ᠨᠢᠭᠡᠨᠲᠡ 4 ᠮᠤᠵᠢ ᠣᠷᠣᠨ ᠲᠤᠰᠠᠯᠠᠬᠤ ᠦᠷᠡᠵᠢᠯ ᠢ ᠡᠮᠴᠢᠯᠡᠭᠡᠨ ᠤ ᠳᠠᠭᠠᠳᠬᠠᠯ ᠤᠨ ᠲᠠᠩᠰᠠ ᠴᠠᠶᠢᠷᠠᠭᠤᠯᠬᠤ ᠬᠡᠪᠴᠢᠶᠡᠨ ᠳᠤ ᠣᠷᠣᠭᠤᠯᠪᠠ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠲᠣᠪᠴᠢᠶᠠᠨ ᠳᠠᠷᠤᠭ᠎ᠠ ᠲᠤᠬᠠᠶ ᠶᠢᠨ ᠭᠠᠵᠠᠷ ᠲᠤ ᠨᠢ ᠶᠠᠮᠠᠷ ᠲᠥᠷᠥ ᠶᠢᠨ ᠪᠣᠳᠣᠯᠭ᠎ᠠ ᠶᠢᠨ ᠳᠣᠬᠢᠶ᠎ᠠ ᠥᠭᠭᠦᠭᠰᠡᠨ ᠪᠣᠶ︖
ᠨᠡᠶᠢᠲᠡᠯᠡᠭᠰᠡᠨ ᠴᠠᠭ᠄
2024/4/1
  ᠮᠠᠰᠢ ᠣᠯᠠᠨ ᠥᠪᠡᠷᠲᠡᠭᠡᠨ ᠬᠡᠦᠬᠡᠳ ᠠᠪᠴᠤ ᠴᠢᠳᠠᠬᠤ ᠦᠭᠡᠢ ᠡᠩ ᠤᠨ ᠭᠡᠷ ᠪᠦᠯᠢ ᠳᠤ ᠠᠪᠴᠤ ᠬᠡᠯᠡᠪᠡᠯ᠂ ᠲᠤᠰᠠᠯᠠᠬᠤ ᠦᠷᠡᠵᠢᠯ ᠪᠣᠯ ︽ᠦᠷᠡᠵᠢᠯ ᠤᠨ ᠵᠡᠭᠦᠳᠦ︾ ᠶᠢ ᠪᠡᠶᠡᠯᠡᠭᠦᠯᠬᠦ ᠬᠠᠮᠤᠭ ᠤᠨ ᠰᠠᠶᠢᠨ ᠵᠠᠮ ᠮᠥᠨ᠂ ᠭᠡᠪᠡᠴᠦ ᠲᠡᠭᠦᠨ ᠤ ᠥᠨᠳᠥᠷ ᠰᠦᠢᠳᠭᠡᠯ ᠨᠢ ᠪᠠᠰᠠ ᠮᠠᠰᠢ ᠣᠯᠠᠨ ᠭᠡᠷ ᠪᠦᠯᠢ ᠶᠢ ᠠᠷᠭ᠎ᠠ ᠪᠠᠷᠠᠭᠳᠠᠭᠤᠯᠵᠤ ᠬᠤᠶᠢᠰᠢ ᠤᠬᠤᠷᠢᠭᠤᠯᠤᠨ᠎ᠠ᠃ 2023 ᠣᠨ ᠠᠴᠠ ᠨᠠᠭᠠᠰᠢ᠂ ᠮᠠᠨ ᠤ ᠤᠯᠤᠰ ᠤᠨ ᠬᠡᠰᠡᠭ ᠮᠤᠵᠢ ᠣᠷᠣᠨ ᠲᠤᠰᠠᠯᠠᠬᠤ ᠦᠷᠡᠵᠢᠯ ᠢ ᠡᠮᠴᠢᠯᠡᠭᠡᠨ ᠤ ᠳᠠᠭᠠᠳᠬᠠᠯ ᠤᠨ ᠲᠠᠩᠰᠠ ᠴᠠᠶᠢᠷᠠᠭᠤᠯᠬᠤ ᠬᠡᠪᠴᠢᠶᠡᠨ ᠳᠤ ᠣᠷᠣᠭᠤᠯᠵᠤ᠂ ᠦᠷᠡᠵᠢᠯ ᠤᠨ ᠬᠦᠰᠡᠯ ᠲᠠᠢ ᠭᠡᠷ ᠪᠦᠯᠢ ᠶᠢᠨ ︽ᠲᠥᠷᠥᠵᠦ ᠳᠡᠶᠢᠯᠬᠦ ᠦᠭᠡᠢ᠂ ᠲᠦᠷᠦᠭᠦ ᠵᠣᠷᠢᠭ ᠦᠭᠡᠢ︾ ᠪᠠᠶᠢᠬᠤ ᠬᠦᠴᠢᠷᠳᠡᠯ ᠢ  ᠨᠢ ᠰᠢᠢᠳᠪᠦᠷᠢᠯᠡᠵᠦ᠂ ᠬᠥᠮᠦᠨ ᠠᠮᠠ ᠶᠢᠨ ᠤᠷᠳᠤ ᠬᠤᠭᠤᠴᠠᠭᠠᠨ ᠤ ᠲᠡᠩᠴᠡᠭᠦᠷᠢᠲᠡᠢ ᠬᠥᠭᠵᠢᠯᠲᠡ ᠳᠤ ᠬᠦᠴᠦᠨ ᠨᠡᠮᠡᠷᠢᠯᠡᠪᠡ᠃  ︽ᠬᠠᠮᠢᠶ᠎ᠠ ᠪᠦᠬᠦᠢ ᠮᠤᠵᠢ ᠣᠷᠣᠨ ᠢ ᠦᠷᠭᠦᠯᠵᠢᠯᠡᠨ ᠵᠢᠯᠣᠭᠤᠳᠴᠤ ᠲᠥᠷᠥ ᠶᠢᠨ ᠪᠣᠳᠣᠯᠭ᠎ᠠ ᠶᠢ ᠨᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠥᠮᠥᠨ ᠠᠮᠠ ᠶᠢᠨ ᠤᠷᠲᠤ ᠬᠤᠭᠤᠴᠠᠭᠠᠨ ᠤ ᠲᠡᠩᠴᠡᠭᠦᠷᠢᠲᠡᠢ ᠬᠥᠭᠵᠢᠯᠲᠡ ᠶᠢ ᠠᠬᠢᠭᠤᠯᠤᠨ᠎ᠠ︾  ᠭᠤᠷᠪᠠᠨ ᠬᠡᠦᠬᠡᠳ ᠠᠪᠴᠤ ᠪᠣᠯᠬᠤ ᠶᠠᠪᠤᠳᠠᠯ ᠢ ᠴᠢᠯᠥᠭᠡᠲᠡᠶ ᠪᠣᠯᠭᠠᠭᠰᠠᠨ ᠠᠴᠠ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ︽ᠦᠷᠡᠵᠢᠯ ᠤᠨ ᠳᠡᠮᠵᠢᠯᠭᠡ ᠶᠢᠨ ᠲᠥᠷᠦ ᠶᠢᠨ ᠪᠣᠳᠣᠯᠭ᠎ᠠ ᠶᠢ       ᠪᠦᠷᠢᠨᠰᠢᠭᠦᠯᠬᠦ ᠁ ᠭᠡᠷ ᠪᠦᠯᠢ ᠶᠢᠨ ᠦᠷᠡᠵᠢᠯᠲᠡ᠂ ᠪᠣᠶᠢᠵᠢᠭᠤᠯᠣᠯᠲᠠ᠂ ᠰᠤᠷᠭᠠᠨ ᠬᠦᠮᠦᠵᠢᠯ ᠤᠨ ᠳᠠᠷᠤᠭᠠᠰᠤ ᠶᠢ ᠬᠥᠩᠭᠡᠷᠡᠭᠦᠯᠬᠦ︾ ᠶᠢ ᠳᠤᠷᠠᠳᠤᠭᠰᠠᠨ ᠬᠦᠷᠲᠡᠯ᠎ᠡ᠂ ᠦᠷᠡᠵᠢᠯ ᠢ ᠳᠡᠮᠵᠢᠬᠦ ᠣᠯᠠᠨ ᠵᠦᠢᠯ ᠤᠨ ᠲᠥᠷᠥ ᠶᠢᠨ ᠪᠣᠳᠣᠯᠭ᠎ᠠ ᠨᠢ ᠡᠮᠴᠢᠯᠡᠭᠡᠨ ᠤ ᠳᠠᠭᠠᠳᠬᠠᠯ ᠤᠨ ᠠᠵᠢᠯ ᠳᠤ ᠰᠢᠨ᠎ᠡ ᠱᠠᠭᠠᠷᠳᠠᠯᠭ᠎ᠠ ᠳᠤᠷᠠᠳᠴᠠᠢ᠃  ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠤᠳ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠠᠷᠢᠯᠴᠠᠨ ᠲᠤᠰᠠᠯᠠᠯᠴᠠᠬᠤ ᠴᠢᠳᠠᠮᠵᠢ ᠶᠢ ᠪᠠᠳᠠᠷᠠᠭᠤᠯᠵᠤ᠂ ︽ᠠᠷᠠᠳ ᠲᠦᠮᠡᠨ ᠤ ᠬᠡᠷᠡᠭᠴᠡᠭᠡ︾ ᠶᠢᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠡᠳᠬᠢᠯ ᠲᠠᠯᠪᠢᠨ ᠬᠠᠷᠢᠭᠤᠯᠠᠨ᠎ᠠ᠃ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠵᠢᠯᠣᠭᠤᠳᠤᠯᠭ᠎ᠠ ᠳᠣᠣᠷ᠎ᠠ᠂ ᠪᠡᠭᠡᠵᠢᠩ᠂ ᠭᠤᠸᠠᠩᠰᠢ᠂ ᠥᠪᠥᠷ ᠮᠣᠩᠭᠤᠯ᠂ ᠭᠠᠨᠰᠦ ᠵᠡᠷᠭᠡ ᠳᠥᠷᠪᠡᠨ ᠮᠤᠵᠢ ᠣᠷᠣᠨ ᠤᠷᠢᠳ ᠬᠤᠵᠢᠳ ᠲᠤᠰᠠᠯᠠᠬᠤ ᠦᠷᠡᠵᠢᠯ ᠢ ᠡᠮᠴᠢᠯᠡᠭᠡᠨ ᠤ ᠳᠠᠭᠠᠳᠬᠠᠯ ᠤᠨ ᠳᠠᠩᠰᠠ ᠴᠠᠶᠢᠷᠠᠭᠤᠯᠬᠤ ᠬᠡᠪᠴᠢᠶᠡᠨ ᠳᠤ ᠣᠷᠤᠭᠤᠯᠪᠠ᠃  ᠲᠥᠷᠥ ᠶᠢᠨ ᠪᠣᠳᠣᠯᠭ᠎ᠠ ᠦᠷᠭᠦᠯᠵᠢᠯᠡᠨ ᠬᠦᠴᠦᠯᠡᠨ᠎ᠡ᠃ 2 ᠳ᠋ᠤᠭᠠᠷ ᠰᠠᠷ᠎ᠠ ᠶᠢᠨ 29 ᠤ ᠡᠳᠦᠷ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠲᠣᠪᠴᠢᠶᠠᠨ ᠳᠠᠷᠤᠭ᠎ᠠ ᠵᠠᠩ ᠺᠧ ᠨᠡᠶᠢᠰᠯᠡᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠪᠡᠭᠡᠵᠢᠩ ᠤᠨ ᠬᠥᠩᠭᠡᠵᠢᠭᠦᠯᠬᠦ ᠡᠮᠨᠡᠯᠭᠡ ᠶᠢᠨ ᠬᠤᠷᠢᠶ᠎ᠠ ᠳᠤ ᠲᠤᠬᠠᠶ ᠶᠢᠨ ᠭᠠᠵᠠᠷ ᠲᠤ ᠨᠢ ᠪᠠᠶᠢᠴᠠᠭᠠᠨ ᠰᠤᠳᠤᠯᠤᠯᠲᠠ ᠬᠢᠵᠦ᠂ ᠲᠤᠰᠠᠯᠠᠬᠤ ᠦᠷᠡᠵᠢᠯ ᠢ ᠡᠮᠴᠢᠯᠡᠭᠡᠨ ᠤ ᠳᠠᠭᠠᠳᠬᠠᠯ ᠤᠨ ᠳᠠᠩᠰᠠ ᠴᠠᠶᠢᠷᠠᠭᠤᠯᠬᠤ ᠬᠡᠪᠴᠢᠶᠡᠨ ᠳᠤ ᠣᠷᠤᠭᠤᠯᠤᠭᠰᠠᠨ ᠵᠡᠷᠭᠡ ᠠᠵᠢᠯ ᠢ ᠨᠠᠷᠢᠨ ᠣᠶᠢᠯᠠᠭᠠᠵᠤ᠂ ︽ᠬᠠᠮᠢᠶ᠎ᠠ ᠪᠥᠬᠦᠶ ᠮᠤᠵᠢ ᠣᠷᠣᠨ ᠢ ᠦᠷᠭᠦᠯᠵᠢᠯᠡᠨ ᠵᠢᠯᠣᠭᠤᠳᠴᠤ ᠪᠠᠶᠢᠭᠠᠳ ᠲᠤᠰᠠᠯᠠᠬᠤ ᠦᠷᠡᠵᠢᠯ ᠤᠨ ᠲᠥᠷᠥᠯ ᠤᠨ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ ᠲᠣᠭᠲᠠᠭᠠᠬᠤ ᠪᠠ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠠᠮᠢᠶᠠᠷᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢᠨ ᠬᠠᠮᠲᠤ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ᠂ ᠦᠨᠳᠦᠰᠦᠨ ᠡᠮᠴᠢᠯᠡᠭᠡᠨ ᠤ ᠳᠠᠭᠠᠳᠬᠠᠯ᠂ ᠦᠷᠡᠵᠢᠯ ᠤᠨ ᠳᠠᠭᠠᠳᠬᠠᠯ ᠪᠠ ᠬᠤᠯᠪᠤᠭᠳᠠᠯ ᠪᠥᠬᠦᠶ ᠠᠵᠤ ᠠᠬᠤᠶ ᠨᠡᠶᠢᠭᠡᠮ ᠤᠨ ᠲᠥᠷᠥ ᠶᠢᠨ ᠪᠣᠳᠣᠯᠭ᠎ᠠ ᠶᠢ ᠢᠵᠢ ᠪᠥᠷᠢᠳᠦᠭᠦᠯᠦᠨ ᠵᠣᠯᠭᠠᠭᠤᠯᠬᠤ ᠶᠢ ᠠᠬᠢᠭᠤᠯᠵᠤ᠂ ᠬᠥᠮᠦᠨ ᠠᠮᠠ ᠶᠢᠨ ᠣᠷᠳᠣ ᠬᠤᠭᠤᠴᠠᠭᠠᠨ ᠤ ᠲᠡᠩᠴᠡᠭᠦᠷᠢᠲᠡᠶ ᠬᠥᠭᠵᠢᠯᠲᠡ ᠶᠢ ᠬᠠᠮᠲᠤ ᠪᠠᠷ ᠠᠬᠢᠭᠤᠯᠤᠨ᠎ᠠ︾ ᠭᠡᠵᠦ ᠵᠢᠭᠠᠵᠤ ᠭᠠᠷᠭᠠᠪᠠ᠃  ︽ᠡᠨᠡ ᠨᠢᠭᠡ ᠲᠦᠮᠡ ᠢᠯᠡᠭᠦᠦ ᠲᠥᠭᠦᠷᠢᠭ ᠤᠨ ᠡᠮᠨᠡᠨ ᠵᠠᠰᠠᠬᠤ ᠰᠦᠢᠳᠭᠡᠯ ᠠᠴᠠ ᠪᠢ ᠵᠥᠪᠬᠡᠨ ᠭᠤᠷᠪᠠᠨ ᠮᠢᠩᠭ᠎ᠠ ᠢᠯᠡᠭᠦᠦ ᠶᠢ ᠨᠢ ᠲᠤᠰᠢᠶᠠᠨ᠎ᠠ ᠤᠤ︖ ᠦᠨᠡᠬᠡᠷ ᠰᠠᠶᠢᠨ ᠪᠣᠯᠣᠯ᠎ᠠ︕︾  ᠬᠠᠪᠤᠷ ᠤᠨ ᠠᠭᠤᠷ ᠣᠷᠤᠭᠰᠠᠨ ᠡᠨᠡ ᠡᠳᠦᠷ᠂ ᠭᠤᠸᠠᠩᠰᠢ ᠶᠢᠨ ᠦᠷᠡᠵᠢᠯ ᠤᠨ ᠡᠮᠨᠡᠯᠭᠡ ᠶᠢᠨ ᠬᠤᠷᠢᠶᠠᠨ ᠤ ᠳ᠋ᠦᠩᠨᠡᠨ ᠪᠣᠳᠣᠬᠤ ᠴᠣᠩᠬᠤᠪᠴᠢᠨ ᠳᠤ 35 ᠨᠠᠰᠤᠲᠠᠶ ᠠᠵᠢᠯᠲᠠᠨ ᠠᠵᠢᠯᠴᠢᠨ ᠤ ᠳᠠᠭᠠᠳᠬᠠᠯ ᠳᠤ ᠣᠷᠤᠯᠴᠠᠭᠰᠠᠨ ᠯᠦ ᠠᠪᠠᠭ᠋ᠠᠶ ᠳ᠋ᠦᠩᠨᠡᠨ ᠪᠣᠳᠣᠬᠤ ᠬᠠᠭᠤᠳᠠᠰᠤᠨ ᠳᠡᠭᠡᠷᠡᠬᠢ ᠰᠠᠭᠤᠷᠢ ᠮᠥᠩᠭᠦ ᠶᠢᠨ ᠲᠥᠯᠥᠪᠦᠷᠢ ᠶᠢ ᠨᠢᠭᠡᠳᠦᠯᠲᠡᠶ ᠲᠥᠯᠥᠪᠵᠢᠭᠦᠯᠦᠭᠰᠡᠨ ᠲᠤᠭ᠎ᠠ ᠪᠠᠷᠢᠮᠲᠠ ᠶᠢ ᠦᠵᠡᠭᠡᠳ ᠭᠠᠶᠢᠬᠠᠰᠢ ᠠᠯᠳᠠᠵᠠᠶ᠃  ︽ᠡᠨᠡ ᠨᠢᠭᠡ ᠲᠦᠮᠡ ᠢᠯᠡᠭᠦᠦ ᠲᠥᠭᠦᠷᠢᠭ ᠤᠨ ᠡᠮᠨᠡᠨ ᠵᠠᠰᠠᠬᠤ ᠰᠦᠢᠳᠭᠡᠯ ᠠᠴᠠ ᠪᠢ ᠵᠥᠪᠬᠡᠨ ᠭᠤᠷᠪᠠᠨ ᠮᠢᠩᠭ᠎ᠠ ᠢᠯᠡᠭᠦᠦ ᠶᠢ ᠨᠢ ᠲᠤᠰᠢᠶᠠᠨ᠎ᠠ ᠤᠤ︖ ᠦᠨᠡᠬᠡᠷ ᠰᠠᠶᠢᠨ ᠪᠣᠯᠣᠯ᠎ᠠ︕︾ ᠲᠡᠷᠡ ᠨᠢᠭᠡᠳᠦᠯᠲᠡᠶ ᠲᠥᠯᠥᠪᠵᠢᠭᠦᠯᠦᠭᠰᠡᠨ ᠲᠤᠭ᠎ᠠ ᠪᠠᠷᠢᠮᠲᠠ ᠶᠢᠨ ᠰᠠᠭᠤᠷᠢ ᠮᠥᠩᠭᠦ ᠶᠢᠨ ᠲᠥᠯᠥᠪᠦᠷᠢ 7000 ᠭᠠᠷᠤᠢ ᠲᠥᠭᠦᠷᠢᠭ ᠭᠡᠵᠦ ᠪᠢᠴᠢᠵᠦ ᠪᠠᠶᠢᠭᠰᠠᠨ ᠢ ᠦᠵᠡᠭᠡᠳ ᠰᠡᠳᠬᠢᠭᠳᠡᠰᠢ ᠦᠭᠡᠢ ᠰᠡᠳᠬᠢᠯᠭᠡ ᠪᠠᠨ ᠢᠯᠡᠷᠡᠭᠦᠯᠪᠡ᠃ ᠡᠵᠢ ᠪᠣᠯᠬᠤ ᠬᠦᠰᠡᠯ ᠢᠶᠠᠨ ᠪᠡᠶᠡᠯᠡᠭᠦᠯᠬᠦ ᠶᠢᠨ ᠲᠥᠯᠥᠭᠡ᠂ ᠯᠦ ᠠᠪᠠᠭ᠋ᠠᠶ ᠬᠤᠷᠤᠭᠤ ᠰᠢᠯ ᠤᠨ ᠵᠠᠮ ᠢᠶᠠᠷ ᠠᠷᠪᠠᠨ ᠬᠤᠶᠠᠷ ᠵᠢᠯ ᠶᠠᠪᠤᠵᠤ᠂ ᠬᠡᠳᠦᠨ ᠠᠷᠪᠠᠨ ᠲᠦᠮᠡᠨ ᠲᠦᠭᠦᠷᠢᠭ ᠤᠨ ᠵᠣᠭᠤᠰ ᠵᠠᠷᠤᠴᠠᠭᠤᠯᠪᠠ᠃ ᠡᠨᠡ ᠪᠣᠯ ᠲᠡᠭᠦᠨ ᠤ ᠠᠷᠪᠠᠨ ᠬᠤᠶᠠᠷ ᠵᠢᠯ ᠤᠨ ᠲᠤᠷᠰᠢᠬᠢ ᠳ᠋ᠦᠩᠨᠡᠨ ᠪᠣᠳᠣᠬᠤ ᠦᠶ᠎ᠡ ᠳᠤ ᠬᠠᠮᠤᠭ ᠤᠨ ᠠᠮᠠᠷᠬᠠᠨ ᠨᠢᠭᠡ ᠤᠳᠠᠭ᠎ᠠ ᠪᠣᠯᠣᠨ᠎ᠠ᠃  ︽ᠭᠤᠸᠠᠩᠰᠢ ᠳᠤ᠂ ᠯᠦ ᠠᠪᠠᠭ᠋ᠠᠢ ᠰᠢᠭ᠋ ᠳᠠᠩᠰᠠ ᠴᠠᠶᠢᠷᠠᠭᠤᠯᠬᠤ ᠲᠥᠷᠥ ᠶᠢᠨ ᠪᠣᠳᠣᠯᠭ᠎ᠠ ᠶᠢ ᠬᠦᠷᠲᠡᠵᠦ ᠪᠠᠶᠢᠭ᠎ᠠ ᠪᠠᠰᠠ ᠪᠠᠷᠤᠭ 5.58 ᠲᠦᠮᠡᠨ ᠬᠥᠮᠦᠨ ᠪᠠᠶᠢᠨ᠎ᠠ︾᠃ ᠭᠤᠸᠠᠩᠰᠢ ᠶᠢᠨ ᠡᠮᠴᠢᠯᠡᠭᠡᠨ ᠤ ᠪᠠᠲᠤᠯᠠᠭ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠨᠢᠳᠦᠨᠦᠨ ᠤ 11 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ ᠭᠤᠸᠠᠩᠰᠢ ᠶᠢᠨ ᠬᠡᠰᠡᠭ ᠡᠮᠴᠢᠯᠡᠭᠡᠨ ᠤ ᠴᠢᠨᠠᠷᠲᠠᠶ ᠲᠤᠰᠠᠯᠠᠬᠤ ᠦᠷᠡᠵᠢᠯ ᠤᠨ ᠲᠥᠷᠥᠯ ᠤᠨ ᠡᠮᠴᠢᠯᠡᠭᠡᠨ ᠤ ᠦᠢᠯᠡᠴᠢᠯᠡᠭᠡ ᠶᠢᠨ ᠲᠥᠷᠥᠯ ᠵᠦᠢᠯ ᠢ ᠦᠨᠳᠦᠰᠦᠨ ᠡᠮᠴᠢᠯᠡᠭᠡᠨ ᠤ ᠳᠠᠭᠠᠳᠬᠠᠯ ᠪᠠ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠠᠭᠤᠷᠢ ᠮᠥᠩᠭᠦᠨ ᠤ ᠵᠠᠷᠤᠴᠠᠭᠤᠯᠭ᠎ᠠ ᠶᠢᠨ ᠬᠡᠪᠴᠢᠶᠡᠨ ᠳᠤ ᠣᠷᠣᠭᠤᠯᠵᠤ᠂ ᠲᠥᠷᠥ ᠶᠢᠨ ᠪᠣᠳᠣᠯᠭ᠎ᠠ ᠶᠢ 5 ᠰᠠᠷ᠎ᠠ ᠬᠡᠷᠡᠭᠵᠢᠭᠦᠯᠵᠦ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦᠨ ᠤ ᠵᠠᠷᠤᠯᠭ᠎ᠠ ᠪᠠᠷᠤᠭ 1.14 ᠳ᠋ᠦᠩᠰᠢᠭᠤᠷ ᠲᠦᠭᠦᠷᠢᠭ ᠪᠠᠶᠢᠵᠤ᠂ ᠳᠠᠩᠰᠠ ᠴᠠᠶᠢᠷᠠᠭᠤᠯᠬᠤ ᠬᠠᠷᠢᠴᠠᠯ 59.13 % ᠪᠠᠶᠢᠵᠤ᠂ ᠳᠠᠭᠠᠳᠬᠠᠯ ᠳᠤ ᠣᠷᠣᠯᠴᠠᠭᠰᠠᠳ ᠤᠨ ᠡᠮᠴᠢᠯᠡᠭᠡᠨ ᠤ ᠰᠦᠢᠳᠭᠡᠯ ᠤᠨ ᠳᠠᠷᠤᠭᠠᠰᠤ ᠶᠢ ᠶᠡᠭᠡ ᠪᠠᠷ ᠬᠥᠩᠭᠡᠷᠡᠭᠦᠯᠪᠡ᠃  ᠡᠨᠡ ᠬᠦ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠲᠤᠰᠠᠯᠠᠬᠤ ᠦᠷᠡᠵᠢᠯ ᠢ ᠡᠮᠴᠢᠯᠡᠭᠡᠨ ᠤ ᠳᠠᠭᠠᠳᠬᠠᠯ ᠤᠨ ᠲᠠᠩᠰᠠ ᠴᠠᠶᠢᠷᠠᠭᠤᠯᠬᠤ ᠬᠡᠪᠴᠢᠶᠡᠨ ᠳᠤ ᠣᠷᠣᠭᠤᠯᠤᠭᠰᠠᠨ ᠤ ᠳᠠᠷᠠᠭ᠎ᠠ᠂ ᠦᠷᠡᠵᠢᠯ ᠤᠨ ᠡᠮᠴᠢᠯᠡᠭᠡᠨ ᠤ ᠬᠡᠷᠡᠭᠴᠡᠭᠡ ᠲᠠᠢ ᠬᠥᠮᠦᠰ ᠤᠨ ᠢᠳᠡᠪᠬᠢᠵᠢᠯ ᠢ ᠲᠦᠢᠯ ᠤᠨ ᠶᠡᠭᠡ ᠪᠠᠷ ᠳᠠᠶᠢᠴᠢᠯᠠᠵᠤ᠂ ᠬᠡᠳᠦᠨ ᠰᠠᠷ᠎ᠠ ᠶᠢᠨ ᠲᠤᠷᠰᠢ᠂ ᠪᠥᠬᠦ ᠣᠷᠣᠨ ᠤ ᠲᠤᠰᠠᠯᠠᠬᠤ ᠦᠷᠡᠵᠢᠯ ᠤᠨ ᠪᠠᠶᠢᠭᠤᠯᠤᠮᠵᠢ ᠶᠢᠨ ᠡᠭᠦᠳᠡᠨ ᠡᠮᠨᠡᠯᠭᠡ ᠳᠤ ᠣᠴᠢᠭᠰᠠᠨ ᠬᠡᠮᠵᠢᠶ᠎ᠡ 60.77 ᠲᠦᠮᠡᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 35.64% ᠪᠠᠷ ᠨᠡᠮᠡᠭᠳᠡᠪᠡ᠃  ︽ᠣᠳᠣᠬᠠᠨ ᠳᠤ ᠵᠠᠰᠠᠭ ᠤᠨ ᠣᠷᠳᠣᠨ ᠤ ᠵᠢᠯᠣᠭᠤᠳᠬᠤ ᠦᠨ᠎ᠡ ᠬᠠᠩᠰᠢ ᠲᠠᠢ᠂ ᠬᠡᠳᠦᠶ ᠵᠣᠭᠤᠰ ᠵᠠᠷᠤᠬᠤ ᠶᠢ ᠮᠡᠳᠡᠵᠦ᠂ ᠳᠤᠲᠤᠷ᠎ᠠ ᠪᠠᠨ ᠲᠤᠭ᠎ᠠ ᠲᠠᠢ ᠪᠣᠯᠪᠠ︾  2023 ᠣᠨ ᠤ 6 ᠳ᠋ᠤᠭᠠᠷ ᠰᠠᠷ᠎ᠠ ᠳᠤ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ︽ᠲᠤᠰᠠᠯᠠᠬᠤ ᠦᠷᠡᠵᠢᠯ ᠤᠨ ᠲᠥᠷᠥᠯ ᠤᠨ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢᠨ ᠲᠥᠷᠥᠯ ᠵᠦᠢᠯ ᠲᠣᠭᠲᠠᠭᠠᠬᠤ ᠵᠦᠭᠯᠡᠭᠦᠷ ︵ᠲᠤᠷᠰᠢᠨ ᠬᠡᠷᠡᠭᠵᠢᠭᠦᠯᠬᠦ︶︾ ᠢ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠤᠨ ᠤᠤᠯ ᠤᠨ ᠣᠯᠠᠨ ᠶᠠᠩᠵᠤ ᠶᠢᠨ ᠲᠤᠰᠠᠯᠠᠬᠤ ᠦᠷᠡᠵᠢᠯ ᠤᠨ ᠲᠥᠷᠥᠯ ᠤᠨ ᠲᠥᠷᠥᠯ ᠵᠦᠢᠯ ᠢ 12 ᠲᠥᠷᠥᠯ ᠪᠣᠯᠭᠠᠨ ᠡᠮᠬᠢᠯᠡᠨ ᠨᠡᠶᠢᠯᠡᠭᠦᠯᠪᠡ᠃ ᠣᠳᠣᠬᠠᠨ ᠳᠤ ᠪᠣᠯᠲᠠᠯ᠎ᠠ᠂ ᠨᠢᠭᠡᠨᠲᠡ 21 ᠮᠤᠵᠢ ᠶᠢ ᠵᠢᠯᠣᠭᠤᠳᠴᠤ ᠪᠠᠶᠢᠭᠠᠳ ᠰᠡᠳᠦᠪ ᠲᠣᠭᠲᠠᠭᠠᠬᠤ ᠵᠦᠭᠯᠡᠭᠦᠷ ᠲᠠᠢ ᠬᠠᠷᠢᠴᠠᠭᠤᠯᠤᠨ ᠲᠤᠰᠠᠯᠠᠬᠤ ᠦᠷᠡᠵᠢᠯ ᠤᠨ ᠲᠥᠷᠥᠯ ᠤᠨ ᠲᠥᠷᠥᠯ ᠵᠦᠢᠯ ᠢ ᠡᠮᠬᠢᠯᠡᠨ ᠨᠡᠶᠢᠯᠡᠭᠦᠯᠪᠡ᠂ ᠡᠭᠦᠨ ᠳᠤ 20 ᠮᠤᠵᠢ ᠶᠢᠨ ᠲᠣᠭᠲᠠᠭᠠᠭᠰᠠᠨ ᠦᠨ᠎ᠡ ᠶᠢ ᠵᠠᠬ᠎ᠠ ᠳᠡᠯᠭᠡᠭᠦᠷ ᠠᠴᠠ ᠲᠣᠬᠢᠷᠠᠭᠤᠯᠬᠤ ᠦᠨ᠎ᠡ ᠶᠢ ᠵᠠᠰᠠᠭ ᠤᠨ ᠣᠷᠳᠣᠨ ᠤ ᠵᠢᠯᠣᠭᠤᠳᠬᠤ ᠦᠨ᠎ᠡ ᠪᠣᠯᠭᠠᠨ ᠥᠭᠡᠷᠡᠴᠢᠯᠡᠵᠦ᠂ ᠲᠤᠰᠠᠯᠠᠬᠤ ᠦᠷᠡᠵᠢᠯ ᠤᠨ ᠲᠥᠷᠥᠯ ᠤᠨ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ ᠤᠨ ᠦᠨ᠎ᠡ ᠬᠠᠩᠰᠢ ᠶᠢ ᠤᠯᠠᠮ ᠨᠢᠭᠡ ᠠᠯᠬᠤᠮ ᠵᠢᠷᠤᠮᠵᠢᠭᠤᠯᠪᠠ᠃  ︽ᠪᠢᠳᠡ ᠤᠤᠯ ᠤᠨ 37 ᠵᠦᠢᠯ ᠤᠨ ᠲᠤᠰᠠᠯᠠᠬᠤ ᠦᠷᠡᠵᠢᠯ ᠤᠨ ᠲᠥᠷᠥᠯ ᠤᠨ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ ᠢ 12 ᠵᠦᠢᠯ ᠪᠣᠯᠭᠠᠨ ᠡᠮᠬᠢᠯᠡᠨ ᠨᠡᠶᠢᠯᠡᠭᠦᠯᠵᠦ᠂ ᠦᠨ᠎ᠡ ᠲᠣᠭᠲᠠᠭᠠᠬᠤ ᠵᠠᠭᠪᠤᠷ ᠢ ᠡᠮᠴᠢᠯᠡᠭᠡᠨ ᠤ ᠪᠠᠶᠢᠭᠤᠯᠤᠮᠵᠢ ᠶᠢᠨ ᠡᠵᠡᠨ ᠮᠡᠳᠡᠵᠦ ᠦᠨ᠎ᠡ ᠲᠣᠭᠲᠠᠭᠠᠵᠤ ᠪᠠᠶᠢᠭᠰᠠᠨ ᠠᠴᠠ ᠵᠠᠰᠠᠭ ᠤᠨ ᠣᠷᠳᠣᠨ ᠤ ᠵᠢᠯᠣᠭᠤᠳᠬᠤ ᠦᠨ᠎ᠡ ᠪᠣᠯᠭᠠᠨ ᠳᠣᠭᠢᠷᠠᠭᠤᠯᠵᠤ᠂ ᠦᠨ᠎ᠡ ᠬᠠᠩᠰᠢ ᠶᠢ ᠲᠣᠬᠢᠷᠠᠭᠤᠯᠤᠭᠰᠠᠨ ᠤ ᠳᠠᠷᠠᠭ᠎ᠠ ᠳᠤᠮᠳᠠᠴᠢ ᠪᠠᠷ 20% ᠪᠠᠷ ᠪᠠᠭᠤᠷᠠᠭᠤᠯᠪᠠ︾᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠡᠨᠡ ᠵᠢᠯ ᠤᠨ 2 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ᠂ ᠥᠪᠥᠷ ᠮᠣᠩᠭᠤᠯ ᠣᠳᠣᠬᠠᠨ ᠳᠤ ᠮᠡᠷᠭᠡᠵᠢᠯ ᠪᠣᠯᠪᠠᠰᠤᠷᠠᠩᠭᠤᠶ᠂ ᠠᠮᠤᠷ ᠲᠦᠪᠰᠢᠨ ᠨᠠᠶᠢᠳᠠᠪᠤᠷᠢᠲᠠᠶ᠂ ᠵᠠᠷᠤᠳᠠᠯ ᠢ ᠡᠵᠡᠮᠳᠡᠵᠦ ᠪᠣᠯᠬᠤ ᠥᠨᠳᠡᠭᠡᠨ ᠡᠰ ᠠᠪᠬᠤ ᠮᠡᠷᠭᠡᠵᠢᠯ᠂ ᠬᠦᠪᠦᠷᠡᠯ ᠬᠥᠮᠦᠵᠢᠭᠦᠯᠬᠦ ᠵᠡᠷᠭᠡ 8 ᠵᠦᠢᠯ ᠤᠨ ᠲᠤᠰᠠᠯᠠᠬᠤ ᠦᠷᠡᠵᠢᠯ ᠤᠨ ᠲᠥᠷᠥᠯ ᠤᠨ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ ᠢ ᠡᠮᠴᠢᠯᠡᠭᠡᠨ ᠤ ᠳᠠᠭᠠᠳᠬᠠᠯ ᠤᠨ ᠲᠠᠩᠰᠠ ᠴᠠᠶᠢᠷᠠᠭᠤᠯᠬᠤ ᠬᠡᠪᠴᠢᠶᠡᠨ ᠳᠤ ᠣᠷᠣᠭᠤᠯᠵᠤ᠂ ᠡᠭᠦᠳᠡᠨ ᠡᠮᠨᠡᠯᠭᠡ ᠳᠤ ᠠᠰᠲᠠᠭᠠᠨ ᠲᠣᠭᠠᠴᠠᠭ᠎ᠠ ᠬᠢᠬᠦ ᠶᠢ ᠬᠡᠷᠡᠭᠵᠢᠭᠦᠯᠦᠨ᠂ ᠡᠬᠢᠯᠡᠵᠦ ᠲᠦᠯᠦᠪᠦᠷᠢ ᠥᠭᠬᠦ ᠱᠤᠭᠤᠮ ᠭᠠᠷᠭᠠᠬᠤ ᠥᠬᠡᠶ ᠪᠠᠶᠢᠵᠤ᠂ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ︽ᠢᠯᠡᠭᠦᠦ ᠲᠤᠰᠢᠶᠠᠪᠠᠯ ᠢᠯᠡᠭᠦᠤ ᠣᠯᠭᠤᠬᠤ︾ ᠲᠦᠷᠢᠮ ᠤᠨ ᠲᠣᠬᠢᠷᠠᠭᠤᠯᠤᠯᠲᠠ ᠶᠢ ᠵᠢᠷᠤᠮᠯᠠᠨ᠂ ᠲᠠᠩᠰᠠ ᠴᠠᠶᠢᠷᠠᠭᠤᠯᠬᠤ ᠬᠠᠷᠢᠴᠠᠯ ᠢ ᠲᠣᠰ ᠲᠣᠰ 70% ᠪᠠ 50% ᠪᠣᠯᠭᠠᠪᠠ᠃  ︽ᠡᠪᠡᠳᠴᠢᠲᠡᠳ᠂ ᠲᠤᠰᠠᠯᠠᠬᠤ ᠦᠷᠡᠵᠢᠯ ᠤᠨ ᠲᠦᠷᠦᠯ ᠤᠨ ᠲᠦᠷᠦᠯ ᠵᠦᠢᠯ ᠢ ᠵᠢᠷᠤᠮᠵᠢᠭᠤᠯᠤᠭᠰᠠᠨ ᠤ ᠳᠠᠷᠠᠭ᠎ᠠ᠂ ᠲᠡᠳᠡ ᠡᠮᠨᠡᠨ ᠵᠠᠰᠠᠬᠤ ᠵᠠᠷᠤᠳᠠᠯ ᠳᠤ ᠵᠢᠱᠢᠯᠲᠡ ᠲᠠᠢ ᠪᠣᠯᠵᠤ᠂ ᠡᠮᠨᠡᠭᠦᠯᠬᠦ ᠦᠶ᠎ᠡ ᠳᠤ ᠰᠡᠳᠬᠢᠯ ᠠᠮᠤᠷ ᠲᠣᠭᠲᠠᠭᠤᠨ ᠪᠤᠯᠪᠠ ᠭᠡᠵᠦ ᠨᠡᠶᠢᠳᠡᠮ ᠢᠯᠡᠷᠬᠡᠶᠢᠯᠡᠵᠡᠭᠡᠵᠡᠢ︾᠃ ᠭᠠᠨᠰᠦ ᠮᠣᠵᠢ ᠶᠢᠨ ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶᠠᠨ ᠤ ᠦᠷᠡᠵᠢᠯ ᠤᠨ ᠲᠥᠪ ᠤᠨ ᠨᠢ ᠶᠠ ᠯᠢ ᠡᠷᠬᠢᠯᠡᠭᠴᠢ ᠶᠢᠨ ᠲᠠᠨᠢᠯᠴᠠᠭᠤᠯᠤᠭᠰᠠᠨ ᠢᠶᠠᠷ᠂ ᠡᠨᠡ ᠬᠦ ᠲᠥᠷᠥ ᠶᠢᠨ ᠪᠣᠳᠣᠯᠭ᠎ᠠ ᠶᠢᠨ ᠨᠡᠶᠢᠲᠡᠯᠡᠭᠳᠡᠭᠰᠡᠨ ᠨᠢ᠂ ᠥᠩᠭᠡᠷᠡᠭᠰᠡᠨ ᠳᠤ ᠡᠯ᠎ᠡ ᠡᠮᠨᠡᠯᠭᠡ ᠶᠢᠨ ᠬᠤᠷᠢᠶᠠᠨ ᠤ ᠪᠡᠶ᠎ᠡ ᠪᠠᠨ ᠳᠠᠭᠠᠭᠠᠵᠤ ᠦᠨ᠎ᠡ ᠲᠣᠭᠲᠠᠭᠠᠭᠰᠠᠨ ᠠᠴᠠ ᠪᠣᠯᠤᠭᠰᠠᠨ ᠢᠯᠡ ᠪᠤᠰᠤ᠂ ᠲᠡᠩᠴᠡᠭᠦᠷᠢ ᠦᠭᠡᠢ ᠠᠰᠠᠭᠤᠳᠠᠯ ᠢ ᠪᠦᠲᠦᠮᠵᠢᠲᠡᠶ ᠪᠠᠷ ᠰᠢᠢᠳᠪᠦᠷᠢᠯᠡᠵᠦ᠂ ᠡᠪᠡᠳᠴᠢᠲᠡᠨ 1 ᠲᠤᠰᠠᠯᠠᠬᠤ ᠦᠷᠡᠵᠢᠯ ᠤᠨ ᠰᠢᠯᠵᠢᠭᠦᠯᠦᠨ ᠤᠷᠭᠤᠭᠤᠯᠬᠤ ᠦᠶᠡᠯᠡᠯ ᠤᠨ ᠬᠤᠭᠤᠴᠠᠭᠠᠨ ᠳᠤ 7000 ᠲᠦᠭᠦᠷᠢᠭ ᠠᠴᠠ 10000 ᠲᠦᠭᠦᠷᠢᠭ ᠤᠨ ᠥᠪᠡᠷᠲᠡᠭᠡᠨ ᠳᠥᠯᠥᠬᠦ ᠵᠠᠷᠤᠳᠠᠯ ᠤᠨ ᠳᠠᠷᠤᠭᠠᠰᠤ ᠶᠢ ᠬᠥᠩᠭᠡᠷᠡᠭᠦᠯᠬᠦ ᠶᠢ ᠬᠦᠷᠲᠡᠬᠦ ᠶᠢ ᠤᠷᠢᠳᠴᠢᠯᠠᠨ ᠮᠡᠳᠡᠵᠦ ᠪᠣᠯᠤᠨ᠎ᠠ ᠭᠡᠪᠡ᠃  ᠣᠯᠠᠨ ᠤᠳᠠᠭ᠎ᠠ ᠡᠮᠨᠡᠭᠦᠯᠵᠦ ᠥᠩᠭᠡᠷᠡᠭᠰᠡᠨ ᠭᠠᠨᠰᠤ ᠮᠤᠵᠢ ᠶᠢᠨ ᠯᠢᠦ ᠠᠪᠠᠭ᠋ᠠᠢ᠄ ︽ᠥᠩᠭᠡᠷᠡᠭᠰᠡᠨ ᠳᠤ ᠡᠮᠨᠡᠯᠭᠡ ᠶᠢ ᠰᠣᠩᠭᠤᠨ ᠡᠮᠨᠡᠭᠦᠯᠬᠦ ᠦᠶ᠎ᠡ ᠳᠤ ᠮᠡᠷᠭᠡᠵᠢᠯ ᠪᠤᠶᠤ ᠦᠨ᠎ᠡ ᠶᠢᠨ ᠲᠠᠯ᠎ᠠ ᠪᠠᠷ ᠡᠷᠡᠭᠡᠯᠵᠡᠯ ᠲᠠᠢ᠃ ᠣᠳᠣ ᠵᠠᠰᠠᠭ ᠤᠨ ᠣᠷᠳᠣᠨ ᠤ ᠵᠢᠯᠣᠭᠤᠳᠬᠤ ᠦᠨ᠎ᠡ ᠬᠠᠩᠰᠢ ᠲᠠᠢ᠂ ᠶᠠᠮᠠᠷ ᠶᠠᠮᠠᠷ ᠡᠮᠴᠢᠯᠡᠭᠡᠨ ᠤ ᠲᠥᠷᠥᠯ ᠵᠦᠢᠯ ᠬᠢᠬᠦ ᠶᠢ ᠮᠡᠳᠡᠬᠦ ᠪᠣᠯᠬᠤᠷ ᠬᠡᠳᠦᠶ ᠵᠣᠭᠤᠰ ᠵᠠᠷᠤᠬᠤ ᠨᠢ ᠳᠣᠲᠣᠷ᠎ᠠ ᠪᠠᠨ ᠲᠤᠭ᠎ᠠ ᠲᠠᠢ ᠪᠣᠯᠪᠠ︾ ᠭᠡᠵᠡᠢ᠃  ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠠᠵᠢᠯᠯᠠᠭᠠᠨ ᠢ ᠦᠨᠡᠨ ᠬᠦ ᠪᠠᠲᠤᠯᠠᠨ᠎ᠠ  ᠲᠥᠷᠥᠯ ᠵᠦᠢᠯ ᠢ ᠵᠢᠷᠤᠮᠵᠢᠭᠤᠯᠬᠤ ᠪᠠ ᠵᠢᠯᠣᠭᠤᠳᠬᠤ ᠦᠨ᠎ᠡ ᠶᠢ ᠬᠡᠷᠡᠭᠵᠢᠭᠦᠯᠬᠦ ᠠᠴᠠ ᠭᠠᠳᠠᠨ᠎ᠠ᠂ ᠭᠠᠨᠰᠦ᠂ ᠭᠤᠸᠠᠩᠰᠢ᠂ ᠥᠪᠥᠷ ᠮᠣᠩᠭᠤᠯ ᠨᠢ ᠡᠮᠴᠢᠯᠡᠭᠡᠨ ᠤ ᠨᠥᠬᠦᠴᠡᠯ ᠳᠤ ᠨᠡᠶᠢᠴᠡᠭᠰᠡᠨ ᠳᠠᠭᠠᠳᠬᠠᠯ ᠳᠤ          ᠣᠷᠣᠯᠴᠠᠭᠰᠠᠳ ᠲᠤ᠂ ᠡᠮᠴᠢᠯᠡᠭᠡᠨ ᠤ ᠴᠢᠨᠠᠷᠲᠠᠶ ᠲᠤᠰᠠᠯᠠᠬᠤ ᠦᠷᠡᠵᠢᠯ ᠤᠨ ᠡᠮᠴᠢᠯᠡᠭᠡ ᠶᠢᠨ ᠦᠢᠯᠡᠴᠢᠯᠡᠭᠡᠨ ᠤ ᠲᠥᠷᠥᠯ ᠵᠦᠢᠯ ᠬᠢᠭᠡᠳ ᠬᠤᠯᠪᠤᠭᠳᠠᠯ ᠪᠦᠬᠦᠢ ᠨᠡᠮᠡᠵᠦ ᠬᠤᠷᠢᠶᠠᠬᠤ ᠲᠥᠷᠥᠯ ᠵᠦᠢᠯ ᠨᠢ ᠡᠮᠴᠢᠯᠡᠭᠡᠨ ᠤ ᠳᠠᠭᠠᠳᠬᠠᠯ ᠤᠨ ᠳᠠᠩᠰᠠ ᠴᠠᠶᠢᠷᠠᠭᠤᠯᠬᠤ ︽ᠬᠤᠶᠠᠷ ᠤᠳᠠᠭ᠎ᠠ︾ ᠶᠢᠨ ᠬᠢᠵᠠᠭᠠᠷᠯᠠᠯ ᠤᠨ ᠱᠠᠭᠠᠷᠳᠠᠯᠭ᠎ᠠ ᠶᠢ ᠬᠦᠷᠲᠡᠵᠦ ᠪᠣᠯᠤᠨ᠎ᠠ᠃  2022 ᠣᠨ ᠤ 7 ᠳ᠋ᠤᠭᠠᠷ ᠰᠠᠷ᠎ᠠ ᠳᠤ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠵᠡᠷᠭᠡ 17 ᠰᠠᠯᠠᠭ᠎ᠠ ᠮᠥᠴᠢᠷ ᠤᠨ ᠳᠠᠷᠤᠮᠠᠯᠯᠠᠨ ᠲᠠᠷᠬᠠᠭᠠᠭᠰᠠᠨ ︽ᠢᠳᠡᠪᠬᠢᠲᠡᠶ ᠬᠥᠩᠭᠡᠵᠢᠬᠦ ᠶᠢ ᠳᠡᠮᠵᠢᠬᠦ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠬᠤ ᠲᠤᠬᠠᠶ ᠵᠢᠯᠣᠭᠤᠳᠬᠤ ᠰᠠᠨᠠᠯ︾ ᠳᠤ᠂ ᠡᠮᠴᠢᠯᠡᠭᠡᠨ ᠤ ᠳᠠᠭᠠᠳᠬᠠᠯ ︵ᠦᠷᠡᠵᠢᠯ ᠤᠨ ᠳᠠᠭᠠᠳᠬᠠᠯ ᠢ ᠪᠠᠭᠲᠠᠭᠠᠨ᠎ᠠ︶ ᠤᠨ ᠰᠠᠭᠤᠷᠢ ᠮᠥᠩᠭᠦ ᠶᠢᠨ ᠳᠠᠭᠠᠭᠠᠵᠤ ᠳᠡᠶᠢᠯᠬᠦ ᠴᠢᠳᠠᠪᠤᠷᠢ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠬᠥᠩᠭᠡᠵᠢᠯᠲᠡ ᠶᠢᠨ ᠡᠪᠡᠳᠦᠯᠲᠡ ᠶᠢ ᠵᠣᠭᠰᠣᠭᠠᠬᠤ ᠪᠠ ᠲᠤᠰᠠᠯᠠᠬᠤ ᠮᠡᠷᠭᠡᠵᠢᠯ ᠤᠨ ᠲᠥᠷᠥᠯ ᠵᠦᠢᠯ ᠢ ᠠᠯᠬᠤᠮ ᠠᠯᠬᠤᠮ ᠢᠶᠠᠷ ᠰᠠᠭᠤᠷᠢ ᠮᠥᠩᠭᠦ ᠶᠢᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠤᠨ᠎ᠠ ᠭᠡᠵᠦ ᠳᠤᠷᠠᠳᠪᠠ᠃  ᠲᠥᠷᠥ ᠶᠢᠨ ᠪᠣᠳᠣᠯᠭ᠎ᠠ ᠶᠢ ᠤᠷᠲᠤ ᠬᠤᠭᠤᠴᠠᠭ᠎ᠠ ᠪᠠᠷ ᠲᠣᠭᠲᠠᠭᠤᠨ ᠪᠠᠶᠢᠯᠭᠠᠬᠤ ᠮᠥᠷᠲᠡᠭᠡᠨ ᠬᠡᠷᠡᠭᠵᠢᠭᠦᠯᠬᠦ ᠴᠢᠬᠤᠯᠠᠲᠠᠢ᠃ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠤᠳ ᠣᠷᠳᠣ ᠦᠶᠡᠯᠡᠯ ᠤᠨ ᠬᠤᠭᠤᠴᠠᠭᠠᠨ ᠤ ᠰᠠᠭᠤᠷᠢ ᠮᠥᠩᠭᠦ ᠶᠢᠨ ᠨᠦᠯᠦᠭᠡ ᠶᠢ ᠲᠦᠰᠦᠭᠡᠯᠡᠨ ᠪᠣᠳᠣᠬᠤ ᠳᠤ ᠪᠠᠨ᠂ ᠬᠥᠮᠦᠨ ᠠᠮᠠ ᠶᠢᠨ ᠬᠡᠪᠴᠢᠶ᠎ᠡ᠂ ᠨᠠᠰᠤᠨ ᠤ ᠪᠦᠲᠦᠴᠡ᠂ ᠡᠮᠴᠢᠯᠡᠭᠡᠨ ᠤ ᠪᠣᠳᠠᠲᠠᠶ ᠬᠡᠷᠡᠭᠴᠡᠭᠡ ᠱᠠᠭᠠᠷᠳᠠᠯᠭ᠎ᠠ᠂ ᠶᠡᠬᠡᠰᠬᠡᠬᠦ ᠦᠢᠯᠡᠳᠦᠯ ᠵᠡᠷᠭᠡ ᠬᠦᠴᠦᠨ ᠵᠦᠢᠯ ᠢ ᠪᠥᠬᠦ ᠲᠠᠯ᠎ᠠ ᠪᠠᠷ ᠪᠣᠳᠣᠯᠬᠢᠯᠠᠬᠤ ᠬᠡᠷᠡᠭᠲᠡᠶ᠃  2021 ᠣᠨ ᠳᠤ ᠨᠡᠶᠢᠲᠡᠯᠡᠭᠰᠡᠨ ︽ᠬᠠᠨᠠᠭᠤᠷ ᠬᠢᠲᠤᠭ᠎ᠠ ᠳᠤᠮᠳᠠᠳᠤ ᠤᠯᠤᠰ ᠤᠨ ᠡᠮᠡᠭᠲᠡᠶᠢᠴᠦᠳ ᠤᠨ ᠦᠷᠡᠵᠢᠯᠲᠡ᠂ ᠵᠢᠷᠮᠦᠰᠦᠨ ᠡᠮᠡᠭᠲᠡᠶ᠂ ᠨᠢᠷᠠᠶ ᠬᠡᠤᠬᠡᠳ᠂ ᠬᠡᠤᠬᠡᠳ ᠪᠣᠯᠤᠨ ᠵᠠᠯᠠᠭᠤᠴᠤᠳ ᠪᠠᠭᠠᠴᠤᠳ ᠤᠨ ᠡᠷᠡᠭᠦᠯ ᠮᠡᠨᠳᠦ ᠶᠢᠨ ᠣᠨᠴᠠ ᠤᠷᠢᠭᠰᠠᠨ ᠴᠢᠬᠤᠯᠠ ᠶᠡᠭᠡ ᠮᠡᠳᠡᠭᠦᠯᠦᠯᠲᠡ︾ ᠳᠤ ᠢᠯᠡᠷᠡᠭᠦᠯᠦᠭᠰᠡᠨ ᠢᠶᠠᠷ᠂ ᠳᠤᠮᠳᠠᠳᠤ ᠤᠯᠤᠰ ᠤᠨ ᠵᠢᠷᠮᠦᠰᠦᠯᠡᠬᠦ ᠥᠬᠡᠶ ᠨᠣᠷᠮ᠎ᠠ 2007 ᠣᠨ ᠤ 12% ᠠᠴᠠ 2020 ᠣᠨ ᠪᠣᠯᠬᠤ ᠳᠤ 18% ᠪᠣᠯᠵᠣ ᠨᠡᠮᠡᠭᠳᠡᠪᠡ᠃ ᠲᠤᠰᠠᠯᠠᠬᠤ ᠦᠷᠡᠵᠢᠯ ᠢ ᠡᠮᠴᠢᠯᠡᠭᠡᠨ ᠤ ᠳᠠᠭᠠᠳᠬᠠᠯ ᠳᠤ ᠣᠷᠣᠭᠤᠯᠤᠭᠰᠠᠨ ᠤ ᠳᠠᠷᠠᠭ᠎ᠠ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠳᠠᠭᠠᠭᠠᠵᠤ ᠳᠡᠶᠢᠯᠬᠦ ᠡᠰᠡᠬᠦ ᠨᠢ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠤᠨ ᠪᠣᠳᠣᠯᠬᠢᠯᠠᠬᠤ ᠴᠢᠬᠤᠯᠠᠲᠠᠢ ᠠᠰᠠᠭᠤᠳᠠᠯ ᠪᠣᠯᠤᠨ᠎ᠠ᠃ ᠪᠡᠭᠡᠵᠢᠩ ᠬᠤᠲᠠ ᠶᠢᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦᠨ ᠤ ᠡᠷᠭᠢᠯᠲᠡ ᠶᠢᠨ ᠪᠠᠶᠢᠳᠠᠯ ᠠᠴᠠ ᠦᠵᠡᠪᠡᠯ᠂ ᠰᠠᠭᠤᠷᠢ ᠮᠥᠩᠭᠦ ᠨᠢ ᠵᠠᠷᠤᠯᠭ᠎ᠠ ᠶᠢ ᠲᠥᠰᠦᠭᠡᠯᠡᠨ ᠪᠣᠳᠣᠬᠤ ᠬᠡᠪᠴᠢᠶᠡᠨ ᠳᠤ ᠲᠣᠭᠲᠠᠭᠤᠨ ᠢᠶᠠᠷ ᠠᠵᠢᠯᠯᠠᠵᠤ ᠪᠠᠢᠨ᠎ᠠ᠃  ︽ᠪᠢᠳᠡ ᠲᠥᠷᠥ ᠶᠢᠨ ᠪᠣᠳᠣᠯᠭ᠎ᠠ ᠲᠣᠭᠲᠠᠭᠠᠬᠤ ᠶᠠᠪᠤᠴᠠ ᠳᠤ᠂ ᠬᠡᠷᠡᠭᠴᠡᠭᠡ ᠪᠥᠬᠦᠶ ᠬᠥᠮᠦᠰ ᠪᠠ ᠰᠠᠭᠤᠷᠢ ᠮᠥᠩᠭᠦ ᠶᠢᠨ ᠳᠠᠭᠠᠭᠠᠬᠤ ᠴᠢᠳᠠᠪᠤᠷᠢ ᠶᠢ ᠨᠠᠷᠢᠨ ᠨᠢᠮᠪᠠᠶ ᠲᠥᠰᠦᠭᠡᠯᠡᠨ ᠪᠤᠳᠤᠵᠤ᠂ ᠪᠥᠬᠦ ᠬᠦᠴᠦᠨ ᠢᠶᠠᠷ ᠢᠶᠠᠨ ᠴᠢᠷᠮᠠᠶᠢᠵᠤ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠡᠶᠡᠯᠡᠭᠦᠯᠪᠡ︾ ᠭᠡᠵᠦ ᠪᠡᠭᠡᠵᠢᠩ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ  ᠢᠯᠡᠳᠭᠡᠪᠡ᠃ ᠪᠡᠭᠡᠵᠢᠩ ᠨᠢ ᠨᠡᠶᠢᠰᠯᠡᠯ ᠪᠠ ᠤᠯᠠᠨ ᠤᠯᠤᠰᠴᠢᠯᠠᠭᠰᠠᠨ ᠬᠤᠳᠠ ᠪᠣᠯᠤᠭᠰᠠᠨ ᠤ ᠬᠤᠪᠢ ᠳᠤ᠂ ᠬᠥᠮᠦᠨ ᠠᠮᠠ ᠶᠢᠨ ᠰᠠᠭᠤᠷᠢ ᠲᠤᠭ᠎ᠠ ᠶᠡᠭᠡ ᠪᠠᠶᠢᠵᠤ᠂ ᠲᠦᠷᠦ ᠶᠢᠨ ᠪᠤᠳᠤᠯᠭ᠎ᠠ ᠶᠢᠨ ᠬᠡᠷᠡᠭᠵᠢᠭᠦᠯᠦᠯᠲᠡ ᠶᠢᠨ ᠦᠨᠡᠯᠡᠯᠲᠡ ᠪᠠ ᠰᠠᠭᠤᠷᠢ ᠮᠥᠩᠭᠦ ᠶᠢᠨ ᠠᠮᠤᠷ ᠲᠦᠪᠰᠢᠨ ᠳᠤ ᠨᠡᠩ ᠥᠨᠳᠥᠷ ᠱᠠᠭᠠᠷᠳᠠᠯᠭ᠎ᠠ ᠳᠤᠷᠠᠳᠴᠠᠢ᠃ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ 7 ᠰᠠᠷ᠎ᠠ ᠠᠴᠠ ᠨᠠᠭᠠᠰᠢ᠂ ᠪᠡᠭᠡᠵᠢᠩ ᠬᠤᠲᠠ ᠶᠢᠨ ᠠᠵᠢᠯᠲᠠᠨ ᠠᠵᠢᠯᠴᠢᠨ 2.7 ᠲᠦᠮᠡᠨ ᠬᠥᠮᠦᠨ ᠡᠮᠴᠢᠯᠡᠭᠦᠯᠵᠦ᠂ ᠶᠡᠷᠦᠩᠬᠡᠶ ᠵᠠᠷᠤᠳᠠᠯ 2.2 ᠳ᠋ᠦᠩᠰᠢᠭᠤᠷ ᠲᠥᠭᠦᠷᠢᠭ ᠪᠠᠶᠢᠵᠤ᠂ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ 1.5 ᠳ᠋ᠦᠩᠰᠢᠭᠤᠷ ᠲᠥᠭᠦᠷᠢᠭ ᠵᠠᠷᠤᠴᠠᠭᠤᠯᠵᠤ᠂ ᠣᠨ ᠤ ᠲᠥᠰᠦᠭᠡᠯᠡᠨ ᠪᠣᠳᠣᠭᠰᠠᠨ ᠰᠠᠭᠤᠷᠢ ᠮᠥᠩᠭᠦ ᠶᠢᠨ ᠠᠶᠤᠯᠭᠦᠢ ᠠᠵᠢᠯᠯᠠᠭᠠᠨ ᠤ ᠬᠡᠪᠴᠢᠶᠡᠨ ᠳᠣᠲᠣᠷ᠎ᠠ ᠪᠠᠶᠢᠨ᠎ᠠ᠃ 
 
ᠢᠷᠡᠯᠲᠡ᠄ ᠤᠯᠤᠰ ᠤᠨ ᠡᠮᠴᠢᠯᠡᠭᠡᠨ ᠤ ᠪᠠᠳᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号