︽2024 ᠣᠨ ᠤ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠭᠡᠨᠡᠳᠡᠭᠦᠯᠦᠨ ᠪᠠᠶᠢᠴᠠᠭᠠᠯᠲᠠ ᠶᠢᠨ ᠠᠵᠢᠯ ᠤᠨ ᠲᠥᠰᠦᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/4/29
  ᠣᠶᠢᠷ᠎ᠠ ᠳᠤ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠡᠳ᠋ ᠤᠨ ᠵᠠᠰᠠᠭ ᠤᠨ ᠶᠠᠮᠤᠨ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠤᠯᠤᠰ ᠤᠨ ᠬᠢᠲᠠᠳ ᠡᠮ ᠡᠮᠨᠡᠯᠭᠡ ᠶᠢᠨ ᠲᠣᠪᠴᠢᠶ᠎ᠠ ᠲᠠᠢ ᠬᠠᠮᠲᠤᠷᠠᠨ ︽2024 ᠣᠨ ᠤ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠭᠡᠨᠡᠳᠡᠭᠦᠯᠦᠨ ᠪᠠᠶᠢᠴᠠᠭᠠᠯᠲᠠ ᠶᠢᠨ ᠠᠵᠢᠯ ᠤᠨ ᠲᠥᠰᠦᠯ︾ ︵︽ᠠᠵᠢᠯ ᠤᠨ ᠲᠥᠰᠦᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠪᠥᠬᠦ ᠤᠯᠤᠰ ᠤᠨ ᠬᠡᠪᠴᠢᠶᠡᠨ ᠳᠤ 2024 ᠣᠨ ᠤ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠭᠡᠨᠡᠳᠡᠭᠦᠯᠦᠨ ᠪᠠᠶᠢᠴᠠᠭᠠᠯᠲᠠ ︵ᠭᠡᠨᠡᠳᠡᠭᠦᠯᠦᠨ ᠪᠠᠶᠢᠴᠠᠭᠠᠯᠲᠠ ᠭᠡᠵᠦ ᠲᠣᠪᠴᠢᠯᠠᠨ᠎ᠠ︶ ᠶᠢᠨ ᠠᠵᠢᠯ ᠢ ᠡᠬᠢᠯᠡᠭᠦᠯᠪᠡ᠃ ᠡᠳᠦᠭᠡ ᠬᠠᠮᠢᠶ᠎ᠠ ᠪᠥᠬᠦᠶ ᠠᠭᠤᠯᠭ᠎ᠠ ᠶᠢ ᠳᠣᠤᠷᠠᠬᠢ ᠮᠡᠲᠦ ᠲᠠᠶᠢᠯᠪᠤᠷᠢᠯᠠᠶ᠎ᠠ᠄  ᠨᠢᠭᠡ᠂ ᠶᠠᠭᠤ ᠶᠢ ᠭᠡᠨᠡᠳᠡᠭᠦᠯᠦᠨ ᠪᠠᠶᠢᠴᠠᠭᠠᠯᠲᠠ ᠭᠡᠬᠦ ᠪᠣᠶ︖  ᠭᠡᠨᠡᠳᠡᠭᠦᠯᠦᠨ ᠪᠠᠶᠢᠴᠠᠭᠠᠯᠲᠠ ᠭᠡᠳᠡᠭ ᠨᠢ ᠡᠮᠴᠢᠯᠡᠭᠡᠨ ᠤ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠵᠡᠷᠭᠡ ᠳᠤ ᠥᠷᠨᠢᠭᠦᠯᠦᠭᠰᠡᠨ ᠤᠷᠢᠳᠴᠢᠯᠠᠨ ᠮᠡᠳᠡᠭᠳᠡᠬᠦ ᠦᠭᠡᠢ ᠪᠠᠷ ᠲᠤᠬᠠᠶ ᠶᠢᠨ ᠲᠠᠯᠠᠪᠤᠷ ᠲᠤ ᠬᠢᠨᠠᠯᠲᠠ ᠲᠠᠯᠪᠢᠵᠤ ᠪᠠᠶᠢᠴᠠᠭᠠᠬᠤ ᠶᠢ ᠵᠢᠭᠠᠵᠤ ᠪᠣᠶ᠃ ᠭᠡᠨᠡᠳᠡᠭᠦᠯᠦᠨ ᠪᠠᠶᠢᠴᠠᠭᠠᠯᠲᠠ ᠳᠤ ᠭᠤᠷᠪᠠᠨ ᠲᠠᠯ᠎ᠠ ᠶᠢᠨ ᠣᠨᠴᠠᠯᠢᠭ ᠲᠠᠢ᠄ ᠨᠢᠭᠡ ᠳᠤ ︽ᠳᠡᠭᠡᠳᠦ ᠱᠠᠲᠤ ᠨᠢ ᠳᠣᠣᠷᠠᠳᠤ ᠱᠠᠲᠤ ᠪᠠᠨ ᠪᠠᠶᠢᠴᠠᠭᠠᠵᠤ᠂ ᠰᠣᠯᠪᠢᠴᠠᠭᠤᠯᠤᠨ ᠬᠠᠷᠢᠯᠴᠠᠨ       ᠪᠠᠶᠢᠴᠠᠭᠠᠬᠤ︾᠃ ᠪᠠᠶᠢᠴᠠᠭᠠᠭᠳᠠᠬᠤ ᠣᠷᠣᠨ ᠨᠤᠲᠤᠭ ᠤᠨ ᠳᠡᠭᠡᠷ᠎ᠡ ᠨᠢᠭᠡ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠵᠣᠬᠢᠶᠠᠨ ᠪᠠᠶᠢᠭᠤᠯᠵᠤ᠂ ᠳᠣᠤᠷ᠎ᠠ ᠨᠢᠭᠡ ᠱᠠᠲᠤᠨ ᠶᠢ ᠪᠠᠶᠢᠴᠠᠭᠠᠬᠤ᠂ ᠠᠳᠠᠯᠢ ᠪᠤᠰᠤ ᠵᠠᠰᠠᠭ ᠵᠠᠬᠢᠷᠭᠠᠨ ᠤ ᠣᠷᠣᠨ ᠰᠣᠯᠪᠢᠴᠠᠨ ᠪᠠᠶᠢᠴᠠᠭᠠᠬᠤ ᠠᠷᠭ᠎ᠠ ᠮᠠᠶ᠋ᠢᠭ ᠢ ᠠᠪᠴᠤ᠂ ᠪᠠᠶᠢᠴᠠᠭᠠᠯᠲᠠ ᠶᠢ ᠨᠡᠩ ᠪᠤᠰᠤᠳᠴᠢ ᠪᠥᠭᠡᠳ ᠲᠥᠪ ᠭᠤᠤᠯᠴᠢ ᠪᠣᠯᠭᠠᠪᠠ᠃ ᠬᠤᠶᠠᠷ ᠲᠤ ᠲᠤᠰᠬᠠᠶᠢᠵᠢᠭᠰᠠᠨ ᠬᠡᠮᠵᠢᠶ᠎ᠡ ᠨᠡᠯᠢᠶᠡᠳ ᠥᠨᠳᠥᠷ᠃ ᠭᠡᠨᠡᠳᠡᠭᠦᠯᠦᠨ ᠪᠠᠶᠢᠴᠠᠭᠠᠯᠲᠠ ᠶᠢ ᠡᠮᠴᠢᠯᠡᠭᠡᠨ ᠤ ᠪᠠᠲᠤᠯᠠᠭ᠎ᠠ᠂ ᠡᠳ᠋ ᠤᠨ ᠵᠠᠰᠠᠭ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠬᠢᠲᠠᠳ ᠡᠮ ᠡᠮᠨᠡᠯᠭᠡ ᠵᠡᠷᠭᠡ ᠣᠯᠠᠨ ᠰᠠᠯᠠᠭ᠎ᠠ ᠮᠥᠴᠢᠷ ᠬᠠᠮᠲᠤᠷᠠᠨ ᠵᠣᠬᠢᠶᠠᠨ ᠪᠠᠶᠢᠭᠤᠯᠵᠤ᠂ ᠡᠭᠦᠨ ᠤ ᠬᠠᠮᠲᠤ ᠡᠮᠴᠢᠯᠡᠭᠡᠨ ᠤ ᠳᠠᠭᠠᠳᠬᠠᠯ᠂ ᠡᠮᠴᠢᠯᠡᠭᠡ᠂ ᠡᠮ ᠡᠮᠨᠡᠯᠭᠡ᠂ ᠡᠳ᠋ ᠤᠨ ᠶᠠᠪᠤᠳᠠᠯ᠂ ᠮᠡᠳᠡᠭᠡ ᠵᠠᠩᠭᠢ ᠵᠡᠷᠭᠡ ᠣᠯᠠᠨ ᠵᠤᠷᠪᠤᠰ ᠱᠤᠭᠤᠮ ᠤᠨ ᠬᠢᠨᠠᠯᠲᠠ ᠪᠠᠶᠢᠴᠠᠭᠠᠯᠲᠠ ᠶᠢ ᠥᠷᠨᠢᠭᠦᠯᠵᠦ᠂ ︽ᠨᠡᠪᠲᠡᠯᠬᠦ ᠮᠠᠶ᠋ᠢᠭ︾᠂ ︽ᠭᠦᠨᠵᠡᠭᠡᠶᠢᠷᠡᠬᠦ ᠮᠠᠶ᠋ᠢᠭ︾ ᠤᠨ ᠬᠡᠮᠵᠢᠶ᠎ᠡ ᠨᠠᠩ ᠥᠨᠳᠥᠷ ᠪᠣᠯᠪᠠ᠃ ᠭᠤᠷᠪᠠ ᠳᠤ ᠪᠠᠶᠢᠴᠠᠭᠠᠯᠲᠠ ᠨᠢ ᠬᠡᠪᠴᠢᠶᠡᠵᠢᠭᠰᠡᠨ ᠲᠥᠪᠯᠡᠷᠡᠭᠰᠡᠨ ᠪᠠᠶᠢᠳᠠᠭ᠃ ᠭᠡᠨᠡᠳᠡᠭᠦᠯᠦᠨ ᠪᠠᠶᠢᠴᠠᠭᠠᠬᠤ ᠳᠤᠭᠤᠶᠢᠯᠠᠩ ᠤᠨ ᠳᠣᠲᠣᠭᠠᠳᠤ ᠳᠤ ᠲᠥᠷᠥ ᠶᠢᠨ ᠪᠣᠳᠣᠯᠭ᠎ᠠ᠂ ᠡᠮᠴᠢᠯᠡᠭᠡ᠂ ᠡᠳ᠋ ᠤᠨ ᠶᠠᠪᠤᠳᠠᠯ᠂ ᠮᠡᠳᠡᠭᠡ ᠵᠠᠩᠭᠢ ᠵᠡᠷᠭᠡ ᠠᠵᠢᠯ ᠤᠨ ᠳᠤᠭᠤᠶᠢᠯᠠᠩ ᠬᠤᠪᠢᠶᠠᠵᠤ᠂ ᠡᠯ᠎ᠡ ᠳᠤᠭᠤᠶᠢᠯᠠᠩ ᠤᠨ ᠬᠤᠭᠤᠷᠣᠨᠳᠣ ᠲᠣᠰ ᠲᠣᠰ ᠤᠨ ᠠᠵᠢᠯ ᠤᠨ ᠬᠤᠪᠢᠶᠠᠷᠢᠯᠠᠯ ᠲᠠᠢ ᠮᠥᠷᠲᠡᠭᠡᠨ ᠨᠢᠭᠲᠠ ᠬᠠᠮᠵᠢᠯᠴᠠᠨ᠂ ᠬᠡᠰᠡᠭᠴᠢᠯᠡᠭᠰᠡᠨ᠂ ᠬᠡᠪᠴᠢᠶᠡᠵᠢᠭᠰᠡᠨ᠂ ᠲᠥᠪᠯᠡᠷᠡᠭᠦᠯᠦᠨ ᠪᠠᠶᠢᠴᠠᠭᠠᠬᠤ ᠶᠢ ᠪᠡᠶᠡᠯᠡᠭᠦᠯᠵᠦ᠂ ᠠᠵᠢᠯ ᠤᠨ ᠦᠷ᠎ᠡ ᠪᠦᠲᠦᠮᠵᠢ ᠶᠢ ᠨᠠᠩ ᠥᠨᠳᠥᠷ ᠪᠣᠯᠭᠠᠪᠠ᠃  2019 ᠣᠨ ᠳᠤ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠭᠡᠨᠡᠳᠡᠭᠦᠯᠦᠨ ᠪᠠᠶᠢᠴᠠᠭᠠᠯᠲᠠ ᠶᠢᠨ ᠠᠵᠢᠯ ᠤᠨ ᠲᠣᠭᠲᠠᠴᠠ ᠶᠢ ᠪᠠᠶᠢᠭᠤᠯᠤᠭᠰᠠᠨ ᠠᠴᠠ ᠨᠠᠭᠠᠰᠢ᠂ 5 ᠵᠢᠯ ᠤᠨ ᠳᠣᠲᠣᠷ᠎ᠠ ᠵᠠᠯᠭᠠᠭ᠎ᠠ ᠪᠠᠷ 200 ᠭᠠᠷᠤᠶ ᠪᠠᠶᠢᠴᠠᠭᠠᠬᠤ ᠳᠤᠭᠤᠶᠢᠯᠠᠩ ᠢ ᠵᠣᠬᠢᠶᠠᠨ ᠪᠠᠶᠢᠭᠤᠯᠵᠤ᠂ ᠪᠦᠬᠦ ᠤᠯᠤᠰ ᠤᠨ ᠬᠡᠪᠴᠢᠶᠡᠨ ᠳᠤ 500 ᠰᠢᠬᠠᠮ ᠡᠮ ᠡᠮᠨᠡᠯᠭᠡ ᠶᠢᠨ ᠪᠠᠶᠢᠭᠤᠯᠤᠮᠵᠢ ᠶᠢ ᠰᠤᠭᠤᠴᠢᠨ ᠪᠠᠶᠢᠴᠠᠭᠠᠪᠠ᠃ ᠡᠯ᠎ᠡ ᠮᠤᠵᠢ ᠶᠢᠨ ᠬᠢᠨ ᠮᠤᠵᠢ ᠶᠢᠨ ᠲᠡᠰ ᠤᠨ ᠭᠡᠨᠡᠳᠡᠭᠦᠯᠦᠨ ᠪᠠᠶᠢᠴᠠᠭᠠᠬᠤ ᠠᠵᠢᠯ ᠤᠨ ᠲᠣᠭᠲᠠᠴᠠ ᠶᠢ ᠵᠠᠯᠭᠠᠭ᠎ᠠ ᠪᠠᠷ ᠳᠠᠭᠤᠷᠢᠶᠠᠨ ᠪᠠᠶᠢᠭᠤᠯᠵᠤ᠂ 2022 ᠣᠨ ᠠᠴᠠ ᠨᠠᠭᠠᠰᠢ ᠨᠢᠭᠡᠨᠲᠡ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢ 5000 ᠭᠠᠷᠤᠢ ᠰᠤᠭᠤᠴᠢᠨ ᠪᠠᠶᠢᠴᠠᠭᠠᠪᠠ᠃ ᠶᠡᠷᠦᠩᠬᠡᠶ ᠳᠤᠨᠢ ᠠᠪᠴᠤ ᠦᠵᠡᠪᠡᠯ᠂ ᠤᠯᠤᠰ ᠪᠠ ᠮᠤᠵᠢ ᠶᠢᠨ ᠱᠠᠲᠤᠨ ᠤ ᠭᠡᠨᠡᠳᠡᠭᠦᠯᠦᠨ ᠪᠠᠶᠢᠴᠠᠭᠠᠯᠲᠠ ᠨᠢ ᠨᠢᠭᠡᠨᠲᠡ 80 ᠭᠠᠷᠤᠶ ᠳ᠋ᠦᠩᠰᠢᠭᠤᠷ ᠲᠥᠭᠦᠷᠢᠭ ᠤᠨ ᠡᠮᠴᠢᠯᠡᠭᠡᠨ ᠤ ᠳᠠᠭᠠᠳᠬᠠᠯ ᠤᠨ ᠬᠤᠯᠪᠣᠭᠳᠠᠯ ᠪᠥᠬᠦᠶ ᠪᠠᠯᠠ ᠮᠥᠩᠭᠦ ᠶᠢ ᠨᠡᠬᠡᠮᠵᠢᠯᠡᠨ ᠠᠪᠴᠢᠷᠠᠵᠤ᠂ ᠳᠠᠭᠠᠳᠬᠠᠯ ᠤᠨ ᠮᠡᠬᠡᠯᠡᠯ ᠳᠤ ᠴᠣᠬᠢᠯᠲᠠ ᠥᠭᠬᠦ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠵᠠᠯᠠᠷᠠᠭᠤᠯᠵᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠤᠬᠢᠷᠠᠯ ᠢ ᠡᠭᠡᠭᠦᠯᠦᠨ ᠠᠪᠴᠢᠷᠠᠵᠤ᠂ ᠥᠨᠳᠥᠷ ᠳᠠᠷᠤᠯᠲᠠ ᠪᠠᠷ ᠰᠦᠷᠳᠡᠭᠦᠯᠬᠦ ᠶᠢ ᠴᠢᠩᠭᠠᠳᠬᠠᠬᠤ ᠢᠳᠡᠪᠬᠢᠲᠡᠶ ᠦᠢᠯᠡᠳᠦᠯ ᠭᠠᠷᠭᠠᠵᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠢ ᠬᠠᠮᠠᠭᠠᠯᠠᠬᠤ ︽ᠬᠤᠷᠴᠠ ᠰᠡᠯᠡᠮ᠎ᠡ︾ ᠪᠣᠯᠤᠭᠰᠠᠨ ᠪᠠᠶᠢᠨ᠎ᠠ᠃  ᠬᠤᠶᠠᠷ᠂ ᠥᠩᠭᠡᠷᠡᠭᠰᠡᠨ ᠤ ᠭᠡᠨᠡᠳᠡᠭᠦᠯᠦᠨ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠭᠤᠤᠯ ᠠᠰᠠᠭᠤᠳᠠᠯ ᠨᠢ ᠶᠠᠭᠤ ᠪᠣᠶ︖  ᠣᠶᠢᠷ᠎ᠠ ᠶᠢᠨ ᠵᠢᠯ ᠤᠨ ᠭᠡᠨᠡᠳᠡᠭᠦᠯᠦᠨ ᠪᠠᠶᠢᠴᠠᠭᠠᠯᠲᠠ ᠶᠢᠨ ᠪᠠᠶᠢᠳᠠᠯ ᠠᠴᠠ ᠦᠵᠡᠪᠡᠯ᠂ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠬᠠᠤᠯᠢ ᠲᠣᠭᠲᠠᠭᠠᠯ ᠠᠴᠠ ᠵᠥᠷᠢᠴᠡᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠬᠡᠷᠡᠭᠯᠡᠭᠰᠡᠨ ᠭᠤᠣᠯᠳᠠᠭᠤ ᠬᠡᠳᠦᠨ ᠵᠦᠢᠯ ᠤᠨ ᠪᠠᠶᠢᠳᠠᠯ ᠪᠠᠶᠢᠨ᠎ᠠ᠄  ᠨᠢᠭᠡ ᠳᠤ ᠳᠠᠪᠬᠤᠷᠳᠠᠭᠤᠯᠤᠨ ᠰᠦᠢᠳᠭᠡᠯ ᠬᠤᠷᠢᠶᠠᠬᠤ᠂ ᠪᠠᠷᠢᠮᠵᠢᠶ᠎ᠠ ᠠᠴᠠ ᠬᠡᠲᠦᠷᠡᠭᠦᠯᠦᠨ ᠰᠦᠢᠳᠭᠡᠯ ᠬᠤᠷᠢᠶᠠᠬᠤ᠂ ᠲᠦᠷᠦᠯ ᠵᠦᠢᠯ ᠢ ᠵᠠᠳᠠᠯᠵᠤ ᠰᠦᠢᠳᠭᠡᠯ ᠬᠤᠷᠢᠶᠠᠬᠤ ᠨᠢ ᠪᠠᠷᠤᠭ ᠪᠦᠬᠦ ᠬᠠᠤᠯᠢ ᠲᠣᠭᠲᠠᠭᠠᠯ ᠠᠴᠠ ᠵᠦᠷᠢᠴᠡᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠦᠩᠭᠦ ᠶᠢ ᠬᠡᠷᠡᠭᠯᠡᠭᠰᠡᠨ ᠠᠰᠠᠭᠤᠳᠠᠯ ᠤᠨ 36% ᠶᠢ       ᠡᠵᠡᠯᠡᠪᠡ︔  ᠬᠤᠶᠠᠷ ᠲᠤ ᠡᠮ ᠤᠨ ᠵᠦᠢᠯᠡᠰ ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠂ ᠣᠨᠣᠰᠢᠯᠠᠨ ᠡᠮᠨᠡᠬᠦ ᠲᠥᠷᠥᠯ ᠵᠦᠢᠯ ᠪᠠ ᠦᠢᠯᠡᠴᠢᠯᠡᠭᠡᠨ ᠤ ᠲᠥᠬᠦᠭᠡᠷᠡᠮᠵᠢ ᠶᠢ ᠰᠣᠯᠢᠬᠤ ᠠᠰᠠᠭᠤᠳᠠᠯ ᠪᠠᠷᠤᠭ 17% ᠶᠢ ᠡᠵᠡᠯᠡᠪᠡ᠃  ᠭᠤᠷᠪᠠ ᠳᠤ ᠣᠨᠣᠰᠢᠯᠠᠨ ᠡᠮᠨᠡᠬᠦ ᠵᠢᠷᠤᠮᠵᠢᠯ ᠢ ᠵᠥᠷᠢᠴᠡᠨ ᠬᠡᠲᠦ ᠣᠨᠣᠰᠢᠯᠠᠨ ᠡᠮᠨᠡᠬᠦ᠂ ᠬᠡᠲᠦ ᠪᠠᠶᠢᠴᠠᠭᠠᠯᠲᠠ ᠬᠢᠵᠦ᠂ ᠪᠤᠰᠤᠳ ᠴᠢᠬᠤᠯᠠ ᠪᠤᠰᠤ ᠡᠮ ᠡᠮᠨᠡᠯᠭᠡ ᠶᠢᠨ ᠦᠢᠯᠡᠴᠢᠯᠡᠭᠡ ᠬᠠᠩᠭᠠᠬᠤ ᠠᠰᠠᠭᠤᠳᠠᠯ ᠪᠠᠷᠤᠭ 14% ᠶᠢ ᠡᠵᠡᠯᠡᠪᠡ᠃  ᠳᠦᠷᠪᠡ ᠳᠤ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠲᠦᠯᠦᠬᠦ ᠬᠡᠪᠴᠢᠶᠡᠨ ᠳᠤ ᠦᠯᠦ ᠬᠠᠷᠢᠶᠠᠯᠠᠭᠳᠠᠬᠤ ᠡᠮ ᠡᠮᠨᠡᠯᠭᠡ ᠶᠢᠨ ᠵᠠᠷᠤᠳᠠᠯ ᠢ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠳ᠋ᠦᠩᠨᠡᠨ ᠪᠣᠳᠤᠯᠲᠠ ᠳᠤ ᠣᠷᠣᠭᠤᠯᠬᠤ ᠠᠰᠠᠭᠤᠳᠠᠯ ᠪᠠᠷᠤᠭ 14% ᠶᠢ ᠡᠵᠡᠯᠡᠪᠡ᠃  ᠡᠭᠦᠨ ᠠᠴᠠ ᠭᠠᠳᠠᠨ᠎ᠠ ᠪᠠᠰᠠ ᠡᠮᠨᠡᠯᠭᠡ ᠳᠤ ᠰᠠᠭᠤᠬᠤ ᠶᠢ ᠵᠠᠳᠠᠯᠬᠤ᠂ ᠣᠷᠣ ᠬᠤᠭᠤᠰᠤᠨ ᠲᠠᠯᠪᠢᠵᠤ ᠡᠮᠨᠡᠯᠭᠡ ᠳᠤ ᠰᠠᠭᠤᠬᠤ᠂ ᠡᠳ᠋ ᠤᠨ ᠶᠠᠪᠤᠳᠠᠯ ᠤᠨ ᠲᠠᠩᠰᠠ᠂ ᠨᠢᠭᠲᠠᠯᠠᠨ ᠪᠣᠳᠣᠯᠲᠠ ᠶᠢᠨ ᠭᠡᠷᠡᠴᠢ ᠪᠠᠷᠢᠮᠲᠠ᠂ ᠵᠣᠷ᠂ ᠡᠪᠡᠳᠴᠢᠨ ᠤ ᠲᠡᠤᠬᠡ᠂ ᠡᠮᠨᠡᠨ ᠵᠠᠰᠠᠭᠰᠠᠨ ᠪᠠᠶᠢᠴᠠᠭᠠᠯᠲᠠ ᠶᠢᠨ ᠲᠡᠮᠳᠡᠭᠯᠡᠯ᠂ ᠵᠠᠷᠤᠳᠠᠯ ᠤᠨ ᠨᠠᠷᠢᠨ ᠵᠦᠢᠯᠡᠰ᠂ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠬᠥᠮᠥᠷᠭᠡ ᠳᠤ ᠭᠠᠷᠭᠠᠭᠰᠠᠨ ᠲᠡᠮᠳᠡᠭᠯᠡᠯ ᠤᠨ ᠮᠠᠲ᠋ᠧᠷᠢᠶᠠᠯ ᠢ ᠲᠣᠭᠲᠠᠭᠠᠯ ᠶᠣᠰᠣᠭᠠᠷ ᠬᠠᠳᠠᠭᠠᠯᠠᠵᠤ ᠬᠠᠮᠢᠶᠠᠷᠤᠭᠰᠠᠨ ᠦᠭᠡᠢ ᠵᠡᠷᠭᠡ ᠠᠰᠠᠭᠤᠳᠠᠯ ᠣᠷᠣᠰᠢᠵᠤ ᠪᠠᠶᠢᠨ᠎ᠠ︔   ᠴᠥᠭᠡᠨ ᠲᠣᠭᠠᠨ ᠤ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠳᠤ ᠪᠠᠰᠠ ᠬᠤᠳᠠᠯ ᠬᠠᠭᠤᠷᠮᠠᠭ ᠣᠨᠣᠰᠢᠯᠠᠨ ᠡᠮᠨᠡᠬᠦ᠂ ᠬᠤᠳᠠᠯ ᠬᠠᠭᠤᠷᠮᠠᠭ ᠢᠶᠠᠷ ᠡᠮ ᠬᠤᠳᠠᠯᠳᠤᠨ ᠠᠪᠬᠤ ᠵᠡᠷᠭᠡ ᠠᠰᠠᠭᠤᠳᠠᠯ ᠣᠷᠣᠰᠢᠵᠤ ᠪᠠᠶᠢᠨ᠎ᠠ᠃    ᠭᠤᠷᠪᠠ᠂ 2024 ᠣᠨ ᠤ ᠪᠠᠶᠢᠴᠠᠭᠠᠯᠲᠠ ᠶᠢᠨ ᠭᠠᠵᠠᠷ ᠣᠷᠣᠨ ᠪᠠ ᠪᠠᠶᠢᠭᠤᠯᠤᠮᠵᠢ ᠳᠤ ᠶᠠᠮᠠᠷ ᠶᠠᠮᠠᠷ ᠬᠤᠪᠢᠷᠠᠯᠲᠠ ᠭᠠᠷᠤᠭᠰᠠᠨ ᠪᠣᠶ︖  2024 ᠣᠨ ᠳᠤ᠂ ᠤᠯᠤᠰ ᠠᠴᠠ ᠭᠡᠨᠡᠳᠡᠭᠦᠯᠦᠨ ᠪᠠᠶᠢᠴᠠᠭᠠᠯᠲᠠ ᠶᠢᠨ ᠭᠠᠵᠠᠷ ᠣᠷᠣᠨ ᠪᠠ ᠪᠠᠶᠢᠭᠤᠯᠤᠮᠵᠢ ᠶᠢ ᠬᠠᠮᠤᠷᠬᠤ ᠲᠠᠯ᠎ᠠ ᠪᠠᠷ᠂ ᠳᠣᠤᠷᠠᠬᠢ ᠵᠠᠷᠴᠢᠮ ᠢ ᠪᠠᠷᠢᠮᠲᠠᠯᠠᠨ᠎ᠠ᠄ ᠨᠢᠭᠡ ᠳᠤ ᠭᠠᠵᠠᠷ ᠣᠷᠣᠨ ᠢ ᠥᠷᠭᠡᠨ ᠢᠶᠠᠷ ᠬᠠᠮᠤᠷᠬᠤ ᠶᠢ ᠪᠠᠷᠢᠮᠲᠠᠯᠠᠨ᠎ᠠ᠃ ᠭᠡᠨᠡᠳᠡᠭᠦᠯᠦᠨ ᠪᠠᠶᠢᠴᠠᠭᠠᠯᠲᠠ ᠶᠢ ᠪᠦᠬᠦ ᠤᠯᠤᠰ ᠤᠨ ᠡᠯ᠎ᠡ ᠮᠤᠵᠢ ᠶᠢ ᠪᠦᠬᠦᠨ ᠢ ᠬᠠᠮᠤᠷᠬᠤ ᠶᠢ ᠪᠡᠶᠡᠯᠡᠭᠦᠯᠬᠦ ᠶᠢᠨ ᠬᠠᠮᠲᠤ ᠰᠤᠭᠤᠴᠢᠨ ᠪᠠᠶᠢᠴᠠᠭᠠᠬᠤ ᠬᠤᠲᠠ ᠶᠢᠨ ᠬᠡᠪᠴᠢᠶ᠎ᠡ ᠶᠢ ᠤᠯᠠᠮ ᠨᠢᠭᠡ ᠠᠯᠬᠤᠮ ᠨᠡᠮᠡᠭᠳᠡᠭᠦᠯᠦᠨ᠎ᠡ᠃ ᠵᠠᠷᠴᠢᠮ ᠳᠡᠭᠡᠷ᠎ᠡ ᠪᠠᠨ ᠮᠤᠵᠢ ᠨᠢᠭᠡᠪᠦᠷᠢ ᠶᠢᠨ ᠰᠤᠭᠤᠴᠢᠨ ᠪᠠᠶᠢᠴᠠᠭᠠᠬᠤ ᠬᠤᠲᠠ ᠶᠢᠨ ᠲᠤᠭ᠎ᠠ ᠨᠢ ᠥᠩᠭᠡᠷᠡᠭᠰᠡᠨ ᠤ ᠵᠢᠯ ᠪᠦᠷᠢ 1 ᠪᠠᠶᠢᠭᠰᠠᠨ ᠠᠴᠠ ᠪᠠᠨ ᠨᠡᠮᠡᠭᠳᠡᠭᠡᠳ 2 ᠪᠣᠯᠵᠤ᠂ ᠡᠭᠦᠨ ᠤ ᠳᠣᠲᠣᠷ᠎ᠠ ᠡᠯ᠎ᠡ ᠮᠤᠵᠢ ᠶᠢᠨ ᠲᠥᠪ ᠬᠤᠲᠠ ᠶᠢ ᠵᠠᠪᠠᠯ ᠪᠠᠶᠢᠴᠠᠭᠠᠨ᠎ᠠ᠃ ᠬᠤᠶᠠᠷ ᠲᠤ ᠪᠠᠶᠢᠭᠤᠯᠤᠮᠵᠢ ᠶᠢᠨ ᠲᠥᠷᠥᠯ ᠬᠡᠯᠪᠡᠷᠢ ᠪᠦᠬᠦᠨ ᠢ ᠬᠠᠮᠤᠷᠬᠤ ᠶᠢ ᠪᠠᠷᠢᠮᠲᠠᠯᠠᠨ᠎ᠠ᠃ ᠮᠤᠵᠢ ᠪᠦᠷᠢ ᠲᠣᠭᠲᠠᠭᠰᠠᠨ ᠲᠣᠭᠠᠨ ᠤ ᠠᠯᠪᠠᠨ ᠠᠴᠠ ᠪᠠᠶᠢᠭᠤᠯᠤᠭᠰᠠᠨ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ᠂ ᠠᠷᠠᠳ ᠠᠴᠠ ᠡᠵᠡᠩᠨᠡᠭᠰᠡᠨ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠪᠣᠯᠤᠨ ᠴᠡᠭ ᠲᠣᠭᠲᠠᠭᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠢ ᠬᠠᠮᠲᠤ ᠳᠤᠨᠢ ᠪᠠᠶᠢᠴᠠᠭᠠᠨ᠎ᠠ᠃ ᠭᠤᠷᠪᠠ ᠳᠤ ᠠᠩᠬ᠎ᠠ ᠤᠳᠠᠭ᠎ᠠ ︽ᠡᠷᠬᠢᠨ ᠬᠠᠷᠠᠬᠤ︾ ᠠᠵᠢᠯᠯᠠᠭ᠎ᠠ ᠥᠷᠨᠢᠭᠦᠯᠪᠡ᠃ ᠡᠨᠡ ᠵᠢᠯ ᠥᠩᠭᠡᠷᠡᠭᠰᠡᠨ ᠵᠢᠯ ᠤᠳ ᠲᠤ ᠨᠢᠭᠡᠨᠲᠡ ᠭᠡᠨᠡᠳᠡᠭᠦᠯᠦᠨ ᠪᠠᠶᠢᠴᠠᠭᠠᠯᠲᠠ ᠬᠢᠭᠰᠡᠨ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠳᠣᠲᠣᠷ᠎ᠠ ᠠᠴᠠ ᠵᠣᠬᠢᠬᠤ ᠬᠠᠷᠢᠴᠠᠯ ᠢ ᠭᠠᠷᠭᠠᠨ ᠠᠪᠴᠤ ︽ᠡᠷᠭᠢᠵᠦ ᠬᠠᠷᠠᠨ᠎ᠠ︾᠃ ᠡᠨᠡ ᠬᠦ ᠠᠷᠭ᠎ᠠ ᠬᠡᠮᠵᠢᠶ᠎ᠡ ᠶᠢᠨ ᠭᠤᠣᠯ ᠪᠣᠳᠣᠯᠬᠢᠯᠠᠯ ᠨᠢ ᠪᠣᠯ ᠨᠢᠭᠡᠨᠲᠡ ᠪᠠᠶᠢᠴᠠᠭᠠᠵᠤ ᠥᠩᠭᠡᠷᠡᠭᠰᠡᠨ ᠪᠠᠶᠢᠭᠤᠯᠤᠮᠵᠢ ᠨᠢ ᠬᠡᠳᠦᠨ ᠵᠢᠯ ᠤᠨ ᠳᠣᠲᠣᠷ᠎ᠠ ᠳᠠᠬᠢᠵᠤ ᠪᠠᠶᠢᠴᠠᠭᠠᠬᠤ ᠦᠭᠡᠢ ᠭᠡᠵᠦ ᠦᠵᠡᠬᠦ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠵᠢᠷᠤᠮᠵᠢᠭᠤᠯᠤᠨ ᠬᠡᠷᠡᠭᠯᠡᠬᠦ ᠲᠠᠯ᠎ᠠ ᠪᠠᠷ ᠬᠤᠶᠢᠷᠭᠤᠰᠢᠬᠤ ᠦᠵᠡᠯ ᠰᠠᠨᠠᠭ᠎ᠠ ᠪᠣᠢ ᠪᠣᠯᠬᠤ ᠠᠴᠠ       ᠵᠠᠶᠢᠯᠠᠰᠬᠢᠵᠤ᠂ ᠴᠡᠭ ᠲᠣᠭᠲᠠᠭᠠᠭᠰᠠᠨ ᠪᠠᠶᠢᠭᠤᠯᠤᠮᠵᠢ ᠶᠢ ᠬᠥᠲᠥᠯᠥᠨ ᠵᠢᠯᠣᠭᠤᠳᠴᠤ ᠪᠠᠶᠢᠭᠠᠳ ᠳᠣᠲᠣᠭᠠᠳᠤ ᠶᠢᠨ ᠬᠠᠮᠢᠶᠠᠷᠤᠯᠲᠠ ᠪᠠᠨ ᠴᠢᠩᠭᠠᠳᠬᠠᠬᠤ᠂ ᠰᠠᠭᠤᠷᠢ ᠮᠥᠩᠭᠦ ᠶᠢᠨ ᠬᠡᠷᠡᠭᠯᠡᠯᠲᠡ ᠶᠢ ᠵᠢᠷᠤᠮᠵᠢᠭᠤᠯᠬᠤ ᠪᠠᠷ ᠰᠠᠨᠠᠭᠠᠴᠢᠯᠠᠭᠠᠲᠤ ᠤᠬᠠᠮᠰᠠᠷ ᠪᠠ ᠤᠬᠠᠮᠰᠠᠷᠲᠤ ᠠᠵᠢᠯᠯᠠᠭ᠎ᠠ ᠪᠣᠯᠭᠠᠨ᠎ᠠ᠃  ᠳᠥᠷᠪᠡ᠂ 2024 ᠣᠨ ᠤ ᠭᠡᠨᠡᠳᠡᠭᠦᠯᠦᠨ ᠪᠠᠶᠢᠴᠠᠭᠠᠯᠲᠠ ᠶᠢᠨ ᠭᠤᠤᠯᠳᠠᠯᠭ᠎ᠠ ᠲᠠᠢ ᠠᠭᠤᠯᠭ᠎ᠠ ᠨᠢ ᠶᠠᠭᠤ ᠶᠠᠭᠤ ᠪᠣᠶ︖  2022 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ 2023 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯᠠᠬᠢ ᠬᠤᠭᠤᠴᠠᠭᠠᠨ ᠳᠠᠬᠢ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠡᠷᠡᠭᠯᠡᠯᠲᠡ᠂ ᠬᠠᠮᠢᠶᠠᠷᠤᠯᠲᠠ ᠵᠢᠴᠢ ᠬᠠᠮᠢᠶ᠎ᠠ ᠪᠦᠬᠦᠢ ᠳᠣᠲᠣᠭᠠᠳᠤ ᠶᠢᠨ ᠡᠵᠡᠮᠳᠡᠯ ᠤᠨ ᠲᠦᠷᠢᠮ ᠤᠨ ᠪᠠᠶᠢᠭᠤᠯᠤᠯᠲᠠ᠂ ᠬᠡᠷᠡᠭᠵᠢᠭᠦᠯᠦᠯᠲᠡ ᠵᠡᠷᠭᠡ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠵᠤ᠂ ᠴᠢᠬᠤᠯᠠ ᠲᠠᠢ ᠦᠶ᠎ᠡ ᠳᠤ ᠥᠩᠭᠡᠷᠡᠭᠰᠡᠨ ᠵᠢᠯ ᠢ ᠮᠥᠷᠳᠡᠨ ᠪᠠᠶᠢᠴᠠᠭᠠᠬᠤ ᠪᠤᠶᠤ 2024 ᠣᠨ ᠪᠣᠯᠲᠠᠯ᠎ᠠ ᠤᠷᠲᠤᠳᠬᠠᠨ ᠪᠠᠶᠢᠴᠠᠭᠠᠨ᠎ᠠ᠃  ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠴᠢᠭᠯᠡᠭᠦᠯᠵᠦ᠂ ᠲᠠᠪᠤᠨ ᠲᠠᠯ᠎ᠠ ᠪᠠᠷ ᠪᠠᠶᠢᠴᠠᠭᠠᠨ ᠰᠢᠢᠳᠪᠦᠷᠢᠯᠡᠨ᠎ᠡ᠄ ᠨᠢᠭᠡ ᠳᠤ ᠬᠦᠨᠳᠦ ᠡᠪᠡᠳᠴᠢᠨ ᠤ ᠠᠨᠠᠭᠠᠬᠤ ᠤᠬᠠᠭᠠᠨ᠂ ᠮᠢᠨᠴᠦᠭᠦᠷᠡᠭᠦᠯᠬᠦ᠂ ᠠᠭᠤᠰᠬᠢᠨ ᠬᠡᠰᠡᠭ ᠤᠨ ᠬᠠᠪᠤᠳᠠᠷ ᠵᠡᠷᠭᠡ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠤᠯᠢ ᠲᠣᠭᠲᠠᠭᠠᠯ ᠠᠴᠠ ᠵᠥᠷᠢᠴᠡᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠬᠡᠷᠡᠭᠯᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠵᠦ᠂ ᠳᠠᠭᠠᠳᠬᠠᠯ ᠢ ᠮᠡᠬᠡᠯᠡᠨ ᠠᠪᠬᠤ ᠠᠰᠠᠭᠤᠳᠠᠯ ᠢ ᠭᠤᠣᠯᠳᠠᠯᠭ᠎ᠠ ᠲᠠᠢ ᠪᠠᠶᠢᠴᠠᠭᠠᠨ ᠰᠢᠢᠳᠪᠦᠷᠢᠯᠡᠨ᠎ᠡ᠃ ᠬᠤᠶᠠᠷ ᠲᠤ ᠵᠢᠷᠦᠬᠡ ᠴᠢᠰᠤᠨ ᠰᠤᠳᠠᠯ ᠤᠨ ᠳᠣᠲᠣᠷ ᠰᠠᠯᠠᠭ᠎ᠠ᠂ ᠶᠠᠰᠤᠨ ᠤ ᠰᠠᠯᠠᠭ᠎ᠠ᠂ ᠴᠢᠰᠤ ᠴᠡᠪᠡᠷᠰᠢᠭᠦᠯᠬᠦ᠂ ᠡᠷᠡᠭᠦᠯᠵᠢᠬᠦ᠂ ᠠᠨᠠᠭᠠᠬᠤ ᠤᠬᠠᠭᠠᠨ ᠤ ᠵᠢᠷᠤᠭ ᠳᠦᠷᠰᠦ᠂ ᠡᠮᠴᠢᠯᠡᠭᠡᠨ ᠤ ᠰᠢᠯᠭᠠᠨ ᠪᠠᠶᠢᠴᠠᠭᠠᠯᠲᠠ ᠵᠡᠷᠭᠡ ᠥᠩᠭᠡᠷᠡᠭᠰᠡᠨ ᠵᠢᠯ ᠳᠤ ᠨᠢᠭᠡᠨᠲᠡ ᠭᠤᠤᠯᠳᠠᠯᠭ᠎ᠠ ᠲᠠᠢ ᠪᠠᠶᠢᠴᠠᠭᠠᠬᠤ ᠶᠢᠨ ᠬᠠᠮᠲᠤ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠤᠭᠰᠠᠨ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠱᠠᠭᠠᠷᠳᠠᠯᠭ᠎ᠠ ᠶᠣᠰᠣᠭᠠᠷ ᠥᠪᠡᠰᠦᠪᠡᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠡᠰᠡᠬᠦ ᠶᠢ ᠪᠠᠶᠢᠴᠠᠭᠠᠨ᠎ᠠ᠃ ᠭᠤᠷᠪᠠ ᠳᠤ ︽ᠡᠷᠭᠢᠨ ᠬᠠᠷᠠᠬᠤ︾ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠴᠢᠭᠯᠡᠭᠦᠯᠦᠨ᠂ ᠤᠤᠯ ᠤᠨ ᠵᠢᠯ ᠤᠨ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠮᠥᠨ ᠬᠦ ᠣᠷᠣᠰᠢᠵᠤ ᠪᠠᠶᠢᠬᠤ ᠡᠰᠡᠬᠦ᠂ ᠴᠡᠭᠴᠡᠯᠡᠨ ᠰᠠᠶᠢᠵᠢᠷᠠᠭᠤᠯᠤᠭᠰᠠᠨ ᠡᠰᠡᠬᠦ ᠶᠢ ᠭᠤᠤᠯᠳᠠᠯᠭ᠎ᠠ ᠲᠠᠢ ᠠᠩᠬᠠᠷᠤᠨ᠎ᠠ᠃ ᠳᠥᠷᠪᠡ ᠳᠤ ᠡᠮ ᠤᠨ ᠵᠦᠢᠯ ᠤᠨ ᠬᠤᠷᠣᠭᠳᠠᠯ ᠮᠠᠲ᠋ᠧᠷᠢᠶᠠᠯ ᠢ ᠰᠦᠯᠵᠢᠶ᠎ᠡ ᠪᠠᠷ ᠬᠤᠳᠠᠯᠳᠤᠨ ᠠᠪᠤᠭᠰᠠᠨ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠯᠪᠠᠨ ᠠᠴᠠ ᠡᠷᠬᠢᠯᠡᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠲᠣᠭᠲᠠᠭᠠᠯ ᠶᠣᠰᠣᠭᠠᠷ ᠮᠤᠵᠢ ᠶᠢᠨ ᠱᠠᠲᠤᠨ ᠤ ᠲᠥᠪᠯᠡᠷᠡᠭᠦᠯᠦᠨ ᠬᠤᠳᠠᠯᠳᠤᠨ ᠠᠪᠬᠤ ᠲᠠᠪᠴᠠᠩ ᠠᠴᠠ ᠪᠥᠬᠦ ᠬᠡᠷᠡᠭᠰᠡᠬᠦ ᠡᠮ ᠤᠨ ᠵᠦᠢᠯ ᠤᠨ ᠬᠤᠷᠣᠭᠳᠠᠯ ᠮᠠᠲ᠋ᠧᠷᠢᠶᠠᠯ ᠢ ᠬᠤᠳᠠᠯᠳᠤᠨ ᠠᠪᠤᠭᠰᠠᠨ ᠡᠰᠡᠬᠦ ᠶᠢ ᠭᠤᠤᠯᠳᠠᠯᠭ᠎ᠠ ᠲᠠᠢ ᠠᠩᠬᠠᠷᠤᠨ᠎ᠠ᠃ ᠲᠠᠪᠤ ᠳᠤ ᠮᠤᠵᠢ ᠠᠯᠤᠰᠯᠠᠨ ᠣᠨᠳᠣᠤ ᠭᠠᠵᠠᠷ ᠲᠤ ᠡᠪᠡᠳᠴᠢᠨ ᠦᠵᠡᠭᠦᠯᠦᠭᠰᠡᠨ ᠡᠪᠡᠳᠴᠢᠲᠡᠨ ᠳᠤ ᠴᠢᠭᠯᠡᠭᠦᠯᠦᠨ᠂ ᠬᠠᠤᠯᠢ ᠲᠣᠭᠲᠠᠭᠠᠯ ᠠᠴᠠ ᠵᠥᠷᠢᠴᠡᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠬᠡᠷᠡᠭᠯᠡᠭᠰᠡᠨ ᠦᠢᠯᠡ ᠠᠵᠢᠯᠯᠠᠭ᠎ᠠ ᠣᠷᠣᠰᠢᠵᠤ ᠪᠠᠶᠢᠬᠤ ᠡᠰᠡᠬᠦ ᠶᠢ ᠪᠠᠶᠢᠴᠠᠭᠠᠨ᠎ᠠ᠃  ᠴᠡᠭ ᠲᠣᠭᠲᠠᠭᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠲᠤ ᠴᠢᠭᠯᠡᠭᠦᠯᠦᠨ᠂ ᠭᠤᠷᠪᠠᠨ ᠲᠠᠯ᠎ᠠ ᠶᠢ ᠭᠤᠣᠯᠳᠠᠯᠭ᠎ᠠ ᠲᠠᠢ ᠪᠠᠶᠢᠴᠠᠭᠠᠨ ᠰᠢᠢᠳᠪᠦᠷᠢᠯᠡᠨ᠎ᠡ᠄ ᠨᠢᠭᠡ ᠳᠤ ᠬᠤᠳᠠᠯ ᠬᠠᠭᠤᠷᠮᠠᠭ ᠢᠶᠠᠷ ᠡᠮ ᠬᠤᠳᠠᠯᠳᠤᠨ ᠠᠪᠬᠤ᠃ ᠵᠣᠷ ᠪᠤᠶᠤ ᠵᠠᠷᠤᠳᠠᠯ ᠤᠨ ᠨᠠᠷᠢᠨ ᠬᠠᠭᠤᠳᠠᠰᠤ ᠶᠢ ᠬᠠᠭᠤᠷᠮᠠᠭ ᠵᠣᠬᠢᠶᠠᠬᠤ᠂ ᠡᠮᠴᠢᠯᠡᠭᠡᠨ ᠤ ᠳᠠᠭᠠᠳᠭᠠᠯ ᠤᠨ ᠺᠠᠷᠲ ᠪᠤᠶᠤ ᠡᠮᠴᠢᠯᠡᠭᠡᠨ ᠤ ᠳᠠᠭᠠᠳᠭᠠᠯ ᠤᠨ ᠡᠯᠧᠺᠲᠷᠣᠨ ᠭᠡᠷᠡᠴᠢ ᠪᠠᠷᠢᠮᠲᠠ ᠶᠢ ᠬᠤᠭᠤᠰᠤᠨ ᠪᠣᠳᠣᠬᠤ ᠪᠤᠶᠤ ᠬᠤᠯᠠᠭᠠᠶᠢᠯᠠᠨ ᠪᠣᠳᠣᠬᠤ᠃ ᠬᠤᠶᠠᠷ ᠲᠤ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯ ᠢ ᠰᠠᠷᠢᠭᠠᠯᠠᠬᠤ ᠳᠤ  ᠣᠷᠣᠯᠴᠠᠬᠤ᠃ ᠭᠤᠷᠪᠠ ᠳᠤ ᠡᠮ ᠤᠨ ᠵᠦᠢᠯ ᠢ ᠰᠣᠯᠢᠬᠤ᠃ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠠᠴᠠ ᠲᠣᠭᠠᠴᠠᠭ᠎ᠠ ᠬᠢᠵᠦ ᠥᠭᠬᠦ ᠦᠭᠡᠢ ᠡᠮ ᠤᠨ ᠵᠦᠢᠯ ᠪᠤᠶᠤ ᠪᠤᠰᠤᠳ ᠲᠠᠸᠠᠷ ᠢ  ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯ ᠪᠣᠯᠭᠠᠨ ᠰᠣᠯᠢᠵᠤ ᠡᠮᠴᠢᠯᠡᠭᠡᠨ ᠤ ᠳᠠᠭᠠᠳᠬᠠᠯ ᠢᠶᠠᠷ ᠳ᠋ᠦᠩᠨᠡᠨ ᠪᠣᠳᠣᠵᠤ᠂ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯ ᠢ ︽ᠣᠷᠣᠭᠤᠯᠬᠤ᠂ ᠪᠣᠷᠣᠯᠠᠭᠤᠯᠬᠤ᠂ ᠬᠠᠳᠠᠭᠠᠯᠠᠬᠤ︾ ᠫᠢᠶᠣᠣ ᠪᠠᠷᠢᠮᠲᠠ ᠪᠠ ᠳᠠᠩᠰᠠ ᠶᠢ ᠬᠠᠭᠤᠷᠮᠠᠭᠯᠠᠨ ᠵᠣᠬᠢᠶᠠᠵᠤ᠂ ᠬᠤᠪᠢᠷᠠᠭᠤᠯᠤᠨ ᠵᠣᠬᠢᠶᠠᠬᠤ᠃  ᠲᠠᠪᠤ᠂ ᠭᠡᠨᠡᠳᠡᠭᠦᠯᠦᠨ ᠪᠠᠶᠢᠴᠠᠭᠠᠯᠲᠠ ᠶᠢ ᠬᠡᠷᠬᠢᠨ ᠵᠣᠬᠢᠶᠠᠨ ᠪᠠᠶᠢᠭᠤᠯᠬᠤ ᠪᠤᠢ︖ ᠠᠯᠢ ᠬᠡᠳᠦᠨ ᠭᠤᠭᠴᠤᠭ᠎ᠠ ᠶᠢ ᠪᠠᠭᠲᠠᠭᠠᠭᠰᠠᠨ ᠪᠤᠢ︖  ᠤᠯᠤᠰ ᠤᠨ ᠭᠡᠨᠡᠳᠡᠭᠦᠯᠦᠨ ᠪᠠᠶᠢᠴᠠᠭᠠᠯᠲᠠ ᠶᠢ ︽ᠤᠯᠤᠰ ᠠᠴᠠ ᠵᠣᠬᠢᠶᠠᠨ ᠪᠠᠶᠢᠭᠤᠯᠵᠤ᠂ ᠡᠯ᠎ᠡ ᠮᠤᠵᠢ ᠰᠣᠯᠪᠢᠴᠠᠨ᠂ ᠬᠠᠷᠢᠶ᠎ᠠ ᠭᠠᠵᠠᠷ ᠨᠢ ᠬᠠᠮᠵᠢᠯᠴᠠᠬᠤ︾ ᠵᠠᠭᠪᠤᠷ ᠢᠶᠠᠷ ᠥᠷᠨᠢᠭᠦᠯᠦᠨ᠎ᠡ᠃ ᠤᠯᠤᠰ ᠤᠨ ᠳᠡᠰ ᠳᠠᠪᠬᠤᠷᠭ᠎ᠠ ᠠᠴᠠ ᠪᠠᠶᠢᠴᠠᠭᠠᠬᠤ ᠲᠥᠰᠦᠯ ᠲᠣᠭᠲᠠᠭᠠᠬᠤ ᠶᠢ ᠬᠠᠷᠢᠭᠤᠴᠠᠵᠤ᠂ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠵᠤ᠂ ᠪᠠᠶᠢᠴᠠᠭᠠᠬᠤ ᠪᠦᠬᠦ ᠶᠠᠪᠤᠴᠠ ᠶᠢ ᠵᠢᠯᠣᠭᠤᠳᠬᠤ ᠪᠠ ᠬᠢᠨᠠᠯᠲᠠ ᠲᠠᠯᠪᠢᠬᠤ ᠶᠢ ᠴᠢᠩᠭᠠᠳᠬᠠᠨ᠂ ︽ᠳᠡᠭᠡᠳᠦ ᠱᠠᠲᠤ ᠠᠴᠠ ᠳᠣᠤᠷᠠᠳᠤ ᠱᠠᠲᠤ ᠪᠠᠨ ᠪᠠᠶᠢᠴᠠᠭᠠᠬᠤ︾ ᠠᠵᠢᠯ ᠤᠨ ᠡᠷᠴᠢᠮ ᠢ ᠴᠢᠩᠭᠠᠷᠠᠭᠤᠯᠤᠨ᠎ᠠ᠃ ᠠᠳᠠᠯᠢ ᠪᠤᠰᠤ ᠮᠤᠵᠢ ᠶᠢᠨ ᠬᠤᠭᠤᠷᠣᠨᠳᠣ ᠲᠠᠰᠢᠷᠠᠮ ᠢᠶᠠᠷ ᠳᠤᠭᠤᠶᠢᠯᠠᠩ ᠲᠣᠬᠢᠷᠠᠭᠤᠯᠬᠤ ᠠᠷᠭ᠎ᠠ ᠪᠠᠷ ᠰᠣᠯᠢᠪᠴᠠᠭᠤᠯᠤᠨ ᠪᠠᠶᠢᠴᠠᠭᠠᠯᠲᠠ ᠬᠢᠨ᠎ᠡ᠃ ᠪᠠᠶᠢᠴᠠᠭᠠᠯᠲᠠ ᠳᠤ ᠣᠷᠣᠯᠴᠠᠭᠰᠠᠨ ᠮᠤᠵᠢ ᠨᠢ ᠪᠠᠶᠢᠴᠠᠭᠠᠬᠤ ᠬᠦᠴᠦᠨ ᠢ ᠵᠣᠬᠢᠶᠠᠨ ᠪᠠᠶᠢᠭᠤᠯᠵᠤ᠂ ᠲᠤᠬᠠᠶ ᠶᠢᠨ ᠲᠠᠯᠠᠪᠤᠷ ᠲᠤᠨᠢ ᠪᠠᠶᠢᠴᠠᠭᠠᠯᠲᠠ ᠬᠢᠬᠦ ᠶᠢ ᠬᠡᠷᠡᠭᠵᠢᠭᠦᠯᠬᠦ ᠶᠢ ᠬᠠᠷᠢᠭᠤᠴᠠᠨ᠎ᠠ︔  ᠪᠠᠶᠢᠴᠠᠭᠠᠭᠳᠠᠬᠤ ᠮᠣᠵᠢ ᠨᠢ ᠪᠠᠶᠢᠴᠠᠭᠠᠬᠤ ᠶᠢ ᠪᠡᠯᠡᠳᠬᠡᠬᠦ᠂ ᠵᠣᠬᠢᠶᠠᠨ ᠪᠠᠶᠢᠭᠤᠯᠬᠤ᠂ ᠬᠡᠷᠡᠭᠵᠢᠭᠦᠯᠬᠦ ᠶᠢ       ᠬᠠᠷᠢᠭᠤᠴᠠᠵᠤ᠂ ᠲᠤᠬᠠᠶ ᠶᠢᠨ ᠲᠠᠯᠠᠪᠤᠷ ᠲᠤ ᠪᠠᠶᠢᠴᠠᠭᠠᠬᠤ ᠠᠴᠠ ᠡᠮᠦᠨᠡᠬᠢ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠪᠠ ᠪᠠᠶᠢᠴᠠᠭᠠᠵᠤ ᠳᠠᠭᠤᠰᠤᠭᠰᠠᠨ ᠤ ᠳᠠᠷᠠᠭ᠎ᠠ ᠰᠢᠢᠳᠪᠦᠷᠢᠯᠡᠵᠦ ᠴᠡᠭᠴᠡᠯᠡᠨ ᠰᠠᠶᠢᠵᠢᠷᠠᠭᠤᠯᠬᠤ ᠶᠢ ᠵᠣᠬᠢᠶᠠᠨ ᠪᠠᠶᠢᠭᠤᠯᠵᠤ᠂ ᠬᠢᠨᠠᠯᠲᠠ ᠲᠠᠯᠪᠢᠵᠤ ᠪᠠᠶᠢᠴᠠᠭᠠᠬᠤ ᠶᠢᠨ ᠲᠥᠪ ᠭᠤᠤᠯᠴᠢ ᠴᠢᠨᠠᠷ ᠢ ᠴᠢᠩᠭᠠᠷᠠᠭᠤᠯᠤᠨ᠎ᠠ᠃     ᠪᠣᠳᠠᠲᠠᠶ ᠠᠵᠢᠯ ᠤᠨ ᠲᠠᠯ᠎ᠠ ᠪᠠᠷ᠂ ︽ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠭᠡᠨᠡᠳᠡᠭᠦᠯᠦᠨ ᠪᠠᠶᠢᠴᠠᠭᠠᠯᠲᠠ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢᠨ ᠱᠠᠭᠠᠷᠳᠠᠯᠭ᠎ᠠ ᠶᠣᠰᠣᠭᠠᠷ᠂ ᠭᠡᠨᠡᠳᠡᠭᠦᠯᠦᠨ ᠪᠠᠶᠢᠴᠠᠭᠠᠯᠲᠠ ᠨᠢ ᠶᠡᠷᠦ ᠳᠡᠭᠡᠨ ᠭᠤᠷᠪᠠᠨ ᠭᠤᠭᠴᠤᠭ᠎ᠠ ᠶᠢ ᠪᠠᠭᠲᠠᠭᠠᠨ᠎ᠠ᠄  ᠨᠢᠭᠡ ᠳᠤ ᠡᠬᠢᠯᠡᠭᠦᠯᠬᠦ᠃ ᠣᠨ ᠤ ᠠᠵᠢᠯ ᠤᠨ ᠲᠥᠯᠥᠪᠯᠡᠭᠡ᠂ ᠢᠯᠡᠴᠢᠯᠡᠨ ᠮᠡᠳᠡᠭᠦᠯᠦᠭᠰᠡᠨ ᠰᠦᠪᠡᠭᠴᠢ᠂ ᠣᠶᠤᠨᠴᠢ ᠬᠢᠨᠠᠨ ᠡᠵᠡᠮᠳᠡᠬᠦ ᠪᠤᠶᠤ ᠲᠣᠮᠣ ᠳ᠋ᠠᠶᠢᠲ᠋ᠠ ᠶᠢᠨ ᠰᠢᠭᠰᠢᠨ ᠪᠠᠶᠢᠴᠠᠭᠠᠭᠰᠠᠨ ᠰᠦᠪᠡᠭᠴᠢ᠂ ᠵᠠᠭᠤᠴᠢᠯᠠᠭᠤᠷ ᠤᠨ ᠢᠯᠡᠴᠢᠯᠡᠭᠡ ᠵᠡᠷᠭᠡ ᠶᠢ ᠦᠨᠳᠦᠰᠦᠯᠡᠨ᠂ ᠤᠯᠤᠰ ᠪᠤᠶᠤ ᠮᠤᠵᠢ ᠶᠢᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠭᠡᠨᠡᠳᠡᠭᠦᠯᠦᠨ ᠪᠠᠶᠢᠴᠠᠭᠠᠯᠲᠠ ᠶᠢ ᠡᠬᠢᠯᠡᠭᠦᠯᠦᠨ᠎ᠡ᠃ ᠡᠨᠡ ᠵᠢᠯ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠪᠠᠰᠠ ᠥᠩᠭᠡᠷᠡᠭᠰᠡᠨ ᠵᠢᠯ ᠤᠨ ᠠᠵᠢᠯ ᠤᠨ ᠰᠠᠭᠤᠷᠢᠨ ᠳᠡᠭᠡᠷ᠎ᠡ᠂ ᠭᠤᠤᠯᠳᠠᠯᠭ᠎ᠠ ᠲᠠᠢ ᠬᠦᠷᠢᠶᠡᠨ ᠳᠤ ᠢᠯᠡᠷᠡᠭᠦᠯᠦᠭᠰᠡᠨ ᠬᠠᠤᠯᠢ ᠲᠣᠭᠲᠠᠭᠠᠯ ᠠᠴᠠ ᠵᠥᠷᠢᠴᠡᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠬᠡᠷᠡᠭᠯᠡᠭᠰᠡᠨ ᠨᠡᠶᠢᠲᠡᠯᠢᠭ ᠠᠰᠠᠭᠤᠳᠠᠯ ᠢ ᠳ᠋ᠦᠩᠨᠡᠵᠦ᠂ ᠪᠥᠬᠦ ᠤᠯᠤᠰ ᠤᠨ ᠬᠡᠪᠴᠢᠶᠡᠨ ᠳᠤ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠠᠵᠢᠯ ᠢ ᠥᠷᠨᠢᠭᠦᠯᠬᠦ ᠶᠢᠨ ᠬᠠᠮᠲᠤ᠂ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠤᠭᠰᠠᠨ ᠪᠠᠶᠢᠳᠠᠯ ᠢ ᠭᠡᠨᠡᠳᠡᠭᠦᠯᠦᠨ ᠪᠠᠶᠢᠴᠠᠭᠠᠯᠲᠠ ᠶᠢᠨ ᠭᠤᠤᠯᠳᠠᠯᠭ᠎ᠠ ᠲᠠᠢ ᠠᠭᠤᠯᠭ᠎ᠠ ᠪᠣᠯᠭᠠᠵᠤ᠂ ᠴᠡᠭ ᠲᠣᠭᠲᠠᠭᠠᠭᠰᠠᠨ ᠪᠠᠶᠢᠭᠤᠯᠤᠮᠵᠢ ᠶᠢᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠵᠢᠷᠤᠮᠵᠢᠭᠤᠯᠤᠨ ᠬᠡᠷᠡᠭᠯᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠪᠠᠷ ᠭᠤᠤᠯᠳᠠᠯᠭ᠎ᠠ ᠪᠣᠯᠭᠠᠨ᠎ᠠ᠃  ᠬᠤᠶᠠᠷ ᠲᠤ ᠪᠠᠶᠢᠴᠠᠭᠠᠬᠤ᠃ ᠭᠡᠨᠡᠳᠡᠭᠦᠯᠦᠨ ᠪᠠᠶᠢᠴᠠᠭᠠᠬᠤ ᠳᠤᠭᠤᠶᠢᠯᠠᠩ ᠠᠵᠢᠯ ᠤᠨ ᠲᠣᠬᠢᠷᠠᠭᠤᠯᠤᠯᠲᠠ ᠶᠣᠰᠣᠭᠠᠷ᠂ ᠡᠯ᠎ᠡ ᠮᠤᠵᠢ ᠳᠤ ᠵᠠᠯᠭᠠᠭ᠎ᠠ ᠪᠠᠷ ᠬᠦᠷᠴᠦ ᠲᠤᠬᠠᠶ ᠶᠢᠨ ᠲᠠᠯᠠᠪᠤᠷ ᠤᠨ ᠪᠠᠶᠢᠴᠠᠭᠠᠯᠲᠠ ᠥᠷᠨᠢᠭᠦᠯᠵᠦ᠂ ᠲᠣᠭᠠᠴᠢᠨ ᠲᠣᠳᠣᠷᠬᠠᠶᠢᠯᠠᠬᠤ ᠶᠢ ᠶᠢ ᠭᠥᠯᠢᠶᠡᠨ ᠠᠪᠴᠤ᠂ ᠨᠡᠪᠲᠡᠷᠡᠯᠴᠡᠨ ᠰᠣᠯᠢᠯᠴᠠᠵᠤ᠂ ᠪᠠᠶᠢᠴᠠᠭᠠᠯᠲᠠ ᠶᠢᠨ ᠮᠡᠳᠡᠭᠦᠯᠦᠯᠲᠡ ᠶᠢ ᠪᠣᠶ ᠪᠣᠯᠭᠠᠨ᠎ᠠ᠃  ᠭᠤᠷᠪᠠ ᠳᠤ ᠰᠢᠢᠳᠪᠦᠷᠢᠯᠡᠬᠦ᠃ ᠪᠠᠶᠢᠴᠠᠭᠠᠭᠳᠠᠬᠤ ᠭᠠᠵᠠᠷ ᠤᠨ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠤᠳ ᠭᠡᠨᠡᠳᠡᠭᠦᠯᠦᠨ ᠪᠠᠶᠢᠴᠠᠭᠠᠯᠲᠠ ᠶᠢᠨ ᠪᠠᠶᠢᠳᠠᠯ ᠢ ᠦᠨᠳᠦᠰᠦᠯᠡᠨ᠂ ᠰᠢᠢᠳᠪᠦᠷᠢᠯᠡᠬᠦ ᠠᠬᠢᠴᠠ᠂ ᠴᠡᠭᠴᠡᠯᠡᠨ ᠰᠠᠶᠢᠵᠢᠷᠠᠭᠤᠯᠬᠤ ᠲᠥᠰᠦᠯ ᠢᠶᠠᠨ ᠮᠡᠳᠡᠭᠦᠯᠵᠦ᠂ ᠰᠢᠢᠳᠪᠦᠷᠢᠯᠡᠵᠦ ᠪᠠᠷᠠᠭᠰᠠᠨ ᠤ ᠳᠠᠷᠠᠭ᠎ᠠ ᠪᠢᠴᠢᠭ ᠤᠨ ᠮᠡᠳᠡᠭᠦᠯᠦᠯᠲᠡ ᠪᠠᠨ ᠮᠡᠳᠡᠭᠦᠯᠦᠨ ᠬᠦᠷᠭᠡᠬᠦ ᠬᠡᠷᠡᠭᠲᠡᠶ᠃ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠵᠢᠯ ᠤᠨ ᠳ᠋ᠦᠩᠨᠡᠯᠲᠡ ᠶᠢ ᠪᠡᠶᠡᠯᠡᠭᠦᠯᠦᠨ᠎ᠡ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号