2024 ᠣᠨ ᠤ ᠪᠥᠬᠦ ᠤᠯᠤᠰ ᠤᠨ ᠣᠶᠤᠨᠴᠢ ᠡᠮᠴᠢᠯᠡᠭᠡᠨ ᠤ ᠳᠠᠭᠠᠳᠬᠠᠯ ᠤᠨ ᠤᠷᠤᠯᠳᠤᠭᠠᠨ ᠤ ᠵᠠᠷᠯᠠᠯ ︵ᠨᠡᠷ᠎ᠡ ᠮᠡᠳᠡᠭᠦᠯᠵᠦ ᠤᠷᠤᠯᠳᠤᠭᠠᠨ ᠳᠤ ᠣᠷᠣᠯᠴᠠᠬᠤ ᠠᠷᠭ᠎ᠠ ᠶᠢ ᠳᠠᠭᠠᠯᠳᠤᠭᠤᠯᠤᠯ ᠠᠴᠠ ᠦᠵᠡ︶
ᠨᠡᠶᠢᠲᠡᠯᠡᠭᠰᠡᠨ ᠴᠠᠭ᠄
2024/4/24
  ᠨᠢᠭᠡ᠂ ᠤᠷᠤᠯᠳᠤᠭᠠᠨ ᠤ ᠲᠠᠨᠢᠯᠴᠠᠭᠤᠯᠭ᠎ᠠ  ᠶᠡᠷᠦᠩᠬᠡᠶ ᠱᠦᠵᠢ ᠰᠢ ᠶᠢᠨ ᠫᠢᠩ ᠤᠨ ᠲᠣᠭᠠᠴᠢᠯᠠᠭᠰᠠᠨ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠬᠦ ᠪᠠ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠲᠤᠬᠠᠶ ᠴᠢᠬᠤᠯᠠ ᠵᠢᠭᠠᠪᠤᠷᠢ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠮᠴᠢᠯᠡᠭᠡᠨ ᠤ ᠳᠠᠭᠠᠳᠬᠠᠯ ᠤᠨ ᠳ᠋ᠠᠶᠢᠲ᠋ᠠ ᠨᠢ ᠰᠢᠨ᠎ᠡ ᠦᠢᠯᠡᠳᠪᠦᠷᠢᠯᠡᠯ ᠤᠨ ᠭᠤᠣᠯ ᠡᠯᠧᠮᠧᠨ᠋ᠲ ᠪᠣᠯᠤᠭᠰᠠᠨ ᠤ ᠬᠤᠪᠢ ᠳᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠠᠵᠤ ᠠᠬᠤᠶ ᠶᠢᠨ ᠬᠥᠭᠵᠢᠯᠲᠡ ᠪᠠ ᠵᠠᠰᠠᠭ ᠤᠨ ᠣᠷᠳᠣᠨ ᠤ ᠵᠠᠰᠠᠯᠲᠠ ᠵᠡᠷᠭᠡ ᠬᠦᠷᠢᠶᠡᠨ ᠳᠠᠬᠢ ᠬᠡᠷᠡᠭᠯᠡᠭᠡᠨ ᠤ ᠥᠷᠲᠡᠭ ᠪᠠ ᠬᠦᠴᠦᠨ ᠣᠯᠭᠤᠬᠤ ᠳᠠᠯᠳᠠ ᠬᠦᠴᠦᠨ ᠢ ᠢᠳᠡᠪᠬᠢᠲᠡᠢ ᠠᠭᠤᠳᠠᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠬᠠᠶᠢᠨ ᠰᠦᠪᠡᠭᠴᠢᠯᠡᠬᠦ ᠦᠢᠯᠡᠳᠦᠯᠭᠡ ᠶᠢᠨ ᠳᠤᠮᠳᠠ ᠡᠮᠴᠢᠯᠡᠭᠡᠨ ᠤ ᠳᠠᠭᠠᠳᠬᠠᠯ ᠤᠨ ᠡᠭᠦᠷᠭᠡᠯᠡᠯ ᠢ ᠢᠯᠡᠷᠡᠭᠦᠯᠵᠦ᠂ ᠡᠮᠴᠢᠯᠡᠭᠡᠨ ᠤ ᠳᠠᠭᠠᠳᠬᠠᠯ ᠤᠨ ᠬᠦᠴᠦᠨ ᠴᠢᠳᠠᠯ ᠢᠶᠠᠨ ᠡᠷᠭᠦᠬᠦ ᠶᠢᠨ ᠲᠥᠯᠥᠭᠡ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ 2021 - 2022 ᠣᠨ ᠳᠤ ᠡᠷᠭᠢᠯᠡᠭᠰᠡᠨ ︽ᠣᠶᠤᠨᠴᠢ ᠡᠮᠴᠢᠯᠡᠭᠡᠨ ᠤ ᠳᠠᠭᠠᠳᠬᠠᠯ ᠤᠨ ᠰᠢᠢᠳᠪᠦᠷᠢᠯᠡᠬᠦ ᠲᠥᠰᠦᠯ ᠤᠨ ᠤᠷᠤᠯᠳᠤᠭᠠᠨ︾ ᠢ ᠭᠦᠢᠴᠡᠳ ᠳ᠋ᠦᠩᠨᠡᠨ ᠰᠢᠩᠭᠡᠭᠡᠭᠰᠡᠨ ᠰᠠᠭᠤᠷᠢᠨ ᠳᠡᠭᠡᠷ᠎ᠡ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠢᠯᠠᠯᠲᠠ ᠶᠢᠨ ᠡᠷᠴᠢᠨ ᠳᠡᠭᠡᠷ᠎ᠡ ᠤᠷᠤᠭᠰᠢᠯᠠᠵᠤ᠂ ︽ᠲᠣᠭᠠᠴᠢᠯᠠᠭᠰᠠᠨ ᠳᠤᠮᠳᠠᠳᠤ ᠤᠯᠤᠰ  ᠣᠶᠤᠨᠴᠢ ᠡᠮᠴᠢᠯᠡᠭᠡᠨ ᠤ ᠳᠠᠭᠠᠳᠬᠠᠯ︾ ᠢᠶᠠᠷ ᠭᠤᠤᠯ ᠰᠡᠳᠦᠪ ᠪᠣᠯᠭᠠᠭᠰᠠᠨ ︽2024 ᠣᠨ ᠤ ᠪᠥᠬᠦ ᠤᠯᠤᠰ ᠤᠨ ᠣᠶᠤᠨᠴᠢ ᠡᠮᠴᠢᠯᠡᠭᠡᠨ ᠤ ᠳᠠᠭᠠᠳᠬᠠᠯ ᠤᠨ ᠤᠷᠤᠯᠳᠤᠭᠠᠨ︾ ᠢ ᠵᠣᠬᠢᠶᠠᠨ ᠪᠠᠶᠢᠭᠤᠯᠤᠨ ᠥᠷᠨᠢᠭᠦᠯᠬᠦ ᠪᠠᠷ ᠲᠣᠭᠲᠠᠪᠠ᠃  ︵ᠨᠢᠭᠡ︶ ᠤᠷᠤᠯᠳᠤᠭᠠᠨ ᠤ ᠬᠠᠷᠠᠯᠳᠠ  ᠣᠶᠤᠨᠴᠢ ᠡᠮᠴᠢᠯᠡᠭᠡᠨ ᠤ ᠳᠠᠭᠠᠳᠬᠠᠯ ᠨᠢ ᠲᠣᠮᠣ ᠳ᠋ᠠᠶᠢᠲ᠋ᠠ᠂ ᠡᠭᠦᠯᠡᠨ ᠪᠣᠳᠣᠯᠲᠠ᠂ ᠬᠡᠰᠡᠭᠵᠢᠭᠰᠡᠨ ᠬᠡᠯᠬᠢᠶ᠎ᠡ᠂ ᠵᠣᠬᠢᠶᠠᠮᠠᠯ ᠣᠶᠤᠨ ᠵᠡᠷᠭᠡ ᠣᠲᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠠᠷᠭ᠎ᠠ ᠪᠠᠷᠢᠯ ᠢ ᠠᠰᠢᠭᠯᠠᠨ᠂ ᠡᠮᠴᠢᠯᠡᠭᠡᠨ ᠤ ᠳᠠᠭᠠᠳᠬᠠᠯ ᠵᠢᠴᠢ ᠬᠤᠯᠪᠣᠭᠳᠠᠯ ᠪᠥᠬᠦᠶ ᠬᠦᠷᠢᠶᠡᠨ ᠳᠠᠬᠢ ᠥᠭᠡᠷᠡᠴᠢᠯᠡᠯᠲᠡ᠂ ᠬᠠᠮᠢᠶᠠᠷᠤᠯᠲᠠ᠂ ᠦᠢᠯᠡᠴᠢᠯᠡᠭᠡ ᠳᠤ ᠬᠦᠴᠦᠨ ᠣᠯᠭᠤᠵᠤ᠂ ᠡᠮᠴᠢᠯᠡᠭᠡᠨ ᠤ ᠳᠠᠭᠠᠳᠬᠠᠯ᠂ ᠡᠮᠴᠢᠯᠡᠭᠡ᠂ ᠡᠮ ᠡᠮᠨᠡᠯᠭᠡ ᠶᠢᠨ ᠬᠠᠮᠵᠢᠯᠴᠠᠨ ᠬᠥᠭᠵᠢᠬᠦ ᠶᠢ ᠠᠬᠢᠭᠤᠯᠬᠤ ᠪᠠ ᠵᠠᠰᠠᠬᠤ ᠰᠡᠳᠬᠢᠬᠦᠶ ᠶᠢᠨ ᠠᠷᠭ᠎ᠠ ᠬᠡᠯᠪᠡᠷᠢ᠂ ᠠᠵᠢᠯ ᠤᠨ ᠵᠠᠭᠪᠤᠷ ᠪᠠ ᠦᠢᠯᠡᠴᠢᠯᠡᠭᠡ ᠶᠢᠨ ᠠᠵᠢᠯᠯᠠᠭ᠎ᠠ ᠶᠢ ᠠᠬᠢᠭᠤᠯᠬᠤ ᠶᠢ ᠵᠢᠭᠠᠵᠤ ᠪᠣᠶ᠃  ᠲᠤᠰ ᠤᠳᠠᠭᠠᠨ ᠤ ᠤᠷᠤᠯᠳᠤᠭᠠᠨ ᠢ ᠡᠷᠬᠢᠯᠡᠭᠰᠡᠨ ᠵᠤᠷᠢᠯᠭ᠎ᠠ ᠪᠣᠯ᠂ ᠨᠢᠭᠡ ᠳᠤ ᠤᠷᠤᠯᠳᠤᠭᠠᠨ ᠳᠤ ᠤᠷᠤᠯᠴᠠᠭᠰᠠᠨ ᠪᠦᠯᠬᠦᠮ ᠢ ᠲᠠᠲᠠᠵᠤ ᠡᠮᠴᠢᠯᠡᠭᠡᠨ ᠤ ᠳᠠᠭᠠᠳᠬᠠᠯ ᠤᠨ ᠠᠵᠢᠯ ᠤᠨ ᠳᠤᠮᠳᠠ ᠣᠷᠣᠰᠢᠵᠤ ᠪᠠᠶᠢᠭ᠎ᠠ ᠲᠦᠭᠵᠢᠷᠡᠯ᠂ ᠬᠦᠴᠢᠷᠳᠡᠯ᠂ ᠬᠠᠯᠠᠮᠰᠢᠯ ᠠᠰᠠᠭᠤᠳᠠᠯ ᠢ ᠰᠢᠢᠳᠪᠦᠷᠢᠯᠡᠨ᠂ ᠤᠷᠤᠯᠳᠤᠭᠠᠨ ᠳᠤ ᠤᠷᠤᠯᠴᠠᠭᠰᠠᠨ ᠰᠢᠯᠢᠳᠡᠭ ᠦᠷ᠎ᠡ ᠪᠦᠲᠦᠭᠡᠯ ᠢ ᠤᠯᠠᠷᠢᠭᠤᠯᠤᠨ ᠬᠡᠷᠡᠭᠵᠢᠭᠦᠯᠬᠦ ᠶᠢ ᠠᠬᠢᠭᠤᠯᠵᠤ᠂ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠬᠠᠩᠭᠠᠨ᠎ᠠ︔ ᠬᠤᠶᠠᠷ ᠲᠤ ᠡᠮᠴᠢᠯᠡᠭᠡᠨ ᠤ ᠳᠠᠭᠠᠳᠬᠠᠯ᠂ ᠡᠮᠴᠢᠯᠡᠭᠡ᠂ ᠡᠮ ᠡᠮᠨᠡᠯᠭᠡ ᠶᠢᠨ ᠬᠠᠮᠵᠢᠯᠴᠠᠨ ᠬᠦᠭᠵᠢᠬᠦ ᠪᠠ ᠵᠠᠰᠠᠯᠲᠠ ᠳᠤ ᠠᠰᠢᠭᠲᠠᠢ ᠮᠡᠳᠡᠭᠡ ᠵᠠᠩᠭᠢ ᠶᠢᠨ ᠮᠡᠷᠭᠡᠵᠢᠯ ᠤᠨ ᠦᠷᠭᠦᠯᠵᠢᠯᠡᠨ ᠳᠠᠪᠰᠢᠬᠤ ᠶᠢ ᠲᠦᠯᠬᠢᠨ ᠠᠬᠢᠭᠤᠯᠵᠤ᠂ ︽ᠭᠤᠷᠪᠠᠨ ᠡᠮᠨᠡᠯᠭᠡ︾ ᠬᠢᠭᠡᠳ ᠰᠢᠨᠵᠢᠯᠡᠬᠦ ᠤᠬᠠᠭᠠᠨ ᠮᠡᠷᠭᠡᠵᠢᠯ ᠢ ᠠᠭᠤᠰᠤᠯᠴᠠᠭᠤᠯᠤᠨ ᠰᠢᠨ᠎ᠡ ᠶᠢ ᠡᠭᠦᠳᠬᠦ ᠲᠣᠭᠲᠠᠴᠠ ᠶᠢ ᠪᠤᠢ ᠪᠣᠯᠭᠠᠵᠤ᠂ ᠠᠵᠢᠯ ᠲᠦᠷᠦᠯ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠦᠯᠦᠨ ᠪᠤᠵᠠᠭᠠᠶᠢᠷᠠᠭᠤᠯᠬᠤ ᠶᠢ ᠠᠬᠢᠭᠤᠯᠤᠨ᠎ᠠ︔  ᠭᠤᠷᠪᠠ ᠳᠤ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠤᠶᠢᠵᠢᠭᠤᠯᠬᠤ ᠶᠢ ᠠᠬᠢᠭᠤᠯᠵᠤ᠂ ᠲᠣᠭᠠᠴᠢᠯᠠᠭᠰᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠵᠦ᠂ ᠵᠠᠰᠠᠭ ᠤᠨ ᠣᠷᠳᠣᠨ ᠤ ᠵᠠᠰᠠᠯᠲᠠ ᠶᠢᠨ ᠦᠷ᠎ᠡ ᠪᠦᠲᠦᠮᠵᠢ ᠶᠢᠨ ᠳᠡᠭᠡᠭᠰᠢᠯᠡᠯᠲᠡ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠥᠭᠵᠢᠯᠲᠡ ᠳᠤ ᠬᠦᠴᠦᠨ ᠨᠡᠮᠡᠷᠢᠯᠡᠨ᠎ᠡ ︔  ᠳᠥᠷᠪᠡ ᠳᠤ ᠡᠮᠴᠢᠯᠡᠭᠡᠨ ᠤ ᠳᠠᠭᠠᠳᠬᠠᠯ ᠤᠨ ᠤᠬᠠᠭᠤᠯᠭ᠎ᠠ ᠶᠢᠨ ᠠᠵᠢᠯ ᠤᠨ ᠤᠯᠠᠮ ᠨᠢᠭᠡ ᠠᠯᠬᠤᠮ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠡᠮᠴᠢᠯᠡᠭᠡᠨ ᠤ ᠳᠠᠭᠠᠳᠬᠠᠯ ᠤᠨ ᠠᠵᠢᠯ ᠤᠨ ᠦᠷ᠎ᠡ ᠪᠦᠲᠦᠭᠡᠯ ᠪᠠ ᠠᠷᠠᠳ ᠤᠨ ᠲᠥᠯᠥᠭᠡ ᠰᠢᠨ᠎ᠡ ᠶᠢ ᠡᠭᠦᠳᠬᠦ᠂ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠵᠥᠪ ᠲᠠᠯ᠎ᠠ ᠶᠢᠨ ᠳᠦᠷᠢ ᠲᠥᠷᠬᠦ ᠶᠢ ᠢᠯᠡᠷᠡᠭᠦᠯᠦᠨ᠎ᠡ᠃      ︵ᠬᠤᠶᠠᠷ︶ ᠤᠷᠤᠯᠳᠤᠭᠠᠨ ᠤ ᠲᠤᠬᠢᠷᠠᠭᠤᠯᠤᠯᠲᠠ  ᠤᠷᠤᠯᠳᠤᠭᠠᠨ ᠢ ᠪᠡᠯᠡᠳᠬᠡᠯ ᠵᠢᠴᠢ ᠨᠡᠷ᠎ᠡ ᠮᠡᠳᠡᠭᠦᠯᠬᠦ ᠨᠢᠭᠡᠴᠢ᠂ ᠤᠷᠤᠯᠳᠤᠭᠠᠨ ᠤ ᠨᠢᠭᠡᠴᠢ ᠭᠡᠵᠦ ᠬᠤᠪᠢᠶᠠᠪᠠ᠃ ᠤᠷᠤᠯᠳᠤᠭᠠᠨ ᠤ ᠨᠢᠭᠡᠴᠢ ᠳᠤ 4 ᠱᠠᠲᠤ ᠪᠠᠭᠲᠠᠨ᠎ᠠ᠄ ᠠᠩᠬᠠᠨ ᠤ ᠤᠷᠤᠯᠳᠤᠭᠠᠨ ᠤ ᠱᠠᠲᠤ᠂ ᠬᠤᠶᠠᠳᠠᠬᠢ ᠤᠷᠤᠯᠳᠤᠭᠠᠨ ᠤ ᠱᠠᠲᠤ᠂ ᠰᠢᠢᠳᠪᠦᠷᠢᠲᠦ ᠤᠷᠤᠯᠳᠤᠭᠠᠨ ᠤ ᠱᠠᠲᠤ᠂ ᠱᠠᠩᠨᠠᠯ ᠣᠯᠭᠤᠬᠤ ᠱᠠᠲᠤ ᠪᠠᠭᠲᠠᠨ᠎ᠠ᠃  ᠬᠤᠶᠠᠷ᠂ ᠵᠣᠬᠢᠶᠠᠨ ᠪᠠᠶᠢᠭᠤᠯᠤᠯᠲᠠ ᠶᠢᠨ ᠪᠦᠲᠦᠴᠡ  ᠭᠤᠣᠯᠯᠠᠨ ᠡᠷᠬᠢᠯᠡᠭᠰᠡᠨ ᠨᠢᠭᠡᠴᠢ᠄ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ  ᠳᠠᠭᠠᠭᠠᠨ ᠠᠪᠴᠤ ᠭᠦᠢᠴᠡᠳᠭᠡᠬᠦ ᠨᠢᠭᠡᠴᠢ᠄ ᠴᠦᠩᠴᠢᠩ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠴᠦᠩᠴᠢᠩ ᠬᠤᠲᠠ ᠶᠢᠨ ᠲᠣᠮᠣ ᠳ᠋ᠠᠶᠢᠲ᠋ᠠ ᠶᠢᠨ ᠬᠡᠷᠡᠭᠯᠡᠭᠡᠨ ᠤ ᠬᠥᠭᠵᠢᠭᠦᠯᠦᠯᠲᠡ ᠶᠢᠨ ᠬᠠᠮᠢᠶᠠᠷᠤᠯᠲᠠ ᠶᠢᠨ ᠲᠣᠪᠴᠢᠶ᠎ᠠ᠂ ᠴᠦᠩᠴᠢᠩ ᠤᠨ ᠯᠢᠶᠠᠩ ᠵᠢᠶᠠᠩ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠴᠦᠩᠴᠢᠩ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠤ ᠬᠦᠷᠢᠶᠡᠯᠡᠩ  ᠴᠦᠩᠴᠢᠩ ᠬᠤᠲᠠ ᠶᠢᠨ ᠮᠡᠷᠭᠡᠵᠢᠯ ᠤᠨ ᠵᠢᠯᠣᠭᠤᠳᠬᠤ ᠨᠢᠭᠡᠴᠢ᠄ ᠴᠦᠩᠴᠢᠩ ᠬᠤᠲᠠ ᠶᠢᠨ ᠨᠠᠮ ᠤᠨ ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠵᠥᠪᠯᠡᠯ ᠤᠨ ᠠᠯᠪᠠᠨ ᠬᠡᠷ᠂ ᠴᠦᠩᠴᠢᠩ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ  ᠭᠤᠷᠪᠠ᠂ ᠤᠷᠤᠯᠳᠤᠭᠠᠨ ᠳᠤ ᠣᠷᠣᠯᠴᠠᠬᠤ ᠭᠤᠤᠯ ᠴᠣᠭᠴᠠ  ᠲᠣᠰ ᠤᠳᠠᠭᠠᠨ ᠤ ᠤᠷᠤᠯᠳᠤᠭᠠᠨ ᠨᠢ ᠪᠦᠯᠬᠦᠮ ᠢᠶᠠᠷ ᠭᠤᠤᠯ ᠴᠣᠭᠴᠠ ᠪᠣᠯᠭᠠᠨ ᠤᠷᠤᠯᠳᠤᠭᠠᠨ ᠳᠤ ᠣᠷᠣᠯᠴᠠᠬᠤ ᠪᠠᠷ ᠭᠤᠶᠤᠴᠢᠯᠠᠨ᠎ᠠ᠃ ᠪᠦᠯᠬᠦᠮ ᠤᠨ ᠪᠦᠷᠢᠯᠳᠦᠬᠦᠨ ᠨᠢ᠄ ᠡᠯ᠎ᠡ ᠭᠠᠵᠠᠷ ᠡᠯ᠎ᠡ ᠱᠠᠲᠤᠨ ᠤ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠡᠮ ᠤᠨ ᠵᠦᠢᠯ ᠤᠨ ᠬᠤᠷᠣᠭᠳᠠᠯ ᠮᠠᠲ᠋ᠧᠷᠢᠶᠠᠯ ᠢ ᠳᠠᠭᠠᠭᠠᠴᠢᠯᠠᠯᠲᠠ ᠵᠠᠷᠯᠠᠨ ᠬᠤᠳᠠᠯᠳᠤᠨ ᠠᠪᠬᠤ ᠪᠠᠶᠢᠭᠤᠯᠤᠮᠵᠢ᠂ ᠡᠮ ᠡᠮᠨᠡᠯᠭᠡ ᠶᠢᠨ ᠪᠠᠶᠢᠭᠤᠯᠤᠮᠵᠢ᠂ ᠠᠵᠤ ᠠᠬᠤᠶᠢᠯᠠᠯ᠂ ᠳᠡᠭᠡᠳᠦ       ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠰᠤᠳᠤᠯᠤᠯ ᠤᠨ ᠨᠡᠶᠢᠭᠡᠮᠯᠢᠭ ᠵᠡᠷᠭᠡ ᠡᠯ᠎ᠡ ᠲᠥᠷᠥᠯ ᠤᠨ ᠪᠠᠶᠢᠭᠤᠯᠤᠮᠵᠢ ᠨᠤᠭᠤᠳ ᠠᠴᠠ ᠢᠷᠡᠵᠦ ᠪᠣᠯᠤᠨ᠎ᠠ᠃  ᠤᠷᠤᠯᠳᠤᠭᠠᠨ ᠳᠤ ᠣᠷᠣᠯᠴᠠᠬᠤ ᠪᠦᠯᠬᠦᠮ ᠤᠨ ᠪᠦᠷᠢᠯᠳᠦᠬᠦᠨ ᠪᠦᠯᠬᠦᠮ ᠤᠨ ᠬᠠᠷᠢᠭᠤᠴᠠᠯᠭᠠᠲᠠᠨ ᠪᠠᠭᠲᠠᠨ᠎ᠠ︶ ᠨᠢ 2 ᠠᠴᠠ ᠪᠠᠭ᠎ᠠ ᠦᠭᠡᠢ᠂ 5 ᠬᠥᠮᠦᠨ ᠠᠴᠠ ᠢᠯᠡᠭᠦᠦ ᠪᠠᠶᠢᠵᠤ ᠪᠣᠯᠬᠤ ᠦᠭᠡᠢ᠂ ᠠᠳᠠᠯᠢ ᠨᠢᠭᠡ ᠪᠦᠯᠬᠦᠮ ᠤᠨ ᠪᠦᠷᠢᠯᠳᠦᠬᠦᠨ ᠨᠢ ᠠᠳᠠᠯᠢ ᠪᠤᠰᠤ ᠪᠠᠶᠢᠭᠤᠯᠤᠮᠵᠢ ᠠᠴᠠ ᠢᠷᠡᠵᠦ ᠪᠣᠯᠤᠨ᠎ᠠ᠃ ᠨᠢᠭᠡ ᠬᠥᠮᠥᠨ ᠨᠢᠭᠡ ᠯᠡ ᠪᠦᠯᠬᠦᠮ ᠳᠤ ᠣᠷᠣᠯᠴᠠᠵᠤ ᠪᠣᠯᠣᠨ᠎ᠠ᠃ ᠠᠳᠠᠯᠢ ᠨᠢᠭᠡᠨ ᠪᠠᠶᠢᠭᠤᠯᠤᠮᠵᠢ ᠨᠢ ᠣᠯᠠᠨ ᠬᠥᠮᠦᠨ ᠳᠤ ᠡᠷᠬᠡ ᠣᠯᠭᠤᠵᠤ ᠣᠯᠠᠨ ᠪᠦᠯᠬᠦᠮ ᠳᠤ ᠣᠷᠣᠯᠴᠠᠭᠤᠯᠵᠤ ᠪᠤᠯᠤᠨ᠎ᠠ᠃ ᠪᠦᠯᠬᠦᠮ ᠨᠢᠭᠡᠪᠦᠷᠢ ᠨᠢ ᠵᠥᠪᠬᠡᠨ ᠨᠢᠭᠡ ᠤᠷᠤᠯᠳᠤᠭᠠᠨ ᠳᠤ ᠣᠷᠣᠯᠴᠠᠬᠤ ᠬᠡᠷᠡᠭ ᠤᠨ ᠵᠢᠱᠢᠶ᠎ᠡ ︵ᠪᠤᠶᠤ ᠬᠡᠷᠡᠭᠯᠡᠯᠲᠡ︶ ᠲᠤᠰᠢᠶᠠᠵᠤ ᠪᠣᠯᠣᠨ᠎ᠠ᠃  ᠪᠦᠯᠬᠦᠮ ᠤᠨ ᠪᠦᠷᠢᠯᠳᠦᠬᠦᠨ ᠤ ᠬᠠᠷᠢᠶᠠᠯᠠᠭᠳᠠᠬᠤ ᠪᠠᠶᠢᠭᠤᠯᠤᠮᠵᠢ ᠨᠢ ᠬᠡᠷᠪᠡ ︽ᠢᠲᠡᠭᠡᠮᠵᠢᠲᠦ ᠳᠤᠮᠳᠠᠳᠤ ᠤᠯᠤᠰ︾ ᠤᠨ ᠰᠦᠯᠵᠢᠶ᠎ᠡ ︵www.creditchina.gov.cn︶  ᠶᠢᠨ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠡᠲᠡᠭᠡᠳ ᠲᠤ ᠵᠢᠭᠰᠠᠭᠠᠭᠳᠠᠭᠰᠠᠨ ᠪᠤᠶᠤ ᠡᠰᠡᠬᠦᠯ᠎ᠡ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ ︵www.ccgp.gov.cn ︶ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠦᠨᠳᠦ ᠨᠣᠴᠢᠲᠠᠶ ᠬᠠᠤᠯᠢ ᠶᠢ ᠵᠥᠷᠢᠴᠡᠵᠦ ᠢᠲᠡᠭᠡᠯ ᠠᠯᠳᠠᠭᠰᠠᠨ ᠨᠡᠷᠡᠰ ᠲᠤ ᠵᠢᠭᠰᠠᠭᠠᠭᠳᠠᠭᠰᠠᠨ ᠪᠠᠶᠢᠪᠠᠯ᠂ ᠲᠣᠰ ᠪᠦᠯᠬᠦᠮ ᠤᠷᠤᠯᠳᠤᠭᠠᠨ ᠳᠤ ᠨᠡᠷ᠎ᠡ ᠮᠡᠳᠡᠭᠦᠯᠵᠦ ᠪᠣᠯᠬᠤ ᠥᠬᠡᠶ᠃  ᠳᠥᠷᠪᠡ᠂ ᠤᠷᠤᠯᠳᠤᠭᠠᠨ ᠤ ᠵᠠᠮ ᠤᠨ ᠪᠠᠶᠢᠷᠢᠯᠠᠭᠤᠯᠤᠯᠲᠠ  ᠲᠣᠰ ᠤᠳᠠᠭᠠᠨ ᠤ ᠤᠷᠤᠯᠳᠤᠭᠠᠨ ᠢ ᠳᠣᠤᠷᠠᠬᠢ ᠭᠤᠷᠪᠠᠨ ᠤᠷᠤᠯᠳᠤᠭᠠᠨ ᠤ ᠵᠠᠮ ᠬᠤᠪᠢᠶᠠᠨ᠎ᠠ᠄  ︵ᠨᠢᠭᠡ︶ ᠣᠶᠣᠨᠴᠢ ᠡᠮᠴᠢᠯᠡᠭᠡᠨ ᠤ ᠳᠠᠭᠠᠳᠬᠠᠯ ᠤᠨ ᠦᠢᠯᠡᠳᠦᠯᠭᠡ ᠶᠢᠨ ᠬᠡᠷᠡᠭ ᠤᠨ ᠵᠢᠱᠢᠶ᠎ᠡ  ᠲᠣᠰ ᠤᠷᠤᠯᠳᠤᠭᠠᠨ ᠤ ᠵᠠᠮ ᠨᠢ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡ᠂ ᠡᠮᠴᠢᠯᠡᠭᠡᠨ ᠤ ᠳᠠᠭᠠᠳᠬᠠᠯ ᠤᠨ ᠥᠭᠡᠷᠡᠴᠢᠯᠡᠯᠲᠡ᠂ ᠡᠮᠴᠢᠯᠡᠭᠡᠨ ᠤ ᠳᠠᠭᠠᠳᠬᠠᠯ ᠤᠨ ᠬᠠᠮᠢᠶᠠᠷᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠭᠠᠵᠠᠷ ᠤᠨ ᠣᠳᠣᠬᠠᠨ ᠳᠤ ᠨᠢᠭᠡᠨᠲᠡ ᠪᠣᠳᠠᠲᠠᠶᠢᠵᠢᠭᠤᠯᠤᠨ ᠬᠡᠷᠡᠭᠵᠢᠭᠦᠯᠦᠭᠰᠡᠨ ᠣᠶᠤᠨᠴᠢ ᠡᠮᠴᠢᠯᠡᠭᠡᠨ ᠤ ᠳᠠᠭᠠᠳᠬᠠᠯ ᠤᠨ ᠬᠡᠷᠡᠭ ᠤᠨ ᠵᠢᠱᠢᠶ᠎ᠡ ᠳᠤ ᠬᠠᠨᠳᠤᠭᠤᠯᠤᠨ᠎ᠠ᠃ ᠵᠣᠬᠢᠶᠠᠨ ᠪᠠᠶᠢᠭᠤᠯᠬᠤ ᠲᠠᠯ᠎ᠠ ᠶᠢᠨ ᠬᠢᠨ ᠡᠮᠴᠢᠯᠡᠭᠡᠨ ᠤ ᠳᠠᠭᠠᠳᠬᠠᠯ ᠤᠨ ᠳ᠋ᠠᠶᠢᠲ᠋ᠠ ᠶᠢ ᠪᠠᠭᠲᠠᠭᠠᠭᠰᠠᠨ ᠣᠯᠠᠨ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠡᠷᠡᠭ ᠤᠨ ᠵᠢᠱᠢᠶ᠎ᠡ ᠶᠢ ᠰᠢᠯᠭᠠᠨ ᠪᠠᠲᠤᠯᠠᠬᠤ ᠳᠤ ᠬᠠᠩᠭᠠᠨ᠎ᠠ᠃  ᠤᠷᠤᠯᠳᠤᠭᠠᠨ ᠤ ᠵᠠᠮ ᠤᠨ ᠲᠣᠳᠣᠷᠬᠠᠶᠢᠯᠠᠯᠲᠠ᠄ ᠮᠡᠷᠭᠡᠵᠢᠯ ᠤᠨ ᠠᠷᠭ᠎ᠠ ᠪᠠᠷᠢᠯ ᠢᠶᠠᠷ ᠡᠮᠴᠢᠯᠡᠭᠡᠨ ᠤ ᠪᠠᠲᠤᠯᠠᠭ᠎ᠠ ᠶᠢᠨ ᠭᠠᠷᠳᠠᠨ ᠭᠦᠢᠴᠡᠳᠬᠡᠬᠦ ᠬᠠᠮᠢᠶᠠᠷᠤᠯᠲᠠ ᠵᠢᠴᠢ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠳᠤ ᠬᠦᠴᠦᠨ ᠨᠡᠮᠡᠷᠢᠯᠡᠵᠦ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠮᠡᠷᠭᠡᠵᠢᠯ ᠤᠨ ᠠᠷᠭ᠎ᠠ ᠪᠠᠷᠢᠯ ᠢᠶᠠᠷ ᠡᠮᠴᠢᠯᠡᠭᠡᠨ ᠤ ᠳᠠᠭᠠᠳᠬᠠᠯ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠲᠥᠯᠥᠪᠵᠢᠭᠦᠯᠭᠡ ᠶᠢ ᠲᠣᠭᠲᠠᠭᠠᠨ ᠲᠡᠭᠦᠯᠳᠡᠷᠵᠢᠭᠦᠯᠬᠦ ᠳᠤ ᠰᠢᠨᠵᠢᠯᠡᠬᠦ ᠤᠬᠠᠭᠠᠨᠴᠢ ᠲᠤᠯᠭᠠᠭᠤᠷᠢᠯᠠᠯ ᠬᠠᠩᠭᠠᠨ᠎ᠠ᠃ ᠮᠡᠷᠭᠡᠵᠢᠯ ᠤᠨ ᠠᠷᠭ᠎ᠠ ᠪᠠᠷᠢᠯ ᠢᠶᠠᠷ ᠣᠳᠣ ᠪᠠᠶᠢᠭ᠎ᠠ ᠡᠯ᠎ᠡ ᠵᠦᠢᠯ ᠤᠨ ᠡᠮᠴᠢᠯᠡᠭᠡᠨ ᠤ ᠳᠠᠭᠠᠳᠬᠠᠯ ᠤᠨ ᠬᠠᠮᠢᠶᠠᠷᠤᠯᠲᠠ ᠶᠢᠨ ᠠᠵᠢᠯ ᠤᠨ ᠬᠡᠷᠡᠭᠵᠢᠭᠦᠯᠦᠯᠲᠡ ᠶᠢ ᠠᠬᠢᠭᠤᠯᠵᠤ᠂ ᠠᠵᠢᠯ ᠤᠨ ᠦᠷ᠎ᠡ ᠪᠦᠲᠦᠮᠵᠢ᠂ ᠶᠠᠰᠤ ᠴᠢᠨᠠᠷ ᠢ ᠳᠡᠭᠡᠭᠰᠢᠯᠡᠭᠦᠯᠦᠨ᠎ᠡ᠃  ᠪᠣᠳᠠᠲᠠᠶ ᠤᠷᠤᠯᠳᠤᠭᠠᠨ ᠤ ᠵᠠᠮ ᠨᠢ ᠡᠳᠡᠭᠡᠷ ᠢ ᠪᠠᠭᠲᠠᠭᠠᠬᠤ ᠪᠣᠯᠪᠠᠴᠤ ᠬᠢᠵᠠᠭᠠᠷᠯᠠᠭᠳᠠᠬᠤ ᠥᠬᠡᠶ᠄ ᠵᠣᠬᠢᠶᠠᠮᠠᠯ ᠣᠶᠤᠨ ᠢ ᠠᠰᠢᠭᠯᠠᠨ ᠣᠶᠤᠨᠴᠢ ᠠᠰᠠᠭᠤᠯᠲᠠ ᠬᠠᠷᠢᠭᠤᠯᠲᠠ᠂ ᠡᠷᠡᠭᠦᠯ ᠮᠡᠨᠳᠦ ᠶᠢᠨ ᠬᠠᠮᠢᠶᠠᠷᠤᠯᠲᠠ ᠵᠡᠷᠭᠡ ᠶᠢ ᠥᠷᠨᠢᠭᠦᠯᠦᠭᠰᠡᠨ ᠬᠡᠷᠡᠭ ᠤᠨ ᠵᠢᠱᠢᠶ᠎ᠡ᠂ ᠲᠣᠮᠣ ᠳ᠋ᠠᠶᠢᠲ᠋ᠠ᠂ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ᠂ ᠬᠡᠰᠡᠭᠵᠢᠭᠰᠡᠨ ᠬᠡᠯᠬᠢᠶ᠎ᠡ ᠵᠡᠷᠭᠡ ᠶᠢ ᠠᠰᠢᠭᠯᠠᠨ ᠡᠮ ᠪᠠᠭᠠᠵᠢ ᠬᠡᠷᠡᠭᠰᠡᠯ ᠢ ᠮᠥᠷᠳᠡᠨ ᠤᠬᠤᠴᠢᠯᠠᠬᠤ ᠶᠢ ᠥᠷᠨᠢᠭᠦᠯᠦᠭᠰᠡᠨ ᠬᠡᠷᠡᠭ ᠤᠨ ᠵᠢᠱᠢᠶ᠎ᠡ᠃ ᠡᠭᠦᠨ ᠤ ᠬᠠᠮᠲᠤ ᠲᠣᠰ ᠤᠷᠤᠯᠳᠤᠭᠠᠨ ᠤ ᠵᠠᠮ ᠤᠨ ᠤᠷᠤᠯᠳᠤᠭᠠᠨ ᠳᠤ ᠣᠷᠣᠯᠴᠠᠬᠤ ᠴᠢᠭᠯᠡᠯ ᠳᠣᠤᠷ᠎ᠠ ᠪᠤᠰᠤᠳ ᠤᠷᠤᠯᠳᠤᠭᠠᠨ ᠤ ᠰᠡᠳᠦᠪ ᠢ ᠥᠪᠡᠰᠦᠪᠡᠨ ᠰᠣᠩᠭᠤᠵᠤ ᠤᠷᠤᠯᠳᠤᠭᠠᠨ ᠳᠤ ᠣᠷᠣᠯᠴᠠᠬᠤ ᠶᠢ ᠵᠣᠷᠢᠭᠵᠢᠭᠤᠯᠤᠨ᠎ᠠ᠃  ᠤᠷᠤᠯᠳᠤᠭᠠᠨ ᠳᠤ ᠣᠷᠣᠯᠴᠠᠬᠤ ᠬᠡᠯᠪᠡᠷᠢ᠄ ᠨᠢᠭᠡᠨᠲᠡ ᠪᠣᠳᠠᠲᠠᠶᠢᠵᠢᠭᠤᠯᠤᠨ ᠬᠡᠷᠡᠭᠵᠢᠭᠦᠯᠦᠭᠰᠡᠨ ᠬᠡᠷᠡᠭ ᠤᠨ ᠵᠢᠱᠢᠶ᠎ᠡ᠃  ︵ᠬᠤᠶᠠᠷ︶ ᠣᠶᠤᠨᠴᠢ ᠡᠮᠴᠢᠯᠡᠭᠡᠨ ᠤ ᠳᠠᠭᠠᠳᠬᠠᠯ ᠤᠨ ᠰᠢᠨ᠎ᠡ ᠶᠢ ᠡᠭᠦᠳᠬᠦ ᠬᠡᠷᠡᠭᠯᠡᠯᠲᠡ  ᠲᠣᠰ ᠤᠷᠤᠯᠳᠤᠭᠠᠨ ᠤ ᠵᠠᠮ ᠨᠢ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡ᠂ ᠡᠮᠴᠢᠯᠡᠭᠡᠨ ᠤ ᠳᠠᠭᠠᠳᠬᠠᠯ ᠤᠨ ᠥᠭᠡᠷᠡᠴᠢᠯᠡᠯᠲᠡ᠂ ᠡᠮᠴᠢᠯᠡᠭᠡᠨ ᠤ ᠳᠠᠭᠠᠳᠬᠠᠯ ᠤᠨ ᠬᠠᠮᠢᠶᠠᠷᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠭᠠᠵᠠᠷ ᠤᠨ ᠣᠳᠣᠬᠠᠨ ᠳᠤ ᠬᠠᠷᠠᠬᠠᠨ ᠪᠣᠳᠠᠲᠠᠶᠢᠵᠢᠭᠤᠯᠤᠨ ᠬᠡᠷᠡᠭᠵᠢᠭᠦᠯᠦᠭᠡᠳᠦᠢ᠂ ᠶᠠᠭ ᠲᠥᠯᠥᠪᠵᠢᠭᠦᠯᠦᠨ ᠨᠡᠭᠡᠭᠡᠵᠦ ᠪᠠᠶᠢᠭ᠎ᠠ ᠣᠶᠤᠨᠴᠢ ᠡᠮᠴᠢᠯᠡᠭᠡᠨ ᠤ ᠳᠠᠭᠠᠳᠬᠠᠯ ᠤᠨ ᠬᠡᠷᠡᠭᠯᠡᠭᠡᠨ ᠳᠤ ᠬᠠᠨᠳᠤᠭᠤᠯᠤᠨ᠎ᠠ᠃ ᠵᠣᠬᠢᠶᠠᠨ ᠪᠠᠶᠢᠭᠤᠯᠬᠤ ᠲᠠᠯ᠎ᠠ ᠶᠢᠨ ᠬᠢᠨ ᠡᠮᠴᠢᠯᠡᠭᠡᠨ ᠤ ᠳᠠᠭᠠᠳᠬᠠᠯ ᠤᠨ ᠳ᠋ᠠᠶᠢᠲ᠋ᠠ ᠶᠢ ᠪᠠᠭᠲᠠᠭᠠᠭᠰᠠᠨ ᠣᠯᠠᠨ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠡᠷᠡᠭ ᠤᠨ ᠵᠢᠱᠢᠶ᠎ᠡ ᠶᠢ ᠰᠢᠯᠭᠠᠨ ᠪᠠᠲᠤᠯᠠᠬᠤ ᠳᠤ ᠬᠠᠩᠭᠠᠨ᠎ᠠ᠃  ᠤᠷᠤᠯᠳᠤᠭᠠᠨ ᠤ ᠵᠠᠮ ᠤᠨ ᠲᠣᠳᠣᠷᠬᠠᠶᠢᠯᠠᠯᠲᠠ᠄ ᠮᠡᠷᠭᠡᠵᠢᠯ ᠤᠨ ᠠᠷᠭ᠎ᠠ ᠪᠠᠷᠢᠯ ᠢᠶᠠᠷ ᠡᠮᠴᠢᠯᠡᠭᠡᠨ ᠤ ᠪᠠᠲᠤᠯᠠᠭ᠎ᠠ ᠶᠢᠨ ᠭᠠᠷᠳᠠᠨ ᠭᠦᠢᠴᠡᠳᠬᠡᠬᠦ ᠬᠠᠮᠢᠶᠠᠷᠤᠯᠲᠠ ᠵᠢᠴᠢ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠳᠤ ᠬᠦᠴᠦᠨ ᠨᠡᠮᠡᠷᠢᠯᠡᠵᠦ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠮᠡᠷᠭᠡᠵᠢᠯ ᠤᠨ ᠠᠷᠭ᠎ᠠ ᠪᠠᠷᠢᠯ ᠢᠶᠠᠷ ᠡᠮᠴᠢᠯᠡᠭᠡᠨ ᠤ ᠳᠠᠭᠠᠳᠬᠠᠯ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠲᠥᠯᠥᠪᠵᠢᠭᠦᠯᠭᠡ ᠶᠢ ᠲᠣᠭᠲᠠᠭᠠᠨ ᠲᠡᠭᠦᠯᠳᠡᠷᠵᠢᠭᠦᠯᠬᠦ ᠳᠤ ᠰᠢᠨᠵᠢᠯᠡᠬᠦ ᠤᠬᠠᠭᠠᠨᠴᠢ ᠲᠤᠯᠭᠠᠭᠤᠷᠢᠯᠠᠯ ᠬᠠᠩᠭᠠᠨ᠎ᠠ᠃ ᠮᠡᠷᠭᠡᠵᠢᠯ ᠤᠨ ᠠᠷᠭ᠎ᠠ ᠪᠠᠷᠢᠯ ᠢᠶᠠᠷ ᠣᠳᠣ ᠪᠠᠶᠢᠭ᠎ᠠ ᠡᠯ᠎ᠡ ᠵᠦᠢᠯ ᠤᠨ ᠡᠮᠴᠢᠯᠡᠭᠡᠨ ᠤ ᠳᠠᠭᠠᠳᠬᠠᠯ ᠤᠨ ᠬᠠᠮᠢᠶᠠᠷᠤᠯᠲᠠ ᠶᠢᠨ ᠠᠵᠢᠯ ᠤᠨ ᠬᠡᠷᠡᠭᠵᠢᠭᠦᠯᠦᠯᠲᠡ ᠶᠢ ᠠᠬᠢᠭᠤᠯᠵᠤ᠂ ᠠᠵᠢᠯ ᠤᠨ ᠦᠷ᠎ᠡ ᠪᠦᠲᠦᠮᠵᠢ᠂ ᠶᠠᠰᠤ ᠴᠢᠨᠠᠷ ᠢ ᠳᠡᠭᠡᠭᠰᠢᠯᠡᠭᠦᠯᠦᠨ᠎ᠡ᠃  ᠪᠣᠳᠠᠲᠠᠶ ᠤᠷᠤᠯᠳᠤᠭᠠᠨ ᠤ ᠵᠠᠮ ᠨᠢ ᠡᠳᠡᠭᠡᠷ ᠢ ᠪᠠᠭᠲᠠᠭᠠᠬᠤ ᠪᠣᠯᠪᠠᠴᠤ ᠬᠢᠵᠠᠭᠠᠷᠯᠠᠭᠳᠠᠬᠤ ᠥᠬᠡᠶ᠄ ᠵᠣᠬᠢᠶᠠᠮᠠᠯ ᠣᠶᠤᠨ ᠢ ᠠᠰᠢᠭᠯᠠᠨ ᠣᠶᠤᠨᠴᠢ ᠠᠰᠠᠭᠤᠯᠲᠠ ᠬᠠᠷᠢᠭᠤᠯᠲᠠ᠂ ᠡᠷᠡᠭᠦᠯ ᠮᠡᠨᠳᠦ ᠶᠢᠨ ᠬᠠᠮᠢᠶᠠᠷᠤᠯᠲᠠ ᠵᠡᠷᠭᠡ ᠶᠢ ᠥᠷᠨᠢᠭᠦᠯᠦᠭᠰᠡᠨ ᠬᠡᠷᠡᠭ ᠤᠨ ᠵᠢᠱᠢᠶ᠎ᠡ᠂ ᠲᠣᠮᠣ ᠳ᠋ᠠᠶᠢᠲ᠋ᠠ᠂ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ᠂ ᠬᠡᠰᠡᠭᠵᠢᠭᠰᠡᠨ ᠬᠡᠯᠬᠢᠶ᠎ᠡ ᠵᠡᠷᠭᠡ ᠶᠢ ᠠᠰᠢᠭᠯᠠᠨ ᠡᠮ ᠪᠠᠭᠠᠵᠢ ᠬᠡᠷᠡᠭᠰᠡᠯ ᠢ ᠮᠥᠷᠳᠡᠨ ᠤᠬᠤᠴᠢᠯᠠᠬᠤ ᠶᠢ ᠥᠷᠨᠢᠭᠦᠯᠦᠭᠰᠡᠨ ᠬᠡᠷᠡᠭ ᠤᠨ ᠵᠢᠱᠢᠶ᠎ᠡ᠃ ᠭᠡᠪᠡᠴᠦ ᠡᠭᠦᠨ ᠤ ᠬᠠᠮᠲᠤ ᠲᠣᠰ ᠤᠷᠤᠯᠳᠤᠭᠠᠨ ᠤ ᠵᠠᠮ ᠤᠨ ᠤᠷᠤᠯᠳᠤᠭᠠᠨ ᠳᠤ ᠣᠷᠣᠯᠴᠠᠬᠤ ᠴᠢᠭᠯᠡᠯ ᠳᠣᠤᠷ᠎ᠠ ᠪᠤᠰᠤᠳ ᠤᠷᠤᠯᠳᠤᠭᠠᠨ ᠤ ᠰᠡᠳᠦᠪ ᠢ ᠥᠪᠡᠰᠦᠪᠡᠨ ᠰᠣᠩᠭᠤᠵᠤ ᠤᠷᠤᠯᠳᠤᠭᠠᠨ ᠳᠤ ᠣᠷᠣᠯᠴᠠᠬᠤ ᠶᠢ ᠵᠣᠷᠢᠭᠵᠢᠭᠤᠯᠤᠨ᠎ᠠ᠃  ᠤᠷᠤᠯᠳᠤᠭᠠᠨ ᠳᠤ ᠣᠷᠣᠯᠴᠠᠬᠤ ᠬᠡᠯᠪᠡᠷᠢ᠄ ᠬᠠᠷᠠᠬᠠᠨ ᠪᠣᠳᠠᠲᠠᠶᠢᠵᠢᠭᠤᠯᠤᠨ ᠬᠡᠷᠡᠭᠵᠢᠭᠦᠯᠦᠭᠡᠳᠦᠢ ᠬᠡᠷᠡᠭᠯᠡᠯᠲᠡ᠃  ᠨᠢᠭᠡᠳᠦᠭᠡᠷ ᠤᠷᠤᠯᠳᠤᠭᠠᠨ ᠤ ᠵᠠᠮ ᠪᠣᠯᠤᠨ ᠬᠤᠶᠠᠳᠤᠭᠠᠷ ᠤᠷᠤᠯᠳᠤᠭᠠᠨ ᠤ ᠵᠠᠮ ᠤᠨ ᠬᠤᠭᠤᠷᠣᠨᠳᠣᠬᠢ ᠵᠥᠷᠢᠶ᠎ᠡ ᠨᠢ᠄ ᠨᠢᠭᠡᠳᠦᠭᠡᠷ ᠤᠷᠤᠯᠳᠤᠭᠠᠨ ᠤ ᠵᠠᠮ ᠢ ᠨᠢᠭᠡᠨᠲᠡ ᠪᠣᠳᠠᠲᠠᠶᠢᠵᠢᠭᠤᠯᠤᠨ ᠬᠡᠷᠡᠭᠵᠢᠭᠦᠯᠦᠭᠰᠡᠨ ᠬᠡᠷᠡᠭ ᠤᠨ ᠵᠢᠱᠢᠶ᠎ᠡ ᠳᠤ ᠬᠠᠨᠳᠤᠭᠤᠯᠵᠤ᠂ ᠬᠤᠶᠠᠳᠤᠭᠠᠷ ᠤᠷᠤᠯᠳᠤᠭᠠᠨ ᠤ ᠵᠠᠮ ᠨᠢ ᠬᠠᠷᠠᠬᠠᠨ ᠪᠣᠳᠠᠲᠠᠶᠢᠵᠢᠭᠤᠯᠤᠨ ᠬᠡᠷᠡᠭᠵᠢᠭᠦᠯᠦᠭᠡᠳᠦᠢ ᠬᠡᠷᠡᠭᠯᠡᠯᠲᠡ ᠳᠤ ᠬᠠᠨᠳᠤᠭᠤᠯᠤᠨ᠎ᠠ᠃  ︵ᠭᠤᠷᠪᠠ︶ ᠡᠮᠴᠢᠯᠡᠭᠡᠨ ᠤ ᠳᠠᠭᠠᠳᠬᠠᠯ ᠤᠨ ᠳ᠋ᠠᠶᠢᠲ᠋ᠠ ᠶᠢᠨ ᠬᠦᠴᠦᠨ ᠵᠦᠢᠯ ᠢᠶᠠᠷ ᠬᠦᠴᠦᠨ ᠣᠯᠭᠤᠬᠤ  ᠲᠣᠰ ᠤᠷᠤᠯᠳᠤᠭᠠᠨ ᠤ ᠵᠠᠮ ᠨᠢ ᠲᠣᠭᠠᠴᠢᠯᠠᠭᠰᠠᠨ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠭᠠᠵᠠᠷ ᠤᠨ ᠡᠮᠴᠢᠯᠡᠭᠡᠨ ᠤ ᠳᠠᠭᠠᠳᠬᠠᠯ ᠤᠨ ᠳ᠋ᠠᠶᠢᠲ᠋ᠠ ᠶᠢᠨ ᠵᠠᠰᠠᠯᠲᠠ ᠶᠢ ᠥᠷᠨᠢᠭᠦᠯᠦᠭᠰᠡᠨ᠂ ᠳ᠋ᠠᠶᠢᠲ᠋ᠠ ᠶᠢᠨ ᠠᠮᠤᠷ ᠲᠦᠪᠰᠢᠨ ᠢᠶᠠᠷ ᠠᠰᠢᠭᠯᠠᠬᠤ ᠬᠢᠷᠢ ᠲᠦᠪᠰᠢᠨ ᠢ ᠳᠡᠭᠡᠭᠰᠢᠯᠡᠭᠦᠯᠦᠭᠰᠡᠨ ᠬᠡᠷᠡᠭ ᠤᠨ ᠵᠢᠱᠢᠶ᠎ᠡ ︵ᠪᠤᠶᠤ ᠬᠡᠷᠡᠭᠯᠡᠯᠲᠡ︶ ᠵᠢᠴᠢ ᠡᠮᠴᠢᠯᠡᠭᠡᠨ ᠤ ᠳᠠᠭᠠᠳᠬᠠᠯ ᠤᠨ ᠳ᠋ᠠᠶᠢᠲ᠋ᠠ ᠶᠢ ᠠᠰᠢᠭᠯᠠᠨ ᠵᠠᠰᠠᠭ ᠤᠨ ᠣᠷᠳᠣᠨ ᠤ ᠵᠠᠰᠠᠯᠲᠠ ᠶᠢᠨ ᠴᠢᠳᠠᠪᠤᠷᠢ ᠳᠤ ᠬᠦᠴᠦᠨ ᠣᠯᠭᠤᠭᠰᠠᠨ ᠬᠡᠷᠡᠭ ᠤᠨ ᠵᠢᠱᠢᠶ᠎ᠡ ︵ᠪᠤᠶᠤ ᠬᠡᠷᠡᠭᠯᠡᠯᠲᠡ︶ ᠶᠢ ᠴᠤᠭᠯᠠᠭᠤᠯᠤᠨ᠎ᠠ᠃ ᠵᠣᠬᠢᠶᠠᠨ ᠪᠠᠶᠢᠭᠤᠯᠬᠤ ᠲᠠᠯ᠎ᠠ ᠶᠢᠨ ᠬᠢᠨ ᠡᠮᠴᠢᠯᠡᠭᠡᠨ ᠤ ᠳᠠᠭᠠᠳᠬᠠᠯ ᠤᠨ ᠳ᠋ᠠᠶᠢᠲ᠋ᠠ ᠶᠢ ᠪᠠᠭᠲᠠᠭᠠᠭᠰᠠᠨ ᠣᠯᠠᠨ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠡᠷᠡᠭ ᠤᠨ ᠵᠢᠱᠢᠶ᠎ᠡ ︵ᠪᠤᠶᠤ ᠬᠡᠷᠡᠭᠯᠡᠯᠲᠡ︶ ᠶᠢ ᠰᠢᠯᠭᠠᠨ ᠪᠠᠲᠤᠯᠠᠬᠤ ᠳᠤ ᠬᠠᠩᠭᠠᠨ᠎ᠠ᠃  ᠤᠷᠤᠯᠳᠤᠭᠠᠨ ᠤ ᠵᠠᠮ ᠤᠨ ᠲᠣᠳᠣᠷᠬᠠᠶᠢᠯᠠᠯᠲᠠ᠄ ᠡᠮᠴᠢᠯᠡᠭᠡᠨ ᠤ ᠳᠠᠭᠠᠳᠬᠠᠯ ᠤᠨ ᠳ᠋ᠠᠶᠢᠲ᠋ᠠ ᠶᠢᠨ ᠵᠠᠰᠠᠯᠲᠠ᠄ ᠮᠡᠷᠭᠡᠵᠢᠯ ᠤᠨ ᠠᠷᠭ᠎ᠠ ᠪᠠᠷᠢᠯ ᠢᠶᠠᠷ ᠡᠮᠴᠢᠯᠡᠭᠡᠨ ᠤ ᠳᠠᠭᠠᠳᠬᠠᠯ ᠤᠨ ᠳ᠋ᠠᠶᠢᠲ᠋ᠠ ᠶᠢ ᠴᠡᠪᠡᠷᠯᠡᠨ ᠠᠷᠢᠯᠭᠠᠵᠤ᠂       ᠡᠮᠬᠢᠳᠬᠡᠵᠦ᠂ ᠲᠡᠭᠦᠨ ᠤ ᠪᠠᠷᠢᠮᠵᠢᠶ᠎ᠠ ᠶᠢᠨ ᠲᠣᠭᠲᠠᠭᠠᠯ ᠳᠤ ᠨᠡᠶᠢᠴᠡᠬᠦ᠂ ᠶᠠᠰᠤ ᠴᠢᠨᠠᠷ ᠤᠨ ᠪᠠᠷᠢᠮᠵᠢᠶ᠎ᠠ ᠳᠤ ᠬᠦᠷᠦᠭᠦᠯᠬᠦ ᠶᠢ ᠦᠨᠡᠨ ᠬᠦ ᠪᠠᠲᠤᠯᠠᠵᠤ᠂ ᠲᠡᠭᠦᠨ ᠤ ᠬᠦᠴᠦᠨ ᠵᠦᠢᠯ ᠤᠨ ᠥᠷᠲᠡᠭ ᠢ ᠭᠦᠢᠴᠡᠳ ᠪᠡᠶᠡᠯᠡᠭᠦᠯᠦᠨ᠎ᠡ᠃ ᠡᠮᠴᠢᠯᠡᠭᠡᠨ ᠤ ᠳᠠᠭᠠᠳᠬᠠᠯ ᠤᠨ ᠳ᠋ᠠᠶᠢᠲ᠋ᠠ ᠶᠢᠨ ᠠᠮᠤᠷ ᠲᠦᠪᠰᠢᠨ᠄ ᠮᠡᠷᠭᠡᠵᠢᠯ ᠤᠨ ᠠᠷᠭ᠎ᠠ ᠪᠠᠷᠢᠯ ᠢᠶᠠᠷ ᠡᠮᠴᠢᠯᠡᠭᠡᠨ ᠤ ᠳᠠᠭᠠᠳᠬᠠᠯ ᠤᠨ ᠳ᠋ᠠᠶᠢᠲ᠋ᠠ ᠶᠢ ᠴᠤᠭᠯᠠᠭᠤᠯᠤᠨ ᠡᠮᠬᠢᠳᠬᠡᠬᠦ᠂ ᠨᠡᠭᠡᠭᠡᠨ ᠠᠰᠢᠭᠯᠠᠬᠤ᠂ ᠨᠡᠭᠡᠭᠡᠯᠲᠡ ᠬᠢᠵᠦ ᠬᠠᠮᠲᠤᠪᠠᠷ ᠡᠳ᠋ᠯᠡᠬᠦ ᠶᠠᠪᠤᠴᠠ ᠳᠠᠬᠢ ᠠᠮᠤᠷ ᠲᠦᠪᠰᠢᠨ ᠢ ᠡᠵᠡᠮᠳᠡᠵᠦ ᠪᠣᠯᠬᠤ ᠶᠢ ᠦᠨᠡᠨ ᠬᠦ ᠪᠠᠲᠤᠯᠠᠨ᠎ᠠ᠃ ᠡᠮᠴᠢᠯᠡᠭᠡᠨ ᠤ ᠳᠠᠭᠠᠳᠬᠠᠯ ᠤᠨ ᠳ᠋ᠠᠶᠢᠲ᠋ᠠ ᠶᠢᠨ ᠬᠦᠴᠦᠨ ᠣᠯᠭᠤᠬᠤ᠄ ᠡᠮᠴᠢᠯᠡᠭᠡᠨ ᠤ ᠳᠠᠭᠠᠳᠬᠠᠯ ᠤᠨ ᠳ᠋ᠠᠶᠢᠲ᠋ᠠ ᠶᠢᠨ ᠥᠷᠲᠡᠭ ᠢ ᠭᠦᠢᠴᠡᠳ ᠠᠭᠤᠳᠠᠯᠤᠨ ᠠᠰᠢᠭᠯᠠᠵᠤ᠂ ᠬᠤᠷᠸ᠎ᠠ ᠲᠣᠬᠢᠷᠠᠭᠤᠯᠤᠯ ᠡᠵᠡᠮᠳᠡᠯ᠂ ᠨᠡᠶᠢᠭᠡᠮ ᠤᠨ ᠵᠠᠰᠠᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠬᠤᠯᠪᠣᠭᠳᠠᠯ ᠪᠦᠬᠦᠢ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠬᠠᠮᠢᠶᠠᠷᠤᠯᠲᠠ ᠶᠢᠨ ᠬᠦᠴᠦᠨ ᠴᠢᠳᠠᠪᠤᠷᠢ ᠶᠢ ᠳᠡᠭᠡᠭᠰᠢᠯᠡᠭᠦᠯᠵᠦ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃  ᠤᠷᠤᠯᠳᠤᠭᠠᠨ ᠳᠤ ᠣᠷᠣᠯᠴᠠᠬᠤ ᠬᠡᠯᠪᠡᠷᠢ᠄ ᠨᠢᠭᠡᠨᠲᠡ ᠪᠣᠳᠠᠲᠠᠶᠢᠵᠢᠭᠤᠯᠤᠨ ᠬᠡᠷᠡᠭᠵᠢᠭᠦᠯᠦᠭᠰᠡᠨ ᠬᠡᠷᠡᠭ ᠤᠨ ᠵᠢᠱᠢᠶ᠎ᠡ ᠪᠤᠶᠤ ᠬᠠᠷᠠᠬᠠᠨ ᠪᠣᠳᠠᠲᠠᠶᠢᠵᠢᠭᠤᠯᠤᠨ ᠬᠡᠷᠡᠭᠵᠢᠭᠦᠯᠦᠭᠡᠳᠦᠢ ᠬᠡᠷᠡᠭᠯᠡᠯᠲᠡ᠃  ᠳᠡᠭᠡᠷ᠎ᠡ ᠳᠤᠷᠠᠳᠤᠭᠰᠠᠨ ᠭᠤᠷᠪᠠᠨ ᠤᠷᠤᠯᠳᠤᠭᠠᠨ ᠤ ᠵᠠᠮ ᠳᠤ ᠴᠢᠭᠯᠡᠭᠦᠯᠦᠨ᠂ ᠤᠷᠤᠯᠳᠤᠭᠠᠨ ᠳᠤ ᠣᠷᠣᠯᠴᠠᠬᠤ ᠪᠦᠯᠬᠦᠮ ᠨᠢ ᠰᠣᠩᠭᠤᠭᠰᠠᠨ ᠤᠷᠤᠯᠳᠤᠭᠠᠨ ᠤ ᠵᠠᠮ ᠳᠣᠣᠷᠠᠬᠢ ᠪᠣᠳᠠᠲᠠᠶ ᠵᠢᠵᠢᠭ ᠣᠭᠲᠣᠯᠤᠭᠠᠰᠤ ᠶᠢᠨ ᠤᠷᠤᠯᠳᠤᠭᠠᠨ ᠤ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠦᠨ ᠬᠡᠷᠡᠭ ᠤᠨ ᠵᠢᠱᠢᠶ᠎ᠡ ︵ᠪᠤᠶᠤ ᠬᠡᠷᠡᠭᠯᠡᠯᠲᠡ︶ ᠶᠢ ᠵᠢᠷᠤᠵᠤ ᠲᠥᠯᠥᠪᠯᠡᠵᠦ᠂ ᠰᠣᠩᠭᠤᠭᠰᠠᠨ ᠤᠷᠤᠯᠳᠤᠭᠠᠨ ᠤ ᠰᠡᠳᠦᠪ ᠶᠡᠭᠡ ᠮᠥᠷᠲᠡᠭᠡᠨ ᠵᠣᠬᠢᠰ ᠦᠭᠡᠢ ᠪᠣᠯᠬᠤ ᠠᠴᠠ ᠠᠯᠢ ᠴᠢᠳᠠᠬᠤ ᠪᠠᠷ ᠵᠠᠶᠢᠯᠠᠰᠬᠢᠬᠦ ᠬᠡᠷᠡᠭᠲᠡᠶ᠃  ᠡᠭᠦᠨ ᠠᠴᠠ ᠭᠠᠳᠠᠨ᠎ᠠ᠂ ᠵᠣᠬᠢᠶᠠᠨ ᠪᠠᠶᠢᠭᠤᠯᠬᠤ ᠲᠠᠯ᠎ᠠ ᠶᠢᠨ ᠲᠤᠰᠬᠠᠶ ᠮᠡᠷᠭᠡᠵᠢᠯᠲᠡᠨ ᠠᠴᠠ ᠪᠦᠯᠬᠦᠮ ᠤᠨ ᠰᠣᠩᠭᠤᠭᠰᠠᠨ ᠤᠷᠤᠯᠳᠤᠭᠠᠨ ᠤ ᠵᠠᠮ ᠨᠢ ᠣᠨᠣᠪᠴᠢᠲᠠᠶ ᠪᠤᠰᠤ ᠭᠡᠵᠦ ᠦᠵᠡᠪᠡᠯ᠂ ᠵᠣᠬᠢᠶᠠᠨ ᠪᠠᠶᠢᠭᠤᠯᠬᠤ ᠲᠠᠯ᠎ᠠ ᠨᠢ ᠲᠤᠰᠬᠠᠶ ᠮᠡᠷᠭᠡᠵᠢᠯᠲᠡᠨ ᠤ ᠰᠠᠨᠠᠭᠤᠯᠭ᠎ᠠ ᠶᠢ ᠦᠨᠳᠦᠰᠦᠯᠡᠨ ᠪᠦᠯᠬᠦᠮ ᠤᠨ ᠰᠣᠩᠭᠤᠭᠰᠠᠨ ᠤᠷᠤᠯᠳᠤᠭᠠᠨ ᠤ ᠵᠠᠮ ᠳᠤ ᠲᠣᠬᠢᠷᠠᠭᠤᠯᠤᠯᠲᠠ ᠬᠢᠨ᠎ᠠ᠃  ᠲᠠᠪᠤ᠂ ᠨᠡᠷ᠎ᠡ ᠮᠡᠳᠡᠭᠦᠯᠬᠦ ᠠᠷᠭ᠎ᠠ ᠮᠠᠶ᠋ᠢᠭ  ᠤᠷᠤᠯᠳᠤᠭᠠᠨ ᠳᠤ ᠰᠦᠯᠵᠢᠶ᠎ᠡ ᠪᠠᠷ ᠨᠡᠷ᠎ᠡ ᠮᠡᠳᠡᠭᠦᠯᠬᠦ ᠠᠷᠭ᠎ᠠ ᠬᠡᠯᠪᠡᠷᠢ ᠶᠢ ᠠᠪᠴᠤ᠂ ᠤᠷᠤᠯᠳᠤᠭᠠᠨ ᠳᠤ ᠣᠷᠣᠯᠴᠠᠬᠤ ᠪᠦᠯᠬᠦᠮ ᠨᠢ 2024 ᠣᠨ ᠤ 6 ᠳ᠋ᠤᠭᠠᠷ ᠰᠠᠷ᠎ᠠ ᠶᠢᠨ 2 ᠤᠨ ᠡᠳᠦᠷ ᠤᠨ 17᠄ 00 ᠴᠠᠭ ᠠᠴᠠ ᠡᠮᠦᠨ᠎ᠡ᠂ ᠤᠷᠤᠯᠳᠤᠭᠠᠨ ᠤ ᠠᠯᠪᠠᠨ ᠤ ᠰᠦᠯᠵᠢᠶ᠎ᠡ ︵www.chs-ihssc.cn ︶ ᠪᠠᠷ ᠳᠠᠮᠵᠢᠭᠤᠯᠤᠨ ᠨᠡᠷ᠎ᠡ ᠮᠡᠳᠡᠭᠦᠯᠵᠦ᠂ ︽ᠤᠷᠤᠯᠳᠤᠭᠠᠨ ᠳᠤ ᠨᠡᠷ᠎ᠡ ᠮᠡᠳᠡᠭᠦᠯᠬᠦ︾ ᠬᠠᠭᠤᠳᠠᠰᠤ ᠳᠤ ᠣᠷᠣᠵᠤ᠂ ᠦᠨᠳᠦᠰᠦᠨ ᠮᠡᠳᠡᠭᠡ ᠵᠠᠩᠭᠢ ᠪᠠᠨ ᠲᠠᠭᠯᠠᠨ ᠮᠡᠳᠡᠭᠦᠯᠵᠦ᠂ ᠤᠷᠤᠯᠳᠤᠭᠠᠨ ᠳᠤ ᠣᠷᠣᠯᠴᠠᠬᠤ ᠠᠮᠠᠯᠠᠯᠲᠠ ᠶᠢᠨ ᠪᠢᠴᠢᠭ ︵︽ᠤᠷᠤᠯᠳᠤᠭᠠᠨ ᠳᠤ ᠨᠡᠷ᠎ᠡ ᠮᠡᠳᠡᠭᠦᠯᠬᠦ︾ ᠬᠠᠭᠤᠳᠠᠰᠤ ᠠᠴᠠ ᠦᠯᠢᠭᠡᠷ ᠢ ᠪᠠᠭᠤᠯᠭᠠᠵᠤ ᠪᠣᠯᠣᠨ᠎ᠠ︶ ᠤᠨ ᠰᠢᠷᠪᠢᠯᠲᠡ ᠶᠢ ᠳᠠᠮᠵᠢᠭᠤᠯᠵᠤ᠂ ᠤᠷᠤᠯᠳᠤᠭᠠᠨ ᠳᠤ ᠣᠷᠣᠯᠴᠠᠬᠤ ᠡᠷᠬᠡ ᠣᠯᠭᠤᠬᠤ ᠪᠢᠴᠢᠭ ︵︽ᠤᠷᠤᠯᠳᠤᠭᠠᠨ ᠳᠤ ᠨᠡᠷ᠎ᠡ ᠮᠡᠳᠡᠭᠦᠯᠬᠦ︾ ᠬᠠᠭᠤᠳᠠᠰᠤ ᠠᠴᠠ ᠦᠯᠢᠭᠡᠷ ᠢ ᠪᠠᠭᠤᠯᠭᠠᠵᠤ ᠪᠣᠯᠣᠨ᠎ᠠ︶ ᠤᠨ ᠰᠢᠷᠪᠢᠯᠲᠡ ᠶᠢ ᠳᠠᠮᠵᠢᠭᠤᠯᠵᠤ᠂ ᠨᠡᠷ᠎ᠡ ᠮᠡᠳᠡᠭᠦᠯᠦᠨ᠎ᠡ᠃  ᠵᠣᠬᠢᠶᠠᠨ ᠪᠠᠶᠢᠭᠤᠯᠬᠤ ᠲᠠᠯ᠎ᠠ ᠶᠢᠨ ᠬᠢᠨ ᠨᠡᠷ᠎ᠡ ᠮᠡᠳᠡᠭᠦᠯᠦᠭᠰᠡᠨ ᠮᠡᠳᠡᠭᠡ ᠵᠠᠩᠭᠢ ᠶᠢ ᠣᠯᠤᠭᠰᠠᠨ ᠤ ᠳᠠᠷᠠᠭ᠎ᠠ 2 ᠡᠳᠦᠷ ᠤᠨ ᠳᠣᠲᠣᠷ᠎ᠠ ᠬᠢᠨᠠᠨ ᠬᠠᠷᠭᠤᠭᠤᠯᠤᠭᠰᠠᠨ ᠦᠷ᠎ᠡ ᠳ᠋ᠦᠩ ᠢᠶᠠᠨ ᠬᠠᠷᠢᠭᠤ ᠲᠤᠰᠬᠠᠵᠤ᠂ ᠤᠷᠤᠯᠳᠤᠭᠠᠨ ᠳᠤ ᠣᠷᠣᠯᠴᠠᠬᠤ ᠪᠦᠯᠬᠦᠮ ᠨᠢ ᠠᠯᠪᠠᠨ ᠤ ᠰᠦᠯᠵᠢᠶ᠎ᠡ ᠪᠠᠷ ᠳᠠᠮᠵᠢᠨ ᠪᠠᠶᠢᠴᠠᠭᠠᠨ ᠯᠠᠪᠯᠠᠬᠤ ᠪᠤᠶᠤ ᠳᠠᠩᠰᠠᠯᠠᠭᠤᠯᠤᠭᠰᠠᠨ ᠰᠢᠤᠳᠠᠨ ᠬᠠᠶᠢᠷᠴᠠᠭ ᠢ ᠪᠠᠶᠢᠴᠠᠭᠠᠨ ᠦᠵᠡᠵᠦ ᠪᠣᠯᠤᠨ᠎ᠠ᠃ ᠬᠢᠨᠠᠨ ᠬᠠᠷᠭᠤᠭᠤᠯᠬᠤ ᠪᠠᠷ ᠳᠠᠮᠵᠢᠭᠰᠠᠨ ᠪᠠᠶᠢᠪᠠᠯ᠂ ᠤᠷᠤᠯᠳᠤᠭᠠᠨ ᠳᠤ ᠣᠷᠤᠯᠴᠠᠬᠤ ᠪᠦᠯᠬᠦᠮ ᠨᠢ ᠳᠠᠷᠤᠢ ᠠᠩᠬᠠᠨ ᠤ ᠤᠷᠤᠯᠳᠤᠭᠠᠨ ᠤ ᠮᠠᠲ᠋ᠧᠷᠢᠶᠠᠯ ᠢᠶᠠᠨ ᠲᠤᠰᠢᠶᠠᠵᠤ ᠪᠣᠯᠣᠨ᠎ᠠ︔  ᠬᠢᠨᠠᠨ ᠬᠠᠷᠭᠤᠭᠤᠯᠬᠤ ᠶᠢ ᠥᠩᠭᠡᠷᠡᠭᠡᠭᠰᠡᠨ ᠥᠬᠡᠶ ᠪᠣᠯ ᠤᠷᠤᠯᠳᠤᠭᠠᠨ ᠳᠤ ᠣᠷᠣᠯᠴᠠᠬᠤ ᠪᠦᠯᠬᠦᠮ ᠠᠯᠪᠠᠨ ᠤ ᠰᠦᠯᠵᠢᠶ᠎ᠡ ᠳᠤ ᠭᠠᠷᠤᠭᠰᠠᠨ ᠤ ᠳᠠᠷᠠᠭ᠎ᠠ᠂ ︽ᠮᠡᠳᠡᠭᠡ ᠵᠠᠩᠭᠢ ᠶᠢ ᠬᠢᠨᠠᠨ ᠬᠠᠷᠭᠤᠭᠤᠯᠵᠤ ᠪᠤᠴᠠᠭᠠᠵᠤ ᠵᠠᠰᠠᠪᠤᠷᠢ ᠣᠷᠣᠭᠤᠯᠵᠤ᠂ ᠮᠡᠳᠡᠭᠡ ᠵᠠᠩᠭᠢ ᠶᠢ ᠲᠡᠭᠦᠯᠳᠡᠷᠵᠢᠭᠦᠯᠦᠭᠡᠷᠡᠢ︾ ᠭᠡᠬᠦ ᠰᠠᠨᠠᠭᠤᠯᠤᠮᠵᠢ ᠶᠢᠨ ᠥᠰᠥᠭ ᠢᠯᠡᠷᠡᠵᠦ ᠵᠢᠴᠢ ᠰᠢᠯᠲᠠᠭᠠᠨ ᠢ ᠲᠣᠳᠣᠷᠬᠠᠶᠢᠯᠠᠵᠤ᠂ ᠤᠷᠤᠯᠳᠤᠭᠠᠨ ᠳᠤ ᠣᠷᠣᠯᠴᠠᠬᠤ ᠪᠦᠯᠬᠦᠮ ᠵᠥᠪᠬᠡᠨ ᠨᠢᠭᠡ ᠯᠡ ᠤᠳᠠᠭ᠎ᠠ ᠨᠡᠷ᠎ᠡ ᠮᠡᠳᠡᠭᠦᠯᠦᠭᠰᠡᠨ ᠮᠡᠳᠡᠭᠡ ᠵᠠᠩᠭᠢ ᠶᠢ ᠵᠠᠰᠠᠬᠤ ᠶᠢᠨ ᠬᠠᠮᠲᠤ ᠳᠠᠬᠢᠨ ᠲᠤᠰᠢᠶᠠᠬᠤ ᠲᠣᠬᠢᠶᠠᠯ ᠲᠠᠢ᠃  ᠤᠷᠤᠯᠳᠤᠭᠠᠨ ᠳᠤ ᠣᠷᠣᠯᠴᠠᠬᠤ ᠪᠦᠯᠬᠦᠮ ᠡᠷᠬᠡᠪᠰᠢ ᠠᠩᠬᠠᠷᠤᠭᠠᠷᠠᠢ᠄ ᠵᠠᠰᠠᠪᠤᠷᠢ ᠣᠷᠣᠭᠤᠯᠤᠭᠰᠠᠨ ᠤ ᠳᠠᠷᠠᠭ᠎ᠠ ᠳᠠᠬᠢᠨ ᠲᠤᠰᠢᠶᠠᠬᠤ ᠬᠡᠷᠡᠭᠲᠡᠢ᠂ ᠡᠷᠬᠡᠪᠰᠢ 2024 ᠣᠨ ᠤ 6 ᠳ᠋ᠤᠭᠠᠷ ᠰᠠᠷ᠎ᠠ ᠶᠢᠨ 3 ᠤ ᠡᠳᠦᠷ ᠤᠨ       17᠄ 00 ᠠᠴᠠ ᠡᠮᠦᠨ᠎ᠡ᠃ ᠦᠭᠡᠢ ᠪᠣᠯ ᠵᠣᠬᠢᠶᠠᠨ ᠪᠠᠶᠢᠭᠤᠯᠬᠤ ᠲᠠᠯ᠎ᠠ ᠶᠢᠨ ᠬᠢᠨ ᠵᠠᠰᠠᠪᠤᠷᠢ ᠣᠷᠣᠭᠤᠯᠤᠭᠰᠠᠨ ᠢ ᠬᠦᠯᠢᠶᠡᠨ ᠠᠪᠬᠤ ᠦᠭᠡᠢ᠂ ᠤᠷᠤᠯᠳᠤᠭᠠᠨ ᠳᠤ ᠣᠷᠣᠯᠴᠠᠬᠤ ᠪᠦᠯᠬᠦᠮ ᠨᠡᠷ᠎ᠡ ᠮᠡᠳᠡᠭᠦᠯᠬᠦ ᠬᠢᠷᠢ ᠭᠡᠮ ᠢᠶᠠᠨ ᠠᠯᠳᠠᠬᠤ ᠪᠣᠯᠤᠨ᠎ᠠ᠃  ᠵᠢᠷᠭᠤᠭ᠎ᠠ᠂ ᠠᠩᠬᠠᠨ ᠤ ᠤᠷᠤᠯᠳᠤᠭᠠᠨ ᠳᠤ ᠬᠤᠪᠢ ᠣᠯᠭᠤᠬᠤ ᠨᠠᠷᠢᠨ ᠳᠦᠷᠢᠮ  ᠨᠡᠷ᠎ᠡ ᠮᠡᠳᠡᠭᠦᠯᠵᠦ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠤᠷᠤᠯᠳᠤᠭᠠᠨ ᠤ ᠠᠯᠪᠠᠨ ᠤ ᠰᠦᠯᠵᠢᠶ᠎ᠡ ︵www.chs-ihssc.cn︶ ᠳᠤ ᠭᠠᠷᠴᠤ᠂ ︽ᠠᠩᠬᠠᠨ ᠤ ᠤᠷᠤᠯᠳᠤᠭᠠᠨ ᠤ ᠮᠠᠲ᠋ᠧᠷᠢᠶᠠᠯ ᠲᠤᠰᠢᠶᠠᠬᠤ︾ ᠬᠠᠭᠤᠳᠠᠰᠤ ᠠᠴᠠ ᠠᠩᠬᠠᠨ ᠤ ᠤᠷᠤᠯᠳᠤᠭᠠᠨ ᠤ ᠬᠤᠪᠢ ᠣᠯᠭᠤᠬᠤ ᠨᠠᠷᠢᠨ ᠳᠦᠷᠢᠮ ᠢ ᠪᠠᠭᠤᠯᠭᠠᠵᠤ ᠪᠣᠯᠣᠨ᠎ᠠ᠃  ᠲᠤᠯᠤᠭ᠎ᠠ᠂ ᠤᠷᠤᠯᠳᠤᠭᠠᠨ ᠤ ᠶᠠᠪᠤᠴᠠ ᠤᠷᠤᠯᠲᠤᠭᠠᠨ ᠤ ᠲᠦᠷᠢᠮ  ︵ᠨᠢᠭᠡ︶ ᠠᠩᠬᠠᠨ ᠤ ᠤᠷᠤᠯᠳᠤᠭᠠᠨ ᠤ ᠮᠠᠲ᠋ᠧᠷᠢᠶᠠᠯ ᠲᠤᠰᠢᠶᠠᠬᠤ  ᠨᠡᠷ᠎ᠡ ᠮᠡᠳᠡᠭᠦᠯᠵᠦ ᠬᠢᠨᠠᠨ ᠬᠠᠷᠭᠤᠭᠤᠯᠬᠤ ᠪᠠᠷ ᠳᠠᠮᠵᠢᠭᠰᠠᠨ ᠪᠦᠯᠬᠦᠮ ᠤᠷᠤᠯᠳᠤᠭᠠᠨ ᠤ ᠠᠯᠪᠠᠨ ᠤ ᠰᠦᠯᠵᠢᠶ᠎ᠡ ︵www.chs-ihssc.cn︶ ᠳᠤ ᠭᠠᠷᠤᠭᠰᠠᠨ ᠤ ᠳᠠᠷᠠᠭ᠎ᠠ ︽ᠠᠩᠬᠠᠨ ᠤ ᠤᠷᠤᠯᠳᠤᠭᠠᠨ ᠤ ᠮᠠᠲ᠋ᠧᠷᠢᠶᠠᠯ ᠲᠤᠰᠢᠶᠠᠬᠤ︾ ᠬᠠᠭᠤᠳᠠᠰᠤ ᠳᠤ ᠣᠷᠣᠵᠤ᠂ ᠲᠣᠰ ᠬᠠᠭᠤᠳᠠᠰᠤ ᠳᠤ ᠤᠷᠤᠯᠳᠤᠭᠠᠨ ᠳᠤ ᠣᠷᠣᠯᠴᠠᠭᠰᠠᠨ ᠬᠡᠷᠡᠭ ᠤᠨ ᠵᠢᠱᠢᠶ᠎ᠡ ︵ᠪᠤᠶᠤ ᠬᠡᠷᠡᠭᠯᠡᠯᠲᠡ︶ ᠶᠢ ᠲᠠᠨᠢᠯᠴᠠᠭᠤᠯᠤᠭᠰᠠᠨ PDF ᠪᠢᠴᠢᠭᠯᠡᠯ᠂ ᠬᠡᠷᠡᠭ ᠤᠨ ᠵᠢᠱᠢᠶ᠎ᠡ ︵ᠪᠤᠶᠤ ᠬᠡᠷᠡᠭᠯᠡᠯᠲᠡ︶ ᠶᠢᠨ ᠡᠷᠬᠡ ᠣᠯᠭᠤᠭᠰᠠᠨ ᠪᠢᠴᠢᠭ ︵︽ᠠᠩᠬᠠᠨ ᠤ ᠤᠷᠤᠯᠳᠤᠭᠠᠨ ᠤ ᠮᠠᠲ᠋ᠧᠷᠢᠶᠠᠯ ᠲᠤᠰᠢᠶᠠᠬᠤ︾ ᠬᠠᠭᠤᠳᠠᠰᠤ ᠠᠴᠠ ᠦᠯᠢᠭᠡᠷ ᠢ ᠪᠠᠭᠤᠯᠭᠠᠵᠤ ᠪᠣᠯᠣᠨ᠎ᠠ︶ ᠤᠨ ᠰᠢᠷᠪᠢᠯᠲᠡ ᠶᠢ ᠬᠠᠩᠭᠠᠬᠤ ᠶᠢᠨ ᠬᠠᠮᠲᠤ ᠬᠡᠷᠡᠭ ᠤᠨ ᠵᠢᠱᠢᠶ᠎ᠡ ︵ᠪᠤᠶᠤ ᠬᠡᠷᠡᠭᠯᠡᠯᠲᠡ︶ ᠶᠢᠨ ᠲᠣᠪᠴᠢ ᠲᠠᠨᠢᠯᠴᠠᠭᠤᠯᠭ᠎ᠠ ᠶᠢ ᠲᠠᠭᠯᠠᠨ ᠪᠢᠴᠢᠬᠦ ᠬᠡᠷᠡᠭᠲᠡᠢ᠃  1. 2024 ᠣᠨ ᠤ 6 ᠳ᠋ᠤᠭᠠᠷ ᠰᠠᠷ᠎ᠠ ᠶᠢᠨ 12 ᠤᠨ ᠡᠳᠦᠷ ᠤᠨ 17᠄ 00 ᠴᠠᠭ ᠠᠴᠠ ᠡᠮᠦᠨ᠎ᠡ᠂ ᠳᠡᠭᠡᠷᠡᠬᠢ ᠠᠯᠢᠪᠠ ᠠᠩᠬᠠᠨ ᠤ ᠤᠷᠤᠯᠳᠤᠭᠠᠨ ᠤ ᠮᠠᠲ᠋ᠧᠷᠢᠶᠠᠯ ᠢ ᠲᠤᠰᠢᠶᠠᠬᠤ ᠬᠡᠷᠡᠭᠲᠡᠶ᠃  2 . ᠬᠡᠷᠡᠭ ᠤᠨ ᠵᠢᠱᠢᠶ᠎ᠡ ︵ᠪᠤᠶᠤ ᠬᠡᠷᠡᠭᠯᠡᠯᠲᠡ︶ ᠶᠢᠨ ᠲᠣᠪᠴᠢ ᠲᠠᠨᠢᠯᠴᠠᠭᠤᠯᠭ᠎ᠠ ᠶᠢᠨ PDF ᠪᠢᠴᠢᠭᠯᠡᠯ᠃ PDF ᠪᠢᠴᠢᠭᠯᠡᠯ ᠤᠨ ᠪᠦᠲᠦᠴᠡ ᠳᠤ ᠡᠷᠬᠡᠪᠰᠢ ᠠᠩᠬᠠᠨ ᠤ ᠤᠷᠤᠯᠳᠤᠭᠠᠨ ᠤ ᠬᠤᠪᠢ ᠲᠣᠭᠲᠠᠭᠠᠬᠤ ᠨᠠᠷᠢᠨ ᠲᠦᠷᠢᠮ ᠤᠨ ᠳᠣᠲᠣᠷᠠᠬᠢ ᠨᠢᠭᠡᠳᠦᠭᠡᠷ ᠳᠡᠰ ᠤᠨ ᠠᠭᠤᠯᠭ᠎ᠠ ︵ᠬᠡᠷᠡᠭ ᠤᠨ ᠵᠢᠱᠢᠶ᠎ᠡ ︵ᠬᠡᠷᠡᠭᠯᠡᠯᠲᠡ︶ ᠶᠢᠨ ᠲᠦᠢᠮᠣ᠂ ᠠᠬᠤᠢ ᠪᠠᠶᠢᠳᠠᠯ ᠤᠨ ᠬᠦᠷᠢᠶᠡᠨ ᠤ ᠣᠳᠣᠬᠢ ᠪᠠᠶᠢᠳᠠᠯ ᠤᠨ ᠵᠠᠳᠠᠯᠤᠯᠲᠠ ᠵᠢᠴᠢ ᠳᠤᠷᠠᠳᠤᠭᠰᠠᠨ ᠠᠰᠠᠭᠤᠳᠠᠯ᠂ ᠬᠡᠷᠡᠭ ᠤᠨ ᠵᠢᠱᠢᠶ᠎ᠡ ︵ᠬᠡᠷᠡᠭᠯᠡᠯᠲᠡ︶ ᠶᠢᠨ ᠰᠡᠳᠬᠢᠮᠵᠢ᠂ ᠬᠡᠷᠡᠭ ᠤᠨ ᠵᠢᠱᠢᠶ᠎ᠡ ︵ᠬᠡᠷᠡᠭᠯᠡᠯᠲᠡ︶ ᠶᠢᠨ ᠮᠡᠷᠭᠡᠵᠢᠯ ᠤᠨ ᠪᠡᠶᠡᠯᠡᠭᠦᠯᠦᠯᠲᠡ᠂ ᠬᠡᠷᠡᠭᠵᠢᠭᠦᠯᠦᠭᠰᠡᠨ ᠦᠷ᠎ᠡ ᠪᠦᠲᠦᠮᠵᠢ︶ ᠪᠠ ᠬᠤᠶᠠᠳᠤᠭᠠᠷ ᠳᠡᠰ ᠤᠨ ᠠᠭᠤᠯᠭ᠎ᠠ ︵ᠠᠬᠤᠶ ᠪᠠᠶᠢᠳᠠᠯ ᠤᠨ ᠬᠦᠷᠢᠶᠡᠨ ᠳᠠᠬᠢ ᠣᠳᠣᠬᠢ ᠪᠠᠶᠢᠳᠠᠯ ᠤᠨ ᠵᠠᠳᠠᠯᠤᠯᠲᠠ᠂ ᠳᠤᠷᠠᠳᠤᠭᠰᠠᠨ ᠠᠰᠠᠭᠤᠳᠠᠯ᠂ ᠦᠨᠳᠦᠰᠦᠯᠡᠯ ᠪᠠ ᠴᠤᠪᠤᠷᠠᠯ᠂ ᠰᠢᠨ᠎ᠡ ᠶᠢ ᠡᠭᠦᠳᠬᠦ ᠴᠡᠭ᠂ ᠲᠦᠭᠡᠮᠡᠯ ᠠᠴᠢ ᠬᠤᠯᠪᠣᠭᠳᠠᠯ᠂ ᠮᠡᠷᠭᠡᠵᠢᠯ ᠤᠨ ᠲᠦᠢᠮᠣ ᠪᠠᠶᠢᠳᠠᠯ᠂ ᠮᠡᠷᠭᠡᠵᠢᠯ ᠤᠨ ᠪᠦᠳᠦᠭᠦᠪᠴᠢ ᠪᠠᠶᠢᠳᠠᠯ᠂ ᠮᠡᠷᠭᠡᠵᠢᠯ ᠤᠨ ᠴᠢᠳᠠᠪᠬᠢ᠂ ᠮᠡᠷᠭᠡᠵᠢᠯ ᠤᠨ ᠦᠷ᠎ᠡ ᠪᠦᠲᠦᠮᠵᠢ᠂ ᠪᠣᠳᠠᠲᠤ ᠦᠷ᠎ᠡ ᠪᠦᠲᠦᠮᠵᠢ᠂ ᠪᠠᠷᠠᠯᠠᠯ ᠤᠨ ᠦᠷ᠎ᠡ ᠪᠦᠲᠦᠮᠵᠢ︶ ᠶᠢ ᠪᠠᠭᠲᠠᠭᠠᠵᠤ᠂ ᠴᠢᠬᠤᠯᠠᠲᠠᠢ ᠨᠢ ᠨᠢᠭᠡᠳᠦᠭᠡᠷ ᠳᠡᠰ᠂ ᠬᠤᠶᠠᠳᠤᠭᠠᠷ ᠳᠡᠰ ᠤᠨ ᠠᠭᠤᠯᠭ᠎ᠠ ᠶᠢ ᠵᠣᠬᠢᠰᠲᠠᠶ ᠨᠡᠮᠡᠭᠳᠡᠭᠦᠯᠵᠦ ᠪᠣᠯᠤᠨ᠎ᠠ᠃ ᠪᠢᠴᠢᠭᠯᠡᠯ ᠤᠨ ᠦᠰᠦᠭ ᠤᠨ ᠲᠤᠭ᠎ᠠ ᠨᠢ 25000 ᠦᠰᠦᠭ ᠤᠨ ᠳᠣᠲᠣᠷ᠎ᠠ ︵ᠭᠠᠷᠴᠠᠭ ᠪᠠᠭᠲᠠᠨ᠎ᠠ᠂ ᠬᠤᠭᠤᠰᠣᠨ ᠵᠠᠢ ᠶᠢ ᠲᠣᠭᠠᠯᠠᠨ᠎ᠠ᠂ ᠦᠰᠦᠭ ᠪᠢᠴᠢᠭ ᠤᠨ ᠬᠠᠪᠢᠰᠤ᠂ ᠬᠠᠵᠠᠭᠤ ᠶᠢᠨ ᠵᠡᠭᠦᠯᠲᠡ ᠵᠢᠴᠢ ᠰᠡᠭᠦᠯ ᠤᠨ ᠵᠡᠭᠦᠯᠲᠡ ᠶᠢ ᠪᠠᠭᠲᠠᠭᠠᠨ᠎ᠠ᠂ ᠰᠣᠹᠲ ᠤᠨ ︽ᠲᠤᠶᠢᠯ ᠤᠨ ᠬᠤᠷᠳᠤᠴᠠᠲᠤ PDF ᠨᠠᠶᠢᠷᠠᠭᠤᠯᠤᠭᠴᠢ︾ - ︽ᠪᠢᠴᠢᠭᠯᠡᠯ︾᠂ ︽ᠦᠰᠦᠭ ᠤᠨ ᠲᠤᠭ᠎ᠠ ᠪᠦᠷᠢᠳᠭᠡᠯ︾᠂ ︽ᠶᠡᠷᠦᠩᠬᠡᠢ ᠦᠰᠦᠭ ᠤᠨ ᠲᠤᠭ᠎ᠠ︾ ᠭᠡᠬᠦ ᠦᠵᠡᠭᠦᠯᠦᠭᠴᠢ ᠶᠢᠨ ᠦᠷ᠎ᠡ ᠳ᠋ᠦᠩ ᠢᠶᠠᠷ ᠪᠠᠷᠢᠮᠵᠢᠶ᠎ᠠ ᠪᠣᠯᠭᠠᠨ᠎ᠠ︶᠂ ᠭᠤᠤᠯ ᠵᠤᠬᠢᠶᠠᠯ ᠨᠢ ᠰᠦᠩ ᠲᠢᠭ ᠤᠨ ᠵᠢᠵᠢᠭ ᠲᠦᠷᠪᠡ᠂ ᠮᠦᠷ ᠤᠨ ᠵᠠᠢ ᠨᠢ 28 ᠫᠦᠨᠳ᠋᠃  3. ᠤᠷᠤᠯᠳᠤᠭᠠᠨ ᠳᠤ ᠣᠷᠣᠯᠴᠠᠭᠰᠠᠨ ᠬᠡᠷᠡᠭ ᠤᠨ ᠵᠢᠱᠢᠶ᠎ᠡ ︵ᠪᠤᠶᠤ ᠬᠡᠷᠡᠭᠯᠡᠯᠲᠡ︶ ᠶᠢᠨ ᠡᠷᠬᠡ ᠣᠯᠭᠤᠬᠤ ᠪᠢᠴᠢᠭ ᠤᠨ ᠰᠢᠷᠪᠢᠯᠲᠡ ᠃ ᠲᠤᠰ ᠡᠷᠬᠡ ᠣᠯᠭᠤᠬᠤ ᠪᠢᠴᠢᠭ ᠤᠨ ᠦᠯᠢᠭᠡᠷ ᠢ ︽ᠠᠩᠬᠠᠨ ᠤ ᠤᠷᠤᠯᠳᠤᠭᠠᠨ ᠤ ᠮᠠᠲ᠋ᠧᠷᠢᠶᠠᠯ ᠲᠤᠰᠢᠶᠠᠬᠤ︾ ᠬᠠᠭᠤᠳᠠᠰᠤ ᠠᠴᠠ ᠪᠠᠭᠤᠯᠭᠠᠭᠠᠷᠠᠢ᠃ ᠤᠷᠤᠯᠳᠤᠭᠠᠨ ᠳᠤ ᠣᠷᠣᠯᠴᠠᠭᠰᠠᠨ ᠪᠦᠯᠬᠦᠮ ᠤᠨ ᠲᠤᠰᠢᠶᠠᠭᠰᠠᠨ ᠬᠡᠷᠡᠭ ᠤᠨ ᠵᠢᠱᠢᠶ᠎ᠡ ︵ᠪᠤᠶᠤ ᠬᠡᠷᠡᠭᠯᠡᠯᠲᠡ︶ ᠶᠢᠨ ᠮᠡᠳᠡᠯᠭᠡ ᠶᠢᠨ ᠥᠮᠴᠢᠯᠡᠯ ᠤᠨ ᠡᠷᠬᠡ ᠨᠢ ᠪᠦᠯᠬᠦᠮ ᠤᠨ ᠪᠦᠷᠢᠯᠳᠦᠬᠦᠨ ᠤ ᠬᠠᠷᠢᠶᠠᠯᠠᠭᠳᠠᠬᠤ ᠪᠠᠶᠢᠭᠤᠯᠤᠮᠵᠢ ᠳᠤ ᠥᠮᠴᠢᠯᠡᠭᠳᠡᠵᠦ᠂  ᠲᠤᠰ ᠬᠡᠷᠡᠭ ᠤᠨ ᠵᠢᠱᠢᠶ᠎ᠡ ︵ᠪᠤᠶᠤ ᠬᠡᠷᠡᠭᠯᠡᠯᠲᠡ︶ ᠨᠢ ᠤᠷᠤᠯᠳᠤᠭᠠᠨ ᠳᠤ ᠣᠷᠣᠯᠴᠠᠬᠤ ᠳᠤ ᠲᠤᠰ ᠪᠠᠶᠢᠭᠤᠯᠤᠮᠵᠢ ᠶᠢᠨ ᠡᠷᠬᠡ ᠣᠯᠭᠤᠯᠲᠠ ᠶᠢ ᠣᠯᠬᠤ ᠬᠡᠷᠡᠭᠲᠡᠢ᠃ ᠶᠠᠮᠠᠷᠪᠠ ᠬᠡᠯᠪᠡᠷᠢ ᠪᠠᠷ ᠬᠠᠭᠤᠯᠤᠨ ᠬᠤᠯᠠᠭᠠᠶᠢᠯᠠᠨ ᠠᠪᠬᠤ᠂ ᠪᠤᠰᠤᠳ ᠤᠨ ᠮᠡᠳᠡᠯᠭᠡ ᠶᠢᠨ ᠥᠮᠴᠢᠯᠡᠯ ᠤᠨ ᠡᠷᠬᠡ ᠶᠢ ᠥᠭᠡᠷᠡᠴᠢᠯᠡᠬᠦ ᠠᠵᠢᠯᠯᠠᠭ᠎ᠠ ᠶᠢ ᠴᠠᠭᠠᠵᠠᠯᠠᠨ᠎ᠠ᠃  4. ᠰᠦᠯᠵᠢᠶᠡᠨ ᠳᠡᠭᠡᠷ᠎ᠡ ᠬᠡᠷᠡᠭ ᠤᠨ ᠵᠢᠱᠢᠶ᠎ᠡ ︵ᠪᠤᠶᠤ ᠬᠡᠷᠡᠭᠯᠡᠯᠲᠡ︶ ᠶᠢᠨ ᠲᠣᠪᠴᠢ ᠲᠠᠨᠢᠯᠴᠠᠭᠤᠯᠭ᠎ᠠ ᠶᠢ ᠲᠠᠭᠯᠠᠨ ᠪᠢᠴᠢᠬᠦ᠃ ᠡᠷᠬᠡᠪᠰᠢ ᠬᠡᠷᠡᠭ ᠤᠨ ᠵᠢᠱᠢᠶ᠎ᠡ ︵ᠪᠤᠶᠤ ᠬᠡᠷᠡᠭᠯᠡᠯᠲᠡ︶ ᠶᠢᠨ ᠭᠤᠣᠯ ᠠᠭᠤᠯᠭ᠎ᠠ ᠶᠢ ᠲᠠᠨᠢᠯᠴᠠᠭᠤᠯᠵᠤ᠂ ᠦᠰᠦᠭ ᠤᠨ ᠲᠤᠭ᠎ᠠ ᠶᠢ 500 ᠦᠰᠦᠭ ᠠᠴᠠ ᠪᠠᠭ᠎ᠠ ᠦᠭᠡᠢ ᠪᠠᠶᠢᠯᠭᠠᠵᠤ᠂ ᠬᠠᠮᠤᠭ ᠣᠯᠠᠨ ᠳᠠᠭᠠᠨ 1000 ᠦᠰᠦᠭ᠃ ᠬᠡᠷᠪᠡ ᠲᠣᠰ ᠬᠡᠷᠡᠭ ᠤᠨ ᠵᠢᠱᠢᠶ᠎ᠡ ︵ᠪᠤᠶᠤ ᠬᠡᠷᠡᠭᠯᠡᠯᠲᠡ︶ ᠨᠢ ᠠᠩᠬᠠᠨ ᠤ ᠤᠷᠤᠯᠳᠤᠭᠠᠨ ᠤ ᠰᠢᠯᠭᠠᠷᠠᠭᠤᠯᠤᠯᠲᠠ᠂ ᠬᠤᠶᠠᠳᠠᠬᠢ ᠤᠷᠤᠯᠳᠤᠭᠠᠨ ᠤ ᠰᠢᠯᠭᠠᠷᠠᠭᠤᠯᠤᠯᠲᠠ ᠪᠠᠷ ᠳᠠᠮᠵᠢᠭᠰᠠᠨ ᠪᠠᠶᠢᠪᠠᠯ᠂ ᠵᠣᠬᠢᠶᠠᠨ ᠪᠠᠶᠢᠭᠤᠯᠬᠤ ᠲᠠᠯ᠎ᠠ ᠶᠢᠨ ᠬᠢᠨ ᠲᠣᠰ ᠲᠣᠪᠴᠢ ᠲᠠᠨᠢᠯᠴᠠᠭᠤᠯᠭ᠎ᠠ ᠶᠢ ᠭᠠᠳᠠᠭᠰᠢ ᠵᠠᠷᠯᠠᠨ᠎ᠠ᠃  5. ᠤᠷᠤᠯᠳᠤᠭᠠᠨ ᠳᠤ ᠣᠷᠣᠯᠴᠠᠭᠰᠠᠨ ᠬᠡᠷᠡᠭ ᠤᠨ ᠵᠢᠱᠢᠶ᠎ᠡ ︵ᠪᠤᠶᠤ ᠬᠡᠷᠡᠭᠯᠡᠯᠲᠡ︶ ᠤᠨ ᠮᠠᠲ᠋ᠧᠷᠢᠶᠠᠯ ᠳᠤ ᠶᠠᠮᠠᠷᠪᠠ ᠤᠷᠤᠯᠳᠤᠭᠠᠨ ᠳᠤ ᠣᠷᠣᠯᠴᠠᠭᠰᠠᠳ ᠵᠢᠴᠢ ᠲᠡᠭᠦᠨ ᠤ ᠬᠠᠷᠢᠶᠠᠯᠠᠭᠳᠠᠬᠤ ᠪᠠᠶᠢᠭᠤᠯᠤᠮᠵᠢ ᠶᠢᠨ ᠬᠤᠯᠪᠣᠭᠳᠠᠯ ᠪᠦᠬᠦᠢ ᠮᠡᠳᠡᠭᠡ ᠵᠠᠩᠭᠢ ︵ᠪᠠᠶᠢᠭᠤᠯᠤᠮᠵᠢ ᠶᠢᠨ ᠨᠡᠷᠡᠶᠢᠳᠦᠯ᠂ ᠭᠠᠵᠠᠷ ᠤᠨ ᠨᠡᠷ᠎ᠡ᠂ ᠬᠥᠮᠥᠨ ᠵᠡᠷᠭᠡ ᠰᠡᠷᠭᠡᠭ ᠮᠡᠳᠡᠭᠡ ᠵᠠᠩᠭᠢ᠂ ᠡᠰᠡᠪᠡᠯ ᠰᠠᠨᠠᠭᠤᠯᠤᠮᠵᠢ᠂ ᠵᠢᠷᠤᠭ᠂ ᠴᠥᠷᠬᠡᠯᠡᠭᠡ ᠵᠡᠷᠭᠡ ᠬᠡᠯᠪᠡᠷᠢ ᠶᠢᠨ ᠳᠠᠯᠳᠠᠭᠤᠷ ᠳᠣᠬᠢᠶ᠎ᠠ ᠥᠭᠬᠦ ᠵᠡᠷᠭᠡ ᠠᠭᠤᠯᠭ᠎ᠠ ᠪᠠᠭᠲᠠᠬᠤ ᠪᠣᠯᠪᠠᠴᠤ ᠬᠢᠵᠠᠭᠠᠷᠯᠠᠭᠳᠠᠬᠤ ᠥᠬᠡᠶ︶ ᠭᠠᠷᠴᠤ ᠪᠣᠯᠬᠤ ᠦᠭᠡᠢ᠃  6. ᠵᠣᠬᠢᠶᠠᠨ ᠪᠠᠶᠢᠭᠤᠯᠬᠤ ᠲᠠᠯ᠎ᠠ ᠶᠢᠨ ᠬᠢᠨ ᠲᠤᠰᠢᠶᠠᠭᠰᠠᠨ ᠮᠠᠲ᠋ᠧᠷᠢᠶᠠᠯ ᠢ ᠣᠯᠤᠭᠰᠠᠨ ᠤ ᠳᠠᠷᠠᠭ᠎ᠠ 5 ᠡᠳᠦᠷ ᠤᠨ ᠳᠣᠲᠣᠷ᠎ᠠ ᠬᠢᠨᠠᠨ ᠬᠠᠷᠭᠤᠭᠤᠯᠤᠭᠰᠠᠨ ᠦᠷ᠎ᠡ ᠳ᠋ᠦᠩ ᠢᠶᠠᠨ ᠬᠠᠷᠢᠭᠤ ᠲᠤᠰᠬᠠᠵᠤ᠂ ᠤᠷᠤᠯᠳᠤᠭᠠᠨ ᠳᠤ ᠣᠷᠣᠯᠴᠠᠬᠤ ᠪᠦᠯᠬᠦᠮ ᠨᠢ ᠠᠯᠪᠠᠨ ᠤ ᠰᠦᠯᠵᠢᠶ᠎ᠡ ᠳᠤ ᠭᠠᠷᠴᠤ ᠪᠠᠶᠢᠴᠠᠭᠠᠨ ᠯᠠᠪᠯᠠᠬᠤ ᠪᠤᠶᠤ ᠳᠠᠩᠰᠠᠯᠠᠭᠤᠯᠤᠭᠰᠠᠨ ᠰᠢᠤᠳᠠᠨ ᠬᠠᠶᠢᠷᠴᠠᠭ ᠢ ᠪᠠᠶᠢᠴᠠᠭᠠᠨ ᠦᠵᠡᠵᠦ ᠪᠣᠯᠤᠨ᠎ᠠ᠃ ᠬᠢᠨᠠᠨ ᠬᠠᠷᠭᠤᠭᠤᠯᠬᠤ ᠪᠠᠷ ᠳᠠᠮᠵᠢᠪᠠᠯ᠂ ᠠᠩᠬᠠᠨ ᠤ ᠤᠷᠤᠯᠳᠤᠭᠠᠨ ᠤ ᠮᠠᠲ᠋ᠧᠷᠢᠶᠠᠯ ᠢ ᠲᠤᠰᠢᠶᠠᠬᠤ ᠬᠠᠭᠤᠳᠠᠰᠤ ᠶᠢᠨ ᠳᠡᠭᠡᠷ᠎ᠡ ᠲᠠᠯ᠎ᠠ ᠳᠤ ︽ᠨᠢᠭᠡᠨᠲᠡ ᠥᠩᠭᠡᠷᠡᠭᠰᠡᠨ︾ ᠭᠡᠬᠦ ᠥᠰᠥᠭ ᠢᠯᠡᠷᠡᠨ᠎ᠡ᠃ ᠬᠢᠨᠠᠨ ᠬᠠᠷᠭᠤᠭᠤᠯᠬᠤ ᠶᠢ ᠥᠩᠭᠡᠷᠡᠭᠡᠭᠰᠡᠨ ᠥᠬᠡᠶ ᠪᠣᠯ᠂ ︽ᠠᠩᠬᠠᠨ ᠤ ᠤᠷᠤᠯᠳᠤᠭᠠᠨ ᠤ ᠮᠠᠲ᠋ᠧᠷᠢᠶᠠᠯ ᠢ ᠲᠤᠰᠢᠶᠠᠬᠤ︾ ᠬᠠᠭᠤᠳᠠᠰᠤ ᠶᠢᠨ ᠳᠡᠭᠡᠷ᠎ᠡ ᠲᠠᠯ᠎ᠠ ᠳᠤ ︽ᠵᠠᠰᠠᠪᠤᠷᠢ ᠣᠷᠣᠭᠤᠯᠬᠤ ᠪᠠᠷ ᠪᠠᠶᠢᠭ᠎ᠠ︾ ᠭᠡᠬᠦ ᠥᠰᠥᠭ ᠵᠢᠴᠢ ︽ᠥᠩᠭᠡᠷᠡᠭᠰᠡᠨ ᠥᠬᠡᠶ ᠰᠢᠯᠲᠠᠭᠠᠨ︾ ᠢ ᠢᠯᠡᠷᠡᠭᠦᠯᠵᠦ᠂ ᠤᠷᠤᠯᠳᠤᠭᠠᠨ ᠳᠤ ᠣᠷᠣᠯᠴᠠᠬᠤ ᠪᠦᠯᠬᠦᠮ ᠨᠢ ᠵᠥᠪᠬᠡᠨ ᠨᠢᠭᠡ ᠯᠡ ᠤᠳᠠᠭ᠎ᠠ ᠮᠠᠲ᠋ᠧᠷᠢᠶᠠᠯ ᠢ ᠥᠭᠡᠷᠡᠴᠢᠯᠡᠬᠦ ᠶᠢᠨ ᠬᠠᠮᠲᠤ ᠳᠠᠬᠢᠨ ᠲᠤᠰᠢᠶᠠᠬᠤ ᠲᠣᠬᠢᠶᠠᠯ ᠲᠠᠢ᠃  ᠤᠷᠤᠯᠳᠤᠭᠠᠨ ᠳᠤ ᠣᠷᠣᠯᠴᠠᠬᠤ ᠪᠦᠯᠬᠦᠮ ᠡᠷᠬᠡᠪᠰᠢ ᠠᠩᠬᠠᠷᠤᠭᠠᠷᠠᠢ᠄ ᠵᠠᠰᠠᠪᠤᠷᠢ ᠣᠷᠣᠭᠤᠯᠤᠭᠰᠠᠨ ᠤ ᠳᠠᠷᠠᠭ᠎ᠠ ᠳᠠᠬᠢᠨ ᠲᠤᠰᠢᠶᠠᠭᠰᠠᠨ ᠬᠡᠷᠡᠭ ᠤᠨ ᠵᠢᠱᠢᠶ᠎ᠡ ︵ᠪᠤᠶᠤ ᠬᠡᠷᠡᠭᠯᠡᠯᠲᠡ︶ ᠶᠢ ᠡᠷᠬᠡᠪᠰᠢ 2024 ᠣᠨ ᠤ 6 ᠳ᠋ᠤᠭᠠᠷ ᠰᠠᠷ᠎ᠠ ᠶᠢᠨ 14 ᠤ ᠡᠳᠦᠷ ᠤᠨ 17᠄ 00 ᠴᠠᠭ ᠠᠴᠠ ᠡᠮᠦᠨ᠎ᠡ ᠲᠤᠰᠢᠶᠠᠬᠤ ᠬᠡᠷᠡᠭᠲᠡᠶ᠃ ᠦᠭᠡᠢ ᠪᠣᠯ ᠵᠣᠬᠢᠶᠠᠨ ᠪᠠᠶᠢᠭᠤᠯᠬᠤ ᠲᠠᠯ᠎ᠠ ᠨᠢ ᠵᠠᠰᠠᠪᠤᠷᠢ ᠣᠷᠣᠭᠤᠯᠤᠭᠰᠠᠨ ᠤ ᠳᠠᠷᠠᠭ᠎ᠠ ᠲᠤᠰᠢᠶᠠᠭᠰᠠᠨ ᠮᠠᠲ᠋ᠧᠷᠢᠶᠠᠯ ᠢ ᠬᠦᠯᠢᠶᠡᠨ ᠠᠪᠬᠤ ᠦᠭᠡᠢ᠂ ᠤᠷᠤᠯᠳᠤᠭᠠᠨ ᠳᠤ ᠣᠷᠣᠯᠴᠠᠬᠤ ᠪᠦᠯᠬᠦᠮ ᠤᠨ ᠬᠢᠷᠢ ᠬᠡᠮ ᠢ ᠨᠢ ᠬᠦᠴᠦᠨ ᠦᠭᠡᠢ ᠪᠣᠯᠭᠠᠵᠤ᠂ ᠬᠤᠯᠪᠣᠭᠳᠠᠯ ᠪᠦᠬᠦᠢ ᠮᠠᠲ᠋ᠧᠷᠢᠶᠠᠯ ᠢ ᠪᠤᠴᠠᠭᠠᠵᠤ ᠥᠭᠬᠦ ᠦᠭᠡᠢ᠃  7. ᠪᠦᠬᠦᠶᠢᠯᠡ ᠤᠷᠤᠯᠳᠤᠭᠠᠨ ᠤ ᠬᠤᠭᠤᠴᠠᠭᠠᠨ ᠳᠤ ᠵᠣᠬᠢᠶᠠᠨ ᠪᠠᠶᠢᠭᠤᠯᠬᠤ ᠲᠠᠯ᠎ᠠ ᠨᠢ ᠤᠷᠤᠯᠳᠤᠭᠠᠨ ᠳᠤ ᠣᠷᠣᠯᠴᠠᠬᠤ ᠪᠦᠯᠬᠦᠮ ᠤᠨ ᠳᠡᠪᠰᠢᠭᠦᠯᠦᠭᠰᠡᠨ ᠬᠡᠷᠡᠭ ᠤᠨ ᠵᠢᠱᠢᠶ᠎ᠡ ︵ᠪᠤᠶᠤ ᠬᠡᠷᠡᠭᠯᠡᠯᠲᠡ︶ ᠶᠢᠨ PDF ᠪᠢᠴᠢᠭᠯᠡᠯ ᠳᠤ ᠳᠤᠮᠳᠠᠳᠤ ᠤᠯᠤᠰ ᠤᠨ ᠮᠡᠳᠡᠯᠭᠡ ᠶᠢᠨ ᠲᠣᠣᠷ ᠢᠶᠠᠷ ᠰᠦᠯᠵᠢᠶᠡᠨ ᠤ ᠳᠠᠪᠬᠤᠴᠠᠯ ᠤᠨ ᠪᠠᠶᠢᠴᠠᠭᠠᠯᠲᠠ ᠬᠢᠵᠦ᠂ ᠰᠢᠯᠭᠠᠨ ᠪᠠᠶᠢᠴᠠᠭᠠᠬᠤ ᠲᠥᠷᠥᠯ ᠵᠦᠢᠯ ᠨᠢ ᠡᠷᠳᠡᠮ ᠰᠢᠨᠵᠢᠯᠡᠭᠡᠨ ᠤ ᠰᠤᠳᠤᠯᠭᠠᠨ ᠪᠣᠯᠤᠨ᠎ᠠ᠃ ᠳᠠᠪᠬᠤᠴᠠᠯ ᠤᠨ ᠨᠣᠷᠮ᠎ᠠ ᠨᠢ ᠨᠡᠯᠢᠶᠡᠳ ᠶᠡᠭᠡ ᠮᠥᠷᠲᠡᠭᠡᠨ ᠵᠣᠬᠢᠶᠠᠨ ᠪᠠᠶᠢᠭᠤᠯᠬᠤ ᠡᠲᠡᠭᠡᠳ ᠠᠴᠠ ᠮᠡᠳᠡᠭᠳᠡᠬᠦ᠋ᠢᠴᠡ ᠬᠠᠭᠤᠯᠤᠨ ᠬᠤᠯᠠᠭᠠᠶᠢᠯᠠᠭᠰᠠᠨ ᠢᠶᠠᠷ ᠮᠠᠭᠠᠳᠯᠠᠭᠰᠠᠨ ᠪᠣᠯ᠂ ᠲᠤᠰ ᠪᠦᠯᠬᠦᠮ ᠤᠨ ᠤᠷᠤᠯᠳᠤᠭᠠᠨ ᠳᠤ ᠣᠷᠣᠯᠴᠠᠬᠤ ᠬᠢᠷᠢ ᠭᠡᠮ ᠢ ᠨᠢ ᠬᠦᠴᠦᠨ ᠦᠭᠡᠶ ᠪᠣᠯᠭᠠᠵᠤ᠂ ᠬᠤᠯᠪᠣᠭᠳᠠᠯ ᠪᠦᠬᠦᠢ ᠮᠠᠲ᠋ᠧᠷᠢᠶᠠᠯ ᠢ ᠨᠢ ᠪᠤᠴᠠᠭᠠᠵᠤ ᠥᠭᠬᠦ ᠦᠭᠡᠶ᠃  ︵ᠬᠤᠶᠠᠷ︶ ᠠᠩᠬᠠᠨ ᠤ ᠤᠷᠤᠯᠳᠤᠭᠠᠨ ᠤ ᠰᠢᠯᠭᠠᠷᠠᠭᠤᠯᠤᠯᠲᠠ ᠪᠠ ᠵᠠᠷᠯᠠᠨ ᠨᠡᠶᠢᠲᠡᠯᠡᠬᠦ  ᠵᠣᠬᠢᠶᠠᠨ ᠪᠠᠶᠢᠭᠤᠯᠬᠤ ᠲᠠᠯ᠎ᠠ ᠶᠢᠨ ᠬᠢᠨ ᠠᠩᠬᠠᠨ ᠤ ᠤᠷᠤᠯᠳᠤᠭᠠᠨ ᠤ ᠮᠠᠲ᠋ᠧᠷᠢᠶᠠᠯ ᠢ ᠲᠤᠰᠢᠶᠠᠬᠤ ᠬᠢᠵᠠᠭᠠᠷ ᠴᠠᠭ ᠤᠨ ᠳᠠᠷᠠᠭ᠎ᠠ ᠵᠣᠬᠢᠬᠤ ᠴᠠᠭ ᠤᠨ ᠳᠣᠲᠣᠷ᠎ᠠ ᠠᠩᠬᠠᠨ ᠤ ᠤᠷᠤᠯᠳᠤᠭᠠᠨ ᠤ ᠰᠢᠯᠭᠠᠷᠠᠭᠤᠯᠤᠯᠲᠠ ᠶᠢ ᠵᠣᠬᠢᠶᠠᠨ ᠪᠠᠶᠢᠭᠤᠯᠤᠨ᠎ᠠ᠃ ᠤᠷᠤᠯᠳᠤᠭᠠᠨ ᠤ ᠵᠠᠮ ᠨᠢᠭᠡᠪᠦᠷᠢ ᠨᠢ ᠴᠥᠮ ᠠᠳᠠᠯᠢ ᠬᠠᠷᠢᠴᠠᠯ ᠢᠶᠠᠷ ᠬᠡᠳᠦᠨ ᠬᠡᠷᠡᠭ ᠤᠨ ᠵᠢᠱᠢᠶ᠎ᠡ ︵ᠪᠤᠶᠤ ᠬᠡᠷᠡᠭᠯᠡᠯᠲᠡ︶ ᠶᠢ ᠰᠢᠯᠭᠠᠷᠠᠭᠤᠯᠵᠤ ᠭᠠᠷᠭᠠᠨ᠎ᠠ᠃ ᠵᠣᠬᠢᠶᠠᠨ ᠪᠠᠶᠢᠭᠤᠯᠬᠤ ᠡᠲᠡᠭᠡᠳ ᠠᠴᠠ ᠰᠢᠯᠭᠠᠷᠠᠭᠤᠯᠤᠨ ᠭᠠᠷᠭᠠᠭᠰᠠᠨ ᠬᠡᠷᠡᠭ ᠤᠨ ᠵᠢᠱᠢᠶ᠎ᠡ ︵ᠪᠤᠶᠤ ᠬᠡᠷᠡᠭᠯᠡᠯᠲᠡ︶ ᠶᠢ ᠵᠠᠷᠯᠠᠨ ᠨᠡᠶᠢᠲᠡᠯᠡᠨ᠎ᠡ᠃ ᠵᠠᠷᠯᠠᠨ ᠨᠡᠶᠢᠲᠡᠯᠡᠬᠦ ᠬᠤᠭᠤᠴᠠᠭᠠᠨ ᠳᠤ ᠶᠠᠮᠠᠷ ᠴᠤ ᠰᠡᠵᠢᠭᠯᠡᠯ ᠬᠦᠷᠲᠡᠭᠰᠡᠨ ᠦᠭᠡᠢ ᠬᠡᠷᠡᠭ ᠤᠨ ᠵᠢᠱᠢᠶ᠎ᠡ ︵ᠪᠤᠶᠤ ᠬᠡᠷᠡᠭᠯᠡᠯᠲᠡ︶ ᠵᠢᠴᠢ ᠰᠡᠵᠢᠭᠯᠡᠭᠳᠡᠭᠰᠡᠨ ᠪᠣᠯᠪᠠᠴᠤ ᠵᠣᠬᠢᠶᠠᠨ ᠪᠠᠶᠢᠭᠤᠯᠬᠤ ᠲᠠᠯ᠎ᠠ ᠨᠢ ᠲᠣᠰ ᠰᠡᠵᠢᠭᠯᠡᠯ ᠨᠢ ᠦᠨᠡᠨ ᠪᠣᠳᠠᠲᠠᠢ ᠪᠢᠰᠢ ᠭᠡᠵᠦ ᠨᠤᠲᠠᠯᠠᠭᠰᠠᠨ ᠬᠡᠷᠡᠭ ᠤᠨ ᠵᠢᠱᠢᠶ᠎ᠡ ︵ᠪᠤᠶᠤ ᠬᠡᠷᠡᠭᠯᠡᠯᠲᠡ︶ ᠶᠢ᠂ ᠳᠣᠷᠣᠭᠰᠢ ᠴᠥᠮ ᠵᠠᠷᠯᠠᠨ ᠨᠡᠶᠢᠲᠡᠯᠡᠭᠡᠳ ᠬᠢᠷᠢ ᠲᠡᠩᠴᠡᠭᠰᠡᠨ ᠬᠡᠷᠡᠭ ᠤᠨ ᠵᠢᠱᠢᠶ᠎ᠡ ︵ᠪᠤᠶᠤ ᠬᠡᠷᠡᠭᠯᠡᠯᠲᠡ︶ ᠭᠡᠵᠦ ᠨᠢᠭᠡᠳᠦᠯᠲᠡᠶ ᠨᠡᠷᠡᠶᠢᠳᠦᠨ᠎ᠡ᠃ ᠠᠩᠬ᠎ᠠ ᠤᠳᠠᠭᠠᠨ ᠤ ᠤᠷᠤᠯᠳᠤᠭᠠᠨ ᠳᠤ ᠵᠠᠷᠯᠠᠨ ᠨᠡᠶᠢᠲᠡᠯᠡᠭᠡᠳ ᠬᠢᠷᠢ ᠲᠡᠩᠴᠡᠭᠰᠡᠨ ᠬᠡᠷᠡᠭ ᠤᠨ ᠵᠢᠱᠢᠶ᠎ᠡ ︵ᠪᠤᠶᠤ ᠬᠡᠷᠡᠭᠯᠡᠯᠲᠡ︶ ᠴᠥᠮ ᠬᠤᠶᠠᠳᠠᠬᠢ ᠤᠷᠤᠯᠳᠤᠭᠠᠨ ᠳᠤ ᠣᠷᠣᠨ᠎ᠠ᠃  ︵ᠭᠤᠷᠪᠠ︶ ᠬᠤᠶᠠᠲᠡᠬᠢ ᠤᠷᠤᠯᠳᠤᠭᠠᠨ ᠤ ᠰᠢᠯᠭᠠᠷᠠᠭᠤᠯᠤᠯᠲᠠ ᠪᠠ ᠵᠠᠷᠯᠠᠨ ᠨᠡᠶᠢᠲᠡᠯᠡᠬᠦ  ᠵᠣᠬᠢᠶᠠᠨ ᠪᠠᠶᠢᠭᠤᠯᠬᠤ ᠲᠠᠯ᠎ᠠ ᠨᠢ ᠬᠤᠶᠠᠳᠠᠬᠢ ᠤᠷᠤᠯᠳᠤᠭᠠᠨ ᠤ ᠬᠠᠮᠢᠶ᠎ᠠ ᠪᠦᠬᠦᠢ ᠱᠠᠭᠠᠷᠳᠠᠯᠭ᠎ᠠ ᠶᠢ ᠬᠤᠶᠠᠲᠡᠬᠢ ᠤᠷᠤᠯᠳᠤᠭᠠᠨ ᠤ ᠪᠦᠯᠬᠦᠮ ᠳᠤ ᠲᠤᠰᠠᠭᠠᠷ ᠮᠡᠳᠡᠭᠳᠡᠨ᠎ᠡ᠃ ᠬᠤᠶᠠᠳᠠᠬᠢ ᠤᠷᠤᠯᠳᠤᠭᠠᠨ ᠤ ᠪᠦᠯᠬᠦᠮ ᠨᠢ ᠱᠠᠭᠠᠷᠳᠠᠯᠭ᠎ᠠ ᠶᠣᠰᠣᠭᠠᠷ ᠬᠡᠷᠡᠭ ᠤᠨ ᠵᠢᠱᠢᠶ᠎ᠡ ︵ᠪᠤᠶᠤ ᠬᠡᠷᠡᠭᠯᠡᠯᠲᠡ︶ ᠶᠢᠨ ᠰᠦᠯᠵᠢᠶᠡᠨ ᠳᠡᠭᠡᠷ᠎ᠡ ᠬᠠᠷᠢᠭᠤ ᠮᠠᠷᠭᠤᠬᠤ ᠪᠡᠯᠡᠳᠬᠡᠯ ᠬᠢᠬᠦ ᠬᠡᠷᠡᠭᠲᠡᠢ᠃ ᠵᠣᠬᠢᠶᠠᠨ ᠪᠠᠶᠢᠭᠤᠯᠬᠤ ᠲᠠᠯ᠎ᠠ ᠶᠢᠨ ᠬᠢᠨ ᠬᠤᠶᠠᠳᠠᠬᠢ ᠤᠷᠤᠯᠳᠤᠭᠠᠨ ᠤ ᠰᠢᠯᠭᠠᠷᠠᠭᠤᠯᠤᠯᠲᠠ ᠶᠢ ᠵᠣᠬᠢᠶᠠᠨ ᠪᠠᠶᠢᠭᠤᠯᠵᠤ᠂ ᠤᠷᠤᠯᠳᠤᠭᠠᠨ ᠤ ᠵᠠᠮ ᠨᠢᠭᠡᠪᠦᠷᠢ ᠨᠢ ᠴᠥᠮ ᠠᠳᠠᠯᠢ ᠬᠠᠷᠢᠴᠠᠯ ᠢᠶᠠᠷ ᠬᠡᠳᠦᠨ ᠬᠡᠷᠡᠭ ᠤᠨ ᠵᠢᠱᠢᠶ᠎ᠡ ︵ᠪᠤᠶᠤ ᠬᠡᠷᠡᠭᠯᠡᠯᠲᠡ︶ ᠶᠢ ᠰᠢᠯᠭᠠᠷᠠᠭᠤᠯᠵᠤ ᠭᠠᠷᠭᠠᠨ᠎ᠠ᠃ ᠵᠣᠬᠢᠶᠠᠨ ᠪᠠᠶᠢᠭᠤᠯᠬᠤ ᠡᠲᠡᠭᠡᠳ ᠠᠴᠠ ᠰᠢᠯᠭᠠᠷᠠᠭᠤᠯᠤᠨ ᠭᠠᠷᠭᠠᠭᠰᠠᠨ ᠬᠡᠷᠡᠭ ᠤᠨ ᠵᠢᠱᠢᠶ᠎ᠡ ︵ᠪᠤᠶᠤ ᠬᠡᠷᠡᠭᠯᠡᠯᠲᠡ︶ ᠶᠢ ᠵᠠᠷᠯᠠᠨ ᠨᠡᠶᠢᠲᠡᠯᠡᠨ᠎ᠡ᠃  ᠤᠷᠤᠯᠳᠤᠭᠠᠨ ᠤ ᠵᠠᠮ ᠨᠢᠭᠡᠪᠦᠷᠢ ᠶᠢᠨ ᠵᠠᠷᠯᠠᠨ ᠨᠡᠶᠢᠲᠡᠯᠡᠭᠡᠳ ᠬᠢᠷᠢ ᠲᠡᠩᠴᠡᠭᠰᠡᠨ ᠬᠡᠷᠡᠭ ᠤᠨ ᠵᠢᠱᠢᠶ᠎ᠡ ︵ᠪᠤᠶᠤ ᠬᠡᠷᠡᠭᠯᠡᠯᠲᠡ︶ ᠳᠣᠲᠣᠷ᠎ᠠ ᠠᠴᠠ ᠡᠮᠦᠨᠡᠬᠢ ᠬᠡᠳᠦ ᠶᠢᠨ ᠬᠠᠷᠢᠴᠠᠯ ᠢᠶᠠᠷ ᠰᠢᠢᠳᠪᠦᠷᠢᠲᠦ ᠤᠷᠤᠯᠳᠤᠭᠠᠨ ᠳᠤ ᠣᠷᠣᠨ᠎ᠠ᠃   ︵ᠲᠦᠷᠪᠡ︶ ᠰᠢᠢᠳᠪᠦᠷᠢᠲᠦ ᠤᠷᠤᠯᠳᠤᠭᠠᠨ ᠤ ᠰᠢᠯᠭᠠᠷᠠᠭᠤᠯᠤᠯᠲᠠ ᠵᠢᠴᠢ ᠱᠠᠩᠨᠠᠯ  ᠵᠣᠬᠢᠶᠠᠨ ᠪᠠᠶᠢᠭᠤᠯᠬᠤ ᠲᠠᠯ᠎ᠠ ᠨᠢ ᠰᠢᠢᠳᠪᠦᠷᠢᠲᠦ ᠤᠷᠤᠯᠳᠤᠭᠠᠨ ᠤ ᠬᠠᠮᠢᠶ᠎ᠠ ᠪᠦᠬᠦᠢ ᠱᠠᠭᠠᠷᠳᠠᠯᠭ᠎ᠠ ᠶᠢ ᠰᠢᠢᠳᠪᠦᠷᠢᠲᠦ ᠤᠷᠤᠯᠳᠤᠭᠠᠨ ᠤ ᠪᠦᠯᠬᠦᠮ ᠳᠤ ᠲᠤᠰᠠᠭᠠᠷ ᠮᠡᠳᠡᠭᠳᠡᠨ᠎ᠡ᠃ ᠰᠢᠢᠳᠪᠦᠷᠢᠲᠦ ᠤᠷᠤᠯᠳᠤᠭᠠᠨ ᠢ ᠬᠤᠶᠠᠷ ᠭᠤᠭᠴᠤᠭ᠎ᠠ ᠬᠤᠪᠢᠶᠠᠪᠠ᠃ ᠨᠢᠭᠡ ᠳᠤ ᠰᠢᠢᠳᠪᠦᠷᠢᠲᠦ ᠤᠷᠤᠯᠳᠤᠭᠠᠨ ᠤ ᠪᠡᠯᠡᠳᠬᠡᠯ ᠤᠨ ᠭᠤᠭᠴᠤᠭ᠎ᠠ᠃ ᠵᠣᠬᠢᠶᠠᠨ ᠪᠠᠶᠢᠭᠤᠯᠬᠤ ᠡᠲᠡᠭᠡᠳ ᠨᠢ ᠲᠥᠪᠯᠡᠷᠡᠭᠦᠯᠦᠨ ᠠᠵᠢᠯᠯᠠᠬᠤ ᠲᠠᠯᠠᠪᠤᠷ ᠵᠢᠴᠢ ᠵᠥᠭᠡᠯᠡᠨ ᠬᠠᠲᠠᠭᠤ ᠬᠡᠷᠡᠭᠰᠡᠯ ᠤᠨ ᠣᠷᠴᠢᠨ ᠲᠣᠭᠤᠷᠢᠨ ᠢ ᠬᠠᠩᠭᠠᠨ᠎ᠠ᠃ ᠰᠢᠢᠳᠪᠦᠷᠢᠲᠦ ᠤᠷᠤᠯᠳᠤᠭᠠᠨ ᠳᠤ ᠣᠷᠣᠯᠴᠠᠬᠤ ᠪᠦᠯᠬᠦᠮ ᠨᠢ ᠤᠷᠢᠳᠴᠢᠯᠠᠨ 20 - 30 ᠡᠳᠦᠷ ᠤᠨ ᠡᠮᠦᠨ᠎ᠡ ᠲᠥᠪᠯᠡᠷᠡᠭᠦᠯᠦᠨ ᠠᠵᠢᠯᠯᠠᠬᠤ ᠲᠠᠯᠠᠪᠤᠷ ᠲᠤ ᠣᠷᠣᠵᠤ᠂ ᠳ᠋ᠠᠶᠢᠲ᠋ᠠ ᠶᠢ ᠵᠣᠯᠭᠠᠭᠤᠯᠵᠤ᠂ ᠰᠢᠰᠲ᠋ᠧᠮ ᠢ ᠪᠠᠶᠢᠷᠢᠯᠠᠭᠤᠯᠵᠤ᠂ ᠪᠣᠳᠠᠲᠠᠶ ᠠᠵᠢᠯᠯᠠᠬᠤ ᠬᠡᠷᠡᠭᠲᠡᠶ᠃ ᠬᠤᠶᠠᠷ ᠲᠤ ᠰᠢᠢᠳᠪᠦᠷᠢᠲᠦ ᠤᠷᠤᠯᠳᠤᠭᠠᠨ ᠤ ᠰᠢᠯᠭᠠᠷᠠᠭᠤᠯᠤᠯᠲᠠ ᠶᠢᠨ ᠭᠤᠭᠴᠤᠭ᠎ᠠ᠃ ᠠᠯᠢᠪᠠ ᠰᠢᠢᠳᠪᠦᠷᠢᠲᠦ ᠤᠷᠤᠯᠳᠤᠭᠠᠨ ᠳᠤ ᠣᠷᠣᠯᠴᠠᠬᠤ ᠪᠦᠯᠬᠦᠮ ᠨᠢ ᠰᠢᠢᠳᠪᠦᠷᠢᠲᠦ ᠤᠷᠤᠯᠳᠤᠭᠠᠨ ᠤ ᠲᠤᠬᠠᠢ ᠶᠢᠨ ᠲᠠᠯᠠᠪᠤᠷ ᠤᠨ ᠦᠵᠡᠭᠦᠯᠬᠦ ᠬᠠᠷᠢᠭᠤ ᠮᠠᠷᠭᠤᠬᠤ ᠶᠢ ᠶᠠᠪᠤᠭᠳᠠᠭᠤᠯᠤᠨ᠎ᠠ᠃ ᠵᠣᠬᠢᠶᠠᠨ ᠪᠠᠶᠢᠭᠤᠯᠬᠤ ᠲᠠᠯ᠎ᠠ ᠶᠢᠨ ᠬᠢᠨ ᠰᠢᠢᠳᠪᠦᠷᠢᠲᠦ ᠤᠷᠤᠯᠳᠤᠭᠠᠨ ᠤ ᠰᠢᠯᠭᠠᠷᠠᠭᠤᠯᠤᠯᠲᠠ ᠶᠢ ᠵᠣᠬᠢᠶᠠᠨ ᠪᠠᠶᠢᠭᠤᠯᠵᠤ᠂ ᠰᠢᠢᠳᠪᠦᠷᠢᠲᠦ ᠤᠷᠤᠯᠳᠤᠭᠠᠨ ᠳᠤ ᠤᠷᠤᠯᠳᠤᠭᠠᠨ ᠤ ᠵᠠᠮ ᠭᠡᠵᠦ ᠬᠤᠪᠢᠶᠠᠬᠤ ᠦᠭᠡᠢ᠂ ᠰᠢᠯᠭᠠᠷᠠᠭᠤᠯᠤᠭᠰᠠᠨ ᠬᠤᠪᠢ ᠶᠢᠨ ᠥᠨᠳᠥᠷ ᠠᠴᠠ ᠨᠢ ᠳᠣᠤᠷ᠎ᠠ ᠨᠡᠷᠡᠰ ᠤᠨ ᠵᠢᠭᠰᠠᠭᠠᠯᠲᠠ ᠪᠠᠷ᠂ ᠨᠢᠭᠡᠳᠦᠭᠡᠷ ᠳᠡᠰ ᠤᠨ ᠱᠠᠩᠨᠠᠯ᠂ ᠬᠤᠶᠠᠳᠤᠭᠠᠷ ᠳᠡᠰ ᠤᠨ ᠱᠠᠩᠨᠠᠯ᠂ ᠭᠤᠷᠪᠠᠳᠤᠭᠠᠷ ᠳᠡᠰ ᠤᠨ ᠱᠠᠩᠨᠠᠯ ᠢ ᠲᠠᠰ ᠳᠠᠷᠠᠭᠠᠯᠠᠨ       ᠰᠢᠯᠭᠠᠷᠠᠭᠤᠯᠤᠨ᠎ᠠ᠃ ᠬᠤᠶᠠᠳᠠᠬᠢ ᠤᠷᠤᠯᠳᠤᠭᠠᠨ ᠳᠤ ᠬᠢᠷᠢ ᠲᠡᠩᠴᠡᠭᠰᠡᠨ ᠪᠣᠯᠪᠠᠴᠤ ᠬᠤᠪᠢ ᠨᠢ ᠳᠣᠣᠭᠤᠷ ᠪᠠᠶᠢᠵᠤ ᠰᠢᠢᠳᠪᠦᠷᠢᠲᠦ ᠤᠷᠤᠯᠳᠤᠭᠠᠨ ᠳᠤ ᠣᠷᠣᠭᠰᠠᠨ ᠦᠭᠡᠢ ᠠᠯᠢᠪᠠ ᠬᠡᠷᠡᠭ ᠤᠨ ᠵᠢᠱᠢᠶ᠎ᠡ ︵ᠪᠤᠶᠤ ᠬᠡᠷᠡᠭᠯᠡᠯᠲᠡ︶ ᠳᠤ ᠴᠥᠮ ᠰᠢᠯᠢᠳᠡᠭ ᠱᠠᠩᠨᠠᠯ ᠣᠯᠭᠤᠨ᠎ᠠ᠃ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠱᠠᠩᠨᠠᠯ ᠣᠯᠤᠭᠰᠠᠨ ᠪᠦᠯᠬᠦᠮ ᠪᠦᠷᠢ ᠳᠤ ᠱᠠᠩᠨᠠᠯ ᠣᠯᠤᠭᠰᠠᠨ ᠦᠨᠡᠮᠯᠡᠯ ᠣᠯᠭᠤᠨ᠎ᠠ᠃  ᠨᠠᠢᠮᠠ᠂ ᠤᠷᠤᠯᠳᠤᠭᠠᠨ ᠤ AI ᠬᠠᠪᠰᠤᠷᠤᠭᠴᠢ  ᠤᠷᠤᠯᠳᠤᠭᠠᠨ ᠤ ᠨᠡᠭᠡᠭᠡᠯᠲᠡ ᠬᠢᠵᠦ ᠰᠢᠨ᠎ᠡ ᠶᠢ ᠡᠭᠦᠳᠬᠦ ᠣᠨᠴᠠᠯᠢᠭ ᠢ ᠤᠯᠠᠮ ᠨᠢᠭᠡ ᠠᠯᠬᠤᠮ       ᠳᠣᠪᠤᠶᠢᠯᠭᠠᠵᠤ᠂ ᠤᠷᠤᠯᠳᠤᠭᠠᠨ ᠳᠤ ᠣᠷᠣᠯᠴᠠᠬᠤ ᠪᠦᠯᠬᠦᠮ ᠳᠤ ᠨᠠᠩ ᠣᠶᠤᠨᠴᠢ ᠥᠨᠳᠥᠷ ᠪᠦᠲᠦᠮᠵᠢᠲᠡᠶ ᠤᠷᠤᠯᠳᠤᠭᠠᠨ ᠤ ᠦᠢᠯᠡᠴᠢᠯᠡᠭᠡ ᠬᠠᠩᠭᠠᠬᠤ ᠶᠢᠨ ᠲᠥᠯᠥᠭᠡ᠂ ᠵᠣᠬᠢᠶᠠᠨ ᠪᠠᠶᠢᠭᠤᠯᠬᠤ ᠲᠠᠯ᠎ᠠ ᠨᠢ ᠤᠷᠤᠯᠳᠤᠭᠠᠨ ᠤ ᠠᠯᠪᠠᠨ ᠤ ᠰᠦᠯᠵᠢᠶᠡᠨ ᠳᠡᠭᠡᠷ᠎ᠡ ᠤᠷᠤᠯᠳᠤᠭᠠᠨ ᠤ AI ᠬᠠᠪᠰᠤᠷᠤᠭᠴᠢ ᠳᠣᠭᠢᠷᠠᠭᠤᠯᠵᠤ᠂ ᠤᠷᠤᠯᠳᠤᠭᠠᠨ ᠤ ᠠᠯᠪᠠᠨ ᠵᠠᠷ᠂ ᠤᠷᠤᠯᠳᠤᠭᠠᠨ ᠤ ᠵᠠᠮ ᠤᠨ ᠪᠠᠶᠢᠷᠢᠯᠠᠭᠤᠯᠤᠯᠲᠠ᠂ ᠤᠷᠤᠯᠳᠤᠭᠠᠨ ᠤ ᠶᠠᠪᠤᠴᠠ ᠤᠷᠤᠯᠳᠤᠭᠠᠨ ᠤ ᠳᠦᠷᠢᠮ ᠵᠡᠷᠭᠡ ᠭᠤᠤᠯ ᠰᠡᠳᠦᠪ ᠢ ᠪᠠᠭᠲᠠᠭᠠᠭᠰᠠᠨ ᠠᠰᠠᠭᠤᠨ ᠯᠠᠪᠯᠠᠬᠤ ᠦᠢᠯᠡᠴᠢᠯᠡᠭᠡ ᠬᠠᠩᠭᠠᠨ᠎ᠠ᠃  ᠶᠢᠰᠦ᠂ ᠤᠷᠤᠯᠳᠤᠭᠠᠨ ᠤ ᠳ᠋ᠠᠶᠢᠲ᠋ᠠ  ᠵᠠᠰᠠᠭ ᠤᠨ ᠣᠷᠳᠣᠨ ᠤ ᠣᠯᠠᠨ ᠨᠡᠶᠢᠲᠡ ᠶᠢᠨ ᠳ᠋ᠠᠶᠢᠲ᠋ᠠ ᠶᠢᠨ ᠬᠦᠴᠦᠨ ᠵᠦᠢ᠊ ᠤᠨ ᠦᠨ᠎ᠡ ᠥᠷᠲᠡᠭ ᠢ ᠭᠦᠢᠴᠡᠳ ᠠᠭᠤᠳᠠᠯᠵᠤ᠂ ᠵᠣᠬᠢᠶᠠᠮᠠᠯ ᠣᠶᠣᠨ ᠤ ᠮᠡᠷᠭᠡᠵᠢᠯ ᠤᠨ ᠬᠥᠭᠵᠢᠯᠲᠡ ᠪᠠ ᠬᠡᠷᠡᠭᠯᠡᠯᠲᠡ ᠶᠢ ᠤᠯᠠᠮ ᠨᠢᠭᠡ ᠠᠯᠬᠤᠮ ᠠᠬᠢᠭᠤᠯᠵᠤ᠂ ᠵᠠᠰᠠᠭ ᠤᠨ ᠣᠷᠳᠣᠨ ᠤ ᠣᠯᠠᠨ ᠨᠡᠶᠢᠲᠡ ᠶᠢᠨ ᠳ᠋ᠠᠶᠢᠲ᠋ᠠ ᠶᠢᠨ ᠰᠢᠨ᠎ᠡ ᠬᠡᠪ ᠵᠠᠭᠪᠤᠷ᠂ ᠰᠢᠨ᠎ᠡ ᠠᠷᠭ᠎ᠠ ᠵᠠᠮ ᠢ ᠰᠦᠪᠡᠭᠴᠢᠯᠡᠨ ᠠᠰᠢᠭᠯᠠᠬᠤ ᠶᠢᠨ ᠲᠥᠯᠥᠭᠡ᠂ ᠵᠣᠬᠢᠶᠠᠨ ᠪᠠᠶᠢᠭᠤᠯᠬᠤ ᠲᠠᠯ᠎ᠠ ᠶᠢᠨ ᠬᠢᠨ ᠰᠢᠢᠳᠪᠦᠷᠢᠲᠦ ᠤᠷᠤᠯᠳᠤᠭᠠᠨ ᠤ ᠪᠦᠯᠬᠦᠮ ᠳᠤ ᠴᠦᠩᠴᠢᠩ ᠬᠤᠲᠠ ᠶᠢᠨ ︽ᠪᠠᠶᠢᠭᠠᠯᠢ ᠬᠥᠮᠦᠨ ᠤ ᠰᠠᠭᠤᠷᠢ ᠳ᠋ᠠᠶᠢᠲ᠋ᠠ︾ ︽ᠬᠠᠤᠯᠢ ᠶᠢᠨ ᠡᠷᠬᠡᠲᠡᠨ ᠤ ᠰᠠᠭᠤᠷᠢ ᠳ᠋ᠠᠶᠢᠲ᠋ᠠ︾ ︽ᠡᠮᠴᠢᠯᠡᠭᠡᠨ ᠤ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠳ᠋ᠠᠶᠢᠲ᠋ᠠ︾ ︽ᠠᠨᠠᠭᠠᠬᠤ ᠤᠬᠠᠭᠠᠨ ᠤ ᠵᠢᠷᠤᠭ ᠳᠦᠷᠰᠦ ᠵᠢᠴᠢ ᠣᠨᠣᠰᠢᠯᠠᠨ ᠡᠮᠨᠡᠬᠦ ᠳ᠋ᠠᠶᠢᠲ᠋ᠠ︾ ︽ᠦᠨᠡᠮᠯᠡᠯ ᠤᠨ ᠰᠠᠭᠤᠷᠢ ᠳ᠋ᠠᠶᠢᠲ᠋ᠠ︾ ︽ᠪᠠᠶᠢᠭᠠᠯᠢ ᠶᠢᠨ ᠡᠬᠢ ᠪᠠᠶᠠᠯᠢᠭ ᠪᠠ ᠣᠷᠣᠨ ᠵᠠᠶ ᠶᠢᠨ ᠭᠠᠵᠠᠷ ᠵᠦᠶ ᠶᠢᠨ ᠳ᠋ᠠᠶᠢᠲ᠋ᠠ︾ ᠵᠡᠷᠭᠡ ᠣᠯᠠᠨ ᠲᠥᠷᠥᠯ ᠤᠨ ᠰᠡᠷᠭᠡᠭ ᠢ ᠨᠢ ᠲᠠᠶᠢᠯᠤᠭᠰᠠᠨ ᠳ᠋ᠠᠶᠢᠲ᠋ᠠ ᠶᠢ ᠬᠠᠩᠭᠠᠵᠤ᠂ ᠵᠣᠬᠢᠶᠠᠨ ᠪᠠᠶᠢᠭᠤᠯᠬᠤ ᠲᠠᠯ᠎ᠠ ᠶᠢᠨ ᠬᠢᠨ ᠰᠢᠢᠳᠪᠦᠷᠢᠲᠦ ᠤᠷᠤᠯᠳᠤᠭᠠᠨ ᠡᠬᠢᠯᠡᠬᠦ ᠠᠴᠠ ᠡᠮᠦᠨ᠎ᠡ 1 ᠰᠠᠷ᠎ᠠ ᠶᠢᠨ ᠣᠷᠴᠢᠮ ᠢᠶᠠᠷ ᠳᠡᠭᠡᠷ᠎ᠡ ᠳᠤᠷᠠᠳᠤᠭᠰᠠᠨ ᠳ᠋ᠠᠶᠢᠲ᠋ᠠ ᠶᠢᠨ ᠨᠠᠷᠢᠨ ᠲᠣᠳᠣᠷᠬᠠᠶ ᠳ᠋ᠠᠶᠢᠲ᠋ᠠ ᠶᠢᠨ ᠭᠠᠷᠴᠠᠭ᠂ ᠳ᠋ᠠᠶᠢᠲ᠋ᠠ ᠬᠡᠷᠡᠭᠯᠡᠬᠦ ᠵᠦᠭᠯᠡᠭᠦᠷ ᠵᠡᠷᠭᠡ ᠬᠤᠯᠪᠣᠭᠳᠠᠯ ᠪᠥᠬᠦᠶ ᠮᠠᠲ᠋ᠧᠷᠢᠶᠠᠯ ᠢ ᠨᠡᠶᠢᠲᠡᠯᠡᠨ᠎ᠡ᠃  ᠰᠢᠢᠳᠪᠦᠷᠢᠲᠦ ᠤᠷᠤᠯᠳᠤᠭᠠᠨ ᠤ ᠪᠦᠯᠬᠦᠮ ᠨᠢ ᠰᠢᠢᠳᠪᠦᠷᠢᠲᠦ ᠤᠷᠤᠯᠳᠤᠭᠠᠨ ᠤ ᠪᠡᠯᠡᠳᠬᠡᠯ ᠤᠨ ᠭᠤᠭᠴᠤᠭ᠎ᠠ ᠳᠤ᠂ ᠵᠣᠬᠢᠶᠠᠨ ᠪᠠᠶᠢᠭᠤᠯᠬᠤ ᠲᠠᠯ᠎ᠠ ᠶᠢᠨ ᠬᠠᠩᠭᠠᠭᠰᠠᠨ ᠳᠡᠭᠡᠷ᠎ᠡ ᠳᠤᠷᠠᠳᠤᠭᠰᠠᠨ ᠰᠡᠷᠭᠡᠭ ᠢ ᠨᠢ ᠲᠠᠶᠢᠯᠤᠭᠰᠠᠨ ᠳ᠋ᠠᠶᠢᠲ᠋ᠠ ᠶᠢ ᠬᠡᠷᠡᠭᠯᠡᠨ᠂ ᠬᠡᠷᠡᠭ ᠤᠨ ᠵᠢᠱᠢᠶ᠎ᠡ ︵ᠪᠤᠶᠤ ᠬᠡᠷᠡᠭᠯᠡᠯᠲᠡ︶ ᠶᠢ ᠤᠯᠠᠮ ᠨᠢᠭᠡ ᠠᠯᠬᠤᠮ ᠪᠣᠯᠪᠠᠰᠤᠷᠠᠭᠤᠯᠤᠨ ᠲᠡᠭᠦᠯᠳᠡᠷᠵᠢᠭᠦᠯᠵᠦ ᠪᠣᠯᠤᠨ᠎ᠠ᠃ ᠡᠯ᠎ᠡ ᠤᠷᠤᠯᠳᠤᠭᠠᠨ ᠳᠤ ᠣᠷᠣᠯᠴᠠᠬᠤ ᠪᠦᠯᠬᠦᠮ ᠳᠡᠭᠡᠷ᠎ᠡ ᠳᠤᠷᠠᠳᠤᠭᠰᠠᠨ ᠰᠡᠷᠭᠡᠭ ᠢ ᠨᠢ ᠲᠠᠶᠢᠯᠤᠭᠰᠠᠨ ᠳ᠋ᠠᠶᠢᠲ᠋ᠠ ᠶᠢᠨ ᠲᠥᠷᠥᠯ ᠬᠡᠯᠪᠡᠷᠢ ᠶᠢ ᠦᠨᠳᠦᠰᠦᠯᠡᠨ᠂ ᠠᠩᠬᠠᠨ ᠤ ᠤᠷᠤᠯᠳᠤᠭᠠᠨ ᠳᠤ ᠣᠷᠣᠯᠴᠠᠬᠤ ᠦᠶ᠎ᠡ ᠳᠤ ᠳᠠᠷᠤᠢ ᠬᠡᠷᠡᠭ ᠤᠨ ᠵᠢᠱᠢᠶ᠎ᠡ ︵ᠪᠤᠶᠤ ᠬᠡᠷᠡᠭᠯᠡᠯᠲᠡ︶ ᠪᠠᠨ ᠤᠷᠢᠳᠴᠢᠯᠠᠨ ᠲᠥᠯᠥᠪᠯᠡᠬᠦ ᠶᠢ ᠵᠣᠷᠢᠭᠵᠢᠭᠤᠯᠤᠨ᠎ᠠ᠃  ᠳ᠋ᠠᠶᠢᠲ᠋ᠠ ᠶᠢᠨ ᠬᠠᠷᠢᠴᠠᠯᠠᠰᠢᠭᠦᠶ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠵᠣᠬᠢᠶᠠᠨ ᠪᠠᠶᠢᠭᠤᠯᠬᠤ ᠲᠠᠯ᠎ᠠ ᠶᠢᠨ ᠬᠢᠨ ᠪᠦᠷᠢᠨ ᠹᠢᠽᠢᠺ ᠤᠨ ᠲᠤᠰᠠᠭᠠᠷᠯᠠᠬᠤ ᠳ᠋ᠠᠶᠢᠲ᠋ᠠ ᠶᠢᠨ ᠣᠷᠴᠢᠨ ᠲᠣᠭᠤᠷᠢᠨ ᠢ ᠠᠪᠴᠤ᠂ ᠳ᠋ᠠᠶᠢᠲ᠋ᠠ ᠶᠢ ᠵᠥᠪᠬᠡᠨ ᠣᠷᠣᠭᠤᠯᠵᠤ᠂ ᠭᠠᠷᠭᠠᠬᠤ ᠦᠭᠡᠢ᠂ ᠤᠷᠤᠯᠳᠤᠭᠠᠨ ᠤ ᠳᠠᠷᠠᠭ᠎ᠠ ᠳ᠋ᠠᠶᠢᠲ᠋ᠠ ᠶᠢ ᠨᠢᠭᠡᠳᠦᠯᠲᠡᠶ ᠤᠰᠠᠳᠬᠠᠬᠤ ᠵᠡᠷᠭᠡ ᠪᠠᠲᠤᠯᠠᠭ᠎ᠠ ᠶᠢᠨ ᠠᠷᠭ᠎ᠠ ᠬᠡᠮᠵᠢᠶ᠎ᠡ ᠠᠪᠤᠨ᠎ᠠ᠃  ᠠᠷᠪᠠ᠂ ᠤᠷᠤᠯᠳᠤᠭᠠᠨ ᠤ ᠤᠷᠮᠠᠰᠢᠭᠤᠯᠤᠯ  ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠵᠢᠴᠢ ᠬᠤᠯᠪᠣᠭᠳᠠᠯ ᠪᠥᠬᠦᠶ ᠣᠷᠣᠨ ᠨᠤᠲᠤᠭ ᠤᠨ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠤᠳ ᠬᠠᠤᠯᠢ ᠴᠠᠭᠠᠵᠠ ᠬᠠᠤᠯᠢ ᠲᠣᠭᠲᠠᠭᠠᠯ ᠳᠤ ᠨᠡᠶᠢᠴᠡᠭᠰᠡᠨ ᠤᠷᠢᠲᠠᠯ ᠳᠣᠤᠷ᠎ᠠ᠂ ᠤᠷᠤᠯᠳᠤᠭᠠᠨ ᠤ ᠱᠠᠩᠨᠠᠯ ᠭᠥᠷᠳᠡᠬᠦ ᠪᠦᠯᠬᠦᠮ ᠲᠠᠢ ᠮᠡᠷᠭᠡᠵᠢᠯ ᠤᠨ ᠬᠠᠮᠲᠤᠷᠠᠯᠴᠠᠭ᠎ᠠ ᠵᠣᠯᠭᠠᠯᠴᠠᠭ᠎ᠠ ᠥᠷᠨᠢᠭᠦᠯᠬᠦ ᠶᠢ ᠪᠣᠳᠣᠯᠬᠢᠯᠠᠨ᠎ᠠ᠃  ᠴᠦᠩᠴᠢᠩ ᠬᠤᠲᠠ ᠤᠷᠤᠯᠳᠤᠭᠠᠨ ᠤ ᠱᠠᠩᠨᠠᠯ ᠬᠦᠷᠲᠡᠬᠦ ᠪᠦᠯᠬᠦᠮ ᠢ ᠢᠳᠡᠪᠬᠢᠲᠡᠢ ᠳᠡᠮᠵᠢᠵᠦ᠂ ︽ᠲᠣᠭᠠᠴᠢᠯᠠᠭᠰᠠᠨ ᠴᠦᠩᠴᠢᠩ︾ ᠤᠨ ᠪᠦᠲᠦᠭᠡᠨ ᠪᠠᠶᠢᠭᠤᠯᠤᠯᠲᠠ ᠶᠢᠨ ᠪᠣᠷᠣ ᠲᠥᠯᠥᠪ ᠳᠣᠣᠷᠠᠬᠢ ᠣᠯᠠᠨ ᠬᠡᠷᠡᠭᠯᠡᠭᠡᠨ ᠤ ᠲᠠᠯᠠᠪᠠᠢ ᠳᠤ ᠮᠡᠷᠭᠡᠵᠢᠯ ᠤᠨ ᠬᠠᠮᠲᠤᠷᠠᠯᠴᠠᠭ᠎ᠠ ᠵᠣᠯᠭᠠᠯᠴᠠᠭ᠎ᠠ ᠶᠢ ᠥᠷᠨᠢᠭᠦᠯᠦᠨ᠎ᠡ᠃ ᠤᠷᠤᠯᠳᠤᠭᠠᠨ ᠤ ᠳᠠᠷᠠᠭ᠎ᠠ ᠤᠷᠤᠯᠳᠤᠭᠠᠨ ᠤ ᠰᠢᠯᠢᠳᠡᠭ ᠲᠥᠷᠥᠯ ᠵᠦᠢᠯ ᠪᠠ ᠪᠦᠯᠬᠦᠮ ᠳᠤ ᠬᠤᠯᠪᠣᠭᠳᠠᠯ ᠪᠥᠬᠦᠶ ᠦᠷ᠎ᠡ ᠪᠦᠲᠦᠭᠡᠯ ᠢ ᠬᠤᠪᠢᠷᠠᠭᠤᠯᠬᠤ᠂ ᠨᠡᠪᠴᠢᠭᠦᠯᠬᠦ ᠵᠢᠴᠢ ᠪᠣᠳᠠᠲᠠᠶᠢᠵᠢᠭᠤᠯᠤᠨ ᠬᠡᠷᠡᠭᠯᠡᠬᠦ ᠵᠡᠷᠭᠡ ᠦᠢᠯᠡᠴᠢᠯᠡᠭᠡᠨ ᠤ ᠪᠠᠲᠤᠯᠠᠭ᠎ᠠ ᠬᠠᠩᠭᠠᠨ᠎ᠠ᠃ ᠴᠦᠩᠴᠢᠩ ᠬᠤᠲᠠ ᠳᠤ ᠪᠣᠳᠠᠲᠠᠶᠢᠵᠢᠭᠤᠯᠤᠨ ᠬᠡᠷᠡᠭᠯᠡᠬᠦ ᠲᠥᠷᠥᠯ ᠵᠦᠢᠯ ᠨᠢ ᠬᠡᠷᠪᠡ ᠤᠯᠠᠮ ᠨᠢᠭᠡ ᠠᠯᠬᠤᠮ ᠣᠯᠠᠨ ᠨᠡᠶᠢᠲᠡ ᠶᠢᠨ ᠳ᠋ᠠᠶᠢᠲ᠋ᠠ ᠶᠢ ᠬᠡᠷᠡᠭᠯᠡᠬᠦ ᠱᠠᠭᠠᠷᠳᠠᠯᠭ᠎ᠠ ᠲᠠᠢ ᠪᠣᠯ᠂ ᠴᠦᠩᠴᠢᠩ ᠬᠤᠲᠠ ᠨᠢ ᠠᠮᠤᠷ ᠲᠦᠪᠰᠢᠨ ᠢ ᠪᠠᠲᠤᠯᠠᠭᠰᠠᠨ ᠤᠷᠢᠳᠠᠯ ᠳᠣᠣᠷ᠎ᠠ ᠲᠡᠳᠡᠨ ᠳᠤ ᠳ᠋ᠠᠶᠢᠲ᠋ᠠ ᠶᠢᠨ ᠳᠡᠮᠵᠢᠯᠭᠡ ᠬᠠᠩᠭᠠᠨ᠎ᠠ᠃  ᠠᠷᠪᠠᠨ ᠨᠢᠭᠡ᠂ ᠪᠤᠰᠤᠳ ᠵᠦᠢᠯ  ︵ᠨᠢᠭᠡ︶ ᠮᠡᠳᠡᠯᠭᠡ ᠶᠢᠨ ᠥᠮᠴᠢᠯᠡᠯ ᠤᠨ ᠡᠷᠭᠡ  ᠤᠷᠤᠯᠳᠤᠭᠠᠨ ᠳᠤ ᠣᠷᠣᠯᠴᠠᠭᠰᠠᠨ ᠪᠦᠯᠬᠦᠮ ᠤᠨ ᠲᠤᠰᠢᠶᠠᠭᠰᠠᠨ ᠬᠡᠷᠡᠭ ᠤᠨ ᠵᠢᠱᠢᠶ᠎ᠡ ︵ᠪᠤᠶᠤ ᠬᠡᠷᠡᠭᠯᠡᠯᠲᠡ︶ ᠶᠢᠨ ᠮᠡᠳᠡᠯᠭᠡ ᠶᠢᠨ ᠥᠮᠴᠢᠯᠡᠯ ᠤᠨ ᠡᠷᠬᠡ ᠨᠢ ᠪᠦᠯᠬᠦᠮ ᠤᠨ ᠪᠦᠷᠢᠯᠳᠦᠬᠦᠨ ᠤ ᠬᠠᠷᠢᠶᠠᠯᠠᠭᠳᠠᠬᠤ ᠪᠠᠶᠢᠭᠤᠯᠤᠮᠵᠢ ᠳᠤ ᠥᠮᠴᠢᠯᠡᠭᠳᠡᠬᠦ ᠴᠢᠬᠤᠯᠠᠲᠠᠶ ᠪᠣᠯᠪᠠᠴᠤ ᠵᠣᠬᠢᠶᠠᠨ ᠪᠠᠶᠢᠭᠤᠯᠬᠤ ᠲᠠᠯ᠎ᠠ ᠨᠢ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠡᠭᠦᠷᠭᠡ ᠶᠢ ᠡᠭᠦᠷᠭᠡᠯᠡᠬᠦ ᠥᠬᠡᠶ᠃ ᠬᠡᠷᠪᠡ ᠭᠤᠷᠪᠠᠳᠠᠬᠢ ᠡᠲᠡᠭᠡᠳ ᠠᠴᠠ ᠤᠷᠤᠯᠳᠤᠭᠠᠨ ᠳᠤ ᠣᠷᠣᠯᠴᠠᠭᠰᠠᠨ ᠬᠡᠷᠡᠭ ᠤᠨ ᠵᠢᠱᠢᠶ᠎ᠡ ︵ᠪᠤᠶᠤ ᠬᠡᠷᠡᠭᠯᠡᠯᠲᠡ︶ ᠤᠨ ᠲᠤᠬᠠᠶ ᠬᠠᠮᠢᠶ᠎ᠠ ᠪᠥᠬᠦᠶ ᠮᠡᠳᠡᠯᠭᠡ ᠶᠢᠨ ᠥᠮᠴᠢᠯᠡᠯ ᠤᠨ ᠡᠷᠬᠡ ᠵᠡᠷᠭᠡ ᠬᠤᠯᠪᠣᠭᠳᠠᠯ ᠪᠥᠬᠦᠶ ᠠᠰᠠᠭᠤᠳᠠᠯ ᠢ ᠳᠤᠷᠠᠳᠪᠠᠯ᠂ ᠪᠦᠬᠦᠨ ᠢ ᠤᠷᠤᠯᠳᠤᠭᠠᠨ ᠳᠤ ᠣᠷᠣᠯᠴᠠᠬᠤ ᠪᠦᠯᠬᠦᠮ ᠵᠢᠴᠢ ᠲᠡᠭᠦᠨ ᠤ ᠬᠠᠷᠢᠶᠠᠯᠠᠭᠳᠠᠬᠤ ᠪᠠᠶᠢᠭᠤᠯᠤᠮᠵᠢ ᠠᠴᠠ ᠬᠠᠷᠢᠭᠤᠴᠠᠵᠤ᠂ ᠵᠣᠬᠢᠶᠠᠨ ᠪᠠᠶᠢᠭᠤᠯᠬᠤ ᠲᠠᠯ᠎ᠠ ᠨᠢ ᠶᠠᠮᠠᠷᠪᠠ ᠬᠠᠷᠢᠭᠤᠴᠠᠯᠭ᠎ᠠ ᠶᠢ ᠡᠭᠦᠷᠭᠡᠯᠡᠬᠦ ᠥᠬᠡᠶ᠃  ︵ᠬᠤᠶᠠᠷ︶ ᠤᠷᠤᠯᠳᠤᠭᠠᠨ ᠳᠤ ᠤᠷᠤᠯᠴᠠᠬᠤ ᠵᠠᠷᠤᠳᠠᠯ  ᠵᠣᠬᠢᠶᠠᠨ ᠪᠠᠶᠢᠭᠤᠯᠬᠤ ᠲᠠᠯ᠎ᠠ ᠶᠢᠨ ᠬᠢᠨ ᠤᠷᠤᠯᠳᠤᠭᠠᠨ ᠳᠤ ᠣᠷᠣᠯᠴᠠᠬᠤ ᠪᠦᠯᠬᠦᠮ ᠤᠨ ᠨᠡᠷ᠎ᠡ ᠮᠡᠳᠡᠭᠦᠯᠬᠦ᠂ ᠰᠢᠯᠭᠠᠷᠠᠭᠤᠯᠤᠯᠲᠠ᠂ ᠮᠡᠳᠡᠭᠡᠯᠡᠵᠦ ᠤᠬᠠᠭᠤᠯᠬᠤ ᠵᠡᠷᠭᠡ ᠳᠤ ᠴᠥᠮ ᠶᠠᠮᠠᠷ ᠴᠤ ᠰᠦᠢᠳᠬᠡᠯ ᠬᠤᠷᠢᠶᠠᠬᠤ ᠦᠭᠡᠢ᠃ ᠤᠷᠤᠯᠳᠤᠭᠠᠨ ᠳᠤ ᠣᠷᠣᠯᠴᠠᠬᠤ ᠪᠦᠯᠬᠦᠮ ᠨᠢ ᠤᠷᠤᠯᠳᠤᠭᠠᠨ ᠳᠤ ᠣᠷᠣᠯᠴᠠᠬᠤ ᠶᠠᠪᠤᠴᠠ ᠳᠤ ᠪᠣᠶ ᠪᠣᠯᠤᠭᠰᠠᠨ ᠵᠠᠮ ᠬᠠᠷᠢᠯᠴᠠᠭ᠎ᠠ᠂ ᠢᠳᠡᠵᠦ ᠤᠤᠭᠤᠬᠤ ᠬᠤᠨᠣᠵᠤ ᠬᠡᠪᠲᠡᠬᠦ᠂ ᠸᠢᠳᠢᠣ᠋ ᠦᠢᠯᠡᠳᠬᠦ᠂ ᠠᠬᠤᠶ ᠪᠠᠶᠢᠳᠠᠯ ᠪᠠᠶᠢᠭᠤᠯᠬᠤ᠂ ᠳᠡᠯᠭᠡᠨ ᠦᠵᠡᠭᠦᠯᠬᠦ ᠡᠳ᠋ ᠦᠢᠯᠡᠳᠬᠦ ᠵᠡᠷᠭᠡ ᠵᠠᠷᠤᠳᠠᠯ ᠢ ᠥᠪᠡᠰᠦᠪᠡᠨ ᠡᠭᠦᠷᠭᠡᠯᠡᠨ᠎ᠡ᠃  ︵ᠭᠤᠷᠪᠠ︶ ᠠᠰᠠᠭᠤᠳᠠᠯ ᠤᠨ ᠯᠠᠪᠯᠠᠯᠲᠠ  ᠤᠷᠤᠯᠳᠤᠭᠠᠨ  ᠯᠠᠪᠯᠠᠯᠲᠠ ᠶᠢᠨ ᠰᠢᠦᠳᠠᠨ ᠬᠠᠶᠢᠷᠴᠠᠭ᠄ ihs@nhsa.gov.cn  ᠤᠷᠤᠯᠳᠤᠭᠠᠨ ᠤ ᠬᠠᠷᠢᠯᠴᠠᠬᠤ ᠤᠲᠠᠰᠤ᠄ 023 – 89183867᠂ 023 - 89183868᠂ 023- 89183869  ᠤᠲᠠᠰᠤ ᠶᠢ ᠲᠣᠰᠬᠤ ᠴᠠᠭ᠄ ᠠᠵᠢᠯᠯᠠᠬᠤ ᠡᠳᠦᠷ ᠤᠨ 9᠄ 00-12᠄ 00᠂ 14᠄ 00-18᠄ 00  ᠤᠷᠤᠯᠳᠤᠭᠠᠨ ᠳᠤ ᠣᠷᠣᠯᠴᠠᠭᠰᠠᠨ ᠪᠦᠯᠬᠦᠮ ᠪᠠᠰᠠ ᠤᠷᠤᠯᠳᠤᠭᠠᠨ ᠤ ᠠᠯᠪᠠᠨ ᠤ ᠰᠦᠯᠵᠢᠶᠡᠨ ᠳᠡᠭᠡᠷᠡᠬᠢ ᠤᠷᠤᠯᠳᠤᠭᠠᠨ ᠤ AI ᠬᠠᠪᠰᠤᠷᠤᠭᠴᠢ ᠠᠴᠠ ᠯᠠᠪᠯᠠᠵᠤ ᠪᠣᠯᠤᠨ᠎ᠠ᠃  ᠵᠣᠬᠢᠶᠠᠨ ᠪᠠᠶᠢᠭᠤᠯᠬᠤ ᠡᠲᠡᠭᠡᠳ ᠨᠢ ᠤᠷᠤᠯᠳᠤᠭᠠᠨ ᠤ ᠶᠠᠰᠤ ᠴᠢᠨᠠᠷ ᠢ ᠪᠠᠲᠤᠯᠠᠬᠤ ᠶᠢᠨ ᠲᠥᠯᠥᠭᠡ ᠤᠷᠤᠯᠳᠤᠭᠠᠨ ᠤ ᠳᠦᠷᠢᠮ ᠢ ᠤᠯᠠᠮ ᠨᠢᠭᠡ ᠠᠯᠬᠤᠮ ᠲᠣᠬᠢᠷᠠᠭᠤᠯᠬᠤ ᠵᠢᠴᠢ ᠬᠡᠰᠡᠭ ᠱᠠᠩᠨᠠᠯ ᠤᠨ ᠵᠦᠢᠯ ᠢ ᠬᠤᠭᠤᠰᠤᠨ ᠪᠠᠶᠢᠯᠭᠠᠬᠤ ᠪᠤᠶᠤ ᠪᠠᠭᠠᠰᠬᠠᠬᠤ ᠡᠷᠬᠡ ᠲᠠᠢ᠃ ᠤᠷᠤᠯᠳᠤᠭᠠᠨ ᠤ ᠬᠠᠮᠢᠶ᠎ᠠ ᠪᠦᠬᠦᠢ ᠤᠴᠢᠷ ᠶᠠᠪᠤᠳᠠᠯ ᠤᠨ ᠡᠴᠦᠰ ᠤᠨ ᠲᠠᠶᠢᠯᠪᠤᠷᠢᠯᠠᠬᠤ ᠡᠷᠬᠡ ᠨᠢ ᠤᠷᠤᠯᠳᠤᠭᠠᠨ ᠤ ᠵᠣᠬᠢᠶᠠᠨ ᠪᠠᠶᠢᠭᠤᠯᠬᠤ ᠲᠠᠯ᠎ᠠ ᠳᠤ ᠥᠮᠴᠢᠯᠡᠭᠳᠡᠨ᠎ᠡ᠃  ᠨᠡᠷ᠎ᠡ ᠮᠡᠳᠡᠭᠦᠯᠬᠦ ᠵᠠᠮ᠄ 2024 ᠣᠨ ᠤ ᠪᠥᠬᠦ ᠤᠯᠤᠰ ᠤᠨ ᠣᠶᠤᠨᠴᠢ ᠡᠮᠴᠢᠯᠡᠭᠡᠨ ᠤ ᠳᠠᠭᠠᠳᠬᠠᠯ ᠤᠨ ᠤᠷᠤᠯᠳᠤᠭᠠᠨ  ᠴᠦᠷᠬᠡ᠄ https://www.chs-ihssc.cn/ybds/ 
 
ᠢᠷᠡᠯᠲᠡ᠄ ᠤᠯᠤᠰ ᠤᠨ ᠡᠮᠴᠢᠯᠡᠭᠡᠨ ᠤ ᠪᠠᠳᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号