ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ ᠲᠤ ᠭᠠᠷ ᠤᠨ ᠥᠰᠥᠭ ᠵᠢᠷᠤᠵᠤ ︽ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠶᠢᠨ ᠳᠦᠷᠢᠮ︾ ᠢ ᠨᠡᠶᠢᠲᠡᠯᠡᠪᠡ
ᠨᠡᠶᠢᠲᠡᠯᠡᠭᠰᠡᠨ ᠴᠠᠭ᠄
2024/4/12
  ᠰᠢᠨᠬᠤᠸᠠ ᠬᠤᠷᠢᠶᠠᠨ ᠤ ᠪᠡᠭᠡᠵᠢᠩ ᠤᠨ 4 ᠳ᠋ᠦ᠋ᠭᠡᠷ ᠰᠠᠷ᠎ᠠ ᠶᠢᠨ 10 ᠤ ᠡᠳᠦᠷ ᠤᠨ ᠮᠡᠳᠡᠭᠡ   ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠲᠦᠷᠦᠭᠦᠬᠡᠨ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ ᠲᠤ ᠭᠠᠷ ᠤᠨ ᠥᠰᠥᠭ ᠵᠢᠷᠤᠨ ᠂ ︽ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠶᠢᠨ ᠳᠦᠷᠢᠮ︾ ︵ᠳᠣᠷᠣᠭᠰᠢ ︽ᠳᠦᠷᠢᠮ︾ ᠭᠡᠵᠦ ᠲᠣᠪᠴᠢᠯᠠᠪᠠ ︶ ᠢ ᠨᠡᠶᠢᠲᠡᠯᠡᠵᠦ ᠂ 2024 ᠣᠨ ᠤ 6 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃  ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠶᠢᠨ ᠳᠦᠷᠢᠮ ᠪᠣᠯ ᠠᠮᠢ ᠠᠬᠤᠢ ᠶᠢᠨ ᠪᠣᠯᠪᠠᠰᠤᠨ ᠤ ᠳᠦᠷᠢᠮ ᠤᠨ ᠴᠢᠬᠤᠯᠠ ᠪᠦᠷᠢᠯᠳᠦᠭᠦᠨ ᠬᠡᠰᠡᠭ ᠮᠥᠨ ᠃ ︽ᠳᠦᠷᠢᠮ︾  ᠨᠢ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠭᠡᠬᠦ ᠣᠶᠢᠯᠠᠭᠠᠭᠳᠠᠬᠤᠨ ᠢ ᠪᠠᠷᠢᠮᠲᠠᠯᠠᠨ ᠂ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠶᠢᠨ ᠲᠤᠬᠠᠢ ᠨᠠᠮ ᠤᠨ ᠲᠥᠪ ᠬᠤᠷᠢᠶ᠎ᠠ ᠂ ᠲᠦᠷᠦ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ᠪᠠ ᠱᠠᠭᠠᠷᠳᠠᠯᠭ᠎ᠠ ᠵᠢᠴᠢ ᠪᠦᠲᠦᠮᠵᠢᠲᠡᠶ ᠲᠤᠷᠰᠢᠯᠭ᠎ᠠ ᠠᠷᠭ᠎ᠠ ᠬᠢᠳᠡᠯ ᠤᠳ ᠢ ᠶᠡᠷᠦᠩᠬᠡᠶᠢᠯᠡᠭᠰᠡᠨ ᠴᠢᠨᠠᠷᠲᠠᠢ ᠂ ᠰᠠᠭᠤᠷᠢ ᠴᠢᠨᠠᠷᠲᠠᠢ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠬᠡᠯᠪᠡᠷᠢ ᠪᠠᠷ ᠪᠠᠬᠢᠵᠢᠭᠦᠯᠦᠨ ᠥᠷᠭᠡᠳᠬᠡᠬᠦ ᠪᠣᠯᠣᠨ᠎ᠠ᠃ ᠪᠠᠰᠠ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠶᠢᠨ ᠦᠨᠳᠦᠰᠦᠨ ᠳᠦᠷᠢᠮ ᠲᠣᠭᠲᠠᠭᠠᠯ ᠢ ᠳᠣᠭᠲᠠᠭᠠᠭᠰᠨ ᠠᠴᠠ ᠬᠠᠤᠯᠢ ᠪᠠᠷ ᠵᠠᠰᠠᠬᠤ ᠶᠢᠨ ᠦᠨᠳᠦᠰᠦ ᠶᠢ ᠪᠠᠲᠤᠳᠬᠠᠬᠤ ᠂ ᠵᠢᠱᠢᠯᠲᠡ ᠶᠢ ᠲᠣᠭᠲᠠᠪᠤᠷᠢᠵᠢᠭᠤᠯᠬᠤ ᠂ ᠠᠯᠤᠰ ᠬᠡᠳᠦ ᠳᠤ ᠠᠰᠢᠭᠲᠠᠢ ᠦᠢᠯᠡᠳᠦᠯ ᠤᠳ ᠢ  ᠨᠢ ᠭᠦᠢᠴᠡᠳ ᠪᠠᠳᠠᠷᠠᠭᠤᠯᠬᠤ ᠪᠣᠯᠣᠨ᠎ᠠ ᠃ ︽ᠳᠦᠷᠢᠮ︾ ᠨᠡᠶᠢᠲᠡ 6 ᠪᠦᠯᠦᠭ 33 ᠵᠦᠢᠯ ᠲᠠᠢ᠂ ᠭᠤᠣᠯᠳᠠᠭᠤ ᠳᠠᠷᠠᠭᠠᠬᠢ ᠠᠭᠤᠯᠭ᠎ᠠ ᠨᠤᠭᠤᠳ ᠢ ᠲᠣᠭᠲᠠᠭᠠᠵᠠᠢ᠄  ᠨᠢᠭᠡ ᠂ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠶᠢᠨ ᠠᠭᠤᠯᠤᠭᠳᠠᠬᠤᠨ ᠢ ᠲᠣᠳᠣᠷᠬᠠᠶᠢᠯᠠᠪᠠ᠃ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠭᠡᠳᠡᠭ ᠪᠣᠯ ᠡᠳ᠋ ᠤᠨ ᠵᠠᠰᠠᠭ ᠭᠤᠯᠳᠤ ᠪᠠᠷ ᠨᠥᠬᠦᠪᠦᠷᠢ ᠥᠭᠬᠦ ᠂ ᠭᠠᠵᠠᠷ ᠣᠷᠣᠨ ᠨᠤᠭᠤᠳ ᠬᠤᠭᠤᠷᠣᠨᠳᠤ ᠪᠠᠨ ᠬᠥᠨᠳᠡᠯᠡᠨ ᠢᠶᠠᠷ ᠨᠥᠬᠦᠪᠦᠷᠢ ᠥᠭᠬᠦ ᠂ ᠵᠠᠬ᠎ᠠ ᠳᠡᠯᠭᠡᠭᠦᠷ ᠤᠨ ᠲᠣᠭᠲᠠᠴᠠ ᠨᠥᠬᠦᠪᠦᠷᠢ ᠥᠭᠬᠦ ᠵᠡᠷᠭᠡ ᠲᠣᠭᠲᠠᠴᠠ ᠪᠠᠷ ᠳᠠᠮᠵᠢᠭᠤᠯᠤᠨ ᠂ ᠲᠣᠭᠲᠠᠭᠠᠯ ᠪᠤᠶᠤ ᠪᠣᠯᠵᠣᠯ ᠶᠣᠰᠣᠭᠠᠷ ᠠᠮᠢ ᠠᠬᠤᠢ ᠶᠢᠨ ᠬᠠᠮᠠᠭᠠᠯᠠᠯᠲᠠ ᠥᠷᠨᠢᠭᠦᠯᠦᠭᠰᠡᠨ ᠨᠢᠭᠡᠴᠢ ᠪᠠ ᠬᠤᠪᠢ ᠬᠥᠮᠥᠨ ᠳᠤ ᠨᠥᠬᠦᠪᠦᠷᠢ ᠥᠭᠬᠦ ᠤᠷᠮᠠᠰᠢᠭᠤᠯᠤᠯ ᠤᠨ ᠴᠢᠨᠠᠷᠲᠠᠢ ᠳᠦᠷᠢᠮ ᠤᠨ ᠲᠣᠬᠢᠷᠠᠭᠤᠯᠤᠯᠲᠠ ᠶᠢ ᠵᠢᠭᠠᠵᠤ ᠪᠠᠶᠢᠨ᠎ᠠ ᠃  ᠬᠤᠶᠠᠷ ᠂ ᠠᠵᠢᠯ ᠤᠨ ᠵᠠᠷᠴᠢᠮ ᠢ ᠲᠣᠳᠣᠷᠬᠠᠶᠢᠯᠠᠨ᠂ ᠠᠵᠢᠯ ᠤᠨ ᠲᠣᠭᠲᠠᠴᠠ ᠶᠢ ᠪᠦᠷᠢᠨᠰᠢᠭᠦᠯᠪᠡ ᠃ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠶᠢᠨ ᠠᠵᠢᠯ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠂ ᠵᠠᠰᠠᠭ ᠤᠨ ᠣᠷᠳᠣᠨ ᠭᠤᠣᠯᠯᠠᠬᠤ᠂ ᠨᠡᠶᠢᠭᠡᠮ ᠣᠷᠣᠯᠴᠠᠬᠤ ᠂ ᠵᠠᠬ᠎ᠠ ᠳᠡᠯᠭᠡᠭᠦᠷ ᠲᠣᠬᠢᠷᠠᠭᠤᠯᠬᠤ ᠶᠢ ᠤᠶᠠᠯᠳᠤᠭᠤᠯᠬᠤ ᠶᠢ ᠪᠠᠷᠢᠮᠲᠠᠯᠠᠵᠤ ᠂ ᠤᠷᠮᠠᠰᠢᠭᠤᠯᠬᠤ ᠬᠢᠭᠡᠳ ᠬᠢᠵᠠᠭᠠᠷᠯᠠᠬᠤ ᠶᠢ ᠵᠡᠷᠭᠡ ᠳᠤ ᠴᠢᠬᠤᠯᠠᠴᠢᠯᠠᠬᠤ ᠶᠢ ᠪᠠᠷᠢᠮᠲᠠᠯᠠᠵᠤ ᠂ ᠨᠢᠭᠡᠳᠦᠯᠲᠡᠢ ᠲᠥᠯᠥᠪᠯᠡᠨ ᠬᠠᠮᠵᠢᠯᠴᠠᠨ ᠠᠬᠢᠭᠤᠯᠬᠤ ᠶᠢ ᠪᠠᠷᠢᠮᠲᠠᠯᠠᠵᠤ ᠂ ᠠᠮᠢ ᠠᠬᠤᠢ ᠶᠢᠨ ᠦᠷ᠎ᠡ ᠠᠰᠢᠭ ᠢ ᠠᠵᠤ ᠠᠬᠤᠢ ᠪᠠ ᠨᠡᠶᠢᠭᠡᠮ ᠤᠨ ᠦᠷ᠎ᠡ ᠠᠰᠢᠭ  ᠲᠠᠢ ᠨᠢᠭᠡᠳᠦᠯᠲᠡᠢ ᠪᠠᠶᠢᠯᠭᠠᠬᠤ ᠶᠢ ᠪᠠᠷᠢᠮᠲᠠᠯᠠᠨ᠎ᠠ ᠃ ᠰᠢᠶᠠᠨ ᠤ ᠱᠠᠲᠤᠨ ᠠᠴᠠ ᠳᠡᠭᠡᠭᠰᠢᠬᠢ ᠵᠠᠰᠠᠭ ᠤᠨ ᠣᠷᠳᠣᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ ᠂ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠪᠠᠨ ᠦᠨᠳᠦᠰᠦᠯᠡᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃   ᠭᠤᠷᠪᠠ ᠂ ᠡᠳ᠋ ᠤᠨ ᠵᠠᠰᠠᠭ ᠭᠤᠯᠳᠤ ᠪᠠᠷ ᠨᠥᠬᠦᠪᠦᠷᠢ ᠥᠭᠬᠦ ᠶᠢ ᠵᠢᠷᠤᠮᠵᠢᠭᠤᠯᠤᠨ᠎ᠠ᠃ ᠤᠯᠤᠰ ᠡᠳ᠋ ᠤᠨ ᠵᠠᠰᠠᠭ ᠠᠴᠠ ᠰᠢᠯᠵᠢᠭᠦᠯᠦᠨ ᠥᠭᠬᠦ ᠵᠡᠷᠭᠡ ᠠᠷᠭ᠎ᠠ ᠪᠠᠷ ᠳᠠᠮᠵᠢᠭᠤᠯᠤᠨ ᠂ ᠴᠢᠬᠤᠯᠠ ᠠᠮᠢ ᠠᠬᠤᠢ ᠶᠢᠨ ᠣᠷᠴᠢᠨ ᠲᠣᠭᠤᠷᠢᠨ ᠤ ᠬᠦᠴᠦᠨ ᠵᠦᠢᠯ ᠤᠨ ᠬᠠᠮᠠᠭᠠᠯᠠᠯᠲᠠ ᠥᠷᠨᠢᠭᠦᠯᠦᠭᠰᠡᠨ ᠵᠢᠴᠢ ᠠᠮᠢ ᠠᠬᠤᠢ ᠶᠢᠨ ᠴᠢᠳᠠᠮᠵᠢ ᠴᠢᠬᠤᠯᠠ ᠣᠷᠣᠨ ᠪᠦᠰᠡ ᠳᠤ ᠠᠮᠢ ᠠᠬᠤᠢ ᠶᠢᠨ ᠬᠠᠮᠠᠭᠠᠯᠠᠯᠲᠠ ᠥᠷᠨᠢᠭᠦᠯᠦᠭᠰᠡᠨ ᠨᠢᠭᠡᠴᠢ ᠪᠠ ᠬᠤᠪᠢ ᠬᠥᠮᠥᠨ ᠳᠤ ᠨᠥᠬᠦᠪᠦᠷᠢ ᠥᠭᠭᠦᠨ᠎ᠡ ᠃ ᠣᠷᠣᠨ ᠨᠤᠲᠤᠭ ᠤᠨ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠨᠥᠬᠦᠪᠦᠷᠢ ᠪᠡᠯᠡ ᠮᠥᠩᠭᠦ ᠶᠢ ᠠᠮᠢ ᠠᠬᠤᠢ ᠶᠢᠨ ᠬᠠᠮᠠᠭᠠᠯᠠᠯᠲᠠ ᠥᠷᠨᠢᠭᠦᠯᠦᠭᠰᠡᠨ ᠨᠢᠭᠡᠴᠢ ᠪᠠ ᠬᠤᠪᠢ ᠬᠥᠮᠥᠨ ᠳᠤ ᠴᠠᠭ ᠲᠤᠬᠠᠢ ᠳᠤ  ᠨᠢ ᠣᠯᠭᠤᠬᠤ ᠬᠡᠷᠡᠭᠲᠡᠢ︔ ᠣᠷᠣᠨ ᠨᠤᠲᠤᠭ ᠤᠨ ᠵᠠᠰᠠᠭ ᠤᠨ ᠣᠷᠳᠣᠨ ᠤ ᠨᠢᠭᠡᠳᠦᠯᠲᠡᠢ ᠲᠥᠯᠥᠪᠯᠡᠨ ᠬᠡᠷᠡᠭᠯᠡᠬᠦ ᠪᠡᠯᠡ ᠮᠥᠩᠭᠦ ᠶᠢ ᠪᠠᠶᠢᠭᠠᠯᠢ ᠶᠢᠨ ᠡᠬᠢ ᠪᠠᠶᠠᠯᠢᠭ ᠢ ᠬᠠᠮᠠᠭᠠᠯᠠᠬᠤ ᠂ ᠠᠮᠢ ᠠᠬᠤᠢ ᠶᠢᠨ ᠣᠷᠴᠢᠨ ᠲᠣᠭᠤᠷᠢᠨ ᠢ ᠵᠠᠰᠠᠬᠤ ᠪᠠ ᠵᠠᠰᠠᠨ ᠰᠡᠷᠭᠦᠭᠡᠬᠦ ᠵᠡᠷᠭᠡ ᠳᠤ ᠤᠷᠢᠳ ᠢᠶᠠᠷ ᠬᠡᠷᠡᠭᠯᠡᠬᠦ ᠬᠡᠷᠡᠭᠲᠡᠢ ᠃  ᠳᠥᠷᠪᠡ ᠂ ᠭᠠᠵᠠᠷ ᠣᠷᠣᠨ ᠨᠤᠭᠤᠳ ᠬᠤᠭᠤᠷᠤᠨᠳᠤ ᠪᠠᠨ ᠬᠥᠨᠳᠡᠯᠡᠨ ᠢᠶᠠᠷ ᠨᠥᠬᠦᠪᠦᠷᠢ ᠥᠭᠬᠦ ᠶᠢ ᠲᠡᠭᠦᠯᠳᠡᠷᠵᠢᠭᠦᠯᠦᠨ᠎ᠡ ᠃ ᠠᠮᠢ ᠠᠬᠤᠢ ᠶᠢᠨ ᠠᠰᠢᠭ ᠭᠥᠷᠳᠡᠬᠦ ᠭᠠᠵᠠᠷ ᠣᠷᠣᠨ ᠬᠢᠭᠡᠳ ᠠᠮᠢ ᠠᠬᠤᠢ ᠶᠢᠨ ᠬᠠᠮᠠᠭᠠᠯᠠᠯᠲᠠ ᠶᠢᠨ ᠭᠠᠵᠠᠷ ᠣᠷᠣᠨ ᠤ ᠠᠷᠠᠳ ᠤᠨ ᠵᠠᠰᠠᠭ ᠤᠨ ᠣᠷᠳᠣᠨ ᠤ ᠂ ᠵᠥᠪᠳᠡᠯᠴᠡᠬᠦ ᠵᠡᠷᠭᠡ ᠠᠷᠭ᠎ᠠ ᠪᠠᠷ ᠳᠠᠮᠵᠢᠭᠤᠯᠤᠨ ᠂ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ ᠶᠢᠨ ᠲᠣᠭᠲᠠᠴᠠ ᠪᠠᠶᠢᠭᠤᠯᠬᠤ ᠶᠢ  ᠨᠢ ᠵᠣᠷᠢᠭᠵᠢᠭᠤᠯᠵᠤ ᠵᠢᠯᠤᠭᠤᠳᠴᠤ ᠠᠬᠢᠭᠤᠯᠤᠨ᠎ᠠ᠃ ᠠᠮᠢ ᠠᠬᠤᠢ ᠶᠢᠨ ᠴᠢᠳᠠᠮᠵᠢ ᠣᠨᠴᠠ ᠴᠢᠬᠤᠯᠠ ᠣᠷᠣᠨ ᠪᠦᠰᠡ ᠳᠤ ᠂ ᠭᠠᠵᠠᠷ ᠣᠷᠣᠨ ᠨᠤᠭᠤᠳ ᠬᠤᠭᠤᠷᠤᠨᠳᠤ ᠪᠠᠨ ᠬᠥᠨᠳᠡᠯᠡᠨ ᠢᠶᠠᠷ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠥᠭᠭᠦᠭᠰᠡᠨ ᠪᠠᠶᠢᠪᠠᠯ ᠂ ᠲᠥᠪ ᠤᠨ ᠡᠳ᠋ ᠤᠨ ᠵᠠᠰᠠᠭ ᠪᠠ ᠮᠤᠵᠢ ᠶᠢᠨ ᠱᠠᠲᠤᠨ ᠤ ᠡᠳ᠋ ᠤᠨ ᠵᠠᠰᠠᠭ ᠬᠥᠲᠥᠯᠥᠨ ᠵᠢᠯᠤᠭᠤᠳᠴᠤ ᠲᠡᠮᠵᠢᠵᠤ ᠪᠣᠯᠣᠨ᠎ᠠ︔ ᠨᠥᠬᠦᠪᠦᠷᠢ ᠥᠭᠬᠦ ᠲᠣᠭᠲᠠᠴᠠ ᠶᠢᠨ ᠪᠠᠶᠢᠭᠤᠯᠤᠯᠲᠠ ᠳᠤ ᠢᠯᠡᠳᠲᠡ ᠦᠷ᠎ᠡ ᠪᠦᠲᠦᠮᠵᠢ ᠣᠯᠣᠭᠰᠠᠨ ᠪᠠᠶᠢᠪᠠᠯ ᠂ ᠲᠦᠷᠦ ᠶᠢᠨ ᠶᠠᠪᠤᠳᠠᠯ ᠤᠨ ᠬᠤᠷᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠂ ᠡᠳ᠋ ᠤᠨ ᠵᠠᠰᠠᠭ ᠵᠡᠷᠭᠡ ᠰᠠᠯᠠᠭ᠎ᠠ ᠮᠥᠴᠢᠷ ᠤᠳ ᠲᠥᠯᠥᠪᠯᠡᠭᠡ᠂ ᠪᠡᠯᠡ ᠮᠥᠩᠭᠦ ᠂ ᠲᠦᠰᠦᠯ ᠤᠨ ᠲᠣᠬᠢᠷᠠᠭᠤᠯᠤᠯᠲᠠ ᠵᠡᠷᠭᠡ ᠲᠠᠯ᠎ᠠ ᠪᠠᠷ ᠵᠣᠬᠢᠰᠲᠠᠢ ᠳᠡᠮᠵᠢᠵᠦ ᠪᠣᠯᠣᠨ᠎ᠠ ᠃  ᠲᠠᠪᠤ ᠂ ᠵᠠᠬ᠎ᠠ ᠳᠡᠯᠭᠡᠭᠦᠷ ᠤᠨ ᠲᠣᠭᠲᠠᠴᠠ ᠨᠥᠬᠦᠪᠦᠷᠢ ᠥᠭᠬᠦ ᠶᠢ ᠵᠣᠷᠢᠭᠵᠢᠭᠤᠯᠤᠨ ᠠᠬᠢᠭᠤᠯᠤᠨ᠎ᠠ᠃ ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠶᠢᠭᠡᠮ ᠤᠨ ᠬᠦᠴᠦᠨ ᠵᠢᠴᠢ ᠣᠷᠣᠨ ᠨᠤᠲᠤᠭ ᠤᠨ ᠵᠠᠰᠠᠭ ᠤᠨ ᠣᠷᠳᠣᠨ ᠤ ᠵᠠᠬ᠎ᠠ ᠳᠡᠯᠭᠡᠭᠦᠷ ᠤᠨ ᠳᠦᠷᠢᠮ ᠶᠣᠰᠣᠭᠠᠷ᠂ ᠪᠤᠬᠢᠷᠳᠤᠯ ᠦᠭᠡᠢ ᠦᠢᠯᠡᠳᠬᠦᠨ ᠪᠠ ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠪᠠᠷ ᠳᠠᠮᠵᠢᠭᠤᠯᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠥᠭᠬᠦ ᠶᠢ  ᠨᠢ ᠵᠣᠷᠢᠭᠵᠢᠭᠤᠯᠤᠨ᠎ᠠ᠃ ᠨᠡᠶᠢᠭᠡᠮ ᠤᠨ ᠪᠡᠯᠡ ᠮᠥᠩᠭᠦ ᠶᠢ ᠵᠣᠷᠢᠭᠵᠢᠭᠤᠯᠤᠨ ᠬᠥᠲᠥᠯᠥᠨ ᠵᠢᠯᠤᠭᠤᠳᠴᠤ ᠪᠠᠶᠢᠭᠠᠳ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠶᠢᠨ ᠰᠠᠭᠤᠷᠢ ᠮᠥᠩᠭᠦ ᠪᠠᠶᠢᠭᠤᠯᠤᠨ᠂ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠳᠤ ᠬᠠᠤᠯᠢ ᠶᠣᠰᠣᠭᠠᠷ ᠡᠮᠬᠢ ᠵᠢᠷᠤᠮ ᠲᠠᠢ ᠪᠠᠷ ᠣᠷᠣᠯᠴᠠᠭᠤᠯᠤᠨ᠎ᠠ ᠃  ᠵᠢᠷᠭᠤᠭ᠎ᠠ ᠂ ᠪᠠᠲᠤᠯᠠᠭ᠎ᠠ ᠪᠠ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ ᠃ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠪᠡᠯᠡ ᠮᠥᠩᠭᠦ ᠶᠢ ᠴᠠᠭ ᠲᠤᠬᠠᠢ ᠳᠤ  ᠨᠢ ᠪᠠᠭᠤᠯᠭᠠᠬᠤ ᠪᠠ ᠬᠠᠷᠭᠤᠭᠤᠯᠤᠨ ᠥᠭᠬᠦ ᠬᠡᠷᠡᠭᠲᠡᠢ ᠂ ᠪᠡᠯᠡ ᠮᠥᠩᠭᠦ ᠶᠢ ᠦᠯᠡᠳᠡᠭᠡᠨ ᠠᠪᠤᠭᠰᠠᠨ ᠂ ᠡᠵᠡᠯᠡᠨ ᠬᠡᠷᠡᠭᠯᠡᠭᠰᠡᠨ ᠂ ᠨᠡᠭᠦᠯᠭᠡᠨ ᠬᠡᠷᠡᠭᠯᠡᠭᠰᠡᠨ ᠂ ᠥᠷᠢᠲᠦᠵᠦ ᠤᠳᠠᠭᠠᠰᠢᠷᠠᠭᠤᠯᠤᠭᠰᠠᠨ ᠪᠤᠶᠤ ᠲᠣᠭᠲᠠᠭᠠᠯ ᠶᠣᠰᠣᠭᠠᠷ ᠬᠡᠷᠡᠭᠯᠡᠭᠰᠡᠨ ᠦᠭᠡᠢ ᠮᠥᠷᠲᠡᠭᠡᠨ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠠᠶᠢᠪᠠᠯ ᠂ ᠪᠡᠯᠡ ᠮᠥᠩᠭᠦ ᠶᠢ ᠬᠤᠶᠢᠰᠢᠯᠠᠭᠤᠯᠤᠨ ᠰᠠᠯᠭᠠᠨ ᠥᠭᠬᠦ ᠂  ᠪᠠᠭᠠᠰᠬᠠᠨ ᠰᠠᠯᠭᠠᠨ ᠥᠭᠬᠦ ᠂ ᠰᠠᠯᠭᠠᠨ ᠥᠭᠬᠦ ᠶᠢ ᠵᠣᠭᠰᠤᠭᠠᠬᠤ ᠪᠤᠶᠤ ᠨᠡᠬᠡᠮᠵᠢᠯᠡᠨ ᠠᠪᠴᠢᠷᠠᠵᠤ ᠪᠣᠯᠣᠨ᠎ᠠ ᠃ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠶᠢᠨ ᠠᠵᠢᠯ ᠤᠨ ᠪᠠᠶᠢᠳᠠᠯ ᠢ ᠬᠠᠤᠯᠢ ᠶᠣᠰᠣᠭᠠᠷ ᠴᠠᠭ ᠲᠤᠬᠠᠢ ᠳᠤ  ᠨᠢ ᠢᠯᠡ ᠪᠣᠯᠭᠠᠵᠤ᠂ ᠬᠢᠨᠠᠨ ᠪᠤᠳᠤᠬᠤ ᠪᠠᠶᠢᠭᠤᠯᠭ᠎ᠠ ᠪᠡᠯᠡ ᠮᠦᠩᠭᠦᠨ ᠤ ᠬᠠᠮᠢᠶᠠᠷᠤᠯᠲᠠ ᠬᠡᠷᠡᠭᠯᠡᠯᠲᠡ ᠶᠢᠨ ᠪᠠᠶᠢᠳᠠᠯ ᠢ ᠬᠠᠤᠯᠢ ᠶᠣᠰᠣᠭᠠᠷ ᠬᠢᠨᠠᠨ ᠪᠤᠳᠤᠵᠤ ᠬᠢᠨᠠᠯᠲᠠ ᠲᠠᠯᠪᠢᠬᠤ ᠬᠡᠷᠡᠭᠲᠡᠢ ᠃ 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号