ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ ︽ᠯᠸᠢ ᠹᠧᠩ ᠠᠴᠠ ᠰᠤᠷᠤᠯᠴᠠᠬᠤ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠵᠢᠴᠢ ᠨᠠᠮ ᠤᠨ ᠡᠭᠦᠷ ᠤᠨ ᠱᠦᠵᠢ ᠨᠠᠮ ᠤᠨ ᠬᠢᠴᠢᠶᠡᠯ ᠣᠷᠣᠪᠠ
ᠨᠡᠶᠢᠲᠡᠯᠡᠭᠰᠡᠨ ᠴᠠᠭ᠄
2024/3/6
  ᠯᠸᠢ ᠹᠧᠩ ᠤᠨ ᠵᠣᠷᠢᠭ ᠰᠠᠨᠠᠭ᠎ᠠ ᠶᠢ ᠰᠠᠶᠢᠲᠤᠷ ᠤᠯᠠᠮᠵᠢᠯᠠᠬᠤ ᠶᠢᠨ ᠲᠤᠰᠠᠳᠠ᠂ 2024 ᠣᠨ ᠤ 3 ᠳ᠋ᠤᠭᠠᠷ ᠰᠠᠷ᠎ᠠ ᠶᠢᠨ 5 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ ︽ᠯᠸᠢ ᠹᠧᠩ ᠠᠴᠠ ᠰᠤᠷᠤᠯᠴᠠᠬᠤ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠵᠢᠴᠢ ᠨᠠᠮ ᠤᠨ ᠡᠭᠦᠷ ᠤᠨ ᠱᠦᠵᠢ ᠨᠠᠮ ᠤᠨ ᠬᠢᠴᠢᠶᠡᠯ ᠣᠷᠣᠪᠠ᠃
支部书记讲党课1.jpg
  ᠬᠤᠷᠠᠯ ᠳᠡᠭᠡᠷ᠎ᠡ᠂ ᠡᠮ ᠡᠮᠨᠡᠯᠭᠡ ᠬᠤᠳᠠᠯᠳᠣᠨ ᠠᠪᠬᠤ ᠲᠥᠪ ᠤᠨ ᠨᠠᠮ ᠤᠨ ᠡᠭᠦᠷ ᠤᠨ ᠱᠦᠵᠢ᠂ ᠡᠷᠬᠢᠯᠡᠭᠴᠢ ᠯᠢᠦ ᠵᠢᠶᠦ᠋ᠨ ︽ᠯᠸᠢ ᠹᠧᠩ ᠤᠨ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠵᠤ᠂ ᠡᠷᠡᠯᠬᠡᠭᠯᠡᠨ ᠤᠷᠤᠭᠰᠢᠯᠠᠬᠤ ᠬᠦᠴᠦᠨ ᠢ ᠨᠢᠭᠲᠠᠷᠠᠭᠤᠯᠤᠶ᠎ᠠ — ᠡᠮ ᠡᠮᠨᠡᠯᠭᠡ ᠬᠤᠳᠠᠯᠳᠤᠨ ᠠᠪᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠰᠢᠨ᠎ᠡ ᠴᠠᠭ ᠦᠶ᠎ᠡ ᠶᠢᠨ ᠯᠸᠢ ᠹᠧᠩ ᠤᠨ ᠵᠣᠷᠢᠭ ᠰᠠᠨᠠᠭ᠎ᠠ ᠶᠢᠨ ᠦᠢᠯᠡᠳᠦᠯᠭᠡᠵᠢᠭᠦᠯᠦᠭᠴᠢ ᠪᠣᠯᠤᠶ᠎ᠠ︾ ᠭᠡᠬᠦ ᠰᠡᠳᠦᠪ ᠢᠶᠠᠷ ᠯᠸᠢ ᠹᠧᠩ ᠤᠨ ᠵᠣᠷᠢᠭ ᠰᠠᠨᠠᠭ᠎ᠠ ᠶᠢ ᠣᠶᠢᠯᠠᠭᠠᠬᠤ᠂ ᠯᠸᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠬᠤ᠂ ᠯᠸᠢ ᠹᠧᠩ ᠤᠨ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠬᠦ ᠵᠡᠷᠭᠡ ᠭᠤᠷᠪᠠᠨ ᠲᠠᠯ᠎ᠠ ᠠᠴᠠ ᠤᠯᠠᠨ ᠳᠤ ᠭᠦᠨᠵᠡᠭᠡᠢ ᠲᠠᠶᠢᠯᠤᠮᠵᠢ ᠬᠢᠵᠦ᠂ ᠪᠦᠬᠦ ᠨᠠᠮ ᠤᠨ ᠭᠡᠰᠢᠭᠦᠨ ᠺᠠᠳ᠋ᠷᠴᠤᠳ ᠤᠨ ᠲᠤᠰ ᠤᠳᠠᠭ᠎ᠠ ᠶᠢᠨ ᠯᠸᠢ ᠹᠧᠩ ᠠᠴᠠ ᠰᠤᠷᠤᠯᠴᠠᠬᠤ ᠳᠤᠷᠠᠰᠬᠠᠯ ᠤᠨ ᠡᠳᠦᠷ ᠢᠶᠠᠷ ᠠᠵᠠ ᠲᠣᠬᠢᠶᠠᠯ ᠪᠣᠯᠭᠠᠵᠤ᠂ ᠳᠡᠷᠭᠡᠳᠡᠬᠢ ᠬᠠᠮᠤᠭ ᠤᠨ ᠡᠭᠡᠯ ᠵᠢᠷ ᠤᠨ ᠵᠢᠵᠢᠭ ᠰᠠᠵᠢᠭ ᠶᠠᠪᠤᠳᠠᠯ ᠠᠴᠠ ᠡᠬᠢᠯᠡᠨ ᠬᠢᠵᠦ᠂ ᠪᠣᠳᠠᠲᠠᠢ ᠠᠵᠢᠯᠯᠠᠬᠤ ᠪᠠᠷ ᠤᠬ ᠰᠠᠨᠠᠭ᠎ᠠ ᠪᠠᠨ ᠪᠠᠲᠤ ᠰᠠᠬᠢᠵᠤ᠂ ᠦᠷ᠎ᠡ ᠪᠦᠲᠦᠮᠵᠢ ᠪᠠᠷ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠡᠮᠴᠢᠯᠡᠭᠡᠨ ᠤ ᠳᠠᠭᠠᠳᠬᠠᠯ᠂ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠶᠢᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠬᠠᠮᠲᠤ ᠪᠠᠷ ᠠᠬᠢᠭᠤᠯᠬᠤ ᠶᠢ ᠵᠣᠷᠢᠭᠵᠢᠭᠤᠯᠪᠠ᠃
支部书记讲党课2.jpg
  ᠬᠤᠷᠠᠯ ᠤᠨ ᠲᠠᠷᠠᠭ᠎ᠠ᠂ ᠪᠦᠬᠦ ᠠᠵᠢᠯᠳᠠᠨ ᠠᠵᠢᠯᠴᠢᠨ ︽ᠯᠸᠢ ᠹᠧᠩ ᠠᠴᠠ ᠲᠠᠭᠠᠨ ᠰᠤᠷᠤᠯᠴᠠᠵᠤ ᠰᠠᠶᠢᠨ ᠳᠠᠭᠤᠷᠢᠶᠠᠯ ᠦᠵᠡᠭᠦᠯᠦᠶ᠎ᠡ︾ ᠭᠡᠬᠦ ᠨᠠᠶᠢᠷᠠᠯ ᠳᠠᠭᠤᠤ ᠶᠢ ᠳᠠᠭᠤᠯᠠᠵᠤ᠂ ᠪᠦᠬᠦ ᠲᠠᠯᠠᠪᠠᠢ ᠶᠢᠨ ᠠᠵᠢᠯᠯᠠᠭ᠎ᠠ ᠶᠢ ᠲᠡᠭᠦᠰ ᠠᠮᠵᠢᠯᠲᠠ ᠲᠠᠢ ᠥᠨᠳᠦᠷᠯᠡᠭᠦᠯᠪᠡ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号