ᠡᠮᠴᠢᠯᠡᠭᠡᠨ ᠤ ᠳᠠᠭᠠᠳᠬᠠᠯ ᠤᠨ ᠭᠤᠷᠪᠠᠨ ᠵᠦᠢᠯ ᠤᠨ ᠳᠦᠷᠢᠮ ᠨᠢ ᠲᠦᠭ ᠲᠦᠮᠡᠨ ᠭᠡᠷ ᠪᠦᠯᠢ ᠶᠢᠨ ᠡᠷᠡᠭᠦᠯ ᠮᠡᠨᠳᠦ ᠶᠢᠨ ︽ᠬᠤᠲᠠ ᠬᠠᠮᠠᠭᠠᠯᠠᠬᠤ ᠭᠤᠣᠯ︾ ᠢ ᠪᠠᠶᠢᠭᠤᠯᠪᠠ
ᠨᠡᠶᠢᠲᠡᠯᠡᠭᠰᠡᠨ ᠴᠠᠭ᠄
2024/4/21
  ᠠᠷᠠᠳ ᠲᠦᠮᠡᠨ ᠤ ᠡᠷᠡᠭᠦᠯ ᠮᠡᠨᠳᠦ ᠪᠣᠯ ᠠᠷᠠᠳ ᠤᠨ ᠠᠮᠢᠳᠤᠷᠠᠯ ᠤᠨ ᠠᠰᠠᠭᠤᠳᠠᠯ ᠪᠣᠯᠬᠤ ᠪᠠᠷ ᠪᠠᠷᠠᠬᠤ ᠦᠭᠡᠢ ᠪᠠᠰᠠ ᠴᠤ ᠨᠡᠶᠢᠭᠡᠮ ᠤᠨ ᠤᠯᠤᠰ ᠲᠦᠷᠦ ᠶᠢᠨ ᠠᠰᠠᠭᠤᠳᠠᠯ ᠪᠣᠯᠤᠨ᠎ᠠ᠃ ᠡᠮᠴᠢᠯᠡᠭᠡᠨ ᠤ ᠳᠠᠭᠠᠳᠬᠠᠯ ᠪᠣᠯ ᠲᠦᠭ ᠲᠦᠮᠡᠨ ᠭᠡᠷ ᠪᠦᠯᠢ ᠶᠢᠨ ᠬᠦᠴᠢᠷ ᠵᠣᠪᠠᠭᠤᠷᠢ ᠶᠢ ᠰᠢᠢᠳᠪᠦᠷᠢᠯᠡᠬᠦ‍ ᠨᠢᠭᠡ ᠵᠦᠢᠯ ᠤᠨ ᠠᠷᠠᠳ ᠲᠤ ᠠᠰᠢᠭ ᠬᠦᠷᠲᠡᠭᠡᠬᠦ ᠴᠢᠬᠤᠯᠠ ᠶᠡᠭᠡ ᠠᠷᠭ᠎ᠠ ᠬᠡᠮᠵᠢᠶ᠎ᠡ ᠮᠥᠨ᠃  2003 ᠣᠨ ᠠᠴᠠ 2022 ᠣᠨ ᠪᠣᠯᠲᠠᠯ᠎ᠠ ᠮᠠᠨ ᠤ ᠤᠯᠤᠰ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠶᠡᠷᠦᠩᠬᠡᠢ ᠡᠮᠴᠢᠯᠡᠭᠡᠨ ᠤ ᠬᠥᠮᠥᠨ ᠤᠳᠠᠭ᠎ᠠ 20.96 ᠳ᠋ᠦᠩᠰᠢᠭᠤᠷ ᠪᠠᠶᠢᠭᠰᠠᠨ ᠠᠴᠠ 84.2 ᠳ᠋ᠦᠩᠰᠢᠭᠤᠷ ᠪᠣᠯᠵᠤ ᠨᠡᠮᠡᠭᠳᠡᠪᠡ᠃ ᠲᠤᠰ ᠬᠤᠭᠤᠴᠠᠭᠠᠨ ᠳᠤ ᠪᠦᠬᠦ ᠤᠯᠤᠰ ᠤᠨ ᠡᠷᠡᠭᠦᠯ ᠬᠠᠮᠠᠭᠠᠯᠠᠯ ᠤᠨ ᠶᠡᠷᠦᠩᠬᠡᠢ ᠵᠠᠷᠤᠳᠠᠯ ᠳᠤ ᠬᠤᠪᠢ ᠬᠦᠮᠦᠨ ᠤ ᠡᠷᠡᠭᠦᠯ ᠬᠠᠮᠠᠭᠠᠯᠠᠯ ᠤᠨ ᠵᠠᠷᠤᠳᠠᠯ ᠤᠨ ᠡᠵᠡᠯᠡᠬᠦ ᠬᠤᠪᠢ ᠶᠢᠨ ᠵᠢᠩ ᠨᠢ 55.8% ᠪᠠᠶᠢᠭᠰᠠᠨ ᠠᠴᠠ 27% ᠪᠣᠯᠤᠨ ᠪᠠᠭᠤᠷᠠᠪᠠ᠃  ᠡᠭᠦᠨ ᠤ ᠠᠷᠤ ᠳᠤ᠂ ᠨᠢᠭᠡ ᠲᠠᠯ᠎ᠠ ᠨᠢ ᠤᠯᠤᠰ ᠤᠨ ᠵᠢᠪ ᠵᠢᠩᠬᠢᠨᠢ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠪᠣᠯᠤᠨ᠎ᠠ᠂ ᠨᠥᠭᠦᠭᠡ ᠲᠠᠯ᠎ᠠ ᠨᠢ ᠤᠯᠤᠰ ᠤᠨ ᠪᠠᠶᠢᠳᠠᠯ ᠳᠤ ᠨᠡᠶᠢᠴᠡᠭᠰᠡᠨ ᠡᠮᠴᠢᠯᠡᠭᠡᠨ ᠤ ᠳᠠᠭᠠᠳᠬᠠᠯ ᠤᠨ ᠲᠦᠷᠢᠮ ᠤᠨ ᠰᠢᠨ᠎ᠡ ᠡᠭᠦᠳᠦᠯᠲᠡ ᠮᠥᠨ᠂ ᠨᠠᠩ ᠴᠤ ᠲᠦᠭ ᠲᠦᠮᠡᠨ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ᠠᠰᠢᠭ ᠭᠥᠷᠳᠡᠭᠰᠡᠨ ᠦᠢᠯᠡᠳᠦᠯᠭᠡ ᠮᠥᠨ᠃  2015 ᠣᠨ ᠠᠴᠠ ᠡᠬᠢᠯᠡᠨ᠂ ᠤᠯᠤᠰ ᠠᠴᠠ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮᠴᠢᠯᠡᠭᠡᠨ ᠤ ᠠᠪᠤᠷᠠᠨ ᠲᠤᠰᠠᠯᠠᠯᠲᠠ ᠵᠡᠷᠭᠡ ᠭᠤᠷᠪᠠᠨ ᠳᠠᠪᠬᠤᠷ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ ᠶᠡᠷᠦᠩᠬᠡᠶᠢᠯᠡᠭᠰᠡᠨ ᠪᠠᠲᠤᠯᠠᠭ᠎ᠠ ᠬᠢᠵᠦ᠂ ᠣᠯᠠᠨ ᠲᠦᠮᠡᠨ ᠤ ᠡᠮᠴᠢᠯᠡᠭᠡᠨ ᠤ ᠵᠠᠷᠤᠳᠠᠯ ᠤᠨ ᠳᠠᠷᠤᠭᠠᠰᠤ ᠶᠢ ᠱᠠᠲᠤ ᠳᠠᠷᠠᠭᠠᠯᠠᠨ ᠬᠥᠩᠭᠡᠷᠡᠭᠦᠯᠵᠦ᠂ ᠠᠷᠠᠳ ᠣᠯᠠᠨ ᠳᠤ ᠡᠷᠡᠭᠦᠯ ᠮᠡᠨᠳᠦ ᠶᠢᠨ ︽ᠬᠤᠲᠠ ᠬᠠᠮᠠᠭᠠᠯᠠᠬᠤ ᠭᠤᠣᠯ︾ ᠢ ᠪᠣᠶ ᠪᠣᠯᠭᠠᠪᠠ᠃  ᠦᠨᠳᠦᠰᠦᠨ ᠡᠮᠴᠢᠯᠡᠭᠡᠨ ᠤ ᠳᠠᠭᠠᠳᠬᠠᠯ ᠨᠢ ︽ᠦᠨᠳᠦᠰᠦᠨ ᠰᠠᠭᠤᠷᠢ︾ ᠶᠢ ᠰᠠᠬᠢᠵᠤ ᠪᠠᠶᠢᠨ᠎ᠠ  ᠦᠨᠳᠦᠰᠦᠨ ᠡᠮᠴᠢᠯᠡᠭᠡᠨ ᠤ ᠳᠠᠭᠠᠳᠬᠠᠯ ᠳᠤ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠪᠠ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠢ ᠪᠠᠭᠲᠠᠭᠠᠨ᠎ᠠ᠃ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ 1994 ᠣᠨ ᠠᠴᠠ ᠡᠬᠢᠯᠡᠨ ᠲᠤᠷᠰᠢᠯᠲᠠ ᠬᠢᠵᠦ᠂ 1998 ᠣᠨ ᠠᠴᠠ ᠵᠢᠩᠬᠢᠨᠢ ᠪᠠᠶᠢᠭᠤᠯᠵᠤ᠂ ᠳᠦᠷᠢᠮ ᠨᠢ ᠭᠤᠣᠯᠳᠠᠭᠤ ᠠᠵᠢᠯ ᠣᠯᠤᠭᠰᠠᠳ ᠢ ᠬᠠᠮᠤᠷᠪᠠ᠃ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠢ 2003 ᠣᠨ ᠠᠴᠠ ᠡᠬᠢᠯᠡᠨ ᠪᠠᠶᠢᠭᠤᠯᠤᠭᠰᠠᠨ ︽ᠬᠥᠳᠡᠭᠡ ᠲᠣᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ        ᠡᠮᠨᠡᠯᠭᠡ︾ ᠪᠣᠯᠤᠨ 2007 ᠣᠨ ᠠᠴᠠ ᠡᠬᠢᠯᠡᠨ ᠪᠠᠶᠢᠭᠤᠯᠤᠭᠰᠠᠨ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠢ ᠨᠡᠶᠢᠯᠡᠭᠦᠯᠦᠭᠰᠡᠨ ᠠᠴᠠ ᠢᠷᠡᠨ᠂ ᠭᠤᠤᠯᠳᠠᠭᠤ ᠠᠵᠢᠯ ᠣᠯᠤᠭᠰᠠᠨ ᠪᠤᠰᠤ ᠬᠥᠮᠦᠰ ᠢ ᠬᠠᠮᠤᠷᠪᠠ᠃  ︽ᠮᠢᠨᠦ ᠠᠪᠤ᠂ ᠪᠢ ᠥᠪᠡᠷ ᠢᠶᠠᠨ᠂ ᠮᠢᠨᠤ ᠥᠬᠢᠨ ᠳᠡᠭᠦᠦ ᠪᠦᠷ ᠴᠢᠰᠤᠨ ᠳᠠᠷᠤᠯᠲᠠ ᠥᠨᠳᠥᠷ᠂ ᠴᠢᠰᠤᠨ ᠰᠢᠬᠢᠷ ᠥᠨᠳᠥᠷ︾ ᠃ ᠡᠮᠴᠢᠯᠡᠭᠡᠨ ᠤ ᠳᠠᠭᠠᠳᠬᠠᠯ ᠤᠨ ᠲᠤᠬᠠᠶ ᠶᠠᠷᠢᠪᠠᠯ᠂ ᠾᠧᠪᠸᠢ ᠮᠤᠵᠢ ᠶᠢᠨ ᠴᠢᠨ ᠬᠤᠸᠠᠩ ᠳ᠋ᠤᠤ ᠬᠤᠲᠠ ᠳᠤ ᠰᠠᠭᠤᠵᠤ ᠪᠠᠶᠢᠭ᠎ᠠ ᠮᠠ ᠠᠪᠤᠭᠠᠶ ᠮᠠᠰᠢ ᠭᠦᠨ ᠲᠥᠷᠥᠭᠳᠡᠯ ᠲᠠᠢ᠄ ︽ᠡᠶᠢᠮᠦ ᠤᠯᠠᠨ ᠵᠢᠯ᠂ ᠰᠢᠷᠣᠢ ᠬᠤᠷᠠᠮᠳᠤᠭᠤᠯᠤᠨ ᠠᠭᠤᠯᠠ ᠪᠤᠯᠤᠮᠤᠢ᠂ ᠵᠥᠪᠬᠡᠨ ᠳᠠᠷᠤᠯᠲᠠ ᠪᠠᠭᠤᠷᠠᠭᠤᠯᠬᠤ ᠡᠮ ᠤᠨ ᠲᠠᠯ᠎ᠠ ᠪᠠᠷ᠂ ᠡᠮᠴᠢᠯᠡᠭᠡᠨ ᠤ ᠳᠠᠭᠠᠳᠬᠠᠯ ᠮᠠᠨ ᠤ ᠭᠡᠷ ᠲᠤ ᠮᠠᠰᠢ ᠣᠯᠠᠨ ᠵᠣᠭᠤᠰ ᠠᠷᠪᠢᠯᠠᠵᠤ ᠥᠭᠪᠡ︾᠃  ᠡᠩ ᠤᠨ ᠰᠠᠭᠤᠭᠠᠯᠢ ᠠᠷᠠᠳ ᠪᠣᠯᠤᠨ ᠤᠳᠠᠭᠠᠨ ᠴᠢᠨᠠᠷᠲᠠᠶ ᠡᠪᠡᠳᠴᠢᠲᠡᠨ ᠳᠤ ᠠᠪᠴᠤ ᠬᠡᠯᠡᠪᠡᠯ᠂ ᠡᠮᠨᠡᠯᠭᠡ ᠳᠤ ᠰᠠᠭᠤᠭᠰᠠᠨ ᠴᠤ ᠲᠡᠷᠡ᠂ ᠡᠮ ᠬᠡᠷᠡᠭᠯᠡᠬᠦ ᠴᠤ ᠲᠡᠷᠡ᠂ ᠡᠮᠴᠢᠯᠡᠭᠡᠨ ᠤ ᠳᠠᠭᠠᠳᠬᠠᠯ ᠪᠣᠯ ᠴᠥᠮ ᠡᠳᠦᠷ ᠲᠤᠲᠤᠮ ᠤᠨ ᠠᠮᠢᠳᠤᠷᠠᠯ ᠤᠨ ︽ᠵᠠᠪᠠᠯ ᠬᠡᠷᠡᠭᠯᠡᠬᠦ ᠰᠣᠩᠭᠤᠯᠲᠠ︾ ᠮᠥᠨ᠃ ᠡᠮᠴᠢᠯᠡᠭᠡᠨ ᠤ ᠳᠠᠭᠠᠳᠬᠠᠯ ᠢᠶᠠᠷ ᠳᠠᠮᠵᠢᠭᠤᠯᠤᠨ᠂ ᠲᠦᠭ ᠲᠦᠮᠡᠨ ᠬᠡᠷ ᠪᠦᠯᠢ ᠶᠢᠨ ᠬᠤᠶᠢᠰᠢᠳᠠ ᠶᠢᠨ ᠵᠣᠪᠠᠨᠢᠯ ᠢ ᠪᠠᠭᠠᠰᠬᠠᠵᠤ᠂ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠪᠡ᠃  20 ᠭᠠᠷᠤᠢ ᠵᠢᠯ ᠤᠨ ᠬᠤᠭᠤᠴᠠᠭᠠᠨ ᠳᠤ᠂ ᠦᠨᠳᠦᠰᠦᠨ ᠡᠮᠴᠢᠯᠡᠭᠡᠨ ᠤ ᠳᠠᠭᠠᠳᠬᠠᠯ ᠤᠨ ᠪᠠᠲᠤᠯᠠᠭ᠎ᠠ ᠶᠢᠨ ᠡᠮ ᠤᠨ ᠵᠦᠢᠯ ᠤᠨ ᠬᠡᠪᠴᠢᠶ᠎ᠡ ᠨᠢ ᠨᠢᠭᠡᠨᠲᠡ ︽ᠬᠥᠳᠡᠭᠡ ᠲᠣᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ︾ ᠪᠠᠢᠭᠤᠯᠤᠭᠳᠠᠭᠰᠠᠨ ᠠᠩᠬᠠᠨ ᠤ ᠦᠶ᠎ᠡ ᠶᠢᠨ 300 ᠭᠠᠷᠤᠢ ᠵᠦᠢᠯ ᠤᠨ ᠡᠮ ᠤᠨ ᠵᠦᠢᠯᠡᠰ ᠪᠠᠶᠢᠭᠰᠠᠨ ᠠᠴᠠ᠂ ᠣᠳᠣ ᠶᠢᠨ 3088 ᠵᠦᠢᠯ ᠪᠣᠯᠵᠤ ᠥᠷᠭᠡᠳᠭᠡᠨ᠂ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠢᠭᠤᠯᠤᠮᠵᠢ ᠶᠢᠨ ᠬᠡᠷᠡᠭᠯᠡᠬᠦ ᠡᠮ ᠤᠨ ᠵᠣᠭᠤᠰ ᠤᠨ ᠲᠤᠭ᠎ᠠ ᠶᠢᠨ 90% ᠠᠴᠠ ᠳᠡᠭᠡᠭᠰᠢᠬᠢ ᠲᠥᠷᠥᠯ ᠵᠦᠢᠯ ᠢ ᠬᠠᠮᠤᠷᠤᠭᠰᠠᠨ ᠪᠥᠭᠡᠳ 74 ᠵᠦᠢᠯ ᠤᠨ ᠬᠤᠣᠷᠲᠤ ᠬᠠᠪᠤᠳᠠᠷ ᠤᠨ ᠬᠠᠨᠳᠤᠯᠭᠠᠲᠤ ᠡᠮ᠂ 80 ᠭᠠᠷᠤᠢ ᠵᠦᠢᠯ ᠤᠨ ᠬᠤᠪᠣᠷ ᠲᠣᠬᠢᠶᠠᠯᠳᠤᠬᠤ ᠡᠪᠡᠳᠴᠢᠨ ᠤ ᠬᠡᠷᠡᠭᠯᠡᠬᠦ ᠡᠮ ᠪᠠᠭᠲᠠᠨ᠎ᠠ᠃  ᠲᠠᠰᠤᠷᠠᠯᠲᠠ ᠦᠭᠡᠢ ᠥᠷᠭᠡᠳᠴᠦ ᠪᠠᠶᠢᠭ᠎ᠠ ︽ᠦᠨᠳᠦᠰᠦᠨ ᠰᠠᠭᠤᠷᠢ︾ ᠨᠢ ᠣᠯᠠᠨ ᠲᠦᠮᠡᠨ ᠤ ᠡᠮᠴᠢᠯᠡᠭᠦᠯᠵᠦ ᠡᠮ ᠬᠡᠷᠡᠭᠯᠡᠬᠦ ᠬᠡᠪᠴᠢᠶ᠎ᠡ ᠶᠢ ᠤᠯᠠᠮ ᠦᠷᠭᠡᠳᠭᠡᠪᠡ᠃  ᠡᠭᠦᠨ ᠤ ᠬᠠᠮᠲᠤ᠂ ᠠᠷᠠᠳ ᠣᠯᠠᠨ ᠳᠤ ᠨᠠᠩ ᠣᠯᠠᠨ ᠲᠥᠬᠦᠮ ᠪᠠ ᠪᠣᠳᠠᠲᠤ ᠠᠰᠢᠭ ᠬᠦᠷᠲᠡᠭᠡᠬᠦ ᠶᠢᠨ ᠲᠥᠯᠥᠭᠡ᠂ ᠡᠮᠴᠢᠯᠡᠭᠡᠨ ᠤ ᠳᠠᠭᠠᠳᠬᠠᠯ ᠴᠤ ᠴᠠᠭ ᠦᠶ᠎ᠡ ᠲᠠᠢ ᠵᠡᠷᠭᠡ ᠪᠠᠷ ᠤᠷᠤᠭᠰᠢᠯᠠᠵᠠᠢ᠄ ᠡᠯᠧᠺᠲᠷᠣᠨ ᠡᠮᠴᠢᠯᠡᠭᠡᠨ ᠤ ᠳᠠᠭᠠᠳᠬᠠᠯ ᠤᠨ ᠺᠠᠷᠲ᠂ ᠢᠨᠲ᠋ᠧᠷ ᠰᠦᠯᠵᠢᠶ᠎ᠡ ᠪᠠᠷ ᠳ᠋ᠦᠩᠨᠡᠨ ᠪᠤᠳᠤᠬᠤ᠂ ᠣᠨᠳᠣᠤ ᠭᠠᠵᠠᠷ ᠲᠤ ᠡᠮᠨᠡᠭᠦᠯᠬᠦ ᠵᠡᠷᠭᠡ ᠠᠷᠭ᠎ᠠ ᠮᠠᠶ᠋ᠢᠭ ᠢᠶᠠᠷ᠂ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢᠶᠠᠷ ᠳᠠᠮᠵᠢᠭᠤᠯᠤᠨ ᠰᠢᠨ᠎ᠡ ᠠᠮᠢᠵᠢᠷᠠᠯ ᠤᠨ ᠬᠦᠴᠦᠨ ᠢᠯᠡᠷᠡᠪᠡ᠃ ᠪᠤᠳᠤᠭᠲᠤ B ᠬᠡᠲᠦ ᠳᠣᠯᠭᠢᠶᠠᠨ᠂ CT᠂ ᠴᠥᠮ᠎ᠡ ᠰᠣᠷᠢᠨᠵᠢᠨ ᠴᠤᠤᠷᠢᠶ᠎ᠠ ᠵᠡᠷᠭᠡ ᠪᠠᠶᠢᠴᠠᠭᠠᠯᠲᠠ᠂ ᠡᠪᠡᠳᠬᠦ ᠥᠬᠡᠢ᠂ ᠪᠢᠴᠢᠯ ᠰᠢᠷᠬᠠᠲᠤ ᠮᠡᠰᠡ ᠵᠠᠰᠠᠯ ᠵᠡᠷᠭᠡ᠂ ᠣᠯᠠᠨ ᠵᠦᠢᠯ ᠤᠨ ᠲᠥᠷᠥᠯ ᠵᠦᠢᠯ ᠢ ᠳᠠᠩᠰᠠ ᠴᠠᠶᠢᠷᠠᠭᠤᠯᠬᠤ ᠳᠤ ᠵᠢᠭᠰᠠᠭᠠᠨ ᠣᠷᠣᠭᠤᠯᠵᠤ᠂ ᠰᠢᠨ᠎ᠡ ᠪᠠᠶᠢᠷᠢᠰᠢᠯ ᠢ ᠪᠣᠢ ᠪᠣᠯᠭᠠᠪᠠ᠃  ᠣᠯᠠᠨ ᠵᠢᠯ ᠤᠨ ᠲᠤᠷᠰᠢ᠂ ᠳᠤᠮᠳᠠᠳᠤ ᠤᠯᠤᠰ ᠤᠨ ᠡᠮᠴᠢᠯᠡᠭᠡᠨ ᠤ ᠳᠠᠭᠠᠳᠬᠠᠯ ᠨᠢ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠪᠠᠷ ᠦᠷᠭᠦᠯᠵᠢᠯᠡᠨ ᠤᠳᠤᠷᠢᠳᠤᠮᠵᠢ ᠪᠣᠯᠭᠠᠵᠤ᠂ ᠪᠠᠲᠤᠯᠠᠭ᠎ᠠ ᠶᠢᠨ ᠴᠢᠳᠠᠪᠤᠷᠢ ᠪᠠᠨ ᠳᠡᠭᠡᠭᠰᠢᠯᠡᠭᠦᠯᠬᠦ ᠪᠠᠷ ᠬᠦᠴᠦᠯᠡᠨ ᠴᠢᠷᠮᠠᠶᠢᠵᠤ᠂ ᠠᠷᠠᠳ ᠣᠯᠠᠨ ᠳᠤ ᠨᠠᠩ ᠤᠶᠤᠨᠴᠢᠯᠠᠭᠰᠠᠨ᠂ ᠨᠠᠷᠢᠯᠢᠭᠵᠢᠭᠤᠯᠤᠭᠰᠠᠨ ᠦᠢᠯᠡᠴᠢᠯᠡᠭᠡᠨ ᠤ ᠣᠶᠢᠯᠠᠭᠠᠯᠲᠠ ᠬᠠᠩᠭᠠᠪᠠ᠃  ᠬᠦᠨᠳᠦ ᠡᠪᠡᠳᠴᠢᠨ ᠤ ᠳᠠᠭᠠᠳᠬᠠᠯ ᠨᠢ ︽ᠭᠠᠯ ᠰᠡᠷᠭᠡᠶᠢᠯᠡᠬᠦ ᠬᠡᠷᠡᠮ︾ ᠢ ᠪᠠᠶᠢᠭᠤᠯᠪᠠ  ᠬᠦᠨᠳᠦ ᠡᠪᠡᠳᠴᠢᠨ ᠤ ᠳᠠᠭᠠᠳᠬᠠᠯ ᠪᠣᠯ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠰᠠᠭᠤᠷᠢᠨ ᠳᠡᠭᠡᠷ᠎ᠡ᠂ ᠳᠠᠭᠠᠳᠬᠠᠯ ᠳᠤ ᠣᠷᠣᠯᠴᠠᠭᠰᠠᠨ ᠬᠦᠨᠳᠦ ᠡᠪᠡᠳᠴᠢᠲᠡᠨ ᠤ ᠶᠡᠭᠡ ᠲᠣᠭᠠᠨ ᠤ ᠡᠮᠨᠡᠯᠭᠡ ᠶᠢᠨ ᠵᠠᠷᠤᠳᠠᠯ ᠢ ᠤᠯᠠᠮ ᠨᠢᠭᠡ ᠠᠯᠬᠤᠮ ᠪᠠᠲᠤᠯᠠᠬᠤ ᠳᠦᠷᠢᠮ ᠤᠨ ᠲᠣᠬᠢᠷᠠᠭᠤᠯᠤᠯᠲᠠ ᠪᠠᠶᠢᠵᠤ᠂ 2012 ᠣᠨ ᠠᠴᠠ ᠡᠬᠢᠯᠡᠨ ᠲᠤᠷᠰᠢᠯᠲᠠ ᠬᠢᠵᠦ᠂ 2015 ᠣᠨ ᠳᠤ ᠪᠦᠬᠦ ᠲᠠᠯ᠎ᠠ ᠪᠠᠷ ᠬᠡᠷᠡᠭᠵᠢᠭᠦᠯᠪᠡ᠃ ᠡᠨᠡ ᠬᠦ ᠲᠦᠷᠢᠮ ᠳᠤ ᠳᠠᠭᠠᠳᠬᠠᠯ ᠳᠤ ᠣᠷᠣᠯᠴᠠᠬᠤ ᠪᠠᠷ ᠲᠤᠰᠠᠭᠠᠷ ᠭᠤᠶᠤᠴᠢᠯᠠᠬᠤ ᠴᠢᠬᠤᠯᠠ ᠦᠭᠡᠢ᠂ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠪᠤᠢ ᠪᠦᠬᠦᠢ ᠤᠯᠠᠨ ᠲᠦᠮᠡᠨ ᠪᠣᠯ ᠴᠥᠮ ᠬᠦᠨᠳᠦ ᠡᠪᠡᠳᠴᠢᠨ ᠤ ᠳᠠᠭᠠᠳᠬᠠᠯ ᠳᠤ ᠣᠷᠣᠯᠴᠠᠭᠴᠢ ᠮᠥᠨ᠂ ᠲᠤᠰᠠᠭᠠᠷ ᠨᠢ ᠰᠦᠢᠳᠬᠡᠯ ᠲᠤᠰᠢᠶᠠᠬᠤ ᠴᠢᠬᠤᠯᠠ ᠦᠭᠡᠢ᠃  ︽ᠡᠮᠴᠢᠯᠡᠭᠡᠨ ᠤ ᠳᠠᠭᠠᠳᠬᠠᠯ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠳᠤ ᠦᠨᠡᠬᠡᠷ ᠲᠠᠯᠠᠷᠬᠠᠵᠤ ᠪᠠᠶᠢᠨ᠎ᠠ᠂ ᠮᠢᠨᠤ ᠬᠡᠷ ᠪᠦᠯᠢ ᠶᠢᠨ ᠠᠵᠤ ᠠᠬᠤᠶ ᠶᠢᠨ ᠳᠠᠷᠤᠭᠠᠰᠤ ᠶᠢ ᠶᠡᠭᠡ ᠪᠠᠷ ᠬᠥᠩᠭᠡᠷᠡᠭᠦᠯᠪᠡ᠃︾ ᠰᠧᠴᠤᠸᠠᠨ ᠮᠣᠵᠢ ᠶᠢᠨ ᠳ᠋ᠠ ᠵᠧᠦ ᠬᠤᠲᠠ ᠶᠢᠨ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠾᠧ ᠠᠪᠤᠭᠠᠢ ᠬᠦᠨᠳᠦ ᠡᠪᠡᠳᠴᠢᠨ ᠤ ᠳᠠᠭᠠᠳᠬᠠᠯ ᠤᠨ ᠳᠠᠩᠰᠠ ᠴᠠᠶᠢᠷᠠᠭᠤᠯᠬᠤ ᠲᠥᠷᠥ ᠶᠢᠨ ᠪᠣᠳᠣᠯᠭ᠎ᠠ ᠳᠤ ᠶᠡᠬᠡᠳᠡ ᠲᠠᠯᠠᠷᠬᠠᠯ ᠢᠶᠠᠨ ᠢᠯᠡᠳᠬᠡᠪᠡ᠃  ᠶᠠᠭ ᠢᠳᠡᠷ ᠨᠠᠰᠤᠨ ᠳᠤ ᠪᠠᠨ ᠪᠠᠶᠢᠭ᠎ᠠ ᠲᠡᠷᠡ ᠠᠪᠤ ᠪᠠᠨ ᠳᠠᠭᠠᠵᠤ ᠭᠠᠳᠠᠨ᠎ᠠ ᠣᠷᠣᠨ ᠳᠤ ᠬᠥᠯᠥᠰᠥᠨ ᠠᠵᠢᠯ ᠬᠢᠭᠡᠳ ᠪᠠᠶᠠᠨ ᠴᠢᠨᠡᠭᠡᠯᠢᠭ ᠦᠭᠡᠢ ᠪᠣᠯᠪᠠᠴᠤ ᠠᠮᠢᠳᠤᠷᠠᠯ ᠨᠢ ᠪᠠᠰᠠ ᠠᠮᠤᠷ ᠲᠣᠭᠲᠠᠭᠤᠨ ᠪᠠᠶᠢᠵᠠᠢ᠃ ᠭᠡᠪᠡᠴᠦ ᠤᠳᠠᠭᠠᠨ ᠡᠳᠦᠷ ᠤᠨ ᠶᠠᠳᠠᠷᠠᠯ ᠵᠦᠳᠡᠷᠡᠯ ᠠᠴᠠ ᠪᠣᠯᠵᠤ ᠲᠡᠷᠡ ᠰᠠᠯᠪᠤᠷᠢ ᠮᠥᠭᠡᠷᠰᠦᠨ ᠬᠤᠭᠤᠯᠠᠢ ᠶᠢᠨ ᠴᠡᠭᠡᠵᠢᠨ ᠪᠦᠷᠬᠦᠪᠴᠢ ᠶᠢᠨ ᠴᠣᠭᠤᠷᠬᠠᠢ ᠡᠪᠡᠳᠴᠢᠨ ᠣᠯᠵᠠᠢ᠂ ᠡᠮᠴᠢᠯᠡᠭᠡᠨ ᠤ ᠵᠠᠷᠤᠳᠠᠯ ᠤᠨ ᠶᠡᠷᠦᠩᠬᠡᠢ ᠵᠠᠷᠤᠳᠠᠯ ᠪᠠᠷᠤᠭ 100 ᠭᠠᠷᠤᠢ ᠲᠦᠮᠡ ᠬᠡᠷᠡᠭᠰᠡᠬᠦ ᠪᠣᠯᠤᠨ᠎ᠠ᠃  ᠭᠦᠨᠳᠤ ᠡᠪᠡᠳᠴᠢᠨ ᠤ ᠲᠠᠩᠰᠠ ᠴᠠᠶᠢᠷᠠᠭᠤᠯᠬᠤ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠳᠣᠤᠷ᠎ᠠ᠂ ᠲᠡᠷᠡ ᠡᠴᠦᠰ ᠲᠡᠭᠡᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠢᠶᠠᠷ ᠳᠠᠮᠵᠢᠭᠤᠯᠤᠨ 18 ᠲᠦᠮᠡᠨ ᠲᠥᠭᠦᠷᠢᠭ ᠣᠷᠴᠢᠮ ᠲᠠᠩᠰᠠ ᠴᠠᠶᠢᠷᠠᠭᠤᠯᠵᠤ᠂ ᠬᠦᠨᠳᠦ ᠡᠪᠡᠳᠴᠢᠨ ᠤ ᠳᠠᠭᠠᠳᠬᠠᠯ ᠢᠶᠠᠷ 57 ᠲᠦᠮᠡᠨ ᠲᠥᠭᠦᠷᠢᠭ ᠣᠷᠴᠢᠮ ᠲᠠᠩᠰᠠ ᠴᠠᠶᠢᠷᠠᠭᠤᠯᠵᠤ᠂ ᠨᠡᠶᠢᠲᠡ 75 ᠲᠦᠮᠡᠨ ᠲᠥᠭᠦᠷᠢᠭ ᠣᠷᠴᠢᠮ ᠲᠠᠩᠰᠠ ᠴᠠᠶᠢᠷᠠᠭᠤᠯᠵᠤ᠂ ᠬᠦᠴᠢᠷ ᠢ ᠠᠮᠵᠢᠯᠲᠠ ᠲᠠᠢ ᠲᠤᠭᠤᠯᠪᠠ᠃  ᠣᠳᠣᠬᠠᠨ ᠳᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠤᠨ ᠲᠣᠭᠠᠴᠠᠭ᠎ᠠ ᠬᠢᠬᠦ ᠬᠠᠷᠢᠴᠠᠯ ᠢ ᠨᠢᠭᠡᠨᠲᠡ 60 % ᠠᠴᠠ ᠳᠣᠤᠷ᠎ᠠ ᠥᠬᠡᠶ᠂ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠬᠦᠨᠳᠦ ᠡᠪᠡᠳᠴᠢᠨ ᠤ ᠳᠠᠭᠠᠳᠬᠠᠯ ᠢ ᠳᠠᠪᠬᠤᠴᠠᠭᠤᠯᠤᠨ ᠬᠠᠮᠤᠭ ᠤᠨ ᠥᠨᠳᠥᠷ ᠲᠣᠭᠠᠴᠠᠭ᠎ᠠ ᠬᠢᠬᠦ ᠬᠢᠵᠠᠭᠠᠷ ᠲᠤᠭ᠎ᠠ ᠶᠢ ᠵᠠᠷᠴᠢᠮ ᠳᠡᠭᠡᠷ᠎ᠡ ᠪᠠᠨ ᠲᠤᠬᠠᠶ ᠶᠢᠨ ᠭᠠᠵᠠᠷ ᠤᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ 6 ᠳᠠᠬᠢᠨ ᠣᠷᠴᠢᠮ ᠪᠤᠯᠭᠠᠪᠠ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠭᠰᠡᠳ᠂ ᠣᠨᠴᠠ ᠬᠦᠴᠢᠷᠳᠡᠯᠲᠡᠶ ᠬᠥᠮᠦᠰ ᠪᠣᠯᠤᠨ ᠳᠠᠬᠢᠨ ᠶᠠᠳᠠᠭᠤᠷᠠᠭᠰᠠᠨ ᠬᠥᠮᠦᠨ ᠠᠮᠠ ᠳᠤ ᠥᠭᠬᠦ ᠬᠠᠷᠢᠴᠠᠯ ᠢ 5 ᠵᠠᠭᠤᠨ ᠤ ᠨᠢᠭᠡᠴᠢ ᠳᠡᠭᠡᠭᠰᠢᠯᠡᠭᠦᠯᠬᠦ ᠶᠢᠨ ᠬᠠᠮᠲᠤ ᠬᠠᠮᠤᠭ ᠤᠨ ᠥᠨᠳᠥᠷ ᠥᠭᠬᠦ ᠬᠢᠵᠠᠭᠠᠷ ᠲᠤᠭ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃  2023 ᠣᠨ ᠳᠤ ᠮᠠᠨ ᠤ ᠤᠯᠤᠰ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠤᠨ ᠲᠠᠩᠰᠠ ᠴᠠᠶᠢᠷᠠᠭᠤᠯᠬᠤ ᠨᠢ 1156 ᠲᠦᠮᠡᠨ ᠬᠥᠮᠦᠨ ᠳᠤ ᠠᠰᠢᠭ ᠬᠦᠷᠲᠡᠭᠡᠵᠦ᠂ ᠬᠥᠮᠦᠨ ᠪᠦᠷᠢ ᠳᠤ ᠳᠤᠮᠳᠠᠴᠢ ᠪᠠᠷ 8 ᠮᠢᠩᠭᠠᠨ ᠲᠥᠭᠦᠷᠢᠭ ᠤᠨ ᠳᠠᠷᠤᠭᠠᠰᠤ ᠶᠢ ᠬᠥᠩᠭᠡᠷᠡᠭᠦᠯᠪᠡ᠃ ᠬᠦᠨᠳᠦ ᠡᠪᠡᠳᠴᠢᠨ ᠤ ᠠᠷᠤ ᠳᠤ ᠨᠡᠩ ᠥᠨᠳᠥᠷ ᠲᠠᠩᠰᠠ ᠴᠠᠶᠢᠷᠠᠭᠤᠯᠬᠤ ᠲᠤᠭ᠎ᠠ᠂ ᠨᠡᠩ ᠶᠡᠭᠡ ᠪᠠᠲᠤᠯᠠᠭ᠎ᠠ ᠶᠢᠨ ᠡᠷᠴᠢᠮ ᠪᠠᠶᠢᠳᠠᠭ ᠪᠠᠶᠢᠨ᠎ᠠ᠃  ᠡᠮᠴᠢᠯᠡᠭᠡᠨ ᠤ ᠠᠪᠤᠷᠠᠨ ᠲᠤᠰᠠᠯᠠᠯᠲᠠ ᠨᠢ ︽ᠦᠨᠳᠦᠰᠦᠨ ᠵᠦᠢᠯ ᠢ ᠪᠠᠲᠤᠯᠠᠬᠤ ᠲᠣᠤᠷ︾ ᠢ ᠨᠢᠭᠲᠠ ᠰᠦᠯᠵᠢᠪᠡ  ᠡᠮᠴᠢᠯᠡᠭᠡᠨ ᠤ ᠠᠪᠤᠷᠠᠨ ᠲᠤᠰᠠᠯᠠᠯᠲᠠ ᠪᠣᠯ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠤᠨ ᠰᠠᠭᠤᠷᠢᠨ ᠳᠡᠭᠡᠷ᠎ᠡ᠂ ᠰᠠᠭᠤᠷᠢ ᠶᠢ ᠪᠠᠲᠤᠯᠠᠬᠤ ᠦᠢᠯᠡᠳᠦᠯ ᠦᠵᠡᠭᠦᠯᠬᠦ ᠳᠦᠷᠢᠮ ᠤᠨ ᠲᠣᠬᠢᠷᠠᠭᠤᠯᠤᠯᠲᠠ ᠪᠣᠯᠤᠨ᠎ᠠ᠃   2003 ᠣᠨ᠂ 2005 ᠣᠨ ᠳᠤ ᠲᠤᠰ ᠲᠤᠰ ᠬᠥᠳᠡᠭᠡ ᠲᠣᠰᠬᠤᠨ᠂ ᠬᠤᠲᠠ ᠳᠤ ᠲᠤᠷᠰᠢᠯᠲᠠ ᠬᠢᠵᠦ᠂ 2009 ᠣᠨ ᠳᠤ ᠳᠦᠷᠢᠮ ᠢ ᠪᠦᠬᠦ ᠲᠠᠯ᠎ᠠ ᠪᠠᠷ ᠪᠠᠶᠢᠭᠤᠯᠤᠭᠳᠠᠵᠤ᠂ ︽ᠬᠤᠲᠠ ᠶᠢ ᠬᠠᠮᠠᠭᠠᠯᠠᠬᠤ ᠭᠤᠤᠯ︾ ᠤᠨ ᠦᠨᠳᠦᠰᠦᠨ ᠪᠠᠶᠢᠳᠠᠯ ᠢ ᠪᠠᠲᠤᠯᠠᠬᠤ ᠰᠡᠷᠭᠡᠶᠢᠯᠡᠯᠲᠡ ᠶᠢᠨ ᠱᠤᠭᠤᠮ ᠪᠠᠶᠢᠵᠤ᠂ ᠡᠮᠴᠢᠯᠡᠭᠡᠨ ᠤ ᠠᠪᠤᠷᠠᠨ ᠲᠤᠰᠠᠯᠠᠬᠤ ᠡᠲᠡᠭᠡᠳ ᠤᠨ ᠦᠨᠳᠦᠰᠦᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠬᠦᠷᠲᠡᠬᠦ ᠶᠢ ᠪᠠᠲᠤᠯᠠᠬᠤ ᠨᠢ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠭᠦᠢᠴᠡᠳ ᠬᠥᠮᠦᠨ ᠤ ᠴᠢᠨᠠᠷᠲᠠᠶ ᠬᠠᠶᠢᠷ᠎ᠠ ᠬᠠᠯᠠᠮᠵᠢ ᠶᠢ ᠬᠠᠷᠠᠭᠤᠯᠵᠤ ᠪᠠᠶᠢᠬᠤ ᠶᠤᠮ᠃  ᠠᠪᠤᠷᠠᠨ ᠲᠤᠰᠠᠯᠠᠬᠤ ᠡᠲᠡᠭᠡᠳ ᠨᠢ ᠣᠨᠴᠠ ᠬᠦᠴᠢᠷᠳᠡᠯᠲᠡᠶ ᠬᠥᠮᠦᠰ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠲᠡᠭᠰᠡᠳ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠳᠤ ᠣᠶᠢᠷᠠᠯᠴᠠᠭ᠎ᠠ ᠬᠡᠷ ᠪᠦᠯᠢ ᠶᠢᠨ ᠪᠦᠷᠢᠯᠳᠦᠬᠦᠨ᠂ ᠬᠢᠨᠠᠨ ᠬᠡᠮᠵᠢᠬᠦ ᠬᠡᠪᠴᠢᠶᠡᠨ ᠳᠤ ᠣᠷᠣᠭᠤᠯᠤᠭᠰᠠᠨ ᠬᠥᠳᠡᠭᠡ ᠲᠣᠰᠬᠤᠨ ᠤ ᠠᠮᠠᠷᠬᠠᠨ ᠶᠠᠳᠠᠭᠤᠷᠠᠬᠤ ᠬᠥᠮᠦᠨ ᠠᠮᠠ ᠪᠠ ᠵᠠᠶᠢᠯᠠᠰᠢ ᠥᠬᠡᠶ ᠵᠠᠷᠤᠯᠭ᠎ᠠ ᠶᠢᠨ ᠬᠦᠴᠢᠷᠳᠡᠯᠲᠡᠶ ᠬᠡᠷ ᠪᠦᠯᠢ ᠶᠢᠨ ᠨᠥᠬᠦᠴᠡᠯ ᠳᠤ ᠨᠡᠶᠢᠴᠡᠬᠦ ᠬᠦᠨᠳᠦ ᠡᠪᠡᠳᠴᠢᠲᠡᠨ ᠢ ᠬᠠᠮᠤᠷᠪᠠ᠃ ᠡᠮᠴᠢᠯᠡᠭᠡᠨ ᠤ ᠠᠪᠤᠷᠠᠨ ᠲᠤᠰᠠᠯᠠᠯᠲᠠ ᠨᠢ ᠲᠡᠭᠦᠨ ᠤ ᠡᠮᠴᠢᠯᠡᠭᠡᠨ ᠤ ᠵᠠᠷᠤᠳᠠᠯ ᠢ ᠲᠣᠭᠲᠠᠭᠠᠯ ᠶᠣᠰᠣᠭᠠᠷ ᠠᠪᠤᠷᠠᠨ ᠲᠤᠰᠠᠯᠠᠨ᠎ᠠ᠃  ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠲᠡᠭᠰᠡᠳ ᠴᠢᠦ ᠠᠪᠤᠭᠠᠢ ᠪᠠᠷ ᠵᠢᠱᠢᠶᠡᠯᠡᠪᠡᠯ᠂ ᠲᠡᠷᠡ 2023 ᠣᠨ ᠤ 1 ᠳ᠋ᠦ᠋ᠭᠡᠷ ᠰᠠᠷ᠎ᠠ ᠠᠴᠠ 6 ᠳ᠋ᠤᠭᠠᠷ ᠰᠠᠷ᠎ᠠ ᠶᠢᠨ ᠬᠤᠭᠤᠴᠠᠭᠠᠨ ᠳᠤ ᠨᠡᠶᠢᠲᠡ 11.8 ᠲᠦᠮᠡᠨ ᠲᠥᠭᠦᠷᠢᠭ ᠤᠨ ᠡᠮᠴᠢᠯᠡᠭᠡᠨ ᠤ ᠵᠠᠷᠤᠳᠠᠯ ᠭᠠᠷᠭᠠᠵᠠᠢ᠃ ᠡᠭᠦᠨ ᠳᠤ᠂ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠲᠠᠩᠰᠠ ᠴᠠᠶᠢᠷᠠᠭᠤᠯᠤᠭᠰᠠᠨ ᠲᠤᠭ᠎ᠠ 5.8 ᠲᠦᠮᠡᠨ ᠲᠥᠭᠦᠷᠢᠭ᠂ ᠬᠦᠨᠳᠦ ᠡᠪᠡᠳᠴᠢᠨ ᠤ ᠳᠠᠭᠠᠳᠬᠠᠯ ᠤᠨ ᠲᠠᠩᠰᠠ ᠴᠠᠶᠢᠷᠠᠭᠤᠯᠤᠭᠰᠠᠨ ᠲᠤᠭ᠎ᠠ 3.5 ᠲᠦᠮᠡᠨ ᠲᠥᠭᠦᠷᠢᠭ᠂ ᠡᠮᠴᠢᠯᠡᠭᠡᠨ ᠤ ᠠᠪᠤᠷᠠᠨ ᠲᠤᠰᠠᠯᠠᠯᠲᠠ 1.5 ᠲᠦᠮᠡᠨ ᠲᠥᠭᠦᠷᠢᠭ ᠭᠠᠷᠭᠠᠵᠤ᠂ ᠡᠴᠦᠰ ᠲᠡᠭᠡᠨ 10.8 ᠲᠦᠮᠡᠨ ᠲᠥᠭᠦᠷᠢᠭ ᠤᠨ ᠪᠣᠳᠠᠲᠠᠶ ᠲᠠᠩᠰᠠ ᠴᠠᠶᠢᠷᠠᠭᠤᠯᠪᠠ᠃ ᠴᠢᠦ ᠠᠪᠤᠭᠠᠢ ᠵᠥᠪᠬᠡᠨ 1 ᠲᠦᠮᠡᠨ ᠲᠥᠭᠦᠷᠢᠭ ᠭᠠᠷᠭᠠᠵᠤ᠂ ᠵᠠᠷᠤᠳᠠᠯ ᠤᠨ ᠳᠠᠷᠤᠭᠠᠰᠤ ᠶᠢ ᠨᠢ ᠶᠡᠭᠡ ᠬᠥᠩᠭᠡᠷᠡᠭᠦᠯᠦᠭᠰᠡᠨ ᠪᠠᠶᠢᠨ᠎ᠠ᠃  ᠨᠢᠭᠡ ᠬᠤᠪᠢ ᠡᠮᠴᠢᠯᠡᠭᠡᠨ ᠤ ᠳᠠᠭᠠᠳᠬᠠᠯ ᠨᠢ ᠲᠦᠭ ᠲᠦᠮᠡᠨ ᠭᠡᠷ ᠪᠦᠯᠢ ᠳᠤ ᠠᠰᠢᠭ ᠬᠦᠷᠲᠡᠭᠡᠪᠡ᠃ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮᠴᠢᠯᠡᠭᠡᠨ ᠤ ᠠᠪᠤᠷᠠᠨ ᠲᠤᠰᠠᠯᠠᠯᠲᠠ ᠵᠡᠷᠭᠡ ᠭᠤᠷᠪᠠᠨ ᠵᠦᠢᠯ ᠤᠨ ᠳᠦᠷᠢᠮ ᠤᠨ ᠪᠠᠲᠤᠯᠠᠭ᠎ᠠ ᠨᠢ᠂ ᠠᠷᠠᠳ ᠣᠯᠠᠨ ᠤ ︽ᠡᠪᠡᠳᠴᠢᠨ ᠦᠵᠡᠭᠦᠯᠬᠦ ᠳᠤ ᠦᠨᠡᠲᠡᠢ︾ ᠬᠦᠴᠢᠷ ᠠᠰᠠᠭᠤᠳᠠᠯ ᠢ ᠲᠠᠰᠤᠷᠠᠯᠲᠠ ᠦᠭᠡᠢ ᠰᠢᠢᠳᠪᠦᠷᠢᠯᠡᠵᠦ᠂ ᠬᠦᠷᠲᠡᠮᠵᠢ ᠶᠢᠨ ᠲᠥᠷᠥᠭᠳᠡᠯ ᠪᠣᠯᠤᠨ ᠵᠣᠯ ᠵᠢᠷᠭᠠᠯᠲᠤ ᠲᠥᠷᠥᠭᠳᠡᠯ ᠢ ᠡᠳᠦᠷ ᠢᠷᠡᠬᠦᠶ᠎ᠡ ᠨᠡᠮᠡᠭᠳᠡᠭᠦᠯᠵᠦ ᠪᠠᠶᠢᠨ᠎ᠠ᠃ 
 
ᠢᠷᠡᠯᠲᠡ᠄ ᠤᠯᠤᠰ ᠤᠨ ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号