3 ᠰᠠᠷ᠎ᠠ ᠶᠢᠨ 5 ᠤ ᠦᠳᠡ ᠶᠢᠨ ᠬᠤᠶᠢᠨ᠎ᠠ᠂ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ | ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠾᠧ ᠯᠢ ᠹᠧᠩ ᠲᠡᠭᠦᠨ ᠤ ᠪᠠᠶᠢᠭ᠎ᠠ ᠥᠪᠥᠷ | ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠪᠠ᠃ | | | | | | ᠾᠧ ᠯᠢ ᠹᠧᠩ ᠬᠢᠨᠠᠨ ᠵᠥᠪᠯᠡᠬᠦ ᠳᠡᠭᠡᠨ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠪᠦᠷᠢᠮᠦᠰᠦᠨ | ᠵᠥᠪᠰᠢᠶᠡᠷᠡᠵᠦ ᠪᠠᠶᠢᠨ᠎ᠠ᠃ ᠥᠩᠭᠡᠷᠡᠭᠰᠡᠨ ᠨᠢᠭᠡ ᠵᠢᠯ ᠳᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ | ᠲᠥᠪ ᠬᠤᠷᠢᠶ᠎ᠠ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ | ᠦᠨᠡᠨ ᠬᠦ ᠠᠳᠬᠤᠨ ᠪᠤᠲᠠᠲᠠᠢ ᠠᠵᠢᠯᠯᠠᠵᠤ᠂ ᠵᠣᠷᠢᠭᠲᠠᠢ ᠤᠷᠤᠭᠰᠢᠯᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠭᠤᠣᠯ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠡᠨᠡ ᠵᠢᠯ ᠤᠨ ᠠᠵᠢᠯ ᠢ ᠰᠠᠶᠢᠲᠤᠷ ᠬᠢᠬᠦ ᠳᠤ᠂ ᠰᠢ | ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ | ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ | ᠪᠦᠲᠦᠨ ᠂ ᠵᠥᠪ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ | ᠲᠦᠷᠭᠡᠳᠬᠡᠨ ᠪᠠᠶᠢᠭᠤᠯᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠠᠷ ᠴᠢᠬᠤᠯᠠ | ᠬᠦᠴᠦᠯᠡᠬᠦ ᠴᠡᠭ ᠪᠣᠯᠭᠠᠵᠤ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠥᠪᠥᠷ | ᠮᠣᠩᠭᠤᠯ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠭᠦᠨᠵᠡᠭᠡᠢ ᠰᠤᠷᠤᠯᠴᠠᠨ ᠣᠶᠢᠯᠠᠭᠠᠵᠤ᠂ | ᠨᠠᠮ ᠤᠨ ᠲᠥᠪ ᠬᠤᠷᠢᠶ᠎ᠠ ᠶᠢᠨ ᠥᠪᠥᠷ ᠮᠣᠩᠭᠤᠯ ᠤᠨ ᠲᠤᠬᠠᠢ ᠪᠠᠶᠢᠯᠳᠤᠬᠤ ᠪᠣᠳᠤᠯᠭ᠎ᠠ ᠶᠢᠨ ᠪᠠᠶᠢᠷᠢ ᠲᠣᠭᠲᠠᠭᠠᠯᠲᠠ ᠶᠢ | ᠪᠠᠲᠤ ᠡᠵᠡᠮᠳᠡᠵᠦ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠤᠬᠢᠷᠳᠤᠯ ᠦᠭᠡᠢ ᠪᠠᠷ ᠬᠥᠭᠵᠢᠭᠦᠯᠬᠦ ᠶᠢ ᠪᠠᠷᠢᠮᠲᠠᠯᠠᠵᠤ᠂ | ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾᠂ ︽ᠨᠢᠭᠡ ᠪᠠᠬᠢᠯᠡᠯᠲᠡ︾ ᠶᠢ ᠪᠦᠲᠦᠭᠡᠨ ᠪᠠᠶᠢᠭᠤᠯᠬᠤ ᠲᠠᠯ᠎ᠠ ᠪᠠᠷ | ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ | ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠡᠢ᠃ | |