2024 ᠣᠨ ᠤ ᠨᠢᠭᠡᠳᠦᠭᠡᠷ ᠤᠯᠠᠷᠢᠯ ᠤᠨ ᠬᠥᠬᠡᠬᠤᠲᠠ ᠶᠢᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠨᠡᠷ᠎ᠡ ᠮᠡᠳᠡᠭᠦᠯᠵᠦ ᠬᠠᠷᠭᠤᠭᠤᠯᠤᠨ ᠰᠢᠯᠭᠠᠭᠤᠯᠤᠭᠰᠠᠨ ᠨᠡᠷᠡᠰ ᠢ ᠢᠯᠡ ᠨᠡᠶᠢᠲᠡᠯᠡᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/4/12
ᠡᠯ᠎ᠡ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠪᠠ ᠪᠡᠶ᠎ᠡ ᠶᠢᠨ ᠭᠠᠳᠠᠨᠠᠬᠢ ᠣᠨᠣᠰᠢᠯᠠᠯᠲᠠ ᠶᠢᠨ ᠲᠤᠷᠰᠢᠯᠲᠠ ᠶᠢᠨ ᠡᠮ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ᠄  ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠬᠤᠳᠠᠯᠳᠤᠨ ᠠᠪᠬᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠥᠪᠥᠷ ᠡᠮᠴᠢᠯᠡᠭᠡ ᠪᠠᠳᠤᠯᠠᠭ᠎ᠠ ᠠᠯᠪᠠᠨ ᠲᠠᠷᠬᠠᠭᠠᠭᠰᠠᠨ ﹇ 2019﹈ 41 ᠳ᠋ᠤᠭᠡᠷ ᠲᠣᠭᠠᠲᠤ︶ ᠪᠠ ᠬᠥᠬᠡᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ︽ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠨᠡᠷ᠎ᠡ ᠮᠡᠳᠡᠭᠦᠯᠵᠦ ᠰᠢᠯᠢᠨ ᠰᠣᠩᠭᠤᠬᠤ ᠠᠵᠢᠯ ᠢ ᠤᠯᠠᠷᠢᠯ ᠢᠶᠠᠷ ᠪᠠᠶᠢᠩᠭᠤᠵᠢᠭᠤᠯᠤᠨ ᠥᠷᠨᠢᠭᠦᠯᠬᠦ ᠲᠤᠬᠠᠶ ᠮᠡᠳᠡᠭᠳᠡᠯ︾ ︵ᠬᠥᠬᠡᠬᠤᠲᠠ ᠶᠢᠨ ᠡᠮᠴᠢᠯᠡᠭᠡ ᠪᠠᠲᠤᠯᠠᠭ᠎ᠠ ᠠᠯᠪᠠᠨ ᠲᠠᠷᠬᠠᠭᠠᠭᠰᠠᠨ ﹇2022 ﹈ 43 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠲᠠ ᠶᠢᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠪᠠᠶᠢᠳᠠᠯ ᠤᠨ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠬᠥᠬᠡᠬᠤᠲᠠ ᠶᠢᠨ ᠡᠮ ᠡᠮᠨᠡᠯᠭᠡ ᠬᠤᠳᠠᠯᠳᠤᠨ ᠠᠪᠬᠤ ᠲᠥᠪ ᠠᠴᠠ ᠪᠥᠬᠦ ᠬᠤᠲᠠ ᠶᠢᠨ ᠠᠯᠪᠠᠨ ᠠᠴᠠ ᠡᠷᠭᠢᠯᠡᠭᠰᠡᠨ ᠡᠮᠴᠢᠯᠡᠭᠡᠨ ᠤ ᠪᠠᠢᠭᠤᠯᠤᠮᠵᠢ ᠶᠢᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠢ ᠰᠢᠯᠢᠨ ᠰᠣᠩᠭᠤᠵᠤ ᠳᠣᠭᠢᠷᠠᠭᠤᠯᠬᠤ ᠵᠢᠴᠢ ᠳᠣᠭᠢᠷᠠᠭᠤᠯᠤᠨ ᠬᠦᠷᠭᠡᠬᠦ ᠡᠷᠬᠡ ᠮᠡᠳᠡᠯ ᠢ ᠨᠡᠭᠡᠭᠡᠬᠦ ᠠᠵᠢᠯ ᠢ ᠥᠷᠨᠢᠭᠦᠯᠪᠡ᠃ ᠮᠠᠨ ᠤ ᠲᠥᠪ ᠠᠴᠠ ᠬᠥᠬᠡᠬᠤᠲᠠ ᠣᠷᠣᠨ ᠤ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠮᠡᠳᠡᠭᠦᠯᠦᠭᠰᠡᠨ ᠮᠠᠲ᠋ᠧᠷᠢᠶᠠᠯ ᠢ ᠬᠢᠨᠠᠨ ᠬᠠᠷᠭᠤᠭᠤᠯᠵᠤ᠂ ᠡᠳᠦᠭᠡ ᠪᠠᠲᠤᠯᠠᠭᠰᠠᠨ ᠦᠷ᠎ᠡ ᠳ᠋ᠦᠩ ︵ᠳᠠᠭᠠᠯᠳᠤᠭᠤᠯᠤᠯ ᠳᠤ ᠦᠵᠡ︶ ᠢ ᠨᠡᠶᠢᠲᠡᠯᠡᠬᠦ ᠶᠢᠨ ᠬᠠᠮᠲᠤ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠃  ᠨᠢᠭᠡ᠂ ᠬᠥᠬᠡᠬᠤᠲᠠ ᠶᠢᠨ ᠠᠯᠪᠠᠨ ᠠᠴᠠ ᠡᠷᠬᠢᠯᠡᠭᠰᠡᠨ ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ ᠵᠦᠢᠯᠡᠰ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠰᠢᠨ᠎ᠡ ᠪᠠᠷ ᠨᠡᠮᠡᠭᠳᠡᠭᠰᠡᠨ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠢ ᠰᠢᠯᠢᠨ ᠰᠣᠩᠭᠤᠵᠤ ᠬᠢᠨᠠᠨ ᠬᠠᠷᠭᠤᠭᠤᠯᠵᠤ ᠪᠠᠲᠤᠯᠠᠭᠰᠠᠨ ᠨᠡᠷᠡᠰ ︵ᠳᠠᠭᠠᠯᠳᠤᠭᠤᠯᠤᠯ ᠳᠤ ᠦᠵᠡ︶᠃  ᠬᠤᠶᠠᠷ᠂ ᠨᠡᠷᠡᠰ ᠲᠤ ᠥᠪᠥᠷ ᠮᠣᠩᠭᠤᠯ ᠤᠨ ᠡᠮ ᠡᠮᠨᠡᠯᠭᠡ ᠶᠢᠨ ᠳᠠᠭᠠᠳᠬᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠰᠦᠯᠵᠢᠶᠡᠨ ᠳᠤ ᠳᠠᠩᠰᠠᠯᠠᠭᠤᠯᠤᠭᠰᠠᠨ ᠥᠬᠡᠶ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠨᠢ ᠥᠪᠥᠷ ᠮᠣᠩᠭᠤᠯ ᠤᠨ ᠡᠮᠴᠢᠯᠡᠭᠡ ᠶᠢᠨ ᠳᠠᠭᠠᠳᠬᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠰᠦᠯᠵᠢᠶ᠎ᠡ(https://ylbzj.nmg.gov.cn/ggfw/hallEnter/#/Index)  ᠳᠤ ᠭᠠᠷᠴᠤ᠂   ᠨᠢᠭᠡᠴᠢ ᠶᠢᠨ ᠲᠤᠬᠠᠶᠢᠯᠠᠭᠰᠠᠨ ᠠᠵᠢᠯ ᠢ ᠰᠣᠩᠭᠤᠨ ᠳᠠᠩᠰᠠᠯᠠᠭᠤᠯᠵᠤ᠂ ᠳᠠᠩᠰᠠᠯᠠᠭᠤᠯᠬᠤ ᠪᠠ ᠳᠦᠷᠢ ᠶᠢᠨ ᠭᠡᠷᠡᠴᠢᠯᠡᠯ ᠬᠢᠵᠦ᠂ ᠢᠲᠡᠭᠡᠮᠵᠢ ᠶᠢᠨ ᠠᠮᠠᠯᠠᠯᠲᠠ ᠶᠢᠨ ᠪᠢᠴᠢᠭ ᠢ ᠳᠠᠮᠵᠢᠭᠤᠯᠵᠤ᠂ ᠠᠵᠤ ᠠᠬᠤᠶᠢᠯᠠᠯ ᠤᠨ ᠮᠡᠳᠡᠭᠡ ᠵᠠᠩᠭᠢ ᠶᠢ ᠬᠠᠮᠠᠭᠠᠯᠠᠵᠤ᠂ ᠥᠪᠡᠷᠲᠡᠭᠡᠨ ᠵᠠᠰᠠᠬᠤ ᠣᠷᠣᠨ ᠠᠴᠠ ᠬᠢᠨᠠᠨ ᠬᠠᠷᠭᠤᠭᠤᠯᠵᠤ ᠪᠠᠲᠤᠯᠠᠭᠰᠠᠨ ᠤ ᠳᠠᠷᠠᠭ᠎ᠠ᠂ ᠮᠠᠨ ᠤ ᠲᠥᠪ ᠲᠠᠢ ᠬᠠᠷᠢᠯᠴᠠᠵᠤ ᠳᠣᠭᠢᠷᠠᠭᠤᠯᠤᠨ ᠬᠦᠷᠭᠡᠬᠦ ᠣᠷᠣᠨ ᠪᠦᠰᠡ ᠶᠢ ᠨᠡᠭᠡᠭᠡᠨ᠎ᠡ᠃ ︵ᠬᠠᠷᠢᠯᠴᠠᠬᠤ ᠬᠥᠮᠦᠨ᠄ ᠲᠦᠩ ᠵᠢᠶᠠ ᠳ᠋ᠢ 0471 - 5181346︶  ᠭᠤᠷᠪᠠ᠂ ᠨᠡᠷᠡᠰ ᠲᠤ ᠨᠢᠭᠡᠨᠲᠡ ᠥᠪᠥᠷ ᠮᠣᠩᠭᠤᠯ ᠤᠨ ᠡᠮᠴᠢᠯᠡᠭᠡ ᠶᠢᠨ ᠳᠠᠭᠠᠳᠬᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠰᠦᠯᠵᠢᠶ᠎ᠡ ᠪᠠᠷ ᠳᠠᠩᠰᠠᠯᠠᠭᠤᠯᠬᠤ ᠭᠡᠷᠡᠴᠢᠯᠡᠭᠡ ᠪᠠᠷ ᠳᠠᠮᠵᠢᠭᠰᠠᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠨᠢ᠂ ᠮᠠᠨ ᠤ ᠲᠥᠪ ᠴᠠᠭ ᠲᠤᠬᠠᠶ ᠳᠤᠨᠢ ᠳᠣᠭᠢᠷᠠᠭᠤᠯᠤᠨ ᠬᠦᠷᠭᠡᠬᠦ ᠣᠷᠣᠨ ᠪᠦᠰᠡ ᠶᠢ ᠨᠡᠭᠡᠭᠡᠵᠦ᠂ ᠳᠣᠭᠢᠷᠠᠭᠤᠯᠤᠨ ᠬᠦᠷᠭᠡᠬᠦ ᠣᠷᠣᠨ ᠪᠦᠰᠡ ᠶᠢ ᠨᠡᠭᠡᠭᠡᠭᠰᠡᠨ ᠤ ᠳᠠᠷᠠᠭ᠎ᠠ᠂ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠨᠢ ᠦᠢᠯᠡᠳᠪᠦᠷᠢᠯᠡᠯ ᠤᠨ ᠠᠵᠤ ᠠᠬᠤᠶᠢᠯᠠᠯ ᠲᠠᠢ ᠬᠠᠷᠢᠯᠴᠠᠵᠤ ᠰᠢᠰᠲ᠋ᠧᠮ ᠤᠨ ᠳᠣᠲᠣᠷ᠎ᠠ ᠪᠠᠨ ᠳᠣᠭᠢᠷᠠᠭᠤᠯᠤᠨ ᠬᠦᠷᠭᠡᠬᠦ ᠬᠠᠷᠢᠴᠠᠭ᠎ᠠ ᠪᠠᠶᠢᠭᠤᠯᠬᠤ ᠶᠢᠨ ᠬᠠᠮᠲᠤ᠂ ᠮᠠᠨ ᠤ ᠲᠥᠪ ᠲᠤ ᠳᠣᠭᠢᠷᠠᠭᠤᠯᠤᠨ ᠬᠦᠷᠭᠡᠬᠦ ᠬᠡᠯᠡᠯᠴᠡᠭᠡᠷ ᠢ ᠲᠤᠰᠢᠶᠠᠵᠤ᠂ ᠨᠤᠲᠠᠯᠠᠭᠰᠠᠨ ᠤ ᠳᠠᠷᠠᠭ᠎ᠠ ᠰᠠᠶ᠋ᠢ ᠳᠣᠭᠢᠷᠠᠭᠤᠯᠤᠨ ᠬᠦᠷᠭᠡᠵᠦ ᠪᠣᠯᠤᠨ᠎ᠠ᠃  ᠳᠥᠷᠪᠡ᠂ ᠳᠣᠭᠢᠷᠠᠭᠤᠯᠤᠨ ᠬᠦᠷᠭᠡᠬᠦ ᠣᠷᠣᠨ ᠪᠦᠰᠡ ᠶᠢ ᠨᠡᠭᠡᠭᠡᠭᠰᠡᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠨᠢ ᠦᠢᠯᠡᠳᠪᠦᠷᠢᠯᠡᠯ ᠤᠨ ᠠᠵᠤ ᠠᠬᠤᠶᠢᠯᠠᠯ ᠲᠠᠢ ᠬᠠᠷᠢᠯᠴᠠᠵᠤ ᠰᠢᠰᠲ᠋ᠧᠮ ᠤᠨ ᠳᠣᠲᠣᠷ᠎ᠠ ᠳᠣᠭᠢᠷᠠᠭᠤᠯᠤᠨ ᠬᠦᠷᠭᠡᠬᠦ ᠬᠠᠷᠢᠴᠠᠭ᠎ᠠ ᠪᠠᠢᠭᠤᠯᠬᠤ ᠶᠢᠨ ᠬᠠᠮᠲᠤ᠂ ᠮᠠᠨ ᠤ ᠲᠥᠪ ᠲᠤ ᠳᠣᠭᠢᠷᠠᠭᠤᠯᠤᠨ ᠬᠦᠷᠭᠡᠬᠦ ᠬᠡᠯᠡᠯᠴᠡᠭᠡᠷ ᠢ ᠲᠤᠰᠢᠶᠠᠵᠤ᠂ ᠨᠤᠲᠠᠯᠠᠭᠰᠠᠨ ᠤ ᠳᠠᠷᠠᠭ᠎ᠠ ᠰᠠᠶ᠋ᠢ ᠳᠣᠭᠢᠷᠠᠭᠤᠯᠤᠨ ᠬᠦᠷᠭᠡᠵᠦ ᠪᠣᠯᠣᠨ᠎ᠠ᠃  ᠳᠠᠭᠠᠯᠳᠤᠭᠤᠯᠤᠯ᠄ 2024 ᠣᠨ ᠤ ᠨᠢᠭᠡᠳᠦᠭᠡᠷ ᠤᠯᠠᠷᠢᠯ ᠤᠨ ᠬᠥᠬᠡᠬᠤᠲᠠ ᠶᠢᠨ ᠠᠯᠪᠠᠨ ᠠᠴᠠ ᠡᠷᠬᠢᠯᠡᠭᠰᠡᠨ ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠢ ᠰᠢᠯᠢᠨ ᠰᠣᠩᠭᠤᠭᠰᠠᠨ ᠰᠢᠨ᠎ᠡ ᠪᠠᠷ ᠨᠡᠮᠡᠭᠳᠡᠭᠰᠡᠨ ᠲᠠᠩᠰᠠᠨ ᠡᠷᠦᠬᠡ ᠶᠢᠨ ᠬᠢᠨᠠᠨ ᠬᠠᠷᠭᠤᠭᠤᠯᠵᠤ ᠪᠠᠲᠤᠯᠠᠭᠰᠠᠨ ᠨᠡᠷᠡᠰ ᠃    ᠬᠥᠬᠡᠬᠤᠲᠠ ᠶᠢᠨ ᠡᠮ ᠡᠮᠨᠡᠯᠭᠡ ᠬᠤᠳᠠᠯᠳᠤᠨ ᠠᠪᠬᠤ ᠲᠥᠪ  2024 ᠣᠨ ᠤ 4 ᠳ᠋ᠦ᠋ᠭᠡᠷ ᠰᠠᠷ᠎ᠠ ᠶᠢᠨ 11 ᠤ ᠡᠳᠦᠷ     

 

 

 
ᠢᠷᠡᠯᠲᠡ᠄ ᠬᠥᠬᠡᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号