ᠬᠦᠨᠳᠦ ᠡᠪᠡᠳᠴᠢᠨ ᠮᠡᠳᠡᠷᠡᠯ ᠤᠨ ᠡᠪᠡᠳᠴᠢᠨ ᠢ ᠥᠪᠥᠷ ᠮᠣᠩᠭᠤᠯ ᠤᠨ ᠲᠤᠰ ᠱᠠᠲᠤᠨ ᠤ ᠡᠭᠦᠳᠡᠨ ᠡᠮᠨᠡᠯᠭᠡ ᠶᠢᠨ ᠪᠠᠲᠤᠯᠠᠭ᠎ᠠ ᠶᠢᠨ ᠬᠡᠪᠴᠢᠶᠡᠨ ᠳᠤ ᠣᠷᠤᠭᠤᠯᠤᠨ᠎ᠠ
ᠨᠡᠶᠢᠲᠡᠯᠡᠭᠰᠡᠨ ᠴᠠᠭ᠄
2024/3/6
  3 ᠳ᠋ᠤᠭᠠᠷ ᠰᠠᠷ᠎ᠠ ᠶᠢᠨ 4 ᠤ ᠡᠳᠦᠷ᠂ ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠬᠦᠨᠳᠦ ᠡᠪᠡᠳᠴᠢᠨ ᠮᠡᠳᠡᠷᠡᠯ ᠤᠨ ᠡᠪᠡᠳᠴᠢᠨ ᠤ ᠳᠠᠭᠠᠳᠬᠠᠯ ᠳᠤ ᠣᠷᠣᠯᠴᠠᠭᠰᠠᠳ ᠤᠨ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠵᠠᠷᠤᠳᠠᠯ ᠤᠨ ᠳᠠᠷᠤᠭᠠᠰᠤ ᠶᠢ ᠪᠦᠲᠦᠮᠵᠢᠲᠡᠶ ᠬᠥᠩᠭᠡᠷᠡᠭᠦᠯᠬᠦ ᠶᠢᠨ ᠲᠤᠰᠠᠳᠠ᠂ 3 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ᠂ ᠥᠪᠥᠷ ᠮᠣᠩᠭᠤᠯ ᠬᠦᠨᠳᠦ ᠡᠪᠡᠳᠴᠢᠨ ᠮᠡᠳᠡᠷᠡᠯ ᠤᠨ ᠡᠪᠡᠳᠴᠢᠨ ᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠶ ᠡᠪᠡᠳᠴᠢᠨ ᠤ ᠲᠥᠷᠥᠯ ᠤᠨ ᠬᠡᠪᠴᠢᠶᠡᠨ ᠳᠤ ᠣᠷᠣᠭᠤᠯᠪᠠ᠃  ᠰᠤᠷᠪᠤᠯᠵᠢᠯᠠᠭᠴᠢ ᠰᠤᠷᠪᠤᠯᠵᠢᠯᠠᠭ᠎ᠠ ᠶᠢᠨ ᠳᠤᠮᠳᠠ ᠠᠴᠠ ᠣᠶᠢᠯᠠᠭᠠᠭᠰᠠᠨ ᠢᠶᠠᠷ᠂ ᠳᠠᠭᠠᠳᠬᠠᠯ ᠳᠤ ᠣᠷᠣᠯᠴᠠᠭᠰᠠᠳ ᠡᠭᠦᠳᠡᠨ ᠡᠮᠨᠡᠯᠭᠡ ᠶᠢᠨ ᠣᠨᠴᠠᠭᠠᠶ ᠤᠳᠠᠭᠠᠨ ᠴᠢᠨᠠᠷᠲᠠᠶ ᠡᠪᠡᠳᠴᠢᠨ ᠤ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠳᠤ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠤ ᠨᠡᠶᠢᠴᠡᠬᠦ ᠡᠮ ᠡᠮᠨᠡᠯᠭᠡ ᠶᠢᠨ ᠵᠠᠷᠤᠳᠠᠯ ᠭᠠᠷᠪᠠᠯ᠂ ᠨᠢᠭᠡ ᠵᠢᠯ ᠤᠨ ᠳᠣᠲᠣᠷᠠᠬᠢ ᠦᠨᠳᠦᠰᠦᠨ ᠡᠮᠴᠢᠯᠡᠭᠡᠨ ᠤ ᠳᠠᠭᠠᠳᠬᠠᠯ ᠤᠨ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠶᠢᠨ ᠡᠬᠢᠯᠡᠵᠦ ᠲᠦᠯᠦᠪᠦᠷᠢ ᠥᠭᠬᠦ ᠪᠠᠷᠢᠮᠵᠢᠶ᠎ᠠ ᠨᠢ 300 ᠲᠥᠭᠦᠷᠢᠭ ᠪᠣᠯᠤᠨ᠎ᠠ᠃ ᠣᠨ ᠤ ᠲᠦᠯᠦᠪᠦᠷᠢ ᠥᠭᠬᠦ ᠬᠢᠵᠠᠭᠠᠷ ᠲᠤᠭ᠎ᠠ ᠶᠢ ᠦᠨᠳᠦᠰᠦᠨ ᠡᠮᠴᠢᠯᠡᠭᠡᠨ ᠤ ᠳᠠᠭᠠᠳᠬᠠᠯ ᠤᠨ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠪᠠ ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠲᠦᠯᠦᠪᠦᠷᠢ ᠥᠭᠬᠦ ᠬᠡᠪᠴᠢᠶᠡᠨ ᠳᠣᠲᠣᠷ᠎ᠠ ᠨᠡᠶᠢᠯᠡᠭᠦᠯᠦᠨ ᠪᠤᠳᠤᠨ᠎ᠠ᠂ ᠨᠢᠭᠡ ᠵᠢᠯ ᠤᠨ ᠳᠣᠲᠣᠷᠠᠬᠢ ᠬᠠᠮᠤᠭ ᠤᠨ ᠥᠨᠳᠥᠷ ᠲᠦᠯᠦᠪᠦᠷᠢ ᠥᠭᠬᠦ ᠬᠢᠵᠠᠭᠠᠷ ᠲᠤᠭ᠎ᠠ ᠨᠢ 30.5 ᠲᠦᠮᠡᠨ ᠲᠥᠭᠦᠷᠢᠭ ᠪᠣᠯᠤᠨ᠎ᠠ᠃ ᠡᠬᠢᠯᠡᠵᠦ ᠲᠥᠯᠥᠪᠦᠷᠢ ᠥᠭᠬᠦ ᠪᠠᠷᠢᠮᠵᠢᠶ᠎ᠠ ᠠᠴᠠ ᠥᠨᠳᠥᠷ᠂ ᠬᠠᠮᠤᠭ ᠤᠨ ᠥᠨᠳᠥᠷ ᠲᠦᠯᠦᠪᠦᠷᠢ ᠥᠭᠬᠦ ᠬᠢᠵᠠᠭᠠᠷ ᠲᠤᠭ᠎ᠠ ᠠᠴᠠ ᠳᠣᠣᠷ᠎ᠠ᠂ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷᠠᠬᠢ ᠡᠭᠦᠳᠡᠨ ᠡᠮᠨᠡᠯᠭᠡ ᠶᠢᠨ ᠡᠮ ᠡᠮᠨᠡᠯᠭᠡ ᠶᠢᠨ ᠵᠠᠷᠤᠳᠠᠯ ᠤᠨ ᠥᠭᠬᠦ ᠬᠠᠷᠢᠴᠠᠯ ᠨᠢ 90% ᠪᠣᠯᠤᠨ᠎ᠠ᠃  ᠡᠭᠦᠨ ᠠᠴᠠ ᠭᠠᠳᠠᠨ᠎ᠠ᠂ ᠬᠦᠨᠳᠦ ᠡᠪᠡᠳᠴᠢᠨ ᠮᠡᠳᠡᠷᠡᠯ ᠤᠨ ᠡᠪᠡᠳᠴᠢᠨ ︵M02100︶ ᠤ ᠬᠠᠷᠠᠭᠠᠯᠵᠠᠯ ᠢ ᠭᠤᠶᠤᠴᠢᠯᠠᠨ ᠮᠡᠳᠡᠭᠦᠯᠵᠦ ᠮᠠᠭᠠᠳᠯᠠᠨ ᠲᠣᠭᠲᠠᠭᠠᠬᠤ ᠪᠠ ᠡᠮᠨᠡᠨ ᠵᠠᠰᠠᠬᠤ ᠲᠥᠰᠦᠯ ᠢ ᠬᠤᠪᠢᠷᠠᠭᠤᠯᠬᠤ ᠠᠵᠢᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠷᠡᠯ ᠤᠨ ᠡᠷᠡᠭᠦᠯ ᠬᠠᠮᠠᠭᠠᠯᠠᠯ ᠤᠨ ᠲᠥᠪ ᠠᠴᠠ ᠭᠦᠢᠴᠡᠳᠬᠡᠨ᠎ᠡ᠃ ᠬᠦᠨᠳᠦ ᠡᠪᠡᠳᠴᠢᠨ ᠮᠡᠳᠡᠷᠡᠯ ᠤᠨ ᠡᠪᠡᠳᠴᠢᠨ ᠳᠤ ᠨᠡᠷᠪᠡᠭᠳᠡᠭᠰᠡᠨ ᠳᠠᠭᠠᠳᠬᠠᠯ ᠳᠤ ᠣᠷᠤᠯᠴᠠᠭᠴᠢ ᠪᠤᠶᠤ ᠣᠷᠣᠯᠠᠨ ᠭᠦᠢᠴᠡᠳᠬᠡᠭᠴᠢ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠷᠡᠯ ᠤᠨ ᠡᠷᠡᠭᠦᠯ ᠬᠠᠮᠠᠭᠠᠯᠠᠯ ᠤᠨ ᠲᠥᠪ ᠲᠤ ᠭᠤᠶᠤᠴᠢᠯᠠᠯ ᠢᠶᠠᠨ ᠳᠤᠷᠠᠳᠴᠤ ᠪᠣᠯᠤᠨ᠎ᠠ᠂ ᠭᠤᠶᠤᠴᠢᠯᠠᠨ ᠮᠡᠳᠡᠭᠦᠯᠬᠦ ᠳᠤ ᠪᠠᠨ ᠣᠨᠣᠰᠢᠯᠠᠯᠲᠠ ᠶᠢᠨ ᠭᠡᠷᠡᠴᠢ ᠪᠢᠴᠢᠭ ᠤᠨ ᠤᠭ ᠵᠦᠢᠯ ᠢ ᠨᠢ ᠬᠠᠩᠭᠠᠵᠤ᠂ ᠡᠪᠡᠳᠴᠢᠨ ᠤ ᠲᠥᠷᠥᠯ ᠲᠠᠢ ᠬᠤᠯᠪᠣᠭᠳᠠᠬᠤ ᠪᠦᠷᠢᠨ ᠪᠦᠲᠦᠨ ᠡᠮᠨᠡᠯᠭᠡ ᠳᠤ ᠰᠠᠭᠤᠭᠰᠠᠨ ᠡᠪᠡᠳᠴᠢᠨ ᠤ ᠲᠡᠦᠬᠡ᠂ ᠬᠦᠴᠦᠨ ᠪᠦᠬᠦᠢ ᠪᠡᠶ᠎ᠡ ᠶᠢᠨ ᠦᠨᠡᠮᠯᠡᠯ ᠢ ᠬᠠᠩᠭᠠᠬᠤ ᠬᠡᠷᠡᠭᠲᠡᠶ᠃  ᠦᠪᠦᠷ ᠮᠤᠩᠭᠤᠯ ᠤᠨ ᠡᠳᠦᠷ ᠤᠨ ᠰᠤᠨᠢᠨ᠂ ᠲᠠᠯ᠎ᠠ ᠨᠤᠳᠤᠭ ᠤᠨ ᠪᠦᠷᠢᠨ ᠵᠠᠭᠤᠴᠢᠯᠠᠭᠤᠷ ᠤᠨ ᠰᠤᠷᠪᠤᠯᠵᠢᠯᠠᠬᠴᠢ᠄ ᠮᠸᠢ ᠭᠠᠩ 
 
ᠢᠷᠡᠯᠲᠡ᠄ ᠲᠠᠯ᠎ᠠ ᠨᠤᠲᠤᠭ ᠤᠨ ᠪᠦᠷᠢᠨ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号