3 ᠰᠠᠷ᠎ᠠ ᠶᠢᠨ 27 ᠤ ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ | ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠠᠯᠪᠠᠨ ᠶᠣᠰᠣᠨ ᠤ ᠠᠶᠢᠯᠴᠢᠯᠠᠯᠲᠠ ᠬᠢᠬᠦ ᠪᠠᠷ ᠢᠷᠡᠭᠰᠡᠨ ᠰᠷᠢ ᠯᠠᠨᠺᠠ ᠶᠢᠨ | ᠶᠡᠷᠦᠩᠬᠡᠢ ᠰᠠᠶᠢᠳ ᠭᠦᠨᠠᠸᠠᠳᠧᠨᠠ ᠲᠠᠢ ᠠᠭᠤᠯᠵᠠᠪᠠ ᠃ | | | | | | ᠰᠢ ᠶᠢᠨ ᠫᠢᠩ᠂ ᠳᠤᠮᠳᠠᠳᠤ ᠰᠷᠢ ᠯᠠᠨᠺᠠ ᠶᠢᠨ ᠨᠥᠬᠦᠷᠯᠡᠯ ᠥᠨᠢ ᠤᠳᠠᠭᠠᠨ ᠲᠡᠦᠬᠡ ᠲᠠᠢ ᠶᠤᠮ ᠂ ᠬᠤᠶᠠᠷ | ᠤᠯᠤᠰ ᠤᠨ ᠠᠷᠠᠳ ᠲᠦᠮᠡᠨ ᠲᠥᠷᠥᠯᠬᠢ ᠶᠢᠨ ᠳᠣᠲᠣᠨᠣ ᠰᠡᠳᠬᠢᠯᠭᠡ ᠲᠠᠢ ᠶᠤᠮ ᠃ ᠳᠤᠮᠳᠠᠳᠤ ᠰᠷᠢ ᠯᠠᠨᠺᠠ ᠶᠢᠨ | ᠬᠠᠷᠢᠯᠴᠠᠭ᠎ᠠ ᠶᠢ ᠰᠠᠶᠢᠲᠤᠷ ᠪᠠᠬᠢᠵᠢᠭᠦᠯᠦᠨ ᠰᠠᠶᠢᠲᠤᠷ ᠬᠥᠭᠵᠢᠭᠦᠯᠬᠦ ᠨᠢ ᠬᠤᠶᠠᠷ ᠤᠯᠤᠰ ᠤᠨ ᠠᠷᠠᠳ ᠲᠦᠮᠡᠨ ᠤ ᠦᠨᠳᠦᠰᠦᠨ | ᠠᠰᠢᠭ ᠲᠤᠰᠠ ᠪᠣᠯᠣᠨ ᠬᠠᠮᠲᠤ ᠶᠢᠨ ᠬᠦᠰᠡᠯ ᠡᠷᠡᠮᠡᠯᠵᠡᠯ ᠲᠠᠢ ᠨᠡᠶᠢᠴᠡᠨ᠎ᠡ ᠃ ᠳᠤᠮᠳᠠᠳᠤ ᠤᠯᠤᠰ ᠳᠤᠷᠠᠲᠠᠶ᠎ᠠ ᠰᠷᠢ ᠯᠠᠨᠺᠠ ᠶᠢᠨ | ᠬᠢᠨ ᠲᠠᠢ ᠬᠠᠮᠲᠤ ᠪᠠᠷ ︽ ᠲᠤᠰᠠᠭᠠᠷ ᠲᠣᠭᠲᠠᠨᠢᠵᠤ ᠥᠪᠡᠷ ᠢ ᠪᠠᠨ ᠬᠦᠴᠦᠷᠬᠡᠭᠵᠢᠭᠦᠯᠬᠦ ᠂ ᠪᠦᠯᠬᠦᠮᠳᠡᠨ ᠬᠠᠪᠰᠤᠷᠤᠯᠴᠠᠬᠤ ︾ | ᠶᠢᠨ ︽ ᠲᠤᠲᠤᠷᠭ᠎ᠠ ᠭᠤᠮ ᠤᠨ ᠰᠣᠯᠢᠯᠴᠠᠭᠠᠨ ᠤ ᠵᠥᠪᠳᠡᠯᠴᠡᠭᠡᠷ ︾ ᠤᠨ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ ᠂ | ᠤᠯᠤᠰ ᠲᠦᠷᠦ ᠶᠢᠨ ᠢᠲᠡᠭᠡᠯᠴᠡᠭᠡ ᠪᠠᠨ ᠪᠠᠬᠢᠵᠢᠭᠦᠯᠵᠦ ᠂ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ | ᠰᠣᠯᠢᠯᠴᠠᠭ᠎ᠠ ᠪᠠᠨ ᠴᠢᠩᠭᠠᠳᠬᠠᠵᠤ ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠥᠷᠭᠡᠳᠬᠡᠵᠦ ᠂ ︽ ᠨᠢᠭᠡ ᠪᠦᠰᠡ | ᠨᠢᠭᠡ ᠵᠠᠮ ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠵᠤ ᠂ ᠳᠤᠮᠳᠠᠳᠤ ᠰᠷᠢ ᠯᠠᠨᠺᠠ ᠶᠢᠨ ᠴᠢᠩ ᠦᠨᠡᠨᠴᠢ ᠪᠠᠷ | ᠬᠠᠷᠢᠯᠴᠠᠨ ᠬᠠᠪᠰᠤᠷᠤᠯᠴᠠᠬᠤ ᠂ ᠦᠶ᠎ᠡ ᠶᠢᠨ ᠦᠶ᠎ᠡ ᠳᠡᠭᠡᠨ ᠨᠥᠭᠦᠷᠰᠡᠭ ᠪᠠᠶᠢᠬᠤ ᠪᠠᠶᠢᠯᠳᠤᠬᠤ ᠪᠣᠳᠣᠯᠭ᠎ᠠ ᠶᠢᠨ | ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ᠎ᠡ ᠭᠡᠵᠦ ᠵᠢᠭᠠᠵᠤ ᠭᠠᠷᠭᠠᠪᠠ ᠃ | ᠰᠢ ᠶᠢᠨ ᠫᠢᠩ᠂ ᠳᠤᠮᠳᠠᠳᠤ ᠤᠯᠤᠰ ᠤᠨ ᠬᠢᠨ ᠰᠷᠢ ᠯᠠᠨᠺᠠ ᠶᠢᠨ ᠤᠯᠤᠰ ᠤᠨ ᠡᠷᠬᠡ ᠮᠡᠳᠡᠯ ᠂ ᠲᠤᠰᠠᠭᠠᠷ ᠲᠣᠭᠲᠠᠨᠢᠯ ᠂ | ᠦᠨᠳᠦᠰᠦᠲᠡᠨ ᠤ ᠨᠡᠷ᠎ᠡ ᠬᠦᠨᠳᠦ ᠪᠠᠨ ᠬᠠᠮᠠᠭᠠᠯᠠᠬᠤ ᠂ ᠲᠣᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ | ᠣᠳᠣᠬᠢᠴᠢᠯᠠᠯᠲᠠ ᠶᠢᠨ ᠵᠠᠮ ᠢ ᠬᠠᠶᠢᠨ ᠰᠦᠪᠡᠭᠴᠢᠯᠡᠬᠦ ᠶᠢ ᠡᠷᠡᠰ ᠳᠡᠮᠵᠢᠵᠦ ᠂ ᠰᠷᠢ ᠯᠠᠨᠺᠠ ᠶᠢᠨ ᠠᠵᠤ ᠠᠬᠤᠢ ᠨᠡᠶᠢᠭᠡᠮ ᠤᠨ | ᠬᠥᠭᠵᠢᠯᠲᠡ ᠳᠤ ᠦᠷᠭᠦᠯᠵᠢᠯᠡᠨ ᠴᠢᠳᠠᠯ ᠤᠨ ᠬᠢᠷᠢ ᠪᠠᠷ ᠢᠶᠠᠨ ᠬᠠᠪᠰᠤᠷᠤᠯᠭ᠎ᠠ ᠦᠵᠡᠭᠦᠯᠦᠨ᠎ᠡ ᠃ ᠬᠤᠶᠠᠷ ᠲᠠᠯ᠎ᠠ ᠪᠠᠷ ᠢᠶᠠᠨ | ᠬᠠᠮᠲᠤ ᠪᠠᠷ ᠴᠢᠷᠮᠠᠶᠢᠵᠤ ᠪᠠᠶᠢᠭᠠᠳ ︽ ᠨᠢᠭᠡ ᠪᠦᠰᠡ ᠨᠢᠭᠡ ᠵᠠᠮ ︾ ᠂ ᠣᠨᠴᠠᠭᠠᠶᠢᠯᠠᠨ ᠺᠣᠯᠤᠮᠪᠤ ᠶᠢᠨ ᠭᠠᠷᠠᠮ ᠤᠨ ᠬᠤᠳᠠ | ᠪᠣᠯᠣᠨ ᠬᠠᠨᠪᠠᠨᠲ᠋ᠣᠲ᠋ᠠ ᠶᠢ ᠶᠡᠷᠦᠩᠬᠡᠶᠢᠯᠡᠨ ᠨᠡᠭᠡᠭᠡᠨ ᠬᠥᠭᠵᠢᠭᠦᠯᠬᠦ ᠬᠤᠶᠠᠷ ᠶᠡᠭᠡ ᠵᠢᠯᠤᠭᠤᠳᠬᠤ ᠲᠦᠷᠦᠯ ᠵᠦᠢᠯ ᠢ ᠴᠢᠨᠠᠷ | ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠶᠢ ᠠᠬᠢᠭᠤᠯᠵᠤ ᠂ ᠪᠠᠷᠠᠭᠠᠨ ᠤ ᠭᠦᠢᠯᠭᠡᠭᠡ ᠂ ᠡᠨᠧᠷᠭᠢ ᠂ ᠠᠵᠤ ᠦᠢᠯᠡᠰ ᠤᠨ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ ᠂ ᠲᠣᠭᠠᠴᠢᠯᠠᠭᠰᠠᠨ ᠠᠵᠤ ᠠᠬᠤᠢ ᠂ ᠪᠣᠬᠢᠷᠳᠤᠯ ᠦᠭᠡᠢ ᠠᠵᠤ ᠠᠬᠤᠢ ᠂ ᠴᠡᠪᠡᠷ | ᠡᠨᠧᠷᠭᠢ ᠂ ᠰᠣᠶᠣᠯ ᠵᠢᠭᠤᠯᠴᠢᠯᠠᠯ ᠂ ᠲᠠᠯᠠᠢ ᠲᠠᠩᠭᠢᠰ ᠤᠨ ᠠᠵᠤ ᠠᠬᠤᠢ ᠵᠡᠷᠭᠡ ᠬᠦᠷᠢᠶᠡᠨ ᠤ ᠰᠣᠯᠢᠯᠴᠠᠭ᠎ᠠ | ᠬᠠᠮᠲᠤᠷᠠᠯᠴᠠᠭ᠎ᠠ ᠶᠢ ᠴᠢᠩᠭᠠᠳᠬᠠᠶ᠎ᠠ ᠃ ᠳᠤᠮᠳᠠᠳᠤ ᠤᠯᠤᠰ ᠳᠤᠷᠠᠲᠠᠶ᠎ᠠ ᠰᠷᠢ ᠯᠠᠨᠺᠠ ᠶᠢᠨ ᠣᠨᠴᠠᠯᠢᠭᠲᠤ ᠴᠢᠨᠠᠷ ᠰᠠᠶᠢᠲᠠᠢ | ᠦᠢᠯᠡᠳᠬᠦᠨ ᠢ ᠬᠢᠯᠢ ᠪᠠᠷ ᠣᠷᠣᠭᠤᠯᠬᠤ ᠶᠢ ᠦᠷᠭᠦᠯᠵᠢᠯᠡᠨ ᠥᠷᠭᠡᠳᠬᠡᠵᠦ ᠂ ᠳᠤᠮᠳᠠᠳᠤ ᠤᠯᠤᠰ ᠤᠨ ᠠᠵᠤ ᠠᠬᠤᠶᠢᠯᠠᠯ ᠤᠨ | ᠰᠷᠢ ᠯᠠᠨᠺᠠ ᠳᠤ ᠬᠦᠷᠴᠦ ᠪᠡᠯᠡ ᠣᠷᠣᠭᠤᠯᠤᠨ ᠦᠢᠯᠡᠰ ᠪᠣᠰᠬᠠᠬᠤ ᠶᠢ ᠵᠣᠷᠢᠭᠵᠢᠭᠤᠯᠤᠨ᠎ᠠ ᠂ ᠰᠷᠢ ᠯᠠᠨᠺᠠ ᠶᠢᠨ ᠬᠢᠨ ᠡᠷᠬᠡ | ᠲᠡᠭᠰᠢ ᠂ ᠢᠯᠡ ᠲᠣᠳᠣ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠬᠠᠩᠭᠠᠬᠤ ᠶᠢ ᠬᠦᠰᠡᠵᠦ ᠪᠠᠶᠢᠨ᠎ᠠ ᠃ ᠳᠤᠮᠳᠠᠳᠤ | ᠤᠯᠤᠰ ᠳᠤᠷᠠᠲᠠᠶ᠎ᠠ ᠰᠷᠢ ᠯᠠᠨᠺᠠ ᠶᠢᠨ ᠬᠢᠨ ᠲᠠᠢ ᠬᠥᠳᠡᠭᠡ ᠲᠣᠰᠬᠤᠨ ᠤ ᠶᠠᠳᠠᠭᠤ ᠬᠦᠴᠢᠷᠳᠡᠯᠲᠡᠢ ᠬᠥᠮᠥᠨ ᠠᠮᠠ ᠶᠢ | ᠴᠥᠭᠡᠳᠬᠡᠬᠦ ᠬᠠᠮᠲᠤᠷᠠᠯᠴᠠᠭ᠎ᠠ ᠪᠠᠨ ᠴᠢᠩᠭᠠᠳᠬᠠᠵᠤ ᠂ ᠰᠷᠢ ᠯᠠᠨᠺᠠ ᠶᠢᠨ ᠠᠵᠤ ᠠᠬᠤᠢ ᠶᠢᠨ ᠭᠡᠯᠪᠡᠷᠢ ᠶᠢ ᠬᠤᠪᠢᠷᠠᠭᠤᠯᠤᠨ | ᠲᠡᠰ ᠳᠡᠪᠰᠢᠬᠦ ᠪᠠ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠨ᠎ᠡ ᠃ ᠬᠤᠶᠠᠷ ᠲᠠᠯ᠎ᠠ ᠪᠠᠷ ᠢᠶᠠᠨ | ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠢ ᠤᠯᠠᠮ ᠴᠢᠨᠠᠭᠰᠢᠳᠠ ᠪᠠᠳᠠᠷᠠᠭᠤᠯᠵᠤ ᠂ ᠳᠡᠯᠡᠬᠡᠢ ᠶᠢᠨ ᠪᠠ ᠭᠠᠵᠠᠷ | ᠣᠷᠣᠨ ᠤ ᠬᠡᠷᠡᠭ ᠶᠠᠪᠤᠳᠠᠯ ᠳᠠᠬᠢ ᠬᠠᠮᠵᠢᠯᠴᠠᠭ᠎ᠠ ᠪᠠᠨ ᠴᠢᠩᠭᠠᠳᠬᠠᠵᠤ ᠂ ᠳᠤᠮᠳᠠᠳᠤ ᠰᠷᠢ ᠯᠠᠨᠺᠠ ᠶᠢᠨ ᠬᠠᠮᠲᠤ ᠶᠢᠨ ᠠᠰᠢᠭ | ᠲᠤᠰᠠ ᠪᠣᠯᠣᠨ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠰᠠᠶᠢᠲᠤᠷ ᠬᠠᠮᠠᠭᠠᠯᠠᠵᠤ ᠂ ᠬᠥᠮᠥᠨ ᠲᠥᠷᠥᠯᠬᠢᠲᠡᠨ ᠤ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠪᠠᠯ ᠵᠣᠬᠢᠨ᠎ᠠ ᠭᠡᠵᠦ ᠴᠢᠬᠤᠯᠠᠴᠢᠯᠠᠪᠠ ᠃ | ᠭᠦᠨᠠᠸᠠᠳᠧᠨᠠ ᠂ ᠰᠷᠢ ᠯᠠᠨᠺᠠ ᠳᠤᠮᠳᠠᠳᠤ ᠤᠯᠤᠰ ᠤᠯᠠᠮᠵᠢᠯᠠᠯᠲᠤ ᠨᠥᠬᠦᠷᠯᠡᠯ ᠲᠠᠢ ᠶᠤᠮ ᠃ ᠰᠷᠢ ᠯᠠᠨᠺᠠ ᠶᠢᠨ ᠬᠢᠨ | ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠤᠬᠳᠦ ᠭᠤᠶᠢᠪᠢᠰᠢ ᠦᠭᠡᠢ ᠵᠢᠷᠤᠮᠯᠠᠵᠤ ᠂ ᠳᠤᠮᠳᠠᠳᠤ ᠤᠯᠤᠰ ᠯᠤᠭ᠎ᠠ ᠶᠢᠨ | ᠨᠥᠭᠦᠷᠰᠡᠭ ᠬᠠᠮᠲᠤᠷᠠᠯᠴᠠᠭᠠᠨ ᠤ ᠲᠦᠷᠦ ᠶᠢᠨ ᠪᠣᠳᠣᠯᠭ᠎ᠠ ᠶᠢ ᠤᠬᠳᠦ ᠭᠤᠶᠢᠪᠢᠰᠢ ᠦᠭᠡᠢ ᠬᠡᠷᠡᠭᠵᠢᠭᠦᠯᠵᠦ ᠂ ᠳᠤᠮᠳᠠᠳᠤ | ᠤᠯᠤᠰ ᠢ ᠢᠮᠠᠭᠲᠠ ᠭᠠᠳᠠᠭᠠᠳᠤ ᠬᠠᠷᠢᠯᠴᠠᠭᠠᠨ ᠤ ᠲᠡᠷᠢᠭᠦᠨ ᠪᠠᠶᠢᠷᠢᠨ ᠳᠤ ᠲᠠᠯᠪᠢᠪᠠ ᠃ ᠰᠷᠢ ᠯᠠᠨᠺᠠ ᠶᠢᠨ ᠬᠦᠴᠢᠷᠳᠡᠯ ᠲᠠᠢ | ᠦᠶ᠎ᠡ ᠳᠤ ᠳᠤᠮᠳᠠᠳᠤ ᠤᠯᠤᠰ ᠢᠮᠠᠭᠲᠠ ᠴᠠᠭ ᠲᠤᠬᠠᠢ ᠳᠤᠨᠢ ᠲᠤᠰᠠᠯᠠᠮᠵᠢ ᠦᠵᠡᠭᠦᠯᠳᠡᠭ ᠢ ᠰᠷᠢ ᠯᠠᠨᠺᠠ ᠶᠢᠨ ᠬᠢᠨ ᠮᠠᠷᠲᠠᠬᠤ | ᠦᠭᠡᠢ ᠶᠤᠮ ᠂ ᠰᠷᠢ ᠯᠠᠨᠺᠠ ᠳᠤᠮᠳᠠᠳᠤ ᠤᠯᠤᠰ ᠪᠣᠯ ᠬᠤᠪᠢ ᠵᠠᠶᠠᠭ᠎ᠠ ᠪᠠᠨ ᠬᠠᠮᠲᠤᠳᠬᠠᠭᠰᠠᠨ ᠵᠣᠪᠠᠭᠤᠷᠢ ᠵᠦᠳᠡᠭᠦᠷᠢ ᠪᠠᠨ | ᠬᠠᠮᠲᠤᠳᠬᠠᠭᠰᠠᠨ ᠨᠠᠶᠢᠵᠠ ᠮᠥᠨ ᠃ ᠺᠣᠯᠤᠮᠪᠤ ᠶᠢᠨ ᠭᠠᠷᠠᠮ ᠤᠨ ᠬᠤᠳᠠ ᠪᠣᠯᠣᠨ ᠬᠠᠨᠪᠠᠨᠲ᠋ᠣᠲ᠋ᠠ ᠶᠢ ᠶᠡᠷᠦᠩᠬᠡᠶᠢᠯᠡᠨ ᠨᠡᠭᠡᠭᠡᠨ | ᠬᠥᠭᠵᠢᠭᠦᠯᠬᠦ ᠵᠡᠷᠭᠡ ᠲᠦᠷᠦᠯ ᠵᠦᠢᠯ ᠨᠢ ᠰᠷᠢ ᠯᠠᠨᠺᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠲᠤᠶᠢᠯ ᠤᠨ | ᠶᠡᠭᠡ ᠪᠠᠷ ᠬᠥᠭᠵᠢᠭᠡᠵᠦ ᠂ ᠭᠠᠵᠠᠷ ᠣᠷᠣᠨ ᠤ ᠪᠦᠬᠦᠯᠢ ᠴᠣᠭᠴᠠ ᠶᠢᠨ ᠬᠥᠭᠵᠢᠯᠲᠡ ᠶᠢ ᠴᠦ ᠬᠦᠴᠦᠲᠡᠢ ᠠᠬᠢᠭᠤᠯᠤᠭᠰᠠᠨ | ᠪᠠᠶᠢᠨ᠎ᠠ ᠃ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠂ | ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠨᠢ | ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠪᠠ ᠢᠳᠡᠪᠬᠢ ᠬᠦᠴᠦᠨ ᠨᠡᠮᠡᠷᠢᠯᠡᠵᠡᠢ ᠂ | ᠰᠷᠢ ᠯᠠᠨᠺᠠ ᠶᠢᠨ ᠬᠢᠨ ᠢᠳᠡᠪᠬᠢᠲᠡᠢ ᠣᠷᠣᠯᠴᠠᠨ ᠳᠡᠮᠵᠢᠨ᠎ᠠ ᠭᠡᠵᠦ ᠢᠯᠡᠳᠬᠡᠪᠡ ᠃ ᠰᠷᠢ ᠯᠠᠨᠺᠠ ᠶᠢᠨ ᠬᠢᠨ ᠳᠤᠷᠠᠲᠠᠶ᠎ᠠ | ᠦᠷᠭᠦᠯᠵᠢᠯᠡᠨ ᠳᠤᠮᠳᠠᠳᠤ ᠤᠯᠤᠰ ᠯᠤᠭ᠎ᠠ ᠬᠠᠮᠲᠤ ᠪᠠᠷ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠢ | ᠪᠠᠳᠠᠷᠠᠭᠤᠯᠵᠤ ᠂ ᠰᠷᠢ ᠯᠠᠨᠺᠠ ᠳᠤᠮᠳᠠᠳᠤ ᠶᠢᠨ ᠨᠥᠭᠦᠷᠰᠡᠭ ᠬᠠᠷᠢᠯᠴᠠᠭ᠎ᠠ ᠶᠢ ᠭᠦᠨᠵᠡᠭᠡᠶᠢᠷᠡᠭᠦᠯᠵᠦ ᠂ ︽ ᠨᠢᠭᠡ ᠪᠦᠰᠡ ᠨᠢᠭᠡ | ᠵᠠᠮ ︾ ᠢ ᠬᠠᠮᠲᠤ ᠪᠠᠷ ᠪᠦᠲᠦᠭᠡᠨ ᠪᠠᠶᠢᠭᠤᠯᠬᠤ ᠶᠢ ᠠᠬᠢᠭᠤᠯᠵᠤ ᠂ ᠠᠵᠤ ᠠᠬᠤᠢ ᠠᠷᠠᠯᠵᠢᠶ᠎ᠠ ᠂ ᠰᠤᠷᠭᠠᠨ ᠬᠥᠮᠦᠵᠢᠯ ᠂ | ᠵᠢᠭᠤᠯᠴᠢᠯᠠᠯ ᠂ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠵᠡᠷᠭᠡ ᠬᠦᠷᠢᠶᠡᠨ ᠤ ᠬᠠᠮᠲᠤᠷᠠᠯᠴᠠᠭ᠎ᠠ ᠶᠢ | ᠥᠷᠭᠡᠳᠬᠡᠵᠦ ᠂ ᠤᠯᠠᠨ ᠤᠯᠤᠰ ᠤᠯᠠᠨ ᠲᠠᠯ᠎ᠠ ᠶᠢᠨ ᠣᠯᠣᠯᠴᠠᠭ᠎ᠠ ᠬᠠᠮᠵᠢᠯᠴᠠᠭ᠎ᠠ ᠶᠢ ᠨᠢᠭᠲᠠᠷᠠᠭᠤᠯᠵᠤ ᠂ ᠠᠽᠢᠶ᠎ᠠ ᠲᠢᠪ ᠤᠨ | ᠬᠤᠪᠢ ᠵᠠᠶᠠᠭᠠᠨ ᠤ ᠬᠠᠮᠲᠤ ᠶᠢᠨ ᠴᠣᠭᠴᠠ ᠪᠣᠯᠣᠨ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ ᠭᠡᠵᠦ ᠢᠯᠡᠳᠬᠡᠪᠡ ᠃ | ᠸᠠᠩ ᠢ ᠠᠭᠤᠯᠵᠠᠯᠲᠠ ᠳᠤ ᠣᠷᠣᠯᠴᠠᠵᠠᠢ ᠃ | | |