︽ᠡᠮᠴᠢᠯᠡᠭᠡ ᠶᠢᠨ ᠦᠢᠯᠡᠴᠢᠯᠡᠬᠡᠨ ᠤ ᠦᠨ᠎ᠡ︾ ᠳᠤ ᠲᠣᠬᠢᠷᠠᠭᠤᠯᠤᠯᠲᠠ ᠬᠢᠬᠦ ᠨᠢ ᠡᠪᠡᠳᠴᠢᠨ ᠦᠵᠡᠭᠦᠯᠬᠦ ᠳᠤ ᠦᠨ᠎ᠡ ᠦᠰᠬᠡᠭᠦ ᠭᠡᠰᠡᠨ ᠶᠠᠪᠤᠲᠠᠯ ᠪᠢᠰᠢ
ᠨᠡᠶᠢᠲᠡᠯᠡᠭᠰᠡᠨ ᠴᠠᠭ᠄
2024/4/11
  ᠳᠣᠣᠷᠠᠬᠢ ᠵᠣᠬᠢᠶᠠᠯ ᠨᠢ ᠠᠵᠤ ᠠᠬᠤᠢ ᠶᠢᠨ ᠠᠵᠢᠭᠯᠠᠯᠲᠠ ᠮᠡᠳᠡᠭᠦᠯᠦᠯᠲᠡ ᠰᠣᠨᠢᠨ ᠠᠴᠠ ᠢᠷᠡᠯᠲᠡ ᠲᠠᠢ᠂ ᠵᠣᠬᠢᠶᠠᠭᠴᠢ ᠬᠤᠸᠠ ᠰᠢᠤᠸᠠᠢ ᠹᠧᠩ᠃ ᠤᠤᠯ ᠭᠠᠷᠴᠠᠭ᠄ ︽ᠡᠮᠴᠢᠯᠡᠭᠡ ᠶᠢᠨ ᠦᠢᠯᠡᠴᠢᠯᠡᠭᠡᠨ ᠤ ᠦᠨ᠎ᠡ︾ ᠶᠢ ᠥᠰᠭᠡᠬᠦ ᠨᠢ ᠡᠪᠡᠳᠴᠢᠨ ᠦᠵᠡᠭᠦᠯᠬᠦ ᠳᠤ ᠦᠨ᠎ᠡ ᠥᠰᠭᠡᠬᠦ ᠭᠡᠰᠡᠨ ᠶᠠᠪᠤᠳᠠᠯ ᠪᠢᠰᠢ᠃  ᠣᠶᠢᠷ᠎ᠠ ᠳᠤ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠯᠪᠠᠨ ᠪᠢᠴᠢᠭ ᠲᠠᠷᠬᠠᠭᠠᠵᠤ᠂ ᠡᠮᠴᠢᠯᠡᠭᠡ ᠶᠢᠨ ᠦᠢᠯᠡᠴᠢᠯᠡᠭᠡᠨ ᠤ ᠦᠨ᠎ᠡ ᠶᠢᠨ ᠥᠭᠡᠷᠡᠴᠢᠯᠡᠯᠲᠡ ᠶᠢᠨ ᠲᠤᠷᠰᠢᠯᠲᠠ ᠶᠢ ᠥᠪᠥᠷ ᠮᠣᠩᠭᠤᠯ᠂ ᠵᠧᠵᠢᠶᠠᠩ᠂ ᠰᠧᠴᠤᠸᠠᠨ 3 ᠮᠣᠵᠢ ᠳᠤ ᠬᠦᠷᠲᠡᠯ᠎ᠡ ᠥᠷᠭᠡᠳᠭᠡᠬᠦ ᠪᠣᠯᠤᠨ᠎ᠠ᠃ 2021 ᠣᠨ ᠤ 8 ᠳ᠋ᠤᠭᠠᠷ ᠰᠠᠷ᠎ᠠ ᠳᠤ᠂ ᠵᠢᠶᠠᠩᠰᠢ ᠶᠢᠨ ᠭᠠᠨᠵᠸᠤ᠂ ᠵᠢᠶᠠᠩᠰᠦ ᠶᠢᠨ ᠰᠦᠵᠧᠦ᠂ ᠹᠦᠵᠢᠶᠠᠨ ᠤ ᠰᠢᠶᠠᠮᠧᠨ᠂ ᠾᠧᠪᠸᠢ ᠶᠢᠨ ᠲᠠᠩ ᠱᠠᠨ᠂ ᠰᠧᠴᠤᠸᠠᠨ ᠤ ᠯᠧ ᠱᠠᠨ ᠵᠡᠷᠭᠡ 5 ᠬᠤᠳᠠ ᠲᠤᠷᠰᠢᠯᠲᠠ ᠶᠢᠨ ᠴᠡᠭ ᠪᠣᠯᠤᠭᠰᠠᠨ ᠤ ᠬᠤᠪᠢ ᠳᠤ᠂ ᠡᠮᠴᠢᠯᠡᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢ ᠶᠡᠭᠡ ᠬᠡᠪᠴᠢᠶ᠎ᠡ ᠪᠠᠷ ᠲᠤᠬᠢᠷᠠᠭᠤᠯᠬᠤ ᠥᠭᠡᠷᠡᠴᠢᠯᠡᠯᠲᠡ ᠶᠢ ᠥᠷᠨᠢᠭᠦᠯᠪᠡ᠃  ᠡᠨᠡ ᠨᠢ ᠠᠳᠡᠭᠦᠦ ᠣᠶᠢᠯᠠᠭᠠᠯᠲᠠ ᠭᠠᠷᠭᠠᠬᠤ ᠮᠠᠭᠠᠳ᠃ ᠬᠦᠮᠦᠰ ︽ᠡᠮᠴᠢᠯᠡᠭᠡ ᠶᠢᠨ ᠦᠢᠯᠡᠴᠢᠯᠡᠬᠡᠨ ᠤ ᠦᠨ᠎ᠡ︾ ᠶᠢ ︽ᠡᠮᠴᠢᠯᠡᠭᠡ ᠶᠢᠨ ᠦᠨ᠎ᠡ︾ ᠲᠠᠢ ᠠᠲᠠᠯᠢ ᠪᠤᠯᠭᠠᠬᠤ ᠶᠢᠨ ᠳᠦᠯᠦᠬᠡ ᠨᠠᠵᠠᠭᠠᠢ ᠰᠡᠳᠬᠢᠯᠬᠡ ᠭᠠᠷᠴᠦ ᠪᠠᠶᠢᠨ᠎ᠠ — ᠤᠲᠤ ᠡᠪᠡᠳᠴᠢᠨ ᠦᠵᠡᠭᠦᠯᠭᠦ ᠳᠤ ᠦᠨᠡᠲᠡᠢ᠂ ᠬᠦᠴᠢᠷ᠂ ᠪᠠᠰᠠ ᠦᠨ᠎ᠡ ᠶᠢ ᠨᠢ ᠥᠰᠭᠡᠨ᠎ᠡ᠂ ᠴᠣᠬᠤᠮ ᠬᠦᠮᠦᠨ ᠢ ᠠᠮᠢᠲᠤᠷᠠᠭᠤᠯᠬᠤ ᠶᠤᠮ ᠦᠦ ᠦᠭᠡᠢ ᠶᠤᠮ ᠦᠦ︖  ᠭᠡᠪᠡᠴᠦ ᠦᠨᠡᠨ ᠳᠤ ᠪᠠᠨ᠂ ᠪᠢᠳᠡ ᠤᠷᠢᠳ ᠢᠶᠠᠷ ᠨᠢᠭᠡ ᠤᠬᠠᠭᠳᠠᠬᠤᠨ ᠢ ᠲᠣᠲᠤᠷᠬᠠᠢ ᠪᠣᠯᠭᠠᠬᠤ ᠬᠡᠷᠡᠭᠲᠡᠢ᠂ ︽ᠡᠮᠴᠢᠯᠡᠭᠡ ᠶᠢᠨ ᠦᠢᠯᠡᠴᠢᠯᠡᠭᠡᠨ ᠤ ᠦᠨ᠎ᠡ︾ ᠪᠣᠯ ︽ᠡᠮᠴᠢᠯᠡᠭᠡ ᠶᠢᠨ ᠦᠨ᠎ᠡ︾ ᠪᠢᠰᠢ᠃ ᠡᠮᠴᠢᠯᠡᠭᠡ ᠶᠢᠨ       ᠦᠨ᠎ᠡ = ᠡᠮᠴᠢᠯᠡᠭᠡ ᠶᠢᠨ ᠦᠢᠯᠡᠴᠢᠯᠡᠭᠡᠨ ᠤ ᠦᠨ᠎ᠡ + ᠡᠮ ᠡᠮᠨᠡᠯᠭᠡ ᠵᠢᠴᠢ ᠬᠤᠷᠣᠭᠳᠠᠯ ᠮᠠᠲ᠋ᠧᠷᠢᠶᠠᠯ ᠤᠨ ᠦᠨ᠎ᠡ ᠭᠡᠵᠦ ᠢᠩᠭᠢᠵᠦ ᠳᠥᠭᠦᠮᠬᠡᠨ ᠢᠶᠠᠷ ᠣᠶᠢᠯᠠᠭᠠᠵᠤ ᠪᠣᠯᠤᠨ᠎ᠠ᠃ ᠡᠶᠢᠮᠦ ᠠᠴᠠ᠂ ᠡᠮᠴᠢᠯᠡᠭᠡ ᠶᠢᠨ ᠦᠨ᠎ᠡ ᠨᠢ ᠬᠡᠲᠦᠷᠬᠡᠶ ᠶᠡᠭᠡ ᠬᠤᠪᠢᠷᠠᠯᠲᠠ ᠭᠠᠷᠬᠤ ᠥᠬᠡᠶ ᠪᠠᠶᠢᠳᠠᠯ ᠳᠣᠤᠷ᠎ᠠ᠂ ᠡᠮ ᠡᠮᠨᠡᠯᠭᠡ ᠶᠢᠨ ᠬᠤᠷᠣᠭᠳᠠᠯ ᠮᠠᠲ᠋ᠧᠷᠢᠶᠠᠯ ᠤᠨ ᠬᠡᠷᠡᠭᠯᠡᠯᠲᠡ ᠶᠢ ᠠᠯᠢ ᠴᠢᠳᠠᠬᠤ ᠪᠠᠷ ᠪᠠᠭᠤᠷᠠᠭᠤᠯᠵᠤ᠂ ᠡᠮᠴᠢᠯᠡᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢ ᠳᠡᠭᠡᠭᠰᠢᠯᠡᠭᠦᠯᠵᠦ ᠪᠣᠯᠤᠨ᠎ᠠ᠃  ᠡᠮ ᠡᠮᠨᠡᠯᠭᠡ ᠶᠢᠨ ᠬᠤᠷᠣᠭᠳᠠᠯ ᠮᠠᠲ᠋ᠧᠷᠢᠶᠠᠯ ᠢ ᠪᠠᠭᠤᠷᠠᠭᠤᠯᠵᠤ᠂ ᠡᠮᠴᠢᠯᠡᠭᠡ ᠶᠢᠨ ᠦᠢᠯᠡᠴᠢᠯᠡᠭᠡᠨ ᠤ ᠦᠨ᠎ᠡ ᠶᠢ ᠳᠡᠭᠡᠭᠰᠢᠯᠡᠭᠦᠯᠬᠦ ᠬᠠᠮᠤᠭ ᠤᠨ ᠨᠡᠶᠢᠲᠡᠯᠢᠭ ᠵᠢᠱᠢᠶ᠎ᠡ ᠪᠣᠯ ᠳᠠᠷᠤᠶ ᠡᠮᠴᠢ ᠶᠢ ᠦᠨᠡᠳᠡᠢ ᠠᠮᠠᠯᠠᠭᠤᠯᠬᠤ ᠪᠠᠭᠠᠵᠢ ᠶᠢ ᠬᠡᠷᠡᠭᠯᠡᠭᠦᠯᠬᠦ ᠦᠭᠡᠢ᠂ ᠦᠨ᠎ᠡ ᠲᠥᠯᠥᠪᠦᠷᠢ ᠦᠭᠡᠢ ᠵᠡᠭᠦᠦ ᠤᠲᠠᠰᠤ ᠪᠠᠷ ᠥᠭᠡᠷᠡᠴᠢᠯᠡᠨ ᠬᠡᠷᠡᠭᠯᠡᠭᠦᠯᠵᠦ᠂ ᠨᠢᠭᠡ ᠵᠡᠭᠦᠦ ᠨᠢᠭᠡ ᠤᠲᠠᠰᠤ ᠪᠠᠷ ᠬᠥᠮᠦᠨ ᠤ ᠬᠦᠴᠦ ᠪᠠᠷ ᠠᠮᠠᠯᠠᠭᠤᠯᠤᠨ᠎ᠠ᠃ ᠳᠠᠷᠠᠭ᠎ᠠ ᠨᠢ᠂ ᠡᠪᠡᠳᠴᠢᠲᠡᠨ ᠪᠠ ᠡᠮᠴᠢᠯᠡᠭᠡᠨ ᠤ ᠳᠠᠭᠠᠳᠬᠠᠯ ᠨᠢ ᠪᠠᠭᠠᠵᠢ ᠶᠢᠨ ᠦᠢᠯᠡᠳᠪᠦᠷᠢ ᠶᠢᠨ ᠣᠯᠤᠭᠰᠠᠨ ᠵᠤᠭᠤᠰ ᠢ ᠡᠮᠴᠢ ᠪᠠ ᠰᠤᠪᠢᠯᠠᠭᠴᠢ ᠳᠤ ᠥᠭᠭᠦᠨ᠎ᠡ᠃ ᠡᠮᠴᠢ ᠰᠤᠪᠢᠯᠠᠭᠴᠢ ᠨᠡᠷ᠎ᠡ ᠲᠥᠷᠦ ᠲᠠᠢ ᠣᠷᠣᠯᠭ᠎ᠠ ᠣᠯᠵᠤ᠂ ᠡᠪᠡᠳᠴᠢᠲᠡᠨ ᠳᠤ ᠪᠠᠰᠠ ᠢᠯᠡᠭᠦᠴᠡ ᠵᠠᠷᠤᠯᠭ᠎ᠠ       ᠦᠭᠡᠢ᠂ ᠴᠢᠨᠠᠭᠰᠢᠯᠠᠪᠠᠯ ᠡᠮᠴᠢᠯᠡᠭᠡᠨ ᠤ ᠳᠠᠭᠠᠳᠬᠠᠯ ᠤᠨ ᠲᠠᠩᠰᠠ ᠴᠠᠶᠢᠷᠠᠭᠤᠯᠬᠤ ᠬᠠᠷᠢᠴᠠᠯ ᠴᠤ ᠥᠨᠳᠥᠷ ᠪᠣᠯᠣᠨ᠎ᠠ᠃ ᠡᠮᠴᠢᠯᠡᠭᠡᠨ ᠤ ᠳᠠᠭᠠᠳᠬᠠᠯ ᠳᠤ ᠠᠪᠴᠤ ᠬᠡᠯᠡᠪᠡᠯ᠂ ᠵᠣᠭᠤᠰ ᠢᠶᠠᠨ ᠡᠮᠨᠡᠯᠭᠡ ᠶᠢᠨ ᠬᠤᠷᠢᠶᠠᠨ ᠳᠤ ᠥᠭᠭᠦᠭᠡᠳ ᠬᠠᠷᠢᠨ ᠪᠠᠭᠠᠵᠢ ᠶᠢᠨ ᠬᠤᠳᠠᠯᠳᠤᠭ᠎ᠠ ᠳᠤ ᠦᠭᠭᠦᠭᠰᠡᠨ ᠦᠭᠡᠢ ᠨᠢ ᠪᠠᠰᠠ ᠴᠤ ᠬᠡᠯᠪᠡᠷᠢ ᠶᠢ ᠨᠢ ᠥᠭᠡᠷᠡᠲᠦᠭᠦᠯᠦᠨ ᠠᠯᠪᠠᠨ ᠤ ᠡᠮᠨᠡᠯᠭᠡ ᠶᠢᠨ ᠬᠤᠷᠢᠶᠠᠨ ᠳᠤ ᠦᠵᠡᠭᠦᠯᠬᠦ ᠳᠡᠮᠵᠢᠯᠭᠡ ᠶᠢ ᠠᠷᠪᠢᠯᠠᠵᠠᠢ᠃ ︵ᠬᠡᠳᠦᠶᠢᠪᠡᠷ ᠰᠢᠭᠤᠳ ᠠᠳᠠᠯᠢ ᠦᠭᠡᠢ ᠪᠣᠯᠪᠠᠴᠤ︶  ᠭᠡᠪᠡᠴᠦ ᠡᠭᠦᠨ ᠳᠤ ᠪᠠᠰᠠ ᠬᠡᠳᠦᠨ ᠠᠰᠠᠭᠤᠳᠠᠯ ᠢ ᠠᠩᠬᠠᠷᠬᠤ ᠬᠡᠷᠡᠭᠲᠡᠶ᠃  ᠨᠢᠭᠡᠳᠦᠭᠡᠷ ᠲᠤ᠂ ᠪᠠᠭᠠᠵᠢ ᠶᠢᠨ ᠵᠠᠷᠤᠳᠠᠯ ᠢ ᠠᠷᠪᠢᠯᠠᠭᠰᠠᠨ ᠤ ᠳᠠᠷᠠᠭ᠎ᠠ᠂ ᠡᠮᠴᠢᠯᠡᠭᠡ ᠶᠢᠨ ᠦᠢᠯᠡᠴᠢᠯᠡᠭᠡᠨ ᠤ ᠵᠠᠷᠤᠳᠠᠯ ᠢ ᠳᠡᠭᠡᠭᠰᠢᠯᠡᠭᠦᠯᠵᠦ ᠪᠣᠯᠤᠨ᠎ᠠ ᠤᠤ ᠦᠭᠡᠢ ᠤᠤ︖ ᠬᠡᠷᠪᠡ ᠪᠠᠭᠠᠵᠢ ᠶᠢᠨ ᠵᠠᠷᠤᠳᠠᠯ ᠢ ᠠᠷᠪᠢᠯᠠᠴᠢᠬᠠᠭᠠᠳ᠂ ᠡᠮᠴᠢᠯᠡᠭᠡ ᠶᠢᠨ ᠦᠢᠯᠡᠴᠢᠯᠡᠭᠡᠨ ᠤ ᠵᠠᠷᠤᠳᠠᠯ ᠪᠠᠰᠠ ᠬᠤᠪᠢᠷᠠᠭᠰᠠᠨ ᠦᠭᠡᠢ᠂ ᠡᠮᠴᠢ ᠶᠢ ᠬᠦᠴᠦ ᠪᠠᠨ ᠪᠠᠷᠠᠭᠠᠳ ᠠᠷᠭᠠᠳᠠᠵᠤ ᠴᠢᠳᠠᠬᠤ ᠦᠭᠡᠢ᠂ ᠠᠶᠠᠨᠳᠠᠭᠠᠨ ᠴᠤ ᠤᠷᠲᠤ ᠤᠳᠠᠭᠠᠨ ᠪᠠᠶᠢᠵᠤ ᠴᠢᠳᠠᠬᠤ ᠦᠭᠡᠢ᠃ ᠡᠨᠡ ᠨᠢ ᠲᠥᠷᠥ ᠶᠢᠨ ᠪᠣᠳᠣᠯᠭ᠎ᠠ ᠲᠣᠭᠲᠠᠭᠠᠭᠴᠢᠳ ᠢ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠡᠮᠨᠡᠯᠭᠡ ᠶᠢᠨ ᠠᠵᠢᠯᠲᠠᠨ ᠤ ᠵᠦᠢ ᠵᠣᠬᠢᠰᠲᠠᠢ ᠣᠷᠣᠯᠭ᠎ᠠ ᠶᠢ ᠪᠠᠲᠤᠯᠠᠨ᠎ᠠ᠃ ᠬᠡᠷᠪᠡ ᠡᠮᠴᠢ ᠠᠴᠠ ᠡᠮ ᠬᠡᠷᠡᠭᠯᠡᠬᠦ ᠶᠢ ᠰᠠᠨᠠᠭᠠᠴᠢᠯᠠᠭ᠎ᠠ ᠠᠴᠠ ᠪᠠᠨ ᠪᠠᠭᠤᠷᠠᠭᠤᠯᠤᠭᠠᠳ᠂ ᠥᠪᠡᠷ ᠤᠨ ᠣᠷᠣᠯᠭ᠎ᠠ ᠨᠢ ᠬᠠᠷᠢᠨ ᠳᠡᠭᠡᠭᠰᠢᠯᠡᠭᠰᠡᠨ ᠦᠭᠡᠢ ᠪᠤᠶᠤ ᠣᠯᠬᠤ ᠶᠤᠰᠤᠲᠠᠢ ᠣᠷᠣᠯᠭ᠎ᠠ ᠣᠯᠤᠭᠰᠠᠨ ᠤ ᠳᠠᠷᠠᠭ᠎ᠠ ᠡᠮᠨᠡᠯᠭᠡ ᠶᠢᠨ ᠬᠤᠷᠢᠶᠠᠨ ᠳᠤ ᠲᠠᠰᠤᠷᠠᠯᠲᠠ ᠦᠭᠡᠢ ᠰᠢᠩᠭᠡᠭᠡᠭᠳᠡᠵᠦ᠂ ᠬᠠᠮᠤᠭ ᠰᠡᠭᠦᠯ ᠳᠤ ᠥᠪᠡᠷ ᠤᠨ ᠭᠠᠷ ᠲᠤ ᠨᠢ ᠣᠷᠣᠬᠤ ᠳᠤ ᠨᠢ ᠬᠤᠪᠢᠷᠠᠯᠲᠠ ᠶᠡᠬᠡᠲᠡᠢ ᠪᠢᠰᠢ᠂ ᠢᠩᠬᠢᠬᠦ ᠳᠤ ᠡᠨᠡ ᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠳᠤ ᠮᠠᠰᠢ ᠬᠦᠴᠢᠷᠲᠡᠢ ᠶᠤᠮ᠃  ᠬᠤᠶᠠᠳᠤᠭᠠᠷ ᠲᠤ᠂ ᠡᠮᠴᠢᠯᠡᠭᠡ ᠶᠢᠨ ᠦᠢᠯᠡᠴᠢᠯᠡᠭᠡᠨ ᠤ ᠦᠨ᠎ᠡ ᠶᠢ ᠳᠡᠭᠡᠭᠰᠢᠯᠡᠭᠦᠯᠦᠭᠰᠡᠨ ᠤ ᠳᠠᠷᠠᠭ᠎ᠠ᠂ ᠡᠮᠴᠢ᠂ ᠰᠤᠪᠢᠯᠠᠭᠴᠢ ᠶᠢᠨ ᠱᠠᠭᠠᠷᠳᠠᠯᠭ᠎ᠠ ᠶᠢ ᠪᠣᠳᠠᠲᠠᠶ ᠪᠠᠷ ᠬᠡᠯᠡᠪᠡᠯ ᠨᠠᠩ ᠥᠨᠳᠥᠷ ᠪᠣᠯᠤᠨ᠎ᠠ᠃ ᠭᠡᠪᠡᠴᠦ ᠡᠨᠡ ᠨᠢ ᠡᠪᠡᠳᠴᠢᠲᠡᠨ ᠤ ᠣᠶᠢᠯᠠᠭᠠᠯᠲᠠ ᠶᠢ ᠣᠯᠵᠤ ᠴᠢᠳᠠᠨ᠎ᠠ ᠤᠤ︖ ᠬᠠᠷᠢᠴᠠᠭᠤᠯᠵᠤ ᠦᠵᠡᠪᠡᠯ᠂ ᠣᠳᠣ ᠰᠢᠷᠬᠠᠨ ᠤ ᠡᠮ ᠢ ᠰᠣᠯᠢᠬᠤ ᠳᠤ 3 ᠲᠥᠭᠦᠷᠢᠭ ᠯᠡ ᠪᠠᠶᠢᠵᠤ ᠮᠡᠳᠡᠨ᠎ᠡ᠂ ᠭᠡᠪᠡᠴᠦ ᠣᠷᠢᠶᠠᠳᠠᠰᠤ ᠶᠢᠨ ᠰᠦᠢᠳᠭᠡᠯ 30 ᠲᠥᠭᠦᠷᠢᠭ ︵ᠡᠯ᠎ᠡ ᠡᠮᠨᠡᠯᠭᠡ ᠶᠢᠨ ᠬᠤᠷᠢᠶ᠎ᠠ ᠠᠳᠠᠯᠢ ᠦᠭᠡᠢ ᠪᠠᠶᠢᠵᠤ ᠮᠡᠳᠡᠨ᠎ᠡ︶ ᠪᠣᠯ ᠢᠷᠡᠭᠡᠳᠦᠢ ᠳᠤ ᠬᠡᠷᠪᠡ ᠣᠷᠢᠶᠠᠳᠠᠰᠤ ᠪᠠᠨ ᠱᠠ ᠪᠥᠰ ᠪᠣᠯᠭᠠᠨ ᠰᠣᠯᠢᠵᠤ᠂ 3 ᠲᠥᠭᠦᠷᠢᠭ ᠤᠨ ᠰᠦᠢᠳᠭᠡᠯ ᠬᠤᠷᠢᠶᠠᠵᠤ᠂ ᠰᠢᠷᠠᠬᠠᠨ ᠤ ᠡᠮ ᠢ ᠰᠣᠯᠢᠬᠤ ᠰᠦᠢᠳᠭᠡᠯ ᠢ 30 ᠲᠥᠭᠦᠷᠢᠭ ᠬᠤᠷᠢᠶᠠᠪᠠᠯ᠂ ᠡᠪᠡᠳᠴᠢᠲᠡᠨ ᠠᠴᠠ ᠡᠮᠴᠢ ᠶᠢᠨ ᠬᠤᠷᠢᠶᠠᠵᠤ ᠪᠠᠶᠢᠭ᠎ᠠ ᠰᠦᠢᠳᠭᠡᠯ ᠨᠢ ᠵᠦᠢ ᠵᠣᠬᠢᠰ ᠦᠭᠡᠢ ᠭᠡᠵᠦ ᠦᠵᠡᠨ᠎ᠡ ᠤᠤ︖ ᠵᠥᠪᠬᠡᠨ ᠰᠫᠢᠷᠲ ᠳᠦᠷᠬᠢᠭᠡᠳ ᠨᠢᠭᠡ ᠱᠠ ᠪᠥᠰ ᠨᠠᠭᠠᠭᠠᠳ ᠯᠡ 30 ᠲᠥᠭᠦᠷᠢᠭ ᠬᠤᠷᠢᠶᠠᠪᠠᠯ ᠬᠡᠲᠦᠷᠬᠡᠢ ᠦᠨᠡᠲᠡᠢ ᠭᠡᠨ᠎ᠡ ᠦᠦ︖  ᠡᠭᠦᠨ ᠠᠴᠠ ᠡᠮᠦᠨ᠎ᠡ ᠡᠶᠢᠮᠦ ᠪᠠᠶᠢᠳᠠᠯ ᠭᠠᠷᠴᠤ ᠥᠩᠭᠡᠷᠡᠵᠡᠢ᠃ ᠡᠬᠦᠳᠡᠨ ᠡᠮᠨᠡᠯᠬᠡ ᠶᠢᠨ ᠡᠮᠴᠢᠯᠡᠨ ᠵᠠᠰᠠᠬᠤ ᠰᠦᠢᠳᠬᠡᠯ ᠢ ᠪᠠᠰᠠ ᠡᠮᠴᠢᠯᠡᠭᠡ ᠶᠢᠨ ᠦᠢᠯᠡᠴᠢᠯᠡᠬᠡᠨ ᠤ ᠵᠠᠷᠤᠳᠠᠯ ᠬᠡᠳᠡᠭ᠂ ᠦᠩᠬᠡᠷᠡᠭᠰᠡᠨ ᠳᠤ ᠵᠣᠬᠢᠬᠤ ᠬᠡᠮᠵᠢᠶᠡᠨ ᠤ ᠳᠡᠭᠡᠭᠰᠢᠯᠡᠬᠦᠯᠦᠯᠲᠡ ᠲᠠᠢ ᠪᠠᠶᠢᠪᠠ᠂ ᠤᠤᠯ ᠨᠢ ᠳ᠋ᠤᠭᠠᠷᠯᠠᠬᠤ ᠰᠦᠢᠳᠭᠡᠯ10 ᠲᠦᠭᠦᠷᠢᠭ ᠪᠠᠶᠢᠪᠠ᠂ ᠤᠳᠤ ᠡᠮᠴᠢ ᠶᠢᠨ ᠬᠢᠷᠢ ᠬᠡᠮ ᠢ ᠦᠨᠳᠤᠰᠤᠯᠡᠨ 50 ᠠᠴᠠ 100 ᠳᠦᠬᠦᠷᠢᠭ ᠤᠨ ᠬᠤᠭᠤᠷᠤᠨᠳᠤ ᠳᠡᠭᠡᠭᠰᠢᠯᠡᠭᠦᠯᠦᠭᠰᠡᠨ ᠪᠠᠶᠢᠨ᠎ᠠ᠃ ᠬᠡᠷᠪᠡ ᠡᠪᠡᠳᠴᠢᠲᠡᠨ ᠨᠢ ᠡᠭᠦᠳᠡᠨ ᠡᠮᠨᠡᠯᠭᠡ ᠦᠵᠡᠭᠦᠯᠬᠦ ᠨᠢ ᠵᠥᠪᠬᠡᠨ ᠡᠮᠴᠢ ᠲᠠᠢ ︽ᠶᠠᠷᠢᠯᠴᠠᠵᠤ ᠵᠣᠭᠤᠭᠳᠠᠭᠰᠠᠨ︾ ᠭᠡᠵᠦ ᠦᠵᠡᠵᠦ᠂ ᠡᠮ ᠠᠪᠤᠭᠰᠠᠨ ᠪᠤᠶᠤ ᠪᠠᠶᠢᠴᠠᠭᠠᠯᠲᠠ ᠬᠢᠭᠰᠡᠨ ᠦᠭᠡᠢ᠂ ᠪᠠᠰᠠ ᠡᠰᠡᠬᠦᠯ᠎ᠡ ᠡᠮᠴᠢ ᠶᠢᠨ ᠬᠠᠷᠢᠭᠤᠯᠲᠠ ᠨᠢ ᠲᠡᠭᠦᠨ ᠤ ᠬᠡᠷᠡᠭᠴᠡᠭᠡ ᠶᠢ ᠬᠠᠩᠭᠠᠵᠤ ᠴᠢᠳᠠᠭᠰᠠᠨ ᠦᠭᠡᠢ᠂ ᠲᠡᠳᠡ ᠪᠡᠨ᠎ᠡ ᠦᠭᠡᠢ ᠭᠡᠵᠦ ᠪᠣᠳᠣᠵᠤ᠂ ᠪᠤᠴᠠᠭᠠᠵᠤ ᠠᠪᠬᠤ ᠪᠠᠷ ᠱᠠᠭᠠᠷᠳᠠᠳᠠᠭ᠃ ᠡᠶᠢᠮᠦ ᠠᠴᠠ᠂ ᠡᠮᠴᠢᠯᠡᠭᠡ ᠶᠢᠨ ᠦᠢᠯᠡᠴᠢᠯᠡᠭᠡᠨ ᠤ ᠵᠠᠷᠤᠳᠠᠯ ᠤᠨ ᠥᠰᠥᠯᠲᠡ ᠨᠢ ᠡᠮᠴᠢ ᠨᠠᠷ ᠲᠤ ᠪᠠᠰᠠ ᠨᠡᠩ ᠶᠡᠭᠡ ᠳᠠᠷᠤᠯᠲᠠ ᠠᠪᠴᠢᠷᠠᠵᠠᠢ᠃ ᠡᠭᠦᠨ ᠳᠤ ᠪᠠᠰᠠ ᠰᠦᠢᠳᠭᠡᠯ ᠲᠤᠰᠢᠶᠠᠬᠤ ᠳᠠᠳᠬᠠᠯ ᠤᠨ ᠠᠰᠠᠭᠤᠳᠠᠯ ᠣᠷᠣᠰᠢᠵᠤ᠂ ᠡᠮᠴᠢ ᠶᠢᠨ ᠡᠮᠴᠢᠯᠡᠭᠡᠨ ᠤ ᠰᠠᠨᠠᠭᠤᠯᠭ᠎ᠠ ᠶᠢ ᠨᠡᠩ ᠴᠢᠬᠤᠯᠠᠴᠢᠯᠠᠪᠠᠯ ᠵᠣᠬᠢᠨ᠎ᠠ᠃ ᠭᠡᠪᠡᠴᠦ ᠶᠠᠮᠠᠷ ᠪᠣᠯᠤᠭᠰᠠᠨ ᠴᠤ ᠲᠥᠷᠥ ᠶᠢᠨ ᠪᠣᠳᠣᠯᠭ᠎ᠠ ᠲᠣᠭᠲᠠᠭᠠᠭᠰᠠᠳ ᠨᠢ ᠠᠯᠢ ᠴᠢᠳᠠᠬᠤ ᠪᠠᠷ ᠶᠡᠷᠦᠩᠬᠡᠶ ᠦᠨ᠎ᠡ ᠪᠠᠨ ᠦᠯᠦ ᠬᠤᠪᠢᠷᠠᠭᠤᠯᠬᠤ ᠪᠠᠶᠢᠳᠠᠯ ᠳᠣᠤᠷ᠎ᠠ᠂ ᠡᠮᠴᠢ ᠶᠢᠨ ᠬᠥᠳᠡᠯᠮᠦᠷᠢ ᠶᠢᠨ ᠴᠢᠨᠠᠷᠲᠠᠶ ᠣᠷᠣᠯᠭ᠎ᠠ ᠶᠢᠨ ᠡᠵᠡᠯᠡᠬᠦ ᠬᠠᠷᠢᠴᠠᠯ ᠢ ᠳᠡᠭᠡᠭᠰᠢᠯᠡᠭᠦᠯᠵᠦ᠂ ᠡᠭᠦᠨ ᠢᠶᠠᠷ ᠦᠨ᠎ᠡ ᠥᠰᠦᠭᠰᠡᠨ ᠠᠴᠠ ᠪᠣᠯᠵᠤ ᠡᠪᠡᠳᠴᠢᠲᠡᠨ ᠳᠤ ᠨᠠᠵᠠᠭᠠᠶ ᠪᠣᠳᠣᠯ ᠠᠪᠴᠢᠷᠠᠬᠤ ᠠᠴᠠ ᠵᠠᠶᠢᠯᠠᠰᠬᠢᠬᠤ ᠬᠡᠷᠡᠭᠲᠡᠶ᠃  ᠭᠤᠷᠪᠠᠳᠤᠭᠠᠷ ᠲᠤ᠂ ᠡᠮᠨᠡᠯᠭᠡ ᠶᠢᠨ ᠤᠬᠠᠭᠠᠨ ᠤ ᠲᠠᠪᠰᠢᠯᠲᠠ ᠨᠢ ᠡᠮᠴᠢᠯᠡᠭᠡᠨ ᠤ ᠪᠠᠭᠠᠵᠢ ᠪᠠ ᠡᠮ ᠤᠨ ᠵᠦᠢᠯ ᠤᠨ ᠳᠠᠪᠰᠢᠯᠲᠠ ᠠᠴᠠ ᠰᠠᠯᠵᠤ ᠴᠢᠳᠠᠬᠤ ᠦᠭᠡᠢ᠂ ᠤᠳᠤ ᠦᠶ᠎ᠡ ᠶᠢᠨ ᠡᠮᠴᠢ ᠬᠡᠷᠪᠡ ᠵᠥᠪᠬᠡᠨ ᠥᠪᠡᠷ ᠤᠨ ᠮᠡᠷᠭᠡᠵᠢᠯ ᠢᠶᠠᠷ ᠢᠶᠠᠨ ᠳᠠᠮᠵᠢᠨ ᠪᠠᠭᠠᠵᠢ ᠶᠢ ᠲᠦᠰᠢᠭᠯᠡᠬᠦ ᠦᠭᠡᠢ ᠪᠣᠯ ᠡᠮᠨᠡᠭᠦᠯᠵᠦ ᠳᠡᠶᠢᠯᠬᠦ ᠡᠪᠡᠳᠴᠢᠨ ᠨᠢ ᠲᠦᠢᠯ ᠤᠨ ᠬᠢᠵᠠᠭᠠᠷᠯᠠᠯ ᠲᠠᠢ ᠶᠤᠮ᠃ ᠵᠠᠷᠢᠮ ᠬᠥᠮᠥᠨ ᠬᠡᠯᠡᠵᠦ ᠴᠢᠳᠠᠨ᠎ᠠ ᠭᠡᠵᠦ ᠬᠡᠯᠡᠬᠦ ᠮᠠᠭᠠᠳ ᠦᠭᠡᠢ᠂ ᠤᠤᠯ ᠤᠨ ᠡᠮᠴᠢ ᠴᠤ ᠡᠪᠡᠳᠴᠢᠨ ᠵᠠᠰᠠᠵᠤ ᠴᠢᠳᠠᠬᠤ ᠪᠠᠶᠢᠭᠰᠠᠨ ᠪᠢᠰᠢ ᠦᠦ︖ ᠭᠡᠪᠡᠴᠦ ᠡᠪᠡᠳᠴᠢᠨ ᠤ ᠡᠳᠡᠭᠡᠷᠡᠯᠲᠡ ᠶᠢᠨ ᠨᠤᠷᠮ᠎ᠠ ᠭᠡᠰᠡᠨ ᠦᠭᠡᠢ᠂ ᠡᠪᠡᠳᠴᠢᠲᠡᠨ ᠤ ᠠᠮᠢᠳᠤᠷᠠᠯ ᠤᠨ ᠶᠠᠰᠤ ᠴᠢᠨᠠᠷ ᠭᠡᠰᠡᠨ ᠦᠭᠡᠢ ᠴᠥᠮ ᠠᠳᠠᠯᠢ ᠪᠠᠷ ᠬᠡᠯᠡᠵᠦ ᠪᠣᠯᠬᠤ ᠦᠭᠡᠢ᠃ ᠬᠡᠨ ᠴᠤ ᠳᠡᠭᠡᠷ᠎ᠡ ᠵᠠᠭᠤᠨ ᠳᠤ ᠪᠤᠴᠠᠶ᠎ᠠ ᠭᠡᠵᠦ ᠦᠭᠡᠢ᠂ ᠮᠡᠰᠡ ᠵᠠᠰᠠᠯ ᠬᠢᠬᠦ ᠳᠤ 20 ᠰᠡᠨᠲ᠋ᠢᠮᠧᠲᠷ ᠬᠠᠭᠠᠯᠳᠠᠭ᠃ ᠮᠡᠰᠡ ᠵᠠᠰᠠᠯ ᠤᠨ ᠬᠠᠭᠠᠯᠭ᠎ᠠ ᠶᠢ 20 ᠰᠡᠨᠲ᠋ᠢᠮᠧᠲᠷ ᠪᠠᠶᠢᠭᠰᠠᠨ ᠠᠴᠠ 3 ᠰᠡᠨᠲ᠋ᠢᠮᠧᠲᠷ ᠪᠣᠯᠭᠠᠨ ᠪᠤᠭᠤᠨᠢᠰᠬᠠᠭᠰᠠᠨ ᠨᠢ ᠶᠠᠭ ᠪᠠᠭᠠᠵᠢ ᠳᠤ ᠲᠦᠰᠢᠭᠯᠡᠭᠰᠡᠨ ᠶᠤᠮ᠃ ᠡᠶᠢᠮᠦ ᠠᠴᠠ᠂ ᠬᠤᠷᠣᠭᠳᠠᠯ ᠮᠠᠲ᠋ᠧᠷᠢᠶᠠᠯ ᠤᠨ ᠬᠠᠷᠢᠴᠠᠯ ᠢ ᠨᠢᠭᠡ ᠯᠡ ᠬᠥᠭ ᠢᠶᠠᠷ ᠪᠠᠭᠤᠷᠠᠭᠤᠯᠬᠤ ᠶᠢ ᠴᠢᠬᠤᠯᠠᠴᠢᠯᠠᠬᠤ ᠨᠢ ᠣᠬᠤᠷ ᠬᠤᠭᠤᠴᠠᠭᠠᠨ ᠳᠤ ᠵᠦᠶ ᠵᠣᠬᠢᠰᠲᠠᠶ ᠴᠢᠨᠠᠷ ᠢ ᠨᠢ ᠦᠵᠡᠵᠦ᠂ ᠣᠷᠳᠣ ᠬᠤᠭᠤᠴᠠᠭᠠᠨ ᠳᠤ ᠦᠵᠡᠬᠦ ᠨᠢ ᠠᠨᠠᠭᠠᠬᠤ ᠤᠬᠠᠭᠠᠨ ᠤ ᠰᠢᠨ᠎ᠡ ᠶᠢ ᠡᠭᠦᠳᠬᠦ ᠶᠢ ᠨᠥᠯᠥᠭᠡᠯᠡᠬᠦ ᠪᠣᠯᠤᠨ᠎ᠠ᠃  ᠬᠡᠳᠦ᠋ᠢᠪᠡᠷ ᠵᠠᠷᠢᠮ ᠡᠪᠡᠳᠴᠢᠳᠡᠨ ᠦᠨ᠎ᠡ ᠳᠤ ᠰᠡᠷᠭᠡᠭ ᠴᠢᠨᠠᠷ ᠲᠠᠢ ᠪᠤᠯᠪᠠᠴᠦ ᠤᠯᠠᠩᠬᠢ ᠡᠪᠡᠳᠴᠢᠳᠡᠨ ᠪᠦᠷ ᠡᠮᠴᠢᠯᠡᠭᠡᠨ ᠤ ᠶᠠᠰᠤ ᠴᠢᠨᠠᠷ ᠪᠠ ᠦᠷ᠎ᠠ ᠳ᠋ᠦᠡᠭ ᠢ ᠠᠩᠬᠠᠷᠳᠠᠭ᠃ ᠵᠢᠱᠢᠶᠡᠯᠡᠪᠡᠯ᠂ ᠪᠢᠳᠡ ᠡᠪᠡᠳᠴᠢᠲᠡᠨ ᠲᠠᠢ ᠡᠮᠴᠢᠯᠡᠭᠡ ᠪᠠᠷ ᠶᠠᠷᠢᠯᠴᠠᠬᠤ ᠦᠶ᠎ᠡ ᠳᠤ᠂ ᠵᠠᠷᠢᠮ ᠡᠪᠡᠳᠴᠢᠲᠡᠨ ᠭᠡᠷ ᠤᠨ ᠠᠵᠤ ᠠᠬᠤᠢ ᠶᠢᠨ ᠨᠥᠬᠦᠴᠡᠯ ᠨᠢ ᠶᠡᠷᠦᠮᠳᠡᠭ ᠭᠡᠵᠦ ᠬᠡᠯᠡᠳᠡᠭ ᠪᠣᠯᠪᠠᠴᠤ ᠪᠠᠰᠠ ᠨᠢᠭᠡ ᠦᠭᠦᠯᠡᠪᠦᠷᠢ ᠨᠡᠮᠡᠳᠡᠭ᠂ ᠡᠮᠴᠢ ᠲᠠ ᠠᠮᠤᠷ ᠲᠦᠪᠰᠢᠨ ᠬᠡᠪᠴᠢᠶᠡᠨ ᠳᠤ ᠠᠯᠢ ᠴᠢᠳᠠᠬᠤ ᠪᠠᠷ ᠪᠠᠭ᠎ᠠ ᠰᠢᠭ ᠠᠷᠪᠢᠯᠠᠪᠠᠯ ᠪᠣᠯᠴᠢᠬᠠᠨ᠎ᠠ᠂ ᠶᠠᠭᠠᠬᠢᠭᠰᠠᠨ ᠴᠤ ᠠᠮᠤᠷ ᠲᠦᠪᠰᠢᠨ ᠢ ᠨᠥᠯᠥᠭᠡᠯᠡᠵᠦ ᠪᠣᠯᠬᠤ ᠦᠭᠡᠢ ᠭᠡᠳᠡᠭ᠃ ᠡᠶᠢᠮᠦ ᠠᠴᠠ᠂ ᠬᠡᠷᠪᠡ ᠨᠡᠩ ᠰᠠᠶᠢᠨ ᠡᠮᠨᠡᠯᠭᠡ ᠶᠢᠨ ᠪᠠᠭᠠᠵᠢ ᠪᠠ ᠡᠮ ᠲᠠᠩ ᠪᠠᠶᠢᠬᠤ ᠶᠢ ᠲᠣᠳᠣᠷᠬᠠᠢ ᠮᠡᠳᠡᠵᠦ ᠪᠠᠶᠢᠭᠠᠳ ᠵᠣᠷᠢᠭᠤᠳᠠ ᠵᠣᠭᠤᠰ ᠠᠷᠪᠢᠯᠠᠬᠤ ᠶᠢᠨ ᠲᠥᠯᠥᠭᠡ ᠡᠰᠡᠭᠦᠯ᠎ᠡ ᠡᠮᠴᠢᠯᠡᠭᠡ ᠶᠢᠨ ᠦᠢᠯᠡᠴᠢᠯᠡᠭᠡᠨ ᠤ ᠦᠨ᠎ᠡ ᠶᠢ ᠳᠡᠭᠡᠭᠰᠢᠯᠡᠭᠦᠯᠬᠦ ᠶᠢᠨ ᠲᠥᠯᠥᠭᠡ ᠬᠡᠷᠡᠭᠯᠡᠬᠦ ᠦᠭᠡᠢ ᠪᠣᠯ ᠡᠪᠡᠳᠴᠢᠲᠡᠨ ᠵᠥᠪᠰᠢᠶᠡᠷᠡᠬᠦ ᠡᠰᠡᠬᠦ ᠶᠢ ᠬᠡᠯᠡᠬᠦ ᠶᠢᠨ ᠠᠷᠭ᠎ᠠ ᠦᠭᠡᠢ᠃ ᠵᠢᠱᠢᠶᠡᠯᠡᠬᠦ ᠳᠤ᠂ ᠲᠠ ᠬᠤᠭᠤᠯᠠᠨ ᠭᠡᠷ ᠲᠤ ᠰᠢᠷᠠᠭᠰᠠᠨ ᠦᠬᠡᠷ ᠤᠨ ᠬᠠᠪᠢᠷᠭ᠎ᠠ ᠢᠳᠡᠶ᠎ᠡ ᠭᠡᠵᠦ ᠰᠠᠨᠠᠵᠤ ᠪᠠᠶᠢᠳᠠᠯ᠎ᠠ᠂ ᠲᠣᠭᠤᠭᠠᠴᠢ ᠠᠴᠠ ᠮᠢᠨᠦ ᠮᠡᠷᠭᠡᠵᠢᠯ ᠰᠠᠶᠢᠨ᠂ ᠴᠢᠮ᠎ᠠ ᠳᠤ ᠬᠤ᠋ ᠯᠤᠤᠪᠠᠩ ᠢᠶᠠᠷ ᠨᠢᠭᠡ ᠯᠤᠤ ᠶᠢᠨ ᠰᠡᠶᠢᠯᠦᠮᠡᠯ ᠬᠢᠵᠦ ᠢᠳᠡᠭᠦᠯᠦᠶ᠎ᠡ ᠭᠡᠪᠡᠯ ᠲᠠ ᠶᠠᠷᠢᠶᠠᠨ ᠦᠭᠡᠢ ᠳᠤᠷ᠎ᠠ ᠦᠭᠡᠢ ᠶᠤᠮ᠃  ᠪᠢᠲᠠ ᠡᠨᠡ ᠬᠦ ᠠᠷᠭ᠎ᠠ ᠬᠡᠮᠵᠢᠶᠠᠨ ᠤ ᠵᠦᠢ ᠵᠣᠭᠢᠰᠲᠠᠢ ᠴᠢᠨᠠᠷ ᠨᠢ ᠦᠨᠡᠲᠡᠢ ᠪᠦᠭᠡᠳ ᠬᠡᠷᠡᠭ ᠦᠭᠡᠢ ᠡᠮ ᠡᠮᠨᠠᠯᠭᠡ ᠪᠤᠯᠣᠠ ᠬᠤᠷᠣᠭᠳᠠᠯ ᠮᠠᠲ᠋ᠧᠷᠢᠶᠠᠯ ᠤᠨ ᠬᠡᠷᠡᠭᠯᠡᠭᠡ ᠶᠢ ᠪᠠᠭᠠᠰᠬᠠᠵᠤ᠂ ᠵᠣᠬᠢᠰ ᠦᠭᠡᠢ ᠣᠷᠣᠯᠭ᠎ᠠ ᠶᠢ ᠠᠯᠢ ᠴᠢᠲᠠᠬᠤ ᠪᠠᠷ ᠣᠯᠬᠤ ᠶᠤᠰᠤᠲᠠᠢ ᠣᠷᠣᠯᠭ᠎ᠠ ᠪᠤᠯᠭᠠᠵᠤ᠂ ᠡᠮᠴᠢ ᠳᠤ ᠵᠣᠭᠢᠰᠲᠠᠢ ᠤᠯᠭᠤᠮᠵᠢ ᠣᠯᠭᠤᠬᠤ ᠬᠡᠷᠡᠭᠲᠡᠢ ᠭᠡᠳᠡᠭ ᠢ ᠣᠶᠢᠯᠠᠭᠠᠬᠤ ᠬᠡᠷᠡᠭᠲᠡᠢ᠃ ᠡᠨᠡ ᠨᠢ ᠮᠥᠨ ᠴᠦ ᠪᠢ ᠵᠢᠩ ᠴᠢᠤᠸᠠᠨ ᠤ ᠳᠤᠷᠠᠳᠤᠭᠰᠠᠨ ᠡᠮᠴᠢᠯᠡᠭᠡ ᠶᠢᠨ ᠦᠢᠯᠡᠴᠢᠯᠡᠭᠡᠨ ᠤ ᠵᠠᠷᠤᠳᠠᠯ ᠢ ᠶᠡᠭᠡ ᠬᠡᠮᠵᠢᠶ᠎ᠡ ᠪᠠᠷ ᠨᠡᠮᠡᠭᠳᠡᠭᠦᠯᠬᠦ ᠤᠭ ᠰᠠᠨᠠᠭ᠎ᠠ ᠪᠠᠶᠢᠵᠤ᠂ ᠡᠮᠴᠢ ᠶᠢᠨ ᠣᠯᠬᠤ ᠶᠤᠰᠤᠲᠠᠢ ᠣᠷᠣᠯᠭ᠎ᠠ ᠶᠢ ᠳᠡᠭᠡᠭᠰᠢᠯᠡᠭᠦᠯᠬᠦ ᠪᠠᠷ ᠳᠠᠮᠵᠢᠭᠤᠯᠤᠨ᠂ ᠵᠣᠬᠢᠰ ᠦᠭᠡᠢ ᠣᠷᠣᠯᠭ᠎ᠠ ᠶᠢᠨ ᠣᠷᠣᠨ ᠵᠠᠶ ᠶᠢ ᠪᠠᠭᠠᠰᠬᠠᠬᠤ ᠶᠢ ᠬᠦᠰᠡᠵᠦ ᠪᠠᠶᠢᠨ᠎ᠠ᠃  ᠣᠳᠣᠬᠠᠨ ᠳᠤ ᠡᠯ᠎ᠡ ᠡᠮᠨᠡᠯᠭᠡ ᠶᠢᠨ ᠬᠤᠷᠢᠶ᠎ᠠ ᠴᠥᠮ ᠥᠭᠡᠷᠡᠴᠢᠯᠡᠯᠲᠡ ᠶᠢ ᠠᠬᠢᠭᠤᠯᠵᠤ ᠪᠠᠶᠢᠨ᠎ᠠ᠂ ᠬᠤᠷᠣᠭᠳᠠᠯ ᠮᠠᠲ᠋ᠧᠷᠢᠶᠠᠯ ᠤᠨ ᠵᠠᠷᠤᠳᠠᠯ ᠢ ᠪᠠᠭᠤᠷᠠᠭᠤᠯᠵᠤ᠂ ᠬᠥᠳᠡᠯᠮᠦᠷᠢ ᠦᠢᠯᠡᠴᠢᠯᠡᠭᠡᠨ ᠤ ᠵᠠᠷᠤᠳᠠᠯ ᠤᠨ ᠡᠵᠡᠯᠡᠬᠦ ᠬᠠᠷᠢᠴᠠᠯ ᠢ ᠨᠡᠮᠡᠭᠳᠡᠭᠦᠯᠬᠦ ᠶᠢ ᠬᠦᠰᠡᠵᠦ ᠪᠠᠶᠢᠨ᠎ᠠ᠂ ᠭᠡᠪᠡᠴᠦ ᠬᠡᠷᠡᠭᠵᠢᠭᠦᠯᠬᠦ ᠶᠠᠪᠤᠴᠠ ᠳᠤ᠂ ᠯᠠᠪᠲᠠᠶ ᠨᠢᠭᠡ ᠯᠡ ᠳᠡᠭᠡᠷ᠎ᠡ ᠪᠦᠲᠦᠴᠢᠬᠡᠬᠦ ᠶᠠᠪᠤᠳᠠᠯ ᠪᠢᠰᠢ᠂ ᠯᠠᠪᠲᠠᠢ ᠠᠳᠠᠯᠢ ᠪᠤᠰᠤ ᠡᠪᠡᠳᠴᠢᠨ ᠤ ᠲᠥᠷᠥᠯ ᠬᠡᠯᠪᠡᠷᠢ᠂ ᠠᠳᠠᠯᠢ ᠪᠤᠰᠤ ᠠᠵᠢᠯᠯᠠᠬᠤ ᠵᠠᠭᠪᠤᠷ ᠢ ᠦᠨᠳᠦᠰᠦᠯᠡᠨ ᠠᠯᠬᠤᠮ ᠳᠠᠷᠠᠭ᠎ᠠ ᠲᠠᠢ ᠪᠠᠷ ᠠᠬᠢᠭᠤᠯᠤᠨ᠎ᠠ᠃ ᠡᠭᠦᠨ ᠠᠴᠠ ᠭᠠᠳᠠᠨ᠎ᠠ᠂ ᠡᠨᠡ ᠨᠢ DRGs ︵ᠡᠪᠡᠳᠴᠢᠨ ᠡᠮᠭᠡᠭ ᠢ ᠣᠨᠣᠰᠢᠯᠠᠬᠤ ᠬᠤᠯᠪᠤᠭᠳᠠᠯ ᠪᠥᠬᠦᠶ ᠬᠤᠪᠢᠶᠠᠭᠰᠠᠨ ᠳᠤᠭᠤᠶᠢᠯᠠᠩ ︶ ᠤᠨ ᠥᠭᠡᠷᠡᠴᠢᠯᠡᠯᠲᠡ ᠲᠠᠢ ᠴᠦ ᠬᠠᠮᠲᠤ ᠳᠤ ᠨᠢ ᠶᠠᠪᠤᠭᠳᠠᠨ᠎ᠠ᠂ ᠲᠤᠬᠠᠶᠢᠯᠠᠪᠠᠯ ᠶᠡᠷᠦᠩᠬᠡᠶ ᠦᠨ᠎ᠡ ᠶᠢ ᠡᠵᠡᠮᠳᠡᠬᠦ ᠪᠠᠷ ᠳᠠᠮᠵᠢᠭᠤᠯᠤᠨ᠂ ᠡᠮᠨᠡᠯᠭᠡ ᠶᠢᠨ ᠠᠵᠢᠯᠲᠠᠳ ᠢ ᠡᠮᠴᠢᠯᠡᠭᠡᠨ ᠤ ᠠᠮᠤᠷ ᠲᠦᠪᠰᠢᠨ ᠪᠠ ᠶᠠᠰᠤ ᠴᠢᠨᠠᠷ ᠢ ᠪᠠᠲᠤᠯᠠᠭᠤᠯᠬᠤ ᠶᠢᠨ ᠬᠠᠮᠲᠤ᠂ ᠡᠮ ᠡᠮᠨᠡᠯᠭᠡ ᠶᠢᠨ ᠬᠤᠷᠣᠭᠳᠠᠯ ᠮᠠᠲ᠋ᠧᠷᠢᠶᠠᠯ ᠪᠠ ᠡᠮᠴᠢᠯᠡᠭᠡ ᠶᠢᠨ ᠦᠢᠯᠡᠴᠢᠯᠡᠭᠡᠨ ᠤ ᠬᠠᠷᠢᠴᠠᠯ ᠢ ᠥᠪᠡᠷᠲᠡᠭᠡᠨ ᠬᠤᠪᠢᠶᠠᠷᠢᠯᠠᠵᠤ᠂ ᠡᠮᠴᠢᠯᠡᠭᠡᠨ ᠤ ᠦᠨ᠎ᠡ ᠥᠷᠲᠡᠭ ᠪᠠ ᠡᠮᠴᠢᠯᠡᠭᠡᠨ ᠤ ᠠᠰᠢᠭ ᠣᠯᠵᠠᠪᠤᠷᠢ ᠶᠢ ᠬᠠᠮᠤᠭ ᠤᠨ ᠶᠡᠭᠡ ᠪᠣᠯᠭᠠᠬᠤ ᠶᠢ ᠪᠡᠶᠡᠯᠡᠭᠦᠯᠬᠦ ᠶᠠᠪᠤᠳᠠᠯ ᠪᠣᠯᠤᠨ᠎ᠠ᠂ ᠡᠨᠡ ᠨᠢ ᠮᠥᠨ ᠴᠦ DRGs ᠢ ᠬᠡᠷᠡᠭᠵᠢᠭᠦᠯᠬᠦ ᠵᠣᠷᠢᠯᠭ᠎ᠠ ᠶᠢᠨ ᠨᠢᠭᠡ ᠪᠣᠯᠤᠨ᠎ᠠ᠃ 
 
ᠢᠷᠡᠯᠲᠡ᠄ ︽ᠳᠤᠮᠳᠠᠳᠤ ᠤᠯᠤᠰ ᠤᠨ ᠡᠮᠴᠢᠯᠡᠭᠡᠨ ᠤ ᠳᠠᠭᠠᠳᠬᠠᠯ︾ ᠤᠨ ᠣᠯᠠᠨ ᠨᠡᠶᠢᠲᠡ ᠶᠢᠨ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号