ᠠᠯᠠᠱᠠ ᠠᠶᠢᠮᠠᠭ ᠤᠨ 2024 ᠣᠨ ᠤ ᠨᠢᠭᠡᠳᠦᠭᠡᠷ ᠤᠯᠠᠷᠢᠯ ᠤᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠰᠢᠯᠢᠨ ᠰᠣᠩᠭᠤᠭᠰᠠᠨ ᠦᠷ᠎ᠡ ᠳ᠋ᠦᠩ ᠢ ᠨᠡᠢᠲᠡᠯᠡᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/4/15
ᠡᠯ᠎ᠡ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠦᠢᠯᠡᠳᠪᠦᠷᠢᠯᠡᠵᠦ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠳᠤ᠄  ︽2024 ᠣᠨ ᠤ ᠨᠢᠭᠡᠳᠦᠭᠡᠷ ᠤᠯᠠᠷᠢᠯ ᠤᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠢ ᠰᠢᠯᠢᠨ ᠰᠣᠩᠭᠤᠬᠤ ᠠᠵᠢᠯ ᠢ ᠥᠷᠨᠢᠭᠦᠯᠬᠦ ᠲᠤᠬᠠᠶ ᠠᠯᠠᠱᠠ ᠠᠶᠢᠮᠠᠭ ᠤᠨ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ᠮᠠᠨ ᠤ ᠲᠣᠪᠴᠢᠶ᠎ᠠ 2024 ᠣᠨ ᠤ ᠨᠢᠭᠡᠳᠦᠭᠡᠷ ᠤᠯᠠᠷᠢᠯ ᠤᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠰᠢᠯᠢᠨ ᠰᠣᠩᠭᠤᠬᠤ ᠳᠤ ᠣᠷᠣᠯᠴᠠᠭᠰᠠᠨ ᠠᠵᠤ ᠠᠬᠤᠶᠢᠯᠠᠯ ᠤᠨ ᠨᠡᠷ᠎ᠡ ᠮᠡᠳᠡᠭᠦᠯᠦᠭᠰᠡᠨ ᠮᠠᠲ᠋ᠧᠷᠢᠶᠠᠯ ᠢ ᠬᠢᠨᠠᠨ ᠬᠠᠷᠭᠤᠭᠤᠯᠵᠤ᠂ 2024 ᠣᠨ ᠤ 4 ᠳ᠋ᠦ᠋ᠭᠡᠷ ᠰᠠᠷ᠎ᠠ ᠶᠢᠨ 8 ᠤ ᠡᠳᠦᠷ ᠠᠴᠠ 4 ᠳ᠋ᠦ᠋ᠭᠡᠷ ᠰᠠᠷ᠎ᠠ ᠶᠢᠨ 12 ᠤᠨ ᠡᠳᠦᠷ ᠪᠣᠯᠲᠠᠯ᠎ᠠ ᠬᠢᠨᠠᠨ ᠬᠠᠷᠭᠤᠭᠤᠯᠤᠭᠰᠠᠨ ᠦᠷ᠎ᠡ ᠳ᠋ᠦᠩ ᠢ ᠨᠢᠭᠡᠨᠲᠡ ᠵᠠᠷᠯᠠᠨ ᠨᠡᠢᠲᠡᠯᠡᠵᠡᠶ᠂ ᠡᠳᠦᠭᠡ ᠰᠣᠩᠭᠤᠭᠳᠠᠭᠰᠠᠨ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠨᠡᠷᠡᠰ ᠢ ᠨᠡᠶᠢᠲᠡᠯᠡᠬᠦ ᠶᠢᠨ ᠬᠠᠮᠲᠤ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠪᠡ᠃  ᠨᠢᠭᠡ᠂ ᠠᠯᠠᠱᠠ ᠠᠶᠢᠮᠠᠭ ᠤᠨ 2024 ᠣᠨ ᠤ ᠨᠢᠭᠡᠳᠦᠭᠡᠷ ᠤᠯᠠᠷᠢᠯ ᠤᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠰᠢᠯᠢᠨ ᠰᠣᠩᠭᠤᠭᠳᠠᠭᠰᠠᠨ ᠨᠡᠷᠡᠰ ︵ᠳᠠᠭᠠᠯᠳᠤᠭᠤᠯᠤᠯ 1᠂ 2 ᠲᠤ ᠦᠵᠡ︶᠃  ᠬᠤᠶᠠᠷ᠂ ᠰᠣᠩᠭᠤᠭᠳᠠᠭᠰᠠᠨ ᠨᠡᠷᠡᠰ ᠲᠠᠬᠢ ᠠᠩᠬ᠎ᠠ ᠤᠳᠠᠭ᠎ᠠ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠳᠤ ᠣᠷᠣᠯᠴᠠᠭᠰᠠᠨ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ᠄  ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠨᠢ ᠥᠪᠥᠷ ᠮᠣᠩᠭᠤᠯ ᠤᠨ ᠡᠮ ᠡᠮᠨᠡᠯᠭᠡ ᠶᠢᠨ ᠳᠠᠭᠠᠳᠬᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠰᠦᠯᠵᠢᠶ᠎ᠡ ᠳᠤ(https://ylbzj.nmg.gov.cn/ggfw/hallEnter/#/Index)ᠣᠷᠣᠵᠤ  ᠳᠠᠩᠰᠠᠯᠠᠨ ᠭᠡᠷᠡᠴᠢᠯᠡᠭᠦᠯᠵᠦ᠂ ᠢᠲᠡᠭᠡᠮᠵᠢ ᠶᠢᠨ ᠠᠮᠠᠯᠠᠯᠲᠠ ᠶᠢᠨ ᠪᠢᠴᠢᠭ ᠢ ᠳᠡᠭᠡᠭᠰᠢ ᠳᠠᠮᠵᠢᠭᠤᠯᠵᠤ᠂ ᠥᠪᠡᠷᠲᠡᠭᠡᠨ ᠵᠠᠰᠠᠬᠤ ᠣᠷᠣᠨ ᠬᠢᠨᠠᠨ ᠬᠠᠷᠭᠤᠭᠤᠯᠵᠤ ᠪᠠᠲᠤᠯᠠᠭᠰᠠᠨ ᠤ ᠳᠠᠷᠠᠭ᠎ᠠ᠂ ᠠᠵᠤ ᠠᠬᠤᠶᠢᠯᠠᠯ ᠬᠢᠷᠢ ᠬᠡᠮ ᠤᠨ ᠬᠠᠮᠠᠭᠠᠯᠠᠯᠲᠠ ᠬᠢᠨ᠎ᠡ︔ ᠠᠵᠤ ᠠᠬᠤᠶᠢᠯᠠᠯ ᠤᠨ ᠬᠢᠷᠢ ᠬᠡᠮ ᠢ ᠬᠠᠮᠠᠭᠠᠯᠠᠭᠰᠠᠨ ᠤ ᠳᠠᠷᠠᠭ᠎ᠠ ᠤᠲᠠᠰᠤ ᠪᠠᠷ ᠮᠠᠨ ᠤ ᠲᠥᠪ ᠲᠤ ᠮᠡᠳᠡᠭᠳᠡᠨ᠎ᠡ᠃  ᠭᠤᠷᠪᠠ᠂ ᠰᠣᠩᠭᠤᠭᠳᠠᠭᠰᠠᠨ ᠨᠡᠷᠡᠰ ᠲᠠᠬᠢ ᠳᠠᠩᠰᠠᠯᠠᠨ ᠭᠡᠷᠡᠴᠢᠯᠡᠭᠦᠯᠵᠦ ᠪᠠᠲᠤᠯᠠᠭᠰᠠᠨ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠨᠢ᠂ ᠮᠠᠨ ᠤ ᠲᠥᠪ ᠴᠠᠭ ᠲᠤᠬᠠᠶ ᠳᠤᠨᠢ ᠳᠣᠭᠢᠷᠠᠭᠤᠯᠤᠨ ᠬᠦᠷᠭᠡᠬᠦ ᠣᠷᠣᠨ ᠪᠦᠰᠡ ᠶᠢ ᠨᠡᠭᠡᠭᠡᠵᠦ᠂ ᠳᠣᠭᠢᠷᠠᠭᠤᠯᠤᠨ ᠬᠦᠷᠭᠡᠬᠦ ᠣᠷᠣᠨ ᠪᠦᠰᠡ ᠶᠢ ᠨᠡᠪᠲᠡᠷᠡᠭᠦᠯᠦᠭᠰᠡᠨ ᠤ ᠳᠠᠷᠠᠭ᠎ᠠ᠂ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠨᠢ ᠦᠢᠯᠡᠳᠪᠦᠷᠢᠯᠡᠯ ᠤᠨ ᠠᠵᠤ ᠠᠬᠤᠶᠢᠯᠠᠯ ᠲᠠᠢ ᠬᠠᠷᠢᠯᠴᠠᠵᠤ ᠰᠢᠰᠲ᠋ᠧᠮ ᠤᠨ ᠳᠣᠲᠣᠷ᠎ᠠ ᠳᠣᠭᠢᠷᠠᠭᠤᠯᠤᠨ ᠬᠦᠷᠭᠡᠬᠦ ᠬᠠᠷᠢᠴᠠᠭ᠎ᠠ ᠪᠠᠶᠢᠭᠤᠯᠵᠤ ᠪᠣᠯᠤᠨ᠎ᠠ᠃ ᠡᠯ᠎ᠡ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠨᠢ ᠳᠣᠤᠷᠠᠬᠢ ᠬᠤᠶᠠᠷ ᠬᠡᠮᠵᠢᠯᠳᠦ ᠺᠣᠳ᠋ ᠢ ᠰᠢᠷᠪᠢᠵᠦ ︽ᠠᠯᠠᠱᠠ ᠠᠶᠢᠮᠠᠭ ᠤᠨ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠬᠠᠷᠢᠯᠴᠠᠭᠠᠨ ᠤ ᠪᠦᠯᠦᠭᠯᠡᠯ︾ ︵ᠭᠤᠶᠤᠴᠢᠯᠠᠬᠤ ᠳᠠᠭᠠᠨ ᠠᠵᠤ ᠠᠬᠤᠶᠢᠯᠠᠯ ᠤᠨ ᠪᠦᠷᠢᠨ ᠨᠡᠷᠡᠶᠢᠳᠦᠯ ᠢ ᠲᠣᠳᠣᠷᠬᠠᠶᠢᠯᠠᠬᠤ ᠬᠡᠷᠡᠭᠲᠡᠶ︶ ᠲᠤ ᠣᠷᠣᠬᠤ ᠬᠡᠷᠡᠭᠲᠡᠶ᠃  ᠬᠠᠷᠢᠯᠴᠠᠬᠤ ᠬᠥᠮᠦᠨ᠄ ᠳ᠋ᠦᠩ ᠸᠧᠨ ᠵᠢᠩ  ᠫᠠᠨ ᠰᠢᠤᠸᠠᠢ ᠵᠢᠶᠣᠣ  ᠬᠠᠷᠢᠯᠴᠠᠬᠤ ᠤᠲᠠᠰᠤ᠄ 0483-8350180  ᠳᠠᠭᠠᠯᠳᠤᠭᠤᠯᠤᠯ᠄  1. 2024 ᠣᠨ ᠤ ᠨᠢᠭᠡᠳᠦᠭᠡᠷ ᠤᠯᠠᠷᠢᠯ ᠤᠨ ᠡᠮ ᠤᠨ ᠵᠦᠢᠯ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠰᠢᠯᠢᠨ ᠰᠣᠩᠭᠤᠭᠳᠠᠭᠰᠠᠨ ᠨᠡᠷᠡᠰ  2. 2024 ᠣᠨ ᠤ ᠨᠢᠭᠡᠳᠦᠭᠡᠷ ᠤᠯᠠᠷᠢᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠰᠢᠯᠢᠨ ᠰᠣᠩᠭᠤᠭᠳᠠᠭᠰᠠᠨ ᠨᠡᠷᠡᠰ  
图片1.png
    ᠠᠯᠠᠱᠠ ᠠᠶᠢᠮᠠᠭ ᠤᠨ ᠡᠮ ᠡᠮᠨᠡᠯᠭᠡ ᠶᠢᠨ ᠶᠢᠨ ᠪᠠᠲᠤᠯᠠᠭ᠎ᠠ ᠶᠢᠨ ᠲᠣᠪᠴᠢᠶ᠎ᠠ  2024 ᠣᠨ ᠤ 4 ᠳ᠋ᠦ᠋ᠭᠡᠷ ᠰᠠᠷ᠎ᠠ ᠶᠢᠨ 15 ᠤ ᠡᠳᠦᠷ

 

 

 
ᠢᠷᠡᠯᠲᠡ᠄ ᠠᠯᠠᠱᠠ ᠠᠶᠢᠮᠠᠭ ᠤᠨ ᠡᠮ ᠡᠮᠨᠡᠯᠭᠡ ᠶᠢᠨ ᠪᠠᠳᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号