ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠬᠤᠷᠠᠩᠳᠠ ᠭᠧᠨᠧᠷᠠᠯ ᠤᠨ ᠴᠡᠷᠢᠭ ᠤᠨ ᠴᠣᠯᠠ ᠳᠤ ᠳᠡᠪᠰᠢᠭᠦᠯᠬᠦ ᠶᠣᠰᠣᠯᠠᠯ ᠶᠠᠪᠤᠭᠤᠯᠪᠠ  ᠰᠢ ᠶᠢᠨ ᠫᠢᠩ ᠵᠠᠷᠯᠢᠭ ᠤᠨ ᠪᠢᠴᠢᠭ ᠭᠠᠷᠳᠠᠭᠤᠯᠤᠭᠰᠠᠨ ᠪᠥᠭᠡᠳ ᠴᠣᠯᠠ ᠳᠤ ᠳᠡᠪᠰᠢᠭᠰᠡᠨ ᠣᠹᠢᠼᠧᠷ ᠲᠤ ᠪᠠᠶᠠᠷ ᠬᠦᠷᠭᠡᠵᠡᠢ
ᠨᠡᠶᠢᠲᠡᠯᠡᠭᠰᠡᠨ ᠴᠠᠭ᠄
2024/3/29
  ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 28 ᠤ ᠴᠠᠭᠢᠯᠭᠠᠨ ᠮᠡᠳᠡᠭᠡ   ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠬᠤᠷᠠᠩᠳᠠ ᠭᠧᠨᠧᠷᠠᠯ ᠤᠨ ᠴᠡᠷᠢᠭ ᠤᠨ ᠴᠣᠯᠠ ᠳᠤ ᠳᠡᠪᠰᠢᠭᠦᠯᠬᠦ ᠶᠣᠰᠣᠯᠠᠯ 28 ᠤ ᠡᠳᠦᠷ ᠪᠡᠭᠡᠵᠢᠩ ᠤᠨ ︽ 8·1 ︾ ᠤ ᠶᠡᠭᠡ ᠠᠰᠠᠷ ᠲᠤ ᠶᠠᠪᠤᠭᠳᠠᠪᠠ ᠃ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠴᠣᠯᠠ ᠳᠤ ᠳᠡᠪᠰᠢᠭᠦᠯᠬᠦ ᠶᠣᠰᠣᠯᠠᠯ ᠳᠤ ᠣᠷᠣᠯᠴᠠᠵᠠᠢ ᠃
3-29.png
    3 ᠰᠠᠷ᠎ᠠ ᠶᠢᠨ 28 ᠤ ᠡᠳᠦᠷ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠬᠤᠷᠠᠩᠳᠠ ᠭᠧᠨᠧᠷᠠᠯ ᠤᠨ ᠴᠡᠷᠢᠭ ᠤᠨ ᠴᠣᠯᠠ ᠳᠤ ᠳᠡᠪᠰᠢᠭᠦᠯᠬᠦ ᠶᠣᠰᠣᠯᠠᠯ ᠪᠡᠭᠡᠵᠢᠩ ᠤᠨ ︽ 8·1 ︾ ᠤ ᠶᠡᠭᠡ ᠠᠰᠠᠷ ᠲᠤ ᠶᠠᠪᠤᠭᠳᠠᠪᠠ ᠃ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠴᠣᠯᠠ ᠳᠤ ᠳᠡᠪᠰᠢᠭᠦᠯᠬᠦ ᠶᠣᠰᠣᠯᠠᠯ ᠳᠤ ᠣᠷᠣᠯᠴᠠᠪᠠ ᠃ ᠵᠢᠷᠤᠭ ᠪᠣᠯ ᠰᠢ ᠶᠢᠨ ᠫᠢᠩ ᠵᠡᠷᠭᠡ ᠤᠳᠤᠷᠢᠳᠬᠤ ᠨᠥᠬᠦᠳ ᠬᠤᠷᠠᠩᠳᠠ ᠭᠧᠨᠧᠷᠠᠯ ᠤᠨ ᠴᠡᠷᠢᠭ ᠤᠨ ᠴᠣᠯᠠ ᠳᠤ ᠳᠡᠪᠰᠢᠭᠰᠡᠨ ᠣᠹᠢᠼᠧᠷ ᠲᠠᠢ ᠬᠠᠮᠲᠤ ᠭᠡᠷᠡᠯ ᠵᠢᠷᠤᠭ ᠲᠠᠲᠠᠭᠤᠯᠵᠤ ᠪᠠᠶᠢᠭ᠎ᠠ ᠨᠢ ᠃   ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠭᠠᠩ ᠰᠡᠭᠦᠳᠡᠷᠯᠡᠪᠡ    ᠦᠳᠡ ᠶᠢᠨ ᠬᠤᠶᠢᠨᠠᠬᠢ 5 ᠴᠠᠭ ᠤᠨ ᠦᠶ᠎ᠡ ᠪᠠᠷ ᠂ ᠴᠣᠯᠠ ᠳᠤ ᠳᠡᠪᠰᠢᠭᠦᠯᠬᠦ ᠶᠣᠰᠣᠯᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠳᠤᠮᠳᠠ ᠡᠬᠢᠯᠡᠪᠡ ᠃ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠳᠡᠳ᠋ ᠲᠡᠷᠢᠭᠦᠯᠡᠭᠴᠢ ᠵᠠᠩ ᠶᠢᠦ ᠰᠢᠶᠠ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ᠭᠠᠷ ᠤᠨ ᠦᠰᠦᠭ ᠵᠢᠷᠤᠭᠰᠠᠨ ᠬᠤᠷᠠᠩᠳᠠ ᠭᠧᠨᠧᠷᠡᠯ ᠤᠨ ᠴᠡᠷᠢᠭ ᠤᠨ ᠴᠣᠯᠠ ᠳᠤ ᠳᠡᠪᠰᠢᠭᠦᠯᠬᠦ ᠵᠠᠷᠯᠢᠭ ᠢ ᠤᠩᠰᠢᠨ ᠨᠡᠶᠢᠲᠡᠯᠡᠪᠡ ᠃ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠳᠡᠳ᠋ ᠲᠡᠷᠢᠭᠦᠯᠡᠭᠴᠢ ᠾᠧ ᠸᠧᠢ ᠳ᠋ᠦᠩ ᠴᠣᠯᠠ ᠳᠤ ᠳᠡᠪᠰᠢᠭᠦᠯᠬᠦ ᠶᠣᠰᠣᠯᠠᠯ ᠢ ᠡᠷᠭᠢᠯᠡᠪᠡ ᠃  ᠡᠨᠡ ᠤᠳᠠᠭ᠎ᠠ ᠬᠤᠷᠠᠩᠳᠠ ᠭᠧᠨᠧᠷᠠᠯ ᠤᠨ ᠴᠡᠷᠢᠭ ᠤᠨ ᠴᠣᠯᠠ ᠳᠤ ᠳᠡᠪᠰᠢᠭᠰᠡᠨ ᠣᠹᠢᠼᠧᠷ ᠪᠣᠯ ᠄ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠸᠠᠩ ᠷᠧᠨ ᠬᠤᠸᠠ ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠶᠡᠭᠡ ᠰᠤᠷᠭᠠᠭᠤᠯᠢ ᠶᠢᠨ ᠵᠠᠬᠢᠷᠤᠯ ᠰᠢᠶᠣᠣ ᠲᠢᠶᠠᠨ ᠯᠢᠶᠠᠩ ᠪᠣᠯᠣᠨ᠎ᠠ ᠃  ᠬᠤᠷᠠᠩᠳᠠ ᠭᠧᠨᠧᠷᠠᠯ ᠤᠨ ᠴᠡᠷᠢᠭ ᠤᠨ ᠴᠣᠯᠠ ᠳᠤ ᠳᠡᠪᠰᠢᠭᠰᠡᠨ 2 ᠣᠹᠢᠼᠧᠷ ᠰᠦᠷ ᠵᠢᠪᠬᠤᠭ᠎ᠠ ᠲᠠᠢ ᠪᠠᠷ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠢᠷᠡᠪᠡ ᠃ ᠰᠢ ᠶᠢᠨ ᠫᠢᠩ ᠲᠡᠳᠡᠨ ᠳᠤ ᠵᠠᠷᠯᠢᠭ ᠤᠨ ᠪᠢᠴᠢᠭ ᠭᠠᠷᠳᠠᠭᠤᠯᠵᠤ ᠂ ᠪᠠᠶᠠᠷ ᠬᠦᠷᠭᠡᠵᠦ ᠪᠠᠶᠢᠬᠤ ᠪᠠᠨ ᠢᠯᠡᠳᠬᠡᠪᠡ ᠃ ᠬᠤᠷᠠᠩᠳᠠ ᠭᠧᠨᠧᠷᠠᠯ ᠤᠨ ᠴᠡᠷᠢᠭ ᠤᠨ ᠴᠣᠯᠠ ᠶᠢᠨ ᠮᠥᠷᠥᠨ ᠤ ᠲᠡᠮᠳᠡᠭ ᠢ ᠵᠡᠭᠦᠭᠰᠡᠨ 2 ᠣᠹᠢᠼᠧᠷ ᠰᠢ ᠶᠢᠨ ᠫᠢᠩ ᠳᠤ ᠶᠣᠰᠣᠯᠠᠵᠤ ᠂ ᠶᠣᠰᠣᠯᠠᠯ ᠳᠤ ᠣᠷᠣᠯᠴᠠᠬᠰᠠᠨ ᠪᠦᠭᠦ ᠨᠥᠬᠦᠳ ᠲᠤ ᠶᠣᠰᠣᠯᠠᠭᠰᠠᠨ ᠳᠤ ᠲᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ ᠲᠠᠰᠢᠵᠠᠭᠠᠪᠠ ᠃  ᠴᠣᠯᠠ ᠳᠤ ᠳᠡᠪᠰᠢᠭᠦᠯᠬᠦ ᠶᠣᠰᠣᠯᠠᠯ ᠬᠠᠩᠭᠢᠨᠠᠮ᠎ᠠ ᠰᠠᠶᠢᠬᠠᠨ ᠴᠡᠷᠢᠭ ᠤᠨ ᠳᠠᠭᠤᠤ ᠶᠢᠨ ᠳᠤᠮᠳᠠ ᠲᠡᠭᠦᠰᠪᠡ ᠃ ᠳᠠᠷᠠᠭ᠎ᠠ  ᠨᠢ ᠂ ᠰᠢ ᠶᠢᠨ ᠫᠢᠩ ᠵᠡᠷᠭᠡ ᠤᠳᠤᠷᠢᠳᠬᠤ ᠨᠥᠬᠦᠳ ᠬᠤᠷᠠᠩᠳᠠ ᠭᠧᠨᠧᠷᠡᠯ ᠤᠨ ᠴᠡᠷᠢᠭ ᠤᠨ ᠴᠣᠯᠠ ᠳᠤ ᠳᠡᠪᠰᠢᠭᠰᠡᠨ ᠣᠹᠢᠼᠧᠷ ᠲᠠᠢ ᠬᠠᠮᠲᠤ ᠭᠡᠷᠡᠯ ᠵᠢᠷᠤᠭ ᠲᠠᠲᠠᠭᠤᠯᠪᠠ ᠃  ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠨ ᠯᠢᠦ ᠵᠧᠨ ᠯᠢ ᠂ ᠮᠢᠶᠣᠣ ᠬᠤᠸᠠ ᠂ ᠵᠠᠩ ᠱᠧᠩ ᠮᠢᠨ ᠂ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ ᠂ ᠪᠡᠭᠡᠵᠢᠩ ᠳᠤ ᠰᠠᠭᠤᠭ᠎ᠠ ᠴᠡᠷᠢᠭ ᠠᠩᠭᠢ ᠶᠢᠨ ᠬᠤᠯᠪᠣᠭᠳᠠᠯ ᠪᠦᠬᠦᠢ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ ᠴᠣᠯᠠ ᠳᠤ ᠳᠡᠪᠰᠢᠭᠦᠯᠬᠦ ᠶᠣᠰᠣᠯᠠᠯ ᠳᠤ ᠣᠷᠣᠯᠴᠠᠵᠠᠢ ᠃ 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号