2024 ᠣᠨ ᠤ ᠳᠥᠷᠪᠡᠳᠦᠭᠡᠷ ᠪᠦᠯᠦᠭ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠰᠦᠯᠵᠢᠶᠡᠨ ᠳᠤ ᠬᠤᠯᠪᠤᠬᠤ ᠦᠢᠯᠡᠳᠭᠦᠨ ᠢ ᠢᠯᠡ ᠨᠡᠶᠢᠲᠡᠯᠡᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/4/12
        ᠥᠪᠥᠷ ᠡᠮ ᠬᠤᠳᠠᠯᠳᠤᠨ ᠠᠪᠬᠤ ᠲᠥᠪ ᠦᠰᠦᠭ ﹇ 2024 ﹈ 79 ᠳ᠋ᠤᠭᠡᠷ ᠲᠣᠭᠠᠲᠤᠡᠯ᠎ᠡ ᠬᠠᠮᠢᠶ᠎ᠠ ᠪᠥᠬᠦᠶ ᠨᠢᠭᠡᠴᠢ᠄  ︽ᠡᠮ ᠤᠨ ᠵᠦᠢᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠰᠦᠯᠵᠢᠶᠡᠨ ᠳᠤ ᠬᠤᠯᠪᠣᠬᠤ ᠠᠵᠢᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠶ ᠮᠡᠳᠡᠭᠳᠡᠯ︾ ︵ᠥᠪᠥᠷ ᠡᠮ ᠬᠤᠳᠠᠯᠳᠤᠨ ᠠᠪᠬᠤ ᠲᠥᠪ ᠥᠰᠥᠭ ﹇ 2024 ﹈ 40 ᠳ᠋ᠤᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠡᠳᠦᠭᠡ ᠨᠥᠬᠦᠴᠡᠯ ᠳᠤ ᠨᠡᠶᠢᠴᠡᠬᠦ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ︵ᠪᠡᠶ᠎ᠡ ᠶᠢᠨ ᠭᠠᠳᠠᠨᠠᠬᠢ ᠣᠨᠣᠰᠢᠯᠠᠯᠲᠠ ᠶᠢᠨ ᠲᠤᠷᠰᠢᠯᠲᠠ ᠶᠢᠨ ᠡᠮ ᠪᠠᠭᠲᠠᠨ᠎ᠠ︶ ᠤᠨ ᠮᠡᠳᠡᠭᠡ ᠵᠠᠩᠭᠢ ᠶᠢ ᠢᠯᠡ ᠨᠡᠶᠢᠲᠡᠯᠡᠬᠦ ᠶᠢᠨ ᠬᠠᠮᠲᠤ᠂ ᠬᠠᠮᠢᠶ᠎ᠠ ᠪᠥᠬᠦᠶ ᠤᠴᠢᠷ ᠢ ᠳᠣᠤᠷᠠᠬᠢ ᠮᠡᠲᠦ ᠮᠡᠳᠡᠭᠳᠡᠶ᠎ᠡ᠃  ᠨᠢᠭᠡ᠂ ᠢᠯᠡ ᠨᠡᠶᠢᠲᠡᠯᠡᠬᠦ ᠠᠭᠤᠯᠭ᠎ᠠ  ᠠᠵᠤ ᠠᠬᠤᠶᠢᠯᠠᠯ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ︵ᠪᠡᠶ᠎ᠡ ᠶᠢᠨ ᠭᠠᠳᠠᠨᠠᠬᠢ ᠣᠨᠣᠰᠢᠯᠠᠯᠲᠠ ᠶᠢᠨ ᠲᠤᠷᠰᠢᠯᠲᠠ ᠶᠢᠨ ᠡᠮ ᠪᠠᠭᠲᠠᠨ᠎ᠠ︶ ᠤᠨ ᠦᠢᠯᠡᠳᠬᠦᠨ ᠤ ᠮᠡᠳᠡᠭᠡ ᠵᠠᠩᠭᠢ ᠪᠠᠨ ᠭᠤᠶᠤᠴᠢᠯᠠᠨ ᠮᠡᠳᠡᠭᠦᠯᠦᠨ᠎ᠡ᠃ ᠭᠤᠶᠤᠴᠢᠯᠠᠨ ᠮᠡᠳᠡᠭᠦᠯᠦᠭᠰᠡᠨ ᠠᠵᠤ ᠠᠬᠤᠶᠢᠯᠠᠯ ᠥᠪᠥᠷ ᠮᠣᠩᠭᠤᠯ ᠤᠨ ᠡᠮ ᠡᠮᠨᠡᠯᠭᠡ ᠬᠤᠳᠠᠯᠳᠤᠨ ᠠᠪᠬᠤ ᠰᠦᠯᠵᠢᠶ᠎ᠡ - ᠥᠪᠥᠷ ᠮᠣᠩᠭᠤᠯ ᠤᠨ ᠡᠮᠴᠢᠯᠡᠭᠡ ᠶᠢᠨ ᠳᠠᠭᠠᠳᠬᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ - ᠬᠥᠳᠡᠯᠦᠩᠭᠦᠶ ᠲᠣᠬᠢᠷᠠᠭᠤᠯᠤᠯᠲᠠ ᠬᠠᠮᠢᠶᠠᠷᠤᠯᠲᠠ ᠳᠤ ᠣᠷᠣᠵᠤ ᠮᠡᠳᠡᠭᠡ ᠵᠠᠩᠭᠢ ᠶᠢ ᠪᠠᠶᠢᠴᠠᠭᠠᠨ ᠦᠵᠡᠭᠡᠷᠡᠢ᠃  ᠬᠤᠶᠠᠷ᠂ ᠢᠯᠡ ᠨᠡᠶᠢᠲᠡᠯᠡᠬᠦ ᠴᠠᠭ ᠬᠤᠭᠤᠴᠠᠭ᠎ᠠ  2024 ᠣᠨ ᠤ 4 ᠳ᠋ᠦ᠋ᠭᠡᠷ ᠰᠠᠷ᠎ᠠ ᠶᠢᠨ 12 ᠤᠨ ᠡᠳᠦᠷ ᠠᠴᠠ 4 ᠳ᠋ᠦ᠋ᠭᠡᠷ ᠰᠠᠷ᠎ᠠ ᠶᠢᠨ 18 ᠤ ᠡᠳᠦᠷ ᠪᠣᠯᠲᠠᠯ᠎ᠠ᠃  ᠭᠤᠷᠪᠠ᠂ ᠪᠤᠰᠤᠳ ᠵᠦᠢᠯ  ︵ᠨᠢᠭᠡ︶ ᠡᠯ᠎ᠡ ᠬᠤᠯᠪᠣᠭᠳᠠᠯ ᠪᠦᠬᠦᠢ ᠠᠵᠤ ᠠᠬᠤᠶᠢᠯᠠᠯ ᠬᠡᠷᠪᠡ ᠢᠯᠡ ᠨᠡᠶᠢᠲᠡᠯᠡᠭᠰᠡᠨ ᠮᠡᠳᠡᠭᠡ ᠵᠠᠩᠭᠢ ᠵᠢᠴᠢ ᠦᠢᠯᠡᠳᠬᠦᠨ ᠤ ᠦᠨ᠎ᠡ ᠬᠠᠩᠰᠢ ᠳᠤ ᠣᠨᠳᠣᠤ ᠰᠠᠨᠠᠯ ᠲᠠᠢ ᠪᠣᠯ ︽ᠬᠡᠨ ᠵᠣᠷᠢᠭᠰᠠᠨ ᠪᠣᠯ ᠲᠡᠷᠡ ᠭᠡᠷᠡᠴᠢ ᠭᠠᠷᠭᠠᠬᠤ︾ ᠵᠠᠷᠴᠢᠮ ᠤᠨ ᠶᠣᠰᠣᠭᠠᠷ᠂ ᠦᠨᠡᠨ ᠪᠣᠳᠠᠲᠠᠶ ᠪᠥᠭᠡᠳ ᠬᠦᠴᠦᠨ ᠲᠠᠢ᠂ ᠪᠦᠷᠢᠨ ᠭᠦᠢᠴᠡᠳ ᠭᠡᠷᠡᠴᠢ ᠪᠢᠴᠢᠭ ᠬᠠᠩᠭᠠᠬᠤ ᠬᠡᠷᠡᠭᠲᠡᠶ᠂ ᠬᠤᠭᠤᠴᠠᠭ᠎ᠠ ᠥᠩᠭᠡᠷᠡᠲᠡᠯ᠎ᠡ ᠪᠠ ᠲᠣᠭᠲᠠᠭᠠᠯ ᠶᠣᠰᠣᠭᠠᠷ ᠲᠤᠰᠢᠶᠠᠭᠰᠠᠨ ᠦᠭᠡᠶ ᠪᠣᠯ ᠬᠦᠯᠢᠶᠡᠨ ᠠᠪᠴᠤ ᠰᠢᠢᠳᠪᠦᠷᠢᠯᠡᠬᠦ ᠦᠭᠡᠶ᠃  ︵ᠬᠤᠶᠠᠷ︶ ᠠᠵᠤ ᠠᠬᠤᠶᠢᠯᠠᠯ ᠤᠨ ᠲᠤᠰᠢᠶᠠᠬᠤ ᠭᠤᠮᠣᠳᠠᠯ ᠲᠣᠭᠠᠴᠢᠯᠲᠠ ︵ᠵᠠᠭᠠᠯᠳᠤᠯᠭ᠎ᠠ︶ ᠶᠢᠨ ᠮᠠᠲ᠋ᠧᠷᠢᠶᠠᠯ ᠳᠤ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠪᠠᠭᠠᠵᠢ ᠬᠡᠷᠡᠭᠰᠡᠯ ᠢ ᠲᠥᠪᠯᠡᠷᠡᠭᠦᠯᠦᠨ ᠬᠤᠳᠠᠯᠳᠤᠨ ᠠᠪᠬᠤ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠯᠡᠬᠦ ᠬᠦᠰᠦᠨᠦᠭᠲᠦ᠂ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠡᠷᠬᠡ ᠣᠯᠭᠤᠭᠰᠠᠨ ᠪᠢᠴᠢᠭ᠂ ᠪᠠᠶᠢᠳᠠᠯ ᠤᠨ ᠲᠣᠳᠣᠷᠬᠠᠶᠢᠯᠠᠯᠲᠠ ᠪᠠ ᠬᠠᠮᠢᠶ᠎ᠠ ᠪᠥᠬᠦᠶ ᠲᠣᠳᠣᠷᠬᠠᠶ ᠪᠥᠭᠡᠳ ᠬᠦᠴᠦᠨ ᠪᠥᠬᠦᠶ ᠭᠡᠷᠡᠴᠢ ᠮᠠᠲ᠋ᠧᠷᠢᠶᠠᠯ ᠪᠠᠭᠲᠠᠨ᠎ᠠ᠃  ︵ᠭᠤᠷᠪᠠ︶ ᠲᠤᠰᠢᠶᠠᠬᠤ ᠬᠡᠯᠪᠡᠷᠢ  1. ᠭᠤᠮᠣᠳᠠᠯ ᠲᠣᠭᠠᠴᠢᠯᠲᠠ ᠵᠠᠭᠠᠯᠳᠤᠯᠭ᠎ᠠ ᠬᠢᠬᠦ ᠠᠵᠤ ᠠᠬᠤᠶᠢᠯᠠᠯ ᠰᠦᠯᠵᠢᠶᠡᠨ ᠳᠡᠭᠡᠷᠡᠬᠢ ᠲᠤᠬᠠᠶᠢᠯᠠᠭᠰᠠᠨ ᠠᠵᠢᠯ ᠢ ᠭᠦᠢᠴᠡᠳᠭᠡᠬᠦ ᠰᠢᠰᠲ᠋ᠧᠮ - ᠬᠤᠷᠣᠭᠳᠠᠯ ᠮᠠᠲ᠋ᠧᠷᠢᠶᠠᠯ ᠤᠨ ᠦᠢᠯᠡᠳᠬᠦᠨ ᠤ ᠭᠤᠶᠤᠴᠢᠯᠠᠨ ᠮᠡᠳᠡᠭᠦᠯᠬᠦ ᠲᠤᠬᠠᠶᠢᠯᠠᠭᠰᠠᠨ ᠠᠵᠢᠯ ᠳᠤ ᠣᠷᠣᠵᠤ ᠭᠤᠶᠤᠴᠢᠯᠠᠯ ᠲᠣᠭᠠᠴᠢᠯᠲᠠ ᠵᠠᠭᠠᠯᠳᠤᠯᠭ᠎ᠠ ᠬᠢᠵᠦ᠂ ᠲᠤᠬᠠᠶᠢᠯᠠᠭᠰᠠᠨ ᠠᠵᠢᠯ ᠤᠨ ᠭᠥᠯᠢᠶᠡᠨ ᠠᠪᠴᠤ ᠰᠢᠢᠳᠪᠦᠷᠢᠯᠡᠭᠦᠯᠬᠦ ᠪᠠᠷ ᠲᠤᠰᠢᠶᠠᠨ᠎ᠠ᠃  2. ᠲᠤᠬᠠᠶ ᠶᠢᠨ ᠲᠠᠯᠠᠪᠤᠷ ᠲᠤ ᠮᠠᠲ᠋ᠧᠷᠢᠶᠠᠯ ᠢᠶᠠᠨ ᠲᠤᠰᠢᠶᠠᠭᠰᠠᠨ ᠠᠵᠤ ᠠᠬᠤᠶᠢᠯᠠᠯ ᠨᠢ ᠮᠠᠲ᠋ᠧᠷᠢᠶᠠᠯ ᠢᠶᠠᠨ ᠨᠢᠭᠤᠷ ᠳᠠᠷᠠᠭᠠᠯᠠᠨ ᠠᠵᠤ ᠠᠬᠤᠶᠢᠯᠠᠯ ᠤᠨ ᠠᠯᠪᠠᠨ ᠲᠠᠮᠠᠭ᠎ᠠ ︵ᠠᠯᠪᠠᠨ ᠲᠠᠮᠠᠭ᠎ᠠ ᠨᠢ ᠲᠣᠳᠣᠷᠬᠠᠶ ᠪᠠᠶᠢᠬᠤ ᠴᠢᠬᠤᠯᠠ ᠲᠠᠢ︶ ᠶᠢ ᠳᠠᠷᠤᠭᠰᠠᠨ ᠤ ᠳᠠᠷᠠᠭ᠎ᠠ᠂ ᠴᠣᠩᠬᠤᠪᠴᠢ ᠪᠠᠷ ᠳᠠᠮᠵᠢᠭᠤᠯᠤᠨ ᠭᠦᠢᠴᠡᠳᠬᠡᠨ᠎ᠡ᠃  ︵ᠳᠥᠷᠪᠡ︶ ᠵᠠᠷᠯᠠᠨ ᠨᠡᠶᠢᠲᠡᠯᠡᠬᠦ ᠬᠤᠭᠤᠴᠠᠭᠠᠨ ᠳᠤ ᠭᠥᠯᠢᠶᠡᠨ ᠠᠪᠤᠭᠰᠠᠨ ᠭᠤᠮᠣᠳᠠᠯ ᠲᠣᠭᠠᠴᠢᠯᠲᠠ ︵ᠵᠠᠭᠠᠯᠳᠤᠯᠭ᠎ᠠ︶ ᠶᠢ ᠲᠥᠪᠯᠡᠷᠡᠭᠦᠯᠦᠨ ᠰᠢᠢᠳᠪᠦᠷᠢᠯᠡᠵᠦ᠂ ᠲᠤᠬᠠᠶ ᠶᠢᠨ ᠦᠶ᠎ᠡ ᠳᠤ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠰᠦᠯᠵᠢᠶ᠎ᠡ ᠪᠠᠷ ᠳᠠᠮᠵᠢᠭᠤᠯᠤᠨ ᠨᠢᠭᠡᠳᠦᠯᠲᠡᠶ ᠦᠷ᠎ᠡ ᠳ᠋ᠦᠩ ᠢ ᠨᠡᠶᠢᠲᠡᠯᠡᠨ᠎ᠡ᠃ ᠵᠠᠷᠯᠠᠨ ᠨᠡᠶᠢᠲᠡᠯᠡᠬᠦ ᠳᠤ ᠣᠨᠳᠣᠤ ᠰᠠᠨᠠᠯ ᠥᠬᠡᠶ ᠦᠢᠯᠡᠳᠬᠦᠨ ᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠢᠯᠡᠳᠬᠦᠨ ᠤ ᠠᠷᠠᠯᠵᠢᠶᠠᠨ ᠤ ᠬᠥᠮᠥᠷᠭᠡ ᠳᠤ ᠣᠷᠣᠭᠤᠯᠤᠨ᠎ᠠ᠃  ᠳᠥᠷᠪᠡ᠂ ᠬᠠᠷᠢᠯᠴᠠᠬᠤ ᠠᠷᠭ᠎ᠠ ᠮᠠᠶ᠋ᠢᠭ0471 - 4919735 ︵ᠮᠠᠲ᠋ᠧᠷᠢᠶᠠᠯ ᠢ ᠭᠥᠯᠢᠶᠡᠨ ᠠᠪᠴᠤ ᠰᠢᠢᠳᠪᠦᠷᠢᠯᠡᠬᠦ︶0471 - 4930595 ︵ᠲᠤᠬᠠᠶᠢᠯᠠᠭᠰᠠᠨ ᠠᠵᠢᠯ ᠤᠨ ᠯᠠᠪᠯᠠᠨ ᠠᠰᠠᠭᠤᠬᠤ︶  ᠬᠠᠷᠢᠯᠴᠠᠬᠤ ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠤᠯᠠᠭᠠᠨᠴᠠᠪ ᠪᠠᠷᠠᠭᠤᠨ ᠵᠡᠭᠡᠯᠢ ᠶᠢᠨ 19 ᠳ᠋ᠦ᠋ᠭᠡᠷ ᠲᠣᠭᠠᠲᠤ  ᠳᠠᠭᠠᠯᠳᠤᠭᠤᠯᠤᠯ᠄  1. ᠲᠤᠬᠠᠶᠢᠯᠠᠭᠰᠠᠨ ᠠᠵᠢᠯ ᠢ ᠬᠦᠯᠢᠶᠡᠨ ᠠᠪᠴᠤ ᠰᠢᠢᠳᠪᠦᠷᠢᠯᠡᠬᠦ ᠬᠦᠰᠦᠨᠦᠭᠲᠦ   2. ᠬᠠᠤᠯᠢ ᠶᠢᠨ ᠡᠷᠬᠡᠲᠡᠨ ᠢ ᠡᠷᠬᠡ ᠣᠯᠭᠤᠭᠰᠠᠨ ᠪᠢᠴᠢᠭ    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ  2024 ᠣᠨ ᠤ 4 ᠳ᠋ᠦ᠋ᠭᠡᠷ ᠰᠠᠷ᠎ᠠ ᠶᠢᠨ 12 ᠤᠨ ᠡᠳᠦᠷ

 

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号