︽ᠪᠢᠳᠡᠭᠡᠢ ᠵᠠᠯᠠᠭᠤ ᠨᠠᠰᠤ ᠪᠠᠷ ᠢᠶᠠᠨ ᠮᠠᠷᠭᠠᠰᠢ ᠶᠢᠨ ᠲᠦᠭᠰᠢᠭᠦᠷᠢ ᠶᠢ ᠮᠦᠷᠦᠶᠢᠴᠡᠭᠡᠷᠡᠢ︾
ᠨᠡᠶᠢᠲᠡᠯᠡᠭᠰᠡᠨ ᠴᠠᠭ᠄
2024/4/1
  ︽ᠪᠢᠳᠡᠭᠡᠢ ᠵᠠᠯᠠᠭᠤ ᠨᠠᠰᠤ ᠪᠠᠷ ᠢᠶᠠᠨ ᠮᠠᠷᠭᠠᠰᠢ ᠶᠢᠨ ᠲᠦᠭᠰᠢᠭᠦᠷᠢ ᠶᠢ ᠮᠦᠷᠦᠶᠢᠴᠡᠭᠡᠷᠡᠢ︾ — ᠥᠩᠭᠡ ᠢᠯᠭᠠᠷᠠᠮ᠎ᠠ ᠵᠠᠯᠠᠭᠤ ᠨᠠᠰᠤᠨ ᠳᠤ ᠡᠮᠴᠢᠯᠡᠭᠡᠨ ᠤ ᠳᠠᠭᠠᠳᠬᠠᠯ ᠤᠨ ᠬᠠᠮᠠᠭᠠᠯᠠᠯᠲᠠ ᠶᠢᠨ ᠲᠣᠣᠷ ᠢ ᠨᠡᠮᠡᠶ᠎ᠡ        ᠵᠠᠷᠢᠮ ᠵᠠᠯᠠᠭᠤᠴᠣᠣᠠ ᠤᠨ ᠣᠢᠵᠠᠭᠦ ᠪᠠᠷ᠂ ᠣᠢᠪᠡᠷ ᠤᠨ ᠪᠠᠶ᠎ᠡ ᠮᠠᠬᠠᠪᠤᠣᠠ ᠨᠠᠯᠢᠶᠠᠣᠠ ᠰᠠᠶᠢᠠ᠂ ᠡᠪᠡᠳᠴᠢᠯᠡᠬᠦ ᠦᠭᠡᠢ᠂ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠤ ᠬᠡᠷᠡᠭ ᠦᠭᠡᠢ ᠭᠡᠨ᠎ᠡ᠃ ᠭᠡᠪᠡᠴᠦ ᠶᠠᠪᠤᠳᠠᠯ ᠦᠨᠡᠬᠡᠷ ᠡᠶᠢᠮᠦ ᠦᠦ︖ 2022 ᠣᠨ ᠳᠤ᠂ ᠪᠥᠬᠦ ᠤᠯᠤᠰ ᠤᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠭᠦᠳᠡᠨ ᠡᠮᠨᠡᠯᠭᠡ ᠶᠢᠨ ᠶᠡᠷᠦᠩᠬᠡᠶ ᠣᠨᠣᠰᠢᠯᠠᠨ ᠡᠮᠨᠡᠭᠰᠡᠨ ᠠᠵᠢᠯ 84.2 ᠳ᠋ᠦᠩᠰᠢᠭᠤᠷ ᠬᠥᠮᠦᠨ ᠤᠳᠠᠭ᠎ᠠ ᠪᠠᠶᠢᠵᠤ᠂ ᠬᠥᠮᠦᠨ ᠪᠦᠷᠢ ᠳᠤᠮᠳᠠᠴᠢ ᠪᠠᠷ ᠨᠢᠭᠡ ᠵᠢᠯ ᠳᠤ ᠪᠠᠷᠤᠭ 6 ᠤᠳᠠᠭ᠎ᠠ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠬᠦᠷᠴᠦ ᠡᠪᠡᠳᠴᠢᠨ ᠦᠵᠡᠭᠦᠯᠵᠦ ᠪᠠᠶᠢᠨ᠎ᠠ᠃ ᠪᠦᠭᠦ ᠤᠯᠤᠰ ᠤᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠮᠨᠡᠯᠭᠡ ᠳᠤ ᠰᠠᠭᠤᠭᠰᠠᠨ 2.47 ᠳ᠋ᠦᠩᠰᠢᠭᠤᠷ ᠬᠦᠮᠦᠨ ᠤᠲᠠᠭ᠎ᠠ ᠪᠠᠶᠢᠵᠤ᠂ ᠵᠢᠯ ᠳᠤ ᠡᠮᠨᠡᠯᠬᠡ ᠳᠤ ᠰᠠᠭᠤᠭᠰᠠᠨ ᠨᠤᠷᠮ᠎ᠠ ᠨᠢ 17.5% ᠪᠤᠯᠤᠨ᠎ᠠ᠂ ᠲᠠᠷᠤᠢ ᠳᠤᠮᠲᠠᠴᠢ ᠪᠠᠷ 6 ᠬᠦᠮᠦᠨ ᠪᠦᠷᠢ ᠶᠢᠨ ᠨᠢᠬᠡ ᠬᠦᠮᠦᠨ ᠨᠢ ᠵᠢᠯ ᠳᠤ ᠨᠢᠬᠡ ᠤᠲᠠᠭ᠎ᠠ ᠡᠮᠨᠡᠯᠬᠡ ᠶᠢᠨ ᠬᠤᠷᠢᠶᠠᠨ ᠳᠤ ᠰᠠᠭᠤᠲᠠᠭ᠃ ᠰᠠᠭᠤᠭᠠᠯᠢ ᠠᠷᠠᠳ ᠤᠨ ᠡᠪᠡᠳᠴᠢᠯᠡᠬᠦ᠂ ᠬᠦᠨᠳᠦ ᠡᠪᠡᠳᠴᠢᠨ ᠳᠤ ᠨᠡᠷᠪᠡᠭᠳᠡᠬᠦ ᠲᠣᠬᠢᠶᠠᠯᠳᠤᠮᠵᠢ ᠲᠥᠰᠥᠭᠡᠯᠡᠨ ᠪᠣᠳᠣᠭᠰᠠᠨ ᠰᠢᠭ᠋ ᠲᠡᠶᠢᠮᠦ ᠳᠣᠣᠷ᠎ᠠ ᠪᠢᠰᠢ ᠶᠤᠮ᠃  ᠡᠪᠡᠳᠴᠢᠨ ᠲᠠᠢ ᠦᠶ᠎ᠡ ᠳᠤ ᠪᠠᠲᠤᠯᠠᠭ᠎ᠠ ᠲᠠᠢ ᠪᠠᠶᠢᠵᠤ᠂ ᠡᠪᠡᠳᠴᠢᠨ ᠦᠭᠡᠢ ᠦᠶ᠎ᠡ ᠳᠤ ᠪᠤᠰᠤᠳ ᠲᠤ ᠠᠰᠢᠭ  ᠲᠠᠢ ᠪᠠᠶᠢᠳᠠᠭ᠂ ︽ᠬᠠᠷᠢᠯᠴᠠᠨ ᠬᠠᠪᠰᠤᠷᠤᠯᠴᠠᠵᠤ ᠬᠠᠷᠢᠯᠴᠠᠨ ᠲᠤᠰᠠᠯᠠᠯᠴᠠᠬᠤ︾ ᠪᠣᠯ ᠡᠮᠴᠢᠯᠡᠭᠡᠨ ᠤ ᠳᠠᠭᠠᠳᠬᠠᠯ ᠤᠨ ᠭᠤᠣᠯ ᠣᠶᠢᠯᠠᠭᠠᠭᠳᠠᠬᠤᠨ ᠪᠣᠯᠤᠨ᠎ᠠ᠃ ᠡᠨᠡ ᠬᠦ ᠪᠠᠲᠤᠯᠠᠭ᠎ᠠ ᠶᠢᠨ ᠵᠣᠬᠢᠴᠠᠮᠵᠢ ᠶᠢᠨ ᠳᠣᠣᠷ᠎ᠠ᠂ ᠡᠷᠡᠭᠦᠯ ᠴᠢᠭᠢᠷᠠᠭ ᠬᠥᠮᠥᠨ ᠡᠪᠡᠳᠴᠢᠲᠡᠨ ᠢ ᠰᠠᠬᠢᠨ ᠬᠠᠮᠠᠭᠠᠯᠠᠵᠤ᠂ ᠡᠷᠡᠭᠦᠯ ᠮᠡᠨᠳᠦ ᠥᠪᠡᠷ ᠪᠡᠶ᠎ᠡ ᠡᠪᠡᠳᠴᠢᠨ ᠲᠠᠢ ᠥᠪᠡᠷ ᠢ ᠪᠠᠨ ᠰᠠᠬᠢᠨ ᠬᠠᠮᠠᠭᠠᠯᠠᠨ᠎ᠠ᠃ ᠪᠢᠳᠠ ᠢᠷᠡᠭᠡᠳᠦᠢ ᠶᠢ ᠤᠷᠢᠳᠴᠢᠯᠠᠨ ᠲᠦᠰᠦᠭᠡᠯᠡᠬᠦ ᠶᠢᠨ ᠠᠷᠭ᠎ᠠ ᠦᠭᠡᠢ᠂ ᠭᠡᠪᠡᠴᠦ ᠪᠢᠳᠡ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠪᠠᠷ ᠳᠠᠮᠵᠢᠭᠤᠯᠤᠨ ᠥᠪᠡᠷ ᠤᠨ ᠪᠡᠶ᠎ᠡ᠂ ᠭᠡᠷ ᠤᠨ ᠬᠥᠮᠦᠰ ᠲᠤ ᠪᠠᠨ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠵᠤ ᠪᠣᠯᠤᠨ᠎ᠠ᠃  ᠰᠠᠨᠠᠭᠠᠨ ᠠᠴᠠ ᠭᠠᠳᠠᠭᠤᠷ ᠢ ᠤᠷᠢᠳᠴᠢᠯᠠᠨ ᠲᠦᠰᠦᠭᠡᠯᠡᠬᠦ ᠶᠢᠨ ᠠᠷᠭ᠎ᠠ ᠦᠭᠡᠢ᠂ ᠡᠮᠴᠢᠯᠡᠭᠡᠨ ᠤ ᠳᠠᠭᠠᠳᠬᠠᠯ ᠰᠠᠯᠬᠢ ᠪᠣᠷᠣᠭᠠᠨ ᠢ ᠬᠠᠯᠬᠠᠯᠠᠵᠤ ᠥᠭᠭᠦᠨ᠎ᠡ  ︽ᠡᠮᠴᠢᠯᠡᠭᠡᠨ ᠤ ᠳᠠᠭᠠᠳᠬᠠᠯ ᠢ ᠴᠠᠭ ᠲᠤ ᠨᠢ ᠠᠪᠤᠭᠰᠠᠨ ᠪᠣᠯ ᠪᠣᠯᠴᠢᠬᠠᠵᠠᠢ︾᠂ ︽ᠤᠴᠢᠷ ᠭᠠᠷᠬᠤ ᠶᠢ ᠤᠷᠢᠳᠴᠢᠯᠠᠨ ᠮᠡᠳᠡᠭᠰᠡᠨ ᠪᠣᠯ ᠯᠠᠪᠲᠠᠢ ᠤᠷᠢᠳᠴᠢᠯᠠᠨ ᠡᠮᠴᠢᠯᠡᠭᠡᠨ ᠤ ᠳᠠᠭᠠᠳᠬᠠᠯ ᠢ ᠬᠤᠳᠠᠯᠳᠤᠨ ᠠᠪᠤᠨ᠎ᠠ︾᠂ ︽ᠬᠡᠷᠪᠡ ᠁︾᠂ 2024 ᠣᠨ ᠤ 3 ᠳ᠋ᠤᠭᠠᠷ ᠰᠠᠷ᠎ᠠ ᠳᠤ᠂ ᠠᠨᠾᠦ᠋ᠢ ᠮᠣᠵᠢ ᠶᠢᠨ ᠬᠤᠣᠵᠸᠦ ᠬᠤᠲᠠ ᠶᠢᠨ ᠨᠢᠭᠡᠨ ᠳᠤᠮᠳᠠᠳᠤ ᠰᠤᠷᠭᠠᠭᠤᠯᠢ ᠶᠢᠨ ᠨᠢᠭᠡ ᠰᠤᠷᠤᠭᠴᠢ ᠶᠢᠨ ᠭᠡᠷ ᠤᠨ ᠠᠬᠠᠮᠠᠳ ᠲᠡᠭᠦᠨ ᠤ ᠬᠦᠦ ᠨᠢ ᠰᠠᠨᠠᠭᠠᠨ ᠳᠤ ᠦᠭᠡᠢ ᠰᠢᠷᠬᠠᠲᠤᠭᠰᠠᠨ ᠤ ᠳᠠᠷᠠᠭ᠎ᠠ ᠢᠩᠭᠢᠵᠦ ᠬᠡᠯᠡᠭᠰᠡᠨ ᠪᠠᠶᠢᠯ᠎ᠠ᠃  2024 ᠣᠨ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠰᠦᠢᠳᠭᠡᠯ ᠲᠤᠰᠢᠶᠠᠬᠤ ᠬᠤᠭᠤᠴᠠᠭᠠᠨ ᠳᠤ᠂ ᠬᠤᠣᠵᠸᠦ ᠬᠤᠲᠠ ᠶᠢᠨ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠭᠤᠣᠯᠳᠠᠯᠭ᠎ᠠ ᠲᠠᠢ ᠬᠥᠮᠦᠰ ᠤᠨ ᠳᠠᠭᠠᠳᠬᠠᠯ ᠳᠤ ᠣᠷᠣᠯᠴᠠᠬᠤ ᠤᠬᠠᠭᠤᠯᠭ᠎ᠠ ᠶᠢᠨ ᠲᠤᠰᠬᠠᠢ ᠠᠩᠭᠢ ᠶᠢ ᠪᠠᠶᠢᠭᠤᠯᠵᠤ᠂ ᠣᠯᠠᠨ ᠤᠳᠠᠭ᠎ᠠ ᠰᠤᠷᠭᠠᠭᠤᠯᠢ ᠳᠤ ᠭᠦᠨᠵᠡᠭᠡᠶᠢᠷᠡᠨ ᠳᠠᠭᠠᠳᠬᠠᠯ ᠳᠤ ᠣᠷᠣᠯᠴᠠᠬᠤ ᠳᠠᠶᠢᠴᠢᠯᠠᠯᠲᠠ ᠶᠢ ᠥᠷᠨᠢᠭᠦᠯᠦᠭᠰᠡᠨ ᠪᠣᠯᠪᠠᠴᠤ ᠮᠥᠨ ᠬᠦ ᠬᠡᠰᠡᠭ ᠭᠡᠷ ᠤᠨ ᠠᠬᠠᠮᠠᠳ ᠭᠤᠷᠢᠳᠠᠬᠤ ᠪᠣᠳᠣᠯ ᠡᠪᠦᠷᠯᠡᠵᠦ ᠪᠠᠶᠢᠬᠤ ᠠᠰᠠᠭᠤᠳᠠᠯ ᠣᠷᠤᠰᠢᠵᠤ ᠪᠠᠶᠢᠪᠠ᠂ ᠥᠪᠡᠷ ᠤᠨ ᠬᠡᠦᠬᠡᠳ ᠨᠢ ᠨᠠᠰᠤ ᠪᠠᠭ᠎ᠠ᠂ ᠪᠡᠶ᠎ᠡ ᠮᠠᠬᠠᠪᠣᠳ ᠨᠢ ᠰᠠᠶᠢᠨ᠂ ᠪᠠᠷᠤᠭᠲᠠᠢ ᠳᠤ ᠬᠦᠨᠳᠦ ᠡᠪᠡᠳᠴᠢᠨ ᠳᠤ ᠨᠡᠷᠪᠡᠭᠳᠡᠬᠦ ᠦᠭᠡᠢ᠂ ᠡᠶᠢᠮᠦ ᠠᠴᠠ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠶᠢ ᠲᠡᠪᠴᠢᠳᠡᠭ᠃ ᠭᠡᠪᠡᠴᠦ ᠶᠠᠮᠠᠷ ᠪᠣᠯᠬᠤ ᠶᠢ ᠬᠡᠨ ᠴᠤ ᠲᠦᠰᠦᠭᠡᠯᠡᠬᠦ ᠶᠢᠨ ᠠᠷᠭ᠎ᠠ ᠦᠭᠡᠢ᠂ 2024 ᠣᠨ ᠤ 3 ᠳ᠋ᠤᠭᠠᠷ ᠰᠠᠷ᠎ᠠ ᠶᠢᠨ 14 ᠤ ᠡᠳᠦᠷ᠂ ᠬᠤᠤ ᠵᠧᠦ ᠬᠤᠲᠠ ᠶᠢᠨ ᠨᠢᠭᠡᠨ ᠳᠤᠮᠳᠠᠳᠤ ᠰᠤᠷᠭᠠᠭᠤᠯᠢ ᠶᠢᠨ ᠰᠤᠷᠤᠭᠴᠢ ᠸᠠᠩ ᠣᠪᠣᠭᠲᠤ ᠳᠤᠭᠤᠢ ᠤᠨᠤᠵᠤ ᠶᠠᠪᠤᠬᠤ ᠳᠤ ᠪᠠᠨ ᠣᠶᠢᠴᠢᠵᠤ᠂ ᠲᠠᠷᠢᠬᠢᠨ ᠳᠤ ᠨᠢ ᠴᠢᠰᠤ ᠬᠠᠷᠪᠤᠭᠰᠠᠨ ᠪᠠ ᠲᠣᠯᠣᠭᠠᠢ ᠶᠢᠨ ᠣᠯᠠᠨ ᠬᠡᠰᠡᠭ ᠲᠤ ᠨᠢ ᠰᠢᠷᠬᠠᠲᠤᠵᠤ᠂ ᠲᠤᠬᠠᠢ ᠶᠢᠨ ᠭᠠᠵᠠᠷ ᠤᠨ ᠡᠮᠨᠡᠯᠭᠡ ᠶᠢᠨ ᠬᠤᠷᠢᠶᠠᠨ ᠳᠤ ᠬᠦᠷᠴᠦ᠂ ᠰᠢᠷᠬ᠎ᠠ ᠨᠢ ᠨᠡᠯᠢᠶᠡᠳ ᠬᠦᠨᠳᠦ ᠪᠠᠶᠢᠭᠰᠠᠨ ᠠᠴᠠ ᠣᠳᠣ ᠨᠢᠭᠡᠨᠲᠡ 10 ᠭᠠᠷᠤᠢ ᠲᠦᠮᠡᠨ ᠲᠥᠭᠦᠷᠢᠭ ᠵᠠᠷᠤᠴᠠᠭᠤᠯᠵᠠᠢ᠂ ᠭᠡᠪᠡᠴᠦ ᠲᠤᠰ ᠰᠤᠷᠤᠭᠴᠢ ᠨᠢ 2024 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠢ ᠲᠤᠰᠢᠶᠠᠭᠰᠠᠨ ᠦᠭᠡᠢ ᠪᠣᠯᠬᠤᠷ ᠲᠡᠭᠦᠨ ᠤ ᠡᠮᠨᠡᠯᠭᠡ ᠶᠢᠨ ᠰᠦᠢᠳᠭᠡᠯ ᠢ ᠳᠠᠩᠰᠠ ᠴᠠᠶᠢᠷᠠᠭᠤᠯᠬᠤ ᠶᠢᠨ ᠠᠷᠭ᠎ᠠ ᠦᠭᠡᠢ᠂ ᠵᠥᠪᠬᠡᠨ ᠬᠤᠪᠢ ᠬᠥᠮᠦᠨ ᠥᠪᠡᠷᠲᠡᠭᠡᠨ ᠯᠡ ᠥᠭᠭᠦᠨ᠎ᠡ᠂ ᠥᠨᠳᠥᠷ ᠡᠮ ᠡᠮᠨᠡᠯᠭᠡ ᠶᠢᠨ ᠰᠦᠢᠳᠭᠡᠯ ᠨᠢ ᠡᠨᠡ ᠭᠡᠷ ᠪᠦᠯᠢ ᠳᠤ ᠯᠤᠲᠤ ᠶᠡᠭᠡ ᠳᠠᠷᠤᠯᠲᠠ ᠪᠣᠯᠤᠭᠰᠠᠨ ᠪᠠᠶᠢᠨ᠎ᠠ᠃  ᠠᠨᠾᠦ᠋ᠢ ᠮᠣᠵᠢ ᠶᠢᠨ ᠡᠨᠡ ᠵᠢᠯ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠪᠡᠯᠡ ᠴᠤᠭᠯᠠᠭᠤᠯᠬᠤ ᠪᠠᠷᠢᠮᠵᠢᠶ᠎ᠠ ᠨᠢ 1020 ᠲᠥᠭᠦᠷᠢᠭ ᠪᠣᠯᠣᠨ᠎ᠠ᠂ ᠡᠭᠦᠨ ᠳᠤ ᠡᠳ᠋ ᠤᠨ ᠵᠠᠰᠠᠭ ᠤᠨ ᠨᠥᠬᠦᠪᠥᠷᠢ ᠶᠢᠨ ᠪᠠᠷᠢᠮᠵᠢᠶ᠎ᠠ ᠨᠢ ᠬᠥᠮᠦᠨ ᠪᠦᠷᠢ 640 ᠲᠥᠭᠦᠷᠢᠭ ᠪᠠᠶᠢᠵᠤ᠂ ᠬᠤᠪᠢ ᠬᠥᠮᠦᠨ ᠤ ᠰᠦᠢᠳᠭᠡᠯ ᠲᠤᠰᠢᠶᠠᠬᠤ ᠪᠠᠷᠢᠮᠵᠢᠶ᠎ᠠ ᠨᠢ ᠬᠥᠮᠦᠨ ᠪᠦᠷᠢ 380 ᠲᠥᠭᠦᠷᠢᠭ ᠪᠣᠯᠤᠨ᠎ᠠ᠃ ᠣᠶᠢᠷ᠎ᠠ ᠶᠢᠨ ᠵᠢᠯ ᠤᠳ ᠲᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠪᠡᠯᠡ ᠴᠤᠭᠯᠠᠭᠤᠯᠬᠤ ᠪᠠᠷᠢᠮᠵᠢᠶ᠎ᠠ ᠶᠢᠨ ᠵᠢᠯ ᠳᠠᠷᠠᠭᠠᠯᠠᠨ ᠨᠡᠮᠡᠭᠳᠡᠬᠦ ᠶᠢ ᠳᠠᠭᠠᠯᠳᠤᠨ᠂ ᠵᠠᠷᠢᠮ ᠵᠠᠯᠠᠭᠤ ᠰᠠᠭᠤᠭᠠᠯᠢ ᠠᠷᠠᠳ ᠡᠶᠢᠮᠦᠷᠬᠦᠦ ᠪᠣᠳᠣᠯ ᠲᠦᠷᠦᠵᠦ ᠪᠠᠶᠢᠨ᠎ᠠ᠄ ︽ᠶᠠᠭᠤ ᠴᠤ ᠭᠡᠰᠡᠨ ᠵᠠᠯᠠᠭᠤ ᠶᠤᠮ ᠴᠢᠨᠢ ᠨᠢᠭᠡ ᠵᠢᠯ ᠪᠣᠯᠣᠭᠠᠳ ᠡᠪᠡᠳᠴᠢᠯᠡᠬᠦ ᠦᠭᠡᠢ᠂ ᠬᠠᠷᠢᠨ ᠲᠤᠰᠢᠶᠠᠬᠤ ᠦᠭᠡᠢ ᠶᠢ ᠬᠦᠷᠬᠦ ᠦᠭᠡᠢ᠂ ᠵᠣᠭᠤᠰ ᠢᠶᠠᠨ ᠣᠨᠳᠣᠣ ᠵᠦᠢᠯ ᠳᠤ ᠵᠠᠷᠤᠴᠠᠭᠤᠯᠤᠨ᠎ᠠ︾ ᠭᠡᠵᠦ ᠪᠠᠶᠢᠯ᠎ᠠ᠃ ᠦᠨᠡᠬᠡᠷ 380 ᠲᠦᠭᠦᠷᠢᠭ ᠢ ᠶᠡᠷᠦ ᠠᠴᠠ ᠡᠪᠡᠳᠴᠢᠨ ᠦᠵᠡᠭᠦᠯᠬᠦ ᠦᠭᠡᠢ᠂ ᠡᠮᠨᠡᠯᠭᠡ ᠳᠤ ᠣᠴᠢᠬᠤ ᠦᠭᠡᠢ ᠬᠡᠰᠡᠭ ᠵᠠᠯᠠᠭᠤᠴᠤᠳ ᠲᠤ ᠠᠪᠴᠤ ᠬᠡᠯᠡᠪᠡᠯ ᠦᠨᠡᠬᠡᠷ ᠨᠢᠭᠡ ᠤᠳᠠᠭᠠᠨ ᠤ ᠥᠨᠳᠥᠷ ᠬᠤᠷᠳᠤᠴᠠᠲᠤ ᠲᠡᠮᠦᠷ ᠵᠠᠮ ᠤᠨ ᠰᠦᠢᠳᠭᠡᠯ᠂ ᠨᠢᠭᠡ ᠤᠳᠠᠭᠠᠨ ᠤ ᠵᠤᠭ᠎ᠠ ᠴᠡᠩᠭᠡᠯ ᠤᠨ ᠬᠦᠷᠢᠶᠡᠯᠡᠩ ᠤᠨ ᠡᠭᠦᠳᠡᠨ ᠪᠢᠯᠧᠲ ᠤᠨ ᠵᠡᠷᠭᠡ ᠪᠣᠳᠠᠲᠠᠢ ᠪᠠ ᠪᠡᠨ᠎ᠡ ᠦᠭᠡᠢ᠂ ᠭᠡᠪᠡᠴᠦ ᠡᠮᠴᠢᠯᠡᠭᠡᠨ ᠤ ᠳᠠᠭᠠᠳᠬᠠᠯ ᠤᠨ ᠵᠠᠷᠤᠳᠠᠯ ᠤᠨ ᠠᠷᠤ ᠳᠤ ᠤᠯᠤᠰ ᠠᠴᠠ ᠭᠠᠷᠭᠠᠭᠰᠠᠨ ᠬᠦᠴᠦᠨ ᠴᠢᠳᠠᠯ ᠨᠢ ᠰᠠᠭᠤᠷᠢ ᠶᠢ ᠪᠠᠲᠤᠯᠠᠬᠤ ᠪᠠ ᠡᠪᠡᠳᠴᠢᠨ ᠡᠮᠭᠡᠭ ᠲᠤ ᠳᠠᠭᠠᠷᠢᠭᠳᠠᠵᠤ ᠢᠷᠡᠬᠦ ᠦᠶ᠎ᠡ ᠶᠢᠨ ᠡᠮᠢᠶᠡᠯ ᠢ ᠵᠠᠯᠠᠭᠤ ᠬᠥᠮᠦᠨ ᠦᠯᠦ ᠮᠡᠳᠡᠬᠦ ᠶᠤᠮ᠃  30 ᠨᠠᠰᠤᠲᠠᠢ ᠲᠥᠩ ᠠᠪᠠᠭ᠋ᠠᠢ ᠪᠣᠯ ᠠᠨᠾᠦ᠋ᠢ ᠮᠣᠵᠢ ᠶᠢᠨ ᡂᠵᠸᠦ ᠬᠤᠲᠠ ᠶᠢᠨ ᠴᠢᠩ ᠶᠠᠩ ᠰᠢᠶᠠᠨ ᠤ ᠷᠦᠩ ᠴᠧᠩ ᠪᠠᠯᠭᠠᠰᠤᠨ ᠤ ᠫᠠᠢ ᠯᠧᠦ ᠲᠤᠰᠬᠤᠨ ᠤ ᠠᠷᠠᠳ ᠪᠣᠯᠤᠨ᠎ᠠ᠂ 2023 ᠣᠨ ᠤ 6 ᠳ᠋ᠤᠭᠠᠷ ᠰᠠᠷ᠎ᠠ ᠪᠣᠯᠤᠨ 8 ᠳ᠋ᠤᠭᠠᠷ ᠰᠠᠷ᠎ᠠ ᠳᠤ ᠰᠢᠩᠭᠡᠭᠡᠯᠲᠡ ᠶᠢᠨ ᠵᠠᠮ ᠤᠨ ᠠᠰᠠᠭᠤᠳᠠᠯ ᠠᠴᠠ ᠡᠮᠨᠡᠯᠭᠡ ᠳᠤ ᠰᠠᠭᠤᠬᠤ ᠴᠢᠬᠤᠯᠠᠲᠠᠢ ᠪᠣᠯᠵᠤ᠂ ᠣᠨᠳᠣᠣ ᠭᠠᠵᠠᠷ ᠲᠤ ᠡᠮᠨᠡᠭᠦᠯᠬᠦ ᠪᠠᠷ ᠳᠠᠮᠵᠢᠨ ᠨᠠᠨᠵᠢᠩ ᠤᠨ ᠭᠦ᠋ ᠯᠸᠦ ᠶᠢᠨ ᠡᠮᠨᠡᠯᠭᠡ ᠶᠢᠨ ᠬᠤᠷᠢᠶᠠᠨ ᠳᠤ ᠬᠦᠷᠴᠦ ᠡᠮᠨᠡᠯᠭᠡ ᠳᠤ ᠰᠠᠭᠤᠵᠤ ᠡᠮᠨᠡᠭᠦᠯᠦᠨ ᠵᠠᠰᠠᠭᠰᠠᠨ ᠳᠤ ᠳᠤ ᠨᠡᠶᠢᠲᠡ 47956 ᠲᠥᠭᠦᠷᠢᠭ ᠵᠠᠷᠤᠴᠠᠭᠤᠯᠵᠤ᠂ ᠡᠮᠴᠢᠯᠡᠭᠡᠨ ᠤ ᠳᠠᠭᠠᠳᠬᠠᠯ ᠤᠨ ᠲᠥᠯᠥᠪᠦᠷᠢ ᠶᠢᠨ ᠬᠡᠪᠴᠢᠶᠡᠨ ᠳᠣᠲᠣᠷᠠᠬᠢ ᠡᠮ ᠡᠮᠨᠡᠯᠭᠡ ᠶᠢᠨ ᠵᠠᠷᠤᠳᠠᠯ ᠨᠢ 35551 ᠲᠥᠭᠦᠷᠢᠭ ᠪᠠᠶᠢᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠨᠢ 12978 ᠲᠥᠭᠦᠷᠢᠭ ᠢ ᠳᠠᠩᠰᠠ ᠴᠠᠶᠢᠷᠠᠭᠤᠯᠵᠤ᠂ ᠶᠡᠭᠡ ᠡᠪᠡᠳᠴᠢᠨ ᠤ ᠳᠠᠭᠠᠳᠬᠠᠯ ᠨᠢ 11950 ᠲᠥᠭᠦᠷᠢᠭ ᠢ ᠳᠠᠩᠰᠠ ᠴᠠᠶᠢᠷᠠᠭᠤᠯᠵᠤ᠂ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷ᠎ᠠ ᠳᠠᠩᠰᠠ ᠴᠠᠶᠢᠷᠠᠭᠤᠯᠤᠭᠰᠠᠨ ᠬᠠᠷᠢᠴᠠᠯ ᠨᠢ 70.13% ᠳᠤ ᠬᠦᠷᠴᠡᠢ᠃ ᠲᠥᠩ ᠠᠪᠠᠭ᠋ᠠᠢ᠄ ︽ᠵᠢᠯ ᠪᠦᠷᠢ ᠲᠣᠰᠬᠤᠨ ᠤ ᠺᠠᠳ᠋ᠷ ᠪᠢᠳᠡᠨ ᠤ ᠡᠮᠴᠢᠯᠡᠭᠡᠨ ᠤ ᠳᠠᠭᠠᠳᠬᠠᠯ ᠢᠶᠠᠨ ᠲᠤᠰᠢᠶᠠᠬᠤ ᠶᠢ ᠢᠳᠡᠪᠬᠢᠲᠡᠢ ᠵᠣᠷᠢᠭᠵᠢᠭᠤᠯᠵᠤ᠂ ᠡᠷᠡᠭᠦᠯ ᠮᠡᠨᠳᠦ ᠶᠢᠨ ᠢᠶᠠᠨ ᠪᠠᠲᠤᠯᠠᠭ᠎ᠠ ᠶᠢ ᠨᠡᠮᠡᠭᠳᠡᠭᠦᠯᠬᠦ ᠶᠢᠨ ᠲᠥᠯᠥᠭᠡ᠂ ᠬᠠᠶᠠ ᠪᠠᠰᠠ ᠨᠠᠶᠢᠵᠠ ᠨᠥᠬᠦᠳ ᠠᠴᠠ ᠢᠶᠠᠨ ᠨᠠᠰᠤ ᠵᠠᠯᠠᠭᠤ ᠡᠪᠡᠳᠴᠢᠯᠡᠬᠦ ᠦᠭᠡᠢ᠂ ᠡᠮᠴᠢᠯᠡᠭᠡᠨ ᠤ ᠳᠠᠭᠠᠳᠬᠠᠯ ᠠᠪᠴᠤ ᠵᠣᠭᠤᠰ ᠢᠶᠠᠨ ᠪᠦᠷᠢᠯᠭᠡᠭᠰᠡᠨ ᠤ ᠬᠡᠷᠡᠭ ᠦᠭᠡᠢ ᠭᠡᠳᠡᠭ ᠢ ᠨᠢ ᠰᠣᠨᠣᠰᠳᠠᠭ᠂ ᠣᠳᠣ ᠦᠵᠡᠬᠦ ᠳᠤ ᠦᠨᠡᠬᠡᠷ ᠭᠤᠷᠢᠳᠠᠬᠤ ᠪᠤᠳᠤᠯ ᠢ ᠡᠪᠦᠷᠯᠡᠵᠦ ᠪᠣᠯᠬᠤ ᠦᠭᠡᠢ᠂ ᠳᠡᠭᠡᠬᠦ ᠮᠦᠷᠲᠡᠭᠡᠨ ᠤᠳᠤ ᠴᠤ ᠭᠡᠰᠡᠨ ᠡᠮᠨᠡᠯᠭᠡ ᠠᠴᠠ ᠭᠠᠷᠪᠠᠯ ᠰᠢᠭᠤᠳ ᠳᠠᠩᠰᠠ ᠴᠠᠶᠢᠷᠠᠭᠤᠯᠵᠤ ᠪᠣᠯᠳᠠᠭ᠂ ᠮᠠᠲ᠋ᠧᠷᠢᠶᠠᠯ ᠠᠪᠬᠤ ᠶᠢᠨ ᠲᠦᠯᠦᠭᠡ ᠭᠠᠵᠠᠷ ᠪᠣᠯᠭᠠᠨ ᠳᠤ ᠭᠦᠶᠦᠬᠦ ᠬᠡᠷᠡᠭ ᠦᠭᠡᠢ᠂ ᠦᠨᠡᠬᠡᠷ ᠳᠥᠭᠦᠮ ᠪᠠᠶᠢᠨ᠎ᠠ︾ ᠭᠡᠵᠦ ᠪᠠᠶᠢᠯ᠎ᠠ᠃  ᠪᠦᠯᠬᠦᠮ ᠨᠢᠭᠡᠪᠦᠷᠢ ᠴᠦᠮ ᠰᠠᠨᠠᠭ᠎ᠠ ᠵᠣᠪᠠᠨᠢᠵᠤ᠂ ᠡᠮᠴᠢᠯᠡᠭᠡᠨ ᠤ ᠳᠠᠭᠠᠳᠬᠠᠯ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠤ ᠥᠭᠭᠦᠨ᠎ᠡ  2021 ᠣᠨ ᠪᠣᠯ ᠹᠠᠷᠠᠪᠧᠯ ᠡᠪᠡᠳᠴᠢᠲᠡᠨ ᠰᠢᠶᠤᠤ ᠯᠦᠸᠧ ᠶᠢᠨ ᠬᠥᠮᠦᠨ ᠤ ᠠᠮᠢᠳᠤᠷᠠᠯ ᠤᠨ ᠤᠰᠤᠨ ᠤ ᠵᠠᠭᠠᠭ ᠮᠥᠨ᠃ ᠡᠮᠦᠨᠡᠰᠢᠯᠡᠵᠦ ᠦᠵᠡᠪᠡᠯ᠂ ᠥᠯᠵᠡᠢ ᠬᠡᠶᠢᠮᠦᠷᠢ ᠲᠠᠢ᠂ ᠬᠤᠶᠢᠰᠢᠯᠠᠵᠤ ᠦᠵᠡᠪᠡᠯ᠂ ᠨᠢᠭᠡ ᠦᠶ᠎ᠡ ᠠᠷᠭ᠎ᠠ ᠪᠠᠨ ᠪᠠᠷᠠᠵᠠᠢ᠃  ᠰᠢᠶᠤᠤ ᠯᠦᠸᠧ ᠪᠣᠯ ᠠᠨᠾᠦ᠋ᠢ ᠶᠢᠨ ᠬᠥᠳᠡᠭᠡ ᠲᠤᠰᠬᠤᠨ ᠤ ᠨᠢᠭᠡᠨ ᠮᠠᠰᠢ ᠡᠩ ᠤᠨ ᠵᠠᠯᠠᠭᠤ ᠪᠣᠯᠤᠨ᠎ᠠ᠂ ᠲᠡᠭᠦᠰᠦᠭᠰᠡᠨ ᠤ ᠳᠠᠷᠠᠭ᠎ᠠ ᠡᠯ᠎ᠡ ᠭᠠᠵᠠᠷ ᠲᠤ ᠠᠵᠢᠯ ᠡᠷᠬᠢᠯᠡᠪᠡ᠂ ᠬᠡᠳᠦᠶᠢᠪᠡᠷ ᠭᠡᠷ ᠪᠦᠯᠢ ᠶᠢᠨ ᠠᠵᠤ ᠠᠬᠤᠢ ᠶᠢᠨ ᠨᠥᠬᠦᠴᠡᠯ ᠨᠢ ᠲᠡᠶᠢᠮᠦ ᠪᠠᠭᠤᠷᠠᠢ ᠪᠢᠰᠢ ᠪᠣᠯᠪᠠᠴᠤ ᠲᠡᠭᠦᠨ ᠤ ᠪᠡᠶ᠎ᠡ ᠨᠢ ᠡᠷᠡᠭᠦᠯ ᠴᠢᠭᠢᠷᠠᠭ᠂ ᠲᠥᠷᠥᠯᠬᠢ ᠪᠠᠶᠠᠰᠤᠩᠭᠤᠢ ᠴᠢᠨᠠᠷ ᠲᠠᠢ᠂ ᠠᠮᠢᠳᠤᠷᠠᠬᠤ ᠳᠤ ᠪᠠᠰᠠ ᠳᠠᠪᠠᠭᠤ ᠪᠣᠯᠳᠠᠭ᠃ 2021 ᠣᠨ ᠪᠣᠯᠲᠠᠯ᠎ᠠ᠂ ᠲᠡᠷᠡ ᠳᠥᠷᠪᠡᠨ ᠮᠥᠴᠢ ᠨᠢ ᠰᠢᠲᠠᠭᠳᠠᠵᠤ ᠪᠠᠶᠢᠭ᠎ᠠ ᠮᠡᠲᠦ ᠡᠪᠡᠳᠴᠢᠨ ᠳᠤ ᠲᠠᠷᠴᠢᠯᠠᠭᠠᠭᠳᠠᠵᠤ᠂ ᠡᠬᠢᠨ ᠤ ᠬᠤᠭᠤᠴᠠᠭᠠᠨ ᠳᠤ ᠡᠪᠡᠳᠴᠢᠨ ᠤ ᠰᠢᠯᠲᠠᠭᠠᠨ ᠢ ᠨᠢ ᠡᠷᠢᠵᠦ ᠣᠯᠬᠤ ᠦᠭᠡᠢ᠂ ᠠᠵᠢᠯᠯᠠᠵᠤ ᠳᠡᠶᠢᠯᠬᠦ ᠦᠭᠡᠢ᠂ ᠬᠡᠪ ᠤᠨ ᠠᠮᠢᠳᠤᠷᠠᠯ ᠢ ᠥᠩᠭᠡᠷᠡᠭᠡᠵᠦ ᠳᠡᠶᠢᠯᠬᠦ ᠦᠭᠡᠢ᠂ ᠪᠦᠬᠦ᠋ᠢᠯᠡ ᠭᠡᠷ ᠪᠦᠯᠢ ᠶᠢᠨ ᠬᠢᠨ ᠠᠷᠭ᠎ᠠ ᠪᠤᠰᠤ ᠪᠠ ᠭᠤᠲᠤᠷᠠᠯ ᠳᠤ ᠤᠴᠠᠷᠠᠪᠠ︔ ᠭᠡᠪᠡᠴᠦ ᠪᠠᠰᠠ ᠢᠳᠡᠪᠬᠢᠲᠡᠢ ᠡᠮᠨᠡᠨ ᠵᠠᠰᠠᠬᠤ ᠲᠥᠰᠦᠯ ᠢ ᠡᠷᠢᠯᠬᠢᠯᠡᠵᠦ᠂ ᠹᠠᠷᠠᠪᠧᠯ ᠡᠪᠡᠳᠴᠢᠨ ᠢᠶᠠᠷ ᠣᠨᠣᠰᠢᠯᠠᠭᠳᠠᠭᠰᠠᠨ ᠳᠤ ᠲᠡᠷᠡ ᠨᠡᠩ ᠶᠡᠭᠡ ᠭᠤᠷᠢ ᠲᠠᠰᠤᠷᠠᠵᠤ᠂ ᠡᠨᠡ ᠪᠣᠯ ᠨᠢᠭᠡ ᠵᠦᠢᠯ ᠤᠨ ᠲᠦᠢᠯ ᠤᠨ ᠬᠤᠪᠣᠷ ᠡᠪᠡᠳᠴᠢᠨ ᠪᠣᠯᠤᠨ᠎ᠠ᠂ ᠤᠯᠤᠰ ᠤᠨ ᠳᠣᠲᠣᠭᠠᠳᠤ ᠳᠤ ᠡᠮᠨᠡᠨ ᠵᠠᠰᠠᠬᠤ ᠡᠮ ᠦᠭᠡᠢ᠂ ᠬᠦᠮᠦᠨ ᠠᠴᠠ ᠰᠣᠨᠣᠰᠬᠤᠯᠠᠷ ᠭᠠᠳᠠᠭᠠᠳᠤ ᠠᠴᠠ ᠡᠮ ᠬᠤᠳᠠᠯᠳᠤᠨ ᠠᠪᠬᠤ ᠳᠤ ᠵᠢᠯ ᠳᠤ ᠬᠤᠶᠠᠷ ᠵᠠᠭᠤ ᠭᠠᠷᠤᠢ ᠲᠦᠮᠡ ᠵᠠᠷᠤᠴᠠᠭᠤᠯᠤᠨ᠎ᠠ ᠭᠡᠪᠡ᠃  ᠠᠵᠠ ᠲᠠᠢ ᠨᠢ᠂ ᠤᠯᠤᠰ ᠤᠨ ᠡᠮᠴᠢᠯᠡᠭᠡᠨ ᠤ ᠳᠠᠭᠠᠳᠬᠠᠯ ᠤᠨ ᠬᠡᠯᠡᠯᠴᠡᠭᠡ ᠬᠢᠬᠦ ᠶᠢ ᠪᠠᠷᠢᠮᠲᠠᠯᠠᠭᠰᠠᠨ ᠠᠴᠠ᠂ ︽ᠵᠢᠵᠢᠭ ᠪᠦᠯᠬᠦᠮ ᠨᠢᠭᠡᠪᠦᠷᠢ ᠶᠢ ᠴᠥᠮ ᠲᠠᠶᠠᠭᠳᠠᠭᠰᠠᠨ ᠦᠭᠡᠢ︾᠃ 2021 ᠣᠨ ᠳᠤ᠂ ᠹᠠᠷᠠᠪᠧᠯ ᠡᠪᠡᠳᠴᠢᠨ ᠢ ᠵᠠᠰᠠᠬᠤ ᠣᠨᠴᠠ ᠦᠢᠯᠡᠳᠦᠯ ᠲᠠᠢ ᠡᠮ ᠰᠢᠨ᠎ᠡ ᠬᠡᠪᠯᠡᠯ ᠤᠨ ᠡᠮᠴᠢᠯᠡᠭᠡᠨ ᠤ ᠳᠠᠭᠠᠳᠬᠠᠯ ᠤᠨ ᠭᠠᠷᠴᠠᠭ ᠲᠤ ᠣᠷᠣᠪᠠ᠃ ᠰᠢᠶᠤᠤ ᠯᠦᠸᠧ ᠪᠦᠬᠦ ᠤᠯᠤᠰ ᠤᠨ ᠠᠩᠬᠠᠳᠠᠭᠴᠢ ᠡᠮᠴᠢᠯᠡᠭᠡᠨ ᠤ ᠳᠠᠭᠠᠳᠬᠠᠯ ᠢᠶᠠᠷ ᠳᠠᠩᠰᠠ ᠴᠠᠶᠢᠷᠠᠭᠤᠯᠬᠤ ᠹᠠᠷᠠᠪᠧᠯ ᠡᠪᠡᠳᠴᠢᠲᠡᠨ ᠪᠣᠯᠵᠠᠢ᠃ ᠹᠠᠷᠠᠪᠧᠯ ᠡᠪᠡᠳᠴᠢᠨ ᠢ ᠵᠠᠰᠠᠬᠤ ᠡᠮ ᠠ ᠵᠢᠶᠠ ᠰᠢᠬᠢᠷ ᠤᠨ ᠢᠰᠭᠡᠭᠦᠷ α ᠶᠢ ᠥᠳᠭᠡᠨ ᠠᠭᠤᠰᠬᠠᠭᠴᠢ ᠳᠤ ᠬᠡᠷᠡᠭᠯᠡᠬᠦ ᠪᠠᠷ ᠪᠠᠷᠠᠬᠤ ᠦᠭᠡᠢ᠂ ᠪᠠᠰᠠ ᠤᠭ ᠦᠨ᠎ᠡ ᠨᠢ ᠵᠡᠭᠦᠦ ᠪᠦᠷᠢ ᠳᠤ ᠪᠠᠨ 70 ᠲᠦᠮᠡᠨ ᠲᠥᠭᠦᠷᠢᠭ ᠤᠨ ᠨᠤᠭᠤᠰᠤᠨ ᠤ ᠴᠢᠨᠠᠷᠲᠠᠢ ᠪᠣᠯᠴᠢᠩ ᠤᠨ ᠠᠪᠴᠢᠬᠤ ᠡᠪᠡᠳᠴᠢᠨ ᠢ ᠵᠠᠰᠠᠬᠤ ᠡᠮ ᠨᠦᠸᠧ ᠰᠢ ᠨᠠ ᠱᠧᠩ ᠨᠠᠲᠷᠢ ᠶᠢᠨ ᠲᠠᠷᠢᠯᠭ᠎ᠠ ᠶᠢᠨ ᠰᠢᠩᠭᠡᠨ᠂ 19 ᠲᠦᠮᠡᠨ ᠲᠥᠭᠦᠷᠢᠭ ᠤᠨ ᠬᠠᠷᠠᠭᠠᠨ ᠤ ᠮᠡᠳᠡᠷᠡᠯ ᠤᠨ ᠦᠷᠪᠢᠰᠦᠯ ᠤᠨ ᠡᠮ ᠰᠠᠲ᠋ᠧᠯᠢ ᠮᠦᠬᠦᠯᠢᠭ ᠳᠠᠩ ᠳᠠᠭᠠᠭᠠᠴᠠᠲᠤ ᠵᠡᠷᠭᠡ ᠬᠤᠪᠣᠷ ᠲᠣᠬᠢᠶᠠᠯᠳᠤᠬᠤ ᠡᠪᠡᠳᠴᠢᠨ ᠤ ᠡᠮ ᠪᠣᠯᠤᠨ᠎ᠠ᠂ ᠪᠦᠷ ᠡᠮᠴᠢᠯᠡᠭᠡᠨ ᠤ ᠳᠠᠭᠠᠳᠬᠠᠯ ᠤᠨ ᠭᠠᠷᠴᠠᠭ ᠲᠤ ᠣᠷᠣᠵᠤ᠂ ᠡᠪᠡᠳᠴᠢᠲᠡᠨ ᠤ ᠡᠮᠴᠢᠯᠡᠭᠡᠨ ᠤ ᠪᠠᠲᠤᠯᠠᠭ᠎ᠠ ᠶᠢᠨ ᠬᠡᠷᠡᠭᠴᠡᠭᠡ ᠶᠢ ᠮᠠᠰᠢ ᠶᠡᠭᠡ ᠬᠡᠮᠵᠢᠶ᠎ᠡ ᠪᠠᠷ ᠬᠠᠩᠭᠠᠵᠤ ᠪᠠᠶᠢᠨ᠎ᠠ᠃  2023 ᠣᠨ ᠳᠤ᠂ ᠰᠢᠶᠤᠤ ᠯᠦᠸᠧ ᠶᠢᠨ ᠡᠮᠴᠢᠯᠡᠭᠡᠨ ᠤ ᠶᠡᠷᠦᠩᠬᠡᠶ ᠵᠠᠷᠤᠳᠠᠯ 83 ᠲᠦᠮᠡᠨ ᠲᠥᠭᠦᠷᠢᠭ ᠪᠠᠶᠢᠵᠤ᠂ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮᠴᠢᠯᠡᠭᠡᠨ ᠤ ᠠᠪᠤᠷᠠᠨ ᠲᠤᠰᠠᠯᠠᠯᠲᠠ ᠪᠠᠷ ᠳᠡᠮᠵᠢᠨ 77 ᠲᠦᠮᠡ ᠭᠠᠷᠤᠶ ᠶᠢᠨ ᠲᠠᠩᠰᠠ ᠴᠠᠶᠢᠷᠠᠭᠤᠯᠪᠠ᠃ ᠤᠳᠤ ᠲᠡᠭᠦᠨ ᠤ ᠪᠡᠶ᠎ᠡ ᠨᠢ ᠰᠠᠶᠢᠵᠢᠷᠠᠵᠤ᠂ ᠠᠮᠢᠳᠤᠷᠠᠯ ᠳᠤ ᠲᠠᠬᠢᠨ ᠬᠦᠰᠡᠯ ᠡᠷᠡᠮᠡᠯᠵᠡᠯ ᠲᠠᠢ ᠪᠣᠯᠪᠠ᠃  ᠥᠩᠭᠡᠷᠡᠭᠰᠡᠨ ᠤ ᠪᠠᠨ ᠶᠠᠪᠤᠳᠠᠯ ᠢᠶᠠᠨ ᠡᠷᠭᠢᠴᠡᠭᠦᠯᠬᠦ ᠳᠤ᠂ ᠬᠠᠮᠤᠭ ᠤᠨ ᠶᠡᠭᠡ ᠠᠵᠠ ᠵᠠᠪᠰᠢᠶᠠᠨ ᠲᠠᠢ ᠶᠠᠪᠤᠳᠠᠯ ᠭᠡᠪᠡᠯ᠂ ᠰᠢᠶᠤᠤ ᠯᠦᠸᠧ  ᠡᠮᠴᠢᠯᠡᠭᠡᠨ ᠤ ᠳᠠᠭᠠᠳᠬᠠᠯ ᠤᠨ ᠰᠦᠢᠳᠭᠡᠯ ᠢᠶᠠᠨ ᠴᠠᠭ ᠲᠤᠬᠠᠢ ᠳᠤ ᠨᠢ ᠲᠤᠰᠢᠶᠠᠬᠤ ᠶᠢ ᠢᠮᠠᠭᠲᠠ ᠪᠠᠷᠢᠮᠲᠠᠯᠠᠭᠰᠠᠭᠠᠷ ᠢᠷᠡᠵᠠᠢ᠂ ᠨᠠᠰᠤ ᠵᠠᠯᠠᠭᠤ ᠪᠡᠶ᠎ᠡ ᠴᠢᠭᠢᠷᠠᠭ ᠭᠡᠰᠡᠨ ᠭᠤᠷᠢᠳᠠᠬᠤ ᠪᠣᠳᠣᠯ ᠡᠪᠦᠷᠯᠡᠭᠰᠡᠨ ᠦᠭᠡᠢ᠃ ︽ᠳᠤᠮᠳᠠᠳᠤ ᠤᠯᠤᠰ ᠤᠨ ᠡᠮᠴᠢᠯᠡᠭᠡᠨ ᠤ ᠳᠠᠭᠠᠳᠬᠠᠯ᠂ ᠨᠢᠭᠡ ᠨᠠᠰᠤᠨ ᠤ ᠰᠠᠬᠢᠨ ᠬᠠᠮᠠᠭᠠᠯᠠᠯᠲᠠ︾᠂ ᠡᠮᠴᠢᠯᠡᠭᠡᠨ ᠤ ᠳᠠᠭᠠᠳᠬᠠᠯ ᠶᠠᠮᠠᠷᠪᠠ ᠨᠢᠭᠡ ᠪᠦᠯᠬᠦᠮ ᠢ ᠲᠠᠶᠠᠭᠳᠠᠬᠤ ᠦᠭᠡᠢ᠂ ᠡᠮᠴᠢᠯᠡᠭᠡᠨ ᠤ ᠳᠠᠭᠠᠳᠬᠠᠯ ᠨᠢ ᠲᠡᠭᠦᠨ ᠳᠤ ᠪᠠᠲᠤ ᠪᠠᠬᠢ ︽ᠲᠦᠰᠢᠭ︾ ᠪᠣᠯᠵᠤ᠂ ᠣᠯᠠᠨ ᠲᠦᠮᠡᠨ ᠳᠤ ᠠᠮᠢ ᠨᠠᠰᠤᠨ ᠤ ᠵᠠᠪᠢ ᠶᠢ ᠡᠷᠭᠦᠵᠦ ᠥᠭᠭᠦᠭᠰᠡᠨ ᠪᠠᠶᠢᠨ᠎ᠠ᠃  ᠡᠪᠡᠳᠴᠢᠨ ᠦᠭᠡᠢ ᠪᠣᠯ ᠪᠢ ᠪᠤᠰᠤᠳ ᠤᠨ ᠲᠥᠯᠥᠭᠡ᠂ ᠡᠪᠡᠳᠴᠢᠨ ᠲᠠᠢ ᠪᠣᠯ ᠪᠤᠰᠤᠳ ᠮᠢᠨᠦ ᠲᠥᠯᠥᠭᠡ᠃ ᠵᠠᠯᠠᠭᠤ ᠨᠠᠰᠤᠨ ᠤ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠵᠠᠯᠠᠭᠤᠴᠤᠳ ᠡ᠂ ᠡᠷᠡᠭᠦᠯ ᠮᠡᠨᠳᠦ ᠪᠣᠯ ᠮᠦᠷᠦᠢ       ᠪᠢᠰᠢ᠂ ᠮᠠᠷᠭᠠᠰᠢ ᠶᠢ ᠨᠡᠩ ᠮᠦᠷᠦᠶᠢᠴᠡᠵᠦ ᠪᠣᠯᠬᠤ ᠦᠭᠡᠢ᠃ ︽ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠬᠤ ᠳᠤ ᠲᠠᠩᠭᠢᠰ ᠵᠠᠮ ᠲᠠᠯᠪᠢᠵᠤ᠂ ᠰᠡᠳᠬᠢᠯ ᠢ ᠳᠤᠯᠠᠭᠠᠴᠠᠭᠤᠯᠬᠤ ᠡᠮᠴᠢᠯᠡᠭᠡᠨ ᠤ ᠳᠠᠭᠠᠳᠬᠠᠯ ᠡᠨᠡ ᠨᠠᠰᠤ ᠶᠢ       ᠬᠠᠮᠠᠭᠠᠯᠠᠨ᠎ᠠ︾᠂ ᠵᠠᠯᠠᠭᠤ ᠨᠠᠰᠤ ᠪᠠᠨ ︽ᠡᠮᠴᠢᠯᠡᠭᠡᠨ ᠤ ᠳᠠᠭᠠᠳᠬᠠᠯ︾ ᠤᠨ ᠭᠡᠷᠡᠯᠲᠦ ᠴᠠᠭᠠᠷᠢᠭ ᠳᠣᠣᠷ᠎ᠠ ᠴᠥᠮ ᠥᠩᠭᠡ ᠢᠯᠭᠠᠷᠠᠨ ᠪᠠᠳᠠᠷᠠᠨ ᠳᠡᠯᠭᠡᠷᠡᠨ᠎ᠡ᠃ 
 
ᠢᠷᠡᠯᠲᠡ᠄ ᠤᠯᠤᠰ ᠤᠨ ᠡᠮᠴᠢᠯᠡᠭᠡᠨ ᠤ ᠪᠠᠳᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号