤ︾ ᠲᠡᠶᠢᠰᠢ ᠬᠤᠪᠢᠷᠠᠭᠤᠯᠵᠤ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠪᠦᠬᠦᠨ ᠢ ᠬᠠᠮᠤᠷᠤᠭᠤᠯᠵᠤ᠂ ᠣᠷᠬᠢᠭᠳᠠᠭᠤᠯᠬᠤ ᠥᠬᠡᠶ ᠪᠠᠶᠢᠬᠤ ᠶᠢ ᠦᠨᠡᠨ ᠬᠦ ᠪᠠᠲᠤᠯᠠᠪᠠ᠃  ᠲᠣᠬᠢᠷᠠᠭᠤᠯᠤᠯᠲᠠ ᠶᠢ ᠠᠳᠬᠤᠵᠤ᠂ ︽ᠨᠠᠶᠢᠳᠠᠪᠤᠷᠢᠵᠢᠭᠤᠯᠤᠯᠲᠠ ᠶᠢ ᠪᠠᠲᠤᠯᠠᠬᠤ︾ ᠶᠢ ᠰᠢᠪᠠᠳᠠᠨ ᠵᠢᠯᠣᠭᠤᠳᠪᠠ᠃ ᠡᠮᠴᠢᠯᠡᠭᠡᠨ ᠤ ᠳᠠᠭᠠᠳᠬᠠᠯ ᠤᠨ ᠲᠠᠲᠠᠪᠤᠷᠢᠯᠠᠨ ᠲᠤᠰᠢᠶᠠᠬᠤ ᠠᠵᠢᠯ ᠤᠨ ᠯᠠᠪᠳᠠᠭᠤᠨ ᠪᠠᠲᠤᠲᠠᠶ ᠥᠨᠳᠥᠷ ᠪᠦᠲᠦᠮᠵᠢᠲᠡᠶ ᠶᠠᠪᠤᠭᠳᠠᠬᠤ ᠶᠢ ᠦᠨᠡᠨ ᠬᠦ ᠪᠠᠲᠤᠯᠠᠵᠤ᠂ ᠴᠠᠭ ᠲᠤᠬᠠᠶ ᠳᠤ ᠨᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢᠨ ᠲᠤᠰᠠᠳᠠ᠂ ᠲᠥᠪᠯᠡᠷᠡᠭᠦᠯᠦᠨ ᠲᠠᠲᠠᠪᠤᠷᠢᠯᠠᠨ ᠲᠤᠰᠢᠶᠠᠬᠤ ᠬᠤᠭᠤᠴᠠᠭᠠᠨ ᠳᠤ᠂ ᠰᠢᠨ᠎ᠡ ᠬᠤᠲᠠ ᠶᠢᠨ ᠲᠣᠭᠤᠷᠢᠭ ︽ᠡᠳᠦᠷ ᠪᠦᠷᠢ ᠨᠢᠭᠡ ᠮᠡᠳᠡᠭᠡᠯᠡᠬᠦ᠂ ᠭᠠᠷᠠᠭ ᠪᠦᠷᠢ ᠨᠢᠭᠡ ᠳᠣᠭᠢᠷᠠᠭᠤᠯᠬᠤ᠂ ᠰᠠᠷ᠎ᠠ ᠪᠦᠷᠢ ᠨᠢᠭᠡ ᠬᠢᠨᠠᠨ ᠰᠢᠯᠭᠠᠬᠤ︾ ᠶᠢ ᠪᠠᠷᠢᠮᠲᠠᠯᠠᠪᠠ᠃ ᠡᠭᠦᠨ ᠤ ᠬᠠᠮᠲᠤ᠂ ᠲᠣᠭᠤᠷᠢᠭ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ᠂ ᠣᠷᠣᠨ ᠪᠦᠰᠡ ᠶᠢᠨ ᠦᠢᠯᠡᠴᠢᠯᠡᠭᠡᠨ ᠤ ᠲᠥᠪ ᠤᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠭᠰᠠᠨ ᠠᠬᠢᠴᠠ ᠶᠢᠨ ᠪᠠᠶᠢᠳᠠᠯ ᠢ ᠰᠢᠪᠠᠳᠠᠨ ᠵᠢᠯᠣᠭᠤᠳᠬᠤ ᠪᠠᠨ ᠴᠢᠩᠭᠠᠳᠬᠠᠵᠤ᠂ ᠡᠮᠴᠢᠯᠡᠭᠡᠨ ᠤ ᠳᠠᠭᠠᠳᠬᠠᠯ ᠤᠨ ᠲᠠᠲᠠᠪᠤᠷᠢᠯᠠᠨ ᠲᠤᠰᠢᠶᠠᠬᠤ ᠠᠵᠢᠯ ᠤᠨ ᠠᠬᠢᠴᠠ ᠪᠠᠷ ᠨᠡᠯᠢᠶᠡᠳ ᠤᠳᠠᠭᠠᠨ ᠪᠠᠶᠢᠭ᠎ᠠ ᠲᠣᠰᠬᠤᠨ᠂ ᠨᠡᠶᠢᠭᠡᠮ ᠲᠣᠭᠤᠷᠢᠭ ᠢ ᠵᠠᠷᠯᠠᠨ ᠮᠡᠳᠡᠭᠳᠡᠬᠦ ᠶᠢᠨ ᠬᠠᠮᠲᠤ ᠰᠦᠢᠳᠭᠡᠯ ᠲᠤᠰᠢᠶᠠᠭᠠᠳᠤᠢ ᠬᠦᠮᠦᠨ ᠤ ᠰᠤᠷᠠᠭ ᠵᠠᠩᠭᠢ ᠶᠢ ᠴᠠᠭ ᠲᠤᠬᠠᠶ ᠳᠤ ᠨᠢ ᠡᠮᠬᠢᠯᠡᠵᠦ ᠬᠠᠷᠢᠭᠤ ᠲᠤᠰᠬᠠᠵᠤ᠂ ᠡᠯ᠎ᠡ ᠲᠣᠰᠬᠤᠨ᠂ ᠨᠡᠶᠢᠭᠡᠮ ᠲᠣᠭᠤᠷᠢᠭ ᠢ ᠰᠢᠪᠠᠳᠠᠭᠤᠯᠵᠤ ᠪᠠᠶᠢᠭᠠᠳ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ᠂ ᠣᠷᠬᠢᠭᠳᠠᠯ ᠢ ᠪᠠᠶᠢᠴᠠᠭᠠᠵᠤ ᠳᠤᠲᠠᠭᠤ ᠶᠢ ᠨᠥᠬᠦᠪᠥᠷᠢᠯᠡᠬᠦ ᠶᠢ ᠴᠠᠭ ᠲᠤᠬᠠᠶ ᠳᠤ ᠨᠢ ᠥᠷᠨᠢᠭᠦᠯᠵᠦ᠂ ︽ᠡᠪᠡᠳᠴᠢᠨ ᠳᠤ ᠨᠢ ᠲᠠᠭᠠᠷᠠᠭᠤᠯᠵᠤ ᠡᠮ ᠥᠭᠬᠦ︾ ᠶᠢ ᠳ᠋ᠤᠭᠠᠷ ᠢ ᠨᠢ ᠬᠠᠰᠤᠵᠤ ᠰᠢᠢᠳᠪᠦᠷᠢᠯᠡᠨ᠂ ᠡᠯ᠎ᠡ ᠲᠣᠰᠬᠤᠨ᠂ ᠨᠡᠶᠢᠭᠡᠮ ᠲᠣᠭᠤᠷᠢᠭ ᠤᠨ ᠨᠠᠷᠢᠯᠢᠭ ᠣᠨᠣᠪᠴᠢᠲᠠᠢ ᠪᠠᠷ ᠤᠬᠠᠭᠤᠯᠬᠤ᠂ ᠴᠡᠭ ᠠᠴᠠ ᠴᠡᠭ ᠲᠤ ᠬᠦᠷᠭᠡᠨ ᠳᠠᠶᠢᠴᠢᠯᠠᠬᠤ ᠶᠢ ᠦᠨᠡᠨ ᠬᠦ ᠪᠠᠲᠤᠯᠠᠵᠤ᠂ ᠡᠮᠴᠢᠯᠡᠭᠡᠨ ᠤ ᠳᠠᠭᠠᠳᠬᠠᠯ ᠤᠨ ᠲᠠᠲᠠᠪᠤᠷᠢᠯᠠᠨ ᠲᠤᠰᠢᠶᠠᠬᠤ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠪᠡ ᠃  3 ᠳ᠋ᠤᠭᠠᠷ ᠰᠠᠷ᠎ᠠ ᠶᠢᠨ 10 ᠤ ᠡᠳᠦᠷ ᠪᠣᠯᠲᠠᠯ᠎ᠠ᠂ ᠰᠢᠨ᠎ᠡ ᠬᠤᠲᠠ ᠲᠣᠭᠤᠷᠢᠭ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 210901 ᠪᠠᠶᠢᠵᠤ᠂ ᠬᠤᠲᠠ ᠠᠴᠠ ᠪᠠᠭᠤᠯᠭᠠᠭᠰᠠᠨ ᠡᠭᠦᠷᠭᠡ ᠶᠢᠨ ᠲᠤᠭ᠎ᠠ ︵208761︶ ᠶᠢᠨ 101.05% ᠶᠢ ᠪᠡᠶᠡᠯᠡᠭᠦᠯᠵᠦ᠂ 20 ᠡᠳᠦᠷ ᠤᠷᠢᠳᠴᠢᠯᠠᠨ 2024 ᠣᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠳᠠᠭᠠᠳᠬᠠᠯ ᠳᠤ ᠤᠷᠤᠯᠴᠠᠵᠤ ᠬᠡᠪᠴᠢᠶ᠎ᠡ ᠶᠢ ᠥᠷᠭᠡᠳᠬᠡᠬᠦ ᠠᠵᠢᠯ ᠤᠨ ᠡᠭᠦᠷᠭᠡ ᠶᠢ ᠪᠡᠶᠡᠯᠡᠭᠦᠯᠪᠡ᠃ 
 
ᠢᠷᠡᠯᠲᠡ᠄ ᠰᠢᠨ᠎ᠡ ᠬᠤᠲᠠ ᠶᠢᠨ ᠡᠮᠴᠢᠯᠡᠭᠡᠨ ᠤ ᠳᠠᠭᠠᠳᠬᠠᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号