DRG / DIP ᠶᠢᠨ ᠲᠠᠰᠢᠶᠠᠷᠠᠯ ᠤᠨ ᠨᠢᠭᠡ ᠄ DRG / DIP ᠨᠢ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠤᠨ ᠵᠠᠷᠤᠳᠠᠯ ᠢ ᠬᠢᠵᠠᠭᠠᠷᠯᠠᠬᠤ ᠬᠡᠷᠡᠭᠲᠡᠢ ᠦᠦ︖
ᠨᠡᠶᠢᠲᠡᠯᠡᠭᠰᠡᠨ ᠴᠠᠭ᠄
2024/4/11
  ᠨᠢᠭᠡ ᠤᠳᠠᠭ᠎ᠠ ᠡᠮᠴᠢᠯᠡᠭᠡᠨ ᠤ ᠪᠠᠶᠢᠭᠤᠯᠤᠮᠵᠢ ᠲᠠᠢ ᠶᠠᠷᠢᠯᠴᠠᠵᠤ ᠪᠠᠶᠢᠬᠤ ᠳᠤ ᠨᠢᠭᠡ ᠡᠮᠨᠡᠯᠭᠡ ᠶᠢᠨ ᠬᠤᠷᠢᠶᠠᠨ ᠤ ᠡᠷᠬᠢᠯᠡᠭᠴᠢ ᠲᠤᠯᠭᠠᠨ ᠠᠰᠠᠭᠤᠪᠠ᠄ ︽DRG/DIP ᠶᠢᠨ ᠥᠭᠡᠷᠡᠴᠢᠯᠡᠯᠲᠡ ᠶᠢ ᠡᠷᠲᠡ ᠬᠡᠷᠡᠭᠵᠢᠭᠦᠯᠬᠦ ᠦᠭᠡᠢ       ᠪᠣᠢ᠂ ᠲᠠ ᠨᠠᠷ ᠤᠨ ᠡᠮᠴᠢᠯᠡᠭᠡᠨ ᠤ ᠳᠠᠭᠠᠳᠬᠠᠯ ᠮᠥᠩᠭᠦ ᠦᠭᠡᠢ ᠪᠣᠯᠴᠢᠬᠠᠭᠰᠠᠨ ᠭᠡᠵᠦ ᠦᠦ︖ ᠲᠡᠭᠡᠭᠡᠳ ᠵᠠᠷᠣᠳᠠᠯ ᠢ ᠬᠢᠵᠠᠭᠠᠷᠯᠠᠵᠤ ᠪᠠᠶᠢᠨ᠎ᠠ ᠦᠦ ︖ ᠵᠣᠪᠠᠭ᠋ᠤ ᠮᠥᠷᠲᠡᠭᠡᠨ ᠠᠷᠭ᠎ᠠ ᠦᠭᠡᠢ ᠰᠢᠭ ᠰᠠᠨᠠᠭᠳᠠᠨ᠎ᠠ ᠂ ᠭᠡᠪᠡᠴᠦ ᠦᠨᠡᠬᠡᠷ ᠡᠨᠡ ᠲᠠᠰᠢᠶᠠᠷᠡᠯ ᠳᠡᠩᠳᠡᠭᠦᠦ ᠬᠡᠴᠡᠭᠦᠦ ᠪᠠᠶᠢᠨ᠎ᠠ᠃  DRG / DIP ᠪᠣᠯ ᠵᠠᠷᠤᠳᠠᠯ ᠬᠢᠵᠠᠭᠠᠷᠯᠠᠬᠤ ᠠᠷᠭ᠎ᠠ ᠪᠠᠷᠢᠯ ᠪᠢᠰᠢ ᠭᠡᠳᠡᠭ ᠢ ᠶᠠᠷᠢᠬᠤ ᠳᠤ ᠬᠦᠷᠪᠡᠯ᠂ ᠡᠩ ᠲᠡᠷᠢᠭᠦᠨ ᠳᠤ ᠤᠭ ᠶᠣᠰᠣᠨ ᠠᠴᠠ ᠨᠢ ᠶᠠᠷᠢᠬᠤ ᠬᠡᠷᠡᠭᠲᠡᠢ᠃ ᠲᠣᠮᠣ ᠲᠤᠭ᠎ᠠ ᠪᠠᠷᠢᠮᠲᠠ ᠶᠢᠨ ᠵᠠᠷᠴᠢᠮ ᠪᠣᠯᠤᠨ ᠦᠨᠳᠦᠰᠦᠨ ᠯᠣᠭᠢᠭ ᠠᠴᠠ ᠪᠢᠳᠡᠨ ᠳᠤ ᠨᠢᠭᠡ ᠭᠠᠵᠠᠷ ᠣᠷᠣᠨ ᠳᠤ ᠡᠮᠨᠡᠯᠭᠡ ᠳᠤ ᠰᠠᠭᠤᠬᠤ ᠴᠢᠬᠤᠯᠠᠲᠠᠶ ᠬᠥᠮᠦᠰ᠂ ᠡᠪᠡᠳᠴᠢᠨ ᠡᠮᠭᠡᠭ᠂ ᠡᠮᠨᠡᠯᠭᠡ ᠳᠤ ᠰᠠᠭᠤᠬᠤ ᠵᠠᠷᠤᠳᠠᠯ ᠨᠢ ᠬᠠᠷᠢᠴᠠᠩᠭᠤᠶ ᠪᠠᠷ ᠲᠣᠭᠲᠠᠮᠠᠯ ᠪᠠᠶᠢᠪᠠᠯ ᠵᠣᠬᠢᠨ᠎ᠠ᠂ ᠥᠭᠡᠷ᠎ᠡ ᠪᠠᠷ ᠬᠡᠯᠡᠪᠡᠯ᠂ ᠬᠡᠳᠦᠨ ᠵᠠᠭᠤᠨ ᠲᠦᠮᠡᠨ ᠬᠥᠮᠦᠨ ᠠᠮᠠ ᠶᠢᠨ ᠲᠤᠰᠬᠠᠶ ᠣᠷᠣᠨ ᠬᠤᠲᠠ ᠶᠢᠨ ᠱᠠᠲᠤᠨ ᠤ ᠡᠮᠨᠡᠯᠭᠡ ᠳᠤ ᠰᠠᠭᠤᠬᠤ ᠶᠡᠷᠦᠩᠬᠡᠶ ᠵᠠᠷᠤᠳᠠᠯ᠂ ᠡᠮᠨᠡᠯᠭᠡ ᠳᠤ ᠰᠠᠭᠤᠬᠤ ᠡᠪᠡᠳᠴᠢᠨ ᠤ ᠬᠤᠪᠢᠷᠠᠯᠲᠠ ᠨᠢ ᠴᠥᠮ ᠣᠨᠴᠠᠭᠠᠶ ᠶᠡᠭᠡ ᠪᠢᠰᠢ ᠭᠡᠳᠡᠭ ᠢ ᠬᠡᠯᠡᠵᠦ ᠥᠭᠪᠡ᠃  ᠡᠮᠴᠢᠯᠡᠭᠡᠨ ᠤ ᠳᠠᠭᠠᠳᠬᠠᠯ ᠨᠢ ᠨᠠᠭᠠᠰᠢ ᠴᠠᠭᠠᠰᠢ ᠶᠠᠪᠤᠬᠤ ᠵᠦᠶ ᠶᠣᠰᠣᠴᠢ ᠴᠢᠨᠠᠷ ᠢ ᠮᠡᠳᠡᠷᠡᠵᠦ᠂ ᠳᠠᠷᠠᠭ᠎ᠠ ᠨᠢ ᠵᠣᠬᠢᠬᠤ ᠬᠤᠷᠳᠤᠴᠠ ᠪᠠᠷ ᠡᠨᠡ ᠭᠠᠵᠠᠷ ᠣᠷᠣᠨ ᠤ ᠡᠮᠨᠡᠯᠭᠡ ᠳᠤ ᠰᠠᠭᠤᠬᠤ ᠡᠮᠴᠢᠯᠡᠭᠡᠨ ᠤ ᠳᠠᠭᠠᠳᠬᠠᠯ ᠤᠨ ᠵᠠᠷᠤᠯᠭ᠎ᠠ ᠶᠢ ᠲᠥᠰᠦᠭᠡᠯᠡᠨ ᠪᠣᠳᠣᠨ᠎ᠠ᠃ ᠵᠢᠱᠢᠶᠡᠯᠡᠪᠡᠯ᠂ 2022 ᠣᠨ ᠳᠤ ᠬᠥᠬᠡ ᠣᠷᠣᠨ ᠤ ᠡᠮᠨᠡᠯᠭᠡ ᠳᠤ ᠰᠠᠭᠤᠭᠰᠠᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠵᠠᠷᠤᠯᠭ᠎ᠠ ᠶᠢ A ᠭᠡᠵᠦ ᠲᠦᠰᠦᠭᠡᠯᠡᠪᠡᠯ ᠂ ᠡᠮᠨᠡᠯᠭᠡ ᠳᠤ ᠰᠠᠭᠤᠭᠰᠠᠨ ᠶᠡᠷᠦᠩᠬᠡᠶ ᠵᠠᠷᠤᠳᠠᠯ ᠨᠢ B ᠪᠠᠶᠢᠵᠤ᠂ ᠲᠡᠭᠡᠪᠡᠯ ᠮᠠᠨ ᠤ ᠲᠥᠰᠦᠪ ᠲᠤ 2023 ᠣᠨ ᠳᠤ ᠲᠣᠰ ᠭᠠᠵᠠᠷ ᠣᠷᠣᠨ ᠤ ᠡᠮᠨᠡᠯᠭᠡ ᠳᠤ ᠰᠠᠭᠤᠭᠰᠠᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠵᠠᠷᠤᠯᠭ᠎ᠠ ᠨᠢ A* ︵1 + 7%︶᠂ ᠵᠠᠯᠭᠠᠭᠠᠳ ᠲᠣᠰ ᠭᠠᠵᠠᠷ ᠣᠷᠣᠨ ᠤ ᠡᠮᠨᠡᠯᠭᠡ ᠳᠤ ᠰᠠᠭᠤᠬᠤ ᠶᠡᠷᠦᠩᠬᠡᠶ ᠵᠠᠷᠤᠳᠠᠯ ᠢ A*1.07 / ︵A/B︶ = B*1.07 ᠃ ᠡᠮᠨᠡᠯᠭᠡ ᠳᠤ ᠠᠪᠴᠤ ᠬᠡᠯᠡᠪᠡᠯ᠂ ᠡᠮᠨᠡᠯᠭᠡ ᠳᠤ ᠰᠠᠭᠤᠭᠰᠠᠨ ᠶᠡᠷᠦᠩᠬᠡᠢ ᠰᠦᠢᠳᠭᠡᠯ ᠨᠢ ᠨᠡᠮᠡᠭᠳᠡᠵᠡᠢ᠃ ᠡᠪᠡᠳᠴᠢᠲᠡᠨ ᠳᠤ ᠠᠪᠴᠤ ᠬᠡᠯᠡᠪᠡᠯ᠂ ᠡᠮᠨᠡᠯᠭᠡ ᠳᠤ ᠰᠠᠭᠤᠭᠰᠠᠨ ᠶᠡᠷᠦᠩᠬᠡᠶ ᠵᠠᠷᠤᠳᠠᠯ ᠪᠣᠯᠬᠤ ᠶᠤᠮ ᠂ ᠨᠢᠭᠡ ᠣᠯᠠᠨ ᠢᠯᠠᠯᠲᠠ ᠲᠠᠢ ᠦᠷ᠎ᠡ ᠳ᠋ᠦᠩ ᠮᠥᠨ ᠃  ᠶᠠᠭᠤᠨ ᠳᠤ ᠥᠰᠴᠦ  ᠪᠠᠶᠢᠭ᠎ᠠ ᠪᠣᠢ᠂ ᠤᠴᠢᠷ ᠨᠢ ᠠᠵᠤ ᠠᠬᠤᠢ ᠨᠡᠶᠢᠭᠡᠮ ᠥᠰᠴᠦ ᠪᠠᠶᠢᠨ᠎ᠠ᠂ ᠡᠮᠴᠢᠯᠡᠭᠡᠨ ᠤ ᠠᠵᠢᠯ ᠲᠦᠷᠦᠯ᠂ ᠡᠮᠴᠢᠯᠡᠭᠡᠨ ᠤ ᠬᠡᠷᠡᠭᠴᠡᠭᠡ ᠴᠦᠮ ᠠᠵᠤ ᠠᠬᠤᠢ ᠨᠡᠶᠢᠭᠡᠮ ᠤᠨ ᠬᠦᠭᠵᠢᠯᠳᠡ ᠶᠢ ᠳᠠᠭᠠᠯᠳᠤᠨ ᠦᠷᠭᠦᠯᠵᠢᠯᠡᠨ ᠥᠰᠦᠨ᠎ᠡ᠃ ᠶᠠᠭᠤᠠ ᠳᠤ ᠥᠰᠦᠯᠲᠡ ᠶᠢ ᠬᠤᠷᠢᠬᠯᠠᠬᠤ ᠬᠡᠷᠡᠭᠲᠡᠢ ᠪᠤᠢ᠂ ᠤᠴᠢᠷ ᠨᠢ ᠠᠵᠤ ᠠᠬᠤᠢ ᠨᠠᠶᠢᠭᠡᠮ ᠤᠨ ᠥᠰᠥᠯᠲᠡ ᠬᠢᠵᠠᠭᠠᠷ ᠲᠠᠢ ᠪᠠᠶᠢᠵᠤ᠂ ᠡᠶᠢᠮᠦᠷᠬᠦᠦ ᠥᠰᠦᠯᠲᠡ ᠶᠢ ᠬᠤᠷᠢᠬᠯᠠᠬᠤ ᠣᠢᠭᠡᠢ ᠪᠤᠯ ᠣᠯᠠᠨ ᠳᠦᠮᠠᠨ ᠡᠪᠡᠳᠴᠢᠨ ᠣᠢᠵᠠᠭᠦᠯᠵᠤ ᠡᠮᠨᠡᠯᠬᠡ ᠳᠤ ᠰᠠᠭᠤᠬᠤ ᠶᠠᠪᠤᠲᠠᠯ ᠣᠯᠠᠮ ᠠᠴᠠ ᠣᠯᠠᠮ ᠦᠨᠡᠲᠡᠢ ᠪᠤᠯᠵᠤ ᠪᠠᠶᠢᠨ᠎ᠠ ᠭᠡᠵᠦ ᠦᠵᠡᠨ᠎ᠡ᠂ ᠡᠶᠢᠮᠤ ᠥᠰᠦᠯᠲᠡ ᠶᠢ ᠠᠵᠤ ᠠᠬᠤᠢ ᠨᠠᠶᠢᠭᠡᠮ ᠤᠨ ᠬᠥᠭᠵᠢᠯᠲᠡ  ᠲᠠᠢ ᠵᠣᠭᠢᠴᠠᠭᠤᠯᠪᠡᠯ ᠵᠣᠭᠢᠨ᠎ᠠ᠃ ᠭᠡᠪᠡᠴᠦ᠂ ᠡᠮᠴᠢᠯᠡᠭᠡᠨ ᠤ ᠵᠠᠬ᠎ᠠ ᠳᠡᠯᠭᠡᠭᠦᠷ ᠨᠢ ᠭᠠᠭᠴᠠ ᠴᠢᠭᠯᠡᠯᠳᠦ ᠴᠢᠨᠠᠷ᠂ ᠢᠯᠡ ᠲᠣᠳᠣᠷᠬᠠᠶ ᠪᠤᠰᠤ ᠴᠢᠨᠠᠷᠲᠠᠶ ᠪᠠᠶᠢᠵᠤ᠂ ᠡᠮᠴᠢᠯᠡᠭᠡᠨ ᠤ ᠬᠦᠷᠢᠶ᠎ᠡ ᠬᠡᠪᠴᠢᠶᠡᠨ ᠳᠤ ᠣᠯᠠᠨ ᠲᠦᠮᠡᠨ ᠶᠠᠮᠠᠷ ᠴᠤ ᠦᠨ᠎ᠡ ᠵᠥᠪᠯᠡᠬᠦ ᠡᠷᠬᠡ ᠦᠭᠡᠶ᠂ ᠬᠡᠷᠪᠡ ᠵᠣᠬᠢᠰᠲᠠᠶ ᠵᠠᠬᠢᠷᠤᠯᠲᠠ ᠪᠠᠶᠢᠬᠤ ᠦᠭᠡᠶ ᠪᠣᠯ᠂  ᠡᠨᠡ ᠬᠦ ᠥᠰᠦᠯᠲᠡ ᠶᠢᠨ ᠬᠤᠷᠳᠤᠴᠠ ᠨᠢ ᠲᠦᠷᠦᠭᠦᠦ ᠬᠡᠳᠦᠨ ᠵᠢᠯ ᠤᠨ ᠬᠢ ᠲᠠᠢ ᠠᠳᠠᠯᠢ ᠪᠠᠷ ᠦᠷᠭᠦᠯᠵᠢᠯᠡᠨ ᠬᠤᠶᠠᠷ ᠣᠷᠣᠨᠲᠤ ᠲᠤᠭ᠎ᠠ ᠪᠠᠷ ᠨᠡᠮᠡᠭᠳᠡᠬᠦ ᠪᠣᠯᠤᠨ᠎ᠠ᠃  ᠨᠢᠭᠡᠳᠦᠯᠲᠡᠶ ᠲᠥᠯᠥᠪᠯᠡᠬᠦ ᠣᠷᠣᠨ ᠤ ᠪᠣᠶ ᠪᠦᠬᠦᠢ ᠡᠮᠴᠢᠯᠡᠭᠡᠨ ᠤ ᠪᠠᠶᠢᠭᠤᠯᠤᠮᠵᠢ ᠳᠤ ᠠᠪᠴᠤ ᠬᠡᠯᠡᠪᠡᠯ᠂ DRG/DIP ᠶᠢᠨ ᠲᠦᠯᠦᠪᠦᠷᠢ ᠥᠭᠭᠦᠭᠰᠡᠨ ᠤ ᠲᠦᠷᠦᠭᠦᠦ ᠨᠢᠭᠡ ᠵᠢᠯ ᠤᠨ ᠬᠢ ᠠᠴᠠ ᠬᠡᠳᠦᠨ ᠵᠠᠭᠤᠨ ᠤ ᠬᠠᠷᠢᠴᠠᠯ ᠢᠶᠠᠷ ᠢᠯᠡᠭᠦᠦ᠂ ᠡᠮᠦᠨ᠎ᠡ ᠦᠭᠦᠯᠡᠭᠰᠡᠨ 7% ᠭᠡᠳᠡᠭ ᠨᠢ ᠵᠣᠬᠢᠶᠠᠭᠴᠢ ᠶᠢᠨ ᠠᠵᠢᠭᠯᠠᠵᠤ ᠣᠯᠣᠭᠰᠠᠨ ᠣᠯᠠᠩᠬᠢ ᠨᠢ ᠴᠥᠮ 7% ᠠᠴᠠ ᠥᠨᠳᠥᠷ ᠪᠠᠶᠢᠵᠤ᠂ ᠡᠨᠡ ᠨᠢ ᠣᠯᠠᠨ ᠤ ᠪᠦᠬᠦᠯᠢ ᠴᠣᠭᠴᠠ ᠪᠠᠷ ᠨᠢ ᠣᠯᠵᠤ ᠳᠡᠶᠢᠯᠬᠦ ᠨᠢ ᠲᠦᠷᠦᠭᠦᠦ ᠨᠢᠭᠡ ᠵᠢᠯ ᠤᠨ ᠬᠢ ᠠᠴᠠ 7% ᠠᠴᠠ ᠳᠡᠭᠡᠭᠰᠢᠬᠢ ᠡᠮᠨᠡᠯᠭᠡ ᠳᠤ ᠰᠠᠭᠤᠭᠰᠠᠨ ᠣᠷᠣᠯᠭ᠎ᠠ ᠪᠣᠯᠤᠨ᠎ᠠ᠂ ᠲᠤᠬᠠᠶᠢᠯᠠᠪᠠᠯ ᠠᠵᠢᠯ ᠲᠥᠷᠥᠯ ᠠᠴᠠ ᠣᠷᠣᠯᠭ᠎ᠠ ᠪᠠᠨ ᠪᠠᠭᠠᠰᠬᠠᠵᠤ ᠪᠣᠯᠬᠤ ᠮᠥᠷᠲᠡᠭᠡᠨ ᠬᠡᠷᠪᠡ ᠡᠮᠴᠢᠯᠡᠭᠡᠨ ᠤ ᠪᠠᠶᠢᠭᠤᠯᠤᠮᠵᠢ ᠥᠪᠡᠷ ᠤᠨ ᠥᠷᠲᠡᠭ ᠢᠶᠠᠨ ᠪᠠᠭᠠᠰᠬᠠᠵᠤ᠂ ᠵᠦᠶ ᠵᠣᠬᠢᠰ ᠥᠬᠡᠶ ᠣᠨᠣᠰᠢᠯᠠᠨ ᠡᠮᠨᠡᠬᠦ ᠶᠢ ᠬᠤᠷᠢᠭᠯᠠᠵᠤ ᠴᠢᠳᠠᠨ᠎ᠠ᠃ ᠭᠡᠪᠡᠴᠦ ᠡᠨᠡ ᠪᠣᠯ ᠵᠥᠪᠬᠡᠨ ᠵᠢᠱᠢᠵᠦ ᠪᠣᠯᠬᠤ ᠥᠰᠦᠯᠲᠡ ᠮᠥᠨ᠂ ᠴᠣᠬᠤᠮ ᠡᠨᠡ ᠬᠦ ᠰᠠᠭᠤᠷᠢ ᠲᠤᠭ᠎ᠠ ᠶᠢ ᠬᠡᠨ ᠨᠡᠩ ᠣᠯᠠᠨ ᠣᠯᠬᠤ᠂ ᠬᠡᠨ ᠨᠢ ᠬᠢᠵᠠᠭᠠᠷ ᠲᠠᠢ ᠶᠢ ᠣᠯᠬᠤ ᠪᠣᠢ᠂ ᠲᠦᠰᠢᠵᠦ ᠪᠠᠶᠢᠬᠤ ᠡᠰᠡᠬᠦᠯ᠎ᠡ ᠰᠢᠯᠭᠠᠵᠤ ᠪᠠᠶᠢᠬᠤ ᠨᠢ ᠳᠠᠷᠤᠢ ᠡᠮᠨᠡᠯᠭᠡ ᠶᠢᠨ ᠬᠤᠷᠢᠶ᠎ᠠ ᠶᠢᠨ DRG / DIP ᠪᠠᠶᠢᠭᠤᠯᠤᠯ ᠤᠨ ᠳᠣᠣᠷᠠᠬᠢ ᠬᠠᠮᠢᠶᠠᠷᠤᠯᠲᠠ ᠶᠢᠨ ᠲᠦᠪᠰᠢᠨ ᠢ ᠬᠡᠯᠡᠵᠦ ᠪᠠᠶᠢᠨ᠎ᠠ᠃ ᠡᠮᠴᠢᠯᠡᠭᠡᠨ ᠤ ᠪᠠᠶᠢᠭᠤᠯᠤᠮᠵᠢ ᠶᠢᠨ ᠬᠠᠷᠠᠭᠠᠰᠤ᠂ ᠡᠰᠡᠬᠦᠯ᠎ᠡ ᠡᠪᠡᠳᠴᠢᠲᠡᠨ ᠤ ᠲᠠᠯ᠎ᠠ ᠠᠴᠠ ᠪᠣᠯ᠂ ᠬᠡᠨ ᠥᠩᠭᠡᠷᠡᠭᠰᠡᠨ ᠢᠶᠠᠨ ᠮᠡᠳᠡᠷᠡᠬᠦ ᠰᠠᠭᠤᠷᠢ ᠳᠡᠭᠡᠷ᠎ᠡ᠂ ᠢᠯᠡᠷᠢᠰᠢᠭᠰᠡᠨ ᠡᠪᠡᠳᠴᠢᠲᠡᠨ ᠢ ᠮᠡᠳᠡᠷᠡᠬᠦ ᠤᠷᠢᠲᠠᠯ ᠳᠣᠣᠷ᠎ᠠ ᠨᠠᠩ ᠶᠡᠭᠡ ᠣᠯᠤᠯᠲᠠ ᠲᠠᠢ ᠪᠣᠯᠪᠠᠯ ᠬᠡᠨ ᠡᠨᠡ ᠬᠦ ᠪᠠᠶᠢᠭᠤᠯᠤᠯ ᠤᠨ ᠳᠤᠮᠳᠠ ᠠᠴᠠ ᠴᠣᠯᠭᠤᠷᠠᠨ ᠭᠠᠷᠴᠤ᠂ ᠱᠠᠩᠨᠠᠯ ᠢ ᠣᠯᠵᠤ ᠴᠢᠳᠠᠨ᠎ᠠ᠃  DRG/DIP ᠪᠣᠯ ᠡᠮᠴᠢᠯᠡᠭᠡᠨ ᠤ ᠠᠮᠢ ᠠᠬᠤᠶ ᠶᠢᠨ ᠬᠦᠷᠢᠶᠡᠨ ᠳᠠᠬᠢ ᠪᠦᠬᠦᠯᠢ ᠴᠣᠭᠴᠠ ᠶᠢᠨ ᠳᠠᠬᠢᠨ ᠴᠣᠭᠴᠠᠯᠠᠯᠲᠠ ᠮᠥᠨ᠂ ᠳᠡᠭᠡᠷᠡᠬᠢ ᠲᠠᠶᠢᠯᠪᠤᠷᠢᠯᠠᠯᠲᠠ ᠳᠤ ᠰᠠᠭᠤᠷᠢᠯᠠᠨ᠂ ᠡᠮᠴᠢᠯᠡᠭᠡᠨ ᠤ ᠪᠠᠶᠢᠭᠤᠯᠤᠮᠵᠢ ᠶᠢᠨ ᠬᠠᠮᠢᠶᠠᠷᠤᠭᠴᠢ᠂ ᠰᠠᠯᠠᠭ᠎ᠠ ᠲᠠᠰᠤᠭ ᠤᠨ ᠡᠷᠬᠢᠯᠡᠭᠴᠢ ᠵᠢᠴᠢ ᠡᠮᠴᠢᠯᠡᠭᠡᠨ ᠤ ᠡᠮᠴᠢ ᠶᠢᠨ ᠢᠯᠡᠭᠦᠬᠡᠨ ᠰᠡᠳᠭᠢᠵᠦ ᠢᠯᠡᠭᠦᠤ ᠪᠣᠳᠣᠯᠬᠢᠯᠠᠵᠤ᠂ ᠢᠯᠡᠭᠦᠤ ᠪᠣᠳᠣᠯᠬᠢᠯᠠᠵᠤ ᠢᠯᠡᠭᠦᠬᠡᠨ ᠲᠠᠰᠤᠯᠬᠤ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ᠂ ᠦᠨᠳᠦᠰᠦᠨ ᠤᠭ ᠶᠣᠰᠤ  ᠨᠢ ᠬᠠᠷᠢᠴᠠᠩᠭᠤᠢ ᠲᠣᠳᠣᠷᠬᠠᠶ ᠪᠠᠶᠢᠳᠠᠭ᠃ ᠡᠰᠡᠷᠭᠦ ᠲᠡᠰᠡᠷᠭᠦ ᠶᠠᠪᠤᠬᠤ ᠳᠤ᠂ ᠰᠠᠨᠠᠭᠠᠴᠢᠯᠠᠭᠠᠲᠤ ᠪᠠᠶᠢᠷᠢ ᠶᠢ ᠡᠵᠡᠯᠡᠬᠦ ᠪᠣᠯ ᠠᠷᠭᠠᠴᠠᠭᠠᠬᠤ ᠳᠤ ᠨᠡᠩ ᠠᠰᠢᠭᠲᠠᠢ ᠂ ᠨᠡᠩ ᠲᠣᠬᠢᠷᠠᠮᠵᠢᠲᠠᠢ ᠰᠢᠢᠳᠪᠦᠷᠢᠯᠡᠬᠦ ᠠᠷᠭ᠎ᠠ ᠪᠣᠯᠣᠨ᠎ᠠ᠃ ︵ᠬᠤᠨᠠᠨ ᠮᠤᠵᠢ ᠶᠢᠨ ᠡᠮᠴᠢᠯᠡᠭᠡᠨ ᠤ ᠪᠠᠳᠤᠯᠠᠭ᠎ᠠ ᠶᠢᠨ ᠲᠤᠪᠴᠢᠶ᠎ᠠ ᠶᠢᠨ ᠡᠮ ᠡᠮᠨᠡᠯᠭᠡ ᠶᠢᠨ ᠦᠢᠯᠡᠴᠢᠯᠡᠭᠡᠨ ᠤ ᠭᠠᠵᠠᠷ ᠤᠨ ᠯᠢ ᠶᠤᠸᠠᠢ ᠹᠠᠩ︶ 
 
ᠢᠷᠡᠯᠲᠡ᠄ ᠤᠯᠤᠰ ᠤᠨ ᠡᠮᠴᠢᠯᠡᠭᠡᠨ ᠤ ᠪᠠᠳᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号