ᠦᠰᠦᠭ ᠪᠢᠴᠢᠭ ᠢᠶᠠᠷ ᠦᠭᠦᠯᠡᠬᠦᠢ᠄ ︽ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠨᠡᠶᠢᠭᠡᠮ ᠤᠨ ᠳᠠᠭᠠᠳᠬᠠᠯ ᠤᠨ ᠰᠦᠢᠳᠭᠡᠯ ᠢ ᠭᠤᠶᠤᠴᠢᠯᠠᠨ ᠮᠡᠳᠡᠭᠦᠯᠵᠦ ᠲᠤᠰᠢᠶᠠᠬᠤ ᠶᠠᠪᠤᠴᠠ ᠶᠢ ᠰᠢᠯᠢᠳᠡᠭᠵᠢᠭᠦᠯᠦᠨ ᠳᠣᠭᠢᠷᠠᠭᠤᠯᠬᠤ ᠲᠤᠬᠠᠶ ᠵᠠᠷᠯᠠᠯ︾ ᠤᠨ ᠲᠤᠬᠠᠶ ᠲᠠᠶᠢᠯᠤᠮᠵᠢ
ᠨᠡᠶᠢᠲᠡᠯᠡᠭᠰᠡᠨ ᠴᠠᠭ᠄
2024/3/15
  ᠬᠥᠮᠦᠨ ᠬᠡᠷᠡᠭᠯᠡᠬᠦ ᠨᠢᠭᠡᠴᠢ ᠶᠢᠨ ᠨᠡᠶᠢᠭᠡᠮ ᠤᠨ ᠳᠠᠭᠠᠳᠬᠠᠯ ᠤᠨ ᠰᠦᠢᠳᠭᠡᠯ ᠢ ᠭᠤᠶᠤᠴᠢᠯᠠᠨ ᠮᠡᠳᠡᠭᠦᠯᠵᠦ ᠲᠤᠰᠢᠶᠠᠬᠤ ᠲᠤᠬᠠᠶᠢᠯᠠᠭᠰᠠᠨ ᠠᠵᠢᠯ ᠢ ᠭᠦᠢᠴᠡᠳᠭᠡᠬᠦ ᠦᠢᠯᠡᠴᠢᠯᠡᠭᠡᠨ ᠤ ᠣᠶᠢᠯᠠᠭᠠᠯᠲᠠ ᠶᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠠᠵᠢᠯ ᠶᠠᠪᠤᠳᠠᠯ ᠭᠦᠢᠴᠡᠳᠭᠡᠬᠦ ᠥᠪᠡᠷ ᠤᠨ ᠥᠷᠲᠡᠭ ᠢ ᠪᠠᠭᠤᠷᠠᠭᠤᠯᠤᠨ᠂ ᠬᠥᠮᠦᠨ ᠬᠡᠷᠡᠭᠯᠡᠬᠦ ᠨᠢᠭᠡᠴᠢ ᠪᠠ ᠠᠵᠢᠯᠲᠠᠨ ᠠᠵᠢᠯᠴᠢᠨ ᠤ ᠬᠤᠪᠢ ᠬᠥᠮᠦᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠶᠢᠨ ᠲᠤᠰᠠᠳᠠ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠬᠠᠮᠲᠤᠷᠠᠨ ︽ᠨᠡᠶᠢᠭᠡᠮ ᠤᠨ ᠳᠠᠭᠠᠳᠬᠠᠯ ᠤᠨ ᠰᠦᠢᠳᠭᠡᠯ ᠢ ᠭᠤᠶᠤᠴᠢᠯᠠᠨ ᠮᠡᠳᠡᠭᠦᠯᠵᠦ ᠲᠤᠰᠢᠶᠠᠬᠤ ᠶᠠᠪᠤᠴᠠ ᠶᠢ ᠰᠢᠯᠢᠳᠡᠭᠵᠢᠭᠦᠯᠦᠨ ᠳᠣᠭᠢᠷᠠᠭᠤᠯᠬᠤ ᠲᠤᠬᠠᠶ ᠵᠠᠷᠯᠠᠯ︾ ᠢ ᠵᠣᠬᠢᠶᠠᠨ ᠲᠠᠷᠬᠠᠭᠠᠵᠤ᠂ ᠡᠳᠦᠭᠡ ᠳᠣᠤᠷᠠᠬᠢ ᠮᠡᠲᠦ ᠵᠠᠷᠯᠠᠶ᠎ᠠ᠄  ᠨᠢᠭᠡ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠭᠤᠶᠤᠴᠢᠯᠠᠨ ᠮᠡᠳᠡᠭᠦᠯᠵᠦ ᠲᠤᠰᠢᠶᠠᠬᠤ ᠶᠠᠪᠤᠴᠠ ᠶᠢ ᠶᠠᠭᠤᠨ ᠳᠤ ᠰᠢᠯᠢᠳᠡᠭᠵᠢᠭᠦᠯᠦᠨ ᠲᠣᠬᠢᠷᠠᠭᠤᠯᠬᠤ ᠪᠣᠶ︖  ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠵᠢᠭᠠᠵᠤ ᠭᠠᠷᠭᠠᠭᠰᠠᠨ ᠨᠢ᠂ ᠨᠡᠶᠢᠭᠡᠮ ᠤᠨ ᠪᠠᠲᠤᠯᠠᠭ᠎ᠠ ᠶᠢᠨ ᠲᠣᠭᠲᠠᠯᠴᠠᠭ᠎ᠠ ᠪᠣᠯ ᠠᠷᠠᠳ ᠤᠨ ᠠᠮᠢᠳᠤᠷᠠᠯ ᠤᠨ ᠠᠮᠤᠷ ᠲᠦᠪᠰᠢᠨ ᠤ ᠲᠣᠣᠷ ᠪᠠ ᠨᠡᠶᠢᠭᠡᠮ ᠤᠨ ᠠᠵᠢᠯᠯᠠᠭᠠᠨ ᠤ ᠲᠣᠭᠲᠠᠪᠤᠷᠢᠵᠢᠭᠤᠯᠤᠭᠴᠢ ᠮᠥᠨ᠂ ᠪᠦᠬᠦ ᠠᠷᠠᠳ ᠢ ᠬᠠᠮᠤᠷᠤᠭᠰᠠᠨ᠂ ᠬᠤᠳᠠ ᠬᠥᠳᠡᠭᠡ ᠶᠢ ᠨᠢᠭᠡᠳᠦᠯᠲᠡᠢ ᠲᠥᠯᠥᠪᠯᠡᠭᠰᠡᠨ᠂ ᠲᠥᠪ ᠭᠤᠣᠯᠴᠢ ᠨᠢᠭᠡᠳᠦᠯᠲᠡᠢ᠂ ᠠᠮᠤᠷ ᠲᠦᠪᠰᠢᠨ ᠵᠢᠷᠤᠮᠵᠢᠭᠰᠠᠨ᠂ ᠦᠷᠭᠦᠯᠵᠢᠯᠡᠬᠦᠶᠢᠴᠡ ᠤᠯᠠᠨ ᠲᠡᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠲᠣᠭᠲᠠᠯᠴᠠᠭ᠎ᠠ ᠶᠢ ᠪᠦᠷᠢᠨᠰᠢᠬᠦᠯᠬᠦ ᠬᠡᠷᠡᠭᠲᠡᠢ᠃ ᠨᠡᠶᠢᠭᠡᠮ ᠤᠨ ᠳᠠᠭᠠᠳᠬᠠᠯ ᠤᠨ ᠰᠦᠢᠳᠬᠡᠯ ᠪᠣᠯ ᠨᠡᠶᠢᠭᠡᠮ ᠤᠨ ᠪᠠᠲᠤᠯᠠᠭ᠎ᠠ ᠶᠢᠨ ᠲᠣᠭᠲᠠᠯᠴᠠᠭ᠎ᠠ ᠶᠢ ᠪᠠᠶᠢᠭᠤᠯᠬᠤ ᠴᠢᠬᠤᠯᠠ ᠪᠣᠳᠠᠰ ᠤᠨ ᠰᠠᠭᠤᠷᠢ ᠪᠣᠯᠬᠤᠷ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠲᠠᠲᠠᠪᠤᠷᠢᠯᠠᠬᠤ ᠦᠢᠯᠡᠴᠢᠯᠡᠭᠡᠨ ᠤ ᠠᠵᠢᠯ ᠢ ᠰᠠᠶᠢᠲᠤᠷ ᠬᠢᠬᠦ ᠨᠢ ᠠᠷᠠᠳ ᠣᠯᠠᠨ ᠤ ᠪᠤᠶᠠᠨ ᠵᠢᠷᠭᠠᠯ ᠪᠠ ᠠᠷᠠᠳ ᠤᠨ ᠠᠮᠢᠳᠤᠷᠠᠯ ᠤᠨ ᠪᠠᠲᠤᠯᠠᠭ᠎ᠠ ᠳᠤ ᠬᠤᠯᠪᠣᠭᠳᠠᠬᠤ ᠶᠤᠮ ᠭᠡᠵᠡᠢ᠃ ᠣᠳᠣᠬᠠᠨ ᠳᠤ᠂ ᠮᠠᠨ ᠤ ᠣᠷᠣᠨ ᠤ ᠨᠡᠶᠢᠭᠡᠮ ᠤᠨ ᠳᠠᠭᠠᠳᠬᠠᠯ ᠤᠨ ᠰᠦᠢᠳᠭᠡᠯ ᠳᠤ ᠬᠥᠮᠦᠨ ᠬᠡᠷᠡᠭᠯᠡᠬᠦ ᠨᠢᠭᠡᠴᠢ ᠤᠷᠢᠳ ᠢᠶᠠᠷ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠲᠤᠰᠢᠶᠠᠪᠠᠰᠤ ᠵᠣᠬᠢᠬᠤ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠭᠤᠶᠤᠴᠢᠯᠠᠨ ᠮᠡᠳᠡᠭᠦᠯᠵᠦ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠰᠦᠢᠳᠬᠡᠯ ᠲᠤᠰᠢᠶᠠᠬᠤ ᠶᠣᠰᠣᠲᠠᠶ ᠲᠤᠭ᠎ᠠ ᠶᠢ ᠬᠢᠨᠠᠨ ᠲᠣᠭᠲᠠᠭᠠᠵᠤ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠰᠦᠢᠳᠬᠡᠯ ᠬᠤᠷᠢᠶᠠᠬᠤ ᠠᠷᠭ᠎ᠠ ᠬᠡᠯᠪᠡᠷᠢ ᠶᠢ ᠬᠡᠷᠡᠭᠯᠡᠵᠦ ᠪᠣᠢ᠃ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠭᠤᠶᠤᠴᠢᠯᠠᠨ ᠲᠤᠰᠢᠶᠠᠬᠤ ᠦᠢᠯᠡᠴᠢᠯᠡᠭᠡᠨ ᠤ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠤᠰᠠᠳᠠ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠦᠨᠳᠦᠰᠦᠯᠡᠨ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠭᠤᠶᠤᠴᠢᠯᠠᠨ ᠲᠤᠰᠢᠶᠠᠬᠤ ᠶᠠᠪᠤᠴᠠ ᠶᠢ ᠰᠢᠯᠢᠳᠡᠭᠵᠢᠭᠦᠯᠦᠨ ᠲᠣᠬᠢᠷᠠᠭᠤᠯᠬᠤ ᠪᠠᠷ ᠲᠣᠭᠲᠠᠭᠠᠵᠤ᠂ ᠬᠥᠮᠦᠨ ᠬᠡᠷᠡᠭᠯᠡᠬᠦ ᠨᠢᠭᠡᠴᠢ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠲᠤ ᠨᠡᠶᠢᠭᠡᠮ ᠤᠨ ᠳᠠᠭᠠᠳᠬᠠᠯ ᠤᠨ ᠰᠦᠢᠳᠬᠡᠯ ᠢᠶᠠᠨ ᠥᠪᠡᠷᠲᠡᠭᠡᠨ ᠭᠤᠶᠤᠴᠢᠯᠠᠨ ᠮᠡᠳᠡᠭᠦᠯᠦᠨ᠎ᠡ ︵ᠳᠣᠷᠣᠭᠰᠢ ᠥᠪᠡᠷᠲᠡᠭᠡᠨ ᠭᠤᠶᠤᠴᠢᠯᠠᠨ ᠮᠡᠳᠡᠭᠦᠯᠬᠦ ᠭᠡᠵᠦ ᠲᠣᠪᠴᠢᠯᠠᠨ᠎ᠠ︶᠃ ᠭᠤᠣᠯᠳᠠᠭᠤ ᠳᠣᠣᠷᠠᠬᠢ ᠭᠤᠷᠪᠠᠨ ᠲᠠᠯ᠎ᠠ ᠠᠴᠠ ᠪᠣᠳᠤᠯᠬᠢᠯᠠᠪᠠ᠃  ᠨᠢᠭᠡ ᠳᠤ᠂ ᠰᠦᠢᠳᠬᠡᠯ ᠲᠤᠰᠢᠶᠠᠭᠴᠢ ᠶᠢᠨ ᠠᠵᠢᠯ ᠶᠠᠪᠤᠳᠠᠯ ᠭᠦᠢᠴᠡᠳᠬᠡᠬᠦ ᠳᠠᠷᠤᠭᠠᠰᠤ ᠶᠢ        ᠬᠥᠩᠭᠡᠷᠡᠭᠦᠯᠦᠨ᠎ᠡ᠃ ᠣᠳᠣᠬᠠᠨ ᠳᠤ᠂ ᠠᠳᠠᠯᠢ ᠪᠤᠰᠤ ᠳᠠᠭᠠᠳᠬᠠᠯ ᠤᠨ ᠲᠥᠷᠥᠯ᠂ ᠠᠳᠠᠯᠢ ᠪᠤᠰᠤ ᠰᠦᠢᠳᠬᠡᠯ ᠲᠤᠰᠢᠶᠠᠭᠴᠢ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠲᠣᠰ ᠲᠣᠰ ᠮᠡᠳᠡᠭᠦᠯᠵᠦ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠲᠤ ᠰᠦᠢᠳᠬᠡᠯ ᠲᠤᠰᠢᠶᠠᠬᠤ ᠨᠢ ᠰᠦᠢᠳᠬᠡᠯ ᠲᠤᠰᠢᠶᠠᠭᠴᠢ ︽ᠣᠯᠠᠨ ᠲᠡᠶᠢᠰᠢ ᠭᠦᠶᠦᠬᠦ︾ ︽ᠨᠠᠭᠠᠰᠢ ᠴᠠᠭᠠᠰᠢ ᠭᠦᠶᠦᠬᠦ︾ ᠪᠣᠯᠭᠠᠪᠠ᠃ ᠥᠪᠡᠷᠲᠡᠭᠡᠨ ᠭᠤᠶᠤᠴᠢᠯᠠᠨ ᠮᠡᠳᠡᠭᠦᠯᠬᠦ ᠶᠢ ᠬᠡᠷᠡᠭᠵᠢᠭᠦᠯᠬᠦ ᠨᠢ ᠨᠡᠶᠢᠭᠡᠮ ᠤᠨ ᠳᠠᠭᠠᠳᠬᠠᠯ ᠤᠨ ᠭᠤᠶᠤᠴᠢᠯᠠᠨ ᠮᠡᠳᠡᠭᠦᠯᠬᠦ ᠪᠠ ᠰᠦᠢᠳᠬᠡᠯ ᠲᠤᠰᠢᠶᠠᠬᠤ ᠬᠤᠶᠠᠷ ᠵᠦᠢᠯᠡᠰ ᠢ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠲᠤ ᠨᠢᠭᠡᠳ ᠨᠢᠭᠡ ᠪᠠᠷ ᠭᠦᠢᠴᠡᠳᠬᠡᠬᠦ ᠪᠣᠯᠭᠠᠨ ᠨᠢᠭᠡᠳᠦᠯᠲᠡᠢ ᠪᠣᠯᠭᠠᠵᠤ᠂ ᠰᠦᠢᠳᠬᠡᠯ ᠲᠤᠰᠢᠶᠠᠭᠴᠢ ᠶᠢᠨ ᠠᠵᠢᠯ ᠶᠠᠪᠤᠳᠠᠯ ᠡᠷᠬᠢᠯᠡᠬᠦ ᠥᠪᠡᠷ ᠤᠨ ᠦᠷᠳᠡᠭ ᠢ ᠪᠠᠭᠤᠷᠠᠭᠤᠯᠵᠤ᠂ ᠬᠤᠳᠠᠯᠳᠤᠭᠠᠨ ᠤ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠳᠤ ᠠᠰᠢᠭᠲᠠᠢ ᠶᠤᠮ᠃  ᠬᠤᠶᠠᠷ ᠲᠤ᠂ ᠰᠦᠢᠳᠬᠡᠯ ᠲᠤᠰᠢᠶᠠᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ᠥᠪᠡᠷᠲᠡᠭᠡᠨ ᠭᠤᠶᠤᠴᠢᠯᠠᠨ ᠮᠡᠳᠡᠭᠦᠯᠬᠦ ᠶᠠᠪᠤᠴᠠ ᠶᠢᠨ ᠵᠢᠷᠤᠭ ᠲᠥᠯᠥᠪᠯᠡᠭᠡ ᠪᠣᠯ ᠰᠦᠢᠳᠬᠡᠯ ᠲᠤᠰᠢᠶᠠᠭᠴᠢ ᠪᠠᠷ ᠭᠤᠣᠯ ᠪᠣᠯᠭᠠᠵᠤ᠂ ᠬᠥᠮᠦᠨ ᠬᠡᠷᠡᠭᠯᠡᠬᠦ ᠨᠢᠭᠡᠴᠢ ᠬᠠᠤᠯᠢ ᠲᠣᠭᠲᠠᠭᠠᠯ ᠶᠣᠰᠣᠭᠠᠷ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠲᠤ ᠰᠦᠢᠳᠬᠡᠯ ᠲᠤᠰᠢᠶᠠᠬᠤ ᠴᠠᠯᠢᠩ᠂ ᠰᠦᠢᠳᠬᠡᠯ ᠲᠤᠰᠢᠶᠠᠬᠤ ᠰᠠᠭᠤᠷᠢ ᠲᠤᠭ᠎ᠠ ᠪᠠ ᠰᠦᠢᠳᠬᠡᠯ ᠲᠤᠰᠢᠶᠠᠬᠤ ᠶᠣᠰᠣᠲᠠᠶ ᠲᠤᠭ᠎ᠠ ᠵᠡᠷᠭᠡ ᠮᠡᠳᠡᠭᠡ ᠵᠠᠩᠭᠢ ᠪᠠᠨ ᠥᠪᠡᠷᠲᠡᠭᠡᠨ ᠭᠤᠶᠤᠴᠢᠯᠠᠨ ᠮᠡᠳᠡᠭᠦᠯᠬᠦ ᠶᠢᠨ ᠬᠠᠮᠲᠤ ᠴᠠᠭ ᠲᠤᠬᠠᠶ ᠳᠤ ᠨᠢ ᠰᠦᠢᠳᠬᠡᠯ ᠲᠤᠰᠢᠶᠠᠬᠤ ᠶᠢᠨ ᠬᠠᠮᠲᠤ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠬᠠᠤᠯᠢ ᠶᠣᠰᠣᠭᠠᠷ ᠦᠢᠯᠡᠴᠢᠯᠡᠭᠡᠨ ᠤ ᠪᠠᠲᠤᠯᠠᠭ᠎ᠠ ᠬᠠᠩᠭᠠᠵᠤ᠂ ᠬᠥᠮᠦᠨ ᠬᠡᠷᠡᠭᠯᠡᠬᠦ ᠨᠢᠭᠡᠴᠢ ᠳᠤ ᠭᠦᠢᠴᠡᠳ ᠬᠠᠷᠢᠭᠤᠴᠠᠯᠭ᠎ᠠ ᠲᠤᠳᠤᠷᠬᠠᠶᠢᠯᠠᠨ᠎ᠠ᠃ ᠡᠭᠦᠨ ᠤ ᠬᠠᠮᠲᠤ ᠬᠥᠮᠦᠨ ᠬᠡᠷᠡᠭᠯᠡᠬᠦ ᠨᠢᠭᠡᠴᠢ ᠨᠢ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠨᠡᠶᠢᠭᠡᠮ ᠤᠨ ᠳᠠᠭᠠᠳᠬᠠᠯ ᠤᠨ ᠵᠠᠷᠤᠳᠠᠯ ᠢ ᠲᠠᠲᠠᠪᠤᠷᠢᠯᠠᠨ ᠬᠠᠮᠢᠶᠠᠷᠬᠤ ᠮᠡᠳᠡᠭᠡ ᠵᠠᠩᠭᠢ ᠶᠢᠨ ᠰᠢᠰᠲ᠋ᠧᠮ ᠢ ᠠᠰᠢᠭᠯᠠᠨ ᠰᠦᠢᠳᠬᠡᠯ ᠲᠤᠰᠢᠶᠠᠬᠤ ᠴᠠᠯᠢᠩ᠂ ᠰᠦᠢᠳᠬᠡᠯ ᠲᠤᠰᠢᠶᠠᠬᠤ ᠨᠠᠷᠢᠨ ᠲᠣᠳᠣᠷᠬᠠᠶ ᠵᠦᠢᠯ ᠵᠡᠷᠭᠡ ᠮᠡᠳᠡᠭᠡ ᠵᠠᠩᠭᠢ ᠶᠢ ᠢᠯᠡ ᠲᠣᠳᠤᠴᠢᠯᠠᠨ ᠪᠠᠶᠢᠴᠠᠭᠠᠨ ᠯᠠᠪᠯᠠᠵᠤ᠂ ᠨᠤᠲᠠᠯᠠᠵᠤ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠲᠠᠲᠠᠪᠤᠷᠢᠯᠠᠨ ᠲᠤᠰᠢᠶᠠᠬᠤ ᠳᠤ ᠨᠡᠩ ᠢᠯᠡ ᠲᠣᠳᠣ ᠪᠣᠯᠭᠠᠵᠤ᠂ ᠰᠦᠢᠳᠬᠡᠯ ᠲᠤᠰᠢᠶᠠᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠤᠯᠠᠮ ᠨᠢᠭᠡ ᠠᠯᠬᠤᠮ ᠪᠠᠲᠤᠯᠠᠬᠤ ᠪᠣᠯᠤᠨ᠎ᠠ᠃  ᠭᠤᠷᠪᠠ ᠳᠤ᠂ ᠦᠢᠯᠡᠴᠢᠯᠡᠭᠡᠨ ᠤ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠥᠪᠡᠷᠲᠡᠭᠡᠨ ᠭᠤᠶᠤᠴᠢᠯᠠᠨ ᠮᠡᠳᠡᠭᠦᠯᠬᠦ ᠶᠢ ᠬᠡᠷᠡᠭᠵᠢᠭᠦᠯᠬᠦ ᠪᠣᠯ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠲᠠᠲᠠᠪᠤᠷᠢᠯᠠᠨ ᠬᠠᠮᠢᠶᠠᠷᠬᠤ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠲᠠᠲᠠᠪᠤᠷᠢᠯᠠᠨ ᠲᠤᠰᠢᠶᠠᠬᠤ ᠦᠢᠯᠡᠴᠢᠯᠡᠭᠡ ᠶᠢ ᠳᠥᠭᠦᠮᠴᠢᠯᠡᠬᠦ᠂ ᠤᠶᠤᠨᠴᠢᠯᠠᠬᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠦᠢᠳᠬᠡᠯ ᠲᠤᠰᠢᠶᠠᠭᠴᠢ ᠶᠢᠨ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃ ᠡᠭᠦᠨ ᠳᠤ ᠭᠤᠤᠯᠳᠠᠭᠤ ᠭᠤᠷᠪᠠᠨ ᠲᠠᠯ᠎ᠠ ᠪᠠᠷ ᠢᠯᠡᠷᠡᠵᠦ ᠪᠣᠢ᠄ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠳ ᠲᠥᠷᠥ ᠶᠢᠨ ᠪᠣᠳᠣᠯᠭ᠎ᠠ ᠶᠢᠨ ᠬᠠᠪᠰᠤᠷᠤᠨ ᠵᠢᠯᠣᠭᠤᠳᠣᠯᠭ᠎ᠠ᠂ ᠠᠰᠠᠭᠤᠨ ᠯᠠᠪᠯᠠᠬᠤ ᠦᠢᠯᠡᠴᠢᠯᠡᠭᠡ᠂ ᠭᠤᠶᠤᠴᠢᠯᠠᠨ ᠮᠡᠳᠡᠭᠦᠯᠵᠦ ᠰᠦᠢᠳᠭᠡᠯ ᠲᠤᠰᠢᠶᠠᠬᠤ ᠵᠢᠴᠢ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠭᠡᠬᠦ ᠵᠡᠷᠭᠡ ᠦᠢᠯᠡᠴᠢᠯᠡᠭᠡ ᠬᠠᠩᠭᠠᠵᠤ᠂ ︽ᠣᠨᠣᠪᠴᠢᠵᠢᠭᠤᠯᠤᠯᠲᠠ︾ ᠶᠢ ᠬᠠᠪᠰᠤᠷᠤᠨ ᠵᠢᠯᠣᠭᠤᠳᠬᠤ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠬᠦᠰᠦᠨᠦᠭᠳᠦ ᠪᠠᠷ ᠠᠴᠢᠶᠠᠯᠠᠪᠤᠷᠢ ᠪᠤᠯᠭᠠᠠᠠᠰᠠᠨ ᠣᠯᠠᠮᠵᠢᠯᠠᠯᠳᠦ ᠭᠤᠶᠤᠴᠢᠯᠠᠨ ᠮᠡᠳᠡᠬᠦᠯᠬᠦ ᠵᠬᠠᠪᠤᠷ ᠢ ᠠᠯᠬᠤᠮ ᠠᠯᠬᠤᠮ ᠢᠶᠠᠷ ᠬᠤᠪᠢᠷᠡᠭᠤᠯᠵᠦ᠂ ᠮᠡᠳᠡᠭᠡ ᠵᠠᠩᠬᠢ ᠶᠢᠨ ᠰᠢᠰᠲ᠋ᠧᠮ ᠢᠶᠠᠷ ᠳᠡᠮᠵᠢᠭᠤᠯᠥᠨ ᠰᠦᠢᠳᠭᠡᠯ ᠲᠣᠰᠢᠶ᠋ᠬᠠᠴᠢ ᠳᠤ ᠠᠦ᠋ᠲ᠋ᠤ᠋ ᠪᠣᠳᠤᠯᠲᠠ᠂ ᠣᠷᠢᠳᠴᠢᠯᠡᠨ ᠬᠦᠰᠦᠨᠦᠭ ᠲᠠᠭᠯᠠᠬᠤ ᠵᠡᠷᠭᠡ ᠭᠤᠶᠤᠴᠢᠯᠠᠨ ᠮᠡᠳᠡᠬᠦᠯᠬᠦ ᠦᠢᠯᠡᠴᠢᠯᠡᠭᠡ ᠶᠢ ᠬᠠᠩᠭᠠᠵᠦ᠂ ᠰᠦᠢᠳᠭᠡᠯ ᠤᠨ ᠲᠤᠭ᠎ᠠ ᠶᠢ ᠪᠤᠳᠣᠬᠤ ︽ᠣᠶᠤᠨᠴᠢᠯᠠᠯᠲᠠ︾ ᠶᠢ ᠪᠡᠶᠡᠯᠡᠭᠦᠯᠦᠨ᠎ᠡ᠃ ᠰᠦᠢᠳᠬᠡᠯ ᠲᠤᠰᠢᠶᠠᠭᠴᠢ ᠳᠤ ︽ᠰᠦᠯᠵᠢᠶᠡᠨ ᠳᠡᠭᠡᠷ᠎ᠡ᠂ ᠭᠠᠷ ᠤᠲᠠᠰᠤᠨ ᠳᠡᠭᠡᠷ᠎ᠡ᠂ ᠪᠣᠳᠠᠲᠤ ᠴᠣᠭᠴᠠ ᠳᠤ᠂ ᠥᠪᠡᠷᠲᠡᠭᠡᠨ ᠭᠦᠢᠴᠡᠳᠬᠡᠬᠦ︾ ᠵᠡᠷᠭᠡ ᠣᠯᠠᠨ ᠡᠰᠢᠴᠢᠯᠡᠭᠰᠡᠨ ᠭᠤᠶᠤᠴᠢᠯᠠᠨ ᠮᠡᠳᠡᠭᠦᠯᠵᠦ ᠰᠦᠢᠳᠬᠡᠯ ᠲᠤᠰᠢᠶᠠᠬᠤ ᠠᠷᠭ᠎ᠠ ᠵᠠᠮ ᠬᠠᠩᠭᠠᠵᠤ᠂ ᠠᠳᠠᠯᠢ ᠪᠤᠰᠤ ᠬᠥᠮᠦᠰ ᠤᠨ ᠭᠤᠶᠤᠴᠢᠯᠠᠨ ᠮᠡᠳᠡᠭᠦᠯᠵᠦ ᠰᠦᠢᠳᠬᠡᠯ ᠲᠤᠰᠢᠶᠠᠬᠤ ᠬᠡᠷᠡᠭᠴᠡᠭᠡ ᠱᠠᠭᠠᠷᠳᠠᠯᠭ᠎ᠠ ᠶᠢ ᠦᠨᠡᠨ ᠬᠦ ᠬᠠᠩᠭᠠᠵᠤ᠂ ᠠᠵᠢᠯ ᠶᠠᠪᠤᠳᠠᠯ ᠭᠦᠢᠴᠡᠳᠬᠡᠬᠦ ᠠᠷᠭ᠎ᠠ ᠵᠠᠮ ᠤᠨ ︽ᠣᠯᠠᠨ ᠶᠠᠩᠵᠤᠴᠢᠯᠠᠯᠲᠠ︾ ᠶᠢ ᠪᠡᠶᠡᠯᠡᠭᠦᠯᠦᠨ᠎ᠡ᠃  ᠬᠤᠶᠠᠷ᠂ ᠨᠡᠶᠢᠭᠡᠮ ᠤᠨ ᠳᠠᠭᠠᠳᠬᠠᠯ ᠤᠨ ᠰᠦᠢᠳᠭᠡᠯ ᠢ ᠭᠤᠶᠤᠴᠢᠯᠠᠨ ᠮᠡᠳᠡᠭᠦᠯᠵᠦ ᠲᠤᠰᠢᠶᠠᠬᠤ ᠶᠠᠪᠤᠴᠠ ᠶᠢ ᠰᠢᠯᠢᠳᠡᠭᠵᠢᠭᠦᠯᠦᠨ ᠳᠤᠬᠢᠷᠠᠭᠤᠯᠬᠤ ᠶᠢᠨ ᠭᠤᠤᠯ ᠠᠭᠤᠯᠭ᠎ᠠ ᠨᠢ ᠶᠠᠭᠤ ᠪᠣᠶ︖  ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠭᠤᠶᠤᠴᠢᠯᠠᠨ ᠮᠡᠳᠡᠭᠦᠯᠵᠦ ᠲᠤᠰᠢᠶᠠᠬᠤ ᠶᠠᠪᠤᠴᠠ ᠶᠢ ᠰᠢᠯᠢᠳᠡᠭᠵᠢᠭᠦᠯᠦᠨ ᠲᠣᠬᠢᠷᠠᠭᠤᠯᠬᠤ ᠨᠢ ᠭᠤᠤᠯᠳᠠᠭᠤ ᠣᠳᠣᠬᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠷᠢᠳ ᠢᠶᠠᠷ ᠰᠦᠢᠳᠭᠡᠯ ᠲᠤᠰᠢᠶᠠᠬᠤ ᠲᠤᠭ᠎ᠠ ᠶᠢ ᠬᠢᠨᠠᠨ ᠲᠣᠭᠲᠠᠭᠠᠵᠤ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠨᠡᠶᠢᠭᠡᠮ ᠤᠨ ᠳᠠᠭᠠᠳᠬᠠᠯ ᠤᠨ ᠰᠦᠢᠳᠭᠡᠯ ᠢ ᠲᠠᠲᠠᠪᠤᠷᠢᠯᠠᠬᠤ ᠪᠠᠷ ᠭᠤᠶᠤᠴᠢᠯᠠᠨ ᠮᠡᠳᠡᠭᠦᠯᠵᠦ ᠲᠤᠰᠢᠶᠠᠬᠤ ᠶᠠᠪᠤᠴᠠ ᠶᠢ ᠳᠠᠬᠢᠨ ᠬᠦᠷᠭᠡᠨ ᠥᠭᠴᠦ᠂ ᠬᠥᠮᠦᠨ ᠬᠡᠷᠡᠭᠯᠡᠬᠦ ᠨᠢᠭᠡᠴᠢ ᠪᠣᠯᠭᠠᠨ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠲᠤ ᠨᠡᠶᠢᠭᠡᠮ ᠤᠨ ᠳᠠᠭᠠᠳᠬᠠᠯ ᠤᠨ ᠰᠦᠢᠳᠭᠡᠯ ᠢ ᠥᠪᠡᠷᠲᠡᠭᠡᠨ ᠭᠤᠶᠤᠴᠢᠯᠠᠨ ᠮᠡᠳᠡᠭᠦᠯᠵᠦ ᠲᠤᠰᠢᠶᠠᠵᠤ ᠪᠣᠯᠬᠤ ᠪᠠᠷ ᠰᠢᠯᠢᠳᠡᠭᠵᠢᠭᠦᠯᠦᠨ        ᠲᠣᠬᠢᠷᠠᠭᠤᠯᠤᠨ᠎ᠠ᠃  ᠭᠤᠷᠪᠠ᠂ ᠥᠪᠡᠷᠲᠡᠭᠡᠨ ᠭᠤᠶᠤᠴᠢᠯᠠᠨ ᠮᠡᠳᠡᠭᠦᠯᠦᠭᠰᠡᠨ ᠤ ᠳᠠᠷᠠᠭᠠᠬᠢ ᠨᠡᠶᠢᠭᠡᠮ ᠤᠨ ᠳᠠᠭᠠᠳᠬᠠᠯ ᠤᠨ ᠰᠦᠢᠳᠭᠡᠯ ᠢ ᠭᠤᠶᠤᠴᠢᠯᠠᠨ ᠮᠡᠳᠡᠭᠦᠯᠵᠦ ᠲᠤᠰᠢᠶᠠᠬᠤ ᠶᠠᠪᠤᠴᠠ ᠳᠤ ᠶᠠᠮᠠᠷ ᠬᠤᠪᠢᠷᠠᠯᠲᠠ ᠲᠠᠢ ᠪᠣᠶ︖   ᠥᠪᠡᠷᠲᠡᠭᠡᠨ ᠭᠤᠶᠤᠴᠢᠯᠠᠨ ᠮᠡᠳᠡᠭᠦᠯᠬᠦ ᠶᠢ ᠪᠡᠶᠡᠯᠡᠭᠦᠯᠦᠭᠰᠡᠨ ᠤ ᠳᠠᠷᠠᠭ᠎ᠠ᠂ ᠬᠥᠮᠦᠨ ᠬᠡᠷᠡᠭᠯᠡᠬᠦ ᠨᠢᠭᠡᠴᠢ ᠵᠢᠴᠢ ᠠᠵᠢᠯᠲᠠᠨ ᠠᠵᠢᠯᠴᠢᠨ ᠤ ᠳᠠᠭᠠᠳᠬᠠᠯ ᠳᠤ ᠣᠷᠣᠬᠤ ᠳᠡᠩᠰᠡᠯᠡᠯᠲᠡ ︵ᠬᠦᠮᠦᠨ ᠤ ᠨᠡᠮᠡᠭᠳᠡᠯ ᠬᠠᠰᠤᠭᠳᠠᠯ ᠵᠡᠷᠭᠡ︶ ᠵᠡᠷᠭᠡ ᠲᠤᠬᠠᠶᠢᠯᠠᠭᠰᠠᠨ ᠠᠵᠢᠯ ᠢ ᠮᠥᠨ ᠬᠦ ᠣᠲᠣ ᠶᠢᠨ ᠪᠠᠶᠢᠭ᠎ᠠ ᠶᠠᠪᠤᠴᠠ ᠶᠢᠨ ᠶᠣᠰᠣᠭᠠᠷ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠭᠤᠶᠤᠴᠢᠯᠠᠨ ᠭᠦᠢᠴᠡᠳᠬᠡᠨ᠎ᠡ᠃   ᠥᠪᠡᠷᠲᠡᠭᠡᠨ ᠭᠤᠶᠤᠴᠢᠯᠠᠨ ᠮᠡᠳᠡᠭᠦᠯᠬᠦ ᠶᠢ ᠬᠡᠷᠡᠭᠵᠢᠭᠦᠯᠦᠭᠰᠡᠨ ᠤ ᠳᠠᠷᠠᠭ᠎ᠠ᠂ ᠬᠥᠮᠦᠨ ᠬᠡᠷᠡᠭᠯᠡᠬᠦ ᠨᠢᠭᠡᠴᠢ ᠦᠷᠭᠦᠯᠵᠢᠯᠡᠨ ᠣᠳᠣ ᠶᠢᠨ ᠬᠡᠷᠡᠭᠵᠢᠭᠦᠯᠵᠦ ᠪᠠᠶᠢᠭ᠎ᠠ ᠰᠦᠢᠳᠬᠡᠯ ᠲᠤᠰᠢᠶᠠᠬᠤ ᠰᠠᠭᠤᠷᠢ ᠲᠤᠭ᠎ᠠ ᠶᠢ ᠪᠣᠳᠣᠬᠤ ᠠᠷᠭ᠎ᠠ ᠬᠡᠯᠪᠡᠷᠢ ᠪᠠᠷ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠲᠤ ᠰᠦᠢᠳᠬᠡᠯ ᠲᠤᠰᠢᠶᠠᠬᠤ ᠴᠠᠯᠢᠩ ᠪᠣᠯᠤᠨ ᠰᠦᠢᠳᠬᠡᠯ ᠲᠤᠰᠢᠶᠠᠬᠤ ᠰᠠᠭᠤᠷᠢ ᠲᠤᠭ᠎ᠠ ᠶᠢ ᠳᠡᠭᠡᠷ᠎ᠡ ᠳᠣᠤᠷ᠎ᠠ ᠬᠢᠵᠠᠭᠠᠷ ᠤᠨ ᠪᠠᠷᠢᠮᠵᠢᠶ᠎ᠠ ᠪᠠᠷ ᠲᠣᠭᠲᠠᠭᠠᠵᠤ᠂ ᠬᠥᠮᠦᠨ ᠬᠡᠷᠡᠭᠯᠡᠬᠦ ᠨᠢᠭᠡᠴᠢ ᠨᠢ ᠰᠠᠷ᠎ᠠ ᠪᠦᠷᠢ ᠶᠢᠨ 20 ᠤ ᠡᠳᠦᠷ ᠠᠴᠠ ᠡᠮᠦᠨ᠎ᠡ ᠲᠤᠰᠢᠶᠠᠪᠠᠰᠤ ᠵᠣᠬᠢᠬᠤ ᠨᠡᠶᠢᠭᠡᠮ ᠤᠨ ᠳᠠᠭᠠᠳᠬᠠᠯ ᠤᠨ ᠰᠦᠢᠳᠬᠡᠯ ᠤᠨ ᠲᠤᠭ᠎ᠠ ︵ᠭᠤᠶᠤᠴᠢᠯᠠᠨ ᠮᠡᠳᠡᠭᠦᠯᠦᠭᠰᠡᠨ ᠮᠡᠳᠡᠭᠡ ᠵᠠᠩᠭᠢ ᠶᠢ ᠬᠦᠴᠦᠨ ᠦᠭᠡᠶ ᠪᠣᠯᠭᠠᠬᠤ᠂ ᠵᠠᠰᠠᠪᠤᠷᠢ ᠣᠷᠣᠭᠤᠯᠬᠤ᠂ ᠨᠥᠬᠦᠪᠥᠷᠢᠯᠡᠵᠦ ᠪᠣᠯᠤᠨ᠎ᠠ︶ ᠪᠠᠨ ᠭᠤᠶᠤᠴᠢᠯᠠᠨ ᠮᠡᠳᠡᠭᠦᠯᠵᠦ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠬᠠᠩᠭᠠᠭᠰᠠᠨ ᠠᠷᠭ᠎ᠠ ᠵᠠᠮ ᠢᠶᠠᠷ ᠳᠠᠮᠵᠢᠭᠤᠯᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠢᠶᠠᠨ ᠲᠤᠰᠢᠶᠠᠨ᠎ᠠ᠃  ᠳᠥᠷᠪᠡ᠂ ᠶᠠᠮᠠᠷ ᠶᠠᠮᠠᠷ ᠬᠦᠮᠦᠰ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠲᠤ ᠨᠡᠶᠢᠭᠡᠮ ᠤᠨ ᠳᠠᠭᠠᠳᠬᠠᠯ ᠤᠨ ᠰᠦᠢᠳᠬᠡᠯ ᠢᠶᠠᠨ ᠥᠪᠡᠷᠲᠡᠭᠡᠨ ᠭᠤᠶᠤᠴᠢᠯᠠᠨ ᠮᠡᠳᠡᠭᠦᠯᠵᠦ ᠲᠤᠰᠢᠶᠠᠬᠤ ᠴᠢᠬᠤᠯᠠᠲᠠᠢ ᠪᠣᠢ︖  ᠲᠤᠰ ᠤᠳᠠᠭ᠎ᠠ ᠬᠥᠮᠦᠨ ᠬᠡᠷᠡᠭᠯᠡᠬᠦ ᠨᠢᠭᠡᠴᠢ ︵ᠠᠵᠤ ᠠᠬᠤᠶᠢᠯᠠᠯ᠂ ᠪᠠᠶᠢᠭᠤᠯᠭ᠎ᠠ ᠠᠵᠢᠯ ᠦᠢᠯᠡᠰ ᠤᠨ       ᠨᠢᠭᠡᠴᠢ᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠢ᠂ ᠨᠡᠶᠢᠭᠡᠮ ᠤᠨ ᠪᠦᠯᠬᠦᠮ᠂ ᠬᠥᠯᠥᠰᠥᠨ ᠠᠵᠢᠯᠴᠢᠨ ᠲᠠᠢ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠵᠡᠷᠭᠡ ᠶᠢ ᠪᠠᠭᠲᠠᠭᠠᠨ᠎ᠠ︶ ᠵᠢᠴᠢ ᠠᠵᠢᠯᠲᠠᠨ ᠠᠵᠢᠯᠴᠢᠨ ᠤ ᠲᠤᠰᠢᠶᠠᠵᠤ ᠪᠠᠶᠢᠭ᠎ᠠ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠦᠢᠳᠬᠡᠯ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠦᠨᠳᠦᠰᠦᠨ ᠨᠠᠰᠤᠵᠢᠯ ᠤᠨ ᠳᠠᠭᠠᠳᠬᠠᠯ ᠤᠨ ᠰᠦᠢᠳᠬᠡᠯ ︵ᠠᠵᠢᠯ ᠮᠡᠷᠭᠡᠵᠢᠯ ᠤᠨ ᠵᠢᠯ ᠤᠨ ᠮᠥᠩᠭᠦ ᠶᠢ ᠪᠠᠭᠲᠠᠭᠠᠨ᠎ᠠ︶᠂ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠦᠢᠳᠬᠡᠯ ︵ᠦᠷᠡᠵᠢᠯ ᠤᠨ ᠳᠠᠭᠠᠳᠬᠠᠯ ᠤᠨ ᠰᠦᠢᠳᠬᠡᠯ ᠢ ᠪᠠᠭᠲᠠᠭᠠᠨ᠎ᠠ︶᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠦᠢᠳᠬᠡᠯ᠂ ᠠᠵᠢᠯ ᠠᠯᠳᠠᠯᠲᠠ ᠶᠢᠨ ᠳᠠᠭᠠᠳᠬᠠᠯ ᠤᠨ ᠰᠦᠢᠳᠬᠡᠯ᠂ ᠤᠷᠳᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠰᠦᠢᠳᠬᠡᠯ ᠪᠠ ᠠᠵᠢᠯᠲᠠᠨ ᠠᠵᠢᠯᠴᠢᠨ ᠤ ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ ᠤᠨ ᠰᠦᠢᠳᠬᠡᠯ᠂ ᠠᠯᠪᠠᠲᠠᠨ ᠤ ᠡᠮᠴᠢᠯᠡᠭᠡᠨ᠋ ᠤ ᠨᠥᠬᠦᠪᠥᠷᠢ ᠵᠡᠷᠭᠡ ᠡᠯ᠎ᠡ ᠵᠦᠢᠯ ᠤᠨ ᠨᠥᠬᠦᠪᠥᠷᠢ ᠡᠮᠴᠢᠯᠡᠭᠡᠨ ᠤ ᠳᠠᠭᠠᠳᠬᠠᠯ ᠤᠨ ᠰᠦᠢᠳᠬᠡᠯ ᠳᠤ ᠴᠢᠭᠯᠡᠭᠦᠯᠦᠨ᠎ᠡ᠃  ᠠᠮᠢᠳᠤᠯᠢᠭ ᠢᠶᠠᠷ ᠠᠵᠢᠯ ᠣᠯᠤᠭᠰᠠᠳ᠂ ᠬᠤᠲᠠ ᠬᠥᠳᠡᠭᠡ ᠶᠢᠨ ᠰᠠᠭᠤᠭᠠᠯᠢ ᠠᠷᠠᠳ ᠦᠷᠭᠦᠯᠵᠢᠯᠡᠨ ᠣᠲᠣ ᠶᠢᠨ ᠬᠡᠷᠡᠭᠵᠢᠭᠦᠯᠵᠦ ᠪᠠᠶᠢᠭ᠎ᠠ ᠠᠷᠭ᠎ᠠ ᠬᠡᠯᠪᠡᠷᠢ ᠪᠠ ᠠᠷᠭ᠎ᠠ ᠵᠠᠮ ᠤᠨ ᠶᠣᠰᠣᠭᠠᠷ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠭᠤᠶᠤᠴᠢᠯᠠᠨ ᠮᠡᠳᠡᠭᠦᠯᠵᠦ᠂ ᠲᠤᠰᠢᠶᠠᠨ᠎ᠠ᠃  ᠲᠠᠪᠤ᠂ ᠥᠪᠡᠷᠲᠡᠭᠡᠨ ᠭᠤᠶᠤᠴᠢᠯᠠᠨ ᠮᠡᠳᠡᠭᠦᠯᠬᠦ ᠶᠢ ᠬᠡᠷᠡᠭᠵᠢᠭᠦᠯᠦᠭᠰᠡᠨ ᠤ ᠳᠠᠷᠠᠭ᠎ᠠ᠂ ᠭᠤᠶᠤᠴᠢᠯᠠᠨ ᠮᠡᠳᠡᠭᠦᠯᠵᠦ ᠰᠦᠢᠳᠭᠡᠯ ᠲᠤᠰᠢᠶᠠᠬᠤ ᠶᠢᠨ ᠲᠥᠬᠦᠮ ᠳᠦᠲᠡ ᠴᠢᠨᠠᠷ ᠨᠦᠯᠦᠭᠡᠯᠡᠭᠳᠡᠨ᠎ᠡ ᠦᠦ ᠥᠬᠡᠶ ᠤᠤ︖  ᠣᠳᠣᠬᠠᠨ ᠳᠤ᠂ ᠭᠠᠶᠢᠯᠢ ᠶᠢᠨ ᠶᠠᠪᠤᠳᠠᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠡᠮᠴᠢᠯᠡᠭᠡᠨ ᠤ ᠪᠠᠲᠤᠯᠠᠭ᠎ᠠ ᠵᠡᠷᠭᠡ ᠰᠠᠯᠠᠭ᠎ᠠ ᠮᠥᠴᠢᠷ ᠤᠳ ᠰᠠᠯᠠᠭ᠎ᠠ ᠮᠥᠴᠢᠷ ᠤᠨ ᠬᠠᠮᠵᠢᠯᠴᠠᠭᠠᠨ ᠤ ᠪᠠᠶᠢᠩᠭᠤ ᠶᠢᠨ ᠵᠣᠬᠢᠴᠠᠮᠵᠢ ᠶᠢ ᠨᠢᠭᠡᠨᠲᠡ ᠪᠠᠶᠢᠭᠤᠯᠵᠤ᠂ ᠲᠤᠬᠠᠶᠢᠯᠠᠭᠰᠠᠨ ᠠᠵᠢᠯ ᠢ ᠬᠠᠮᠲᠤᠷᠠᠨ ᠭᠦᠢᠴᠡᠳᠭᠡᠬᠦ ᠶᠢ ᠠᠬᠢᠭᠤᠯᠬᠤ᠂ ᠠᠵᠢᠯ ᠶᠠᠪᠤᠳᠠᠯ ᠭᠦᠢᠴᠡᠳᠭᠡᠬᠦ ᠶᠠᠪᠤᠴᠠ ᠶᠢ ᠰᠢᠯᠢᠳᠡᠭᠵᠢᠭᠦᠯᠬᠦ᠂ ᠰᠦᠢᠳᠭᠡᠯ ᠲᠤᠰᠢᠶᠠᠬᠤ ᠦᠢᠯᠡᠴᠢᠯᠡᠭᠡ ᠶᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠶᠡᠭᠡ ᠬᠡᠮᠵᠢᠶᠡᠨ ᠤ ᠠᠵᠢᠯ ᠬᠢᠵᠡᠶ᠃ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠨᠢ ᠬᠥᠮᠦᠨ ᠬᠡᠷᠡᠭᠯᠡᠬᠦ ᠨᠢᠭᠡᠴᠢ ᠳᠤ ᠣᠯᠠᠨ ᠡᠰᠢᠴᠢᠯᠡᠭᠰᠡᠨ ᠭᠤᠶᠤᠴᠢᠯᠠᠨ ᠮᠡᠳᠡᠭᠦᠯᠵᠦ ᠰᠦᠢᠳᠬᠡᠯ ᠲᠤᠰᠢᠶᠠᠬᠤ ᠠᠷᠭ᠎ᠠ ᠵᠠᠮ ᠢ ᠬᠠᠩᠭᠠᠵᠤ᠂ ᠬᠥᠮᠦᠨ ᠬᠡᠷᠡᠭᠯᠡᠬᠦ ᠨᠢᠭᠡᠴᠢ ᠨᠢ ᠭᠠᠶᠢᠯᠢ ᠭᠦᠢᠴᠡᠳᠬᠡᠬᠦ ᠦᠢᠯᠡᠴᠢᠯᠡᠭᠡᠨ ᠤ ᠲᠢᠩᠬᠢᠮ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠭᠠᠶᠢᠯᠢ ᠶᠢᠨ ᠶᠠᠪᠤᠳᠠᠯ ᠤᠨ ᠴᠣᠩᠬᠤᠪᠴᠢ ᠳᠤ ᠥᠪᠡᠷᠲᠡᠭᠡᠨ ᠬᠦᠷᠴᠦ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠭᠤᠶᠤᠴᠢᠯᠠᠨ ᠮᠡᠳᠡᠭᠦᠯᠵᠦ ᠰᠦᠢᠳᠭᠡᠯ ᠲᠤᠰᠢᠶᠠᠬᠤ ᠲᠤᠬᠠᠶᠢᠯᠠᠭᠰᠠᠨ ᠠᠵᠢᠯ ᠢ ᠭᠦᠢᠴᠡᠳᠬᠡᠵᠦ ᠪᠣᠯᠤᠨ᠎ᠠ᠂ ᠪᠠᠰᠠ ︽ᠨᠡᠶᠢᠭᠡᠮ ᠤᠨ ᠳᠠᠭᠠᠳᠬᠠᠯ ᠤᠨ ᠰᠦᠢᠳᠬᠡᠯ ᠤᠨ ᠬᠠᠮᠢᠶᠠᠷᠤᠯᠲᠠ ᠶᠢᠨ ᠬᠡᠷᠡᠭᠯᠡᠭᠴᠢ ᠶᠢᠨ ᠲᠠᠯ᠎ᠠ︾᠂ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠶᠢᠨ ︽ᠨᠢᠭᠡᠴᠢ ᠶᠢᠨ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ ᠲᠤᠰᠬᠠᠶ ᠲᠤᠭᠤᠷᠢᠭ︾ ᠢ ᠬᠡᠷᠡᠭᠯᠡᠵᠦ᠂ ᠰᠦᠯᠵᠢᠶᠡᠨ ᠳᠡᠭᠡᠷ᠎ᠡ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠭᠤᠶᠤᠴᠢᠯᠠᠨ ᠮᠡᠳᠡᠭᠦᠯᠵᠦ ᠰᠦᠢᠳᠭᠡᠯ ᠲᠤᠰᠢᠶᠠᠬᠤ ᠲᠤᠬᠠᠶᠢᠯᠠᠭᠰᠠᠨ ᠠᠵᠢᠯ ᠢ ᠭᠦᠢᠴᠡᠳᠬᠡᠵᠦ ᠪᠣᠯᠤᠨ᠎ᠠ᠃ ᠶᠡᠷᠦᠩᠬᠡᠶ ᠳᠤ ᠨᠢ ᠠᠪᠴᠤ ᠬᠡᠯᠡᠪᠡᠯ᠂ ᠥᠪᠡᠷᠲᠡᠭᠡᠨ ᠭᠤᠶᠤᠴᠢᠯᠠᠨ ᠮᠡᠳᠡᠭᠦᠯᠬᠦ ᠶᠢ ᠬᠡᠷᠡᠭᠵᠢᠭᠦᠯᠦᠭᠰᠡᠨ ᠤ ᠳᠠᠷᠠᠭ᠎ᠠ᠂ ᠭᠤᠶᠤᠴᠢᠯᠠᠨ ᠮᠡᠳᠡᠭᠦᠯᠵᠦ ᠰᠦᠢᠳᠭᠡᠯ ᠲᠤᠰᠢᠶᠠᠬᠤ ᠶᠢᠨ ᠳᠥᠭᠦᠮ ᠲᠦᠳᠡ ᠴᠢᠨᠠᠷ ᠨᠦᠯᠦᠭᠡᠯᠡᠭᠳᠡᠬᠦ ᠥᠬᠡᠶ ᠪᠠᠶᠢᠬᠤ ᠶᠢᠨ ᠬᠠᠮᠲᠤ᠂ ᠭᠤᠭᠴᠤᠭ᠎ᠠ ᠶᠢ ᠴᠥᠬᠡᠳᠭᠡᠵᠦ᠂ ᠠᠷᠭ᠎ᠠ ᠵᠠᠮ ᠢ ᠨᠡᠮᠡᠭᠳᠡᠭᠦᠯᠬᠦ ᠠᠴᠠ ᠪᠣᠯᠵᠣ᠂ ᠬᠥᠮᠦᠨ ᠬᠡᠷᠡᠭᠯᠡᠬᠦ ᠨᠢᠭᠡᠴᠢ ᠶᠢᠨ ᠭᠤᠶᠤᠴᠢᠯᠠᠨ ᠮᠡᠳᠡᠭᠦᠯᠵᠦ ᠰᠦᠢᠳᠭᠡᠯ ᠲᠤᠰᠢᠶᠠᠬᠤ ᠲᠤᠬᠠᠶᠢᠯᠠᠭᠰᠠᠨ ᠠᠵᠢᠯ ᠢ ᠨᠠᠩ ᠳᠥᠭᠦᠮ ᠳᠥᠲᠡ ᠪᠥᠭᠡᠳ ᠥᠨᠳᠥᠷ ᠪᠦᠲᠦᠮᠵᠢᠲᠡᠶ ᠪᠠᠷ ᠭᠦᠢᠴᠡᠳᠭᠡᠨ᠎ᠡ᠃  ᠵᠢᠷᠭᠤᠭ᠎ᠠ᠂ ᠥᠪᠡᠷᠲᠡᠭᠡᠨ ᠭᠤᠶᠤᠴᠢᠯᠠᠨ ᠮᠡᠳᠡᠭᠦᠯᠬᠦ ᠶᠢ ᠬᠡᠷᠡᠭᠵᠢᠭᠦᠯᠬᠦ ᠨᠢ ᠬᠥᠮᠦᠨ ᠬᠡᠷᠡᠭᠯᠡᠬᠦ ᠨᠢᠭᠡᠴᠢ ᠶᠢᠨ ᠰᠦᠢᠳᠬᠡᠯ ᠲᠤᠰᠢᠶᠠᠬᠤ ᠳᠠᠷᠤᠭᠠᠰᠤ ᠶᠢ ᠬᠦᠨᠳᠦᠷᠡᠭᠦᠯᠵᠦ ᠮᠡᠳᠡᠨ᠎ᠡ ᠦᠦ︖  ᠲᠣᠰ ᠤᠳᠠᠭ᠎ᠠ ᠨᠡᠶᠢᠭᠡᠮ ᠤᠨ ᠳᠠᠭᠠᠳᠬᠠᠯ ᠤᠨ ᠰᠦᠢᠳᠭᠡᠯ ᠢ ᠭᠤᠶᠤᠴᠢᠯᠠᠨ ᠮᠡᠳᠡᠭᠦᠯᠵᠦ ᠲᠤᠰᠢᠶᠠᠬᠤ ᠶᠠᠪᠤᠴᠠ ᠶᠢ ᠰᠢᠯᠢᠳᠡᠭᠵᠢᠭᠦᠯᠦᠨ ᠲᠣᠬᠢᠷᠠᠭᠤᠯᠬᠤ ᠶᠢᠨ ᠵᠣᠷᠢᠯᠭ᠎ᠠ ᠨᠢ ᠬᠥᠮᠦᠨ ᠬᠡᠷᠡᠭᠯᠡᠬᠦ ᠨᠢᠭᠡᠴᠢ ᠶᠢᠨ ᠲᠥᠬᠦᠮ ᠲᠥᠳᠡ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠣᠲᠣ ᠶᠢᠨ ᠬᠡᠷᠡᠭᠵᠢᠭᠦᠯᠵᠦ ᠪᠠᠶᠢᠭ᠎ᠠ ᠰᠦᠢᠳᠬᠡᠯ ᠲᠤᠰᠢᠶᠠᠬᠤ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠳᠤ ᠬᠤᠯᠪᠣᠭᠳᠠᠬᠤ ᠥᠬᠡᠶ᠂ ᠬᠥᠮᠦᠨ ᠬᠡᠷᠡᠭᠯᠡᠬᠦ ᠨᠢᠭᠡᠴᠢ ᠵᠢᠴᠢ ᠲᠡᠭᠦᠨ ᠤ ᠠᠵᠢᠯᠲᠠᠨ ᠠᠵᠢᠯᠴᠢᠨ ᠤ ᠰᠦᠢᠳᠬᠡᠯ ᠲᠤᠰᠢᠶᠠᠬᠤ ᠰᠠᠭᠤᠷᠢ ᠲᠤᠭ᠎ᠠ᠂ ᠰᠦᠢᠳᠬᠡᠯ ᠲᠤᠰᠢᠶᠠᠬᠤ ᠶᠣᠰᠣᠲᠠᠶ ᠲᠤᠭ᠎ᠠ ᠶᠢ ᠮᠥᠨ ᠬᠦ ᠣᠲᠣ ᠶᠢᠨ ᠬᠡᠷᠡᠭᠵᠢᠭᠦᠯᠵᠦ ᠪᠠᠶᠢᠭ᠎ᠠ ᠠᠷᠭ᠎ᠠ ᠬᠡᠯᠪᠡᠷᠢ ᠪᠠᠷ ᠲᠣᠭᠲᠠᠭᠠᠵᠤ ᠪᠣᠯᠤᠨ᠎ᠠ᠃ ᠡᠭᠦᠨ ᠤ ᠬᠠᠮᠲᠤ᠂ 2024 ᠣᠨ ᠤ 4 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠮᠦᠨ᠎ᠡ ᠬᠥᠮᠦᠨ ᠬᠡᠷᠡᠭᠯᠡᠬᠦ ᠨᠢᠭᠡᠴᠢ ᠨᠢᠭᠡᠨᠲᠡ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠠᠵᠢᠯᠲᠠᠨ ᠠᠵᠢᠯᠴᠢᠨ ᠤ ᠰᠦᠢᠳᠬᠡᠯ ᠲᠤᠰᠢᠶᠠᠬᠤ ᠴᠠᠯᠢᠩ ᠢ ᠮᠡᠳᠡᠭᠦᠯᠬᠦ ᠶᠢᠨ ᠬᠠᠮᠲᠤ ᠬᠢᠨᠠᠨ ᠲᠣᠭᠲᠠᠭᠠᠭᠰᠠᠨ ᠲᠤᠬᠠᠶ ᠶᠢᠨ ᠵᠢᠯ ᠤᠨ ᠰᠦᠢᠳᠬᠡᠯ ᠲᠤᠰᠢᠶᠠᠬᠤ ᠰᠠᠭᠤᠷᠢ ᠲᠤᠭ᠎ᠠ ᠶᠢ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠠᠴᠠ ᠦᠷᠭᠦᠯᠵᠢᠯᠡᠨ ᠬᠡᠷᠡᠭᠵᠢᠭᠦᠯᠵᠦ᠂ ᠣᠨᠴᠠᠭᠠᠶ ᠪᠠᠶᠢᠳᠠᠯ ᠥᠬᠡᠶ ᠪᠣᠯ ᠳᠠᠬᠢᠵᠤ ᠲᠣᠬᠢᠷᠠᠭᠤᠯᠤᠯᠲᠠ ᠬᠢᠬᠦ ᠥᠬᠡᠶ᠃ ᠡᠶᠢᠮᠦ ᠠᠴᠠ ᠲᠣᠰ ᠤᠳᠠᠭᠠᠨ ᠤ ᠰᠢᠯᠢᠳᠡᠭᠵᠢᠭᠦᠯᠦᠯᠲᠡ ᠨᠢ ᠬᠥᠮᠦᠨ ᠬᠡᠷᠡᠭᠯᠡᠬᠦ ᠨᠢᠭᠡᠴᠢ ᠶᠢᠨ ᠰᠦᠢᠳᠬᠡᠯ ᠲᠤᠰᠢᠶᠠᠬᠤ ᠳᠠᠷᠤᠭᠠᠰᠤ ᠶᠢ ᠬᠥᠨᠳᠦᠷᠡᠭᠦᠯᠬᠦ ᠥᠬᠡᠶ᠃  ᠳᠣᠯᠤᠭ᠎ᠠ᠂ ᠥᠪᠡᠷᠲᠡᠭᠡᠨ ᠭᠤᠶᠤᠴᠢᠯᠠᠨ ᠮᠡᠳᠡᠭᠦᠯᠬᠦ ᠶᠢ ᠬᠡᠷᠡᠭᠵᠢᠬᠦᠯᠬᠦ ᠨᠢ ᠬᠥᠮᠦᠨ ᠬᠡᠷᠡᠭᠯᠡᠬᠦ ᠨᠢᠭᠡᠴᠢ ᠵᠢᠴᠢ ᠠᠵᠢᠯᠲᠠᠨ ᠠᠵᠢᠯᠴᠢᠨ ᠤ ᠡᠷᠬᠡ ᠠᠰᠢᠭ ᠤᠨ ᠲᠡᠮᠳᠡᠭᠯᠡᠯ ᠪᠠ ᠬᠠᠷᠠᠭᠠᠯᠵᠠᠯ ᠭᠥᠷᠳᠡᠬᠦ ᠶᠢ ᠨᠦᠯᠦᠭᠡᠯᠡᠨ᠎ᠡ ᠤᠤ︖  ᠭᠠᠶᠢᠯᠢ ᠶᠢᠨ ᠶᠠᠪᠤᠳᠠᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠡᠮᠴᠢᠯᠡᠭᠡᠨ ᠤ ᠪᠠᠲᠤᠯᠠᠭ᠎ᠠ ᠵᠡᠷᠭᠡ ᠰᠠᠯᠠᠭ᠎ᠠ ᠮᠥᠴᠢᠷ ᠤᠳ ᠪᠠᠶᠢᠩᠭᠤᠵᠢᠭᠰᠠᠨ᠂ ᠳᠦᠷᠢᠮᠵᠢᠭᠰᠡᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠵᠣᠬᠢᠴᠠᠮᠵᠢ ᠶᠢ ᠪᠠᠶᠢᠭᠤᠯᠵᠤ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠠᠪᠴᠠᠩ ᠢᠶᠠᠷ ᠳᠠᠮᠵᠢᠭᠤᠯᠤᠨ ᠳᠠᠭᠠᠳᠬᠠᠯ ᠳᠤ ᠣᠷᠣᠯᠴᠠᠬᠤ᠂ ᠰᠦᠢᠳᠬᠡᠯ ᠲᠤᠰᠢᠶᠠᠬᠤ ᠵᠡᠷᠭᠡ ᠮᠡᠳᠡᠭᠡ ᠵᠠᠩᠭᠢ ᠶᠢ ᠴᠠᠭ ᠲᠤᠬᠠᠶ ᠳᠤ  ᠨᠢ ᠣᠨᠣᠪᠴᠢᠲᠠᠶ ᠳᠠᠮᠵᠢᠭᠤᠯᠬᠤ᠂ ᠲᠤᠭ᠎ᠠ ᠪᠠᠷᠢᠮᠲᠠ ᠶᠢᠨ ᠴᠠᠭ ᠬᠤᠭᠤᠴᠠᠭᠠᠲᠤ ᠴᠢᠨᠠᠷ ᠪᠠ ᠠᠮᠤᠷ ᠲᠦᠪᠰᠢᠨ ᠤ ᠴᠢᠨᠠᠷ ᠨᠢ ᠭᠦᠢᠴᠡᠳ ᠪᠠᠲᠤᠯᠠᠭ᠎ᠠ ᠲᠠᠢ᠂ ᠬᠥᠮᠦᠨ ᠬᠡᠷᠡᠭᠯᠡᠬᠦ ᠨᠢᠭᠡᠴᠢ ᠵᠢᠴᠢ ᠠᠵᠢᠯᠲᠠᠨ ᠠᠵᠢᠯᠴᠢᠨ ᠤ ᠡᠷᠬᠡ ᠠᠰᠢᠭ ᠢ ᠲᠡᠮᠳᠡᠭᠯᠡᠬᠦ ᠪᠠ ᠬᠠᠷᠠᠭᠠᠯᠵᠠᠯ ᠭᠥᠷᠳᠡᠬᠦ ᠵᠡᠷᠭᠡ ᠬᠠᠤᠯᠢ ᠶᠣᠰᠣᠨ ᠤ ᠡᠷᠬᠡ ᠠᠰᠢᠭ ᠢ ᠨᠥᠯᠥᠭᠡᠯᠡᠬᠦ ᠥᠬᠡᠶ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号