3 ᠳ᠋ᠤᠭᠠᠷ ᠰᠠᠷ᠎ᠠ ᠶᠢᠨ 18 ᠤ ᠡᠳᠦᠷ᠂ ᠬᠤᠲᠠ ᠶᠢᠨ ᠠᠷᠠᠳ ᠷᠤᠸᠠᠨ ᠠᠪᠤᠭᠠᠶ ᠪᠤᠭᠤᠲᠤ ᠶᠢᠨ ᠪᠣᠯᠣᠳ | ᠲᠡᠮᠦᠷ ᠤᠨ ᠭᠤᠷᠪᠠᠳᠤᠭᠠᠷ ᠡᠮᠨᠡᠯᠭᠡ ᠶᠢᠨ ᠬᠤᠷᠢᠶ᠎ᠠ ᠳᠤ ᠰᠠᠶ᠋ᠢ ᠬᠥᠩᠭᠡᠵᠢᠭᠡᠳ ᠡᠮᠨᠡᠯᠭᠡ ᠠᠴᠠ ᠭᠠᠷᠬᠤ ᠭᠡᠵᠦ ᠪᠠᠶᠢᠭ᠎ᠠ | ᠠᠮᠠᠷᠠᠭ ᠲᠠᠭᠠᠨ ᠡᠮᠨᠡᠯᠭᠡ ᠠᠴᠠ ᠭᠠᠷᠬᠤ ᠲᠠᠩᠰᠠ ᠴᠠᠶᠢᠷᠠᠭᠤᠯᠬᠤ ᠭᠠᠷ ᠭᠦᠢᠴᠡᠳᠬᠡᠯ ᠬᠢᠵᠦ ᠥᠭᠬᠦ ᠶᠢᠨ ᠬᠠᠮᠲᠤ | ᠦᠷᠡᠵᠢᠯ ᠤᠨ ᠨᠡᠮᠡᠭᠦᠷᠢ ᠭᠤᠶᠤᠴᠢᠯᠠᠨ ᠠᠪᠬᠤ ᠭᠠᠷ ᠭᠦᠢᠴᠡᠳᠬᠡᠯ ᠬᠢᠵᠦ᠂ ᠥᠪᠡᠷᠲᠡᠭᠡᠨ ᠵᠠᠰᠠᠬᠤ ᠣᠷᠣᠨ ᠤ | ᠦᠷᠡᠵᠢᠯ ᠤᠨ ᠨᠡᠮᠡᠭᠦᠷᠢ ᠶᠢ ︽ᠨᠢᠭᠡ ᠥᠷᠲᠡᠭᠡ ᠮᠠᠶ᠋ᠢᠭ︾ ᠢᠶᠠᠷ ᠭᠤᠶᠤᠴᠢᠯᠠᠨ ᠠᠪᠤᠭᠰᠠᠨ ᠨᠢᠭᠡᠳᠦᠭᠡᠷ ᠬᠥᠮᠦᠨ | ᠪᠣᠯᠵᠠᠶ᠂ ᠡᠨᠡ ᠨᠢ ᠪᠤᠭᠤᠲᠤ ᠬᠤᠲᠠ ᠥᠪᠡᠷᠲᠡᠭᠡᠨ ᠵᠠᠰᠠᠬᠤ ᠣᠷᠣᠨ ᠳᠤ ᠦᠷᠡᠵᠢᠯ ᠤᠨ ᠨᠡᠮᠡᠭᠦᠷᠢ ᠶᠢᠨ ︽ᠨᠢᠭᠡ | ᠥᠷᠲᠡᠭᠡ ᠮᠠᠶ᠋ᠢᠭ︾ ᠤᠨ ᠭᠤᠶᠤᠴᠢᠯᠠᠨ ᠠᠪᠬᠤ ᠶᠢ ᠡᠩ ᠲᠡᠷᠢᠭᠦᠨ ᠳᠤ ᠪᠡᠶᠡᠯᠡᠭᠦᠯᠦᠭᠰᠡᠨ ᠢ ᠬᠠᠷᠠᠭᠤᠯᠵᠤ ᠪᠠᠶᠢᠨ᠎ᠠ᠃ | ︽ᠰᠣᠨᠣᠰᠬᠤᠯᠠᠷ᠂ ᠤᠤᠯ ᠨᠢ ᠦᠷᠡᠵᠢᠯ ᠤᠨ ᠨᠡᠮᠡᠭᠦᠷᠢ ᠭᠤᠶᠤᠴᠢᠯᠠᠨ ᠠᠪᠬᠤ ᠭᠠᠷ ᠭᠦᠢᠴᠡᠳᠬᠡᠯ ᠢ | ᠬᠤᠲᠠ ᠶᠢᠨ ᠠᠷᠠᠳ ᠤᠨ ᠶᠡᠭᠡ ᠲᠢᠩᠬᠢᠮ ᠳᠤ ᠣᠴᠢᠬᠤ ᠮᠥᠷᠲᠡᠭᠡᠨ ᠴᠤᠪᠤᠷᠠᠯ ᠨᠢ ᠨᠡᠯᠢᠶᠡᠳ ᠪᠤᠳᠤᠯᠢᠶᠠᠨᠲᠠᠶ᠂ | ᠴᠠᠭ ᠨᠢ ᠴᠦ ᠨᠡᠯᠢᠶᠡᠳ ᠣᠷᠳᠣ ᠪᠠᠶᠢᠳᠠᠭ ᠭᠡᠨ᠎ᠡ᠂ ᠣᠲᠣ ᠡᠮᠨᠡᠯᠭᠡ ᠶᠢᠨ ᠬᠤᠷᠢᠶᠠᠨ ᠳᠤ ᠡᠮᠨᠡᠯᠭᠡ ᠠᠴᠠ ᠭᠠᠷᠬᠤ | ᠲᠠᠩᠰᠠ ᠴᠠᠶᠢᠷᠠᠭᠤᠯᠬᠤ ᠭᠠᠷ ᠭᠦᠢᠴᠡᠳᠬᠡᠯ ᠬᠢᠬᠦ ᠦᠶ᠎ᠡ ᠳᠤ ᠦᠷᠡᠵᠢᠯ ᠤᠨ ᠨᠡᠮᠡᠭᠦᠷᠢ ᠭᠤᠶᠤᠴᠢᠯᠠᠨ ᠠᠪᠬᠤ ᠭᠠᠷ | ᠭᠦᠢᠴᠡᠳᠬᠡᠯ ᠢ ᠬᠠᠮᠲᠤ ᠳᠤᠨᠢ ᠭᠦᠢᠴᠡᠳᠬᠡᠵᠦ ᠪᠣᠯᠤᠨ᠎ᠠ ᠭᠡᠵᠦ ᠪᠤᠳᠤᠵᠤ ᠣᠯᠤᠭᠰᠠᠨ ᠥᠬᠡᠶ᠂ ᠦᠨᠡᠬᠡᠷ ᠲᠥᠬᠦᠮ | ᠪᠣᠯᠵᠠᠶ︕︾ ᠷᠤᠸᠠᠨ ᠠᠪᠤᠭᠠᠢ ᠪᠠᠶᠠᠷ ᠲᠠᠢ ᠪᠠᠷ ᠰᠤᠷᠪᠤᠯᠵᠢᠯᠠᠭᠴᠢ ᠳᠤ ᠬᠡᠯᠡᠪᠡ᠃ ᠬᠤᠲᠠ ᠶᠢᠨ ᠡᠮᠴᠢᠯᠡᠭᠡ ᠶᠢᠨ | ᠳᠠᠭᠠᠳᠬᠠᠯ ᠤᠨ ᠦᠢᠯᠡᠴᠢᠯᠡᠭᠡᠨ ᠤ ᠲᠥᠪ ᠤᠨ ᠠᠵᠢᠯᠲᠠᠨ ᠠᠵᠢᠯᠴᠢᠨ ᠤ ᠬᠠᠷᠠᠭᠠᠯᠵᠠᠯ ᠢ ᠬᠢᠨᠠᠨ ᠬᠠᠷᠭᠤᠭᠤᠯᠬᠤ | ᠰᠠᠯᠠᠭᠠᠨ ᠤ ᠬᠠᠷᠢᠭᠤᠴᠠᠯᠭᠠᠲᠠᠨ ᠲᠢᠶᠠᠨ ᠬᠤᠶ ᠲᠠᠨᠢᠯᠴᠠᠭᠤᠯᠬᠤ ᠳᠠᠭᠠᠨ᠄ ︽ᠦᠷᠡᠵᠢᠯ ᠤᠨ ᠨᠡᠮᠡᠭᠦᠷᠢ ᠶᠢᠨ ︿ᠨᠢᠭᠡ | ᠥᠷᠲᠡᠭᠡ ᠮᠠᠶ᠋ᠢᠭ﹀ ᠤᠨ ᠭᠤᠶᠤᠴᠢᠯᠠᠨ ᠠᠪᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠤ ᠳᠠᠷᠠᠭ᠎ᠠ᠂ | ᠪᠤᠭᠤᠲᠤ ᠬᠤᠲᠠ ᠶᠢᠨ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠵᠢᠨᠲ᠋ᠠᠭᠠᠳᠬᠠᠯ ︵ᠠᠮᠢᠳᠤᠯᠢᠭ ᠢᠶᠠᠷ ᠠᠵᠢᠯ | ᠣᠯᠤᠭᠰᠠᠳ ᠪᠠᠭᠲᠠᠨ᠎ᠠ︶ ᠳᠤ ᠣᠷᠣᠯᠴᠠᠭᠰᠠᠨ ᠡᠮᠡᠭᠲᠡᠶ ᠠᠵᠢᠯᠲᠠᠨ ᠠᠵᠢᠯᠴᠢᠨ ᠬᠥᠩᠭᠡᠵᠢᠭᠰᠡᠨ ᠤ ᠳᠠᠷᠠᠭ᠎ᠠ᠂ | ᠡᠮᠨᠡᠯᠭᠡ ᠶᠢᠨ ᠬᠤᠷᠢᠶᠠᠨ ᠤ ᠡᠮᠴᠢᠯᠡᠭᠡ ᠶᠢᠨ ᠳᠠᠭᠠᠳᠬᠠᠯ ᠤᠨ ᠴᠤᠩᠬᠤᠪᠴᠢ ︿ᠨᠢᠭᠡ ᠥᠷᠲᠡᠭᠡ ᠮᠠᠶ᠋ᠢᠭ﹀ ᠤᠨ | ᠦᠷᠡᠵᠢᠯ ᠤᠨ ᠨᠡᠮᠡᠭᠦᠷᠢ ᠭᠤᠶᠤᠴᠢᠯᠠᠨ ᠠᠪᠬᠤ᠂ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠤ | ᠦᠷᠡᠵᠢᠯ ᠤᠨ ᠡᠮᠴᠢᠯᠡᠭᠡ ᠶᠢᠨ ᠵᠠᠷᠤᠳᠠᠯ ᠢ ᠲᠠᠩᠰᠠ ᠴᠠᠶᠢᠷᠠᠭᠤᠯᠬᠤ ᠪᠠ ᠨᠢᠯᠬ᠎ᠠ ᠬᠡᠦᠬᠡᠳ ᠤᠨ ᠳᠠᠭᠠᠳᠬᠠᠯ ᠳᠤ | ᠣᠷᠣᠯᠴᠠᠬᠤ ᠳᠤ᠂ ᠳᠠᠬᠢᠵᠤ ᠬᠤᠰᠢᠭᠤ ᠰᠢᠶᠠᠨ ᠤ ᠡᠮᠴᠢᠯᠡᠭᠡ ᠶᠢᠨ ᠳᠠᠭᠠᠳᠬᠠᠯ ᠤᠨ ᠭᠠᠷᠲᠠᠨ ᠭᠦᠢᠴᠡᠳᠬᠡᠬᠦ | ᠪᠠᠶᠢᠭᠤᠯᠤᠮᠵᠢ ᠳᠤ ᠣᠴᠢᠵᠤ ᠭᠦᠢᠴᠡᠳᠬᠡᠬᠦ ᠴᠢᠬᠤᠯᠠ ᠥᠬᠡᠶ᠂ ︿ᠮᠡᠳᠡᠭᠡ ᠵᠠᠩᠭᠢ ᠶᠢ ᠢᠯᠡᠭᠦᠬᠡᠨ ᠭᠦᠶᠦᠯᠭᠡᠵᠦ᠂ | ᠬᠤᠲᠠ ᠶᠢᠨ ᠠᠷᠠᠳ ᠢ ᠥᠯᠥ ᠭᠦᠶᠦᠯᠭᠡᠬᠦ﹀ ᠶᠢ ᠪᠡᠶᠡᠯᠡᠭᠦᠯᠵᠦ᠂ ᠬᠤᠲᠠ ᠶᠢᠨ ᠠᠷᠠᠳ ᠣᠯᠠᠨ ᠤ ᠴᠠᠭ ᠤᠨ | ᠥᠪᠡᠷ ᠤᠨ ᠥᠷᠲᠡᠭ ᠢ ᠶᠡᠭᠡ ᠪᠠᠷ ᠠᠷᠪᠢᠯᠠᠪᠠ᠃ ᠡᠨᠡ ᠨᠢ ᠮᠥᠨ ᠴᠦ ᠪᠤᠭᠤᠲᠤ ᠬᠤᠲᠠ ᠥᠪᠡᠷᠲᠡᠭᠡᠨ ᠵᠠᠰᠠᠬᠤ | ᠣᠷᠣᠨ ᠤ ᠠᠩᠬᠠᠳᠠᠭᠴᠢ ᠡᠮᠴᠢᠯᠡᠭᠡ ᠶᠢᠨ ᠳᠠᠭᠠᠳᠬᠠᠯ ᠤᠨ ︿ᠬᠤᠤᠰ ᠨᠡᠪᠲᠡᠷᠡᠬᠦ ᠵᠠᠮ﹀ ᠤᠨ ᠡᠯᠧᠺᠲᠷᠣᠨ | ᠡᠷᠭᠢᠯᠲᠡ ᠶᠢ ᠪᠡᠶᠡᠯᠡᠭᠦᠯᠦᠭᠰᠡᠨ ᠤ ᠳᠠᠷᠠᠭᠠᠬᠢ ᠪᠠᠰᠠ ᠨᠢᠭᠡ ᠴᠢᠬᠤᠯᠠ ᠶᠡᠭᠡ ᠰᠢᠪᠲᠤᠯᠤᠯᠲᠠ ᠪᠣᠯᠤᠨ᠎ᠠ᠃︾ ᠭᠡᠵᠡᠢ᠃ | ᠣᠶᠢᠯᠠᠭᠠᠭᠰᠠᠨ ᠢᠶᠠᠷ᠂ ᠦᠷᠡᠵᠢᠯ ᠤᠨ ᠨᠡᠮᠡᠭᠦᠷᠢ ᠶᠢ ︽ᠨᠢᠭᠡ ᠥᠷᠲᠡᠭᠡ ᠮᠠᠶ᠋ᠢᠭ ︾ ᠢᠶᠠᠷ ᠭᠤᠶᠤᠴᠢᠯᠠᠨ | ᠠᠪᠬᠤ ᠠᠴᠠ ᠡᠮᠦᠨ᠎ᠡ᠂ ᠦᠷᠡᠵᠢᠯ ᠤᠨ ᠨᠡᠮᠡᠭᠦᠷᠢ ᠶᠢ ᠭᠦᠢᠴᠡᠳᠬᠡᠬᠦ ᠳᠤ ᠡᠮᠨᠡᠯᠭᠡ ᠶᠢᠨ ᠬᠤᠷᠢᠶ᠎ᠠ ᠶᠢᠨ ᠰᠦᠢᠳᠬᠡᠯ | ᠬᠤᠷᠢᠶᠠᠭᠰᠠᠨ ᠫᠢᠶᠣᠣ ᠪᠠᠷᠢᠮᠲᠠ ᠶᠢᠨ ᠤᠭ ᠮᠠᠲ᠋ᠧᠷᠢᠶᠠᠯ᠂ ᠪᠡᠶ᠎ᠡ ᠶᠢᠨ ᠦᠨᠡᠮᠯᠡᠯ ᠤᠨ ᠪᠠᠭᠤᠯᠭᠠᠪᠤᠷᠢ᠂ ᠪᠠᠰᠠ | ᠬᠤᠰᠢᠭᠤ ᠰᠢᠶᠠᠨ ᠲᠣᠭᠤᠷᠢᠭ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠪᠤᠶᠤ ᠬᠤᠲᠠ ᠶᠢᠨ ᠠᠷᠠᠳ ᠤᠨ ᠶᠡᠭᠡ | ᠲᠢᠩᠬᠢᠮ ᠤᠨ ᠴᠣᠩᠬᠤᠪᠴᠢ ᠳᠤ ᠬᠦᠷᠴᠦ ᠭᠦᠢᠴᠡᠳᠬᠡᠬᠦ ᠬᠡᠷᠡᠭᠲᠡᠶ᠃ ᠣᠳᠣ᠂ ᠡᠮᠨᠡᠯᠭᠡ ᠠᠴᠠ ᠭᠠᠷᠬᠤ ᠦᠶ᠎ᠡ ᠳᠤ | ᠵᠥᠪᠬᠡᠨ ᠨᠡᠶᠢᠭᠡᠮ ᠤᠨ ᠳᠠᠭᠠᠳᠬᠠᠯ ᠤᠨ ᠺᠠᠷᠲ ᠪᠤᠶᠤ ᠲᠣᠰ ᠬᠥᠮᠦᠨ ᠤ ᠪᠠᠩᠬᠢ ᠶᠢᠨ ᠺᠠᠷᠲ ᠤᠨ ᠳ᠋ᠤᠭᠠᠷ ᠢ | ᠡᠮᠨᠡᠯᠭᠡ ᠶᠢᠨ ᠬᠤᠷᠢᠶᠠᠨ ᠳᠤ ᠬᠠᠩᠭᠠᠵᠤ᠂ ᠦᠷᠡᠵᠢᠯ ᠤᠨ ᠨᠡᠮᠡᠭᠦᠷᠢ ᠶᠢ ︽ᠨᠢᠭᠡ ᠥᠷᠲᠡᠭᠡ ᠮᠠᠶ᠋ᠢᠭ ︾ ᠢᠶᠠᠷ | ᠭᠤᠶᠤᠴᠢᠯᠠᠨ ᠠᠪᠴᠤ ᠪᠣᠯᠤᠨ᠎ᠠ᠃ ᠡᠭᠦᠨ ᠤ ᠬᠠᠮᠲᠤ᠂ ᠪᠤᠭᠤᠲᠤ ᠬᠤᠲᠠ ᠶᠢᠨ ᠬᠢᠨ ᠥᠪᠡᠷᠲᠡᠭᠡᠨ ᠵᠠᠰᠠᠬᠤ | ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠷᠢᠨ ᠬᠠᠭᠤᠳᠠᠰᠤ ᠳᠤ | ᠲᠣᠭᠲᠠᠭᠠᠭᠰᠠᠨ 10 ᠠᠵᠢᠯᠯᠠᠬᠤ ᠡᠳᠦᠷ ᠤᠨ ᠳᠣᠲᠣᠷ᠎ᠠ ᠦᠷᠡᠵᠢᠯ ᠤᠨ ᠨᠡᠮᠡᠭᠦᠷᠢ ᠥᠭᠭᠦᠭᠰᠡᠨ ᠰᠠᠭᠤᠷᠢᠨ ᠳᠡᠭᠡᠷ᠎ᠡ᠂ | ᠥᠭᠬᠦ ᠴᠠᠭ ᠤᠨ ᠬᠢᠵᠠᠭᠠᠷ ᠢ 7 ᠠᠵᠢᠯᠯᠠᠬᠤ ᠡᠳᠦᠷ ᠪᠣᠯᠭᠠᠨ ᠪᠣᠭᠤᠨᠢᠰᠬᠠᠪᠠ᠃ ᠢᠷᠡᠭᠡᠳᠦᠢ ᠳᠤ᠂ ᠪᠤᠭᠤᠲᠤ ᠬᠤᠲᠠ | ᠠᠷᠠᠳ ᠤᠨ ᠠᠮᠢᠳᠤᠷᠠᠯ ᠤᠨ ᠠᠵᠠ ᠵᠢᠷᠭᠠᠯ ᠢ ᠦᠷᠭᠦᠯᠵᠢᠯᠡᠨ ᠴᠢᠩᠭ᠎ᠠ ᠠᠩᠬᠠᠷᠴᠤ᠂ ᠥᠭᠡᠷᠡᠴᠢᠯᠡᠯᠲᠡ ᠶᠢ | ᠦᠷᠭᠦᠯᠵᠢᠯᠡᠨ ᠭᠦᠨᠵᠡᠭᠡᠶᠢᠷᠡᠭᠦᠯᠵᠦ᠂ ︽ᠬᠠᠰᠤᠬᠤ᠂ ᠰᠢᠯᠢᠳᠡᠭᠵᠢᠭᠦᠯᠬᠦ᠂ ᠨᠡᠪᠲᠡᠷᠡᠭᠦᠯᠬᠦ᠂ ᠲᠦᠷᠭᠡᠨ ᠪᠠᠶᠢᠯᠭᠠᠬᠤ︾ | ᠬᠠᠮ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠵᠢᠭᠦᠯᠵᠦ᠂ ᠠᠷᠠᠳ ᠲᠤ ᠠᠰᠢᠭ ᠬᠦᠷᠲᠡᠭᠡᠬᠦ ᠠᠷᠠᠳ ᠲᠤ ᠲᠥᠬᠦᠮ | ᠦᠵᠡᠭᠦᠯᠬᠦ ᠦᠢᠯᠡᠴᠢᠯᠡᠭᠡᠨ ᠤ ᠡᠷᠴᠢᠮ ᠢᠶᠠᠨ ᠴᠢᠩᠭᠠᠷᠠᠭᠤᠯᠵᠤ᠂ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ | ᠭᠦᠢᠴᠡᠳᠬᠡᠬᠦ︾ ᠠᠷᠭ᠎ᠠ ᠬᠡᠮᠵᠢᠶ᠎ᠡ ᠪᠠᠷ ᠡᠮᠴᠢᠯᠡᠭᠡ ᠶᠢᠨ ᠳᠠᠭᠠᠳᠬᠠᠯ ᠤᠨ ᠦᠢᠯᠡᠴᠢᠯᠡᠭᠡ ᠶᠢ ᠨᠠᠩ ᠣᠪᠣᠷ ᠲᠠᠢ᠂ ᠨᠠᠩ | ᠬᠤᠷᠳᠤᠴᠠ ᠲᠠᠢ᠂ ᠨᠠᠩ ᠳᠤᠯᠠᠭᠠᠴᠠ ᠲᠠᠢ ᠪᠣᠯᠭᠠᠬᠤ ᠶᠢ ᠠᠬᠢᠭᠤᠯᠵᠤ᠂ ᠬᠤᠲᠠ ᠶᠢᠨ ᠠᠷᠠᠳ ᠣᠯᠠᠨ ᠤ | ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ | ᠥᠬᠡᠶ ᠨᠡᠮᠡᠭᠳᠡᠭᠦᠯᠦᠨ᠎ᠡ᠃ | | |