ᠪᠥᠬᠦ ᠣᠷᠣᠨ ᠤ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢᠨ ᠲᠤᠷᠰᠢᠯᠭ᠎ᠠ ᠰᠣᠯᠢᠯᠴᠠᠬᠤ ᠪᠣᠯᠪᠠᠰᠤᠷᠠᠯ ᠤᠨ ᠬᠤᠷᠠᠯ ᠲᠦᠩᠯᠢᠶᠣᠤ ᠳᠤ ᠬᠤᠷᠠᠯᠳᠤᠪᠠ
ᠨᠡᠶᠢᠲᠡᠯᠡᠭᠰᠡᠨ ᠴᠠᠭ᠄
2024/3/29
  3 ᠳ᠋ᠤᠭᠠᠷ ᠰᠠᠷ᠎ᠠ ᠶᠢᠨ 27 ᠠᠴᠠ 28 ᠤ ᠡᠳᠦᠷ ᠪᠣᠯᠲᠠᠯ᠎ᠠ᠂ ᠪᠥᠬᠦ ᠣᠷᠣᠨ ᠤ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢᠨ ᠲᠤᠷᠰᠢᠯᠭ᠎ᠠ ᠰᠣᠯᠢᠯᠴᠠᠬᠤ ᠪᠣᠯᠪᠠᠰᠤᠷᠠᠯ ᠤᠨ ᠬᠤᠷᠠᠯ ᠲᠦᠩᠯᠢᠶᠣᠤ ᠬᠤᠲᠠ ᠳᠤ ᠬᠤᠷᠠᠯᠳᠤᠪᠠ᠃ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠦᠢᠯᠡᠰ ᠤᠨ ᠬᠠᠮᠢᠶᠠᠷᠤᠯᠲᠠ ᠶᠢᠨ ᠲᠥᠪ ᠤᠨ ᠮᠡᠷᠭᠡᠵᠢᠯ ᠤᠨ ᠦᠨᠡᠯᠡᠨ ᠲᠣᠭᠲᠠᠭᠠᠬᠤ ᠭᠠᠵᠠᠷ ᠤᠨ ᠳᠡᠳ᠋ ᠳᠠᠷᠤᠭ᠎ᠠ ᠲᠦ᠋ ᠵᠢᠶ ᠶᠢᠩ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠬᠤᠤ ᠮᠧᠩ᠂ ᠲᠦᠩᠯᠢᠶᠣᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠼᠤᠤ ᠶᠢᠨ ᠱᠠᠨ ᠪᠣᠯᠪᠠᠰᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃
交流培训会在通辽召开.jpg
  ᠪᠣᠯᠪᠠᠰᠤᠷᠠᠯ ᠤᠨ ᠬᠤᠷᠠᠯ ᠳᠡᠭᠡᠷ᠎ᠡ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠡᠮ ᠡᠮᠨᠡᠯᠭᠡ ᠶᠢᠨ ᠬᠠᠮᠢᠶᠠᠷᠤᠯᠲᠠ ᠶᠢᠨ ᠵᠤᠷᠭᠠᠨ ᠤ ᠲᠣᠭᠠᠴᠠᠭ᠎ᠠ ᠬᠢᠬᠦ ᠭᠠᠵᠠᠷ ᠤᠨ ᠵᠦ ᠵᠧᠨ ᠨᠥᠬᠦᠷ ︽DIP ᠶᠢᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢᠨ ᠵᠠᠩᠭᠢᠯᠠᠭ᠎ᠠ ᠶᠢᠨ ᠭᠤᠭᠴᠤᠭ᠎ᠠ︾ ᠶᠢ ᠨᠠᠷᠢᠨ ᠲᠠᠶᠢᠯᠪᠤᠷᠢᠯᠠᠵᠤ᠂ ᠲᠦᠩᠯᠢᠶᠣᠤ ᠬᠤᠲᠠ᠂ ᠤᠯᠠᠭᠠᠨᠬᠠᠳᠠ ᠬᠤᠲᠠ DIP ᠶᠢᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢᠨ ᠲᠤᠷᠰᠢᠯᠭ᠎ᠠ ᠪᠠ ᠨᠡᠶᠢᠲᠡᠯᠢᠭ ᠠᠷᠭ᠎ᠠ ᠬᠢᠳᠡᠯ ᠢ ᠬᠤᠪᠢᠶᠠᠯᠴᠠᠵᠤ᠂ ᠡᠮᠴᠢᠯᠡᠭᠡᠨ ᠤ ᠪᠠᠶᠢᠭᠤᠯᠤᠮᠵᠢ ᠶᠢᠨ ᠲᠥᠯᠥᠭᠡᠯᠡᠭᠴᠢ ᠲᠣᠰ ᠲᠣᠰ DIP ᠶᠢᠨ ᠪᠣᠳᠠᠲᠠᠶ ᠵᠠᠷᠤᠳᠠᠯ ᠲᠤᠰᠢᠶᠠᠬᠤ ᠠᠵᠢᠯ ᠤᠨ ᠳᠤᠮᠳᠠᠬᠢ ᠲᠥᠷᠥᠭᠳᠡᠯ᠂ ᠲᠤᠷᠰᠢᠯᠭ᠎ᠠ ᠵᠢᠴᠢ ᠲᠤᠯᠭᠠᠷᠠᠭᠰᠠᠨ ᠠᠰᠠᠭᠤᠳᠠᠯ ᠤᠨ ᠲᠤᠬᠠᠶ ᠲᠤᠬᠠᠶ ᠶᠢᠨ ᠲᠠᠯᠠᠪᠠᠶ ᠳᠤ ᠰᠠᠨᠠᠯ ᠢᠶᠠᠨ ᠰᠣᠯᠢᠯᠴᠠᠪᠠ᠃  ᠲᠣᠰ ᠤᠳᠠᠭᠠᠨ ᠤ ᠪᠣᠯᠪᠠᠰᠤᠷᠠᠯ ᠳᠤ᠂ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠮᠥᠨ᠂ ᠣᠨᠣᠰᠢᠯᠠᠨ ᠡᠮᠨᠡᠬᠦ ᠠᠵᠢᠯᠯᠠᠭ᠎ᠠ ᠶᠢ ᠵᠢᠷᠤᠮᠵᠢᠭᠤᠯᠬᠤ᠂ ᠰᠠᠭᠤᠷᠢ ᠮᠥᠩᠭᠦ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ᠂ ᠡᠮᠴᠢᠯᠡᠭᠡᠨ ᠤ ᠳᠠᠭᠠᠳᠬᠠᠯ ᠤᠨ ᠲᠦᠷᠢᠮ ᠤᠨ ᠦᠷᠭᠦᠯᠵᠢᠯᠡᠨ ᠬᠥᠭᠵᠢᠬᠦ ᠶᠢ ᠪᠡᠶᠡᠯᠡᠭᠦᠯᠬᠦ ᠪᠦᠲᠦᠮᠵᠢᠲᠡᠶ ᠠᠷᠭ᠎ᠠ ᠪᠠᠷᠢᠯ ᠮᠥᠨ᠃ ᠮᠠᠨ ᠤ ᠣᠷᠣᠨ ᠬᠤᠶᠠᠷ ᠵᠢᠯ ᠤᠨ ᠬᠤᠭᠤᠴᠠᠭ᠎ᠠ ᠶᠢ ᠠᠰᠢᠭᠯᠠᠨ᠂ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢᠨ ᠡᠭᠦᠷᠭᠡ ᠬᠠᠷᠠᠯᠲᠠ ᠶᠢ ᠤᠷᠢᠳᠴᠢᠯᠠᠨ ᠪᠡᠶᠡᠯᠡᠭᠦᠯᠵᠦ᠂ ᠪᠠᠶᠢᠭᠤᠯᠤᠮᠵᠢ᠂ ᠡᠪᠡᠳᠴᠢᠨ ᠤ ᠲᠥᠷᠥᠯ᠂ ᠰᠠᠭᠤᠷᠢ ᠮᠥᠩᠭᠦ ᠶᠢᠨ ᠪᠦᠷᠬᠦᠴᠡ ᠶᠢᠨ ᠨᠣᠷᠮ᠎ᠠ ᠨᠢ ᠴᠥᠮ ᠤᠯᠤᠰ ᠤᠨ ᠱᠠᠭᠠᠷᠳᠠᠯᠭ᠎ᠠ ᠠᠴᠠ ᠳᠠᠪᠠᠵᠤ᠂ ᠡᠮᠴᠢᠯᠡᠭᠡᠨ ᠤ ᠪᠠᠶᠢᠭᠤᠯᠤᠮᠵᠢ ᠠᠯᠬᠤᠮ ᠠᠯᠬᠤᠮ ᠢᠶᠠᠷ ᠵᠦᠶ ᠵᠣᠬᠢᠰᠲᠠᠶ ᠴᠢᠳᠠᠮᠵᠢ ᠶᠢᠨ ᠪᠠᠶᠢᠷᠢ ᠲᠣᠭᠲᠠᠭᠠᠯᠲᠠ ᠳᠤ ᠪᠠᠨ ᠪᠤᠴᠠᠵᠤ᠂ ᠡᠪᠡᠳᠴᠢᠲᠡᠨ ᠤ ᠡᠮᠴᠢᠯᠡᠭᠡᠨ ᠤ ᠵᠠᠷᠤᠳᠠᠯ ᠤᠨ ᠳᠠᠷᠤᠭᠠᠰᠤ ᠢᠯᠡᠳᠲᠡ ᠬᠥᠩᠭᠡᠷᠡᠪᠡ ᠭᠡᠵᠦ ᠵᠢᠭᠠᠵᠤ ᠭᠠᠷᠭᠠᠪᠠ᠃  ᠲᠣᠰ ᠤᠳᠠᠭᠠᠨ ᠤ ᠪᠣᠯᠪᠠᠰᠤᠷᠠᠯ ᠳᠤ᠂ ᠰᠠᠭᠤᠷᠢ ᠮᠥᠩᠭᠦ ᠶᠢ ᠳ᠋ᠦᠩᠨᠡᠨ ᠪᠤᠳᠤᠵᠤ ᠢᠯᠭᠠᠷᠠᠭᠤᠯᠤᠨ ᠪᠤᠳᠤᠬᠤ ᠠᠵᠢᠯ ᠪᠣᠯ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠶᠢᠨ ᠴᠢᠬᠤᠯᠠ ᠭᠤᠭᠴᠤᠭ᠎ᠠ ᠮᠥᠨ᠃ ᠡᠯ᠎ᠡ ᠱᠠᠲᠤᠨ ᠤ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠤᠳ ᠰᠠᠭᠤᠷᠢ ᠮᠥᠩᠭᠦ ᠶᠢᠨ ᠳ᠋ᠦᠩᠨᠡᠨ ᠪᠤᠳᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠠᠷ᠎ᠠ ᠶᠢᠨ ᠳ᠋ᠦᠩᠨᠡᠨ ᠪᠤᠳᠤᠬᠤ ᠵᠡᠷᠭᠡ ᠰᠠᠭᠤᠷᠢ ᠴᠢᠨᠠᠷᠲᠠᠶ ᠠᠵᠢᠯ ᠢ ᠰᠠᠶᠢᠲᠤᠷ ᠬᠢᠵᠦ᠂ ᠢᠯᠭᠠᠷᠠᠭᠤᠯᠤᠨ ᠪᠤᠳᠤᠬᠤ ᠠᠭᠤᠯᠭ᠎ᠠ ᠪᠠ ᠢᠯᠭᠠᠷᠠᠭᠤᠯᠤᠨ ᠪᠤᠳᠤᠬᠤ ᠴᠤᠪᠤᠷᠠᠯ ᠢ ᠲᠣᠳᠣᠷᠬᠠᠶᠢᠯᠠᠨ᠂ 2023 ᠣᠨ ᠤ ᠰᠠᠭᠤᠷᠢ ᠮᠥᠩᠭᠦ ᠶᠢᠨ ᠢᠯᠭᠠᠷᠠᠭᠤᠯᠤᠨ ᠪᠤᠳᠤᠬᠤ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠬᠡᠷᠡᠭᠲᠡᠶ︔   ᠤᠯᠤᠰ ᠤᠨ ᠡᠮᠴᠢᠯᠡᠭᠡᠨ ᠤ ᠳᠠᠭᠠᠳᠬᠠᠯ ᠤᠨ ᠮᠡᠳᠡᠭᠡ ᠵᠠᠩᠭᠢ ᠶᠢᠨ ᠲᠠᠪᠴᠠᠩ ᠤᠨ ᠬᠡᠷᠡᠭᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠮᠡᠳᠡᠭᠡ ᠵᠠᠩᠭᠢ ᠪᠠᠷ ᠠᠵᠢᠯ ᠢᠶᠠᠨ ᠠᠬᠢᠭᠤᠯᠵᠤ᠂ ᠮᠡᠳᠡᠭᠡ ᠵᠠᠩᠭᠢ ᠪᠠᠷ ᠬᠦᠴᠦᠨ ᠴᠢᠳᠠᠪᠤᠷᠢ ᠣᠯᠭᠤᠬᠤ ᠬᠡᠷᠡᠭᠲᠡᠢ︔  ᠤᠯᠠᠨ ᠰᠠᠯᠠᠭ᠎ᠠ ᠮᠥᠴᠢᠷ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠵᠥᠪᠳᠡᠯᠴᠡᠨ ᠬᠠᠮᠲᠤ ᠪᠠᠷ ᠵᠠᠰᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠲᠤᠰᠠᠲᠠᠢ ᠥᠨᠳᠥᠷ ᠪᠦᠲᠦᠮᠵᠢᠲᠡᠢ ᠬᠠᠮᠵᠢᠯᠴᠠᠭᠰᠠᠨ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠲᠣᠭᠲᠠᠴᠠ ᠶᠢ ᠪᠠᠶᠢᠭᠤᠯᠬᠤ ᠶᠢᠨ ᠬᠠᠮᠲᠤ᠂ ᠳ᠋ᠦᠩᠨᠡᠨ ᠪᠤᠳᠤᠬᠤ ᠢᠯᠭᠠᠷᠠᠭᠤᠯᠤᠨ ᠪᠤᠳᠤᠬᠤ ᠠᠵᠢᠯ ᠢ ᠨᠡᠩ ᠵᠢᠷᠤᠮᠵᠢᠭᠤᠨ᠂ ᠰᠢᠨᠵᠢᠯᠡᠬᠦ ᠤᠬᠠᠭᠠᠨᠴᠢ᠂ ᠥᠨᠳᠥᠷ ᠪᠦᠲᠦᠮᠵᠢᠲᠡᠢ ᠪᠣᠯᠭᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃  ᠲᠣᠰ ᠤᠳᠠᠭᠠᠨ ᠤ ᠪᠣᠯᠪᠠᠰᠤᠷᠠᠯ ᠢ ᠲᠤᠬᠠᠶ ᠶᠢᠨ ᠲᠠᠯᠠᠪᠤᠷ ᠪᠠ ᠰᠦᠯᠵᠢᠶᠡᠨ ᠳᠡᠭᠡᠷ᠎ᠡ ᠰᠢᠭᠤᠳ ᠨᠡᠪᠲᠡᠷᠡᠭᠦᠯᠬᠦ ᠶᠢ ᠤᠶᠠᠯᠳᠤᠭᠤᠯᠬᠤ ᠬᠡᠯᠪᠡᠷᠢ ᠪᠠᠷ ᠶᠠᠪᠤᠭᠳᠠᠭᠤᠯᠵᠤ᠂ ᠪᠥᠬᠦ ᠣᠷᠣᠨ ᠤ ᠡᠯ᠎ᠡ ᠱᠠᠲᠤᠨ ᠤ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠪᠠ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠬᠠᠮᠢᠶ᠎ᠠ ᠪᠥᠬᠦᠶ ᠬᠥᠮᠦᠰ ᠪᠣᠯᠪᠠᠰᠤᠷᠠᠯ ᠳᠤ ᠣᠷᠣᠯᠴᠠᠵᠤ᠂ ᠲᠤᠬᠠᠶ ᠶᠢᠨ ᠲᠠᠯᠠᠪᠤᠷ ᠲᠤ 300 ᠰᠢᠬᠠᠮ ᠬᠥᠮᠦᠨ ᠬᠤᠷᠠᠯ ᠳᠤ ᠣᠷᠣᠯᠴᠠᠵᠤ᠂ ᠰᠦᠯᠵᠢᠶᠡᠨ ᠳᠡᠭᠡᠷ᠎ᠡ 20000 ᠭᠠᠷᠤᠶ ᠬᠥᠮᠦᠨ ᠦᠵᠡᠵᠦ᠂ ᠰᠦᠯᠵᠢᠶᠡᠨ ᠳᠡᠭᠡᠷ᠎ᠡ ᠲᠣᠪᠴᠢᠳᠠᠭᠰᠠᠨ ᠬᠡᠮᠵᠢᠶ᠎ᠡ 107.6 ᠲᠦᠮᠡ ᠳᠤ ᠬᠥᠷᠪᠡ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号