2024 ᠣᠨ ᠤ ᠡᠮᠴᠢᠯᠡᠭᠡ ᠶᠢᠨ ᠳᠠᠭᠠᠳᠬᠠᠯ ᠢ ᠬᠢᠬᠠᠨ ᠮᠡᠬᠡᠯᠡᠬᠦ ᠠᠵᠢᠯᠯᠠᠭ᠎ᠠ ᠳᠤ ᠴᠣᠬᠢᠯᠲᠠ ᠥᠭᠬᠦ ᠤᠬᠠᠭᠤᠯᠭ᠎ᠠ ᠶᠢᠨ ᠵᠢᠷᠤᠭ ᠢ ᠴᠤᠭᠯᠠᠭᠤᠯᠬᠤ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2024/4/11
  ᠡᠮᠴᠢᠯᠡᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠤᠨ ᠠᠵᠢᠯ ᠢ ᠰᠠᠶᠢᠲᠤᠷ ᠬᠢᠵᠦ᠂ ᠤᠬᠠᠭᠤᠯᠭ᠎ᠠ ᠶᠢᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠥᠷᠭᠡᠨ ᠣᠯᠠᠨ ᠠᠷᠠᠳ ᠲᠦᠮᠡᠨ ᠤ ᠡᠮᠴᠢᠯᠡᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠢ ᠬᠠᠮᠠᠭᠠᠯᠠᠬᠤ ᠳᠤ ᠣᠷᠣᠯᠴᠠᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠭᠦᠢᠴᠡᠳ ᠳᠠᠶᠢᠴᠢᠯᠠᠨ ᠬᠥᠭᠵᠢᠭᠡᠬᠦ ᠶᠢᠨ ᠲᠥᠯᠥᠭᠡ᠂ ᠣᠲᠣ ᠣᠯᠠᠨ ᠨᠡᠶᠢᠲᠡ ᠳᠤ ᠬᠠᠨᠳᠤᠭᠤᠯᠤᠨ 2024 ᠣᠨ ᠤ ᠳᠠᠭᠠᠳᠬᠠᠯ ᠢ ᠬᠢᠬᠠᠨ ᠮᠡᠬᠡᠯᠡᠬᠦ ᠠᠵᠢᠯᠯᠠᠭ᠎ᠠ ᠳᠤ ᠴᠣᠬᠢᠯᠲᠠ ᠥᠭᠬᠦ ᠤᠬᠠᠭᠤᠯᠭ᠎ᠠ ᠶᠢᠨ ᠵᠢᠷᠤᠭ ᠢ ᠴᠤᠭᠯᠠᠭᠤᠯᠬᠤ ᠪᠠᠷ ᠪᠣᠯᠪᠠ᠃ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠪᠠ᠄  ᠨᠢᠭᠡ᠂ ᠴᠤᠭᠯᠠᠭᠤᠯᠬᠤ ᠭᠤᠤᠯ ᠰᠡᠳᠦᠪ  ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠳᠤ ᠬᠠᠮᠲᠤ ᠪᠠᠷ ᠣᠷᠣᠯᠴᠠᠵᠤ ᠣᠯᠠᠨ ᠲᠦᠮᠡᠨ ᠤ ︽ᠠᠮᠢ ᠠᠪᠤᠷᠠᠬᠤ ᠵᠣᠭᠤᠰ︾ ᠢ ᠰᠠᠶᠢᠲᠤᠷ ᠰᠠᠬᠢᠶ᠎ᠠ  ᠬᠤᠶᠠᠷ᠂ ᠴᠤᠭᠯᠠᠭᠤᠯᠬᠤ ᠡᠲᠡᠭᠡᠳ  ᠨᠡᠶᠢᠭᠡᠮ ᠤᠨ ᠡᠯ᠎ᠡ ᠡᠲᠡᠭᠡᠳ ᠠᠴᠠ ᠴᠤᠭᠯᠠᠭᠤᠯᠤᠨ᠎ᠠ᠂ ᠬᠤᠪᠢ ᠬᠥᠮᠥᠨ᠂ ᠪᠠᠶᠢᠭᠤᠯᠤᠮᠵᠢ ᠪᠠ ᠪᠦᠯᠬᠦᠮ ᠨᠡᠶᠢᠲᠡ ᠴᠥᠮ ᠣᠷᠣᠯᠴᠠᠵᠤ ᠪᠣᠯᠣᠨ᠎ᠠ᠃  ᠭᠤᠷᠪᠠ᠂ ᠴᠤᠭᠯᠠᠭᠤᠯᠬᠤ ᠴᠠᠭ  ᠠᠯᠪᠠᠨ ᠵᠠᠷ ᠨᠡᠶᠢᠲᠡᠯᠡᠭᠰᠡᠨ ᠡᠳᠦᠷ ᠠᠴᠠ 2024 ᠣᠨ ᠤ 4 ᠳ᠋ᠦ᠋ᠭᠡᠷ ᠰᠠᠷ᠎ᠠ ᠶᠢᠨ 30 ᠤ ᠡᠳᠦᠷ ᠪᠣᠯᠲᠠᠯ᠎ᠠ᠃  ᠳᠥᠷᠪᠡ᠂ ᠪᠦᠲᠦᠭᠡᠯ ᠤᠨ ᠱᠠᠭᠠᠷᠳᠠᠯᠭ᠎ᠠ  ︵ᠨᠢᠭᠡ︶ ᠭᠤᠣᠯ ᠰᠡᠳᠦᠪ ᠨᠢ ᠢᠯᠡ ᠲᠣᠳᠣ᠃ ᠡᠮᠴᠢᠯᠡᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠦᠨ ᠳᠠᠭᠠᠳᠬᠠᠯ ᠢ ᠬᠢᠬᠠᠨ ᠮᠡᠬᠡᠯᠡᠬᠦ ᠶᠢ ᠵᠠᠯᠬᠠᠭᠠᠨ ᠴᠡᠭᠡᠷᠯᠡᠭᠦᠯᠬᠦ ᠦᠷ᠎ᠡ ᠳ᠋ᠦᠩ ᠢ ᠤᠬᠠᠭᠤᠯᠵᠤ᠂ ᠡᠮᠴᠢᠯᠡᠭᠡᠨ ᠤ ᠳᠠᠭᠠᠳᠬᠠᠯ ᠤᠨ ᠬᠢᠬᠠᠨ ᠮᠡᠬᠡᠯᠡᠬᠦ ᠳᠤ ᠴᠣᠬᠢᠯᠲᠠ ᠥᠭᠬᠦ ᠡᠷᠡᠰ ᠵᠣᠷᠢᠭ ᠪᠠ ᠬᠦᠴᠦᠨ ᠴᠢᠳᠠᠯ ᠢ ᠢᠯᠡᠷᠡᠭᠦᠯᠦᠨ᠎ᠡ᠃ ᠵᠥᠪ ᠲᠠᠯ᠎ᠠ ᠠᠴᠠ ᠬᠥᠲᠥᠯᠥᠨ ᠵᠢᠯᠣᠭᠤᠳᠴᠤ ᠪᠣᠯᠬᠤ ᠪᠥᠭᠡᠳ ᠪᠠᠰᠠ ᠡᠰᠡᠷᠭᠦ ᠲᠠᠯ᠎ᠠ ᠶᠢᠨ ᠰᠡᠷᠡᠮᠵᠢᠯᠡᠭᠦᠯᠦᠯ ᠪᠠᠶᠢᠵᠤ ᠪᠣᠯᠤᠨ᠎ᠠ᠃  ︵ᠬᠤᠶᠠᠷ︶ ᠬᠡᠯᠪᠡᠷᠢ ᠨᠢ ᠴᠣᠪᠣᠭᠤ ᠳᠡᠭᠵᠢᠨ᠃ ᠲᠣᠪᠴᠢ ᠠᠪᠰᠠᠷᠬᠠᠨ᠂ ᠰᠡᠳᠬᠢᠮᠵᠢ ᠨᠢ ᠰᠢᠨ᠎ᠡ ᠰᠡᠪᠡᠭᠦᠨ᠂ ᠵᠢᠷᠤᠭ ᠨᠢ ᠲᠣᠪᠴᠢ᠂ ᠥᠩᠭᠡ ᠪᠣᠳᠤᠭ ᠨᠢ ᠡᠯᠪᠡᠭ ᠵᠢᠷᠤᠭ᠂ ᠱᠤᠭ ᠵᠢᠷᠤᠭ᠂ ᠺᠠᠷᠲ᠋ᠣᠨ ᠵᠢᠷᠤᠭ᠂ ᠵᠠᠷᠯᠠᠯ ᠵᠡᠷᠭᠡ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ᠂ ᠬᠡᠦᠬᠡᠳ ᠥᠲᠡᠭᠦᠰ ᠲᠤ ᠴᠥᠮ ᠲᠣᠬᠢᠷᠠᠬᠤ ᠬᠡᠯᠪᠡᠷᠢ ᠮᠠᠶᠢᠭ ᠢᠶᠠᠷ ᠳᠠᠮᠵᠢᠭᠤᠯᠤᠨ᠂ ᠡᠮᠴᠢᠯᠡᠭᠡ ᠶᠢᠨ ᠳᠠᠭᠠᠳᠬᠠᠯ ᠤᠨ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠭᠤᠣᠯ ᠰᠡᠳᠦᠪ ᠢ ᠳᠦᠷᠰᠦᠯᠢᠭ ᠪᠥᠭᠡᠳ ᠠᠮᠢᠳᠤᠯᠢᠭ ᠳᠡᠯᠭᠡᠨ ᠦᠵᠡᠭᠦᠯᠦᠨ᠎ᠡ᠃  ︵ᠭᠤᠷᠪᠠ︶ ᠠᠩᠬᠠᠨ ᠤ ᠡᠭᠦᠳᠦᠯᠲᠡ ᠶᠢ ᠬᠦᠨᠳᠦᠳᠭᠡᠬᠦ᠃ ᠪᠦᠲᠦᠭᠡᠯ ᠨᠢ ᠤᠭ ᠪᠦᠲᠦᠭᠡᠯ ᠪᠠᠶᠢᠬᠤ       ᠬᠡᠷᠡᠭᠲᠡᠢ᠂ ᠰᠢᠯᠢᠳᠡᠭ ᠪᠦᠲᠦᠭᠡᠯ ᠢ ᠪᠣᠳᠠᠲᠠᠢ ᠨᠡᠷ᠎ᠡ ᠪᠠᠷ ᠪᠦᠬᠦ ᠤᠯᠤᠰ ᠲᠤ ᠤᠬᠠᠭᠤᠯᠤᠨ ᠳᠡᠯᠭᠡᠷᠡᠭᠦᠯᠦᠨ᠎ᠡ᠃  ︵ᠲᠦᠷᠪᠡ︶ ᠠᠭᠤᠯᠭ᠎ᠠ ᠨᠢ ᠬᠠᠤᠯᠢ ᠳᠤ ᠨᠡᠶᠢᠴᠡᠭᠰᠡᠨ ᠪᠠᠶᠢᠬᠤ ᠬᠡᠷᠡᠭᠲᠡᠢ᠃ ᠪᠦᠲᠦᠭᠡᠯ ᠢ ᠮᠡᠳᠡᠭᠦᠯᠦᠨ ᠬᠦᠷᠭᠡᠬᠦ ᠠᠭᠤᠯᠭ᠎ᠠ ᠨᠢ ᠡᠷᠡᠭᠦᠯ ᠴᠢᠭᠢᠷᠠᠭ᠂ ᠣᠪᠣᠷ ᠨᠢ ᠢᠳᠡᠪᠬᠢᠲᠡᠶ ᠪᠠᠶᠢᠵᠤ᠂ ᠬᠠᠮᠢᠶ᠎ᠠ ᠪᠥᠬᠦᠶ ᠬᠠᠤᠯᠢ ᠴᠠᠭᠠᠵᠠ ᠶᠢᠨ ᠲᠣᠭᠲᠠᠭᠠᠯ ᠤᠨ ᠱᠠᠭᠠᠷᠳᠠᠯᠭ᠎ᠠ ᠳᠤ ᠨᠡᠶᠢᠴᠡᠵᠦ᠂ ᠬᠠᠪᠲᠠᠭᠠᠶ᠂ ᠡᠯᠧᠺᠲᠷᠣᠨ ᠵᠠᠭᠤᠴᠢᠯᠠᠭᠤᠷ ᠢᠶᠠᠷ ᠤᠯᠠᠮᠵᠢᠯᠠᠬᠤ ᠪᠠ ᠳᠠᠬᠢᠨ ᠦᠢᠯᠡᠳᠬᠦ ᠳᠤ ᠲᠣᠬᠢᠷᠠᠭᠰᠠᠨ ᠪᠠᠶᠢᠬᠤ ᠬᠡᠷᠡᠭᠲᠡᠢ᠃  ᠲᠠᠪᠤ᠂ ᠪᠦᠲᠦᠭᠡᠯ ᠢ ᠰᠣᠩᠭᠤᠨ ᠬᠡᠷᠡᠭᠯᠡᠬᠦ  ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠬᠠᠮᠢᠶ᠎ᠠ ᠪᠥᠬᠦᠶ ᠲᠤᠰᠬᠠᠶ ᠮᠡᠷᠭᠡᠵᠢᠯᠲᠡᠨ ᠪᠠ ᠵᠠᠭᠤᠴᠢᠯᠠᠭᠤᠷ ᠤᠨ ᠲᠥᠯᠥᠭᠡᠯᠡᠭᠴᠢ ᠵᠡᠷᠭᠡ ᠶᠢ ᠤᠷᠢᠵᠤ᠂ ᠪᠦᠲᠦᠭᠡᠯ ᠤᠨ ᠭᠤᠤᠯ ᠰᠡᠳᠦᠪ᠂ ᠠᠭᠤᠯᠭ᠎ᠠ᠂ ᠪᠦᠲᠦᠭᠡᠯᠴᠢ ᠰᠠᠨᠠᠭ᠎ᠠ ᠵᠡᠷᠭᠡ ᠣᠯᠠᠨ ᠲᠠᠯ᠎ᠠ ᠶᠢᠨ ᠲᠣᠭᠤᠷᠢᠨ ᠳᠤ ᠪᠠᠭ᠎ᠠ ᠰᠤᠷᠭᠠᠭᠤᠯᠢ ᠶᠢᠨ ᠰᠤᠷᠤᠭᠴᠢ᠂ ᠳᠤᠮᠳᠠᠳᠤ ᠰᠤᠷᠭᠠᠭᠤᠯᠢ ᠶᠢᠨ ᠰᠤᠷᠤᠭᠴᠢ᠂ ᠪᠤᠰᠤᠳ ᠬᠤᠪᠢ ᠬᠥᠮᠦᠨ ᠪᠠ ᠪᠠᠢᠭᠤᠯᠤᠮᠵᠢ ᠵᠡᠷᠭᠡ ᠠᠳᠠᠯᠢ ᠪᠤᠰᠤ ᠣᠷᠣᠯᠴᠠᠬᠤ ᠡᠲᠡᠭᠡᠳ ᠢ ᠲᠣᠰ ᠲᠣᠰ ᠰᠢᠯᠭᠠᠷᠠᠭᠤᠯᠤᠨ᠎ᠠ᠃ ᠰᠢᠯᠭᠠᠷᠠᠭᠤᠯᠤᠭᠰᠠᠨ ᠦᠷ᠎ᠡ ᠳ᠋ᠦᠩ ᠢ ᠦᠨᠳᠦᠰᠦᠯᠡᠨ᠂ ᠵᠣᠬᠢᠬᠤ ᠪᠦᠲᠦᠭᠡᠯ ᠢ ᠰᠣᠩᠭᠤᠨ ᠬᠡᠷᠡᠭᠯᠡᠵᠦ ᠡᠮᠴᠢᠯᠡᠭᠡᠨ ᠤ ᠳᠠᠭᠠᠳᠬᠠᠯ ᠢ ᠬᠢᠬᠠᠨ ᠮᠡᠬᠡᠯᠡᠬᠦ ᠠᠵᠢᠯᠯᠠᠭ᠎ᠠ ᠳᠤ ᠴᠣᠬᠢᠯᠲᠠ ᠥᠭᠬᠦ ᠤᠬᠠᠭᠤᠯᠭ᠎ᠠ ᠳᠤ ᠬᠡᠷᠡᠭᠯᠡᠬᠦ ᠶᠢᠨ ᠬᠠᠮᠲᠤ ︽2024 ᠣᠨ ᠤ ᠡᠮᠴᠢᠯᠡᠭᠡᠨ ᠤ ᠳᠠᠭᠠᠳᠬᠠᠯ ᠢ ᠬᠢᠬᠠᠨ ᠮᠡᠬᠡᠯᠡᠬᠦ ᠠᠵᠢᠯᠯᠠᠭ᠎ᠠ ᠳᠤ ᠴᠣᠬᠢᠯᠲᠠ ᠥᠭᠬᠦ ᠤᠬᠠᠭᠤᠯᠭ᠎ᠠ ᠶᠢᠨ ᠵᠢᠷᠤᠭ ᠢᠶᠠᠷ ᠴᠤᠭᠯᠠᠭᠤᠯᠤᠨ ᠬᠡᠷᠡᠭᠯᠡᠭᠰᠡᠨ ᠦᠨᠡᠮᠯᠡᠯ︾ ᠣᠯᠭᠤᠨ᠎ᠠ᠃  ᠵᠢᠷᠭᠤᠭ᠎ᠠ᠂ ᠤᠬᠠᠭᠤᠯᠤᠨ ᠳᠡᠯᠭᠡᠷᠡᠭᠦᠯᠬᠦ  ᠤᠯᠤᠰ ᠤᠨ ᠡᠮᠴᠢᠯᠡᠭᠡᠨ ᠤ ᠪᠠᠳᠤᠯᠠᠭ᠎ᠠ ᠶᠢᠨ ᠲᠣᠪᠴᠢᠶ᠎ᠠ ᠶᠢᠨ ᠫᠤᠷᠲ᠋ᠤᠯ ᠰᠦᠯᠵᠢᠶ᠎ᠡ᠂ ᠣᠯᠠᠨ ᠨᠡᠶᠢᠲᠡ ᠶᠢᠨ ᠸᠢᠴᠠᠲ ᠲᠠᠪᠴᠠᠩ᠂ ︽ᠳᠤᠮᠳᠠᠳᠤ ᠤᠯᠤᠰ ᠤᠨ ᠡᠮᠴᠢᠯᠡᠭᠡ ᠶᠢᠨ ᠳᠠᠭᠠᠳᠬᠠᠯ︾ ᠰᠡᠳᠬᠦᠯ ᠤᠨ ᠣᠯᠠᠨ ᠨᠡᠶᠢᠲᠡ ᠶᠢᠨ ᠸᠢᠴᠠᠲ ᠲᠠᠪᠴᠠᠩ ᠳᠤ ᠲᠥᠷᠥᠯ ᠪᠦᠯᠦᠭ ᠬᠤᠪᠢᠶᠠᠨ ᠤᠬᠠᠭᠤᠯᠭ᠎ᠠ ᠥᠷᠨᠢᠭᠦᠯᠬᠦ ᠶᠢᠨ ᠬᠠᠮᠲᠤ᠂ ᠡᠯ᠎ᠡ ᠱᠠᠲᠤᠨ ᠤ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠢᠭᠤᠯᠤᠮᠵᠢ ᠳᠤ ᠲᠣᠬᠢᠷᠠᠮᠵᠢᠲᠠᠶ ᠬᠡᠯᠪᠡᠷᠢ ᠪᠠᠷ ᠳᠡᠯᠭᠡᠨ ᠦᠵᠡᠭᠦᠯᠦᠨ᠎ᠡ᠃  ᠳᠣᠯᠤᠭ᠎ᠠ᠂ ᠨᠡᠷ᠎ᠡ ᠮᠡᠳᠡᠭᠦᠯᠬᠦ ᠠᠷᠭ᠎ᠠ ᠮᠠᠶ᠋ᠢᠭ  ᠠᠵᠢᠯᠯᠠᠭ᠎ᠠ ᠨᠢ ᠰᠦᠯᠵᠢᠶ᠎ᠡ ᠪᠠᠷ ᠨᠡᠷ᠎ᠡ ᠮᠡᠳᠡᠭᠦᠯᠬᠦ ᠠᠷᠭ᠎ᠠ ᠮᠠᠶ᠋ᠢᠭ ᠢ ᠠᠪᠴᠤ᠂ 2024 ᠣᠨ ᠤ 4 ᠳ᠋ᠦ᠋ᠭᠡᠷ ᠰᠠᠷ᠎ᠠ ᠶᠢᠨ 30 ᠤ ᠡᠳᠦᠷ ᠠᠴᠠ ᠡᠮᠦᠨ᠎ᠡ ᠰᠢᠤᠳᠠᠨ ᠤ ᠬᠠᠶᠢᠷᠴᠠᠭ ᠲᠤ ᠨᠡᠷ᠎ᠡ ᠮᠡᠳᠡᠭᠦᠯᠦᠭᠡᠷᠡᠢ ︵kouling@nhsa.gov.cn︶᠃ ᠰᠢᠤᠳᠠᠨ ᠤ ᠵᠦᠢᠯ ᠢ ︽ᠤᠬᠠᠭᠤᠯᠭ᠎ᠠ ᠶᠢᠨ ᠵᠢᠷᠤᠭ ᠴᠤᠭᠯᠠᠭᠤᠯᠬᠤ + ᠨᠢᠭᠡᠴᠢ ᠪᠤᠶᠤ ᠬᠤᠪᠢ ᠬᠥᠮᠥᠨ ᠤ ᠣᠪᠣᠭ ᠨᠡᠷ᠎ᠡ︾ ᠶᠢᠨ ᠬᠡᠯᠪᠡᠷᠢ ᠪᠠᠷ ᠨᠡᠷᠡᠯᠡᠭᠡᠷᠡᠢ᠃  ᠨᠠᠢᠮᠠ᠂ ᠨᠡᠷ᠎ᠡ ᠮᠡᠳᠡᠭᠦᠯᠬᠦ ᠮᠠᠲ᠋ᠧᠷᠢᠶᠠᠯ  ︵ᠨᠢᠭᠡ︶ ᠡᠯᠧᠺᠲᠷᠣᠨ ᠬᠡᠪᠯᠡᠯ ᠤᠨ ᠪᠦᠲᠦᠭᠡᠯ JPG ᠪᠢᠴᠢᠭ ᠮᠠᠲ᠋ᠧᠷᠢᠶᠠᠯ ︵ᠪᠤᠶᠤ JPEG ᠵᠡᠷᠭᠡ ᠪᠠᠶᠢᠩᠭᠤ ᠲᠣᠬᠢᠶᠠᠯᠳᠤᠳᠠᠭ ᠵᠢᠷᠤᠭ ᠤᠨ ᠬᠡᠯᠪᠡᠷᠢ︶ + ᠡᠯᠧᠺᠲᠷᠣᠨ ᠬᠡᠪᠯᠡᠯ ᠤᠨ ᠡᠬᠢ ᠪᠢᠴᠢᠭ ᠮᠠᠲ᠋ᠧᠷᠢᠶᠠᠯ᠃ ᠭᠠᠭᠴᠠ JPG ᠮᠠᠲ᠋ᠧᠷᠢᠶᠠᠯ ᠨᠢ 5MB᠂ 300dpi ᠠᠴᠠ ᠪᠠᠭ᠎ᠠ ᠪᠣᠰᠣ᠂ ᠤᠤᠯ ᠮᠠᠲ᠋ᠧᠷᠢᠶᠠᠯ ᠨᠢ ᠸᠧᠺᠲ᠋ᠣᠷ ᠬᠡᠯᠪᠡᠷᠢ ᠪᠤᠶᠤ PSD ᠳᠠᠪᠬᠤᠷᠭ᠎ᠠ ᠬᠤᠪᠢᠶᠠᠬᠤ ᠬᠡᠯᠪᠡᠷᠢ᠃ ᠬᠡᠮᠵᠢᠶ᠎ᠡ ᠨᠢ 600 × 900mm᠂ ᠪᠣᠰᠤᠭ᠎ᠠ ᠵᠢᠷᠤᠭ ᠤᠨ ᠬᠡᠯᠪᠡᠷᠢ᠂ ᠢᠯᠭᠠᠮᠵᠢ ᠨᠢ 300dpi᠂ ᠥᠩᠭᠡ ᠪᠣᠳᠤᠭ ᠤᠨ ᠬᠡᠪ ᠨᠢ CMYK᠃  ︵ᠬᠤᠶᠠᠷ︶ 100 - 200 ᠦᠰᠦᠭ ᠤᠨ ᠵᠢᠷᠤᠵᠤ ᠲᠥᠯᠥᠪᠯᠡᠭᠰᠡᠨ ᠣᠶᠢᠯᠠᠭᠠᠭᠳᠠᠬᠤᠨ ᠤ ᠲᠤᠳᠣᠷᠬᠠᠶᠢᠯᠠᠯᠲᠠ ᠪᠠᠶᠢᠬᠤ ᠬᠡᠷᠡᠭᠲᠡᠢ᠃ ᠵᠢᠷᠤᠭ ᠲᠥᠯᠥᠪᠯᠡᠭᠡ ᠶᠢᠨ ᠠᠭᠤᠯᠭ᠎ᠠ᠂ ᠠᠭᠤᠯᠤᠭᠳᠠᠬᠤᠨ᠂ ᠵᠢᠷᠤᠭ ᠲᠥᠯᠥᠪᠯᠡᠭᠡ ᠶᠢᠨ ᠰᠡᠳᠬᠢᠴᠡ᠂ ᠣᠶᠢᠯᠠᠭᠠᠭᠳᠠᠬᠤᠨ᠂ ᠪᠦᠲᠦᠭᠡᠯᠴᠢ ᠰᠠᠨᠠᠭ᠎ᠠ ᠵᠡᠷᠭᠡ ᠶᠢ ᠲᠣᠳᠣᠷᠬᠠᠶᠢᠯᠠᠵᠤ᠂ ᠥᠭᠦᠯᠡᠯ ᠨᠢ ᠪᠦᠷᠢᠨ ᠪᠦᠲᠦᠨ᠂ ᠯᠣᠭᠢᠭ ᠨᠢ ᠲᠣᠳᠣᠷᠬᠠᠶ ᠪᠠᠶᠢᠬᠤ ᠬᠡᠷᠡᠭᠲᠡᠶ᠃ Word ᠬᠡᠪᠯᠡᠯ ᠪᠠ Pdf ᠬᠡᠪᠯᠡᠯ ᠨᠢ ᠪᠦᠷ ᠪᠣᠯᠣᠨ᠎ᠠ᠃  ︵ᠭᠤᠷᠪᠠ︶ ᠤᠷᠤᠯᠳᠤᠭᠠᠨ ᠳᠤ ᠣᠷᠣᠯᠴᠠᠬᠤ ᠨᠡᠷ᠎ᠡ ᠮᠡᠳᠡᠭᠦᠯᠬᠦ ᠬᠦᠰᠦᠨᠦᠭ ᠤᠨ ᠰᠢᠷᠪᠢᠯᠲᠡ ︵  ᠬᠡᠪ ᠢ ᠳᠠᠭᠠᠯᠳᠤᠭᠤᠯᠤᠯ ᠳᠤ ᠦᠵᠡ︶᠃  ︵ᠲᠦᠷᠪᠡ︶ ᠤᠷᠤᠯᠳᠤᠭᠠᠨ ᠳᠤ ᠣᠷᠣᠯᠴᠠᠬᠤ ᠵᠣᠬᠢᠶᠠᠯ ᠪᠦᠲᠦᠭᠡᠯ ᠤᠨ ᠡᠷᠬᠡ ᠣᠯᠭᠤᠬᠤ ᠪᠢᠴᠢᠭ ᠤᠨ ᠰᠢᠷᠪᠢᠯᠲᠡ ︵ᠬᠡᠪ ᠢ ᠳᠠᠭᠠᠯᠳᠤᠭᠤᠯᠤᠯ ᠳᠤ ᠦᠵᠡ︶᠃  ᠶᠢᠰᠦ᠂ ᠪᠤᠰᠤᠳ ᠵᠦᠢᠯ  ︵ᠨᠢᠭᠡ︶ ᠮᠡᠳᠡᠭᠦᠯᠦᠭᠰᠡᠨ ᠲᠠᠯ᠎ᠠ ᠨᠢ ᠡᠷᠬᠡᠪᠰᠢ ᠮᠡᠳᠡᠭᠦᠯᠦᠭᠰᠡᠨ ᠪᠦᠲᠦᠭᠡᠯ ᠤᠨ ᠮᠡᠳᠡᠯᠭᠡ ᠶᠢᠨ ᠥᠮᠴᠢᠯᠡᠯ ᠤᠨ ᠡᠷᠬᠡ ᠲᠠᠢ ᠪᠠᠶᠢᠵᠤ᠂ ᠭᠤᠤᠯᠴᠢᠯᠠᠨ ᠡᠷᠬᠢᠯᠡᠭᠰᠡᠨ ᠲᠠᠯ᠎ᠠ ᠨᠢ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠡᠭᠦᠷᠭᠡ ᠶᠢ ᠡᠭᠦᠷᠭᠡᠯᠡᠬᠦ ᠦᠭᠡᠶ᠃ ᠬᠡᠷᠪᠡ ᠭᠤᠷᠪᠠᠳᠠᠬᠢ ᠡᠲᠡᠭᠡᠳ ᠠᠴᠠ ᠮᠡᠳᠡᠭᠦᠯᠦᠭᠰᠡᠨ ᠪᠦᠲᠦᠭᠡᠯ ᠳᠤ ᠬᠤᠯᠪᠣᠭᠳᠠᠯ ᠪᠦᠬᠦᠢ ᠮᠡᠳᠡᠯᠭᠡ ᠶᠢᠨ ᠥᠮᠴᠢᠯᠡᠯ ᠤᠨ ᠡᠷᠬᠡ ᠵᠡᠷᠭᠡ ᠬᠠᠮᠢᠶ᠎ᠠ ᠪᠦᠬᠦᠢ ᠠᠰᠠᠭᠤᠳᠠᠯ ᠢ ᠳᠤᠷᠠᠳᠤᠨ ᠭᠠᠷᠭᠠᠪᠠᠯ᠂ ᠪᠦᠬᠦᠨ ᠢ ᠮᠡᠳᠡᠭᠦᠯᠦᠭᠰᠡᠨ ᠲᠠᠯ᠎ᠠ ᠠᠴᠠ ᠬᠠᠷᠢᠭᠤᠴᠠᠵᠤ᠂ ᠭᠤᠤᠯᠯᠠᠨ ᠡᠷᠬᠢᠯᠡᠭᠰᠡᠨ ᠲᠠᠯ᠎ᠠ ᠨᠢ ᠶᠠᠮᠠᠷ ᠴᠤ ᠬᠠᠷᠢᠭᠤᠴᠠᠯᠭ᠎ᠠ ᠡᠭᠦᠷᠭᠡᠯᠡᠬᠦ ᠦᠭᠡᠢ᠃  ︵ᠬᠤᠶᠠᠷ︶ ᠴᠤᠭᠯᠠᠭᠤᠯᠤᠨ ᠰᠣᠩᠭᠤᠨ ᠬᠡᠷᠡᠭᠯᠡᠭᠰᠡᠨ ᠪᠦᠲᠦᠭᠡᠯ ᠳᠤ ᠡᠬᠡ ᠪᠢᠴᠢᠭ ᠤᠨ ᠬᠠᠷᠠᠮᠵᠢ ᠥᠭᠬᠦ ᠦᠭᠡᠢ᠃  ︵ᠭᠤᠷᠪᠠ︶ ᠲᠣᠰ ᠤᠳᠠᠭᠠᠨ ᠤ ᠠᠵᠢᠯᠯᠠᠭ᠎ᠠ ᠶᠢᠨ ᠪᠣᠢ ᠪᠦᠬᠦᠢ ᠲᠠᠶᠢᠯᠪᠤᠷᠢᠯᠠᠬᠤ ᠡᠷᠬᠡ ᠨᠢ ᠭᠤᠤᠯᠯᠠᠨ ᠡᠷᠬᠢᠯᠡᠭᠰᠡᠨ ᠲᠠᠯ᠎ᠠ ᠳᠤ ᠥᠮᠴᠢᠯᠡᠭᠳᠡᠨ᠎ᠡ᠃    ᠳᠠᠭᠠᠯᠳᠤᠭᠤᠯᠤᠯ᠄  1. ᠡᠮᠴᠢᠯᠡᠭᠡ ᠶᠢᠨ ᠲᠠᠭᠠᠣᠠᠬᠠᠯ ᠢ ᠬᠢᠬᠠᠨ ᠮᠡᠬᠡᠯᠡᠬᠦ ᠳᠤ ᠴᠣᠭᠢᠯᠲᠠ ᠥᠭᠬᠦ ᠣᠬᠠᠭᠤᠯᠭ᠎ᠠ ᠶᠢᠨ ᠵᠢᠷᠤᠭ ᠢ ᠴᠤᠭᠯᠠᠭᠤᠯᠬᠤ ᠠᠵᠢᠯᠯᠠᠭ᠎ᠠ ᠶᠢᠨ ᠨᠡᠷ᠎ᠡ ᠮᠡᠳᠡᠭᠦᠯᠬᠦ ᠬᠦᠰᠦᠨᠦᠭ  2. ᠮᠡᠳᠡᠭᠦᠯᠦᠭᠰᠡᠨ ᠪᠦᠲᠦᠭᠡᠯ ᠤᠨ ᠡᠷᠬᠡ ᠣᠯᠭᠤᠬᠤ ᠪᠢᠴᠢᠭ    ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ  2024 ᠣᠨ ᠤ 4 ᠳ᠋ᠦ᠋ᠭᠡᠷ ᠰᠠᠷ᠎ᠠ ᠶᠢᠨ 10 ᠤ ᠡᠳᠦᠷ

 

 

 
ᠢᠷᠡᠯᠲᠡ᠄ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号