DRG / DIP ᠶᠢᠨ ᠲᠠᠰᠢᠶᠠᠷᠠᠯ ᠤᠨ ᠬᠤᠶᠠᠷ᠄ DRG / DIP ᠨᠢ ᠡᠮᠴᠢ ᠳᠤ ᠬᠠᠷᠰᠢ ᠰᠠᠭᠠᠳ ᠤᠴᠠᠷᠠᠭᠤᠯᠤᠨ᠎ᠠ ᠤᠤ︖
ᠨᠡᠶᠢᠲᠡᠯᠡᠭᠰᠡᠨ ᠴᠠᠭ᠄
2024/4/11
  ︽ᠡᠪᠡᠳᠴᠢᠨ ᠤ ᠲᠥᠷᠥᠯ ᠨᠢ ᠰᠦᠢᠳᠭᠡᠯ ᠲᠤᠰᠢᠶᠠᠬᠤ ᠪᠠᠷᠢᠮᠵᠢᠶ᠎ᠠ ᠲᠠᠢ ᠪᠣᠯᠤᠭᠰᠠᠨ ᠤ ᠳᠠᠷᠠᠭ᠎ᠠ ᠶᠠᠭᠠᠬᠢᠵᠤ ᠡᠪᠡᠳᠴᠢᠨ ᠦᠵᠡᠭᠦᠯᠬᠦ ᠶᠢ ᠮᠡᠳᠡᠬᠦ ᠦᠭᠡᠢ᠂ ᠦᠷᠭᠦᠯᠵᠢ ᠭᠠᠷ ᠬᠥᠯ ᠤᠶᠠᠭᠳᠠᠴᠢᠬᠠᠭᠰᠠᠨ ᠮᠡᠲᠦ ᠰᠠᠨᠠᠭᠳᠠᠳᠠᠭ︾᠂ ︽ᠡᠪᠡᠳᠴᠢᠨ ᠤ ᠲᠥᠷᠥᠯ ᠤᠨ ᠰᠦᠢᠳᠭᠡᠯ ᠲᠤᠰᠢᠶᠠᠬᠤ ᠪᠠᠷᠢᠮᠵᠢᠶ᠎ᠠ ᠳᠤ ᠰᠠᠨᠠᠭ᠎ᠠ ᠵᠣᠪᠠᠵᠤ᠂ ᠰᠠᠨᠠᠮᠰᠠᠷ ᠦᠭᠡᠢ ᠪᠠᠷ ᠪᠠᠷᠢᠮᠵᠢᠶ᠎ᠠ ᠠᠴᠠ ᠨᠢ ᠬᠡᠲᠦᠷᠡᠴᠢᠬᠡᠬᠦ ᠠᠴᠠ ᠠᠶᠤᠳᠠᠭ︾ ᠁ ᠣᠳᠣᠬᠠᠨ ᠳᠤ᠂ ᠡᠶᠢᠮᠦᠷᠬᠦᠦ ᠰᠡᠳᠬᠢᠭᠳᠡᠯ ᠲᠠᠢ ᠡᠮᠴᠢᠯᠡᠭᠡᠨ ᠤ ᠪᠠᠶᠢᠭᠤᠯᠤᠮᠵᠢ ᠪᠣᠯᠤᠨ ᠡᠮᠴᠢᠯᠡᠭᠡᠨ ᠤ ᠡᠮᠴᠢ ᠴᠥᠭᠡᠨ ᠲᠣᠭᠠᠨ ᠤ ᠪᠣᠰᠤ ᠪᠠᠶᠢᠳᠠᠭ᠂ ᠡᠨᠡ ᠨᠢ ᠮᠥᠨ ᠴᠦ ᠣᠳᠣᠬᠠᠨ ᠳᠤ DRG/DIP ᠶᠢᠨ ᠥᠭᠡᠷᠡᠴᠢᠯᠡᠯᠲᠡ ᠳᠠᠬᠢ ᠬᠠᠮᠤᠭ ᠤᠨ ᠶᠡᠭᠡ ᠲᠠᠰᠢᠶᠠᠷᠠᠯ ᠤᠨ ᠨᠢᠭᠡ ᠨᠢ ᠪᠣᠯᠣᠨ᠎ᠠ᠃  ᠶᠠᠭᠤᠨ ᠳᠤ ᠪᠤᠷᠤᠭᠤ ᠣᠶᠢᠯᠠᠭᠠᠯᠲᠠ ᠭᠡᠵᠦ ᠪᠠᠶᠢᠬᠤ ᠪᠣᠢ᠂ ᠡᠨᠡ ᠨᠢ ᠪᠠᠰᠠ DRG/DIP ᠶᠢᠨ ᠤᠭ ᠶᠣᠰᠣ ᠠᠴᠠ ᠡᠬᠢᠯᠡᠵᠦ ᠶᠠᠷᠢᠬᠤ ᠬᠡᠷᠡᠭᠲᠡᠢ᠃ DRG/DIP ᠪᠣᠯ ᠮᠥᠨ ᠴᠢᠨᠠᠷ ᠤᠨ ᠲᠠᠯ᠎ᠠ ᠠᠴᠠ ᠠᠪᠤᠭᠠᠳ ᠬᠡᠯᠡᠪᠡᠯ ᠳᠠᠷᠤᠢ ᠳᠤᠭᠤᠶᠢᠯᠠᠩ ᠬᠤᠪᠢᠶᠠᠭᠰᠠᠨ ᠲᠥᠰᠦᠯ᠂ ᠨᠢᠭᠡ ᠵᠦᠢᠯ ᠤᠨ ᠨᠡᠶᠢᠯᠡᠮᠡᠯ ᠯᠣᠭᠢᠭ ᠮᠥᠨ᠂ ᠲᠡᠳᠡ ᠥᠩᠭᠡᠷᠡᠭᠰᠡᠨ ᠤ ᠳᠦᠷᠢᠮ ᠦᠭᠡᠶ᠂ ᠮᠢᠩᠭ᠎ᠠ ᠲᠦᠮᠡᠨ ᠬᠤᠪᠢᠷᠠᠯᠲᠠ ᠲᠠᠢ ᠡᠪᠡᠳᠴᠢᠨ ᠤ ᠵᠢᠱᠢᠶ᠎ᠡ ᠨᠢᠭᠡᠪᠦᠷᠢ ᠶᠢ ᠡᠮᠬᠢ ᠵᠢᠷᠤᠮ ᠲᠠᠢ᠂ ᠬᠢᠵᠠᠭᠠᠷ ᠲᠠᠢ ᠬᠡᠳᠦᠨ ᠳᠤᠭᠤᠶᠢᠯᠠᠩ ᠳᠤ ᠣᠷᠣᠭᠤᠯᠵᠤ᠂ ᠳᠠᠷᠠᠭ᠎ᠠ ᠨᠢ ᠡᠪᠡᠳᠴᠢᠲᠡᠨ ᠤ ᠳᠤᠭᠤᠶᠢᠯᠠᠩ ︵ᠡᠪᠡᠳᠴᠢᠨ ᠤ ᠲᠥᠷᠥᠯ︶ ᠤᠨ ᠤᠬᠠᠭᠳᠠᠬᠤᠨ ᠢᠶᠠᠷ ᠬᠠᠮᠢᠶᠠᠷᠴᠤ᠂ ᠲᠦᠯᠦᠪᠦᠷᠢ ᠲᠥᠯᠥᠨ᠎ᠡ᠃ ᠬᠡᠳᠦ᠋ᠢᠪᠡᠷ ᠳᠤᠭᠤᠶᠢᠯᠠᠩ ᠬᠤᠪᠢᠶᠠᠭᠰᠠᠨ ᠯᠣᠭᠢᠭ᠂ ᠮᠥᠬᠦᠯᠢᠭ ᠤᠨ ᠬᠡᠮᠵᠢᠶ᠎ᠡ ᠨᠢ ᠠᠳᠠᠯᠢ ᠦᠭᠡᠢ ᠪᠣᠯᠪᠠᠴᠤ ᠡᠪᠡᠳᠴᠢᠨ ᠤ ᠳᠣᠭᠤᠶᠢᠯᠠᠩ ︵ᠡᠪᠡᠳᠴᠢᠨ ᠤ ᠲᠦᠷᠦᠯ︶ ᠤᠨ ᠤᠬᠠᠭᠳᠠᠬᠤᠨ ᠨᠢ ᠬᠠᠷᠢᠯᠴᠠᠨ ᠨᠡᠪᠲᠡᠷᠡᠯᠴᠡᠵᠦ᠂ ᠰᠦᠢᠳᠬᠡᠯ ᠲᠤᠰᠢᠶᠠᠬᠤ ᠲᠠᠯ᠎ᠠ ᠠᠴᠠ ᠵᠢᠷᠤᠮᠯᠠᠭᠰᠠᠨ ᠦᠨᠳᠦᠰᠦᠨ ᠯᠣᠭᠢᠭ ᠤᠨ ᠳᠦᠷᠢᠮ ᠨᠢ ᠴᠦ ᠠᠳᠠᠯᠢᠬᠠᠨ ᠪᠠᠶᠢᠳᠠᠭ᠂ ᠳᠠᠷᠤᠢ ᠴᠥᠮ ᠲᠡᠦᠬᠡ ᠶᠢᠨ ᠲᠤᠭ᠎ᠠ ᠪᠠᠷᠢᠮᠲᠠ ᠶᠢ ᠦᠨᠳᠦᠰᠦᠯᠡᠨ ᠣᠯᠤᠭᠰᠠᠨ ᠳᠤᠮᠳᠠᠴᠢ ᠲᠤᠭ᠎ᠠ ᠪᠣᠯᠣᠨ᠎ᠠ᠃ ᠵᠢᠱᠢᠨ ᠪᠣᠳᠣᠬᠤ ᠠᠴᠠ ᠡᠪᠡᠳᠴᠢᠨ ᠤ ᠳᠣᠭᠤᠶᠢᠯᠠᠩ ᠢ ᠲᠤᠳᠤᠯᠠᠬᠤ ︵ᠡᠪᠡᠳᠴᠢᠨ ᠤ ᠲᠦᠷᠦᠯ︶ ᠶᠠᠪᠤᠴᠠ ᠠᠴᠠ ᠦᠵᠡᠪᠡᠯ᠂ ᠡᠪᠡᠳᠴᠢᠨ ᠤ ᠳᠣᠭᠤᠶᠢᠯᠠᠩ ︵ᠡᠪᠡᠳᠴᠢᠨ ᠤ ᠲᠦᠷᠦᠯ ︶ ᠨᠢᠭᠡᠪᠦᠷᠢ ᠨᠢ ᠴᠥᠮ ᠲᠡᠦᠬᠡ ᠶᠢᠨ ᠲᠤᠭ᠎ᠠ ᠪᠠᠷᠢᠮᠲᠠ ᠳᠠᠬᠢ ᠡᠳᠦᠶ ᠲᠡᠳᠦᠶ ᠪᠣᠳᠠᠲᠠᠶ ᠡᠪᠡᠳᠴᠢᠨ ᠤ ᠵᠢᠱᠢᠶ᠎ᠡ ᠶᠢ ᠪᠠᠭᠲᠠᠭᠠᠵᠤ᠂ ᠲᠡᠭᠦᠨ ᠤ ᠲᠥᠯᠥᠬᠦ ᠪᠠᠷᠢᠮᠵᠢᠶ᠎ᠠ ᠨᠢ ᠳᠠᠷᠤᠶ ᠡᠳᠡᠭᠡᠷ ᠡᠪᠡᠳᠴᠢᠨ ᠤ ᠵᠢᠱᠢᠶ᠎ᠡ ᠶᠢ ᠬᠠᠷᠢᠴᠠᠩᠭᠤᠶ ᠪᠠᠷ ᠲᠡᠭᠰᠢᠳᠬᠡᠨ ᠲᠣᠭᠲᠠᠭᠠᠭᠰᠠᠨ ᠶᠤᠮ᠃  ᠲᠥᠯᠥᠬᠦ ᠪᠠᠷᠢᠮᠵᠢᠶ᠎ᠠ ᠶᠡᠷᠦ ᠨᠢ ᠡᠩ ᠤᠨ ᠡᠪᠡᠳᠴᠢᠨ ᠤ ᠵᠢᠱᠢᠶ᠎ᠡ ᠠᠴᠠ ᠥᠨᠳᠥᠷ ᠪᠠᠶᠢᠵᠤ᠂ ᠵᠠᠷᠢᠮ ᠪᠣᠳᠤᠯᠢᠶᠠᠨᠲᠠᠢ ᠡᠪᠡᠳᠴᠢᠨ ᠤ ᠵᠢᠱᠢᠶ᠎ᠡ ᠠᠴᠠ ᠳᠣᠣᠷ᠎ᠠ ᠪᠠᠶᠢᠳᠠᠭ᠂ ᠲᠤᠰ ᠪᠡᠶ᠎ᠡ ᠨᠢ ᠡᠨᠡ ᠡᠪᠡᠳᠴᠢᠨ ᠤ ᠳᠤᠭᠤᠶᠢᠯᠠᠩ ︵ᠡᠪᠡᠳᠴᠢᠨ ᠤ ᠲᠦᠷᠦᠯ︶ ᠤᠨ ᠬᠠᠮᠤᠭ ᠥᠨᠳᠥᠷ ᠬᠢᠵᠠᠭᠠᠷ ᠲᠤᠭ᠎ᠠ ᠪᠢᠰᠢ᠂ ᠡᠪᠡᠳᠴᠢᠲᠡᠨ ᠢ ᠬᠦᠯᠢᠶᠡᠨ ᠠᠪᠴᠤ ᠵᠠᠰᠠᠬᠤ ᠵᠠᠷᠤᠳᠠᠯ ᠨᠢ ᠡᠨᠡ ᠪᠠᠷᠢᠮᠵᠢᠶ᠎ᠠ ᠠᠴᠠ ᠥᠨᠳᠥᠷ ᠪᠠᠶᠢᠬᠤ ᠨᠢ ᠮᠠᠰᠢ ᠡᠩ ᠤᠨ ᠨᠢᠭᠡ ᠤᠴᠢᠷ ᠪᠣᠯᠣᠨ᠎ᠠ᠃ ᠤᠴᠢᠷ ᠨᠢ ᠡᠮᠴᠢᠯᠡᠭᠡᠨ ᠤ ᠪᠠᠶᠢᠭᠤᠯᠤᠮᠵᠢ ᠶᠢᠨ ᠲᠠᠯ᠎ᠠ ᠠᠴᠠ ᠠᠪᠴᠤ ᠬᠡᠯᠡᠪᠡᠯ᠂ ᠪᠠᠰᠠ ᠮᠠᠰᠢ ᠣᠯᠠᠨ ᠲᠣᠰ ᠪᠡᠶ᠎ᠡ ᠶᠢᠨ ᠵᠠᠷᠤᠳᠠᠯ ᠤᠨ ᠪᠠᠷᠢᠮᠵᠢᠶ᠎ᠠ ᠨᠢ ᠲᠦᠯᠦᠪᠦᠷᠢ ᠥᠭᠬᠦ ᠪᠠᠷᠢᠮᠵᠢᠶ᠎ᠠ ᠠᠴᠠ ᠳᠤᠤᠷ᠎ᠠ ᠪᠠᠶᠢᠭ᠎ᠠ ᠡᠪᠡᠳᠴᠢᠨ ᠤ ᠵᠢᠱᠢᠶ᠎ᠡ ᠶᠢ ᠭᠥᠯᠢᠶᠡᠨ ᠠᠪᠴᠤ ᠡᠮᠨᠡᠨ ᠵᠠᠰᠠᠵᠤ᠂ ᠡᠲᠡᠭᠡᠷ ᠡᠪᠡᠳᠴᠢᠨ ᠤ ᠵᠢᠱᠢᠶ᠎ᠡ ᠳᠤ ᠦᠯᠡᠳᠡᠪᠦᠷᠢ ᠱᠠᠩᠨᠠᠯ ᠣᠯᠭᠤᠭᠰᠠᠨ ᠪᠥᠭᠡᠳ ᠪᠠᠰᠠ ᠬᠡᠪ ᠤᠨ ᠶᠣᠰᠣᠭᠠᠷ ᠡᠮᠨᠡᠨ ᠵᠠᠰᠠᠬᠤ ᠪᠠ ᠲᠦᠯᠦᠪᠦᠷᠢ ᠥᠭᠬᠦ ᠪᠠᠷᠢᠮᠵᠢᠶ᠎ᠠ ᠠᠴᠠ ᠥᠨᠳᠥᠷ ᠲᠡᠳᠡᠭᠡᠷ ᠡᠪᠡᠳᠴᠢᠨ ᠤ ᠵᠢᠱᠢᠶ᠎ᠡ ᠶᠢ ᠡᠮᠨᠡᠨ ᠵᠠᠰᠠᠬᠤ ᠬᠡᠷᠡᠭᠲᠡᠶ᠃ ᠣᠯᠬᠤ ᠶᠢ ᠮᠡᠳᠡᠭᠡᠳ ᠭᠠᠷᠭᠠᠬᠤ ᠶᠢ ᠮᠡᠳᠡᠬᠦ ᠦᠭᠡᠢ᠂ ᠳᠡᠯᠡᠬᠡᠢ ᠳᠤ ᠡᠶᠢᠮᠦ ᠶᠣᠰᠣ ᠭᠡᠵᠦ ᠪᠠᠶᠢᠬᠤ ᠦᠭᠡᠢ ᠶᠤᠮ᠃ ᠭᠡᠪᠡᠴᠦ᠂ ᠣᠳᠣ ᠵᠠᠷᠢᠮ ᠡᠮᠴᠢᠯᠡᠭᠡᠨ ᠤ ᠪᠠᠶᠢᠭᠤᠯᠤᠮᠵᠢ᠂ ᠡᠮᠴᠢ ᠵᠥᠪᠬᠡᠨ ︽ᠵᠣᠭᠤᠰ ᠠᠯᠳᠠᠭᠰᠠᠨ︾ ᠡᠪᠡᠳᠴᠢᠨ ᠤ ᠵᠢᠱᠢᠶ᠎ᠡ ᠶᠢ ᠶᠠᠷᠢᠬᠤ ᠠᠴᠠ ᠪᠢᠰᠢ᠂ ︽ᠵᠣᠭᠤᠰ ᠣᠯᠤᠭᠰᠠᠨ︾ ᠡᠪᠡᠳᠴᠢᠨ᠋ ᠤ ᠵᠢᠱᠢᠶ᠎ᠡ ᠶᠢ ᠥᠴᠦᠬᠡᠨ ᠴᠤ ᠶᠠᠷᠢᠬᠤ ᠦᠭᠡᠢ ᠶᠤᠮ᠃  ᠦᠨᠡᠨ ᠳᠤ ᠪᠠᠨ᠂ DRG / DIP ᠨᠢ ᠴᠥᠮ ᠡᠮᠴᠢᠯᠡᠭᠡᠨ ᠤ ᠡᠮᠴᠢ ᠶᠢᠨ ᠡᠪᠡᠳᠴᠢᠨ ᠤ ᠳᠤᠭᠤᠶᠢᠯᠠᠩ᠂ ᠲᠥᠯᠥᠪᠦᠷᠢ ᠶᠢᠨ ᠪᠠᠷᠢᠮᠵᠢᠶ᠎ᠠ ᠶᠢ ᠰᠤᠳᠤᠯᠬᠤ ᠶᠢ ᠵᠣᠷᠢᠭᠵᠢᠭᠤᠯᠵᠤ ᠪᠠᠶᠢᠭ᠎ᠠ ᠦᠭᠡᠢ᠂ ᠬᠠᠨᠤᠮᠵᠢ ᠶᠢᠨ ᠲᠠᠯ᠎ᠠ ᠠᠴᠠ ᠠᠪᠴᠤ ᠦᠵᠡᠭᠰᠡᠨ ᠴᠤ᠂ ᠡᠮᠴᠢᠯᠡᠭᠡᠨ ᠤ ᠡᠮᠴᠢ ᠵᠥᠪᠬᠡᠨ ᠨᠢᠭᠡ ᠯᠡ ᠰᠡᠳᠭᠢᠯ ᠢᠶᠠᠷ ᠡᠪᠡᠳᠴᠢᠨ ᠵᠠᠰᠠᠵᠤ᠂ ᠵᠦᠢ ᠵᠣᠬᠢᠰᠲᠠᠢ ᠪᠠᠷ ᠣᠨᠣᠰᠢᠯᠠᠨ ᠡᠮᠨᠡᠬᠦ ᠶᠢ ᠬᠠᠮᠢᠶᠠᠷᠴᠤ᠂ ᠥᠪᠡᠷ ᠤᠨ ᠡᠮᠴᠢᠯᠡᠭᠡᠨ ᠤ ᠮᠡᠷᠭᠡᠵᠢᠯ ᠪᠣᠯᠤᠨ ᠡᠮᠴᠢ ᠶᠢᠨ ᠮᠣᠷᠠᠯ ᠢᠶᠠᠷ ᠡᠪᠡᠳᠴᠢᠲᠡᠨ ᠢ ᠰᠠᠶᠢᠨ ᠵᠠᠰᠠᠪᠠᠯ ᠪᠣᠯᠴᠢᠬᠠᠨ᠎ᠠ᠂ ᠬᠠᠮᠤᠭ ᠤᠨ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠲᠠᠯ᠎ᠠ ᠠᠴᠠ ᠠᠪᠴᠤ ᠦᠵᠡᠪᠡᠯ᠂ ᠶᠠᠮᠠᠷ ᠡᠮ ᠬᠡᠷᠡᠭᠯᠡᠬᠦ ᠵᠣᠬᠢᠰᠲᠠᠢ ᠪᠣᠯ ᠲᠡᠷᠡ ᠡᠮ ᠢ ᠨᠢ ᠬᠡᠷᠡᠭᠯᠡᠵᠦ᠂ ᠬᠡᠳᠦᠢ ᠡᠳᠦᠷ ᠰᠠᠭᠤᠬᠤ ᠶᠤᠰᠤᠲᠠᠢ ᠪᠣᠯ ᠲᠡᠳᠦᠢ ᠡᠳᠦᠷ ᠰᠠᠭᠤᠨ᠎ᠠ᠃ DRG/DIP ᠰᠦᠢᠳᠬᠡᠯ ᠲᠤᠰᠢᠶᠠᠭᠰᠠᠨ ᠤ ᠳᠠᠷᠠᠭ᠎ᠠ᠂ ᠭᠥᠯᠢᠶᠡᠨ ᠠᠪᠴᠤ ᠡᠮᠨᠡᠨ ᠵᠠᠰᠠᠬᠤ ᠡᠪᠡᠳᠴᠢᠲᠡᠨ ᠤ ᠲᠥᠷᠥᠯ ᠬᠡᠯᠪᠡᠷᠢ᠂ ᠡᠪᠡᠳᠴᠢᠨ ᠤ ᠪᠠᠶᠢᠳᠠᠯ ᠨᠢ ᠪᠠᠰᠠ ᠴᠤ ᠠᠳᠠᠯᠢ ᠪᠤᠰᠤ ᠪᠠᠶᠢᠵᠤ᠂ ᠡᠮᠴᠢᠯᠡᠭᠡᠨ ᠤ ᠮᠡᠷᠭᠡᠵᠢᠯ ᠢ ᠨᠠᠷᠢᠯᠢᠭ ᠰᠤᠳᠤᠯᠵᠤ᠂ ᠥᠪᠡᠷ ᠤᠨ ᠥᠷᠲᠡᠭ ᠢ ᠬᠢᠵᠠᠭᠠᠷᠯᠠᠨ᠂ ᠵᠦᠶ ᠵᠣᠬᠢᠰᠲᠠᠶ ᠣᠨᠣᠰᠢᠯᠠᠨ ᠡᠮᠨᠡᠳᠡᠭ ᠯᠡ ᠶᠤᠮ ᠪᠣᠯ ᠠᠷᠪᠢᠯᠠᠵᠤ ᠭᠠᠷᠭᠠᠭᠰᠠᠨ ᠵᠠᠷᠤᠳᠠᠯ ᠢ ᠡᠮᠴᠢᠯᠡᠭᠡᠨ ᠤ ᠳᠠᠭᠠᠳᠬᠠᠯ ᠠᠴᠠ ᠤᠷᠮᠠᠰᠢᠭᠤᠯᠤᠨ᠂ ᠦᠯᠡᠳᠡᠪᠦᠷᠢ ᠲᠠᠯ᠎ᠠ ᠠᠴᠠ ᠨᠥᠬᠦᠪᠥᠷᠢ ᠪᠠ ᠱᠠᠩᠨᠠᠯ ᠣᠯᠭᠤᠵᠤ᠂ ᠡᠮᠴᠢᠯᠡᠭᠡᠨ ᠤ ᠪᠠᠶᠢᠭᠤᠯᠤᠮᠵᠢ ᠨᠢ ᠯᠠᠪᠲᠠᠶ ᠠᠰᠢᠭ ᠭᠥᠷᠳᠡᠬᠦ ᠪᠣᠯᠤᠨ᠎ᠠ᠃  ᠭᠡᠲᠡᠯ᠎ᠡ ᠡᠮᠴᠢᠯᠡᠭᠡᠨ ᠤ ᠡᠮᠴᠢ ᠡᠪᠡᠳᠴᠢᠲᠡᠨ ᠤ ᠳᠤᠭᠤᠶᠢᠯᠠᠩ ᠪᠠ ᠪᠠᠷᠢᠮᠵᠢᠶ᠎ᠠ ᠶᠢ ᠰᠠᠨᠠᠭᠠᠰᠢᠷᠠᠵᠤ᠂ ᠡᠮᠴᠢᠯᠡᠭᠡᠨ ᠤ ᠠᠵᠢᠯᠯᠠᠭ᠎ᠠ ᠶᠢᠨ ᠬᠤᠪᠢᠰᠤᠯᠲᠠ ᠶᠢ ᠪᠤᠢ ᠪᠣᠯᠭᠠᠵᠤ ᠮᠡᠳᠡᠬᠦ ᠪᠣᠯᠬᠤᠷ ᠡᠮᠨᠡᠨ ᠵᠠᠰᠠᠬᠤ ᠦᠢᠯᠡᠴᠢᠯᠡᠭᠡ ᠶᠢ ᠬᠦᠷᠦᠯᠴᠡᠬᠦ ᠦᠭᠡᠢ ᠪᠣᠯᠭᠠᠵᠤ᠂ ᠡᠴᠦᠰ ᠲᠤ ᠪᠠᠨ ᠡᠮᠨᠡᠯᠭᠡ ᠶᠢᠨ ᠬᠤᠷᠢᠶᠠᠨ ᠤ ᠨᠡᠷ᠎ᠡ ᠲᠥᠷᠥ ᠶᠢ ᠨᠢ ᠰᠢᠷᠬᠠᠲᠤᠭᠤᠯᠤᠨ᠂ ᠴᠢᠨᠠᠭᠰᠢᠯᠠᠪᠠᠯ ᠵᠠᠭᠠᠯᠳᠤᠯᠭ᠎ᠠ᠂ ᠬᠢᠨᠠᠯᠲᠠ ᠬᠠᠮᠢᠶᠠᠷᠤᠯᠲᠠ ᠬᠢᠯᠭᠡᠳᠡᠭ᠃ ᠨᠡᠩ ᠴᠢᠨᠠᠭᠰᠢᠯᠠᠪᠠᠯ᠂ ᠡᠮ ᠡᠮᠨᠡᠯᠭᠡ ᠶᠢᠨ ᠪᠠᠶᠢᠭᠤᠯᠤᠮᠵᠢ ᠨᠢ DRG/DIP ᠶᠢᠨ ᠣᠯᠵᠠᠪᠤᠷᠢ ᠲᠠᠢ ᠰᠢᠭᠤᠳ ᠬᠤᠯᠪᠣᠭᠳᠠᠭᠤᠯᠪᠠᠯ᠂ ᠳᠠᠷᠤᠶ ᠨᠡᠶᠢᠲᠡᠯᠢᠭ ᠲᠠᠬᠢᠶ᠎ᠠ ᠠᠯᠠᠵᠤ ᠥᠨᠳᠡᠭᠡ ᠠᠪᠬᠤ ᠨᠢ ᠡᠮᠴᠢ ᠨᠠᠷ ᠤᠨ ᠬᠤᠪᠢ ᠬᠥᠮᠦᠨ ᠤ ᠠᠰᠢᠭ ᠲᠤᠰᠠ ᠠᠴᠠ ᠡᠭᠦᠰᠦᠨ ᠡᠪᠡᠳᠴᠢᠲᠡᠨ ᠤ ᠠᠰᠢᠭ ᠲᠤᠰᠠ ᠶᠢ ᠬᠤᠬᠢᠷᠠᠭᠤᠯᠵᠤ ᠮᠡᠳᠡᠨ᠎ᠡ ᠂ ᠵᠠᠯᠭᠠᠭᠠᠳ ᠡᠮᠴᠢᠯᠡᠭᠡᠨ ᠤ ᠠᠮᠤᠷ ᠲᠦᠪᠰᠢᠨ᠂ ᠡᠮᠴᠢᠯᠡᠭᠡᠨ ᠤ ᠶᠠᠰᠤ ᠴᠢᠨᠠᠷ᠂ ᠡᠮᠨᠡᠯᠭᠡ ᠶᠢᠨ ᠬᠤᠷᠢᠶᠠᠨ ᠤ ᠮᠠᠭᠲᠠᠭᠠᠯ᠂ ᠡᠮᠨᠡᠯᠭᠡ ᠶᠢᠨ ᠬᠤᠷᠢᠶᠠᠨ ᠤ ᠨᠥᠯᠥᠭᠡᠯᠡᠬᠦ ᠬᠦᠴᠦᠨ ᠵᠡᠷᠭᠡ ᠳᠤ ᠴᠥᠮ ᠬᠦᠨᠳᠦ ᠨᠣᠴᠢᠲᠠᠶ ᠨᠠᠵᠠᠭᠠᠶ ᠨᠥᠯᠥᠭᠡ ᠦᠵᠡᠭᠦᠯᠪᠡᠯ ᠂ ᠣᠯᠵᠠ ᠨᠢ ᠭᠠᠷᠤᠵᠠᠨ ᠳᠤ ᠪᠠᠨ ᠬᠦᠷᠬᠦ ᠦᠭᠡᠢ ᠶᠠᠪᠤᠳᠠᠯ ᠪᠣᠯᠣᠨ᠎ᠠ᠃  ᠬᠡᠯᠡᠯᠭᠡᠨ ᠦᠭᠡᠢ᠂ ᠡᠮᠴᠢᠯᠡᠭᠡ ᠪᠣᠯ ᠨᠢᠭᠡᠨ ᠲᠦᠢᠯ ᠤᠨ ᠪᠤᠳᠤᠯᠢᠶᠠᠨᠲᠠᠢ ᠲᠣᠭᠲᠠᠯᠴᠠᠭ᠎ᠠ ᠮᠥᠨ᠂ ᠡᠪᠡᠳᠴᠢᠲᠡᠨ ᠤ ᠪᠠᠶᠢᠳᠠᠯ ᠠᠳᠠᠯᠢ ᠦᠭᠡᠢ᠂ ᠴᠥᠭᠡᠨ ᠲᠣᠭᠠᠨ ᠤ ᠡᠪᠡᠳᠴᠢᠲᠡᠨ ᠤ ᠡᠮᠨᠡᠨ ᠵᠠᠰᠠᠬᠤ ᠵᠠᠷᠤᠳᠠᠯ ᠨᠢ ᠡᠪᠡᠳᠴᠢᠨ ᠤ ᠳᠤᠭᠤᠶᠢᠯᠠᠩ ᠤᠨ ᠪᠠᠷᠢᠮᠵᠢᠶ᠎ᠠ ᠠᠴᠠ ᠬᠤᠯᠠ ᠳᠠᠪᠠᠭ᠋ᠤ ᠪᠠᠶᠢᠳᠠᠯ ᠴᠤ ᠭᠠᠷᠴᠤ ᠮᠡᠳᠡᠨ᠎ᠠ᠃ DRG/DIP ᠨᠢ ᠡᠭᠦᠨ ᠳᠤ ᠪᠠᠰᠠ ᠣᠨᠴᠠᠭᠠᠶ ᠡᠪᠡᠳᠴᠢᠨ ᠤ ᠵᠢᠱᠢᠶ᠎ᠡ ᠶᠢᠨ ᠲᠣᠭᠠᠴᠠᠭ᠎ᠠ ᠬᠢᠬᠦ ᠲᠦᠷᠢᠮ ᠢ ᠲᠤᠰᠬᠠᠶᠢᠯᠠᠨ ᠳᠣᠭᠢᠷᠠᠭᠤᠯᠪᠠ᠂ ᠲᠤᠬᠠᠶᠢᠯᠠᠪᠠᠯ ᠪᠠᠷᠢᠮᠵᠢᠶ᠎ᠠ ᠠᠴᠠ ᠬᠤᠯᠠ ᠬᠡᠲᠦᠷᠡᠭᠰᠡᠨ ᠡᠪᠡᠳᠴᠢᠨ ᠤ ᠵᠢᠱᠢᠶ᠎ᠡ ᠶᠢ ᠥᠨᠳᠥᠷ ᠳᠠᠬᠢᠨ ᠨᠣᠷᠮ᠎ᠠ ᠶᠢᠨ ᠡᠪᠡᠳᠴᠢᠨ ᠤ ᠵᠢᠱᠢᠶ᠎ᠡ ᠳᠤ ᠣᠷᠣᠭᠤᠯᠵᠤ᠂ ᠪᠣᠳᠠᠲᠠᠶ ᠡᠭᠦᠰᠦᠭᠰᠡᠨ ᠵᠠᠷᠤᠳᠠᠯ ᠢ ᠦᠨᠳᠦᠰᠦᠯᠡᠨ ᠳ᠋ᠦᠩᠨᠡᠨ ᠪᠤᠳᠤᠵᠤ ᠪᠣᠯᠤᠨ᠎ᠠ᠃ ᠵᠠᠷᠢᠮ ᠣᠨᠴᠠᠭᠠᠢ ᠪᠠᠶᠢᠳᠠᠯ ᠳᠤ᠂ ᠡᠮᠴᠢᠯᠡᠭᠡᠨ ᠤ ᠪᠠᠶᠢᠭᠤᠯᠤᠮᠵᠢ ᠶᠢᠨ ᠭᠤᠶᠤᠴᠢᠯᠠᠨ ᠮᠡᠳᠡᠭᠦᠯᠬᠦ ᠪᠠᠷ ᠳᠠᠮᠵᠢᠭᠠᠳ ᠪᠠᠰᠠ ᠣᠨᠴᠠᠭᠠᠢ ᠡᠪᠡᠳᠴᠢᠨ ᠤ ᠳᠡᠩ ᠵᠥᠪᠯᠡᠬᠦ ᠵᠦᠢᠯ ᠳᠤ ᠣᠷᠣᠭᠤᠯᠵᠤ᠂ ᠥᠨᠳᠥᠷ ᠳᠠᠬᠢᠨ ᠨᠣᠷᠮ᠎ᠠ ᠶᠢᠨ 5%᠂ ᠣᠨᠴᠠᠭᠠᠢ ᠡᠪᠡᠳᠴᠢᠨ ᠤ ᠭᠠᠭᠴᠠ ᠲᠠᠯ᠎ᠠ ᠠᠴᠠ ᠵᠥᠪᠯᠡᠬᠦ 3% ᠶᠢᠨ ᠬᠠᠷᠢᠴᠠᠯ ᠢᠶᠠᠷ ᠪᠤᠳᠤᠪᠠᠯ᠂ 8% ᠨᠢ ᠶᠡᠷᠦᠩᠬᠡᠶ ᠳᠤ ᠪᠠᠨ ᠡᠮᠴᠢᠯᠡᠭᠡᠨ ᠤ ᠪᠠᠶᠢᠭᠤᠯᠤᠮᠵᠢ ᠶᠢᠨ ᠣᠨᠴᠠᠭᠠᠢ ᠪᠠᠶᠢᠳᠠᠯ ᠤᠨ ᠣᠨᠴᠠᠭᠠᠢ ᠬᠡᠷᠡᠭᠴᠡᠭᠡ ᠶᠢ ᠬᠠᠩᠭᠠᠵᠤ ᠳᠡᠶᠢᠯᠬᠦ ᠪᠣᠯᠬᠤᠷ ᠡᠪᠡᠳᠴᠢᠲᠡᠨ ᠪᠣᠯᠤᠨ ᠡᠮᠨᠡᠯᠭᠡ ᠶᠢᠨ ᠬᠤᠷᠢᠶᠠᠨ ᠤ ᠬᠡᠪ ᠤᠨ ᠠᠰᠢᠭ ᠲᠤᠰᠠ ᠶᠢ ᠨᠡᠩ ᠰᠠᠶᠢᠲᠤᠷ ᠬᠠᠮᠠᠭᠠᠯᠠᠵᠤ ᠳᠡᠶᠢᠯᠦᠨ᠎ᠡ᠃ ᠥᠨᠳᠥᠷ ᠳᠠᠬᠢᠨ ᠨᠣᠷᠮ᠎ᠠ ᠪᠠᠷ ᠡᠪᠡᠳᠴᠢᠯᠡᠭᠰᠡᠨ ᠡᠪᠡᠳᠴᠢᠨ ᠤ ᠵᠢᠱᠢᠶ᠎ᠡ ᠶᠢ ᠬᠡᠷᠬᠢᠨ ᠮᠠᠭᠠᠳᠬᠠᠯᠠᠬᠤ ᠪᠣᠢ᠂ ᠬᠠᠷᠢᠴᠠᠯ ᠨᠢ ᠴᠣᠬᠤᠮ ᠬᠡᠳᠦᠢ ᠪᠠᠶᠢᠬᠤ ᠶᠣᠰᠣᠲᠠᠢ᠂ ᠡᠳᠡᠭᠡᠷ ᠪᠣᠯ ᠪᠦᠷ ᠮᠡᠷᠭᠡᠵᠢᠯ ᠤᠨ ᠠᠰᠠᠭᠤᠳᠠᠯ ᠮᠥᠨ᠂ ᠪᠦᠷ ᠲᠣᠬᠢᠷᠠᠭᠤᠯᠵᠤ ᠪᠣᠯᠣᠨ᠎ᠠ᠃ ᠦᠨᠡᠨ ᠳᠤ ᠪᠠᠨ᠂ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠪᠣᠯᠤᠨ ᠡᠮ ᠡᠮᠨᠡᠯᠭᠡ ᠶᠢᠨ ᠪᠠᠶᠢᠭᠤᠯᠤᠮᠵᠢ ᠯᠠᠪᠲᠠᠢ ᠵᠥᠪᠳᠡᠯᠴᠡᠵᠦ ᠬᠡᠯᠡᠯᠴᠡᠭᠡ ᠬᠢᠬᠦ ᠬᠠᠷᠢᠯᠴᠠᠬᠤ ᠵᠣᠬᠢᠴᠠᠮᠵᠢ ᠶᠢ ᠪᠠᠶᠢᠭᠤᠯᠵᠤ᠂ ᠡᠮ ᠡᠮᠨᠡᠯᠭᠡ ᠶᠢᠨ ᠪᠠᠶᠢᠭᠤᠯᠤᠮᠵᠢ ᠶᠢᠨ ᠵᠦᠢ ᠶᠣᠰᠣᠨ ᠤ ᠭᠤᠮᠣᠳᠠᠯ ᠱᠠᠭᠠᠷᠳᠠᠯᠭ᠎ᠠ ᠳᠤ ᠲᠥᠷᠥ ᠶᠢᠨ ᠪᠣᠳᠣᠯᠭ᠎ᠠ ᠳᠦᠷᠢᠮ ᠢᠶᠠᠨ ᠦᠷᠭᠦᠯᠵᠢᠯᠡᠨ ᠲᠠᠰᠤᠷᠠᠯᠲᠠ ᠦᠭᠡᠢ ᠰᠠᠶᠢᠵᠢᠷᠠᠭᠤᠯᠵᠤ᠂ ᠬᠠᠮᠤᠭ ᠡᠴᠦᠰ ᠲᠤ ᠬᠠᠮᠤᠭ ᠶᠡᠭᠡ ᠢᠵᠢᠯ ᠲᠥᠪᠲᠦ ᠲᠣᠭᠤᠷᠢᠭ ᠢᠶᠠᠨ ᠰᠠᠶᠢᠲᠤᠷ ᠵᠢᠷᠤᠭᠯᠠᠬᠤ᠂ ᠬᠠᠮᠤᠭ ᠶᠡᠭᠡ ᠶᠡᠷᠦᠩᠬᠡᠢ ᠬᠤᠷᠢᠶᠠᠭᠴᠢ ᠲᠤᠭ᠎ᠠ ᠶᠢ ᠣᠯᠬᠤ ᠪᠠᠷ ᠴᠢᠷᠮᠠᠶᠢᠨ᠎ᠠ᠃ ︵ᠬᠤᠨᠠᠨ ᠮᠤᠵᠢ ᠶᠢᠨ ᠡᠮᠴᠢᠯᠡᠭᠡᠨ ᠤ ᠪᠠᠳᠤᠯᠠᠭ᠎ᠠ ᠶᠢᠨ ᠲᠤᠪᠴᠢᠶ᠎ᠠ ᠶᠢᠨ ᠡᠮ ᠡᠮᠨᠡᠯᠭᠡ ᠶᠢᠨ ᠦᠢᠯᠡᠴᠢᠯᠡᠭᠡᠨ ᠤ ᠭᠠᠵᠠᠷ ᠤᠨ ᠯᠢ ᠶᠤᠸᠠᠢ ᠹᠠᠩ︶ 
 
ᠢᠷᠡᠯᠲᠡ᠄ ᠤᠯᠤᠰ ᠤᠨ ᠡᠮᠴᠢᠯᠡᠭᠡᠨ ᠤ ᠪᠠᠳᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号