2024 ᠣᠨ ᠤ ᠵᠠᠰᠠᠭ ᠤᠨ ᠣᠷᠳᠣᠨ ᠤ ᠮᠡᠳᠡᠭᠦᠯᠦᠯᠲᠡ᠂ ᠡᠮᠴᠢᠯᠡᠭᠡᠨ ᠤ ᠳᠠᠭᠠᠳᠬᠠᠯ ᠤᠨ ᠭᠤᠣᠯᠳᠠᠯᠭ᠎ᠠ  ᠲᠠᠢ 8 ᠵᠦᠢᠯ ᠤᠨ ᠶᠠᠪᠤᠳᠠᠯ
ᠨᠡᠶᠢᠲᠡᠯᠡᠭᠰᠡᠨ ᠴᠠᠭ᠄
2024/3/8
  2024 ᠣᠨ ᠤ ᠵᠠᠰᠠᠭ ᠤᠨ ᠣᠷᠳᠣᠨ ᠤ ᠮᠡᠳᠡᠭᠦᠯᠦᠯᠲᠡ᠂ ᠡᠮᠴᠢᠯᠡᠭᠡᠨ ᠤ ᠳᠠᠭᠠᠳᠬᠠᠯ ᠤᠨ ᠭᠤᠣᠯᠳᠠᠯᠭ᠎ᠠ  ᠲᠠᠢ ᠨᠠᠢᠮᠠᠨ ᠵᠦᠢᠯ ᠤᠨ ᠶᠠᠪᠤᠳᠠᠯ᠂ ᠳᠤᠮᠳᠠᠳᠤ ᠤᠯᠤᠰ ᠤᠨ ᠡᠮᠴᠢᠯᠡᠭᠡᠨ ᠤ ᠳᠠᠭᠠᠳᠬᠠᠯ 10 ᠮᠢᠨᠦ᠋ᠲ  2024 ᠣᠨ ᠤ 3 ᠳ᠋ᠤᠭᠠᠷ ᠰᠠᠷ᠎ᠠ ᠶᠢᠨ 5 ᠤ ᠡᠳᠦᠷ ᠤᠨ ᠦᠳᠡ ᠶᠢᠨ ᠡᠮᠦᠨ᠎ᠡ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠬᠢᠯᠡᠯᠲᠡ ᠶᠢᠨ ᠬᠤᠷᠠᠯ ᠬᠤᠷᠠᠯᠳᠤᠭᠤᠯᠪᠠ᠃ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ︵ᠳᠣᠷᠣᠭᠰᠢ ︽ᠢᠯᠡᠳᠬᠡᠯ︾ ᠭᠡᠵᠦ ᠲᠣᠪᠴᠢᠯᠠᠨ᠎ᠠ︶ ᠢ ᠬᠢᠵᠦ᠂ ᠡᠨᠡ ᠵᠢᠯ ᠤᠨ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠳᠤ ᠪᠠᠶᠢᠷᠢᠯᠠᠭᠤᠯᠤᠯᠲᠠ ᠬᠢᠪᠡ᠃ ︽ᠮᠡᠳᠡᠭᠦᠯᠦᠯᠲᠡ︾ ᠳᠤ᠂ ᠡᠲᠡᠭᠡᠷ ᠠᠵᠢᠯ ᠨᠢ ᠡᠮᠴᠢᠯᠡᠭᠡᠨ ᠤ ᠳᠠᠭᠠᠳᠬᠠᠯ ᠳᠤ ᠬᠤᠯᠪᠣᠭᠳᠠᠵᠤ᠂ ᠳᠤᠮᠳᠠᠳᠤ ᠤᠯᠤᠰ ᠤᠨ ᠡᠮᠴᠢᠯᠡᠭᠡᠨ ᠤ ᠳᠠᠭᠠᠳᠬᠠᠯ ︵ID᠄ zgylbxzzs︶ ᠲᠠᠨ ᠳᠤ ᠲᠠᠶᠢᠯᠤᠮᠵᠢ ᠬᠢᠨ᠎ᠡ᠃  ︽ᠮᠡᠳᠡᠭᠦᠯᠦᠯᠲᠡ︾ ᠳᠤ ᠲᠤᠳᠤᠷᠬᠠᠶᠢᠯᠠᠭᠰᠠᠨ ᠡᠮᠴᠢᠯᠡᠭᠡᠨ ᠤ ᠳᠠᠭᠠᠳᠬᠠᠯ ᠳᠤ ᠬᠤᠯᠪᠣᠭᠳᠠᠬᠤ ᠡᠨᠡ ᠵᠢᠯ ᠤᠨ ᠭᠤᠤᠯᠳᠠᠯᠭ᠎ᠠ ᠲᠠᠢ ᠠᠵᠢᠯ ᠭᠡᠪᠡᠯ᠄  1. ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠬᠥᠮᠥᠨ ᠳᠤᠮᠳᠠᠴᠢ ᠶᠢᠨ ᠡᠳ᠋ ᠤᠨ ᠵᠠᠰᠠᠭ ᠤᠨ ᠨᠥᠬᠦᠪᠦᠷᠢ ᠶᠢᠨ ᠪᠠᠷᠢᠮᠵᠢᠶ᠎ᠠ ᠶᠢ 30 ᠲᠥᠭᠦᠷᠢᠭ ᠳᠡᠭᠡᠭᠰᠢᠯᠡᠭᠦᠯᠦᠨ᠎ᠡ  ᠣᠶᠢᠷ᠎ᠠ ᠶᠢᠨ ᠵᠢᠯ ᠳᠤ᠂ ᠤᠯᠤᠰ ᠠᠴᠠ ᠵᠢᠯ ᠪᠦᠷᠢ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠡᠳ᠋ ᠤᠨ ᠵᠠᠰᠠᠭ ᠤᠨ ᠨᠥᠬᠦᠪᠥᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ 2023 ᠣᠨ ᠳᠤ ᠨᠢᠭᠡᠨᠲᠡ ᠬᠥᠮᠦᠨ ᠪᠦᠷᠢ ᠵᠢᠯ ᠳᠤ 640 ᠲᠥᠭᠦᠷᠢᠭ ᠠᠴᠠ ᠳᠣᠣᠷ᠎ᠠ ᠦᠭᠡᠢ ᠪᠣᠯᠭᠠᠪᠠ᠃ ᠡᠨᠡ ᠵᠢᠯ ᠤᠨ ᠮᠡᠳᠡᠭᠦᠯᠦᠯᠲᠡ ᠳᠤ ᠡᠳ᠋ ᠤᠨ ᠵᠠᠰᠠᠭ ᠤᠨ ᠨᠥᠬᠦᠪᠥᠷᠢ ᠶᠢᠨ ᠪᠠᠷᠢᠮᠵᠢᠶ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ ᠳᠠᠬᠢᠨ 30 ᠲᠥᠭᠦᠷᠢᠭ ᠨᠡᠮᠡᠵᠦ᠂ ᠡᠨᠡ ᠨᠢ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠡᠳ᠋ ᠤᠨ ᠵᠠᠰᠠᠭ ᠤᠨ ᠨᠥᠬᠦᠪᠥᠷᠢ ᠬᠥᠮᠦᠨ ᠪᠦᠷᠢ ᠵᠢᠯ ᠳᠤ 670 ᠲᠥᠭᠦᠷᠢᠭ ᠲᠤ ᠬᠦᠷᠬᠦ ᠶᠢ ᠬᠠᠷᠠᠭᠤᠯᠵᠤ ᠪᠠᠶᠢᠨ᠎ᠠ᠃  ᠤᠯᠤᠰ ᠠᠴᠠ ᠵᠢᠯ ᠪᠦᠷᠢ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠪᠡᠯᠡ ᠬᠤᠷᠠᠮᠳᠤᠭᠤᠯᠬᠤ ᠪᠠᠷᠢᠮᠵᠢᠶ᠎ᠠ ᠶᠢ ᠶᠡᠷᠦᠩᠬᠡᠶᠢᠯᠡᠨ ᠪᠣᠳᠣᠯᠬᠢᠯᠠᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ᠂ ᠡᠮᠴᠢᠯᠡᠭᠡᠨ ᠤ ᠦᠢᠯᠡᠴᠢᠯᠡᠭᠡᠨ ᠤ ᠬᠢᠷᠢ ᠲᠦᠪᠰᠢᠨ ᠤ ᠳᠡᠭᠡᠭᠰᠢᠯᠡᠯᠲᠡ᠂ ᠡᠮᠴᠢᠯᠡᠭᠡᠨ ᠤ ᠵᠠᠷᠤᠳᠠᠯ ᠤᠨ ᠬᠤᠪᠢᠷᠠᠯᠲᠠ᠂ ᠪᠠᠲᠤᠯᠠᠭ᠎ᠠ ᠶᠢᠨ ᠴᠢᠳᠠᠪᠤᠷᠢ ᠶᠢᠨ ᠱᠠᠭᠠᠷᠳᠠᠯᠭ᠎ᠠ ᠵᠡᠷᠭᠡ ᠡᠯ᠎ᠡ ᠲᠠᠯ᠎ᠠ ᠶᠢ ᠦᠨᠳᠦᠰᠦᠯᠡᠨ ᠳᠠᠷᠠᠭ᠎ᠠ ᠵᠢᠯ ᠤᠨ ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠰᠦᠢᠳᠬᠡᠯ ᠲᠤᠰᠢᠶᠠᠬᠤ ᠪᠠ ᠡᠳ᠋ ᠤᠨ ᠵᠠᠰᠠᠭ ᠤᠨ ᠨᠥᠬᠦᠪᠥᠷᠢ ᠶᠢᠨ ᠪᠠᠷᠢᠮᠵᠢᠶ᠎ᠠ ᠶᠢ ᠲᠣᠭᠲᠠᠭᠠᠨ᠎ᠠ᠃ ᠳᠡᠭᠡᠷᠡᠬᠢ ᠬᠡᠳᠦᠨ ᠬᠦᠴᠦᠨ ᠵᠦᠢᠯ ᠤᠨ ᠳᠣᠲᠣᠷ᠎ᠠ᠂ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠬᠤᠪᠢᠷᠠᠯᠲᠠ ᠨᠢ ᠨᠡᠩ ᠴᠢᠬᠤᠯᠠ ᠶᠤᠮ᠃  ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠪᠡᠯᠡ ᠴᠤᠭᠯᠠᠭᠤᠯᠬᠤ ᠳᠤᠮᠳᠠ᠂ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠵᠠᠷᠤᠯᠭ᠎ᠠ ᠶᠢᠨ ᠡᠵᠡᠯᠡᠬᠦ ᠬᠠᠷᠢᠴᠠᠯ ᠨᠢ ᠭᠤᠷᠪᠠᠨ ᠤ ᠬᠤᠶᠠᠷ ᠬᠤᠪᠢ ᠶᠢᠨ ᠬᠠᠷᠢᠴᠠᠯ ᠳᠤ ᠬᠦᠷᠴᠦ᠂ ᠬᠤᠪᠢ ᠬᠥᠮᠦᠨ ᠤ ᠲᠤᠰᠢᠶᠠᠬᠤ ᠰᠦᠢᠳᠬᠡᠯ ᠨᠢ ᠬᠠᠷᠢᠴᠠᠩᠭᠤᠶ ᠪᠠᠷ ᠨᠡᠯᠢᠶᠡᠳ ᠪᠠᠭ᠎ᠠ ᠪᠠᠶᠢᠵᠤ᠂ ᠪᠠᠷᠤᠭ ᠭᠤᠷᠪᠠᠨ ᠤ ᠨᠢᠭᠡ ᠶᠢ ᠡᠵᠡᠯᠡᠨ᠎ᠡ᠃ ᠢᠯᠡ ᠲᠤᠭ᠎ᠠ ᠪᠠᠷᠢᠮᠲᠠ ᠶᠢ ᠦᠨᠳᠦᠰᠦᠯᠡᠪᠡᠯ᠂ 2022 ᠣᠨ ᠤ ᠡᠳ᠋ ᠤᠨ ᠵᠠᠰᠠᠭ ᠠᠴᠠ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ 3655.77 ᠳ᠋ᠦᠩᠰᠢᠭᠤᠷ ᠲᠥᠭᠦᠷᠢᠭ ᠨᠦᠬᠦᠪᠦᠷᠢᠯᠡᠪᠡ᠃  ᠡᠭᠦᠨ ᠠᠴᠠ ᠭᠠᠳᠠᠨ᠎ᠠ᠂ ᠬᠦᠴᠢᠷᠳᠡᠯᠲᠡᠶ ᠣᠯᠠᠨ ᠲᠦᠮᠡᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠪᠠᠯ ᠲᠤᠰᠠᠯᠠᠮᠵᠢ ᠭᠥᠷᠳᠡᠵᠦ ᠪᠣᠯᠤᠨ᠎ᠠ᠂ ᠬᠦᠴᠢᠷᠳᠡᠯ ᠤᠨ ᠪᠠᠶᠢᠳᠠᠯ ᠤᠨ ᠠᠳᠠᠯᠢ ᠪᠤᠰᠤ ᠬᠡᠮᠵᠢᠶ᠎ᠡ ᠶᠢ ᠦᠨᠳᠦᠰᠦᠯᠡᠨ ᠬᠡᠰᠡᠭ ᠪᠦᠯᠦᠭ ᠢ ᠨᠢ ᠬᠠᠰᠤᠵᠤ ᠭᠡᠯᠲᠦᠷᠢᠭᠦᠯᠬᠦ ᠠᠴᠠ ᠪᠦᠬᠦᠨ ᠢ ᠬᠠᠰᠤᠵᠤ ᠭᠡᠯᠲᠦᠷᠢᠭᠦᠯᠬᠦ ᠬᠠᠷᠠᠭᠠᠯᠵᠠᠯ ᠭᠥᠷᠳᠡᠵᠦ ᠪᠣᠯᠤᠨ᠎ᠠ᠃ 2022 ᠣᠨ ᠳᠤ ᠪᠥᠬᠦ ᠤᠯᠤᠰ ᠲᠤ ᠨᠡᠶᠢᠲᠡ 223.8 ᠳ᠋ᠦᠩᠰᠢᠭᠤᠷ ᠲᠥᠭᠦᠷᠢᠭ ᠵᠠᠷᠤᠴᠠᠭᠤᠯᠤᠨ 9777 ᠲᠦᠮᠡᠨ ᠬᠦᠴᠢᠷᠳᠡᠯᠲᠡᠢ ᠣᠯᠠᠨ ᠲᠦᠮᠡᠨ ᠢ ᠲᠤᠰᠠᠯᠠᠨ ᠳᠠᠭᠠᠳᠬᠠᠯ ᠳᠤ ᠣᠷᠣᠯᠴᠠᠭᠤᠯᠵᠤ᠂ ᠡᠭᠦᠨ ᠳᠤ 476.46 ᠲᠦᠮᠡᠨ ᠣᠨᠴᠠ ᠬᠦᠴᠢᠷᠳᠡᠯᠲᠡᠢ ᠬᠥᠮᠦᠰ ᠬᠤᠪᠢ ᠬᠥᠮᠦᠨ ᠤ ᠰᠦᠢᠳᠬᠡᠯ ᠲᠤᠰᠢᠶᠠᠬᠤ ᠳᠤ ᠪᠥᠬᠦ ᠲᠣᠭᠠᠨ ᠤ ᠲᠤᠰᠠᠯᠠᠮᠵᠢ ᠬᠦᠷᠲᠡᠪᠡ᠃  2. ᠡᠮᠴᠢᠯᠡᠭᠡᠨ ᠤ ᠳᠠᠭᠠᠳᠬᠠᠯ᠂ ᠡᠮᠴᠢᠯᠡᠭᠡ᠂ ᠡᠮ ᠡᠮᠨᠡᠯᠭᠡ ᠶᠢᠨ ᠬᠠᠮᠵᠢᠯᠴᠠᠨ ᠬᠥᠭᠵᠢᠬᠦ ᠪᠠ ᠵᠠᠰᠠᠬᠤ ᠶᠢ ᠠᠬᠢᠭᠤᠯᠤᠨ᠎ᠠ  ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ᠄ ︽ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠮᠴᠢᠯᠡᠭᠡᠨ ᠤ ᠳᠠᠭᠠᠳᠬᠠᠯ᠂ ᠡᠮᠴᠢᠯᠡᠭᠡ᠂ ᠡᠮ ᠡᠮᠨᠡᠯᠭᠡ ᠶᠢᠨ ᠬᠠᠮᠵᠢᠯᠴᠠᠨ ᠬᠥᠭᠵᠢᠬᠦ ᠶᠢ ᠠᠬᠢᠭᠤᠯᠬᠤ ᠪᠠ ᠵᠠᠰᠠᠬᠤ︾ ᠶᠢ ᠠᠬᠢᠭᠤᠯᠬᠤ ᠪᠣᠯ ᠡᠮ ᠡᠮᠨᠡᠯᠭᠡ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠰᠢᠨ᠎ᠡ ᠬᠥᠭᠵᠢᠯᠲᠡ ᠶᠢᠨ ᠱᠠᠲᠤᠨ ᠳᠤ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠪᠣᠯᠣᠨ᠎ᠠ᠃ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠲᠤ ᠠᠪᠴᠤ ᠬᠡᠯᠡᠪᠡᠯ᠂ ᠬᠠᠮᠤᠭ ᠤᠨ ᠴᠢᠬᠤᠯᠠ ᠨᠢ ᠪᠠᠶᠢᠯᠳᠤᠬᠤ ᠪᠣᠳᠣᠯᠭ᠎ᠠ ᠶᠢᠨ ᠲᠠᠯ᠎ᠠ ᠪᠠᠷ ᠬᠤᠳᠠᠯᠳᠤᠨ ᠠᠪᠬᠤ ᠶᠢ ᠪᠡᠶᠡᠯᠡᠭᠦᠯᠵᠦ᠂ ᠳᠠᠭᠠᠳᠬᠠᠯ ᠳᠤ ᠣᠷᠣᠯᠴᠠᠭᠰᠠᠳ ᠤᠨ ᠬᠡᠷᠡᠭᠴᠡᠭᠡ ᠱᠠᠭᠠᠷᠳᠠᠯᠭ᠎ᠠ ᠪᠠᠷ ᠡᠭᠦᠰᠭᠡᠯ ᠪᠣᠯᠭᠠᠵᠤ᠂ ᠰᠠᠭᠤᠷᠢ ᠮᠥᠩᠭᠦ ᠶᠢᠨ ᠠᠵᠢᠯᠯᠠᠭᠠᠨ ᠪᠠ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠪᠠᠷ ᠪᠠᠷᠢᠮᠵᠢᠶ᠎ᠠ ᠪᠣᠯᠭᠠᠨ᠂ ᠵᠠᠬ᠎ᠠ ᠳᠡᠯᠭᠡᠭᠦᠷ ᠤᠨ ᠬᠤᠳᠠᠯᠳᠤᠨ ᠠᠪᠬᠤ ᠪᠠᠷ ᠭᠤᠣᠯ ᠠᠷᠭ᠎ᠠ ᠪᠠᠷᠢᠯ ᠪᠣᠯᠭᠠᠵᠤ᠂ ︽ᠭᠤᠷᠪᠠᠨ ᠡᠮᠴᠢᠯᠡᠭᠡ / ᠡᠮᠨᠡᠯᠭᠡ︾ ᠶᠢᠨ ᠬᠠᠮᠵᠢᠯᠴᠠᠨ ᠵᠠᠰᠠᠬᠤ ᠶᠢ ᠬᠥᠲᠥᠯᠥᠨ ᠵᠢᠯᠣᠭᠤᠳᠤᠨ᠎ᠠ᠃  ᠡᠭᠦᠨ ᠤ ᠬᠠᠮᠲᠤ᠂ ︽ᠭᠤᠷᠪᠠᠨ ᠡᠮᠴᠢᠯᠡᠭᠡ / ᠡᠮᠨᠡᠯᠭᠡ︾ ᠶᠢᠨ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ︽ᠭᠤᠷᠪᠠᠨ ᠡᠮᠴᠢᠯᠡᠭᠡ / ᠡᠮᠨᠡᠯᠭᠡ︾ ᠶᠢᠨ ᠬᠠᠮᠵᠢᠯᠴᠠᠨ ᠬᠥᠭᠵᠢᠬᠦ ᠪᠠ ᠵᠠᠰᠠᠬᠤ ᠳᠤᠮᠳᠠ ᠮᠠᠰᠢ ᠴᠢᠬᠤᠯᠠ ᠭᠡᠵᠦ ᠲᠣᠳᠣᠷᠬᠠᠶ ᠵᠠᠭᠠᠭᠯᠠᠨ ᠲᠣᠭᠲᠠᠭᠠᠪᠠ᠃ ᠡᠮᠴᠢᠯᠡᠭᠡᠨ ᠤ ᠳᠠᠭᠠᠳᠬᠠᠯ᠂ ᠡᠮᠴᠢᠯᠡᠭᠡ᠂ ᠡᠮ ᠡᠮᠨᠡᠯᠭᠡ ᠭᠡᠰᠡᠨ ᠦᠭᠡᠢ᠂ ᠡᠷᠡᠭᠦᠯ ᠮᠡᠨᠳᠦ ᠶᠢᠨ ᠬᠦᠷᠢᠶᠡᠨ ᠳᠤ ᠥᠪᠡᠷ ᠥᠪᠡᠷ ᠤᠨ ᠢᠶᠠᠨ ᠲᠦᠷᠢ ᠲᠦᠷᠬᠦ ᠪᠠ ᠭᠤᠣᠯ ᠡᠭᠦᠷᠭᠡ ᠬᠠᠷᠢᠭᠤᠴᠠᠯᠭ᠎ᠠ ᠲᠠᠢ ᠪᠠᠶᠢᠵᠤ᠂ ᠪᠦᠷ ᠥᠪᠡᠷ ᠥᠪᠡᠷ ᠤᠨ ᠢᠶᠠᠨ ᠥᠭᠡᠷᠡᠴᠢᠯᠡᠯᠲᠡ ᠶᠢᠨ ᠰᠡᠳᠦᠪ ᠲᠤ ᠲᠤᠯᠭᠠᠷᠠᠵᠤ ᠪᠠᠶᠢᠨ᠎ᠠ᠃ ︽ᠭᠤᠷᠪᠠᠨ ᠡᠮᠴᠢᠯᠡᠭᠡ / ᠡᠮᠨᠡᠯᠭᠡ︾ ᠬᠤᠭᠤᠷᠣᠨᠳᠣ ᠪᠠᠨ ᠪᠠᠰᠠ ᠬᠠᠮᠵᠢᠯᠴᠠᠨ ᠬᠦᠴᠦᠯᠡᠪᠡᠯ ᠰᠠᠶ᠋ᠢ ᠠᠷᠠᠳ ᠣᠯᠠᠨ ᠤ ᠡᠷᠡᠭᠦᠯ ᠮᠡᠨᠳᠦ ᠶᠢ ᠬᠠᠮᠠᠭᠠᠯᠠᠬᠤ ᠡᠨᠡ ᠬᠦ ᠡᠴᠦᠰ ᠤᠨ ᠬᠠᠷᠠᠯᠲᠠ ᠶᠢ ᠡᠴᠦᠰ ᠲᠤ ᠪᠠᠨ ᠪᠡᠶᠡᠯᠡᠭᠦᠯᠵᠦ ᠴᠢᠳᠠᠨ᠎ᠠ᠃  3.ᠦᠨᠳᠦᠰᠦᠨ ᠡᠮᠴᠢᠯᠡᠭᠡᠨ ᠤ ᠳᠠᠭᠠᠳᠬᠠᠯ ᠢ ᠮᠤᠵᠢ ᠶᠢᠨ ᠱᠠᠲᠤᠨ ᠠᠴᠠ ᠨᠢᠭᠡᠳᠦᠯᠲᠡᠢ ᠲᠥᠯᠥᠪᠵᠢᠭᠦᠯᠬᠦ ᠶᠢ ᠠᠬᠢᠭᠤᠯᠤᠨ᠎ᠠ  ᠨᠢᠭᠡᠳᠦᠯᠲᠡᠶ ᠲᠥᠯᠥᠪᠯᠡᠬᠦ ᠳᠡᠰ ᠳᠠᠪᠬᠤᠷᠭ᠎ᠠ ᠶᠢ ᠳᠡᠭᠡᠭᠰᠢᠯᠡᠭᠦᠯᠬᠦ ᠨᠢ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠵᠦ ᠪᠣᠯᠤᠨ᠎ᠠ᠃ ᠨᠢᠭᠡᠳᠦᠯᠲᠡᠶ ᠲᠥᠯᠥᠪᠯᠡᠬᠦ ᠳᠡᠰ ᠳᠠᠪᠬᠤᠷᠭ᠎ᠠ ᠨᠢ ᠨᠡᠯᠢᠶᠡᠳ ᠳᠣᠤᠷ᠎ᠠ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠶᠢᠨ ᠲᠤᠰᠠᠳᠠ᠂ ᠮᠠᠨ ᠤ ᠤᠯᠤᠰ ᠮᠤᠵᠢ ᠶᠢᠨ ᠱᠠᠲᠤ ᠪᠠᠷ ᠨᠢᠭᠡᠴᠢ ᠪᠣᠯᠭᠠᠭᠰᠠᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠨᠢᠭᠡᠳᠦᠯᠲᠡᠶ ᠲᠥᠯᠥᠪᠯᠡᠬᠦ ᠶᠢ ᠬᠡᠷᠡᠭᠵᠢᠭᠦᠯᠬᠦ ᠬᠡᠷᠡᠭᠲᠡᠶ ᠭᠡᠵᠦ ᠲᠣᠳᠣᠷᠬᠠᠶᠢᠯᠠᠭᠰᠠᠨ ᠪᠥᠭᠡᠳ ᠣᠯᠠᠨ ᠵᠦᠢᠯ ᠤᠨ ᠴᠢᠬᠤᠯᠠ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠳᠤ ᠲᠣᠭᠲᠠᠭᠠᠯ ᠭᠠᠷᠭᠠᠭᠰᠠᠨ ᠪᠠᠶᠢᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ᠂ ᠦᠨᠳᠦᠰᠦᠨ ᠡᠮᠴᠢᠯᠡᠭᠡᠨ ᠤ ᠳᠠᠭᠠᠳᠬᠠᠯ ᠢ ᠮᠤᠵᠢ ᠶᠢᠨ ᠱᠠᠲᠤᠨ ᠳᠤ ᠨᠢᠭᠡᠳᠦᠯᠲᠡᠢ ᠲᠥᠯᠥᠪᠵᠢᠭᠦᠯᠬᠦ ᠶᠢ ᠲᠦᠷᠭᠡᠳᠬᠡᠨ ᠠᠬᠢᠭᠤᠯᠵᠤ᠂  ᠡᠮᠴᠢᠯᠡᠭᠡᠨ ᠤ ᠳᠠᠭᠠᠳᠬᠠᠯ ᠤᠨ ᠲᠦᠷᠢᠮ ᠤᠨ ᠲᠥᠪ ᠭᠤᠣᠯᠴᠢ ᠴᠢᠨᠠᠷ᠂ ᠨᠢᠭᠡᠳᠦᠯᠲᠡᠢ ᠴᠢᠨᠠᠷ᠂ ᠠᠮᠤᠷ ᠲᠦᠪᠰᠢᠨ ᠴᠢᠨᠠᠷ ᠪᠠ ᠵᠢᠷᠤᠮᠵᠢᠯᠳᠤ ᠴᠢᠨᠠᠷ ᠢ ᠦᠷᠭᠦᠯᠵᠢᠯᠡᠨ ᠴᠢᠩᠭᠠᠳᠬᠠᠨ᠎ᠠ ᠭᠡᠵᠦ ᠳᠤᠷᠠᠳᠴᠠᠢ᠃ ᠤᠯᠤᠰ ᠤᠨ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠨᠢᠳᠤᠨᠤᠨ ᠤ ᠬᠤᠶᠠᠷ ᠬᠤᠷᠠᠯ ᠤᠨ ᠲᠥᠯᠥᠭᠡᠯᠡᠭᠴᠢᠳ ᠤᠨ ᠰᠠᠨᠠᠯ ᠳᠤᠷᠠᠳᠤᠯᠭ᠎ᠠ ᠳᠤ ᠬᠠᠷᠢᠭᠤᠯᠲᠠ ᠥᠭᠬᠦ ᠳᠤ ᠪᠠᠨ᠂ ᠲᠦᠷᠢᠮ ᠲᠥᠷᠥ ᠶᠢᠨ ᠪᠣᠳᠣᠯᠭ᠎ᠠ ᠶᠢ ᠨᠢᠭᠡᠳᠦᠯᠲᠡᠶ ᠪᠠᠶᠢᠯᠭᠠᠬᠤ᠂ ᠰᠠᠭᠤᠷᠢ ᠮᠥᠩᠭᠦ ᠶᠢ ᠨᠢᠭᠡᠳᠦᠯᠲᠡᠶ ᠬᠤᠷᠢᠶᠠᠵᠤ ᠨᠢᠭᠡᠳᠦᠯᠲᠡᠶ ᠵᠠᠷᠤᠬᠤ᠂ ᠬᠠᠮᠢᠶᠠᠷᠤᠯᠲᠠ ᠦᠢᠯᠡᠴᠢᠯᠡᠭᠡ ᠶᠢ ᠨᠢᠭᠡ ᠴᠤᠭᠴᠠᠵᠢᠭᠤᠯᠤᠭᠰᠠᠨ ᠪᠠᠷᠢᠮᠵᠢᠶ᠎ᠠ ᠶᠣᠰᠣᠭᠠᠷ᠂ ᠬᠤᠲᠠ ᠪᠠ ᠲᠤᠰᠬᠠᠶ ᠣᠷᠣᠨ ᠤ ᠱᠠᠲᠤᠨ ᠤ ᠨᠢᠭᠡᠳᠦᠯᠲᠡᠶ ᠲᠥᠯᠥᠪᠵᠢᠭᠦᠯᠭᠡ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠶ︔ ᠲᠥᠷᠥ ᠶᠢᠨ ᠪᠣᠳᠣᠯᠭ᠎ᠠ ᠶᠢ ᠨᠢᠭᠡᠳᠦᠯᠲᠡᠶ ᠵᠢᠷᠤᠮᠵᠢᠭᠤᠯᠬᠤ᠂ ᠰᠠᠭᠤᠷᠢ ᠮᠥᠩᠭᠦ ᠶᠢ ᠲᠣᠬᠢᠷᠠᠭᠤᠯᠬᠤ ᠶᠢ ᠲᠡᠩᠴᠡᠭᠦᠷᠢᠲᠡᠶ ᠪᠠᠶᠢᠯᠭᠠᠬᠤ᠂ ᠱᠠᠲᠤ ᠬᠤᠪᠢᠶᠠᠨ ᠬᠠᠮᠢᠶᠠᠷᠬᠤ ᠶᠢ ᠲᠡᠭᠦᠯᠳᠡᠷᠵᠢᠭᠦᠯᠬᠦ᠂ ᠲᠥᠰᠦᠪ ᠢ ᠬᠢᠨᠠᠨ ᠰᠢᠯᠭᠠᠬᠤ ᠶᠢ ᠴᠢᠩᠭᠠᠷᠠᠭᠤᠯᠬᠤ᠂ ᠬᠠᠮᠢᠶᠠᠷᠤᠯᠲᠠ ᠦᠢᠯᠡᠴᠢᠯᠡᠭᠡ ᠶᠢ ᠳᠡᠭᠡᠭᠰᠢᠯᠡᠭᠦᠯᠬᠦ ᠴᠢᠭᠯᠡᠯ ᠶᠣᠰᠣᠭᠠᠷ᠂ ᠮᠤᠵᠢ ᠶᠢᠨ ᠱᠠᠲᠤᠨ ᠤ ᠨᠢᠭᠡᠳᠦᠯᠲᠡᠶ ᠲᠥᠯᠥᠪᠵᠢᠭᠦᠯᠭᠡ ᠶᠢ ᠠᠬᠢᠭᠤᠯᠬᠤ ᠬᠡᠷᠡᠭᠲᠡᠢ ᠭᠡᠵᠡᠢ᠃  ᠣᠳᠣᠬᠠᠨ ᠳᠤ ᠣᠯᠠᠨ ᠭᠠᠵᠠᠷ ᠨᠢᠭᠡᠨᠲᠡ ᠮᠤᠵᠢ ᠶᠢᠨ ᠱᠠᠲᠤᠨ ᠤ ᠨᠢᠭᠡᠳᠦᠯᠲᠡᠶ ᠲᠥᠯᠥᠪᠯᠡᠬᠦ ᠰᠥᠪᠡᠭᠴᠢᠯᠡᠯᠲᠡ ᠶᠢ ᠭᠠᠷᠳᠠᠨ ᠬᠢᠵᠦ᠂ ᠨᠢᠳᠤᠨᠤᠨ ᠤ 11 ᠳ᠋ᠦ᠋ᠭᠡᠷ ᠰᠠᠷ᠎ᠠ ᠳᠤ᠂ ᠰᠧᠴᠤᠸᠠᠨ ᠪᠣᠯᠤᠨ ᠯᠢᠶᠣᠤᠨᠢᠩ ᠳᠤ ᠮᠤᠵᠢ ᠶᠢᠨ ᠱᠠᠲᠤᠨ ᠤ ᠨᠢᠭᠡᠳᠦᠯᠲᠡᠶ ᠲᠥᠯᠥᠪᠯᠡᠬᠦ ᠠᠵᠢᠯ ᠢ ᠵᠠᠯᠭᠠᠭ᠎ᠠ ᠪᠠᠷ ᠬᠢᠵᠦ᠂ ᠡᠨᠡ ᠵᠢᠯ ᠤᠨ ᠡᠯ᠎ᠡ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ᠂ ᠪᠠᠰᠠ ᠭᠢᠷᠢᠨ᠂ ᠠᠨᠾᠦ᠋ᠢ᠂ ᠾᠧᠨᠠᠨ᠂ ᠬᠤᠪᠧᠶ ᠵᠡᠷᠭᠡ ᠠᠷᠪᠠ ᠭᠠᠷᠤᠶ ᠮᠤᠵᠢ  ᠡᠮᠴᠢᠯᠡᠭᠡᠨ ᠤ ᠳᠠᠭᠠᠳᠬᠠᠯ ᠢ ᠮᠤᠵᠢ ᠶᠢᠨ ᠱᠠᠲᠤᠨ ᠤ ᠨᠢᠭᠡᠳᠦᠯᠲᠡᠶ ᠲᠥᠯᠥᠪᠯᠡᠬᠦ ᠶᠢ ᠠᠬᠢᠭᠤᠯᠬᠤ ᠪᠠᠷ ᠲᠥᠯᠥᠪᠯᠡᠵᠦ ᠪᠣᠢ᠃  ᠵᠠᠷᠢᠮ ᠳᠣᠰᠬᠠᠢ ᠮᠠᠷᠭᠡᠵᠢᠯᠲᠠᠣᠠ ᠤᠨ ᠢᠯᠡᠷᠬᠡᠶᠢᠯᠡᠭᠰᠡᠨ ᠢᠶᠠᠷ᠂ ᠮᠣᠵᠢ ᠶᠢᠨ ᠱᠠᠲᠣᠠ ᠤ ᠨᠢᠭᠡᠲᠣᠯᠲᠠᠢ ᠳᠦᠯᠣᠪᠯᠠᠭᠦ ᠶᠢ ᠠᠭᠢᠭᠤᠯᠬᠤ ᠶᠠᠪᠤᠴᠠ ᠳᠤ᠂ ᠳᠦᠷᠢᠮ ᠳᠦᠷᠤ ᠶᠢᠨ ᠪᠤᠲᠣᠯᠭ᠎ᠠ ᠶᠢᠨ ᠪᠦᠲᠣᠮᠵᠢᠲᠠᠢ ᠪᠠᠷ ᠵᠤᠯᠭᠠᠭᠤᠯᠬᠤ ᠶᠢ ᠭᠤᠣᠯᠲᠠᠯᠭ᠎ᠠ ᠲᠠᠢ ᠪᠠᠷ ᠠᠩᠬᠠᠷᠣᠠ᠂ ᠲᠦᠭᠰᠢᠭᠦᠷᠢ ᠶᠢᠨ ᠬᠠᠷᠢᠭᠤᠴᠠᠯᠭ᠎ᠠ ᠶᠢ ᠬᠤᠪᠢᠳᠠᠨ ᠡᠭᠦᠷᠭᠡᠯᠡᠬᠦ ᠵᠣᠬᠢᠴᠠᠮᠵᠢ ᠶᠢ ᠲᠣᠳᠣᠷᠬᠠᠶᠢᠯᠠᠵᠤ᠂ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠪᠠᠷᠢᠮᠵᠢᠶ᠎ᠠ ᠶᠢ ᠨᠢᠭᠡᠳᠦᠯᠲᠡᠶ ᠪᠣᠯᠭᠠᠨ᠂ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠯᠴᠠᠭ᠎ᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠰᠠᠭᠤᠷᠢ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ ᠭᠡᠵᠡᠢ᠃  4. ᠤᠯᠤᠰ ᠤᠨ ᠡᠮ ᠤᠨ ᠵᠦᠢᠯ ᠢ ᠲᠥᠪᠯᠡᠷᠡᠭᠦᠯᠦᠨ ᠬᠤᠳᠠᠯᠳᠤᠨ ᠠᠪᠬᠤ ᠲᠦᠷᠢᠮ ᠢ ᠲᠡᠭᠦᠯᠳᠡᠷᠵᠢᠭᠦᠯᠦᠨ᠎ᠡ  2018 ᠣᠨ ᠳᠤ ᠨᠢᠭᠡᠳᠦᠭᠡᠷ ᠪᠦᠯᠦᠭ ︽4 + 7︾ ᠤᠯᠤᠰ ᠤᠨ ᠲᠥᠪᠯᠡᠷᠡᠭᠦᠯᠦᠨ ᠬᠤᠳᠠᠯᠳᠤᠨ ᠠᠪᠬᠤ ᠠᠵᠢᠯ ᠢ ᠥᠷᠨᠢᠭᠦᠯᠦᠭᠰᠡᠨ ᠠᠴᠠ ᠨᠠᠭᠠᠰᠢ᠂ ᠣᠳᠣᠬᠠᠨ ᠳᠤ ᠤᠯᠤᠰ ᠤᠨ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠨᠢᠭᠡᠨᠲᠡ ᠶᠢᠰᠦᠨ ᠪᠦᠯᠦᠭ ᠤᠯᠤᠰ ᠠᠴᠠ ᠡᠮ ᠤᠨ ᠵᠦᠢᠯ ᠢ ᠲᠥᠪᠯᠡᠷᠡᠭᠦᠯᠦᠨ ᠬᠤᠳᠠᠯᠳᠤᠨ ᠠᠪᠬᠤ ᠶᠢ ᠵᠣᠬᠢᠶᠠᠨ ᠪᠠᠶᠢᠭᠤᠯᠵᠤ᠂ 374 ᠵᠦᠢᠯ ᠤᠨ ᠡᠮ ᠤᠨ ᠵᠦᠢᠯ ᠳᠤ ᠬᠤᠯᠪᠣᠭᠳᠠᠵᠤ᠂ ᠳᠣᠲᠣᠷ᠎ᠠ ᠠᠴᠠ ᠰᠣᠩᠭᠤᠭᠰᠠᠨ ᠦᠢᠯᠡᠳᠬᠦᠨ ᠤ ᠳᠤᠮᠳᠠᠴᠢ ᠪᠠᠷ ᠦᠨ᠎ᠡ ᠶᠢᠨ ᠪᠠᠭᠤᠷᠠᠯᠲᠠ ᠨᠢ 50% ᠶᠢ ᠳᠠᠪᠠᠪᠠ︔ ᠭᠤᠷᠪᠠᠨ ᠪᠦᠯᠦᠭ ᠤᠯᠤᠰ ᠠᠴᠠ ᠥᠨᠳᠥᠷ ᠥᠷᠲᠡᠭᠲᠦ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠶᠢ ᠥᠷᠨᠢᠭᠦᠯᠵᠦ᠂ ᠳᠤᠮᠳᠠᠴᠢ ᠪᠠᠷ ᠦᠨ᠎ᠡ ᠶᠢᠨ ᠪᠠᠭᠤᠷᠠᠯᠲᠠ ᠨᠢ 80% ᠶᠢ ᠳᠠᠪᠠᠪᠠ᠃ ᠴᠢᠰᠤᠨ ᠳᠠᠷᠤᠯᠲᠠ ᠥᠨᠳᠥᠷ᠂ ᠲᠢᠲᠢᠮ ᠵᠢᠷᠦᠬᠡᠨ ᠤ ᠡᠪᠡᠳᠴᠢᠨ᠂ ᠰᠢᠬᠢᠷ ᠰᠢᠵᠢᠩ ᠡᠪᠡᠳᠴᠢᠨ ᠵᠡᠷᠭᠡ ᠡᠭᠦᠳᠡᠨ ᠡᠮᠨᠡᠯᠭᠡ ᠶᠢᠨ ᠪᠠᠶᠢᠩᠭᠤ ᠲᠣᠬᠢᠶᠠᠯᠳᠤᠳᠠᠭ ᠡᠪᠡᠳᠴᠢᠨ᠂ ᠤᠳᠠᠭᠠᠨ ᠴᠢᠨᠠᠷᠲᠠᠢ ᠡᠪᠡᠳᠴᠢᠨ ᠳᠤ ᠬᠡᠷᠡᠭᠯᠡᠬᠦ ᠡᠮ ᠤᠨ ᠳᠤᠮᠳᠠᠴᠢ ᠪᠠᠷ ᠦᠨ᠎ᠡ ᠶᠢᠨ ᠪᠠᠭᠤᠷᠠᠯᠲᠠ ᠨᠢ 50% ᠶᠢ ᠳᠠᠪᠠᠪᠠ᠃ ᠵᠢᠷᠦᠬᠡᠨ ᠤ ᠲᠤᠯᠠᠭᠤᠷ ᠨᠢᠭᠡᠪᠦᠷᠢ 1.3 ᠲᠦᠮᠡᠨ ᠲᠦᠭᠦᠷᠢᠭ ᠪᠠᠶᠢᠭᠰᠠᠨ ᠠᠴᠠ 700 ᠲᠦᠭᠦᠷᠢᠭ ᠪᠣᠯᠵᠤ ᠪᠠᠭᠤᠷᠠᠵᠠᠢ᠃ ᠨᠢᠭᠡ ᠰᠢᠳᠦ ᠲᠠᠷᠢᠬᠤ ᠪᠦᠬᠦᠯᠢ ᠴᠣᠭᠴᠠ ᠶᠢᠨ ᠵᠠᠷᠤᠳᠠᠯ ᠨᠢ ᠳᠤᠮᠳᠠᠴᠢ ᠪᠠᠷ 1.5 ᠲᠦᠮᠡᠨ ᠲᠥᠭᠦᠷᠢᠭ ᠠᠴᠠ 6000 - 7000 ᠲᠥᠭᠦᠷᠢᠭ ᠣᠷᠴᠢᠮ ᠪᠤᠯᠵᠤ ᠪᠠᠭᠤᠷᠠᠪᠠ᠃  ᠲᠥᠪᠯᠡᠷᠡᠭᠦᠯᠦᠨ ᠬᠤᠳᠠᠯᠳᠤᠨ ᠠᠪᠬᠤ ᠡᠮ ᠤᠨ ᠵᠦᠢᠯ ᠤᠨ ᠠᠮᠤᠷ ᠲᠦᠪᠰᠢᠨ ᠪᠥᠭᠡᠳ ᠪᠦᠲᠦᠮᠵᠢᠲᠡᠶ ᠪᠠᠶᠢᠬᠤ ᠶᠢ ᠪᠠᠲᠤᠯᠠᠬᠤ ᠶᠢᠨ ᠲᠤᠰᠠᠳᠠ᠂ ᠤᠯᠤᠰ ᠤᠨ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠪᠠᠰᠠ ᠤᠯᠤᠰ ᠤᠨ ᠳᠣᠲᠣᠭᠠᠳᠤ ᠶᠢᠨ ᠨᠡᠷᠡᠲᠦ ᠭᠤᠷᠪᠠᠨ ᠬᠥᠬᠡ ᠲᠠᠰ ᠤᠨ ᠡᠮᠨᠡᠯᠭᠡ ᠶᠢᠨ ᠬᠤᠷᠢᠶ᠎ᠠ ᠳᠤ ᠨᠠᠶᠢᠳᠠᠵᠤ ᠲᠥᠪᠯᠡᠷᠡᠭᠦᠯᠦᠨ ᠬᠤᠳᠠᠯᠳᠤᠨ ᠠᠪᠬᠤ ᠡᠮ ᠤᠨ ᠵᠦᠢᠯ ᠳᠤ ᠦᠨᠡᠨ ᠪᠣᠳᠠᠲᠠᠶ ᠳᠡᠯᠡᠬᠡᠶ ᠶᠢᠨ ᠰᠤᠳᠤᠯᠤᠯᠲᠠ ᠬᠢᠯᠭᠡᠵᠦ᠂ ᠪᠥᠬᠦ ᠤᠯᠤᠰ ᠤᠨ 16 ᠮᠤᠵᠢ ᠶᠢᠨ 29 ᠡᠮᠴᠢᠯᠡᠭᠡᠨ ᠤ ᠪᠠᠶᠢᠭᠤᠯᠤᠮᠵᠢ 2 ᠵᠢᠯ ᠤᠨ ᠲᠤᠷᠰᠢᠬᠢ ᠰᠤᠳᠤᠯᠭᠠᠨ ᠳᠤ ᠪᠠᠨ ᠳ᠋ᠦᠩᠨᠡᠯᠲᠡ ᠬᠢᠵᠦ᠂ ᠶᠡᠷᠦᠩᠬᠡᠶ ᠳᠤ ᠨᠢ ᠠᠪᠴᠤ ᠦᠵᠡᠪᠡᠯ᠂ ᠲᠥᠪᠯᠡᠷᠡᠭᠦᠯᠦᠨ ᠦᠢᠯᠡᠳᠬᠦ ᠳᠤᠮᠳᠠ ᠳᠠᠭᠤᠷᠢᠶᠠᠮᠠᠯ ᠨᠠᠶᠢᠷᠠᠯᠭ᠎ᠠ ᠲᠠᠢ ᠡᠮ ᠰᠣᠩᠭᠤᠬᠤ ᠡᠮᠴᠢᠯᠡᠭᠡᠨ ᠤ ᠲᠤᠰᠠ ᠪᠠ ᠠᠮᠤᠷ ᠲᠦᠪᠰᠢᠨ ᠴᠢᠨᠠᠷ ᠨᠢ ᠤᠤᠯ ᠤᠨ ᠨᠠᠶᠢᠷᠠᠭᠰᠠᠨ ᠡᠮ ᠲᠠᠢ ᠠᠳᠠᠯᠢ ᠪᠠᠶᠢᠵᠤ᠂ ᠳᠠᠭᠠᠳᠬᠠᠯ ᠳᠤ ᠣᠷᠣᠯᠴᠠᠭᠰᠠᠳ ᠰᠠᠨᠠᠭ᠎ᠠ ᠠᠮᠤᠷ ᠬᠠᠪᠲᠠᠭᠠᠢ ᠦᠷᠡᠯ ᠪᠦᠷᠢ ᠳᠤ ᠪᠠᠨ ᠬᠡᠳᠦᠨ ᠮᠥᠩᠭᠦ ᠶᠢᠨ ᠲᠥᠪᠯᠡᠷᠡᠭᠦᠯᠦᠨ ᠬᠤᠳᠠᠯᠳᠤᠨ ᠠᠪᠬᠤ ᠳᠠᠭᠤᠷᠢᠶᠠᠮᠠᠯ ᠡᠮ ᠢ ᠬᠡᠷᠡᠭᠯᠡᠵᠦ ᠪᠣᠯᠤᠨ᠎ᠠ᠃  ᠤᠯᠤᠰ ᠤᠨ ᠡᠮᠴᠢᠯᠡᠭᠡᠨ ᠤ ᠪᠠᠳᠤᠯᠠᠭ᠎ᠠ ᠶᠢᠨ ᠲᠣᠪᠴᠢᠶ᠎ᠠ ᠶᠢᠨ 2024 ᠣᠨ ᠤ ᠠᠵᠢᠯ ᠤᠨ ᠡᠭᠦᠷᠭᠡ ᠶᠢ ᠦᠨᠳᠦᠰᠦᠯᠡᠨ᠂ ᠡᠨᠡ ᠵᠢᠯ ᠰᠢᠨ᠎ᠡ ᠪᠦᠯᠦᠭ ᠤᠳᠠᠭ᠎ᠠ ᠶᠢᠨ ᠤᠯᠤᠰ ᠠᠴᠠ ᠡᠮ ᠤᠨ ᠵᠦᠢᠯ ᠤᠨ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠶᠢ ᠵᠣᠬᠢᠶᠠᠨ ᠪᠠᠶᠢᠭᠤᠯᠤᠨ᠂ ᠲᠥᠪᠯᠡᠷᠡᠭᠦᠯᠦᠨ ᠬᠤᠳᠠᠯᠳᠤᠨ ᠠᠪᠬᠤ ᠶᠠᠪᠤᠴᠠ ᠳᠤ ᠰᠣᠩᠭᠤᠭᠰᠠᠨ ᠵᠦᠢᠯᠡᠰ ᠤᠨ ᠬᠡᠯᠡᠯᠴᠡᠭᠡᠷ ᠤᠨ ᠬᠤᠭᠤᠴᠠᠭ᠎ᠠ ᠨᠢ ᠲᠤᠯᠪᠠᠯ ᠦᠷᠭᠦᠯᠵᠢᠯᠡᠭᠦᠯᠬᠦ ᠠᠵᠢᠯ ᠢ ᠰᠠᠶᠢᠲᠤᠷ ᠬᠢᠵᠦ᠂ ᠤᠯᠤᠰ ᠪᠠ ᠮᠤᠵᠢ ᠶᠢᠨ ᠱᠠᠲᠤᠨ ᠤ ᠲᠥᠪᠯᠡᠷᠡᠭᠦᠯᠦᠨ ᠬᠤᠳᠠᠯᠳᠤᠨ ᠠᠪᠬᠤ ᠡᠮ ᠤᠨ ᠵᠦᠢᠯ ᠤᠨ ᠲᠤᠭ᠎ᠠ ᠶᠢ ᠨᠡᠶᠢᠲᠡ 500 ᠳᠤ ᠬᠦᠷᠭᠡᠬᠦ ᠶᠢ ᠪᠡᠶᠡᠯᠡᠭᠦᠯᠦᠨ᠎ᠡ᠃  5. ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠡᠷᠡᠭᠯᠡᠯᠲᠡ ᠶᠢᠨ ᠪᠠᠶᠢᠩᠭᠤᠵᠢᠭᠰᠠᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ  ᠤᠯᠤᠰ ᠤᠨ ᠡᠮᠴᠢᠯᠡᠭᠡᠨ ᠤ ᠪᠠᠳᠤᠯᠠᠭ᠎ᠠ ᠶᠢᠨ ᠲᠤᠪᠴᠢᠶ᠎ᠠ ᠪᠠᠶᠢᠭᠤᠯᠤᠭᠳᠠᠭᠰᠠᠨ ᠠᠴᠠ ᠨᠠᠭᠠᠰᠢ᠂ ᠡᠮᠴᠢᠯᠡᠭᠡᠨ ᠤ ᠪᠠᠳᠤᠯᠠᠭ᠎ᠠ ᠶᠢᠨ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ︽ᠭᠤᠷᠪᠠ ᠶᠢ ᠤᠶᠠᠯᠳᠤᠭᠤᠯᠬᠤ︾᠂ ︽ᠲᠠᠪᠤ ᠶᠢ ᠪᠠᠶᠢᠩᠭᠤᠵᠢᠭᠤᠯᠬᠤ︾ ᠬᠢᠨᠠᠯᠲᠠ ᠬᠠᠮᠢᠶᠠᠷᠤᠯᠲᠠ ᠶᠢᠨ ᠲᠤᠷᠰᠢᠯᠭ᠎ᠠ ᠶᠢ ᠪᠦᠷᠢᠯᠳᠦᠭᠦᠯᠪᠡ᠃ ᠨᠢᠭᠡ ᠳᠤ᠂ ᠴᠡᠭ ᠱᠤᠭᠤᠮ ᠪᠠ ᠨᠡᠶᠢᠳᠡᠮ ᠢ ᠤᠶᠠᠯᠳᠤᠭᠤᠯᠵᠤ᠂ ᠨᠢᠰᠦᠯᠲᠡ ᠶᠢᠨ ᠪᠠᠶᠢᠴᠠᠭᠠᠯᠲᠠ᠂ ᠲᠤᠰᠬᠠᠢ ᠴᠡᠭᠴᠡᠯᠡᠨ ᠵᠠᠰᠠᠯᠲᠠ ᠪᠠ ᠡᠳᠦᠷ ᠳᠤᠳᠤᠮ ᠤᠨ ᠬᠢᠨᠠᠯᠲᠠ ᠬᠠᠮᠢᠶᠠᠷᠤᠯᠲᠠ ᠶᠢ ᠪᠠᠶᠢᠩᠭᠤᠵᠢᠭᠤᠯᠬᠤ ᠶᠢ ᠠᠬᠢᠭᠤᠯᠪᠠ᠃ ᠬᠤᠶᠠᠷ ᠲᠤ᠂ ᠲᠤᠬᠠᠢ ᠶᠢᠨ ᠲᠠᠯᠠᠪᠤᠷ ᠪᠠ ᠲᠤᠬᠠᠢ ᠶᠢᠨ ᠲᠠᠯᠠᠪᠤᠷ ᠤᠨ ᠪᠤᠰᠤ ᠠᠵᠤ ᠠᠬᠤᠢ ᠶᠢ ᠤᠶᠠᠯᠳᠤᠭᠤᠯᠵᠤ᠂ ᠣᠶᠤᠨᠴᠢ ᠬᠢᠨᠠᠨ ᠡᠵᠡᠮᠳᠡᠬᠦ ᠶᠢ ᠪᠠᠶᠢᠩᠭᠤᠵᠢᠭᠤᠯᠬᠤ ᠶᠢ ᠠᠬᠢᠭᠤᠯᠪᠠ᠃ ᠭᠤᠷᠪᠠ ᠳᠤ᠂ ᠵᠠᠰᠠᠭ ᠤᠨ ᠣᠷᠳᠣᠨ ᠬᠢᠨᠠᠨ ᠬᠠᠮᠢᠶᠠᠷᠬᠤ ᠪᠠ ᠨᠡᠶᠢᠭᠡᠮ ᠤᠨ ᠬᠢᠨᠠᠯᠲᠠ ᠲᠠᠯᠪᠢᠬᠤ ᠶᠢ ᠬᠠᠷᠢᠯᠴᠠᠨ ᠤᠶᠠᠯᠳᠤᠭᠤᠯᠵᠤ᠂ ᠨᠡᠶᠢᠭᠡᠮ ᠤᠨ ᠬᠢᠨᠠᠯᠲᠠ ᠲᠠᠯᠪᠢᠬᠤ ᠶᠢ ᠪᠠᠶᠢᠩᠭᠤᠵᠢᠭᠤᠯᠬᠤ ᠶᠢ ᠠᠬᠢᠭᠤᠯᠪᠠ᠃  2023 ᠣᠨ ᠤ 5 ᠳ᠋ᠤᠭᠠᠷ ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠡᠷᠡᠭᠯᠡᠯᠲᠡ ᠶᠢᠨ ᠪᠠᠶᠢᠩᠭᠤᠵᠢᠭᠰᠠᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠬᠡᠷᠡᠭᠵᠢᠭᠦᠯᠬᠦ ᠰᠠᠨᠠᠯ︾ ᠢ ᠳᠠᠷᠤᠮᠠᠯᠯᠠᠨ ᠲᠠᠷᠬᠠᠭᠠᠵᠤ᠂ ᠨᠢᠰᠦᠯᠲᠡ ᠶᠢᠨ ᠪᠠᠶᠢᠴᠠᠭᠠᠯᠲᠠ᠂ ᠲᠤᠰᠬᠠᠶ ᠴᠡᠭᠴᠡᠯᠡᠨ ᠵᠠᠰᠠᠯᠲᠠ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ᠂ ᠣᠶᠤᠨᠴᠢ ᠬᠢᠨᠠᠨ ᠡᠵᠡᠮᠳᠡᠯ᠂ ᠨᠡᠶᠢᠭᠡᠮ ᠤᠨ ᠬᠢᠨᠠᠯᠲᠠ ᠲᠠᠯᠪᠢᠯᠲᠠ ᠵᠡᠷᠭᠡ ᠲᠠᠪᠤᠨ ᠲᠠᠯ᠎ᠠ ᠠᠴᠠ ᠡᠭᠦᠰᠴᠦ᠂ ᠴᠡᠭ᠂ ᠱᠤᠭᠤᠮ᠂ ᠨᠡᠶᠢᠳᠡᠮ ᠢ ᠤᠶᠠᠯᠳᠤᠭᠤᠯᠬᠤ ᠠᠷᠭ᠎ᠠ ᠬᠡᠯᠪᠡᠷᠢ ᠪᠠᠷ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠪᠠᠶᠢᠩᠭᠤᠵᠢᠭᠤᠯᠬᠤ ᠶᠢ ᠠᠬᠢᠭᠤᠯᠵᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ᠂ ᠵᠦᠶ ᠵᠣᠬᠢᠰᠲᠠᠶ᠂ ᠵᠢᠷᠤᠮᠵᠢᠭᠤᠨ᠂ ᠥᠨᠳᠥᠷ ᠪᠦᠲᠦᠮᠵᠢᠲᠡᠶ ᠪᠠᠷ ᠬᠡᠷᠡᠭᠯᠡᠬᠦ ᠶᠢ ᠨᠠᠩ ᠰᠠᠶᠢᠲᠤᠷ ᠬᠠᠮᠠᠭᠠᠯᠠᠪᠠ᠃  2024 ᠣᠨ ᠳᠤ᠂ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ︽ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠡᠷᠡᠭᠯᠡᠯᠲᠡ ᠶᠢᠨ ᠪᠠᠶᠢᠩᠭᠤᠵᠢᠭᠰᠠᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠬᠡᠷᠡᠭᠵᠢᠭᠦᠯᠬᠦ ᠰᠠᠨᠠᠯ︾ ᠤᠨ ᠱᠠᠭᠠᠷᠳᠠᠯᠭ᠎ᠠ ᠶᠢ ᠦᠷᠭᠦᠯᠵᠢᠯᠡᠨ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠲᠠᠯ᠎ᠠ ᠶᠢᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠲᠠᠰᠤᠷᠠᠯᠲᠠ ᠥᠬᠡᠶ ᠪᠣᠳᠠᠲᠠᠶᠢᠵᠢᠭᠤᠯᠵᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠡᠷᠡᠭᠯᠡᠯᠲᠡ ᠶᠢᠨ ᠪᠠᠶᠢᠩᠭᠤᠵᠢᠭᠰᠠᠨ ᠬᠢᠨᠠᠯᠲᠠ ᠬᠠᠮᠢᠶᠠᠷᠤᠯᠲᠠ ᠶᠢ ᠦᠨᠡᠨ ᠬᠦ ᠴᠢᠩᠭᠠᠳᠬᠠᠵᠤ᠂ ᠥᠴᠦᠬᠡᠨ ᠴᠦ ᠠᠭᠤᠴᠢᠯᠠᠬᠤ ᠥᠬᠡᠶ ᠣᠪᠣᠷ ᠢᠶᠠᠷ ᠳᠠᠭᠠᠳᠬᠠᠯ ᠢ ᠮᠡᠬᠡᠯᠡᠬᠦ ᠬᠠᠤᠯᠢ ᠲᠣᠭᠲᠠᠭᠠᠯ ᠠᠴᠠ ᠵᠥᠷᠢᠴᠡᠭᠰᠡᠨ ᠡᠯ᠎ᠡ ᠲᠥᠷᠥᠯ ᠤᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠰᠠᠬᠢᠨ᠎ᠠ᠃  6. ᠣᠨᠳᠣᠣ ᠭᠠᠵᠠᠷ ᠡᠮᠨᠡᠭᠦᠯᠬᠦ ᠶᠢ ᠳ᠋ᠦᠩᠨᠡᠨ ᠪᠣᠳᠣᠬᠤ ᠶᠢ ᠨᠠᠶᠢᠳᠠᠪᠤᠷᠢᠵᠢᠭᠤᠯᠤᠨ ᠲᠡᠭᠦᠯᠳᠡᠷᠵᠢᠭᠦᠯᠦᠨ᠎ᠡ  ᠣᠶᠢᠷ᠎ᠠ ᠶᠢᠨ ᠵᠢᠯ ᠤᠳ ᠲᠤ᠂ ᠮᠤᠵᠢ ᠠᠯᠤᠰᠯᠠᠨ ᠣᠨᠳᠣᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠳ᠋ᠦᠩᠨᠡᠨ ᠪᠤᠳᠤᠬᠤ ᠠᠵᠢᠯ ᠢ ᠲᠠᠰᠤᠷᠠᠯᠲᠠ ᠥᠬᠡᠶ ᠥᠷᠨᠢᠭᠦᠯᠵᠦ᠂ ᠳᠠᠭᠠᠳᠬᠠᠯ ᠢᠶᠠᠷ ᠡᠮᠨᠡᠯᠭᠡ ᠳᠤ ᠰᠠᠭᠤᠬᠤ ᠠᠴᠠ ᠠᠭᠠᠵᠢᠮ ᠢᠶᠠᠷ ᠡᠮᠨᠡᠯᠭᠡ ᠳᠤ ᠰᠠᠭᠤᠬᠤ᠂ ᠡᠩ ᠤᠨ ᠡᠭᠦᠳᠡᠨ ᠡᠮᠨᠡᠯᠭᠡ᠂ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠣᠨᠴᠠ ᠡᠪᠡᠳᠴᠢᠨ ᠢ ᠴᠥᠮ ᠰᠢᠭᠤᠳ ᠳ᠋ᠦᠩᠨᠡᠨ ᠪᠤᠳᠤᠬᠤ ᠪᠣᠯᠲᠠᠯ᠎ᠠ ᠥᠷᠭᠡᠳᠬᠡᠪᠡ᠃ 2023 ᠣᠨ ᠤ ᠡᠴᠦᠰ ᠪᠣᠯᠲᠠᠯ᠎ᠠ᠂ ᠮᠤᠵᠢ ᠠᠯᠤᠰᠯᠠᠨ ᠣᠨᠳᠣᠤ ᠭᠠᠵᠠᠷ ᠲᠤ ᠡᠮᠨᠡᠭᠦᠯᠬᠦ ᠰᠦᠯᠵᠢᠶᠡᠨ ᠤ ᠪᠠᠶᠢᠭᠤᠯᠤᠮᠵᠢ 55 ᠲᠦᠮᠡ ᠳᠤ ᠬᠦᠷᠴᠦ᠂ ᠣᠯᠠᠨ ᠲᠦᠮᠡᠨ ᠳᠤ 1.3 ᠳ᠋ᠦᠩᠰᠢᠭᠤᠷ ᠬᠥᠮᠦᠨ ᠤᠳᠠᠭ᠎ᠠ ᠳᠤ ᠠᠰᠢᠭ ᠬᠦᠷᠲᠡᠭᠡᠵᠦ᠂ ᠣᠯᠠᠨ ᠲᠦᠮᠡᠨ ᠤ 1536.7 ᠳ᠋ᠦᠩᠰᠢᠭᠤᠷ ᠲᠥᠭᠦᠷᠢᠭ ᠤᠨ ᠣᠷᠣᠯᠠᠨ ᠥᠭᠬᠦ ᠶᠢ ᠪᠠᠭᠠᠰᠬᠠᠪᠠ᠃ ᠡᠮᠨᠡᠯᠭᠡ ᠳᠤ ᠰᠠᠭᠤᠬᠤ ᠲᠠᠯ᠎ᠠ ᠪᠠᠷ᠂ 2023 ᠣᠨ ᠳᠤ ᠪᠥᠬᠦ ᠤᠯᠤᠰ ᠤᠨ ᠡᠮᠨᠡᠯᠭᠡ ᠳᠤ ᠰᠠᠭᠤᠬᠤ ᠵᠠᠷᠤᠳᠠᠯ ᠢ ᠮᠤᠵᠢ ᠠᠯᠤᠰᠯᠠᠨ 1125.48 ᠲᠦᠮᠡᠨ ᠬᠥᠮᠦᠨ ᠤᠳᠠᠭ᠎ᠠ ᠰᠢᠭᠤᠳ ᠳ᠋ᠦᠩᠨᠡᠨ ᠪᠤᠳᠤᠵᠤ᠂ ᠬᠤᠪᠢ ᠬᠥᠮᠦᠨ ᠤ 1351.26 ᠳ᠋ᠦᠩᠰᠢᠭᠤᠷ ᠲᠥᠭᠦᠷᠢᠭ ᠤᠨ ᠣᠷᠣᠯᠠᠨ ᠥᠭᠬᠦ ᠶᠢ ᠪᠠᠭᠠᠰᠬᠠᠪᠠ᠃ ᠡᠭᠦᠳᠡᠨ ᠡᠮᠨᠡᠯᠭᠡ ᠶᠢᠨ ᠲᠠᠯ᠎ᠠ ᠪᠠᠷ᠂ ᠣᠳᠣᠬᠠᠨ ᠳᠤ᠂ ᠪᠣᠶ ᠪᠥᠬᠦᠶ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠳᠤ ᠴᠥᠮ ᠡᠩ ᠤᠨ ᠡᠭᠦᠳᠡᠨ ᠡᠮᠨᠡᠯᠭᠡ ᠶᠢᠨ ᠵᠠᠷᠤᠳᠠᠯ ᠢ ᠮᠤᠵᠢ ᠠᠯᠤᠰᠯᠠᠨ ᠰᠢᠭᠤᠳ ᠳ᠋ᠦᠩᠨᠡᠨ ᠪᠤᠳᠤᠬᠤ ᠦᠢᠯᠡᠴᠢᠯᠡᠭᠡ ᠪᠠ ᠴᠢᠰᠤᠨ ᠳᠠᠷᠤᠯᠲᠠ ᠥᠨᠳᠥᠷ᠂ ᠰᠢᠬᠢᠷ ᠰᠢᠵᠢᠩ ᠡᠪᠡᠳᠴᠢᠨ᠂ ᠬᠤᠤᠷᠲᠤ ᠬᠠᠪᠤᠳᠠᠷ ᠤᠨ ᠡᠭᠦᠳᠡᠨ ᠡᠮᠨᠡᠯᠭᠡ ᠶᠢᠨ ᠬᠢᠮᠢ ᠶᠢᠨ ᠵᠠᠰᠠᠯ᠂ ᠰᠢᠭᠡᠰᠦᠨ ᠬᠤᠤᠷᠳᠠᠯᠲᠤ ᠡᠪᠡᠳᠴᠢᠨ ᠤ ᠨᠡᠪᠴᠢᠨ ᠵᠠᠳᠠᠯᠤᠯᠲᠠ᠂ ᠡᠷᠬᠡᠲᠡᠨ ᠰᠢᠯᠵᠢᠭᠦᠯᠦᠨ ᠤᠷᠭᠤᠭᠤᠯᠬᠤ ᠮᠡᠷᠭᠡᠵᠢᠯ ᠤᠨ ᠳᠠᠷᠠᠭᠠᠬᠢ ᠭᠠᠳᠠᠭᠰᠢᠯᠠᠭᠤᠯᠤᠯᠲᠠ ᠶᠢ ᠡᠰᠡᠷᠭᠦᠴᠡᠬᠦ ᠡᠮᠴᠢᠯᠡᠭᠡ ᠵᠡᠷᠭᠡ 5 ᠵᠦᠢᠯ ᠤᠨ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠣᠨᠴᠠᠭᠠᠢ ᠡᠪᠡᠳᠴᠢᠨ ᠤ ᠬᠤᠯᠪᠣᠭᠳᠠᠯ ᠪᠥᠬᠦᠶ ᠡᠮᠴᠢᠯᠡᠭᠡᠨ ᠤ ᠵᠠᠷᠤᠳᠠᠯ ᠤᠨ ᠮᠤᠵᠢ ᠠᠯᠤᠰᠯᠠᠨ ᠰᠢᠭᠤᠳ ᠳ᠋ᠦᠩᠨᠡᠨ ᠪᠤᠳᠤᠬᠤ ᠦᠢᠯᠡᠴᠢᠯᠡᠭᠡ ᠶᠢ ᠨᠡᠭᠡᠭᠡᠵᠦ᠂ ᠪᠥᠬᠦ ᠤᠯᠤᠰ ᠤᠨ ᠡᠭᠦᠳᠡᠨ ᠡᠮᠨᠡᠯᠭᠡ ᠶᠢᠨ ᠵᠠᠷᠤᠳᠠᠯ ᠢ ᠮᠤᠵᠢ ᠠᠯᠤᠰᠯᠠᠨ ᠰᠢᠭᠤᠳ ᠳ᠋ᠦᠩᠨᠡᠨ ᠪᠤᠳᠤᠬᠤ ᠦᠢᠯᠡᠴᠢᠯᠡᠭᠡ 1.18 ᠳ᠋ᠦᠩᠰᠢᠭᠤᠷ ᠬᠥᠮᠦᠨ ᠤᠳᠠᠭ᠎ᠠ ᠨᠡᠪᠲᠡᠷᠡᠭᠦᠯᠵᠦ᠂ ᠬᠤᠪᠢ ᠬᠥᠮᠦᠨ ᠤ 185.48 ᠳ᠋ᠦᠩᠰᠢᠭᠤᠷ ᠲᠥᠭᠦᠷᠢᠭ ᠤᠨ ᠣᠷᠣᠯᠠᠨ ᠥᠭᠬᠦ ᠶᠢ ᠪᠠᠭᠠᠰᠬᠠᠪᠠ᠃ ᠳᠥᠭᠦᠮ ᠳᠥᠲᠡ ᠴᠢᠨᠠᠷ ᠤᠨ ᠲᠠᠯ᠎ᠠ ᠪᠠᠷ᠂ ᠣᠨᠳᠣᠤ ᠭᠠᠵᠠᠷ ᠲᠤ ᠡᠮᠨᠡᠭᠦᠯᠬᠦ ᠶᠢ ᠳᠠᠩᠰᠠᠯᠠᠭᠤᠯᠬᠤ ᠦᠢᠯᠡᠴᠢᠯᠡᠭᠡ ᠶᠢ ᠠᠯᠬᠤᠮ ᠠᠯᠬᠤᠮ ᠢᠶᠠᠷ ᠨᠢᠭᠡᠳᠬᠡᠬᠦ᠂ ᠣᠨᠳᠣᠤ ᠭᠠᠵᠠᠷ ᠲᠤ ᠡᠮᠨᠡᠭᠦᠯᠬᠦ ᠬᠠᠮᠢᠶᠠᠷᠤᠯᠲᠠ ᠶᠢᠨ ᠶᠠᠪᠤᠴᠠ ᠶᠢ ᠲᠠᠰᠤᠷᠠᠯᠲᠠ ᠥᠬᠡᠶ ᠳᠥᠭᠦᠮᠴᠢᠯᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠳᠠᠭᠠᠳᠬᠠᠯ ᠳᠤ ᠣᠷᠣᠯᠴᠠᠭᠰᠠᠳ ᠤᠨ ᠬᠦᠷᠲᠡᠬᠦ ᠬᠠᠷᠠᠭᠠᠯᠵᠠᠯ ᠢ ᠮᠠᠰᠢ ᠲᠥᠬᠦᠮ ᠪᠣᠯᠭᠠᠪᠠ᠃ ᠣᠳᠣᠬᠠᠨ ᠳᠤ᠂ ᠪᠣᠶ ᠪᠥᠬᠦᠶ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠪᠠ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠳ ᠴᠥᠮ ᠤᠯᠤᠰ ᠤᠨ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠲᠠᠪᠴᠠᠩ ᠤᠨ APP ᠪᠠ ᠤᠯᠤᠰ ᠤᠨ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠶᠢᠨ ᠣᠯᠠᠨ ᠨᠡᠶᠢᠲᠡ ᠶᠢᠨ ᠸᠢᠴᠠᠲ ᠲᠠᠪᠴᠠᠩ ᠢᠶᠠᠷ ᠳᠠᠮᠵᠢᠭᠤᠯᠤᠨ ᠮᠤᠵᠢ ᠠᠯᠤᠰᠯᠠᠨ ᠣᠨᠳᠣᠤ ᠭᠠᠵᠠᠷ ᠲᠤ ᠡᠪᠡᠳᠴᠢᠨ ᠦᠵᠡᠭᠦᠯᠬᠦ ᠶᠢ ᠰᠦᠯᠵᠢᠶᠡᠨ ᠳᠡᠭᠡᠷ᠎ᠡ ᠳᠠᠩᠰᠠᠯᠠᠭᠤᠯᠬᠤ ᠶᠢ ᠪᠡᠶᠡᠯᠡᠭᠦᠯᠵᠦ ᠪᠣᠯᠤᠨ᠎ᠠ᠃  ᠤᠯᠤᠰ ᠤᠨ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠠᠴᠠ ᠢᠯᠡᠷᠬᠡᠶᠢᠯᠡᠭᠰᠡᠨ ᠨᠢ᠂ ᠣᠶᠢᠷ᠎ᠠ ᠶᠢᠨ ᠵᠢᠯ ᠤᠳ ᠲᠤ ᠡᠮᠨᠡᠯᠭᠡ ᠳᠤ ᠰᠠᠭᠤᠭᠰᠠᠨ ᠵᠠᠷᠤᠳᠠᠯ ᠤᠨ ᠮᠤᠵᠢ ᠠᠯᠤᠰᠯᠠᠨ ᠰᠢᠭᠤᠳ ᠳ᠋ᠦᠩᠨᠡᠨ ᠪᠤᠳᠤᠬᠤ ᠨᠣᠷᠮ᠎ᠠ ᠶᠢ ᠢᠯᠡᠳᠲᠡ ᠳᠡᠭᠡᠭᠰᠢᠯᠡᠭᠦᠯᠵᠦ᠂ ᠡᠭᠦᠳᠡᠨ ᠡᠮᠨᠡᠯᠭᠡ ᠶᠢᠨ ᠵᠠᠷᠤᠳᠠᠯ ᠢ ᠮᠤᠵᠢ ᠠᠯᠤᠰᠯᠠᠨ ᠰᠦᠯᠵᠢᠶ᠎ᠡ ᠨᠡᠪᠲᠡᠷᠡᠭᠦᠯᠬᠦ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠴᠡᠭ ᠤᠨ ᠬᠠᠮᠤᠷᠬᠤ ᠬᠡᠪᠴᠢᠶ᠎ᠡ ᠶᠢ ᠲᠠᠰᠤᠷᠠᠯᠲᠠ ᠥᠬᠡᠶ ᠥᠷᠭᠡᠳᠬᠡᠵᠦ᠂ ᠮᠤᠵᠢ ᠠᠯᠤᠰᠯᠠᠨ ᠰᠢᠭᠤᠳ ᠳ᠋ᠦᠩᠨᠡᠨ ᠪᠤᠳᠤᠬᠤ ᠬᠥᠮᠦᠨ ᠤᠳᠠᠭ᠎ᠠ ᠶᠢᠨ ᠰᠢᠨ᠎ᠡ ᠡᠭᠦᠳᠦᠯᠲᠡ ᠥᠨᠳᠥᠷ ᠪᠠᠶᠢᠨ᠎ᠠ᠃ ᠲᠠᠷᠠᠭᠠᠴᠢ ᠶᠢᠨ ᠠᠯᠬᠤᠮ ᠳᠤ ᠮᠤᠵᠢ ᠠᠯᠤᠰᠯᠠᠨ ᠣᠨᠳᠣᠤ ᠭᠠᠵᠠᠷ ᠲᠤ ᠡᠪᠡᠳᠴᠢᠨ ᠦᠵᠡᠭᠦᠯᠬᠦ ᠶᠢ ᠳᠠᠩᠰᠠᠯᠠᠭᠤᠯᠬᠤ ᠦᠢᠯᠡᠴᠢᠯᠡᠭᠡ ᠶᠢ ᠦᠷᠭᠦᠯᠵᠢᠯᠡᠨ ᠳᠡᠭᠡᠭᠰᠢᠯᠡᠭᠦᠯᠵᠦ᠂ ᠳᠠᠭᠠᠳᠬᠠᠯ ᠳᠤ ᠣᠷᠣᠯᠴᠠᠭᠰᠠᠨ ᠨᠠᠩ ᠣᠯᠠᠨ ᠣᠯᠠᠨ ᠲᠦᠮᠡᠨ ᠳᠤ ᠮᠤᠵᠢ ᠠᠯᠤᠰᠯᠠᠨ ᠰᠢᠭᠤᠳ ᠳ᠋ᠦᠩᠨᠡᠨ ᠪᠤᠳᠤᠬᠤ ᠦᠢᠯᠡᠴᠢᠯᠡᠭᠡ ᠶᠢ ᠬᠦᠷᠲᠡᠭᠡᠨ᠎ᠡ ᠭᠡᠵᠡᠢ᠃  7. ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠳᠦᠷᠢᠮ ᠢ ᠪᠠᠶᠢᠭᠤᠯᠬᠤ ᠶᠢ ᠲᠦᠯᠬᠢᠨ ᠠᠬᠢᠭᠤᠯᠤᠨ᠎ᠠ  2016 ᠣᠨ ᠠᠴᠠ ᠡᠬᠢᠯᠡᠵᠦ ᠤᠯᠤᠰ ᠠᠴᠠ ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠲᠤᠷᠰᠢᠯᠲᠠ ᠶᠢᠨ ᠴᠡᠭ ᠢ ᠭᠠᠷᠭᠠᠭᠰᠠᠨ ᠠᠴᠠ ᠨᠠᠭᠠᠰᠢ᠂ ᠲᠤᠷᠰᠢᠯᠲᠠ ᠶᠢᠨ ᠴᠡᠭ ᠢ ᠣᠳᠣ ᠪᠣᠯᠲᠠᠯ᠎ᠠ 49 ᠬᠦᠷᠲᠡᠯ᠎ᠡ ᠥᠷᠭᠡᠳᠬᠡᠵᠦ᠂ ᠳᠠᠭᠠᠳᠬᠠᠯ ᠳᠤ ᠣᠷᠣᠯᠴᠠᠭᠰᠠᠨ ᠬᠥᠮᠦᠰ 1.7 ᠳ᠋ᠦᠩᠰᠢᠭᠤᠷ ᠲᠤ ᠬᠦᠷᠴᠦ᠂ ᠬᠠᠷᠠᠭᠠᠯᠵᠠᠯ ᠬᠦᠷᠲᠡᠭᠰᠡᠨ ᠬᠦᠮᠦᠨ ᠨᠡᠶᠢᠲᠡ 200 ᠲᠦᠮᠡ ᠶᠢ ᠳᠠᠪᠠᠵᠠᠶ᠃ ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠨᠢ ᠴᠢᠳᠠᠪᠤᠷᠢ ᠪᠠᠨ ᠠᠯᠳᠠᠭᠰᠠᠨ ᠭᠡᠷ ᠪᠦᠯᠢ ᠶᠢᠨ ᠠᠵᠤ ᠠᠬᠤᠢ ᠶᠢᠨ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠴᠢᠳᠠᠪᠤᠷᠢ ᠪᠠᠨ ᠠᠯᠳᠠᠭᠰᠠᠨ ᠬᠥᠮᠦᠰ ᠤᠨ ᠰᠤᠪᠢᠯᠠᠯᠲᠠ ᠶᠢᠨ ᠬᠡᠷᠡᠭᠴᠡᠭᠡ ᠶᠢ ᠠᠳᠠᠯᠢ ᠪᠤᠰᠤ ᠬᠡᠮᠵᠢᠶ᠎ᠡ ᠪᠠᠷ ᠬᠠᠩᠭᠠᠭᠰᠠᠨ ᠪᠠᠶᠢᠨ᠎ᠠ᠃ ᠭᠡᠪᠡᠴᠦ ᠪᠦᠷᠢᠣᠠᠭᠡᠯ ᠠᠴᠠ ᠣᠢᠵᠠᠪᠡᠯ᠂ ᠪᠦᠭᠦ ᠤᠯᠤᠰ ᠲᠤ ᠴᠢᠲᠠᠪᠤᠷᠢ ᠪᠠᠨ ᠠᠯᠲᠠᠭᠰᠠᠨ 4000 ᠭᠠᠷᠤᠢ ᠳᠦᠮᠠᠨ ᠬᠦᠮᠦᠨ ᠪᠠᠶᠢᠵᠤ᠂ ᠬᠠᠷᠢᠴᠠᠭᠤᠯᠵᠤ ᠦᠵᠡᠪᠡᠯ᠂ ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠬᠡᠷᠡᠭᠴᠡᠭᠡ ᠱᠠᠭᠠᠷᠳᠠᠯᠭ᠎ᠠ ᠶᠢᠨ ᠲᠠᠯ᠎ᠠ ᠪᠠᠷ ᠯᠤᠲᠤ ᠶᠡᠭᠡ᠂ ᠢᠯᠠᠩᠭᠤᠶ᠎ᠠ ᠮᠠᠨ ᠤ ᠤᠯᠤᠰ ᠤᠨ ᠬᠥᠮᠦᠨ ᠠᠮᠠ ᠶᠢᠨ ᠨᠠᠰᠤᠵᠢᠯᠲᠠ ᠶᠢᠨ ᠬᠡᠮᠵᠢᠶ᠎ᠡ ᠤᠯᠠᠮ ᠨᠢᠭᠡ ᠠᠯᠬᠤᠮ ᠭᠦᠨᠵᠡᠭᠡᠶᠢᠷᠡᠵᠦ ᠪᠠᠶᠢᠭ᠎ᠠ ᠬᠠᠲᠠᠭᠤ ᠴᠢᠩᠭ᠎ᠠ ᠪᠣᠳᠠᠲᠤ ᠪᠠᠶᠢᠳᠠᠯ ᠤᠨ ᠡᠮᠦᠨ᠎ᠡ᠂ ᠪᠦᠬᠦ ᠤᠯᠤᠰ ᠤᠨ ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠳᠦᠷᠢᠮ ᠢ ᠪᠠᠶᠢᠭᠤᠯᠬᠤ ᠶᠢ ᠠᠬᠢᠭᠤᠯᠬᠤ ᠶᠢᠨ ᠵᠠᠶᠢᠯᠠᠰᠢ ᠦᠭᠡᠶ ᠴᠢᠨᠠᠷ ᠪᠠ ᠴᠢᠬᠤᠯᠠ ᠴᠢᠨᠠᠷ ᠢ ᠨᠡᠩ ᠴᠤ ᠬᠡᠯᠡᠬᠦ ᠶᠢᠨ ᠠᠷᠭ᠎ᠠ ᠦᠭᠡᠶ ᠶᠤᠮ᠃  ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠢ ᠲᠦᠭᠡᠮᠡᠯᠵᠢᠭᠦᠯᠬᠦ ᠮᠥᠷᠲᠡᠭᠡᠨ ᠪᠠᠰᠠ ᠵᠠᠷᠢᠮ ᠵᠠᠩᠭᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠬᠦ ᠴᠢᠬᠤᠯᠠᠲᠠᠢ ᠪᠠᠶᠢᠨ᠎ᠠ᠂ ᠵᠢᠱᠢᠶᠡᠯᠡᠪᠡᠯ ᠪᠠᠲᠤᠯᠠᠭ᠎ᠠ ᠶᠢᠨ ᠬᠦᠷᠢᠶ᠎ᠡ ᠬᠡᠪᠴᠢᠶ᠎ᠡ᠂ ᠪᠠᠲᠤᠯᠠᠭ᠎ᠠ ᠶᠢᠨ ᠠᠭᠤᠯᠭ᠎ᠠ᠂ ᠪᠡᠯᠡ ᠬᠤᠷᠠᠮᠳᠤᠭᠤᠯᠬᠤ ᠢᠷᠡᠯᠲᠡ ᠂ ᠭᠠᠷᠳᠠᠨ ᠬᠢᠬᠦ ᠵᠠᠭᠪᠤᠷ ᠵᠡᠷᠭᠡ ᠶᠢ ᠲᠤᠳᠤᠷᠬᠠᠶᠢᠯᠠᠬᠤ ᠬᠡᠷᠡᠭᠲᠡᠢ᠃ ᠣᠳᠣᠬᠠᠨ ᠳᠤ ᠲᠤᠷᠰᠢᠯᠲᠠ ᠶᠢᠨ ᠴᠡᠭ ᠤᠨ ᠡᠯ᠎ᠡ ᠭᠠᠵᠠᠷ ᠤᠨ ᠬᠡᠯᠪᠡᠷᠢ ᠮᠠᠶ᠋ᠢᠭ ᠨᠢ ᠣᠯᠠᠨ ᠶᠠᠩᠵᠤ᠂ ᠲᠥᠷᠥ ᠶᠢᠨ ᠪᠣᠳᠣᠯᠭ᠎ᠠ ᠨᠢ ᠴᠦ ᠯᠤᠲᠤ ᠶᠡᠭᠡ ᠵᠥᠷᠢᠶ᠎ᠡ ᠲᠠᠢ᠂ ᠪᠦᠬᠦ ᠤᠯᠤᠰ ᠲᠤ ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠳᠦᠷᠢᠮ ᠢ ᠪᠠᠶᠢᠭᠤᠯᠬᠤ ᠶᠢ ᠲᠦᠯᠬᠢᠨ ᠠᠬᠢᠭᠤᠯᠬᠤ ᠳᠤ ᠣᠷᠦ᠋ᠢᠯᠠᠬᠤ ᠬᠡᠷᠡᠭᠲᠡᠢ᠃  8. ᠦᠷᠡᠵᠢᠯ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ  ᠣᠶᠢᠷ᠎ᠠ ᠶᠢᠨ ᠵᠢᠯ ᠤᠳ ᠲᠤ᠂ ᠤᠯᠤᠰ ᠤᠨ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠢᠳᠡᠪᠬᠢᠲᠡᠶ ᠬᠥᠩᠭᠡᠵᠢᠬᠦ ᠶᠢ ᠳᠡᠮᠵᠢᠬᠦ ᠠᠷᠭ᠎ᠠ ᠬᠡᠮᠵᠢᠶ᠎ᠡ ᠶᠢ ᠦᠷᠭᠦᠯᠵᠢᠯᠡᠨ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ 2018 ᠣᠨ ᠳᠤ ᠪᠠᠶᠢᠭᠤᠯᠤᠭᠳᠠᠭᠰᠠᠨ ᠠᠴᠠ ᠨᠠᠭᠠᠰᠢ᠂ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠲᠤ ᠲᠣᠬᠢᠷᠠᠭᠤᠯᠤᠯᠲᠠ ᠬᠢᠵᠦ ᠨᠥᠬᠦᠴᠡᠯ ᠳᠤ ᠨᠡᠶᠢᠴᠡᠬᠦ ᠬᠥᠩᠭᠡᠵᠢᠬᠦ ᠶᠢ ᠳᠡᠮᠵᠢᠬᠦ ᠡᠮ ᠢ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠬᠤ ᠶᠢᠨ ᠬᠠᠮᠲᠤ᠂ ᠤᠯᠤᠰ ᠤᠨ ᠲᠠᠰ ᠳᠠᠪᠬᠤᠷᠭ᠎ᠠ ᠠᠴᠠ ︽ᠣᠷᠣᠨ ᠨᠤᠲᠤᠭ ᠤᠨ ᠡᠮᠴᠢᠯᠡᠭᠡᠨ ᠤ ᠳᠠᠭᠠᠳᠬᠠᠯ ︵ᠦᠷᠡᠵᠢᠯ ᠤᠨ ᠳᠠᠭᠠᠳᠬᠠᠯ ᠪᠠᠭᠲᠠᠨ᠎ᠠ︶ ᠤᠨ ᠰᠠᠭᠤᠷᠢ ᠮᠥᠩᠭᠦ ᠶᠢᠨ ᠳᠠᠭᠠᠭᠠᠵᠤ ᠳᠡᠶᠢᠯᠬᠦ ᠴᠢᠳᠠᠪᠤᠷᠢ᠂ ᠬᠤᠯᠪᠤᠭᠳᠠᠯ ᠪᠥᠬᠦᠶ ᠮᠡᠷᠭᠡᠵᠢᠯ ᠤᠨ ᠵᠢᠷᠤᠮᠵᠢᠯ ᠤᠨ ᠴᠢᠨᠠᠷᠲᠠᠶ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠬᠤ ᠶᠢ ᠵᠢᠯᠣᠭᠤᠳᠴᠤ᠂ ᠡᠪᠡᠳᠬᠦ ᠶᠢ ᠵᠣᠭᠰᠤᠭᠠᠵᠤ ᠬᠥᠩᠭᠡᠵᠢᠬᠦ ᠪᠠ ᠲᠤᠰᠠᠯᠠᠬᠤ ᠦᠷᠡᠵᠢᠯ ᠤᠨ ᠮᠡᠷᠭᠡᠵᠢᠯ ᠤᠨ ᠲᠥᠷᠥᠯ ᠵᠦᠢᠯ ᠢ ᠠᠯᠬᠤᠮ ᠠᠯᠬᠤᠮ ᠢᠶᠠᠷ ᠰᠠᠭᠤᠷᠢ ᠮᠥᠩᠭᠦ ᠶᠢᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠬᠤ︾ ᠶᠢ ᠲᠣᠳᠣᠷᠬᠠᠶ ᠳᠤᠷᠠᠳᠤᠨ ᠭᠠᠷᠭᠠᠪᠠ᠃  ᠡᠮᠦᠨᠡᠬᠡᠨ᠂ ᠤᠯᠤᠰ ᠤᠨ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠶᠢᠨ ᠲᠣᠪᠴᠢᠶᠠᠨ ᠳᠠᠷᠤᠭ᠎ᠠ ᠵᠠᠩ ᠺᠧ ᠪᠡᠭᠡᠵᠢᠩ ᠤᠨ ᠡᠮᠡᠭᠲᠡᠶ ᠶᠢᠨ ᠡᠮᠨᠡᠯᠭᠡ ᠶᠢᠨ ᠬᠤᠷᠢᠶᠠᠨ ᠳᠤ ᠪᠠᠶᠢᠴᠠᠭᠠᠨ ᠰᠤᠳᠤᠯᠤᠯᠲᠠ ᠬᠢᠬᠦ ᠳᠤ ᠪᠠᠨ᠂ ︽ᠦᠷᠡᠵᠢᠯ ᠢ ᠲᠤᠰᠠᠯᠠᠬᠤ ᠪᠣᠯ ᠬᠥᠩᠭᠡᠵᠢᠯ ᠤᠨ ᠳᠡᠮᠵᠢᠯᠭᠡ ᠶᠢᠨ ᠲᠦᠢᠯ ᠤᠨ ᠴᠢᠬᠤᠯᠠ ᠨᠢᠭᠡ ᠲᠠᠯ᠎ᠠ ᠮᠥᠨ᠂ ᠡᠷᠬᠡᠪᠰᠢ ᠬᠠᠤᠯᠢ ᠲᠣᠭᠲᠠᠭᠠᠯ ᠶᠣᠰᠣᠭᠠᠷ᠂ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠪᠠᠶᠢᠬᠤ ᠬᠡᠷᠡᠭᠲᠡᠶ᠂ ᠡᠨᠡ ᠪᠣᠯ ᠴᠢᠩᠭ᠎ᠠ ᠵᠢᠷᠤᠮ ᠲᠠᠢ᠂ ᠠᠨᠠᠭᠠᠬᠤ ᠤᠬᠠᠭᠠᠨ ᠤ ᠪᠠᠷᠢᠮᠵᠢᠶ᠎ᠠ ᠲᠠᠢ ᠶᠤᠮ᠃ ᠣᠳᠣ ᠪᠡᠭᠡᠵᠢᠩ ᠳᠤ ᠢᠳᠡᠪᠬᠢᠲᠡᠢ ᠬᠠᠶᠢᠨ ᠰᠦᠪᠡᠭᠴᠢᠯᠡᠯᠲᠡ ᠬᠢᠭᠰᠡᠨ ᠪᠣᠯᠬᠤᠷ ᠪᠢᠳᠡ ᠪᠠᠰᠠ ᠪᠦᠬᠦ ᠤᠯᠤᠰ ᠤᠨ ᠪᠤᠰᠤᠳ ᠭᠠᠵᠠᠷ ᠢ ᠵᠣᠷᠢᠭᠵᠢᠭᠤᠯᠤᠨ ᠬᠥᠲᠥᠯᠥᠨ ᠵᠢᠯᠣᠭᠤᠳᠴᠤ᠂ ᠦᠨᠡᠨ ᠠᠴᠠ ᠵᠥᠪ ᠢ ᠡᠷᠢᠵᠦ᠂ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠵᠤ᠂ ᠢᠳᠡᠪᠬᠢᠲᠡᠶ ᠪᠥᠭᠡᠳ ᠯᠠᠪᠳᠠᠭᠤᠨ ᠪᠠᠶᠢᠬᠤ ᠬᠡᠷᠡᠭᠲᠡᠶ᠃ ᠤᠯᠤᠰ ᠤᠨ ᠡᠮᠴᠢᠯᠡᠭᠡᠨ ᠤ ᠪᠠᠳᠤᠯᠠᠭ᠎ᠠ ᠶᠢᠨ ᠲᠤᠪᠴᠢᠶ᠎ᠠ ᠴᠤ ᠦᠷᠡᠵᠢᠯ ᠤᠨ ᠨᠥᠬᠦᠷᠰᠡᠭ ᠬᠡᠯᠪᠡᠷᠢ ᠶᠢᠨ ᠨᠡᠶᠢᠭᠡᠮ ᠢ ᠪᠠᠶᠢᠭᠤᠯᠬᠤ ᠳᠤ ᠦᠷᠭᠦᠯᠵᠢᠯᠡᠨ ᠬᠦᠴᠦᠨ ᠨᠡᠮᠡᠷᠢᠯᠡᠵᠦ᠂ ᠬᠥᠩᠭᠡᠵᠢᠬᠦ ᠨᠠᠰᠤᠨ ᠤ ᠨᠡᠩ ᠤᠯᠠᠨ ᠬᠥᠮᠦᠨ ᠠᠮᠠ ᠳᠤ ᠡᠮᠴᠢᠯᠡᠭᠡᠨ ᠤ ᠳᠠᠭᠠᠳᠬᠠᠯ ᠤᠨ ᠲᠦᠷᠦ ᠶᠢᠨ ᠪᠤᠳᠤᠯᠭ᠎ᠠ ᠶᠢᠨ ᠠᠰᠢᠭ ᠬᠦᠷᠲᠡᠭᠡᠨ᠎ᠡ︾ ᠭᠡᠵᠡᠢ᠃  ᠲᠠᠷᠠᠭᠠᠴᠢ ᠶᠢᠨ ᠠᠯᠬᠤᠮ ᠳᠤ᠂ ᠤᠯᠤᠰ ᠤᠨ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠬᠠᠮᠢᠶ᠎ᠠ ᠪᠥᠬᠦᠶ ᠮᠤᠵᠢ ᠶᠢ ᠦᠷᠭᠦᠯᠵᠢᠯᠡᠨ ᠵᠢᠯᠣᠭᠤᠳᠴᠤ ᠪᠠᠶᠢᠭᠠᠳ ᠲᠤᠰᠠᠯᠠᠬᠤ ᠦᠷᠡᠵᠢᠯ ᠤᠨ ᠲᠥᠷᠥᠯ ᠤᠨ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ ᠲᠣᠭᠲᠠᠭᠠᠬᠤ ᠪᠠ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠠᠮᠢᠶᠠᠷᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢᠨ ᠬᠠᠮᠲᠤ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ᠂ ᠦᠨᠳᠦᠰᠦᠨ ᠡᠮᠴᠢᠯᠡᠭᠡᠨ ᠤ ᠳᠠᠭᠠᠳᠬᠠᠯ᠂ ᠦᠷᠡᠵᠢᠯ ᠤᠨ ᠳᠠᠭᠠᠳᠬᠠᠯ ᠪᠠ ᠬᠤᠯᠪᠤᠭᠳᠠᠯ ᠪᠥᠬᠦᠶ ᠠᠵᠤ ᠠᠬᠤᠶ ᠨᠡᠶᠢᠭᠡᠮ ᠤᠨ ᠲᠥᠷᠥ ᠶᠢᠨ ᠪᠣᠳᠣᠯᠭ᠎ᠠ ᠶᠢ ᠢᠵᠢ ᠪᠥᠷᠢᠳᠦᠭᠦᠯᠦᠨ ᠵᠣᠯᠭᠠᠭᠤᠯᠬᠤ ᠶᠢ ᠠᠬᠢᠭᠤᠯᠵᠤ᠂ ᠬᠥᠮᠦᠨ ᠠᠮᠠ ᠶᠢᠨ ᠣᠷᠳᠣ ᠬᠤᠭᠤᠴᠠᠭᠠᠨ ᠤ ᠲᠡᠩᠴᠡᠭᠦᠷᠢᠲᠡᠶ ᠬᠥᠭᠵᠢᠯᠲᠡ ᠶᠢ ᠬᠠᠮᠲᠤ ᠪᠠᠷ ᠠᠬᠢᠭᠤᠯᠤᠨ᠎ᠠ᠃ 
 
ᠢᠷᠡᠯᠲᠡ᠄ ᠳᠤᠮᠳᠠᠳᠤ ᠤᠯᠤᠰ ᠤᠨ ᠡᠮᠴᠢᠯᠡᠭᠡ ᠶᠢᠨ ᠳᠠᠭᠠᠳᠬᠠᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号