ᠸᠠᠩ ᠯᠢ ᠰᠢᠶᠠ ᠤᠯᠠᠭᠠᠨᠴᠠᠪ ᠲᠤ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/5/11
    5 ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠤᠯᠠᠭᠠᠨᠴᠠᠪ ᠲᠤ ᠠᠵᠤ ᠦᠢᠯᠡᠰ ᠤᠨ ᠬᠥᠭᠵᠢᠯᠲᠡ ᠶᠢᠨ ᠠᠵᠢᠯ ᠢ ᠪᠠᠶᠢᠴᠠᠭᠠᠨ ᠰᠤᠳᠤᠯᠪᠠ᠃
王莉霞.jpg
    ᠸᠠᠩ ᠯᠢ ᠰᠢᠶᠠ ᠶᠢᠨ ᠱᠠᠨ ᠨᠣᠬᠠᠢ ᠶᠢᠨ ᠬᠤᠰᠢᠭᠤ ᠶᠢᠨ ᠺᠤᠮᠫᠠᠨᠢ ᠶᠢᠨ ᠡᠳ᠋ᠰᠢᠭᠦᠯᠦᠨ ᠪᠤᠯᠪᠠᠰᠤᠷᠠᠭᠤᠯᠬᠤ ᠲᠠᠰᠤᠭ ᠲᠤ ᠬᠦᠷᠴᠦ ᠨᠣᠬᠠᠢ ᠶᠢᠨ ᠬᠤᠰᠢᠭᠤ ᠶᠢᠨ ᠦᠢᠯᠡᠳᠪᠦᠷᠢᠯᠡᠯ ᠤᠨ ᠶᠠᠪᠤᠴᠠ ᠪᠣᠯᠣᠨ ᠪᠣᠷᠤᠯᠠᠭᠤᠯᠭ᠎ᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠨᠣᠬᠠᠢ ᠶᠢᠨ ᠬᠤᠰᠢᠭᠤ ᠶᠢᠨ ᠰᠢᠬᠢᠷ ᠪᠠᠭ᠎ᠠ ᠥᠭᠡᠬᠦ ᠪᠠᠭ᠎ᠠ᠂ ᠢᠳᠡᠰᠢᠲᠦ ᠰᠢᠷᠬᠡᠭᠯᠢᠭ ᠤᠯᠠᠨ ᠠᠭᠤᠯᠤᠭᠳᠠᠬᠤ ᠳᠠᠪᠠᠭᠤᠯᠢᠭ ᠢ ᠰᠠᠶᠢᠲᠤᠷ ᠤᠬᠠᠭᠤᠯᠵᠤ᠂ ᠵᠠᠬ᠎ᠠ ᠳᠡᠯᠭᠡᠭᠦᠷ ᠤᠨ ᠬᠠᠨᠳᠤᠰᠢ ᠳᠤ ᠠᠩᠬᠠᠷᠤᠯ ᠢᠶᠠᠨ ᠲᠥᠪᠯᠡᠷᠡᠭᠦᠯᠦᠨ ᠲᠦᠷᠦᠯ ᠲᠡᠮᠳᠡᠭ ᠢ ᠡᠭᠦᠳᠴᠦ᠂ ᠦᠢᠯᠡᠳᠬᠦᠨ ᠢ ᠨᠡᠭᠡᠭᠡᠨ ᠦᠢᠯᠡᠳᠬᠦ ᠬᠡᠷᠡᠭᠲᠡᠢ᠃ ᠵᠠᠰᠠᠭ ᠤᠨ ᠣᠷᠳᠣᠨ ᠠᠴᠠ ᠣᠷᠣᠨ ᠪᠦᠰᠡ ᠶᠢᠨ ᠲᠥᠷᠥᠯ ᠲᠡᠮᠳᠡᠭ ᠢ ᠡᠵᠡᠩᠨᠡᠨ ᠪᠣᠷᠣᠯᠠᠭᠤᠯᠵᠤ ᠳᠡᠯᠭᠡᠷᠡᠭᠦᠯᠬᠦ ᠪᠠᠨ ᠴᠢᠩᠭᠠᠳᠬᠠᠵᠤ᠂ ᠪᠣᠭᠤᠳᠠᠯᠯᠠᠬᠤ ᠵᠡᠷᠭᠡ ᠳᠠᠭᠠᠯᠲᠠ ᠴᠢᠨᠠᠷᠲᠠᠢ ᠠᠵᠤ ᠦᠢᠯᠡᠰ ᠢ ᠪᠣᠶᠢᠵᠢᠭᠤᠯᠤᠨ᠂ ᠲᠠᠷᠢᠶᠠᠨ ᠭᠠᠵᠠᠷ ᠠᠴᠠ ᠬᠤᠭᠤᠯᠠᠨ ᠰᠢᠷᠡᠭᠡ ᠬᠦᠷᠲᠡᠯᠡᠬᠢ ᠪᠦᠭᠦ ᠠᠵᠤ ᠦᠢᠯᠡᠰ ᠤᠨ ᠬᠡᠯᠬᠢᠶ᠎ᠡ ᠶᠢ ᠪᠤᠶ ᠪᠤᠯᠭᠠᠬᠤ ᠬᠡᠷᠡᠭᠲᠡᠢ᠃ ᠠᠵᠤ ᠠᠬᠤᠶᠢᠯᠠᠯ ᠪᠣᠯᠣᠨ ᠲᠠᠷᠢᠶᠠᠴᠢᠨ ᠡᠷᠦᠭᠡ ᠶᠢᠨ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ ᠲᠡᠭᠦᠯᠳᠡᠷᠵᠢᠭᠦᠯᠵᠦ᠂ ᠠᠵᠤ ᠠᠬᠤᠶᠢᠯᠠᠯ ᠳᠤ ᠴᠢᠨᠠᠷ ᠰᠠᠶᠢᠨ ᠠᠮᠤ ᠪᠤᠳᠠᠭ᠎ᠠ ᠬᠠᠩᠭᠠᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠬᠡᠷᠡᠭᠲᠡᠢ ᠭᠡᠵᠦ ᠵᠠᠬᠢᠪᠠ᠃    ᠸᠠᠩ ᠯᠢ ᠰᠢᠶᠠ ᠪᠠᠢ ᠲᠧ ᠲᠡᠮᠦᠷᠯᠢᠭ ᠬᠠᠶᠢᠯᠤᠭᠤᠯᠬᠤ ᠪᠠᠷᠢᠯᠭ᠎ᠠ ᠶᠢᠨ ᠮᠠᠲ᠋ᠧᠷᠢᠶᠠᠯ ᠤᠨ ᠺᠤᠮᠫᠠᠨᠢ ᠳᠤ ᠦᠢᠯᠡᠳᠪᠦᠷᠢᠯᠡᠯ ᠤᠨ ᠲᠠᠰᠤᠭ ᠲᠤ ᠭᠦᠨᠵᠡᠭᠡᠶᠢᠷᠡᠨ᠂ ᠵᠠᠬᠢᠶᠠᠯᠠᠭ᠎ᠠ ᠬᠠᠮᠢᠭ᠎ᠠ ᠠᠴᠠ ᠢᠷᠡᠵᠤ ᠪᠠᠶᠢᠬᠤ᠂ ᠦᠨ᠎ᠡ ᠬᠠᠩᠰᠢ ᠶᠠᠮᠠᠷ ᠪᠠᠶᠢᠬᠤ ᠶᠢ ᠯᠠᠪᠯᠠᠨ ᠠᠰᠠᠭᠤᠵᠤ᠂ ᠲᠡᠮᠦᠷ ᠤᠨ ᠬᠠᠶᠢᠯᠤᠰᠢ ᠶᠢᠨ ᠠᠵᠤ ᠠᠬᠤᠶᠢᠯᠠᠯ ᠤᠨ ᠵᠠᠩᠭᠢᠯᠠᠭ᠎ᠠ ᠨᠢ ᠥᠪᠡᠷ ᠤᠨ ᠦᠷᠳᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠳᠤ ᠪᠠᠶᠢᠨ᠎ᠠ᠂ ᠮᠡᠷᠭᠡᠵᠢᠯ ᠤᠨ ᠥᠭᠡᠷᠡᠴᠢᠯᠡᠯᠲᠡ ᠶᠢ ᠴᠢᠩᠭᠠᠳᠬᠠᠵᠤ᠂ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ       ᠲᠦᠷᠭᠡᠳᠬᠡᠵᠦ᠂ ᠬᠦᠷᠢᠶᠡᠯᠡᠩ ᠲᠣᠭᠤᠷᠢᠭ ᠤᠨ ᠬᠢᠨ ᠳᠥᠭᠦᠮᠬᠡᠨ ᠢᠶᠠᠷ ᠠᠵᠤ ᠠᠬᠤᠶᠢᠯᠠᠯ ᠢ ᠨᠢᠭᠡ ᠳᠣᠣᠷ᠎ᠠ ᠴᠤᠭᠯᠠᠷᠠᠭᠤᠯᠤᠭᠠᠳ ᠯᠠ ᠪᠤᠯᠬᠤ ᠪᠢᠰᠢ᠂ ᠠᠵᠤ ᠦᠢᠯᠡᠰ ᠤᠨ ᠬᠠᠮᠵᠢᠯᠴᠠᠭ᠎ᠠ ᠪᠠᠷ ᠳᠠᠮᠵᠢᠭᠤᠯᠤᠨ ᠣᠷᠭᠠᠨᠢᠭ ᠴᠣᠭᠴᠠ ᠶᠢ ᠪᠦᠷᠢᠯᠳᠦᠭᠦᠯᠵᠦ᠂ ᠵᠠᠰᠠᠭ ᠤᠨ ᠣᠷᠳᠣᠨ ᠤ ᠬᠢᠨ ᠪᠣᠬᠢᠷᠳᠤᠯ ᠦᠭᠡᠢ ᠴᠠᠭᠢᠯᠭᠠᠨ ᠬᠠᠩᠭᠠᠬᠤ᠂ ᠮᠠᠰᠢᠨ ᠲᠡᠷᠭᠡᠨ ᠤ ᠤᠳᠤᠭ᠎ᠠ ᠬᠠᠶᠠᠭᠳᠠᠯ ᠰᠢᠭᠠᠷᠤ ᠶᠢ ᠶᠡᠷᠦᠩᠬᠡᠶᠢᠯᠡᠨ ᠠᠰᠢᠭᠯᠠᠬᠤ᠂ ᠠᠵᠤ ᠦᠢᠯᠡᠰ ᠤᠨ ᠬᠡᠯᠬᠢᠶ᠎ᠡ ᠶᠢ ᠨᠡᠶᠢᠳᠬᠡᠨ ᠤᠷᠲᠤᠳᠬᠠᠬᠤ ᠵᠡᠷᠭᠡ ᠲᠠᠯ᠎ᠠ ᠪᠠᠷ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠠᠵᠤ ᠦᠢᠯᠡᠰ ᠤᠨ ᠡᠬᠢᠨ  ᠤ ᠪᠠ ᠡᠴᠦᠰ ᠤᠨ ᠬᠡᠯᠬᠢᠶ᠎ᠡ ᠶᠢᠨ ᠬᠠᠮᠵᠢᠯᠴᠠᠨ ᠠᠭᠤᠰᠤᠯᠴᠠᠵᠤ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠨᠢᠭᠡᠨ ᠠᠷᠠᠳ ᠤᠨ ᠤᠯᠠᠮᠵᠢᠯᠠᠯᠲᠤ ᠰᠠᠭᠤᠴᠠ ᠶᠢᠨ ᠪᠠᠭᠤᠳᠠᠯ ᠢᠶᠠᠷ ᠥᠩᠭᠡᠷᠡᠬᠦ ᠳᠤ ᠸᠠᠩ ᠯᠢ ᠰᠢᠶᠠ ᠵᠢᠭᠤᠯᠴᠢᠯᠠᠬᠰᠠᠳ ᠶᠡᠷᠦ ᠳᠡᠭᠡᠨ ᠬᠡᠳᠦᠨ ᠡᠳᠦᠷ ᠰᠠᠭᠤᠬᠤ᠂ ᠶᠠᠭᠤ ᠬᠤᠳᠠᠯᠳᠤᠨ ᠠᠪᠴᠤ ᠪᠠᠶᠢᠬᠤ ᠲᠤᠬᠠᠢ ᠪᠠᠭᠤᠳᠠᠯ ᠤᠨ ᠡᠵᠡᠨ ᠠᠴᠠ ᠣᠶᠢᠯᠠᠭᠠᠪᠠ᠃ ᠲᠡᠷᠡ᠂ ᠦᠨᠳᠦᠰᠦᠨ ᠱᠠᠲᠤᠨ ᠤ  ᠬᠢᠨ ᠵᠣᠷᠢᠭᠲᠠᠢ ᠪᠠᠷ ᠰᠦᠪᠡᠭᠴᠢᠯᠡᠵᠦ᠂ ᠵᠢᠭᠤᠯᠴᠢᠯᠠᠬᠰᠠᠳ ᠤᠨ ᠬᠡᠷᠡᠭᠴᠡᠭᠡ ᠶᠢᠨ ᠲᠣᠭᠤᠷᠢᠨ ᠳᠤ ᠤᠨᠢᠨ ᠳᠡᠭᠡᠷ᠎ᠡ ᠨᠢ ᠦᠢᠯᠡᠴᠢᠯᠡᠭᠡ ᠬᠠᠩᠭᠠᠵᠤ᠂ ᠣᠨᠴᠠᠯᠢᠭᠲᠤ ᠲᠠᠸᠠᠷ ᠢ ᠨᠡᠭᠡᠭᠡᠨ ᠦᠢᠯᠡᠳᠴᠦ᠂ ᠦᠢᠯᠡᠳᠬᠦᠨ ᠤ ᠲᠥᠷᠥᠯ ᠵᠦᠢᠯ ᠢ ᠪᠠᠶᠠᠯᠢᠭᠵᠢᠭᠤᠯᠵᠤ᠂ ᠵᠢᠭᠤᠯᠴᠢᠯᠠᠬᠰᠠᠳ ᠲᠤ ᠨᠠᠩ ᠣᠯᠠᠨ ᠬᠡᠷᠡᠭᠯᠡᠭᠡ ᠶᠢᠨ ᠰᠣᠩᠭᠤᠯᠲᠠ ᠬᠠᠩᠭᠠᠵᠤ᠂ ᠥᠪᠥᠷ ᠮᠣᠩᠭᠤᠯ ᠤᠨ ᠡᠯᠪᠡᠭ ᠪᠠᠶᠠᠯᠢᠭ ᠵᠢᠭᠤᠯᠴᠢᠯᠠᠯ ᠤᠨ ᠡᠬᠢ ᠪᠠᠶᠠᠯᠢᠭ ᠤᠨ ᠪᠠᠶᠢᠪᠠᠰᠤ ᠵᠣᠬᠢᠬᠤ ᠦᠨ᠎ᠡ ᠥᠷᠲᠡᠭ ᠢ ᠪᠠᠳᠠᠷᠠᠭᠤᠯᠬᠤ ᠬᠡᠷᠡᠭᠲᠡᠢ ᠭᠡᠵᠡᠢ᠃    ᠸᠠᠩ ᠯᠢ ᠰᠢᠶᠠ ᠰᠠᠨ ᠰᠢᠶᠠ ᠶᠢᠨ ᠡᠨᠧᠷᠭᠢ ᠲᠣᠣᠷ ᠳᠠᠭᠠᠭᠠᠴᠠ ᠨᠥᠭᠡᠴᠡ ᠶᠢᠨ ᠲᠤᠷᠰᠢᠯᠲᠠ ᠶᠢᠨ ᠰᠠᠭᠤᠷᠢᠨ ᠳᠤ ᠮᠡᠷᠭᠡᠵᠢᠯ ᠢ ᠰᠤᠳᠤᠯᠤᠨ ᠨᠡᠭᠡᠭᠡᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠂ ᠲᠡᠷᠡ᠂ ᠰᠢᠨ᠎ᠡ ᠡᠨᠧᠷᠭᠢ ᠶᠢᠨ ᠬᠥᠭᠵᠢᠯᠲᠡ ᠶᠢᠨ ᠬᠡᠷᠡᠭᠴᠡᠭᠡ ᠶᠢ ᠳᠠᠭᠠᠵᠤ᠂ ᠰᠤᠳᠤᠯᠭᠠᠨ ᠤ ᠦᠷ᠎ᠡ ᠪᠦᠲᠦᠭᠡᠯ ᠤᠨ ᠬᠡᠷᠡᠭᠯᠡᠭᠡᠨ ᠢ ᠲᠦᠷᠭᠡᠳᠬᠡᠵᠦ᠂ ᠤᠯᠠᠨ ᠠᠷᠭ᠎ᠠ ᠭᠡᠯᠪᠡᠷᠢ ᠪᠠᠷ ᠡᠨᠧᠷᠭᠢ ᠨᠥᠭᠡᠴᠡᠯᠡᠬᠦ ᠮᠡᠷᠭᠡᠵᠢᠯ ᠢ ᠰᠦᠪᠡᠭᠴᠢᠯᠡᠵᠦ᠂ ᠪᠦᠭᠦ ᠣᠷᠣᠨ ᠤ ᠡᠨᠧᠷᠭᠢ ᠨᠥᠭᠡᠴᠡᠯᠡᠬᠦ ᠪᠠᠶᠢᠷᠢᠰᠢᠯ ᠢ ᠰᠢᠯᠢᠳᠡᠭᠵᠢᠭᠦᠯᠵᠦ᠂ ᠣᠷᠣᠨ ᠪᠠᠶᠢᠷᠢ ᠶᠢᠨ ᠳᠠᠪᠠᠭᠤᠯᠢᠭ ᠢ ᠰᠠᠶᠢᠲᠤᠷ ᠪᠠᠳᠠᠷᠠᠭᠤᠯᠬᠤ ᠬᠡᠷᠡᠭᠲᠡᠢ᠃ ᠮᠡᠷᠭᠡᠵᠢᠯ ᠢ ᠰᠤᠳᠤᠯᠤᠨ ᠨᠡᠭᠡᠭᠡᠬᠦ ᠶᠢ ᠠᠳᠬᠤᠬᠤ ᠶᠢᠨ ᠬᠠᠮᠲᠤ ᠡᠨᠧᠷᠭᠢ ᠨᠥᠭᠡᠴᠡᠯᠡᠬᠦ ᠲᠣᠨᠣᠭᠯᠠᠯ ᠦᠢᠯᠡᠳᠬᠦ ᠦᠢᠯᠡᠰ ᠢ ᠶᠡᠭᠡ ᠪᠠᠷ ᠬᠥᠭᠵᠢᠭᠦᠯᠬᠦ ᠬᠡᠷᠡᠭᠲᠡᠢ ᠭᠡᠪᠡ᠃  ᠸᠠᠩ ᠯᠢ ᠰᠢᠶᠠ ᠪᠠᠰᠠ ᠠᠯᠢᠪᠠᠪᠠ ᠳ᠋ᠠᠶᠢᠲ᠋ᠠ ᠶᠢᠨ ᠲᠥᠪ ᠲᠤ ᠬᠦᠷᠴᠦ ᠪᠣᠳᠣᠯᠲᠠ ᠶᠢᠨ ᠬᠦᠴᠦᠨ ᠤ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠣᠶᠢᠯᠠᠭᠠᠪᠠ᠃ ᠲᠡᠷᠡ᠂ ᠥᠪᠡᠷᠲᠡᠭᠡᠨ ᠵᠠᠰᠠᠬᠤ ᠣᠷᠣᠨ ᠶᠠᠭ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠵᠤ ᠪᠠᠶᠢᠨ᠎ᠠ᠂ ᠠᠵᠤ ᠠᠬᠤᠶᠢᠯᠠᠯ ᠤᠨ ᠰᠠᠨᠠᠯ ᠢ ᠢᠯᠡᠭᠦᠬᠡᠨ ᠰᠣᠨᠣᠰᠴᠤ᠂ ᠦᠷᠭᠦᠯᠵᠢᠯᠡᠬᠦ ᠪᠥᠭᠡᠳ ᠨᠠᠶᠢᠳᠠᠪᠤᠷᠢᠵᠢᠭᠤᠯᠵᠤ ᠪᠤᠯᠬᠤ ᠠᠷᠭ᠎ᠠ ᠬᠡᠮᠵᠢᠶ᠎ᠡ ᠶᠢ ᠲᠣᠭᠲᠠᠭᠠᠬᠤ ᠬᠡᠷᠡᠭᠲᠡᠢ᠃ ᠬᠦᠷᠢᠶᠡᠯᠡᠩ ᠲᠣᠭᠤᠷᠢᠭ ᠤᠨ ᠬᠢᠨ ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠬᠥᠭᠵᠢᠭᠦᠯᠵᠦ᠂ ᠴᠢᠨᠠᠷ ᠰᠠᠶᠢᠲᠠᠢ ᠠᠮᠢᠳᠤᠷᠠᠯ ᠤᠨ ᠲᠣᠭᠤᠷᠢᠭ ᠢ ᠪᠠᠶᠢᠭᠤᠯᠵᠤ᠂ ᠨᠡᠩ ᠤᠯᠠᠨ ᠳᠡᠭᠡᠳᠦ ᠲᠡᠰ ᠤᠨ ᠴᠢᠳᠠᠪᠤᠷᠢᠲᠠᠨ ᠢ ᠲᠠᠲᠠᠵᠤ ᠦᠯᠡᠳᠡᠭᠡᠬᠦ ᠬᠡᠷᠡᠭᠲᠡᠢ ᠭᠡᠵᠡᠢ᠃ 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号