ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠬᠠᠷᠢᠶ᠎ᠠ ᠣᠨᠳᠣᠤ ᠭᠠᠵᠠᠷ ᠡᠮᠨᠡᠭᠦᠯᠬᠦ ᠶᠢᠨ ᠳ᠋ᠦᠩᠨᠡᠨ ᠪᠤᠳᠤᠬᠤ ᠲᠥᠪ ᠤᠨ ᠥᠷᠢᠰᠦᠯᠳᠦᠭᠡᠨ ᠤ ᠴᠢᠨᠠᠷᠲᠠᠶ ᠠᠵᠢᠯᠲᠠᠨ ᠢ ᠠᠳᠠᠯᠢᠳᠬᠠᠨ ᠰᠣᠩᠭᠤᠬᠤ ᠬᠢᠷᠢ ᠬᠡᠮ ᠤᠨ ᠳᠠᠬᠢᠨ ᠬᠢᠨᠠᠯᠲᠠ ᠪᠠ ᠨᠢᠭᠤᠷᠲᠠᠨ ᠰᠢᠯᠭᠠᠯᠲᠠ ᠵᠡᠷᠭᠡ ᠬᠠᠮᠢᠶ᠎ᠠ ᠪᠥᠬᠦᠶ ᠶᠠᠪᠤᠳᠠᠯ ᠤᠨ ᠵᠠᠷᠯᠠᠯ
ᠨᠡᠶᠢᠲᠡᠯᠡᠭᠰᠡᠨ ᠴᠠᠭ᠄
2024/3/26
ᠡᠯ᠎ᠡ ᠰᠢᠯᠭᠠᠭᠤᠯᠤᠭᠴᠢ ᠳᠤ᠄  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠬᠠᠷᠢᠶ᠎ᠠ ᠣᠨᠳᠣᠤ ᠭᠠᠵᠠᠷ ᠡᠮᠨᠡᠭᠦᠯᠬᠦ ᠶᠢᠨ ᠳ᠋ᠦᠩᠨᠡᠨ ᠪᠤᠳᠤᠬᠤ ᠲᠥᠪ ᠤᠨ ᠥᠷᠢᠰᠦᠯᠳᠦᠭᠡᠨ ᠤ ᠴᠢᠨᠠᠷᠲᠠᠶ ᠠᠵᠢᠯᠲᠠᠨ ᠢ ᠠᠳᠠᠯᠢᠳᠬᠠᠨ ᠰᠣᠩᠭᠤᠬᠤ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠶᠢ ᠨᠢᠭᠡᠨᠲᠡ ᠨᠡᠶᠢᠲᠡᠯᠡᠵᠦ᠂ ᠰᠢᠯᠭᠠᠭᠤᠯᠤᠭᠴᠢ ᠥᠪᠡᠷᠲᠡᠭᠡᠨ ᠨᠡᠷ᠎ᠡ ᠮᠡᠳᠡᠭᠦᠯᠬᠦ ᠰᠦᠯᠵᠢᠶ᠎ᠡ ︵www.nmrcks.net ︶ ᠳᠤ ᠨᠡᠪᠲᠡᠷᠡᠵᠦ ᠬᠢᠷᠢ ᠪᠦᠲᠦᠮᠵᠢ ᠪᠠᠨ ᠪᠠᠶᠢᠴᠠᠭᠠᠨ ᠯᠠᠪᠯᠠᠭᠠᠷᠠᠢ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠨᠳᠣᠤ ᠭᠠᠵᠠᠷ ᠡᠮᠨᠡᠭᠦᠯᠬᠦ ᠶᠢᠨ ᠳ᠋ᠦᠩᠨᠡᠨ ᠪᠤᠳᠤᠬᠤ ᠲᠥᠪ ᠤᠨ ᠥᠷᠢᠰᠥᠯᠳᠦᠭᠡᠨ ᠤ ᠴᠢᠨᠠᠷᠲᠠᠶ ᠠᠵᠢᠯᠲᠠᠨ ᠢ ᠠᠳᠠᠯᠢᠳᠬᠠᠨ ᠰᠣᠩᠭᠤᠬᠤ ᠵᠠᠷᠯᠠᠯ︾ ᠤᠨ ᠬᠠᠮᠢᠶ᠎ᠠ ᠪᠥᠬᠦᠶ ᠲᠣᠭᠲᠠᠭᠠᠯ ᠢ ᠦᠨᠳᠦᠰᠦᠯᠡᠨ᠂ ᠡᠳᠦᠭᠡ ᠪᠢᠷ ᠤᠨ ᠰᠢᠯᠭᠠᠯᠲᠠ ᠶᠢᠨ ᠬᠠᠮᠤᠭ ᠤᠨ ᠳᠣᠤᠷ᠎ᠠ ᠬᠢᠷᠢ ᠲᠡᠩᠴᠡᠯᠲᠡ ᠶᠢᠨ ᠱᠤᠭᠤᠮ᠂ ᠬᠢᠷᠢ ᠬᠡᠮ ᠤᠨ ᠳᠠᠬᠢᠨ ᠬᠢᠨᠠᠯᠲᠠ ᠪᠠ ᠨᠢᠭᠤᠷᠲᠠᠨ ᠰᠢᠯᠭᠠᠯᠲᠠ ᠶᠢᠨ ᠬᠤᠯᠪᠤᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠃  ᠨᠢᠭᠡ᠂ ᠪᠢᠷ ᠤᠨ ᠰᠢᠯᠭᠠᠯᠲᠠ ᠶᠢᠨ ᠬᠠᠮᠤᠭ ᠤᠨ ᠳᠣᠣᠷ᠎ᠠ ᠬᠢᠷᠢ ᠲᠡᠩᠴᠡᠯᠲᠡ ᠶᠢᠨ ᠱᠤᠭᠤᠮ  ᠲᠤᠰ ᠤᠳᠠᠭᠠᠨ ᠤ ᠪᠢᠷ ᠤᠨ ᠰᠢᠯᠭᠠᠯᠲᠠ ᠶᠢᠨ ᠬᠠᠮᠤᠭ ᠤᠨ ᠳᠣᠣᠷ᠎ᠠ ᠬᠢᠷᠢ  ᠲᠡᠩᠴᠡᠯᠲᠡ ᠶᠢᠨ ᠱᠤᠭᠤᠮ 60 ᠬᠤᠪᠢ ᠪᠣᠯᠣᠨ᠎ᠠ᠃  ᠬᠤᠶᠠᠷ᠂ ᠬᠢᠷᠢ ᠬᠡᠮ ᠤᠨ ᠳᠠᠬᠢᠨ ᠬᠢᠨᠠᠯᠲᠠ  ︵ᠨᠢᠭᠡ︶ ᠬᠡᠪᠴᠢᠶ᠎ᠡ  ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠨᠢ ᠬᠠᠮᠤᠭ ᠤᠨ ᠳᠣᠣᠷ᠎ᠠ ᠬᠢᠷᠢ  ᠲᠡᠩᠴᠡᠯᠲᠡ ᠶᠢᠨ ᠱᠤᠭᠤᠮ ᠳᠤ ᠬᠦᠷᠦᠭᠰᠡᠨ ᠰᠢᠯᠭᠠᠭᠤᠯᠤᠭᠴᠢ ᠶᠢᠨ ᠠᠵᠢᠯ ᠤᠨ ᠪᠠᠶᠢᠷᠢ ᠨᠢᠭᠡᠪᠦᠷᠢ ᠶᠢᠨ ᠨᠡᠷ᠎ᠡ ᠮᠡᠳᠡᠭᠦᠯᠦᠭᠴᠢ ᠶᠢᠨ ᠰᠢᠯᠭᠠᠯᠲᠠ ᠶᠢᠨ ᠬᠢᠷᠢ ᠪᠦᠲᠦᠮᠵᠢ ᠶᠢ ᠳᠡᠭᠡᠷ᠎ᠡ ᠳᠤᠷᠠᠳᠤᠭᠰᠠᠨ ᠥᠨᠳᠥᠷ ᠠᠴᠠ ᠳᠣᠣᠷ᠎ᠠ ᠳᠠᠷᠠᠭᠠᠯᠠᠯ ᠪᠠ ᠲᠣᠰ ᠠᠵᠢᠯ ᠤᠨ ᠪᠠᠶᠢᠷᠢ ᠶᠢᠨ ᠪᠣᠳᠠᠲᠠᠶ ᠬᠠᠷᠢᠴᠠᠯ ᠢᠶᠠᠷ ᠰᠣᠩᠭᠤᠬᠤ ᠲᠥᠯᠥᠪᠯᠡᠭᠡ ᠶᠢᠨ ᠲᠤᠭ᠎ᠠ ᠶᠢ 3᠄ 1 ᠶᠢᠨ ᠬᠠᠷᠢᠴᠠᠯ ᠢᠶᠠᠷ ᠬᠢᠷᠢ ᠲᠡᠩᠴᠡᠭᠰᠡᠳ ᠢ ᠲᠣᠭᠲᠠᠭᠠᠨ᠎ᠠ᠃ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠶᠢ ᠵᠢᠭᠰᠠᠭᠠᠭᠠᠳ 3᠄ 1 ᠠᠴᠠ ᠬᠡᠲᠦᠷᠡᠭᠰᠡᠨ ᠢ ᠴᠥᠮ ᠬᠢᠷᠢ ᠭᠡᠮ ᠤᠨ ᠳᠠᠬᠢᠨ ᠬᠢᠨᠠᠯᠲᠠ ᠶᠢᠨ ᠬᠡᠪᠴᠢᠶᠡᠨ ᠳᠤ ᠣᠷᠤᠭᠤᠯᠵᠤ᠂ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠶᠢᠨ ᠬᠠᠮᠤᠭ ᠤᠨ ᠳᠣᠤᠷ᠎ᠠ ᠬᠢᠷᠢ ᠲᠡᠩᠴᠡᠯᠲᠡ ᠶᠢᠨ ᠱᠤᠭᠤᠮ ᠠᠴᠠ ᠳᠠᠪᠠᠭᠰᠠᠨ ᠬᠦᠮᠦᠨ ᠤ ᠲᠤᠭ᠎ᠠ ᠨᠢ 3᠄ 1 ᠳᠤ ᠬᠦᠷᠬᠦ ᠦᠭᠡᠢ ᠪᠣᠯ᠂ ᠪᠣᠲᠠᠲᠠᠢ ᠪᠠᠶᠢᠬᠤ ᠬᠦᠮᠦᠨ ᠤ ᠲᠤᠭ᠎ᠠ ᠪᠠᠷ ᠳᠠᠬᠢᠨ ᠬᠢᠨᠠᠯᠲᠠ ᠶᠢᠨ ᠬᠦᠷᠢᠶ᠎ᠡ ᠬᠡᠪᠴᠢᠶ᠎ᠡ ᠶᠢ ᠲᠣᠭᠲᠠᠭᠠᠨ᠎ᠠ᠃ ᠬᠢᠷᠢ ᠬᠡᠮ ᠤᠨ ᠳᠠᠬᠢᠨ ᠬᠢᠨᠠᠯᠲᠠ ᠵᠢᠴᠢ ᠳᠠᠷᠠᠭᠠᠯᠠᠨ ᠨᠥᠬᠦᠪᠦᠷᠢᠯᠡᠭᠰᠡᠨ ᠤ ᠳᠠᠷᠠᠭ᠎ᠠ 3᠄ 1 ᠳᠤ ᠬᠦᠷᠬᠦ ᠦᠭᠡᠢ ᠪᠣᠯ᠂ ᠪᠣᠳᠠᠲᠠᠢ ᠬᠥᠮᠥᠨ ᠤ ᠲᠤᠭ᠎ᠠ ᠪᠠᠷ ᠨᠢᠭᠤᠷᠲᠠᠨ ᠰᠢᠯᠭᠠᠯᠲᠠ ᠶᠢᠨ ᠬᠡᠪᠴᠢᠶᠡᠨ ᠳᠤ ᠣᠷᠣᠬᠤ ᠬᠥᠮᠥᠰ ᠢ ᠲᠣᠭᠲᠠᠭᠠᠨ᠎ᠠ᠃  ︵ᠬᠤᠶᠠᠷ︶ ᠴᠠᠭ  2024 ᠣᠨ ᠤ 4 ᠳ᠋ᠦ᠋ᠭᠡᠷ ᠰᠠᠷ᠎ᠠ ᠶᠢᠨ 1 ᠤ ᠡᠳᠦᠷ ᠤᠨ ᠦᠳᠡ ᠶᠢᠨ ᠡᠮᠦᠨ᠎ᠡ 9᠄ 00 — 11᠄ 00 ᠪᠣᠯᠲᠠᠯ᠎ᠠ᠃  ︵ᠭᠤᠷᠪᠠ︶ ᠭᠠᠵᠠᠷ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ 609 ᠥᠷᠥᠭᠡ ︵ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠰᠢᠨᠬᠤᠸᠠ ᠶᠡᠭᠡ ᠵᠡᠭᠡᠯᠢ ᠶᠢᠨ 53 ᠨᠣᠮᠧᠷᠲᠤ 6 ᠳ᠋ᠤᠭᠠᠷ ᠳᠠᠪᠬᠤᠷᠯᠢᠭ︶᠃  ︵ᠲᠦᠷᠪᠡ︶ ᠬᠡᠷᠡᠭᠯᠡᠬᠦ ᠮᠠᠲ᠋ᠧᠷᠢᠶᠠᠯ  1. ︽ᠠᠳᠠᠯᠢᠳᠬᠠᠨ ᠰᠣᠩᠭᠤᠭᠰᠠᠨ ᠨᠡᠷ᠎ᠡ ᠮᠡᠳᠡᠭᠦᠯᠬᠦ ᠬᠦᠰᠦᠨᠦᠭᠲᠦ︾ ᠶᠢᠨ ᠤᠭ ᠮᠠᠲ᠋ᠧᠷᠢᠶᠠᠯ  2. ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ ᠪᠣᠯᠤᠨ ᠬᠠᠭᠤᠯᠪᠤᠷᠢ  3.ᠰᠤᠷᠤᠯᠭ᠎ᠠ ᠶᠢᠨ ᠨᠠᠮᠲᠠᠷ ᠡᠷᠳᠡᠮ ᠤᠨ ᠴᠣᠯᠠ ᠶᠢᠨ ᠦᠨᠡᠮᠯᠡᠯ ᠤᠨ ᠤᠭ ᠮᠠᠲ᠋ᠧᠷᠢᠶᠠᠯ ᠪᠠ ᠬᠠᠭᠤᠯᠪᠤᠷᠢ᠂ ᠰᠤᠷᠭᠠᠨ ᠬᠥᠮᠥᠵᠢᠯ ᠤᠨ ᠶᠠᠮᠤᠨ ᠤ ︽ᠰᠤᠷᠤᠯᠭ᠎ᠠ ᠶᠢᠨ ᠨᠠᠮᠲᠠᠷ ᠤᠨ ᠦᠨᠡᠮᠯᠡᠯ ᠤᠨ ᠳᠠᠩᠰᠠᠯᠠᠭᠤᠯᠤᠭᠰᠠᠨ ᠡᠯᠧᠺᠲᠷᠣᠨ ᠬᠦᠰᠦᠨᠦᠭᠲᠦ︾ ᠪᠤᠶᠤ ︽ᠳᠤᠮᠳᠠᠳᠤ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ ᠰᠤᠷᠤᠯᠭ᠎ᠠ ᠶᠢᠨ ᠨᠠᠮᠲᠠᠷ ᠤᠨ ᠭᠡᠷᠡᠴᠢᠯᠡᠭᠡ ᠶᠢᠨ ᠮᠡᠳᠡᠭᠦᠯᠦᠯᠲᠡ︾ ︵ᠳᠤᠮᠳᠠᠳᠤ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ ᠰᠤᠷᠤᠭᠴᠢ ᠶᠢᠨ ᠮᠡᠳᠡᠭᠡ ᠵᠠᠩᠭᠢ ᠶᠢᠨ ᠰᠦᠯᠵᠢᠶ᠎ᠡ http://www.chsi.com.cn  ᠠᠴᠠ ᠪᠠᠭᠤᠯᠭᠠᠵᠤ ᠳᠠᠷᠤᠮᠠᠯᠯᠠᠨ᠎ᠠ ︶ ᠃  4.︽ᠠᠯᠪᠠᠲᠠᠨ ᠡᠯᠰᠡᠨ ᠬᠡᠷᠡᠭᠯᠡᠬᠦ ᠶᠢ ᠬᠢᠨᠠᠨ ᠵᠥᠪᠰᠢᠶᠡᠷᠡᠬᠦ ᠬᠦᠰᠦᠨᠦᠭᠲᠦ︾ ︵︽ᠠᠯᠪᠠᠨ ᠳᠤ ᠣᠷᠣᠯᠴᠠᠭᠰᠠᠳ ᠢ ᠡᠯᠰᠡᠨ ᠬᠡᠷᠡᠭᠯᠡᠬᠦ ᠶᠢ ᠬᠢᠨᠠᠨ ᠵᠥᠪᠰᠢᠶᠡᠷᠡᠬᠦ ᠬᠦᠰᠦᠨᠦᠭᠲᠦ︾︶ ᠪᠣᠶᠤ ︽ᠢᠯᠡ ᠪᠠᠷ ᠠᠵᠢᠯᠲᠠᠨ ᠡᠯᠰᠡᠬᠦ ᠳᠠᠩᠰᠠᠯᠠᠯ ᠤᠨ ᠬᠦᠰᠦᠨᠦᠭᠲᠦ︾ ᠵᠡᠷᠭᠡ ᠠᠯᠪᠠᠲᠠᠨ ︵ᠠᠯᠪᠠᠨ ᠳᠤ ᠣᠷᠣᠯᠴᠠᠭᠰᠠᠳ︶ ᠤ ᠡᠩᠨᠡᠭᠡ ᠪᠤᠶᠤ ᠠᠵᠢᠯ ᠦᠢᠯᠡᠰ ᠤᠨ ᠨᠢᠭᠡᠴᠢ ᠶᠢᠨ ᠬᠠᠮᠢᠶ᠎ᠠ ᠪᠦᠬᠦᠢ ᠮᠠᠲ᠋ᠧᠷᠢᠶᠠᠯ ᠤᠨ ᠬᠠᠭᠤᠯᠪᠤᠷᠢ ᠂ ︽ᠠᠯᠪᠠᠲᠠᠨ ᠤ ᠪᠦᠷᠢᠳᠬᠡᠯ ᠤᠨ ᠬᠦᠰᠦᠨᠦᠭᠲᠦ︾ ︵︽ᠠᠯᠪᠠᠲᠠᠨ ᠤ ᠬᠠᠤᠯᠢ ᠶᠢᠨ ᠬᠠᠮᠢᠶᠠᠷᠤᠯᠲᠠ ᠶᠢᠨ ᠪᠠᠶᠢᠭᠤᠯᠭ᠎ᠠ ︵ᠨᠢᠭᠡᠴᠢ︶ ᠶᠢᠨ ᠠᠵᠢᠯᠲᠠᠨ ᠤ ᠪᠦᠷᠢᠳᠬᠡᠯ ᠤᠨ ᠬᠦᠰᠦᠨᠦᠭᠲᠦ ᠪᠠᠷ ᠯᠠᠪᠯᠠᠯᠲᠠ ᠪᠣᠯᠭᠠᠬᠤ ᠬᠦᠰᠦᠨᠦᠭᠲᠦ︾︶ ᠶᠢᠨ ᠬᠠᠭᠤᠯᠪᠤᠷᠢ᠃  5.ᠪᠠᠶᠢᠭ᠎ᠠ ᠪᠠᠶᠢᠭᠤᠯᠭ᠎ᠠ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠠᠮᠢᠶᠠᠷᠤᠯᠲᠠ ᠶᠢᠨ ᠦᠨᠡᠮᠯᠡᠯ ᠤᠨ ᠲᠡᠷᠢᠭᠦᠨ ᠬᠠᠭᠤᠳᠠᠰᠤ ᠪᠠ ᠲᠤᠰ ᠬᠥᠮᠥᠨ ᠤ ᠨᠢᠭᠤᠷ ᠤᠨ ᠬᠠᠭᠤᠯᠪᠤᠷᠢ᠃  6.ᠤᠳᠠᠭ᠎ᠠ ᠪᠦᠷᠢ ᠶᠢᠨ ᠲᠤᠰᠢᠶᠠᠯ ᠤᠨ ᠬᠤᠪᠢᠷᠠᠯᠲᠠ ᠪᠠ ᠰᠢᠯᠵᠢᠬᠦ ᠶᠢ ᠬᠢᠨᠠᠨ ᠵᠥᠪᠰᠢᠶᠡᠷᠡᠬᠦ ᠬᠦᠰᠦᠨᠦᠭᠲᠦ ᠪᠤᠶᠤ ᠪᠢᠴᠢᠭ ᠮᠠᠲ᠋ᠧᠷᠢᠶᠠᠯ ᠤᠨ ᠬᠠᠭᠤᠯᠪᠤᠷᠢ᠃  ᠳᠡᠭᠡᠷᠡᠬᠢ 4 — 6 ᠵᠦᠢᠯ ᠤᠨ ᠮᠠᠲ᠋ᠧᠷᠢᠶᠠᠯ ᠤᠨ ᠬᠠᠭᠤᠯᠪᠤᠷᠢ ᠶᠢ ᠬᠠᠭᠤᠳᠠᠰᠤ ᠪᠦᠷᠢ ᠳᠤ ᠡᠷᠬᠡᠪᠰᠢ 0.ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠶᠢᠨ ᠪᠠᠶᠢᠭ᠎ᠠ ᠨᠢᠭᠡᠴᠢ ᠶᠢᠨ ᠵᠣᠬᠢᠶᠠᠨ ᠪᠠᠶᠢᠭᠤᠯᠬᠤ ᠠᠵᠢᠯᠲᠠᠨ ᠤ ᠶᠠᠪᠤᠳᠠᠯ ᠤᠨ ᠰᠠᠯᠠᠭ᠎ᠠ ᠮᠥᠴᠢᠷ ᠤᠨ ᠲᠠᠮᠠᠭ᠎ᠠ ᠳᠠᠷᠤᠵᠤ᠂ ︽ᠲᠤᠰ ᠬᠠᠭᠤᠯᠪᠤᠷᠢ ᠨᠢ ᠤᠭ ᠮᠠᠲ᠋ᠧᠷᠢᠶᠠᠯ ᠲᠠᠢ ᠨᠢᠭᠡᠳᠦᠯᠲᠡᠢ︾ ᠭᠡᠵᠦ ᠲᠡᠮᠲᠡᠭᠯᠡᠨ᠎ᠡ᠃ ᠨᠢᠭᠤᠷ ᠤᠨ ᠲᠤᠭ᠎ᠠ ᠨᠢ ᠨᠡᠯᠢᠶᠡᠳ ᠣᠯᠠᠨ ᠨᠢ ᠲᠡᠷᠢᠭᠦᠨ ᠨᠢᠭᠤᠷ᠂ ᠵᠠᠩᠭᠢᠯᠠᠭ᠎ᠠ ᠶᠢᠨ ᠨᠢᠭᠤᠷ ᠲᠤ  ᠲᠡᠮᠲᠡᠭ ᠲᠠᠯᠪᠢᠵᠤ᠂ ᠲᠠᠮᠠᠭ᠎ᠠ ᠳᠠᠷᠤᠬᠤ ᠶᠢᠨ ᠬᠠᠮᠲᠤ  ᠠᠭᠤᠯᠵᠠᠷ ᠤᠨ ᠲᠠᠮᠠᠭ᠎ᠠ ᠳᠠᠷᠤᠨ᠎ᠠ᠃  7.ᠣᠶᠢᠷ᠎ᠠ ᠶᠢᠨ ᠬᠤᠭᠤᠴᠠᠭᠠᠨ ᠤ ᠲᠢᠲᠢᠮ ᠦᠭᠡᠢ 2 ᠢᠮᠠᠬᠤ ᠶᠢᠨ ᠪᠤᠳᠤᠭᠲᠤ ᠰᠡᠭᠦᠳᠡᠷ ︵3 ᠬᠠᠭᠤᠳᠠᠰᠤ︶  8.︽ᠠᠳᠠᠯᠢᠳᠬᠠᠨ ᠰᠣᠩᠭᠤᠭᠰᠠᠨ ᠨᠡᠷ᠎ᠡ ᠮᠡᠳᠡᠭᠦᠯᠬᠦ ᠬᠦᠰᠦᠨᠦᠭᠲᠦ︾ ᠳᠤ ᠠᠵᠢᠯᠯᠠᠭᠰᠠᠨ ᠥᠩᠭᠡᠷᠡᠯᠲᠡ ᠪᠠ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶ᠎ᠠ ᠪᠦᠬᠦᠢ ᠭᠡᠷᠡᠴᠢ ᠮᠠᠲ᠋ᠧᠷᠢᠶᠠᠯ ︵ᠬᠤᠯᠪᠤᠭᠳᠠᠯ ᠪᠦᠬᠦᠢ ᠠᠵᠢᠯ ᠤᠨ ᠥᠩᠭᠡᠷᠡᠯᠲᠡ ᠶᠢ ᠱᠠᠭᠠᠷᠳᠠᠭᠰᠠᠨ ᠪᠠᠶᠢᠪᠠᠯ᠂ ᠡᠷᠬᠡᠪᠰᠢ ᠠᠵᠢᠯ ᠤᠨ ᠥᠩᠭᠡᠷᠡᠯᠲᠡ ᠶᠢᠨ ᠭᠡᠷᠡᠴᠢ ᠶᠢ ᠬᠠᠩᠭᠠᠵᠤ᠂ ᠠᠵᠢᠯ ᠤᠨ ᠥᠩᠭᠡᠷᠡᠯᠲᠡ ᠶᠢᠨ ᠡᠬᠢᠯᠡᠵᠦ ᠲᠡᠭᠦᠰᠦᠭᠰᠡᠨ ᠴᠠᠭ᠂ ᠭᠡᠷᠡᠴᠢᠯᠡᠭᠴᠢ ᠶᠢᠨ ᠡᠭᠦᠷᠭᠡ ᠲᠤᠰᠢᠶᠠᠯ᠂ ᠭᠡᠷᠡᠴᠢᠯᠡᠭᠴᠢ ᠶᠢᠨ ᠣᠪᠣᠭ ᠨᠡᠷ᠎ᠡ ᠵᠢᠴᠢ ᠤᠲᠠᠰᠤ ᠶᠢ ᠲᠤᠳᠤᠷᠬᠠᠶᠢᠯᠠᠵᠤ᠂ ᠪᠠᠶᠢᠭᠤᠯᠭ᠎ᠠ ᠨᠢᠭᠡᠴᠢ ᠠᠴᠠ ᠲᠠᠮᠠᠭ᠎ᠠ ᠳᠠᠷᠤᠨ᠎ᠠ︶  9. ᠲᠣᠰ ᠬᠥᠮᠦᠨ ᠤ ᠭᠠᠷ ᠤᠨ ᠥᠰᠥᠭ ᠵᠢᠷᠤᠭᠰᠠᠨ ᠰᠢᠯᠭᠠᠭᠤᠯᠤᠭᠴᠢ ᠶᠢᠨ ᠦᠨᠡᠨᠴᠢ ᠢᠲᠡᠭᠡᠮᠵᠢ ᠶᠢᠨ ᠠᠮᠠᠯᠠᠯᠲᠠ ᠶᠢᠨ ᠪᠢᠴᠢᠭ ︵ᠳᠠᠭᠠᠯᠳᠤᠭᠤᠯᠤᠯ︶  10. ᠨᠡᠷ᠎ᠡ ᠮᠡᠳᠡᠭᠦᠯᠬᠦ ᠠᠵᠢᠯ ᠤᠨ ᠪᠠᠶᠢᠷᠢ ᠶᠢᠨ ᠱᠠᠭᠠᠷᠳᠠᠯᠭ᠎ᠠ ᠲᠠᠢ ᠬᠤᠯᠪᠣᠭᠳᠠᠬᠤ ᠪᠤᠰᠤᠳ ᠭᠡᠷᠡᠴᠢ ᠮᠠᠲ᠋ᠧᠷᠢᠶᠠᠯ ︵ᠰᠢᠯᠭᠠᠭᠤᠯᠤᠭᠴᠢ ᠥᠪᠡᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠨ ᠥᠪᠡᠷᠲᠡᠭᠡᠨ ᠭᠡᠷᠡᠴᠢᠯᠡᠬᠦ ᠮᠠᠲ᠋ᠧᠷᠢᠶᠠᠯ︶  ︵ᠲᠠᠪᠤ︶ ᠠᠩᠬᠠᠷᠬᠤ ᠵᠦᠢᠯ  1.ᠬᠢᠷᠢ ᠬᠡᠮ ᠤᠨ ᠳᠠᠬᠢᠨ ᠬᠢᠨᠠᠯᠲᠠ ᠶᠢᠨ ᠰᠢᠯᠭᠠᠭᠤᠯᠤᠭᠴᠢ ᠶᠢᠨ ᠮᠡᠳᠡᠭᠡ ᠵᠠᠩᠭᠢ ᠨᠢ ᠦᠨᠡᠨ ᠪᠣᠳᠠᠲᠠᠶ ᠣᠨᠣᠪᠴᠢᠲᠠᠶ ᠡᠰᠡᠬᠦ᠂ ᠨᠡᠷ᠎ᠡ ᠮᠡᠳᠡᠭᠦᠯᠦᠭᠰᠡᠨ ᠠᠵᠢᠯ ᠤᠨ ᠪᠠᠶᠢᠷᠢ ᠶᠢᠨ ᠵᠣᠬᠢᠴᠠᠩᠭᠤᠶ ᠬᠢᠷᠢ ᠬᠡᠮ ᠤᠨ ᠨᠥᠬᠦᠴᠡᠯ ᠳᠤ ᠨᠡᠶᠢᠴᠡᠬᠦ ᠡᠰᠡᠬᠦ ᠶᠢ ᠭᠤᠣᠯᠳᠠᠯᠭ᠎ᠠ ᠲᠠᠢ ᠬᠢᠨᠠᠨ ᠬᠠᠷᠭᠤᠭᠤᠯᠤᠨ᠎ᠠ᠃ ᠮᠡᠳᠡᠭᠦᠯᠦᠨ ᠰᠢᠯᠭᠠᠭᠤᠯᠬᠤ ᠨᠥᠬᠦᠴᠡᠯ ᠳᠤ ᠨᠡᠶᠢᠴᠡᠬᠦ ᠦᠭᠡᠶ᠂ ᠬᠤᠪᠢ ᠬᠥᠮᠦᠨ ᠤ ᠲᠠᠭᠯᠠᠨ ᠮᠡᠳᠡᠭᠦᠯᠦᠭᠰᠡᠨ ᠮᠡᠳᠡᠭᠡ ᠵᠠᠩᠭᠢ ᠨᠢ ᠦᠨᠡᠮᠯᠡᠯ ᠲᠠᠢ ᠨᠢᠭᠡᠳᠦᠯᠲᠡᠢ ᠪᠣᠰᠣ ᠵᠢᠴᠢ ᠴᠢᠬᠤᠯᠠ ᠮᠡᠳᠡᠭᠡ ᠵᠠᠩᠭᠢ ᠪᠠᠨ ᠨᠢᠭᠤᠨ ᠳᠠᠯᠳᠠᠯᠠᠬᠤ ᠪᠤᠶᠤ ᠬᠤᠳᠠᠯ ᠬᠠᠭᠤᠷᠮᠠᠭ ᠭᠡᠷᠡᠴᠢ ᠮᠠᠲ᠋ᠧᠷᠢᠶᠠᠯ ᠬᠠᠩᠭᠠᠪᠠᠯ᠂ ᠨᠢᠭᠤᠷᠳᠠᠨ ᠰᠢᠯᠭᠠᠬᠤ ᠬᠢᠷᠢ ᠭᠡᠮ ᠢ ᠨᠢ ᠬᠦᠴᠦᠨ ᠦᠭᠡᠶ ᠪᠣᠯᠭᠠᠨ᠎ᠠ᠃  2. ᠰᠢᠯᠭᠠᠭᠤᠯᠤᠭᠴᠢ ᠮᠠᠲ᠋ᠧᠷᠢᠶᠠᠯ ᠢᠶᠠᠨ ᠤᠷᠢᠳᠴᠢᠯᠠᠨ ᠪᠡᠯᠡᠳᠬᠡᠬᠦ ᠶᠢᠨ ᠬᠠᠮᠲᠤ ᠮᠠᠲ᠋ᠧᠷᠢᠶᠠᠯ ᠢᠶᠠᠨ ᠳᠡᠭᠡᠷ᠎ᠡ ᠳᠤᠷᠠᠳᠤᠭᠰᠠᠨ ᠳᠡᠰ ᠳᠠᠷᠠᠭᠠᠯᠠᠯ ᠢᠶᠠᠷ ᠡᠮᠬᠢᠯᠡᠵᠦ ᠲᠠᠯᠪᠢᠬᠤ ᠬᠡᠷᠡᠭᠲᠡᠢ᠃ ᠬᠡᠷᠪᠡ ᠬᠢᠷᠢ ᠬᠡᠮ ᠤᠨ ᠳᠠᠬᠢᠨ ᠬᠢᠨᠠᠯᠲᠠ ᠳᠤ ᠣᠷᠣᠯᠴᠠᠬᠤ ᠦᠶ᠎ᠡ ᠳᠤ ᠮᠠᠲ᠋ᠧᠷᠢᠶᠠᠯ ᠨᠢ ᠪᠦᠷᠢᠨ ᠪᠤᠰᠤ ᠠᠴᠠ ᠪᠣᠯᠵᠣ ᠬᠢᠨᠠᠨ ᠬᠠᠷᠭᠤᠭᠤᠯᠭ᠎ᠠ ᠳᠤ ᠪᠠᠲᠤᠯᠠᠭᠳᠠᠭᠰᠠᠨ ᠥᠬᠡᠶ ᠪᠠᠶᠢᠪᠠᠯ᠂ ᠬᠠᠷᠢᠭᠤᠴᠠᠯᠭ᠎ᠠ ᠶᠢ ᠰᠢᠯᠭᠠᠭᠤᠯᠤᠭᠴᠢ ᠡᠭᠦᠷᠭᠡᠯᠡᠨ᠎ᠡ᠃ ᠮᠠᠲ᠋ᠧᠷᠢᠶᠠᠯ ᠪᠡᠯᠡᠳᠭᠡᠬᠦ ᠬᠤᠯᠪᠤᠭᠳᠠᠯ ᠪᠥᠬᠦᠶ ᠤᠴᠢᠷ ᠶᠠᠪᠤᠳᠠᠯ ᠢ ᠤᠲᠠᠰᠤ ᠪᠠᠷ ᠤᠷᠢᠳᠴᠢᠯᠠᠨ ᠠᠰᠠᠭᠤᠨ ᠯᠠᠪᠯᠠᠵᠤ ᠪᠣᠯᠤᠨ᠎ᠠ᠃  3. ᠬᠢᠷᠢ ᠬᠡᠮ ᠤᠨ ᠳᠠᠬᠢᠨ ᠬᠢᠨᠠᠯᠲᠠ ᠶᠢᠨ ᠬᠤᠭᠤᠴᠠᠭᠠᠨ ᠳᠤ᠂ ᠰᠢᠯᠭᠠᠭᠤᠯᠤᠭᠴᠢ ᠡᠷᠬᠡᠪᠰᠢ ᠴᠢᠮᠡᠭᠡ ᠨᠡᠪᠲᠡᠷᠡᠯᠭᠡ ᠶᠢᠨ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠬᠡᠷᠡᠭᠲᠡᠶ᠃ ᠰᠢᠯᠭᠠᠭᠤᠯᠤᠭᠴᠢ ᠶᠢᠨ ᠬᠤᠪᠢ ᠬᠥᠮᠦᠨ ᠤ ᠰᠢᠯᠲᠠᠭᠠᠨ ᠠᠴᠠ ᠪᠣᠯᠵᠣ ᠬᠠᠷᠢᠯᠴᠠᠵᠤ ᠳᠡᠶᠢᠯᠦᠭᠰᠡᠨ ᠥᠬᠡᠶ ᠪᠤᠶᠤ ᠲᠣᠭᠲᠠᠭᠰᠠᠨ ᠴᠠᠭ ᠤᠨ ᠳᠣᠲᠣᠷ᠎ᠠ ᠬᠢᠷᠢ ᠬᠡᠮ ᠤᠨ ᠳᠠᠬᠢᠨ ᠬᠢᠨᠠᠯᠲᠠ ᠶᠢᠨ ᠮᠠᠲ᠋ᠧᠷᠢᠶᠠᠯ ᠢᠶᠠᠨ ᠲᠤᠰᠢᠶᠠᠭᠰᠠᠨ ᠥᠬᠡᠶ ᠪᠠᠶᠢᠪᠠᠯ᠂ ᠥᠪᠡᠷᠲᠡᠭᠡᠨ ᠬᠠᠶᠠᠭᠰᠠᠨ ᠢᠶᠠᠷ ᠦᠵᠡᠵᠦ᠂ ᠨᠢᠭᠤᠷᠲᠠᠨ ᠰᠢᠯᠭᠠᠬᠤ ᠬᠢᠷᠢ ᠬᠡᠮ ᠢ ᠨᠢ ᠬᠦᠴᠦᠨ ᠥᠬᠡᠶ ᠪᠣᠯᠭᠠᠨ᠎ᠠ᠃  4. ᠬᠢᠷᠢ ᠬᠡᠮ ᠤᠨ ᠳᠠᠬᠢᠨ ᠬᠢᠨᠠᠯᠲᠠ ᠳᠤ ᠬᠢᠷᠢ ᠲᠡᠩᠴᠡᠭᠰᠡᠨ ᠥᠬᠡᠶ᠂ ᠲᠣᠭᠲᠠᠭᠰᠠᠨ ᠴᠠᠭ ᠤᠨ ᠳᠣᠲᠣᠷ᠎ᠠ ᠬᠢᠷᠢ ᠬᠡᠮ ᠤᠨ ᠳᠠᠬᠢᠨ ᠬᠢᠨᠠᠯᠲᠠ ᠳᠤ ᠣᠷᠣᠯᠴᠠᠭᠰᠠᠨ ᠥᠬᠡᠶ ᠰᠢᠯᠭᠠᠭᠤᠯᠤᠭᠴᠢ ᠶᠢ ᠨᠢᠭᠤᠷᠲᠠᠨ ᠰᠢᠯᠭᠠᠬᠤ ᠬᠢᠷᠢ ᠬᠡᠮ ᠢ ᠨᠢ ᠬᠦᠴᠦᠨ ᠥᠬᠡᠶ ᠪᠣᠯᠭᠠᠬᠤ ᠶᠢᠨ ᠬᠠᠮᠲᠤ ᠲᠣᠰ ᠠᠵᠢᠯ ᠤᠨ ᠪᠠᠶᠢᠷᠢ ᠶᠢᠨ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠶᠢ ᠥᠨᠳᠥᠷ ᠠᠴᠠ ᠳᠣᠤᠷ᠎ᠠ ᠳᠠᠷᠠᠭᠠᠯᠠᠯ ᠢᠶᠠᠷ ᠳᠠᠷᠠᠭᠠᠯᠠᠨ ᠨᠥᠬᠦᠪᠥᠷᠢᠯᠡᠨ᠎ᠡ᠃ ᠳᠠᠷᠠᠭᠠᠯᠠᠨ ᠨᠥᠬᠦᠪᠥᠷᠢᠯᠡᠬᠦ ᠳᠤ ᠤᠲᠠᠰᠤᠳᠠᠬᠤ ᠬᠡᠯᠪᠡᠷᠢ ᠪᠠᠷ ᠮᠡᠳᠡᠭᠳᠡᠵᠦ᠂ ᠰᠢᠯᠭᠠᠭᠤᠯᠤᠭᠴᠢ ᠴᠢᠮᠡᠭᠡ ᠨᠡᠪᠲᠡᠷᠡᠯᠭᠡ ᠶᠢᠨ ᠰᠠᠭᠠᠳ ᠥᠬᠡᠶ ᠨᠡᠪᠲᠡᠷᠡᠬᠦ ᠪᠠᠨ ᠪᠠᠲᠤᠯᠠᠬᠤ ᠬᠡᠷᠡᠭᠲᠡᠢ᠂ ᠬᠡᠷᠪᠡ ᠤᠲᠠᠰᠤ ᠰᠠᠭᠠᠳ ᠲᠠᠢ ᠠᠴᠠ ᠪᠣᠯᠵᠣ ᠳᠠᠷᠠᠭᠠᠯᠠᠨ ᠨᠥᠬᠦᠪᠥᠷᠢᠯᠡᠬᠦ ᠲᠣᠬᠢᠶᠠᠯ ᠢ ᠠᠯᠳᠠᠭᠰᠠᠨ ᠪᠠᠶᠢᠪᠠᠯ᠂ ᠰᠢᠯᠭᠠᠭᠤᠯᠤᠭᠴᠢ ᠰᠠᠶᠢᠨ ᠳᠤᠷ᠎ᠠ ᠠᠴᠠ ᠪᠠᠨ ᠲᠠᠶᠠᠭᠳᠠᠭᠰᠠᠨ ᠢᠶᠠᠷ ᠦᠵᠡᠨ᠎ᠡ᠃  5. ᠬᠢᠷᠢ ᠬᠡᠮ ᠤᠨ ᠳᠠᠬᠢᠨ ᠬᠢᠨᠠᠯᠲᠠ ᠳᠤ ᠬᠢᠷᠢ ᠲᠡᠩᠴᠡᠭᠰᠡᠨ ᠰᠢᠯᠭᠠᠭᠤᠯᠤᠭᠴᠢ ᠶᠢ ᠠᠵᠢᠯᠲᠠᠨ ᠲᠤᠬᠠᠶ ᠶᠢᠨ ᠲᠠᠯᠠᠪᠤᠷ ᠲᠤ ︽ᠨᠢᠭᠤᠷᠲᠠᠨ ᠰᠢᠯᠭᠠᠯᠲᠠ ᠶᠢᠨ ᠮᠡᠳᠡᠭᠳᠡᠯ ᠤᠨ ᠪᠢᠴᠢᠭ︾ ᠢ ᠲᠠᠷᠬᠠᠭᠠᠵᠤ᠂ ᠰᠢᠯᠭᠠᠭᠤᠯᠤᠭᠴᠢ ᠶᠢᠨ ᠨᠢᠭᠤᠷᠲᠠᠨ ᠰᠢᠯᠭᠠᠯᠲᠠ ᠳᠤ ᠣᠷᠣᠯᠴᠠᠬᠤ ᠭᠡᠷᠡᠴᠢ ᠪᠠᠷᠢᠮᠲᠠ ᠪᠣᠯᠭᠠᠨ᠎ᠠ᠃  ᠭᠤᠷᠪᠠ᠂ ᠨᠢᠭᠤᠷᠳᠠᠨ ᠰᠢᠯᠭᠠᠯᠲᠠ  ︵ᠨᠢᠭᠡ︶ ᠴᠠᠭ᠂ ᠭᠠᠵᠠᠷ  ᠨᠢᠭᠤᠷᠳᠠᠨ ᠰᠢᠯᠭᠠᠯᠲᠠ ᠶᠢᠨ ᠭᠠᠵᠠᠷ ᠢ ᠬᠥᠬᠡᠬᠤᠲᠠ ᠳᠤ ᠲᠣᠬᠢᠷᠠᠭᠤᠯᠵᠤ᠂ ᠪᠣᠳᠠᠲᠠᠶ ᠴᠠᠭ᠂ ᠭᠠᠵᠠᠷ ᠨᠢ ᠬᠢᠷᠢ ᠬᠡᠮ ᠢ ᠳᠠᠬᠢᠨ ᠬᠢᠨᠠᠭᠰᠠᠨ ᠤ ᠳᠠᠷᠠᠭ᠎ᠠ ᠠᠰᠲᠠᠭᠠᠨ ᠮᠡᠳᠡᠭᠳᠡᠵᠦ᠂ ᠰᠢᠯᠭᠠᠭᠤᠯᠤᠭᠴᠢ ᠡᠷᠬᠡᠪᠰᠢ ︽ᠨᠢᠭᠤᠷᠲᠠᠨ ᠰᠢᠯᠭᠠᠯᠲᠠ ᠶᠢᠨ ᠮᠡᠳᠡᠭᠳᠡᠯ ᠤᠨ ᠪᠢᠴᠢᠭ︾ ᠤᠨ ᠱᠠᠭᠠᠷᠳᠠᠯᠭ᠎ᠠ ᠶᠣᠰᠣᠭᠠᠷ᠂ ᠮᠠᠲ᠋ᠧᠷᠢᠶᠠᠯ ᠢᠶᠠᠨ ᠠᠪᠴᠤ ᠴᠠᠭ ᠲᠤᠬᠠᠶ ᠳᠤ ᠨᠢ ᠣᠷᠣᠯᠴᠠᠵᠤ᠂ ᠲᠣᠭᠲᠠᠭᠰᠠᠨ ᠴᠠᠭ ᠲᠤ ᠪᠠᠨ ᠨᠢᠭᠤᠷᠲᠠᠨ ᠰᠢᠯᠭᠠᠯᠲᠠ ᠳᠤ ᠣᠷᠣᠯᠴᠠᠵᠤ ᠳᠡᠶᠢᠯᠬᠦ ᠥᠬᠡᠶ ᠪᠣᠯ ᠥᠪᠡᠷᠲᠡᠭᠡᠨ ᠲᠠᠶᠠᠭᠳᠠᠭᠰᠠᠨ ᠢᠶᠠᠷ ᠦᠵᠡᠨ᠎ᠡ᠃  ︵ᠬᠤᠶᠠᠷ︶ ᠨᠢᠭᠤᠷᠳᠠᠨ ᠰᠢᠯᠭᠠᠯᠲᠠ ᠶᠢᠨ ᠬᠡᠯᠪᠡᠷᠢ  ᠨᠢᠭᠤᠷᠳᠠᠨ ᠰᠢᠯᠭᠠᠯᠲᠠ ᠳᠤ ᠡᠷᠬᠡᠪᠰᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠪᠠᠷ ᠬᠠᠷᠢᠭᠤᠯᠲᠠ ᠥᠭᠴᠦ᠂ ᠨᠢᠭᠤᠷᠳᠠᠨ ᠰᠢᠯᠭᠠᠯᠲᠠ ᠶᠢᠨ ᠪᠦᠷᠢᠨ ᠬᠤᠪᠢ ᠨᠢ 100 ᠬᠤᠪᠢ ᠪᠣᠯᠣᠨ᠎ᠠ᠃  ᠪᠦᠲᠦᠴᠡᠴᠢᠯᠡᠭᠰᠡᠨ ᠨᠢᠭᠤᠷᠳᠠᠨ ᠰᠢᠯᠭᠠᠯᠲᠠ ᠶᠢᠨ ᠬᠡᠯᠪᠡᠷᠢ ᠶᠢ ᠬᠡᠷᠡᠭᠯᠡᠨ᠎ᠡ᠃ ᠨᠢᠭᠤᠷᠲᠠᠨ ᠰᠢᠯᠭᠠᠯᠲᠠ ᠳᠤ ᠭᠤᠣᠯᠳᠠᠭᠤ ᠨᠢᠭᠤᠷᠳᠠᠨ ᠰᠢᠯᠭᠠᠭᠤᠯᠤᠭᠴᠢ ᠶᠢᠨ ᠤᠯᠤᠰ ᠲᠥᠷᠥ ᠶᠢᠨ ᠬᠡᠪ ᠴᠢᠨᠠᠷ᠂ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ᠂ ᠶᠡᠷᠦᠩᠬᠡᠶᠢᠯᠡᠭᠰᠡᠨ ᠵᠠᠳᠠᠯᠤᠯᠲᠠ᠂ ᠬᠡᠯᠡᠨ ᠤ ᠢᠯᠡᠳᠬᠡᠯ ᠪᠠ ᠠᠵᠢᠯ ᠤᠨ ᠪᠠᠶᠢᠷᠢ ᠶᠢᠨ ᠵᠣᠬᠢᠴᠠᠯᠳᠤᠯ ᠤᠨ ᠬᠡᠮᠵᠢᠶ᠎ᠡ ᠶᠢ ᠰᠢᠯᠭᠠᠨ᠎ᠠ᠃  ᠳᠥᠷᠪᠡ᠂ ᠠᠰᠠᠭᠤᠨ ᠯᠠᠪᠯᠠᠬᠤ ᠪᠠ ᠬᠢᠨᠠᠯᠲᠠ ᠲᠠᠯᠪᠢᠬᠤ ᠤᠲᠠᠰᠤ  ᠠᠰᠠᠭᠤᠨ ᠯᠠᠪᠯᠠᠬᠤ ᠤᠲᠠᠰᠤ᠄ 6906231  6606283  ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ᠄ 6606227  ᠳᠠᠭᠠᠯᠳᠤᠭᠤᠯᠤᠯ᠄ ᠰᠢᠯᠭᠠᠭᠤᠯᠤᠭᠴᠢ ᠶᠢᠨ ᠦᠨᠡᠨᠴᠢ ᠢᠲᠡᠭᠡᠮᠵᠢ ᠶᠢᠨ ᠠᠮᠠᠯᠠᠯᠲᠠ ᠶᠢᠨ ᠪᠢᠴᠢᠭ                ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ             2024 ᠣᠨ ᠤ 3 ᠳ᠋ᠤᠭᠠᠷ ᠰᠠᠷ᠎ᠠ ᠶᠢᠨ 25 ᠤ ᠡᠳᠦᠷ

 

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号