ᠲᠠᠪᠤᠨ ᠰᠠᠯᠠᠭ᠎ᠠ ᠮᠥᠴᠢᠷ᠄ ᠬᠡᠤᠬᠡᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠡᠷᠴᠢᠮ ᠢ ᠴᠢᠩᠭᠠᠷᠠᠭᠤᠯᠵᠤ᠂ ᠨᠢᠯᠬ᠎ᠠ ᠬᠡᠤᠬᠡᠳ ᠤᠨ ᠳᠠᠭᠠᠳᠬᠠᠯ ᠳᠤ ᠣᠷᠣᠯᠴᠠᠬᠤ ᠶᠠᠪᠤᠴᠠ ᠶᠢ ᠰᠢᠯᠢᠳᠡᠭᠵᠢᠭᠦᠯᠦᠨ᠎ᠡ
ᠨᠡᠶᠢᠲᠡᠯᠡᠭᠰᠡᠨ ᠴᠠᠭ᠄
2024/3/6
  ᠰᠤᠷᠪᠤᠯᠵᠢᠯᠠᠭᠴᠢ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠵᠤ          ᠮᠡᠳᠡᠭᠰᠡᠨ ᠨᠢ᠂ 3 ᠳ᠋ᠤᠭᠠᠷ ᠰᠠᠷ᠎ᠠ ᠶᠢᠨ 2 ᠤ ᠡᠳᠦᠷ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠰᠤᠷᠭᠠᠨ ᠬᠥᠮᠦᠵᠢᠯ ᠤᠨ ᠶᠠᠮᠤᠨ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠲᠠᠪᠤᠨ ᠰᠠᠯᠠᠭ᠎ᠠ ᠮᠥᠴᠢᠷ ᠮᠡᠳᠡᠭᠳᠡᠯ ᠨᠡᠶᠢᠲᠡᠯᠡᠵᠦ᠂ ᠬᠡᠦᠬᠡᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠲᠤᠰᠬᠠᠢ ᠠᠵᠢᠯᠯᠠᠭ᠎ᠠ ᠶᠢ ᠥᠷᠨᠢᠭᠦᠯᠪᠡ᠃    2024 ᠣᠨ ᠤ ᠡᠴᠦᠰ ᠲᠤ 80% ᠠᠴᠠ ᠳᠡᠭᠡᠭᠰᠢᠬᠢ ᠨᠢᠯᠬ᠎ᠠ ᠬᠡᠦᠬᠡᠳ ᠳᠦᠷᠦᠭᠰᠡᠨ ᠲᠤᠬᠠᠢ ᠶᠢᠨ ᠵᠢᠯ ᠳᠤ ᠪᠠᠨ ᠳᠠᠭᠠᠳᠬᠠᠯ ᠳᠤ ᠣᠷᠣᠯᠴᠠᠨ᠎ᠠ  ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠪᠥᠬᠦ ᠠᠷᠠᠳ ᠤᠨ ᠡᠮᠴᠢᠯᠡᠭᠡᠨ ᠤ ᠪᠠᠲᠤᠯᠠᠭ᠎ᠠ ᠶᠢᠨ ᠲᠥᠯᠥᠪᠵᠢᠭᠦᠯᠭᠡ︾ ᠳᠤ ᠳᠤᠷᠠᠳᠤᠭᠰᠠᠨ ᠵᠢᠯ ᠪᠦᠷᠢ ᠳᠤ 95% ᠠᠴᠠ ᠳᠡᠭᠡᠭᠰᠢᠬᠢ ᠳᠠᠭᠠᠳᠬᠠᠯ ᠳᠤ ᠣᠷᠣᠯᠴᠠᠬᠤ ᠨᠣᠷᠮ᠎ᠠ ᠶᠢᠨ ᠬᠠᠷᠠᠯᠲᠠ ᠶᠢ ᠪᠡᠶᠡᠯᠡᠭᠦᠯᠬᠦ ᠶᠢ ᠪᠣᠳᠣᠯᠬᠢᠯᠠᠨ᠂ ︽ᠮᠡᠳᠡᠭᠳᠡᠯ︾ ᠳᠤ 2024 ᠣᠨ ᠤ ᠡᠴᠦᠰ       ᠪᠣᠯᠲᠠᠯ᠎ᠠ᠂ 80% ᠠᠴᠠ ᠳᠡᠭᠡᠭᠰᠢᠬᠢ ᠨᠢᠯᠬ᠎ᠠ ᠬᠡᠤᠬᠡᠳ ᠢ ᠲᠥᠷᠥᠭᠰᠡᠨ ᠲᠤᠬᠠᠢ ᠶᠢᠨ ᠵᠢᠯ ᠳᠤ ᠪᠠᠨ ᠳᠠᠭᠠᠳᠬᠠᠯ ᠳᠤ ᠣᠷᠤᠯᠴᠠᠭᠤᠯᠬᠤ ᠪᠠᠷ ᠴᠢᠷᠮᠠᠶᠢᠨ᠎ᠠ ᠭᠡᠵᠦ ᠲᠣᠳᠣᠷᠬᠠᠶ ᠳᠤᠷᠠᠳᠪᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠰᠡᠭᠦᠯᠴᠢ ᠪᠣᠯᠬᠤ ᠳᠤ᠂ ᠬᠡᠤᠬᠡᠳ ᠤᠨ ᠳᠠᠭᠠᠳᠬᠠᠯ ᠳᠤ ᠣᠷᠣᠯᠴᠠᠬᠤ ᠨᠣᠷᠮ᠎ᠠ ᠲᠣᠭᠲᠠᠭᠤᠨ ᠤ ᠳᠤᠮᠳᠠ ᠳᠡᠭᠡᠭᠰᠢᠯᠡᠨ᠎ᠡ᠃ ᠬᠡᠤᠬᠡᠳ ᠤᠨ ᠲᠠᠭᠠᠳᠬᠠᠯ ᠳᠤ ᠤᠷᠤᠯᠴᠠᠬᠤ ᠲᠦᠷᠦ ᠶᠢᠨ ᠪᠤᠳᠤᠯᠭ᠎ᠠ ᠶᠢ ᠬᠠᠷᠢᠴᠠᠩᠭᠤᠢ ᠲᠤᠨᠨᠳᠠᠪᠤᠷᠢᠳᠠᠢ ᠪᠠᠶᠢᠯᠭᠠᠬᠤ ᠤᠷᠢᠳᠠᠯ ᠲᠤᠤᠷ᠎ᠠ᠂ ᠨᠢᠯᠬ᠎ᠠ ᠬᠡᠤᠬᠡᠳ ᠤᠨ ᠲᠠᠭᠠᠳᠬᠠᠯ ᠳᠤ ᠤᠷᠤᠯᠴᠠᠬᠤ ᠶᠠᠪᠤᠴᠠ ᠶᠢ ᠭᠤᠤᠯᠳᠠᠯᠭ᠎ᠠ ᠲᠠᠢ ᠰᠢᠯᠢᠳᠡᠭᠵᠢᠬᠦᠯᠵᠦ᠂ ᠲᠠᠭᠠᠳᠬᠠᠯ ᠳᠤ ᠣᠷᠤᠯᠴᠠᠬᠤ ᠲᠠᠩᠰᠠᠯᠠᠯᠳᠠ ᠶᠢᠨ ᠵᠠᠩᠬᠢᠯᠠᠭ᠎ᠠ ᠶᠢ ᠲᠦᠭᠦᠮᠴᠢᠯᠡᠨ᠂ ᠦᠢᠯᠡᠴᠢᠯᠡᠭᠡ ᠪᠠᠨ ᠰᠠᠶᠢᠵᠢᠷᠠᠭᠤᠯᠵᠦ᠂ ᠬᠠᠨᠳᠤᠯᠭᠠᠳᠤ ᠴᠢᠨᠠᠷ ᠲᠠᠢ ᠪᠠᠷ ᠠᠵᠢᠯ ᠤᠨ ᠱᠠᠭᠠᠷᠳᠠᠯᠭ᠎ᠠ ᠲᠤᠷᠠᠳᠬᠤ ᠶᠢᠨ ᠬᠠᠮᠳᠤ ᠤᠷᠤᠨ ᠨᠤᠳᠤᠭ ᠠᠴᠠ ᠬᠠᠶᠢᠨ ᠰᠦᠪᠡᠭᠴᠢᠯᠡᠬᠦ ᠪᠠ ᠰᠢᠨ᠎ᠠ ᠶᠢ ᠡᠭᠦᠳᠬᠦ ᠶᠢ ᠵᠤᠷᠢᠨᠨᠵᠢᠭᠤᠯᠵᠦ᠂ ᠬᠡᠤᠬᠡᠳ ᠤᠨ ᠲᠠᠭᠠᠳᠬᠠᠯ ᠳᠤ ᠤᠷᠤᠯᠴᠠᠬᠤ ᠬᠢᠷᠢ ᠬᠡᠮᠵᠢᠶ᠎ᠡ ᠶᠢ ᠲᠡᠬᠡᠭᠰᠢᠯᠡᠬᠦᠯᠦᠨ᠂ ᠬᠡᠤᠬᠡᠳ ᠤᠨ ᠡᠷᠡᠭᠦᠯ ᠮᠡᠨᠳᠦ ᠶᠢ ᠪᠠᠳᠤᠯᠠᠵᠦ᠂ ᠬᠡᠤᠬᠡᠳ ᠤᠨ ᠡᠷᠡᠭᠦᠯ ᠮᠡᠨᠳᠦ ᠶᠢ ᠬᠠᠮᠠᠭᠠᠯᠠᠨ᠎ᠠ᠃  2023 ᠣᠨ ᠳᠤ ᠳᠠᠭᠠᠳᠬᠠᠯ ᠳᠤ ᠣᠷᠣᠯᠴᠠᠭᠰᠠᠨ ᠬᠡᠦᠬᠡᠳ 2.56 ᠳ᠋ᠦᠩᠰᠢᠭᠤᠷ ᠬᠥᠮᠥᠨ ᠪᠠᠶᠢᠪᠠ  ᠬᠡᠤᠬᠡᠳ ᠪᠣᠯ ᠭᠡᠷ ᠪᠦᠯᠢ ᠶᠢᠨ ᠬᠦᠰᠡᠯ ᠡᠷᠡᠮᠡᠯᠵᠡᠯ ᠮᠥᠨ᠂ ᠤᠯᠤᠰ ᠪᠠ ᠦᠨᠳᠦᠰᠦᠲᠡᠨ ᠤ ᠢᠷᠡᠭᠡᠳᠦᠶ       ᠮᠥᠨ᠂ ᠬᠡᠤᠬᠡᠳ ᠬᠠᠤᠯᠢ ᠶᠣᠰᠣᠭᠠᠷ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠨᠢ ᠬᠡᠦᠬᠡᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠪᠠᠲᠤᠯᠠᠬᠤ ᠳᠤ ᠴᠢᠬᠤᠯᠠ ᠠᠴᠢ ᠬᠤᠯᠪᠣᠭᠳᠠᠯ ᠲᠠᠢ ᠪᠥᠭᠡᠳ ᠲᠦᠭ ᠲᠦᠮᠡᠨ ᠭᠡᠷ ᠪᠦᠯᠢ ᠶᠢᠨ ᠵᠣᠯ ᠵᠢᠷᠭᠠᠯᠲᠤ ᠠᠮᠢᠳᠤᠷᠠᠯ ᠤᠨ ᠴᠢᠬᠤᠯᠠ ᠪᠠᠲᠤᠯᠠᠭ᠎ᠠ ᠮᠥᠨ᠃ ᠮᠠᠨ ᠤ ᠤᠯᠤᠰ ᠤᠨ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠲᠦᠷᠢᠮ ᠪᠠᠶᠢᠭᠤᠯᠤᠭᠳᠠᠭᠰᠠᠨ ᠠᠴᠠ ᠨᠠᠭᠠᠰᠢ᠂ ᠬᠡᠦᠬᠡᠳ ᠤᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ ᠲᠣᠭᠲᠠᠭᠤᠨ ᠤ ᠳᠤᠮᠳᠠ ᠳᠡᠭᠡᠭᠰᠢᠯᠡᠵᠦ᠂ 2023 ᠣᠨ ᠳᠤ ᠳᠠᠭᠠᠳᠬᠠᠯ ᠳᠤ ᠣᠷᠣᠯᠴᠠᠭᠰᠠᠨ ᠬᠡᠦᠬᠡᠳ 2.56 ᠳ᠋ᠦᠩᠰᠢᠭᠤᠷ ᠬᠥᠮᠦᠨ ᠪᠤᠢ᠃ ᠬᠡᠦᠬᠡᠳ ᠤᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ ᠲᠣᠭᠲᠠᠭᠤᠨ ᠢᠶᠠᠷ ᠨᠡᠮᠡᠭᠳᠡᠵᠦ᠂ ᠬᠡᠦᠬᠡᠳ ᠤᠨ ᠡᠷᠡᠭᠦᠯ ᠮᠡᠨᠳᠦ ᠶᠢᠨ ᠡᠷᠬᠡ ᠠᠰᠢᠭ ᠢ ᠪᠠᠲᠤᠯᠠᠬᠤ ᠳᠤ ᠰᠠᠭᠤᠷᠢ ᠴᠢᠨᠠᠷᠲᠠᠶ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠶ ᠦᠢᠯᠡᠳᠦᠯ ᠦᠵᠡᠭᠦᠯᠪᠡ᠃ ᠭᠡᠪᠡᠴᠦ ᠡᠭᠦᠨ ᠤ ᠬᠠᠮᠲᠤ ᠪᠠᠰᠠ ᠰᠠᠶ᠋ᠢ ᠲᠥᠷᠥᠭᠰᠡᠨ ᠬᠡᠦᠬᠡᠳ ᠤᠨ ᠳᠠᠭᠠᠳᠬᠠᠯ ᠳᠤ ᠣᠷᠣᠯᠴᠠᠬᠤ ᠭᠠᠷᠳᠠᠮ ᠤᠯᠠᠨ᠂ ᠶᠠᠪᠤᠴᠠ ᠤᠷᠳᠤ ᠪᠠᠶᠢᠵᠤ᠂ ᠴᠥᠭᠡᠨ ᠲᠣᠭᠠᠨ ᠤ ᠭᠡᠷ ᠤᠨ ᠠᠬᠠᠮᠠᠳ ᠤᠨ ᠳᠠᠭᠠᠳᠬᠠᠯ ᠳᠤ ᠣᠷᠣᠯᠴᠠᠬᠤ ᠤᠬᠠᠮᠰᠠᠷ ᠴᠢᠩᠭ᠎ᠠ ᠪᠤᠰᠤ᠂ ᠣᠨᠴᠠ ᠵᠠᠷᠢᠮ ᠬᠤᠳᠠ ᠶᠢᠨ ᠪᠠᠶᠢᠩᠭᠤ ᠰᠠᠭᠤᠭ᠎ᠠ ᠬᠡᠦᠬᠡᠳ ᠤᠨ ᠳᠠᠭᠠᠳᠬᠠᠯ ᠳᠤ ᠣᠷᠣᠯᠴᠠᠬᠤ ᠡᠷᠦᠬᠡ ᠠᠮᠠ ᠶᠢᠨ ᠬᠢᠵᠠᠭᠠᠷᠯᠠᠯ ᠢ ᠬᠠᠷᠠᠬᠠᠨ ᠪᠦᠷᠢᠮᠦᠰᠦᠨ ᠴᠢᠯᠥᠭᠡᠲᠡᠢ ᠪᠣᠯᠭᠠᠭᠠᠳᠤᠢ ᠵᠡᠷᠭᠡ ᠠᠰᠠᠭᠤᠳᠠᠯ ᠣᠷᠣᠰᠢᠵᠤ᠂ ᠬᠠᠮᠲᠤ ᠶᠢᠨ ᠲᠠᠨᠢᠯᠲᠠ ᠶᠢ ᠤᠯᠠᠮ ᠨᠢᠭᠡ ᠠᠯᠬᠤᠮ ᠨᠢᠭᠲᠠᠷᠠᠭᠤᠯᠵᠤ᠂ ᠰᠠᠯᠠᠭ᠎ᠠ ᠮᠥᠴᠢᠷ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠬᠡᠦᠬᠡᠳ ᠤᠨ ᠳᠠᠭᠠᠳᠬᠠᠯ ᠳᠤ ᠣᠷᠣᠯᠴᠠᠬᠤ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠃ ᠬᠡᠦᠬᠡᠳ ᠤᠨ ᠡᠮᠴᠢᠯᠡᠭᠡᠨ ᠤ ᠪᠠᠲᠤᠯᠠᠭ᠎ᠠ ᠶᠢᠨ ᠡᠷᠬᠡ ᠠᠰᠢᠭ ᠢ ᠬᠠᠮᠠᠭᠠᠯᠠᠬᠤ ᠶᠢᠨ ᠲᠤᠰᠠᠳᠠ᠂ ᠤᠯᠤᠰ ᠤᠨ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠠᠴᠠ ᠰᠤᠷᠭᠠᠨ ᠬᠥᠮᠦᠵᠢᠯ ᠤᠨ ᠶᠠᠮᠤᠨ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠲᠥᠷᠥ ᠶᠢᠨ ᠶᠠᠪᠤᠳᠠᠯ ᠤᠨ ᠬᠤᠷᠢᠶᠠᠨ ᠤ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ᠂ ᠪᠥᠬᠦ ᠤᠯᠤᠰ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠲᠠᠢ ᠬᠠᠮᠲᠤᠷᠠᠨ ︽ᠬᠡᠦᠬᠡᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠲᠤᠰᠬᠠᠶ ᠠᠵᠢᠯᠯᠠᠭ᠎ᠠ ᠳᠤ ᠣᠷᠣᠯᠴᠠᠬᠤ ᠲᠤᠬᠠᠶ ᠮᠡᠳᠡᠭᠳᠡᠯ︾ ᠢ ᠰᠤᠳᠤᠯᠤᠨ ᠲᠤᠭᠤᠷᠪᠢᠪᠠ᠃  ᠬᠡᠦᠭᠡᠳ ᠤᠨ ᠲᠠᠭᠠᠳᠬᠠᠯ ᠳᠤ ᠤᠷᠤᠯᠴᠠᠬᠤ ᠲᠠᠶᠢᠴᠢᠯᠠᠯᠲᠠ ᠶᠢᠨ ᠡᠷᠴᠢᠮ ᠢ ᠴᠢᠩᠭᠠᠷᠠᠭᠤᠯᠤᠨ᠎ᠠ  ᠡᠯ᠎ᠡ ᠱᠠᠲᠤᠨ ᠤ ᠡᠮᠴᠢᠯᠡᠭᠡᠨ ᠤ ᠳᠠᠭᠠᠳᠬᠠᠯ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠡᠮᠡᠭᠲᠡᠶᠢᠴᠦᠳ ᠤᠨ ᠬᠤᠯᠪᠣᠭ᠎ᠠ ᠵᠡᠷᠭᠡ ᠰᠠᠯᠠᠭ᠎ᠠ ᠮᠥᠴᠢᠷ ᠪᠣᠯᠤᠨ ᠨᠢᠭᠡᠴᠢ ᠨᠦᠭᠦᠳ ᠳᠠᠭᠠᠳᠬᠠᠯ ᠳᠤ ᠣᠷᠣᠯᠴᠠᠬᠤ ᠤᠬᠠᠭᠤᠯᠤᠨ ᠳᠠᠶᠢᠴᠢᠯᠠᠬᠤ ᠡᠷᠴᠢᠮ ᠢᠶᠠᠨ ᠦᠨᠡᠨ ᠬᠦ ᠴᠢᠩᠭᠠᠷᠠᠭᠤᠯᠬᠤ ᠬᠡᠷᠡᠭᠲᠡᠶ᠃ ᠡᠯ᠎ᠡ ᠭᠠᠵᠠᠷ ᠤᠨ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠤᠳ ᠬᠡᠦᠬᠡᠳ ᠰᠠᠭᠠᠲᠠᠭᠤᠯᠬᠤ ᠪᠠᠶᠢᠭᠤᠯᠤᠮᠵᠢ᠂ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠴᠢᠳᠠᠮᠵᠢ ᠲᠠᠢ ᠨᠡᠶᠢᠭᠡᠮ ᠲᠣᠭᠤᠷᠢᠭ᠂ ᠠᠵᠢᠯᠲᠠᠨ ᠠᠵᠢᠯᠴᠢᠨ ᠳᠤ ᠠᠰᠠᠷᠠᠮᠵᠢ ᠶᠢᠨ ᠴᠢᠨᠠᠷᠲᠠᠶ ᠬᠡᠦᠬᠡᠳ ᠰᠠᠭᠠᠲᠠᠭᠤᠯᠬᠤ ᠦᠢᠯᠡᠴᠢᠯᠡᠭᠡ ᠬᠠᠩᠭᠠᠬᠤ ᠬᠥᠮᠦᠨ ᠬᠡᠷᠡᠭᠯᠡᠬᠦ ᠨᠢᠭᠡᠴᠢ ᠵᠡᠷᠭᠡ ᠶᠢ ᠳᠠᠶᠢᠴᠢᠯᠠᠵᠤ᠂ ᠬᠡᠦᠬᠡᠳ ᠤᠨ ᠡᠴᠢᠭᠡ ᠡᠬᠡ ᠵᠡᠷᠭᠡ ᠬᠢᠨᠠᠨ ᠬᠠᠮᠠᠭᠠᠯᠠᠭᠴᠢ ᠶᠢᠨ ᠳᠠᠭᠠᠳᠬᠠᠯ ᠳᠤ ᠣᠷᠣᠯᠴᠠᠬᠤ ᠤᠬᠠᠭᠤᠯᠭ᠎ᠠ ᠶᠢ ᠴᠢᠩᠭᠠᠳᠬᠠᠨ᠂ ᠬᠡᠦᠬᠡᠳ ᠢ ᠬᠥᠲᠥᠯᠥᠨ ᠵᠢᠯᠣᠭᠤᠳᠴᠤ ᠪᠠᠶᠢᠭᠠᠳ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠤᠯᠬᠤ ᠬᠡᠷᠡᠭᠲᠡᠶ᠃ ᠡᠯ᠎ᠡ ᠱᠠᠲᠤᠨ ᠤ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠨᠢ ᠦᠷᠡᠵᠢᠯ ᠤᠨ ᠡᠮᠴᠢᠯᠡᠭᠡᠨ ᠤ ᠵᠠᠷᠤᠳᠠᠯ ᠤᠨ ᠳᠠᠩᠰᠠ ᠴᠠᠶᠢᠷᠠᠭᠤᠯᠬᠤ ᠭᠠᠷᠳᠠᠮ ᠭᠦᠢᠴᠡᠳᠬᠡᠬᠦ ᠳᠤ ᠪᠠᠨ ᠰᠢᠨ᠎ᠡ ᠲᠥᠷᠥᠭᠰᠡᠨ ᠬᠡᠦᠬᠡᠳ ᠤᠨ ᠳᠠᠭᠠᠳᠬᠠᠯ ᠳᠤ ᠣᠷᠣᠯᠴᠠᠭᠰᠠᠨ ᠪᠠᠶᠢᠳᠠᠯ ᠢ ᠰᠠᠨᠠᠭᠠᠴᠢᠯᠠᠭ᠎ᠠ ᠠᠴᠠ ᠪᠠᠨ ᠣᠶᠢᠯᠠᠭᠠᠵᠤ᠂ ᠴᠠᠭ ᠲᠤᠬᠠᠶ ᠳᠤ ᠨᠢ ᠤᠬᠠᠭᠤᠯᠤᠨ ᠳᠠᠶᠢᠴᠢᠯᠠᠵᠤ ᠳᠠᠭᠠᠳᠬᠠᠯ ᠳᠤ ᠣᠷᠣᠯᠴᠠᠭᠤᠯᠬᠤ ᠬᠡᠷᠡᠭᠲᠡᠶ᠃ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠤᠳ ᠰᠠᠨᠠᠭᠠᠴᠢᠯᠠᠭ᠎ᠠ ᠠᠴᠠ ᠪᠠᠨ ᠨᠡᠶᠢᠭᠡᠮ ᠲᠣᠭᠤᠷᠢᠭ ᠵᠡᠷᠭᠡ ᠳᠤ ᠭᠦᠨᠵᠡᠭᠡᠶᠢᠷᠡᠵᠦ᠂ ᠬᠡᠤᠬᠡᠳ ᠲᠤ ᠳᠣᠭᠢᠷᠠᠬᠤ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠶᠢ ᠲᠥᠪᠯᠡᠷᠡᠭᠦᠯᠦᠨ ᠥᠷᠨᠢᠭᠦᠯᠵᠦ᠂ ᠬᠡᠷ ᠤᠨ ᠠᠬᠠᠮᠠᠳ ᠤᠨ ᠦᠷ᠎ᠡ ᠬᠡᠤᠬᠡᠳ ᠲᠤ ᠪᠠᠨ ᠴᠠᠭ ᠲᠤᠬᠠᠶ ᠳᠤ ᠨᠢ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠦᠵᠡᠯ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠶ᠃ ᠡᠯ᠎ᠡ ᠱᠠᠲᠤᠨ ᠤ ᠡᠮᠡᠭᠲᠡᠶᠢᠴᠦᠳ ᠬᠡᠤᠬᠡᠳ ᠤᠨ ᠠᠵᠢᠯ ᠤᠨ ᠵᠦᠪᠯᠡᠯ ᠤᠨ ᠠᠯᠪᠠᠨ ᠬᠡᠷ ᠨᠢ ᠵᠣᠬᠢᠶᠠᠨ ᠪᠠᠶᠢᠭᠤᠯᠬᠤ᠂ ᠵᠣᠬᠢᠴᠠᠭᠤᠯᠬᠤ᠂ ᠵᠢᠯᠣᠭᠤᠳᠬᠤ᠂ ᠱᠠᠯᠠᠪᠳᠠᠭᠤᠯᠬᠤ ᠡᠭᠦᠷᠭᠡ ᠴᠢᠳᠠᠪᠤᠷᠢ ᠪᠠᠨ ᠪᠠᠳᠠᠷᠠᠭᠤᠯᠵᠤ᠂ ᠬᠡᠤᠬᠡᠳ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠪᠦᠷᠬᠦᠴᠡ ᠶᠢᠨ ᠨᠣᠷᠮ᠎ᠠ ᠶᠢ ᠪᠠᠬᠢᠵᠢᠭᠦᠯᠦᠨ ᠳᠡᠭᠡᠭᠰᠢᠯᠡᠭᠦᠯᠬᠦ ᠶᠢ ︽ᠳᠤᠮᠳᠠᠳᠤ ᠤᠯᠤᠰ ᠤᠨ ᠬᠡᠤᠬᠡᠳ ᠤᠨ ᠬᠥᠭᠵᠢᠯᠲᠡ ᠶᠢᠨ ᠬᠥᠲᠥᠯᠪᠦᠷᠢ ︵2021 — 2030 ᠣᠨ︶︾ ᠶᠢ ᠨᠠᠶᠢᠳᠠᠪᠤᠷᠢᠵᠢᠭᠤᠯᠬᠤ ᠭᠤᠤᠯᠳᠠᠯᠭ᠎ᠠ ᠲᠠᠢ ᠬᠠᠷᠠᠯᠲᠠ ᠡᠭᠦᠷᠭᠡ ᠶᠢᠨ ᠨᠢᠭᠡ ᠪᠣᠯᠭᠠᠨ᠎ᠠ᠃  ᠨᠢᠯᠬ᠎ᠠ ᠬᠡᠦᠬᠡᠳ ᠤᠨ ᠳᠠᠭᠠᠳᠬᠠᠯ ᠳᠤ ᠣᠷᠣᠯᠴᠠᠬᠤ ᠶᠠᠪᠤᠴᠠ ᠶᠢ ᠰᠢᠯᠢᠳᠡᠭᠵᠢᠭᠦᠯᠦᠨ᠎ᠡ  ᠡᠯ᠎ᠡ ᠭᠠᠵᠠᠷ ᠤᠨ ᠬᠢᠨ ︽ᠲᠦᠷᠦᠬᠦ‍ ᠨᠢᠭᠡ ᠶᠠᠪᠤᠳᠠᠯ︾ ᠢ ᠲᠥᠪᠯᠡᠷᠡᠭᠦᠯᠦᠨ ᠭᠦᠢᠴᠡᠳᠬᠡᠬᠦ ᠶᠢ ᠲᠦᠷᠭᠡᠳᠬᠡᠨ ᠠᠬᠢᠭᠤᠯᠵᠤ᠂ ᠬᠠᠷᠠᠬᠠᠨ ᠨᠠᠶᠢᠳᠠᠪᠤᠷᠢᠵᠢᠭᠤᠯᠤᠭᠠᠳᠤᠶ ᠭᠠᠵᠠᠷ ᠣᠷᠣᠨ ᠳᠤ᠂ ᠡᠮᠴᠢᠯᠡᠭᠡᠨ ᠤ ᠳᠠᠭᠠᠳᠬᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠵᠡᠷᠭᠡ ᠰᠠᠯᠠᠭ᠎ᠠ ᠮᠥᠴᠢᠷ ᠤᠳ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ        ᠴᠢᠩᠭᠠᠳᠬᠠᠵᠤ᠂ ᠨᠢᠯᠬ᠎ᠠ ᠬᠡᠦᠬᠡᠳ ᠤᠨ ᠳᠠᠭᠠᠳᠬᠠᠯ ᠳᠤ ᠣᠷᠣᠯᠴᠠᠬᠤ ᠠᠵᠢᠯ ᠢ ᠴᠠᠭ ᠲᠤᠬᠠᠶ ᠳᠤ ᠨᠢ ᠰᠠᠶᠢᠲᠤᠷ ᠬᠢᠬᠦ ᠬᠡᠷᠡᠭᠲᠡᠶ᠃ ᠨᠢᠯᠬ᠎ᠠ ᠬᠡᠤᠬᠡᠳ ᠢ ᠵᠠᠷᠴᠢᠮ ᠳᠡᠭᠡᠷ᠎ᠡ ᠪᠠᠨ ᠲᠥᠷᠥᠭᠰᠡᠨ ᠤ ᠳᠠᠷᠠᠭᠠᠬᠢ 90 ᠡᠳᠦᠷ ᠤᠨ ᠳᠣᠲᠣᠷ᠎ᠠ ᠲᠣᠭᠲᠠᠭᠠᠯ ᠶᠣᠰᠣᠭᠠᠷ ᠳᠠᠭᠠᠳᠬᠠᠯ ᠳᠤ ᠣᠷᠤᠯᠴᠠᠭᠤᠯᠵᠤ ᠰᠦᠢᠳᠬᠡᠯ ᠲᠤᠰᠢᠶᠠᠨ᠎ᠠ᠂ ᠲᠥᠷᠥᠭᠰᠡᠨ ᠡᠳᠦᠷ ᠠᠴᠠ ᠡᠬᠢᠯᠡᠨ ᠡᠭᠦᠰᠦᠭᠰᠡᠨ ᠲᠣᠭᠲᠠᠭᠠᠯ ᠳᠤ ᠨᠡᠶᠢᠴᠡᠬᠦ ᠡᠮᠴᠢᠯᠡᠭᠡᠨ ᠤ ᠵᠠᠷᠤᠳᠠᠯ ᠢ ᠴᠥᠮ ᠡᠮᠴᠢᠯᠡᠭᠡᠨ ᠤ ᠳᠠᠭᠠᠳᠬᠠᠯ ᠤᠨ ᠲᠠᠩᠰᠠ ᠴᠠᠶᠢᠷᠠᠭᠤᠯᠬᠤ ᠬᠡᠪᠴᠢᠶᠡᠨ ᠳᠤ ᠣᠷᠣᠭᠤᠯᠵᠤ ᠪᠣᠯᠤᠨ᠎ᠠ᠃ ᠣᠨᠴᠠ ᠵᠠᠷᠢᠮ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠨᠢ ᠳᠡᠭᠡᠷ᠎ᠡ ᠳᠤᠷᠠᠳᠤᠭᠰᠠᠨ ᠲᠣᠭᠲᠠᠭᠠᠯ ᠲᠠᠢ ᠨᠡᠶᠢᠴᠡᠬᠦ ᠦᠭᠡᠶ ᠪᠣᠯ᠂ ᠠᠯᠢ ᠪᠣᠯᠬᠤᠶᠢᠴᠠ ᠲᠦᠷᠭᠡᠨ ᠢᠶᠠᠷ ᠲᠣᠬᠢᠷᠠᠭᠤᠯᠤᠯᠲᠠ ᠬᠢᠬᠦ ᠬᠡᠷᠡᠭᠲᠡᠶ᠃ ᠣᠷᠣᠨ ᠨᠤᠲᠤᠭ ᠤᠨ ᠬᠥᠩᠭᠡᠵᠢᠯᠲᠡ ᠶᠢᠨ ᠠᠨᠠᠭᠠᠬᠤ ᠤᠬᠠᠭᠠᠨ ᠤ ᠭᠡᠷᠡᠴᠢ ᠪᠠᠷ ᠢᠶᠠᠨ ᠨᠢᠯᠬ᠎ᠠ ᠬᠡᠦᠬᠡᠳ ᠢ ᠳᠠᠭᠠᠳᠬᠠᠯ ᠳᠤ ᠣᠷᠤᠯᠴᠠᠭᠤᠯᠬᠤ ᠶᠢ ᠰᠦᠪᠡᠭᠴᠢᠯᠡᠬᠦ ᠶᠢᠨ ᠬᠠᠮᠲᠤ᠂ ᠲᠥᠷᠥᠯ ᠰᠠᠳᠤᠨ ᠤ ᠳᠠᠩᠰᠠᠨ ᠡᠷᠦᠬᠡ ᠪᠤᠶᠤ ᠭᠠᠷᠳᠠᠨ ᠬᠢᠬᠦ ᠪᠠᠶᠢᠭᠤᠯᠤᠮᠵᠢ ᠪᠠᠷ ᠳᠠᠮᠵᠢᠭᠤᠯᠤᠨ ᠲᠡᠳᠡᠨ ᠤ ᠡᠮᠴᠢᠯᠡᠭᠡᠨ ᠤ ᠳᠠᠭᠠᠳᠬᠠᠯ ᠤᠨ ᠺᠣᠳ᠋ ᠢ ᠭᠦᠢᠴᠡᠳᠬᠡᠵᠦ ᠪᠣᠯᠬᠤ ᠶᠢ ᠵᠣᠷᠢᠭᠵᠢᠭᠤᠯᠤᠨ᠎ᠠ᠂ ᠳᠦᠷᠦᠭᠰᠡᠨ ᠤ ᠳᠠᠷᠠᠭ᠎ᠠ 180 ᠡᠳᠦᠷ ᠤᠨ ᠳᠣᠲᠣᠷ᠎ᠠ ᠴᠥᠮ ᠡᠮᠴᠢᠯᠡᠭᠡᠨ ᠤ ᠳᠠᠭᠠᠳᠬᠠᠯ ᠤᠨ ᠺᠣᠳ᠋ ᠢᠶᠠᠷ ᠢᠶᠠᠨ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠰᠢᠭᠤᠳ ᠡᠮᠨᠡᠭᠦᠯᠵᠦ ᠳ᠋ᠦᠩᠨᠡᠨ ᠪᠣᠳᠣᠵᠤ ᠪᠣᠯᠣᠨ᠎ᠠ᠃ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠠᠴᠠ ᠰᠠᠶ᠋ᠢ ᠲᠥᠷᠥᠭᠰᠡᠨ ᠬᠡᠦᠬᠡᠳ ᠤᠨ ᠠᠪᠤ ᠡᠵᠢ ᠶᠢ ᠨᠢ ᠵᠢᠯᠣᠭᠤᠳᠴᠤ ᠪᠠᠶᠢᠭᠠᠳ ᠨᠢᠯᠬ᠎ᠠ ᠬᠡᠦᠬᠡᠳ ᠲᠤ ᠡᠷᠦᠬᠡ ᠠᠮᠠ ᠣᠷᠣᠭᠤᠯᠬᠤ ᠶᠢ ᠭᠦᠢᠴᠡᠳᠬᠡᠭᠰᠡᠨ ᠤ ᠳᠠᠷᠠᠭ᠎ᠠ᠂ ᠨᠢᠯᠬ᠎ᠠ ᠬᠡᠦᠬᠡᠳ ᠤᠨ ᠳᠠᠭᠠᠳᠬᠠᠯ ᠳᠤ ᠣᠷᠣᠭᠰᠠᠨ ᠮᠡᠳᠡᠭᠡ ᠵᠠᠩᠭᠢ ᠶᠢ ᠴᠠᠭ ᠲᠤᠬᠠᠢ ᠳᠤ ᠨᠢ ᠰᠢᠨᠡᠳᠬᠡᠨ᠎ᠡ᠃  ᠵᠣᠭᠤᠰ ᠢᠶᠠᠷ ᠲᠤᠰᠠᠯᠠᠬᠤ ᠨᠥᠬᠦᠴᠡᠯ ᠳᠤ ᠨᠡᠶᠢᠴᠡᠬᠦ ᠡᠯ᠎ᠡ ᠲᠥᠷᠥᠯ ᠤᠨ ᠬᠦᠴᠢᠷᠳᠡᠯᠲᠡᠶ ᠬᠡᠤᠬᠡᠳ ᠢ ᠡᠮᠴᠢᠯᠡᠭᠡ ᠪᠠᠷ ᠠᠪᠤᠷᠠᠨ ᠲᠤᠰᠠᠯᠠᠵᠤ ᠡᠳ᠋ ᠮᠥᠩᠭᠦ ᠪᠠᠷ ᠲᠤᠰᠠᠯᠠᠵᠤ ᠳᠠᠭᠠᠳᠬᠠᠯ ᠳᠤ ᠣᠷᠤᠯᠴᠠᠭᠤᠯᠬᠤ ᠠᠵᠢᠯ ᠢ ᠲᠥᠷᠥᠯ ᠬᠤᠪᠢᠶᠠᠨ ᠰᠠᠶᠢᠲᠤᠷ ᠬᠢᠨ᠎ᠡ  ᠡᠮᠨᠡᠯᠭᠡ ᠳᠤ ᠰᠠᠭᠤᠬᠤ ᠬᠠᠷᠠᠭᠠᠯᠵᠠᠯ ᠤᠨ ᠬᠢᠷᠢ ᠬᠡᠮᠵᠢᠶ᠎ᠡ ᠶᠢ ᠪᠠᠬᠢᠵᠢᠭᠦᠯᠦᠭᠰᠡᠨ ᠰᠠᠭᠤᠷᠢᠨ ᠳᠡᠭᠡᠷ᠎ᠡ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ ᠲᠦᠪᠰᠢᠨ ᠪᠠ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠳᠠᠭᠠᠭᠠᠬᠤ ᠴᠢᠳᠠᠪᠤᠷᠢ ᠶᠢ ᠦᠨᠳᠦᠰᠦᠯᠡᠨ᠂ ᠬᠡᠤᠬᠡᠳ ᠢ ᠪᠠᠭᠲᠠᠭᠠᠭᠰᠠᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠡᠭᠦᠳᠡᠨ ᠡᠮᠨᠡᠯᠭᠡ ᠶᠢᠨ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ ᠵᠣᠭᠤᠰ ᠢᠶᠠᠷ ᠲᠤᠰᠠᠯᠠᠬᠤ ᠨᠥᠬᠦᠴᠡᠯ ᠳᠤ ᠨᠡᠶᠢᠴᠡᠬᠦ ᠡᠯ᠎ᠡ ᠲᠥᠷᠥᠯ ᠤᠨ ᠬᠦᠴᠢᠷᠳᠡᠯᠲᠡᠶ ᠬᠡᠤᠬᠡᠳ ᠢ ᠡᠮᠴᠢᠯᠡᠭᠡ ᠪᠠᠷ ᠠᠪᠤᠷᠠᠨ ᠲᠤᠰᠠᠯᠠᠬᠤ ᠳᠤ ᠡᠳ᠋ ᠮᠥᠩᠭᠦ ᠪᠠᠷ ᠲᠤᠰᠠᠯᠠᠵᠤ ᠳᠠᠭᠠᠳᠬᠠᠯ ᠳᠤ ᠣᠷᠤᠯᠴᠠᠭᠤᠯᠬᠤ ᠠᠵᠢᠯ ᠢ ᠲᠥᠷᠥᠯ ᠬᠤᠪᠢᠶᠠᠨ ᠰᠠᠶᠢᠲᠤᠷ ᠬᠢᠵᠦ᠂ ᠴᠠᠭ ᠲᠤᠬᠠᠶ ᠳᠤ ᠨᠢ ᠳᠠᠭᠠᠳᠬᠠᠯ ᠳᠤ ᠣᠷᠤᠯᠴᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠯ᠎ᠡ ᠭᠠᠵᠠᠷ ᠤᠨ ᠬᠢᠨ ᠣᠷᠣᠰᠢᠨ ᠰᠠᠭᠤᠬᠤ ᠦᠨᠡᠮᠯᠡᠯ ᠲᠠᠢ ᠳᠠᠭᠠᠳᠬᠠᠯ ᠳᠤ ᠣᠷᠣᠯᠴᠠᠬᠤ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠨᠥᠬᠦᠴᠡᠯ ᠪᠦᠷᠢᠯᠳᠦᠭᠦᠯᠵᠦ ᠪᠠᠶᠢᠭᠠᠳ ᠬᠡᠦᠬᠡᠳ ᠤᠨ ᠳᠠᠭᠠᠳᠬᠠᠯ ᠳᠤ ᠣᠷᠣᠬᠤ ᠡᠷᠦᠬᠡ ᠠᠮᠠ ᠶᠢᠨ ᠬᠢᠵᠠᠭᠠᠷᠯᠠᠯ ᠢ ᠴᠢᠯᠥᠭᠡᠲᠡᠶ ᠪᠣᠯᠭᠠᠵᠤ᠂ ᠭᠠᠳᠠᠷ ᠣᠷᠣᠨ ᠤ ᠡᠷᠦᠬᠡ ᠠᠮᠠ ᠲᠠᠢ ᠬᠡᠦᠬᠡᠳ ᠤᠨ ᠪᠠᠶᠢᠩᠭᠤ ᠰᠠᠭᠤᠭ᠎ᠠ ᠭᠠᠵᠠᠷ᠂ ᠰᠤᠷᠭᠠᠭᠤᠯᠢ ᠶᠢᠨ ᠬᠠᠷᠢᠶ᠎ᠠ ᠭᠠᠵᠠᠷ ᠲᠤ ᠳᠠᠭᠠᠳᠬᠠᠯ ᠳᠤ ᠣᠷᠣᠯᠴᠠᠬᠤ ᠶᠢ ᠠᠬᠢᠭᠤᠯᠬᠤ ᠬᠡᠷᠡᠭᠲᠡᠢ᠃ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠶᠢ ᠤᠷᠮᠠᠰᠢᠭᠤᠯᠤᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠰᠤᠳᠤᠯᠤᠨ ᠲᠡᠭᠦᠯᠳᠡᠷᠵᠢᠭᠦᠯᠵᠦ᠂ ᠭᠡᠷ ᠪᠦᠯᠢ ᠶᠢᠨ ᠡᠮᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠭᠡᠷ ᠪᠦᠯᠢ ᠶᠢᠨ ᠡᠮᠴᠢ ᠶᠢᠨ ᠳᠠᠭᠠᠳᠬᠠᠯ ᠳᠤ ᠣᠷᠣᠯᠴᠠᠬᠤ ᠶᠢ ᠳᠠᠶᠢᠴᠢᠯᠠᠬᠤ ᠦᠢᠯᠡᠴᠢᠯᠡᠭᠡ ᠶᠢ ᠭᠡᠷ᠎ᠡ ᠲᠣᠭᠲᠠᠨ ᠦᠢᠯᠡᠴᠢᠯᠡᠬᠦ ᠳᠠᠭᠠᠭᠠᠴᠢᠯᠠᠯᠲᠠ ᠳᠤ ᠣᠷᠣᠭᠤᠯᠬᠤ ᠬᠡᠷᠡᠭᠲᠡᠢ᠃ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠳᠠᠩᠰᠠᠨ ᠡᠷᠦᠬᠡ ᠶᠢ ᠦᠷ᠎ᠡ ᠬᠡᠦᠬᠡᠳ ᠢᠶᠠᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠬᠤᠪᠢ ᠬᠥᠮᠦᠨ ᠤ ᠰᠦᠢᠳᠬᠡᠯ ᠲᠤᠰᠢᠶᠠᠬᠤ ᠳᠤ ᠬᠡᠷᠡᠭᠯᠡᠬᠦ ᠶᠢ ᠳᠡᠮᠵᠢᠬᠦ ᠬᠡᠷᠡᠭᠲᠡᠶ᠃ ᠬᠡᠦᠬᠡᠳ ᠤᠨ ᠰᠠᠯᠠᠭᠠᠨ ᠤ ᠡᠮᠴᠢᠯᠡᠭᠡᠨ ᠤ ᠦᠢᠯᠡᠴᠢᠯᠡᠭᠡ ᠶᠢᠨ ᠬᠥᠭᠵᠢᠯᠲᠡ ᠶᠢ ᠳᠡᠮᠵᠢᠵᠦ᠂ ᠬᠡᠦᠬᠡᠳ ᠤᠨ ᠡᠷᠡᠭᠦᠯ ᠮᠡᠨᠳᠦ ᠶᠢᠨ ᠡᠷᠬᠡ ᠠᠰᠢᠭ ᠢ ᠪᠠᠲᠤᠯᠠᠨ᠂ ᠡᠮᠴᠢᠯᠡᠭᠡᠨ ᠤ ᠦᠢᠯᠡᠴᠢᠯᠡᠭᠡ ᠶᠢᠨ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠦᠨ᠎ᠡ᠃  ᠰᠠᠯᠠᠭ᠎ᠠ ᠮᠥᠴᠢᠷ ᠤᠨ ᠬᠤᠭᠤᠷᠣᠨᠳᠣᠬᠢ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠨ᠎ᠠ  ᠡᠯ᠎ᠡ ᠱᠠᠲᠤᠨ ᠤ ᠡᠮᠴᠢᠯᠡᠭᠡᠨ ᠤ ᠳᠠᠭᠠᠳᠬᠠᠯ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠵᠡᠷᠭᠡ ᠰᠠᠯᠠᠭ᠎ᠠ ᠮᠥᠴᠢᠷ ᠤᠳ ᠬᠠᠷᠢᠯᠴᠠᠨ ᠬᠠᠮᠵᠢᠯᠴᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠵᠤ᠂ ᠡᠯ᠎ᠡ ᠲᠥᠷᠥᠯ ᠤᠨ ᠬᠡᠤᠬᠡᠳ ᠤᠨ ᠳᠠᠭᠠᠳᠬᠠᠯ ᠳᠤ ᠣᠷᠣᠯᠴᠠᠭᠰᠠᠨ ᠪᠠᠶᠢᠳᠠᠯ ᠢ ᠴᠠᠭ ᠲᠤᠬᠠᠶ ᠳᠤ ᠨᠢ ᠣᠨᠣᠪᠴᠢᠲᠠᠶ ᠡᠵᠡᠮᠰᠢᠵᠦ᠂ ᠪᠠᠲᠤᠯᠠᠬᠤ ᠶᠣᠰᠣᠲᠠᠶ ᠶᠢ ᠨᠢ ᠪᠦᠬᠦᠨ ᠢ ᠪᠠᠲᠤᠯᠠᠬᠤ ᠬᠡᠷᠡᠭᠲᠡᠶ᠃ ᠳᠠᠭᠠᠳᠬᠠᠯ ᠳᠤ ᠣᠷᠣᠯᠴᠠᠬᠤ ᠶᠠᠪᠤᠴᠠ ᠶᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠠᠳᠠᠯᠢ ᠱᠠᠲᠤᠨ ᠤ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠤᠳ ᠡᠮᠴᠢᠯᠡᠭᠡᠨ ᠤ ᠳᠠᠭᠠᠳᠬᠠᠯ ᠤᠨ ᠮᠡᠳᠡᠭᠡ ᠵᠠᠩᠭᠢ ᠶᠢᠨ ᠰᠢᠰᠲ᠋ᠧᠮ ᠳᠤ ᠨᠢᠭᠡ ᠤᠳᠠᠭ᠎ᠠ ᠶᠢᠨ ᠴᠢᠨᠠᠷᠲᠠᠶ ᠪᠠᠷ ᠰᠠᠶᠢᠲᠤᠷ ᠳᠡᠩᠰᠡᠯᠡᠵᠦ᠂ ᠬᠡᠤᠬᠡᠳ ᠤᠨ ᠡᠴᠢᠭᠡ ᠡᠬᠡ ᠵᠡᠷᠭᠡ ᠬᠢᠨᠠᠨ ᠬᠠᠮᠠᠭᠠᠯᠠᠭᠴᠢ ᠶᠢᠨ ᠳᠠᠭᠠᠳᠬᠠᠯ ᠳᠤ ᠣᠷᠣᠯᠴᠠᠬᠤ ᠤᠳᠠᠭ᠎ᠠ ᠶᠢ ᠨᠢ ᠴᠥᠬᠡᠳᠭᠡᠵᠦ᠂ ᠬᠡᠤᠬᠡᠳ ᠤᠨ ᠪᠠᠶᠢᠩᠭᠤ ᠰᠠᠭᠤᠭ᠎ᠠ ᠭᠠᠵᠠᠷ᠂ ᠰᠤᠷᠭᠠᠭᠤᠯᠢ ᠶᠢᠨ ᠬᠠᠷᠢᠶ᠎ᠠ ᠭᠠᠵᠠᠷ ᠨᠢ ᠡᠷᠦᠬᠡ ᠠᠮᠠ ᠶᠢᠨ ᠪᠠᠶᠢᠭ᠎ᠠ ᠭᠠᠵᠠᠷ ᠤᠨ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠲᠠᠢ ᠬᠠᠮᠵᠢᠯᠴᠠᠨ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠴᠤ᠂ ᠲᠤᠭ᠎ᠠ ᠪᠠᠷᠢᠮᠲᠠ ᠶᠢᠨ ᠪᠠᠬᠢᠯᠡᠯᠲᠡ ᠶᠢ ᠨᠡᠪᠲᠡᠷᠡᠭᠦᠯᠦᠨ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠳᠠᠭᠠᠳᠬᠠᠯ ᠳᠤ ᠣᠷᠣᠯᠴᠠᠭᠰᠠᠨ ᠥᠬᠡᠶ ᠰᠢᠯᠲᠠᠭᠠᠨ ᠢ ᠴᠠᠭ ᠲᠤᠬᠠᠶ ᠳᠤ ᠨᠢ ᠵᠠᠳᠠᠯᠵᠤ᠂ ᠬᠠᠪᠰᠤᠷᠤᠨ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠶ᠃ ᠡᠯ᠎ᠡ ᠭᠠᠵᠠᠷ ᠤᠨ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠤᠳ ᠲᠥᠯᠥᠪᠯᠡᠭᠡᠲᠦ ᠡᠭᠡᠯᠢᠯᠡᠭᠡ ᠶᠢᠨ ᠸᠠᠺᠼᠢᠨ ᠤ ᠲᠠᠷᠢᠯᠭ᠎ᠠ ᠶᠢᠨ ᠴᠡᠭ᠂ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠵᠡᠷᠭᠡ ᠬᠡᠤᠬᠡᠳ ᠤᠨ ᠬᠤᠯᠪᠤᠭᠳᠠᠯ ᠪᠥᠬᠦᠶ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠣᠯᠵᠤ᠂ ᠬᠡᠪᠴᠢᠶ᠎ᠡ ᠶᠢ ᠥᠷᠭᠡᠳᠬᠡᠬᠦ ᠬᠠᠷᠠᠯᠲᠠᠲᠤ ᠬᠡᠤᠬᠡᠳ ᠤᠨ ᠦᠨᠳᠦᠰᠦᠨ ᠪᠠᠶᠢᠳᠠᠯ ᠢ ᠴᠠᠭ ᠲᠤᠬᠠᠶ ᠳᠤ ᠨᠢ ᠡᠵᠡᠮᠰᠢᠨ᠎ᠡ᠃  ᠲᠠᠷᠠᠭᠠᠴᠢ ᠶᠢᠨ ᠠᠯᠬᠤᠮ ᠳᠤ᠂ ᠤᠯᠤᠰ ᠤᠨ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠠᠴᠠ ᠰᠤᠷᠭᠠᠨ ᠬᠥᠮᠦᠵᠢᠯ ᠤᠨ ᠶᠠᠮᠤᠨ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮᠡᠭᠲᠡᠶᠢᠴᠦᠳ ᠬᠡᠤᠬᠡᠳ ᠤᠨ ᠠᠵᠢᠯ ᠤᠨ ᠵᠥᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠡᠯ᠎ᠡ ᠭᠠᠵᠠᠷ ᠤᠨ ᠬᠤᠯᠪᠤᠭᠳᠠᠯ ᠪᠥᠬᠦᠶ ᠰᠠᠯᠠᠭ᠎ᠠ ᠮᠥᠴᠢᠷ ᠢ ᠵᠢᠯᠣᠭᠤᠳᠬᠤ ᠶᠢᠨ ᠬᠠᠮᠲᠤ ᠰᠢᠮᠳᠠᠭᠤᠯᠵᠤ ᠪᠠᠶᠢᠭᠠᠳ ︽ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ ᠬᠡᠤᠬᠡᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠲᠤᠰᠬᠠᠶ ᠠᠵᠢᠯᠯᠠᠭ᠎ᠠ ᠳᠤ ᠣᠷᠣᠯᠴᠠᠬᠤ ᠶᠢ ᠰᠠᠶᠢᠲᠤᠷ ᠥᠷᠨᠢᠭᠦᠯᠵᠦ᠂ ᠬᠡᠤᠬᠡᠳ ᠤᠨ ᠳᠠᠭᠠᠳᠬᠠᠯ ᠳᠤ ᠣᠷᠣᠯᠴᠠᠬᠤ ᠪᠦᠷᠬᠦᠴᠡ ᠶᠢᠨ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠵᠦ᠂ ᠬᠡᠤᠬᠡᠳ ᠤᠨ ᠳᠠᠭᠠᠳᠬᠠᠯ ᠳᠤ ᠣᠷᠣᠯᠴᠠᠬᠤ ᠡᠷᠬᠡ ᠠᠰᠢᠭ ᠢ ᠪᠠᠲᠤᠯᠠᠵᠤ᠂ ᠬᠡᠤᠬᠡᠳ ᠤᠨ ᠡᠷᠡᠭᠦᠯ ᠮᠡᠨᠳᠦ ᠶᠢ ᠬᠠᠮᠠᠭᠠᠯᠠᠨ᠎ᠠ᠃  ︽ᠲᠦᠷᠦᠬᠦ‍ ᠨᠢᠭᠡ ᠶᠠᠪᠤᠳᠠᠯ︾ ᠨᠢ ᠨᠢᠯᠬ᠎ᠠ ᠬᠡᠦᠬᠡᠳ ᠤᠨ ᠳᠠᠭᠠᠳᠬᠠᠯ ᠳᠤ ᠣᠷᠣᠯᠴᠠᠬᠤ ᠶᠠᠪᠤᠴᠠ ᠶᠢ ᠰᠢᠯᠢᠳᠡᠭᠵᠢᠭᠦᠯᠬᠦ ᠶᠢ ᠠᠬᠢᠭᠤᠯᠤᠨ᠎ᠠ  ᠲᠣᠰ ᠤᠳᠠᠭᠠᠨ ᠤ ᠬᠡᠤᠬᠡᠳ ᠤᠨ ᠳᠠᠭᠠᠳᠬᠠᠯ ᠳᠤ ᠣᠷᠣᠯᠴᠠᠬᠤ ᠲᠤᠰᠬᠠᠶ ᠠᠵᠢᠯᠯᠠᠭ᠎ᠠ ᠨᠢ ᠨᠢᠯᠬ᠎ᠠ ᠬᠡᠤᠬᠡᠳ ᠤᠨ ᠳᠠᠭᠠᠳᠬᠠᠯ ᠳᠤ ᠣᠷᠣᠯᠴᠠᠬᠤ ᠶᠠᠪᠤᠴᠠ ᠶᠢ ᠰᠢᠯᠢᠳᠡᠭᠵᠢᠭᠦᠯᠬᠦ ᠶᠢ ᠲᠤᠰᠬᠠᠶᠢᠯᠠᠨ ᠴᠢᠬᠤᠯᠠᠴᠢᠯᠠᠵᠤ᠂ ᠡᠯ᠎ᠡ ᠭᠠᠵᠠᠷ ᠤᠨ ᠬᠢᠨ ︽ᠲᠦᠷᠦᠬᠦ‍ ᠨᠢᠭᠡ ᠶᠠᠪᠤᠳᠠᠯ︾ ᠢ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠣᠳᠣᠬᠠᠨ ᠳᠤ ᠣᠯᠠᠨ ᠭᠠᠵᠠᠷ ᠤᠨ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠨᠢᠭᠡᠨᠲᠡ ᠨᠢᠯᠬ᠎ᠠ ᠬᠡᠦᠬᠡᠳ ᠤᠨ ᠳᠠᠭᠠᠳᠬᠠᠯ ᠳᠤ ᠣᠷᠤᠯᠴᠠᠬᠤ ᠳᠤ ᠳᠥᠭᠦᠮ ᠦᠵᠡᠭᠦᠯᠵᠦ᠂ ᠵᠢᠶᠠᠩᠱᠢ ᠶᠢᠨ ᠱᠠᠩ ᠷᠣᠣ ᠬᠥᠩᠭᠡᠵᠢᠯᠲᠡ ᠶᠢᠨ ᠠᠨᠠᠭᠠᠬᠤ ᠤᠬᠠᠭᠠᠨ ᠤ ᠭᠡᠷᠡᠴᠢ᠂ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠵᠡᠷᠭᠡ 10 ᠵᠦᠢᠯ ᠢ ᠬᠠᠮᠲᠤᠷᠠᠨ ᠰᠢᠢᠳᠪᠦᠷᠢᠯᠡᠵᠦ᠂ ᠴᠣᠩᠬᠤᠪᠴᠢ ᠪᠠᠨ ᠬᠥᠩᠭᠡᠵᠢᠯᠲᠡ ᠶᠢᠨ ᠪᠠᠶᠢᠭᠤᠯᠤᠮᠵᠢ ᠳᠤ ᠨᠢᠭᠡᠳᠦᠯᠲᠡᠢ ᠰᠢᠯᠵᠢᠭᠦᠯᠵᠡᠢ᠃ ᠵᠧᠵᠢᠶᠠᠩ ᠮᠣᠵᠢ ᠶᠢᠨ ᠬᠠᠩᠵᠧᠦ᠂ ᠨᠢᠩᠪᠦ᠋ᠸᠧ ᠵᠡᠷᠭᠡ ᠭᠠᠵᠠᠷ ᠨᠢ ᠲᠤᠬᠠᠢ ᠶᠢᠨ ᠭᠠᠵᠠᠷ ᠤᠨ ᠡᠷᠦᠬᠡ ᠠᠮᠠ ᠶᠢᠨ ᠳᠠᠩᠰᠠ ᠪᠠᠨ ᠨᠢᠯᠬ᠎ᠠ ᠬᠡᠦᠬᠡᠳ ᠲᠤ ᠴᠢᠭᠯᠡᠭᠦᠯᠦᠨ᠂ ᠭᠠᠷ ᠤᠲᠠᠰᠤᠨ ᠳᠡᠭᠡᠷ᠎ᠡ ᠪᠠᠨ ᠳᠠᠭᠠᠳᠬᠠᠯ ᠳᠤ ᠣᠷᠤᠯᠴᠠᠬᠤ ᠶᠢ ᠪᠡᠶᠡᠯᠡᠭᠦᠯᠵᠦ᠂ ᠭᠡᠷ ᠤᠨ ᠠᠬᠠᠮᠠᠳ ᠤᠨ ᠭᠦᠢᠴᠡᠳᠭᠡᠬᠦ ᠳᠤ ᠳᠥᠭᠦᠮ ᠦᠵᠡᠭᠦᠯᠵᠦ᠂ ᠡᠮᠴᠢᠯᠡᠭᠡᠨ ᠤ ᠵᠠᠷᠤᠳᠠᠯ ᠢ ᠪᠠᠭᠠᠰᠬᠠᠪᠠ᠃  ᠲᠦᠷᠦᠭᠦᠬᠡᠨ ᠵᠧᠵᠢᠶᠠᠩ ᠬᠤᠲᠠ ᠶᠢᠨ ᠬᠤᠲᠠ ᠶᠢᠨ ᠠᠷᠠᠳ ᠶᠤᠸᠠᠨ ᠠᠪᠠᠭ᠋ᠠᠢ ᠶᠢᠨ ᠬᠡᠦᠬᠡᠳ ᠬᠠᠩᠵᠧᠦ ᠬᠤᠲᠠ ᠶᠢᠨ ᠡᠮᠡᠭᠲᠡᠢ ᠶᠢᠨ ᠬᠥᠩᠭᠡᠵᠢᠯᠲᠡ ᠰᠠᠯᠠᠭᠠᠨ ᠤ ᠡᠮᠨᠡᠯᠭᠡ ᠶᠢᠨ ᠬᠤᠷᠢᠶᠠᠨ ᠳᠤ ᠲᠥᠷᠥᠵᠦ᠂ 30 ᠭᠠᠷᠠᠭ ᠵᠢᠷᠮᠦᠰᠦᠯᠡᠵᠦ ᠡᠷᠲᠡ ᠲᠥᠷᠦᠭᠰᠡᠨ ᠬᠡᠦᠬᠡᠳ ᠲᠣᠯᠠ ᠲᠦᠷᠦᠮᠡᠭᠴᠡ ᠨᠢᠯᠬ᠎ᠠ ᠬᠡᠦᠬᠡᠳ ᠤᠨ ᠬᠠᠷᠠᠭᠠᠯᠵᠠᠨ ᠬᠠᠮᠠᠭᠠᠯᠠᠬᠤ ᠲᠠᠰᠤᠭ ᠲᠤ ᠣᠷᠤᠭᠤᠯᠪᠠ᠃
新生儿参保流程1.jpg
  ᠬᠤᠲᠠ ᠶᠢᠨ ᠠᠷᠠᠳ ᠶᠤᠸᠠᠨ ᠠᠪᠠᠭ᠋ᠠᠢ᠄ ᠬᠡᠦᠬᠡᠳ ᠡᠮᠨᠡᠯᠭᠡ ᠳᠤ 37 ᠡᠳᠦᠷ ᠰᠠᠭᠤᠭᠠᠳ 7 ᠲᠦᠮᠡ ᠭᠠᠷᠤᠢ ᠡᠮᠴᠢᠯᠡᠭᠡᠨ ᠤ ᠰᠦᠢᠳᠭᠡᠯ ᠵᠠᠷᠤᠴᠠᠭᠤᠯᠪᠠ᠃ ᠵᠧᠵᠢᠶᠠᠩ App ᠤᠨ ︽ᠲᠦᠷᠦᠬᠦ‍ ᠨᠢᠭᠡ ᠶᠠᠪᠤᠳᠠᠯ ︾ ᠢ ᠬᠠᠮᠲᠤᠷᠠᠨ ᠭᠦᠢᠴᠡᠳᠭᠡᠬᠦ  ᠪᠠᠷ ᠳᠠᠮᠵᠢᠨ᠂ ᠡᠮᠴᠢᠯᠡᠭᠡᠨ ᠤ ᠳᠠᠭᠠᠳᠬᠠᠯ ᠤᠨ ᠺᠠᠷᠲ ᠢᠶᠠᠨ ᠰᠠᠶᠢᠲᠤᠷ ᠭᠦᠢᠴᠡᠳᠭᠡᠭᠡᠳ ᠂ ᠪᠢᠳᠡ ᠰᠢᠭᠤᠳ ᠳᠠᠩᠰᠠ ᠴᠠᠶᠢᠷᠠᠭᠤᠯᠵᠤ ᠪᠣᠯᠤᠨ᠎ᠠ᠃ ᠳᠠᠩᠰᠠ ᠴᠠᠶᠢᠷᠠᠭᠤᠯᠤᠭᠰᠠᠨ ᠤ ᠳᠠᠷᠠᠭ᠎ᠠ ᠥᠪᠡᠷᠲᠡᠭᠡᠨ 2 ᠲᠦᠮᠡ ᠭᠠᠷᠤᠶ ᠲᠦᠭᠦᠷᠢᠭ ᠵᠠᠷᠤᠴᠠᠭᠤᠯᠵᠠᠶ᠂ ᠮᠠᠰᠢ ᠲᠦᠭᠦᠮ ᠲᠦᠲᠡ ᠮᠥᠷᠲᠡᠭᠡᠨ ᠥᠨᠳᠥᠷ ᠪᠦᠲᠦᠮᠵᠢ ᠲᠠᠢ ᠪᠠᠶᠢᠨ᠎ᠠ᠃
新生儿参保流程2.jpg
  ᠡᠮᠦᠨ᠎ᠡ ᠳᠤ ᠪᠠᠨ᠂ ᠭᠡᠷ ᠤᠨ ᠠᠬᠠᠮᠠᠳ ᠨᠢᠯᠬ᠎ᠠ ᠬᠡᠤᠬᠡᠳ ᠢᠶᠠᠨ ᠳᠠᠭᠠᠳᠬᠠᠯ ᠳᠤ ᠣᠷᠣᠯᠴᠠᠭᠤᠯᠬᠤ ᠳᠤ᠂ ᠡᠮᠨᠡᠯᠭᠡ ᠠᠴᠠ ᠭᠠᠷᠤᠭᠰᠠᠨ ᠤ ᠳᠠᠷᠠᠭ᠎ᠠ᠂ ᠡᠷᠦᠬᠡ ᠠᠮᠠ ᠶᠢᠨ ᠬᠠᠷᠢᠶ᠎ᠠ ᠰᠠᠯᠠᠭ᠎ᠠ ᠮᠥᠴᠢᠷ ᠲᠤ ᠪᠠᠨ ᠬᠦᠷᠴᠦ ᠡᠷᠦᠬᠡ ᠠᠮᠠ ᠣᠷᠤᠭᠤᠯᠵᠤ᠂ ᠳᠠᠬᠢᠨ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠲᠤ ᠬᠦᠷᠴᠦ ᠳᠠᠭᠠᠳᠬᠠᠯ ᠳᠤ ᠣᠷᠣᠯᠴᠠᠭᠰᠠᠨ ᠤ ᠳᠠᠷᠠᠭ᠎ᠠ᠂ ᠡᠮᠴᠢᠯᠡᠭᠡᠨ ᠤ ᠵᠠᠷᠤᠳᠠᠯ ᠢ ᠲᠠᠩᠰᠠ ᠴᠠᠶᠢᠷᠠᠭᠤᠯᠵᠤ᠂ ᠶᠠᠪᠤᠴᠠ ᠨᠢ ᠶᠠᠷᠰᠢᠭ ᠲᠦᠪᠡᠭ  ᠲᠠᠢ ᠪᠠᠷ ᠪᠠᠷᠠᠬᠤ ᠥᠬᠡᠶ᠂ ᠪᠠᠰᠠ ᠣᠷᠳᠣ ᠬᠤᠭᠤᠴᠠᠭ᠎ᠠ ᠪᠠᠷ ᠪᠠᠯᠠ ᠮᠥᠩᠭᠦ ᠶᠢ ᠣᠷᠣᠯᠠᠨ ᠥᠭᠭᠦᠨ᠎ᠡ᠃
新生儿参保流程3.jpg
  ᠬᠠᠩᠵᠧᠦ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠬᠡᠷᠡᠭ ᠶᠠᠪᠤᠳᠠᠯ ᠢ ᠭᠥᠯᠢᠶᠡᠨ ᠠᠪᠴᠤ ᠰᠢᠢᠳᠪᠦᠷᠢᠯᠡᠬᠦ ᠲᠥᠪ ᠤᠨ ᠡᠷᠬᠢᠯᠡᠭᠴᠢ ᠴᠧᠨ ᠢ ᠭᠠᠩ᠄ ︽ᠲᠦᠷᠦᠬᠦ‍ ᠨᠢᠭᠡ ᠶᠠᠪᠤᠳᠠᠯ︾ ᠢ ᠬᠠᠮᠲᠤᠷᠠᠨ ᠭᠦᠢᠴᠡᠳᠭᠡᠭᠰᠡᠨ ᠤ ᠳᠠᠷᠠᠭ᠎ᠠ᠂ ᠬᠡᠤᠬᠡᠳ ᠲᠥᠷᠥᠭᠰᠡᠨ ᠤ ᠳᠠᠷᠠᠭ᠎ᠠ ᠡᠮᠨᠡᠯᠭᠡ ᠶᠢᠨ ᠬᠤᠷᠢᠶᠠᠨ ᠤ ᠴᠣᠩᠬᠤᠪᠴᠢ ᠳᠤ ᠣᠴᠢᠬᠤ ᠪᠤᠶᠤ ᠭᠠᠷ ᠤᠲᠠᠰᠤ ᠪᠠᠷ ︽ᠵᠧᠵᠢᠶᠠᠩ App︾ ᠤᠨ ᠰᠠᠨᠠᠭᠤᠯᠤᠮᠵᠢ ᠶᠣᠰᠣᠭᠠᠷ ᠭᠤᠶᠤᠴᠢᠯᠠᠯ ᠳᠡᠪᠰᠢᠭᠦᠯᠵᠦ᠂ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠶᠢ ᠪᠠᠭᠲᠠᠭᠠᠭᠰᠠᠨ 4 ᠤᠴᠢᠷ ᠶᠠᠪᠤᠳᠠᠯ ᠢ ᠰᠢᠭᠤᠳ ᠰᠠᠶᠢᠲᠤᠷ ᠭᠦᠢᠴᠡᠳᠭᠡᠵᠦ᠂ ᠳᠠᠭᠠᠳᠬᠠᠯ ᠳᠤ ᠣᠷᠣᠯᠴᠠᠭᠰᠠᠨ ᠤ ᠳᠠᠷᠠᠭ᠎ᠠ ᠬᠠᠷᠠᠭᠠᠯᠵᠠᠯ ᠨᠢ ᠴᠤ ᠲᠡᠷᠡ ᠳᠠᠷᠤᠶ ᠳᠤ ᠨᠢ ᠨᠡᠪᠲᠡᠷᠡᠨ᠎ᠡ᠃ ᠵᠠᠷᠢᠮ ᠨᠢᠯᠬ᠎ᠠ ᠬᠡᠦᠬᠡᠳ ᠨᠢ ᠡᠮᠨᠡᠯᠭᠡ ᠶᠢᠨ ᠵᠠᠷᠤᠳᠠᠯ ᠭᠠᠷᠤᠭᠰᠠᠨ ᠪᠣᠯ ᠡᠮᠨᠡᠯᠭᠡ ᠠᠴᠠ ᠭᠠᠷᠬᠤ ᠦᠶ᠎ᠡ ᠳᠤ ᠪᠠᠰᠠ ᠡᠮᠴᠢᠯᠡᠭᠡᠨ ᠤ ᠳᠠᠭᠠᠳᠬᠠᠯ ᠤᠨ ᠺᠣᠳ᠋ ᠢᠶᠠᠷ ᠰᠢᠭᠤᠳ ᠳ᠋ᠦᠩᠨᠡᠨ ᠪᠣᠳᠣᠵᠤ ᠪᠣᠯᠤᠨ᠎ᠠ᠃  ᠡᠭᠦᠨ ᠠᠴᠠ ᠭᠠᠳᠠᠨ᠎ᠠ᠂ ᠨᠢᠯᠬ᠎ᠠ ᠬᠡᠤᠬᠡᠳ ᠤᠨ ᠳᠠᠭᠠᠳᠬᠠᠯ ᠳᠤ ᠣᠷᠣᠯᠴᠠᠬᠤ ᠳᠤ ᠴᠢᠭᠯᠡᠭᠦᠯᠦᠨ᠂ ᠲᠤᠰᠬᠠᠶ ᠠᠵᠢᠯᠯᠠᠭ᠎ᠠ ᠨᠢ ᠪᠠᠰᠠ ᠲᠣᠳᠣᠷᠬᠠᠶ ᠵᠠᠷᠴᠢᠮ ᠶᠣᠰᠣᠭᠠᠷ᠂ ᠨᠢᠯᠬ᠎ᠠ ᠬᠡᠤᠬᠡᠳ ᠳᠦᠷᠦᠭᠰᠡᠨ ᠤ ᠳᠠᠷᠠᠭᠠᠬᠢ 90 ᠡᠳᠦᠷ ᠤᠨ ᠳᠣᠲᠣᠷ᠎ᠠ ᠲᠣᠭᠲᠠᠭᠠᠯ ᠶᠣᠰᠣᠭᠠᠷ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠭᠰᠠᠨ ᠪᠠᠶᠢᠪᠠᠯ᠂ ᠲᠥᠷᠥᠭᠰᠡᠨ ᠡᠳᠦᠷ ᠠᠴᠠ ᠡᠬᠢᠯᠡᠨ ᠡᠭᠦᠰᠦᠭᠰᠡᠨ ᠲᠣᠭᠲᠠᠭᠠᠯ ᠳᠤ ᠨᠡᠶᠢᠴᠡᠬᠦ ᠡᠮᠴᠢᠯᠡᠭᠡᠨ ᠤ ᠵᠠᠷᠤᠳᠠᠯ ᠢ ᠴᠥᠮ ᠡᠮᠴᠢᠯᠡᠭᠡᠨ ᠤ ᠳᠠᠭᠠᠳᠬᠠᠯ ᠤᠨ ᠲᠠᠩᠰᠠ ᠴᠠᠶᠢᠷᠠᠭᠤᠯᠬᠤ ᠬᠡᠪᠴᠢᠶᠡᠨ ᠳᠤ ᠣᠷᠣᠭᠤᠯᠵᠤ ᠪᠣᠯᠤᠨ᠎ᠠ᠃ ᠣᠨᠴᠠ ᠵᠠᠷᠢᠮ ᠭᠠᠵᠠᠷ ᠣᠷᠣᠨ ᠨᠢ ᠳᠡᠭᠡᠷ᠎ᠡ ᠳᠤᠷᠠᠳᠤᠭᠰᠠᠨ ᠲᠣᠭᠲᠠᠭᠠᠯ ᠲᠠᠢ ᠨᠡᠶᠢᠴᠡᠬᠦ ᠦᠭᠡᠢ ᠪᠠᠶᠢᠪᠠᠯ᠂ ᠳᠠᠷᠦ᠋ᠢᠬᠠᠨ ᠲᠣᠬᠢᠷᠠᠭᠤᠯᠤᠯᠲᠠ ᠬᠢᠬᠦ ᠴᠢᠬᠤᠯᠠᠲᠠᠢ︔ ᠣᠷᠣᠨ ᠨᠤᠲᠤᠭ ᠤᠨ ᠬᠥᠩᠭᠡᠵᠢᠯᠲᠡ ᠶᠢᠨ ᠠᠨᠠᠭᠠᠬᠤ ᠤᠬᠠᠭᠠᠨ ᠤ ᠭᠡᠷᠡᠴᠢ ᠪᠠᠷ ᠢᠶᠠᠨ ᠨᠢᠯᠬ᠎ᠠ ᠬᠡᠦᠬᠡᠳ ᠲᠤ ᠳᠠᠭᠠᠳᠬᠠᠯ ᠳᠤ ᠣᠷᠣᠯᠴᠠᠬᠤ ᠶᠢ ᠰᠦᠪᠡᠭᠴᠢᠯᠡᠬᠦ ᠶᠢᠨ ᠬᠠᠮᠲᠤ᠂ ᠲᠥᠷᠥᠯ ᠰᠠᠳᠤᠨ ᠤ ᠳᠠᠩᠰᠠ ᠡᠷᠦᠬᠡ ᠪᠤᠶᠤ ᠭᠠᠷᠳᠠᠨ ᠬᠢᠬᠦ ᠪᠠᠶᠢᠭᠤᠯᠤᠮᠵᠢ ᠪᠠᠷ ᠳᠠᠮᠵᠢᠭᠤᠯᠤᠨ ᠲᠡᠭᠦᠨ ᠳᠤ ᠡᠮᠴᠢᠯᠡᠭᠡᠨ ᠤ ᠳᠠᠭᠠᠳᠬᠠᠯ ᠤᠨ ᠺᠣᠳ᠋ ᠢ ᠭᠦᠢᠴᠡᠳᠭᠡᠵᠦ ᠥᠭᠴᠦ᠂ ᠲᠥᠷᠥᠭᠰᠡᠨ ᠤ ᠳᠠᠷᠠᠭᠠᠬᠢ 180 ᠡᠳᠦᠷ ᠤᠨ ᠳᠣᠲᠣᠷ᠎ᠠ ᠴᠥᠮ ᠡᠮᠴᠢᠯᠡᠭᠡᠨ ᠤ ᠳᠠᠭᠠᠳᠬᠠᠯ ᠤᠨ ᠺᠣᠳ᠋ ᠢ ᠦᠨᠳᠦᠰᠦᠯᠡᠨ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠴᠡᠭ ᠲᠤ ᠰᠢᠭᠤᠳ ᠡᠮᠨᠡᠭᠦᠯᠵᠦ ᠳ᠋ᠦᠩᠨᠡᠨ ᠪᠣᠳᠣᠵᠤ ᠪᠣᠯᠤᠨ᠎ᠠ᠃  ︵ᠲᠥᠪ ᠲᠧᠯᠸᠢᠰ ᠤᠨ ᠰᠣᠷᠪᠤᠯᠵᠢᠯᠠᠭᠴᠢ ᠵᠠᠩ ᠫᠢᠩ᠂ ᠵᠧᠩ ᠢ ᠵᠧ᠂ ᠼᠤᠤ ᠢᠤᠢ︶ 
 
ᠢᠷᠡᠯᠲᠡ᠄ ᠲᠥᠪ ᠲᠧᠯᠸᠢᠰ ᠤᠨ ᠰᠣᠨᠢᠨ ᠮᠡᠳᠡᠭᠡ᠂ ᠤᠯᠤᠰ ᠤᠨ ᠡᠮᠴᠢᠯᠡᠭᠡᠨ ᠤ ᠪᠠᠳᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号