ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠨᠡᠶᠢᠭᠡᠮ ᠤᠨ ᠳᠠᠭᠠᠳᠬᠠᠯ ᠤᠨ ᠰᠦᠢᠳᠭᠡᠯ ᠢ ᠭᠤᠶᠤᠴᠢᠯᠠᠨ ᠮᠡᠳᠡᠭᠦᠯᠵᠦ ᠲᠤᠰᠢᠶᠠᠬᠤ ᠶᠠᠪᠤᠴᠠ ᠶᠢ ᠰᠢᠯᠢᠳᠡᠭᠵᠢᠭᠦᠯᠦᠨ ᠳᠣᠭᠢᠷᠠᠭᠤᠯᠬᠤ ᠲᠤᠬᠠᠶ ᠵᠠᠷᠯᠠᠯ
ᠨᠡᠶᠢᠲᠡᠯᠡᠭᠰᠡᠨ ᠴᠠᠭ᠄
2024/3/15
  ᠬᠥᠮᠦᠨ ᠬᠡᠷᠡᠭᠯᠡᠬᠦ ᠨᠢᠭᠡᠴᠢ ᠶᠢᠨ ᠨᠡᠶᠢᠭᠡᠮ ᠤᠨ ᠳᠠᠭᠠᠳᠬᠠᠯ ᠤᠨ ᠰᠦᠢᠳᠭᠡᠯ ᠢ ᠭᠤᠶᠤᠴᠢᠯᠠᠨ ᠮᠡᠳᠡᠭᠦᠯᠵᠦ ᠲᠤᠰᠢᠶᠠᠬᠤ ᠲᠤᠬᠠᠶᠢᠯᠠᠭᠰᠠᠨ ᠠᠵᠢᠯ ᠢ ᠭᠦᠢᠴᠡᠳᠭᠡᠬᠦ ᠦᠢᠯᠡᠴᠢᠯᠡᠭᠡᠨ ᠤ ᠣᠶᠢᠯᠠᠭᠠᠯᠲᠠ ᠶᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠠᠵᠢᠯ ᠶᠠᠪᠤᠳᠠᠯ ᠭᠦᠢᠴᠡᠳᠭᠡᠬᠦ ᠥᠪᠡᠷ ᠤᠨ ᠥᠷᠲᠡᠭ ᠢ ᠪᠠᠭᠤᠷᠠᠭᠤᠯᠤᠨ᠂ ᠬᠥᠮᠦᠨ ᠬᠡᠷᠡᠭᠯᠡᠬᠦ ᠨᠢᠭᠡᠴᠢ ᠪᠠ ᠠᠵᠢᠯᠲᠠᠨ ᠠᠵᠢᠯᠴᠢᠨ ᠤ ᠬᠤᠪᠢ ᠬᠥᠮᠦᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠶᠢᠨ ᠲᠤᠰᠠᠳᠠ᠂ ᠮᠠᠨ ᠤ ᠣᠷᠣᠨ 2024 ᠣᠨ ᠤ 4 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ ᠬᠥᠮᠦᠨ ᠬᠡᠷᠡᠭᠯᠡᠬᠦ ᠨᠢᠭᠡᠴᠢ ᠶᠢᠨ ᠨᠡᠶᠢᠭᠡᠮ ᠤᠨ ᠳᠠᠭᠠᠳᠬᠠᠯ ᠤᠨ ᠰᠦᠢᠳᠭᠡᠯ ᠢ ᠭᠤᠶᠤᠴᠢᠯᠠᠨ ᠮᠡᠳᠡᠭᠦᠯᠵᠦ ᠲᠤᠰᠢᠶᠠᠬᠤ ᠶᠠᠪᠤᠴᠠ ᠶᠢ ᠰᠢᠯᠢᠳᠡᠭᠵᠢᠭᠦᠯᠦᠨ ᠲᠣᠬᠢᠷᠠᠭᠤᠯᠬᠤ ᠪᠠᠷ ᠪᠣᠢ᠃ ᠡᠳᠦᠭᠡ ᠬᠠᠮᠢᠶ᠎ᠠ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄  ᠨᠢᠭᠡ᠂ ᠭᠤᠶᠤᠴᠢᠯᠠᠨ ᠮᠡᠳᠡᠭᠦᠯᠵᠦ ᠲᠤᠰᠢᠶᠠᠬᠤ ᠶᠠᠪᠤᠴᠠ ᠶᠢᠨ ᠠᠭᠤᠯᠭ᠎ᠠ ᠶᠢ ᠰᠢᠯᠢᠳᠡᠭᠵᠢᠬᠦᠯᠥᠨ ᠲᠣᠬᠢᠷᠡᠭᠤᠯᠥᠨ᠎ᠠ  2024 ᠣᠨ ᠤ 4 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ ᠡᠭᠦᠨ ᠠᠴᠠ ᠡᠮᠦᠨ᠎ᠡ ᠬᠡᠷᠡᠭᠵᠢᠭᠦᠯᠵᠦ ᠪᠠᠶᠢᠭᠰᠠᠨ ᠬᠥᠮᠦᠨ ᠬᠡᠷᠡᠭᠯᠡᠬᠦ ᠨᠢᠭᠡᠴᠢ ᠶᠢ ᠤᠷᠢᠳ ᠢᠶᠠᠷ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠴᠠᠯᠢᠩ ᠢᠶᠠᠨ ᠭᠤᠶᠤᠴᠢᠯᠠᠨ ᠮᠡᠳᠡᠭᠦᠯᠵᠦ ᠲᠤᠰᠢᠶᠠᠵᠤ᠂ ᠳᠠᠷᠠᠭ᠎ᠠ ᠨᠢ ᠬᠤᠶᠠᠷ ᠰᠠᠯᠠᠭ᠎ᠠ ᠮᠥᠴᠢᠷ ᠤᠨ ᠬᠢᠨᠠᠨ ᠲᠣᠭᠲᠠᠭᠠᠭᠰᠠᠨ ᠰᠦᠢᠳᠭᠡᠯ ᠲᠤᠰᠢᠶᠠᠬᠤ ᠲᠤᠭ᠎ᠠ ᠶᠢ ᠦᠨᠳᠦᠰᠦᠯᠡᠨ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠲᠤ ᠰᠦᠢᠳᠭᠡᠯ ᠲᠤᠰᠢᠶᠠᠬᠤ ᠶᠠᠪᠤᠴᠠ ᠶᠢ ᠦᠨᠳᠦᠰᠦᠯᠡᠨ᠂ ᠬᠥᠮᠦᠨ ᠬᠡᠷᠡᠭᠯᠡᠬᠦ ᠨᠢᠭᠡᠴᠢ ᠥᠪᠡᠷᠲᠡᠭᠡᠨ ᠰᠢᠭᠤᠳ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠲᠤ ᠭᠤᠶᠤᠴᠢᠯᠠᠨ ᠮᠡᠳᠡᠭᠦᠯᠵᠦ ᠲᠤᠰᠢᠶᠠᠬᠤ ᠪᠣᠯᠭᠠᠵᠤ ᠰᠢᠯᠢᠳᠡᠭᠵᠢᠭᠦᠯᠦᠨ ᠲᠣᠬᠢᠷᠠᠭᠤᠯᠤᠨ᠎ᠠ᠃ ᠪᠣᠳᠠᠲᠠᠶ ᠬᠡᠪᠴᠢᠶ᠎ᠡ ᠨᠢ᠄  ᠬᠥᠮᠦᠨ ᠬᠡᠷᠡᠭᠯᠡᠬᠦ ᠨᠢᠭᠡᠴᠢ ︵ᠠᠵᠤ ᠠᠬᠤᠶᠢᠯᠠᠯ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠢ᠂ ᠨᠡᠶᠢᠭᠡᠮ ᠤᠨ ᠪᠦᠯᠬᠦᠮ ᠨᠡᠶᠢᠲᠡ᠂ ᠬᠦᠯᠦᠰᠦᠨ ᠠᠵᠢᠯᠴᠢᠨ ᠲᠠᠢ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠵᠡᠷᠭᠡ ᠶᠢ       ᠪᠠᠭᠲᠠᠭᠠᠨ᠎ᠠ︶ ᠵᠢᠴᠢ ᠠᠵᠢᠯᠲᠠᠨ ᠠᠵᠢᠯᠴᠢᠨ ᠤ ᠲᠤᠰᠢᠶᠠᠵᠤ ᠪᠠᠶᠢᠭ᠎ᠠ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠤᠨ ᠰᠦᠢᠳᠭᠡᠯ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠤᠨ ᠰᠦᠢᠳᠭᠡᠯ ︵ᠠᠵᠢᠯ ᠮᠡᠷᠭᠡᠵᠢᠯ ᠤᠨ ᠵᠢᠯ ᠤᠨ ᠮᠥᠩᠭᠦ ᠶᠢ ᠪᠠᠭᠲᠠᠭᠠᠨ᠎ᠠ ︶᠂ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠦᠢᠳᠭᠡᠯ ︵ᠦᠷᠡᠵᠢᠯ ᠤᠨ ᠳᠠᠭᠠᠳᠬᠠᠯ ᠤᠨ ᠰᠦᠢᠳᠭᠡᠯ ᠢ ᠪᠠᠭᠲᠠᠭᠠᠨ᠎ᠠ︶᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠦᠢᠳᠭᠡᠯ ᠂ ᠠᠵᠢᠯ ᠠᠯᠳᠠᠯᠲᠠ ᠶᠢᠨ ᠳᠠᠭᠠᠳᠬᠠᠯ ᠤᠨ ᠰᠦᠢᠳᠭᠡᠯ᠂ ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠰᠦᠢᠳᠭᠡᠯ ᠪᠣᠯᠤᠨ ᠠᠵᠢᠯᠲᠠᠨ ᠠᠵᠢᠯᠴᠢᠨ ᠤ ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ ᠤᠨ ᠰᠦᠢᠳᠭᠡᠯ᠂ ᠠᠯᠪᠠᠲᠠᠨ ᠤ ᠡᠮᠴᠢᠯᠡᠭᠡᠨ ᠤ ᠨᠥᠬᠦᠪᠥᠷᠢ ᠵᠡᠷᠭᠡ ᠡᠯ᠎ᠡ ᠵᠦᠢᠯ ᠤᠨ ᠨᠥᠬᠦᠪᠥᠷᠢ ᠡᠮᠴᠢᠯᠡᠭᠡᠨ ᠤ ᠳᠠᠭᠠᠳᠬᠠᠯ ᠤᠨ ᠰᠦᠢᠳᠭᠡᠯ ᠢ ᠪᠠᠭᠲᠠᠭᠠᠨ᠎ᠠ᠃  ᠬᠤᠶᠠᠷ᠂ ᠭᠤᠶᠤᠴᠢᠯᠠᠨ ᠮᠡᠳᠡᠭᠦᠯᠵᠦ ᠰᠦᠢᠳᠭᠡᠯ ᠲᠤᠰᠢᠶᠠᠬᠤ ᠠᠷᠭ᠎ᠠ ᠬᠡᠯᠪᠡᠷᠢ ᠵᠢᠴᠢ ᠴᠠᠭ ᠤᠨ ᠬᠢᠵᠠᠭᠠᠷ  ︵ᠨᠢᠭᠡ︶ ᠬᠥᠮᠦᠨ ᠬᠡᠷᠡᠭᠯᠡᠬᠦ ᠨᠢᠭᠡᠴᠢ ᠥᠪᠡᠷᠲᠡᠭᠡᠨ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠲᠤ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠭᠤᠶᠤᠴᠢᠯᠠᠨ ᠮᠡᠳᠡᠭᠦᠯᠵᠦ ᠲᠤᠰᠢᠶᠠᠨ᠎ᠠ᠃ ᠨᠡᠶᠢᠭᠡᠮ ᠤᠨ ᠳᠠᠭᠠᠳᠬᠠᠯ ᠤᠨ ᠰᠦᠢᠳᠬᠡᠯ ᠤᠨ ᠰᠦᠢᠳᠬᠡᠯ ᠲᠤᠰᠢᠶᠠᠬᠤ ᠰᠠᠭᠤᠷᠢ ᠲᠤᠭ᠎ᠠ ᠪᠣᠯᠤᠨ ᠰᠦᠢᠳᠬᠡᠯ ᠲᠤᠰᠢᠶᠠᠬᠤ ᠶᠣᠰᠣᠲᠠᠶ ᠲᠤᠭ᠎ᠠ ᠶᠢ ᠦᠷᠭᠦᠯᠵᠢᠯᠡᠨ ᠣᠳᠣ ᠶᠢᠨ ᠬᠡᠷᠡᠭᠵᠢᠭᠦᠯᠵᠦ ᠪᠠᠶᠢᠭ᠎ᠠ ᠪᠣᠳᠣᠬᠤ ᠠᠷᠭ᠎ᠠ ᠶᠣᠰᠣᠭᠠᠷ ᠲᠣᠭᠲᠠᠭᠠᠨ᠎ᠠ᠃  ︵ᠬᠤᠶᠠᠷ︶ ᠬᠥᠮᠦᠨ ᠬᠡᠷᠡᠭᠯᠡᠬᠦ ᠨᠢᠭᠡᠴᠢ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠲᠤ ᠠᠵᠢᠯᠲᠠᠨ ᠠᠵᠢᠯᠴᠢᠨ ᠤ ᠰᠦᠢᠳᠭᠡᠯ ᠲᠤᠰᠢᠶᠠᠬᠤ ᠴᠠᠯᠢᠩ ᠢᠶᠠᠨ ᠭᠤᠶᠤᠴᠢᠯᠠᠨ ᠮᠡᠳᠡᠭᠦᠯᠵᠦ᠂ ᠲᠣᠬᠢᠷᠠᠭᠤᠯᠤᠨ᠎ᠠ᠃  ᠬᠥᠮᠦᠨ ᠬᠡᠷᠡᠭᠯᠡᠬᠦ ᠨᠢᠭᠡᠴᠢ ᠰᠠᠷ᠎ᠠ ᠪᠦᠷᠢ ᠶᠢᠨ 20 ᠤ ᠡᠳᠦᠷ ᠠᠴᠠ ᠡᠮᠦᠨ᠎ᠡ ︵ᠬᠡᠷᠪᠡ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠲᠠᠭᠠᠷᠠᠪᠠᠯ ᠬᠤᠶᠢᠰᠢᠯᠠᠭᠤᠯᠤᠨ᠎ᠠ︶ ᠥᠪᠡᠷᠲᠡᠭᠡᠨ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠲᠤ ᠲᠤᠰᠢᠶᠠᠬᠤ ᠶᠣᠰᠣᠲᠠᠶ ᠰᠦᠢᠳᠭᠡᠯ ᠤᠨ ᠲᠤᠭ᠎ᠠ ᠪᠠᠨ ᠭᠤᠶᠤᠴᠢᠯᠠᠨ ᠮᠡᠳᠡᠭᠦᠯᠬᠦ ᠶᠢᠨ ᠬᠠᠮᠲᠤ ᠨᠡᠶᠢᠭᠡᠮ ᠤᠨ ᠳᠠᠭᠠᠳᠬᠠᠯ ᠤᠨ ᠰᠦᠢᠳᠭᠡᠯ ᠢᠶᠠᠨ ᠭᠤᠶᠤᠴᠢᠯᠠᠨ ᠮᠡᠳᠡᠭᠦᠯᠵᠦ ᠲᠤᠰᠢᠶᠠᠵᠤ᠂ ᠠᠵᠢᠯᠲᠠᠨ ᠠᠵᠢᠯᠴᠢᠨ ᠬᠤᠪᠢ ᠬᠥᠮᠦᠨ ᠤ ᠲᠤᠰᠢᠶᠠᠬᠤ ᠬᠡᠰᠡᠭ ᠢ ᠬᠥᠮᠦᠨ ᠬᠡᠷᠡᠭᠯᠡᠬᠦ ᠨᠢᠭᠡᠴᠢ ᠠᠴᠠ ᠣᠷᠣᠯᠠᠨ ᠰᠠᠭᠤᠯᠭᠠᠵᠤ ᠣᠷᠣᠯᠠᠨ ᠲᠤᠰᠢᠶᠠᠨ᠎ᠠ᠃  2024 ᠣᠨ ᠤ 4 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠮᠦᠨ᠎ᠡ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠠᠵᠢᠯᠲᠠᠨ ᠠᠵᠢᠯᠴᠢᠨ ᠤ ᠰᠦᠢᠳᠬᠡᠯ ᠲᠤᠰᠢᠶᠠᠬᠤ ᠴᠠᠯᠢᠩ ᠢ ᠭᠤᠶᠤᠴᠢᠯᠠᠨ ᠮᠡᠳᠡᠭᠦᠯᠬᠦ ᠶᠢᠨ ᠬᠠᠮᠲᠤ ᠲᠤᠬᠠᠢ ᠶᠢᠨ ᠵᠢᠯ ᠤᠨ ᠰᠦᠢᠳᠬᠡᠯ ᠲᠤᠰᠢᠶᠠᠬᠤ ᠰᠠᠭᠤᠷᠢ ᠲᠤᠭ᠎ᠠ ᠶᠢ ᠬᠢᠨᠠᠨ ᠲᠣᠭᠲᠠᠭᠠᠭᠰᠠᠨ ᠬᠥᠮᠥᠨ ᠬᠡᠷᠡᠭᠯᠡᠬᠦ ᠨᠢᠭᠡᠴᠢ ᠨᠢ ᠲᠤᠬᠠᠢ ᠶᠢᠨ ᠵᠢᠯ ︵ᠡᠮᠴᠢᠯᠡᠭᠡᠨ ᠤ ᠳᠠᠭᠠᠳᠬᠠᠯ ᠤᠨ ᠰᠦᠢᠳᠬᠡᠯ ᠢᠶᠠᠷ ᠲᠤᠬᠠᠶᠢᠯᠠᠭᠰᠠᠨ ᠠᠵᠢᠯ ᠤᠨ ᠣᠨ ᠪᠣᠯᠭᠠᠨ᠎ᠠ︶ ᠤᠨ ᠵᠠᠯᠭᠠᠮᠵᠢ ᠰᠠᠷ᠎ᠠ ᠳᠤ ᠵᠥᠪᠬᠡᠨ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠲᠤ ᠠᠵᠢᠯᠲᠠᠨ ᠠᠵᠢᠯᠴᠢᠨ ᠤ ᠰᠢᠨ᠎ᠡ ᠪᠠᠷ ᠨᠡᠮᠡᠭᠳᠡᠭᠰᠡᠨ ᠰᠦᠢᠳᠬᠡᠯ ᠲᠤᠰᠢᠶᠠᠬᠤ ᠴᠠᠯᠢᠩ ᠢᠶᠠᠨ ᠭᠤᠶᠤᠴᠢᠯᠠᠨ ᠮᠡᠳᠡᠭᠦᠯᠪᠡᠯ ᠪᠣᠯᠴᠢᠬᠠᠨ᠎ᠠ᠃ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠠᠵᠢᠯᠲᠠᠨ ᠠᠵᠢᠯᠴᠢᠨ ᠤ ᠰᠦᠢᠳᠭᠡᠯ ᠲᠤᠰᠢᠶᠠᠬᠤ ᠴᠠᠯᠢᠩ ᠢᠶᠠᠨ ᠭᠤᠶᠤᠴᠢᠯᠠᠨ ᠮᠡᠳᠡᠭᠦᠯᠦᠭᠰᠡᠨ ᠦᠭᠡᠢ ᠪᠠᠶᠢᠪᠠᠯ᠂ 2024 ᠣᠨ ᠤ 4 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠲᠤ ᠭᠤᠶᠤᠴᠢᠯᠠᠨ ᠮᠡᠳᠡᠭᠦᠯᠦᠨ᠎ᠡ᠃  ︵ᠭᠤᠷᠪᠠ︶ ᠬᠥᠮᠥᠨ ᠬᠡᠷᠡᠭᠯᠡᠬᠦ ᠨᠢᠭᠡᠴᠢ ᠨᠢ ᠨᠡᠶᠢᠭᠡᠮ ᠤᠨ ᠳᠠᠭᠠᠳᠬᠠᠯ ᠤᠨ ᠳᠠᠩᠰᠠᠯᠠᠯᠲᠠ ᠬᠢᠯᠭᠡᠭᠰᠡᠨ ᠦᠭᠡᠢ ᠠᠴᠠ ᠪᠣᠯᠤᠭᠰᠠᠨ ᠥᠷᠢᠲᠦᠵᠦ ᠪᠠᠶᠢᠭ᠎ᠠ ᠰᠦᠢᠳᠭᠡᠯ᠂ 2024 ᠣᠨ ᠤ 4 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠮᠦᠨ᠎ᠡ ᠨᠡᠶᠢᠭᠡᠮ ᠤᠨ ᠳᠠᠭᠠᠳᠬᠠᠯ ᠤᠨ ᠰᠦᠢᠳᠭᠡᠯ ᠤᠨ ᠥᠷᠢᠲᠦᠵᠦ ᠪᠠᠶᠢᠭ᠎ᠠ ᠰᠦᠢᠳᠭᠡᠯ᠂ ᠵᠢᠴᠢ ᠲᠥᠷᠥ ᠶᠢᠨ ᠪᠣᠳᠣᠯᠭ᠎ᠠ ᠶᠢᠨ ᠴᠢᠨᠠᠷᠲᠠᠢ ᠨᠥᠬᠦᠵᠦ ᠲᠤᠰᠢᠶᠠᠬᠤ ᠵᠡᠷᠭᠡ ᠣᠨᠴᠠᠭᠠᠢ ᠪᠠᠶᠢᠳᠠᠯ ᠢ ᠭᠦᠢᠴᠡᠳᠬᠡᠬᠦ ᠳᠤ᠂ ᠮᠥᠨ ᠬᠦ ᠤᠷᠢᠳ ᠢᠶᠠᠷ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠭᠤᠶᠤᠴᠢᠯᠠᠨ ᠮᠡᠳᠡᠭᠦᠯᠵᠦ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠢᠶᠠᠷ ᠳᠠᠮᠵᠢᠭᠤᠯᠤᠨ ᠨᠥᠬᠦᠵᠦ ᠲᠤᠰᠢᠶᠠᠬᠤ ᠶᠣᠰᠣᠲᠠᠢ ᠰᠦᠢᠳᠬᠡᠯ ᠤᠨ ᠲᠤᠭ᠎ᠠ ᠶᠢ ᠬᠢᠨᠠᠨ ᠲᠣᠭᠲᠠᠭᠠᠯᠭᠠᠭᠰᠠᠨ ᠤ ᠳᠠᠷᠠᠭ᠎ᠠ᠂ ᠳᠠᠬᠢᠨ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠲᠤ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠲᠤᠰᠢᠶᠠᠨ᠎ᠠ᠃  ᠭᠤᠷᠪᠠ᠂ ᠭᠤᠶᠤᠴᠢᠯᠠᠨ ᠮᠡᠳᠡᠭᠦᠯᠵᠦ ᠰᠦᠢᠳᠭᠡᠯ ᠲᠤᠰᠢᠶᠠᠬᠤ ᠠᠷᠭ᠎ᠠ ᠵᠠᠮ  ᠬᠥᠮᠦᠨ ᠬᠡᠷᠡᠭᠯᠡᠬᠦ ᠨᠢᠭᠡᠴᠢ ᠨᠢ ᠥᠪᠡᠷᠲᠡᠭᠡᠨ ᠭᠠᠶᠢᠯᠢ ᠭᠦᠢᠴᠡᠳᠭᠡᠬᠦ ᠦᠢᠯᠡᠴᠢᠯᠡᠭᠡᠨ ᠤ ᠲᠢᠩᠬᠢᠮ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠭᠠᠶᠢᠯᠢ ᠶᠢᠨ ᠶᠠᠪᠤᠳᠠᠯ ᠤᠨ ᠴᠣᠩᠬᠤᠪᠴᠢ ᠳᠤ ᠬᠦᠷᠴᠦ ᠨᠡᠶᠢᠭᠡᠮ ᠤᠨ ᠳᠠᠭᠠᠳᠬᠠᠯ ᠤᠨ ᠰᠦᠢᠳᠭᠡᠯ ᠢ ᠲᠤᠰᠢᠶᠠᠬᠤ ᠲᠤᠬᠠᠶᠢᠯᠠᠭᠰᠠᠨ ᠠᠵᠢᠯ ᠢ ᠭᠦᠢᠴᠡᠳᠬᠡᠵᠦ ᠪᠣᠯᠤᠨ᠎ᠠ᠂ ᠪᠠᠰᠠ ︽ᠨᠡᠶᠢᠭᠡᠮ ᠤᠨ ᠳᠠᠭᠠᠳᠬᠠᠯ ᠤᠨ ᠰᠦᠢᠳᠬᠡᠯ ᠤᠨ ᠬᠠᠮᠢᠶᠠᠷᠤᠯᠲᠠ ᠶᠢᠨ ᠬᠡᠷᠡᠭᠯᠡᠭᠴᠢ ᠶᠢᠨ ᠲᠠᠯ᠎ᠠ︾᠂ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠶᠢᠨ ︽ᠨᠢᠭᠡᠴᠢ ᠶᠢᠨ ᠨᠡᠶᠢᠭᠡᠮ ᠤᠨ ᠳᠠᠭᠠᠳᠬᠠᠯ ᠤᠨ ᠰᠦᠢᠳᠭᠡᠯ ᠲᠤᠰᠢᠶᠠᠬᠤ ᠲᠤᠰᠬᠠᠶ ᠲᠤᠭᠤᠷᠢᠭ︾ ᠢᠶᠠᠷ ᠰᠦᠯᠵᠢᠶᠡᠨ ᠳᠡᠭᠡᠷ᠎ᠡ ᠨᠡᠶᠢᠭᠡᠮ ᠤᠨ ᠳᠠᠭᠠᠳᠬᠠᠯ ᠤᠨ ᠰᠦᠢᠳᠭᠡᠯ ᠲᠤᠰᠢᠶᠠᠬᠤ ᠶᠢ ᠭᠤᠶᠤᠴᠢᠯᠠᠨ ᠮᠡᠳᠡᠭᠦᠯᠬᠦ ᠲᠤᠬᠠᠶᠢᠯᠠᠭᠰᠠᠨ ᠠᠵᠢᠯ ᠢ ᠭᠦᠢᠴᠡᠳᠭᠡᠵᠦ ᠪᠣᠯᠤᠨ᠎ᠠ᠃  ᠳᠥᠷᠪᠡ᠂ ᠪᠤᠰᠤᠳ ᠵᠦᠢᠯᠡᠰ  ︵ᠨᠢᠭᠡ︶ ᠭᠠᠶᠢᠯᠢ ᠶᠢᠨ ᠶᠠᠪᠤᠳᠠᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠡᠮᠴᠢᠯᠡᠭᠡᠨ ᠤ ᠪᠠᠲᠤᠯᠠᠭ᠎ᠠ ᠵᠡᠷᠭᠡ ᠰᠠᠯᠠᠭ᠎ᠠ ᠮᠥᠴᠢᠷ ᠤᠳ ᠬᠠᠮᠲᠤᠷᠠᠨ ᠬᠤᠯᠪᠤᠭᠳᠠᠯ ᠪᠥᠬᠦᠶ ᠮᠡᠳᠡᠭᠡ ᠵᠠᠩᠭᠢ ᠶᠢᠨ ᠰᠢᠰᠲ᠋ᠧᠮ ᠢ ᠲᠠᠰ ᠳᠡᠪᠰᠢᠭᠦᠯᠵᠦ᠂ ᠮᠠᠰᠢᠨ ᠢ ᠵᠣᠭᠰᠣᠭᠠᠵᠤ ᠴᠠᠭ ᠰᠣᠯᠢᠬᠤ ᠶᠢ ᠳᠣᠤᠷᠠᠬᠢ ᠮᠡᠲᠦ ᠲᠣᠬᠢᠷᠠᠭᠤᠯᠪᠠ᠄  1.2024 ᠣᠨ ᠤ 3 ᠳ᠋ᠤᠭᠠᠷ ᠰᠠᠷ᠎ᠠ ᠶᠢᠨ 24 ᠤ ᠡᠳᠦᠷ ᠤᠨ 0 ᠴᠠᠭ ᠠᠴᠠ 4 ᠳ᠋ᠦ᠋ᠭᠡᠷ ᠰᠠᠷ᠎ᠠ ᠶᠢᠨ 1 ᠤ ᠡᠳᠦᠷ ᠤᠨ 0 ᠴᠠᠭ ᠪᠣᠯᠲᠠᠯ᠎ᠠ᠂ ᠪᠥᠬᠦ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠪᠣᠯᠣᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠡᠯ᠎ᠡ ᠲᠥᠷᠥᠯ ᠤᠨ ᠨᠡᠶᠢᠭᠡᠮ ᠤᠨ ᠳᠠᠭᠠᠳᠬᠠᠯ ᠢ ᠳᠡᠩᠰᠡᠯᠡᠨ ᠲᠡᠮᠳᠡᠭᠯᠡᠬᠦ᠂ ᠭᠤᠶᠤᠴᠢᠯᠠᠨ ᠮᠡᠳᠡᠭᠦᠯᠬᠦ᠂ ᠬᠢᠨᠠᠨ ᠲᠣᠭᠲᠠᠭᠠᠬᠤ ᠵᠡᠷᠭᠡ ᠲᠤᠬᠠᠶᠢᠯᠠᠭᠰᠠᠨ ᠠᠵᠢᠯ ᠢ ᠭᠦᠢᠴᠡᠳᠭᠡᠬᠦ ᠶᠢ ᠲᠦᠷ ᠵᠣᠭᠰᠣᠭᠠᠨ᠎ᠠ᠃  2.2024 ᠣᠨ ᠤ 3 ᠳ᠋ᠤᠭᠠᠷ ᠰᠠᠷ᠎ᠠ ᠶᠢᠨ 25 ᠤ ᠡᠳᠦᠷ ᠤᠨ 0 ᠴᠠᠭ ᠠᠴᠠ 4 ᠳ᠋ᠦ᠋ᠭᠡᠷ ᠰᠠᠷ᠎ᠠ ᠶᠢᠨ 1 ᠤ ᠡᠳᠦᠷ ᠤᠨ 0 ᠴᠠᠭ ᠪᠣᠯᠲᠠᠯ᠎ᠠ᠂ ᠪᠥᠬᠦ ᠣᠷᠣᠨ ᠤ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠳ ᠬᠤᠲᠠ ᠬᠥᠳᠡᠭᠡ ᠶᠢᠨ ᠰᠠᠭᠤᠭᠠᠯᠢ ᠠᠷᠠᠳ᠂ ᠠᠮᠢᠳᠤᠯᠢᠭ ᠢᠶᠠᠷ ᠠᠵᠢᠯ ᠣᠯᠤᠭᠰᠠᠳ ᠤᠨ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠨᠡᠶᠢᠭᠡᠮ ᠤᠨ ᠳᠠᠭᠠᠳᠬᠠᠯ ᠤᠨ ᠰᠦᠢᠳᠭᠡᠯ ᠢ ᠭᠤᠶᠤᠴᠢᠯᠠᠨ ᠮᠡᠳᠡᠭᠦᠯᠬᠦ᠂ ᠲᠤᠰᠢᠶᠠᠬᠤ ᠵᠡᠷᠭᠡ ᠲᠤᠬᠠᠶᠢᠯᠠᠭᠰᠠᠨ ᠠᠵᠢᠯ ᠢ ᠭᠦᠢᠴᠡᠳᠭᠡᠬᠦ ᠶᠢ ᠲᠦᠷ ᠵᠣᠭᠰᠣᠭᠠᠨ᠎ᠠ᠃  3.2024 ᠣᠨ ᠤ 3 ᠳ᠋ᠤᠭᠠᠷ ᠰᠠᠷ᠎ᠠ ᠶᠢᠨ 27 ᠤ ᠡᠳᠦᠷ ᠤᠨ 18 ᠴᠠᠭ ᠠᠴᠠ 4 ᠳ᠋ᠦ᠋ᠭᠡᠷ ᠰᠠᠷ᠎ᠠ ᠶᠢᠨ 1 ᠤ ᠡᠳᠦᠷ ᠤᠨ 0 ᠴᠠᠭ ᠪᠣᠯᠲᠠᠯ᠎ᠠ᠂ ᠪᠥᠬᠦ ᠣᠷᠣᠨ ᠤ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠳ ᠬᠥᠮᠦᠨ ᠬᠡᠷᠡᠭᠯᠡᠬᠦ ᠨᠢᠭᠡᠴᠢ ︵ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢ ᠪᠠᠭᠲᠠᠭᠠᠨ᠎ᠠ︶ ᠶᠢᠨ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠨᠡᠶᠢᠭᠡᠮ ᠤᠨ ᠳᠠᠭᠠᠳᠬᠠᠯ ᠤᠨ ᠰᠦᠢᠳᠭᠡᠯ ᠢ ᠭᠤᠶᠤᠴᠢᠯᠠᠨ ᠮᠡᠳᠡᠭᠦᠯᠬᠦ᠂ ᠲᠤᠰᠢᠶᠠᠬᠤ ᠵᠡᠷᠭᠡ ᠲᠤᠬᠠᠶᠢᠯᠠᠭᠰᠠᠨ ᠠᠵᠢᠯ ᠢ ᠭᠦᠢᠴᠡᠳᠭᠡᠬᠦ ᠶᠢ ᠲᠦᠷ ᠵᠣᠭᠰᠣᠭᠠᠨ᠎ᠠ᠃  4.2024 ᠣᠨ ᠤ 4 ᠳ᠋ᠦ᠋ᠭᠡᠷ ᠰᠠᠷ᠎ᠠ ᠶᠢᠨ 1 ᠤ ᠡᠳᠦᠷ ᠤᠨ 0 ᠴᠠᠭ ᠠᠴᠠ ᠡᠬᠢᠯᠡᠨ᠂ ᠭᠠᠶᠢᠯᠢ ᠶᠢᠨ ᠶᠠᠪᠤᠳᠠᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠨᠡᠶᠢᠭᠡᠮ ᠤᠨ ᠳᠠᠭᠠᠳᠬᠠᠯ ᠤᠨ ᠲᠤᠬᠠᠶᠢᠯᠠᠭᠰᠠᠨ ᠠᠵᠢᠯ ᠢ ᠭᠦᠢᠴᠡᠳᠭᠡᠬᠦ ᠶᠢ ᠰᠡᠷᠭᠦᠭᠡᠨ᠎ᠡ᠃  ᠳᠡᠭᠡᠷ᠎ᠡ ᠳᠤᠷᠠᠳᠤᠭᠰᠠᠨ ᠮᠠᠰᠢᠨ ᠢ ᠵᠣᠭᠰᠤᠭᠠᠵᠤ ᠴᠠᠭ ᠰᠣᠯᠢᠬᠤ ᠶᠢ ᠦᠨᠳᠦᠰᠦᠯᠡᠨ᠂ ᠴᠠᠭ ᠢᠶᠠᠨ ᠵᠣᠬᠢᠰᠲᠠᠶ ᠲᠣᠬᠢᠷᠠᠭᠤᠯᠵᠤ ᠨᠡᠶᠢᠭᠡᠮ ᠤᠨ ᠳᠠᠭᠠᠳᠬᠠᠯ ᠤᠨ ᠬᠤᠯᠪᠤᠭᠳᠠᠯ ᠪᠦᠬᠦᠢ ᠲᠤᠬᠠᠶᠢᠯᠠᠭᠰᠠᠨ ᠠᠵᠢᠯ ᠢᠶᠠᠨ ᠬᠦᠢᠴᠡᠳᠬᠡᠬᠡᠷᠡᠢ᠃  ︵ᠬᠤᠶᠠᠷ︶ ᠨᠡᠶᠢᠭᠡᠮ ᠤᠨ ᠳᠠᠭᠠᠳᠬᠠᠯ ᠢ ᠳᠠᠩᠰᠠᠯᠠᠵᠤ ᠲᠡᠮᠲᠡᠭᠯᠡᠬᠦ᠂ ᠡᠷᠬᠡ ᠠᠰᠢᠭ ᠢ ᠲᠡᠮᠳᠡᠭᠯᠡᠬᠦ᠂ ᠨᠡᠶᠢᠭᠡᠮ ᠤᠨ ᠳᠠᠭᠠᠳᠬᠠᠯ ᠤᠨ ᠬᠠᠷᠠᠭᠠᠯᠵᠠᠯ ᠢ ᠬᠢᠨᠠᠨ ᠲᠣᠭᠲᠠᠭᠠᠬᠤ ᠵᠡᠷᠭᠡ ᠲᠤᠬᠠᠶᠢᠯᠠᠭᠰᠠᠨ ᠠᠵᠢᠯ ᠢ ᠮᠥᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠭᠦᠢᠴᠡᠳᠭᠡᠨ᠎ᠡ᠃  ︵ᠭᠤᠷᠪᠠ︶ ᠬᠦᠮᠦᠨ ᠬᠡᠷᠡᠭᠯᠡᠬᠦ ᠨᠢᠭᠡᠴᠢ ᠭᠤᠶᠤᠴᠢᠯᠠᠨ ᠮᠡᠳᠡᠭᠦᠯᠵᠦ ᠰᠦᠢᠳᠭᠡᠯ ᠲᠤᠰᠢᠶᠠᠬᠤ ᠲᠤᠬᠠᠶᠢᠯᠠᠭᠰᠠᠨ ᠠᠵᠢᠯ ᠢ ᠭᠦᠢᠴᠡᠳᠭᠡᠬᠦ ᠳᠤ ᠪᠠᠨ ᠬᠡᠷᠪᠡ ᠮᠠᠳᠠᠭ ᠲᠠᠢ ᠪᠠᠶᠢᠪᠠᠯ᠂ 12366 ᠰᠦᠢᠳᠭᠡᠯ ᠲᠤᠰᠢᠶᠠᠬᠤ ᠦᠢᠯᠡᠴᠢᠯᠡᠭᠡᠨ ᠤ ᠬᠠᠯᠠᠮᠰᠢᠯ ᠤᠲᠠᠰᠤᠨ ᠳᠤ ᠤᠲᠠᠰᠤᠳᠠᠵᠤ ᠪᠤᠯᠤᠨ᠎ᠠ᠃ ᠨᠡᠶᠢᠭᠡᠮ ᠤᠨ ᠳᠠᠭᠠᠳᠬᠠᠯ ᠢ ᠳᠠᠩᠰᠠᠯᠠᠵᠤ ᠲᠡᠮᠲᠡᠭᠯᠡᠬᠦ᠂ ᠬᠠᠷᠠᠭᠠᠯᠵᠠᠯ ᠤᠨ ᠲᠦᠯᠦᠪᠦᠷᠢ ᠥᠭᠬᠦ ᠪᠠ ᠡᠳ᠋ᠯᠡᠬᠦ ᠵᠡᠷᠭᠡ ᠨᠡᠶᠢᠭᠡᠮ ᠤᠨ ᠳᠠᠭᠠᠳᠬᠠᠯ ᠤᠨ ᠪᠤᠰᠤᠳ ᠠᠰᠠᠭᠤᠳᠠᠯ ᠢ 12333 ᠨᠡᠶᠢᠭᠡᠮ ᠤᠨ ᠳᠠᠭᠠᠳᠬᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠪᠤᠶᠤ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠪᠠᠷ ᠠᠰᠠᠭᠤᠨ ᠯᠠᠪᠯᠠᠵᠤ ᠪᠣᠯᠤᠨ᠎ᠠ᠃                ᠣᠨᠴᠠᠭᠠᠶᠢᠯᠠᠨ ᠵᠠᠷᠯᠠᠪᠠ᠃            ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠤᠪᠴᠢᠶ᠎ᠠ ᠶᠢᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠭᠠᠶᠢᠯᠢ ᠶᠢᠨ ᠶᠠᠪᠤᠳᠠᠯ ᠤᠨ ᠲᠤᠪᠴᠢᠶ᠎ᠠ        ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠡᠳ᠋ ᠤᠨ ᠵᠠᠰᠠᠭ ᠤᠨ ᠲᠢᠩᠬᠢᠮ        ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ        ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ                         2024 ᠣᠨ ᠤ 3 ᠳ᠋ᠤᠭᠠᠷ ᠰᠠᠷ᠎ᠠ ᠶᠢᠨ 14 ᠤ ᠡᠳᠦᠷ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号