ᠰᠢ ᠶᠢᠨ ᠫᠢᠩ ᠬᠤᠯᠠᠨᠳ᠋ ᠤᠨ ᠲᠡᠷᠢᠭᠦᠨ ᠰᠠᠶᠢᠳ ᠷᠦᠲ᠋ᠧ ᠲᠠᠢ ᠠᠭᠤᠯᠵᠠᠵᠠᠢ
ᠨᠡᠶᠢᠲᠡᠯᠡᠭᠰᠡᠨ ᠴᠠᠭ᠄
2024/3/28
  ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 27 ᠤ ᠴᠠᠭᠢᠯᠭᠠᠨ ᠮᠡᠳᠡᠭᠡ   3 ᠰᠠᠷ᠎ᠠ ᠶᠢᠨ 27 ᠤ ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠠᠵᠢᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠬᠤᠯᠠᠨᠳ᠋ ᠤᠨ ᠲᠡᠷᠢᠭᠦᠨ ᠰᠠᠶᠢᠳ ᠷᠦᠲ᠋ᠧ ᠲᠠᠢ ᠠᠭᠤᠯᠵᠠᠪᠠ ᠃  ᠰᠢ ᠶᠢᠨ ᠫᠢᠩ᠂ ᠣᠶᠢᠷ᠎ᠠ ᠶᠢᠨ ᠵᠢᠯ ᠠᠴᠠ ᠂ ᠳᠤᠮᠳᠠᠳᠤ ᠬᠤᠯᠠᠨᠳ᠋ ᠤᠨ ᠬᠠᠷᠢᠯᠴᠠᠭ᠎ᠠ ᠲᠣᠭᠲᠠᠭᠤᠨ ᠢᠶᠠᠷ ᠲᠦᠷᠭᠡᠨ ᠬᠥᠭᠵᠢᠵᠦ ᠂ ᠬᠤᠶᠠᠷ ᠤᠯᠤᠰ ᠤᠨ ᠡᠯ᠎ᠡ ᠬᠦᠷᠢᠶᠡᠨ ᠤ ᠬᠠᠮᠲᠤᠷᠠᠯᠴᠠᠭ᠎ᠠ ᠦᠷᠭᠦᠯᠵᠢᠯᠡᠨ ᠭᠦᠨᠵᠡᠭᠡᠶᠢᠷᠡᠵᠦ ᠂ ᠬᠤᠯᠠᠨᠳ᠋ ᠨᠢᠭᠡᠨᠲᠡ ᠨᠡᠷ᠎ᠡ ᠨᠢᠳᠡᠷ ᠲᠡᠭᠡᠨ ᠨᠡᠶᠢᠴᠡᠭᠰᠡᠨ ᠳᠤᠮᠳᠠᠳᠤ ᠡᠸᠦ᠋ᠷᠦᠫᠡ ᠶᠢᠨ ᠬᠠᠮᠲᠤᠷᠠᠯᠴᠠᠭᠠᠨ ᠤ ︽ ᠡᠭᠦᠳᠡ ᠡᠷᠦᠭᠡ ︾ ᠪᠣᠯᠵᠠᠢ ᠃ ᠳᠤᠮᠳᠠᠳᠤ ᠤᠯᠤᠰ ᠳᠤᠷᠠᠲᠠᠶ᠎ᠠ ᠬᠤᠯᠠᠨᠳ᠋ ᠤᠨ ᠬᠢᠨ ᠲᠠᠢ ᠡᠯ᠎ᠡ ᠳᠡᠰ ᠳᠠᠪᠬᠤᠷᠭ᠎ᠠ ᠶᠢᠨ ᠶᠠᠪᠤᠯᠴᠠᠭ᠎ᠠ ᠪᠠᠨ ᠪᠠᠲᠤᠯᠠᠵᠤ ᠂ ᠣᠯᠣᠯᠴᠠᠭ᠎ᠠ ᠶᠠᠷᠢᠯᠴᠠᠭ᠎ᠠ ᠪᠠᠨ ᠪᠠᠷᠢᠮᠲᠠᠯᠠᠵᠤ ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠲᠡᠭᠦ ᠶᠢ ᠪᠠᠷᠢᠮᠲᠠᠯᠠᠵᠤ ᠂ ᠳᠤᠮᠳᠠᠳᠤ ᠬᠤᠯᠠᠨᠳ᠋ ᠤᠨ ᠨᠡᠭᠡᠭᠡᠯᠲᠡ ᠬᠢᠵᠦ ᠪᠣᠳᠠᠲᠠᠢ ᠶᠢ ᠡᠷᠬᠢᠮᠯᠡᠭᠰᠡᠨ ᠪᠦᠭᠦ ᠲᠠᠯ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠲᠠᠰᠤᠷᠠᠯᠲᠠ ᠦᠭᠡᠢ ᠬᠥᠭᠵᠢᠬᠦ ᠶᠢ ᠠᠬᠢᠭᠤᠯᠤᠨ᠎ᠠ ᠃ ᠳᠤᠮᠳᠠᠳᠤ ᠤᠯᠤᠰ ᠳᠤᠷᠠᠲᠠᠶ᠎ᠠ ᠬᠤᠯᠠᠨᠳ᠋ ᠤᠨ ᠴᠢᠨᠠᠷ ᠰᠠᠶᠢᠲᠠᠢ ᠲᠠᠸᠠᠷ ᠢ ᠣᠷᠣᠭᠤᠯᠬᠤ ᠬᠡᠪᠴᠢᠶ᠎ᠡ ᠪᠠᠨ ᠥᠷᠭᠡᠳᠬᠡᠨ᠎ᠡ ᠂ ᠬᠤᠯᠠᠨᠳ᠋ ᠤᠨ ᠠᠵᠤ ᠠᠬᠤᠶᠢᠯᠠᠯ ᠤᠨ ᠳᠤᠮᠳᠠᠳᠤ ᠤᠯᠤᠰ ᠲᠤ ᠢᠷᠡᠵᠦ ᠪᠡᠯᠡ ᠣᠷᠣᠭᠤᠯᠬᠤ ᠶᠢ ᠪᠠᠶᠠᠷᠯᠠᠨ ᠤᠭᠲᠤᠵᠤ ᠂ ᠪᠠᠰᠠ ᠬᠤᠯᠠᠨᠳ᠋ ᠤᠨ ᠬᠢᠨ ᠤ ᠳᠤᠮᠳᠠᠳᠤ ᠤᠯᠤᠰ ᠤᠨ ᠠᠵᠤ ᠠᠬᠤᠶᠢᠯᠠᠯ ᠳᠤ ᠲᠥᠪ ᠭᠤᠣᠯᠴᠢ ᠂ ᠢᠯᠡ ᠲᠣᠳᠣ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠬᠠᠩᠭᠠᠬᠤ ᠶᠢ ᠬᠦᠰᠡᠵᠦ ᠪᠠᠶᠢᠨ᠎ᠠ ᠃ ᠬᠤᠶᠠᠷ ᠲᠠᠯ᠎ᠠ ᠪᠠᠷ ᠢᠶᠠᠨ ᠬᠥᠳᠡᠭᠡ ᠠᠵᠤ ᠠᠬᠤᠢ ᠂ ᠤᠰᠤᠨ ᠠᠰᠢᠭᠯᠠᠯᠲᠠ ᠂ ᠡᠨᠧᠷᠭᠢ ᠵᠡᠷᠭᠡ ᠤᠯᠠᠮᠵᠢᠯᠠᠯᠲᠤ ᠬᠠᠮᠲᠤᠷᠠᠯᠴᠠᠭ᠎ᠠ ᠪᠠᠨ ᠢᠳᠡᠪᠬᠢᠲᠡᠢ ᠠᠬᠢᠭᠤᠯᠬᠤ ᠶᠢᠨ ᠬᠠᠮᠲᠤ ᠵᠣᠬᠢᠶᠠᠮᠠᠯ ᠤᠶᠤᠨ ᠴᠢᠳᠠᠪᠤᠷᠢ ᠂ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠂ ᠪᠤᠭᠤᠷᠤᠯᠴᠤᠳ ᠤᠨ ᠠᠵᠤ ᠠᠬᠤᠢ ᠵᠡᠷᠭᠡ ᠬᠦᠷᠢᠶᠡᠨ ᠤ ᠬᠠᠮᠲᠤᠷᠠᠯᠴᠠᠭᠠᠨ ᠤ ᠲᠠᠯᠳᠠ ᠬᠦᠴᠦᠨ ᠢ ᠠᠭᠤᠳᠠᠯᠤᠶ᠎ᠠ ᠃ ᠬᠤᠶᠠᠷ ᠲᠠᠯ᠎ᠠ ᠪᠠᠷ ᠢᠶᠠᠨ ᠬᠥᠮᠥᠰ ᠤᠨ ᠶᠠᠪᠤᠯᠴᠠᠭ᠎ᠠ ᠳᠤ ᠲᠦᠭᠦᠮ ᠦᠵᠡᠭᠦᠯᠭᠦ ᠨᠡᠩ ᠤᠯᠠᠨ ᠠᠷᠭ᠎ᠠ ᠬᠡᠮᠵᠢᠶ᠎ᠡ ᠠᠪᠴᠤ ᠂ ᠰᠤᠷᠭᠠᠨ ᠬᠥᠮᠦᠵᠢᠯ ᠂ ᠰᠣᠶᠣᠯ ᠪᠣᠯᠣᠨ ᠠᠷᠠᠳ ᠤᠨ ᠬᠤᠭᠤᠷᠣᠨᠳᠣᠭᠢ ᠰᠣᠯᠢᠯᠴᠠᠭ᠎ᠠ ᠶᠢ ᠵᠣᠷᠢᠭᠵᠢᠭᠤᠯᠬᠤ ᠶᠢ ᠬᠦᠰᠡᠵᠦ ᠪᠠᠶᠢᠨ᠎ᠠ ᠃ ᠳᠤᠮᠳᠠᠳᠤ ᠤᠯᠤᠰ ᠳᠤᠷᠠᠲᠠᠶ᠎ᠠ ᠬᠤᠯᠠᠨᠳ᠋ ᠯᠤᠭ᠎ᠠ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠂ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠵᠡᠷᠭᠡ ᠤᠯᠠᠨ ᠲᠠᠯᠠᠲᠤ ᠪᠠᠶᠢᠭᠤᠯᠤᠮᠵᠢ ᠳᠠᠬᠢ ᠣᠯᠣᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ ᠂ ᠠᠭᠤᠷ ᠠᠮᠢᠰᠬᠤᠯ ᠤᠨ ᠬᠤᠪᠢᠷᠠᠯᠲᠠ ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠵᠡᠷᠭᠡ ᠪᠦᠭᠦ ᠪᠥᠮᠪᠥᠷᠴᠡᠭ ᠤᠨ ᠥᠷᠢᠰᠦᠯᠳᠦᠭᠡᠨ ᠢ ᠬᠠᠮᠲᠤ ᠪᠠᠷ ᠠᠷᠭᠠᠴᠠᠭᠠᠨ᠎ᠠ ᠭᠡᠵᠦ ᠵᠢᠭᠠᠵᠤ ᠭᠠᠷᠭᠠᠪᠠ ᠃  ᠰᠢ ᠶᠢᠨ ᠫᠢᠩ᠂ ᠠᠵᠤ ᠠᠬᠤᠢ ᠶᠢᠨ ᠳᠡᠯᠡᠬᠡᠶᠢᠵᠢᠯᠲᠡ ᠰᠥᠷᠭᠡᠦ ᠰᠠᠯᠬᠢᠨ ᠳᠤ ᠤᠴᠠᠷᠠᠬᠤ ᠮᠠᠭᠠᠳ ᠂ ᠭᠡᠪᠡᠴᠦ ᠲᠡᠦᠬᠡ ᠶᠢᠨ ᠶᠡᠭᠡ ᠬᠠᠨᠳᠤᠰᠢ ᠬᠤᠪᠢᠷᠠᠬᠤ ᠦᠭᠡᠢ ᠶᠤᠮ ᠂ ︽ ᠬᠠᠷᠢᠯᠴᠠᠭ᠎ᠠ ᠪᠠᠨ ᠲᠠᠰᠤᠯᠵᠤ ᠬᠡᠯᠬᠢᠶ᠎ᠡ ᠪᠠᠨ ᠲᠠᠰᠤᠯᠬᠤ ︾ ᠨᠢ ᠭᠠᠷᠬᠤ ᠵᠠᠮ ᠦᠭᠡᠢ ᠂ ᠨᠡᠭᠡᠭᠡᠯᠲᠡ ᠬᠢᠵᠦ ᠬᠠᠮᠲᠤᠷᠠᠯᠴᠠᠬᠤ ᠪᠣᠯ ᠴᠤᠷ ᠤᠨ ᠭᠠᠭᠴᠠ ᠰᠣᠩᠭᠤᠯᠲᠠ ᠪᠣᠯᠣᠨ᠎ᠠ ᠃ ᠨᠢᠭᠡ ᠨᠢ ᠢᠯᠠᠪᠠᠯ ᠨᠦᠭᠦᠭᠡ ᠨᠢ ᠢᠯᠠᠭᠳᠠᠬᠤ ᠂ ᠬᠠᠷ᠎ᠠ ᠪᠢᠰᠢ ᠪᠣᠯ ᠴᠠᠭᠠᠨ ᠪᠠᠶᠢᠬᠤ ᠭᠡᠬᠦ ᠬᠤᠶᠠᠷ ᠡᠰᠢᠲᠦ ᠡᠰᠡᠷᠭᠦᠴᠡᠯᠳᠦᠬᠦ ᠰᠡᠳᠬᠢᠬᠦᠢ ᠠᠯᠢ ᠡᠷᠲᠡ ᠴᠠᠭ ᠠᠴᠠ ᠥᠩᠭᠡᠷᠡᠵᠡᠢ ᠂ ᠵᠢᠩᠬᠢᠨᠢ ᠠᠮᠤᠷ ᠲᠦᠪᠰᠢᠨ ᠳᠡᠯᠡᠬᠡᠢ ᠶᠢᠷᠲᠢᠨᠴᠦ ᠪᠣᠯ ᠭᠦᠨ ᠠᠭᠤᠰᠤᠯᠴᠠᠭᠰᠠᠨ ᠂ ᠬᠠᠷᠢᠯᠴᠠᠨ ᠲᠦᠰᠢᠯᠴᠡᠭᠰᠡᠨ ᠳᠡᠯᠡᠬᠡᠢ ᠶᠢᠷᠲᠢᠨᠴᠦ ᠪᠠᠶᠢᠬᠤ ᠶᠣᠰᠣᠲᠠᠢ ᠭᠡᠵᠦ ᠳᠤᠮᠳᠠᠳᠤ ᠶᠢᠨ ᠲᠠᠯ᠎ᠠ ᠢᠮᠠᠭᠲᠠ ᠦᠵᠡᠭᠰᠡᠭᠡᠷ ᠢᠷᠡᠪᠡ ᠃ ᠵᠣᠷᠢᠭᠤᠳᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠪᠠᠬᠢᠯᠡᠯᠲᠡ ᠪᠣᠰᠬᠠᠵᠤ ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ ᠲᠠᠰᠤᠳᠠᠨ ᠰᠠᠯᠭᠠᠬᠤ ᠨᠢ ᠵᠥᠪᠭᠡᠨ ᠬᠠᠭᠠᠴᠠᠭᠤᠯᠬᠤ ᠪᠠ ᠡᠰᠡᠷᠭᠦᠴᠡᠯᠳᠦᠭᠦᠯᠬᠦ ᠳᠤ ᠬᠦᠷᠦᠭᠦᠯᠳᠡᠭ ᠃ ᠳᠤᠮᠳᠠᠳᠤ ᠤᠯᠤᠰ ᠤᠨ ᠠᠷᠠᠳ ᠲᠦᠮᠡᠨ ᠪᠠᠰᠠ ᠵᠦᠢ ᠶᠣᠰᠣᠨ ᠤ ᠬᠥᠭᠵᠢᠯᠲᠡ ᠶᠢᠨ ᠡᠷᠬᠡ ᠲᠠᠢ ᠂ ᠶᠠᠮᠠᠷᠪᠠ ᠬᠦᠴᠦᠨ ᠭᠡᠳ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠥᠭᠵᠢᠯᠲᠡ ᠲᠠᠪᠰᠢᠯᠳᠠ ᠶᠢᠨ ᠠᠯᠬᠤᠴᠠ ᠶᠢ ᠬᠤᠷᠢᠭᠯᠠᠵᠤ ᠴᠢᠳᠠᠬᠤ ᠦᠭᠡᠢ ᠶᠤᠮ ᠃ ᠳᠤᠮᠳᠠᠳᠤ ᠤᠯᠤᠰ ᠢᠮᠠᠭᠲᠠ ᠬᠠᠮᠲᠤ ᠪᠠᠷ ᠠᠰᠢᠭ ᠭᠦᠷᠳᠡᠭᠦ ᠣᠶᠢᠯᠠᠭᠠᠭᠳᠠᠬᠤᠨ ᠢ ᠪᠠᠷᠢᠮᠲᠠᠯᠠᠵᠤ ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠦᠷᠭᠦᠯᠵᠢᠯᠡᠨ ᠥᠷᠭᠡᠳᠬᠡᠵᠦ ᠂ ᠡᠯ᠎ᠡ ᠲᠠᠯ᠎ᠠ ᠶᠢᠨ ᠬᠢᠨ ᠲᠠᠢ ᠬᠥᠭᠵᠢᠯᠲᠡ ᠶᠢᠨ ᠠᠰᠢᠭ ᠢ ᠬᠠᠮᠲᠤ ᠪᠠᠷ ᠡᠳ᠋ᠯᠡᠨ᠎ᠡ ᠃ ᠳᠤᠮᠳᠠᠳᠤ ᠤᠯᠤᠰ ᠤᠨ ᠡᠸᠦ᠋ᠷᠦᠫᠡ ᠲᠢᠪ ᠲᠤ ᠠᠪᠬᠤ ᠲᠦᠷᠦ ᠶᠢᠨ ᠪᠣᠳᠣᠯᠭ᠎ᠠ ᠦᠷᠭᠦᠯᠵᠢᠯᠡᠨ ᠲᠣᠭᠲᠠᠭᠤᠨ ᠪᠠᠶᠢᠵᠤ ᠂ ᠡᠸᠦ᠋ᠷᠦᠫᠡ ᠲᠢᠪ ᠢ ᠤᠯᠠᠨ ᠲᠤᠶᠢᠯᠲᠤ ᠳᠡᠯᠡᠬᠡᠢ ᠶᠢᠨ ᠴᠢᠬᠤᠯᠠ ᠨᠢᠭᠡ ᠲᠤᠶᠢᠯ ᠪᠠ ᠬᠠᠮᠲᠤᠷᠠᠯᠴᠠᠭᠠᠨ ᠤ ᠬᠠᠨᠢᠲᠠᠨ ᠢᠶᠠᠷ ᠦᠵᠡᠨ᠎ᠡ ᠃ ᠬᠤᠯᠠᠨᠳ᠋ ᠤᠨ ᠬᠢᠨ ᠤ ᠳᠤᠮᠳᠠᠳᠤ ᠡᠸᠦ᠋ᠷᠦᠫᠡ ᠶᠢᠨ ᠣᠶᠢᠯᠠᠭᠠᠯᠴᠠᠭ᠎ᠠ ᠶᠢ ᠠᠬᠢᠭᠤᠯᠬᠤ ᠂ ᠪᠦᠲᠦᠭᠡᠯᠴᠢ ᠴᠢᠨᠠᠷᠲᠠᠢ ᠬᠠᠷᠢᠯᠴᠠᠭ᠎ᠠ ᠶᠢ ᠬᠥᠭᠵᠢᠭᠦᠯᠬᠦ ᠳᠤ ᠦᠷᠭᠦᠯᠵᠢᠯᠡᠨ ᠢᠳᠡᠪᠬᠢᠲᠡᠢ ᠦᠢᠯᠡᠳᠦᠯ ᠦᠵᠡᠭᠦᠯᠭᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ ᠃  ᠷᠦᠲ᠋ᠧ ᠂ 2013 ᠣᠨ ᠳᠤ ᠪᠢ ᠲᠡᠷᠢᠭᠦᠨ ᠰᠠᠶᠢᠳ ᠤᠨ ᠬᠤᠪᠢ ᠪᠠᠷ ᠠᠩᠬ᠎ᠠ ᠤᠳᠠᠭ᠎ᠠ ᠳᠤᠮᠳᠠᠳᠤ ᠤᠯᠤᠰ ᠲᠤ ᠠᠶᠢᠯᠴᠢᠯᠠᠵᠤ ᠂ ᠢᠯᠠᠩᠭᠤᠶ᠎ᠠ 2014 ᠣᠨ ᠳᠤ ᠲᠡᠷᠢᠭᠦᠯᠡᠭᠴᠢ ᠰᠢ ᠶᠢᠨ ᠫᠢᠩ ᠲᠠᠢ ᠬᠠᠮᠲᠤ ᠪᠠᠷ ᠬᠤᠯᠠᠨᠳ᠋ ᠳᠤᠮᠳᠠᠳᠤ ᠶᠢᠨ ᠨᠡᠭᠡᠭᠡᠯᠲᠡᠲᠡᠢ ᠪᠣᠳᠠᠲᠠᠢ ᠶᠢ ᠡᠷᠬᠢᠮᠯᠡᠭᠰᠡᠨ ᠪᠦᠭᠦ ᠲᠠᠯ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠪᠠᠶᠢᠭᠤᠯᠬᠤ ᠪᠠᠷ ᠨᠡᠶᠢᠲᠡᠯᠡᠭᠰᠡᠨ ᠠᠴᠠ ᠨᠠᠭᠠᠰᠢ ᠂ ᠬᠤᠶᠠᠷ ᠤᠯᠤᠰ ᠤᠨ ᠬᠠᠷᠢᠯᠴᠠᠭ᠎ᠠ ᠰᠠᠶᠢᠨ ᠰᠠᠶᠢᠬᠠᠨ ᠬᠥᠭᠵᠢᠯᠲᠡ ᠪᠠᠨ ᠪᠠᠲᠤᠯᠠᠵᠤ ᠂ ᠠᠷᠠᠯᠵᠢᠶᠠᠨ ᠤ ᠬᠡᠮᠵᠢᠶ᠎ᠡ ᠬᠤᠶᠠᠷ ᠲᠠᠭᠢᠨ ᠨᠡᠮᠡᠭᠳᠡᠵᠦ ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠯᠤᠲᠤ ᠶᠡᠭᠡ ᠲᠠᠯᠳᠠ ᠬᠦᠴᠦᠨ ᠪᠠ ᠠᠯᠤᠰ ᠢᠷᠡᠭᠡᠳᠦᠢ ᠲᠠᠢ ᠪᠣᠯᠵᠠᠢ ᠃ ︽ ᠬᠠᠷᠢᠯᠴᠠᠭ᠎ᠠ ᠪᠠᠨ ᠲᠠᠰᠤᠯᠵᠤ ᠬᠡᠯᠬᠢᠶ᠎ᠡ ᠪᠠᠨ ᠲᠠᠰᠤᠯᠬᠤ ︾ ᠨᠢ ᠬᠤᠯᠠᠨᠳ᠋ ᠤᠨ ᠵᠠᠰᠠᠭ ᠤᠨ ᠣᠷᠳᠣᠨ ᠤ ᠲᠥᠷᠥ ᠶᠢᠨ ᠪᠣᠳᠣᠯᠭ᠎ᠠ ᠶᠢᠨ ᠰᠣᠩᠭᠤᠯᠲᠠ ᠪᠢᠰᠢ ᠂ ᠤᠴᠢᠷ ᠨᠢ ᠳᠤᠮᠳᠠᠳᠤ ᠤᠯᠤᠰ ᠤᠨ ᠬᠥᠭᠵᠢᠯᠲᠡ ᠶᠢᠨ ᠠᠰᠢᠭ ᠲᠤᠰᠠ ᠶᠢ ᠬᠤᠬᠢᠷᠠᠭᠤᠯᠬᠤ ᠶᠠᠮᠠᠷᠪᠠ ᠠᠵᠢᠯᠯᠠᠭ᠎ᠠ ᠨᠢ ᠪᠦᠷ ᠥᠪᠡᠷ ᠤᠨ ᠪᠡᠶ᠎ᠡ ᠪᠠᠨ ᠬᠤᠬᠢᠷᠠᠭᠤᠯᠬᠤ ᠪᠣᠯᠣᠨ᠎ᠠ ᠃ ᠳᠤᠮᠳᠠᠳᠤ ᠶᠢᠨ ᠲᠠᠯ᠎ᠠ ᠶᠢᠨ ᠬᠢᠨ ᠤ ᠬᠤᠯᠠᠨᠳ᠋ ᠤᠨ ᠠᠷᠠᠳ ᠢᠷᠭᠡᠨ ᠤ ᠳᠤᠮᠳᠠᠳᠤ ᠤᠯᠤᠰ ᠲᠤ ᠢᠷᠡᠬᠦ ᠳᠤ 15 ᠡᠳᠦᠷ ᠤᠨ ᠸᠢᠰᠠ ᠠᠪᠬᠤ ᠦᠭᠡᠢ ᠬᠠᠷᠠᠭᠠᠯᠵᠠᠯ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ ᠃ ᠬᠤᠯᠠᠨᠳ᠋ ᠤᠨ ᠬᠢᠨ ᠳᠤᠮᠳᠠᠳᠤ ᠤᠯᠤᠰ ᠯᠤᠭ᠎ᠠ ᠶᠢᠨ ᠨᠥᠭᠦᠷᠰᠡᠭ ᠬᠠᠷᠢᠯᠴᠠᠭ᠎ᠠ ᠪᠠᠨ ᠨᠠᠨᠳᠢᠩᠨᠠᠵᠤ ᠂ ᠳᠤᠷᠠᠲᠠᠶ᠎ᠠ ᠳᠤᠮᠳᠠᠳᠤ ᠤᠯᠤᠰ ᠯᠤᠭ᠎ᠠ ᠬᠠᠨᠢᠲᠠᠨ ᠤ ᠬᠠᠷᠢᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ ᠂ ᠬᠥᠮᠥᠰ ᠤᠨ ᠶᠠᠪᠤᠯᠴᠠᠭ᠎ᠠ ᠳᠤ ᠲᠦᠭᠦᠮ ᠦᠵᠡᠭᠦᠯᠵᠦ ᠂ ᠠᠵᠤ ᠠᠬᠤᠢ ᠠᠷᠠᠯᠵᠢᠶ᠎ᠠ ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠵᠤ ᠂ ᠬᠤᠷᠢᠨ ᠤᠯᠤᠰ ᠤᠨ ᠪᠦᠯᠦᠭᠯᠡᠯ ᠵᠡᠷᠭᠡ ᠤᠯᠠᠨ ᠲᠠᠯ᠎ᠠ ᠶᠢᠨ ᠲᠠᠯᠠᠪᠤᠷ ᠵᠢᠴᠢ ᠳᠡᠯᠡᠬᠡᠢ ᠶᠢᠨ ᠪᠠ ᠭᠠᠵᠠᠷ ᠣᠷᠣᠨ ᠤ ᠬᠠᠯᠠᠮᠰᠢᠯ ᠠᠰᠠᠭᠤᠳᠠᠯ ᠤᠨ ᠲᠠᠯ᠎ᠠ ᠪᠠᠷ ᠬᠢ ᠣᠯᠣᠯᠴᠠᠭ᠎ᠠ ᠵᠣᠬᠢᠴᠠᠭᠤᠯᠭ᠎ᠠ ᠪᠠᠨ ᠨᠢᠭᠲᠠᠷᠠᠭᠤᠯᠤᠨ᠎ᠠ ᠭᠡᠵᠦ ᠢᠯᠡᠳᠬᠡᠪᠡ ᠃  ᠸᠠᠩ ᠢ ᠠᠭᠤᠯᠵᠠᠯᠲᠠ ᠳᠤ ᠣᠷᠣᠯᠴᠠᠵᠠᠢ ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号