ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 5 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ | ᠤᠯᠤᠰ ᠲᠥᠷᠥ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ | ᠰᠠᠶᠢᠳ ᠯᠢ ᠴᠢᠶᠠᠩ 5 ᠤ ᠦᠳᠡ ᠶᠢᠨ ᠬᠤᠶᠢᠨ᠎ᠠ ᠲᠡᠭᠦᠨ ᠤ ᠪᠠᠶᠢᠭ᠎ᠠ ᠶᠦᠨᠨᠠᠨ ᠤ ᠲᠥᠯᠥᠭᠡᠯᠡᠭᠴᠢᠳ ᠤᠨ ᠪᠦᠯᠭᠦᠮ ᠳᠤ | ᠢᠷᠡᠵᠦ᠂ ᠲᠥᠯᠥᠭᠡᠯᠡᠭᠴᠢᠳ ᠲᠠᠢ ᠬᠠᠮᠲᠤ ᠪᠠᠷ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠬᠢᠨᠠᠨ ᠵᠥᠪᠯᠡᠪᠡ᠃ ᠰᠦ᠋ | ᠶᠦᠩ ᠵᠦᠩ᠂ ᠰᠢᠦᠢ ᠠᠨ ᠼᠧ᠂ ᠯᠢ ᠸᠧᠨ ᠬᠤᠢ ᠵᠡᠷᠭᠡ ᠲᠥᠯᠥᠭᠡᠯᠡᠭᠴᠢ ᠤᠷᠢᠳ ᠬᠤᠵᠢᠳ ᠦᠭᠡ ᠬᠡᠯᠡᠵᠦ᠂ ᠯᠢ | ᠴᠢᠶᠠᠩ ᠰᠣᠨᠣᠰᠬᠤ ᠶᠢᠨ ᠳᠠᠭᠠᠤ ᠲᠡᠮᠳᠡᠭᠯᠡᠵᠦ᠂ ᠪᠠᠶᠢᠨ ᠳᠠᠭᠢᠨ ᠤᠯᠠᠨ ᠲᠠᠢ ᠰᠠᠨᠠᠯ ᠢᠶᠠᠨ ᠰᠣᠯᠢᠯᠴᠠᠨ ᠶᠠᠷᠢᠯᠴᠠᠵᠤ ᠪᠠᠶᠢᠯ᠎ᠠ᠃ | | ᠲᠥᠯᠥᠭᠡᠯᠡᠭᠴᠢᠳ ᠤᠨ ᠶᠠᠷᠢᠬᠤ ᠶᠢ ᠰᠣᠨᠣᠰᠤᠭᠰᠠᠨ ᠤ ᠳᠠᠷᠠᠭ᠎ᠠ ᠯᠢ ᠴᠢᠶᠠᠩ᠂ ᠥᠩᠭᠡᠷᠡᠭᠰᠡᠨ ᠨᠢᠭᠡ ᠵᠢᠯ ᠳᠤ᠂ | ᠲᠤᠶᠢᠯ ᠤᠨ ᠡᠭᠡᠳᠡᠷᠡᠭᠡᠨ ᠪᠤᠳᠤᠯᠢᠶᠠᠨᠲᠠᠢ ᠳᠡᠯᠡᠬᠡᠢ ᠶᠢᠨ ᠣᠷᠴᠢᠨ ᠪᠣᠯᠣᠨ ᠪᠡᠷᠬᠡ ᠬᠠᠲᠠᠭᠤᠵᠢᠯᠲᠠᠢ ᠨᠦᠰᠡᠷ ᠬᠦᠨᠳᠦ | ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠭᠦᠷᠭᠡ ᠶᠢᠨ ᠡᠮᠦᠨ᠎ᠡ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ | ᠨᠠᠮ ᠤᠨ ᠲᠥᠪ ᠬᠤᠷᠢᠶ᠎ᠠ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ | ᠳᠠᠭᠠᠭᠤᠯᠵᠤ᠂ ᠭᠠᠳᠠᠭᠠᠳᠤ ᠳᠠᠷᠤᠯᠲᠠ ᠶᠢ ᠳᠠᠭᠠᠭᠠᠵᠤ᠂ ᠳᠣᠲᠣᠭᠠᠳᠤ ᠶᠢᠨ ᠬᠦᠴᠢᠷᠳᠡᠯ ᠢ ᠢᠯᠠᠨ ᠳᠠᠪᠠᠵᠤ᠂ ᠰᠢᠷᠭᠠᠭᠤ | ᠬᠠᠲᠠᠭᠤᠵᠢᠯᠲᠠᠢ ᠴᠢᠷᠮᠠᠶᠢᠯᠭ᠎ᠠ ᠭᠠᠷᠭᠠᠵᠤ᠂ ᠪᠦᠭᠦ ᠵᠢᠯ ᠤᠨ ᠭᠤᠣᠯ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ | ᠪᠡᠶᠡᠯᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠨᠡᠶᠢᠭᠡᠮ ᠤᠨ ᠶᠡᠭᠡ ᠲᠠᠯ᠎ᠠ ᠶᠢᠨ | ᠲᠣᠭᠲᠠᠭᠤᠨ ᠢ ᠪᠠᠲᠤᠯᠠᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ | ᠯᠠᠪᠳᠠᠭᠤᠨ ᠪᠠᠲᠤᠲᠠᠢ ᠠᠯᠬᠤᠮ ᠢ ᠠᠯᠬᠤᠪᠠ᠃ ᠡᠲᠡᠭᠡᠷ ᠠᠮᠵᠢᠯᠲᠠ ᠨᠢ ᠭᠢᠯᠪᠠᠷ ᠪᠤᠰᠤ ᠪᠠᠷ ᠢᠷᠡᠭᠰᠡᠨ ᠶᠤᠮ᠂ ᠪᠢᠳᠡ ︽ | ᠬᠤᠶᠠᠷ ᠢ ᠲᠣᠭᠲᠠᠭᠠᠭᠰᠠᠨ ︾ ᠤ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ ᠳᠥᠷᠪᠡᠨ | ᠤᠬᠠᠮᠰᠠᠷ ︾ ᠢᠶᠠᠨ ᠴᠢᠩᠭᠠᠳᠬᠠᠵᠤ᠂ ︽ ᠳᠥᠷᠪᠡᠨ ᠢᠲᠡᠭᠡᠯ ︾ ᠢᠶᠠᠨ ᠪᠠᠲᠤᠳᠬᠠᠵᠤ᠂ ︽ ᠬᠤᠶᠠᠷ ᠢ ᠬᠠᠮᠠᠭᠠᠯᠠᠬᠤ ︾ ᠶᠢ | ᠪᠡᠶᠡᠯᠡᠭᠦᠯᠵᠦ᠂ ᠨᠠᠩ ᠤᠬᠠᠮᠰᠠᠷ ᠠᠴᠠ ᠪᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ | ᠵᠢᠯᠣᠭᠤᠳᠤᠭᠤᠯᠵᠤ᠂ ᠠᠵᠢᠯ ᠢᠶᠠᠨ ᠠᠬᠢᠭᠤᠯᠵᠤ᠂ ᠢᠮᠠᠭᠲᠠ ᠦᠵᠡᠯ ᠰᠠᠨᠠᠭ᠎ᠠ ᠤᠯᠤᠰ ᠲᠥᠷᠥ ᠦᠶᠯᠡ ᠠᠵᠢᠯᠯᠠᠭ᠎ᠠ ᠶᠢᠨ | ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ | ᠨᠢᠭᠡᠳᠦᠯᠲᠡᠢ ᠪᠠᠶᠢᠬᠤ ᠬᠡᠷᠡᠭᠲᠡᠢ᠃ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ | ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠭᠦ ᠲᠠᠯ᠎ᠠ ᠪᠠᠷ | ᠲᠤᠭᠤᠰᠢᠯᠠᠭᠤᠯᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠡᠷᠡᠮᠡᠬᠡᠶᠢᠯᠡᠨ ᠠᠵᠢᠯᠯᠠᠵᠤ᠂ ᠠᠯᠢᠪᠠ ᠠᠰᠢᠭᠲᠠᠢ ᠠᠵᠠ | ᠲᠣᠭᠢᠶᠠᠯ ᠢ ᠠᠮᠵᠢᠵᠤ᠂ ᠠᠯᠢᠪᠠ ᠠᠰᠢᠭᠲᠠᠢ ᠨᠥᠬᠦᠴᠡᠯ ᠢ ᠠᠰᠢᠭᠯᠠᠵᠤ᠂ ᠠᠵᠤ ᠠᠬᠤᠢ ᠶᠢᠨ ᠶᠠᠰᠤ ᠴᠢᠨᠠᠷ ᠢ ᠪᠦᠲᠦᠮᠵᠢᠲᠡᠢ | ᠳᠡᠭᠡᠭᠰᠢᠯᠡᠭᠦᠯᠭᠦ ᠪᠠ ᠲᠤᠭ᠎ᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ ᠦᠷᠭᠦᠯᠵᠢᠯᠡᠨ ᠠᠬᠢᠭᠤᠯᠵᠤ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠬᠡᠷᠡᠭᠲᠡᠢ ᠭᠡᠵᠡᠢ᠃ | ᠯᠢ ᠴᠢᠶᠠᠩ᠂ ᠶᠡᠷᠦᠩᠬᠡᠢ ᠱᠦᠵᠢ ᠰᠢ ᠶᠢᠨ ᠫᠢᠩ ᠶᠦᠨᠨᠠᠨ ᠤ ᠬᠥᠭᠵᠢᠯᠲᠡ ᠳᠤ ᠬᠦᠨᠳᠦ ᠨᠠᠶᠢᠳᠠᠯᠭ᠎ᠠ ᠲᠠᠯᠪᠢᠪᠠ᠃ | ᠶᠡᠷᠦᠩᠬᠡᠢ ᠱᠦᠵᠢ ᠰᠢ ᠶᠢᠨ ᠫᠢᠩ ᠤᠨ ᠶᠦᠨᠨᠠᠨ ᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠪᠦᠭᠦ ᠲᠠᠯ᠎ᠠ ᠶᠢᠨ | ᠪᠠᠶᠢᠷᠢᠯᠠᠭᠤᠯᠤᠯᠲᠠ ᠪᠣᠯᠣᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠪᠣᠳᠠᠲᠠᠢ ᠲᠣᠬᠢᠷᠠᠭᠤᠯᠤᠯᠲᠠ ᠶᠣᠰᠣᠭᠠᠷ᠂ | ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ ᠣᠨᠴᠠᠯᠢᠭ ᠢᠶᠠᠨ ᠢᠯᠡᠷᠡᠭᠦᠯᠵᠦ᠂ ᠭᠡᠯᠪᠡᠷᠢ ᠪᠠᠨ ᠬᠤᠪᠢᠷᠠᠭᠤᠯᠤᠨ ᠲᠠᠰ | ᠳᠡᠪᠰᠢᠭᠦᠯᠬᠦ ᠶᠢ ᠲᠦᠷᠭᠡᠳᠬᠡᠨ᠂ ᠤᠯᠤᠰ ᠤᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠶᠡᠭᠡ ᠲᠠᠯ᠎ᠠ ᠳᠤ ᠨᠠᠩ | ᠰᠠᠶᠢᠲᠤᠷ ᠠᠭᠤᠰᠤᠯᠴᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠠᠩ ᠶᠡᠭᠡ ᠰᠢᠨ᠎ᠡ ᠦᠷ᠎ᠡ ᠪᠦᠲᠦᠮᠵᠢ | ᠣᠯᠬᠤ ᠬᠡᠷᠡᠭᠲᠡᠢ᠃ ᠣᠨᠴᠠᠯᠢᠭᠲᠤ ᠳᠠᠪᠠᠭᠤᠯᠢᠭ ᠠᠵᠤ ᠦᠢᠯᠡᠰ ᠤᠨ ᠬᠥᠭᠵᠢᠯᠲᠡ ᠶᠢᠨ ᠶᠡᠭᠡ ᠶᠠᠪᠤᠳᠠᠯ ᠢ ᠰᠠᠶᠢᠲᠤᠷ ᠬᠢᠵᠦ᠂ | ᠭᠤᠣᠯ ᠴᠣᠭᠴᠠ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠠᠴᠠ ᠡᠭᠦᠰᠴᠦ᠂ ᠭᠠᠵᠠᠷ ᠣᠷᠣᠨ ᠤ ᠪᠠᠶᠢᠳᠠᠯ ᠳᠠᠭᠠᠨ | ᠲᠣᠬᠢᠷᠠᠭᠤᠯᠤᠨ᠂ ᠲᠤᠰ ᠲᠤᠰ ᠤᠨ ᠳᠠᠪᠠᠭᠤᠯᠢᠭ ᠢᠶᠠᠨ ᠪᠠᠳᠠᠷᠠᠭᠤᠯᠬᠤ ᠶᠢ ᠪᠠᠷᠢᠮᠲᠠᠯᠠᠵᠤ᠂ ᠲᠡᠷᠢᠭᠦᠨ ᠤ ᠦᠢᠯᠡᠳᠬᠦ ᠦᠢᠯᠡᠰ᠂ | ᠥᠨᠳᠦᠷᠯᠢᠭ ᠤᠨ ᠣᠨᠴᠠᠯᠢᠭᠲᠤ ᠲᠠᠷᠢᠶᠠᠯᠠᠩ ᠪᠠ ᠵᠢᠭᠤᠯᠴᠢᠯᠠᠯ ᠤᠨ ᠦᠢᠯᠡᠰ ᠢ ᠶᠡᠭᠡ ᠪᠠᠷ ᠬᠥᠭᠵᠢᠭᠦᠯᠬᠦ ᠬᠡᠷᠡᠭᠲᠡᠢ᠃ | ᠭᠠᠳᠠᠭᠠᠳᠤ ᠨᠡᠭᠡᠭᠡᠯᠲᠡ ᠶᠢᠨ ᠰᠠᠨᠠᠭᠠᠴᠢᠯᠠᠭᠠᠲᠤ ᠠᠵᠢᠯᠯᠠᠭ᠎ᠠ ᠶᠢ ᠰᠠᠶᠢᠲᠤᠷ ᠡᠷᠭᠢᠯᠡᠵᠦ᠂ ᠰᠠᠭᠤᠷᠢ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ | ᠲᠠᠰᠤᠷᠠᠯᠲᠠ ᠦᠭᠡᠢ ᠰᠢᠯᠢᠳᠡᠭᠵᠢᠭᠦᠯᠵᠦ᠂ ᠡᠮᠦᠨᠡᠲᠦ ᠠᠽᠢᠶ᠎ᠠ ᠵᠡᠭᠦᠨ ᠡᠮᠦᠨᠡᠲᠦ ᠠᠽᠢᠶ᠎ᠠ ᠳᠤ ᠬᠠᠨᠳᠤᠭᠤᠯᠤᠭᠰᠠᠨ ᠨᠥᠯᠥᠭᠡᠯᠡᠨ | ᠳᠠᠶᠢᠴᠢᠯᠠᠬᠤ ᠲᠥᠪ ᠢ ᠲᠦᠷᠭᠡᠳᠬᠡᠨ ᠪᠠᠶᠢᠭᠤᠯᠵᠤ᠂ ᠵᠡᠭᠦᠨ ᠬᠡᠰᠡᠭ ᠤᠨ ᠭᠠᠵᠠᠷ ᠣᠷᠣᠨ ᠤ ᠠᠵᠤ ᠦᠢᠯᠡᠰ ᠤᠨ | ᠰᠢᠯᠵᠢᠯᠲᠡ ᠶᠢ ᠨᠠᠩ ᠶᠡᠭᠡ ᠡᠷᠴᠢᠮ ᠢᠶᠠᠷ ᠵᠣᠯᠭᠠᠭᠤᠯᠵᠤ᠂ ᠣᠷᠣᠨ ᠪᠠᠶᠢᠷᠢ ᠶᠢᠨ ᠳᠠᠪᠠᠭᠤᠯᠢᠭ ᠢᠶᠠᠨ ᠭᠠᠳᠠᠭᠠᠳᠤ | ᠨᠡᠭᠡᠭᠡᠯᠲᠡ ᠶᠢᠨ ᠰᠢᠨ᠎ᠡ ᠳᠠᠪᠠᠭᠤᠯᠢᠭ ᠪᠣᠯᠭᠠᠨ ᠨᠠᠩ ᠰᠠᠶᠢᠲᠤᠷ ᠬᠤᠪᠢᠷᠠᠭᠤᠯᠬᠤ ᠬᠡᠷᠡᠭᠲᠡᠢ᠃ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠳᠠᠶᠢᠯᠠᠯᠳᠤᠭᠠᠨ ᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠠᠲᠠᠭᠤ | ᠡᠭᠦᠷᠭᠡ ᠶᠢ ᠪᠣᠳᠠᠲᠠᠢ ᠠᠳᠬᠤᠵᠤ᠂ ᠬᠡᠪᠴᠢᠶᠡᠵᠢᠯ ᠤᠨ ᠴᠢᠨᠠᠷᠲᠠᠢ ᠳᠠᠭᠢᠨ ᠶᠠᠳᠠᠭᠤᠷᠠᠬᠤ ᠦᠭᠡᠢ ᠪᠠᠶᠢᠬᠤ ᠬᠤᠷᠢᠭ᠎ᠠ | ᠱᠤᠭᠤᠮ ᠢ ᠪᠠᠲᠤ ᠰᠠᠬᠢᠭᠰᠠᠨ ᠰᠠᠭᠤᠷᠢᠨ ᠳᠡᠭᠡᠷ᠎ᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠢᠯᠢ ᠬᠢᠵᠠᠭᠠᠷ | ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠵᠡᠷᠭᠡ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ | ᠨᠢᠭᠡᠳᠦᠯᠲᠡᠢ ᠲᠥᠯᠥᠪᠵᠢᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯᠣᠨ ᠤᠷ᠎ᠠ ᠴᠢᠳᠠᠪᠤᠷᠢ ᠶᠢᠨ | ᠪᠣᠯᠪᠠᠰᠤᠷᠠᠯ ᠤᠨ ᠡᠷᠴᠢᠮ ᠢᠶᠠᠨ ᠴᠢᠩᠭᠠᠷᠠᠭᠤᠯᠵᠤ᠂ ᠠᠷᠭ᠎ᠠ ᠪᠦᠭᠦᠨ ᠢ ᠰᠦᠪᠡᠭᠴᠢᠯᠡᠨ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠵᠤ᠂ ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠲᠣᠭᠲᠠᠭᠤᠨ᠂ | ᠬᠢᠯᠢ ᠬᠢᠵᠠᠭᠠᠷ ᠤᠨ ᠠᠮᠤᠷ ᠲᠣᠭᠲᠠᠭᠤᠨ ᠰᠠᠶᠢᠨ ᠰᠠᠶᠢᠬᠠᠨ ᠪᠠᠶᠢᠳᠠᠯ ᠢ ᠲᠠᠰᠤᠷᠠᠯᠲᠠ ᠦᠭᠡᠢ ᠪᠠᠬᠢᠵᠢᠭᠦᠯᠦᠨ ᠬᠥᠭᠵᠢᠭᠦᠯᠬᠦ | ᠬᠡᠷᠡᠭᠲᠡᠢ ᠭᠡᠵᠦ ᠴᠢᠬᠤᠯᠠᠴᠢᠯᠠᠪᠠ᠃ | |